ᠠᠵᠢᠯ ᠦᠢᠯᠡᠰ ᠲᠤ ᠪᠠᠨ ᠵᠢᠳᠬᠦᠵᠦ ᠶᠠᠪᠤᠭ᠎ᠠ ᠡᠮᠡᠭᠳᠡᠢ ᠠᠵᠢᠯᠳᠠᠳ ᠤᠨ ᠴᠤᠭ ᠵᠢᠪᠬᠤᠭ᠎ᠠ
ᠨᠡᠶᠢᠲᠡᠯᠡᠭᠰᠡᠨ ᠴᠠᠭ᠄
2021/3/25
     ᠰᠢᠯᠢ ᠶᠢᠨ ᠭᠤᠤᠯ ᠠᠶᠢᠮᠠᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠤᠨ ᠮᠠᠨ ᠤ ᠬᠤᠰᠢᠭᠤᠨ ᠳᠠᠬᠢ ᠬᠠᠮᠢᠶᠠᠷᠤᠯᠲᠠ ᠶᠢᠨ ᠬᠡᠯᠲᠡᠰ ᠤᠨ ᠨᠡᠶᠢᠳᠡ 8 ᠠᠵᠢᠯᠳᠠᠨ  ᠤ ᠳᠤᠳᠤᠷ᠎ᠠ 6 ᠨᠢ ᠡᠮᠡᠭᠳᠡᠢ ᠠᠵᠢᠯᠳᠠᠨ ᠪᠠᠶᠢᠵᠤ᠂ ᠳᠡᠳᠡ ᠥᠭᠡᠳᠡᠷᠬᠡᠭ ᠢᠳᠡᠪᠬᠢ ᠠᠵᠢᠯ ᠤᠨ ᠤᠪᠤᠷ᠂ ᠬᠠᠯᠠᠭᠤᠮᠰᠤᠭ ᠦᠢᠯᠡᠴᠢᠯᠡᠭᠡ ᠪᠠᠷ ᠢᠶᠠᠨ ᠤᠯᠠᠨ ᠳᠤ ᠬᠠᠨᠳᠤᠨ᠂ ᠪᠦᠯᠬᠦᠮᠳᠡᠨ ᠨᠢᠭᠳᠠᠷᠠᠵᠤ ᠤᠷᠤᠭᠰᠢᠯᠠᠨ ᠳᠡᠮᠡᠴᠡᠵᠦ᠂ ᠤᠳᠤ ᠦᠶ᠎ᠡ ᠶᠢᠨ ᠡᠮᠡᠭᠳᠡᠶᠢᠴᠦᠳ ᠤᠨ ᠴᠤᠭ ᠵᠢᠪᠬᠤᠭ᠎ᠠ ᠶᠢ ᠪᠠᠳᠠᠷᠠᠭᠤᠯᠵᠤ ᠶᠠᠪᠤᠭ᠎ᠠ ᠶᠤᠮ᠃
     64 ᠨᠠᠰᠤᠲᠠᠶ ᠶᠠᠩ ᠢ ᠾᠧᠩ ᠨᠠᠰᠤ ᠠᠭᠰᠢᠷᠠᠨ᠂ ᠭᠠᠷᠴᠤ ᠤᠷᠤᠬᠤ ᠳᠤ ᠲᠦᠭᠦᠮ ᠦᠭᠡᠢ ᠠᠴᠠ᠂ ᠴᠣᠩᠬᠤᠪᠴᠢ ᠳᠤ ᠬᠦᠷᠴᠦ ᠲᠤᠬᠠᠶᠢᠯᠠᠭᠰᠠᠨ ᠠᠵᠢᠯ ᠭᠦᠶᠴᠡᠳᠬᠡᠬᠦ ᠳᠤ ᠬᠦᠴᠢᠷᠳᠡᠢ ᠪᠠᠶᠢᠵᠠᠢ᠃ ᠬᠠᠮᠢᠶᠠᠷᠤᠯᠲᠠ ᠶᠢᠨ ᠭᠡᠯᠳᠡᠰ ᠤᠨ ᠠᠵᠢᠯᠲᠠᠨ ᠪᠠᠶᠢᠳᠠᠯ ᠢ ᠤᠶᠢᠯᠠᠭᠠᠭᠰᠠᠨ ᠤ ᠳᠠᠷᠠᠭ᠎ᠠ᠂ ᠰᠠᠨᠠᠭᠠᠴᠢᠯᠠᠭ᠎ᠠ ᠠᠴᠠ ᠪᠠᠨ ᠲᠡᠳᠡᠨ ᠤ ᠭᠡᠷ ᠲᠤ  ᠨᠢ ᠬᠦᠷᠴᠦ ᠲᠡᠳᠡᠨ ᠤ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠪᠦᠰᠡᠭᠦᠢ ᠬᠦᠮᠦᠨ ᠤ ᠤᠶᠠᠨ ᠡᠶᠡᠯᠳᠡᠭ ᠵᠠᠩ ᠢᠶᠠᠷ ᠬᠠᠯᠠᠭᠤᠨ ᠳᠤᠳᠤᠨᠤ ᠦᠢᠯᠡᠴᠢᠯᠡᠭᠡ ᠪᠠᠨ ᠬᠦᠷᠭᠡᠵᠦ᠂ ᠬᠤᠶᠠᠷ ᠨᠠᠰᠤᠳᠠᠨ ᠤ ᠳᠠᠭᠠᠰᠢᠶᠠᠯ ᠢ ᠣᠯᠪᠠ᠃
     ᠰᠠᠭᠤᠭᠠᠯᠢ ᠠᠷᠠᠳ ᠶᠠᠩ ᠢ ᠾᠧᠩ᠄ ︽ᠡᠳᠡᠨᠡᠷ ᠲᠤᠰᠬᠠᠶᠢᠯᠠᠨ ᠮᠠᠨ ᠤ ᠳᠤ ᠢᠷᠡᠵᠦ ᠦᠢᠯᠡᠴᠢᠯᠡᠭᠰᠡᠨ ᠠᠴᠠ᠂ ᠪᠢᠳᠡ ᠬᠡᠷ ᠠᠴᠠ ᠪᠠᠨ ᠭᠠᠷᠬᠤ ᠥᠬᠡᠶ ᠪᠠᠷ ᠭᠡᠷᠡᠭ ᠶᠠᠪᠤᠳᠠᠯ ᠢᠶᠠᠨ ᠪᠦᠬᠦᠨ ᠢ ᠬᠦᠢᠴᠡᠳᠭᠡᠴᠢᠬᠡᠭᠰᠡᠨ᠂ ᠮᠠᠰᠢ ᠳᠦᠭᠦᠮ ᠦᠵᠡᠭᠦᠯᠦᠯ᠎ᠡ ᠰᠢᠤ︾  ᠭᠡᠵᠦ ᠪᠠᠶᠢᠯ᠎ᠠ᠃
     ᠬᠤᠰᠢᠭᠤ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠬᠠᠮᠢᠶᠠᠷᠤᠯᠲᠠ ᠶᠢᠨ ᠬᠡᠯᠲᠡᠰ ᠤᠨ ᠠᠵᠢᠯᠳᠠᠳ ᠬᠠᠯᠠᠭᠤᠨ ᠳᠤᠳᠤᠨᠤᠰᠤᠭ ᠦᠢᠯᠡᠴᠢᠯᠡᠭᠡ ᠪᠠᠨ ᠬᠠᠩᠭᠠᠨ᠂ ᠳᠤᠬᠠᠶᠢᠯᠠᠭᠰᠠᠨ ᠠᠵᠢᠯ ᠢᠶᠠᠨ ᠬᠢᠨᠠᠮᠠᠭᠠᠢ ᠬᠦᠢᠴᠡᠳᠭᠡᠳᠡᠭ ᠢᠶᠠᠷ ᠢᠶᠠᠨ ᠭᠡᠷᠡᠭᠯᠡᠭᠴᠢᠳ ᠤᠨ ᠬᠦᠷᠢᠶᠡᠯᠡᠯ ᠢ ᠤᠯᠵᠤ᠂ ᠡᠯᠳᠡᠪ ᠵᠦᠷᠢᠴᠡᠯ ᠮᠠᠷᠭᠤᠭᠠᠨ ᠦᠭᠡᠢ ᠪᠠᠷ ᠤᠴᠢᠷ ᠶᠠᠪᠤᠳᠠᠯ ᠢ ᠰᠢᠢᠳᠪᠦᠷᠢᠯᠡᠵᠦ ᠴᠢᠳᠠᠳᠠᠭ ᠨᠢ ᠠᠳᠡᠬᠢ 6 ᠡᠮᠡᠭᠳᠡᠢ ᠠᠵᠢᠯᠳᠠᠳ ᠤᠨ ᠬᠢᠴᠢᠶᠡᠯ ᠵᠢᠳᠬᠦᠯ᠂ ᠨᠢᠮᠪᠡᠢ ᠦᠢᠯᠡᠴᠢᠯᠡᠭᠡ ᠠᠴᠠ ᠰᠠᠯᠵᠤ ᠪᠤᠯᠤᠰᠢ ᠦᠭᠡᠢ ᠶᠤᠮ᠃ ᠳᠡᠳᠡ ᠪᠦᠰᠡᠭᠦᠢ ᠬᠦᠮᠦᠨ ᠤ ᠡᠶᠡᠯᠳᠡᠭ ᠵᠦᠬᠡᠯᠡᠨ᠂ ᠨᠠᠷᠢᠨ ᠨᠢᠮᠪᠠᠢ᠂ ᠳᠥᠯᠭᠡᠨ ᠳᠤᠭᠳᠠᠭᠤᠨ ᠵᠠᠩ ᠠᠪᠤᠷᠢ ᠶᠢ ᠪᠠᠳᠠᠷᠠᠭᠤᠯᠤᠨ᠂ ᠡᠯ᠎ᠡ ᠵᠦᠢᠯ ᠤᠨ ᠠᠵᠢᠯ ᠡᠭᠦᠷᠭᠡ ᠪᠠᠨ ᠨᠢᠮᠪᠠᠢ ᠰᠠᠶᠢᠨ ᠪᠡᠶᠡᠯᠡᠬᠦᠯᠵᠦ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠵᠦ᠂ ︽ᠦᠢᠯᠡᠴᠢᠯᠡᠭᠡᠨ ᠤ ᠪᠦᠲᠦᠮᠵᠢ ᠶᠢ ᠠᠬᠢᠭᠤᠯᠤᠨ᠂ ᠤᠯᠠᠨ ᠲᠦᠮᠡᠨ ᠳᠤ ᠲᠦᠭᠦᠮ ᠦᠵᠡᠬᠦᠯᠬᠦ︾ ᠰᠢᠨ᠎ᠡ ᠬᠡᠯᠪᠡᠷᠢ ᠶᠢᠨ ᠦᠶᠯᠡᠴᠢᠯᠡᠭᠡᠨ ᠤ ᠵᠠᠭᠪᠤᠷ ᠢ ᠢᠳᠡᠪᠬᠢᠳᠡᠢ ᠭᠡᠷᠡᠭᠵᠢᠬᠦᠯᠦᠨ᠂ ︽ᠢᠨᠲ᠋ᠧᠷ ᠰᠦᠯᠵᠢᠶ᠎ᠡ + ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ︾ ᠶᠢᠨ ᠰᠢᠨ᠎ᠡ ᠦᠶᠯᠡᠴᠢᠯᠡᠭᠡᠨ ᠤ ᠵᠠᠭᠪᠤᠷ ᠢ ᠠᠯᠬᠤᠮ ᠠᠯᠬᠤᠮ ᠢᠶᠠᠷ ᠭᠡᠷᠡᠭᠵᠢᠭᠦᠯᠦᠨ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠭᠠᠷ ᠤᠲᠠᠰᠤᠨ ᠤ APP ᠶᠢ ᠲᠥᠭᠡᠮᠡᠯᠵᠢᠭᠦᠯᠵᠦ᠂ ᠮᠠᠨ ᠤ ᠬᠤᠰᠢᠭᠤᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠦᠶᠯᠡᠰ ᠤᠨ ᠦᠷᠭᠦᠯᠵᠢᠯᠡᠬᠦᠶᠢᠴᠡ ᠡᠷᠡᠭᠦᠯ ᠬᠦᠭᠵᠢᠯᠳᠡ ᠶᠢ ᠠᠬᠢᠭᠤᠯᠵᠤ᠂ ᠲᠤᠬᠠᠶᠢᠯᠠᠭᠰᠠᠨ ᠠᠵᠢᠯ  ᠤᠨ ᠰᠢᠯᠢᠳᠡᠭ ᠬᠢᠷᠢ ᠪᠦᠲᠦᠮᠵᠢ ᠪᠠᠷ ᠢᠶᠠᠨ ︽ᠰᠢᠯᠢᠳᠡᠭ ᠴᠤᠩᠬᠤᠪᠴᠢ︾᠂ ︽ᠲᠡᠷᠢᠭᠦᠨ ᠤ ᠨᠢᠭᠡᠴᠡ︾᠂ ︽ᠪᠤᠯᠪᠠᠰᠤᠨ ᠵᠠᠯᠠᠭᠤᠰ︾ ᠵᠡᠷᠭᠡ ᠤᠯᠠᠨ ᠰᠠᠶᠢᠬᠠᠨ ᠱᠠᠩᠨᠠᠯ ᠬᠦᠬᠢᠬᠦᠯᠦᠯ ᠢᠶᠠᠷ ᠬᠠᠮᠳᠤ ᠨᠡᠶᠢᠳᠡ ᠳᠤ ᠪᠠᠨ ᠢᠷᠠᠭᠤ ᠠᠯᠳᠠᠷ ᠠᠪᠴᠢᠷᠠᠭᠰᠠᠨ ᠶᠤᠮ᠃
     ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠬᠠᠮᠢᠶᠠᠷᠤᠯᠲᠠ ᠶᠢᠨ ᠲᠥᠪ ᠤᠨ ᠶᠡᠭᠡ ᠲᠢᠩᠬᠢᠮ ᠤᠨ ᠡᠷᠬᠢᠯᠡᠭᠴᠢ ᠴᠢᠶᠣᠤ ᠶᠠᠨ᠄ ︽ᠬᠤᠶᠢᠰᠢᠳᠠ᠂ ᠪᠢᠳᠡ ᠦᠷᠭᠦᠯᠵᠢᠯᠡᠨ ᠡᠮᠡᠭᠲᠡᠶᠢᠴᠦᠳ ᠤᠨ  ︿ᠲᠦᠷᠦ ᠶᠢᠨ ᠬᠠᠭᠠᠰ ᠲᠤᠯᠭᠠᠭᠤᠷᠢ  ﹀ ᠪᠠ ᠵᠢᠱᠢᠶᠡᠴᠢ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠥᠪᠡᠷ ᠢ ᠪᠠᠨ ᠴᠢᠩᠭ᠎ᠠ  ᠱᠠᠭᠠᠷᠳᠠᠨ᠂ ᠯᠠᠪᠳᠠᠭᠤᠨ ᠪᠠᠲᠤᠲᠠᠢ ᠠᠵᠢᠯᠯᠠᠵᠤ᠂ ᠬᠠᠮᠢᠶᠠᠷᠤᠯᠲᠠ ᠶᠢᠨ ᠭᠡᠯᠳᠡᠰ ᠤᠨ ︿ᠳᠠᠷᠬᠠᠭᠠᠬᠤ ᠬᠠᠮᠢᠶᠠᠷᠬᠤ ᠦᠶᠯᠡᠴᠢᠯᠡᠬᠦ  ﹀ ᠠᠵᠢᠯ ᠤᠨ ᠠᠷᠭ᠎ᠠ ᠬᠡᠯᠪᠡᠷᠢ ᠶᠢ ᠠᠬᠢᠭᠤᠯᠬᠤ᠂ ᠠᠷᠠᠯᠵᠢᠶ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠬᠦᠯᠬᠦ ᠳᠤ᠂ ᠬᠤᠪᠢ ᠨᠡᠮᠡᠷᠢ ᠪᠠᠨ ᠦᠵᠡᠭᠦᠯᠦᠨ᠎ᠡ  ︾ ᠭᠡᠯ᠎ᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号