ᠰᠠᠶᠢᠬᠠᠨᠲᠠᠯ᠎ᠠ ᠪᠠᠯᠭᠠᠰᠤᠨ ᠳᠤᠳᠤᠷ᠎ᠠ ᠠᠶᠠᠯᠠᠬᠤ ᠨᠡᠶᠢᠲᠡ ᠶᠢᠨ ᠮᠠᠰᠢᠨ ᠲᠡᠷᠭᠡ ᠵᠢᠴᠢ ᠰᠠᠶᠢᠬᠠᠨᠲᠠᠯ᠎ᠠ ᠪᠠᠯᠭᠠᠰᠤ | ᠪᠣᠯᠣᠨ ᠵᠢᠷᠦᠬᠡ ᠪᠠᠯᠭᠠᠰᠤᠨ ᠤ ᠬᠤᠭᠤᠷᠤᠨᠲᠤ ᠠᠶᠠᠯᠠᠬᠤ ᠨᠡᠶᠢᠲᠡ ᠶᠢᠨ ᠮᠠᠰᠢᠨ ᠲᠡᠷᠭᠡ 2 ᠰᠠᠷ᠎ᠠ ᠶᠢᠨ7 ᠤ ᠡᠳᠦᠷ ᠂ | ᠵᠢᠩᠬᠢᠨᠢ ᠪᠠᠷ ᠦᠢᠯᠡᠴᠢᠯᠡᠵᠦ ᠡᠬᠢᠯᠡᠨ᠂ ᠠᠷᠠᠳ ᠤᠯᠠᠨ ᠳᠤ ᠳᠥᠭᠦᠮ ᠦᠵᠡᠬᠦᠯᠵᠦ ᠪᠠᠶᠢᠨ᠎ᠠ᠃ | ᠤᠶᠢᠯᠠᠭᠠᠭᠰᠠᠨ ᠢᠶᠠᠷ᠂ ᠬᠤᠳᠠ ᠬᠦᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠦᠢᠯᠡᠰ ᠤᠨ ᠨᠢᠭᠡ ᠳᠤ | ᠴᠤᠭᠴᠠᠵᠢᠭᠤᠯᠤᠭᠰᠠᠨ ᠬᠦᠭᠵᠢᠯᠲᠡ ᠶᠢ ᠠᠬᠢᠭᠤᠯᠬᠤ ᠪᠠᠷ᠂ ᠮᠠᠨ ᠤ ᠬᠤᠰᠢᠭᠤ ᠡᠨᠡ ᠵᠢᠯ ᠠᠴᠠ ᠨᠡᠶᠢᠲᠡ ᠶᠢᠨ ᠮᠠᠰᠢᠨ | ᠲᠡᠷᠭᠡ ᠶᠢ ᠠᠰᠢᠭᠯᠠᠯᠲᠠ ᠳᠤ ᠤᠷᠤᠭᠤᠯᠵᠤ᠂ ᠶᠤᠸᠠᠨ ᠹᠧᠩ ᠨᠡᠶᠢᠲᠡ ᠶᠢᠨ ᠮᠠᠰᠢᠨ ᠲᠡᠷᠭᠡᠨ ᠤ ᠦᠢᠯᠡᠴᠢᠯᠡᠬᠡᠨ ᠤ | ᠬᠢᠵᠠᠭᠠᠷᠲᠤ ᠺᠤᠮᠫᠠᠨᠢ ᠠᠴᠠ ᠬᠠᠮᠢᠶᠠᠷᠤᠨ᠂ ᠠᠨ ᠱᠦᠨ ᠲᠡᠭᠡᠭᠡᠪᠦᠷᠢ ᠶᠢᠨ ᠬᠢᠵᠠᠭᠠᠷᠲᠤ ᠺᠤᠮᠫᠠᠨᠢ ᠠᠴᠠ ᠪᠤᠳᠠᠳᠠᠢ | ᠦᠢᠯᠡᠴᠢᠯᠡᠭᠡ ᠬᠠᠩᠭᠠᠨ᠂ ᠬᠠᠷᠢᠯᠴᠠᠨ ᠨᠥᠬᠦᠪᠦᠷᠢᠯᠡᠵᠦ ᠬᠠᠮ ᠬᠦᠭᠵᠢᠯᠲᠡ ᠶᠢ ᠠᠬᠢᠭᠤᠯᠵᠤ ᠪᠠᠶᠢᠨ᠎ᠠ᠃ | ᠨᠡᠶᠢᠲᠡ ᠶᠢᠨ ᠮᠠᠰᠢᠨ ᠲᠡᠷᠭᠡᠨ ᠤ ᠪᠢᠯᠧᠲ ᠤᠨ ᠦᠨ᠎ᠡ ᠬᠡᠳᠦᠢ︖ ᠬᠡᠳᠦᠨ ᠴᠠᠭ ᠠᠴᠠ ᠬᠡᠳᠦᠨ ᠴᠠᠭ ᠤᠨ | ᠬᠤᠭᠤᠷᠤᠨᠲᠤ ᠠᠵᠢᠯᠯᠠᠳᠠᠭ ᠪᠤᠢ︖ ᠬᠠᠮᠢᠭ᠎ᠠ ᠬᠠᠮᠢᠭᠠᠭᠤᠷ ᠶᠠᠪᠤᠬᠤ ᠪᠤᠢ︖ ᠴᠠᠭᠠᠨ ᠰᠠᠷ᠎ᠠ ᠶᠢᠨ ᠬᠤᠭᠤᠴᠠᠭᠠᠨ | ᠳᠤ ᠦᠢᠯᠡᠴᠢᠯᠡᠬᠦ ᠤᠤ︖ ᠨᠡᠶᠢᠲᠡ ᠶᠢᠨ ᠮᠠᠰᠢᠨ ᠤ ᠺᠠᠷᠲ ᠬᠤᠳᠠᠯᠳᠤᠬᠤ ᠤᠤ︖ ᠨᠠᠷᠢᠨ ᠪᠠᠶᠢᠳᠠᠯ ᠨᠢ ᠳᠤᠤᠷᠠᠬᠢ | ᠮᠡᠲᠦ᠄ | 1. ᠰᠠᠶᠢᠬᠠᠨᠲᠠᠯ᠎ᠠ ᠪᠠᠯᠭᠠᠰᠤᠨ ᠳᠤᠳᠤᠷ᠎ᠠ ᠠᠶᠠᠯᠠᠬᠤ ᠨᠡᠶᠢᠲᠡ ᠶᠢᠨ ᠮᠠᠰᠢᠨ ᠲᠡᠷᠬᠡᠨ ᠤ ᠪᠢᠯᠧᠲ ᠤᠨ ᠦᠨ᠎ᠡ | ᠬᠦᠮᠦᠨ ᠪᠦᠷᠢ 1 ᠲᠦᠭᠦᠷᠢᠭ᠂ ᠰᠠᠶᠢᠬᠠᠨᠲᠠᠯ᠎ᠠ ᠠᠴᠠ ᠵᠢᠷᠦᠬᠡ ᠬᠦᠷᠬᠦ ᠨᠡᠶᠢᠲᠡ ᠶᠢᠨ ᠮᠠᠰᠢᠨ ᠲᠡᠷᠭᠡᠨ ᠤ ᠦᠨ᠎ᠡ ᠶᠢ | ᠲᠦᠷ ᠴᠠᠭ ᠰᠠᠭᠤᠳᠠᠯ ᠪᠦᠷᠢ ᠶᠢᠨ 10 ᠲᠥᠭᠦᠷᠢᠭ ᠢᠶᠠᠷ ᠲᠤᠭᠳᠠᠵᠠᠢ᠃ | 2. ᠵᠢᠯᠤᠭᠤᠴᠢ ᠠᠵᠢᠯᠳᠠᠨ ᠠᠯᠪᠠᠨ ᠳᠤ ᠪᠠᠨ ᠭᠠᠷᠬᠤ ᠳᠤ ᠵᠠᠪᠠᠯ ᠠᠮᠠᠪᠴᠢ ᠵᠡᠭᠦᠵᠦ᠂ ᠲᠤᠭᠲᠠᠮᠠᠯ ᠴᠠᠭ ᠲᠠᠢ | ᠴᠤᠩᠬᠤ ᠨᠡᠭᠡᠭᠡᠨ ᠰᠠᠯᠬᠢ ᠨᠡᠪᠳᠡᠷᠡᠭᠦᠯᠦᠨ᠂ ᠨᠡᠶᠢᠲᠡ ᠶᠢᠨ ᠮᠠᠰᠢᠨ ᠢ ᠱᠠᠭᠠᠷᠳᠠᠯᠭ᠎ᠠ ᠶᠤᠰᠤᠭᠠᠷ ᠲᠤᠶᠢᠯᠪᠤᠷᠢᠲᠠᠢ | ᠠᠷᠢᠭᠤᠳᠬᠠᠬᠤ ᠴᠢᠬᠤᠯᠠᠲᠠᠢ᠃ ᠲᠡᠷᠭᠡᠨ ᠳᠤ ᠰᠠᠭᠤᠬᠤ ᠠᠶᠠᠨᠴᠢᠳ ᠢ ᠠᠮᠠᠪᠴᠢ ᠵᠡᠭᠦᠬᠦ ᠶᠢ ᠱᠠᠭᠠᠷᠳᠠᠨ᠂ ᠭᠠᠷ | ᠤᠳᠠᠰᠤ ᠪᠠᠷ ᠲᠡᠷᠭᠡᠨ ᠪᠢᠯᠧᠲ ᠬᠤᠳᠠᠯᠳᠤᠨ ᠠᠪᠬᠤ ᠶᠢ ᠰᠠᠨᠠᠭᠠᠴᠢᠯᠠᠵᠤ ᠪᠠᠶᠢᠨ᠎ᠠ᠃ | 3. ᠰᠠᠶᠢᠬᠠᠨᠲᠠᠯ᠎ᠠ ᠪᠠᠯᠭᠠᠰᠤᠨ ᠳᠤᠳᠤᠷ᠎ᠠ ᠨᠢᠭᠡ ᠵᠠᠮ ᠱᠣᠭᠤᠮ ᠲᠤᠬᠢᠷᠠᠭᠤᠯᠵᠤ᠂ ᠪᠣᠬᠢᠷᠳᠤᠯ ᠦᠭᠡᠢ᠂ | ᠲᠠᠭᠤ ᠱᠤᠤᠬᠢᠶᠠᠨ ᠪᠠᠭ᠎ᠠ ᠲᠠᠢ᠂ 6 ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠬᠠᠮᠳᠤ ᠡᠭᠡᠯᠵᠢᠯᠡᠨ ᠳᠠᠪᠬᠢᠨ᠎ᠠ᠃ | ᠲᠡᠷᠭᠡ ᠬᠦᠯᠢᠶᠡᠬᠦ ᠡᠯ᠎ᠡ ᠴᠢᠭ᠄ ᠮᠠᠰᠢᠨ ᠲᠡᠷᠭᠡᠨ ᠤ ᠦᠷᠳᠡᠭᠡ - ᠵᠠᠰᠠᠭ ᠤᠨ ᠶᠠᠪᠤᠳᠠᠯ ᠤᠨ ᠲᠦᠪ - | ᠲᠠᠮᠠᠬᠢᠨ ᠤ ᠺᠣᠮᠫᠠᠨᠢ - ᠮᠤᠩᠭᠤᠯ ᠲᠤᠮᠳᠠᠳᠤ ᠰᠤᠷᠭᠠᠭᠤᠯᠢ - ᠬᠠᠭᠤᠴᠢᠨ ᠤᠢ ᠰᠢᠭᠤᠢ ᠶᠢᠨ ᠲᠤᠳᠤᠭᠠᠲᠤ ᠶᠢ | ᠬᠠᠮᠠᠭᠠᠯᠠᠬᠤ ᠲᠤᠪᠴᠢᠶᠠᠨ ᠤ ᠰᠠᠭᠤᠭᠠᠯᠢ ᠲᠤᠭᠤᠷᠢᠭ - ᠪᠠᠶᠠᠨ ᠰᠠᠭᠤᠭᠠᠯᠢ ᠲᠤᠭᠤᠷᠢᠭ ᠤᠨ ᠪᠠᠷᠠᠭᠤᠨ | ᠲᠤᠭᠤᠷᠢᠭ ᠤᠨ ᠵᠡᠬᠦᠨ ᠡᠭᠦᠳᠡ - ᠪᠠᠶᠠᠨ ᠰᠠᠭᠤᠭᠠᠯᠢ ᠲᠤᠭᠤᠷᠢᠭ ᠤᠨ ᠵᠡᠭᠦᠨ ᠲᠤᠭᠤᠷᠢᠭ ᠤᠨ ᠡᠮᠦᠨ᠎ᠡ ᠡᠭᠦᠳᠡ - | ᠡᠮᠦᠨ᠎ᠡ ᠡᠷᠲᠡ ᠶᠢᠨ ᠵᠠᠬ᠎ᠠ - ᠸᠧᠨ ᠰᠢᠨ ᠶᠤᠸᠠᠨ - ᠵᠢᠷᠭᠠᠯ ᠬᠦᠷᠢᠶᠡᠯᠡᠩ - ᠶᠠ ᠵᠢᠦᠢ ᠶᠤᠸᠠᠨ - ᠵᠢᠶᠠ ᠲᠠᠢ | ᠶᠤᠸᠠᠨ ᠰᠠᠭᠤᠭᠠᠯᠢ ᠲᠤᠭᠤᠷᠢᠭ - ᠮᠠᠯᠴᠢᠨ ᠵᠡᠭᠡᠯᠢ ᠶᠢᠨ ᠪᠠᠷᠠᠭᠤᠨ ᠡᠭᠦᠳᠡ - ᠬᠤᠩ ᠵᠧᠩ ᠶᠢ ᠫᠢᠨ ᠰᠠᠭᠤᠭᠠᠯᠢ | ᠲᠤᠭᠤᠷᠢᠭ - ᠦᠢᠯᠡᠳᠪᠦᠷᠢ ᠬᠤᠳᠠᠯᠳᠤᠭᠠᠨ ᠤ ᠪᠠᠩᠬᠢ - ᠭᠠᠯ ᠲᠡᠷᠭᠡᠨ ᠥᠷᠲᠡᠭᠡ - ᠬᠤᠶᠠᠳᠤᠭᠠᠷ ᠪᠠᠭ᠎ᠠ | ᠰᠤᠷᠭᠠᠭᠤᠯᠢ - ᠬᠤᠶᠠᠳᠤᠭᠠᠷ ᠲᠤᠮᠳᠠᠳᠤ ᠰᠤᠷᠭᠠᠭᠤᠯᠢ - ᠮᠠ ᠯᠠᠨ ᠰᠠᠭᠤᠭᠠᠯᠢ ᠲᠤᠭᠤᠷᠢᠭ ᠤᠨ ᠡᠮᠦᠨ᠎ᠡ ᠡᠭᠦᠳᠡ - | ᠵᠢᠷᠭᠠᠯᠠᠩ ᠶᠡᠷᠦᠩᠬᠡᠶᠢᠯᠡᠭᠰᠡᠨ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ - ᠡᠬᠡ ᠨᠢᠯᠬᠠᠰ ᠤᠨ | ᠡᠷᠡᠭᠦᠯᠵᠢᠯ ᠤᠨ ᠲᠦᠪ - ᠹᠦ᠋ ᠬᠤᠸᠠ ᠰᠠᠭᠤᠭᠠᠯᠢ ᠲᠤᠭᠤᠷᠢᠭ - ᠮᠠᠰᠢᠨ ᠲᠡᠷᠭᠡᠨ ᠤ ᠦᠷᠳᠡᠭᠡ | ᠰᠠᠶᠢᠬᠠᠨᠲᠠᠯ᠎ᠠ ᠪᠠᠯᠭᠠᠰᠤ ᠪᠣᠯᠣᠨ ᠵᠢᠷᠦᠬᠡ ᠪᠠᠯᠭᠠᠰᠤᠨ ᠤ ᠬᠤᠭᠤᠷᠤᠨᠲᠤ 2 ᠴᠠᠬᠢᠯᠭᠠᠨ ᠬᠥᠳᠡᠯᠭᠡᠭᠦᠷᠲᠦ ᠮᠠᠰᠢᠨ | ᠲᠡᠷᠭᠡ ᠡᠭᠡᠯᠵᠢᠯᠡᠨ ᠳᠠᠪᠬᠢᠨ᠎ᠠ᠃ | ᠲᠡᠷᠭᠡ ᠬᠦᠯᠢᠶᠡᠬᠦ ᠡᠯ᠎ᠡ ᠴᠢᠭ᠄ ᠮᠠᠰᠢᠨ ᠲᠡᠷᠭᠡᠨ ᠤ ᠥᠷᠲᠡᠭᠡ - ᠹᠦ᠋ ᠬᠤᠸᠠ ᠰᠠᠭᠤᠭᠠᠯᠢ ᠲᠤᠭᠤᠷᠢᠭ - | ᠱᠦᠨ ᠳ᠋ᠧ ᠯᠠᠢ ᠮᠠᠯ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ - ᠰᠦᠨᠢᠳ ᠪᠠᠭᠤᠳᠠᠯ - ᠦᠢᠯᠡᠳᠪᠦᠷᠢ | ᠬᠤᠳᠠᠯᠳᠤᠭᠠᠨ ᠤ ᠪᠠᠩᠬᠢ - ᠢᠳᠡᠰᠢᠨ ᠨᠤᠭᠤᠭᠠᠨ ᠤ ᠵᠠᠬ᠎ᠠ ᠳᠡᠯᠭᠡᠭᠦᠷ ᠤᠨ ᠵᠠᠮ ᠤᠨ ᠠᠭᠤᠯᠵᠠᠷ - ᠬᠤᠶᠠᠳᠤᠭᠠᠷ | ᠪᠠᠭ᠎ᠠ ᠰᠤᠷᠭᠠᠭᠤᠯᠢ - ᠬᠤᠶᠠᠳᠤᠭᠠᠷ ᠲᠤᠮᠳᠠᠳᠤ ᠰᠤᠷᠭᠠᠭᠤᠯᠢ - ᠬᠤᠵᠢᠷ ᠤᠨ ᠠᠭᠤᠷᠬᠠᠢ ᠶᠢᠨ ᠰᠠᠭᠤᠭᠠᠯᠢ | ᠲᠤᠭᠤᠷᠢᠭ - ᠵᠢᠷᠦᠬᠡ ᠪᠠᠯᠭᠠᠰᠤᠨ ᠤ ᠵᠠᠰᠠᠭ ᠤᠨ ᠤᠷᠳᠤᠨ - ᠵᠢᠷᠦᠬᠡ ᠭᠠᠯ ᠲᠡᠷᠭᠡᠨ ᠥᠷᠲᠡᠭᠡ - ᠵᠢᠷᠦᠬᠡ ᠪᠠᠭ᠎ᠠ | ᠰᠤᠷᠭᠠᠭᠤᠯᠢ | 4. ᠪᠠᠯᠭᠠᠰᠤᠨ ᠤ ᠳᠤᠳᠤᠷᠠᠬᠢ ᠨᠡᠶᠢᠲᠡ ᠶᠢᠨ ᠮᠠᠰᠢᠨ ᠤ ᠠᠵᠢᠯᠯᠠᠬᠤ ᠴᠠᠭ᠄ | ᠦᠳᠡ ᠶᠢᠨ ᠡᠮᠦᠨ᠎ᠡ 7᠄ 30 — 12᠄ 00 ︵ᠰᠡᠭᠦᠯᠴᠢ ᠶᠢᠨ ᠡᠭᠡᠯᠵᠢ︶ | ᠦᠳᠡ ᠶᠢᠨ ᠬᠤᠶᠢᠨ᠎ᠠ 14᠄ 00 — 18᠄ 00︵ᠰᠡᠭᠦᠯᠴᠢ ᠶᠢᠨ ᠡᠭᠡᠯᠵᠢ︶ | ᠰᠠᠶᠢᠬᠠᠨᠲᠠᠯ᠎ᠠ ᠪᠠᠯᠭᠠᠰᠤᠨ ᠠᠴᠠ ᠵᠢᠷᠦᠬᠡ ᠪᠠᠯᠭᠠᠰᠤ ᠬᠦᠷᠬᠦ ᠨᠡᠶᠢᠲᠡ ᠶᠢᠨ ᠮᠠᠰᠢᠨ ᠲᠡᠷᠭᠡᠨ ᠤ ᠠᠵᠢᠯᠯᠠᠬᠤ ᠴᠠᠭ | ᠄ | ᠰᠠᠶᠢᠬᠠᠨᠲᠠᠯ᠎ᠠ ᠠᠴᠠ ᠦᠳᠡ ᠶᠢᠨ ᠡᠮᠦᠨ᠎ᠡ 7᠄ 00 ᠪᠠ 9᠄ 30 ᠲᠤ | ᠦᠳᠡ ᠶᠢᠨ ᠬᠤᠶᠢᠨ᠎ᠠ 13᠄ 30 ᠪᠠ 16᠄ 00 ᠲᠤ | ᠲᠤᠰ ᠪᠦᠷᠢ ᠨᠢᠭᠡ ᠡᠭᠡᠯᠵᠢ ᠲᠡᠷᠭᠡ ᠶᠠᠪᠤᠨ᠎ᠠ᠃ | ᠵᠢᠷᠦᠬᠡ ᠪᠠᠯᠭᠠᠰᠤᠨ ᠠᠴᠠ ᠦᠳᠡ ᠶᠢᠨ ᠡᠮᠦᠨ᠎ᠡ 8᠄ 30 ᠪᠠ 10᠄ 50 ᠲᠤ | ᠦᠳᠡ ᠶᠢᠨ ᠬᠤᠶᠢᠨ᠎ᠠ 14᠄ 50 ᠪᠠ 17᠄ 30 ᠲᠤ | ᠲᠤᠰ ᠪᠦᠷᠢ ᠨᠢᠬᠡ ᠡᠬᠡᠯᠵᠢ ᠲᠡᠷᠭᠡ ᠶᠠᠪᠤᠨ᠎ᠠ᠃ | 5.ᠨᠡᠶᠢᠲᠡ ᠶᠢᠨ ᠮᠠᠰᠢᠨ ᠲᠡᠷᠭᠡ ᠴᠠᠭᠠᠨ ᠰᠠᠷ᠎ᠠ ᠶᠢᠨ ᠬᠤᠭᠤᠴᠠᠭᠠᠨ ︵2 ᠰᠠᠷ᠎ᠠ ᠶᠢᠨ 11 ᠠᠴᠠ 2 | ᠰᠠᠷ᠎ᠠ ᠶᠢᠨ17 ᠪᠤᠯᠳᠠᠯ᠎ᠠ︶ ᠳᠤ ᠬᠡᠪ ᠤᠨ ᠶᠤᠰᠤᠭᠠᠷ ᠠᠵᠢᠯᠯᠠᠵᠤ᠂ ᠪᠠᠯᠭᠠᠰᠤᠨ ᠤ ᠳᠤᠳᠤᠷᠠᠬᠢ ᠨᠡᠶᠢᠲᠡ ᠶᠢᠨ | ᠮᠠᠰᠢᠨ ᠤ ᠠᠵᠢᠯᠯᠠᠬᠤ ᠴᠠᠭ ᠢ ᠦᠳᠡ ᠶᠢᠨ ᠡᠮᠦᠨ᠎ᠡ 9᠄ 00 — 11᠄ 00᠂ ᠦᠳᠡ ᠶᠢᠨ ᠬᠤᠶᠢᠨ᠎ᠠ 14᠄ | 30 — 16᠄ 30 ᠪᠠᠷ ᠲᠤᠬᠢᠷᠠᠭᠤᠯᠵᠤ᠂ ᠰᠠᠶᠢᠬᠠᠨᠲᠠᠯ᠎ᠠ ᠪᠠᠯᠭᠠᠰᠤᠨ ᠠᠴᠠ ᠵᠢᠷᠦᠬᠡ ᠪᠠᠯᠭᠠᠰᠤ ᠬᠦᠷᠬᠦ | ᠨᠡᠶᠢᠲᠡ ᠶᠢᠨ ᠮᠠᠰᠢᠨ ᠲᠡᠷᠭᠡᠨ ᠤ ᠠᠵᠢᠯᠯᠠᠬᠤ ᠴᠠᠭ ᠢ ᠰᠠᠶᠢᠬᠠᠨᠲᠠᠯ᠎ᠠ ᠠᠴᠠ ᠦᠳᠡ ᠶᠢᠨ ᠡᠮᠦᠨ᠎ᠡ 8᠄ 30᠂ | ᠦᠳᠡ ᠶᠢᠨ ᠬᠤᠶᠢᠨ᠎ᠠ 15᠄ 00 ᠲᠤ᠂ ᠵᠢᠷᠦᠭᠡ ᠪᠠᠯᠭᠠᠰᠤᠨ ᠠᠴᠠ ᠦᠳᠡ ᠶᠢᠨ ᠡᠮᠦᠨ᠎ᠡ 10᠄ 30 ᠂ | ᠦᠳᠡ ᠶᠢᠨ ᠬᠤᠶᠢᠨ᠎ᠠ 16᠄ 00 ᠲᠤ ᠲᠤᠰ ᠪᠦᠷᠢ ᠲᠡᠷᠭᠡ ᠬᠥᠳᠡᠯᠬᠦ ᠪᠠᠷ ᠲᠣᠬᠢᠷᠠᠭᠤᠯᠵᠠᠢ᠃ | 6᠂ ᠥᠷᠭᠡᠨ ᠤᠯᠠᠨ ᠲᠥᠮᠡᠨ ᠰᠠᠶᠢᠬᠠᠨᠲᠠᠯ᠎ᠠ ᠪᠠᠯᠭᠠᠰᠤᠨ ᠤ ᠮᠠᠰᠢᠨ ᠲᠡᠷᠭᠡᠨ ᠤ ᠥᠷᠲᠡᠭᠡᠨ ᠳᠤ ᠬᠦᠷᠴᠦ | ᠨᠡᠶᠢᠲᠡ ᠶᠢᠨ ᠮᠠᠰᠢᠨ ᠤ ᠺᠠᠷᠲ ᠠᠪᠴᠤ ᠪᠤᠯᠤᠨ᠎ᠠ᠃ ᠪᠠᠯᠭᠠᠰᠤᠨ ᠤ ᠲᠤᠳᠤᠷᠠᠬᠢ ᠨᠡᠶᠢᠲᠡ ᠶᠢᠨ ᠮᠠᠰᠢᠨ ᠲᠡᠷᠭᠡᠨ ᠤ | ᠺᠠᠷᠲ ᠢ 20 % ᠪᠠᠷ ᠬᠢᠮᠳᠠᠷᠠᠭᠤᠯᠤᠨ ᠬᠤᠳᠠᠯᠳᠤᠵᠤ᠂ ᠰᠤᠷᠤᠭᠴᠢ ᠶᠢᠨ ᠺᠠᠷᠲ ᠢ ᠬᠠᠭᠠᠰ ᠦᠨ᠎ᠡ ᠪᠠᠷ | ᠬᠤᠳᠠᠯᠳᠤᠵᠤ ᠪᠠᠶᠢᠨ᠎ᠠ᠃ 60 ᠨᠠᠰᠤᠨ ᠠᠴᠠ ᠲᠡᠭᠡᠭᠰᠢᠬᠢ ᠨᠠᠰᠤᠳᠠᠨ᠂ ᠴᠡᠷᠢᠭ᠂ ᠵᠡᠮᠳᠡᠭ ᠬᠦᠮᠦᠨ ᠬᠠᠮᠢᠶᠠᠲᠠᠢ | ᠭᠡᠷᠡᠴᠢ ᠦᠨᠡᠮᠯᠡᠯ ᠢᠶᠠᠨ ᠦᠵᠡᠭᠦᠯᠵᠦ ᠲᠡᠷᠭᠡᠨ ᠳᠤ ᠰᠠᠭᠤᠪᠠᠯ ᠰᠦᠢᠳᠬᠡᠯ ᠬᠤᠷᠢᠶᠠᠬᠤ ᠦᠬᠡᠢ᠃ ᠰᠠᠶᠢᠬᠠᠨᠲᠠᠯ᠎ᠠ | ᠪᠠᠯᠭᠠᠰᠤᠨ ᠠᠴᠠ ᠵᠢᠷᠦᠬᠡ ᠪᠠᠯᠭᠠᠰᠤ ᠬᠦᠷᠬᠦ ᠨᠡᠶᠢᠲᠡ ᠶᠢᠨ ᠮᠠᠰᠢᠨ ᠲᠡᠷᠭᠡᠨ ᠤ ᠺᠠᠷᠲ ᠢ 20 % ᠪᠠᠷ | ᠬᠢᠮᠳᠠᠷᠠᠭᠤᠯᠤᠨ ᠬᠤᠳᠠᠯᠳᠤᠵᠤ᠂ ᠵᠡᠮᠳᠡᠭ ᠬᠦᠮᠦᠨ᠂ ᠴᠡᠷᠢᠭ ᠪᠤᠯ ᠬᠠᠭᠠᠰ ᠦᠨ᠎ᠡ ᠪᠠᠷ ᠲᠡᠷᠭᠡᠨ ᠳᠤ ᠰᠠᠭᠤᠵᠤ | ᠪᠤᠯᠤᠨ᠎ᠠ᠃ ᠬᠠᠮᠢᠶᠠᠲᠠᠢ ᠲᠦᠷᠦ ᠶᠢᠨ ᠪᠤᠳᠤᠯᠭ᠎ᠠ ᠶᠢ 0479-7222809 ᠳᠤ ᠤᠳᠠᠰᠤᠳᠠᠵᠤ ᠯᠠᠪᠯᠠᠭᠠᠷᠠᠢ᠃ | | | | | | | | |