ᠲᠡᠵᠢᠭᠡᠨ ᠦᠷᠡᠵᠢᠭᠦᠯᠬᠦ ᠮᠡᠷᠭᠡᠵᠢᠯ ᠢᠶᠠᠷ ᠰᠢᠨᠵᠢᠯᠡᠬᠦ ᠤᠬᠠᠭᠠᠨᠴᠢ ᠬᠥᠭᠵᠢᠯᠲᠡ ᠶᠢ  ᠵᠢᠯᠤᠭᠤᠳᠤᠨ ᠠᠬᠢᠭᠤᠯᠤᠨ᠎ᠠ
ᠨᠡᠶᠢᠲᠡᠯᠡᠭᠰᠡᠨ ᠴᠠᠭ᠄
2021/2/5
     ᠰᠥᠨᠢᠳ ᠬᠤᠨᠢᠨ ᠤ ᠲᠡᠵᠢᠭᠡᠨ ᠦᠷᠡᠵᠢᠭᠦᠯᠬᠦ ᠠᠵᠤ ᠦᠢᠯᠡᠰ ᠢ ᠨᠡᠩ ᠰᠠᠶᠢᠨ‌‍ᠬᠦ᠋ᠭᠵᠢᠬᠦᠯᠵᠦ᠂ ᠮᠠᠯᠴᠢᠨ  ᠠᠷᠠᠳ ᠢ ᠣᠳᠣᠬᠢᠴᠢᠯᠠᠭᠰᠠᠨ ᠮᠠᠯ ᠠᠵᠤ ᠠᠬᠤᠢ ᠶᠢᠨ ᠵᠠᠮ ᠢᠶᠠᠷ  ᠲᠠᠶᠢᠴᠢᠯᠠᠨ ᠲᠠᠭᠠᠭᠤᠯᠬᠤ ᠶᠢᠨ ᠲᠤᠯᠠᠳᠠ᠂  ᠤᠶᠢᠷ᠎ᠠ ᠶᠢᠨ ᠡᠳᠦᠷ᠂ ᠡᠷᠢᠶᠡᠨᠨᠠᠭᠤᠷ ᠰᠤᠮᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠠᠯ ᠡᠮᠨᠡᠯᠭᠡ ᠶᠢᠨ ᠰᠤᠳᠤᠯᠬᠤ ᠭᠠᠵᠠᠷ ᠤᠨ ᠳᠡᠳ᠋ ᠰᠤᠳᠤᠯᠤᠭᠴᠢ᠂ ᠡᠮᠴᠢᠯᠡᠭᠡᠨ ᠤ ᠮᠠᠯ ᠡᠮᠨᠡᠯᠭᠡ ᠶᠢᠨ ᠤᠬᠠᠭᠠᠨ ᠤ ᠳ᠋ᠣᠺᠲ᠋ᠣᠷ᠂ ᠡᠩ ᠤᠨ ᠡᠪᠡᠳᠴᠢᠨ ᠰᠤᠳᠤᠯᠬᠤ ᠲᠠᠰᠤᠭ ᠤᠨ ᠡᠷᠬᠢᠯᠡᠭᠴᠢ ᠶᠠᠩ ᠪᠢᠨ᠂   ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠮᠢᠲᠠᠨ ᠤ ᠰᠢᠨᠵᠢᠯᠡᠬᠦ ᠤᠬᠠᠭᠠᠨ ᠤ ᠳᠡᠭᠡᠲᠦ ᠰᠤᠷᠭᠠᠭᠤᠯᠢ ᠶᠢᠨ ᠠᠮᠢᠲᠠᠨ ᠤ ᠰᠢᠮ᠎ᠡ ᠲᠡᠵᠢᠭᠡᠯ ᠬᠢᠭᠡᠳ ᠲᠡᠵᠢᠭᠡᠯ ᠪᠣᠷᠳᠣᠭᠠᠨ ᠤ ᠰᠢᠨᠵᠢᠯᠡᠬᠦ ᠤᠬᠠᠭᠠᠨ ᠤ ᠳ᠋ᠣᠺᠲ᠋ᠣᠷ᠂ ᠠᠰᠫᠢᠷᠠᠨᠲ ᠤᠨ ᠵᠢᠯᠣᠭᠤᠳᠤᠭᠴᠢ ᠪᠠᠭᠰᠢ ᠰᠠᠷᠠᠨ᠎ᠠ  ᠨᠠᠷ ᠢ ᠤᠷᠢᠨ ᠵᠠᠯᠠᠵᠦ  ᠬᠤᠨᠢ ᠮᠠᠯᠵᠢᠬᠤ ᠲᠤᠬᠠᠢ ᠬᠢᠴᠢᠶᠡᠯ ᠲᠠᠶᠢᠯᠤᠮᠵᠢ ᠬᠢᠯᠭᠡᠪᠡ᠃
         ᠰᠥᠨᠢᠳ ᠬᠤᠨᠢ ᠲᠡᠵᠢᠭᠡᠨ ᠦᠷᠡᠵᠢᠭᠦᠯᠬᠦ  ᠰᠠᠭᠤᠷᠢᠨ ᠭᠠᠵᠠᠷ ᠲᠤ᠂ ᠲᠤᠰᠬᠠᠢ ᠮᠡᠷᠭᠡᠵᠢᠯᠲᠡᠨ  ᠨᠠᠷ ᠰᠠᠭᠤᠷᠢᠨ ᠭᠠᠵᠠᠷ ᠤᠨ ᠢᠵᠢ ᠪᠦᠷᠢᠨ ᠰᠠᠭᠤᠷᠢ ᠪᠦᠲᠦᠭᠡᠨ ᠪᠠᠶᠢᠭᠤᠯᠤᠯᠲᠠ᠂ ᠲᠡᠵᠢᠭᠡᠯ ᠡᠪᠡᠰᠦᠨ ᠤ ᠲᠥᠷᠥᠯ ᠵᠦᠢᠯ ᠂ ᠲᠡᠵᠢᠭᠡᠨ ᠦᠷᠡᠵᠢᠭᠦᠯᠬᠦ  ᠠᠷᠭ᠎ᠠ ᠬᠡᠮᠵᠢᠶ᠎ᠡ ᠵᠡᠷᠭᠡ ᠶᠢ ᠨᠠᠷᠢᠨ ᠣᠶᠢᠯᠠᠭᠠᠭᠰᠠᠨ ᠰᠠᠭᠤᠷᠢᠨ ᠲᠡᠭᠡᠷ᠎ᠡ᠂ ᠮᠠᠯᠵᠢᠬᠤ ᠦᠢᠯᠡᠳᠪᠦᠷᠢᠯᠡᠯ ᠤᠨ ᠲᠤᠮᠳᠠ ᠲᠤᠯᠭᠠᠷᠠᠭᠰᠠᠨ ᠠᠰᠠᠭᠤᠳᠠᠯ ᠪᠣᠯᠤᠨ ᠬᠦᠴᠢᠷᠳᠡᠯ ᠢ ᠠᠰᠠᠭᠤᠨ᠂ ᠡᠪᠡᠳᠴᠢᠨ ᠡᠮᠭᠡᠭ ᠢ ᠰᠡᠷᠭᠡᠢᠯᠡᠨ ᠬᠤᠷᠢᠭᠯᠠᠬᠤ᠂ ᠲᠡᠵᠢᠭᠡᠨ ᠠᠷᠠᠴᠢᠯᠠᠬᠤ  ᠬᠠᠮᠢᠶᠠᠷᠤᠯᠳᠠ᠂ ᠲᠡᠵᠢᠭᠡᠯ ᠪᠣᠷᠳᠣᠭᠠᠨ ᠤ ᠨᠠᠶᠢᠷᠠᠭᠤᠯᠭ᠎ᠠ᠂ ᠰᠢᠮ᠎ᠡ ᠲᠡᠵᠢᠭᠡᠯ ᠤᠨ ᠲᠤᠬᠢᠷᠠᠭᠤᠯᠤᠯᠳᠠ ᠵᠡᠷᠭᠡ ᠲᠠᠯ᠎ᠠ ᠳᠤ ᠪᠤᠳᠠᠳᠠᠢ ᠰᠠᠨᠠᠭᠤᠯᠭ᠎ᠠ ᠦᠭᠴᠦ ᠵᠢᠯᠤᠭᠤᠳᠤᠨ᠂ ᠮᠡᠷᠭᠡᠵᠢᠯ ᠮᠡᠳᠡᠯᠭᠡ ᠤᠯᠠᠮᠵᠢᠯᠠᠭᠰᠠᠨ ᠪᠠᠶᠢᠨ᠎ᠠ᠃      
           ᠮᠡᠷᠭᠡᠵᠢᠯᠲᠡᠨ  ᠨᠠᠷ  ᠠᠬᠤᠢ ᠲᠠᠯᠠᠪᠠᠢ ᠳᠤ ᠵᠠᠭᠪᠤᠷ ᠴᠤᠭᠯᠠᠭᠤᠯᠤᠨ᠂  ᠮᠠᠯ ᠤᠨ ᠰᠢᠩᠭᠡᠭᠡᠯᠳᠡ᠂ ᠰᠢᠮ᠎ᠡ ᠲᠡᠵᠢᠬᠡᠯ ᠤᠨ ᠪᠦᠷᠢᠯᠳᠦᠬᠦᠨ  ᠵᠡᠷᠭᠡ ᠳᠤ ᠰᠢᠨᠵᠢᠯᠡᠬᠦ ᠤᠬᠠᠭᠠᠨᠴᠢ ᠪᠠᠶᠢᠴᠠᠭᠠᠯᠳᠠ ᠬᠢᠵᠦ᠂ ᠤᠯᠠᠮᠵᠢᠯᠠᠯᠲᠤ ᠲᠡᠵᠢᠭᠡᠬᠦ  ᠦᠷᠡᠵᠢᠭᠦᠯᠬᠦ ᠠᠷᠭ᠎ᠠ ᠶᠢ ᠬᠤᠪᠢᠷᠠᠭᠤᠯᠬᠤ᠂  ᠮᠠᠯ ᠲᠡᠵᠢᠭᠡᠪᠦᠷᠢ ᠶᠢᠨ ᠥᠪᠡᠷ ᠤᠨ ᠥᠷᠲᠡᠭ ᠢ ᠪᠠᠭᠤᠷᠠᠭᠤᠯᠬᠤ᠂ ᠲᠡᠵᠢᠭᠡᠨ ᠦᠷᠡᠵᠢᠭᠦᠯᠬᠦ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ  ᠲᠠᠶᠢᠯᠤᠮᠵᠢ  ᠬᠢᠵᠠᠢ᠃
     ᠡᠨᠡ  ᠤᠳᠠᠭᠠᠨ ᠤ ᠵᠢᠭᠠᠨ ᠵᠢᠯᠤᠭᠤᠳᠤᠯᠭ᠎ᠠ ᠪᠠᠷ ᠳᠠᠮᠵᠢᠨ᠂  ᠡᠷᠢᠶᠡᠨᠨᠠᠭᠤᠷ ᠰᠤᠮᠤ ᠨᠢ ᠪᠣᠬᠢᠷᠲᠤᠯ ᠦᠭᠡᠢ ᠰᠢᠨᠵᠢᠯᠡᠬᠦ ᠤᠬᠠᠭᠠᠨᠴᠢ ᠬᠥᠭᠵᠢᠯᠲᠡ ᠪᠠ ᠪᠣᠳᠠᠲᠤ  ᠪᠠᠶᠢᠳᠠᠯ ᠲᠠᠢ ᠪᠠᠨ ᠤᠶᠠᠯᠳᠤᠭᠤᠯᠤᠨ ᠬᠥᠭᠵᠢᠯᠲᠡ ᠶᠢᠨ ᠲᠣᠭᠲᠠᠴᠠ ᠪᠠᠨ ᠲᠡᠭᠦᠯᠳᠡᠷᠵᠢᠭᠦᠯᠵᠦ᠂ ᠲᠡᠵᠢᠭᠡᠨ ᠦᠷᠡᠵᠢᠭᠦᠯᠬᠦ ᠮᠡᠷᠭᠡᠵᠢᠯ ᠤᠨ ᠬᠢᠷᠢ  ᠲᠥᠪᠰᠢᠨ᠂ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ‌‍ᠢᠶ᠋ᠠᠨ ᠳᠡᠭᠡᠭᠰᠢᠯᠡᠭᠦᠯᠦᠨ᠂ ᠪᠠᠷᠢᠮᠵᠢᠶᠠᠵᠢᠭᠰᠠᠨ᠂ ᠰᠢᠨᠵᠢᠯᠡᠬᠦ ᠤᠬᠠᠭᠠᠨᠴᠢ ᠲᠡᠵᠢᠭᠡᠨ ᠦᠷᠡᠵᠢᠭᠦᠯᠬᠦ ᠵᠠᠭᠪᠤᠷ ᠢ  ᠪᠠᠶᠢᠭᠤᠯᠵᠤ᠂ᠠᠵᠤ ᠦᠢᠯᠡᠰ ᠤᠨ ᠪᠤᠵᠠᠭᠠᠶᠢᠷᠠᠬᠤ ᠳᠤ ᠰᠠᠶᠢᠨ ᠰᠠᠭᠤᠷᠢ ᠶᠢ ᠲᠠᠯᠪᠢᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号