ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠳᠤ ᠣᠷᠣᠯᠴᠠᠬᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠪᠡᠭᠡᠵᠢᠩ ᠳᠤ ᠬᠦᠷᠪᠡ
ᠨᠡᠶᠢᠲᠡᠯᠡᠭᠰᠡᠨ ᠴᠠᠭ᠄
2021/3/5
     3 ᠰᠠᠷ᠎ᠡ ᠶᠢᠨ 3 ᠤ ᠡᠳᠦᠷ᠂ ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠠᠳᠤᠭᠡᠷ ᠬᠤᠷᠠᠯ ᠳᠤ ᠤᠷᠤᠯᠴᠠᠬᠤ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠬᠦᠬᠡᠬᠤᠳᠠ ᠠᠴᠠ ᠮᠤᠷᠳᠠᠵᠤ᠂ ᠲᠦᠷᠭᠡᠨ ᠤ ᠭᠠᠯᠳᠤ ᠲᠡᠷᠭᠡ ᠪᠠᠷ ᠪᠡᠭᠡᠵᠢᠩ ᠳᠤ ᠬᠦᠷᠴᠤ᠂ ᠶᠡᠭᠡ ᠬᠤᠷᠠᠯ ᠳᠤ ᠨᠠᠷ᠎ᠡ ᠮᠡᠳᠡᠬᠦᠯᠪᠠ᠃      ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠴᠠ ᠨᠠᠭᠠᠰᠢ᠂ ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠶᠡᠷᠤᠩᠭᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠳᠤ ᠴᠡᠭᠡᠵᠢᠯᠡᠵᠤ᠂ ︽ᠵᠢᠷᠭᠤᠭ᠎ᠠ ᠶᠢ ᠲᠤᠬᠳᠠᠪᠤᠷᠢᠵᠢᠭᠤᠯᠬᠤ︾ ᠠᠵᠢᠯ ᠢ ᠰᠠᠶᠢᠳᠤᠷ ᠬᠢᠬᠦ᠂ ︽ᠵᠢᠷᠭᠤᠭ᠎ᠠ ᠶᠢ ᠪᠠᠳᠤᠯᠠᠬᠤ︾ ᠡᠬᠦᠷᠭᠡ ᠶᠢ ᠨᠠᠶᠢᠳᠠᠪᠤᠷᠢᠵᠢᠭᠤᠯᠬᠤ ᠠᠵᠢᠯ ᠢ ᠨᠠᠷᠢᠨ ᠬᠢᠨᠠᠮᠠᠭᠠᠢ ᠬᠦᠢᠴᠡᠳᠭᠡᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠠ ᠶᠢᠨ ︽ᠬᠤᠤᠰ ᠢᠯᠠᠯᠳᠠ︾ ᠶᠢ ᠲᠠᠮᠠᠴᠡᠨ ᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠡᠯᠡᠬᠦᠯᠬᠦ ᠡᠬᠦᠷᠭᠡ ᠬᠠᠷᠢᠭᠤᠴᠠᠯᠭ᠎ᠠ ᠪᠠᠨ ᠢᠳᠡᠪᠬᠢᠳᠡᠢ ᠬᠦᠢᠴᠡᠳᠭᠡᠵᠡᠢ᠃ ᠲᠡᠳᠡ ᠠᠷᠠᠳ ᠤᠨ ᠰᠠᠨᠠᠯ ᠢ ᠰᠤᠨᠤᠰᠴᠤ᠂ ᠠᠷᠠᠳ ᠤᠨ ᠰᠠᠨᠠᠯ ᠢ ᠴᠤᠬᠯᠠᠭᠤᠯᠵᠤ᠂ ᠠᠷᠠᠳ ᠤᠨ ᠤᠶᠤᠨ ᠤᠬᠠᠭᠠᠨ ᠢ ᠲᠦᠪᠯᠡᠷᠡᠬᠦᠯᠵᠤ᠂ ᠠᠷᠠᠳ ᠤᠨ ᠬᠦᠴᠤᠨ ᠴᠢᠳᠠᠯ ᠢ ᠨᠢᠬᠳᠠᠷᠠᠭᠤᠯᠵᠤ᠂ ᠴᠢᠨᠠᠷ ᠰᠠᠶᠢᠳᠠᠢ ᠰᠠᠨᠠᠯ ᠵᠦᠪᠯᠡᠯᠭᠡ ᠪᠠ ᠰᠠᠨᠠᠯ ᠰᠠᠨᠠᠭᠤᠯᠭ᠎ᠠ ᠪᠠᠨ ᠨᠠᠷᠢᠨ ᠨᠢᠮᠪᠠᠢ ᠪᠠᠯᠠᠳᠭᠡᠪᠡ᠃      ︽ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠪᠠᠶᠠᠯᠡᠬᠦᠯᠬᠦ ᠳᠤ᠂ ᠦᠨᠳᠤᠰᠤᠨ ᠱᠠᠳᠤᠨ ᠤ ᠨᠢᠭᠡᠳᠤᠭᠡᠷ ᠹᠷᠤᠨᠲ ᠠᠴᠠ ᠢᠷᠡᠭᠰᠡᠨ ᠲᠦᠯᠦᠭᠡᠯᠡᠭᠴᠢᠳ ᠡᠬᠦᠷᠭᠡ ᠢᠷᠠᠭᠤ ᠠᠯᠳᠠᠷᠳᠠᠢ᠂ ᠬᠠᠷᠢᠭᠤᠴᠠᠯᠭ᠎ᠠ ᠬᠦᠨᠳᠤ ᠶᠡᠭᠡ ᠭᠡᠳᠡᠭ ᠢ ᠬᠦᠨᠵᠡᠭᠡᠢ ᠮᠡᠳᠡᠷᠡᠪᠠ︾ ᠭᠡᠵᠦ ᠰᠢᠯᠢ ᠶᠢᠨ ᠭᠤᠤᠯ ᠠᠶᠢᠮᠠᠭ ᠤᠨ ᠲᠤᠯᠤᠨ ᠨᠠᠭᠤᠷ ᠰᠢᠶᠠᠨ ᠠᠴᠠ ᠢᠷᠡᠭᠰᠡᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢ ᠯᠢ ᠬᠦᠸᠧ ᠴᠢᠨ ᠬᠡᠯᠡᠨ᠎ᠡ᠃ ᠲᠡᠬᠦᠨ ᠤ ᠨᠤᠳᠤᠭ ᠨᠢ ︽ᠡᠯᠡᠰᠤᠨ ᠬᠤᠳᠤᠭᠤᠷ︾ ᠪᠠᠶᠢᠬᠰᠡᠨ ᠠᠴᠠ ᠠᠮᠢ ᠠᠬᠤᠢ ᠶᠢᠨ ᠠᠰᠢᠭ ᠢ ᠬᠦᠷᠳᠡᠬᠦ ᠬᠦᠷᠳᠡᠯ᠎ᠡ᠂ ᠡᠳᠤᠭᠡ ᠶᠠᠭ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠵᠠᠮ ᠢᠶᠠᠷ ᠤᠷᠤᠬᠰᠢᠯᠠᠵᠤ ᠪᠠᠶᠢᠨ᠎ᠡ᠃ ︽ᠪᠢ ᠬᠦᠳᠡᠭᠡ ᠲᠤᠰᠬᠤᠨ ᠤ ᠠᠵᠤ ᠦᠢᠯᠡᠰ ᠬᠦᠭᠵᠢᠵᠤ᠂ ᠬᠠᠮᠳᠤ ᠶᠢᠨ ᠠᠵᠤ ᠠᠬᠤᠢ ᠬᠦᠴᠦᠷᠭᠡᠭᠵᠢᠵᠤ᠂ ᠬᠦᠳᠡᠭᠡ ᠲᠤᠰᠬᠤᠨ ᠪᠤᠯᠪᠠᠰᠤᠨ ᠢᠶᠠᠷ ᠬᠦᠭᠵᠢᠬᠦ ᠪᠤᠯᠤᠭᠠᠰᠠᠢ ᠭᠡᠵᠤ ᠬᠦᠰᠡᠵᠤ ᠪᠠᠶᠢᠭ᠎ᠠ ᠭᠤᠷᠪᠡᠨ ᠬᠦᠰᠡᠯ ᠪᠠᠶᠢᠨ᠎ᠠ︾᠃ ᠯᠢ ᠬᠦᠸᠧ ᠴᠢᠨ᠂ ᠡᠨᠡ ᠵᠢᠯ ᠠᠮᠢ ᠠᠬᠤᠢ ᠶᠢᠨ ᠠᠰᠠᠭᠤᠳᠠᠯ ᠳᠤ ᠦᠷᠬᠦᠯᠵᠢᠯᠡᠨ ᠠᠩᠬᠠᠷᠤᠯ ᠢᠶᠠᠨ ᠬᠠᠨᠳᠤᠭᠤᠯᠬᠤ ᠠᠴᠠ ᠭᠠᠳᠠᠨ᠎ᠡ ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠲᠡᠭᠡᠷ᠎ᠡ ᠨᠡᠩ ᠤᠯᠠᠨ ᠠᠩᠬᠠᠷᠤᠯ ᠢᠶᠠᠨ ᠲᠦᠪᠯᠡᠷᠡᠬᠦᠯᠤᠨ᠎ᠡ ᠭᠡᠵᠤ ᠬᠡᠯᠡᠨ᠎ᠡ᠃      ᠸᠠᠩ ᠵᠢᠶᠦ᠋ᠨ ᠰᠢᠶᠠᠩ ᠲᠦᠯᠦᠭᠡᠯᠡᠭᠴᠢ ᠨᠠᠷᠢᠨ ᠨᠢᠮᠪᠠᠢ ᠪᠠᠶᠢᠴᠠᠭᠠᠨ ᠰᠤᠳᠤᠯᠬᠤ ᠪᠠᠷ ᠲᠠᠮᠵᠢᠭᠤᠯᠵᠤ᠂ ᠬᠤᠷᠠᠯ ᠳᠤ ᠤᠷᠤᠯᠴᠠᠬᠤ ᠪᠠᠷ ᠪᠠᠶᠢᠭ᠎ᠠ ᠪᠤᠰᠤᠳ ᠭᠡᠳᠤᠨ ᠲᠦᠯᠦᠭᠡᠯᠡᠭᠴᠢ ᠲᠠᠢ ᠬᠠᠮᠳᠤ ︽ᠤᠮᠠᠷᠠᠳᠤ ᠤᠷᠤᠨ ᠤ ᠬᠦᠳᠡᠭᠡ ᠲᠤᠰᠬᠤᠨ ᠳᠤ ᠪᠤᠬᠢᠷᠳᠤᠯ ᠦᠭᠡᠢ ᠰᠢᠳᠠᠭᠠᠯᠭ᠎ᠠ ᠶᠢᠨ ᠨᠡᠬᠦᠷᠡᠰᠤᠨ ᠤ ᠵᠤᠤᠬ᠎ᠠ ᠶᠢ ᠲᠡᠯᠭᠡᠷᠡᠬᠦᠯᠤᠨ ᠭᠡᠷᠡᠭᠯᠡᠵᠤ ᠠᠭᠠᠷ ᠮᠠᠨᠳᠠᠯ ᠤᠨ ᠪᠤᠬᠢᠷᠳᠤᠯ ᠢ ᠪᠠᠭᠠᠰᠬᠠᠬᠤ︾᠂ ︽ᠬᠤᠷᠴᠢᠨ ᠪᠠ ᠬᠤᠯᠠᠨ ᠰᠢᠷᠭ᠎ᠠ ᠲᠠᠭ᠎ᠠ ᠶᠢᠨ ᠡᠯᠡᠰᠤᠷᠭᠡᠭ ᠭᠠᠵᠠᠷ ᠤᠨ ᠵᠠᠰᠠᠯᠳᠠ ᠶᠢ ᠲᠠᠮᠵᠢᠬᠦ︾ ᠵᠡᠷᠭᠡ ᠶᠢ ᠪᠠᠭᠳᠠᠭᠠᠬᠰᠡᠨ ᠰᠠᠨᠠᠯ ᠰᠠᠨᠠᠭᠤᠯᠭ᠎ᠠ ᠪᠠᠨ ᠬᠢᠨᠠᠮᠠᠭᠠᠢ ᠡᠮᠬᠢᠯᠡᠨ ᠬᠤᠷᠢᠶᠠᠩᠭᠤᠢᠢᠯᠠᠪᠠ᠃ ᠲᠡᠷᠡ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢ ᠪᠤᠯᠤᠬᠰᠡᠨ ᠤ ᠬᠤᠪᠢ ᠳᠤ᠂ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠭᠡᠵᠤ᠂ ᠠᠷᠠᠳ ᠲᠦᠮᠡᠨ ᠤ ᠰᠠᠨᠠᠯ ᠪᠠ ᠰᠡᠳᠬᠢᠯ ᠤᠨ ᠲᠠᠭᠤᠨ ᠢ ᠲᠤᠰᠬᠠᠨ᠎ᠡ ᠭᠡᠵᠤ ᠢᠯᠡᠳᠭᠡᠨ᠎ᠡ᠃      ᠵᠠᠩ ᠵᠢᠢ ᠰᠢᠨ ᠲᠦᠯᠦᠭᠡᠯᠡᠭᠴᠢ ᠶᠢᠨ ᠪᠠᠶᠢᠭ᠎ᠠ ᠪᠠᠶᠠᠨᠨᠠᠭᠤᠷ ᠬᠤᠳᠠ ᠶᠢᠨ ᠬᠠᠨᠭ᠍ᠬᠢᠨ ᠬᠤᠶᠢᠳᠤ ᠬᠤᠰᠢᠭᠤᠨ ᠤ ᠱᠠᠮᠪᠠ ᠪᠠᠯᠭᠠᠰᠤᠨ ᠤ ᠵᠦᠩ ᠨᠠᠨ ᠴᠢᠦᠢ ᠲᠤᠰᠬᠤᠨ ᠨᠢ ᠮᠢᠬᠠᠨ ᠦᠭᠡᠷ ᠲᠡᠵᠢᠭᠡᠨ ᠦᠷᠡᠵᠢᠬᠦᠯᠬᠦ ᠪᠠᠷ ᠲᠠᠮᠵᠢᠭᠤᠯᠵᠤ ᠲᠤᠰᠬᠤᠨ ᠤ ᠠᠷᠠᠳ ᠢᠶᠠᠨ ᠲᠠᠶᠢᠴᠢᠯᠡᠨ ᠤᠷᠤᠯᠭ᠎ᠠ ᠶᠢ ᠨᠢ ᠲᠠᠰᠤᠷᠠᠯᠳᠠ ᠦᠭᠡᠢ ᠨᠡᠮᠡᠭᠳᠡᠬᠦᠯᠵᠤ᠂ ᠲᠤᠬᠠᠢ ᠶᠢᠨ ᠭᠠᠵᠠᠷ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠳᠤ ᠯᠤᠳᠤ ᠶᠡᠭᠡ ᠬᠤᠪᠢ ᠨᠠᠮᠠᠷᠢ ᠦᠵᠡᠬᠦᠯᠪᠠ᠃ ᠡᠨᠡ ᠵᠢᠯ᠂ ᠵᠠᠩ ᠵᠢᠢ ᠰᠢᠨ ᠮᠦᠨ ᠬᠦ ᠮᠢᠬᠠᠨ ᠦᠭᠡᠷ ᠲᠡᠵᠢᠭᠡᠨ ᠦᠷᠡᠵᠢᠬᠦᠯᠬᠦ ᠦᠢᠯᠡᠰ ᠲᠤ ᠠᠩᠬᠠᠷᠤᠯ ᠢᠶᠠᠨ ᠬᠠᠨᠳᠤᠭᠤᠯᠵᠤ ᠪᠠᠶᠢᠨ᠎ᠡ᠂ ᠲᠡᠷᠡ ᠤᠯᠤᠰ ᠠᠴᠠ ᠮᠢᠬᠠᠨ ᠦᠭᠡᠷ ᠲᠡᠵᠢᠭᠡᠨ ᠦᠷᠡᠵᠢᠬᠦᠯᠬᠦ ᠲᠠᠭᠠᠳᠬᠠᠯ ᠢ ᠲᠦᠷᠦ ᠶᠢᠨ ᠪᠤᠳᠤᠯᠭ᠎ᠠ ᠶᠢᠨ ᠴᠢᠨᠠᠷᠳᠠᠢ ᠲᠠᠭᠠᠳᠬᠠᠯ ᠳᠤ ᠤᠷᠤᠭᠤᠯᠵᠤ᠂ ᠮᠠᠯᠴᠢᠨ ᠲᠠᠷᠢᠶᠠᠴᠢᠨ ᠤ ᠮᠢᠬᠠᠨ ᠦᠭᠡᠷ ᠲᠡᠵᠢᠭᠡᠨ ᠦᠷᠡᠵᠢᠬᠦᠯᠬᠦ ᠲᠦᠭᠰᠢᠬᠦᠷᠢ ᠶᠢ ᠪᠠᠭᠠᠰᠬᠠᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠲᠤᠮᠳᠠ ᠮᠢᠬᠠᠨ ᠦᠭᠡᠷ ᠲᠡᠵᠢᠭᠡᠨ ᠦᠷᠡᠵᠢᠬᠦᠯᠬᠦ ᠦᠢᠯᠡᠰ ᠤᠨ ᠦᠢᠯᠡᠳᠤᠯ ᠢ ᠴᠢᠨᠠᠬᠰᠢᠳᠠ ᠪᠠᠳᠠᠷᠠᠭᠤᠯᠬᠤ ᠲᠤᠬᠠᠢ ᠰᠠᠨᠠᠯ ᠰᠠᠨᠠᠭᠤᠯᠭ᠎ᠠ ᠲᠤᠷᠠᠳᠬᠤ ᠪᠠᠷ ᠪᠠᠶᠢᠨ᠎ᠡ᠃      ᠡᠨᠡ ᠵᠢᠯ ᠪᠤᠯ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠬᠳᠠᠬᠰᠡᠨ 100 ᠵᠢᠯ ᠤᠨ ᠤᠢ ᠪᠤᠯᠬᠤ ᠪᠦᠭᠡᠳ ᠪᠠᠰᠠ ᠨᠡᠶᠢᠭᠡᠮ ᠵᠢᠷᠤᠮᠳᠤ ᠤᠳᠤᠬᠢᠴᠢᠯᠠᠬᠰᠡᠨ ᠤᠯᠤᠰ ᠢ ᠪᠦᠬᠦ ᠲᠠᠯ᠎ᠡ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠬᠦᠯᠬᠦ ᠵᠢᠯ ᠪᠤᠯᠤᠨ᠎ᠡ᠃ ᠡᠨᠡ ᠬᠦ ᠤᠨᠴᠠᠭᠠᠢ ᠴᠠᠭ ᠦᠶ᠎ᠡ ᠳᠤ ᠬᠤᠷᠠᠯᠳᠤᠬᠤ ᠪᠦᠬᠦ ᠤᠯᠤᠰ ᠤᠨ ᠬᠤᠶᠠᠷ ᠬᠤᠷᠠᠯ ᠨᠢ ᠨᠡᠩ ᠤᠯᠠᠨ ᠠᠴᠢ ᠬᠤᠯᠪᠤᠬᠳᠠᠯ ᠪᠠ ᠬᠦᠰᠡᠯ ᠡᠷᠡᠮᠡᠯᠵᠡᠯ ᠢ ᠠᠴᠢᠶᠠᠯᠠᠪᠠ᠃ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠳᠤ 60 ᠲᠦᠯᠦᠭᠡᠯᠡᠭᠴᠢ ᠲᠠᠢ᠃ ᠲᠡᠳᠡ᠂ ᠪᠦᠬᠦ ᠤᠷᠤᠨ ᠤ ᠦᠨᠳᠤᠰᠤᠳᠡᠨ ᠨᠦᠭᠦᠳ ᠤᠨ ᠺᠠᠳ᠋ᠷ ᠤᠯᠠᠨ ᠲᠦᠮᠡᠨ ᠤ ᠬᠦᠰᠡᠯ ᠡᠷᠡᠮᠡᠯᠵᠡᠯ ᠢ ᠡᠪᠤᠷᠯᠠᠵᠤ᠂ ᠡᠯ᠎ᠡ ᠵᠦᠢᠯ ᠤᠨ ᠠᠵᠢᠯ ᠤᠨ ᠢᠯᠡᠳᠭᠡᠯ ᠮᠡᠳᠡᠬᠦᠯᠦᠯᠳᠠ ᠶᠢ ᠬᠢᠨᠠᠮᠠᠭᠠᠢ ᠬᠢᠨᠡᠨ ᠵᠦᠪᠯᠡᠵᠤ᠂ ᠬᠤᠷᠠᠯ ᠤᠨ ᠭᠤᠤᠯ ᠰᠡᠳᠦᠪ ᠤᠨ ᠲᠤᠭᠤᠷᠢᠨ ᠳᠤ ᠴᠢᠨᠠᠷ ᠰᠠᠶᠢᠳᠠᠢ ᠰᠠᠨᠠᠯ ᠵᠦᠪᠯᠡᠯᠭᠡ ᠲᠤᠷᠠᠳᠤᠨ ᠠᠷᠭ᠎ᠠ ᠤᠬᠠᠭᠠᠨ ᠭᠠᠷᠭᠠᠵᠤ᠂ ᠡᠷᠡᠮᠡᠭᠡᠶᠢᠯᠡᠨ ᠲᠡᠮᠡᠴᠡᠬᠦ ᠤᠶᠤᠨ ᠰᠠᠨᠠᠭᠠᠨ ᠤ ᠲᠦᠷᠰᠤ ᠪᠠᠶᠢᠳᠠᠯ ᠪᠠ ᠲᠤᠰᠢᠶᠠᠯ ᠢᠶᠠᠨ ᠬᠦᠢᠴᠡᠳᠭᠡᠭᠰᠨᠨ ᠰᠢᠯᠢᠳᠡᠭ ᠢᠯᠡᠷᠡᠯ ᠢᠶᠠᠷ᠂ ᠶᠡᠭᠡ ᠬᠤᠷᠠᠯ ᠤᠨ ᠡᠯ᠎ᠡ ᠵᠦᠢᠯ ᠤᠨ ᠵᠦᠪᠯᠡᠬᠦ ᠵᠦᠢᠯ ᠢ ᠠᠮᠵᠢᠯᠳᠠᠳᠠᠢ ᠪᠠᠶᠠᠯᠡᠬᠦᠯᠵᠤ᠂ ︽ᠠᠷᠪᠡᠨ ᠲᠦᠷᠪᠡᠳᠤᠭᠡᠷ ᠲᠠᠪᠤᠨ ᠵᠢᠯ︾ ᠤᠨ ᠰᠠᠶᠢᠨ ᠡᠬᠢᠯᠡᠯᠳᠠ ᠶᠢ ᠪᠠᠶᠠᠯᠡᠬᠦᠯᠬᠦ ᠳᠤ ᠬᠠᠷᠢᠭᠤᠴᠠᠯᠭ᠎ᠠ ᠡᠬᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ᠎ᠡ ᠭᠡᠵᠤ ᠢᠯᠡᠷᠬᠡᠶᠢᠯᠡᠵᠡᠭᠡᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号