| — 2021 ᠣᠨ ᠤ 1 ᠳ᠋ᠤᠭᠡᠷ ᠰᠠᠷ᠎ᠠ ᠶᠢᠨ 26 ᠤᠨ ᠡᠳᠦᠷ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠬᠤᠷᠠᠯᠳᠤᠭᠠᠨ ᠳᠡᠭᠡᠷ᠎ᠡ | ᠥᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ | ᠲᠥᠯᠥᠭᠡᠯᠡᠭᠴᠢᠳ ᠡ᠄ | ᠣᠳᠣ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ | ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2020 ᠣᠨ ᠵᠢᠴᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠷᠭᠢᠴᠡᠭᠦᠯᠦᠯ | 2020 ᠣᠨ ᠪᠣᠯ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠣᠨ᠎ᠠ᠃ ᠤᠯᠤᠰ ᠤᠨ ᠳᠣᠲᠣᠭᠠᠳᠤ | ᠭᠠᠳᠠᠭᠠᠳᠤ ᠶᠢᠨ ᠮᠠᠰᠢ ᠪᠤᠳᠤᠯᠢᠶᠠᠨᠲᠠᠢ ᠪᠥᠭᠡᠳ ᠬᠦᠴᠢᠷ ᠪᠡᠷᠬᠡᠰᠢᠶᠡᠯᠲᠡᠢ ᠪᠠᠶᠢᠳᠠᠯ ᠳᠤ ᠲᠤᠯᠭᠠᠷᠠᠵᠦ᠂ ᠢᠯᠠᠩᠭᠤᠶ᠎ᠠ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠦᠨᠳᠦ ᠰᠦᠷᠡᠬᠡᠢ ᠳᠠᠭᠠᠷᠢᠯᠲᠠ ᠶᠢ ᠡᠰᠡᠷᠭᠦᠴᠡᠨ | ᠲᠤᠯᠬᠤ ᠳᠤ ᠪᠠᠨ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ᠂ ᠥᠪᠥᠷ ᠮᠣᠩᠭᠤᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ | ᠪᠠᠶᠢᠭᠤᠯᠬᠤ ᠬᠠᠷᠠᠯᠲᠠ ᠡᠭᠦᠷᠭᠡ ᠶᠢ ᠴᠢᠩᠭ᠎ᠠ ᠠᠳᠬᠤᠵᠤ᠂ ᠲᠣᠭᠲᠠᠭᠤᠨ ᠪᠠᠶᠢᠯᠭᠠᠬᠤ ᠶᠢᠨ ᠳᠠᠭᠠᠤ | ᠤᠷᠤᠭᠰᠢᠯᠠᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ᠂ ᠠᠷᠠᠳ ᠲᠦᠮᠡᠨ ᠢᠶᠠᠷ ᠭᠤᠣᠯ | ᠪᠣᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠦᠯᠦᠪᠯᠡᠨ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠭᠰᠡᠨ ᠪᠥᠭᠡᠳ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠣᠷᠣᠨ ᠤ ᠠᠵᠤ ᠠᠬᠤᠢ ᠦᠷᠭᠦᠯᠵᠢᠯᠡᠨ ᠲᠣᠭᠲᠠᠪᠤᠷᠢᠵᠢᠨ᠂ ᠨᠡᠶᠢᠭᠡᠮ ᠤᠨ | ᠪᠥᠬᠦ ᠲᠠᠯ᠎ᠠ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠠᠮᠵᠢᠯᠲᠠ ᠲᠠᠢ ᠪᠡᠶᠡᠯᠡᠭᠦᠯᠪᠡ᠃ | ︵ᠨᠢᠭᠡ︶ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠢᠯᠠᠨ ᠳᠠᠷᠤᠬᠤ ᠠᠵᠢᠯ | ᠴᠢᠬᠤᠯᠠ ᠶᠡᠭᠡ ᠦᠷ᠎ᠡ ᠪᠦᠲᠦᠭᠡᠯ ᠣᠯᠪᠠ᠃ ᠠᠷᠠᠳ ᠲᠦᠮᠡᠨ ᠢ ᠳᠡᠭᠡᠳᠦᠯᠡᠬᠦ ᠪᠠ ᠠᠮᠢ ᠨᠠᠰᠤ ᠶᠢ ᠡᠷᠬᠢᠮᠯᠡᠬᠦ ᠶᠢ | ᠪᠠᠷᠢᠮᠲᠠᠯᠠᠨ᠂ ᠬᠢᠵᠢᠭ ᠤᠨ ᠪᠠᠶᠢᠳᠠᠯ ᠢ ᠢᠯᠠᠨ ᠳᠠᠷᠤᠬᠤ ᠪᠠᠷ ᠪᠥᠬᠦ ᠬᠦᠴᠦᠨ ᠢᠶᠠᠷ ᠢᠶᠠᠨ ᠡᠷᠡᠮᠡᠬᠡᠶᠢᠯᠡᠨ ᠲᠡᠮᠡᠴᠡᠪᠡ᠃ | ᠤᠯᠠᠨ ᠨᠡᠶᠢᠲᠡ ᠶᠢᠨ ᠭᠡᠨᠡᠳᠲᠡ ᠡᠭᠦᠰᠬᠦ ᠡᠷᠡᠭᠦᠯ ᠬᠠᠮᠠᠭᠠᠯᠠᠯ ᠤᠨ ᠬᠦᠨᠳᠦ ᠶᠡᠭᠡ ᠬᠡᠷᠡᠭ ᠤᠨ ᠨᠢᠭᠡᠳᠦᠭᠡᠷ ᠳᠡᠰ ᠤᠨ | ᠠᠵᠢᠯᠯᠠᠭ᠎ᠠ ᠶᠢ ᠴᠠᠭ ᠲᠤᠬᠠᠢ ᠳᠤ ᠨᠢ ᠡᠬᠢᠯᠡᠭᠦᠯᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠ | ᠬᠠᠮᠲᠤ ᠪᠠᠷ ᠰᠡᠷᠭᠡᠶᠢᠯᠡᠨ ᠬᠠᠮᠲᠤ ᠪᠠᠷ ᠡᠵᠡᠮᠳᠡᠬᠦ ᠰᠢᠰᠲ᠋ᠧᠮ ᠢ ᠪᠠᠶᠢᠭᠤᠯᠤᠨ᠂ ᠡᠷᠲᠡ ᠮᠡᠳᠡᠬᠦ᠂ ᠡᠷᠲᠡ ᠮᠡᠳᠡᠭᠦᠯᠬᠦ᠂ | ᠡᠷᠲᠡ ᠲᠤᠰᠠᠭᠠᠷᠯᠠᠬᠤ ᠪᠠ ᠡᠷᠲᠡ ᠡᠮᠨᠡᠵᠦ᠂ ᠬᠢᠵᠢᠭ ᠤᠨ ᠲᠠᠷᠬᠠᠵᠤ ᠳᠡᠯᠭᠡᠷᠡᠬᠦ ᠪᠠᠶᠢᠳᠠᠯ ᠢ ᠬᠦᠴᠦᠲᠡᠢ ᠬᠤᠷᠢᠭᠯᠠᠨ᠂ | 55 ᠬᠤᠨᠤᠭ ᠤᠨ ᠲᠤᠳᠤᠷ᠎ᠠ ᠲᠤᠰ ᠭᠠᠵᠠᠷ ᠲᠤ ᠨᠢ ᠲᠤᠳᠤᠯᠠᠬᠰᠠᠨ ᠡᠪᠡᠳᠴᠢᠨ ᠤ ᠵᠢᠱᠢᠶ᠎ᠠ ᠪᠦᠬᠦᠨ ᠢᠶᠠᠷ ᠢᠶᠠᠨ | ᠢᠯᠡᠷᠢ ᠪᠤᠯᠬᠤ ᠶᠢ ᠠᠩᠬ᠎ᠠ ᠤᠳᠠᠭ᠎ᠠ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ 849 ᠡᠮᠴᠢ | ᠰᠤᠪᠢᠯᠠᠬᠴᠢᠳ ᠬᠤᠪᠸᠢ ᠶᠢ ᠲᠦᠷᠭᠡᠨ ᠲᠤᠰᠠᠯᠠᠵᠤ᠂ ᠡᠭᠦᠷᠭᠡ ᠪᠠᠨ ᠭᠠᠷᠮᠠᠭᠠᠢ ᠰᠠᠶᠢᠨ ᠪᠡᠶᠡᠯᠡᠭᠦᠯᠦᠭᠡᠳ ︽ᠲᠠᠯ᠎ᠠ | ᠨᠤᠲᠤᠭ ᠤᠨ ᠪᠠᠭᠠᠲᠤᠷᠯᠢᠭ ᠬᠥᠪᠡᠭᠦᠳ ᠥᠬᠢᠳ︾ ᠬᠡᠮᠡᠨ ᠠᠯᠳᠠᠷᠰᠢᠪᠠ᠃ ᠬᠤᠪᠸᠢ ᠳᠤ ᠮᠢᠬ᠎ᠠ᠂ ᠰᠦ᠂ | ᠳᠣᠲᠤᠷᠭ᠎ᠠ᠂ ᠲᠦᠮᠦᠰᠦ ᠵᠡᠷᠭᠡ ᠠᠮᠢᠳᠤᠷᠠᠯ ᠤᠨ ᠡᠳ᠋ ᠪᠣᠳᠠᠰ ᠢ 1000 ᠭᠠᠷᠤᠢ ᠲᠣᠨ ᠬᠠᠨᠳᠢᠪᠯᠠᠪᠠ᠃ ᠪᠦᠬᠦ | ᠤᠯᠤᠰ ᠤᠨ ᠠᠵᠦ ᠠᠬᠤᠢᠢᠯᠠᠯ ᠤᠳ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠢᠶᠠᠷ ᠳᠠᠮᠵᠢᠭᠤᠯᠤᠨ ᠬᠤᠪᠧᠢ ᠳᠤ 1. | 21 ᠳ᠋ᠦᠡᠭᠰᠢᠭᠤᠷ ᠲᠦᠭᠦᠷᠢᠭ ᠤᠨ ᠡᠳ᠋ ᠮᠦᠡᠭᠭᠦ ᠬᠠᠨᠳᠢᠪᠯᠠᠪᠠ᠃ ᠨᠡᠶᠢᠰᠯᠡᠯ ᠤᠨ ᠨᠢᠰᠬᠡᠯ ᠤᠨ ᠪᠠᠭᠤᠳᠠᠯ ᠤᠨ | ᠰᠠᠯᠪᠤᠷᠢᠯᠠᠨ ᠬᠤᠪᠢᠶᠠᠷᠢᠯᠠᠵᠤ ᠢᠷᠡᠭᠦᠯᠦᠭᠰᠡᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠲᠥᠪᠬᠢᠨᠡᠭᠦᠯᠦᠨ | ᠰᠢᠢᠳᠪᠦᠷᠢᠯᠡᠬᠦ ᠠᠵᠢᠯ ᠢᠶᠠᠨ ᠬᠢᠨᠠᠮᠠᠭᠠᠢ ᠰᠠᠶᠢᠨ ᠬᠢᠵᠦ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ ᠢ | ᠪᠢᠲᠡᠭᠦᠮᠵᠢᠯᠡᠨ ᠬᠠᠮᠢᠶᠠᠷᠬᠤ ᠠᠵᠢᠯ ᠤᠨ ᠴᠤᠪᠤᠷᠠᠯ ᠢᠶᠠᠨ ᠪᠥᠬᠦ ᠤᠯᠤᠰ ᠲᠤ ᠳᠡᠯᠭᠡᠷᠡᠭᠦᠯᠦᠨ᠂ ᠬᠢᠯᠢ ᠶᠢᠨ | ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠵᠢᠱᠢᠶ᠎ᠡ ᠪᠦᠬᠦᠨ ᠨᠢᠭᠡ ᠴᠦ ᠡᠷᠡᠰᠳᠡᠭᠰᠡᠨ ᠦᠭᠡᠢ᠂ ᠲᠤᠰ | ᠭᠠᠵᠠᠷ ᠲᠤ ᠨᠢ ᠨᠢᠭᠡ ᠴᠦ ᠳᠡᠯᠭᠡᠷᠡᠭᠰᠡᠨ ᠦᠭᠡᠢ᠂ ᠣᠷᠣᠨ ᠠᠴᠠ ᠭᠠᠳᠠᠭᠰᠢ ᠨᠢᠭᠡ ᠴᠦ ᠲᠠᠷᠬᠠᠭᠠᠭᠰᠠᠨ ᠦᠭᠡᠢ᠂ | ᠡᠮᠴᠢ ᠰᠤᠪᠢᠯᠠᠭᠴᠢᠳ ᠪᠠ ᠬᠠᠮᠢᠶ᠎ᠠ ᠪᠦᠬᠦᠢ ᠠᠵᠢᠯᠲᠠᠳ ᠨᠢᠭᠡ ᠴᠦ ᠬᠠᠯᠳᠠᠪᠤᠷᠢᠯᠠᠭᠳᠠᠭᠰᠠᠨ ᠦᠭᠡᠢ ᠪᠠᠶᠢᠨ᠎ᠠ᠃ | ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠪᠠ ᠳᠣᠲᠣᠭᠠᠳᠤ ᠳᠤ ᠪᠠᠨ ᠳᠠᠬᠢᠨ | ᠳᠡᠯᠭᠡᠷᠡᠬᠦ ᠶᠢ ᠰᠡᠷᠭᠡᠶᠢᠯᠡᠬᠦ︾ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠪᠠᠶᠢᠡᠭᠭᠤ ᠰᠡᠷᠭᠡᠶᠢᠯᠡᠵᠦ ᠡᠵᠡᠮᠳᠡᠬᠦ | ᠲᠣᠭᠲᠠᠴᠠ ᠶᠢ ᠪᠠᠶᠢᠭᠤᠯᠪᠠ᠃ ᠰᠡᠷᠭᠡᠶᠢᠯᠡᠵᠦ ᠡᠵᠡᠮᠳᠡᠨ ᠠᠪᠤᠷᠠᠵᠤ ᠡᠮᠨᠡᠬᠦ ᠪᠠ ᠪᠠᠴᠢᠮ ᠪᠠᠶᠢᠳᠠᠯ ᠤᠨ ᠠᠷᠭᠠᠴᠠᠭᠠᠬᠤ | ᠡᠳ᠋ ᠪᠠᠷᠠᠭ᠎ᠠ ᠶᠢ ᠪᠠᠲᠤᠯᠠᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠪᠥᠬᠦ ᠣᠷᠣᠨ ᠤ | ᠬᠤᠰᠢᠭᠤ ᠰᠢᠶᠠᠨ ᠪᠥᠬᠦᠨ ᠪᠥᠭᠡᠮ ᠬᠦᠴᠢᠯ ᠤᠨ ᠪᠠᠶᠢᠴᠠᠭᠠᠨ ᠰᠢᠯᠭᠠᠯᠲᠠ ᠬᠢᠬᠦ ᠴᠢᠳᠠᠪᠤᠷᠢ ᠲᠠᠢ ᠪᠣᠯᠵᠦ᠂ ᠠᠶᠢᠮᠠᠭ | ᠬᠤᠲᠠ ᠪᠥᠬᠦᠨ ᠳᠤ ᠰᠦᠭᠡᠷᠬᠦ ᠳᠠᠷᠤᠯᠲᠠᠲᠤ ᠲᠦᠷᠭᠡᠨ ᠠᠪᠤᠷᠠᠯᠲᠠ ᠶᠢᠨ ᠮᠠᠰᠢᠨ ᠲᠡᠷᠭᠡ ᠶᠢ 3 ᠲᠣᠬᠢᠷᠠᠭᠤᠯᠤᠨ᠂ | ᠡᠮᠴᠢᠯᠡᠭᠡᠨ ᠤ ᠠᠮᠠᠪᠴᠢ ᠦᠢᠯᠡᠳᠬᠦ ᠮᠠᠰᠢᠨ᠂ ᠨᠢᠭᠡ ᠤᠳᠠᠭ᠎ᠠ ᠡᠮᠦᠰᠬᠦ ᠰᠡᠷᠭᠡᠶᠢᠯᠡᠯᠲᠡ ᠶᠢᠨ ᠬᠤᠪᠴᠠᠰᠤ᠂ ᠰᠦᠭᠡᠷᠬᠦ | ᠳᠠᠷᠤᠯᠲᠠᠲᠤ ᠲᠦᠷᠭᠡᠨ ᠠᠪᠤᠷᠠᠯᠲᠠ ᠶᠢᠨ ᠮᠠᠰᠢᠨ ᠲᠡᠷᠭᠡ ᠵᠡᠷᠭᠡ ᠬᠢᠵᠢᠭ ᠢ ᠰᠡᠷᠭᠡᠶᠢᠯᠡᠬᠦ ᠡᠳ᠋ ᠪᠠᠷᠠᠭ᠎ᠠ ᠶᠢ | ᠦᠢᠯᠡᠳᠪᠦᠷᠢᠯᠡᠬᠦ ᠴᠢᠳᠠᠪᠦᠷᠢ ᠦᠭᠡᠢ ᠪᠠᠶᠢᠬᠰᠠᠨ ᠠᠴᠠ ᠪᠠᠨ ᠦᠢᠯᠡᠳᠪᠦᠷᠢᠯᠡᠵᠦ ᠴᠢᠳᠠᠬᠤ ᠪᠤᠯᠪᠠ᠃ 11 ᠳ᠋ᠣᠭᠡᠷ | ᠰᠠᠷ᠎ᠠ ᠶᠢᠨ ᠰᠡᠭᠦᠯᠴᠢ ᠪᠠᠷ ᠮᠠᠨᠵᠤᠤᠷ ᠬᠤᠲᠠ ᠳᠤ ᠬᠢᠵᠢᠭ ᠤᠨ ᠪᠠᠶᠢᠳᠠᠯ ᠢᠯᠡᠷᠡᠭᠰᠡᠨ ᠤ ᠳᠠᠷᠠᠭ᠎ᠠ᠂ ᠴᠠᠭ | ᠲᠤᠬᠠᠢ ᠳᠤ ᠨᠢ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠠᠵᠢᠯᠯᠠᠭᠤᠯᠵᠦ ᠡᠬᠢᠯᠡᠭᠦᠯᠦᠨ᠂ ᠬᠢᠯᠢ ᠶᠢᠨ | ᠪᠣᠭᠤᠮᠲᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠯᠤᠭ᠎ᠠ ᠬᠤᠯᠪᠣᠭᠳᠠᠭᠰᠠᠨ ᠡᠳ᠋ ᠪᠠᠷᠠᠭ᠎ᠠ | ᠪᠠᠭᠤᠯᠭᠠᠵᠤ ᠲᠡᠭᠡᠭᠡᠪᠦᠷᠢᠯᠡᠬᠦ ᠲᠠᠯᠠᠪᠤᠷ ᠲᠤ ᠪᠥᠬᠦ ᠬᠡᠯᠬᠢᠶ᠎ᠡ ᠪᠠᠷ ᠨᠢ ᠬᠠᠮᠢᠶᠠᠷᠬᠤ ᠶᠢ ᠣᠯᠠᠮ ᠨᠢᠭᠡ ᠠᠯᠬᠤᠮ | ᠴᠢᠩᠭᠠᠳᠬᠠᠵᠤ᠂ ᠬᠢᠵᠢᠭ ᠤᠨ ᠪᠠᠶᠢᠳᠠᠯ ᠢ ᠪᠦᠲᠦᠮᠵᠢᠲᠡᠢ ᠡᠵᠡᠮᠳᠡᠪᠡ᠃ ᠨᠠᠮᠤᠷ ᠡᠪᠦᠯ ᠤᠨ ᠤᠯᠠᠷᠢᠯ ᠳᠠᠬᠢ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠶᠠᠨ ᠨᠠᠷᠢᠨ ᠨᠢᠮᠪᠠᠢ ᠲᠣᠬᠢᠷᠠᠭᠤᠯᠵᠤ ᠪᠠᠶᠢᠷᠢᠯᠠᠭᠤᠯᠤᠨ᠂ ᠭᠤᠣᠯᠳᠠᠯᠭ᠎ᠠ | ᠪᠣᠯᠬᠤ ᠬᠥᠮᠥᠰ ᠲᠤ ᠸᠠᠺᠼᠢᠨ ᠲᠠᠷᠢᠬᠤ ᠠᠵᠢᠯ ᠢ ᠥᠷᠨᠢᠭᠦᠯᠪᠡ᠃ | ᠬᠢᠵᠢᠭ ᠲᠠᠢ ᠡᠷᠡᠰ ᠲᠤᠯᠬᠤ ᠲᠡᠮᠡᠴᠡᠯ ᠳᠤ᠂ ᠥᠷᠭᠡᠨ ᠣᠯᠠᠨ ᠡᠮᠴᠢᠯᠡᠭᠡᠨ ᠤ ᠠᠵᠢᠯᠲᠠᠳ ᠦᠷᠦᠭᠡᠯ | ᠪᠤᠰᠤᠳ ᠤᠨ ᠠᠮᠢ ᠨᠠᠰᠦ ᠶᠢ ᠠᠪᠤᠷᠠᠬᠤ ᠶᠢᠨ ᠲᠦᠯᠦᠭᠡ ᠦᠴᠦᠬᠡᠨ ᠴᠦ ᠡᠷᠡᠭᠡᠯᠵᠡᠯ ᠦᠭᠡᠢ ᠠᠵᠢᠯᠯᠠᠵᠤ᠂ ᠨᠡᠶᠢᠭᠡᠮ | ᠲᠣᠭᠤᠷᠢᠭ ᠲᠤ ᠠᠵᠢᠯᠯᠠᠭᠰᠠᠳ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠪᠠ ᠦᠨᠳᠦᠰᠦᠨ ᠱᠠᠲᠤᠨ ᠤ | ᠺᠠᠳ᠋ᠷᠴᠤᠳ᠂ ᠰᠣᠨᠢᠨ ᠮᠡᠳᠡᠭᠡᠨ ᠤ ᠠᠵᠢᠯᠲᠠᠳ᠂ ᠰᠠᠶᠢᠨ ᠳᠤᠷᠠᠴᠤᠳ ᠶᠠᠳᠠᠷᠠᠯ ᠵᠥᠳᠡᠷᠡᠯ ᠢ ᠬᠠᠶᠢᠬᠤᠷᠤᠯ ᠦᠭᠡᠢ ᠪᠠᠷ | ᠨᠢᠭᠡᠳᠦᠭᠡᠷ ᠹᠷᠤᠨᠲ ᠲᠤ ᠪᠠᠲᠤ ᠰᠠᠬᠢᠨ ᠠᠵᠢᠯᠯᠠᠵᠤ ᠪᠠᠶᠢᠭᠰᠠᠨ ᠪᠥᠭᠡᠳ ᠲᠤᠭ᠎ᠠ ᠲᠣᠮᠰᠢ ᠦᠭᠡᠢ ᠡᠩ ᠤᠨ | ᠬᠦᠳᠡᠯᠮᠦᠷᠢᠴᠢᠳ ᠬᠠᠷᠠᠮ ᠦᠭᠡᠢ ᠬᠠᠨᠳᠢᠪ ᠡᠷᠭᠦᠵᠦ ᠳᠡᠮᠵᠢᠯᠭᠡ ᠦᠵᠡᠭᠦᠯᠵᠦ ᠪᠠᠶᠢᠪᠠ᠂ ᠪᠥᠬᠦ ᠣᠷᠣᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠬᠠᠲᠠᠭᠤ ᠪᠡᠷᠬᠡᠰᠢᠶᠡᠯ ᠢ ᠬᠠᠮᠲᠤ ᠳᠤ ᠪᠠᠨ ᠲᠤᠭᠤᠯᠬᠤ ᠪᠠᠷ ᠪᠦᠭᠦᠳᠡ | ᠣᠯᠠᠨ ᠤ ᠡᠷᠴᠢ ᠵᠣᠷᠢᠭ ᠢ ᠨᠢᠭᠡᠳᠬᠡᠨ᠂ ᠪᠠᠲᠦ ᠪᠦᠯᠬᠦᠮᠳᠡᠨ ᠨᠢᠭᠲᠠᠷᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠴᠣᠭᠴᠠᠯᠠᠨ᠂ ᠬᠢᠵᠢᠭ ᠤᠨ ᠪᠠᠶᠢᠳᠠᠯ ᠢ ᠢᠯᠠᠨ ᠳᠠᠷᠤᠬᠤ | ᠲᠡᠮᠡᠴᠡᠯ ᠤᠨ ᠠᠭᠤᠤ ᠶᠡᠭᠡ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠪᠡ᠃ | ︵ᠬᠤᠶᠠᠷ︶ ᠨᠡᠮᠡᠭᠳᠡᠯ ᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠬᠤ ᠠᠵᠢᠯ ᠢᠳᠡᠪᠬᠢᠲᠡᠢ | ᠦᠷ᠎ᠡ ᠪᠦᠲᠦᠮᠵᠢ ᠣᠯᠪᠠ᠃ ᠠᠩᠬ᠎ᠠ ᠠᠯᠬᠤᠮ ᠤᠨ ᠲᠣᠭᠠᠴᠠᠯᠠᠨ ᠪᠣᠳᠣᠭᠰᠠᠨ ᠢᠶᠠᠷ᠂ ᠪᠥᠬᠦ ᠵᠢᠯ ᠳᠤ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 0.2% ᠨᠡᠮᠡᠭᠳᠡᠵᠦ᠂ ᠠᠵᠤ ᠠᠬᠤᠢ ᠤᠯᠠᠷᠢᠯ ᠳᠠᠷᠠᠭᠠᠯᠠᠨ | ᠰᠡᠷᠭᠦᠵᠦ ᠳᠡᠭᠡᠭᠰᠢᠯᠡᠪᠡ︔ ᠣᠨ ᠤ ᠲᠥᠰᠥᠪ ᠲᠠᠬᠢ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠪᠠᠨ | 105.2% ᠪᠡᠶᠡᠯᠡᠭᠦᠯᠪᠡ᠃ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠲᠠᠶᠢᠯᠬᠤ ᠲᠠᠯ᠎ᠠ ᠪᠠᠷ ᠬᠢ | ᠤᠯᠤᠰ ᠤᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠯᠢ ᠣᠯᠠᠨ ᠲᠦᠬᠦᠷᠵᠢᠭᠦᠯᠦᠭᠰᠡᠨ | ᠠᠷᠭ᠎ᠠ ᠬᠡᠮᠵᠢᠶ᠎ᠡ ᠶᠢ ᠨᠡᠶᠢᠲᠡᠯᠡᠪᠡ᠃ ᠵᠢᠱᠢᠭᠰᠡᠨ ᠢᠶᠠᠷ ᠰᠢᠨ᠎ᠡ ᠪᠠᠷ 310 ᠳ᠋ᠦᠡᠭᠰᠢᠭᠤᠷ ᠲᠦᠭᠦᠷᠢᠭ ᠤᠨ ᠭᠠᠶᠢᠯᠢ ᠶᠢ | ᠬᠦᠡᠭᠭᠡᠯᠡᠵᠦ ᠰᠦᠢᠳᠭᠡᠯ ᠢ ᠪᠠᠭᠤᠷᠠᠭᠤᠯᠤᠨ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠨᠢ | 222 ᠳ᠋ᠦᠩᠰᠢᠭᠤᠷ ᠲᠥᠭᠦᠷᠢᠭ ᠪᠠᠭᠤᠷᠠᠭᠤᠯᠪᠠ᠃ ᠲᠥᠪ ᠤᠨ ᠡᠳ᠋ ᠤᠨ ᠵᠠᠰᠠᠭ ᠤᠨ ᠪᠡᠯᠡ ᠮᠦᠩᠭᠦᠨ ᠤ ᠰᠢᠭᠤᠳ | ᠪᠠᠭᠤᠯᠭᠠᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠡᠳ᠋ ᠤᠨ ᠵᠠᠰᠠᠬ ᠤᠨ ᠴᠢᠨᠠᠷᠲᠠᠢ | ᠰᠢᠯᠵᠢᠭᠦᠯᠦᠨ ᠥᠭᠭᠦᠭᠰᠡᠨ ᠪᠡᠯᠡ ᠮᠦᠩᠭᠦ ᠶᠢ 837.8 ᠳ᠋ᠦᠩᠰᠢᠭᠤᠷ ᠲᠦᠭᠦᠷᠢᠭ ᠳᠤᠷᠤᠭᠰᠢ ᠪᠠᠭᠤᠯᠭᠠᠪᠠ᠃ ᠠᠵᠤ | ᠦᠢᠯᠡᠰ ᠤᠨ ᠬᠡᠯᠬᠢᠶ᠎ᠡ ᠬᠢᠭᠡᠳ ᠬᠠᠩᠭᠠᠯᠭ᠎ᠠ ᠶᠢᠨ ᠬᠡᠯᠬᠢᠶ᠎ᠡ ᠶᠢ ᠵᠠᠯᠭᠠᠯᠳᠤᠭᠤᠯᠬᠤ ᠪᠠᠨ ᠴᠢᠩᠭᠠᠳᠬᠠᠨ᠂ ᠪᠦᠬᠦ | ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯ | ᠦᠢᠯᠡᠳᠪᠦᠷᠢᠯᠡᠯ ᠢᠶᠠᠨ ᠰᠡᠷᠭᠦᠭᠡᠭᠰᠡᠨ ᠨᠣᠷᠮ᠎ᠠ ᠪᠠ ᠦᠢᠯᠡᠳᠪᠦᠷᠢᠯᠡᠵᠦ ᠪᠣᠷᠣᠯᠠᠭᠤᠯᠤᠭᠰᠠᠨ ᠨᠣᠷᠮ᠎ᠠ ᠨᠢ ᠲᠤᠰ ᠲᠤᠰ | 95.8% ᠪᠠ 99.7% ᠪᠣᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠤᠭ᠎ᠠ 7.2% ᠨᠡᠮᠡᠭᠳᠡᠪᠡ᠃ | ᠴᠢᠬᠤᠯᠠ ᠶᠡᠭᠡ ᠲᠥᠷᠥᠯ ᠵᠦᠢᠯ ᠳᠤ ︽ᠬᠢᠨᠠᠨ ᠵᠥᠪᠰᠢᠶᠡᠷᠡᠬᠦ ᠰᠠᠷ᠎ᠠ︾ ᠶᠢᠨ ᠠᠵᠢᠯᠯᠠᠭ᠎ᠠ ᠥᠷᠨᠢᠭᠦᠯᠵᠦ᠂ | ᠴᠢᠬᠤᠯᠠ ᠶᠡᠭᠡ ᠲᠥᠷᠥᠯ ᠵᠦᠢᠯ ᠳᠤ ᠨᠡᠷ᠎ᠡ ᠵᠢᠭᠠᠵᠤ ᠰᠢᠮᠳᠠᠭᠤᠯᠤᠨ ᠭᠦᠢᠴᠡᠳᠬᠡᠯᠭᠡᠬᠦ ᠶᠢ ᠬᠡᠷᠡᠭᠵᠢᠭᠦᠯᠪᠡ᠃ | ᠤᠯᠠᠭᠠᠨᠬᠠᠳᠠ ᠠᠴᠠ ᠪᠡᠭᠡᠵᠢᠩ ᠪᠠ ᠮᠦᠭᠳᠡᠨ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠤᠨ ᠱᠤᠭᠤᠮ ᠢ | ᠵᠠᠯᠭᠠᠭᠤᠯᠤᠨ ᠪᠠᠶᠢᠭᠤᠯᠵᠤ ᠳᠠᠭᠤᠰᠬᠠᠭᠠᠳ ᠲᠡᠭᠡᠭᠡᠪᠦᠷᠢᠯᠡᠬᠦ ᠠᠵᠢᠯ ᠢᠶᠠᠨ ᠡᠬᠢᠯᠡᠭᠦᠯᠪᠡ᠂ ᠵᠢᠨᠢᠩ ᠠᠴᠠ ᠳ᠋ᠠᠲ᠋ᠦ᠋ᠩ | ᠬᠦᠷᠬᠦ ᠳᠡᠭᠡᠳᠦ ᠬᠤᠷᠳᠤ ᠶᠢᠨ ᠲᠡᠮᠦᠷ ᠵᠠᠮ᠂ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠤᠨ ᠴᠢᠳᠠᠮᠵᠢ ᠶᠢ ᠨᠢ | ᠥᠷᠭᠡᠳᠬᠡᠬᠦ ᠪᠠᠷ ᠥᠭᠡᠷᠡᠴᠢᠯᠡᠨ ᠰᠢᠨᠡᠳᠬᠡᠵᠦ ᠪᠠᠶᠢᠭᠤᠯᠬᠤ ᠪᠠ ᠬᠦᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ | ᠵᠡᠷᠭᠡ ᠲᠦᠷᠦᠯ ᠵᠦᠢᠯ ᠢ ᠡᠬᠢᠯᠡᠭᠦᠯᠵᠦ᠂ ᠰᠥᠨᠢᠳ ᠪᠠᠷᠠᠭᠤᠨ ᠬᠤᠰᠢᠭᠤᠨ ᠠᠴᠠ ᠬᠤᠸᠠᠳᠧ ᠵᠡᠷᠭᠡ ᠭᠠᠵᠠᠷ ᠲᠤ | ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠢ ᠳᠡᠪᠢᠰᠴᠦ ᠳᠠᠭᠤᠰᠬᠠᠭᠠᠳ ᠮᠠᠰᠢᠨ ᠲᠡᠷᠭᠡ ᠨᠡᠪᠲᠡᠷᠡᠭᠦᠯᠪᠡ᠂ | ᠬᠥᠪᠡᠭᠡᠲᠦ ᠰᠢᠷ᠎ᠠ ᠬᠤᠰᠢᠭᠤ᠂ ᠠᠷᠤ ᠬᠤᠷᠴᠢᠨ ᠬᠤᠰᠢᠭᠤᠨ ᠤ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠳᠤ | ᠨᠢᠰᠬᠡᠯ ᠨᠡᠪᠲᠡᠷᠡᠵᠦ ᠲᠡᠭᠡᠭᠡᠪᠦᠷᠢᠯᠡᠨ ᠠᠵᠢᠯᠯᠠᠵᠤ ᠡᠬᠢᠯᠡᠪᠡ᠃ ᠬᠥᠬᠡᠬᠤᠲᠠ ᠳᠠᠬᠢ ᠤᠯᠤᠰ ᠤᠨ ᠳᠡᠰ ᠤᠨ ᠢᠨᠲ᠋ᠧᠷ | ᠰᠦᠯᠵᠢᠶᠡᠨ ᠤ ᠰᠢᠭᠤᠳ ᠬᠤᠯᠪᠣᠭᠠᠯᠠᠬᠤ ᠭᠤᠣᠯᠯᠠᠭᠴᠢ ᠴᠡᠭ ᠢ ᠪᠠᠶᠢᠭᠤᠯᠵᠤ ᠳᠠᠭᠤᠰᠬᠠᠭᠰᠠᠨ ᠪᠥᠭᠡᠳ ᠪᠥᠬᠦ | ᠣᠷᠣᠨ ᠳᠠᠬᠢ 5G ᠤᠨ ᠰᠠᠭᠤᠷᠢ ᠥᠷᠲᠡᠭᠡ 1 ᠲᠦᠮᠡ ᠶᠢ ᠳᠠᠪᠠᠪᠠ᠃ ᠪᠥᠬᠦ ᠣᠷᠣᠨ ᠤ ᠵᠠᠰᠠᠭ ᠵᠠᠬᠢᠷᠭᠠᠨ ᠤ | ᠭᠠᠴᠠᠭ᠎ᠠ ᠲᠣᠰᠬᠤᠨ ᠳᠤ ᠭᠡᠷᠡᠯ ᠰᠢᠷᠬᠡᠭ ᠨᠡᠪᠲᠡᠷᠡᠭᠰᠡᠨ ᠨᠣᠷᠮ᠎ᠠ ᠪᠠ 4G ᠰᠦᠯᠵᠢᠶᠡᠨ ᠤ ᠬᠠᠮᠤᠷᠤᠭᠰᠠᠨ ᠨᠣᠷᠮ᠎ᠠ | 98% ᠠᠴᠠ ᠳᠡᠭᠡᠭᠰᠢ ᠪᠣᠯᠪᠠ᠃ ᠨᠡᠶᠢᠭᠡᠮ ᠲᠣᠭᠤᠷᠢᠭ ᠤᠨ ᠡᠯᠧᠺᠳ᠋ᠷᠦᠨ ᠬᠤᠳᠠᠯᠳᠤᠭ᠎ᠠ ᠶᠢ ᠬᠥᠭᠵᠢᠭᠦᠯᠬᠦ᠂ | ᠬᠡᠷᠡᠭᠯᠡᠭᠡ ᠶᠢᠨ ᠲᠡᠮᠳᠡᠭ ᠣᠯᠭᠤᠬᠤ᠂ ᠬᠡᠷᠡᠭᠯᠡᠭᠡ ᠶᠢ ᠠᠬᠢᠭᠤᠯᠬᠤ ᠤᠯᠠᠷᠢᠯ ᠤᠨ ᠠᠵᠢᠯᠯᠠᠭ᠎ᠠ ᠦᠷᠨᠢᠭᠦᠯᠵᠦ᠂ ᠬᠡᠷᠡᠭᠯᠡᠭᠡ | ᠰᠡᠷᠭᠦᠵᠦ ᠬᠥᠭᠵᠢᠶᠡᠨᠲᠡᠢ ᠪᠣᠯᠬᠤ ᠶᠢ ᠠᠬᠢᠭᠤᠯᠪᠠ᠃ ᠡᠵᠡᠨ᠎ᠡ ᠶᠢᠨ ᠲᠤᠤᠷᠠᠢ ᠶᠢᠨ ᠣᠢ ᠶᠢᠨ ᠵᠢᠭᠤᠯᠴᠢᠯᠠᠯ ᠤᠨ | ᠣᠷᠣᠨ ᠢ ᠤᠯᠤᠰ ᠤᠨ 5A ᠳᠡᠰ ᠤᠨ ᠦᠵᠡᠮᠵᠢ ᠶᠢᠨ ᠣᠷᠣᠨ ᠪᠤᠯᠭᠠᠬᠤ ᠶᠠᠪᠤᠳᠠᠯ ᠵᠥᠪᠰᠢᠶᠡᠷᠡᠭᠳᠡᠪᠡ᠂ ᠬᠦᠯᠦᠨ | ᠪᠤᠶᠢᠷ ᠨᠤᠮᠧᠷᠲᠦ ᠲᠠᠯ᠎ᠠ ᠨᠤᠲᠤᠬ ᠤᠢ ᠰᠢᠭᠤᠢ ᠶᠢᠨ ᠵᠢᠭᠤᠯᠴᠢᠯᠠᠯ ᠤᠨ ᠭᠠᠯᠲᠦ ᠲᠡᠷᠭᠡ ᠶᠢᠨ ᠡᠵᠡᠩᠨᠡᠯᠲᠡ ᠮᠠᠰᠢ | ᠰᠠᠶᠢᠨ ᠪᠠᠶᠢᠨ᠎ᠠ᠃ | ᠭᠤᠣᠯᠳᠠᠯᠭ᠎ᠠ ᠪᠣᠯᠬᠤ ᠠᠵᠢᠯ ᠲᠥᠷᠥᠯ ᠪᠠ ᠭᠤᠣᠯᠳᠠᠯᠭ᠎ᠠ ᠪᠣᠯᠬᠤ ᠬᠥᠮᠥᠰ ᠤᠨ ᠠᠵᠢᠯ ᠣᠯᠭᠤᠯᠲᠠ ᠶᠢ | ᠬᠠᠪᠰᠤᠷᠤᠨ ᠲᠡᠳᠬᠦᠬᠦ ᠪᠠᠨ ᠴᠢᠩᠭᠠᠳᠬᠠᠨ᠂ ᠰᠦᠯᠵᠢᠶ᠎ᠡ ᠪᠠᠷ ᠪᠠ ᠰᠦᠯᠵᠢᠶᠡᠨ ᠠᠴᠠ ᠭᠠᠳᠠᠭᠤᠷᠬᠢ ᠡᠯᠰᠡᠨ ᠤᠷᠢᠬᠤ | ᠴᠤᠭᠯᠠᠭᠠᠨ ᠢ 596 ᠲᠠᠯᠠᠪᠠᠢ ᠡᠷᠬᠢᠯᠡᠵᠦ᠂ ᠡᠯ᠎ᠡ ᠲᠦᠷᠦᠯ ᠤᠨ ᠬᠦᠷᠢᠶᠡᠯᠡᠩ ᠲᠣᠭᠤᠷᠢᠭ ᠲᠤ ᠪᠦᠬᠦ ᠣᠷᠣᠨ ᠤ | ᠬᠠᠮᠲᠤ ᠪᠠᠷ ᠬᠦᠷᠲᠡᠬᠦ ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡᠨ ᠤ ᠲᠠᠪᠴᠠᠩ ᠢ ᠪᠠᠶᠢᠭᠤᠯᠤᠭᠠᠳ | ᠣᠨᠣᠴᠠᠲᠠᠢ ᠪᠠᠷ ᠵᠠᠯᠭᠠᠭᠤᠯᠤᠨ᠂ ᠠᠮᠢᠳᠤᠯᠢᠭ ᠢᠶᠠᠷ ᠠᠵᠢᠯ ᠣᠯᠭᠤᠬᠤ ᠶᠢ ᠳᠡᠮᠵᠢᠪᠡ᠃ ᠬᠤᠲᠠ ᠪᠠᠯᠭᠠᠰᠤᠨ ᠤ ᠠᠵᠢᠯ | ᠣᠯᠣᠭᠰᠠᠳ 23.2 ᠲᠦᠮᠡ ᠰᠢᠨ᠎ᠡ ᠪᠠᠷ ᠨᠡᠮᠡᠭᠳᠡᠵᠦ᠂ ᠣᠨ ᠤ ᠡᠭᠦᠷᠭᠡ ᠪᠠᠨ 105.5% ᠪᠡᠶᠡᠯᠡᠭᠦᠯᠪᠡ︔ | ᠬᠤᠲᠠ ᠪᠠᠯᠭᠠᠰᠤᠨ ᠤ ᠳᠠᠩᠰᠠᠯᠠᠨ ᠲᠡᠮᠳᠡᠭᠯᠡᠭᠦᠯᠦᠭᠰᠡᠨ ᠠᠵᠢᠯ ᠠᠯᠳᠠᠭᠰᠠᠳ ᠤᠨ ᠨᠤᠷᠮ᠎ᠠ 3.8% ᠪᠠᠶᠢᠵᠤ᠂ | ᠬᠢᠵᠠᠭᠠᠷᠯᠠᠨ ᠡᠵᠡᠮᠳᠡᠬᠦ ᠬᠠᠷᠠᠯᠲᠠ ᠠᠴᠠ 0.7 ᠵᠠᠭᠤᠨ ᠤ ᠴᠡᠭ ᠳᠣᠣᠷ᠎ᠠ ᠪᠣᠯᠪᠠ᠃ ᠠᠵᠢᠯ ᠠᠯᠳᠠᠭᠰᠠᠳ ᠤᠨ | ᠨᠥᠬᠦᠪᠦᠷᠢ ᠪᠠ ᠠᠮᠢᠳᠤᠷᠠᠯ ᠤᠨ ᠲᠦᠷ ᠴᠠᠭ ᠤᠨ ᠨᠥᠬᠦᠪᠦᠷᠢ ᠶᠢ ᠴᠠᠭ ᠲᠤᠬᠠᠢ ᠳᠤ ᠨᠢ ᠣᠯᠭᠤᠵᠤ᠂ ᠬᠦᠴᠢᠷᠳᠡᠯᠲᠡᠢ | ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠰᠠᠭᠤᠷᠢ ᠱᠤᠭᠤᠮ ᠢ ᠳᠠᠭᠠᠭᠠᠨ ᠪᠠᠲᠤᠯᠠᠪᠠ᠃ | ︵ᠭᠤᠷᠪᠠ︶ ᠠᠵᠤ ᠦᠢᠯᠡᠰ ᠤᠨ ᠬᠡᠯᠪᠡᠷᠢ ᠶᠢ ᠨᠢ ᠬᠤᠪᠢᠷᠠᠭᠤᠯᠵᠤ ᠳᠡᠰ ᠳᠡᠪᠰᠢᠭᠦᠯᠬᠦ ᠠᠵᠢᠯ ᠰᠢᠨ᠎ᠡ | ᠠᠬᠢᠯᠲᠠ ᠲᠠᠢ ᠪᠣᠯᠪᠠ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠨᠡᠭᠦᠷᠡᠰᠦ ᠪᠠ ᠬᠤᠪᠣᠷ | ᠰᠢᠷᠣᠢ ᠵᠡᠷᠭᠡ ᠠᠵᠤ ᠦᠢᠯᠡᠰ ᠤᠨ ᠬᠡᠯᠬᠢᠶᠡᠰᠦ ᠶᠢ ᠤᠷᠲᠤᠳᠬᠠᠵᠤ᠂ ᠨᠡᠭᠦᠷᠡᠰᠦ ᠴᠠᠬᠢᠯᠭᠠᠨ ᠬᠥᠩᠭᠡᠨᠴᠠᠭᠠᠨ ᠢ ᠨᠢᠭᠡ | ᠴᠣᠭᠴᠠᠵᠢᠭᠤᠯᠤᠭᠰᠠᠨ ᠬᠡᠮᠵᠢᠶ᠎ᠡ 65% ᠳᠤ ᠬᠦᠷᠦᠭᠰᠡᠨ ᠪᠥᠭᠡᠳ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ ᠢ | ᠲᠤᠬᠠᠢ ᠶᠢᠨ ᠭᠠᠵᠠᠷ ᠲᠤ ᠨᠢ ᠤᠯᠠᠷᠢᠭᠤᠯᠤᠭᠰᠠᠨ ᠨᠣᠷᠮ᠎ᠠ 70% ᠳᠤ ᠬᠦᠷᠴᠦ᠂ ᠬᠤᠪᠣᠷ ᠰᠢᠷᠣᠢ ᠶᠢᠨ ᠲᠣᠭᠲᠠᠮᠠᠯ | ᠰᠣᠷᠢᠨᠵᠢᠨ᠂ ᠤᠰᠤᠲᠦ᠋ᠷᠦᠭᠴᠢ ᠨᠥᠭᠡᠴᠡᠯᠡᠬᠦ ᠮᠠᠲ᠋ᠧᠷᠢᠶᠠᠯ᠂ ᠦᠩᠭᠡᠯᠡᠵᠦ ᠭᠢᠯᠠᠶᠢᠯᠭᠠᠬᠤ ᠮᠠᠲ᠋ᠧᠷᠢᠶᠠᠯ ᠵᠡᠷᠭᠡ ᠰᠢᠨ᠎ᠡ | ᠮᠠᠲ᠋ᠧᠷᠢᠶᠠᠯ ᠤᠨ ᠦᠢᠯᠡᠳᠬᠦᠨ ᠤ ᠥᠷᠲᠡᠭ ᠪᠥᠬᠦ ᠤᠯᠤᠰ ᠤᠨ ᠲᠡᠷᠢᠭᠦᠨ ᠤ ᠡᠩᠨᠡᠭᠡᠨ ᠳᠤ ᠣᠷᠤᠵᠤ᠂ ᠦᠬᠠᠢ ᠶᠢᠨ | ᠤᠰᠤᠳᠦ᠋ᠷᠦᠭᠴᠢ ᠪᠦᠯᠦᠭ ᠢᠶᠠᠷ ᠬᠠᠶᠢᠯᠠᠭᠤᠯᠤᠨ ᠲᠡᠮᠦᠷ ᠪᠣᠯᠭᠠᠬᠤ ᠲᠦᠷᠦᠯ ᠵᠦᠢᠯ ᠲᠣᠷᠰᠢᠨ ᠲᠣᠬᠢᠷᠠᠭᠤᠯᠬᠤ | ᠱᠠᠲᠤᠨ ᠳᠤ ᠣᠷᠤᠪᠠ᠃ ᠪᠦᠬᠦ ᠤᠯᠤᠰ ᠤᠨ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠬᠥᠭᠵᠢᠯᠲᠡ ᠶᠢᠨ | ᠠᠩᠬᠠᠳᠠᠭᠴᠢ ᠵᠢᠭᠠᠯᠲᠠ ᠲᠤᠭ᠎ᠠ ᠶᠢ ᠨᠡᠶᠢᠲᠡᠯᠡᠵᠦ᠂ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ | ᠰᠤᠳᠤᠯᠤᠯ ᠤᠨ ᠬᠦᠷᠢᠶᠡᠯᠡᠩ ᠢ ᠪᠠᠶᠢᠭᠤᠯᠪᠠ᠃ ᠨᠡᠭᠦᠷᠡᠰᠦ ᠪᠠᠷ ᠴᠠᠬᠢᠯᠭᠠᠨ ᠭᠠᠷᠭᠠᠬᠤ 838 ᠲᠦᠮᠡᠨ ᠺᠢᠯᠤᠸᠠᠲ | ᠮᠠᠰᠢᠨ ᠴᠣᠭᠴᠠᠯᠠᠪᠤᠷᠢ ᠪᠠᠶᠢᠭᠤᠯᠬᠤ ᠠᠵᠢᠯ ᠢ ᠰᠢᠨ᠎ᠡ ᠪᠠᠷ ᠡᠬᠢᠯᠡᠭᠦᠯᠦᠨ᠂ ᠰᠢᠯᠢ ᠶᠢᠨ ᠭᠤᠣᠯ ᠳᠠᠬᠢ ᠰᠠᠯᠬᠢᠨ ᠤ | ᠬᠦᠴᠦ ᠪᠠᠷ ᠴᠠᠬᠢᠯᠭᠠᠨ ᠭᠠᠷᠭᠠᠬᠤ 700 ᠲᠦᠮᠡᠨ ᠺᠢᠯᠤᠸᠠᠲ ᠤᠨ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ | ᠴᠠᠬᠢᠯᠭᠠᠨ ᠬᠦᠴᠦᠨ ᠤ ᠲᠣᠣᠷ ᠯᠤᠭ᠎ᠠ ᠨᠡᠶᠢᠯᠡᠭᠦᠯᠪᠡ᠂ ᠪᠥᠬᠦ ᠤᠯᠤᠰ ᠲᠠᠬᠢ ᠬᠠᠮᠤᠭ ᠤᠨ ᠲᠣᠮᠣ ︽ᠴᠠᠬᠢᠯᠭᠠᠨ ᠤ | ᠰᠤᠷᠪᠤᠯᠵᠢ ᠪᠠ ᠲᠣᠣᠷ ᠳᠠᠭᠠᠭᠠᠴᠠ ᠨᠥᠭᠡᠴᠡ︾ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠤᠯᠠᠭᠠᠨᠴᠠᠪ ᠲᠤ | ᠪᠠᠶᠢᠷᠢᠯᠠᠭᠤᠯᠵᠤ᠂ ᠲᠦᠩᠯᠢᠶᠣᠣ ᠳᠠᠬᠢ ︽ᠢᠯᠴᠢ ᠰᠠᠯᠬᠢ ᠭᠡᠷᠡᠯᠴᠢ ᠴᠡᠨᠡᠭ ᠨᠥᠭᠡᠴᠡ ᠡᠨᠧᠷᠭᠢ ᠶᠢᠨ ᠦᠢᠯᠡᠳᠬᠡᠯ | ᠰᠤᠳᠤᠯᠭᠠᠨ︾ ᠤ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠢ ᠪᠠᠶᠢᠭᠤᠯᠵᠤ ᠡᠬᠢᠯᠡᠪᠡ᠃ | ᠪᠥᠬᠦ ᠣᠷᠣᠨ ᠤ ᠶᠡᠷᠦᠩᠬᠡᠢ ᠮᠠᠰᠢᠨ ᠴᠣᠭᠴᠠᠯᠠᠪᠤᠷᠢ ᠳᠤ ᠳᠠᠬᠢᠨ ᠡᠭᠦᠰᠴᠦ ᠪᠣᠯᠬᠤ ᠡᠨᠧᠷᠭᠢ ᠶᠢᠨ ᠴᠠᠬᠢᠯᠭᠠᠨ | ᠬᠦᠴᠦᠨ ᠤ ᠮᠠᠰᠢᠨ ᠴᠣᠭᠴᠠᠯᠠᠪᠤᠷᠢ 36% ᠶᠢ ᠡᠵᠡᠯᠡᠵᠦ᠂ ᠰᠢᠨ᠎ᠡ ᠡᠨᠧᠷᠭᠢ ᠶᠢᠨ ᠬᠡᠷᠡᠭᠯᠡᠭᠡ ᠶᠢᠨ ᠬᠠᠷᠢᠴᠠᠯ | 17% ᠳᠤ ᠬᠦᠷᠪᠡ᠃ ᠤᠯᠤᠰ ᠤᠨ ᠳᠣᠲᠣᠭᠠᠳᠤ ᠳᠠᠬᠢ ᠠᠷᠠᠳ ᠤᠨ ᠬᠡᠷᠡᠭᠯᠡᠭᠡᠨ ᠤ ᠰᠢᠩᠭᠡᠨ ᠤᠰᠤᠲᠦ᠋ᠷᠦᠭᠴᠢ ᠶᠢᠨ | ᠠᠩᠬᠠᠨ ᠤ ᠦᠢᠯᠡᠳᠪᠦᠷᠢ ᠨᠢ ᠦᠬᠠᠢ ᠳᠤ ᠦᠢᠯᠡᠳᠪᠦᠷᠢᠯᠡᠯ ᠢᠶᠠᠨ ᠡᠬᠢᠯᠡᠭᠦᠯᠪᠡ᠃ ᠴᠢᠯᠠᠭᠤᠨ ᠲᠤᠰᠤ᠂ | ᠪᠠᠶᠢᠭᠠᠯᠢ ᠶᠢᠨ ᠰᠢᠲᠠᠮᠠᠬᠠᠢ ᠬᠡᠢ᠂ ᠭᠠᠵᠠᠷ ᠤᠨ ᠢᠯᠴᠢ ᠵᠡᠷᠭᠡ ᠡᠬᠢ ᠪᠠᠶᠠᠯᠢᠭ ᠢ ᠬᠠᠶᠢᠨ ᠰᠢᠨᠵᠢᠬᠦ ᠠᠵᠢᠯ ᠳᠤ ᠰᠢᠨ᠎ᠡ | ᠰᠢᠪᠲᠤᠯᠤᠯᠲᠠ ᠲᠠᠢ ᠪᠣᠯᠪᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠡᠮᠬᠢᠯᠡᠨ ᠨᠡᠶᠢᠯᠡᠭᠦᠯᠵᠦ᠂ | ᠲᠥᠯᠥᠪᠵᠢᠭᠦᠯᠦᠭᠰᠡᠨ ᠲᠠᠯᠠᠪᠠᠢ ᠶᠢ 30% ᠣᠷᠴᠢᠮ ᠬᠠᠰᠤᠵᠤ ᠪᠠᠭᠠᠰᠬᠠᠪᠠ᠃ ᠮᠡᠳᠡᠭᠡ ᠵᠠᠩᠭᠢ᠂ ᠪᠠᠷᠠᠭᠠᠨ ᠤ | ᠭᠦᠢᠯᠭᠡᠭᠡ ᠵᠡᠷᠭᠡ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠵᠦ᠂ ᠳ᠋ᠠᠶᠢᠲ᠋ᠠ ᠶᠢᠨ ᠲᠥᠪ ᠤᠳ ᠤᠨ ᠮᠠᠰᠢᠨ | ᠴᠣᠭᠴᠠᠯᠠᠪᠤᠷᠢ ᠤᠭᠰᠠᠷᠠᠭᠰᠠᠨ ᠴᠢᠳᠠᠮᠵᠢ 120 ᠲᠦᠮᠡᠨ ᠰᠠᠭᠤᠷᠢ ᠶᠢ ᠳᠠᠪᠠᠵᠦ᠂ ︽ᠦᠪᠦᠷ ᠮᠤᠩᠭᠤᠯ ᠴᠢᠫ︾ | ᠴᠢᠳᠠᠯ ᠬᠤᠷᠤᠬᠳᠠᠯ ᠤᠨ ᠬᠡᠲᠦ ᠪᠢᠴᠢᠯ ᠰᠡᠷᠡᠯ ᠳᠠᠮᠵᠢᠭᠤᠯᠤᠭᠤᠷ ᠢ ᠤᠯᠠᠨ ᠠᠵᠢᠯ ᠲᠦᠷᠦᠯ ᠳᠤ ᠬᠡᠷᠡᠭᠯᠡᠪᠡ᠂ ︽ | ᠬᠦᠬᠡᠬᠤᠲᠠ ᠶᠢᠨ ᠭᠢᠯᠪᠠᠭ᠎ᠠ︾ ᠴᠢᠳᠠᠮᠵᠢ ᠰᠠᠶᠢᠲᠠᠢ ᠤᠯᠠᠨ ᠨᠡᠶᠢᠲᠠ ᠶᠢᠨ ᠦᠢᠯᠡᠴᠢᠯᠡᠭᠡᠨ ᠤ ᠲᠠᠪᠴᠠᠩ | ᠠᠰᠢᠬᠯᠠᠯᠲᠠ ᠳᠤ ᠤᠷᠤᠪᠠ᠃ 5G ᠮᠡᠷᠭᠡᠵᠢᠯ ᠢ ᠬᠡᠷᠡᠭᠯᠡᠵᠦ᠂ ᠣᠶᠣᠨᠯᠢᠭ ᠠᠭᠤᠷᠬᠠᠢ ᠶᠢ ᠪᠦᠲᠦᠭᠡᠨ | ᠪᠠᠶᠢᠭᠤᠯᠬᠤ ᠪᠠᠨ ᠠᠬᠢᠭᠤᠯᠪᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠯᠤᠭ᠎ᠠ ᠬᠠᠮᠲᠤᠷᠠᠨ ᠠᠵᠢᠯᠯᠠᠬᠤ ᠶᠢ ᠴᠢᠩᠭᠠᠳᠬᠠᠨ᠂ ︽ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ︾ | ᠠᠵᠢᠯᠯᠠᠭ᠎ᠠ ᠶᠢ ᠭᠦᠨᠵᠡᠭᠡᠢ ᠠᠬᠢᠭᠤᠯᠪᠠ᠃ ᠬᠡᠳᠦ ᠴᠡᠪᠡᠷ ᠬᠤᠪᠣᠷ ᠰᠢᠷᠤᠢ ᠶᠢᠨ ᠲᠡᠮᠦᠷᠯᠢᠭ ᠤᠨ ᠪᠣᠬᠢᠷᠲᠤᠯ | ᠦᠭᠡᠶᠢᠵᠢᠭᠦᠯᠦᠨ ᠦᠢᠯᠡᠳᠬᠦ ᠮᠡᠷᠭᠡᠵᠢᠯ᠂ ᠤᠰᠤᠲᠦ᠋ᠷᠦᠭᠴᠢ ᠨᠥᠭᠡᠴᠡᠯᠡᠬᠦ ᠶᠡᠭᠡ ᠪᠠᠭᠲᠠᠭᠠᠮᠵᠢᠲᠤ ᠬᠠᠶᠢᠯᠤᠰᠢ ᠶᠢᠨ | ᠮᠠᠲ᠋ᠧᠷᠢᠶᠠᠯ ᠤᠨ ᠴᠢᠳᠠᠪᠬᠢ ᠶᠢ ᠣᠯᠠᠨ ᠤᠯᠤᠰ ᠤᠨ ᠲᠡᠷᠢᠭᠦᠨ ᠤ ᠲᠦᠪᠰᠢᠨ ᠳᠤ ᠬᠦᠷᠭᠡᠭᠰᠡᠨ ᠪᠠᠶᠢᠨ᠎ᠠ᠃ | ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠰᠤᠳᠤᠯᠤᠯ ᠤᠨ ᠬᠦᠷᠢᠶᠡᠯᠡᠩ᠂ | ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠥᠪᠥᠷ ᠮᠣᠩᠭᠤᠯ ᠤᠨ | ᠡᠪᠡᠰᠦᠨ ᠤ ᠦᠢᠯᠡᠰ ᠬᠢᠭᠡᠳ ᠨᠤᠲᠤᠭ ᠪᠡᠯᠴᠢᠭᠡᠷ ᠤᠨ ᠰᠤᠳᠤᠯᠤᠯ ᠤᠨ ᠬᠦᠷᠢᠶᠡᠯᠡᠩ ᠢ ᠪᠠᠶᠢᠭᠤᠯᠪᠠ᠃ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ 1000 ᠭᠠᠷᠤᠢ ᠪᠣᠯᠪᠠ᠃ | ︵ᠳᠥᠷᠪᠡ︶ ᠭᠤᠷᠪᠠᠨ ᠲᠣᠮᠣ ᠰᠢᠪᠲᠤᠯᠤᠯᠲᠠ ᠶᠢᠨ ᠠᠵᠢᠯ ᠰᠢᠢᠳᠪᠦᠷᠢᠯᠡᠭᠴᠢ ᠴᠢᠨᠠᠷᠲᠠᠢ ᠦᠷ᠎ᠡ ᠪᠦᠲᠦᠮᠵᠢ | ᠣᠯᠪᠠ᠃ ᠡᠯ᠎ᠡ ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠣᠨᠣᠴᠠᠲᠠᠢ ᠨᠠᠶᠢᠳᠠᠪᠤᠷᠢᠵᠢᠭᠤᠯᠤᠨ᠂ ᠪᠥᠬᠦ | ᠵᠢᠯ ᠳᠤ 112.3 ᠳ᠋ᠦᠩᠰᠢᠭᠤᠷ ᠲᠥᠭᠦᠷᠢᠭ ᠶᠠᠳᠠᠭᠤ ᠶᠢ ᠲᠡᠳᠬᠦᠬᠦ ᠪᠡᠯᠡ ᠮᠥᠩᠭᠦ ᠶᠢ ᠣᠷᠣᠭᠤᠯᠵᠤ᠂ ᠶᠠᠳᠠᠭᠤ ᠶᠢ | ᠲᠡᠳᠬᠦᠬᠦ 6751 ᠲᠥᠷᠥᠯ ᠵᠦᠢᠯ ᠢ ᠬᠡᠷᠡᠭᠵᠢᠭᠦᠯᠦᠨ᠂ ᠦᠯᠡᠳᠡᠵᠦ ᠪᠠᠶᠢᠭᠰᠠᠨ 1.6 ᠲᠦᠮᠡᠨ ᠶᠠᠳᠠᠭᠤ | ᠬᠦᠴᠢᠷᠳᠡᠯᠲᠡᠢ ᠬᠥᠮᠥᠰ ᠢ ᠶᠠᠳᠠᠭᠤ ᠠᠴᠠ ᠠᠩᠭᠢᠵᠢᠷᠠᠭᠤᠯᠪᠠ᠃ 80 ᠬᠤᠰᠢᠭᠤ ᠰᠢᠶᠠᠨ ᠳᠤ ᠶᠠᠳᠠᠭᠤᠷᠠᠬᠤ ᠠᠴᠠ | ᠰᠡᠷᠭᠡᠶᠢᠯᠡᠬᠦ ᠳᠠᠭᠠᠳᠬᠠᠯ ᠢ ᠬᠡᠷᠡᠭᠵᠢᠭᠦᠯᠦᠨ᠂ 73 ᠬᠤᠰᠢᠭᠤ ᠰᠢᠶᠠᠨ ᠳᠤ ᠶᠠᠳᠠᠭᠤ ᠶᠢ ᠲᠡᠳᠬᠦᠭᠰᠡᠨ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠤᠯᠠᠭᠠᠨᠬᠠᠳᠠ ᠶᠢᠨ ᠶᠠᠳᠠᠭᠤ ᠶᠢ ᠲᠡᠳᠬᠦᠬᠦ | ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠢᠳᠡᠪᠬᠢ ᠠᠬᠢᠯᠲᠠ ᠲᠠᠢ ᠪᠣᠯᠪᠠ᠃ ᠪᠡᠭᠡᠵᠢᠩ ᠬᠤᠲᠠ ᠪᠠ | ᠲᠥᠪ ᠤᠨ ᠨᠢᠭᠡᠴᠢ ᠨᠦᠭᠦᠳ ᠲᠤᠰ ᠲᠤᠰ 19.1 ᠳ᠋ᠦᠩᠰᠢᠭᠤᠷ ᠲᠥᠭᠦᠷᠢᠭ ᠪᠠ 3.3 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠣᠷᠣᠭᠤᠯᠵᠤ᠂ ᠠᠵᠤ ᠦᠢᠯᠡᠰ ᠤᠨ ᠬᠥᠭᠵᠢᠯᠲᠡ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ᠂ ᠴᠢᠳᠠᠪᠤᠷᠢᠲᠠᠨ ᠪᠠ ᠮᠡᠷᠭᠡᠵᠢᠯ ᠵᠡᠷᠭᠡ ᠲᠠᠯ᠎ᠠ ᠪᠠᠷ ᠬᠦᠴᠦᠲᠡᠢ ᠳᠡᠮᠵᠢᠯᠭᠡ ᠦᠵᠡᠭᠦᠯᠪᠡ᠃ | ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠦᠭᠰᠢᠭᠦᠷᠢ ᠶᠢ ᠬᠦᠴᠦᠲᠡᠢ ᠰᠡᠷᠭᠡᠶᠢᠯᠡᠨ ᠠᠷᠢᠯᠭᠠᠵᠤ᠂ | ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭᠰᠠᠨ | ᠵᠥᠷᠢᠯᠳᠦᠭᠡᠨ ᠦᠭᠡᠢ ᠳᠠᠩᠰᠠᠨ ᠤ ᠵᠣᠭᠤᠰ ᠢ ᠴᠥᠮ ᠲᠥᠯᠥᠵᠦ ᠳᠠᠭᠤᠰᠬᠠᠪᠠ᠃ ᠪᠣᠣ ᠱᠠᠩ ᠪᠠᠩᠬᠢ ᠶᠢᠨ | ᠲᠦᠭᠰᠢᠭᠦᠷᠢ ᠶᠢ ᠪᠦᠲᠦᠮᠵᠢᠲᠡᠢ ᠰᠢᠢᠳᠪᠦᠷᠢᠯᠡᠵᠦ᠂ ᠮᠧᠩ ᠱᠠᠩ ᠪᠠᠩᠬᠢ ᠶᠢ ᠵᠢᠩᠬᠢᠨᠢ ᠪᠠᠷ ᠠᠵᠢᠯ ᠡᠷᠬᠢᠯᠡᠭᠦᠯᠬᠦ | ᠪᠣᠯᠭᠠᠨ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ 5 ᠬᠤᠷᠰᠢᠶ᠎ᠠ ᠶᠢ ᠬᠥᠳᠡᠭᠡ ᠲᠣᠰᠬᠤᠨ ᠤ | ᠬᠤᠳᠠᠯᠳᠤᠭᠠᠨ ᠤ ᠪᠠᠩᠬᠢ ᠪᠣᠯᠭᠠᠵᠦ ᠪᠠᠶᠢᠭᠤᠯᠤᠯ ᠢ ᠨᠢ ᠥᠭᠡᠷᠡᠴᠢᠯᠡᠪᠡ᠃ ᠳᠤᠮᠳᠠ ᠵᠢᠵᠢᠭ ᠪᠠᠩᠬᠢ ᠨᠤᠭᠤᠳ ᠤᠨ | ᠬᠥᠷᠥᠩᠭᠡ ᠮᠥᠩᠭᠦ ᠶᠢ ᠨᠥᠬᠦᠪᠦᠷᠢᠯᠡᠬᠦ ᠪᠠᠷ 85 ᠳ᠋ᠦᠩᠰᠢᠭᠤᠷ ᠲᠥᠭᠦᠷᠢᠭ ᠤᠨ ᠲᠤᠰᠬᠠᠢ ᠵᠢᠭᠡᠯᠡᠯᠭᠡ ᠶᠢᠨ ᠲᠡᠮᠳᠡᠭ ᠢ | ᠲᠠᠷᠬᠠᠭᠠᠪᠠ᠃ ᠪᠥᠬᠦ ᠣᠷᠣᠨ ᠤ ᠨᠠᠶᠢᠳᠠᠪᠤᠷᠢ ᠮᠠᠭᠤᠲᠠᠢ ᠵᠢᠭᠡᠯᠡᠯᠭᠡ ᠶᠢᠨ ᠵᠣᠭᠤᠰᠤᠨ ᠤ ᠦᠯᠡᠳᠡᠪᠦᠷᠢ ᠪᠠ ᠨᠠᠶᠢᠳᠠᠪᠤᠷᠢ | ᠮᠠᠭᠤᠲᠠᠢ ᠪᠣᠯᠬᠤ ᠨᠣᠷᠮ᠎ᠠ ᠨᠢ ᠬᠠᠮᠲᠤ ᠳᠠᠭᠠᠨ ᠪᠠᠭᠤᠷᠠᠪᠠ᠃ ᠠᠵᠤ ᠠᠬᠤᠶᠢᠯᠠᠯ ᠤᠨ ᠵᠢᠭᠡᠯᠡᠯᠭᠡ ᠶᠢᠨ | ᠲᠡᠮᠳᠡᠭ ᠤᠳ ᠤᠨ ᠭᠡᠷ᠎ᠡ ᠠᠴᠠ ᠵᠥᠷᠢᠴᠡᠭᠰᠡᠨ ᠲᠦᠭᠰᠢᠭᠦᠷᠢ ᠶᠢ ᠡᠮᠬᠢ ᠲᠢᠭᠯᠢᠮ ᠲᠠᠢ ᠰᠢᠢᠳᠪᠦᠷᠢᠯᠡᠵᠦ᠂ ᠮᠥᠩᠭᠦᠨ | ᠭᠦᠢᠯᠭᠡᠭᠡᠨ ᠤ ᠬᠠᠤᠯᠢ ᠪᠤᠰᠤ ᠠᠵᠢᠯᠯᠠᠭ᠎ᠠ ᠶᠢ ᠴᠡᠭᠴᠡᠯᠡᠨ ᠵᠠᠰᠠᠪᠠ᠃ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ︽ᠲᠠᠷᠠᠬᠠᠢ ᠪᠤᠲᠠᠷᠬᠠᠢ ᠵᠠᠮᠪᠠᠷᠠᠭ᠎ᠠ | ᠦᠭᠡᠢ ᠪᠠ ᠪᠣᠬᠢᠷᠲᠤᠯ ᠶᠡᠬᠡᠲᠡᠢ︾ ᠠᠵᠤ ᠠᠬᠤᠶᠢᠯᠠᠯ ᠢ ᠴᠡᠭᠴᠡᠯᠡᠨ ᠵᠠᠰᠠᠬᠤ ᠪᠠᠨ ᠦᠨᠳᠦᠰᠦᠨ ᠳᠤ ᠪᠠᠨ ᠪᠡᠶᠡᠯᠡᠭᠦᠯᠵᠦ | ᠂ 15.3 ᠲᠦᠮᠡᠨ ᠡᠷᠦᠬᠡ ᠳᠤ ᠴᠡᠪᠡᠷᠬᠡᠨ ᠳᠤᠯᠠᠭᠠᠯᠠᠭ᠎ᠠ ᠬᠠᠩᠭᠠᠬᠤ ᠪᠠᠷ ᠥᠭᠡᠷᠡᠴᠢᠯᠡᠨ ᠰᠢᠨᠡᠳᠭᠡᠪᠡ᠃ ᠪᠥᠬᠦ | ᠣᠷᠣᠨ ᠤ ᠠᠭᠠᠷ ᠤᠨ ᠴᠡᠪᠡᠷ ᠰᠠᠶᠢᠨ ᠡᠳᠦᠷ ᠤᠨ ᠬᠠᠷᠢᠴᠠᠯ᠂ ᠨᠠᠷᠢᠨ ᠮᠥᠬᠦᠯᠢᠭᠲᠦ ᠡᠳ᠋ ︵PM2.5︶ ᠤᠨ | ᠥᠳᠬᠡᠴᠡ ᠤᠯᠤᠰ ᠤᠨ ᠰᠢᠯᠭᠠᠨ ᠦᠨᠡᠯᠡᠬᠦ ᠪᠠᠷᠢᠮᠵᠢᠶ᠎ᠠ ᠠᠴᠠ ᠰᠠᠶᠢᠨ ᠪᠣᠯᠪᠠ᠃ ᠬᠥᠯᠦᠨ ᠨᠠᠭᠤᠷ ᠤᠨ ᠰᠠᠪᠠ | ᠭᠠᠵᠠᠷ ᠤᠨ ᠠᠮᠢ ᠠᠬᠤᠢ ᠣᠷᠴᠢᠨ ᠲᠣᠭᠤᠷᠢᠨ ᠤᠯᠠᠮ ᠨᠢᠭᠡ ᠠᠯᠬᠤᠮ ᠰᠠᠶᠢᠵᠢᠷᠠᠵᠤ᠂ ᠤᠯᠠᠭᠠᠨᠰᠤᠬᠠᠢ ᠶᠢᠨ ᠪᠦᠬᠦᠯᠢ | ᠴᠤᠭᠴᠠ ᠶᠢᠨ ᠣᠰᠣᠨ ᠤ ᠴᠢᠨᠠᠷ ᠲᠠᠪᠤᠳᠤᠭᠠᠷ ᠲᠦᠷᠦᠯ ᠳᠤ ᠲᠣᠭᠲᠠᠪᠤᠷᠢᠵᠢᠵᠤ᠂ ᠳᠠᠭ᠎ᠠ ᠶᠢᠨ ᠨᠠᠭᠤᠷ ᠲᠤ ᠠᠮᠢ | ᠠᠬᠤᠢ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠᠷ ᠤᠰᠤ ᠨᠡᠮᠡᠷᠢᠯᠡᠬᠦ ᠪᠠᠷᠢᠯᠭ᠎ᠠ ᠪᠠᠨ ᠪᠠᠶᠢᠭᠤᠯᠵᠦ ᠡᠬᠢᠯᠡᠭᠦᠯᠪᠠ᠃ | ᠭᠠᠵᠠᠷ ᠳᠡᠭᠡᠷᠡᠬᠢ ᠤᠰᠤᠨ ᠤ ᠴᠢᠨᠠᠷ ᠰᠠᠶᠢᠲᠠᠢ ᠤᠰᠤᠨ ᠴᠣᠭᠴᠠ ᠶᠢᠨ ᠬᠠᠷᠢᠴᠠᠯ 69.2% ᠪᠠᠶᠢᠵᠤ᠂ ᠤᠯᠤᠰ ᠤᠨ | ᠰᠢᠯᠭᠠᠨ ᠦᠨᠡᠯᠡᠬᠦ ᠪᠠᠷᠢᠮᠵᠢᠶ᠎ᠠ ᠠᠴᠠ 9.6 ᠵᠠᠭᠤᠨ ᠤ ᠴᠡᠭ ᠰᠠᠶᠢᠨ ᠪᠤᠯᠪᠠ᠃ ᠬᠥᠷᠥᠰᠥ ᠰᠢᠷᠣᠢ ᠶᠢᠨ | ᠪᠣᠬᠢᠷᠲᠤᠭᠰᠠᠨ ᠪᠠᠶᠢᠳᠠᠯ ᠢ ᠨᠠᠷᠢᠨ ᠪᠠᠶᠢᠴᠠᠭᠠᠬᠤ ᠪᠠ ᠬᠦᠨᠳᠦ ᠲᠡᠮᠦᠷᠯᠢᠭ ᠭᠠᠳᠠᠭᠰᠢᠯᠠᠭᠤᠯᠬᠤ ᠶᠢ ᠨᠢ ᠪᠠᠭᠠᠰᠬᠠᠬᠤ | ᠡᠭᠦᠷᠭᠡ ᠪᠠᠨ ᠪᠥᠬᠦ ᠲᠠᠯ᠎ᠠ ᠪᠠᠷ ᠪᠡᠶᠡᠯᠡᠭᠦᠯᠪᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠮᠳᠠᠭᠤᠯᠤᠭᠰᠠᠨ ᠪᠠᠶᠢᠴᠠᠭᠠᠯᠲᠠ ᠵᠢᠴᠢ ︽ᠪᠤᠴᠠᠵᠤ ᠪᠠᠶᠢᠴᠠᠭᠠᠨ ᠦᠵᠡᠬᠦ︾ ᠠᠵᠢᠯ ᠥᠷᠨᠢᠭᠦᠯᠦᠭᠡᠳ ᠲᠤᠰᠬᠠᠭᠰᠠᠨ | ᠴᠡᠭᠴᠡᠯᠡᠵᠦ ᠵᠠᠰᠠᠬᠤ ᠡᠭᠦᠷᠭᠡ ᠶᠢ ᠦᠨᠳᠦᠰᠦᠨ ᠳᠤ ᠪᠠᠨ ᠪᠡᠶᠡᠯᠡᠭᠦᠯᠪᠡ᠃ ᠲᠡᠮᠡᠭᠡᠵᠢ ᠤᠯᠤᠰ ᠤᠨ ᠲᠡᠰ ᠤᠨ | ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠠᠮᠢ ᠠᠬᠤᠢ ᠤᠷᠴᠢᠨ ᠲᠤᠭᠤᠷᠢᠨ ᠤ ᠠᠰᠠᠭᠤᠳᠠᠯ ᠢ ᠴᠡᠭᠴᠡᠯᠡᠨ | ᠵᠠᠰᠠᠬᠤ ᠶᠢ ᠦᠨᠳᠤᠰᠦᠨ ᠳᠡᠭᠡᠨ ᠪᠡᠶᠡᠯᠡᠭᠦᠯᠪᠠ᠃ | ︵ᠲᠠᠪᠤ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠭᠦᠨᠵᠡᠭᠡᠶᠢᠷᠡᠭᠦᠯᠦᠨ ᠠᠬᠢᠭᠤᠯᠪᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 356 ᠲᠦᠮᠡᠨ ᠮᠦ ᠰᠢᠨ᠎ᠡ ᠪᠠᠷ | ᠪᠠᠶᠢᠭᠤᠯᠵᠤ᠂ ᠬᠤᠵᠢᠷᠰᠢᠭᠰᠠᠨ ᠲᠠᠷᠢᠶᠠᠯᠠᠬᠤ ᠭᠠᠵᠠᠷ ᠢ 12.2 ᠲᠦᠮᠡᠨ ᠮᠦ ᠰᠠᠶᠢᠵᠢᠷᠠᠭᠤᠯᠪᠠ᠃ ᠪᠥᠬᠦ ᠣᠷᠣᠨ ᠤ | ᠠᠮᠤ ᠪᠤᠳᠠᠭᠠᠨ ᠤ ᠤᠨᠠᠯᠲᠠ 732.8 ᠳ᠋ᠦᠩᠰᠢᠭᠤᠷ ᠵᠢᠩ ᠪᠣᠯᠵᠤ᠂ ︽ᠠᠷᠪᠠᠨ ᠳᠣᠯᠣᠭᠠᠨ ᠵᠢᠯ ᠳᠠᠷᠠᠭᠠᠯᠠᠨ ᠡᠯᠪᠡᠭ | ᠬᠤᠷᠢᠶᠠᠯᠲᠠ︾ ᠣᠯᠪᠠ︔ ᠮᠢᠬᠠᠨ ᠤ ᠭᠠᠷᠤᠯᠲᠠ 260.7 ᠲᠦᠮᠡᠨ ᠲᠣᠨ ᠪᠠᠶᠢᠵᠤ᠂ ︽ᠠᠷᠪᠠᠨ ᠵᠢᠷᠭᠤᠭᠠᠨ ᠵᠢᠯ | ᠳᠠᠷᠠᠭᠠᠯᠠᠨ ᠭᠠᠷᠤᠯᠲᠠ ᠶᠢ ᠨᠢ ᠲᠣᠭᠲᠠᠭᠤᠨ︾ ᠪᠠᠶᠢᠯᠭᠠᠪᠠ᠃ ᠲᠠᠯ᠎ᠠ ᠨᠤᠲᠤᠭ ᠤᠨ ᠠᠯᠠᠰᠢᠨ ᠬᠤᠨᠢ ᠪᠠ ᠨᠠᠷᠠᠨ | ᠬᠤᠸᠠᠷ ᠤᠨ ᠤᠯᠤᠰ ᠤᠨ ᠳᠡᠰ ᠤᠨ ᠳᠠᠪᠠᠭᠤᠯᠢᠭ ᠪᠦᠭᠡᠳ ᠣᠨᠴᠠᠯᠢᠭ ᠲᠠᠢ ᠬᠤᠶᠠᠷ ᠠᠵᠤ ᠦᠢᠯᠡᠰ ᠤᠨ | ᠪᠦᠯᠦᠭᠵᠢᠯ ᠢ ᠰᠢᠨ᠎ᠡ ᠪᠠᠷ ᠪᠠᠶᠢᠭᠤᠯᠪᠠ᠃ | ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭᠠᠨ ᠢ | ᠬᠡᠷᠡᠭᠵᠢᠭᠦᠯᠦᠨ᠂ ᠬᠠᠲᠤᠨ ᠭᠤᠣᠯ ᠤᠨ ᠰᠠᠪᠠ ᠭᠠᠵᠠᠷ᠂ ᠨᠤᠨ ᠮᠦᠷᠡᠨ ᠤ ᠰᠠᠪᠠ ᠭᠠᠵᠠᠷ᠂ ᠪᠠᠷᠠᠭᠤᠨ ᠯᠢᠶᠤᠤᠾᠧ | ᠭᠤᠣᠯ ᠤᠨ ᠰᠠᠪᠠ ᠭᠠᠵᠠᠷ ᠪᠠ ᠬᠥᠯᠦᠨ ᠪᠤᠶᠢᠷ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠲᠠᠪᠤᠨ ᠲᠤᠮᠤ | ᠰᠦ ᠶᠢᠨ ᠢᠷᠡᠯᠲᠡ ᠶᠢᠨ ᠰᠠᠭᠤᠷᠢᠨ ᠭᠠᠵᠠᠷ ᠢ ᠨᠢᠭᠡᠲᠦᠯᠲᠡᠢ ᠲᠦᠯᠦᠪᠯᠡᠨ ᠪᠠᠶᠢᠭᠤᠯᠵᠤ᠂ ᠲᠠᠷᠢᠬᠤ ᠲᠡᠵᠢᠭᠡᠬᠦ | ᠪᠣᠯᠪᠠᠰᠤᠷᠠᠭᠤᠯᠬᠤ ᠳᠤ ᠨᠢᠭᠡ ᠴᠤᠭᠴᠠᠵᠢᠭᠤᠯᠬᠤ ᠶᠢ ᠬᠡᠷᠡᠭᠵᠢᠭᠦᠯᠪᠡ᠃ ᠰᠠᠭᠠᠯᠢ ᠶᠢᠨ ᠦᠨᠢᠶᠡᠨ ᠤ ᠲᠤᠭ᠎ᠠ ᠲᠣᠯᠣᠭᠠᠢ | 129.3 ᠲᠦᠮᠡ ᠳᠤ ᠬᠦᠷᠴᠦ᠂ ᠦᠨᠢᠶᠡᠨ ᠤ ᠰᠦ ᠶᠢᠨ ᠭᠠᠷᠤᠯᠲᠠ 611.5 ᠲᠦᠮᠡᠨ ᠲᠣᠨ ᠳᠤ ᠬᠦᠷᠴᠦ᠂ ᠲᠤᠰ | ᠲᠤᠰ 5.6% ᠪᠠ 5.9% ᠨᠡᠮᠡᠭᠳᠡᠪᠡ᠃ ᠤᠯᠠᠮᠵᠢᠯᠠᠯᠲᠤ ᠴᠠᠭᠠᠨ ᠢᠳᠡᠭᠡ ᠬᠢᠬᠦ ᠣᠷᠣᠨ ᠨᠤᠲᠤᠭ ᠤᠨ | ᠪᠠᠷᠢᠮᠵᠢᠶ᠎ᠠ ᠶᠢ ᠲᠣᠭᠲᠠᠭᠠᠵᠤ᠂ ᠪᠥᠬᠦ ᠣᠷᠣᠨ ᠤ ᠰᠦ ᠴᠠᠭᠠᠨ ᠢᠳᠡᠭᠡ ᠶᠢᠨ ᠭᠠᠷᠤᠯᠲᠠ ᠳᠠᠬᠢ ᠤᠯᠠᠮᠵᠢᠯᠠᠯᠲᠤ ᠰᠦ | ᠴᠠᠭᠠᠨ ᠢᠳᠡᠭᠡ ᠶᠢᠨ ᠡᠵᠡᠯᠡᠬᠦ ᠬᠠᠷᠢᠴᠠᠯ ᠨᠢ 10% ᠣᠷᠴᠢᠮ ᠪᠣᠯᠪᠠ᠃ ᠦᠷ᠎ᠡ ᠡᠭᠦᠯᠳᠡᠷ ᠤᠨ ᠬᠥᠭᠵᠢᠯᠲᠡ ᠶᠢᠨ | ᠭᠤᠷᠪᠠᠨ ᠵᠢᠯ ᠤᠨ ᠠᠵᠢᠯᠯᠠᠭᠠᠨ ᠢ ᠬᠡᠷᠡᠭᠵᠢᠭᠦᠯᠵᠦ᠂ ᠥᠪᠥᠷ ᠮᠣᠩᠭᠤᠯ ᠤᠨ ᠶᠡᠭᠡ ᠰᠤᠷᠭᠠᠭᠤᠯᠢ ᠳᠠᠬᠢ ᠲᠠᠯ᠎ᠠ | ᠨᠤᠲᠤᠭ ᠤᠨ ᠭᠡᠷ ᠤᠨ ᠲᠡᠵᠢᠭᠡᠪᠦᠷᠢ ᠶᠢᠨ ᠡᠭᠦᠯᠳᠡᠷ ᠴᠢᠨᠠᠷ ᠤᠨ ᠰᠢᠨ᠎ᠡ ᠶᠢ ᠡᠭᠦᠳᠴᠦ ᠦᠷᠡᠵᠢᠭᠦᠯᠦᠨ ᠪᠤᠶᠢᠵᠢᠭᠤᠯᠬᠤ | ᠰᠠᠭᠤᠷᠢᠨ ᠭᠠᠵᠠᠷ ᠪᠠ ᠤᠯᠤᠰ ᠤᠨ ᠳᠡᠰ ᠤᠨ ᠲᠥᠮᠥᠰᠥ ᠶᠢᠨ ᠰᠠᠶᠢᠨ ᠦᠷ᠎ᠡ ᠶᠢ ᠦᠷᠡᠵᠢᠭᠦᠯᠦᠨ ᠪᠤᠶᠢᠵᠢᠭᠤᠯᠬᠤ 3 | ᠰᠠᠭᠤᠷᠢᠨ ᠭᠠᠵᠠᠷ ᠢ ᠪᠠᠶᠢᠭᠤᠯᠪᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠨᠡᠶᠢᠲᠡ ᠶᠢᠨ | ᠬᠡᠷᠡᠭᠯᠡᠭᠡᠨ ᠤ ᠨᠡᠷᠡᠲᠦ ᠲᠡᠮᠲᠡᠭ ᠤᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠤᠯᠤᠰ ᠤᠨ ᠣᠷᠣᠨ ᠪᠦᠰᠡ ᠶᠢᠨ | ᠲᠠᠷᠢᠶᠠᠯᠠᠩ ᠤᠨ ᠳᠦᠷᠢ ᠳᠥᠷᠬᠦ ᠶᠢᠨ ᠨᠡᠷᠡᠲᠦ ᠲᠡᠮᠳᠡᠭ ᠤᠨ ᠡᠩᠨᠡᠭᠡᠨ ᠳᠤ ︽ᠲᠡᠭᠷᠢ ᠶᠢᠨ ᠬᠡᠰᠢᠭᠲᠦ ᠪᠣᠷᠣᠲᠤᠬᠤᠢ︾ | ᠲᠡᠷᠢᠭᠦᠯᠡᠪᠡ᠃ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠭᠡᠳ | ᠮᠠᠯᠵᠢᠬᠤ ᠣᠷᠣᠨ ᠤ ᠦᠢᠯᠡᠳᠪᠦᠷᠢᠯᠡᠯ ᠤᠨ ᠬᠥᠭᠵᠢᠯᠲᠡ᠂ ᠮᠠᠯᠴᠢᠳ ᠤᠨ ᠠᠮᠢᠳᠤᠷᠠᠯ ᠤᠨ ᠴᠢᠨᠡᠭᠡᠯᠢᠭᠵᠢᠯ᠂ ᠲᠠᠯ᠎ᠠ | ᠨᠤᠲᠤᠭ ᠤᠨ ᠰᠠᠶᠢᠨ ᠰᠠᠶᠢᠬᠠᠨ ᠠᠮᠢ ᠠᠬᠤᠢ ᠶᠢᠨ ᠬᠠᠷᠢᠯᠴᠠᠨ ᠨᠢᠭᠡᠳᠬᠦ ᠶᠢ ᠨᠢᠭᠡᠲᠦᠯᠲᠡᠢ ᠲᠦᠯᠦᠪᠯᠡᠨ ᠠᠬᠢᠭᠤᠯᠪᠠ᠃ | ᠮᠠᠯᠵᠢᠬᠤ ᠲᠠᠷᠢᠶᠠᠯᠠᠬᠤ ᠣᠷᠣᠨ ᠳᠠᠬᠢ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ | ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠪᠡᠶᠡᠯᠡᠭᠦᠯᠦᠨ᠂ ᠠᠷᠢᠭᠤᠨ ᠴᠡᠪᠡᠷ ᠵᠣᠷᠯᠣᠩ ᠲᠠᠢ ᠪᠤᠯᠭᠠᠬᠤ ᠶᠢ | ᠲᠥᠭᠡᠮᠡᠯᠵᠢᠭᠦᠯᠦᠭᠰᠡᠨ ᠨᠣᠷᠮ᠎ᠠ 35% ᠳᠤ ᠬᠦᠷᠴᠦ᠂ ᠬᠠᠷᠠᠯᠲᠠ ᠠᠴᠠ ᠪᠠᠨ 3 ᠵᠠᠭᠤᠨ ᠤ ᠴᠡᠭ ᠳᠠᠪᠠᠭᠤᠯᠤᠭᠰᠠᠨ | ᠪᠠᠶᠢᠨ᠎ᠠ᠃ 97.7% ᠶᠢᠨ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠠᠮᠢᠳᠤᠷᠠᠯ ᠤᠨ ᠬᠤᠭ ᠨᠣᠪᠰᠢ ᠶᠢ | ᠴᠤᠭᠯᠠᠭᠤᠯᠵᠤ ᠵᠥᠭᠡᠭᠡᠬᠦ ᠰᠢᠰᠲ᠋ᠧᠮᠵᠢ ᠶᠢ ᠪᠠᠶᠢᠭᠤᠯᠵᠤ᠂ ᠲᠦᠴᠢᠦᠸᠠᠨ ᠰᠢᠶᠠᠨ ᠪᠥᠬᠦ ᠤᠯᠤᠰ ᠤᠨ ᠬᠥᠳᠡᠭᠡ | ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠬᠵᠢᠭᠤᠯᠤᠨ ᠠᠰᠢᠭᠯᠠᠬᠤ | ᠠᠵᠢᠯ ᠤᠨ ᠵᠢᠱᠢᠶ᠎ᠡ ᠦᠵᠡᠭᠦᠯᠬᠦ ᠰᠢᠶᠠᠨ ᠢᠶᠠᠷ ᠦᠨᠡᠯᠡᠭᠳᠡᠪᠡ᠃ 30 ᠲᠦᠮᠡᠨ ᠮᠠᠯᠴᠢᠨ ᠲᠠᠷᠢᠶᠠᠴᠢᠨ ᠤ ᠤᠤᠭᠤᠵᠤ | ᠬᠡᠷᠡᠭᠯᠡᠬᠦ ᠤᠰᠤᠨ ᠳᠠᠬᠢ ᠹᠯᠣᠷ ᠠᠷᠰᠧᠨ ᠢᠣᠳ᠋ ᠨᠢ ᠪᠠᠷᠢᠮᠵᠢᠶ᠎ᠠ ᠠᠴᠠ ᠳᠠᠪᠠᠭᠰᠠᠨ ᠪᠠᠶᠢᠭ᠎ᠠ ᠪᠠ ᠭᠠᠰᠢᠭᠤᠨ ᠱᠣᠷᠪᠣᠭ | ᠤᠰᠤᠨ ᠤ ᠠᠰᠠᠭᠤᠳᠠᠯ ᠢ ᠰᠢᠢᠳᠪᠦᠷᠢᠯᠡᠪᠡ᠃ ᠮᠠᠯᠵᠢᠬᠤ ᠲᠠᠷᠢᠶᠠᠯᠠᠬᠤ ᠣᠷᠣᠨ ᠳᠤ 8071 ᠺᠢᠯᠤᠮᠧᠳ᠋ᠷ ᠵᠠᠰᠠᠮᠠᠯ | ᠵᠠᠮ ᠢ ᠰᠢᠨ᠎ᠡ ᠪᠠᠷ ᠳᠡᠪᠢᠰᠦᠭᠰᠡᠨ ᠪᠠ ᠰᠢᠨᠡᠳᠬᠡᠨ ᠵᠠᠰᠠᠪᠠ᠃ | ︵ᠵᠢᠷᠭᠤᠭ᠎ᠠ︶ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢ ᠨᠠᠶᠢᠷᠠᠭᠤᠯᠵᠤ ᠵᠣᠬᠢᠶᠠᠬᠤ ᠠᠵᠢᠯ ᠢ ᠥᠷᠨᠢᠭᠦᠯᠦᠨ᠂ ᠠᠮᠢ | ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ | ᠂ ᠡᠬᠢ ᠪᠠᠶᠠᠯᠢᠭ ᠢ ᠠᠰᠢᠬᠯᠠᠬᠤ ᠬᠢᠵᠠᠭᠠᠷ ᠱᠤᠭᠤᠮ ᠪᠠ ᠠᠮᠢ ᠠᠬᠤᠢ ᠣᠷᠴᠢᠨ ᠲᠣᠭᠤᠷᠢᠨ ᠳᠤ ᠵᠥᠪᠰᠢᠶᠡᠷᠡᠨ | ᠣᠷᠣᠭᠤᠯᠬᠤ ᠨᠠᠷᠢᠨ ᠬᠠᠭᠤᠳᠠᠰᠤ ︵︽ᠭᠤᠷᠪᠠᠨ ᠱᠤᠭᠤᠮ ᠨᠢᠭᠡ ᠬᠠᠭᠤᠳᠠᠰᠤ︾︶ ᠶᠢ ᠨᠠᠶᠢᠷᠠᠭᠤᠯᠤᠨ ᠵᠣᠬᠢᠶᠠᠵᠤ | ᠳᠠᠭᠤᠰᠬᠠᠭᠠᠳ ᠪᠦᠬᠦ ᠣᠷᠣᠨ ᠤ 50% ᠠᠴᠠ ᠳᠡᠭᠡᠭᠰᠢᠬᠢ ᠤᠯᠤᠰ ᠤᠨ ᠨᠤᠲᠤᠭ ᠳᠡᠪᠢᠰᠬᠡᠷ ᠤᠨ ᠲᠠᠯᠠᠪᠠᠢ ᠶᠢ ᠠᠮᠢ | ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠤᠳᠤᠷ᠎ᠠ ᠬᠤᠪᠢᠶᠠᠷᠢᠯᠠᠵᠤ ᠣᠷᠤᠭᠤᠯᠪᠠ᠃ ᠨᠤᠲᠤᠭ | ᠪᠡᠯᠴᠢᠭᠡᠷ ᠪᠠ ᠣᠢ ᠰᠢᠭᠤᠢ ᠶᠢ ᠬᠠᠮᠠᠭᠠᠯᠠᠬᠤ ᠠᠵᠢᠯ ᠢᠶᠠᠨ ᠲᠡᠷᠢᠭᠦᠨ ᠴᠢᠬᠤᠯᠠ ᠡᠭᠦᠷᠭᠡ ᠪᠣᠯᠭᠠᠨ᠂ ᠨᠤᠲᠤᠭ | ᠪᠡᠯᠴᠢᠭᠡᠷ ᠤᠨ ᠴᠢᠬᠤᠯᠠ ᠠᠮᠢ ᠠᠬᠤᠢ ᠶᠢᠨ ᠴᠢᠳᠠᠮᠵᠢᠲᠤ ᠣᠷᠣᠨ ᠳᠤ ᠠᠭᠤᠷᠬᠠᠢ ᠨᠡᠭᠡᠭᠡᠬᠦ ᠪᠠ ᠰᠠᠯᠬᠢᠨ ᠤ | ᠬᠦᠴᠦ ᠪᠠᠷ ᠴᠠᠬᠢᠯᠭᠠᠨ ᠭᠠᠷᠭᠠᠬᠤ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠰᠢᠨ᠎ᠡ ᠪᠠᠷ | ᠪᠠᠶᠢᠭᠤᠯᠬᠤ ᠦᠭᠡᠢ ᠭᠡᠵᠦ ᠲᠣᠳᠣᠷᠬᠠᠢ ᠲᠣᠭᠲᠠᠭᠠᠭᠰᠠᠨ ᠪᠥᠭᠡᠳ ᠨᠢᠭᠡᠨᠲᠡ ᠪᠠᠶᠢᠭᠤᠯᠤᠭᠰᠠᠨ ᠲᠥᠷᠥᠯ ᠵᠦᠢᠯ ᠢ | ᠡᠮᠬᠢ ᠵᠢᠷᠤᠮ ᠲᠠᠢ ᠪᠤᠴᠠᠭᠠᠵᠤ ᠭᠠᠷᠭᠠᠨ᠎ᠠ︔ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠪᠣᠢ ᠪᠦᠬᠦᠢ | ᠠᠭᠤᠷᠬᠠᠢ ᠶᠢᠨ ᠠᠵᠤ ᠠᠬᠤᠶᠢᠯᠠᠯ ᠤᠨ ᠠᠭᠤᠷᠬᠠᠢ ᠮᠠᠯᠲᠠᠵᠤ ᠬᠠᠶᠢᠨ ᠪᠠᠶᠢᠴᠠᠭᠠᠬᠤ ᠠᠵᠢᠯᠯᠠᠭ᠎ᠠ ᠶᠢ ᠨᠢ ᠵᠣᠭᠰᠣᠭᠠᠪᠠ︔ | ᠲᠠᠯ᠎ᠠ ᠨᠤᠲᠤᠭ ᠤᠨ ᠵᠠᠳᠠᠭᠠᠢ ᠠᠭᠤᠷᠬᠠᠢ ᠶᠢᠨ ᠵᠠᠰᠠᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ᠃ ᠲᠣᠭᠲᠠᠭᠠᠯ ᠢ | ᠵᠥᠷᠢᠴᠡᠵᠦ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ 397 ᠵᠢᠭᠤᠯᠴᠢᠯᠠᠯ ᠤᠨ ᠦᠵᠡᠮᠵᠢ ᠶᠢᠨ ᠣᠷᠣᠨ ᠭᠠᠵᠠᠷ ᠢ | ᠬᠠᠤᠯᠢ ᠶᠣᠰᠣᠭᠠᠷ ᠬᠦᠴᠦᠨ ᠦᠭᠡᠢ ᠪᠣᠯᠭᠠᠨ᠂ ᠬᠦᠢᠲᠡᠨᠰᠢᠯᠢ ᠲᠠᠯ᠎ᠠ ᠨᠤᠲᠤᠭ ᠤᠨ ᠬᠠᠮᠠᠭᠠᠯᠠᠯᠲᠠ ᠶᠢᠨ ᠣᠷᠣᠨ ᠳᠠᠬᠢ | ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠮᠠᠰᠢᠨ ᠪᠦᠯᠦᠭ ᠢ ᠰᠠᠯᠭᠠᠨ ᠵᠠᠳᠠᠯᠵᠤ ᠡᠬᠢᠯᠡᠪᠡ᠂ ᠡᠷᠢᠶᠠᠨᠭᠤᠪᠢ ᠶᠢᠨ | ᠲᠠᠯ᠎ᠠ ᠨᠤᠲᠤᠭ ᠲᠤ ᠲᠣᠭᠲᠠᠭᠠᠯ ᠢ ᠵᠥᠷᠢᠴᠡᠵᠦ ᠠᠲᠠᠷ ᠬᠠᠭᠠᠯᠪᠤᠷᠢᠯᠠᠭᠰᠠᠨ ᠪᠠ ᠠᠭᠤᠷᠬᠠᠢ ᠨᠡᠭᠡᠭᠡᠭᠰᠡᠨ ᠵᠡᠷᠭᠡ ᠶᠢ | ᠵᠠᠰᠠᠵᠤ ᠵᠦᠭᠰᠢᠷᠡᠭᠦᠯᠪᠡ᠃ 1372.6 ᠲᠦᠮᠡᠨ ᠮᠦ ᠣᠢ ᠶᠢ ᠲᠠᠷᠢᠵᠤ ᠣᠶᠢᠵᠢᠭᠤᠯᠤᠭᠰᠠᠨ ᠪᠠ 1687.5 | ᠲᠦᠮᠡᠨ ᠮᠦ ᠡᠪᠡᠰᠦ ᠲᠠᠷᠢᠵᠤ᠂ ᠶᠡᠭᠡ ᠬᠢᠩᠭᠠᠨ ᠳᠠᠪᠠᠭ᠎ᠠ ᠵᠢᠴᠢ ᠡᠷᠭᠢᠨ ᠲᠣᠭᠤᠷᠢᠨ ᠤ 60 ᠲᠦᠮᠡᠨ ᠮᠦ ᠭᠠᠵᠠᠷ | ᠣᠷᠣᠨ ᠳᠤ ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠤᠭᠰᠠᠨ ᠪᠠ ᠡᠪᠡᠰᠦ ᠪᠡᠯᠴᠢᠭᠡᠷ ᠢ ᠰᠡᠷᠭᠦᠭᠡᠵᠦ ᠨᠤᠭᠤ ᠭᠠᠵᠠᠷ | ᠪᠣᠯᠭᠠᠭᠰᠠᠨ ᠪᠠᠶᠢᠨ᠎ᠠ᠃ ᠬᠠᠲᠤᠨ ᠭᠤᠣᠯ ᠤᠨ ᠰᠠᠪᠠ ᠭᠠᠵᠠᠷ ᠲᠤ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ | ᠵᠠᠰᠠᠬᠤ᠂ ᠨᠤᠭᠤ ᠭᠠᠵᠠᠷ ᠤᠨ ᠠᠮᠢ ᠠᠬᠤᠢ ᠶᠢ ᠦᠩᠵᠢᠭᠦᠯᠦᠨ ᠰᠡᠷᠭᠦᠭᠡᠬᠦ ᠪᠠ ᠤᠰᠤᠨ ᠰᠤᠷᠪᠤᠯᠵᠢ ᠶᠢ ᠬᠠᠮᠠᠭᠠᠯᠠᠵᠤ | ᠪᠠᠲᠤᠯᠠᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠪᠡ᠃ ᠤᠯᠠᠭᠠᠨᠴᠠᠪ ᠲᠠᠬᠢ ᠤᠯᠤᠰ ᠤᠨ ᠭᠠᠵᠠᠷ | ᠰᠢᠨᠵᠢᠯᠡᠭᠡᠨ ᠤ ᠴᠡᠴᠡᠷᠯᠢᠭ ᠪᠠᠶᠢᠭᠤᠯᠬᠤ ᠠᠵᠢᠯ ᠵᠥᠪᠰᠢᠶᠡᠷᠡᠯ ᠣᠯᠪᠠ᠃ | ︵ᠲᠤᠯᠤᠭ᠎ᠠ︶ ᠦᠭᠡᠷᠡᠴᠢᠯᠡᠯᠳᠡ ᠨᠡᠬᠡᠬᠡᠯᠳᠡ ᠤᠯᠠᠮ ᠨᠢᠭᠡ ᠠᠯᠬᠤᠮ ᠭᠦᠨᠵᠡᠭᠡᠶᠢᠷᠡᠪᠡ᠃ ︽ᠲᠠᠯᠪᠢᠬᠤ | ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢ ᠦᠷᠭᠦᠯᠵᠢᠯᠡᠨ ᠠᠬᠢᠭᠤᠯᠵᠦ᠂ ᠠᠵᠦ ᠠᠬᠤᠶᠢᠯᠠᠯ ᠢ ᠡᠷᠬᠢᠯᠡᠨ | ᠨᠡᠬᠡᠬᠡᠬᠦ ᠴᠠᠭ ᠪᠠ ᠦᠯᠦ ᠭᠦᠳᠡᠯᠬᠦ ᠭᠦᠷᠦᠩᠬᠡ ᠶᠢᠨ ᠳᠠᠩᠰᠠᠯᠠᠨ ᠲᠡᠮᠳᠡᠭᠯᠡᠬᠦ ᠴᠠᠭ ᠢ ᠲᠤᠰ ᠪᠦᠷᠢ ᠪᠤᠭᠤᠨᠢᠰᠬᠠᠭᠠᠳ | 3 ᠪᠠ 5 ᠠᠵᠢᠯᠯᠠᠬᠤ ᠡᠳᠦᠷ ᠤᠨ ᠲᠤᠳᠤᠷ᠎ᠠ ᠲᠠᠭᠤᠰᠬᠠᠬᠤ ᠪᠤᠯᠭᠠᠵᠦ᠂ ᠠᠵᠦ ᠠᠬᠤᠶᠢᠯᠠᠯ ᠠᠴᠠ ᠪᠡᠯᠡ | ᠤᠷᠤᠭᠤᠯᠤᠨᠨᠰᠠᠨ ᠲᠦᠷᠦᠯ ᠤᠨ ᠪᠠᠷᠢᠯᠭ᠎ᠠ ᠶᠢᠨ ᠪᠦᠳᠦᠬᠡᠨ ᠪᠠᠶᠢᠭᠤᠯᠬᠤ ᠲᠦᠷᠦᠯ ᠵᠦᠢᠯ ᠳᠤ ᠬᠢᠨᠠᠨ ᠵᠦᠪᠰᠢᠶᠡᠷᠡᠬᠦ | ᠴᠠᠭ ᠬᠤᠭᠤᠴᠠᠭ᠎ᠠ ᠶᠢ ᠨᠢ ᠪᠤᠭᠤᠨᠢᠰᠬᠠᠭᠠᠳ 75 ᠠᠵᠢᠯᠯᠠᠬᠤ ᠡᠳᠦᠷ ᠤᠨ ᠲᠤᠳᠤᠷ᠎ᠠ ᠳᠠᠭᠤᠰᠬᠠᠬᠤ ᠪᠤᠯᠭᠠᠪᠠ᠃ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠢᠯᠵᠢᠮᠡᠯ ᠬᠤᠯᠪᠤᠭᠠᠨ ᠤ ᠦᠵᠦᠭᠦᠷ ︽ᠮᠦᠩᠬᠡ ᠰᠣᠪᠠᠭ︾ ᠢ | ᠵᠢᠩᠬᠢᠨᠢ ᠪᠠᠷ ᠠᠵᠢᠯᠯᠠᠭᠤᠯᠵᠦ᠂ ᠦᠪᠡᠷᠳᠡᠬᠡᠨ ᠵᠠᠰᠠᠬᠤ ᠤᠷᠤᠨ ᠤ ᠲᠤᠰ ᠱᠠᠳᠤᠨ ᠤ ᠵᠠᠰᠠᠭ ᠵᠠᠬᠢᠷᠭᠠᠨ ᠤ ᠡᠷᠬᠡ ᠶᠢᠨ | ᠵᠦᠢᠯᠡᠰ ᠤᠨ ᠰᠦᠯᠵᠢᠶ᠎ᠡ ᠪᠠᠷ ᠭᠦᠢᠴᠡᠳᠬᠡᠭᠰᠡᠨ ᠨᠤᠷᠮ᠎ᠠ 91% ᠳᠤ ᠬᠦᠷᠪᠡ᠃ ᠠᠷᠠᠳ ᠠᠴᠠ ᠡᠵᠡᠩᠨᠡᠭᠰᠡᠨ ᠠᠵᠦ | ᠠᠬᠤᠢᠢᠯᠠᠯ ᠤᠨ ᠦᠬᠡᠷᠡᠴᠢᠯᠡᠯᠳᠡ ᠭᠦᠭᠵᠢᠯᠳᠡ ᠶᠢ ᠲᠡᠮᠵᠢᠬᠦ 24 ᠠᠷᠭ᠎ᠠ ᠬᠡᠮᠵᠢᠶ᠎ᠡ ᠶᠢ ᠨᠡᠶᠢᠲᠡᠯᠡᠵᠦ᠂ ᠠᠷᠠᠳ ᠠᠴᠠ | ᠡᠵᠡᠩᠨᠡᠭᠰᠡᠨ ᠠᠵᠦ ᠠᠬᠤᠢ ᠶᠢᠨ ᠵᠠᠬ᠎ᠠ ᠲᠡᠯᠬᠡᠭᠦᠷ ᠤᠨ ᠭᠤᠤᠯ ᠴᠤᠨᠨᠴᠠ ᠶᠢᠨ ᠡᠵᠡᠯᠡᠬᠦ ᠬᠤᠪᠢ ᠶᠢᠨ ᠵᠢᠩ 97. | 4% ᠳᠤ ᠬᠦᠷᠪᠡ᠃ ᠦᠪᠡᠷᠳᠡᠬᠡᠨ ᠵᠠᠰᠠᠬᠤ ᠤᠷᠤᠨ ᠤ ᠲᠤᠰ ᠱᠠᠳᠤᠨ ᠤ ᠡᠵᠡᠩᠨᠡᠯᠳᠡ ᠶᠢᠨ ᠴᠢᠨᠠᠷᠳᠠᠢ ᠤᠯᠤᠰ ᠤᠨ | ᠦᠮᠴᠢᠯᠡᠯᠳᠦ ᠡᠳ᠋ ᠭᠦᠷᠦᠩᠬᠡ ᠳᠤ ᠲᠦᠪᠯᠡᠷᠡᠩᠬᠦᠢ ᠨᠢᠬᠡᠳᠦᠯᠳᠡᠢ ᠬᠢᠨᠠᠯᠳᠠ ᠬᠠᠮᠢᠶᠠᠷᠤᠯᠳᠠ ᠬᠢᠬᠦ ᠶᠢ | ᠦᠨᠳᠦᠰᠦᠨ ᠳᠡᠭᠡᠨ ᠪᠡᠶᠡᠯᠡᠬᠦᠯᠵᠦ᠂ ᠨᠡᠭᠦᠷᠡᠰᠦ ᠵᠡᠷᠬᠡ ᠠᠭᠤᠷᠬᠠᠢ ᠶᠢᠨ ᠦᠢᠯᠡᠰ ᠤᠨ ᠡᠬᠢ ᠪᠠᠶᠠᠯᠢᠭ ᠲᠤ ᠵᠠᠬ᠎ᠠ | ᠲᠡᠯᠬᠡᠭᠦᠷᠴᠢᠯᠡᠨ ᠲᠦᠯᠦᠪᠦᠷᠢᠳᠡᠢ ᠰᠢᠯᠵᠢᠬᠦᠯᠬᠦ ᠶᠢ ᠪᠦᠭᠦ ᠲᠠᠯ᠎ᠠ ᠪᠠᠷ ᠭᠡᠷᠡᠭᠵᠢᠬᠦᠯᠪᠡ᠃ ᠮᠠᠯᠵᠢᠬᠤ ᠲᠠᠷᠢᠶᠠᠯᠠᠬᠤ | ᠤᠷᠤᠨ ᠤ ᠬᠠᠮᠳᠤ ᠶᠢᠨ ᠦᠮᠴᠢᠯᠡᠯ ᠤᠨ ᠡᠷᠬᠡ ᠶᠢᠨ ᠲᠦᠷᠢᠮ ᠤᠨ ᠦᠭᠡᠷᠡᠴᠢᠯᠡᠯᠳᠡ ᠶᠢ ᠤᠷᠤᠨᠨᠰᠢᠳᠠᠢ ᠠᠬᠢᠭᠤᠯᠵᠦ᠂ | ᠤᠯᠤᠰ ᠤᠨ ᠦᠮᠴᠢᠯᠡᠯᠳᠦ ᠰᠢᠭᠤᠶᠢᠳᠤ ᠤᠷᠤᠨ ᠤ ᠦᠭᠡᠷᠡᠴᠢᠯᠡᠯᠳᠡ ᠤᠯᠤᠰ ᠤᠨ ᠰᠢᠯᠭᠠᠨ ᠬᠤᠷᠢᠶᠠᠵᠦ ᠠᠪᠬᠤ ᠳᠤ | ᠬᠢᠷᠢ ᠲᠡᠩᠴᠡᠪᠡ᠃ | ᠭᠠᠳᠠᠭᠠᠳᠣ ᠠᠷᠠᠯᠵᠢᠶ᠎ᠡ ᠶᠢ ᠲᠤᠨᠨᠳᠠᠪᠤᠷᠢᠵᠢᠭᠤᠯᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠦ᠂ ᠬᠢᠯᠢ ᠶᠢᠨ ᠪᠤᠭᠤᠮᠳᠠ ᠪᠠᠷ ᠨᠡᠪᠳᠡᠷᠡᠬᠦ ᠴᠠᠭ ᠢ ᠨᠢ ᠪᠤᠭᠤᠨᠢᠰᠬᠠᠨ᠂ ᠪᠤᠭᠤᠮᠳᠠ ᠪᠠᠷ ᠨᠡᠪᠳᠡᠷᠡᠬᠦ | ᠦᠪᠡᠷ ᠤᠨ ᠦᠷᠲᠡᠭ ᠢ ᠨᠢ ᠪᠠᠭᠤᠷᠠᠭᠤᠯᠪᠠ᠃ ᠬᠢᠯᠢ ᠶᠢᠨ ᠪᠤᠭᠤᠮᠳᠠ ᠶᠢᠨ ᠠᠵᠦ ᠠᠬᠤᠢ ᠬᠢᠬᠡᠳ ᠲᠤᠳᠤᠷ᠎ᠠ | ᠭᠠᠵᠠᠷ ᠤᠨ ᠡᠳ᠋ᠰᠢᠬᠦᠯᠦᠨ ᠪᠤᠯᠪᠠᠰᠤᠷᠠᠭᠤᠯᠬᠤ ᠦᠢᠯᠡᠰ᠂ ᠣᠳᠣ ᠦᠶ᠎ᠡ ᠶᠢᠨ ᠪᠠᠷᠠᠭᠠᠨ ᠤ ᠭᠦᠢᠯᠬᠡᠬᠡ ᠶᠢᠨ | ᠦᠢᠯᠡᠰ ᠤᠨ ᠭᠦᠨᠵᠡᠬᠡᠢ ᠠᠭᠤᠰᠤᠯᠴᠠᠬᠤ ᠶᠢ ᠠᠬᠢᠭᠤᠯᠪᠠ᠃ ᠮᠠᠨ ᠤ ᠤᠷᠤᠨ ᠠᠴᠠ ᠠᠶᠠᠯᠠᠯ ᠢᠶᠠᠨ ᠡᠬᠢᠯᠡᠬᠦᠯᠦᠭᠰᠡᠨ | ᠲᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠳᠣ ᠲᠡᠷᠭᠡᠨ ᠤ ᠡᠭᠡᠯᠵᠢ 15.4% ᠨᠡᠮᠡᠭᠳᠡᠵᠦ᠂ ᠪᠤᠴᠠᠬᠤ | ᠡᠭᠡᠯᠵᠢ ᠪᠠᠷ ᠲᠡᠭᠡᠭᠡᠪᠦᠷᠢᠯᠡᠬᠦ ᠡᠳ᠋ ᠪᠠᠷᠠᠭᠠᠨ ᠤ ᠲᠦᠷᠦᠯ ᠵᠦᠢᠯ ᠳᠠᠰᠤᠷᠠᠯᠳᠠ ᠦᠬᠡᠢ ᠨᠡᠮᠡᠭᠳᠡᠪᠡ᠃ ᠪᠤᠭᠤᠳᠤ ᠶᠢᠨ | ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡ ᠶᠢᠨ ᠲᠦᠪ᠂ ᠤᠯᠠᠭᠠᠨᠴᠠᠪ ᠤᠨ ᠲᠤᠯᠤᠳᠤᠭᠠᠷ ᠰᠤᠮᠤ ᠶᠢᠨ ᠭᠠᠶᠢᠯᠢ | ᠪᠠᠳᠣᠯᠠᠬᠤ ᠪᠠᠷᠠᠭᠠᠨ ᠤ ᠭᠦᠢᠯᠬᠡᠬᠡ ᠶᠢᠨ ᠲᠦᠪ ᠤᠳ ᠨᠢ ᠪᠤᠭᠤᠮᠳᠠ ᠶᠢᠨ ᠪᠢᠲᠡᠭᠦᠮᠵᠢᠯᠡᠨ ᠰᠢᠯᠵᠢᠭᠦᠯᠵᠦ ᠬᠦᠯᠢᠶᠡᠨ | ᠠᠪᠴᠦ ᠨᠡᠭᠡᠭᠡᠬᠦ ᠠᠵᠢᠯᠯᠠᠭᠠᠨ ᠲᠠᠢ ᠪᠤᠯᠵᠦ᠂ ᠮᠠᠨᠵᠤᠤᠷ ᠲᠠᠬᠢ ᠤᠯᠤᠰ ᠤᠨ ᠬᠢᠯᠢ ᠠᠯᠤᠰᠯᠬᠠᠰᠠᠨ ᠡᠯᠧᠺᠳ᠋ᠷᠦᠨ | ᠬᠤᠳᠠᠯᠳᠤᠭᠠᠨ ᠤ ᠶᠠᠪᠣᠳᠠᠯ ᠤᠨ ᠶᠡᠷᠦᠩᠬᠡᠶᠢᠯᠡᠭᠰᠡᠨ ᠲᠤᠷᠰᠢᠯᠳᠠ ᠶᠢᠨ ᠲᠣᠭᠤᠷᠢᠭ ᠵᠦᠪᠰᠢᠶᠡᠷᠡᠭᠳᠡᠪᠡ᠃ ᠠᠷᠠᠪ ᠤᠨ | ᠬᠤᠯᠪᠤᠭᠠᠳᠣ ᠠᠬᠠᠮᠠᠳᠳᠣ ᠣᠯᠣᠰ ᠪᠠ ᠤᠯᠠᠭᠠᠨᠬᠠᠳᠠ ᠶᠢᠨ ︽ᠨᠢᠭᠡ ᠪᠦᠰᠡ ᠨᠢᠭᠡ ᠵᠠᠮ︾ ᠤᠨ ᠮᠠᠯ ᠪᠡᠯᠴᠢᠭᠡᠷ | ᠠᠷᠠᠴᠢᠯᠠᠬᠤ ᠠᠵᠢᠯ ᠢ ᠨᠢᠭᠡ ᠴᠤᠨᠨᠴᠠᠵᠢᠭᠤᠯᠬᠤ ᠲᠦᠷᠦᠯ ᠵᠦᠢᠯ᠂ ᠢᠰᠷᠧᠯ ᠪᠠ ᠪᠠᠶᠠᠨᠨᠠᠭᠤᠷ ᠤᠨ ᠣᠳᠣ ᠦᠶ᠎ᠡ ᠶᠢᠨ | ᠲᠠᠷᠢᠶᠠᠯᠠᠩ ᠤᠨ ᠠᠵᠦ ᠦᠢᠯᠡᠰ ᠤᠨ ᠭᠦᠷᠢᠶᠡᠯᠡᠩ ᠤᠨ ᠪᠠᠶᠢᠭᠤᠯᠤᠯᠳᠠ ᠶᠢ ᠡᠮᠬᠢ ᠵᠢᠷᠤᠮ ᠲᠠᠢ ᠠᠬᠢᠭᠤᠯᠪᠠ᠃ | ᠳᠤᠮᠳᠠᠳᠤ ᠤᠯᠤᠰ ᠤᠨ ᠭᠤᠮᠢᠨᠳᠠᠩ ᠨᠠᠮ ᠤᠨ ᠬᠤᠪᠢᠰᠬᠠᠯᠲᠤ ᠲᠦᠪ ᠬᠤᠷᠢᠶ᠎ᠠ ᠯᠤᠭ᠎ᠠ ᠬᠤᠳᠠᠯᠳᠤᠭᠠᠴᠢᠨ | ᠤᠷᠢᠵᠦ ᠪᠡᠯᠡ ᠤᠷᠤᠭᠤᠯᠬᠤ ᠠᠵᠢᠯ ᠢ ᠬᠠᠮᠲᠤᠷᠠᠯᠴᠠᠨ ᠦᠷᠨᠢᠭᠦᠯᠵᠦ᠂ ᠳᠤᠮᠳᠠᠳᠤ ᠤᠯᠤᠰ ᠤᠨ ᠣᠩᠭᠤᠴᠠᠨ ᠤ | ᠪᠦᠯᠦᠭᠯᠡᠯ᠂ ᠵᠦᠩ ᠰᠢᠨ ᠪᠦᠯᠦᠭᠯᠡᠯ ᠪᠠ ᠱᠠᠩᠬᠠᠢ ᠶᠢᠨ ᠲᠡᠮᠲᠡᠭᠲᠦ ᠶᠢᠨ ᠠᠷᠠᠯᠵᠢᠶᠠᠨ ᠤ ᠭᠠᠵᠠᠷ ᠵᠡᠷᠭᠡ ᠯᠦᠭᠡ | ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠬᠠᠮᠲᠤᠷᠠᠨ ᠠᠵᠢᠯᠯᠠᠪᠡ᠃ | ︵ᠨᠠᠢᠮᠠ︶ ᠠᠷᠠᠳ ᠤᠨ ᠠᠮᠢᠳᠣᠷᠠᠯ ᠢ ᠭᠦᠴᠦᠯᠡᠨ ᠪᠠᠳᠣᠯᠠᠪᠠ᠃ ᠬᠤᠳᠠ ᠭᠦᠳᠡᠭᠡ ᠶᠢᠨ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠭᠦᠮᠦᠨ ᠲᠤᠮᠳᠠᠴᠢ ᠶᠢᠨ ᠡᠵᠡᠮᠳᠡᠨ ᠭᠡᠷᠡᠭᠯᠡᠵᠦ ᠪᠣᠯᠬᠤ ᠣᠷᠣᠯᠭ᠎ᠠ ᠶᠢ ᠲᠣᠰ ᠲᠣᠰ 1.4% | ᠪᠠ 8.4% ᠨᠡᠮᠡᠭᠳᠡᠬᠦᠯᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠬᠦ ᠬᠤᠷᠳᠤᠴᠠ ᠨᠢ ᠪᠦᠬᠦ | ᠤᠯᠤᠰ ᠤᠨ ᠳᠤᠮᠳᠠᠴᠢ ᠬᠢᠷᠢ ᠲᠦᠪᠰᠢᠨ ᠠᠴᠠ 1.5 ᠵᠠᠭᠤᠨ ᠤ ᠴᠡᠭ ᠳᠡᠭᠡᠭᠰᠢᠯᠡᠨ᠂ ᠰᠠᠭᠤᠭᠠᠯᠢ ᠠᠷᠠᠳ ᠤᠨ | ᠭᠡᠷᠡᠭᠯᠡᠭᠡ ᠶᠢᠨ ᠦᠨ᠎ᠡ ᠬᠠᠩᠰᠢ ᠶᠢᠨ ᠦᠰᠦᠯᠲᠡ ᠶᠢᠨ ᠬᠡᠮᠵᠢᠶ᠎ᠡ ᠨᠢ ᠬᠢᠵᠠᠭᠠᠷᠯᠠᠬᠤ ᠬᠠᠷᠠᠯᠲᠠ ᠠᠴᠠ ᠲᠣᠣᠷ᠎ᠠ ᠪᠣᠯᠪᠠ᠃ | ᠠᠵᠦ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠣᠵᠢᠯ ᠤᠨ ᠳᠠᠭᠠᠳᠬᠠᠯ᠂ ᠠᠵᠢᠯ ᠠᠴᠠ ᠪᠣᠯᠣᠨᠨᠰᠠᠨ | ᠬᠡᠮᠳᠦᠯ ᠤᠨ ᠳᠠᠭᠠᠳᠬᠠᠯ ᠤᠨ ᠲᠠᠯ᠎ᠠ ᠳᠤ ᠦᠪᠡᠷᠳᠡᠬᠡᠨ ᠵᠠᠰᠠᠬᠤ ᠤᠷᠤᠨ ᠤ ᠱᠠᠲᠤᠨ ᠳᠤ ᠨᠢᠭᠡᠳᠦᠯᠳᠡᠢ ᠲᠦᠯᠦᠪᠯᠡᠬᠦ ᠶᠢ | ᠪᠡᠶᠡᠯᠡᠬᠦᠯᠵᠦ᠂ ᠠᠵᠢᠯ ᠠᠴᠠ ᠪᠠᠨ ᠪᠠᠭᠤᠵᠦ ᠠᠮᠠᠷᠬᠠᠰᠠᠳ ᠤᠨ ᠨᠠᠰᠣᠵᠢᠯ ᠤᠨ ᠮᠦᠩᠬᠦ᠂ ᠬᠤᠳᠠ ᠭᠦᠳᠡᠭᠡ ᠶᠢᠨ | ᠨᠠᠭᠠᠳᠣ ᠵᠠᠬ᠎ᠠ ᠶᠢᠨ ᠪᠠᠳᠣᠯᠠᠭ᠎ᠠ᠂ ᠬᠢᠯᠢ ᠶᠢᠨ ᠠᠷᠠᠳ ᠤᠨ ᠨᠡᠮᠡᠭᠦᠷᠢ ᠪᠠ ᠣᠨᠴᠠ ᠭᠦᠴᠢᠷᠳᠡᠯᠳᠡᠢ ᠭᠦᠮᠦᠰ ᠢ | ᠲᠡᠩᠬᠡᠷᠡᠭᠦᠯᠦᠨ ᠲᠤᠰᠠᠯᠠᠵᠤ ᠲᠡᠳᠭᠦᠨ ᠬᠠᠷᠠᠭᠠᠯᠵᠠᠬᠤ ᠪᠠᠷᠢᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠬᠦᠯᠦᠨ᠂ | ᠡᠮᠴᠢᠯᠡᠭᠡᠨ ᠤ ᠦᠨᠳᠦᠰᠦᠨ ᠳᠠᠭᠠᠳᠬᠠᠯ ᠳᠤ ᠤᠷᠤᠯᠴᠬᠠᠰᠠᠨ ᠨᠤᠷᠮ᠎ᠠ 95% ᠪᠣᠯᠪᠠ᠃ ᠬᠤᠳᠠ ᠶᠢᠨ ᠡᠮᠴᠢᠯᠡᠬᠡᠨ ᠤ | ᠪᠦᠯᠦᠭᠯᠡᠯ᠂ ᠬᠤᠰᠢᠭᠤ ᠰᠢᠶᠠᠨ ᠤ ᠬᠡᠪᠴᠢᠶᠡᠨ ᠳᠠᠬᠢ ᠡᠮᠴᠢᠯᠡᠬᠡᠨ ᠤ ᠬᠠᠮᠳᠤ ᠴᠣᠨᠨᠴᠠ ᠶᠢᠨ ᠪᠦᠳᠦᠬᠡᠨ | ᠪᠠᠶᠢᠭᠤᠯᠤᠯᠳᠠ ᠪᠠ ᠱᠠᠳᠣ ᠬᠤᠪᠢᠶᠠᠨ ᠤᠨᠤᠰᠢᠯᠠᠨ ᠡᠮᠨᠡᠬᠦ ᠠᠵᠢᠯ ᠢ ᠲᠦᠷᠬᠡᠳᠬᠡᠨ ᠠᠬᠢᠭᠤᠯᠵᠦ᠂ ᠠᠯᠤᠰ | ᠡᠮᠴᠢᠯᠡᠬᠡᠨ ᠤ ᠰᠢᠰᠲ᠋ᠧᠮ ᠤᠨ ᠬᠠᠮᠤᠷᠬᠤ ᠬᠡᠪᠴᠢᠶ᠎ᠡ ᠦᠷᠭᠦᠯᠵᠢᠯᠡᠨ ᠦᠷᠬᠡᠵᠢᠪᠡ᠃ | ᠲᠦᠭᠡᠮᠡᠯ ᠬᠠᠷᠠᠭᠠᠯᠵᠠᠬᠤ ᠴᠢᠨᠠᠷᠳᠠᠢ ᠬᠡᠤᠬᠡᠳ ᠤᠨ ᠴᠡᠴᠡᠷᠯᠢᠭ ᠢ ᠪᠦᠷᠬᠦᠨ ᠬᠠᠮᠤᠷᠤᠭᠤᠯᠬᠤ ᠨᠤᠷᠮ᠎ᠠ | ᠳᠡᠭᠡᠭᠰᠢᠯᠡᠬᠡᠳ 85.5% ᠳᠤ ᠭᠦᠷᠴᠤ᠂ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠱᠠᠳᠤᠨ ᠤ ︽ | ᠰᠤᠷᠤᠨᠨᠴᠢ ᠶᠢᠨ ᠲᠤᠭ᠎ᠠ ᠬᠡᠲᠦᠷᠡᠭᠰᠡᠨ ᠠᠩᠭᠢ︾ ᠶᠢᠨ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠪᠡ᠃ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠢ ᠴᠢᠩᠭᠠᠳᠬᠠᠵᠤ᠂ ᠤᠯᠤᠰ ᠤᠨ | ᠨᠢᠬᠡᠳᠦᠯᠳᠡᠢ ᠨᠠᠶᠢᠷᠠᠭᠤᠯᠤᠨᠨᠰᠠᠨ ᠵᠢᠭᠠᠬᠤ ᠮᠠᠲ᠋ᠧᠷᠢᠶᠠᠯ ᠭᠡᠷᠡᠭᠯᠡᠬᠦ ᠠᠵᠢᠯ ᠢ ᠬᠡᠷᠡᠭᠵᠢᠭᠦᠯᠪᠡ᠃ ᠲᠡᠭᠡᠳᠦ ᠵᠡᠷᠭᠡ ᠶᠢᠨ | ᠰᠤᠷᠭᠠᠨ ᠭᠦᠮᠦᠵᠢᠯ ᠤᠨ 43 ᠲᠤᠰᠬᠠᠢ ᠮᠡᠷᠬᠡᠵᠢᠯ ᠨᠢ ᠤᠯᠤᠰ ᠤᠨ ᠲᠡᠰ ᠤᠨ ᠲᠡᠷᠢᠬᠦᠨ ᠲᠡᠰ ᠤᠨ ᠲᠤᠰᠬᠠᠢ | ᠮᠡᠷᠬᠡᠵᠢᠯ ᠳᠤ ᠰᠣᠩᠭᠤᠨᠨᠳᠠᠨ ᠤᠷᠤᠪᠠ᠃ 30 ᠲᠦᠮᠡ ᠭᠠᠷᠤᠢ ᠭᠦᠮᠦᠨ ᠠᠮᠠ ᠲᠠᠢ ᠬᠤᠰᠢᠭᠤ ᠰᠢᠶᠠᠨ ᠪᠣᠯᠭᠠᠨ ᠳᠤ | ᠤᠨᠴᠠᠭᠠᠢ ᠰᠤᠷᠭᠠᠨ ᠭᠦᠮᠦᠵᠢᠯ ᠤᠨ ᠰᠤᠷᠭᠠᠭᠤᠯᠢ ᠲᠠᠢ ᠪᠣᠯᠭᠠᠪᠠ᠃ | ᠣᠯᠠᠭᠠᠨᠮᠦ᠋ᠴᠢᠷ ᠤᠨ ᠠᠵᠢᠯ ᠦᠢᠯᠡᠰ ᠤᠨ ᠤᠷᠳᠤᠪᠳᠤᠷ ᠪᠠ ᠤᠷᠳᠤ ᠬᠤᠭᠤᠴᠠᠭᠠᠨ ᠤ ᠭᠦᠭᠵᠢᠯᠳᠡ ᠶᠢᠨ | ᠲᠦᠯᠦᠪᠵᠢᠬᠦᠯᠬᠡ ᠶᠢ ᠲᠤᠨᠨᠳᠠᠭᠠᠵᠦ᠂ ᠣᠯᠠᠭᠠᠨᠮᠦ᠋ᠴᠢᠷ ᠤᠨ ᠤᠤᠭᠠᠨ ᠰᠤᠩᠭᠤᠳᠠᠭ ᠪᠦᠳᠦᠬᠡᠯ ᠤᠨ ᠤᠯᠠᠮᠵᠢᠯᠠᠨ | ᠵᠠᠯᠭᠠᠮᠵᠢᠯᠠᠬᠤ ᠢᠨᠵᠧᠨᠧᠷᠢᠩ ᠢ ᠡᠬᠢᠯᠡᠬᠦᠯᠦᠨ᠂ ︽ᠣᠯᠠᠭᠠᠨᠮᠦ᠋ᠴᠢᠷ ᠤᠨ ᠠᠵᠢᠯᠯᠠᠭ᠎ᠠ ᠶᠢᠨ ᠰᠠᠷ᠎ᠠ︾ ᠶᠢ ᠦᠷᠨᠢᠬᠦᠯᠪᠡ᠃ | ᠯᠢᠶᠤᠤ ᠤᠯᠤᠰ ᠤᠨ ᠦᠶ᠎ᠡ ᠶᠢᠨ ᠡᠤ ᠠᠨ ᠵᠸᠤ ᠶᠢᠨ ᠰᠣᠪᠤᠷᠭ᠎ᠠ᠂ ᠠᠷᠵᠠᠢ ᠠᠭᠤᠢ ᠵᠡᠷᠭᠡ ᠭᠤᠣᠯᠳᠠᠯᠭ᠎ᠠ ᠲᠠᠢ | ᠲᠡᠤᠬᠡ ᠶᠢᠨ ᠲᠤᠷᠠᠰᠬᠠᠯᠳᠤ ᠵᠦᠢᠯᠡᠰ ᠲᠤ ᠬᠠᠮᠠᠭᠠᠯᠠᠵᠦ ᠰᠡᠯᠪᠢᠨ ᠵᠠᠰᠠᠬᠤ ᠢᠨᠵᠧᠨᠧᠷᠢᠩ ᠢ ᠭᠡᠷᠡᠭᠵᠢᠬᠦᠯᠪᠡ᠃ | ᠶᠡᠷᠦᠩᠬᠡᠢ ᠭᠦᠮᠦᠨ ᠠᠮᠠ ᠶᠢᠨ 99.7% ᠨᠢ ᠷᠠᠳᠢᠣ᠋ ᠲᠧᠯᠸᠢᠰ ᠢ ᠬᠦᠯᠢᠶᠡᠨ ᠠᠪᠴᠦ ᠰᠤᠨᠤᠰᠬᠤ ᠪᠠ ᠦᠵᠡᠵᠦ | ᠴᠢᠳᠠᠬᠤ ᠪᠣᠯᠪᠠ᠃ ᠤᠷᠴᠤᠨ ᠬᠡᠯᠡ᠂ ᠲᠠᠭᠤᠷ ᠬᠡᠯᠡᠨ ᠤ ᠪᠠᠶᠢᠩᠭᠤ ᠬᠡᠷᠡᠭᠯᠡᠭᠳᠡᠬᠦ ᠦᠭᠡᠨ ᠤ ᠠᠪᠢᠶᠠᠨ ᠤ ᠲᠣᠯᠢ ᠶᠢ | ᠬᠡᠪᠯᠡᠪᠡ᠃ ᠪᠦᠭᠦ ᠤᠯᠤᠰ ᠤᠨ ᠠᠵᠢᠯ ᠮᠡᠷᠬᠡᠵᠢᠯ ᠤᠨ ᠬᠤᠯᠪᠤᠭᠠᠳᠤ ᠤᠷᠤᠯᠳᠤᠭᠠᠨ ᠳᠤ ᠦᠪᠦᠷ ᠮᠤᠩᠭᠤᠯ ᠤᠨ | ᠭᠦᠳᠡᠭᠡ ᠲᠤᠰᠬᠤᠨ ᠤ ᠢᠳᠡᠬᠡᠮᠵᠢ ᠶᠢᠨ ᠬᠤᠷᠰᠢᠶᠠᠨ ᠤ ᠡᠮᠡᠭᠳᠡᠢ ᠶᠢᠨ ᠰᠬᠠᠰᠣᠨ ᠪᠦᠮᠪᠦᠭᠡ ᠶᠢᠨ ᠠᠩᠭᠢ ᠨᠢ ᠠᠩᠬ᠎ᠠ | ᠤᠳᠠᠭ᠎ᠠ ᠮᠠᠩᠯᠠᠶᠢᠯᠠᠪᠠ᠃ ᠬᠦᠯ ᠪᠦᠮᠪᠦᠭᠡ ᠶᠢᠨ ᠬᠦᠳᠡᠯᠭᠡᠭᠡᠨ ᠤ ᠦᠭᠡᠷᠡᠴᠢᠯᠡᠯᠲᠡ ᠶᠢᠨ ᠲᠣᠷᠰᠢᠯᠲᠠ ᠶᠢᠨ ᠴᠡᠭ ᠤᠨ | ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠪᠡ᠃ | ᠬᠤᠳᠠ ᠶᠢᠨ ᠨᠠᠷᠢᠯᠢᠨᠨᠵᠢᠯ ᠬᠠᠮᠢᠶᠠᠷᠤᠯᠳᠠ ᠶᠢᠨ ᠲᠦᠪᠰᠢᠨ ᠤᠯᠠᠮ ᠨᠢᠭᠡ ᠠᠯᠬᠤᠮ ᠲᠡᠭᠡᠭᠰᠢᠯᠡᠪᠡ᠃ ᠬᠤᠳᠠ | ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠲᠠᠬᠢ 20.6 ᠲᠦᠮᠡᠨ ᠡᠷᠦᠭᠡ ᠶᠢ ᠦᠭᠡᠷᠡᠴᠢᠯᠡᠨ ᠰᠢᠨᠡᠳᠭᠡᠵᠦ᠂ | ᠳᠦᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ 2.6 ᠲᠦᠮᠡᠨ ᠢᠵᠢ ᠭᠡᠷ ᠪᠠᠶᠢᠰᠢᠩ ᠢ | ᠦᠭᠡᠷᠡᠴᠢᠯᠡᠨ ᠰᠢᠨᠡᠳᠭᠡᠪᠡ᠃ 2776 ᠲᠦᠷᠦᠯ ᠵᠦᠢᠯ᠂ 133.4 ᠲᠦᠮᠡᠨ ᠢᠵᠢ ᠭᠡᠷ ᠪᠠᠶᠢᠰᠢᠩ ᠭᠠᠵᠠᠷ | ᠭᠦᠷᠦᠩᠬᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠪᠡ᠃ ᠮᠠᠯᠴᠢᠨ ᠲᠠᠷᠢᠶᠠᠴᠢᠨ ᠬᠦᠴᠦ ᠶᠠᠪᠤᠨᠨᠰᠠᠳ ᠲᠤ | ᠦᠷᠢᠲᠦᠵᠦ ᠪᠠᠶᠢᠬᠰᠠᠨ ᠴᠠᠯᠢᠩ ᠤᠨ ᠠᠰᠠᠭᠤᠳᠠᠯ ᠢ ᠪᠦᠳᠦᠮᠵᠢᠳᠡᠢ ᠴᠡᠭᠴᠡᠯᠡᠪᠡ᠃ | ᠠᠮᠤᠭᠤᠯᠠᠩᠲᠤ ᠦᠪᠦᠷ ᠮᠤᠩᠭᠤᠯ ᠤᠨ ᠪᠦᠳᠦᠬᠡᠨ ᠪᠠᠶᠢᠭᠤᠯᠤᠯᠳᠠ ᠶᠢ ᠠᠬᠢᠭᠤᠯᠵᠤ᠂ ᠬᠠᠷ᠎ᠠ ᠪᠦᠯᠦᠭᠳᠡᠨ | ᠬᠠᠷᠬᠢᠰ ᠭᠦᠴᠦᠨ ᠢ ᠠᠷᠢᠯᠭᠠᠬᠤ ᠲᠤᠰᠬᠠᠢ ᠲᠡᠮᠡᠴᠡᠯ ᠲᠠᠭᠦᠰ ᠠᠮᠵᠢᠯᠲᠠ ᠲᠠᠢ ᠳᠠᠭᠤᠰᠪᠠ᠃ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠲᠠᠯ᠎ᠠ ᠨᠤᠲᠤᠭ ᠣᠢ | ᠰᠢᠭᠤᠢ ᠶᠢᠨ ᠭᠠᠯ ᠲᠦᠢᠮᠡᠷ ᠢ ᠰᠡᠷᠭᠡᠶᠢᠯᠡᠬᠦ ᠲᠤᠨᠤᠭ ᠲᠥᠭᠦᠭᠡᠷᠦᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ | ᠨᠡᠭᠦᠷᠡᠰᠦᠨ ᠤ ᠠᠭᠤᠷᠬᠠᠢ᠂ ᠠᠶᠤᠯᠲᠠᠢ ᠬᠢᠮᠢ ᠶᠢᠨ ᠪᠤᠳᠠᠰ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠠᠶᠤᠯ | ᠦᠬᠡᠢ ᠦᠢᠯᠡᠳᠪᠦᠷᠢᠯᠡᠯ ᠢ ᠲᠤᠰᠬᠠᠶᠢᠯᠠᠨ ᠴᠡᠭᠴᠡᠯᠡᠵᠦ ᠵᠠᠰᠠᠬᠤ ᠠᠵᠢᠯ ᠢ ᠠᠬᠢᠭᠤᠯᠵᠤ᠂ ᠠᠶᠤᠯ ᠦᠭᠡᠢ | ᠦᠢᠯᠡᠳᠪᠦᠷᠢᠯᠡᠯ ᠤᠨ ᠡ᠊ᠡᠳᠡᠯ ᠲᠠᠰᠤᠷᠠᠯᠳᠠ ᠦᠬᠡᠢ ᠪᠠᠭᠤᠷᠠᠪᠠ᠃ | ᠲᠦᠯᠦᠭᠡᠯᠡᠭᠴᠢᠳ ᠡ︕ ᠦᠩᠭᠡᠷᠡᠭᠰᠡᠨ ᠨᠢᠭᠡ ᠵᠢᠯ ᠳᠤ᠂ ᠪᠢᠳᠡ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠤᠭᠴᠠ ᠶᠢᠨ ᠦᠵᠡᠯ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠨ᠂ ᠦᠨᠳᠦᠰᠦᠳᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠵᠦ᠂ ᠦᠨᠳᠦᠰᠦᠳᠡᠨ ᠤ ᠪᠦᠯᠭᠦᠮᠳᠡᠯ ᠳᠠᠪᠰᠢᠯᠲᠠ ᠶᠢᠨ ᠤᠬᠠᠭᠤᠯᠭ᠎ᠠ | ᠭᠦᠮᠦᠵᠢᠯ ᠢ ᠭᠦᠨᠵᠡᠬᠡᠶᠢᠷᠡᠭᠦᠯᠦᠨ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶ᠎ᠡ | ᠦᠵᠡᠭᠦᠯᠬᠦ ᠣᠷᠣᠨ ᠪᠠ ᠵᠢᠱᠢᠶ᠎ᠡ ᠦᠵᠡᠭᠦᠯᠬᠦ ᠨᠢᠭᠡᠴᠢ ᠶᠢ 4 ᠴᠤᠬᠴᠠᠯᠠᠪᠠ᠃ | ᠱᠠᠰᠢᠨ ᠰᠤᠷᠳᠠᠬᠤᠨ ᠤ ᠲᠤᠬᠠᠢ ᠨᠠᠮ ᠤᠨ ᠲᠦᠷᠦ ᠶᠢᠨ ᠪᠣᠳᠣᠯᠭ᠎ᠠ ᠶᠢ ᠪᠦᠭᠦ ᠲᠠᠯ᠎ᠠ ᠪᠠᠷ | ᠨᠠᠶᠢᠳᠠᠪᠣᠷᠢᠵᠢᠭᠤᠯᠵᠦ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ᠂ ᠬᠤᠶᠠᠷ ᠢ ᠭᠦᠷᠢᠶᠡᠯᠡᠬᠦ ᠪᠠ | ᠠᠰᠠᠷᠠᠨ ᠬᠠᠷᠠᠭᠠᠯᠵᠠᠬᠤ᠂ ᠠᠷᠠᠳ ᠤᠨ ᠠᠭᠠᠷ ᠤᠨ ᠰᠡᠷᠬᠡᠶᠢᠯᠡᠯᠳᠡ᠂ ᠲᠤᠭ᠎ᠠ ᠪᠦᠷᠢᠳᠬᠡᠯ ᠪᠠᠶᠢᠴᠠᠭᠠᠯᠳᠠ᠂ ᠭᠠᠵᠠᠷ | ᠭᠦᠳᠡᠯᠦᠯᠳᠡ ᠪᠠ ᠴᠠᠭ ᠠᠭᠤᠷ᠂ ᠨᠡᠶᠢᠬᠡᠮ ᠤᠨ ᠰᠢᠨᠵᠢᠯᠡᠬᠦ ᠤᠬᠠᠭᠠᠨ᠂ ᠳᠠᠩᠰᠠ ᠡᠪᠬᠡᠮᠡᠯ ᠲᠡᠣᠬᠡ ᠤᠶᠢᠯᠠᠯᠭ᠎ᠠ᠂ | ᠵᠦᠪᠳᠡᠭᠴᠢ ᠪᠠ ᠲᠡᠣᠬᠡ ᠰᠤᠶᠤᠯ᠂ ᠭᠠᠳᠠᠭᠠᠳᠤ ᠶᠠᠪᠤᠳᠠᠯ ᠪᠠ ᠬᠠᠷᠢᠶᠠᠳᠤ ᠶᠢᠨ ᠶᠠᠪᠤᠳᠠᠯ ᠵᠡᠷᠭᠡ ᠠᠵᠢᠯ ᠢ | ᠴᠢᠩᠭᠠᠳᠬᠠᠪᠠ᠃ ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠦᠳ ᠤᠨ | ᠬᠤᠯᠪᠤᠭᠠᠳᠣ ᠬᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠬᠡᠮᠯᠢᠭ᠂ ᠵᠠᠮᠳᠡᠭᠴᠦᠳ ᠤᠨ ᠬᠤᠯᠪᠤᠭᠠᠳᠣ | ᠬᠤᠷᠠᠯ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠵᠡᠷᠭᠡ ᠠᠵᠢᠯ ᠦᠢᠯᠡᠰ ᠰᠢᠨ᠎ᠡ ᠳᠠᠪᠰᠢᠯᠲᠠ ᠲᠠᠢ ᠪᠣᠯᠪᠠ᠃ | ᠲᠦᠷᠪᠡᠳᠦᠬᠡᠷ ᠤᠳᠠᠭᠠᠨ ᠤ ᠪᠦᠭᠦ ᠤᠯᠤᠰ ᠤᠨ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢ ᠪᠡᠶᠡᠯᠡᠬᠦᠯᠵᠦ᠂ | ᠲᠤᠯᠤᠳᠤᠭᠠᠷ ᠤᠳᠠᠭᠠᠨ ᠤ ᠪᠦᠭᠦ ᠤᠯᠤᠰ ᠤᠨ ᠭᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢ ᠦᠷᠨᠢᠭᠦᠯᠪᠡ᠃ | ᠪᠢᠳᠡ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠳᠠ ᠶᠢ ᠴᠢᠩᠭᠠᠳᠬᠠᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠪᠡ᠃ ᠦᠪᠡᠷᠳᠡᠬᠡᠨ ᠵᠠᠰᠠᠬᠤ | ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠲᠡᠪᠰᠢᠬᠦᠯᠦᠨ | ᠬᠢᠨᠠᠭᠤᠯᠤᠨᠨᠰᠠᠨ ᠤᠷᠤᠨ ᠨᠣᠳᠤᠭ ᠤᠨ ᠴᠢᠨᠠᠷᠳᠠᠢ ᠬᠠᠤᠯᠢ ᠲᠤᠨᠨᠳᠠᠭᠠᠯ ᠪᠠ ᠰᠠᠨᠠᠯ ᠵᠦᠪᠯᠡᠯᠭᠡ 24 ᠪᠠᠶᠢᠵᠦ᠂ | ᠵᠠᠰᠠᠭ ᠤᠨ ᠣᠷᠳᠣᠨ ᠤ 11 ᠲᠣᠨᠨᠳᠠᠭᠠᠯ ᠲᠦᠷᠢᠮ ᠢ ᠲᠣᠨᠨᠳᠠᠭᠠᠵᠦ᠂ ᠵᠠᠰᠠᠪᠣᠷᠢ ᠣᠷᠣᠭᠤᠯᠣᠨᠨᠰᠠᠨ ᠪᠠ ᠭᠦᠴᠦᠨ | ᠦᠬᠡᠢ ᠪᠣᠯᠭᠠᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ ᠪᠠ | ᠤᠯᠤᠰ ᠲᠦᠷᠦ ᠶᠢᠨ ᠵᠦᠪᠯᠡᠯᠬᠡᠨ ᠤ ᠬᠡᠰᠢᠭᠦᠳ ᠤᠨ ᠰᠠᠨᠠᠯ ᠲᠤᠷᠠᠳᠤᠯᠭ᠎ᠠ ᠪᠦᠭᠦᠨ ᠢ ᠴᠦᠮ ᠭᠦᠢᠴᠡᠳᠬᠡᠪᠡ᠃ | ᠬᠢᠳᠠᠳ ᠮᠤᠩᠭᠤᠯ ᠬᠠᠤᠯᠢ ᠴᠠᠭᠠᠵᠠ ᠶᠢᠨ ᠬᠡᠷᠡᠭᠯᠡᠬᠡᠨ ᠤ ᠪᠦᠷᠢᠨ ᠲᠣᠯᠢ ᠶᠢ ᠨᠠᠶᠢᠷᠠᠭᠤᠯᠤᠨ ᠬᠡᠪᠯᠡᠪᠡ᠃ ᠦᠪᠡᠷᠳᠡᠬᠡᠨ | ᠵᠠᠰᠠᠬᠤ ᠤᠷᠤᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠨᠨᠲᠠᠭᠠᠬᠤ ᠲᠡᠰ | ᠳᠠᠷᠠᠭᠠᠯᠠᠯ ᠤᠨ ᠲᠤᠨᠨᠳᠠᠭᠠᠯ ᠳᠤ ᠵᠠᠰᠠᠪᠤᠷᠢ ᠤᠷᠤᠭᠤᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ | ᠪᠣᠳᠣᠯᠭ᠎ᠠ ᠳᠣᠨᠨᠲᠠᠭᠠᠨ ᠬᠡᠷᠡᠭᠵᠢᠬᠦᠯᠬᠦ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ᠂ ᠵᠠᠰᠠᠭ ᠵᠠᠬᠢᠷᠭᠠᠨ ᠤ | ᠡᠷᠬᠡ ᠳᠠᠬᠢ ᠭᠦᠯᠢᠶᠡᠰᠦᠯᠡᠯ ᠪᠠ ᠬᠢᠨᠠᠯᠳᠠ ᠲᠠᠯᠪᠢᠯᠳᠠ ᠶᠢ ᠴᠢᠩᠭᠠᠳᠬᠠᠪᠠ᠃ ᠪᠠᠶᠢᠴᠠᠭᠠᠬᠤ ᠪᠠᠶᠢᠭᠤᠯᠭ᠎ᠠ ᠶᠢᠨ ᠬᠢᠨ ᠤ | ᠨᠡᠶᠢᠳᠡ ᠶᠢᠨ ᠠᠰᠠᠷᠠᠮᠵᠢ ᠶᠢᠨ ᠴᠢᠨᠠᠷᠲᠠᠢ ᠵᠠᠷᠭᠤ ᠦᠷᠨᠢᠬᠦᠯᠬᠦ ᠶᠢ ᠲᠡᠮᠵᠢᠪᠡ᠃ ᠵᠠᠰᠠᠭ ᠤᠨ ᠶᠠᠪᠤᠳᠠᠯ ᠤᠨ ᠢᠯᠡ | ᠪᠤᠯᠭᠠᠬᠤ ᠶᠢ ᠠᠬᠢᠭᠤᠯᠵᠦ᠂ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠣᠷᠳᠣᠨ ᠰᠣᠨᠢᠨ ᠮᠡᠳᠡᠭᠡ ᠨᠡᠶᠢᠳᠡᠯᠡᠬᠦ | ᠬᠤᠷᠠᠯ ᠢ 161 ᠤᠳᠠᠭ᠎ᠠ ᠬᠤᠷᠠᠯᠳᠤᠭᠤᠯᠵᠦ᠂ ᠨᠡᠶᠢᠬᠡᠮ ᠤᠨ ᠬᠠᠯᠠᠮᠰᠢᠯ ᠠᠰᠠᠭᠤᠳᠠᠯ ᠳᠤ ᠴᠠᠭ ᠲᠤᠬᠠᠢ ᠳᠤᠨᠢ | ᠬᠠᠷᠢᠭᠤ ᠥᠭᠪᠡ᠃ | ᠲᠦᠪ ᠤᠨ ᠨᠠᠢᠮᠠᠨ ᠵᠦᠢᠯ ᠤᠨ ᠲᠤᠨᠨᠳᠠᠭᠠᠯ ᠤᠨ ᠵᠣᠷᠢᠭ ᠰᠠᠨᠠᠭ᠎ᠠ ᠪᠠ ᠦᠪᠡᠷᠳᠡᠬᠡᠨ ᠵᠠᠰᠠᠬᠤ ᠤᠷᠤᠨ ᠤ | ᠲᠦᠭᠦᠷ ᠠᠷᠭ᠎ᠠ ᠶᠢ ᠨᠠᠶᠢᠳᠠᠪᠤᠷᠢᠵᠢᠭᠤᠯᠵᠦ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠦᠷᠭᠦᠯᠵᠢᠯᠡᠨ ᠴᠡᠭᠴᠡᠯᠡᠨ | ᠵᠠᠰᠠᠵᠦ᠂ ᠦᠨᠳᠦᠰᠦᠨ ᠱᠠᠳᠤᠨ ᠤ ᠲᠠᠷᠤᠭᠠᠰᠤ ᠶᠢ ᠦᠨᠡᠨ ᠬᠦ ᠭᠦᠩᠬᠡᠷᠡᠭᠦᠯᠪᠡ᠃ ᠨᠡᠭᠦᠷᠡᠰᠦᠨ ᠤ ᠡᠬᠢ ᠪᠠᠶᠠᠯᠢᠭ ᠤᠨ | ᠭᠦᠷᠢᠶᠡᠨ ᠳᠠᠬᠢ ᠲᠤᠨᠨᠳᠠᠭᠠᠯ ᠬᠠᠤᠯᠢ ᠠᠴᠠ ᠵᠦᠷᠢᠴᠡᠭᠰᠡᠨ ᠠᠰᠠᠭᠤᠳᠠᠯ ᠢ ᠲᠤᠰᠬᠠᠶᠢᠯᠠᠨ ᠴᠡᠭᠴᠡᠯᠡᠵᠦ ᠵᠠᠰᠠᠬᠤ ᠠᠵᠢᠯ | ᠪᠠ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠰᠢᠰᠲ᠋ᠧᠮ ᠳᠠᠬᠢ ᠢᠯᠵᠡᠷᠡᠯ ᠤᠨ ᠠᠰᠠᠭᠤᠳᠠᠯ ᠢ ᠲᠤᠰᠬᠠᠶᠢᠯᠠᠨ | ᠴᠡᠭᠴᠡᠯᠡᠵᠦ ᠵᠠᠰᠠᠬᠤ ᠠᠵᠢᠯ ᠢ ᠠᠬᠢᠭᠤᠯᠪᠠ᠃ ᠡᠳ᠋ ᠤᠨ ᠵᠠᠰᠠᠭ ᠤᠨ ᠪᠡᠯᠡ ᠮᠦᠩᠬᠦ᠂ ᠵᠠᠰᠠᠭ ᠤᠨ ᠣᠷᠳᠣᠨ ᠤ | ᠲᠤᠰᠬᠠᠢ ᠦᠷᠢ ᠥᠭᠴᠡᠭᠡ ᠪᠠ ᠠᠷᠠᠳ ᠤᠨ ᠠᠮᠢᠳᠤᠷᠠᠯ ᠤᠨ ᠭᠦᠷᠢᠶᠡᠨ ᠳᠠᠬᠢ ᠪᠡᠯᠡ ᠮᠦᠩᠬᠦ ᠶᠢ ᠬᠡᠷᠡᠭᠯᠡᠵᠦ | ᠬᠠᠮᠢᠶᠠᠷᠴᠤ ᠪᠠᠶᠢᠭ᠎ᠠ ᠪᠠᠶᠢᠳᠠᠯ ᠳᠤ ᠬᠢᠨᠠᠨ ᠪᠤᠳᠤᠯᠲᠠ ᠪᠠᠷ ᠬᠢᠨᠠᠯᠳᠠ ᠲᠠᠯᠪᠢᠵᠤ᠂ ᠦᠪᠡᠷᠳᠡᠬᠡᠨ ᠵᠠᠰᠠᠬᠤ ᠤᠷᠤᠨ ᠤ | ᠵᠠᠰᠠᠭ ᠤᠨ ᠣᠷᠳᠣᠨ ᠤ ᠠᠵᠦ ᠠᠬᠤᠢ ᠶᠢᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠬᠦᠯᠵᠦ ᠪᠠᠶᠢᠭ᠎ᠠ ᠪᠠᠶᠢᠳᠠᠯ ᠳᠤ | ᠬᠢᠨᠠᠨ ᠪᠤᠳᠤᠯᠲᠠ ᠬᠢᠵᠦ ᠦᠪᠡᠷ ᠢ ᠪᠠᠨ ᠪᠠᠶᠢᠴᠠᠭᠠᠬᠤ ᠶᠢ ᠦᠷᠨᠢᠭᠦᠯᠪᠡ᠃ ︽ᠵᠠᠬᠢᠳᠠᠯ ᠰᠤᠷᠪᠤᠯᠵᠢᠯᠠᠯ ᠤᠨ | ᠠᠰᠠᠭᠤᠳᠠᠯ ᠢ ᠰᠢᠢᠳᠪᠦᠷᠢᠯᠡᠬᠦ ᠤᠨ︾ ᠤ ᠲᠤᠰᠬᠠᠢ ᠠᠵᠢᠯᠯᠠᠭ᠎ᠠ ᠶᠢ ᠬᠡᠷᠡᠭᠵᠢᠬᠦᠯᠵᠦ᠂ ᠵᠠᠬᠢᠳᠠᠯ ᠰᠤᠷᠪᠤᠯᠵᠢᠯᠠᠯ ᠤᠨ | ᠲᠠᠯ᠎ᠠ ᠪᠠᠷ ᠬᠢ ᠨᠢᠭᠡ ᠪᠦᠯᠦᠭ ᠳᠠᠷᠤᠭᠳᠠᠯ ᠬᠡᠷᠡᠭ ᠢ ᠠᠷᠢᠯᠭᠠᠪᠠ᠃ ᠠᠷᠪᠢᠴᠢ ᠭᠠᠮᠳᠠᠢ ᠠᠮᠢᠳᠤᠷᠠᠬᠤ ᠶᠢ ᠪᠠᠷᠢᠮᠲᠠᠯᠠᠵᠤ᠂ | ᠦᠪᠡᠷᠳᠡᠬᠡᠨ ᠵᠠᠰᠠᠬᠤ ᠤᠷᠤᠨ ᠤ ᠲᠤᠰ ᠱᠠᠳᠤᠨ ᠤ ᠲᠦᠰᠦᠪ ᠲᠠᠬᠢ ᠲᠤᠬᠠᠶᠢᠯᠬᠠᠰᠠᠨ ᠠᠵᠢᠯ ᠤᠨ ᠲᠤᠰᠬᠠᠢ | ᠵᠠᠷᠤᠳᠠᠯ ᠢ 10% ᠪᠠᠭᠤᠷᠠᠭᠤᠯᠵᠦ᠂ ᠭᠤᠣᠯᠳᠠᠯᠭ᠎ᠠ ᠶᠢᠨ ᠪᠣᠰᠣ ᠲᠤᠰᠬᠠᠢ ᠪᠡᠯᠡ ᠮᠦᠩᠬᠦ ᠶᠢ 20% ᠪᠠᠭᠠᠰᠬᠠᠪᠠ᠃ | | ᠲᠦᠯᠦᠭᠡᠯᠡᠭᠴᠢᠳ ᠡ︕ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠬᠤᠭᠤᠴᠠᠭ᠎ᠠ ᠪᠣᠯ ᠴᠢᠨᠡᠭᠡᠯᠢᠭ | ᠨᠡᠶᠢᠬᠡᠮ ᠢ ᠪᠦᠭᠦ ᠲᠠᠯ᠎ᠠ ᠪᠠᠷ ᠪᠠᠶᠢᠭᠤᠯᠬᠤ ᠶᠢᠨ ᠰᠢᠢᠳᠪᠦᠷᠢᠯᠡᠭᠴᠢ ᠴᠢᠨᠠᠷᠳᠠᠢ ᠱᠠᠳᠣ ᠦᠶ᠎ᠡ ᠪᠤᠯᠤᠨ᠎ᠠ᠂ ᠮᠦᠨ ᠴᠦ | ᠮᠠᠨ ᠤ ᠤᠷᠤᠨ ᠤ ᠭᠦᠭᠵᠢᠯᠳᠡ ᠶᠢᠨ ᠶᠠᠪᠤᠴᠠ ᠳᠠᠬᠢ ᠴᠢᠬᠤᠯᠡ ᠶᠡᠭᠡ ᠲᠡᠤᠬᠡᠳᠦ ᠠᠴᠢ ᠬᠤᠯᠪᠤᠨᠨᠳᠠᠯ ᠲᠠᠢ ᠲᠠᠪᠤᠨ | ᠵᠢᠯ ᠪᠣᠯᠬᠤ ᠶᠣᠮ᠃ ᠶᠡᠷᠦᠩᠬᠡᠢ ᠱᠦᠵᠢ ᠰᠢ ᠶᠢᠨ ᠫᠢᠩ ᠦᠪᠦᠷ ᠮᠤᠩᠭᠤᠯ ᠪᠠᠶᠢᠭᠤᠯᠤᠨᠨᠳ᠋ᠬᠠᠰᠠᠨ 70 ᠵᠢᠯ ᠤᠨ | ᠤᠢ ᠳᠤ ᠪᠢᠴᠢᠬᠡᠰᠦ ᠪᠢᠴᠢᠵᠦ᠂ ᠤᠯᠠᠭᠠᠨᠮᠦ᠋ᠴᠢᠷ ᠤᠨ ᠬᠡᠰᠢᠭᠦᠳ ᠲᠤ ᠬᠠᠷᠢᠭᠤ ᠵᠠᠬᠢᠳᠠᠯ ᠢᠯᠡᠬᠡᠨ᠂ ᠠᠷᠪᠠᠨ | ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠦᠪᠦᠷ | ᠮᠤᠩᠭᠤᠯ ᠤᠨ ᠲᠦᠯᠦᠬᠡᠯᠡᠭᠴᠢᠳ ᠤᠨ ᠪᠦᠯᠭᠦᠮ ᠤᠨ ᠬᠢᠨ ᠤ ᠬᠢᠨᠠᠨ ᠵᠦᠪᠯᠡᠬᠦ ᠳᠤ ᠭᠤᠷᠪᠠᠨ ᠵᠢᠯ ᠳᠠᠷᠠᠭᠠᠯᠠᠨ | ᠤᠷᠤᠯᠴᠠᠵᠦ᠂ 2019 ᠤᠨ ᠤ 7 ᠳ᠋ᠤᠭᠠᠷ ᠰᠠᠷ᠎ᠠ ᠳᠤ ᠮᠠᠨ ᠤ ᠤᠷᠤᠨ ᠳᠤ ᠰᠠᠭᠠᠳᠠᠵᠦ ᠰᠢᠨᠵᠢᠯᠡᠨ ᠪᠠᠶᠢᠴᠠᠭᠠᠵᠦ | ᠵᠢᠭᠠᠨ ᠵᠢᠯᠤᠭᠤᠳᠤᠭᠠᠳ ᠦᠪᠦᠷ ᠮᠤᠩᠭᠤᠯ ᠳᠤ ᠠᠯᠢ ᠤᠯᠠᠨ ᠴᠢᠬᠤᠯᠡ ᠶᠡᠭᠡ ᠵᠢᠭᠠᠪᠤᠷᠢ ᠭᠠᠷᠭᠠᠨᠨᠰᠠᠨ ᠨᠢ ᠰᠢᠨ᠎ᠡ | ᠴᠠᠭ ᠦᠶ᠎ᠡ ᠶᠢᠨ ᠦᠪᠦᠷ ᠮᠤᠩᠭᠤᠯ ᠤᠨ ᠭᠦᠭᠵᠢᠯᠳᠡ ᠳᠤ ᠰᠢᠨᠵᠢᠯᠡᠬᠦ ᠤᠬᠠᠭᠠᠨᠴᠢ ᠵᠢᠯᠤᠭᠤᠳᠤᠮᠵᠢ ᠪᠤᠯᠵᠦ᠂ ᠪᠦᠭᠦ | ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠤᠷᠮ᠎ᠠ ᠵᠣᠷᠢᠭ ᠢ ᠭᠦᠭᠵᠢᠬᠡᠨ ᠡᠷᠴᠢ ᠭᠦᠴᠦᠨ ᠢ | ᠴᠢᠩᠭᠠᠯᠠᠪᠠ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠬᠤᠭᠤᠴᠠᠭᠠᠨ ᠳᠤ᠂ ᠪᠢᠳᠡ ᠰᠢᠨ᠎ᠡ | ᠭᠦᠭᠵᠢᠯᠳᠡ ᠶᠢᠨ ᠤᠨᠤᠯᠵᠢᠬᠤᠨ ᠢ ᠬᠢᠨᠠᠮᠠᠭᠠᠢ ᠲᠤᠭᠤᠰᠢᠯᠠᠭᠤᠯᠤᠨ᠂ ᠭᠦᠭᠵᠢᠯᠳᠡ ᠶᠢᠨ ᠠᠷᠭ᠎ᠠ ᠬᠡᠯᠪᠡᠷᠢ ᠪᠠᠨ | ᠭᠦᠴᠦᠯᠡᠨ ᠬᠤᠪᠢᠷᠠᠭᠤᠯᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠨ᠂ ᠪᠤᠬᠢᠷᠳᠤᠯ ᠦᠬᠡᠢ ᠭᠦᠭᠵᠢᠬᠦᠯᠬᠦ ᠪᠠᠷ | ᠤᠳᠤᠷᠢᠳᠤᠮᠵᠢ ᠪᠤᠯᠭᠠᠨᠨᠰᠠᠨ ᠴᠢᠨᠠᠷ ᠰᠠᠶᠢᠳᠠᠢ ᠭᠦᠭᠵᠢᠯᠳᠡ ᠶᠢᠨ ᠰᠢᠨ᠎ᠡ ᠵᠠᠮ ᠢ ᠢᠳᠡᠪᠬᠢᠳᠡᠢ ᠰᠦᠪᠡᠭᠴᠢᠯᠡᠪᠡ᠃ | ᠠᠵᠦ ᠠᠬᠤᠢ ᠶᠢᠨ ᠭᠦᠭᠵᠢᠯᠳᠡ ᠶᠢᠨ ᠶᠠᠰᠤ ᠴᠢᠨᠠᠷ ᠲᠤᠨᠨᠳᠠᠭᠤᠨ ᠢᠶᠠᠷ ᠳᠡᠭᠡᠭᠰᠢᠯᠡᠪᠡ᠂ ᠡᠳ᠋ ᠤᠨ ᠵᠠᠰᠠᠭ ᠤᠨ | ᠣᠷᠣᠯᠭ᠎ᠠ᠂ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ᠂ ᠠᠵᠦ ᠦᠢᠯᠡᠳᠪᠦᠷᠢ ᠶᠢᠨ ᠨᠡᠮᠡᠭᠳᠡᠯ | ᠦᠷᠲᠡᠭ ᠵᠡᠷᠭᠡ ᠶᠢᠨ ᠲᠤᠭ᠎ᠠ ᠪᠠᠷᠢᠮᠳᠠ ᠳᠤ ᠬᠤᠳᠠᠯ ᠬᠠᠭᠤᠷᠮᠠᠭ ᠪᠠᠶᠢᠭ᠎ᠠ ᠠᠰᠠᠭᠤᠳᠠᠯ ᠢ ᠡᠷᠡᠰ ᠵᠠᠯᠠᠷᠠᠭᠤᠯᠪᠠ᠃ | ᠡᠳ᠋ ᠤᠨ ᠵᠠᠰᠠᠭ ᠤᠨ ᠣᠷᠣᠯᠭ᠎ᠠ ᠶᠢᠨ ᠶᠠᠰᠣ ᠴᠢᠨᠠᠷ ᠢᠯᠡᠳᠳᠡ ᠳᠡᠬᠡᠭᠰᠢᠯᠡᠵᠦ᠂ ᠭᠠᠶᠢᠯᠢ ᠳᠠᠲᠠᠪᠤᠷᠢ ᠶᠢᠨ | ᠣᠷᠣᠯᠭ᠎ᠠ ᠶᠢᠨ ᠡᠵᠡᠯᠡᠬᠦ ᠬᠤᠪᠢ ᠶᠢᠨ ᠵᠢᠩ ᠪᠦᠭᠦ ᠤᠯᠤᠰ ᠤᠨ ᠲᠡᠷᠢᠬᠦᠨ ᠡᠩᠨᠡᠬᠡᠨ ᠳᠤ ᠵᠢᠨᠨᠰᠠᠭᠠᠨᠨᠳᠠᠪᠠ᠃ ᠭᠦᠮᠦᠨ | ᠲᠤᠮᠳᠠᠴᠢ ᠶᠢᠨ ᠦᠢᠯᠡᠳᠪᠦᠷᠢᠯᠡᠯ ᠤᠨ ᠶᠡᠷᠦᠩᠬᠡᠢ ᠥᠷᠳᠡᠭ 1 ᠲᠦᠮᠡᠨ ᠳ᠋ᠣᠯᠯᠠᠷ ᠢ ᠳᠠᠪᠠᠵᠤ᠂ ᠪᠠᠶᠢᠩᠭᠤ ᠰᠠᠭᠤᠭ᠎ᠠ | ᠭᠦᠮᠦᠨ ᠠᠮᠠ ᠶᠢᠨ ᠬᠤᠳᠠ ᠪᠠᠯᠭᠠᠰᠤᠵᠢᠯᠳᠠ ᠶᠢᠨ ᠨᠤᠷᠮ᠎ᠠ 64.1% ᠳᠤ ᠬᠦᠷᠪᠡ᠃ ᠠᠵᠤ ᠦᠢᠯᠡᠰ ᠤᠨ | ᠪᠦᠲᠦᠴᠡ ᠦᠷᠭᠦᠯᠵᠢᠯᠡᠨ ᠰᠢᠯᠢᠳᠡᠭᠵᠢᠵᠦ᠂ ᠦᠨᠳᠦᠷ ᠪᠠᠷᠢᠮᠵᠢᠶᠠᠲᠦ ᠲᠠᠷᠢᠶᠠᠨ ᠭᠠᠵᠠᠷ ᠢ 4125 ᠲᠦᠮᠡᠨ ᠮᠦ | ᠲᠠᠷᠢᠵᠦ᠂ ᠬᠤᠵᠢᠷᠰᠢᠬᠰᠠᠨ ᠲᠠᠷᠢᠶᠠᠯᠠᠬᠤ ᠭᠠᠵᠠᠷ ᠢ 157.2 ᠲᠦᠮᠡᠨ ᠮᠦ ᠰᠠᠶᠢᠵᠢᠷᠠᠭᠤᠯᠤᠨ᠂ ᠲᠠᠷᠢᠶᠠᠯᠠᠩ ᠮᠠᠯ | ᠠᠵᠦ ᠠᠬᠤᠢ ᠶᠢᠨ ᠮᠢᠩᠭᠠᠨ ᠳ᠋ᠦᠩᠰᠢᠭᠤᠷ ᠳᠡᠰ ᠤᠨ ᠭᠤᠤᠯᠯᠠᠬᠤ ᠠᠵᠦ ᠦᠢᠯᠡᠰ ᠢ 2᠂ ᠵᠠᠭᠤᠨ ᠳ᠋ᠦᠩᠰᠢᠭᠤᠷ | ᠳᠡᠰ ᠤᠨ ᠭᠤᠣᠯᠯᠠᠬᠤ ᠠᠵᠤ ᠦᠢᠯᠡᠰ ᠢ 9 ᠪᠤᠢ ᠪᠤᠯᠭᠠᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠦᠯᠦᠪᠵᠢᠭᠦᠯᠭᠡ ᠶᠢᠨ ᠬᠤᠭᠤᠴᠠᠭᠠᠨ ᠳᠠᠬᠢ ᠦᠢᠯᠡᠳᠪᠦᠷᠢᠯᠡᠬᠦ ᠴᠢᠳᠠᠮᠵᠢ ᠶᠢ ᠦᠭᠡᠶᠢᠰᠬᠡᠬᠦ ᠡᠭᠦᠷᠭᠡ ᠪᠠᠨ | ᠳᠠᠪᠠᠭᠤᠯᠤᠨ ᠪᠡᠶᠡᠯᠡᠭᠦᠯᠪᠡ᠃ ᠴᠠᠬᠢᠯᠭᠠᠨ ᠬᠦᠴᠦᠨ ᠤ ᠮᠠᠰᠢᠨ ᠴᠤᠬᠴᠠᠯᠠᠪᠦᠷᠢ 4000 ᠲᠦᠮᠡᠨ ᠺᠢᠯᠤᠸᠠᠲ | ᠰᠢᠨ᠎ᠡ ᠪᠠᠷ ᠨᠡᠮᠡᠭᠳᠡᠵᠦ᠂ ᠶᠡᠷᠦᠩᠬᠡᠢ ᠮᠠᠰᠢᠨ ᠴᠤᠬᠴᠠᠯᠠᠪᠦᠷᠢ 1.46 ᠳ᠋ᠦᠡᠭᠰᠢᠭᠤᠷ ᠺᠢᠯᠤᠸᠠᠲ ᠲᠤ ᠬᠦᠷᠪᠡ᠂ | ᠡᠭᠦᠨ ᠳᠤ ᠰᠢᠨ᠎ᠡ ᠡᠨᠧᠷᠭᠢ ᠭᠤᠷᠪᠠᠨ ᠤ ᠨᠢᠭᠡ ᠠᠴᠠ ᠳᠡᠭᠡᠭᠰᠢᠬᠢ ᠶᠢ ᠡᠵᠡᠯᠡᠪᠠ᠃ ᠵᠢᠭᠤᠯᠴᠢᠳ ᠤᠨ ᠲᠤᠭ᠎ᠠ ᠪᠠ | ᠵᠢᠭᠤᠯᠴᠢᠯᠠᠯ ᠤᠨ ᠦᠢᠯᠡᠰ ᠤᠨ ᠤᠷᠤᠯᠭ᠎ᠠ ᠵᠢᠯ ᠪᠦᠷᠢ ᠳᠤᠮᠳᠠᠴᠢ ᠪᠠᠷ 13.9% ᠪᠠ 18.9% ᠨᠡᠮᠡᠭᠳᠡᠪᠡ᠃ | ᠲᠤᠭᠠᠵᠢᠭᠤᠯᠤᠬᠰᠠᠨ ᠠᠵᠦ ᠠᠬᠤᠢ᠂ ᠴᠤᠬᠯᠠᠭᠠᠨ ᠦᠵᠡᠭᠦᠯᠭᠡ ᠶᠢᠨ ᠠᠵᠦ ᠠᠬᠤᠢ᠂ ᠠᠷᠠᠯᠵᠢᠶ᠎ᠠ ᠬᠤᠳᠠᠯᠳᠤᠭ᠎ᠠ | ᠪᠠᠷᠠᠭᠠᠨ ᠤ ᠭᠦᠢᠯᠭᠡᠭᠡ᠂ ᠤᠳᠤ ᠦᠶ᠎ᠡ ᠶᠢᠨ ᠮᠦᠡᠭᠭᠦᠨ ᠭᠦᠢᠯᠭᠡᠭᠡᠨ ᠢ ᠲᠦᠷᠭᠡᠳᠭᠡᠨ ᠬᠦᠭᠵᠢᠭᠦᠯᠪᠡ᠃ ᠳᠤᠮᠳᠠᠳᠦ | ᠮᠤᠩᠭᠤᠯ ᠤᠨ ᠦᠵᠡᠰᠭᠦᠯᠡᠩ᠂ ᠦᠪᠦᠷ ᠮᠤᠩᠭᠤᠯ ᠤᠨ ᠬᠤᠳᠠᠯᠳᠤᠭᠠᠴᠢᠳ ᠤᠨ ᠶᠡᠭᠡ ᠬᠤᠷᠠᠯ ᠢ ᠬᠤᠷᠠᠯᠳᠤᠭᠤᠯᠵᠦ᠂ | ᠦᠪᠦᠷ ᠮᠤᠩᠭᠤᠯ ᠤᠨ ᠤᠯᠠᠨ ᠤᠯᠤᠰ ᠤᠨ ᠡᠨᠧᠷᠭᠢ ᠶᠢᠨ ᠶᠡᠭᠡ ᠬᠤᠷᠠᠯ᠂ ᠷᠠᠰᠢᠶᠠᠨ ᠤ ᠶᠠᠷᠢᠶᠠᠨ ᠤ ᠲᠠᠪᠴᠠᠩ ᠢ | ᠬᠤᠶᠠᠷ ᠬᠤᠭᠤᠴᠠᠭ᠎ᠠ ᠡᠷᠬᠢᠯᠡᠬᠦ ᠶᠢ ᠳᠡᠮᠵᠢᠪᠡ᠃ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠲᠡᠤᠬᠡᠳᠦ | ᠴᠢᠨᠠᠷᠳᠠᠢ ᠠᠮᠵᠢᠯᠳᠠ ᠪᠦᠳᠦᠮᠵᠢ ᠣᠯᠪᠠ᠂ ᠶᠠᠳᠠᠭᠤ ᠭᠦᠴᠢᠷᠳᠡᠯᠳᠡᠢ 80.2 ᠲᠦᠮᠡᠨ ᠭᠦᠮᠦᠨ ᠠᠮᠠ ᠶᠠᠳᠠᠭᠤ ᠠᠴᠠ | ᠠᠩᠬᠢᠵᠢᠷᠠᠵᠦ᠂ ᠶᠠᠳᠠᠭᠤ ᠭᠦᠴᠢᠷᠳᠡᠯᠳᠡᠢ 57 ᠬᠤᠰᠢᠭᠤ ᠰᠢᠶᠠᠨ᠂ ᠶᠠᠳᠠᠭᠤ ᠭᠦᠴᠢᠷᠳᠡᠯᠳᠡᠢ 3681 ᠭᠠᠴᠠᠭ᠎ᠠ | ᠲᠤᠰᠬᠤᠨ ᠪᠦᠭᠦᠨ ᠢᠶᠠᠷ ᠢᠶᠠᠨ ᠶᠠᠳᠠᠭᠤ ᠶᠢᠨ ᠵᠢᠨᠨᠰᠠᠭᠠᠯᠳᠠ ᠠᠴᠠ ᠭᠠᠷᠪᠠ᠃ ᠶᠠᠳᠠᠭᠤ ᠬᠦᠴᠢᠷᠳᠡᠯᠲᠡᠢ 12.49 | ᠲᠦᠮᠡᠨ ᠬᠦᠮᠦᠨ ᠠᠮᠠ ᠶᠢ ᠤᠨᠳᠤᠤ ᠭᠠᠵᠠᠷ ᠲᠤ ᠨᠡᠭᠦᠯᠭᠡᠬᠦ ᠡᠭᠦᠷᠭᠡ ᠶᠢ ᠪᠡᠶᠡᠯᠡᠭᠦᠯᠵᠦ᠂ ᠲᠦᠪᠬᠢᠨᠡᠭᠦᠯᠬᠦ ᠣᠷᠣᠨ | ᠰᠠᠭᠤᠴᠠ ᠶᠢ 5.33 ᠲᠦᠮᠡᠨ ᠢᠵᠢ ᠪᠠᠶᠢᠭᠤᠯᠪᠠ᠃ ᠬᠦᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠢ | ᠪᠦᠬᠦ ᠬᠦᠮᠦᠨ ᠠᠮᠠ ᠳᠤ ᠠᠵᠤ ᠦᠢᠯᠡᠰ ᠢᠶᠠᠷ ᠶᠠᠳᠠᠭᠤ ᠶᠢ ᠲᠡᠳᠭᠦᠬᠦ ᠲᠦᠷᠦᠯ ᠵᠦᠢᠯ ᠢ ᠨᠠᠶᠢᠳᠠᠪᠤᠷᠢᠵᠢᠭᠤᠯᠵᠤ᠂ | ᠶᠠᠳᠠᠭᠤ ᠬᠦᠴᠢᠷᠳᠡᠯᠲᠡᠢ 40.3 ᠲᠦᠮᠡᠨ ᠬᠦᠮᠦᠨ ᠠᠮᠠ ᠶᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠬᠡᠪᠴᠢᠶᠡᠨ ᠳᠤ ᠣᠷᠤᠭᠤᠯᠪᠠ᠃ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠬᠦᠮᠦᠨ | ᠳᠤᠮᠳᠠᠴᠢ ᠶᠢᠨ ᠣᠷᠤᠯᠭ᠎ᠠ 2015 ᠣᠨ ᠳᠤ 3019 ᠲᠦᠭᠦᠷᠢᠭ ᠪᠠᠶᠢᠭᠰᠠᠨ ᠠᠴᠠ ᠪᠠᠨ 2020 ᠣᠨ ᠳᠤ | ᠪᠤᠯᠬᠤ ᠳᠤ ᠨᠡᠮᠡᠭᠳᠡᠭᠡᠳ 13159 ᠲᠦᠭᠦᠷᠢᠭ ᠪᠣᠯᠵᠦ᠂ ᠵᠢᠯ ᠪᠦᠷᠢ ᠳᠤᠮᠳᠠᠴᠢ ᠪᠠᠷ 34.2% ᠨᠡᠮᠡᠭᠳᠡᠪᠡ᠃ ᠠᠮᠢ | ᠠᠬᠤᠢ ᠣᠷᠴᠢᠨ ᠲᠤᠭᠤᠷᠢᠨ ᠢ ᠬᠠᠮᠠᠭᠠᠯᠠᠬᠤ ᠪᠦᠳᠦᠬᠡᠨ ᠪᠠᠶᠢᠭᠤᠯᠤᠯᠳᠠ ᠮᠡᠳᠡᠭᠳᠡᠮ᠎ᠡ ᠦᠷ᠎ᠡ ᠠᠰᠢᠭ ᠣᠯᠪᠠ᠂ ᠤᠢ | ᠰᠢᠭᠤᠢ ᠶᠢᠨ ᠪᠦᠳᠦᠬᠡᠨ ᠪᠠᠶᠢᠭᠤᠯᠤᠯᠳᠠ᠂ ᠨᠣᠳᠤᠭ ᠪᠡᠯᠴᠢᠬᠡᠷ ᠤᠨ ᠪᠦᠳᠦᠬᠡᠨ ᠪᠠᠶᠢᠭᠤᠯᠣᠯᠳᠠ ᠪᠠ | ᠡᠯᠡᠰᠦᠷᠬᠡᠭᠵᠢᠭᠰᠡᠨ ᠭᠦᠷᠦᠰᠦ ᠰᠢᠷᠦᠢ ᠶᠢ ᠵᠠᠰᠬᠠᠰᠠᠨ ᠲᠠᠯᠠᠪᠠᠢ ᠴᠦᠮ ᠪᠦᠭᠦ ᠤᠯᠤᠰ ᠤᠨ ᠲᠡᠷᠢᠬᠦᠨ ᠳᠤ ᠣᠷᠤᠪᠠ᠂ | ᠣᠢ ᠰᠢᠭᠤᠢ ᠶᠢᠨ ᠬᠤᠴᠢᠯᠭ᠎ᠠ ᠶᠢᠨ ᠨᠤᠷᠮ᠎ᠠ ᠪᠠ ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠶᠢᠨ ᠬᠡᠮᠵᠢᠶ᠎ᠡ ︽ | ᠬᠤᠣᠰ ᠢᠶᠠᠷ ᠳᠡᠭᠡᠭᠰᠢᠯᠡᠵᠦ︾᠂ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠨᠤᠲᠤᠭ ᠤᠨ ᠲᠠᠯᠠᠪᠠᠢ ︽ | ᠬᠤᠣᠰ ᠢᠶᠠᠷ ᠪᠠᠭᠠᠰᠬᠤ︾ ᠶᠢ ᠪᠡᠶᠡᠯᠡᠭᠦᠯᠪᠡ᠃ ᠬᠥᠪᠴᠢ ᠶᠢᠨ ᠡᠯᠡᠰᠦᠨ ᠤ ᠵᠠᠰᠠᠯᠲᠠ ᠣᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠣᠷᠴᠢᠨ ᠲᠣᠭᠤᠷᠢᠨ ᠤ ᠱᠠᠩᠨᠠᠯ ᠢ ᠣᠯᠪᠠ᠂ ︽ᠣᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠨᠡᠶᠢᠲᠡ ᠶᠢᠨ ᠭᠡᠷ᠎ᠡ︾ ᠶᠢᠨ ᠠᠷᠪᠠᠨ ᠭᠤᠷᠪᠠᠳᠤᠭᠠᠷ | ᠤᠳᠠᠭᠠᠨ ᠤ ᠭᠡᠷ᠎ᠡ ᠪᠠᠶᠢᠭᠤᠯᠤᠭᠴᠢᠳ ᠤᠨ ᠬᠤᠷᠠᠯ ᠢ ᠮᠠᠨ ᠤ ᠣᠷᠣᠨ ᠳᠤ ᠬᠤᠷᠠᠯᠳᠤᠭᠤᠯᠵᠤ᠂ ᠶᠡᠷᠦᠩᠬᠡᠢ ᠱᠦᠵᠢ | ᠰᠢ ᠶᠢᠨ ᠫᠢᠩ ᠠᠴᠠ ᠵᠠᠬᠢᠳᠠᠯ ᠢᠷᠡᠭᠦᠯᠵᠦ ᠪᠠᠶᠠᠷ ᠬᠦᠷᠭᠡᠪᠡ᠃ ᠨᠢᠭᠡ ᠪᠦᠯᠦᠭ ᠪᠣᠬᠢᠷᠳᠤᠯ ᠦᠭᠡᠢ ᠠᠭᠤᠷᠬᠠᠢ᠂ | ᠪᠤᠬᠢᠷᠳᠤᠯ ᠦᠭᠡᠢ ᠬᠦᠷᠢᠶᠡᠯᠡᠩ ᠲᠣᠭᠤᠷᠢᠭ᠂ ᠪᠤᠬᠢᠷᠳᠤᠯ ᠦᠭᠡᠢ ᠦᠢᠯᠡᠳᠪᠦᠷᠢ ᠶᠢ ᠪᠠᠶᠢᠭᠤᠯᠪᠠ᠃ ᠣᠢ ᠰᠢᠭᠤᠢ ᠶᠢᠨ | ᠴᠡᠴᠡᠷᠯᠢᠭ᠂ ᠨᠤᠭᠤ ᠭᠠᠵᠠᠷ ᠤᠨ ᠴᠡᠴᠡᠷᠯᠢᠭ᠂ ᠭᠠᠵᠠᠷ ᠰᠢᠨᠵᠢᠯᠡᠭᠡᠨ ᠤ ᠴᠡᠴᠡᠷᠯᠢᠭ ᠵᠡᠷᠭᠡ 372 ᠪᠣᠯᠪᠠ᠃ 2019 | ᠤᠨ ᠳᠤ ᠪᠦᠭᠦ ᠤᠷᠤᠨ ᠤ ᠠᠮᠢ ᠠᠬᠤᠢ ᠶᠢᠨ ᠦᠢᠯᠡᠳᠬᠦᠨ ᠤ ᠥᠷᠳᠡᠭ ︵GEP︶ 4.48 ᠲᠦᠮᠡᠨ | ᠳ᠋ᠦᠩᠰᠢᠭᠤᠷ ᠲᠦᠭᠦᠷᠢᠭ ᠲᠤ ᠭᠦᠷᠴᠤ᠂ ᠠᠳᠠᠯᠢ ᠬᠤᠭᠤᠴᠠᠭᠠᠨ ᠤ GDP ᠶᠢᠨ 2.6 ᠲᠠᠬᠢᠨ ᠪᠣᠯᠣᠭᠠᠳ | 2015 ᠤᠨ ᠤ ᠬᠢ ᠲᠠᠢ ᠬᠠᠷᠢᠴᠠᠭᠤᠯᠬᠤ ᠳᠤ 13.8% ᠨᠡᠮᠡᠭᠳᠡᠪᠡ᠃ ᠰᠠᠭᠤᠷᠢ ᠪᠡᠯᠡᠳᠬᠡᠮᠵᠢ ᠶᠢᠨ | ᠪᠠᠳᠤᠯᠠᠭ᠎ᠠ ᠶᠢᠨ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠂ ᠲᠡᠬᠡᠳᠦ ᠬᠤᠷᠳᠤ ᠶᠢᠨ ᠲᠡᠮᠦᠷ ᠵᠠᠮ ᠢ 404 | ᠺᠢᠯᠤᠮᠧᠳ᠋ᠷ ᠲᠡᠪᠢᠰᠴᠤ᠂ ᠪᠦᠭᠦ ᠤᠯᠤᠰ ᠤᠨ ᠳᠡᠭᠡᠳᠦ ᠬᠤᠷᠳᠤ ᠶᠢᠨ ᠲᠡᠮᠦᠷ ᠵᠠᠮ ᠤᠨ ᠰᠦᠯᠵᠢᠶ᠎ᠡ ᠳᠤ ᠵᠠᠯᠭᠠᠭᠤᠯᠤᠨ | ᠤᠷᠤᠭᠤᠯᠪᠠ᠃ ᠪᠦᠭᠦ ᠤᠷᠤᠨ ᠤ ᠬᠤᠰᠢᠭᠤ ᠰᠢᠶᠠᠨ ︵ᠬᠤᠳᠠ᠂ ᠲᠤᠭᠤᠷᠢᠭ︶ ᠪᠦᠭᠦᠨ ᠳᠤ ᠲᠡᠬᠡᠳᠦ ᠲᠡᠰ ᠤᠨ | ᠵᠠᠰᠠᠮᠠᠯ ᠵᠠᠮ ᠢ ᠨᠡᠪᠳᠡᠷᠡᠬᠦᠯᠵᠦ᠂ ᠰᠤᠮᠤ ᠰᠢᠶᠠᠩ ᠪᠠᠯᠭᠠᠰᠤ ᠪᠠ ᠨᠦᠭᠦᠴᠡᠯ ᠪᠦᠷᠢᠯᠳᠦᠭᠰᠡᠨ ᠵᠠᠰᠠᠬ ᠵᠠᠬᠢᠷᠭᠠᠨ ᠤ | ᠭᠠᠴᠠᠭ᠎ᠠ ᠲᠤᠰᠬᠤᠨ ᠪᠦᠭᠦᠨ ᠳᠤ ᠳᠡᠪᠢᠰᠴᠦ ᠬᠠᠳᠠᠭᠤᠷᠠᠭᠤᠯᠤᠨᠨᠰᠠᠨ ᠵᠠᠮ ᠢ ᠨᠡᠪᠲᠡᠷᠡᠭᠦᠯᠪᠡ᠃ ᠨᠡᠶᠢᠳᠡᠮ ᠬᠡᠷᠡᠭᠯᠡᠬᠦ | ᠨᠢᠰᠬᠡᠯ ᠤᠨ ᠪᠠᠭᠤᠳᠠᠯ ᠢ 15 ᠰᠢᠨ᠎ᠡ ᠪᠠᠷ ᠪᠠᠶᠢᠭᠤᠯᠵᠦ᠂ ᠠᠷᠠᠳ ᠤᠨ ᠬᠡᠷᠡᠭᠯᠡᠬᠡᠨ ᠤ ᠨᠢᠰᠬᠡᠯ ᠤᠨ ᠪᠠᠭᠤᠳᠠᠯ 40 | ᠪᠣᠯᠪᠠ᠃ ᠲᠡᠭᠷᠢᠯᠢᠭ ᠠᠭᠠᠷ ᠠᠶᠠᠯᠠᠯ ᠤᠨ ᠺᠤᠮᠫᠠᠨᠢ ᠶᠢ ᠪᠠᠶᠢᠭᠤᠯᠵᠤ᠂ ᠵᠠᠯᠠᠨ ᠠᠶᠢᠯ᠂ ᠤᠯᠠᠭᠠᠨᠬᠤᠲᠠ᠂ ᠣᠷᠳᠤᠰ ᠤᠨ | ᠠᠭᠠᠷ ᠠᠶᠠᠯᠠᠯ ᠤᠨ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠪᠠ᠃ ᠬᠠᠳᠤᠨ ᠭᠤᠤᠯ ᠤᠨ ᠦᠶᠡᠷ ᠢ | ᠰᠡᠷᠬᠡᠶᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠵᠢᠴᠢ ᠯᠢᠶᠤᠤ ᠾᠧ᠂ ᠨᠤᠨ ᠮᠦᠷᠡᠨ ᠤ ᠭᠤᠣᠯ | ᠣᠷᠤᠰᠬᠠᠯ ᠤᠨ ᠵᠠᠰᠠᠯᠲᠠ ᠶᠢᠨ ᠢᠨᠵᠧᠨᠧᠷᠢᠩ ᠢ ᠪᠠᠶᠢᠭᠤᠯᠪᠠ᠃ ᠣᠨᠴᠠ ᠦᠨᠳᠦᠷ ᠭᠦᠴᠦᠳᠡᠯᠳᠦ ᠴᠠᠬᠢᠯᠭᠠᠨ | ᠭᠦᠴᠦᠨ ᠢ ᠭᠠᠳ᠋ᠬᠠᠰᠢ ᠳᠠᠮᠵᠢᠭᠤᠯᠬᠤ ᠳᠤ ᠰᠠᠭᠠᠳ ᠦᠭᠡᠢ ᠨᠡᠪᠲᠡᠷᠡᠬᠦ ᠱᠤᠭᠤᠮ ᠢ ᠰᠢᠨ᠎ᠡ ᠪᠠᠷ 5 ᠪᠠᠶᠢᠭᠤᠯᠵᠦ᠂ | ᠴᠠᠬᠢᠯᠭᠠᠨ ᠭᠠᠷᠭᠠᠬᠤ ᠬᠡᠮᠵᠢᠶ᠎ᠡ ᠪᠠ ᠭᠠᠳ᠋ᠬᠠᠰᠢ ᠳᠠᠮᠵᠢᠭᠤᠯᠬᠤ ᠴᠠᠬᠢᠯᠭᠠᠨ ᠤ ᠬᠡᠮᠵᠢᠶ᠎ᠡ ᠪᠦᠭᠦ ᠤᠯᠤᠰ ᠤᠨ | ᠲᠡᠷᠢᠬᠦᠨ ᠳᠤ ᠣᠷᠣᠪᠠ᠃ ᠠᠷᠠᠳ ᠤᠨ ᠠᠮᠢᠳᠤᠷᠠᠯ ᠤᠨ ᠲᠦᠪᠰᠢᠨ ᠲᠠᠰᠤᠷᠠᠯᠳᠠ ᠦᠬᠡᠢ ᠲᠡᠭᠡᠭᠰᠢᠯᠡᠪᠡ᠂ ᠠᠷᠠᠳ ᠤᠨ | ᠠᠮᠢᠳᠤᠷᠠᠯ ᠳᠠᠬᠢ ᠤᠷᠤᠭᠤᠯᠤᠯᠲᠠ ᠦᠷᠭᠦᠯᠵᠢᠯᠡᠨ ᠨᠡᠮᠡᠭᠳᠡᠵᠦ᠂ ᠬᠤᠲᠠ ᠪᠠᠯᠭᠠᠰᠤᠨ ᠤ ᠠᠵᠢᠯ ᠣᠯᠭᠤᠯᠲᠠ | ᠲᠣᠭᠲᠠᠭᠤᠨ ᠢᠶᠠᠷ ᠨᠡᠮᠡᠭᠳᠡᠨ᠂ ᠪᠦᠭᠦ ᠰᠠᠭᠤᠭᠠᠯᠢ ᠠᠷᠠᠳ ᠤᠨ ᠭᠦᠮᠦᠨ ᠲᠤᠮᠳᠠᠴᠢ ᠶᠢᠨ ᠡᠵᠡᠮᠳᠡᠨ ᠭᠡᠷᠡᠭᠯᠡᠵᠦ ᠪᠣᠯᠬᠤ | ᠣᠷᠣᠯᠭ᠎ᠠ ᠦᠷᠭᠦᠯᠵᠢᠯᠡᠨ ᠳᠡᠭᠡᠭᠰᠢᠯᠡᠪᠡ᠃ ᠬᠤᠳᠠ ᠭᠦᠳᠡᠭᠡ ᠶᠢ ᠬᠠᠮᠤᠷᠤᠨᠨᠰᠠᠨ ᠨᠡᠶᠢᠬᠡᠮ ᠤᠨ ᠪᠠᠳᠤᠯᠠᠭ᠎ᠠ ᠶᠢᠨ | ᠰᠢᠰᠲ᠋ᠧᠮᠵᠢ ᠦᠨᠳᠦᠰᠦᠨ ᠳᠡᠭᠡᠨ ᠪᠠᠶᠢᠭᠤᠯᠤᠬᠳᠠᠵᠦ᠂ ᠤᠯᠠᠨ ᠨᠡᠶᠢᠳᠡ ᠶᠢᠨ ᠦᠢᠯᠡᠴᠢᠯᠡᠬᠡᠨ ᠤ ᠰᠢᠰᠲ᠋ᠧᠮ ᠢ | ᠲᠠᠰᠤᠷᠠᠯᠳᠠ ᠦᠬᠡᠢ ᠲᠡᠭᠦᠯᠳᠡᠷᠵᠢᠬᠦᠯᠪᠡ᠃ ᠰᠤᠷᠭᠠᠨ ᠬᠦᠮᠦᠵᠢᠯ ᠤᠨ ᠲᠦᠭᠡᠮᠡᠯᠵᠢᠭᠰᠡᠨ ᠬᠢᠷᠢ ᠲᠦᠪᠰᠢᠨ ᠪᠦᠬᠦ | ᠲᠠᠯ᠎ᠠ ᠪᠠᠷ ᠳᠡᠭᠡᠭᠰᠢᠯᠡᠵᠦ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠳᠠᠬᠢ ᠰᠤᠷᠭᠠᠭᠤᠯᠢ ᠶᠢᠨ ︽ | ᠲᠤᠮᠤ ᠬᠠᠨᠵᠤ︾᠂ ᠰᠤᠷᠭᠠᠭᠤᠯᠢ ᠶᠢᠨ ᠪᠠᠶᠢᠷᠢ ᠶᠢᠨ ᠠᠷᠢᠭᠤᠨ ᠴᠡᠪᠡᠷ ᠪᠠ ᠰᠦᠷᠴᠢᠮᠡᠯ ᠤᠬᠢᠶᠠᠯᠭ᠎ᠠ ᠲᠠᠢ ᠪᠡᠯᠡᠳᠭᠡᠮᠵᠢ | ᠂ ᠬᠤᠭᠤᠯᠠᠨ ᠭᠡᠷ ᠤᠨ ᠰᠢᠪᠠᠷ ᠵᠣᠤᠬ᠎ᠠ᠂ ᠵᠣᠤᠬ᠎ᠠ ᠪᠠᠷ ᠳᠤᠯᠠᠭᠠᠯᠠᠬᠤ ᠵᠡᠷᠭᠡ ᠳᠣᠪᠤᠶᠢᠮ᠎ᠠ ᠠᠰᠠᠭᠤᠳᠠᠯ ᠢ | ᠦᠨᠳᠦᠰᠦᠨ ᠳᠤ ᠪᠠᠨ ᠰᠢᠢᠳᠪᠦᠷᠢᠯᠡᠪᠡ᠃ ᠪᠦᠬᠦ ᠣᠷᠣᠨ ᠳᠤ ᠳ᠋ᠣᠺᠲ᠋ᠣᠷ ᠴᠤᠯᠠ ᠣᠯᠭᠤᠬᠤ ᠴᠡᠭ 32 | ᠪᠠᠶᠢᠭᠰᠠᠨ ᠠᠴᠠ ᠪᠠᠨ 42 ᠪᠣᠯᠵᠤ ᠨᠡᠮᠡᠭᠳᠡᠪᠡ᠃ ᠬᠤᠰᠢᠭᠤ ᠰᠢᠶᠠᠨ ᠤ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ | ᠬᠤᠷᠢᠶ᠎ᠠ ᠪᠦᠬᠦᠨ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠤ ᠪᠠᠷᠢᠮᠵᠢᠶ᠎ᠠ ᠳᠤ ᠬᠦᠷᠪᠡ᠃ | ᠮᠢᠩᠭᠠᠨ ᠬᠦᠮᠦᠨ ᠪᠣᠯᠭᠠᠨ ᠳᠤ ᠨᠤᠭᠲᠠᠬᠤ ᠡᠪᠡᠳᠴᠢᠲᠡᠨ ᠤ ᠣᠷᠤ᠂ ᠠᠵᠢᠯ ᠡᠷᠬᠢᠯᠡᠬᠦ ᠡᠮᠴᠢ ᠶᠢᠨ ᠲᠤᠭ᠎ᠠ ᠶᠢ ᠪᠦᠬᠦ | ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠠᠪᠠᠭᠤᠯᠪᠠ᠃ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ | ᠨᠡᠶᠢᠲᠡ ᠶᠢᠨ ᠠᠰᠠᠷᠠᠮᠵᠢ ᠶᠢᠨ ᠠᠵᠢᠯᠯᠠᠭᠠᠨ ᠢᠶᠠᠷ ᠬᠠᠷᠠᠭ᠎ᠠ ᠣᠷᠤᠭᠤᠯᠬᠤ ᠮᠡᠰᠡ ᠵᠠᠰᠠᠯ ᠬᠢᠯᠭᠡᠭᠰᠡᠨ ᠡᠪᠡᠳᠴᠢᠲᠡᠨ | ᠨᠡᠶᠢᠲᠡ 3 ᠲᠦᠮᠡ ᠶᠢ ᠳᠠᠪᠠᠵᠦ᠂ ᠳᠤᠮᠳᠠᠳᠤ ᠶᠢᠨ ᠨᠢᠭᠦᠯᠡᠰᠦᠩᠭᠦᠢ ᠶᠢᠨ ᠱᠠᠩᠨᠠᠯ᠂ ᠠᠽᠢᠶ᠎ᠠ ᠲᠢᠪ ᠤᠨ ᠬᠠᠷᠠᠭ᠎ᠠ | ᠠᠯᠳᠠᠬᠤ ᠶᠢ ᠰᠡᠷᠭᠡᠶᠢᠯᠡᠬᠦ ᠰᠠᠭᠤᠷᠢ ᠮᠦᠩᠭᠦᠨ ᠤ ᠨᠡᠶᠢᠭᠡᠮᠯᠢᠭ ᠤᠨ ᠣᠯᠭᠤᠬᠰᠠᠨ ᠴᠤᠷ ᠤᠨ ᠭᠠᠭᠴᠠ ᠣᠨᠴᠠᠭᠠᠢ | ᠬᠤᠪᠢ ᠨᠡᠮᠡᠷᠢ ᠶᠢᠨ ᠱᠠᠩᠨᠠᠯ ᠢ ᠬᠦᠷᠲᠡᠪᠡ᠃ 66.6 ᠲᠦᠮᠡᠨ ᠬᠡᠦᠬᠡᠳ ᠵᠠᠯᠠᠭᠤᠴᠤᠳ ᠪᠠᠭᠠᠴᠤᠳ ᠤᠨ ᠤᠢᠢᠷ᠎ᠡ | ᠬᠠᠷᠠᠭ᠎ᠠ ᠶᠢ ᠨᠢ ᠪᠠᠶᠢᠴᠠᠭᠠᠨ ᠰᠢᠯᠭᠠᠵᠦ᠂ ᠶᠠᠳᠠᠭᠤ ᠬᠦᠴᠢᠷᠳᠡᠯᠲᠠᠢ ᠭᠡᠷ ᠪᠦᠯᠢ ᠶᠢᠨ ᠤᠢᠢᠷ᠎ᠠ ᠬᠠᠷᠠᠭ᠎ᠠ ᠲᠠᠢ 3903 | ᠵᠠᠯᠠᠭᠤᠴᠤᠳ ᠪᠠᠭᠠᠴᠤᠳ ᠲᠤ ᠤᠢᠢᠷ᠎ᠠ ᠬᠠᠷᠠᠭᠠᠨ ᠤ ᠨᠢᠳᠦᠨ ᠰᠢᠯ ᠲᠠᠭᠠᠷᠠᠭᠤᠯᠤᠨ ᠦᠭᠴᠦ᠂ ᠬᠢᠯᠠᠷ ᠬᠠᠷᠠᠭ᠎ᠠ ᠲᠠᠢ | 522 ᠵᠠᠯᠠᠭᠤᠴᠤᠳ ᠪᠠᠭᠠᠴᠤᠳ ᠲᠤ ᠬᠠᠷᠠᠭ᠎ᠠ ᠶᠢ ᠨᠢ ᠲᠡᠭᠰᠢᠷᠡᠭᠦᠯᠬᠦ ᠮᠡᠰᠡ ᠵᠠᠰᠠᠯ ᠬᠢᠪᠡ᠃ ᠪᠦᠵᠢᠭᠲᠦ ᠵᠦᠴᠦᠭᠡ | ︽ᠲᠠᠯ᠎ᠠ ᠨᠤᠲᠤᠬ ᠤᠨ ᠪᠢᠴᠢᠬᠠᠨ ᠡᠭᠡᠴᠢ ᠦᠬᠢᠨ ᠳᠡᠭᠦᠦ︾ ᠠᠷᠪᠠᠨ ᠵᠢᠷᠭᠤᠳᠤᠭᠠᠷ ᠬᠤᠭᠤᠴᠠᠭᠠᠨ ᠤ ᠸᠧᠨ ᠬᠤᠸᠠ | ᠲᠤᠮᠤ ᠱᠠᠩᠨᠠᠯ ᠢ ᠭᠠᠷᠳᠠᠵᠦ᠂ ︽ᠮᠤᠷᠢᠲᠦ ᠴᠡᠷᠢᠭ︾ ᠳᠤᠮᠳᠠᠳᠦ ᠤᠯᠤᠰ ᠤᠨ ᠪᠦᠵᠢᠭ ᠤᠨ ︽ᠯᠢᠩᠬᠸ᠎ᠠ ᠱᠠᠩᠨᠠᠯ︾ | ᠢ ᠬᠦᠷᠲᠡᠪᠡ᠃ ᠮᠡᠳᠡᠭᠡᠯᠡᠯ ᠤᠨ ᠤᠷᠠᠨ ᠵᠤᠬᠢᠶᠠᠯ ︽ᠮᠤᠤᠡᠤᠰᠦ ᠶᠢᠨ ᠨᠤᠭᠤᠭᠠᠨ ᠲᠤᠤᠯᠢᠰ︾ ᠵᠢᠷᠭᠤᠳᠤᠭᠠᠷ | ᠬᠤᠭᠤᠴᠠᠭᠠᠨ ᠤ ᠯᠦ ᠰᠢᠶᠦ᠋ᠨ ᠤᠳᠬ᠎ᠠ ᠵᠤᠬᠢᠶᠠᠯ ᠤᠨ ᠱᠠᠩᠨᠠᠯ ᠢ ᠬᠦᠷᠲᠡᠪᠡ᠃ ᠤᠰᠤᠨ ᠪᠤᠳᠤᠬ ᠤᠨ ᠵᠢᠷᠤᠬ ︽ | ᠠᠯᠤᠰ ᠲᠤ︾ ᠭᠤᠷᠪᠠᠳᠤᠭᠠᠷ ᠬᠤᠭᠤᠴᠠᠭᠠᠨ ᠤ ᠳᠤᠮᠳᠠᠳᠦ ᠤᠯᠤᠰ ᠤᠨ ᠤᠷᠠᠨ ᠵᠢᠷᠤᠬ ᠤᠨ ᠠᠯᠲᠠᠨ ᠱᠠᠩᠨᠠᠯ ᠢ | ᠬᠦᠷᠲᠡᠪᠡ᠃ ᠦᠶᠤᠸᠠᠨ ᠳᠤ ᠶᠠᠫᠤᠨ ᠢ ᠡᠰᠡᠷᠭᠦᠴᠡᠭᠰᠡᠨ ᠳᠠᠶᠢᠨ ᠤ ᠳᠤᠷᠠᠰᠬᠠᠯ ᠤᠨ ᠤᠷᠳᠤᠨ ᠵᠢᠴᠢ ᠪᠤᠷᠤᠪᠠᠯᠭᠠᠰᠤ᠂ | ᠲᠤᠭᠤᠷᠢᠮ ᠵᠡᠷᠭᠡ ᠭᠠᠵᠠᠷ ᠲᠤ ᠬᠤᠪᠢᠰᠬᠠᠯᠳᠤ ᠰᠤᠶᠤᠯ ᠤᠨ ᠭᠦᠮᠦᠵᠢᠯ ᠤᠨ ᠰᠠᠭᠤᠷᠢᠨ ᠭᠠᠵᠠᠷ ᠢ ᠪᠠᠶᠢᠭᠤᠯᠵᠦ᠂ | ᠤᠯᠠᠭᠠᠨᠮᠦ᠋ᠴᠢᠷ ᠤᠨ ᠤᠷᠳᠤᠨ᠂ ᠦᠪᠦᠷ ᠮᠤᠩᠭᠤᠯ ᠤᠨ ᠪᠠᠶᠢᠭᠠᠯᠢ ᠶᠢᠨ ᠮᠦᠽᠧᠢ᠂ ᠦᠪᠦᠷ ᠮᠤᠩᠭᠤᠯ ᠤᠨ ᠮᠦᠰᠦᠨ | ᠳᠡᠭᠡᠷᠡᠬᠢ ᠲᠠᠮᠢᠷ ᠤᠨ ᠬᠦᠳᠡᠯᠭᠡᠭᠡᠨ ᠤ ᠰᠤᠷᠭᠠᠭᠤᠯᠢᠯᠠᠯ ᠤᠨ ᠲᠦᠪ ᠵᠡᠷᠭᠡ ᠨᠢᠭᠡ ᠪᠦᠯᠦᠭ ᠨᠤᠮ ᠤᠨ ᠰᠠᠩ᠂ | ᠰᠤᠶᠤᠯ ᠤᠨ ᠣᠷᠳᠣᠨ᠂ ᠮᠦᠽᠧᠢ᠂ ᠪᠡᠶ᠎ᠠ ᠲᠠᠮᠢᠷ ᠤᠨ ᠤᠷᠳᠤᠨ ᠪᠠ ᠦᠨᠳᠦᠰᠦᠨ ᠱᠠᠲᠤᠨ ᠤ ᠰᠤᠶᠤᠯ ᠤᠨ | ᠥᠷᠲᠡᠭᠡ ᠶᠢ ᠪᠠᠶᠢᠭᠤᠯᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ | ᠬᠤᠭᠤᠴᠠᠭᠠᠨ ᠳᠤ ᠨᠡᠶᠢᠭᠡᠮ ᠤᠨ ᠬᠥᠯ ᠪᠦᠮᠪᠦᠭᠡ ᠶᠢᠨ ᠲᠠᠯᠠᠪᠤᠷ ᠢ ᠪᠦᠲᠦᠭᠡᠨ ᠪᠠᠶᠢᠭᠤᠯᠬᠤ ᠡᠭᠦᠷᠭᠡ ᠪᠠᠨ ᠳᠠᠪᠠᠭᠤᠯᠤᠨ | ᠪᠡᠶᠡᠯᠡᠭᠦᠯᠪᠡ᠃ | ᠤᠯᠠᠨ ᠵᠦᠷᠢᠴᠡᠯ ᠳᠠᠪᠬᠤᠷᠳᠠᠨ ᠲᠤᠯᠭᠠᠷᠠᠵᠦ᠂ ᠲᠥᠭᠰᠢᠭᠦᠷᠢ ᠪᠠ ᠦᠷᠢᠰᠦᠯᠳᠦᠭᠡᠨ ᠢᠯᠡᠷᠬᠡᠢ ᠨᠡᠮᠡᠭᠳᠡᠭᠰᠡᠨ | ᠪᠠᠶᠢᠳᠠᠯ ᠳᠣᠣᠷ᠎ᠠ᠂ ᠪᠦᠭᠦ ᠤᠷᠤᠨ ᠤ ᠲᠡᠬᠡᠳᠦ ᠲᠤᠤᠷᠠᠳᠣ ᠱᠠᠳᠤᠨ ᠤ ᠬᠠᠮᠳᠤ ᠶᠢᠨ ᠴᠢᠷᠮᠠᠶᠢᠯᠭ᠎ᠠ ᠪᠠᠷ ᠳᠠᠮᠵᠢᠭᠠᠳ ︽ | ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠳᠤ ᠲᠣᠭᠲᠠᠭᠠᠭᠰᠠᠨ ᠬᠠᠷᠠᠯᠲᠠ ᠡᠭᠦᠷᠬᠡ | ᠦᠨᠳᠦᠰᠦᠨ ᠳᠡᠭᠡᠨ ᠪᠡᠶᠡᠯᠡᠭᠳᠡᠵᠦ᠂ ᠴᠢᠨᠡᠭᠡᠯᠢᠭ ᠨᠡᠶᠢᠬᠡᠮ ᠢ ᠪᠦᠭᠦ ᠲᠠᠯ᠎ᠠ ᠪᠠᠷ ᠪᠠᠶᠢᠭᠤᠯᠬᠤ ᠠᠵᠢᠯ ᠰᠢᠢᠳᠪᠦᠷᠢᠯᠡᠭᠴᠢ | ᠴᠢᠨᠠᠷᠳᠠᠢ ᠠᠮᠵᠢᠯᠳᠠ ᠣᠯᠣᠭᠠᠳ ᠰᠢᠨ᠎ᠡ ᠭᠦᠭᠵᠢᠯᠳᠡ ᠶᠢᠨ ᠱᠠᠳᠤᠨ ᠤ ᠨᠡᠶᠢᠬᠡᠮ ᠵᠢᠷᠤᠮᠳᠤ ᠤᠳᠤᠬᠢᠴᠢᠯᠠᠯᠳᠠ ᠶᠢᠨ | ᠪᠦᠲᠦᠬᠡᠨ ᠪᠠᠶᠢᠭᠤᠯᠤᠯᠳᠠ ᠶᠢ ᠪᠦᠭᠦ ᠲᠠᠯ᠎ᠠ ᠪᠠᠷ ᠠᠬᠢᠭᠤᠯᠬᠤ ᠳᠤ ᠴᠢᠬᠤᠯᠠ ᠰᠠᠭᠤᠷᠢ ᠲᠠᠯᠪᠢᠪᠠ᠃ | ᠲᠦᠯᠦᠭᠡᠯᠡᠭᠴᠢᠳ ᠡ᠂ ᠦᠩᠬᠡᠷᠡᠭᠰᠡᠨ ᠲᠠᠪᠤᠨ ᠵᠢᠯ ᠳᠤ ᠣᠯᠣᠭᠰᠠᠨ ᠠᠮᠵᠢᠯᠳᠠ ᠪᠦᠳᠦᠮᠵᠢ ᠬᠢᠯᠪᠡᠷ ᠪᠤᠰᠣ | ᠶᠤᠮ᠃ ᠡᠨᠡ ᠪᠤᠯ ᠰᠢ ᠶᠢᠨ ᠫᠢᠩ ᠨᠦᠭᠦᠷ ᠢᠶᠠᠷ ᠭᠤᠤᠯ ᠪᠤᠯᠭᠠᠨᠨᠰᠠᠨ ᠨᠠᠮ ᠤᠨ ᠲᠦᠪ ᠬᠤᠷᠢᠶᠠᠨ ᠤ ᠪᠠᠳᠣ ᠴᠢᠩᠭ᠎ᠠ | ᠣᠳᠣᠷᠢᠳᠤᠬᠰᠠᠨ ᠪᠠ ᠲᠤᠳᠤᠨᠤ ᠬᠠᠯᠠᠮᠵᠢᠯᠬᠠᠰᠠᠨ ᠤ ᠦᠷ᠎ᠡ ᠳ᠋ᠦᠩ ᠪᠣᠯᠬᠤ ᠶᠣᠮ᠂ ᠪᠦᠭᠦ ᠤᠷᠤᠨ ᠤ ᠦᠷᠭᠡᠨ ᠤᠯᠠᠨ | ᠺᠠᠳ᠋ᠷ ᠤᠯᠠᠨ ᠲᠦᠮᠡᠨ ᠭᠦᠴᠢᠷ ᠪᠡᠷᠬᠡ ᠶᠢ ᠢᠯᠠᠨ ᠲᠠᠪᠠᠵᠦ ᠪᠦᠯᠭᠦᠮᠳᠡᠨ ᠲᠡᠮᠡᠴᠡᠭᠰᠡᠨ ᠤ ᠦᠷ᠎ᠡ ᠳ᠋ᠦᠩ ᠪᠣᠯᠬᠤ ᠶᠤᠮ | ᠃ ᠪᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠡᠮᠤᠨ᠎ᠡ ᠠᠴᠠ ᠪᠦᠭᠦ ᠤᠷᠤᠨ ᠤ | ᠦᠨᠳᠦᠰᠦᠳᠡᠨ ᠨᠦᠭᠦᠳ ᠤᠨ ᠠᠷᠠᠳ ᠲᠦᠮᠡᠨ᠂ ᠦᠪᠡᠷᠳᠡᠬᠡᠨ ᠵᠠᠰᠠᠬᠤ ᠤᠷᠤᠨ ᠤ ᠪᠦᠳᠦᠬᠡᠨ ᠪᠠᠶᠢᠭᠤᠯᠤᠯᠳᠠ ᠪᠠ | ᠭᠦᠭᠵᠢᠯᠳᠡ ᠳᠤ ᠬᠤᠪᠢ ᠨᠡᠮᠡᠷᠢ ᠦᠵᠡᠭᠦᠯᠦᠭᠰᠡᠨ ᠪᠦᠭᠦ ᠨᠠᠶᠢᠵᠠ ᠨᠦᠭᠦᠳ ᠲᠤ ᠴᠢᠩ ᠰᠡᠳᠬᠢᠯ ᠤᠨ ᠲᠠᠯᠠᠷᠬᠠᠯ ᠢᠶᠠᠨ | ᠲᠡᠪᠰᠢᠭᠦᠯᠦᠶ᠎ᠡ︕ | ᠠᠮᠵᠢᠯᠳᠠ ᠪᠦᠳᠦᠮᠵᠢ ᠪᠠᠨ ᠨᠣᠳᠠᠯᠠᠬᠤ ᠶᠢᠨ ᠲᠠᠭᠠᠣ᠂ ᠪᠦᠭᠦ ᠣᠷᠣᠨ ᠤ ᠠᠵᠦ ᠠᠬᠤᠢ ᠨᠡᠶᠢᠬᠡᠮ ᠤᠨ | ᠭᠦᠭᠵᠢᠯᠳᠡ ᠳᠤ ᠴᠦᠬᠡᠨ ᠪᠣᠰᠣ ᠭᠦᠴᠢᠷᠳᠡᠯ ᠪᠠ ᠠᠰᠠᠭᠤᠳᠠᠯ ᠣᠷᠣᠰᠢᠵᠦ ᠪᠠᠶᠢᠬᠤ ᠶᠢ ᠪᠢᠳᠡ ᠪᠠᠰᠠ ᠰᠡᠷᠬᠡᠭ ᠢᠶᠠᠷ | ᠲᠠᠨᠢᠵᠦ ᠣᠯᠪᠠ᠃ ᠬᠢᠵᠢᠭ ᠤᠨ ᠪᠠᠶᠢᠳᠠᠯ ᠤᠨ ᠬᠤᠪᠢᠷᠠᠯᠳᠠ ᠪᠠ ᠭᠠᠳᠠᠷ ᠲᠠᠯ᠎ᠠ ᠶᠢᠨ ᠣᠷᠴᠢᠨ ᠳᠤ ᠨᠡᠯᠢᠶᠡᠳ ᠤᠯᠠᠨ | ᠪᠣᠯᠵᠣᠰᠢ ᠦᠬᠡᠢ ᠵᠦᠢᠯ ᠤᠷᠤᠰᠢᠵᠦ᠂ ᠠᠵᠦ ᠠᠬᠤᠢ ᠶᠢᠨ ᠰᠡᠷᠭᠦᠯᠲᠡ ᠶᠢᠨ ᠰᠠᠭᠤᠷᠢ ᠬᠠᠷᠠᠬᠠᠨ ᠬᠡᠪᠡᠷᠡᠭ | ᠪᠠᠶᠢᠨᠨᠰᠠᠭᠠᠷ︔ ᠭᠦᠭᠵᠢᠯᠳᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠡᠭᠦᠷᠬᠡ ᠬᠠᠲᠠᠭᠤ ᠪᠡᠷᠬᠡ᠂ ᠰᠢᠨᠵᠢᠯᠡᠬᠦ | ᠣᠬᠠᠭᠠᠨ ᠲᠧᠭᠨᠢᠭ ᠮᠡᠷᠬᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠠᠨᠠᠢ᠂ ᠴᠢᠳᠠᠪᠤᠷᠢᠳᠠᠨ ᠲᠤᠳᠠᠬᠳᠠᠵᠦ ᠪᠠᠶᠢᠭ᠎ᠠ | ᠠᠰᠠᠭᠤᠳᠠᠯ ᠲᠤᠪᠤᠶᠢᠮ᠎ᠠ ᠪᠠᠶᠢᠨᠨᠰᠠᠭᠠᠷ︔ ᠡᠨᠧᠷᠬᠢ ᠶᠢᠨ ᠬᠤᠷᠣᠨᠨᠳᠠᠯ ᠤᠨ ᠶᠡᠷᠦᠩᠬᠡᠢ ᠬᠡᠮᠵᠢᠶ᠎ᠡ ᠪᠠ ᠬᠤᠷᠤᠭᠳᠠᠯ ᠤᠨ | ᠭᠦᠴᠦᠯᠡᠴᠡ ᠬᠤᠶᠠᠷ ᠢ ᠡᠵᠡᠮᠳᠡᠬᠦ ᠬᠠᠷᠠᠯᠲᠠ ᠡᠭᠦᠷᠬᠡ ᠪᠠᠨ ᠪᠡᠶᠡᠯᠡᠬᠦᠯᠵᠦ ᠴᠢᠳᠠᠭᠠᠳᠤᠢ︔ ᠡᠵᠡᠩᠨᠡᠨ | ᠬᠤᠳᠠᠯᠳᠤᠭᠠᠯᠠᠬᠤ ᠣᠷᠴᠢᠨ ᠨᠦᠬᠦᠴᠡᠯ ᠳᠤ ᠪᠠᠰᠠ ᠴᠦᠬᠡᠨ ᠪᠤᠰᠤ ᠠᠰᠠᠭᠤᠳᠠᠯ ᠣᠷᠤᠰᠢᠭᠰᠠᠭᠠᠷ᠂ ᠨᠢᠭᠡ ᠪᠦᠯᠦᠭ | ᠠᠵᠦ ᠠᠬᠤᠶᠢᠯᠠᠯ ᠤᠨᠴᠠᠭᠠᠶᠢᠯᠠᠨ ᠲᠤᠮᠳᠠ ᠵᠢᠵᠢᠭ ᠪᠢᠴᠢᠯ ᠠᠵᠦ ᠠᠬᠤᠶᠢᠯᠠᠯ ᠤᠨ ᠡᠵᠡᠩᠨᠡᠯᠳᠡ ᠭᠦᠴᠢᠷᠳᠡᠯᠳᠡᠢ | ᠪᠠᠶᠢᠨᠨᠰᠠᠭᠠᠷ︔ ᠬᠡᠰᠡᠭ ᠭᠠᠵᠠᠷ ᠤᠷᠤᠨ ᠤ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ ᠳᠤᠪᠤᠶᠢᠮ᠎ᠠ | ᠪᠠᠶᠢᠵᠦ᠂ ᠨᠡᠶᠢᠬᠡᠮ ᠤᠨ ᠠᠷᠠᠳ ᠤᠨ ᠠᠮᠢᠳᠤᠷᠠᠯ ᠤᠨ ᠭᠦᠷᠢᠶᠡᠨ ᠳᠤ ᠲᠤᠳᠠᠭᠤᠳᠠᠯ ᠤᠷᠤᠰᠢᠨᠨᠰᠠᠭᠠᠷ︔ ᠵᠠᠰᠠᠭ ᠤᠨ | ᠣᠷᠳᠣᠨ ᠤ ᠰᠠᠯᠠᠭ᠎ᠠ ᠮᠦᠴᠢᠷ ᠲᠤ ᠬᠡᠯᠪᠡᠷᠢᠴᠢ ᠦᠵᠡᠯ᠂ ᠨᠤᠶᠠᠨᠴᠢ ᠰᠣᠷᠲᠠᠯ ᠤᠨ ᠠᠰᠠᠭᠤᠳᠠᠯ ᠠᠳᠠᠯᠢ ᠪᠤᠰᠤ | ᠬᠡᠮᠵᠢᠶ᠎ᠡ ᠪᠠᠷ ᠤᠷᠤᠰᠢᠨᠨᠰᠠᠭᠠᠷ ᠪᠠᠶᠢᠨ᠎ᠠ᠃ ᠪᠢᠳᠡ ᠡᠳᠡᠬᠡᠷ ᠢ ᠵᠠᠪᠠᠯ ᠲᠡᠬᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠭᠦᠴᠦᠳᠡᠢ ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦ ᠬᠡᠷᠡᠭᠲᠡᠢ᠃ | ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ | ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠤᠯᠤᠰ ᠠᠷᠠᠳ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ ᠪᠠ 2035 ᠣᠨ ᠤ ᠠᠯᠤᠰ ᠤᠨ | ᠬᠠᠷᠠᠯᠲᠠ ᠶᠢ ᠲᠣᠭᠲᠠᠭᠠᠬᠤ ᠲᠣᠬᠠᠢ ᠰᠠᠨᠠᠭᠤᠯᠭ᠎ᠠ︾ ᠶᠢ ᠦᠨᠳᠦᠰᠦᠯᠡᠨ᠂ ᠪᠢᠳᠡ ︽ᠦᠪᠦᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠥᠭᠵᠢᠯᠲᠡ ᠶᠢᠨ ᠠᠷᠪᠠᠨ | ᠳᠥᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ︵ | ᠲᠦᠰᠦᠯ︶︾ ᠶᠢ ᠨᠠᠶᠢᠷᠠᠭᠤᠯᠤᠨ ᠵᠣᠬᠢᠶᠠᠵᠤ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ᠂ ᠦᠭᠡᠷᠡᠴᠢᠯᠡᠯᠲᠡ | ᠨᠡᠭᠡᠭᠡᠯᠲᠡ ᠬᠢᠬᠦ᠂ ᠨᠡᠶᠢᠭᠡᠮ ᠤᠨ ᠪᠣᠯᠪᠠᠰᠤᠨ᠂ ᠠᠮᠢ ᠠᠬᠤᠢ ᠶᠢᠨ ᠪᠣᠯᠪᠠᠰᠤᠨ᠂ ᠠᠷᠠᠳ ᠤᠨ ᠠᠮᠢᠳᠤᠷᠠᠯ ᠤᠨ ᠪᠤᠶᠠᠨ | ᠵᠢᠷᠭᠠᠯ᠂ ᠵᠠᠰᠠᠯᠲᠠ ᠶᠢᠨ ᠦᠷ᠎ᠡ ᠴᠢᠳᠠᠮᠵᠢ ᠭᠡᠬᠦ ᠵᠢᠷᠭᠤᠭᠠᠨ ᠲᠠᠯ᠎ᠠ ᠠᠴᠠ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ | ᠬᠠᠷᠠᠯᠲᠠ ᠶᠢ ᠲᠤᠳᠤᠷᠬᠠᠢ ᠲᠣᠭᠲᠠᠭᠠᠨ᠂ ᠬᠥᠭᠵᠢᠯᠲᠡ ᠳᠤ ᠲᠤᠯᠭᠠᠭᠤᠷᠢᠯᠠᠯ ᠪᠣᠯᠬᠤ ᠠᠯᠢ ᠣᠯᠠᠨ ᠭᠤᠣᠯᠳᠠᠯᠭ᠎ᠠ ᠲᠠᠢ | ᠡᠭᠦᠷᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠲᠤᠰ ᠤᠳᠠᠭᠠᠨ ᠤ ᠬᠤᠷᠠᠯ ᠳᠤ ᠬᠢᠨᠠᠨ | ᠵᠦᠪᠯᠡᠭᠦᠯᠬᠦ ᠪᠠᠷ ᠳᠡᠪᠰᠢᠭᠦᠯᠪᠡ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭ᠎ᠠ ᠪᠣᠯ ᠨᠡᠶᠢᠬᠡᠮ ᠵᠢᠷᠤᠮᠳᠤ | ᠤᠳᠤᠬᠢᠴᠢᠯᠬᠠᠰᠠᠨ ᠣᠯᠣᠰ ᠢ ᠪᠦᠭᠦ ᠲᠠᠯ᠎ᠠ ᠪᠠᠷ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠬᠦᠯᠬᠦ ᠨᠢᠭᠡᠳᠦᠬᠡᠷ ᠲᠠᠪᠤᠨ | ᠵᠢᠯ ᠪᠣᠯᠣᠨ᠎ᠠ᠃ ᠪᠢᠳᠡ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠤᠪᠴᠢᠲᠠᠢ ᠡᠵᠡᠮᠳᠡᠵᠦ᠂ ᠰᠢᠨ᠎ᠡ | ᠭᠦᠭᠵᠢᠯᠳᠡ ᠶᠢᠨ ᠤᠨᠤᠯᠵᠢᠬᠤᠨ ᠢ ᠭᠦᠨᠵᠡᠬᠡᠢ ᠲᠤᠭᠤᠰᠢᠯᠠᠭᠤᠯᠤᠨ᠂ ᠰᠢᠨ᠎ᠡ ᠭᠦᠭᠵᠢᠯᠳᠡ ᠶᠢᠨ ᠪᠠᠶᠢᠷᠢᠰᠢᠯ ᠳᠤ | ᠲᠦᠷᠬᠡᠬᠡᠨ ᠠᠭᠤᠰᠤᠯᠴᠠᠵᠦ᠂ ᠶᠡᠷᠦᠩᠬᠡᠢ ᠱᠦᠵᠢ ᠰᠢ ᠶᠢᠨ ᠫᠢᠩ ᠪᠠ ᠨᠠᠮ ᠤᠨ ᠲᠥᠪ ᠬᠤᠷᠢᠶᠠᠨ ᠠᠴᠠ ᠦᠪᠦᠷ | ᠮᠤᠩᠭᠤᠯ ᠳᠤ ᠲᠣᠭᠲᠠᠭᠠᠵᠦ ᠦᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠣᠰᠣᠭᠠᠷ᠂ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠦᠷ ᠲᠦᠪᠰᠢᠨ ᠤ ᠬᠠᠯᠬᠠᠪᠴᠢ ᠪᠠ ᠡᠬᠡ ᠤᠯᠤᠰ ᠤᠨ | ᠤᠮᠠᠷᠠᠲᠣ ᠬᠢᠯᠢ ᠶᠢᠨ ᠠᠮᠦᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ᠂ ᠤᠯᠤᠰ ᠤᠨ ᠡᠨᠧᠷᠬᠢ ᠪᠠ | ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠴᠢᠬᠤᠯᠠ ᠰᠠᠭᠤᠷᠢᠨ ᠭᠠᠵᠠᠷ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠢ ᠪᠠᠶᠢᠭᠤᠯᠤᠨ᠂ ᠮᠠᠨ ᠤ | ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠤᠭᠴᠠᠯᠠᠵᠤ᠂ ᠪᠠᠶᠢᠯᠳᠤᠬᠤ ᠪᠣᠳᠣᠯᠭ᠎ᠠ ᠶᠢᠨ | ᠪᠠᠶᠢᠷᠢ ᠲᠣᠭᠲᠠᠭᠠᠯᠲᠠ ᠳᠤ ᠨᠡᠶᠢᠴᠡᠭᠰᠡᠨ᠂ ᠦᠪᠦᠷ ᠮᠣᠩᠭᠤᠯ ᠤᠨ ᠦᠪᠡᠷᠮᠢᠴᠡ ᠣᠨᠴᠠᠯᠢᠭ ᠢ ᠢᠯᠡᠷᠡᠭᠦᠯᠦᠭᠰᠡᠨ᠂ ᠠᠮᠢ | ᠠᠬᠤᠢ ᠶᠢ ᠤᠷᠢᠳ ᠢᠶᠠᠷ ᠪᠣᠳᠣᠯᠬᠢᠯᠠᠵᠦ ᠪᠤᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠨ᠎ᠠ᠃ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ | ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠪᠠ ᠬᠠᠮᠲᠤ ᠪᠠᠷ ᠴᠢᠨᠡᠭᠡᠯᠢᠭᠵᠢᠭᠦᠯᠬᠦ ᠶᠢ ᠠᠬᠢᠭᠤᠯᠬᠤ ᠪᠠᠷ ᠬᠥᠭᠵᠢᠯᠲᠡ ᠶᠢᠨ | ᠡᠬᠢᠯᠡᠯᠲᠡ ᠪᠠ ᠳᠤᠰᠤᠯᠲᠠ ᠪᠣᠯᠭᠠᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ | ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠤᠨ᠂ ᠠᠷᠠᠳ ᠣᠯᠠᠨ ᠤ ᠬᠦᠷᠲᠡᠭᠡᠮᠵᠢ ᠶᠢᠨ | ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠥᠷᠥᠭᠳᠡᠯ ᠢ ᠨᠢ ᠲᠠᠰᠤᠷᠠᠯᠲᠠ ᠦᠭᠡᠢ | ᠴᠢᠩᠭᠠᠷᠠᠭᠤᠯᠤᠨ᠎ᠠ᠃ | ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠳᠠᠯᠠᠵᠤ᠂ ᠬᠥᠭᠵᠢᠯᠲᠡ ᠶᠢᠨ ᠬᠦᠳᠡᠯᠭᠡᠬᠦ ᠬᠦᠴᠦᠨ ᠪᠠ | ᠠᠮᠢᠵᠢᠷᠠᠯ ᠤᠨ ᠬᠦᠴᠦᠨ ᠢ ᠦᠷᠭᠦᠯᠵᠢᠯᠡᠨ ᠴᠢᠩᠭᠠᠷᠠᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ | ᠰᠢᠨ᠎ᠡ ᠶᠢ ᠡᠭᠦᠳᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠥᠭᠵᠢᠯᠲᠡ ᠶᠢᠨ ᠰᠢᠨ᠎ᠡ ᠬᠦᠳᠡᠯᠭᠡᠬᠦ | ᠴᠢᠳᠠᠮᠵᠢ ᠶᠢ ᠪᠣᠶ ᠪᠤᠯᠭᠠᠨ ᠪᠣᠵᠠᠭᠠᠶᠢᠷᠠᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ | ᠠᠰᠢᠬᠯᠠᠵᠤ ᠬᠠᠮᠠᠭᠠᠯᠠᠬᠤ ᠰᠢᠨ᠎ᠡ ᠪᠠᠶᠢᠷᠢᠰᠢᠯ ᠢ ᠲᠦᠷᠭᠡᠬᠡᠨ ᠪᠣᠢ ᠪᠣᠯᠭᠠᠵᠤ᠂ ᠦᠪᠡᠷᠲᠡᠭᠡᠨ ᠵᠠᠰᠠᠬᠤ ᠣᠷᠣᠨ ᠤ ᠵᠡᠭᠦᠨ | ᠂ ᠳᠤᠮᠳᠠ᠂ ᠪᠠᠷᠠᠭᠤᠨ ᠬᠡᠰᠡᠭ ᠤᠨ ᠭᠠᠵᠠᠷ ᠣᠷᠣᠨ ᠢ ᠨᠢᠭᠡᠲᠦᠯᠲᠡᠢ ᠲᠦᠯᠦᠪᠯᠡᠨ᠂ ᠬᠤᠲᠠ ᠬᠦᠳᠡᠭᠡ ᠶᠢᠨ ᠣᠷᠣᠨ | ᠪᠦᠰᠡ ᠶᠢᠨ ᠵᠣᠬᠢᠴᠠᠩᠭᠤᠢ ᠭᠦᠭᠵᠢᠯᠳᠡ ᠶᠢ ᠠᠬᠢᠭᠤᠯᠵᠤ᠂ ᠬᠥᠭᠵᠢᠯᠲᠡ ᠶᠢᠨ ᠲᠡᠩᠴᠡᠭᠦᠷᠢ ᠦᠭᠡᠢ ᠪᠠ ᠭᠦᠢᠴᠡᠳ | ᠦᠭᠡᠢ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠵᠤ᠂ ᠪᠤᠬᠢᠷᠳᠤᠯ ᠦᠭᠡᠢ ᠪᠦᠭᠡᠳ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠦᠢᠯᠡᠳᠪᠦᠷᠢᠯᠡᠯ | ᠠᠮᠢᠳᠤᠷᠠᠯ ᠤᠨ ᠠᠷᠭ᠎ᠠ ᠬᠡᠯᠪᠡᠷᠢ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠡᠬᠡ ᠤᠯᠤᠰ ᠤᠨ ᠤᠮᠠᠷᠠᠳᠦ ᠬᠢᠯᠢ ᠶᠢᠨ | ᠲᠦᠮᠡᠨ ᠭᠠᠵᠠᠷ ᠤᠨ ᠨᠤᠮᠢᠨ ᠨᠤᠭᠤᠭᠠᠨ ᠤᠷᠲᠦ ᠴᠠᠭᠠᠨ ᠬᠡᠷᠡᠮ ᠢ ᠪᠠᠶᠢᠭᠤᠯᠤᠨ᠎ᠠ᠃ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠤᠯᠤᠰ ᠤᠨ ᠡᠨᠧᠷᠬᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠦᠷ ᠲᠦᠪᠰᠢᠨ᠂ ᠠᠵᠤ ᠦᠢᠯᠡᠰ ᠤᠨ ᠠᠮᠤᠷ | ᠲᠦᠪᠰᠢᠨ᠂ ᠠᠮᠢ ᠠᠬᠤᠢ ᠶᠢᠨ ᠠᠮᠤᠷ ᠲᠦᠪᠰᠢᠨ ᠢ ᠨᠡᠩ ᠰᠠᠶᠢᠲᠤᠷ ᠪᠠᠲᠤᠯᠠᠬᠤ ᠶᠢᠨ ᠲᠣᠭᠤᠷᠢᠨ ᠳᠤ᠂ ᠣᠳᠣ | ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠬᠡᠷᠡᠭᠴᠡᠭᠡ | ᠱᠠᠭᠠᠷᠳᠠᠯᠭ᠎ᠠ ᠶᠢᠨ ᠲᠠᠯ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭᠡ | ᠂ ᠬᠡᠷᠡᠭᠯᠡᠭᠡ ᠶᠢᠨ ᠡᠯ᠎ᠡ ᠭᠤᠭᠴᠤᠭ᠎ᠠ ᠶᠢ ᠨᠡᠪᠲᠡᠷᠡᠭᠦᠯᠵᠦ᠂ ᠣᠳᠣ ᠦᠶ᠎ᠡ ᠶᠢᠨ ᠰᠠᠭᠤᠷᠢ ᠪᠡᠯᠡᠳᠭᠡᠮᠵᠢ ᠪᠠ | ᠭᠦᠢᠯᠭᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠂ ᠦᠨᠳᠦᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠬᠡᠷᠡᠭᠵᠢᠭᠦᠯᠵᠦ᠂ ᠤᠯᠤᠰ ᠤᠨ ᠲᠤᠳᠤᠭᠠᠲᠤ ᠶᠢᠨ ᠲᠤᠮᠤ ᠵᠠᠬ᠎ᠠ ᠳᠡᠯᠭᠡᠭᠦᠷ ᠪᠠ ᠤᠯᠤᠰ ᠤᠨ ᠲᠤᠳᠤᠭᠠᠲᠤ | ᠭᠠᠳᠠᠭᠠᠳᠤ ᠶᠢᠨ ᠬᠤᠣᠰ ᠣᠷᠴᠢᠯ ᠳᠤ ᠨᠡᠩ ᠰᠠᠶᠢᠲᠤᠷ ᠠᠭᠤᠰᠤᠯᠴᠠᠨ᠎ᠠ᠃ ᠬᠥᠭᠵᠢᠯᠲᠡ ᠪᠠ ᠠᠮᠤᠷ ᠲᠦᠪᠰᠢᠨ ᠢ | ᠨᠢᠭᠡᠲᠦᠯᠲᠡᠢ ᠲᠦᠯᠦᠪᠯᠡᠵᠦ᠂ ᠬᠤᠷᠢᠭ᠎ᠠ ᠱᠤᠭᠤᠮ ᠢ ᠰᠠᠬᠢᠬᠤ ᠰᠡᠳᠭᠢᠭᠦᠢ ᠪᠠ ᠲᠦᠭᠰᠢᠭᠦᠷᠢ ᠶᠢ ᠰᠠᠨᠠᠭᠠᠰᠢᠷᠠᠬᠤ | ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠡᠯ᠎ᠡ ᠲᠦᠷᠦᠯ ᠤᠨ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ | ᠠᠷᠢᠯᠭᠠᠨ᠎ᠠ᠃ | ᠲᠦᠯᠦᠭᠡᠯᠡᠭᠴᠢᠳ ᠡ︕ ᠨᠤᠮᠢᠨ ᠨᠤᠭᠤᠭᠠᠨ ᠪᠤᠯᠪᠠᠰᠦ ᠪᠢᠳᠠᠨ ᠤ ᠬᠠᠮᠤᠬ ᠤᠨ ᠶᠡᠭᠡ ᠡᠳ᠋ ᠪᠠᠶᠠᠯᠢᠬ | ᠪᠤᠯᠤᠨ᠎ᠠ᠂ ᠴᠡᠪᠡᠷ ᠰᠠᠶᠢᠬᠠᠨ ᠠᠮᠢ ᠠᠬᠤᠢ ᠤᠷᠴᠢᠨ ᠲᠤᠭᠤᠷᠢᠨ ᠪᠤᠯᠪᠠᠰᠦ ᠠᠷᠠᠳ ᠤᠨ ᠠᠮᠢᠳᠤᠷᠠᠯ ᠳᠤ ᠬᠦᠷᠲᠡᠭᠡᠬᠦ | ᠬᠠᠮᠤᠬ ᠤᠨ ᠲᠦᠭᠡᠮᠡᠯ ᠪᠤᠶᠠᠨ ᠵᠢᠷᠭᠠᠯ ᠪᠤᠯᠤᠨ᠎ᠠ᠃ ᠪᠢᠳᠡ ᠡᠷᠬᠡᠪᠰᠢ ᠲᠠᠯ᠎ᠠ ᠨᠤᠲᠤᠬ᠂ ᠤᠢ ᠰᠢᠭᠤᠢ᠂ ᠨᠠᠭᠤᠷ | ᠭᠤᠤᠯ ᠢᠶᠠᠨ ᠰᠠᠶᠢᠲᠤᠷ ᠬᠠᠮᠠᠭᠠᠯᠠᠵᠦ᠂ ᠦᠪᠦᠷ ᠮᠤᠩᠭᠤᠯ ᠤᠨ ᠨᠤᠮᠢᠨ ᠨᠤᠭᠤᠭᠠᠨ᠂ ᠬᠦᠬᠡᠮᠳᠦᠭ ᠴᠡᠩᠭᠡᠷ᠂ ᠴᠡᠪᠡᠷ | ᠲᠤᠩᠭᠠᠯᠠᠬ ᠪᠦᠬᠦᠨ ᠢ ᠰᠠᠶᠢᠲᠤᠷ ᠬᠠᠮᠠᠭᠠᠯᠠᠵᠦ᠂ ᠬᠦᠮᠦᠨ ᠬᠢᠭᠡᠳ ᠪᠠᠶᠢᠭᠠᠯᠢ ᠶᠢᠨ ᠡᠶ᠎ᠡ ᠵᠤᠬᠢᠴᠠᠯ ᠲᠠᠢ ᠬᠠᠮᠲᠦ | ᠤᠷᠤᠰᠢᠬᠤ ᠦᠵᠡᠰᠭᠦᠯᠡᠩᠲᠦ ᠰᠠᠶᠢᠬᠠᠨ ᠭᠡᠷ ᠤᠷᠤᠨ ᠢ ᠴᠢᠷᠮᠠᠶᠢᠨ ᠪᠠᠶᠢᠭᠤᠯᠤᠨ᠎ᠠ᠃ ᠲᠦᠯᠦᠭᠡᠯᠡᠭᠴᠢᠳ ᠡ︕ | ᠦᠪᠦᠷ ᠮᠤᠩᠭᠤᠯ ᠣᠳᠣ ᠨᠢᠭᠡᠨᠲᠡ ᠰᠢᠨ᠎ᠡ ᠨᠢᠭᠡᠨ ᠲᠡᠦᠬᠡ ᠶᠢᠨ ᠭᠠᠷᠤᠭ᠎ᠠ ᠳᠡᠭᠡᠷ᠎ᠡ ᠠᠴᠠ ᠢᠷᠡᠭᠡᠳᠦᠢ ᠪᠠᠨ ᠤᠬᠲᠤᠨ | ᠵᠤᠷᠢᠪᠠ᠂ ᠯᠠᠪᠲᠠᠢ ᠢᠯᠡᠯᠳᠡ ᠤᠯᠤᠨ᠎ᠠ ᠭᠡᠳᠡᠭ ᠲᠤ ᠪᠢᠳᠠ ᠢᠲᠡᠬᠡᠯ ᠲᠦᠭᠦᠷᠡᠩ ᠪᠠᠶᠢᠨ᠎ᠠ᠃ 2035 ᠣᠨ | ᠪᠣᠯᠬᠤ ᠳᠤ᠂ ᠦᠪᠡᠷᠲᠡᠭᠡᠨ ᠵᠠᠰᠠᠬᠤ ᠣᠷᠣᠨ ᠪᠦᠬᠦ ᠤᠯᠤᠰ ᠤᠨ ᠠᠬᠢᠴᠠ ᠶᠢ ᠳᠠᠭᠠᠵᠤ ᠨᠡᠶᠢᠭᠡᠮ ᠵᠢᠷᠣᠮᠲᠦ | ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠠᠷᠠᠳ ᠲᠦᠮᠡᠨ ᠤ ᠠᠵᠤ ᠠᠮᠢᠳᠤᠷᠠᠯ ᠢ ᠤᠯᠠᠮ | ᠦᠬᠡᠳᠡᠯᠡᠬᠦᠯᠦᠨ ᠳᠡᠭᠵᠢᠷᠡᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ ᠣᠷᠣᠨ ᠢᠶᠠᠨ ᠨᠡᠩ | ᠦᠵᠡᠰᠭᠦᠯᠡᠩᠲᠦ ᠰᠠᠶᠢᠬᠠᠨ ᠪᠣᠯᠭᠠᠨ᠎ᠠ︕ | ᠭᠤᠷᠪᠠ᠂ 2021 ᠣᠨ ᠤ ᠠᠵᠢᠯ ᠤᠨ ᠲᠣᠬᠢᠷᠠᠭᠤᠯᠤᠯᠲᠠ | ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ ᠪᠣᠯᠬᠤ | ᠪᠦᠭᠡᠳ ︽ᠠᠷᠪᠠᠨ ᠳᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠣᠨ᠎ᠠ᠃ | ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠨᠦᠭᠦᠷ ᠢᠶᠠᠷ ᠭᠤᠤᠯ ᠪᠤᠯᠭᠠᠨᠨᠰᠠᠨ ᠨᠠᠮ ᠤᠨ | ᠲᠦᠪ ᠬᠤᠷᠢᠶᠡᠨ ᠤ ᠪᠠᠳᠣ ᠴᠢᠩᠭ᠎ᠠ ᠣᠳᠣᠷᠢᠳᠣᠯᠭ᠎ᠠ ᠲᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠤᠨ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠭᠤᠯᠬᠤ ᠠᠵᠢᠯ ᠤᠨ ᠶᠡᠷᠦᠩᠬᠡᠢ | ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ | ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠨ᠂ ᠦᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠦᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠬᠠᠷᠠᠯᠲᠠ ᠪᠠᠨ | ᠪᠣᠯᠭᠠᠵᠤ᠂ ᠰᠢᠰᠲ᠋ᠧᠮᠲᠦ ᠦᠵᠡᠯᠲᠡ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ | ᠪᠦᠲᠦᠭᠡᠯ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ | ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠲᠦᠯᠲᠡᠢ ᠲᠦᠯᠦᠪᠯᠡᠨ᠂ ︽ᠵᠢᠷᠭᠤᠭ᠎ᠠ ᠶᠢ | ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠪᠠ ︽ᠵᠢᠷᠭᠤᠭ᠎ᠠ ᠶᠢ ᠪᠠᠲᠤᠯᠠᠬᠤ︾ | ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠲᠥᠷᠥ ᠶᠢᠨ | ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠦᠭᠡᠳ ᠤᠨᠤᠴᠠᠲᠠᠢ ᠬᠡᠷᠡᠭᠵᠢᠭᠦᠯᠵᠦ᠂ ᠠᠵᠤ ᠠᠬᠤᠢ ᠶᠢᠨ ᠠᠵᠢᠯᠯᠠᠭᠠᠨ ᠢ | ᠵᠦᠢ ᠵᠣᠬᠢᠰᠲᠠᠢ ᠬᠡᠪᠴᠢᠶᠡᠨ ᠳᠤ ᠪᠠᠶᠢᠯᠭᠠᠬᠤ ᠪᠠᠷ ᠴᠢᠷᠮᠠᠶᠢᠨ᠂ ᠲᠤᠳᠤᠭᠠᠲᠤ ᠬᠡᠷᠡᠭᠴᠡᠭᠡ ᠶᠢ ᠥᠷᠭᠡᠳᠭᠡᠬᠦ | ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ | ᠪᠣᠳᠣᠯᠭ᠎ᠠ ᠶᠢᠨ ᠲᠤᠯᠭᠠᠭᠤᠷᠢᠯᠠᠯ ᠢ ᠴᠢᠩᠭᠠᠷᠠᠭᠤᠯᠤᠨ᠂ ᠦᠨᠳᠦᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠦᠷᠭᠡᠳᠭᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢ ᠰᠠᠶᠢᠲᠤᠷ ᠡᠬᠢᠯᠡᠭᠦᠯᠬᠦ ᠶᠢ | ᠦᠨᠡᠨ ᠬᠦ ᠪᠠᠲᠤᠯᠠᠨ᠂ ᠬᠢᠯᠠᠯᠵᠠᠭᠰᠠᠨ ᠠᠮᠵᠢᠯᠲᠠ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠠᠶᠠᠷᠯᠠᠨ ᠪᠡᠯᠭᠡᠯᠡᠶ᠎ᠡ᠃ | ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ | ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠤᠷᠮ᠎ᠠ ᠶᠢ 6% ᠣᠷᠴᠢᠮ ᠳᠤ ᠪᠠᠶᠢᠯᠭᠠᠨ᠎ᠠ︔ ᠰᠠᠭᠤᠭᠠᠯᠢ | ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠦᠰᠦᠯᠲᠡ ᠶᠢᠨ ᠬᠡᠮᠵᠢᠶ᠎ᠡ ᠶᠢ 3% ᠣᠷᠴᠢᠮ ᠳᠤ ᠪᠠᠶᠢᠯᠭᠠᠨ᠎ᠠ︔ | ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ︔ ᠠᠮᠢ ᠠᠬᠤᠢ ᠣᠷᠴᠢᠨ ᠲᠣᠭᠤᠷᠢᠨ ᠤ | ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠭᠠᠵᠠᠷ ᠣᠷᠣᠨ ᠤ ᠨᠢᠭᠡᠴᠢ ᠦᠢᠯᠡᠳᠪᠦᠷᠢᠯᠡᠯ ᠤᠨ | ᠶᠡᠷᠦᠩᠬᠡᠢ ᠦᠷᠲᠡᠭ ᠲᠠᠬᠢ ᠡᠨᠧᠷᠬᠢ ᠶᠢᠨ ᠬᠤᠷᠤᠭᠳᠠᠯ ᠢ 3% ᠪᠠᠭᠤᠷᠠᠭᠤᠯᠤᠨ᠂ ᠭᠤᠣᠯ ᠪᠣᠯᠬᠤ ᠪᠣᠬᠢᠷᠳᠤᠯ ᠪᠤᠳᠠᠰ | ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠤᠨ᠎ᠠ︔ ᠠᠮᠤ ᠪᠤᠳᠠᠭᠠᠨ ᠤ ᠤᠨᠠᠯᠲᠠ ᠶᠢ 700 | ᠳ᠋ᠦᠩᠰᠢᠭᠤᠷ ᠵᠢᠩ ᠠᠴᠠ ᠢᠯᠡᠭᠦᠦ ᠪᠠᠶᠢᠯᠭᠠᠬᠤ ᠶᠢ ᠪᠠᠲᠤᠯᠠᠨ᠎ᠠ᠃ ᠡᠭᠦᠨ ᠳᠤ᠂ ᠳᠣᠣᠷᠠᠬᠢ ᠠᠵᠢᠯ ᠤᠳ ᠢ | ᠭᠤᠣᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ | ᠡᠯ᠎ᠡ ᠵᠦᠢᠯ ᠤᠨ ᠭᠠᠶᠢᠯᠢ ᠶᠢ ᠬᠠᠰᠤᠵᠤ ᠰᠦᠢᠳᠭᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠪᠤᠳᠠᠳᠤ ᠴᠤᠭᠴᠠ ᠶᠢᠨ ᠠᠵᠤ ᠠᠬᠤᠢ ᠶᠢᠨ ᠭᠦᠭᠵᠢᠯᠲᠡ ᠶᠢ ᠳᠡᠮᠵᠢᠨ᠂ ᠦᠯᠦ | ᠦᠷᠭᠦᠯᠵᠢᠯᠡᠨ ᠬᠡᠷᠡᠭᠵᠢᠭᠦᠯᠬᠦ ᠲᠥᠷᠥ ᠶᠢᠨ ᠪᠣᠳᠣᠯᠭ᠎ᠠ ᠳᠤ ᠡᠷᠳᠡᠬᠡᠨ ᠠᠷᠭᠠᠴᠠᠭᠠᠬᠤ ᠠᠷᠭ᠎ᠠ ᠬᠡᠮᠵᠢᠶ᠎ᠡ ᠠᠪᠴᠤ | ᠪᠠᠶᠢᠭᠠᠳ ᠲᠣᠭᠲᠠᠭᠤᠨ ᠪᠠᠶᠢᠯᠭᠠᠬᠤ ᠪᠦᠭᠡᠳ ᠡᠮᠬᠢ ᠵᠢᠷᠤᠮ ᠲᠠᠢ ᠰᠢᠯᠵᠢᠭᠦ ᠶᠢ ᠦᠨᠡᠨ ᠬᠦ ᠪᠠᠲᠤᠯᠠᠨ᠂ ᠵᠠᠬ᠎ᠠ | ᠳᠡᠯᠭᠡᠭᠦᠷ ᠤᠨ ᠵᠢᠱᠢᠯᠲᠡ ᠶᠢ ᠲᠣᠭᠲᠠᠭᠤᠨ ᠪᠤᠯᠭᠠᠨ᠎ᠠ᠃ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠵᠠᠭᠪᠤᠷ ᠲᠤ | ᠰᠢᠨ᠎ᠡ ᠶᠢ ᠡᠭᠦᠳᠦᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠶᠢ ᠨᠢ ᠨᠡᠩ ᠳᠦᠭᠦᠮ | ᠳᠥᠲᠡ ᠪᠣᠯᠭᠠᠵᠦ᠂ ᠥᠪᠡᠷ ᠤᠨ ᠥᠷᠲᠡᠭ ᠢ ᠨᠢ ᠨᠡᠩ ᠳᠣᠣᠷ᠎ᠠ ᠪᠣᠯᠭᠠᠨ᠎ᠠ᠃ ᠠᠵᠤ ᠠᠬᠤᠶᠢᠯᠠᠯ ᠤᠨ ᠵᠠᠬ᠎ᠠ | ᠳᠡᠯᠭᠡᠭᠦᠷ ᠲᠤ ᠭᠠᠷᠬᠤ ᠪᠠ ᠵᠢᠭᠡᠯᠡᠯᠭᠡ ᠶᠢᠨ ᠲᠡᠮᠲᠡᠭ ᠤᠨ ᠪᠡᠯᠡ ᠲᠣᠬᠢᠷᠠᠭᠤᠯᠭ᠎ᠠ ᠪᠠᠨ ᠥᠷᠭᠡᠳᠭᠡᠬᠦ ᠶᠢ ᠳᠡᠮᠵᠢᠨ᠎ᠡ᠃ | ᠠᠵᠤ ᠠᠬᠤᠶᠢᠯᠠᠯ ᠢ ᠬᠠᠪᠰᠤᠷᠴᠤ ᠪᠠᠶᠢᠭᠠᠳ ᠲᠡᠳᠡᠨ ᠤ ᠭᠠᠵᠠᠷ ᠰᠢᠷᠤᠢ ᠬᠡᠷᠡᠭᠯᠡᠬᠦ᠂ ᠠᠵᠢᠯᠴᠢᠨ ᠬᠡᠷᠡᠭᠯᠡᠬᠦ᠂ | ᠪᠠᠷᠠᠭᠠᠨ ᠤ ᠭᠦᠢᠯᠭᠡᠭᠡ ᠵᠡᠷᠭᠡ ᠲᠠᠯ᠎ᠠ ᠶᠢᠨ ᠪᠤᠲᠠᠲᠠᠢ ᠬᠦᠴᠢᠷᠳᠡᠯ ᠢ ᠨᠢ ᠰᠠᠶᠢᠲᠤᠷ ᠰᠢᠢᠳᠪᠦᠷᠢᠯᠡᠵᠦ ᠥᠭᠭᠦᠨ᠎ᠡ᠃ | ᠬᠡᠷᠡᠭᠯᠡᠭᠡ ᠶᠢ ᠥᠷᠭᠡᠳᠭᠡᠬᠦ ᠪᠠᠨ ᠠᠷᠠᠳ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ | ᠰᠠᠶᠢᠵᠢᠷᠠᠭᠤᠯᠬᠤ ᠯᠤᠭ᠎ᠠ ᠤᠶᠠᠯᠳᠤᠭᠤᠯᠵᠤ᠂ ᠪᠤᠳᠠᠳᠤ ᠴᠤᠭᠴᠠ ᠶᠢᠨ ᠬᠤᠳᠠᠯᠳᠤᠭ᠎ᠠ ᠶᠢ ᠰᠢᠨ᠎ᠡ ᠡᠭᠦᠳᠦᠯᠲᠡ ᠲᠠᠢ ᠪᠠᠷ | ᠬᠡᠯᠪᠡᠷᠢ ᠶᠢ ᠨᠢ ᠬᠤᠪᠢᠷᠠᠭᠤᠯᠬᠤ ᠶᠢ ᠲᠦᠷᠭᠡᠳᠭᠡᠨ᠂ ᠪᠣᠬᠢᠷᠳᠤᠯ ᠦᠭᠡᠢ ᠬᠤᠳᠠᠯᠳᠤᠭᠠᠨ ᠤ ᠲᠠᠯᠠᠪᠤᠷ ᠢ ᠡᠭᠦᠳᠦᠨ | ᠪᠠᠶᠢᠭᠤᠯᠬᠤ ᠪᠠ ᠶᠠᠪᠠᠭᠠᠨ ᠵᠡᠭᠡᠯᠢ ᠶᠢ ᠦᠭᠡᠷᠡᠴᠢᠯᠡᠨ ᠰᠢᠨᠡᠳᠭᠡᠬᠦ ᠪᠠᠨ ᠠᠬᠢᠭᠤᠯᠵᠤ᠂ ᠨᠡᠷᠡᠲᠦ ᠲᠡᠮᠲᠡᠭ ᠤᠨ | ᠬᠤᠯᠪᠤᠭᠠᠯᠠᠬᠰᠠᠨ ᠳᠡᠯᠭᠡᠭᠦᠷ ᠤᠨ ᠬᠥᠭᠵᠢᠯᠲᠡ ᠶᠢ ᠳᠡᠮᠵᠢᠨ᠎ᠡ᠃ ︽ᠦᠪᠦᠷ ᠮᠣᠩᠭᠤᠯ ᠤᠨ ᠦᠨᠦᠷ ᠠᠮᠲᠠ︾ ᠰᠢᠷᠢᠰ | ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠦᠷᠨᠢᠭᠦᠯᠵᠦ᠂ ︽ᠦᠪᠦᠷ ᠮᠣᠩᠭᠤᠯ ᠨᠡᠷᠡᠮᠵᠢᠲᠦ︾ ︽ᠬᠠᠭᠤᠴᠢᠨ | ᠨᠡᠷᠡᠲᠦ ᠲᠡᠮᠲᠡᠭ︾ ᠵᠡᠷᠭᠡ ᠨᠡᠷᠡᠲᠦ ᠲᠡᠮᠲᠡᠭ ᠤᠨ ᠬᠡᠷᠡᠭᠯᠡᠭᠡ ᠶᠢ ᠠᠬᠢᠭᠤᠯᠤᠨ᠂ ᠮᠡᠳᠡᠭᠡ ᠵᠠᠩᠭᠢ ᠶᠢᠨ ᠬᠡᠷᠡᠭᠯᠡᠭᠡ᠂ | ᠪᠤᠬᠢᠷᠳᠤᠯ ᠦᠭᠡᠢ ᠬᠡᠷᠡᠭᠯᠡᠭᠡ ᠶᠢ ᠪᠣᠢ ᠪᠣᠯᠭᠠᠵᠤ᠂ ᠣᠯᠠᠨ ᠨᠡᠶᠢᠲᠡ ᠶᠢᠨ ᠬᠡᠷᠡᠭᠯᠡᠭᠡ ᠶᠢ ᠵᠣᠬᠢᠰᠲᠠᠢ ᠨᠡᠮᠡᠭᠳᠡᠭᠦᠯᠦᠨ᠎ᠡ᠃ | ᠬᠤᠲᠠ ᠬᠦᠳᠡᠭᠡ ᠶᠢᠨ ᠭᠦᠢᠯᠭᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ | ᠡᠯᠧᠺᠳ᠋ᠷᠣᠨ ᠬᠤᠳᠠᠯᠳᠤᠭᠠᠨ ᠤ ᠶᠠᠪᠤᠳᠠᠯ ᠢ ᠬᠥᠭᠵᠢᠭᠦᠯᠦᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠪᠠ ᠮᠠᠯ ᠠᠷᠠᠯᠵᠢᠶᠠᠯᠠᠬᠤ ᠵᠠᠬ᠎ᠠ ᠳᠡᠯᠭᠡᠭᠦᠷ ᠤᠨ | ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠰᠢᠶᠠᠨ ᠤ ᠬᠡᠪᠴᠢᠶᠡᠨ ᠤ ᠪᠠ ᠮᠠᠯᠵᠢᠬᠤ ᠲᠠᠷᠢᠶᠠᠯᠠᠬᠤ ᠣᠷᠣᠨ ᠤ | ᠬᠡᠷᠡᠭᠯᠡᠭᠡ ᠶᠢ ᠥᠷᠭᠡᠳᠭᠡᠨ᠎ᠡ᠃ ︽ᠬᠤᠯᠢᠰᠢᠨ ᠢᠳᠡᠭᠡᠨ︾ ᠳᠤ ᠬᠤᠲᠠ ᠶᠢᠨ ᠳᠠᠷᠤᠭ᠎ᠠ ᠬᠠᠷᠢᠭᠤᠴᠠᠬᠤ ᠳᠦᠷᠢᠮ ᠢ | ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠢ ᠬᠠᠮᠢᠶᠠᠷᠬᠤ ᠬᠢᠷᠢ | ᠲᠦᠪᠰᠢᠨ ᠢᠶᠠᠨ ᠳᠡᠭᠡᠭᠰᠢᠯᠡᠭᠦᠯᠦᠨ᠎ᠡ᠃ ᠵᠠᠮ ᠬᠠᠷᠢᠯᠴᠠᠭ᠎ᠠ ᠤᠰᠤᠨ ᠠᠰᠢᠬᠯᠠᠯᠳᠠ᠂ ᠬᠤᠲᠠ ᠶᠢᠨ ᠶᠠᠪᠤᠳᠠᠯ ᠤᠨ | ᠪᠠᠷᠢᠯᠭ᠎ᠠ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠨᠢᠭᠡ ᠪᠦᠯᠦᠭ ᠴᠢᠬᠤᠯᠠ ᠶᠡᠭᠡ ᠲᠦᠷᠦᠯ | ᠵᠦᠢᠯ ᠢ ᠬᠡᠷᠡᠭᠵᠢᠭᠦᠯᠦᠨ᠎ᠡ᠃ | ᠨᠢᠬᠡ ᠪᠦᠯᠦᠭ ᠵᠠᠮ ᠬᠠᠷᠢᠯᠴᠠᠭ᠎ᠠ ᠤᠰᠤᠨ ᠠᠰᠢᠬᠯᠠᠯᠳᠠ᠂ ᠬᠤᠳᠠ ᠶᠢᠨ ᠶᠠᠪᠤᠳᠠᠯ ᠤᠨ ᠪᠠᠷᠢᠯᠭ᠎ᠠ᠂ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠴᠢᠬᠤᠯᠠ ᠶᠡᠭᠡ ᠲᠦᠷᠦᠯ ᠵᠦᠢᠯ ᠢ ᠬᠡᠷᠡᠭᠵᠢᠬᠦᠯᠦᠨ᠎ᠠ᠃ ᠵᠠᠮ | ᠬᠠᠷᠢᠯᠴᠠᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠨᠠᠶᠢᠳᠠᠪᠦᠷᠢᠵᠢᠭᠤᠯᠤᠨ᠂ ᠪᠤᠰᠤᠭ᠎ᠠ | ᠵᠦᠷᠢᠯᠢᠭ ᠵᠠᠮ ᠬᠠᠷᠢᠯᠴᠠᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠵᠦ᠂ ᠪᠤᠭᠤᠲᠤ ᠠᠴᠠ ᠢᠷᠭᠠᠢ | ᠬᠦᠷᠬᠦ ᠳᠡᠭᠡᠳᠦ ᠬᠤᠷᠳᠤ ᠶᠢᠨ ᠲᠡᠮᠦᠷ ᠵᠠᠮ᠂ ᠰᠢᠯᠢ ᠶᠢᠨ ᠬᠤᠲᠠ ᠠᠴᠠ ᠲᠠᠶᠢᠽ ᠬᠤᠲᠠ ᠬᠦᠷᠬᠦ ᠲᠥᠷᠭᠡᠨ | ᠬᠤᠷᠳᠤ ᠶᠢᠨ ᠲᠡᠮᠦᠷ ᠵᠠᠮ ᠵᠡᠷᠭᠡ ᠲᠦᠷᠦᠯ ᠵᠦᠢᠯ ᠤᠨ ᠠᠵᠢᠯ ᠢ ᠡᠬᠢᠯᠡᠭᠦᠯᠵᠦ᠂ ᠪᠤᠭᠤᠳᠤ ᠠᠴᠠ ᠰᠢ ᠠᠠ ᠬᠦᠷᠬᠦ᠂ | ᠴᠢᠴᠢᠬᠠᠷ — ᠬᠠᠶᠢᠯᠠᠷ — ᠮᠠᠨᠵᠣᠣᠷ ᠬᠦᠷᠬᠦ ᠵᠡᠷᠭᠡ ᠳᠡᠭᠡᠳᠦ ᠬᠤᠷᠳᠤ ᠶᠢᠨ ᠲᠡᠮᠦᠷ ᠵᠠᠮ ᠤᠨ ᠲᠦᠷᠦᠯ | ᠵᠦᠢᠯ ᠤᠨ ᠡᠬᠢᠨ ᠤ ᠬᠤᠭᠤᠴᠠᠭᠠᠨ ᠤ ᠠᠵᠢᠯ ᠢ ᠰᠠᠶᠢᠲᠤᠷ ᠬᠢᠨ᠎ᠡ᠃ ᠴᠠᠬᠠᠷ ᠪᠠᠷᠠᠭᠤᠨ ᠭᠠᠷᠤᠨ ᠬᠤᠶᠢᠳᠣ | ᠬᠤᠰᠢᠭᠤᠨ ᠤ ᠪᠠᠶᠠᠨᠴᠠᠭᠠᠨ ᠠᠴᠠ ᠤᠯᠠᠭᠠᠨᠬᠤᠲᠠ ᠬᠦᠷᠬᠦ ᠵᠡᠷᠭᠡ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠭᠡᠨ᠎ᠡ᠃ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ | ᠲᠦᠷᠬᠡᠳᠬᠡᠨ᠎ᠡ᠃ ᠠᠶᠤᠯᠲᠠᠢ ᠴᠦᠬᠦᠷᠦᠮ ᠢ ᠪᠠᠬᠢᠵᠢᠭᠦᠯᠬᠦ ᠠᠵᠢᠯ ᠢ ᠠᠬᠢᠭᠤᠯᠵᠦ᠂ ᠴᠤᠤᠯ ᠭᠤᠣᠯ ᠤᠨ ᠤᠰᠤ ᠶᠢ | ᠲᠠᠲᠠᠵᠤ ᠯᠢᠶᠤᠤ ᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠠᠵᠢᠯ ᠬᠢᠬᠡᠳ | ᠬᠠᠲᠤᠨ ᠭᠤᠣᠯ ᠤᠨ ᠬᠠᠯᠢᠶ᠎ᠠ ᠦᠶᠡᠷ ᠢ ᠰᠠᠯᠪᠤᠷᠢᠯᠠᠨ ᠵᠠᠯᠠᠵᠦ ᠪᠠᠴᠢᠮ ᠪᠠᠶᠢᠳᠠᠯ ᠢ ᠠᠷᠭᠠᠴᠠᠭᠠᠬᠤ ᠤᠷᠤᠨ ᠵᠡᠷᠬᠡ | ᠲᠦᠷᠦᠯ ᠵᠦᠢᠯ ᠢ ᠠᠬᠢᠭᠤᠯᠵᠦ᠂ ᠦᠪᠦᠷ ᠮᠣᠩᠭᠤᠯ ᠤᠨ ᠬᠡᠰᠡᠭ ᠲᠠᠬᠢ ᠬᠠᠳᠤᠨ ᠭᠤᠤᠯ ᠤᠨ ᠦᠶᠡᠷ ᠢ ᠰᠡᠷᠭᠡᠶᠢᠯᠡᠬᠦ | ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠶᠢᠨ ᠡᠬᠢᠨ ᠤ ᠬᠤᠭᠤᠴᠠᠭᠠᠨ ᠤ ᠠᠵᠢᠯ ᠢ ᠰᠠᠶᠢᠳᠤᠷ ᠬᠢᠨ᠎ᠡ᠃ 5G | ᠰᠠᠭᠤᠷᠢ ᠥᠷᠲᠡᠭᠡ᠂ ᠴᠠᠬᠢᠯᠭᠠᠨ ᠴᠡᠨᠡᠭᠯᠡᠬᠦ ᠱᠤᠩ᠂ ᠤᠰᠤᠳᠦ᠋ᠷᠦᠭᠴᠢ ᠨᠡᠮᠡᠬᠦ ᠥᠷᠲᠡᠭᠡ ᠵᠡᠷᠭᠡ ᠰᠢᠨ᠎ᠡ ᠬᠡᠯᠪᠡᠷᠢ ᠶᠢᠨ | ᠰᠠᠭᠤᠷᠢ ᠪᠡᠯᠡᠳᠭᠡᠮᠵᠢ ᠶᠢ ᠰᠢᠰᠲ᠋ᠧᠮ ᠲᠠᠢ ᠪᠠᠶᠢᠷᠢᠰᠢᠭᠤᠯᠤᠨ᠎ᠠ᠃ ᠬᠤᠲᠠ ᠶᠢᠨ ᠦᠬᠡᠷᠡᠴᠢᠯᠡᠨ ᠪᠠᠶᠢᠭᠤᠯᠵᠦ ᠰᠢᠨᠡᠳᠬᠡᠨ | ᠴᠢᠮᠡᠬᠦ ᠠᠵᠢᠯᠯᠠᠭ᠎ᠠ ᠶᠢ ᠬᠡᠷᠡᠭᠵᠢᠭᠦᠯᠵᠦ᠂ ᠬᠠᠭᠤᠴᠢᠨ ᠰᠠᠭᠤᠭᠠᠯᠢ ᠲᠣᠭᠤᠷᠢᠭ ᠢ ᠦᠭᠡᠷᠡᠴᠢᠯᠡᠨ ᠰᠢᠨᠡᠳᠬᠡᠬᠦ ᠶᠢ | ᠠᠬᠢᠭᠤᠯᠤᠨ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠳᠦᠷᠢᠶᠡᠰᠦᠯᠡᠭᠦᠯᠬᠦ ᠣᠷᠣᠨ ᠰᠠᠭᠤᠴᠠ ᠪᠠᠶᠢᠭᠤᠯᠬᠤ ᠶᠢ | ᠵᠣᠷᠢᠬᠵᠢᠭᠤᠯᠵᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠥᠷᠭᠡᠳᠭᠡᠨ᠂ ᠭᠡᠷ | ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠦᠭᠡᠳ ᠡᠷᠡᠭᠦᠯ ᠢᠶᠠᠷ ᠬᠥᠭᠵᠢᠬᠦ ᠶᠢ | ᠠᠬᠢᠭᠤᠯᠤᠨ᠎ᠠ᠃ ᠬᠤᠲᠠ ᠶᠢᠨ ᠨᠠᠷᠢᠯᠢᠬᠵᠢᠯ ᠬᠠᠮᠢᠶᠠᠷᠤᠯᠲᠠ ᠶᠢ ᠴᠢᠩᠭᠠᠳᠬᠠᠵᠤ᠂ ᠴᠢᠳᠠᠮᠵᠢ ᠰᠠᠶᠢᠲᠠᠢ ᠬᠤᠲᠠ ᠪᠠ | ᠤᠶᠤᠨᠯᠢᠭ ᠬᠤᠲᠠ ᠶᠢ ᠪᠠᠶᠢᠭᠤᠯᠵᠦ᠂ ᠬᠤᠲᠠ ᠪᠠᠨ ᠤᠷᠤᠰᠢᠨ ᠰᠠᠭᠤᠷᠢᠰᠢᠬᠤ ᠳᠤ ᠤᠯᠠᠮ ᠲᠤᠬᠢᠷᠠᠮᠵᠢᠲᠠᠢ᠂ ᠤᠯᠠᠮ | ᠠᠮᠢᠵᠢᠷᠠᠯ ᠤᠨ ᠬᠦᠴᠦᠨ ᠲᠠᠢ ᠪᠤᠯᠭᠠᠵᠦ᠂ ᠰᠠᠭᠤᠭᠠᠯᠢ ᠠᠷᠠᠳ ᠤᠨ ᠠᠮᠢᠳᠤᠷᠠᠯ ᠢ ᠨᠢ ᠤᠯᠠᠮ ᠦᠭᠡᠳᠡ ᠡᠰᠡᠷᠡᠭ | ᠪᠤᠯᠭᠠᠨ᠎ᠠ᠃ | ︵ᠬᠤᠶᠠᠷ︶ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠦᠪᠦᠷ ᠮᠣᠩᠭᠤᠯ ᠢᠶᠠᠨ ᠬᠥᠭᠵᠢᠭᠦᠯᠦᠨ | ᠮᠠᠨᠳᠤᠭᠤᠯᠬᠤ︾ ᠠᠵᠢᠯᠯᠠᠭᠠᠨ ᠢ ᠭᠦᠨᠵᠡᠭᠡᠢ ᠬᠡᠷᠡᠭᠵᠢᠭᠦᠯᠦᠨ᠎ᠡ | ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ᠬᠤᠪᠤᠷ ᠰᠢᠷᠤᠢ ᠶᠢᠨ ᠰᠢᠨ᠎ᠡ | ᠮᠠᠲ᠋ᠧᠷᠢᠶᠠᠯ᠂ ᠶᠡᠭᠡ ᠬᠡᠪᠴᠢᠶᠡᠨ ᠤ ᠡᠨᠧᠷᠬᠢ ᠨᠦᠬᠡᠴᠡᠯᠡᠬᠦ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ | ᠡᠨᠧᠷᠬᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠬᠦᠷᠢᠶᠡᠨ ᠳᠤ ᠠᠩᠬᠠᠷᠤᠯ ᠢᠶᠠᠨ ᠲᠦᠪᠯᠡᠷᠡᠭᠦᠯᠵᠦ᠂ | ᠤᠯᠤᠰ ᠤᠨ ᠳᠡᠰ ᠤᠨ ᠭᠤᠣᠯᠳᠠᠯᠭ᠎ᠠ ᠲᠠᠢ ᠲᠣᠷᠰᠢᠯᠲᠠ ᠶᠢᠨ ᠲᠠᠰᠤᠭ᠂ ᠮᠡᠷᠭᠡᠵᠢᠯ ᠤᠨ ᠰᠢᠨ᠎ᠡ ᠡᠭᠦᠳᠦᠯᠲᠡ ᠶᠢᠨ | ᠲᠥᠪ ᠢ ᠡᠭᠦᠳᠦᠨ ᠪᠠᠶᠢᠭᠤᠯᠵᠤ᠂ ᠣᠯᠠᠨ ᠢᠶᠠᠷ ᠢᠶᠠᠨ ᠦᠢᠯᠡᠰ ᠪᠤᠰᠬᠠᠵᠤ ᠰᠢᠨ᠎ᠡ ᠶᠢ ᠡᠭᠦᠳᠬᠦ ᠶᠢ ᠳᠡᠮᠵᠢᠨ᠎ᠡ᠃ | ᠤᠯᠤᠰ ᠤᠨ ᠶᠠᠮᠦᠨ ᠵᠦᠪᠯᠡᠯ ᠪᠠ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠭᠠᠵᠠᠷ ᠯᠤᠭ᠎ᠠ ᠪᠣᠲᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠬᠢᠬᠦ ᠪᠠᠨ ᠦᠷᠭᠦᠯᠵᠢᠯᠡᠨ ᠴᠢᠩᠭᠠᠳᠬᠠᠵᠤ᠂ | ᠬᠠᠮᠵᠢᠯᠴᠠᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠤᠭᠴᠠ ᠶᠢᠨ ᠦᠢᠯᠡᠳᠦᠯ ᠢ ᠪᠠᠳᠠᠷᠠᠭᠤᠯᠵᠤ᠂ ᠡᠯ᠎ᠡ | ᠲᠦᠷᠦᠯ ᠤᠨ ᠰᠢᠨ᠎ᠡ ᠡᠭᠦᠳᠦᠯᠲᠡ ᠲᠠᠢ ᠬᠦᠴᠦᠨ ᠵᠦᠢᠯ ᠢ ᠠᠵᠤ ᠠᠬᠤᠶᠢᠯᠠᠯ ᠲᠡᠶᠢᠰᠢ ᠲᠦᠪᠯᠡᠷᠡᠬᠦᠯᠬᠦ ᠶᠢ | ᠠᠬᠢᠭᠤᠯᠤᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠤᠯᠪᠣᠭᠠᠲᠤ ᠴᠤᠭᠴᠠ ᠪᠠᠶᠢᠭᠤᠯᠬᠤ ᠶᠢ ᠳᠡᠮᠵᠢᠵᠦ᠂ | ᠨᠡᠶᠢᠲᠡᠯᠢᠭ ᠴᠢᠨᠠᠷᠲᠠᠢ ᠮᠡᠷᠭᠡᠵᠢᠯ ᠤᠨ ᠲᠠᠪᠴᠠᠩ ᠢ ᠪᠠᠶᠢᠭᠤᠯᠤᠨ᠂ ᠤᠯᠤᠰ ᠪᠠ ᠦᠪᠡᠷᠲᠡᠭᠡᠨ ᠵᠠᠰᠠᠬᠤ ᠣᠷᠣᠨ ᠤ | ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠢ ᠡᠭᠦᠷᠭᠡᠯᠡᠨ᠎ᠡ᠃ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢ ᠪᠣᠢ ᠪᠣᠯᠭᠠᠵᠤ᠂ ᠠᠵᠤ ᠦᠢᠯᠡᠰ ᠤᠨ ᠬᠡᠯᠬᠢᠶᠡᠨ ᠤ ᠳᠡᠭᠡᠳᠦ ᠳᠤᠮᠳᠠ ᠳᠤᠤᠷᠠᠳᠤ | ᠬᠡᠯᠬᠢᠶ᠎ᠠ᠂ ᠲᠤᠮᠤ ᠳᠤᠮᠳᠠ ᠵᠢᠵᠢᠭ ᠠᠵᠤ ᠠᠬᠤᠶᠢᠯᠠᠯ ᠤᠨ ᠨᠡᠪᠲᠡᠷᠡᠯᠴᠡᠨ ᠨᠡᠶᠢᠯᠡᠵᠦ ᠰᠢᠨ᠎ᠡ ᠶᠢ ᠡᠭᠦᠳᠬᠦ ᠶᠢ ᠨᠢ | ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ | ᠰᠢᠯᠵᠢᠭᠦᠯᠦᠨ ᠤᠯᠠᠷᠢᠭᠤᠯᠬᠤ ᠪᠠᠨ ᠲᠦᠷᠭᠡᠳᠭᠡᠨ᠎ᠡ᠃ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ | ᠴᠢᠩᠭᠠᠳᠬᠠᠨ᠎ᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠦᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠰᠢᠨ᠎ᠡ ᠶᠢ ᠡᠬᠦᠳᠦᠨ ᠰᠢᠪᠳᠤᠯᠬᠤ ᠠᠵᠢᠯ ᠳᠤ ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ | ︾ ᠵᠡᠷᠭᠡ ᠳᠦᠷᠢᠮ ᠢ ᠬᠡᠷᠡᠭᠵᠢᠭᠦᠯᠵᠦ᠂ ᠲᠡᠷᠢᠭᠦᠨ ᠰᠢᠨᠵᠢᠯᠡᠬᠦ ᠤᠬᠠᠭᠠᠨᠲᠠᠨ + ᠲᠤᠰᠬᠠᠢ ᠮᠡᠷᠭᠡᠵᠢᠯᠲᠡ + ᠰᠢᠨᠵᠢᠯᠡᠬᠦ | ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ + ᠠᠵᠤ ᠠᠬᠤᠶᠢᠯᠠᠯ ᠤᠨ ᠲᠣᠭᠲᠠᠴᠠ ᠶᠢ ᠬᠦᠷᠢᠶ᠎ᠡ ᠴᠠᠷᠠᠭ᠎ᠠ | ᠬᠤᠪᠢᠶᠠᠨ ᠪᠠᠶᠢᠭᠤᠯᠬᠤ ᠶᠢ ᠰᠦᠪᠡᠭᠴᠢᠯᠡᠨ᠂ ᠦᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ | ᠦᠢᠯᠡᠰ ᠤᠨ ᠲᠣᠭᠤᠷᠢᠨ ᠳᠤ᠂ ᠡᠬᠢ ᠪᠠᠶᠠᠯᠢᠭ ᠪᠠ ᠬᠦᠴᠦᠨ ᠴᠢᠳᠠᠯ ᠢᠶᠠᠨ ᠲᠦᠪᠯᠡᠷᠡᠭᠦᠯᠵᠦ ᠰᠢᠰᠲ᠋ᠧᠮ ᠲᠠᠢ | ᠰᠤᠳᠤᠯᠤᠯ ᠪᠠ ᠮᠡᠷᠭᠡᠵᠢᠯ ᠤᠨ ᠰᠢᠪᠲᠤᠯᠤᠯᠲᠠ ᠭᠠᠷᠭᠠᠨ᠎ᠠ᠃ ᠵᠠᠰᠠᠭ ᠤᠨ ᠣᠷᠳᠣᠨ ᠠᠴᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠳᠤ ᠣᠷᠤᠭᠤᠯᠤᠯᠲᠠ ᠬᠢᠬᠦ ᠪᠠᠲᠤᠯᠠᠭᠠᠲᠤ ᠨᠡᠮᠡᠭᠳᠡᠯ ᠤᠨ ᠲᠣᠭᠲᠠᠴᠠ ᠪᠠ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠣᠷᠤᠭᠤᠯᠤᠯᠲᠠ ᠶᠢᠨ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠮᠦᠩᠭᠦᠨ ᠭᠦᠢᠯᠭᠡᠭᠡᠨ ᠢᠶᠠᠷ ᠳᠡᠮᠵᠢᠬᠦ ᠶᠢ ᠵᠣᠷᠢᠬᠵᠢᠭᠤᠯᠤᠨ᠎ᠠ᠃ | ᠴᠢᠳᠠᠪᠤᠷᠢᠲᠠᠨ ᠤ ᠲᠠᠯ᠎ᠠ ᠪᠠᠷ ᠬᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠡᠯ᠎ᠡ ᠲᠦᠷᠦᠯ ᠤᠨ ᠴᠢᠳᠠᠪᠤᠷᠢᠲᠠᠨ ᠢ ᠭᠦᠮᠦᠵᠢᠬᠦᠯᠵᠦ ᠣᠷᠤᠭᠤᠯᠤᠨ ᠠᠪᠴᠢᠷᠠᠬᠤ ᠪᠠ ᠰᠠᠶᠢᠲᠤᠷ ᠬᠡᠷᠡᠭᠯᠡᠨ᠎ᠡ᠃ | ︵ᠭᠤᠷᠪᠠ︶ ᠠᠵᠤ ᠦᠢᠯᠡᠰ ᠤᠨ ᠬᠡᠯᠬᠢᠶ᠎ᠡ ᠪᠠ ᠥᠷᠲᠡᠭ ᠤᠨ ᠬᠡᠯᠬᠢᠶᠡᠨ ᠤ ᠬᠢᠷᠢ ᠲᠦᠪᠰᠢᠨ ᠢ ᠬᠦᠴᠦᠯᠡᠨ | ᠳᠡᠭᠡᠭᠰᠢᠯᠡᠭᠦᠯᠦᠨ᠎ᠡ | ᠤᠯᠠᠮᠵᠢᠯᠠᠯᠲᠤ ᠠᠵᠤ ᠦᠢᠯᠡᠰ ᠢ ᠳᠡᠭᠡᠳᠦ ᠳᠡᠰᠴᠢᠯᠡᠬᠦ᠂ ᠣᠶᠤᠨᠴᠢᠯᠠᠬᠤ ᠪᠠ ᠪᠤᠬᠢᠷᠳᠣᠯ ᠦᠭᠡᠢ ᠪᠣᠯᠭᠠᠨ | ᠦᠭᠡᠷᠡᠴᠢᠯᠡᠵᠦ ᠳᠡᠰ ᠳᠡᠪᠰᠢᠭᠦᠯᠬᠦ ᠪᠠᠨ ᠲᠦᠷᠭᠡᠳᠭᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠡ᠃ | ᠲᠥᠬᠦᠭᠡᠷᠥᠮᠵᠢ ᠶᠢ ᠰᠢᠨᠡᠳᠭᠡᠬᠦ ᠪᠠ ᠮᠡᠷᠭᠡᠵᠢᠯ ᠢ ᠦᠭᠡᠷᠡᠴᠢᠯᠡᠨ ᠰᠠᠶᠢᠵᠢᠷᠠᠭᠤᠯᠬᠤ ᠪᠠᠨ ᠲᠦᠷᠭᠡᠳᠭᠡᠵᠦ᠂ ᠰᠢᠨ᠎ᠡ | ᠡᠨᠧᠷᠬᠢ ᠶᠢᠨ ᠲᠤᠨᠤᠭ ᠲᠦᠬᠦᠭᠡᠷᠦᠮᠵᠢ᠂ ᠰᠢᠨ᠎ᠡ ᠡᠨᠧᠷᠬᠢ ᠶᠢᠨ ᠮᠠᠰᠢᠨ ᠲᠡᠷᠭᠡ᠂ ᠪᠠᠴᠢᠮ ᠪᠠᠶᠢᠳᠠᠯ ᠢ ᠠᠷᠭᠠᠴᠠᠭᠠᠬᠤ | ᠲᠤᠨᠤᠭ ᠲᠦᠬᠦᠭᠡᠷᠦᠮᠵᠢ ᠪᠠ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠬᠡᠷᠡᠭᠰᠡᠯ ᠵᠡᠷᠭᠡ ᠲᠤᠨᠤᠭ ᠲᠦᠬᠦᠭᠡᠷᠦᠮᠵᠢ | ᠦᠢᠯᠡᠳᠬᠦ ᠦᠢᠯᠡᠰ ᠤᠨ ᠬᠦᠭᠵᠢᠯᠲᠡ ᠶᠢ ᠠᠬᠢᠭᠤᠯᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠢ ᠨᠠᠷᠢᠯᠢᠬ ᠭᠦᠨ ᠡᠳ᠋ᠰᠢᠭᠦᠯᠵᠦ ᠪᠤᠯᠪᠠᠰᠤᠷᠠᠭᠤᠯᠬᠤ ᠠᠵᠤ ᠦᠢᠯᠡᠰ ᠢ ᠤᠯᠠᠮ ᠨᠢᠭᠡ ᠠᠯᠬᠤᠮ | ᠬᠦᠭᠵᠢᠭᠦᠯᠦᠨ ᠪᠤᠵᠠᠭᠠᠶᠢᠷᠠᠭᠤᠯᠤᠨ᠎ᠠ᠃ ᠬᠦᠷᠢᠶᠡᠯᠡᠩ ᠲᠤᠭᠤᠷᠢᠭ ᠤᠨ ᠬᠦᠭᠵᠢᠯᠲᠡ ᠶᠢᠨ ᠶᠠᠰᠤ ᠴᠢᠨᠠᠷ ᠪᠠ ᠦᠷ᠎ᠡ | ᠠᠰᠢᠭ ᠢ ᠳᠡᠭᠡᠭᠰᠢᠯᠡᠭᠦᠯᠵᠦ᠂ ᠣᠶᠤᠨᠯᠢᠭ ᠬᠦᠷᠢᠶᠡᠯᠡᠩ ᠲᠤᠭᠤᠷᠢᠭ ᠢ ᠪᠠᠶᠢᠭᠤᠯᠤᠨ᠎ᠠ᠃ | ᠣᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢ ᠰᠢᠯᠢᠳᠡᠭᠵᠢᠭᠦᠯᠦᠨ ᠬᠦᠴᠦᠷᠬᠡᠭᠵᠢᠭᠦᠯᠵᠤ᠂ ᠨᠡᠭᠦᠷᠡᠰᠦ ᠶᠢ | ᠠᠮᠤᠷ ᠲᠦᠪᠰᠢᠨ ᠪᠦᠭᠡᠳ ᠦᠨᠳᠦᠷ ᠪᠦᠲᠦᠮᠵᠢᠲᠡᠢ ᠪᠠᠷ ᠨᠡᠭᠡᠭᠡᠨ ᠮᠠᠯᠲᠠᠬᠤ ᠪᠠ ᠴᠡᠪᠡᠷᠰᠢᠭᠦᠯᠦᠨ ᠦᠨᠳᠦᠷ | ᠪᠦᠲᠦᠮᠵᠢᠲᠡᠢ ᠪᠠᠷ ᠠᠰᠢᠬᠯᠠᠬᠤ ᠶᠢ ᠠᠬᠢᠭᠤᠯᠵᠤ᠂ ᠣᠷᠳᠤᠰ ᠲᠠᠬᠢ ᠤᠯᠤᠰ ᠤᠨ ᠣᠳᠤ ᠦᠶ᠎ᠡ ᠶᠢᠨ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠤᠨ ᠢ ᠦᠨᠳᠦᠷ ᠪᠠᠷᠢᠮᠵᠢᠶ᠎ᠠ ᠪᠠᠷ | ᠪᠠᠶᠢᠭᠤᠯᠤᠨ᠎ᠠ᠃ ᠰᠢᠨ᠎ᠡ ᠡᠨᠧᠷᠬᠢ ᠶᠢᠨ ᠮᠠᠰᠢᠨ ᠴᠣᠭᠴᠠᠯᠠᠪᠤᠷᠢ ᠶᠢ 1000 ᠲᠦᠮᠡᠨ ᠺᠢᠯᠤᠸᠠᠲ ᠰᠢᠨ᠎ᠡ ᠪᠠᠷ | ᠨᠡᠮᠡᠭᠳᠡᠭᠦᠯᠦᠨ᠎ᠡ᠃ ᠣᠨᠴᠠ ᠦᠨᠳᠦᠷ ᠬᠦᠴᠦᠳᠡᠯᠳᠦ ᠴᠠᠬᠢᠯᠭᠠᠨ ᠢ ᠭᠠᠳᠠᠭᠰᠢ ᠳᠠᠮᠵᠢᠭᠤᠯᠬᠤ ᠳᠤ ᠰᠠᠭᠠᠳ ᠦᠭᠡᠢ | ᠨᠡᠪᠲᠡᠷᠡᠬᠦ ᠱᠤᠭᠤᠮ ᠪᠠ ᠣᠶᠤᠨᠴᠢᠯᠠᠭᠰᠠᠨ ᠴᠠᠬᠢᠯᠭᠠᠨ ᠬᠦᠴᠦᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠭᠡᠨ᠎ᠡ᠃ ᠰᠢᠨ᠎ᠡ ᠡᠨᠧᠷᠭᠢ ᠶᠢᠨ ᠬᠡᠷᠡᠭᠴᠡᠭᠡ ᠱᠠᠭᠠᠷᠳᠠᠯᠭ᠎ᠠ ᠶᠢᠨ ᠳᠠᠯ᠎ᠠ ᠶᠢᠨ ᠦᠭᠡᠷᠡᠴᠢᠯᠡᠯᠲᠡ ᠶᠢ ᠠᠬᠢᠭᠤᠯᠵᠦ | ᠂ ᠡᠨᠧᠷᠭᠢ ᠶᠢᠨ ᠬᠡᠷᠡᠭᠯᠡᠭᠡ ᠶᠢᠨ ᠬᠤᠪᠢᠰᠤᠯᠲᠠ ᠶᠢ ᠠᠬᠢᠭᠤᠯᠤᠨ᠎ᠠ᠃ ᠤᠰᠤᠳᠦ᠋ᠷᠦᠭᠴᠢ ᠡᠨᠧᠷᠬᠢ ᠶᠢᠨ ᠠᠵᠤ | ᠠᠬᠤᠢ ᠶᠢ ᠬᠦᠭᠵᠢᠭᠦᠯᠵᠦ᠂ ᠣᠷᠳᠤᠰ ᠪᠠ ᠦᠬᠠᠢ ᠶᠢ ᠲᠦᠯᠡᠰᠢ ᠶᠢᠨ ᠳ᠋ᠢᠶᠠᠨ ᠤᠤᠢ ᠶᠢᠨ ᠬᠦᠳᠡᠯᠭᠡᠭᠦᠷᠲᠦ ᠮᠠᠰᠢᠨ | ᠲᠡᠷᠭᠡᠨ ᠤ ᠵᠢᠱᠢᠶ᠎ᠡ ᠦᠵᠡᠭᠦᠯᠬᠦ ᠬᠤᠲᠠ ᠪᠣᠯᠭᠠᠨ ᠪᠠᠶᠢᠭᠤᠯᠤᠨ᠎ᠠ᠃ | ᠪᠠᠶ᠋ᠬᠠᠣᠪᠤᠭ᠎ᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠦᠨᠳᠦᠷ ᠪᠦᠲᠦᠮᠵᠢᠲᠡᠢ ᠪᠠᠷ | ᠶᠡᠷᠦᠩᠬᠡᠶᠢᠯᠡᠨ ᠠᠰᠢᠬᠯᠠᠬᠤ ᠶᠢ ᠠᠬᠢᠭᠤᠯᠵᠤ᠂ ᠠᠵᠤ ᠦᠢᠯᠡᠰ ᠤᠨ ᠪᠦᠬᠦ ᠬᠡᠯᠬᠢᠶ᠎ᠡ ᠶᠢ ᠴᠤᠭᠴᠠᠯᠠᠬᠤ ᠪᠠᠨ ᠠᠩᠬᠠᠷᠣᠨ | ᠴᠢᠬᠤᠯᠠᠴᠢᠯᠠᠵᠤ᠂ ᠬᠤᠪᠤᠷ ᠰᠢᠷᠤᠢ ᠶᠢᠨ ᠬᠤᠪᠤᠷ ᠲᠡᠮᠦᠷᠯᠢᠭ ᠮᠠᠲ᠋ᠧᠷᠢᠶᠠᠯ ᠤᠨ ᠠᠵᠤ ᠦᠢᠯᠡᠰ ᠤᠨ ᠪᠦᠯᠦᠭᠵᠢᠯ ᠢ | ᠪᠠᠶᠢᠭᠤᠯᠤᠨ᠎ᠠ᠃ ᠳᠡᠭᠡᠳᠦ ᠳᠡᠰ ᠤᠨ ᠲᠡᠮᠦᠷᠯᠢᠭ᠂ ᠪᠠᠯ ᠴᠢᠯᠠᠭᠤ ᠠᠯᠺᠧᠨ᠂ ᠴᠢᠳᠠᠮᠵᠢ ᠰᠠᠶᠢᠲᠠᠢ ᠰᠢᠷᠬᠡᠭᠯᠢᠭ ᠵᠡᠷᠭᠡ | ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠬᠦᠭᠵᠢᠭᠦᠯᠦᠨ᠎ᠡ᠃ ᠠᠮᠢᠳᠤ ᠪᠤᠳᠠᠰ ᠤᠨ ᠡᠮ ᠡᠮᠨᠡᠯᠭᠡ ᠶᠢᠨ | ᠣᠨᠴᠠᠯᠢᠭ ᠲᠠᠢ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠴᠡᠷᠢᠭ ᠤᠨ ᠬᠡᠷᠡᠭᠯᠡᠭᠡ ᠪᠠ ᠠᠷᠠᠳ ᠤᠨ | ᠬᠡᠷᠡᠭᠯᠡᠭᠡ ᠶᠢ ᠠᠭᠤᠰᠤᠯᠴᠠᠭᠤᠯᠤᠭᠰᠠᠨ ᠠᠵᠤ ᠦᠢᠯᠡᠰ ᠤᠨ ᠬᠦᠭᠵᠢᠯᠲᠡ ᠶᠢ ᠲᠦᠷᠭᠡᠳᠭᠡᠨ᠎ᠡ᠃ | ᠲᠣᠭᠠᠵᠢᠭᠤᠯᠤᠭᠰᠠᠨ ᠠᠵᠤ ᠠᠬᠤᠢ ᠶᠢ ᠶᠡᠭᠡ ᠪᠠᠷ ᠬᠦᠭᠵᠢᠭᠦᠯᠵᠦ᠂ 5G ᠮᠡᠷᠭᠡᠵᠢᠯ ᠢ ᠳᠡᠯᠭᠡᠷᠡᠭᠦᠯᠦᠨ | ᠬᠡᠷᠡᠭᠯᠡᠬᠦ ᠶᠢ ᠲᠦᠷᠭᠡᠳᠭᠡᠵᠦ᠂ ᠨᠢᠭᠡ ᠪᠦᠯᠦᠭ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ᠂ | ᠤᠶᠤᠨᠴᠢ ᠦᠢᠯᠡᠳᠪᠦᠷᠢ᠂ ᠲᠣᠭᠠᠵᠢᠭᠤᠯᠤᠭᠰᠠᠨ ᠦᠢᠯᠡᠳᠪᠦᠷᠢ ᠶᠢᠨ ᠲᠠᠰᠤᠭ ᠢ ᠪᠠᠶᠢᠭᠤᠯᠵᠤ᠂ ᠲᠣᠭᠠᠵᠢᠭᠤᠯᠤᠭᠰᠠᠨ | ᠠᠵᠤ ᠠᠬᠤᠢ ᠪᠠ ᠪᠤᠳᠠᠳᠤ ᠴᠤᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ | ᠲᠣᠭᠠᠵᠢᠭᠤᠯᠤᠭᠰᠠᠨ ᠵᠠᠰᠠᠭ ᠤᠨ ᠣᠷᠳᠤᠨ᠂ ᠲᠣᠭᠠᠵᠢᠭᠤᠯᠤᠭᠰᠠᠨ ᠨᠡᠶᠢᠭᠡᠮ ᠢ ᠪᠠᠶᠢᠭᠤᠯᠤᠨ᠎ᠠ᠃ | ᠤᠳᠤ ᠦᠶ᠎ᠡ ᠶᠢᠨ ᠪᠠᠷᠠᠭᠠᠨ ᠤ ᠭᠦᠢᠯᠭᠡᠭᠡ᠂ ᠰᠤᠲᠤᠯᠤᠨ ᠨᠡᠭᠡᠭᠡᠵᠦ ᠵᠢᠷᠤᠭᠯᠠᠨ ᠲᠦᠯᠦᠪᠯᠡᠬᠦ᠂ ᠪᠠᠶᠢᠴᠠᠭᠠᠨ | ᠰᠢᠯᠭᠠᠵᠤ ᠭᠡᠷᠡᠴᠢᠯᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠦᠢᠯᠡᠴᠢᠯᠡᠬᠦ ᠵᠡᠷᠭᠡ ᠣᠳᠤ ᠦᠶ᠎ᠡ ᠶᠢᠨ | ᠦᠢᠯᠡᠴᠢᠯᠡᠭᠡᠨ ᠤ ᠦᠢᠯᠡᠰ ᠢ ᠬᠦᠭᠵᠢᠭᠦᠯᠦᠨ᠎ᠡ᠃ ᠨᠡᠶᠢᠳᠡᠮ ᠬᠡᠷᠡᠭᠯᠡᠬᠦ ᠠᠭᠠᠷ ᠠᠶᠠᠯᠠᠯ ᠤᠨ ᠠᠵᠤ ᠦᠢᠯᠡᠰ ᠤᠨ | ᠰᠠᠭᠤᠷᠢᠨ ᠭᠠᠵᠠᠷ ᠢ ᠪᠠᠶᠢᠭᠤᠯᠵᠤ᠂ ︽ᠨᠡᠶᠢᠳᠡᠮ ᠬᠡᠷᠡᠭᠯᠡᠬᠦ ᠠᠭᠠᠷ ᠠᠶᠠᠯᠠᠯ + ᠵᠢᠭᠤᠯᠴᠢᠯᠠᠯ︾ ︽ᠨᠡᠶᠢᠳᠡᠮ ᠬᠡᠷᠡᠭᠯᠡᠬᠦ | ᠠᠭᠠᠷ ᠠᠶᠠᠯᠠᠯ + ᠪᠡᠶ᠎ᠡ ᠶᠢᠨ ᠲᠠᠮᠢᠷ︾ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠦᠭᠵᠢᠯᠲᠡ ᠶᠢ | ᠠᠬᠢᠭᠤᠯᠤᠨ᠎ᠠ᠃ | ︵ᠳᠥᠷᠪᠡ︶ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ | ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠤᠷᠤᠨ ᠢ ᠡᠩ ᠲᠡᠷᠢᠬᠦᠨ ᠳᠤ ᠬᠦᠭᠵᠢᠭᠦᠯᠬᠦ ᠶᠢ | ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ ᠤᠳᠤᠬᠢᠴᠢᠯᠠᠯᠲᠠ ᠶᠢ | ᠲᠦᠷᠭᠡᠳᠭᠡᠨ᠂ ᠲᠠᠷᠢᠶᠠᠯᠠᠩ ᠮᠠᠯ ᠠᠵᠤ ᠠᠬᠤᠢ ᠶᠢ ᠴᠢᠨᠠᠷ ᠰᠠᠶᠢᠲᠠᠢ ᠪᠦᠭᠡᠳ ᠦᠨᠳᠦᠷ ᠪᠦᠲᠦᠮᠵᠢᠲᠡᠢ ᠪᠣᠯᠭᠠᠬᠤ᠂ | ᠮᠠᠯᠵᠢᠬᠤ ᠲᠠᠷᠢᠶᠠᠯᠠᠬᠤ ᠤᠷᠤᠨ ᠢ ᠣᠷᠤᠰᠢᠨ ᠰᠠᠭᠤᠷᠢᠰᠢᠵᠣ ᠠᠵᠤ ᠲᠦᠷᠦᠬᠦ ᠳᠤ ᠲᠣᠬᠢᠷᠠᠮᠵᠢᠲᠠᠢ ᠪᠣᠯᠭᠠᠬᠤ᠂ | ᠮᠠᠯᠴᠢᠨ ᠲᠠᠷᠢᠶᠠᠴᠢᠨ ᠢ ᠪᠠᠶᠠᠨ ᠴᠢᠨᠡᠭᠡᠯᠢᠭ ᠠᠮᠢᠳᠤᠷᠠᠯ ᠲᠠᠢ ᠪᠣᠯᠭᠠᠬᠤ ᠶᠢ ᠠᠬᠢᠭᠤᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠭᠡᠵᠦ᠂ | ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠤᠯᠭᠠᠭᠤᠯᠬᠤ ᠠᠵᠢᠯ ᠢ ᠰᠠᠶᠢᠲᠤᠷ ᠬᠢᠵᠦ | ᠂ ᠬᠠᠪᠰᠤᠷᠤᠨ ᠳᠡᠳᠭᠦᠭᠦ ᠲᠠᠯ᠎ᠠ ᠪᠠᠷ ᠬᠢ ᠭᠤᠣᠯ ᠪᠣᠯᠬᠤ ᠲᠥᠷᠥ ᠶᠢᠨ ᠪᠣᠳᠤᠯᠭ᠎ᠠ ᠶᠢ ᠶᠡᠷᠦᠩᠬᠡᠢ ᠳᠡᠭᠡᠨ ᠲᠣᠭᠲᠠᠭᠤᠨ | ᠪᠠᠶᠢᠯᠭᠠᠬᠤ ᠶᠢ ᠪᠠᠲᠤᠯᠠᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠵᠦ ᠬᠢᠨᠠᠨ ᠰᠢᠨᠵᠢᠬᠦ ᠪᠠ ᠬᠠᠪᠰᠤᠷᠤᠨ ᠳᠡᠳᠭᠦᠭᠦ | ᠲᠣᠭᠲᠠᠴᠠ ᠶᠢ ᠪᠦᠷᠢᠨᠰᠢᠭᠦᠯᠦᠨ᠂ ᠠᠵᠢᠯ ᠣᠯᠭᠤᠯᠳᠠ ᠪᠠ ᠠᠵᠤ ᠦᠢᠯᠡᠰ ᠢᠶᠠᠷ ᠶᠠᠳᠠᠭᠤ ᠶᠢ ᠳᠡᠳᠭᠦᠭᠦ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠶᠠᠳᠠᠭᠤ ᠶᠢ ᠳᠡᠳᠭᠦᠭᠦ ᠪᠠᠷ ᠣᠨᠳᠤᠤ ᠭᠠᠵᠠᠷ ᠲᠤ ᠨᠡᠭᠦᠯᠭᠡᠭᠰᠡᠨ ᠤ ᠳᠠᠷᠠᠭ᠎ᠠ | ᠦᠷᠭᠦᠯᠵᠢᠯᠡᠨ ᠳᠡᠳᠭᠦᠭᠦ ᠠᠵᠢᠯ ᠢᠶᠠᠨ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠰᠠᠨ ᠬᠦᠮᠦᠰ ᠤᠨ | ᠣᠷᠤᠯᠭ᠎ᠠ ᠪᠠᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠤᠨ ᠤ ᠣᠷᠤᠯᠭ᠎ᠠ | ᠪᠠᠭᠠᠲᠠᠢ ᠬᠦᠮᠦᠰ ᠢ ᠪᠠᠶᠢᠩᠭᠤ ᠬᠠᠪᠰᠤᠷᠤᠨ ᠳᠡᠳᠭᠦᠭᠦ ᠪᠠᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠨᠢᠭᠡ | ᠪᠦᠯᠦᠭ ᠬᠤᠰᠢᠭᠤ ᠰᠢᠶᠠᠨ ᠢ ᠲᠦᠪᠯᠡᠷᠡᠭᠦᠯᠦᠨ ᠳᠡᠮᠵᠢᠵᠦ ᠪᠠᠶᠢᠭᠠᠳ ᠬᠦᠳᠡᠭᠡ ᠲᠤᠰᠬᠤᠨ ᠢᠶᠠᠨ ᠬᠦᠭᠵᠢᠭᠦᠯᠦᠨ | ᠮᠠᠨᠳᠤᠭᠤᠯᠬᠤ ᠶᠢ ᠨᠢ ᠠᠬᠢᠭᠤᠯᠤᠨ᠎ᠠ᠃ | ᠭᠠᠵᠠᠷ ᠰᠢᠷᠤᠢ ᠪᠠᠷ ᠠᠮᠤ ᠲᠠᠷᠢᠶ᠎ᠠ ᠶᠢ ᠪᠠᠲᠤᠯᠠᠵᠤ ᠤᠷ᠎ᠠ ᠮᠡᠷᠭᠡᠵᠢᠯ ᠢᠶᠠᠷ ᠪᠤᠳᠠᠭᠠᠨ ᠤ ᠤᠨᠠᠯᠲᠠ ᠪᠠᠨ | ᠳᠡᠭᠡᠭᠰᠢᠯᠡᠭᠦᠯᠬᠦ ᠶᠢ ᠪᠠᠷᠢᠮᠲᠠᠯᠠᠵᠤ᠂ ᠣᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠳᠠᠬᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠪᠠ ᠲᠤᠨᠤᠭ ᠲᠦᠬᠦᠭᠡᠷᠦᠮᠵᠢ ᠶᠢᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠣᠨ᠂ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠦᠬᠦ ᠶᠠᠪᠤᠴᠠ ᠶᠢᠨ ᠮᠧᠬᠠᠨᠢᠬᠵᠢᠭᠤᠯᠤᠯᠳᠠ ᠶᠢ | ᠠᠬᠢᠭᠤᠯᠤᠨ᠎ᠠ᠃ ︽ᠤᠰᠤ ᠠᠷᠪᠢᠯᠠᠬᠤ ᠶᠢ ᠤᠷᠢᠳ ᠢᠶᠠᠷ ᠪᠤᠳᠤᠯᠬᠢᠯᠠᠨ᠂ ᠤᠰᠤᠨ ᠤ ᠬᠡᠮᠵᠢᠶ᠎ᠡ ᠪᠠᠷ ᠨᠡᠭᠡᠭᠡᠨ | ᠠᠰᠢᠬᠯᠠᠬᠤ︾ ᠶᠢ ᠪᠠᠷᠢᠮᠲᠠᠯᠠᠵᠦ᠂ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠢ 459 ᠲᠦᠮᠡᠨ ᠮᠦ ᠰᠢᠨ᠎ᠡ ᠪᠠᠷ | ᠪᠠᠶᠢᠭᠤᠯᠤᠨ᠂ ᠬᠤᠵᠢᠷᠰᠢᠭᠰᠠᠨ ᠲᠠᠷᠢᠶᠠᠯᠠᠬᠤ ᠭᠠᠵᠠᠷ ᠢ ᠰᠠᠶᠢᠵᠢᠷᠠᠭᠤᠯᠬᠤ ᠪᠠ ᠬᠠᠷ᠎ᠠ ᠬᠦᠷᠦᠰᠦᠲᠦ ᠭᠠᠵᠠᠷ ᠲᠤ | ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠶᠢ ᠦᠷᠭᠦᠯᠵᠢᠯᠡᠨ ᠠᠬᠢᠭᠤᠯᠤᠨ᠎ᠠ᠃ ᠲᠠᠷᠢᠶᠠᠯᠠᠬᠤ ᠭᠠᠵᠠᠷ ᠢ ᠤᠯᠠᠭᠠᠨ | ᠱᠣᠭᠤᠮ ᠢᠶᠠᠷ ᠬᠠᠮᠠᠭᠠᠯᠠᠨ ᠬᠢᠵᠠᠭᠠᠷᠯᠠᠵᠤ᠂ ᠡᠵᠡᠯᠡᠵᠤ ᠲᠠᠷᠢᠶᠠᠯᠠᠬᠤ ᠪᠠ ᠨᠦᠬᠦᠪᠦᠷᠢᠯᠡᠵᠤ ᠦᠭᠬᠦ ᠶᠢ | ᠲᠡᠩᠴᠡᠭᠦᠷᠢᠰᠢᠭᠦᠯᠬᠦ ᠪᠠᠨ ᠳᠥᠷᠢᠮᠵᠢᠭᠦᠯᠣᠨ᠂ ᠬᠦᠳᠡᠭᠡ ᠲᠤᠰᠬᠤᠨ ᠤ ᠲᠠᠷᠢᠶᠠᠯᠠᠬᠤ ᠭᠠᠵᠠᠷ ᠲᠤ ᠳᠤᠷ᠎ᠠ ᠪᠠᠷ ᠭᠡᠷ | ᠪᠠᠶᠢᠰᠢᠩ ᠪᠠᠷᠢᠬᠤ ᠠᠰᠠᠭᠤᠳᠠᠯ ᠢ ᠴᠡᠭᠴᠡᠯᠡᠨ ᠵᠠᠰᠠᠵᠤ᠂ ᠲᠠᠷᠢᠶᠠᠯᠠᠬᠤ ᠭᠠᠵᠠᠷ ᠢ ︽ᠲᠠᠷᠢᠶᠠᠯᠠᠩ ᠤᠨ ᠪᠤᠰᠤ ᠵᠦᠢᠯ ᠳᠤ | ᠬᠡᠷᠡᠭᠯᠡᠬᠦ︾ ᠶᠢ ᠡᠷᠡᠰ ᠬᠤᠷᠢᠬᠯᠠᠨ᠂ ︽ᠠᠮᠤ ᠪᠤᠳᠠᠭᠠᠨ ᠤ ᠪᠤᠰᠤ ᠵᠦᠢᠯ ᠳᠤ ᠬᠡᠷᠡᠭᠯᠡᠬᠦ︾ ᠶᠢ ᠰᠡᠷᠭᠡᠶᠢᠯᠡᠵᠦ᠂ ᠠᠮᠤ | ᠪᠤᠳᠠᠭ᠎ᠠ ᠲᠠᠷᠢᠬᠤ ᠲᠠᠯᠠᠪᠠᠢ ᠶᠢ ᠲᠤᠭᠲᠠᠪᠤᠷᠢᠲᠠᠢ ᠪᠠᠶᠢᠯᠭᠠᠨ᠎ᠠ᠃ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠵᠣ | ᠠᠰᠢᠬᠯᠠᠬᠤ ᠪᠠᠨ ᠴᠢᠩᠭᠠᠳᠬᠠᠨ᠂ ᠲᠠᠷᠢᠮᠠᠯ᠂ ᠣᠢ ᠮᠣᠳᠤ ᠡᠪᠡᠰᠦ ᠪᠠ ᠮᠠᠯ ᠵᠢᠭᠦᠷᠲᠡᠨ ᠤ ᠦᠷ᠎ᠡ ᠡᠳ᠋ ᠤᠨ ᠡᠬᠢ | ᠪᠠᠶᠠᠯᠢᠭ ᠤᠨ ᠬᠦᠮᠦᠷᠭᠡ ᠶᠢ ᠪᠠᠶᠢᠭᠤᠯᠵᠤ᠂ ᠦᠷ᠎ᠡ ᠡᠭᠦᠯᠳᠡᠷ ᠪᠤᠶᠢᠵᠢᠭᠤᠯᠬᠤ ᠲᠠᠯ᠎ᠠ ᠪᠠᠷ ᠰᠢᠨ᠎ᠡ ᠶᠢ ᠡᠭᠦᠳᠬᠦ ᠪᠠ | ᠰᠠᠶᠢᠨ ᠦᠷ᠎ᠡ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠪᠤᠶᠢᠵᠢᠭᠤᠯᠬᠤ | ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠬᠤ ᠪᠠᠨ ᠠᠬᠢᠭᠤᠯᠤᠨ᠎ᠠ᠃ ᠠᠮᠢᠲᠠᠨ ᠤ ᠬᠢᠵᠢᠭ ᠪᠠ ᠲᠠᠷᠢᠮᠠᠯ ᠤᠨ | ᠬᠤᠷᠤᠬᠠᠢ ᠭᠡᠮ ᠤᠨ ᠬᠦᠨᠦᠭᠡᠯ ᠢ ᠰᠡᠷᠭᠡᠶᠢᠯᠡᠨ ᠵᠠᠰᠠᠬᠤ ᠪᠠᠨ ᠴᠢᠩᠭᠠᠷᠠᠭᠤᠯᠤᠨ᠎ᠠ᠃ | ᠮᠠᠯ ᠲᠠᠷᠢᠶᠠᠯᠠᠩ ᠢ ᠪᠣᠬᠢᠷᠳᠤᠭᠤᠯᠬᠤ ᠦᠭᠡᠢ ᠪᠠᠷ ᠬᠦᠭᠵᠢᠭᠦᠯᠬᠦ ᠶᠢ ᠪᠠᠷᠢᠮᠲᠠᠯᠠᠵᠤ᠂ ᠴᠢᠨᠠᠷ ᠰᠠᠶᠢᠲᠠᠢ ᠪᠦᠬᠡᠳ | ᠪᠤᠬᠢᠷᠳᠤᠯ ᠦᠬᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ | ᠰᠦ ᠰᠠᠭᠠᠯᠢ ᠶᠢᠨ ᠦᠢᠯᠡᠰ ᠢ ᠬᠦᠭᠵᠢᠭᠦᠯᠦᠨ ᠮᠠᠨᠳᠤᠭᠤᠯᠬᠤ ᠪᠠᠨ ᠭᠦᠨᠵᠡᠭᠡᠶ ᠠᠬᠢᠭᠤᠯᠵᠤ᠂ ᠰᠦ ᠰᠠᠭᠠᠯᠢ ᠶᠢᠨ | ᠢᠷᠡᠯᠲᠡ ᠶᠢᠨ ᠰᠠᠭᠤᠷᠢᠨ ᠭᠠᠵᠠᠷ ᠪᠠ ᠮᠠᠯᠵᠢᠯ ᠤᠨ ᠲᠠᠯᠠᠪᠠᠢ ᠶᠢ ᠬᠤᠯᠢᠮᠠᠭ ᠦᠮᠴᠢᠯᠡᠯᠲᠦ ᠬᠡᠯᠪᠡᠷᠢ ᠪᠠᠷ | ᠪᠠᠶᠢᠭᠤᠯᠬᠤ ᠶᠢ ᠵᠣᠷᠢᠬᠵᠢᠭᠤᠯᠵᠣ᠂ ᠤᠯᠠᠮᠵᠢᠯᠠᠯᠲᠤ ᠴᠠᠭᠠᠨ ᠢᠳᠡᠭᠡ ᠶᠢ ᠠᠵᠤ ᠥᠢᠯᠡᠰᠵᠢᠭᠦᠯᠬᠦ ᠪᠠ ᠨᠡᠷᠡᠲᠦ ᠲᠡᠮᠲᠡᠭ | ᠪᠣᠯᠭᠠᠨ ᠬᠥᠭᠵᠢᠭᠦᠯᠬᠦ ᠶᠢ ᠳᠡᠮᠵᠢᠨ᠎ᠡ᠃ ᠳᠠᠷᠤᠰᠢᠭᠤᠯᠬᠤ ᠡᠷᠳᠡᠨᠢ ᠰᠢᠰᠢ᠂ ᠴᠢᠨᠠᠷ ᠰᠠᠶᠢᠲᠠᠢ ᠴᠠᠷᠭᠠᠰᠤ ᠲᠠᠷᠢᠬᠤ | ᠲᠠᠯᠠᠪᠠᠢ ᠶᠢ ᠭᠠᠵᠠᠷ ᠣᠷᠤᠨ ᠤ ᠪᠠᠶᠢᠳᠠᠯ ᠳᠤ ᠨᠢ ᠲᠣᠬᠢᠷᠠᠭᠤᠯᠤᠨ ᠦᠷᠭᠡᠳᠭᠡᠵᠦ᠂ ᠡᠪᠡᠰᠦ ᠪᠡᠯᠴᠢᠭᠡᠷ ᠤᠨ ᠴᠢᠨᠠᠷ ᠢ | ᠳᠡᠭᠡᠭᠰᠢᠯᠡᠭᠦᠯᠦᠨ᠎ᠡ᠃ ᠪᠠᠷᠢᠮᠵᠢᠶᠠᠵᠢᠭᠤᠯᠤᠨ ᠲᠡᠵᠢᠭᠡᠬᠦ ᠶᠢ ᠬᠡᠷᠡᠭᠵᠢᠬᠦᠯᠵᠦ᠂ ᠠᠯᠠᠰᠢᠨ ᠥᠬᠡᠷ ᠠᠯᠠᠰᠢᠨ ᠬᠤᠨᠢᠨ ᠤ | ᠠᠵᠤ ᠦᠢᠯᠡᠰ ᠤᠨ ᠬᠦᠭᠵᠢᠯᠲᠡ ᠶᠢ ᠲᠦᠷᠭᠡᠳᠭᠡᠨ᠂ ᠰᠠᠭᠠᠯᠢ ᠪᠠ ᠠᠯᠠᠰᠢᠨ ᠤ ᠡᠭᠦᠯᠳᠡᠷ ᠢ ᠪᠤᠶᠢᠵᠢᠭᠤᠯᠵᠤ | ᠦᠷᠡᠵᠢᠭᠦᠯᠬᠦ ᠶᠢ ᠳᠡᠮᠵᠢᠨ᠎ᠡ᠃ ᠤᠨᠴᠠᠯᠢᠭ ᠲᠠᠢ ᠲᠠᠷᠢᠵᠤ ᠤᠷᠭᠤᠭᠤᠯᠬᠤ ᠪᠠ ᠲᠡᠵᠢᠭᠡᠨ ᠦᠷᠡᠵᠢᠭᠦᠯᠬᠦ ᠶᠢ | ᠵᠤᠷᠢᠬᠵᠢᠭᠤᠯᠵᠦ᠂ ᠣᠢ ᠶᠢᠨ ᠬᠤᠷᠮᠤᠢ ᠶᠢᠨ ᠠᠵᠤ ᠠᠬᠤᠢ ᠶᠢ ᠬᠦᠭᠵᠢᠭᠦᠯᠦᠨ᠎ᠡ᠃ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠲᠡᠭ ᠪᠣᠯᠭᠠᠨ ᠪᠦᠲᠦᠭᠡᠨ ᠪᠠᠶᠢᠭᠤᠯᠬᠤ | ᠭᠤᠷᠪᠠᠨ ᠵᠢᠯ ᠤᠨ ᠠᠵᠢᠯᠯᠠᠭᠠᠨ ᠢ ᠬᠡᠷᠡᠭᠵᠢᠭᠦᠯᠣᠨ᠎ᠡ᠃ ᠮᠠᠯᠵᠢᠬᠤ ᠤᠷᠤᠨ ᠤ ᠣᠳᠤᠬᠢᠴᠢᠯᠠᠯᠲᠠ ᠶᠢᠨ | ᠲᠤᠷᠰᠢᠯᠲᠠ ᠶᠢᠨ ᠴᠡᠭ ᠢ ᠠᠬᠢᠭᠤᠯᠵᠤ᠂ ᠮᠠᠯ ᠪᠡᠯᠴᠢᠭᠡᠷ ᠢ ᠳᠡᠩᠴᠡᠭᠦᠷᠢᠲᠡᠢ ᠪᠠᠶᠢᠯᠭᠠᠬᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ᠲᠡᠮᠦᠷ ᠲᠣᠣᠷ ᠲᠠᠲᠠᠬᠤ ᠶᠢ ᠪᠠᠭᠠᠰᠬᠠᠵᠤ᠂ ᠨᠤᠲᠤᠭ ᠪᠡᠯᠴᠢᠭᠡᠷ ᠢ ︽ᠬᠡᠰᠡᠭᠯᠡᠨ ᠬᠦᠷᠢᠶᠡᠯᠡᠬᠦ︾ | ᠠᠰᠠᠭᠤᠳᠠᠯ ᠢ ᠰᠢᠢᠳᠪᠦᠷᠢᠯᠡᠨ᠎ᠠ᠃ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ | ᠬᠦᠭᠵᠢᠬᠦ ᠶᠢ ᠠᠬᠢᠭᠤᠯᠤᠨ᠎ᠠ᠃ | ᠬᠦᠳᠡᠭᠡ ᠲᠤᠰᠬᠤᠨ ᠢ ᠪᠦᠲᠦᠭᠡᠨ ᠪᠠᠶᠢᠭᠤᠯᠬᠤ ᠠᠵᠢᠯᠯᠠᠭᠠᠨ ᠢ ᠬᠡᠷᠡᠭᠵᠢᠭᠦᠯᠵᠦ᠂ ᠬᠦᠳᠡᠭᠡ ᠲᠤᠰᠬᠤᠨ ᠤ | ᠲᠦᠯᠦᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠣᠬᠢᠶᠠᠵᠦ᠂ ᠰᠢᠶᠠᠨ ᠤ ᠲᠦᠪ᠂ ᠰᠢᠶᠠᠩ ᠪᠠᠯᠭᠠᠰᠤᠨ ᠤ ᠣᠯᠠᠨ | ᠨᠡᠶᠢᠲᠡ ᠶᠢᠨ ᠶᠡᠷᠦᠩᠬᠡᠢ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ | ᠤᠷᠤᠰᠢᠨ ᠠᠮᠢᠳᠤᠷᠠᠬᠤ ᠣᠷᠴᠢᠨ ᠨᠦᠬᠦᠴᠡᠯ ᠢ ᠴᠡᠭᠴᠡᠯᠡᠨ ᠰᠠᠶᠢᠵᠢᠷᠠᠭᠤᠯᠬᠤ ᠠᠵᠢᠯᠯᠠᠭᠠᠨ ᠢ ᠠᠬᠢᠭᠤᠯᠵᠤ᠂ | ᠵᠣᠷᠯᠤᠩ ᠢ ᠦᠭᠡᠷᠡᠴᠢᠯᠡᠬᠦ᠂ ᠬᠤᠭ ᠨᠤᠪᠰᠢ ᠪᠤᠬᠢᠷ ᠤᠰᠤ ᠶᠢ ᠰᠢᠢᠳᠪᠦᠷᠢᠯᠡᠬᠦ᠂ ᠲᠠᠷᠢᠵᠤ ᠤᠷᠭᠤᠭᠤᠯᠬᠤ ᠪᠠ | ᠲᠡᠵᠢᠭᠡᠨ ᠦᠷᠡᠵᠢᠭᠦᠯᠦᠭᠡᠳ ᠭᠠᠷᠭᠠᠭᠰᠠᠨ ᠬᠠᠶᠠᠭᠳᠠᠮᠠᠯ ᠪᠤᠳᠠᠰ ᠢ ᠡᠬᠢ ᠪᠠᠶᠠᠯᠢᠬᠵᠢᠭᠤᠯᠤᠨ ᠠᠰᠢᠬᠯᠠᠬᠤ ᠶᠢ ᠭᠠᠵᠠᠷ | ᠤᠷᠤᠨ ᠤ ᠪᠠᠶᠢᠳᠠᠯ ᠳᠤ ᠨᠢ ᠲᠣᠬᠢᠷᠠᠭᠤᠯᠤᠨ ᠠᠬᠢᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠤᠯᠠᠨ ᠨᠡᠶᠢᠲᠡ ᠶᠢᠨ | ᠪᠡᠯᠡᠳᠭᠡᠮᠵᠢ ᠶᠢ ᠬᠠᠮᠢᠶᠠᠷᠴᠦ ᠬᠠᠮᠠᠭᠠᠯᠠᠬᠤ ᠲᠤᠬᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠬᠤᠶᠠᠳᠤᠭᠠᠷ ᠡᠭᠡᠯᠵᠢ ᠶᠢᠨ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠬᠤᠭᠤᠴᠠᠭ᠎ᠠ ᠲᠤᠯᠤᠭᠰᠠᠨ ᠤ ᠳᠠᠷᠠᠭ᠎ᠠ | 30 ᠵᠢᠯ ᠤᠷᠳᠤᠳᠬᠠᠬᠤ ᠲᠤᠷᠰᠢᠯᠲᠠ ᠶᠢᠨ ᠴᠡᠭ ᠢ ᠡᠮᠬᠢ ᠵᠢᠷᠦᠮ ᠲᠠᠢ ᠦᠷᠨᠢᠭᠦᠯᠵᠣ᠂ ᠭᠠᠵᠠᠷ ᠰᠢᠷᠤᠢ ᠡᠵᠡᠩᠨᠡᠬᠦ | ᠡᠷᠬᠡ ᠶᠢ ᠡᠷᠭᠢᠯᠳᠦᠭᠦᠯᠦᠨ ᠰᠢᠯᠵᠢᠭᠦᠯᠬᠦ ᠳᠤ ᠦᠢᠯᠡᠴᠢᠯᠡᠬᠦ ᠰᠢᠰᠲ᠋ᠧᠮᠵᠢ ᠶᠢ ᠪᠦᠷᠢᠨᠰᠢᠭᠦᠯᠦᠨ᠎ᠡ᠃ ᠮᠠᠯᠵᠢᠬᠤ | ᠲᠠᠷᠢᠶᠠᠯᠠᠬᠤ ᠤᠷᠤᠨ ᠤ ᠬᠠᠮᠲᠤ ᠶᠢᠨ ᠦᠮᠴᠢᠯᠡᠯ ᠤᠨ ᠡᠷᠬᠡ ᠶᠢᠨ ᠳᠦᠷᠢᠮ ᠤᠨ ᠦᠭᠡᠷᠡᠴᠢᠯᠡᠯᠲᠡ ᠶᠢᠨ ᠱᠠᠲᠤᠴᠢ | ᠴᠢᠨᠠᠷᠲᠠᠢ ᠡᠬᠦᠷᠭᠡ ᠶᠢ ᠪᠡᠶᠡᠯᠡᠭᠦᠯᠦᠨ᠂ ᠬᠠᠮᠲᠤ ᠶᠢᠨ ᠠᠵᠤ ᠠᠬᠤᠢ ᠶᠢ ᠬᠦᠭᠵᠢᠬᠦᠯᠦᠨ ᠪᠤᠵᠠᠭᠠᠶᠢᠷᠠᠭᠤᠯᠵᠦ᠂ ᠰᠢᠨ᠎ᠡ | ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠡᠵᠡᠩᠨᠡᠬᠦ ᠭᠤᠣᠯ ᠴᠤᠭᠴᠠ ᠪᠠ ᠦᠢᠯᠡᠴᠢᠯᠡᠬᠦ ᠭᠤᠣᠯ ᠴᠤᠭᠴᠠ ᠶᠢ | ᠪᠣᠢ ᠪᠣᠯᠭᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠲᠦᠷᠦ ᠶᠢᠨ ᠪᠣᠳᠤᠯᠭ᠎ᠠ ᠶᠢᠨ ᠴᠢᠨᠠᠷᠲᠠᠢ ᠳᠠᠭᠠᠳᠬᠠᠯ ᠤᠨ | ᠬᠠᠮᠤᠷᠬᠤ ᠬᠡᠪᠴᠢᠶ᠎ᠡ ᠶᠢ ᠦᠷᠭᠡᠳᠭᠡᠵᠦ᠂ ᠮᠠᠯᠵᠢᠬᠤ ᠲᠠᠷᠢᠶᠠᠯᠠᠬᠤ ᠤᠷᠤᠨ ᠢ ᠮᠦᠩᠭᠦᠨ ᠭᠦᠢᠯᠭᠡᠭᠡᠨ ᠢᠶᠠᠷ | ᠦᠢᠯᠡᠴᠢᠯᠡᠬᠦ ᠰᠢᠰᠲ᠋ᠧᠮᠵᠢ ᠶᠢ ᠪᠦᠷᠢᠨᠰᠢᠭᠦᠯᠦᠨ᠎ᠡ᠃ | ︵ᠲᠠᠪᠤ︶ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠦᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ | ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠠᠵᠢᠯ ᠢ ᠰᠠᠶᠢᠲᠤᠷ ᠠᠳᠬᠤᠵᠣ᠂ | ᠳᠡᠭᠡᠳᠦ ᠳᠤᠤᠷᠠᠳᠤ ᠤᠷᠤᠰᠬᠠᠯ᠂ ᠭᠤᠣᠯ ᠰᠠᠯᠪᠤᠷᠢ ᠤᠷᠤᠰᠬᠠᠯ᠂ ᠬᠤᠶᠠᠷ ᠲᠠᠯ᠎ᠠ ᠶᠢᠨ ᠡᠷᠭᠢ ᠶᠢ ᠬᠠᠮᠵᠢᠯᠴᠠᠨ | ᠵᠠᠰᠠᠬᠤ ᠪᠠᠨ ᠴᠢᠩᠭᠠᠳᠬᠠᠨ᠂ ᠭᠤᠣᠯ ᠪᠠ ᠭᠤᠣᠯ ᠤᠨ ᠰᠠᠶᠢᠷᠭᠠᠯ ᠤᠨ ᠶᠡᠷᠦᠩᠬᠡᠶᠢᠯᠡᠨ ᠵᠠᠰᠠᠵᠤ ᠰᠠᠶᠢᠵᠢᠷᠠᠭᠤᠯᠬᠤ | ᠢᠨᠵᠧᠨᠧᠷᠢᠩ ᠢ ᠬᠡᠷᠡᠭᠵᠢᠭᠦᠯᠵᠤ᠂ ︽ᠳᠤᠷ᠎ᠠ ᠪᠠᠷ ᠡᠵᠡᠯᠡᠵᠦ︾ ︽ᠳᠤᠷ᠎ᠠ ᠪᠠᠷ ᠪᠠᠶᠢᠭᠤᠯᠬᠤ︾ ᠠᠰᠠᠭᠤᠳᠠᠯ ᠢ | ᠲᠦᠪᠯᠡᠷᠡᠭᠦᠯᠦᠨ ᠴᠡᠭᠴᠡᠯᠡᠵᠦ᠂ ᠡᠷᠭᠢ ᠳᠠᠭᠠᠤ ᠤᠷᠤᠨ ᠤ ᠠᠮᠢ ᠠᠬᠤᠢ ᠶᠢᠨ ᠴᠢᠳᠠᠮᠵᠢ ᠶᠢ ᠰᠡᠷᠭᠦᠭᠡᠨ᠎ᠡ᠃ ᠤᠷᠤᠨ | ᠪᠦᠰᠡ ᠶᠢᠨ ᠬᠦᠷᠦᠰᠦ ᠰᠢᠷᠤᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠪᠠᠨ ᠴᠢᠩᠭᠠᠷᠠᠭᠤᠯᠵᠤ᠂ ᠬᠠᠰᠢᠯᠭ᠎ᠠ ᠶᠢᠨ | ᠰᠡᠷᠭᠡᠶᠢᠯᠡᠯᠲᠡ ᠪᠠ ᠡᠯᠡᠰᠦ ᠨᠡᠭᠦᠳᠡᠯᠯᠡᠬᠦ ᠶᠢ ᠰᠡᠷᠭᠡᠶᠢᠯᠡᠨ ᠡᠵᠡᠮᠳᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠂ ᠦᠶᠡᠷ ᠤᠰᠤᠳᠤᠯ ᠪᠠ ᠰᠦᠩ ᠬᠠᠯᠢᠶ᠎ᠠ ᠶᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ | ᠬᠠᠲᠤᠨ ᠭᠤᠣᠯ ᠳᠠᠭᠠᠤ ᠭᠠᠵᠠᠷ ᠤᠷᠤᠨ ᠤ ᠣᠷᠴᠢᠨ ᠲᠤᠭᠤᠷᠢᠨ ᠤ ᠪᠤᠬᠢᠷᠳᠤᠯ ᠢ ᠰᠢᠰᠲ᠋ᠧᠮ ᠲᠠᠢ ᠵᠠᠰᠠᠬᠤ ᠪᠠ | ᠠᠭᠤᠷᠬᠠᠢ ᠶᠢᠨ ᠣᠷᠤᠨ ᠤ ᠠᠮᠢ ᠠᠬᠤᠢ ᠣᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠪᠠᠨ ᠴᠢᠩᠭᠠᠳᠬᠠᠨ᠎ᠠ᠃ | ᠤᠰᠤ ᠶᠢ ᠮᠠᠰᠢ ᠰᠠᠶᠢᠨ ᠠᠷᠪᠢᠯᠠᠬᠤ ᠪᠠ ᠡᠵᠡᠮᠳᠡᠬᠦ ᠠᠵᠢᠯᠯᠠᠭᠠᠨ ᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠦᠳᠦᠭᠦᠯᠢᠭ | ᠪᠦᠭᠡᠳ ᠳᠣᠣᠷ᠎ᠠ ᠠᠰᠢᠬᠯᠠᠮᠵᠢ ᠲᠠᠢ ᠤᠰᠤ ᠬᠡᠷᠡᠭᠯᠡᠬᠦ ᠠᠷᠭ᠎ᠠ ᠮᠠᠶ᠋ᠢᠭ ᠢ ᠬᠤᠪᠢᠷᠠᠭᠤᠯᠤᠭᠠᠳ ᠠᠷᠪᠢᠲᠠᠢ ᠡᠷᠴᠢᠮᠲᠡᠢ | ᠬᠡᠷᠡᠭᠯᠡᠬᠦ ᠶᠢ ᠦᠷᠭᠦᠯᠵᠢᠯᠡᠨ ᠠᠬᠢᠭᠤᠯᠤᠨ᠎ᠠ᠃ | ᠡᠨᠧᠷᠬᠢ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ᠂ ᠡᠬᠢ ᠪᠠᠶᠠᠯᠢᠭ ᠢ ᠶᠡᠷᠦᠩᠬᠡᠶᠢᠯᠡᠨ ᠠᠰᠢᠬᠯᠠᠬᠤ ᠨᠤᠷᠮ᠎ᠠ ᠶᠢ ᠳᠡᠭᠡᠭᠰᠢᠯᠡᠭᠦᠯᠦᠨ᠎ᠡ᠃ ᠰᠢᠨ᠎ᠡ ᠪᠠ | ᠬᠠᠭᠤᠴᠢᠨ ᠬᠦᠳᠡᠯᠭᠡᠬᠦ ᠴᠢᠳᠠᠮᠵᠢ ᠶᠢᠨ ᠰᠤᠯᠢᠬᠳᠠᠯ ᠢ ᠲᠦᠷᠭᠡᠳᠭᠡᠨ᠂ ᠨᠡᠭᠦᠷᠡᠰᠦᠨ ᠤ ᠪᠤᠰᠤ ᠠᠵᠤ ᠦᠢᠯᠡᠰ᠂ ᠡᠬᠢ | ᠪᠠᠶᠠᠯᠢᠭ ᠤᠨ ᠪᠤᠰᠤ ᠠᠵᠤ ᠦᠢᠯᠡᠰ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠢ ᠪᠣᠢ ᠪᠣᠯᠭᠠᠨ᠎ᠠ᠃ | ᠬᠠᠲᠤᠨ ᠭᠤᠣᠯ ᠤᠨ ᠲᠤᠬᠤᠢ ᠳᠠᠬᠢ ᠲᠤᠮᠤ ᠬᠤᠲᠠ ᠶᠢᠨ ᠲᠤᠭᠤᠷᠢᠭ ᠤᠨ ᠵᠣᠬᠢᠴᠠᠯᠳᠤᠭᠰᠠᠨ ᠬᠦᠭᠵᠢᠯᠲᠡ ᠶᠢ | ᠠᠬᠢᠭᠤᠯᠵᠤ᠂ ᠬᠠᠲᠤᠨ ᠭᠤᠣᠯ ᠳᠠᠭᠠᠤ ᠭᠠᠵᠠᠷ ᠣᠷᠤᠨ ᠤ ᠲᠥᠪ ᠪᠣᠯᠬᠤ ᠬᠤᠲᠠ ᠪᠠ ᠬᠤᠲᠠ ᠶᠢᠨ ᠪᠦᠯᠦᠭᠵᠢᠯ ᠤᠨ | ᠴᠢᠨᠠᠷ ᠰᠠᠶᠢᠲᠠᠢ ᠬᠦᠭᠵᠢᠯᠲᠡ ᠶᠢ ᠠᠬᠢᠭᠤᠯᠤᠨ᠎ᠠ᠃ | ᠬᠠᠲᠤᠨ ᠭᠤᠣᠯ ᠤᠨ ᠰᠣᠶᠤᠯ ᠢ ᠬᠠᠮᠠᠭᠠᠯᠠᠬᠤ᠂ ᠤᠯᠠᠮᠵᠢᠯᠠᠬᠤ ᠪᠠ ᠪᠠᠳᠠᠷᠠᠭᠤᠯᠵᠣ᠂ ᠬᠠᠲᠤᠨ ᠭᠤᠣᠯ ᠤᠨ | ᠰᠣᠶᠤᠯ ᠤᠨ ᠴᠠᠭ ᠦᠶ᠎ᠡ ᠶᠢᠨ ᠥᠷᠲᠡᠭ ᠢ ᠭᠦᠨᠵᠡᠭᠡᠢ ᠠᠭᠤᠳᠠᠯᠤᠨ᠂ ᠰᠤᠶᠤᠯ ᠤᠨ ᠡᠬᠢ ᠪᠠᠶᠠᠯᠢᠭ ᠪᠠ | ᠪᠠᠶᠢᠭᠠᠯᠢ ᠶᠢᠨ ᠡᠬᠢ ᠪᠠᠶᠠᠯᠢᠭ ᠤᠨ ᠤᠷᠭᠠᠨᠢᠭ ᠢᠶᠠᠷ ᠠᠭᠤᠰᠤᠯᠴᠠᠬᠤ ᠶᠢ ᠠᠬᠢᠭᠤᠯᠵᠤ᠂ ᠤᠷᠲᠤ ᠴᠠᠭᠠᠨ ᠬᠡᠷᠡᠮ ᠤᠨ | ᠤᠯᠤᠰ ᠤᠨ ᠰᠤᠶᠤᠯ ᠤᠨ ᠴᠡᠴᠡᠷᠯᠢᠭ᠂ ᠬᠠᠲᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠢ ᠪᠦᠲᠦᠭᠡᠨ | ᠪᠠᠶᠢᠭᠤᠯᠬᠤ ᠠᠵᠢᠯ ᠢ ᠠᠬᠢᠭᠤᠯᠵᠤ᠂ ᠳᠡᠯᠡᠬᠡᠢ ᠨᠡᠶᠢᠲᠡ ᠳᠤ ᠨᠦᠯᠦᠭᠡᠯᠡᠬᠦ ᠬᠦᠴᠦᠨ ᠲᠠᠢ ᠬᠠᠲᠤᠨ ᠭᠤᠣᠯ ᠤᠨ | ᠲᠣᠬᠤᠢ ᠶᠢᠨ ᠰᠤᠶᠦᠯ ᠤᠨ ᠵᠢᠭᠤᠯᠴᠢᠯᠠᠯ ᠤᠨ ᠪᠦᠰᠡ ᠶᠢ ᠴᠤᠭᠴᠠᠯᠠᠨ ᠪᠠᠶᠢᠭᠤᠯᠤᠨ᠎ᠠ᠃ | ︵ᠵᠢᠷᠭᠤᠭ᠎ᠠ︶ ᠦᠭᠡᠷᠡᠴᠢᠯᠡᠯᠳᠠ ᠨᠡᠭᠡᠭᠡᠯᠳᠠ ᠶᠢ ᠨᠡᠩ ᠡᠷᠴᠢᠮᠳᠡᠢ ᠠᠬᠢᠭᠤᠯᠣᠨ᠎ᠠ | ᠵᠠᠬ᠎ᠠ ᠳᠡᠯᠭᠡᠭᠦᠷᠴᠢᠯᠡᠭᠰᠡᠨ ᠬᠠᠣᠯᠢᠵᠢᠭᠰᠠᠨ ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ | ᠨᠦᠬᠦᠴᠡᠯ ᠢ ᠭᠦᠴᠣᠯᠡᠨ ᠪᠣᠢ ᠪᠣᠯᠭᠠᠨ᠎ᠠ᠃ ︽ᠳᠠᠯᠪᠢᠬᠤ ᠬᠠᠮᠢᠶᠠᠷᠬᠤ ᠦᠢᠯᠡᠴᠢᠯᠡᠭᠦ︾ ᠦᠭᠡᠷᠡᠴᠢᠯᠡᠯᠳᠠ ᠶᠢ | ᠭᠦᠨᠵᠡᠭᠡᠶᠢᠷᠡᠭᠦᠯᠵᠣ᠂ ᠪᠠᠷᠢᠯᠭ᠎ᠠ ᠶᠢᠨ ᠪᠦᠳᠣᠭᠡᠨ ᠪᠠᠶᠢᠭᠤᠯᠬᠤ ᠲᠦᠷᠣᠯ ᠵᠦᠢᠯ ᠢ ᠬᠢᠨᠠᠨ ᠵᠦᠪᠰᠢᠶᠡᠷᠡᠭᠦ᠂ ᠦᠯᠣ | ᠬᠦᠳᠡᠯᠭᠦ ᠬᠦᠷᠣᠩᠭᠡ ᠶᠢ ᠳᠠᠩᠰᠠᠯᠠᠨ ᠲᠡᠮᠲᠡᠭᠯᠡᠬᠦ ᠵᠡᠷᠭᠡ ᠬᠦᠷᠢᠶ᠎ᠡ ᠴᠡᠷᠠᠭᠠᠨ ᠳᠠᠬᠢ ᠦᠭᠡᠷᠡᠴᠢᠯᠡᠯᠳᠠ ᠶᠢ ᠠᠬᠢᠭᠤᠯᠵᠣ᠂ | ᠵᠠᠰᠠᠭ ᠵᠠᠬᠢᠷᠭᠠᠨ ᠤ ᠵᠦᠪᠰᠢᠶᠡᠷᠡᠯ ᠪᠠ ᠪᠦᠷᠢᠳᠭᠡᠨ ᠳᠠᠩᠰᠠᠯᠠᠬᠤ ᠵᠦᠢᠯᠡᠰ ᠲᠤ ᠨᠠᠷᠢᠨ ᠬᠠᠭᠤᠳᠠᠰᠣ ᠶᠢᠨ | ᠬᠠᠮᠢᠶᠠᠷᠣᠯᠳᠠ ᠶᠢ ᠬᠡᠷᠩᠵᠢᠭᠦᠯᠵᠣ᠂ ︽ᠭᠡᠷᠡᠴᠢ ᠪᠠ ᠦᠨᠡᠮᠯᠡᠯ ᠢ ᠰᠠᠯᠭᠠᠬᠤ︾ ᠦᠭᠡᠷᠡᠴᠢᠯᠡᠯᠳᠠ ᠶᠢᠨ ᠬᠤᠯᠪᠤᠬᠳᠠᠬᠤ | ᠠᠵᠢᠯ ᠪᠦᠭᠦᠨ ᠢ ᠬᠠᠮᠣᠷᠬᠤ ᠶᠢ ᠨᠢ ᠠᠬᠢᠭᠤᠯᠣᠨ᠎ᠠ᠃ ᠭᠡᠷᠡᠴᠢᠯᠡᠭᠦ ᠵᠦᠢᠯᠡᠰ ᠪᠠ ᠠᠵᠣ ᠠᠬᠤᠶᠢᠯᠡᠯ ᠳᠤ ᠬᠤᠯᠪᠣᠭᠳᠠᠬᠤ | ᠡᠵᠡᠩᠨᠠᠯᠳᠠ ᠶᠢᠨ ᠵᠥᠪᠰᠢᠶᠡᠷᠡᠯ ᠤᠨ ᠵᠦᠢᠯᠡᠰ ᠢ ᠨᠢ ᠮᠡᠳᠡᠭᠳᠡᠭᠦ ᠠᠮᠠᠯᠠᠯᠳᠠ ᠶᠢᠨ ᠲᠦᠷᠢᠮ ᠢ ᠬᠡᠷᠩᠵᠢᠭᠦᠯᠣᠨ᠎ᠡ᠃ | ᠨᠠᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢ ᠳᠡᠭᠦᠯᠳᠡᠷᠵᠢᠭᠦᠯᠵᠣ᠂ ᠢᠳᠡᠭᠡᠯ ᠠᠯᠳᠠᠭᠰᠠᠣᠨ ᠢ ᠵᠠᠯᠬᠠᠭᠠᠨ ᠰᠢᠢᠳᠭᠡᠬᠦ | ᠡᠷᠴᠢᠮ ᠢᠶᠠᠨ ᠴᠢᠩᠭᠠᠷᠠᠭᠤᠯᠵᠣ᠂ ᠡᠷᠬᠡ ᠲᠡᠭᠰᠢ ᠪᠠᠷ ᠦᠷᠢᠰᠣᠯᠳᠣᠭᠦ ᠵᠠᠬ᠎ᠠ ᠳᠡᠯᠭᠡᠭᠦᠷ ᠤᠨ ᠣᠷᠴᠢᠨ ᠢ ᠬᠠᠮᠠᠭᠠᠯᠠᠨ᠎ᠠ᠃ | ︽ᠨᠢᠭᠡᠯᠠ ᠰᠦᠯᠵᠢᠶ᠎ᠠ ᠪᠠᠷ ᠨᠠᠶᠢᠳᠠᠮ ᠭᠦᠢᠴᠡᠣᠡᠭᠡᠭᠦ︾᠂ ︽ᠭᠠᠷ ᠤᠲᠠᠰᠤ ᠪᠠᠷ ᠭᠦᠢᠴᠡᠣᠡᠭᠡᠭᠦ︾᠂ ᠣᠷᠣᠯᠠᠨ | ᠭᠦᠢᠴᠡᠣᠡᠭᠡᠭᠦ ᠪᠠ ᠬᠠᠪᠰᠣᠷᠣᠨ ᠭᠦᠢᠴᠡᠣᠡᠭᠡᠭᠦ ᠵᠡᠷᠭᠡ ᠠᠵᠢᠯ ᠢ ᠠᠬᠢᠭᠤᠯᠵᠣ᠂ ᠠᠷᠠᠣᠨ ᠲᠤ ᠲᠦᠭᠦᠮ ᠦᠵᠡᠭᠦᠯᠭᠦ | ᠦᠢᠯᠡᠴᠢᠯᠡᠬᠡᠨ ᠤ ᠬᠠᠯᠠᠮᠰᠢᠯ ᠣᠳᠠᠰᠣ ᠶᠢ ᠡᠮᠬᠢᠯᠡᠨ ᠨᠠᠶᠢᠯᠡᠭᠦᠯᠵᠣ᠂ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ | ᠣᠷᠴᠢᠨ ᠲᠣᠭᠤᠷᠢᠨ ᠢ ᠳᠠᠰᠣᠷᠠᠯᠳᠠ ᠦᠭᠡᠢ ᠰᠢᠯᠢᠳᠡᠭᠵᠢᠭᠦᠯᠣᠨ᠎ᠠ᠃ ᠲᠤᠳᠤᠨᠤ ᠴᠢᠭᠡᠴᠢ ᠵᠠᠰᠠᠭ ᠬᠤᠳᠠᠯᠳᠤᠭᠠᠨ ᠤ | ᠬᠠᠷᠢᠴᠠᠭ᠎ᠠ ᠶᠢ ᠪᠠᠶᠢᠭᠤᠯᠵᠣ᠂ ᠠᠷᠠᠣᠨ ᠠᠴᠠ ᠡᠵᠡᠩᠨᠡᠭᠰᠠᠨ ᠠᠵᠣ ᠠᠬᠤᠶᠢᠯᠡᠯ ᠤᠨ ᠦᠮᠴᠢᠯᠡᠯ ᠤᠨ ᠡᠷᠬᠡ ᠪᠠ ᠠᠵᠣ | ᠠᠬᠤᠶᠢᠯᠡᠯᠳᠠᠣᠨ ᠤᠨ ᠡᠷᠬᠡ ᠠᠰᠢᠭ ᠢ ᠬᠠᠣᠯᠢ ᠶᠣᠰᠣᠭᠠᠷ ᠬᠠᠮᠠᠭᠠᠯᠠᠨ᠎ᠠ᠃ | ᠣᠯᠣᠰ ᠤᠨ ᠦᠮᠴᠢᠯᠠᠯᠳᠣ ᠠᠵᠣ ᠠᠬᠤᠶᠢᠯᠡᠯ ᠤᠨ ᠦᠭᠡᠷᠡᠴᠢᠯᠡᠯᠳᠠ ᠶᠢᠨ ᠭᠤᠷᠪᠡᠨ ᠵᠢᠯ ᠤᠨ ᠠᠵᠢᠯᠯᠠᠭᠠᠨ ᠢ | ᠭᠦᠨᠵᠡᠭᠡᠢ ᠬᠡᠷᠩᠵᠢᠭᠦᠯᠵᠣ᠂ ᠪᠦᠬᠦ ᠤᠷᠤᠨ ᠤ ︽ᠠᠷᠪᠠᠨ ᠳᠦᠷᠪᠡᠳᠦᠭᠡᠷ ᠲᠠᠪᠤᠨ ᠵᠢᠯ︾ ᠤᠨ | ᠲᠦᠯᠦᠪᠵᠢᠭᠦᠯᠭᠡ ᠳᠠᠬᠢ ᠤᠯᠤᠰ ᠤᠨ ᠦᠮᠴᠢᠯᠡᠯᠲᠦ ᠬᠦᠷᠦᠩᠭᠡ ᠶᠢᠨ ᠪᠠᠶᠢᠷᠢᠰᠢᠭᠤᠯᠤᠯ ᠬᠢᠭᠡᠳ ᠪᠦᠲᠦᠴᠡ ᠳᠤ | ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠬᠢᠷᠠᠭᠤᠯᠤᠯᠲᠠ ᠬᠢᠬᠦ ᠲᠦᠯᠦᠪᠵᠢᠭᠦᠯᠭᠡ ᠶᠢ ᠲᠤᠬᠲᠠᠭᠠᠵᠦ | ᠬᠡᠷᠡᠭᠵᠢᠭᠦᠯᠦᠨ᠎ᠡ᠃ ᠬᠤᠯᠢᠮᠠᠭ ᠦᠮᠴᠢᠯᠡᠯᠳᠣ ᠲᠦᠷᠢᠮ ᠤᠨ ᠦᠭᠡᠷᠡᠴᠢᠯᠡᠯᠳᠠ ᠶᠢ ᠯᠠᠪᠳᠠᠭᠤᠨ ᠢᠶᠠᠷ ᠠᠬᠢᠭᠤᠯᠵᠣ᠂ | ᠣᠳᠣ ᠦᠶ᠎ᠡ ᠶᠢᠨ ᠠᠵᠣ ᠠᠬᠤᠶᠢᠯᠡᠯ ᠤᠨ ᠲᠦᠷᠢᠮ ᠢ ᠪᠠᠶᠢᠭᠤᠯᠬᠤ ᠪᠠᠨ ᠲᠦᠷᠭᠡᠣᠡᠭᠡᠨ᠎ᠠ᠃ ᠡᠯᠧᠮᠧᠨ᠋ᠲ ᠢ ᠵᠠᠬ᠎ᠠ | ᠳᠡᠯᠭᠡᠭᠦᠷᠴᠢᠯᠡᠨ ᠲᠣᠬᠢᠷᠠᠭᠤᠯᠬᠤ ᠦᠭᠡᠷᠡᠴᠢᠯᠡᠯᠳᠠ ᠶᠢ ᠭᠦᠨᠵᠡᠬᠡᠶᠢᠷᠡᠭᠦᠯᠵᠣ᠂ ᠴᠠᠬᠢᠯᠭᠠᠨ ᠭᠦᠴᠣᠨ ᠤ ᠠᠷᠠᠯᠵᠢᠶᠠᠨ ᠤ | ᠵᠠᠬ᠎ᠠ ᠳᠡᠯᠭᠡᠭᠦᠷᠴᠢᠯᠡᠬᠦ ᠬᠡᠮᠵᠢᠶ᠎ᠠ ᠶᠢ ᠳᠡᠭᠡᠭᠰᠢᠯᠡᠭᠦᠯᠥᠨ᠎ᠡ᠃ | ᠲᠦᠰᠣᠪ ᠤᠨ ᠬᠢᠵᠠᠭᠠᠷᠯᠠᠯ ᠪᠠ ᠠᠮᠵᠢᠯᠳᠠ ᠪᠦᠳᠣᠮᠵᠢ ᠶᠢᠨ ᠬᠠᠮᠢᠶᠠᠷᠣᠯᠳᠠ ᠶᠢ ᠴᠢᠩᠭᠠᠷᠠᠭᠤᠯᠵᠦ᠂ ᠴᠢᠬᠤᠯᠨ | ᠶᠡᠭᠡ ᠪᠠᠶᠢᠯᠳᠣᠬᠤ ᠪᠣᠳᠣᠯᠭ᠎ᠠ ᠶᠢᠨ ᠡᠭᠦᠷᠭᠡ ᠪᠠ ᠦᠨᠳᠣᠰᠣᠨ ᠱᠠᠳᠣᠨ ᠤ ᠣᠯᠠᠨ ᠨᠠᠶᠢᠳᠠ ᠶᠢᠨ ᠦᠢᠯᠡᠴᠢᠯᠡᠭᠡᠨ ᠤ | ᠡᠳ᠋ ᠤᠨ ᠶᠠᠪᠤᠳᠠᠯ ᠤᠨ ᠭᠦᠴᠣᠨ ᠤ ᠪᠠᠳᠣᠯᠠᠭ᠎ᠠ ᠶᠢ ᠨᠡᠮᠡᠭᠳᠡᠭᠦᠯᠣᠨ᠂ ᠵᠠᠰᠠᠭ ᠤᠨ ᠣᠷᠳᠣᠨ ᠤ ᠪᠡᠯᠡ | ᠣᠷᠣᠭᠤᠯᠣᠯᠳᠠ ᠶᠢᠨ ᠰᠠᠭᠤᠷᠢ ᠮᠦᠩᠭᠦ ᠶᠢ ᠬᠡᠷᠩᠯᠡᠭᠦ ᠦᠷ᠎ᠡ ᠪᠦᠳᠣᠮᠵᠢ ᠶᠢ ᠳᠡᠭᠡᠭᠰᠢᠯᠡᠭᠦᠯᠤᠨ᠎ᠡ᠃ ᠵᠠᠰᠠᠭ ᠤᠨ | ᠣᠷᠳᠣᠨ ᠤ ᠳᠠᠯᠳᠠ ᠦᠷᠢ ᠥᠭᠴᠡᠭᠡ ᠶᠢ ᠠᠷᠢᠯᠭᠠᠬᠤ ᠠᠵᠢᠯ ᠢ ᠰᠠᠶᠢᠳᠣᠷ ᠬᠢᠵᠣ᠂ ᠠᠷᠠᠣᠨ ᠠᠴᠠ ᠡᠵᠡᠩᠨᠡᠭᠰᠡᠨ | ᠠᠵᠣ ᠠᠬᠤᠶᠢᠯᠠᠯ ᠲᠣᠮᠳᠡ ᠵᠢᠵᠢᠭ ᠠᠵᠣ ᠠᠬᠤᠶᠢᠯᠠᠯ ᠤᠨ ᠳᠠᠩᠰᠠᠨ ᠤ ᠵᠣᠭᠤᠰ ᠦᠷᠢᠳᠣᠭᠦ ᠶᠢ ᠨᠢ ᠰᠡᠷᠭᠡᠶᠢᠯᠡᠭᠦ | ᠣᠷᠳᠣ ᠬᠤᠭᠤᠴᠠᠭᠠᠨ ᠤ ᠪᠦᠳᠦᠮᠵᠢᠳᠡᠢ ᠲᠣᠭᠳᠠᠴᠨ ᠶᠢ ᠪᠠᠶᠢᠭᠤᠯᠣᠨ᠎ᠠ᠃ | ᠪᠣᠳᠠᠳᠣ ᠴᠤᠭᠴᠠ ᠶᠢᠨ ᠠᠵᠣ ᠠᠬᠤᠢ ᠶᠢ ᠮᠦᠩᠭᠦᠨ ᠭᠦᠢᠯᠭᠡᠭᠡ ᠪᠠᠷ ᠳᠡᠮᠵᠢᠭᠦ ᠪᠦᠲᠦᠮᠵᠢᠲᠡᠢ ᠲᠣᠭᠳᠠᠴᠨ ᠶᠢ | ᠣᠯᠠᠮ ᠨᠢᠭᠡ ᠠᠯᠬᠤᠮ ᠳᠡᠭᠦᠯᠳᠡᠷᠵᠢᠭᠦᠯᠵᠣ᠂ ᠲᠦᠭᠡᠮᠡᠯ ᠬᠠᠷᠠᠭᠠᠯᠵᠠᠯᠳᠣ ᠮᠦᠩᠭᠦᠨ ᠭᠦᠢᠯᠭᠡᠭᠡ᠂ ᠪᠣᠬᠢᠷᠳᠤᠯ ᠦᠭᠡᠢ | ᠮᠦᠩᠭᠦᠨ ᠭᠦᠢᠯᠭᠡᠭᠡ ᠶᠢ ᠬᠥᠭᠵᠢᠭᠦᠯᠣᠨᠡ᠃ ᠣᠷᠣᠨ ᠨᠣᠳᠤᠭ ᠤᠨ ᠮᠦᠩᠭᠦᠨ ᠭᠦᠢᠯᠭᠡᠭᠡᠨ ᠤ ᠬᠢᠨᠠᠯᠳᠠ | ᠬᠠᠮᠢᠶᠠᠷᠣᠯᠳᠡ ᠶᠢᠨ ᠬᠢᠷᠢ ᠲᠦᠪᠰᠢᠨ ᠢ ᠪᠦᠭᠦ ᠲᠡᠯ᠎ᠠ ᠪᠠᠷ ᠳᠡᠭᠡᠭᠰᠢᠯᠡᠭᠦᠯᠵᠥ᠂ ᠵᠦᠢ ᠪᠤᠰᠤ ᠬᠦᠷᠣᠩᠭᠡ ᠶᠢ ᠴᠡᠪᠡᠷᠯᠡᠨ | ᠬᠤᠷᠢᠶᠠᠵᠤ ᠰᠢᠢᠣᠡᠪᠣᠷᠢᠯᠡᠨ᠂ ᠠᠷᠠᠯᠵᠢᠶᠠᠨ ᠤ ᠭᠠᠵᠠᠷ᠂ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠡᠯᠡ | ᠲᠣᠬᠢᠷᠠᠭᠤᠯᠭ᠎ᠠ ᠶᠢᠨ ᠳᠠᠭᠠᠭᠠᠯᠳᠠ ᠵᠡᠷᠭᠡ ᠣᠷᠣᠨ ᠨᠣᠳᠤᠭ ᠤᠨ ᠮᠦᠩᠭᠦᠨ ᠭᠦᠢᠯᠭᠡᠭᠡᠨ ᠤ ᠪᠠᠶᠢᠭᠤᠯᠣᠮᠵᠢ ᠶᠢᠨ | ᠲᠦᠭᠰᠢᠭᠦᠷᠢ ᠶᠢ ᠰᠡᠷᠭᠡᠶᠢᠯᠡᠨ᠂ ᠵᠢᠭᠡᠯᠡᠯᠭᠡ ᠶᠢᠨ ᠲᠡᠮᠲᠡᠭ ᠤᠨ ᠵᠠᠬ᠎ᠠ ᠳᠡᠯᠭᠡᠭᠦᠷ ᠤᠨ ᠭᠡᠷ᠎ᠡ ᠵᠦᠷᠢᠴᠡᠵᠦ ᠮᠡᠳᠡᠬᠦ | ᠲᠦᠭᠰᠢᠭᠦᠷᠢ ᠶᠢ ᠬᠢᠨᠠᠨ ᠰᠢᠨᠵᠢᠵᠦ ᠰᠡᠷᠡᠮᠵᠢᠯᠡᠭᠦᠯᠭᠦ ᠪᠠᠨ ᠴᠢᠩᠭᠠᠣᠡᠬᠠᠨ᠂ ᠰᠢᠰᠲ᠋ᠧᠮ ᠤᠨ ᠴᠢᠨᠠᠷᠳᠠᠢ ᠲᠦᠭᠰᠢᠭᠦᠷᠢ | ᠦᠯᠣ ᠡᠭᠦᠰᠭᠡᠬᠦ ᠬᠤᠷᠢᠭ᠎ᠠ ᠱᠣᠭᠤᠮ ᠢ ᠪᠠᠳᠣ ᠰᠠᠬᠢᠨ᠎ᠠ᠃ | ᠬᠦᠬᠡᠬᠤᠳᠠ ᠪᠣᠭᠤᠳᠣ ᠣᠷᠳᠣᠰ ᠦᠬᠠᠢ ᠶᠢ ᠨᠢᠭᠡ ᠴᠣᠭᠴᠠᠵᠢᠭᠤᠯᠣᠨ ᠭᠦᠭᠵᠢᠭᠦᠯᠭᠦ ᠪᠠᠨ ᠬᠦᠴᠣᠯᠠᠨ | ᠠᠬᠢᠭᠤᠯᠵᠣ᠂ ᠬᠦᠷᠢᠶᠡᠯᠡᠩ ᠲᠤᠭᠤᠷᠢᠬ ᠢ ᠬᠠᠮᠲᠤᠷᠠᠨ ᠪᠠᠶᠢᠭᠤᠯᠵᠦ᠂ ᠠᠰᠢᠭ ᠲᠣᠰᠠ ᠪᠠᠨ ᠬᠠᠮᠳᠣ ᠪᠠᠷ ᠬᠦᠷᠳᠡᠭᠦ ᠪᠠ | ᠭᠠᠶᠢᠯᠢ ᠶᠢᠨ ᠣᠷᠤᠯᠭ᠎ᠠ ᠪᠠᠨ ᠬᠤᠪᠢᠳᠠᠨ ᠬᠤᠪᠢᠶᠠᠷᠢᠯᠠᠨ᠎ᠠ᠃ ᠣᠯᠠᠭᠠᠨᠬᠠᠳᠠ᠂ ᠲᠦᠩᠯᠢᠶᠣᠣ ᠶᠢᠨ ᠣᠷᠣᠨ | ᠪᠦᠰᠡ ᠶᠢᠨ ᠲᠦᠪ ᠪᠣᠯᠬᠤ ᠬᠤᠳᠡ ᠶᠢ ᠪᠦᠳᠣᠭᠡᠨ ᠪᠠᠶᠢᠭᠤᠯᠵᠣ᠂ ᠵᠡᠭᠦᠨ ᠬᠡᠰᠡᠭ ᠤᠨ ᠠᠶᠢᠮᠠᠭ ᠬᠤᠳᠡ ᠳᠤ | ᠪᠣᠬᠢᠷᠳᠣᠯ ᠦᠭᠡᠢ ᠠᠵᠣ ᠦᠢᠯᠡᠰ ᠤᠨ ᠰᠢᠰᠲ᠋ᠧᠮᠵᠢ ᠶᠢ ᠴᠤᠬᠴᠠᠯᠠᠨ ᠪᠠᠶᠢᠭᠤᠯᠬᠤ ᠪᠠᠨ ᠲᠦᠷᠭᠡᠳᠭᠡᠨ᠎ᠠ᠃ ᠦᠬᠠᠢ | ᠵᠢᠴᠢ ᠡᠷᠬᠢᠨ ᠲᠣᠭᠤᠷᠢᠨ ᠤ ᠭᠠᠵᠡᠷ ᠣᠷᠣᠨ ᠢ ᠪᠣᠬᠢᠷᠳᠣᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ | ᠲᠦᠷᠭᠡᠣᠡᠭᠡᠨ᠂ ᠣᠷᠣᠨ ᠪᠦᠰᠡ ᠶᠢᠨ ᠭᠦᠭᠵᠢᠯᠳᠡ ᠶᠢᠨ ᠦᠷᠢᠰᠣᠯᠳᠣᠭᠦ ᠭᠦᠴᠣᠨ ᠢ ᠴᠢᠩᠭᠠᠷᠠᠭᠤᠯᠤᠨ᠎ᠠ᠃ ᠪᠡᠭᠡᠵᠢᠩ | ᠲᠢᠶᠠᠨᠵᠢᠨ ᠾᠧᠪᠸᠢ᠂ ᠬᠦᠬᠡᠮᠦ᠋ᠷᠡᠨ ᠤ ᠭᠤᠷᠪᠡᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠤᠮᠤ | ᠪᠤᠯᠤᠩ ᠤᠨ ᠣᠷᠣᠨ ᠵᠡᠷᠭᠡ ᠭᠠᠵᠡᠷ ᠣᠷᠣᠨ ᠯᠤᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ | ᠥᠷᠭᠡᠨ ᠬᠡᠪᠴᠢᠶᠠᠨ ᠤ ᠬᠢᠯᠢ ᠶᠢᠨ ᠪᠣᠭᠤᠮᠳᠡ ᠶᠢᠨ ᠠᠵᠣ ᠠᠬᠤᠢ ᠶᠢ ᠶᠡᠭᠡ ᠪᠠᠷ ᠬᠦᠭᠵᠢᠭᠦᠯᠵᠥ᠂ ᠪᠦᠭᠦ | ᠣᠷᠣᠨ ᠤ ᠬᠢᠯᠢ ᠶᠢᠨ ᠪᠣᠭᠤᠮᠳᠡ ᠶᠢ ᠲᠦᠯᠣᠪᠵᠢᠭᠦᠯᠭᠦ᠂ ᠪᠦᠳᠣᠭᠡᠨ ᠪᠠᠶᠢᠭᠤᠯᠬᠤ ᠪᠠ ᠬᠠᠮᠢᠶᠠᠷᠬᠤ ᠶᠢ ᠨᠢᠭᠡᠲᠦᠯᠲᠠᠢ | ᠲᠦᠯᠦᠪᠯᠡᠵᠦ᠂ ᠨᠡᠪᠲᠡᠷᠡᠯ ᠠᠵᠣ ᠠᠬᠤᠢ ᠠᠴᠠ ᠰᠠᠭᠤᠷᠢᠰᠢᠯ ᠠᠵᠣ ᠠᠬᠤᠢ ᠲᠡᠶᠢᠰᠢ ᠬᠤᠪᠢᠷᠠᠬᠤ ᠶᠢ ᠠᠬᠢᠭᠤᠯᠣᠨ᠎ᠠ᠃ | ᠮᠠᠨᠵᠣᠣᠷ ᠵᠡᠷᠭᠡ ᠣᠯᠣᠰ ᠤᠨ ᠭᠤᠣᠯᠳᠠᠯᠭ᠎ᠠ ᠲᠠᠢ ᠨᠡᠭᠡᠭᠡᠯᠳᠡ ᠬᠢᠵᠣ ᠴᠢᠯᠣᠭᠡᠳᠠᠢ ᠶᠠᠪᠣᠯᠴᠠᠬᠤ ᠲᠣᠷᠰᠢᠯᠳᠠ ᠶᠢᠨ | ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠣ᠂ ᠡᠷᠢᠶᠡᠨ ᠬᠤᠳᠡ — ᠵᠠᠮ ᠤᠨ ᠡᠭᠦᠳᠡ ᠶᠢᠨ ᠠᠵᠣ | ᠠᠬᠤᠢ ᠶᠢᠨ ᠬᠠᠮᠲᠤᠷᠠᠯᠴᠠᠭ᠎ᠠ ᠶᠢᠨ ᠣᠷᠣᠨ ᠤ ᠪᠦᠳᠣᠭᠡᠨ ᠪᠠᠶᠢᠭᠤᠯᠣᠯᠳᠠ ᠶᠢ ᠠᠬᠢᠭᠤᠯᠤᠨ᠎ᠠ᠃ ᠲᠣᠮᠳᠠᠳᠣ ᠣᠯᠣᠰ ︵ | ᠦᠪᠣᠷ ᠮᠣᠩᠭᠤᠯ︶ ᠤᠨ ᠴᠢᠯᠣᠭᠡᠳᠣ ᠠᠷᠠᠯᠵᠢᠶᠠᠨ ᠤ ᠲᠣᠷᠰᠢᠯᠳᠡ ᠶᠢᠨ ᠣᠷᠣᠨ ᠢ ᠭᠤᠶᠣᠴᠢᠯᠡᠨ ᠮᠡᠳᠡᠭᠦᠯᠭᠦ ᠠᠵᠢᠯ ᠢ | ᠠᠬᠢᠭᠤᠯᠣᠨ᠎ᠠ᠃ | ︵ᠲᠣᠯᠤᠭ᠎ᠠ︶ ᠠᠮᠢ ᠠᠬᠤᠢ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ | ᠰᠠᠶᠢᠵᠢᠷᠠᠭᠤᠯᠣᠨ᠎ᠠ | ᠣᠯᠣᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠦᠯᠣᠪᠵᠢᠭᠦᠯᠭᠡ ᠶᠢ ᠲᠣᠭᠳᠠᠭᠠᠨ ᠬᠡᠷᠩᠵᠢᠭᠦᠯᠵᠣ᠂ | ︽ᠭᠤᠷᠪᠡᠨ ᠱᠣᠭᠤᠮ ᠨᠢᠭᠡ ᠬᠠᠭᠤᠳᠠᠰᠣ︾ ᠶᠢᠨ ᠠᠮᠢ ᠠᠬᠤᠢ ᠣᠷᠴᠢᠨ ᠲᠣᠭᠤᠷᠢᠨ ᠤ ᠪᠦᠰᠡ ᠬᠤᠪᠢᠶᠠᠨ | ᠬᠠᠮᠢᠶᠠᠷᠣᠨ ᠡᠵᠡᠮᠳᠡᠭᠦ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠤᠨ᠎ᠠ᠃ ᠣᠢ ᠰᠢᠭᠤᠢ ᠶᠢᠨ ᠳᠠᠷᠤᠭ᠎ᠠ ᠪᠠ ᠡᠪᠡᠰᠦ | ᠪᠡᠯᠴᠢᠭᠡᠷ ᠤᠨ ᠲᠠᠷᠤᠭ᠎ᠠ ᠶᠢᠨ ᠲᠦᠷᠢᠮ ᠢ ᠪᠦᠭᠦ ᠳᠠᠯ᠎ᠡ ᠪᠠᠷ ᠬᠡᠷᠩᠵᠢᠭᠦᠯᠵᠣ᠂ ᠠᠮᠢ ᠠᠬᠤᠢ ᠶᠢᠨ ᠰᠢᠰᠲ᠋ᠧᠮ ᠤᠨ | ᠴᠢᠬᠤᠯᠨ ᠶᠡᠭᠡ ᠬᠠᠮᠠᠭᠠᠯᠠᠵᠣ ᠰᠡᠷᠭᠦᠭᠡᠭᠦ ᠢᠨᠵᠧᠨᠧᠷᠢᠩ ᠢ ᠠᠬᠢᠭᠤᠯᠤᠨ᠎ᠠ᠃ ᠨᠣᠳᠤᠭ ᠪᠡᠯᠴᠢᠭᠡᠷ ᠤᠢᠢᠳᠤ ᠭᠠᠵᠠᠷ ᠢ | ᠡᠪᠳᠡᠭᠰᠡᠨ ᠲᠣᠭᠳᠠᠭᠠᠯ ᠪᠠ ᠬᠠᠤᠯᠢ ᠠᠴᠠ ᠵᠦᠷᠢᠴᠡᠭᠰᠡᠨ ᠠᠰᠠᠭᠤᠳᠠᠯ ᠢ ᠴᠡᠭᠴᠡᠯᠡᠨ ᠵᠠᠰᠠᠨ᠎ᠡ᠃ ᠣᠯᠣᠰ ᠤᠨ ᠨᠤᠲᠤᠭ | ᠳᠡᠪᠢᠰᠬᠡᠷ ᠢ ᠨᠤᠭᠤᠭᠠᠷᠠᠭᠤᠯᠬᠤ ᠠᠵᠢᠯᠯᠠᠭᠠᠨ ᠢ ᠦᠷᠭᠦᠯᠵᠢᠯᠡᠨ ᠦᠷᠨᠢᠭᠦᠯᠵᠣ᠂ ᠠᠮᠢ ᠠᠬᠤᠢ ᠶᠢᠨ ᠰᠢᠰᠲ᠋ᠧᠮ ᠤᠨ | ᠨᠡᠭᠦᠷᠡᠰᠣᠳᠦ᠋ᠷᠣᠭ᠍ᠴᠢ ᠬᠤᠷᠠᠭᠤᠯᠬᠤ ᠴᠢᠳᠠᠪᠣᠷᠢ ᠶᠢ ᠳᠡᠭᠡᠭᠰᠢᠯᠡᠭᠦᠯᠦᠨ᠎ᠡ᠃ ᠣᠯᠣᠰ ᠤᠨ ᠴᠡᠴᠡᠷᠯᠢᠭ ᠢᠶᠠᠷ ᠭᠤᠶᠣᠴᠢᠯᠡᠨ | ᠮᠡᠳᠡᠭᠦᠯᠭᠦ ᠠᠵᠢᠯ ᠢ ᠠᠬᠢᠭᠤᠯᠣᠨ᠎ᠠ᠃ | ᠨᠡᠭᠦᠷᠡᠰᠣᠳᠦ᠋ᠷᠣᠭ᠍ᠴᠢ ᠭᠠᠳᠠᠭᠰᠢᠯᠠᠭᠤᠯᠬᠤ ᠣᠷᠬᠢᠯ ᠬᠡᠮᠵᠢᠭᠳᠡᠯ ᠠᠴᠠ ᠨᠢ ᠪᠠᠭᠤᠷᠠᠭᠤᠯᠬᠤ ᠪᠠ | ᠨᠡᠭᠦᠷᠡᠰᠣᠳᠦ᠋ᠷᠣᠭ᠍ᠴᠢ ᠭᠠᠳᠠᠭᠰᠢᠯᠠᠭᠤᠯᠬᠤ ᠶᠢ ᠵᠥᠭᠰᠢᠷᠡᠭᠦᠯᠦᠨ ᠨᠠᠮᠳᠠᠭᠠᠬᠤ ᠠᠵᠢᠯ ᠢ ᠰᠠᠶᠢᠳᠣᠷ ᠬᠢᠵᠣ᠂ ᠦᠪᠡᠷᠲᠡᠭᠡᠨ | ᠵᠠᠰᠠᠬᠤ ᠤᠷᠤᠨ ᠤ ᠨᠡᠭᠦᠷᠡᠰᠦᠳᠦ᠋ᠷᠦᠭᠴᠢ ᠭᠠᠳᠠᠬᠰᠢᠯᠠᠭᠤᠯᠬᠤ ᠤᠷᠬᠢᠯ ᠬᠡᠮᠵᠢᠭᠳᠡᠯ ᠠᠴᠠ ᠨᠢ ᠪᠠᠭᠤᠷᠠᠭᠤᠯᠬᠤ | ᠠᠵᠢᠯᠯᠠᠭᠠᠨ ᠤ ᠲᠦᠰᠦᠯ ᠢ ᠨᠠᠶᠢᠷᠠᠭᠤᠯᠤᠨ ᠵᠤᠬᠢᠶᠠᠭᠠᠳ ᠡᠨᠧᠷᠬᠢ ᠠᠷᠪᠢᠯᠠᠨ ᠪᠣᠬᠢᠷᠳᠣᠯ ᠢ ᠪᠠᠭᠠᠰᠬᠠᠵᠤ | ᠨᠡᠭᠦᠷᠡᠰᠣᠳᠦ᠋ᠷᠣᠭ᠍ᠴᠢ ᠪᠠᠭ᠎ᠠ ᠭᠠᠳᠠᠭᠰᠢᠯᠠᠭᠤᠯᠬᠤ ᠶᠢ ᠵᠡᠷᠭᠡ ᠳᠤᠨᠢ ᠠᠬᠢᠭᠤᠯᠣᠨ᠎ᠠ᠃ ᠪᠣᠬᠢᠷᠳᠣᠯ ᠢ ᠰᠠᠷᠭᠡᠶᠢᠯᠡᠨ | ᠵᠠᠰᠠᠬᠤ ᠳᠤ ᠨᠠᠷᠢᠯᠢᠬᠵᠢᠬᠰᠠᠨ ᠵᠥᠷᠢᠶᠡᠵᠢᠭᠰᠡᠨ ᠬᠢᠨᠠᠯᠳᠠ ᠬᠠᠮᠢᠶᠠᠷᠣᠯᠳᠠ ᠶᠢ ᠬᠡᠷᠩᠵᠢᠭᠦᠯᠵᠣ᠂ ᠠᠵᠣ ᠠᠬᠤᠶᠢᠯᠡᠯ ᠤᠨ | ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠣᠨ᠎ᠠ᠃ ᠴᠡᠪᠡᠷᠬᠡᠨ ᠳᠤᠯᠠᠭᠠᠯᠠᠭ᠎ᠠ ᠶᠢᠨ ᠢᠨᠵᠧᠨᠧᠷᠢᠩ ᠢ | ᠠᠬᠢᠭᠤᠯᠤᠨ᠎ᠠ᠃ ᠬᠦᠬᠡᠬᠤᠲᠠ᠂ ᠪᠤᠭᠤᠲᠦ᠂ ᠦᠬᠠᠢ ᠵᠢᠴᠢ ᠡᠷᠬᠢᠨ ᠲᠣᠭᠤᠷᠢᠨ ᠤ ᠭᠠᠵᠡᠷ ᠣᠷᠣᠨ ᠤ ᠠᠭᠠᠷ | ᠮᠠᠨᠳᠠᠯ ᠤᠨ ᠪᠣᠬᠢᠷᠳᠣᠯ ᠢ ᠵᠠᠰᠠᠬᠤ ᠪᠠᠨ ᠴᠢᠩᠭᠠᠳᠬᠠᠨ᠎ᠠ᠃ ᠭᠤᠣᠯ ᠮᠦᠷᠡᠨ ᠤ ᠳᠠᠷᠤᠭ᠎ᠠ ᠶᠢᠨ ᠲᠦᠷᠢᠮ ᠢ | ᠨᠠᠶᠢᠳᠠᠪᠣᠷᠢᠵᠢᠭᠤᠯᠣᠨ᠂ ︽ᠭᠤᠷᠪᠡᠨ ᠨᠠᠭᠤᠷ︾᠂ ᠴᠠᠭᠠᠨᠨᠠᠭᠤᠷ ᠤᠨ ᠠᠮᠢ ᠠᠬᠤᠢ ᠤᠷᠴᠢᠨ ᠲᠤᠭᠤᠷᠢᠨ ᠤ | ᠵᠠᠰᠠᠯᠳᠡ ᠶᠢ ᠠᠬᠢᠭᠤᠯᠣᠨ᠎ᠠ᠃ ᠬᠤᠳᠡ ᠪᠠᠯᠭᠠᠰᠣᠨ ᠤ ᠠᠮᠢᠳᠣᠷᠠᠯ ᠤᠨ ᠪᠣᠬᠢᠷ ᠣᠰᠦ ᠶᠢ ᠬᠤᠷᠢᠶᠠᠬᠤ ᠳᠤ ᠬᠦᠴᠢᠷ᠂ | ᠳᠠᠬᠢᠯᠲᠠ ᠣᠰᠦ ᠶᠢ ᠪᠣᠴᠠᠭᠠᠡ ᠠᠰᠢᠬᠯᠠᠬᠤ ᠨᠣᠷᠮ᠎ᠡ ᠳᠣᠣᠷ᠎ᠠ ᠵᠡᠷᠭᠡ ᠠᠰᠠᠭᠤᠳᠠᠯ ᠢ ᠰᠢᠢᠣᠡᠪᠣᠷᠢᠯᠡᠵᠣ᠂ ᠭᠠᠵᠡᠷ | ᠲᠣᠣᠷᠠᠬᠢ ᠣᠰᠦ ᠶᠢ ᠬᠡᠳᠣᠷᠡᠳᠡᠯᠠ ᠲᠠᠲᠠᠬᠤ ᠶᠢ ᠵᠠᠰᠠᠨ᠎ᠡ᠃ ᠲᠠᠷᠢᠶᠠᠯᠠᠩ ᠤᠨ ᠣᠯᠠᠨ ᠡᠬᠢᠳᠣ ᠪᠣᠬᠢᠷᠳᠣᠯ ᠢ ᠵᠠᠰᠠᠨ᠎ᠠ᠃ | ᠡᠮᠴᠢᠯᠡᠭᠡᠨ ᠤ ᠬᠠᠶᠠᠭᠳᠠᠮᠠᠯ ᠪᠣᠳᠠᠰ ᠪᠠ ᠠᠶᠤᠯᠳᠠᠢ ᠬᠠᠶᠠᠭᠳᠠᠮᠠᠯ ᠪᠣᠳᠠᠰ ᠢ ᠬᠤᠷᠢᠶᠠᠨ ᠴᠣᠭᠯᠠᠭᠤᠯᠵᠣ | ᠰᠢᠢᠣᠡᠪᠣᠷᠢᠯᠡᠭᠦ ᠪᠠᠨ ᠴᠢᠩᠭᠠᠣᠡᠬᠠᠨ᠂ ᠠᠮᠢᠳᠣᠷᠠᠯ ᠤᠨ ᠬᠤᠭ ᠨᠣᠪᠰᠢ ᠶᠢ ᠲᠦᠷᠦᠯ ᠬᠤᠪᠢᠶᠠᠨ ᠬᠠᠮᠢᠶᠠᠷᠬᠤ ᠶᠢ | ᠠᠬᠢᠭᠤᠯᠤᠨ᠎ᠠ᠃ | ᠡᠨᠧᠷᠬᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠠ ᠪᠠ ᠡᠨᠧᠷᠬᠢ ᠶᠢᠨ ᠬᠤᠷᠤᠬᠳᠠᠯ ᠤᠨ ᠬᠦᠴᠣᠯᠡᠴᠨ ᠶᠢ | ᠴᠢᠩᠭ᠎ᠠ ᠡᠵᠡᠮᠳᠡᠵᠣ᠂ ᠰᠢᠨ᠎ᠡ ᠪᠠᠷ ᠪᠠᠶᠢᠭᠤᠯᠣᠭᠰᠠᠨ ᠲᠦᠷᠣᠯ ᠵᠦᠢᠯ ᠤᠨ ᠨᠢᠭᠡᠴᠢ ᠦᠢᠯᠡᠣᠡᠭᠦᠨ ᠤ ᠡᠨᠧᠷᠬᠢ ᠶᠢᠨ | ᠬᠤᠷᠣᠭᠳᠠᠯ ᠢ ᠡᠷᠬᠡᠪᠰᠢ ᠣᠯᠣᠰ ᠤᠨ ᠲᠡᠷᠢᠭᠦᠨ ᠤ ᠪᠠᠷᠢᠮᠵᠢᠶ᠎ᠠ ᠳᠤ ᠭᠦᠷᠭᠡᠵᠣ᠂ ᠬᠢᠮᠢ ᠶᠢᠨ ᠠᠵᠣ ᠦᠢᠯᠡᠣᠡᠪᠣᠷᠢ᠂ | ᠲᠡᠮᠦᠷᠯᠢᠭ ᠬᠠᠶᠢᠯᠣᠭᠤᠯᠬᠤ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠢᠯ ᠲᠦᠷᠣᠯ ᠢ ᠲᠣᠭᠲᠠᠭᠰᠠᠨ ᠬᠤᠭᠤᠴᠠᠭᠠᠨ ᠳᠤ | ᠣᠯᠣᠰ ᠤᠨ ᠡᠨᠧᠷᠬᠢ ᠶᠢᠨ ᠬᠤᠷᠣᠭᠳᠠᠯ ᠢ ᠬᠢᠵᠠᠭᠠᠷᠯᠠᠬᠤ ᠳᠠᠷᠢᠭᠦᠨ ᠤ ᠪᠠᠷᠢᠮᠵᠢᠶᠠᠨ ᠳᠤ ᠭᠦᠷᠭᠡᠨ᠎ᠠ᠃ ᠡᠨᠧᠷᠬᠢ ᠶᠢᠨ | ᠬᠤᠷᠣᠭᠳᠠᠯ ᠶᠡᠭᠡᠳᠠᠢ ᠠᠵᠢᠯ ᠲᠦᠷᠣᠯ ᠤᠨ ᠴᠠᠬᠢᠯᠭᠠᠨ ᠬᠡᠷᠩᠯᠡᠭᠦ ᠲᠠᠷᠣᠭᠠᠰᠣ ᠶᠢ ᠠᠯᠬᠤᠮ ᠠᠯᠬᠤᠮ ᠢᠶᠠᠷ | ᠬᠦᠩᠭᠡᠷᠡᠭᠦᠯᠦᠨ᠎ᠡ᠃ ᠡᠨᠧᠷᠬᠢ ᠬᠡᠷᠩᠯᠡᠭᠦ ᠲᠦᠰᠣᠪ ᠤᠨ ᠬᠠᠮᠢᠶᠠᠷᠣᠯᠳᠠ ᠪᠠ ᠡᠨᠧᠷᠬᠢ ᠬᠡᠷᠩᠯᠡᠭᠦ ᠭᠤᠣᠯᠳᠠᠯᠭ᠎ᠠ ᠲᠠᠢ | ᠨᠢᠭᠡᠴᠢ ᠶᠢᠨ ᠡᠨᠧᠷᠬᠢ ᠶᠢᠨ ᠬᠤᠷᠣᠭᠳᠠᠯ ᠢ ᠰᠦᠯᠵᠢᠶ᠎ᠡ ᠪᠠᠷ ᠬᠢᠨᠠᠨ ᠰᠢᠨᠵᠢᠬᠦ ᠶᠢ ᠪᠦᠭᠦ ᠳᠠᠯ᠎ᠡ ᠪᠠᠷ ᠬᠡᠷᠩᠵᠢᠭᠦᠯᠤᠨᠡ᠃ | | ᠪᠣᠬᠢᠷᠳᠣᠯ ᠦᠭᠡᠢ ᠠᠭᠤᠷᠬᠠᠢ ᠶᠢ ᠪᠦᠳᠣᠭᠡᠨ ᠪᠠᠶᠢᠭᠤᠯᠵᠣ᠂ ᠵᠠᠳᠠᠭᠠᠢ ᠠᠭᠤᠷᠬᠠᠢ ᠶᠢᠨ ᠵᠠᠰᠠᠯᠲᠠ ᠶᠢᠨ | ᠪᠠᠷᠢᠮᠵᠢᠶ᠎ᠠ ᠶᠢ ᠴᠢᠩᠭ᠎ᠠ ᠨᠠᠶᠢᠳᠠᠪᠣᠷᠢᠵᠢᠭᠤᠯᠣᠨ᠂ ᠣᠣᠯ ᠤᠨ ᠲᠦᠷᠰᠣ ᠪᠠᠶᠢᠳᠠᠯ ᠢ ᠨᠢ ᠬᠠᠮᠤᠭ ᠤᠨ ᠶᠡᠭᠡ | ᠬᠡᠮᠵᠢᠶ᠎ᠠ ᠪᠠᠷ ᠰᠡᠷᠭᠦᠭᠡᠵᠣ᠂ ︽ᠬᠤᠩᠬᠤᠯ︾ ᠢ ᠵᠠᠰᠠᠭᠰᠠᠨ ᠤ ᠳᠠᠷᠠᠭ᠎ᠠ ᠮᠦᠨᠴᠣ ︽ᠬᠤᠩᠬᠤᠯ︾ ᠲᠠᠢ ᠪᠠᠶᠢᠬᠤ᠂ ︽ | ᠰᠢᠷᠣᠢ ᠤᠪᠤᠭᠠᠯᠠᠬᠰᠠᠨ︾ ᠢ ᠨᠢ ᠠᠷᠢᠯᠭᠠᠬᠰᠠᠨ ᠤ ᠳᠠᠷᠠᠭ᠎ᠠ ᠳᠠᠬᠢᠭᠠᠳ ︽ᠰᠢᠷᠤᠢ ᠤᠪᠤᠭᠠᠯᠠᠬᠤ︾ ᠶᠢ ᠣᠭᠳᠣ | ᠵᠦᠪᠰᠢᠶᠡᠷᠡᠭᠦ ᠦᠭᠡᠢ᠃ ᠠᠭᠤᠷᠬᠠᠢ ᠶᠢᠨ ᠣᠷᠣᠨ ᠳᠤ ᠴᠡᠪᠡᠷᠬᠡᠨ ᠲᠡᠭᠡᠭᠡᠪᠦᠷᠢᠯᠡᠬᠦ ᠠᠷᠭ᠎ᠠ ᠬᠡᠯᠪᠡᠷᠢ ᠶᠢ ᠬᠡᠷᠡᠭᠵᠢᠬᠦᠯᠵᠦ | ᠂ ᠬᠠᠳᠠᠭᠤ ᠪᠡᠶᠡᠳᠣ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠬᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠪᠠᠶᠢᠭᠠᠯᠢ ᠶᠢᠨ ᠡᠬᠢ ᠪᠠᠶᠠᠯᠢᠭ ᠲᠤ ᠦᠷᠢᠲᠦᠯ ᠲᠠᠢ ᠡᠳ᠋ ᠭᠦᠷᠣᠩᠭᠡ ᠶᠢᠨ ᠬᠦᠰᠣᠨᠣᠭ᠍ᠳᠣ ᠶᠢ ᠨᠠᠶᠢᠷᠠᠭᠤᠯᠤᠨ | ᠵᠣᠬᠢᠶᠠᠵᠤ᠂ ᠡᠷᠬᠡ ᠶᠢ ᠲᠤᠳᠤᠯᠠᠨ ᠲᠣᠭᠲᠠᠭᠠᠵᠤ ᠲᠠᠩᠰᠠᠯᠠᠨ ᠲᠡᠮᠲᠡᠭᠯᠡᠬᠦ ᠠᠵᠢᠯ ᠢᠶᠠᠨ ᠨᠢᠭᠡᠳᠭᠡᠨ᠎ᠡ᠃ ᠡᠨᠧᠷᠬᠢ | ᠬᠡᠷᠩᠯᠡᠭᠦ ᠡᠷᠬᠡ᠂ ᠣᠢ ᠰᠢᠭᠤᠢ ᠨᠣᠳᠤᠭ ᠪᠡᠯᠴᠢᠭᠡᠷ ᠤᠨ ᠨᠡᠭᠦᠷᠡᠰᠣᠳᠦ᠋ᠷᠣᠭ᠍ᠴᠢ ᠶᠢᠨ ᠬᠤᠷᠠᠮᠠᠯ ᠢ ᠠᠷᠠᠯᠵᠢᠶᠠᠯᠠᠬᠤ | ᠲᠣᠷᠰᠢᠯᠳᠠ ᠶᠢᠨ ᠴᠡᠭ ᠤᠨ ᠠᠵᠢᠯ ᠢ ᠦᠷᠨᠢᠭᠦᠯᠣᠨ᠎ᠠ᠃ ᠢᠯᠭᠠᠵᠢᠭᠤᠯᠤᠬᠰᠠᠨ ᠰᠢᠯᠭᠠᠨ ᠬᠢᠨᠠᠵᠦ ᠦᠨᠡᠯᠡᠬᠦ | ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠮᠢ ᠠᠬᠤᠢ ᠶᠢᠨ ᠦᠢᠯᠡᠣᠡᠭᠦᠨ ᠤ ᠦᠨ᠎ᠠ ᠦᠷᠲᠡᠭ ᠲᠤ ᠲᠣᠭᠠᠴᠠᠭ᠎ᠠ ᠬᠢᠭᠦ | ᠵᠢᠴᠢ ᠦᠷ᠎ᠡ ᠳ᠋ᠦᠩ ᠢ ᠨᠢ ᠣᠯᠠᠷᠢᠭᠤᠯᠣᠨ ᠬᠡᠷᠡᠭᠯᠡᠬᠦ ᠶᠢ ᠠᠬᠢᠭᠤᠯᠣᠨ᠎ᠠ᠃ ᠠᠮᠢ ᠠᠬᠤᠢ ᠶᠢᠨ ᠬᠤᠬᠢᠷᠠᠯ ᠢ | ᠲᠦᠯᠣᠪᠣᠷᠢᠯᠡᠭᠦ ᠲᠣᠭᠳᠠᠴᠨ ᠪᠠᠨ ᠣᠯᠠᠮ ᠨᠢᠭᠡ ᠠᠯᠬᠤᠮ ᠳᠡᠭᠦᠯᠳᠡᠷᠵᠢᠭᠦᠯᠣᠨ᠎ᠡ᠃ ᠣᠯᠣᠰ ᠤᠨ ᠠᠮᠢ ᠠᠬᠤᠢ ᠶᠢᠨ | ᠪᠣᠯᠪᠠᠰᠣᠨ ᠤ ᠲᠣᠷᠰᠢᠯᠳᠠ ᠶᠢᠨ ᠣᠷᠣᠨ ᠢᠶᠠᠷ ᠭᠤᠶᠣᠴᠢᠯᠠᠨ ᠮᠡᠳᠡᠭᠦᠯᠭᠦ ᠠᠵᠢᠯ ᠢ ᠰᠠᠶᠢᠳᠣᠷ ᠬᠢᠨ᠎ᠡ᠃ | ︵ᠨᠠᠢᠮᠠ︶ ᠪᠣᠯᠪᠠᠰᠣᠨ ᠦᠪᠣᠷ ᠮᠣᠩᠭᠤᠯ ᠤᠨ ᠪᠠᠶᠢᠭᠤᠯᠣᠯᠳᠠ ᠶᠢ ᠭᠦᠨᠵᠡᠭᠡᠢ ᠠᠬᠢᠭᠤᠯᠣᠨ᠎ᠠ | ᠨᠠᠶᠢᠭᠡᠮ ᠵᠢᠷᠣᠮ ᠤᠨ ᠭᠤᠣᠯᠯᠠᠬᠤ ᠦᠷᠲᠡᠭ ᠤᠨ ᠦᠵᠡᠯᠳᠡ ᠪᠠᠷ ᠣᠳᠣᠷᠢᠳᠣᠮᠵᠢ ᠪᠣᠯᠭᠠᠵᠣ᠂ ᠣᠯᠣᠰ ᠢᠶᠠᠨ | ᠬᠠᠶᠢᠷᠠᠯᠠᠬᠤ ᠭᠦᠮᠣᠵᠢᠯ ᠪᠠ ᠠᠷᠠᠳ ᠢᠷᠭᠡᠣᠨ ᠤᠨ ᠶᠣᠰᠣ ᠰᠤᠷᠲᠠᠬᠤᠨ ᠤ ᠪᠠᠶᠢᠭᠤᠯᠣᠯᠳᠠ ᠶᠢ ᠬᠦᠨᠵᠡᠭᠡᠢ | ᠦᠷᠨᠢᠭᠦᠯᠣᠨ᠎ᠠ᠃ ᠪᠣᠯᠪᠠᠰᠣᠨ ᠬᠤᠳᠡ ᠶᠢ ᠡᠭᠦᠳᠣᠨ ᠪᠠᠶᠢᠭᠤᠯᠬᠤ ᠠᠵᠢᠯ ᠢ ᠰᠠᠶᠢᠳᠣᠷ ᠬᠢᠵᠣ᠂ ᠰᠦᠯᠵᠢᠶᠠᠨ ᠤ | ᠪᠣᠯᠪᠠᠰᠣᠨ ᠤ ᠪᠠᠶᠢᠭᠤᠯᠣᠯᠳᠠ ᠶᠢ ᠴᠢᠩᠭᠠᠣᠡᠬᠠᠨ᠎ᠠ᠃ ᠪᠦᠭᠦ ᠠᠷᠠᠣᠨ ᠢᠶᠠᠷ ᠢᠶᠠᠨ ᠨᠣᠮ ᠣᠩᠰᠢᠬᠤ ᠶᠢ ᠠᠬᠢᠭᠤᠯᠵᠣ᠂ | ᠰᠣᠷᠣᠯᠴᠠᠬᠤ ᠮᠠᠶ᠋ᠢᠭ ᠤᠨ ᠨᠠᠶᠢᠭᠡᠮ ᠢ ᠪᠠᠶᠢᠭᠤᠯᠣᠨ᠎ᠠ᠃ ᠢᠳᠡᠭᠡᠨ ᠤᠮᠳᠠᠭᠠᠨ ᠢ ᠪᠦᠷᠢᠯᠭᠡᠨ ᠰᠦᠢᠣᠡᠭᠡᠭᠦ ᠶᠢ | ᠬᠤᠷᠢᠬᠯᠠᠵᠤ᠂ ᠬᠡᠪ ᠵᠠᠩᠰᠢᠯ ᠢᠶᠠᠨ ᠦᠭᠡᠷᠡᠴᠢᠯᠡᠬᠦ ᠰᠢᠨ᠎ᠡ ᠬᠡᠪ ᠰᠣᠷᠳᠡᠯ ᠢ ᠰᠠᠨᠠᠭᠠᠴᠢᠯᠠᠵᠣ᠂ ᠪᠦᠭᠦ ᠨᠠᠶᠢᠭᠡᠮ ᠤᠨ | ᠪᠣᠯᠪᠠᠰᠣᠨ ᠤ ᠲᠦᠪᠰᠢᠨ ᠢ ᠳᠡᠭᠡᠭᠰᠢᠯᠡᠭᠦᠯᠦᠨ᠎ᠡ᠃ | ᠲᠣᠮᠳᠠᠳᠣ ᠶᠢᠨ ᠰᠢᠯᠢᠳᠡᠭ ᠣᠯᠠᠮᠵᠢᠯᠠᠯᠳᠣ ᠰᠣᠶᠣᠯ ᠢ ᠣᠯᠠᠮᠵᠢᠯᠠᠨ ᠪᠠᠳᠠᠷᠠᠭᠤᠯᠵᠣ᠂ ᠬᠤᠪᠢᠰᠬᠠᠯᠳᠣ ᠰᠣᠶᠣᠯ ᠢ | ᠵᠠᠯᠭᠠᠮᠵᠢᠯᠠᠨ᠂ ᠨᠠᠶᠢᠭᠡᠮ ᠵᠢᠷᠣᠮ ᠤᠨ ᠲᠡᠷᠢᠭᠦᠨ ᠤ ᠰᠣᠶᠣᠯ ᠢ ᠭᠦᠭᠵᠢᠭᠦᠯᠣᠨ᠎ᠠ᠃ ᠨᠠᠮ ᠪᠠᠶᠢᠭᠤᠯᠣᠭᠳᠠᠭᠰᠠᠨ 100 | ᠵᠢᠯ ᠳᠤ ᠵᠤᠷᠢᠭᠤᠯᠤᠬᠰᠠᠨ ᠰᠣᠶᠣᠯ ᠣᠷᠠᠯᠢᠭ ᠤᠨ ᠵᠤᠬᠢᠶᠠᠨ ᠪᠦᠲᠦᠭᠡᠬᠦ ᠠᠵᠢᠯ ᠢ ᠦᠷᠨᠢᠭᠦᠯᠣᠨ᠎ᠠ᠃ ᠰᠤᠶᠤᠯ | ᠤᠷᠠᠯᠢᠬ ᠤᠨ ᠦᠢᠯᠡᠰ ᠢ ᠬᠦᠭᠵᠢᠭᠦᠯᠵᠦ᠂ ᠣᠯᠠᠭᠠᠨᠮᠦ᠋ᠴᠢᠷ ᠤᠨ ᠠᠵᠢᠯ ᠦᠢᠯᠡᠰ ᠤᠨ ᠭᠦᠭᠵᠢᠯᠲᠡ ᠶᠢ ᠳᠡᠮᠵᠢᠨ᠎ᠡ᠃ | ᠤᠳᠤ ᠦᠶ᠎ᠡ ᠶᠢᠨ ᠰᠤᠶᠤᠯ ᠤᠨ ᠠᠵᠦ ᠦᠢᠯᠡᠰ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠦ᠂ | ᠰᠤᠶᠤᠯ ᠢᠶᠠᠷ ᠠᠷᠠᠳ ᠲᠤ ᠬᠠᠷᠠᠭᠠᠯᠵᠠᠯ ᠬᠦᠷᠲᠡᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ︽ᠤᠶᠤᠨᠯᠢᠭ | ᠷᠠᠳᠢᠣ᠋ ᠲᠧᠯᠸᠢᠰ︾ ᠤᠨ ᠪᠦᠳᠣᠭᠡᠨ ᠪᠠᠶᠢᠭᠤᠯᠣᠯᠳᠠ ᠶᠢ ᠠᠬᠢᠭᠤᠯᠵᠣ᠂ ᠮᠠᠯᠵᠢᠬᠤ ᠤᠷᠤᠨ ᠳᠤ ︽ᠤᠶᠤᠨᠯᠢᠭ ᠷᠠᠳᠢᠣ᠋ | ᠲᠧᠯᠸᠢᠰ︾ ᠤᠨ ᠦᠷᠭᠡᠨ ᠪᠦᠰᠡ ᠶᠢᠨ ᠬᠠᠮᠤᠷᠬᠤ ᠬᠢᠭᠡᠳ ᠦᠢᠯᠡᠴᠢᠯᠡᠬᠦ ᠢᠨᠵᠧᠨᠧᠷᠢᠩ ᠢ ᠦᠨᠳᠦᠰᠤᠨ ᠳᠡᠭᠡᠨ | ᠪᠡᠶᠡᠯᠡᠭᠦᠯᠦᠨ᠎ᠡ᠃ ᠲᠡᠦᠬᠡ ᠶᠢᠨ ᠲᠣᠷᠠᠰᠬᠠᠯᠳᠣ ᠵᠦᠢᠯ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠭᠠᠳ ᠵᠦᠢ | ᠵᠣᠬᠢᠰᠳᠠᠢ ᠵᠣᠬᠢᠬᠤ ᠬᠡᠮᠵᠢᠶᠠᠨ ᠳᠤ ᠠᠰᠢᠬᠯᠠᠬᠤ ᠶᠢ ᠠᠬᠢᠭᠤᠯᠣᠨ᠎ᠠ᠃ | ᠣᠯᠠᠭᠠᠨᠬᠤᠳᠠ — ᠷᠠᠰᠢᠶᠠᠨ — ᠬᠠᠶᠢᠯᠠᠷ — ᠮᠠᠨᠵᠣᠣᠷ ᠵᠡᠷᠭᠡ ᠵᠢᠭᠤᠯᠴᠢᠯᠡᠯ ᠤᠨ ᠰᠣᠳᠣᠨ ᠵᠠᠮ | ᠱᠣᠭᠤᠮ ᠢ ᠪᠦᠳᠣᠭᠡᠨ ᠪᠠᠶᠢᠭᠤᠯᠣᠨ᠎ᠠ᠂ ᠬᠤᠪᠢᠰᠬᠠᠯᠳᠣ ᠵᠢᠭᠤᠯᠴᠢᠯᠡᠯ᠂ ᠬᠦᠳᠡᠭᠡ ᠲᠣᠰᠬᠤᠨ ᠤ ᠵᠢᠭᠤᠯᠴᠢᠯᠠᠯ᠂ | ᠴᠠᠰᠦ ᠮᠦᠰᠦᠨ ᠤ ᠵᠢᠭᠤᠯᠴᠢᠯᠡᠯ ᠢ ᠭᠦᠭᠵᠢᠭᠦᠯᠵᠦ᠂ ᠵᠦᠷᠢᠶᠡᠵᠢᠯ ᠲᠠᠢ ᠪᠠ ᠤᠨᠴᠠᠯᠢᠬ ᠲᠠᠢ ᠵᠢᠭᠤᠯᠴᠢᠯᠠᠯ ᠢ | ᠠᠩᠬᠠᠷᠤᠨ ᠴᠢᠬᠤᠯᠠᠴᠢᠯᠠᠨ᠎ᠡ᠃ ︽ᠦᠪᠣᠷ ᠮᠣᠩᠭᠤᠯ ᠳᠤ ᠪᠢ ᠬᠠᠶᠢᠷᠠᠳᠡᠢ︾ ᠨᠡᠷᠡᠳᠣ ᠲᠡᠮᠲᠡᠭ ᠤᠨ ᠲᠥᠷᠢ | ᠲᠦᠷᠭᠦ ᠶᠢ ᠣᠬᠠᠭᠤᠯᠣᠨ ᠲᠠᠨᠢᠯᠴᠠᠭᠤᠯᠬᠤ ᠠᠵᠢᠯᠯᠠᠭᠠᠨ ᠢ ᠬᠦᠨᠵᠡᠬᠡᠢ ᠦᠷᠨᠢᠭᠦᠯᠵᠣ᠂ ᠰᠣᠶᠣᠯ ᠪᠠ ᠵᠢᠭᠤᠯᠴᠢᠯᠡᠯ ᠤᠨ | ᠠᠭᠤᠰᠣᠯᠴᠠᠨ ᠭᠦᠭᠵᠢᠬᠦ ᠶᠢ ᠠᠬᠢᠭᠤᠯᠵᠣ᠂ ᠬᠦᠮᠦᠰ ᠲᠤ ᠭᠠᠩᠭᠠᠩ ᠪᠠᠶᠢᠭᠠᠯᠢ ᠪᠠᠷ ᠰᠤᠶᠤᠯ ᠢᠶᠠᠨ ᠪᠠᠭ᠋ᠠᠲᠤᠭᠤᠯᠵᠤ | ᠤᠶᠤᠨ ᠰᠠᠨᠠᠭ᠎ᠠ ᠶᠢ ᠨᠢ ᠤᠮᠳᠠᠯᠠᠨ᠎ᠠ᠃ | ︵ᠶᠢᠰᠦ︶ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠪᠠ ᠨᠡᠶᠢᠭᠡᠮ ᠤᠨ ᠵᠠᠰᠠᠯᠲᠠ ᠶᠢ | ᠴᠢᠩᠭᠠᠳᠬᠠᠨ᠎ᠠ | ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ | ᠦᠷᠭᠡᠳᠭᠡᠵᠦ᠂ ᠶᠡᠭᠡ ᠳᠡᠭᠡᠲᠦ ᠰᠤᠷᠭᠠᠭᠤᠯᠢ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠰᠠᠳ᠂ ᠴᠡᠷᠢᠭ ᠤᠨ | ᠠᠯᠪᠠ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠰᠠᠶᠢᠲᠤᠷ ᠠᠳᠬᠤᠨ᠎ᠠ᠃ | ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠠᠵᠢᠯᠯᠠᠭᠠᠨ ᠪᠠ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠵᠦ᠂ ᠠᠵᠢᠯ ᠠᠯᠳᠠᠬᠤ ᠪᠠᠶᠢᠳᠠᠯ ᠢ | ᠬᠢᠨᠠᠨ ᠰᠢᠨᠵᠢᠵᠦ ᠰᠡᠷᠡᠮᠵᠢᠯᠡᠬᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠠᠵᠢᠯ ᠠᠯᠳᠠᠯᠲᠠ ᠶᠢᠨ ᠲᠦᠭᠰᠢᠭᠦᠷᠢ ᠶᠢ | ᠪᠦᠲᠦᠮᠵᠢᠲᠡᠢ ᠠᠷᠭᠠᠴᠠᠭᠠᠨ᠎ᠠ᠃ ᠣᠷᠣᠯᠭ᠎ᠠ ᠪᠠᠭᠠᠲᠠᠢ ᠬᠦᠮᠦᠰ ᠤᠨ ᠣᠷᠣᠯᠭ᠎ᠠ ᠶᠢ ᠨᠢ ᠳᠡᠭᠡᠭᠰᠢᠯᠡᠭᠦᠯᠦᠨ᠂ ᠳᠤᠮᠳᠠ | ᠵᠡᠷᠭᠡ ᠶᠢᠨ ᠣᠷᠣᠯᠭ᠎ᠠ ᠲᠠᠢ ᠬᠥᠮᠥᠰ ᠢ ᠨᠡᠮᠡᠭᠳᠡᠭᠦᠯᠦᠨ᠎ᠡ᠃ | ᠡᠷᠡᠭᠦᠯ ᠡᠩᠬᠡ ᠥᠪᠥᠷ ᠮᠣᠩᠭᠤᠯ ᠢ ᠪᠠᠶᠢᠭᠤᠯᠬᠤ ᠠᠵᠢᠯᠯᠠᠭᠠᠨ ᠢ ᠭᠦᠨᠵᠡᠭᠡᠢ ᠠᠬᠢᠭᠤᠯᠵᠤ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮᠵᠢ ᠪᠠᠨ ᠪᠦᠷᠢᠨᠰᠢᠭᠦᠯᠦᠨ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠨᠡᠳᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ | ᠱᠠᠲᠤ ᠬᠤᠪᠢᠶᠠᠵᠤ ᠣᠨᠣᠰᠢᠯᠠᠨ ᠡᠮᠨᠡᠬᠦ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠂ ᠨᠡᠶᠢᠭᠡᠮ ᠤᠨ ᠬᠢᠨ ᠤ | ᠡᠮᠨᠡᠯᠭᠡ ᠶᠢᠨ ᠬᠤᠷᠢᠶ᠎ᠠ ᠡᠷᠬᠢᠯᠡᠬᠦ ᠶᠢ ᠳᠡᠮᠵᠢᠨ᠎ᠡ᠃ ᠬᠢᠲᠡᠳ ᠡᠮ ᠡᠮᠨᠡᠯᠭᠡ ᠪᠠ ᠮᠣᠩᠭᠤᠯ ᠡᠮ ᠡᠮᠨᠡᠯᠭᠡ ᠪᠠᠨ | ᠤᠯᠠᠮᠵᠢᠯᠠᠨ ᠵᠠᠯᠭᠠᠮᠵᠢᠯᠠᠵᠤ ᠰᠢᠨ᠎ᠡ ᠡᠭᠦᠳᠦᠯᠲᠡ ᠲᠠᠢ ᠪᠣᠯᠭᠠᠬᠤ ᠶᠢ ᠠᠬᠢᠭᠤᠯᠤᠨ᠎ᠠ᠃ ᠪᠦᠬᠦ ᠠᠷᠠᠳ ᠤᠨ ᠪᠡᠶ᠎ᠡ | ᠴᠢᠬᠢᠷᠠᠭᠵᠢᠭᠤᠯᠬᠤ ᠬᠢᠭᠡᠳ ᠪᠦᠬᠦ ᠠᠷᠠᠳ ᠤᠨ ᠡᠷᠡᠭᠦᠯ ᠡᠩᠬᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ | ︽ᠬᠥᠮᠦᠨ︾᠂ ︽ᠡᠳ᠋ ᠪᠣᠳᠠᠰ︾ ᠤᠨ ᠵᠦᠢᠯᠡᠰ ᠢ ᠵᠡᠷᠭᠡ ᠳᠤᠨᠢ ᠰᠡᠷᠭᠡᠶᠢᠯᠡᠬᠦ ᠶᠢ ᠪᠠᠷᠢᠮᠲᠠᠯᠠᠨ᠂ ︽ᠭᠠᠳᠠᠨ᠎ᠠ ᠠᠴᠠ | ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠪᠠ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠡᠯ᠎ᠡ | ᠲᠠᠯ᠎ᠠ ᠶᠢᠨ ᠠᠵᠢᠯ ᠢ ᠰᠠᠶᠢᠲᠤᠷ ᠬᠢᠨ᠎ᠠ᠃ ᠨᠡᠶᠢᠰᠯᠠᠯ ᠤᠨ ᠨᠢᠰᠬᠡᠯ ᠤᠨ ᠪᠠᠭᠤᠳᠠᠯ ᠤᠨ ᠰᠠᠯᠪᠤᠷᠢᠯᠠᠨ ᠬᠤᠪᠢᠶᠠᠷᠢᠯᠠᠵᠤ | ᠢᠷᠡᠭᠦᠯᠦᠭᠰᠡᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠲᠥᠪᠬᠢᠨᠡᠭᠦᠯᠦᠨ ᠰᠢᠢᠳᠪᠦᠷᠢᠯᠡᠬᠦ ᠠᠵᠢᠯ ᠢᠶᠠᠨ ᠰᠠᠶᠢᠲᠤᠷ | ᠬᠢᠵᠦ᠂ ᠬᠢᠯᠢ ᠶᠢᠨ ᠪᠣᠭᠤᠮᠲᠠ ᠳᠠᠬᠢ ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠨ᠂ | ᠮᠠᠯᠵᠢᠬᠤ ᠲᠠᠷᠢᠶᠠᠯᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠡᠶᠢᠭᠡᠮ ᠲᠣᠭᠤᠷᠢᠭ ᠤᠨ | ᠲᠣᠣᠷᠵᠢᠯ ᠬᠠᠮᠢᠶᠠᠷᠤᠯᠲᠠ ᠶᠢ ᠴᠢᠩᠭᠠᠳᠬᠠᠨ᠎ᠠ᠃ ᠸᠠᠺᠼᠢᠨ ᠲᠠᠷᠢᠬᠤ ᠠᠵᠢᠯ ᠢ ᠰᠠᠶᠢᠲᠤᠷ ᠬᠢᠨ᠎ᠡ᠃ | ᠨᠡᠶᠢᠭᠡᠮ ᠤᠨ ᠳᠠᠭᠠᠳᠬᠠᠯ ᠤᠨ ᠬᠠᠮᠤᠷᠬᠤ ᠭᠡᠪᠴᠢᠶ᠎ᠡ ᠶᠢ ᠦᠷᠭᠦᠯᠵᠢᠯᠡᠨ ᠦᠷᠭᠡᠳᠭᠡᠵᠦ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠰᠠᠭᠤᠷᠢ ᠪᠣᠯᠬᠤ ᠨᠠᠰᠤᠵᠢᠯ ᠤᠨ ᠮᠦᠩᠭᠦ ᠪᠠ ᠬᠦᠴᠢᠷᠳᠡᠯᠲᠡᠢ ᠣᠯᠠᠨ | ᠲᠦᠮᠡᠨ ᠢ ᠠᠪᠤᠷᠠᠨ ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠠᠵᠢᠯ ᠠᠯᠳᠠᠭᠰᠠᠳ ᠤᠨ | ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠢ ᠲᠥᠯᠥᠪᠯᠡᠬᠦ ᠶᠢ ᠠᠬᠢᠭᠤᠯᠤᠨ᠎ᠠ᠃ ᠬᠦᠨᠳᠦ | ᠬᠡᠴᠡᠭᠦᠦ ᠡᠪᠡᠳᠴᠢᠨ ᠤ ᠡᠮᠴᠢᠯᠡᠭᠡ ᠶᠢᠨ ᠳᠠᠭᠠᠳᠬᠠᠯ ᠪᠠ ᠠᠪᠤᠷᠠᠨ ᠲᠤᠰᠠᠯᠠᠬᠤ ᠳᠥᠷᠢᠮ ᠢ ᠪᠦᠷᠢᠨᠰᠢᠭᠦᠯᠵᠦ᠂ | ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠤᠨ ᠰᠢᠭᠤᠳ ᠳ᠋ᠦᠩᠨᠡᠨ ᠪᠣᠳᠣᠬᠤ ᠶᠢ ᠨᠠᠶᠢᠳᠠᠪᠤᠷᠢᠵᠢᠭᠤᠯᠤᠨ᠎ᠠ᠃ | ᠠᠮᠢᠳᠤᠷᠠᠯ ᠨᠢ ᠬᠦᠴᠢᠷᠲᠡᠢ ᠠᠵᠢᠯ ᠠᠯᠳᠠᠭᠰᠠᠳ ᠵᠢᠴᠢ ᠲᠡᠭᠦᠨ ᠤ ᠭᠡᠷ ᠪᠦᠯᠢ ᠶᠢᠨ ᠬᠢᠨ ᠢ ᠴᠠᠭ ᠲᠤᠬᠠᠢ ᠳᠤ ᠨᠢ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠪᠠ ᠲᠦᠷ ᠴᠠᠭ ᠤᠨ ᠠᠪᠤᠷᠠᠨ ᠲᠤᠰᠠᠯᠠᠬᠤ ᠵᠡᠷᠭᠡ ᠬᠡᠪᠴᠢᠶᠡᠨ ᠳᠤ | ᠣᠷᠤᠭᠤᠯᠤᠨᠡ᠃ ᠨᠠᠰᠤᠲᠠᠶᠢᠴᠤᠳ ᠢ ᠠᠰᠠᠷᠠᠨ ᠰᠣᠪᠢᠯᠠᠬᠤ ᠪᠠ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ | ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠡᠮᠴᠢᠯᠡᠵᠦ ᠰᠤᠪᠢᠯᠠᠬᠤ ᠡᠷᠡᠭᠦᠯᠵᠢᠭᠦᠯᠵᠦ ᠴᠢᠬᠢᠷᠠᠬᠵᠢᠭᠤᠯᠬᠤ ᠶᠢᠨ | ᠤᠶᠠᠯᠳᠤᠯ ᠢ ᠭᠦᠨᠵᠡᠭᠡᠶᠢᠷᠡᠭᠦᠯᠵᠦ᠂ ᠬᠦᠮᠦᠨ ᠠᠮᠠ ᠶᠢᠨ ᠨᠠᠰᠤᠵᠢᠯᠲᠠ ᠶᠢ ᠢᠳᠡᠪᠬᠢᠲᠠᠢ ᠠᠷᠭᠠᠴᠠᠭᠠᠨ᠎ᠠ᠃ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠠᠵᠢᠯ ᠤᠨ ᠰᠢᠰᠲ᠋ᠧᠮᠵᠢ ᠪᠠ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ᠎ᠡ᠃ | ᠴᠢᠨᠠᠷᠯᠢᠬ ᠰᠤᠷᠭᠠᠨ ᠬᠦᠮᠦᠵᠢᠯ ᠤᠨ ᠡᠬᠢ ᠪᠠᠶᠠᠯᠢᠬ ᠤᠨ ᠬᠠᠨᠭ᠍ᠭᠠᠯᠭ᠎ᠠ ᠶᠢ ᠦᠷᠭᠡᠳᠭᠡᠨ᠎ᠡ᠃ ᠲᠦᠭᠡᠮᠡᠯ | ᠬᠠᠷᠠᠭᠠᠯᠵᠠᠬᠤ ᠴᠢᠨᠠᠷᠲᠠᠢ ᠬᠡᠦᠭᠡᠳ ᠤᠨ ᠴᠡᠴᠡᠷᠯᠢᠭ ᠢ ᠬᠥᠭᠵᠢᠭᠦᠯᠦᠨ᠂ ᠠᠯᠪᠠᠨ ᠵᠢᠷᠤᠮ ᠤᠨ ᠰᠤᠷᠭᠠᠨ ᠬᠦᠮᠦᠵᠢᠯ ᠢ | ᠴᠢᠨᠠᠷᠯᠢᠭ ᠲᠡᠩᠴᠡᠭᠦᠷᠢᠰᠢᠭᠦᠯᠬᠦ ᠪᠠ ᠬᠤᠲᠠ ᠬᠥᠳᠡᠭᠡ ᠳᠤ ᠨᠢᠭᠡ ᠴᠣᠭᠴᠠᠵᠢᠭᠤᠯᠤᠨ ᠬᠦᠭᠵᠢᠭᠦᠯᠬᠦ ᠶᠢ ᠠᠬᠢᠭᠤᠯᠵᠤ᠂ | ᠦᠨᠳᠦᠷ ᠵᠡᠷᠭᠡ ᠶᠢᠨ ᠳᠤᠮᠳᠠᠲᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠣᠯᠠᠨ ᠶᠠᠩᠵᠤ ᠬᠡᠯᠪᠡᠷᠢ ᠲᠠᠢ | ᠬᠥᠭᠵᠢᠬᠦ ᠶᠢ ᠨᠢ ᠵᠣᠷᠢᠬᠵᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠦᠢᠯᠡᠳᠪᠦᠷᠢᠯᠡᠬᠦ ᠬᠢᠭᠡᠳ | ᠵᠢᠭᠠᠨ ᠰᠤᠷᠭᠠᠬᠤ ᠶᠢ ᠠᠭᠤᠰᠤᠯᠴᠠᠭᠤᠯᠬᠤ᠂ ᠰᠤᠷᠭᠠᠭᠤᠯᠢ ᠬᠢᠭᠡᠳ ᠠᠵᠤ ᠠᠬᠤᠶᠢᠯᠠᠯ ᠤᠨ ᠬᠠᠮᠳᠤᠷᠠᠯᠴᠠᠭ᠎ᠠ ᠶᠢ | ᠳᠡᠮᠵᠢᠬᠦ ᠠᠷᠭ᠎ᠠ ᠬᠡᠮᠵᠢᠶ᠎ᠡ ᠨᠦᠭᠦᠳ ᠢ ᠲᠡᠭᠦᠯᠳᠡᠷᠵᠢᠭᠦᠯᠦᠨ᠎ᠡ᠃ ᠶᠡᠭᠡ ᠳᠡᠭᠡᠲᠦ ᠰᠤᠷᠭᠠᠭᠤᠯᠢ ᠶᠢᠨ ︽ᠬᠤᠣᠰ | ᠲᠡᠷᠢᠭᠦᠨ ᠳᠡᠰ︾ ᠤᠨ ᠪᠠᠶᠢᠭᠤᠯᠤᠯᠲᠠ ᠶᠢ ᠠᠬᠢᠭᠤᠯᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢ ᠪᠦᠲᠦᠭᠡᠨ | ᠪᠠᠶᠢᠭᠤᠯᠬᠤ ᠲᠠᠯ᠎ᠠ ᠪᠠᠷ ᠬᠢ ︽ᠶᠠᠮᠤᠨ ᠪᠠ ᠥᠪᠡᠷᠲᠡᠭᠡᠨ ᠵᠠᠰᠠᠬᠤ ᠣᠷᠣᠨ ᠬᠠᠮᠲᠤᠷᠠᠨ ᠪᠠᠶᠢᠭᠤᠯᠬᠤ︾ ᠡᠷᠴᠢᠮ ᠢ | ᠴᠢᠩᠭᠠᠷᠠᠭᠤᠯᠤᠨ᠎ᠠ᠃ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠳᠡᠮᠵᠢᠭᠦ ᠪᠠ ᠵᠢᠷᠤᠮᠵᠢᠭᠤᠯᠤᠨ᠎ᠠ᠃ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠪᠠ ᠤᠯᠤᠰ ᠤᠨ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢᠶᠠᠨ ᠰᠠᠶᠢᠲᠤᠷ ᠬᠢᠨ᠎ᠠ᠃ | ᠨᠡᠶᠢᠭᠡᠮ ᠤᠨ ᠵᠥᠷᠢᠴᠡᠯ ᠢ ᠶᠡᠷᠦᠩᠬᠡᠶᠢᠯᠡᠨ ᠵᠠᠰᠠᠬᠤ ᠲᠣᠭᠲᠠᠴᠠ ᠪᠠᠨ ᠲᠡᠭᠦᠯᠳᠡᠷᠵᠢᠭᠦᠯᠵᠦ᠂ ᠵᠠᠬᠢᠳᠠᠯ | ᠰᠤᠷᠪᠤᠯᠵᠢᠯᠠᠯ ᠤᠨ ᠲᠠᠯ᠎ᠠ ᠪᠠᠷ ᠬᠢ ᠳᠠᠷᠤᠭᠳᠠᠮᠠᠯ ᠬᠡᠷᠡᠭ ᠢ ᠪᠦᠲᠦᠮᠵᠢᠲᠡᠢ ᠠᠷᠢᠯᠭᠠᠨ᠂ ᠣᠯᠠᠨ ᠲᠦᠮᠡᠨ ᠤ ᠵᠦᠢ | ᠵᠣᠬᠢᠰᠲᠠᠢ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠨ᠎ᠡ᠃ ︽ᠨᠠᠢᠮᠠᠳᠤᠭᠠᠷ ᠲᠠᠪᠤᠨ ᠵᠢᠯ︾ ᠤᠨ | ᠬᠠᠤᠯᠢ ᠲᠥᠬᠡᠮᠡᠯᠵᠢᠭᠦᠯᠬᠦ ᠠᠵᠢᠯ ᠢ ᠥᠷᠨᠢᠭᠦᠯᠦᠨ᠎ᠡ᠃ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠶᠠᠯᠠᠲᠤ | ᠠᠵᠢᠯᠯᠠᠭ᠎ᠠ ᠳᠤ ᠬᠠᠤᠯᠢ ᠶᠣᠰᠤᠭᠠᠷ ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ | ᠠᠵᠢᠯᠯᠠᠭ᠎ᠠ ᠶᠢ ᠪᠠᠶᠢᠩᠭᠤ ᠥᠷᠨᠢᠭᠦᠯᠦᠨ᠎ᠡ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠥᠷᠢᠮ ᠢ | ᠴᠢᠩᠭ᠎ᠠ ᠨᠠᠶᠢᠳᠠᠪᠤᠷᠢᠵᠢᠭᠤᠯᠤᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ | ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ᠂ ᠭᠠᠮᠰᠢᠭ ᠲᠠᠢ ᠲᠡᠮᠡᠴᠡᠬᠦ ᠪᠠ ᠭᠠᠮᠰᠢᠭ ᠠᠴᠠ ᠠᠪᠤᠷᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠠᠵᠠᠷ ᠰᠢᠨᠵᠢᠯᠡᠭᠡ᠂ ᠴᠠᠭ ᠠᠭᠤᠷ᠂ ᠬᠡᠮᠵᠢᠨ ᠵᠢᠷᠤᠭᠯᠠᠯ ᠵᠡᠷᠭᠡ ᠠᠵᠢᠯ ᠢ | ᠰᠠᠶᠢᠲᠤᠷ ᠬᠢᠨ᠎ᠡ᠃ | ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠥᠮᠦᠯᠢᠭ ᠠᠪᠤᠷᠠᠯᠲᠠ ᠲᠤᠰᠠᠯᠠᠮᠵᠢ᠂ ᠰᠠᠶᠢᠨ ᠳᠤᠷ᠎ᠠ ᠶᠢᠨ | ᠦᠢᠯᠡᠴᠢᠯᠡᠭᠡ᠂ ᠨᠢᠭᠦᠯᠡᠰᠦᠩᠭᠦᠢ ᠶᠢᠨ ᠦᠢᠯᠡᠰ ᠢ ᠬᠥᠭᠵᠢᠭᠦᠯᠬᠦ ᠶᠢ ᠨᠢ ᠳᠡᠮᠵᠢᠵᠦ᠂ ᠡᠮᠡᠭᠲᠡᠶᠢᠴᠦᠳ᠂ ᠬᠡᠦᠬᠡᠳ᠂ | ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠡᠮᠡᠭᠲᠡᠶᠢᠴᠤᠳ | ᠬᠡᠦᠬᠡᠳ ᠲᠤ ᠬᠤᠯᠪᠤᠬᠳᠠᠬᠤ ᠠᠵᠢᠯ ᠤᠨ ᠬᠦᠭᠵᠢᠯᠲᠡ ᠶᠢᠨ ᠬᠦᠲᠦᠯᠪᠦᠷᠢ ᠶᠢ ᠨᠠᠶᠢᠷᠠᠭᠤᠯᠤᠨ ᠵᠤᠬᠢᠶᠠᠵᠦ | ᠬᠡᠷᠡᠭᠵᠢᠭᠦᠯᠦᠨ᠎ᠡ᠃ | ᠱᠠᠰᠢᠨ ᠰᠤᠷᠲᠠᠬᠤᠨ ᠤ ᠠᠵᠢᠯ ᠤᠨ ᠲᠤᠬᠠᠢ ᠨᠠᠮ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ | ᠲᠤᠭᠤᠰᠢᠯᠠᠭᠤᠯᠤᠨ᠂ ᠱᠠᠰᠢᠨ ᠰᠤᠷᠲᠠᠬᠤᠨ ᠤ ᠬᠢᠨ ᠢ ᠢᠳᠡᠪᠬᠢᠲᠡᠢ ᠬᠦᠲᠦᠯᠦᠨ ᠵᠢᠯᠤᠭᠤᠳᠴᠤ ᠨᠡᠶᠢᠭᠡᠮ ᠵᠢᠷᠤᠮᠲᠤ | ᠨᠡᠶᠢᠭᠡᠮ ᠯᠦᠭᠡ ᠵᠣᠬᠢᠴᠠᠯᠳᠤᠭᠤᠯᠤᠨ᠎ᠠ᠃ | ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠥᠵᠢᠯ᠂ ᠠᠷᠠᠳ ᠤᠨ ᠠᠭᠠᠷ ᠤᠨ ᠰᠡᠷᠭᠡᠶᠢᠯᠡᠯᠲᠡ ᠪᠠ ᠬᠤᠶᠠᠷ ᠢ ᠬᠦᠷᠢᠶᠡᠯᠡᠵᠦ ᠬᠠᠮᠲᠦ ᠪᠠᠷ | ᠪᠦᠲᠦᠭᠡᠨ ᠪᠠᠶᠢᠭᠤᠯᠬᠤ ᠠᠵᠢᠯ ᠢ ᠴᠢᠩᠭᠠᠳᠬᠠᠨ᠎ᠠ᠃ | ᠳᠥᠷᠪᠡ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠰᠢᠨ᠎ᠡ ᠪᠠᠶᠢᠳᠠᠯ᠂ ᠰᠢᠨ᠎ᠡ ᠡᠭᠦᠷᠭᠡ ᠳᠤ ᠴᠢᠭᠯᠡᠭᠦᠯᠦᠨ᠂ ᠪᠢᠳᠠ ᠵᠠᠰᠠᠭ ᠤᠨ ᠣᠷᠳᠣᠨ ᠤ ᠠᠵᠢᠯ ᠤᠨ ᠪᠦᠬᠦ | ᠶᠠᠪᠤᠴᠠ ᠳᠤ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠨᠡᠶᠢᠳᠡᠮ ᠲᠤᠭᠤᠰᠢᠯᠠᠭᠤᠯᠵᠤ᠂ ︽ᠳᠥᠷᠪᠡᠨ ᠦᠵᠡᠯ | ᠤᠬᠠᠮᠰᠠᠷ︾ ᠢᠶᠠᠨ ᠦᠨᠡᠨ ᠬᠦ ᠴᠢᠩᠭᠠᠷᠠᠭᠤᠯᠤᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠦᠨ᠂ ᠦᠵᠡᠯ ᠰᠠᠨᠠᠭᠠᠨ ᠤ ᠲᠠᠯ᠎ᠠ ᠪᠠᠷ ᠤᠯᠤᠰ ᠲᠥᠷᠥ ᠶᠢᠨ ᠲᠠᠯ᠎ᠠ ᠪᠠᠷ ᠪᠠ | ᠦᠢᠯᠡ ᠠᠵᠢᠯᠯᠠᠭᠠᠨ ᠤ ᠲᠠᠯ᠎ᠠ ᠪᠠᠷ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ | ᠳᠡᠭᠡᠲᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠤᠬᠠᠮᠰᠠᠷ ᠠᠴᠠ ᠪᠠᠨ ᠪᠠᠷᠢᠮᠲᠠᠯᠠᠨ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠶᠣᠰᠤᠭᠠᠷ ᠨᠢ | ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ | ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠬᠠᠤᠯᠢᠵᠢᠯ ᠤᠨ | ᠵᠠᠰᠠᠭ ᠤᠨ ᠣᠷᠳᠣᠨ ᠢ ᠪᠠᠶᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠨ᠂ | ᠵᠠᠰᠠᠭ ᠤᠨ ᠣᠷᠳᠣᠨ ᠤ ᠠᠵᠢᠯᠲᠠᠳ ᠤᠨ ᠬᠠᠦᠯᠢ ᠶᠤᠰᠤᠭᠠᠷ ᠵᠠᠰᠠᠬ ᠶᠠᠪᠤᠭᠤᠯᠬᠤ ᠴᠢᠳᠠᠪᠤᠷᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ | ᠬᠢᠨᠠᠯᠲᠠ ᠲᠠᠯᠪᠢᠯᠲᠠ ᠶᠢ ᠬᠠᠤᠯᠢ ᠶᠣᠰᠤᠭᠠᠷ ᠬᠦᠯᠢᠶᠡᠨ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ | ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠵᠠᠬᠢᠷᠭᠠᠨ ᠤ ᠬᠢᠨᠠᠯᠲᠠ | ᠲᠠᠯᠪᠢᠬᠤ ᠪᠠ ᠬᠢᠨᠠᠨ ᠪᠣᠳᠣᠯᠲᠠ ᠪᠠᠷ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠢᠶᠠᠨ ᠢᠯᠡ | ᠪᠣᠯᠭᠠᠬᠤ ᠶᠢ ᠭᠦᠨᠵᠡᠭᠡᠶᠢᠷᠡᠭᠦᠯᠦᠨ᠎ᠡ᠃ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮ ᠤᠨ ᠰᠤᠷᠲᠠᠯ ᠴᠢᠭᠡᠴᠢ ᠵᠠᠰᠠᠭ ᠤᠨ | ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠥᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠡᠯᠪᠡᠷᠢᠴᠢ ᠦᠵᠡᠯ᠂ | ᠨᠣᠶᠠᠨᠴᠢ ᠰᠤᠷᠲᠠᠯ ᠢ ᠡᠷᠡᠰ ᠲᠡᠪᠴᠢᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠰᠤᠷᠲᠠᠯ ᠪᠠ ︽ᠬᠠᠳᠠᠭᠠᠰᠤ | ᠬᠠᠳᠠᠬᠤ︾ ᠵᠣᠷᠢᠭ ᠰᠠᠨᠠᠭ᠎ᠠ ᠪᠠᠷ ᠠᠵᠢᠯ ᠢᠶᠠᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠂ ᠦᠨᠳᠦᠰᠦᠨ | ᠱᠠᠲᠤᠨ ᠤ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠦᠨ᠎ᠡ᠃ ᠠᠷᠪᠢᠴᠢ ᠭᠠᠮᠲᠠᠢ ᠠᠮᠢᠳᠤᠷᠠᠬᠤ ᠶᠢ ᠪᠠᠷᠢᠮᠲᠠᠯᠠᠨ᠂ | ᠰᠠᠶᠢᠲᠤᠷ ᠭᠠᠮᠨᠠᠨ ᠠᠷᠪᠢᠯᠠᠵᠤ᠂ ᠪᠦᠷᠢᠯᠭᠡᠨ ᠰᠦᠢᠳᠬᠡᠬᠦ ᠶᠢ ᠡᠰᠡᠷᠭᠦᠴᠡᠨ᠎ᠡ᠃ | ᠲᠥᠯᠥᠭᠡᠯᠡᠭᠴᠢᠳ ᠡ︕ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯ ᠨᠠᠮ ᠪᠠ ᠤᠯᠤᠰ ᠠᠴᠠ | ᠪᠢᠳᠡᠨ ᠳᠤ ᠣᠯᠭᠤᠭᠰᠠᠨ ᠡᠷᠬᠢᠮ ᠳᠡᠭᠡᠲᠦ ᠢᠷᠠᠭᠤ ᠠᠯᠳᠠᠷ ᠪᠣᠯᠬᠤ ᠪᠥᠭᠡᠳ ᠨᠡᠩ ᠴᠦ ᠬᠥᠨᠳᠦ ᠴᠢᠬᠤᠯᠠ | ᠬᠠᠷᠢᠭᠤᠴᠠᠯᠭ᠎ᠠ ᠪᠣᠯᠣᠨ᠎ᠠ᠃ ᠪᠢᠳᠠ ᠤᠯᠤᠰ ᠣᠷᠣᠨ ᠤ ᠨᠢᠭᠡᠳᠦᠯ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ | ᠨᠡᠩ ᠬᠦᠨᠳᠦ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠠᠭᠤᠤ ᠶᠡᠭᠡ ᠡᠬᠡ ᠤᠯᠤᠰ᠂ | ᠳᠤᠮᠳᠠᠲᠤ ᠶᠢᠨ ᠦᠨᠳᠦᠰᠦᠲᠡᠨ᠂ ᠳᠤᠮᠳᠠᠲᠤ ᠶᠢᠨ ᠰᠣᠶᠣᠯ᠂ ᠳᠤᠮᠳᠠᠲᠤ ᠤᠯᠤᠰ ᠤᠨ ᠡᠪ ᠬᠠᠮᠲᠤ ᠨᠠᠮ᠂ ᠳᠤᠮᠳᠠᠲᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠦᠨᠳᠦᠰᠦᠲᠡᠨ ᠨᠦᠭᠦᠳ ᠤᠨ ᠣᠯᠠᠨ ᠲᠦᠮᠡᠨ ᠤ | ᠮᠡᠳᠡᠷᠡᠮᠵᠢ ᠶᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃ ᠦᠨᠳᠦᠰᠦᠲᠡᠨ ᠤ ᠲᠤᠬᠠᠢ ᠨᠠᠮ ᠤᠨ ᠲᠥᠷᠥ ᠶᠢᠨ | ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ | ᠳᠥᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠥᠷᠨᠢᠭᠦᠯᠦᠨ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠵᠢᠷᠦᠬᠡᠨ ᠳᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠭᠦᠨᠵᠡᠭᠡᠢ ᠬᠠᠳᠠᠩᠰᠢᠭᠤᠯᠤᠨ᠎ᠠ᠃ ᠣᠷᠴᠤᠨ ᠤ ᠥᠪᠡᠷᠲᠡᠭᠡᠨ | ᠵᠠᠰᠠᠬᠤ ᠬᠤᠰᠢᠭᠤ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠠᠵᠢᠯᠯᠠᠭ᠎ᠠ ᠶᠢ ᠰᠠᠶᠢᠲᠤᠷ ᠡᠷᠬᠢᠯᠡᠨ᠎ᠡ᠃ | ᠬᠢᠯᠢ ᠬᠢᠵᠠᠭᠠᠷ ᠣᠷᠣᠨ ᠢᠶᠠᠨ ᠬᠥᠭᠵᠢᠭᠦᠯᠵᠦ ᠠᠷᠠᠳ ᠢᠶᠠᠨ ᠪᠠᠶᠠᠵᠢᠭᠤᠯᠬᠤ ᠠᠵᠢᠯᠯᠠᠭᠠᠨ ᠢ ᠠᠬᠢᠭᠤᠯᠵᠦ᠂ | ᠬᠤᠲᠠ ᠶᠢᠨ ᠦᠨᠳᠦᠰᠦᠲᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ ᠣᠨᠣᠯᠵᠢᠬᠤᠨ ᠢ ᠭᠦᠨᠵᠡᠭᠡᠢ ᠦᠢᠯᠡᠳᠦᠯᠭᠡᠵᠢᠭᠦᠯᠦᠨ᠂ ᠦᠨᠳᠦᠰᠦᠲᠡᠨ ᠨᠦᠭᠦᠳ ᠠᠨᠠᠷ ᠤᠨ ᠦᠷ᠎ᠡ | ᠰᠢᠭ ᠪᠠᠲᠤ ᠨᠢᠭᠲᠠᠷᠠᠨ ᠪᠥᠯᠬᠦᠮᠳᠡᠬᠦ ᠶᠢ ᠠᠬᠢᠭᠤᠯᠵᠦ᠂ ᠡᠬᠡ ᠤᠯᠤᠰ ᠤᠨ ᠬᠢᠯᠢ ᠬᠢᠵᠠᠭᠠᠷ ᠢᠶᠠᠨ ᠬᠠᠮᠲᠤ ᠪᠠᠷ ᠰᠠᠬᠢᠨ | ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠨ ᠪᠠᠶᠢᠭᠤᠯᠤᠨ᠎ᠠ᠃ | ᠲᠥᠯᠥᠭᠡᠯᠡᠭᠴᠢᠳ ᠡ︕ ᠰᠢᠨ᠎ᠡ ᠠᠶᠠᠨ ᠮᠠᠨᠢ ᠡᠬᠢᠯᠡᠪᠡ᠂ ᠰᠢᠭᠤᠷᠬᠠᠢ ᠠᠵᠢᠯᠯᠠᠪᠠᠰᠤ ᠠᠯᠤᠰ | ᠢᠷᠡᠭᠡᠳᠦᠢ ᠳᠡᠭᠡᠨ ᠠᠮᠵᠢᠯᠲᠠ ᠣᠯᠣᠨ᠎ᠠ᠃ ᠪᠢᠳᠡ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠪᠠᠲᠤ ᠨᠢᠭᠲᠠᠷᠠᠨ ᠪᠦᠯᠬᠦᠮᠳᠡᠵᠦ᠂ ᠢᠷᠡᠭᠡᠳᠦᠢ ᠪᠠᠨ ᠴᠢᠭᠯᠡᠵᠦ ᠦᠷᠭᠦᠯᠵᠢᠯᠡᠨ | ᠴᠢᠷᠮᠠᠶᠢᠵᠦ ᠠᠵᠢᠯᠯᠠᠨ᠂ ︽ᠠᠷᠪᠠᠨ ᠲᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠪᠡᠶᠡᠯᠡᠭᠦᠯᠬᠦ | ᠠᠵᠢᠯ ᠢᠶᠠᠨ ᠤᠷᠤᠬᠰᠢᠲᠠᠢ ᠡᠬᠢᠯᠡᠭᠦᠯᠵᠦ᠂ ᠭᠢᠯᠠᠯᠵᠠᠭᠰᠠᠨ ᠠᠮᠵᠢᠯᠲᠠ ᠪᠠᠷ ᠢᠶᠠᠨ ᠳᠤᠮᠳᠠᠲᠤ ᠤᠯᠤᠰ ᠤᠨ ᠡᠪ ᠬᠠᠮᠲᠤ | ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠨ᠂ ᠴᠦᠬᠦᠷᠡᠰᠢ ᠦᠭᠡᠢ ᠤᠷᠤᠬᠰᠢᠯᠠᠵᠦ᠂ ᠦᠪᠦᠷ | ᠮᠤᠩᠭᠤᠯ ᠤᠨ ᠬᠦᠭᠵᠢᠯᠲᠡ ᠶᠢᠨ ᠰᠢᠨ᠎ᠡ ᠬᠠᠭᠤᠳᠠᠰᠦ ᠪᠠᠨ ᠴᠢᠷᠮᠠᠶᠢᠨ ᠪᠢᠴᠢᠭᠯᠡᠶ᠎ᠡ︕ | |