ᠬᠤᠰᠢᠭᠤ ᠨᠠᠮ ᠤᠨ ᠰᠤᠷᠭᠠᠭᠤᠯᠢ ᠶᠢᠨ ᠪᠠᠭᠰᠢᠨᠠᠷ ᠨᠠᠮ ᠤᠨ ᠲᠡᠦᠬᠡ ᠶᠢ ᠤᠬᠠᠭᠤᠯᠤᠨ ᠲᠠᠶᠢᠯᠪᠤᠷᠢᠯᠠᠬᠤ ᠠᠵᠢᠯ ᠳᠤ ᠬᠦᠢᠴᠡᠳ ᠪᠡᠯᠡᠳᠭᠡᠵᠦ ᠪᠠᠶᠢᠨ᠎ᠠ
ᠨᠡᠶᠢᠲᠡᠯᠡᠭᠰᠡᠨ ᠴᠠᠭ᠄
2021/3/23
    ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ  ᠶᠢᠨ ᠶᠡᠭᠡ ᠬᠤᠷᠠᠯ   ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠠ ᠤᠬᠠᠭᠤᠯᠤᠨ ᠲᠠᠶᠢᠯᠪᠤᠷᠢᠯᠠᠬᠤ ᠠᠵᠢᠯ  ᠥᠷᠨᠢᠭᠦᠯᠬᠦ ᠳᠤ ᠰᠠᠶᠢᠲᠤᠷ ᠦᠶᠯᠡᠴᠢᠯᠡᠬᠦ ᠶᠢᠨ ᠲᠥᠯᠥᠭᠡ᠂  ᠬᠤᠰᠢᠭᠤ ᠨᠠᠮ ᠤᠨ ᠬᠤᠷᠢᠶᠠᠨ ᠤ  ᠨᠠᠮ ᠤᠨ ᠰᠤᠷᠭᠠᠭᠤᠯᠢ ︽ᠳᠠᠭᠠᠭᠤᠯᠤᠨ ᠰᠤᠷᠤᠯᠴᠠᠬᠤ᠂ ᠰᠤᠷᠤᠯᠴᠠᠯᠭ᠎ᠠ ᠶᠢ ᠠᠬᠢᠭᠤᠯᠬᠤ︾ ᠦᠶᠯᠡᠳᠦᠯ ᠢ ᠬᠦᠢᠴᠡᠳ ᠪᠠᠳᠠᠷᠠᠭᠤᠯᠤᠨ᠂ ᠨᠠᠷᠢᠨ ᠨᠢᠮᠪᠠᠶ ᠲᠥᠯᠥᠪᠵᠢᠭᠦᠯᠦᠨ᠂ ᠤᠷᠢᠳᠴᠢᠯᠠᠨ ᠪᠠᠶᠢᠷᠢᠯᠠᠭᠤᠯᠵᠤ᠂ ᠨᠢᠭᠡ ᠲᠠᠯ᠎ᠠ ᠪᠠᠷ ᠪᠠᠭᠰᠢ ᠨᠠᠷ ᠢ ᠵᠣᠬᠢᠶᠠᠨ ᠪᠠᠶᠢᠭᠤᠯᠤᠨ ᠰᠦᠯᠵᠢᠶ᠎ᠡ ᠶᠢ ᠠᠰᠢᠭᠯᠠᠨ ᠲᠥᠪ ᠤᠨ ᠨᠠᠮ ᠤᠨ ᠰᠤᠷᠭᠠᠭᠤᠯᠢ ᠶᠢᠨ ᠤᠬᠠᠭᠤᠯᠤᠨ ᠲᠠᠶᠢᠯᠪᠤᠷᠢᠯᠠᠬᠤ ᠶᠠᠪᠤᠴᠠ ᠪᠠ ᠠᠭᠤᠯᠭ᠎ᠠ ᠶᠢ ᠰᠤᠷᠤᠯᠴᠠᠨ  ᠡᠵᠡᠮᠰᠢᠵᠦ᠂ ᠨᠦᠬᠦᠭᠡ ᠲᠠᠯ᠎ᠠ ᠪᠠᠷ ᠪᠠᠭᠰᠢ ᠨᠠᠷ ᠢ ᠵᠣᠬᠢᠶᠠᠨ ᠪᠠᠶᠢᠭᠤᠯᠤᠨ ᠦᠵᠡᠯ ᠪᠤᠳᠤᠯ ᠢᠶᠠᠨ ᠬᠤᠪᠢᠶᠠᠯᠴᠠᠵᠤ᠂ ᠨᠠᠮ ᠤᠨ ᠲᠡᠦᠬᠡ ᠶᠢ ᠰᠠᠶᠢᠲᠤᠷ ᠳᠠᠶᠢᠯᠪᠤᠷᠢᠯᠠᠬᠤ ᠶᠢ ᠨᠠᠮ ᠤᠨ ᠰᠤᠷᠭᠠᠭᠤᠯᠢ ᠶᠢᠨ ᠬᠥᠮᠦᠨ ᠨᠢᠭᠡᠪᠦᠷᠢ ᠶᠢᠨ ᠤᠯᠤᠰ ᠲᠦᠷᠦ ᠶᠢᠨ ᠬᠠᠷᠢᠭᠤᠴᠠᠯᠭ᠎ᠠ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠬᠢᠴᠢᠶᠡᠯ ᠪᠡᠯᠡᠳᠬᠡᠬᠦ ᠠᠵᠢᠯ ᠢ ᠨᠠᠷᠢᠨ ᠨᠢᠮᠪᠠᠶ ᠰᠠᠶᠢᠳᠤᠷ ᠵᠣᠬᠢᠶᠠᠨ ᠪᠠᠶᠢᠭᠤᠯᠵᠤ ᠪᠠᠶᠢᠨ᠎ᠠ᠃  
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号