ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠰᠤᠳᠤᠯᠭᠠᠨ ᠤ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠬᠠᠷᠢᠴᠠᠯ ᠢ ᠨᠡᠮᠡᠭᠳᠡᠭᠦᠯᠬᠦ ᠵᠡᠷᠭᠡ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/3/26
     ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ      ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠰᠤᠳᠤᠯᠭᠠᠨ ᠤ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠬᠠᠷᠢᠴᠠᠯ ᠢ ᠨᠡᠮᠡᠭᠳᠡᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠪᠠᠶᠢᠷᠢᠯᠠᠭᠤᠯᠵᠤ ᠠᠵᠤ ᠠᠬᠤᠶᠢᠯᠠᠯ ᠤᠨ ᠰᠢᠨ᠎ᠡ‌‍ᠶᠢ ᠡᠭᠦᠳᠴᠦ ᠠᠵᠤ ᠦᠢᠯᠡᠰ ᠤᠨ ᠳᠡᠰ ᠳᠡᠪᠰᠢᠭᠦᠯᠬᠦ ᠶᠢ ᠠᠬᠢᠭᠤᠯᠬᠤ ᠶᠢ ᠨᠢ ᠤᠷᠮᠠᠰᠢᠭᠤᠯᠪᠠ      ᠨᠡᠶᠢᠳᠡᠮ ᠠᠰᠢᠭ ᠬᠦᠷᠲᠡᠬᠦ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠦᠤ ᠮᠥᠩᠭᠦ ᠪᠠᠨ ᠪᠤᠴᠠᠭᠠᠬᠤ ᠬᠤᠭᠤᠴᠠᠭ᠎ᠠ ᠶᠢ ᠤᠷᠲᠤᠳᠬᠠᠬᠤ ᠲᠥᠷᠥ ᠶᠢᠨ ᠪᠣᠳᠣᠯᠭ᠎ᠠ ᠪᠠ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠲᠥᠯᠥᠪᠯᠡᠭᠡ ᠶᠢ ᠵᠢᠯ ᠤᠨ ᠡᠴᠦᠰ ᠪᠣᠯᠲᠠᠯ᠎ᠠ ᠤᠯᠠᠮ ᠨᠢᠭᠡ ᠠᠯᠬᠤᠮ ᠤᠷᠲᠤᠳᠬᠠᠬᠤ ᠪᠠᠷ ᠲᠣᠭᠲᠠᠪᠠ      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ ︵ᠵᠠᠰᠠᠪᠤᠷᠢ ᠣᠷᠣᠭᠤᠯᠤᠭᠰᠠᠨ ᠲᠥᠰᠦᠯ︶︾  ᠶᠢ ᠪᠠᠲᠤᠯᠠᠪᠠ      ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 3 ᠳ᠋ᠤᠭᠠᠷ ᠰᠠᠷ᠎ᠠ ᠶᠢᠨ 24 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠰᠤᠳᠤᠯᠭᠠᠨ ᠤ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠬᠠᠷᠢᠴᠠᠯ ᠢ ᠨᠡᠮᠡᠭᠳᠡᠭᠦᠯᠬᠦ ᠵᠡᠷᠭᠡ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠪᠠᠶᠢᠷᠢᠯᠠᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠨᠢ ᠵᠣᠷᠢᠭᠵᠢᠭᠤᠯᠵᠤ᠂ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠬᠤ ᠪᠠᠷ ᠪᠣᠯᠪᠠ︔ ᠨᠡᠶᠢᠳᠡᠮ ᠠᠰᠢᠭ ᠬᠦᠷᠲᠡᠬᠦ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠦᠦ ᠮᠥᠩᠭᠦ ᠪᠠᠨ ᠪᠤᠴᠠᠭᠠᠬᠤ ᠬᠤᠭᠤᠴᠠᠭ᠎ᠠ ᠶᠢ ᠤᠷᠲᠤᠳᠬᠠᠬᠤ ᠲᠥᠷᠥ ᠶᠢᠨ ᠪᠣᠳᠣᠯᠭ᠎ᠠ ᠪᠣᠯᠤᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠲᠥᠯᠥᠪᠯᠡᠭᠡ ᠶᠢ ᠵᠢᠯ ᠤᠨ ᠡᠴᠦᠰ ᠪᠣᠯᠲᠠᠯ᠎ᠠ ᠤᠷᠲᠤᠳᠬᠠᠬᠤ ᠪᠠᠷ ᠲᠣᠭᠲᠠᠪᠠ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ ︵ᠵᠠᠰᠠᠪᠤᠷᠢ ᠣᠷᠣᠭᠤᠯᠤᠭᠰᠠᠨ ᠲᠥᠰᠦᠯ︶︾ ᠶᠢ ᠪᠠᠲᠤᠯᠠᠪᠠ᠃      ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠨᠢ ᠨᠡᠩ ᠰᠠᠶᠢᠨ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠬᠦ᠂ ᠡᠷᠬᠡ ᠲᠡᠭᠰᠢ ᠨᠡᠶᠢᠳᠡᠮ ᠠᠰᠢᠭ ᠬᠦᠷᠲᠡᠬᠦ ᠤᠷᠮᠠᠰᠢᠭᠤᠯᠤᠯ ᠤᠨ ᠲᠦᠷᠦ ᠶᠢᠨ ᠪᠤᠳᠤᠯᠭ᠎ᠠ ᠶᠢ ᠨᠡᠩ ᠢᠯᠡᠭᠦᠦ ᠬᠡᠷᠡᠭᠯᠡᠵᠦ᠂ ᠠᠵᠤ ᠠᠬᠤᠶᠢᠯᠠᠯ ᠪᠣᠯᠤᠨ ᠪᠦᠬᠦ ᠨᠡᠶᠢᠭᠡᠮ ᠤᠨ ᠰᠤᠳᠤᠯᠭᠠᠨ ᠤ ᠣᠷᠣᠭᠤᠯᠤᠯᠲᠠ ᠶᠢ ᠨᠡᠮᠡᠭᠳᠡᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠵᠤ᠂ ᠠᠵᠤ ᠠᠬᠤᠢ ᠶᠢᠨ ᠪᠦᠲᠦᠴᠡ ᠶᠢᠨ ᠰᠢᠯᠢᠳᠡᠭᠵᠢᠯᠲᠡ ᠶᠢ ᠠᠬᠢᠭᠤᠯᠬᠤ ᠬᠡᠷᠡᠭᠲᠡᠢ᠃ ᠣᠶᠢᠷ᠎ᠠ ᠶᠢᠨ ᠵᠢᠯ ᠤᠳ ᠲᠤ᠂ ᠰᠤᠳᠤᠯᠭᠠᠨ ᠤ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠡᠷᠴᠢᠮ ᠲᠠᠰᠤᠷᠠᠯᠲᠠ ᠥᠬᠡᠶ ᠴᠢᠩᠭᠠᠷᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠬᠦᠴᠦᠲᠡᠶ ᠠᠬᠢᠭᠤᠯᠤᠭᠰᠠᠨ ᠪᠠᠶᠢᠨ᠎ᠠ᠃ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠠᠬᠢ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠳᠡᠮᠵᠢᠬᠦ ᠬᠤᠯᠪᠣᠭᠳᠠᠯ ᠪᠥᠬᠦᠶ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠷᠠᠯ ᠠᠴᠠ ᠲᠣᠭᠲᠠᠭᠠᠭᠰᠠᠨ ᠨᠢ᠂ ᠨᠢᠭᠡ ᠳᠤ᠂ ᠡᠨᠡ ᠵᠢᠯ ᠤᠨ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠰᠤᠳᠤᠯᠭᠠᠨ ᠤ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠬᠠᠷᠢᠴᠠᠯ ᠢ 75% ᠪᠠᠶᠢᠭᠰᠠᠨ ᠠᠴᠠ 100% ᠪᠣᠯᠭᠠᠨ ᠳᠡᠭᠡᠭᠰᠢᠯᠡᠭᠦᠯᠦᠨ᠎ᠡ᠂ ᠡᠨᠡ ᠨᠢ ᠠᠵᠤ ᠠᠬᠤᠶᠢᠯᠠᠯ 100 ᠲᠦᠮᠡᠨ ᠲᠥᠭᠦᠷᠢᠭ ᠤᠨ ᠰᠤᠳᠤᠯᠭᠠᠨ ᠤ ᠵᠠᠷᠤᠳᠠᠯ ᠣᠷᠣᠭᠤᠯᠬᠤ ᠪᠦᠷᠢ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠠᠴᠠ 200 ᠲᠦᠮᠡᠨ ᠲᠥᠭᠦᠷᠢᠭ ᠰᠠᠭᠤᠯᠭᠠᠨ ᠠᠪᠤᠭᠰᠠᠨ ᠲᠠᠢ ᠲᠡᠩᠴᠡᠨ᠎ᠡ᠃ ᠡᠨᠡ ᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠪᠡᠯ᠂ ᠵᠢᠱᠢᠯᠲᠡ ᠪᠠᠷ ᠨᠢᠳᠤᠨᠤᠨ ᠤ ᠭᠠᠶᠢᠯᠢ ᠶᠢ ᠬᠥᠩᠭᠡᠯᠡᠭᠰᠡᠨ ᠬᠡᠮᠵᠢᠶ᠎ᠡ 3600 ᠳ᠋ᠦᠩᠰᠢᠭᠤᠷ ᠲᠥᠭᠦᠷᠢᠭ ᠢ ᠳᠠᠪᠠᠭᠰᠠᠨ ᠰᠠᠭᠤᠷᠢᠨ ᠳᠡᠭᠡᠷ᠎ᠡ᠂ ᠡᠨᠡ ᠵᠢᠯ ᠠᠵᠤ ᠠᠬᠤᠶᠢᠯᠠᠯ ᠳᠤ ᠲᠠᠬᠢᠭᠠᠳ 800 ᠳ᠋ᠦᠩᠰᠢᠭᠤᠷ ᠲᠥᠭᠦᠷᠢᠭ ᠤᠨ ᠭᠠᠶᠢᠯᠢ ᠶᠢ ᠰᠢᠨ᠎ᠡ ᠪᠠᠷ ᠬᠠᠰᠤᠵᠤ ᠥᠭᠬᠦ ᠪᠣᠯᠤᠨ᠎ᠠ᠃ ᠡᠨᠡ ᠬᠦ ᠲᠦᠷᠢᠮ ᠤᠨ ᠴᠢᠨᠠᠷᠲᠠᠶ ᠲᠣᠬᠢᠷᠠᠭᠤᠯᠤᠯᠲᠠ ᠪᠣᠯ ᠡᠨᠡ ᠵᠢᠯ ᠤᠨ ᠪᠦᠲᠦᠴᠡ ᠶᠢᠨ ᠴᠢᠨᠠᠷᠲᠠᠶ ᠪᠠᠷ ᠭᠠᠶᠢᠯᠢ ᠬᠥᠩᠭᠡᠯᠡᠬᠦ ᠠᠵᠢᠯ ᠤᠨ ᠳᠤᠮᠳᠠᠬᠢ ᠡᠷᠴᠢᠮ ᠢᠶᠠᠷ ᠬᠠᠮᠤᠭ ᠤᠨ ᠶᠡᠭᠡ ᠲᠥᠷᠥ ᠶᠢᠨ ᠪᠣᠳᠣᠯᠭ᠎ᠠ ᠪᠣᠯᠤᠨ᠎ᠠ᠃ ᠬᠤᠶᠠᠷ ᠲᠤ᠂ ᠰᠤᠳᠤᠯᠭᠠᠨ ᠤ ᠵᠠᠷᠤᠳᠠᠯ ᠢ ᠨᠡᠮᠡᠨ ᠪᠤᠳᠤᠵᠤ ᠢᠯᠭᠠᠷᠠᠭᠤᠯᠤᠨ ᠲᠤᠰᠢᠶᠠᠬᠤ ᠲᠣᠭᠠᠴᠠᠭ᠎ᠠ ᠬᠢᠬᠦ ᠠᠷᠭ᠎ᠠ ᠮᠠᠶ᠋ᠢᠭ ᠲᠤ ᠥᠭᠡᠷᠡᠴᠢᠯᠡᠯᠲᠡ ᠬᠢᠵᠦ᠂ ᠠᠵᠤ ᠠᠬᠤᠶᠢᠯᠠᠯ ᠥᠪᠡᠰᠦᠪᠡᠨ ᠡᠵᠡᠨ ᠮᠡᠳᠡᠵᠦ ᠬᠠᠭᠠᠰ ᠵᠢᠯ ᠢᠶᠠᠷ ᠨᠡᠮᠡᠨ ᠪᠤᠳᠤᠵᠤ ᠰᠠᠭᠤᠯᠭᠠᠨ ᠠᠪᠬᠤ ᠬᠠᠷᠠᠭᠠᠯᠵᠠᠯ ᠭᠥᠷᠳᠡᠬᠦ ᠶᠢ ᠨᠢ ᠵᠥᠪᠰᠢᠶᠡᠷᠡᠵᠦ᠂ ᠳᠡᠭᠡᠷ᠎ᠡ ᠬᠠᠭᠠᠰ ᠵᠢᠯ ᠤᠨ ᠰᠤᠳᠤᠯᠭᠠᠨ ᠤ ᠵᠠᠷᠤᠳᠠᠯ ᠢ ᠳᠠᠷᠠᠭ᠎ᠠ ᠵᠢᠯ ᠤᠨ ᠠᠰᠢᠭ ᠣᠷᠣᠯᠭ᠎ᠠ ᠶᠢᠨ ᠭᠠᠶᠢᠯᠢ ᠶᠢ ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠬᠤ ᠦᠶ᠎ᠡ ᠳᠤ ᠰᠠᠭᠤᠯᠭᠠᠨ ᠠᠪᠴᠤ ᠪᠠᠶᠢᠭᠰᠠᠨ ᠢ ᠲᠤᠬᠠᠶ ᠶᠢᠨ ᠵᠢᠯ ᠤᠨ 10 ᠳ᠋ᠤᠭᠠᠷ ᠰᠠᠷ᠎ᠠ ᠳᠤ ᠤᠷᠢᠳᠴᠢᠯᠠᠨ ᠲᠤᠰᠢᠶᠠᠬᠤ ᠦᠶ᠎ᠡ ᠳᠤ ᠳᠠᠷᠤᠶ ᠰᠠᠭᠤᠯᠭᠠᠨ ᠠᠪᠴᠤ᠂ ᠠᠵᠤ ᠠᠬᠤᠶᠢᠯᠠᠯ ᠳᠤ ᠡᠷᠲᠡᠬᠡᠨ ᠠᠰᠢᠭ ᠬᠦᠷᠲᠡᠭᠡᠨ᠎ᠡ᠃ ᠡᠭᠦᠨ ᠤ ᠬᠠᠮᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠦᠢᠯᠡᠴᠢᠯᠡᠭᠡᠨ ᠤ ᠠᠵᠤ ᠠᠬᠤᠶᠢᠯᠠᠯ᠂ ︽ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠠᠵᠤ ᠠᠬᠤᠶᠢᠯᠠᠯ ᠳᠤ ᠭᠠᠶᠢᠯᠢ ᠲᠠᠲᠠᠪᠤᠷᠢ ᠶᠢᠨ ᠳᠡᠮᠵᠢᠯᠭᠡ ᠦᠵᠡᠭᠦᠯᠬᠦ ᠲᠥᠷᠥ ᠶᠢᠨ ᠪᠣᠳᠣᠯᠭ᠎ᠠ ᠶᠢ ᠰᠤᠳᠤᠯᠬᠤ ᠬᠡᠷᠡᠭᠲᠡᠶ ᠭᠡᠵᠡᠢ᠃ ᠬᠤᠷᠠᠯ ᠠᠴᠠ ᠱᠠᠭᠠᠷᠳᠠᠬᠤ ᠳᠤ ᠪᠠᠨ᠂ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠨᠢᠯᠴᠠᠭᠤᠯᠬᠤ ᠲᠠᠶᠢᠯᠪᠤᠷᠢᠯᠠᠬᠤ ᠶᠢ ᠴᠢᠩᠭᠠᠳᠬᠠᠵᠤ᠂ ᠭᠠᠶᠢᠯᠢ ᠭᠦᠢᠴᠡᠳᠬᠡᠬᠦ ᠦᠢᠯᠡᠴᠢᠯᠡᠭᠡ ᠶᠢ ᠰᠢᠯᠢᠳᠡᠭᠵᠢᠭᠦᠯᠵᠦ᠂ ᠬᠢᠨᠠᠨ ᠬᠠᠷᠭᠤᠭᠤᠯᠬᠤ ᠶᠠᠪᠤᠴᠠ ᠶᠢ ᠳᠥᠭᠦᠮᠴᠢᠯᠡᠵᠦ᠂ ᠠᠵᠤ ᠠᠬᠤᠶᠢᠯᠠᠯ ᠤᠨ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠬᠦᠷᠲᠡᠬᠦ ᠳᠤ ᠲᠦᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠰᠠᠶᠢᠨ ᠶᠠᠪᠤᠳᠠᠯ ᠢ ᠰᠠᠶᠢᠲᠤᠷ ᠬᠢᠬᠦ ᠬᠡᠷᠡᠭᠲᠡᠢ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠨᠢᠳᠤᠨᠤᠨ ᠠᠴᠠ ᠨᠠᠭᠠᠰᠢ ᠬᠡᠷᠡᠭᠵᠢᠭᠦᠯᠦᠭᠰᠡᠨ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ ᠵᠣᠭᠤᠰᠣᠨ ᠤ ᠲᠦᠷᠦ ᠶᠢᠨ ᠪᠤᠳᠤᠯᠭ᠎ᠠ ᠳᠤ ᠰᠢᠭᠤᠳ ᠬᠦᠷᠬᠦ ᠬᠤᠶᠠᠷ ᠵᠦᠢᠯ ᠤᠨ ᠪᠠᠭᠠᠵᠢ᠂ ᠲᠤᠬᠠᠶᠢᠯᠠᠪᠠᠯ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠳᠤ ᠨᠡᠶᠢᠳᠡᠮ ᠬᠠᠷᠠᠭᠠᠯᠵᠠᠯ ᠬᠦᠷᠲᠡᠬᠦ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠦᠦ ᠮᠥᠩᠭᠦ ᠪᠠᠨ ᠪᠤᠴᠠᠭᠠᠬᠤ ᠬᠤᠭᠤᠴᠠᠭ᠎ᠠ ᠶᠢ ᠤᠷᠲᠤᠳᠬᠠᠬᠤ ᠭᠠᠷᠳᠠᠮ ᠭᠦᠢᠴᠡᠳᠬᠡᠬᠦ ᠶᠢ ᠨᠢ ᠤᠷᠮᠠᠰᠢᠭᠤᠯᠤᠨ ᠵᠣᠷᠢᠭᠵᠢᠭᠤᠯᠵᠤ᠂ ᠲᠡᠭᠦᠨ ᠳᠤ ᠵᠢᠵᠢᠭ ᠪᠢᠴᠢᠯ ᠢᠲᠡᠭᠡᠮᠵᠢᠲᠦ ᠵᠢᠭᠡᠯᠡᠯᠭᠡ ᠲᠠᠯᠪᠢᠬᠤ ᠳᠤ ᠬᠠᠷᠠᠭᠠᠯᠵᠠᠯᠲᠤ ᠪᠡᠯᠡ ᠮᠥᠩᠭᠦ ᠶᠢᠨ ᠳᠡᠮᠵᠢᠯᠭᠡ ᠬᠠᠩᠭᠠᠵᠤ᠂ ᠵᠢᠵᠢᠭ ᠪᠢᠴᠢᠯ ᠠᠵᠤ ᠠᠬᠤᠶᠢᠯᠠᠯ ᠢ ᠬᠠᠪᠰᠤᠷᠤᠨ ᠬᠦᠴᠢᠷ ᠪᠣᠭᠤᠮᠲᠠ ᠶᠢ ᠲᠤᠭᠤᠯᠬᠤ᠂ ᠠᠵᠢᠯ ᠣᠯᠭᠤᠯᠲᠠ ᠶᠢ ᠪᠠᠲᠤᠯᠠᠬᠤ ᠠᠷᠠᠳ ᠤᠨ ᠠᠮᠢᠳᠤᠷᠠᠯ ᠢ ᠪᠠᠲᠤᠯᠠᠬᠤ᠂ ᠠᠵᠤ ᠠᠬᠤᠶ ᠶᠢᠨ ᠦᠨᠳᠦᠰᠦᠨ ᠦᠨ᠎ᠡ ᠶᠢ ᠲᠣᠭᠲᠠᠪᠤᠷᠢᠵᠢᠭᠤᠯᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ ᠭᠡᠵᠡᠢ᠃ ᠵᠢᠵᠢᠭ ᠪᠢᠴᠢᠯ ᠠᠵᠤ ᠠᠬᠤᠶᠢᠯᠠᠯ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠡᠷᠴᠢᠮ ᠢᠶᠠᠨ ᠰᠤᠯᠠᠷᠠᠭᠤᠯᠬᠤ ᠦᠭᠡᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠨᠠᠩ ᠲᠥᠬᠦᠮ ᠦᠵᠡᠭᠦᠯᠵᠦ᠂ ᠶᠡᠷᠦᠩᠬᠡᠶᠢᠯᠡᠭᠰᠡᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠤᠷᠠᠯ ᠠᠴᠠ ᠲᠣᠭᠲᠠᠭᠠᠭᠰᠠᠨ ᠨᠢ᠂ ᠡᠮᠦᠨ᠎ᠡ ᠬᠤᠭᠤᠴᠠᠭᠠᠨ ᠳᠤ ᠵᠣᠭᠤᠰᠣᠨ ᠤ ᠲᠥᠷᠥ ᠶᠢᠨ ᠪᠣᠳᠣᠯᠭ᠎ᠠ ᠳᠤ ᠰᠢᠭᠤᠳ ᠬᠥᠷᠬᠦ ᠬᠤᠶᠠᠷ ᠵᠦᠢᠯ ᠤᠨ ᠪᠠᠭᠠᠵᠢ ᠶᠢ ᠡᠨᠡ ᠵᠢᠯ ᠤᠨ ᠨᠢᠭᠡᠳᠦᠭᠡᠷ ᠤᠯᠠᠷᠢᠯ ᠪᠣᠯᠲᠠᠯ᠎ᠠ ᠦᠷᠭᠦᠯᠵᠢᠯᠡᠨ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠬᠡᠷᠡᠭᠵᠢᠭᠦᠯᠬᠦ ᠬᠤᠭᠤᠴᠠᠭ᠎ᠠ ᠶᠢ ᠡᠨᠡ ᠵᠢᠯ ᠤᠨ ᠡᠴᠦᠰ ᠪᠣᠯᠲᠠᠯ᠎ᠠ ᠤᠯᠠᠮ ᠨᠢᠭᠡ ᠠᠯᠬᠤᠮ ᠤᠷᠲᠤᠳᠬᠠᠵᠤ᠂ ᠵᠢᠵᠢᠭ ᠪᠢᠴᠢᠯ ᠠᠵᠤ ᠠᠬᠤᠶᠢᠯᠠᠯ ᠢ ᠳᠠᠬᠢᠨ ᠨᠢᠭᠡ ᠤᠳᠠᠭ᠎ᠠ ᠬᠠᠪᠰᠤᠷᠤᠨ ᠲᠡᠳᠬᠦᠵᠦ᠂ ᠲᠡᠳᠡᠨ ᠤ ᠲᠣᠭᠲᠠᠭᠤᠨ ᠠᠵᠢᠯ ᠣᠯᠭᠤᠯᠲᠠ ᠶᠢᠨ ᠳᠤᠮᠳᠠᠬᠢ ᠴᠢᠬᠤᠯᠠ ᠦᠢᠯᠡᠳᠦᠯ ᠢ ᠨᠢ ᠨᠠᠩ ᠰᠠᠶᠢᠨ ᠪᠠᠳᠠᠷᠠᠭᠤᠯᠬᠤ ᠬᠡᠷᠡᠭᠲᠡᠢ᠃ ᠨᠢᠭᠡ ᠳᠤ᠂ 2021 ᠣᠨ ᠤ ᠵᠢᠯ ᠤᠨ ᠡᠴᠦᠰ ᠠᠴᠠ ᠡᠮᠦᠨ᠎ᠡ ᠬᠤᠭᠤᠴᠠᠭ᠎ᠠ ᠨᠢ ᠲᠤᠯᠤᠭᠰᠠᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠳᠤ᠂ ᠠᠵᠤ ᠠᠬᠤᠶᠢᠯᠠᠯ ᠪᠠ ᠪᠠᠩᠬᠢ ᠡᠵᠡᠨ ᠮᠡᠳᠡᠵᠦ ᠵᠥᠪᠳᠡᠯᠴᠡᠵᠦ ᠪᠠᠶᠢᠭᠠᠳ ᠡᠬᠡ ᠮᠥᠩᠭᠦ ᠶᠢ ᠪᠤᠴᠠᠭᠠᠬᠤ ᠬᠤᠭᠤᠴᠠᠭ᠎ᠠ ᠶᠢ ᠨᠢ ᠤᠷᠲᠤᠳᠬᠠᠬᠤ ᠶᠢᠨ ᠬᠠᠮᠲᠤ ᠵᠢᠭᠡᠯᠡᠯᠭᠡ ᠶᠢᠨ ᠡᠬᠡ ᠮᠥᠩᠭᠦ ᠪᠠᠨ ᠪᠤᠴᠠᠭᠠᠬᠤ ᠬᠤᠭᠤᠴᠠᠭ᠎ᠠ ᠶᠢ ᠤᠷᠲᠤᠳᠬᠠᠬᠤ ᠭᠠᠷᠳᠠᠮ ᠭᠦᠢᠴᠡᠳᠬᠡᠬᠦ ᠣᠷᠣᠨ ᠨᠤᠲᠤᠭ ᠤᠨ ᠬᠠᠤᠯᠢ ᠶᠢᠨ ᠡᠷᠬᠡᠲᠡᠨ ᠢ ᠪᠠᠩᠬᠢ ᠠᠴᠠ ᠦᠷᠭᠦᠯᠵᠢᠯᠡᠨ ᠲᠣᠭᠲᠠᠭᠠᠯ ᠶᠣᠰᠣᠭᠠᠷ ᠤᠷᠮᠠᠰᠢᠭᠤᠯᠵᠤ᠂ ᠵᠢᠭᠡᠯᠡᠯᠭᠡ ᠶᠢᠨ ᠡᠬᠡ ᠮᠥᠩᠭᠦ ᠶᠢᠨ 1% ᠪᠠᠷ ᠤᠷᠮᠠᠰᠢᠭᠤᠯᠬᠤ ᠬᠠᠷᠢᠴᠠᠯ ᠪᠣᠯᠭᠠᠬᠤ ᠬᠡᠷᠡᠭᠲᠡᠢ᠃ ᠬᠤᠶᠠᠷ ᠲᠤ᠂ ᠨᠥᠬᠦᠴᠡᠯ ᠳᠤ ᠨᠡᠶᠢᠴᠡᠬᠦ ᠣᠷᠣᠨ ᠨᠤᠲᠤᠭ ᠤᠨ ᠬᠠᠤᠯᠢ ᠶᠢᠨ ᠡᠷᠬᠡᠲᠡᠨ ᠳᠤ ᠪᠠᠩᠬᠢ ᠠᠴᠠ ᠵᠢᠵᠢᠭ ᠪᠢᠴᠢᠯ ᠢᠲᠡᠭᠡᠮᠵᠢ ᠶᠢᠨ ᠵᠢᠭᠡᠯᠡᠯᠭᠡ ᠲᠠᠯᠪᠢᠬᠤ ᠳᠤ ᠪᠠᠨ᠂ ᠦᠷᠭᠦᠯᠵᠢᠯᠡᠨ ᠡᠬᠡ ᠮᠥᠩᠭᠦ ᠶᠢᠨ 40% ᠪᠠᠷ ᠬᠠᠷᠠᠭᠠᠯᠵᠠᠯ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠬᠦ ᠬᠡᠷᠡᠭᠲᠡᠢ᠃ ᠡᠭᠦᠨ ᠤ ᠵᠡᠷᠭᠡᠴᠡᠭᠡᠪᠡᠷ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠳᠤ ᠦᠵᠡᠭᠦᠯᠬᠦ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠨᠡᠮᠡᠭᠳᠡᠭᠦᠯᠬᠦ ᠶᠢ ᠰᠤᠳᠤᠯᠬᠤ ᠬᠡᠷᠡᠭᠲᠡᠶ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠳᠤ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠤᠯᠤᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠠᠵᠢᠯ ᠣᠯᠭᠤᠯᠲᠠ ᠶᠢᠨ ᠤᠳᠤᠷᠢᠳᠤᠮᠵᠢ ᠶᠢ ᠲᠤᠪᠤᠶᠢᠯᠭᠠᠵᠤ᠂ ᠠᠵᠢᠯ ᠣᠯᠭᠤᠯᠲᠠ ᠶᠢᠨ ᠪᠦᠲᠦᠴᠡ ᠶᠢᠨ ᠴᠢᠨᠠᠷᠲᠠᠢ ᠵᠥᠷᠢᠴᠡᠯ ᠢ ᠨᠠᠮᠳᠠᠭᠤᠯᠬᠤ ᠪᠠ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃  ᠬᠤᠷᠠᠯ ᠠᠴᠠ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ ︵ᠵᠠᠰᠠᠪᠤᠷᠢ ᠣᠷᠣᠭᠤᠯᠤᠭᠰᠠᠨ ᠲᠥᠰᠦᠯ︶︾ ᠶᠢ ᠪᠠᠲᠤᠯᠠᠵᠤ᠂ ᠦᠢᠯᠡᠳᠪᠦᠷᠢᠯᠡᠬᠦ ᠪᠠ ᠵᠢᠭᠠᠨ ᠰᠤᠷᠭᠠᠬᠤ ᠶᠢ ᠠᠭᠤᠰᠤᠯᠴᠠᠭᠤᠯᠬᠤ ᠪᠠ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ᠂ ᠨᠡᠶᠢᠭᠡᠮ ᠤᠨ ᠬᠦᠴᠦᠨ ᠠᠴᠠ ᠠᠵᠢᠯ ᠮᠡᠷᠭᠡᠵᠢᠯ ᠤᠨ ᠰᠤᠷᠭᠠᠭᠤᠯᠢ ᠡᠷᠬᠢᠯᠡᠬᠦ ᠶᠢ ᠨᠢ ᠳᠡᠮᠵᠢᠬᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠡᠩ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠦᠷ᠎ᠡ ᠪᠦᠲᠦᠭᠡᠯ ᠢ ᠠᠭᠤᠰᠤᠯᠴᠠᠭᠤᠯᠤᠨ ᠬᠠᠷᠢᠯᠴᠠᠨ ᠮᠡᠳᠡᠷᠡᠬᠦ ᠶᠢ ᠠᠬᠢᠭᠤᠯᠬᠤ ᠵᠡᠷᠭᠡ ᠲᠠᠯ᠎ᠠ ᠪᠠᠷ ᠲᠣᠭᠲᠠᠭᠠᠯ ᠭᠠᠷᠭᠠᠵᠠᠢ᠃ ᠬᠤᠷᠠᠯ ᠠᠴᠠ ᠲᠥᠰᠦᠯ ᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠬᠦ ᠪᠠᠷ ᠲᠣᠭᠲᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号