ᠮᠠᠨ ᠤ ᠣᠷᠣᠨ ᠳᠤ ᠰᠠᠭᠤᠭ᠎ᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠵᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠶᠠᠷᠢᠯᠴᠠᠵᠠᠢ
ᠨᠡᠶᠢᠲᠡᠯᠡᠭᠰᠡᠨ ᠴᠠᠭ᠄
2021/3/8
     3 ᠰᠠᠷ᠎ᠠ ᠶᠢᠨ 6 ᠤ ᠦᠳᠡ ᠶᠢᠨ ᠡᠮᠦᠨ᠎ᠡ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠳᠤ ᠣᠷᠣᠯᠴᠠᠵᠤ ᠪᠠᠶᠢᠭ᠎ᠠ ᠮᠠᠨ ᠤ ᠣᠷᠣᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠦᠪᠡᠷ ᠦᠪᠡᠷ ᠤᠨ ᠡᠯ᠎ᠡ ᠡᠲᠡᠭᠡᠳ ᠢᠯᠭᠠᠯ ᠤᠨ ᠳᠤᠭᠤᠶᠢᠯᠠᠩ ᠳᠠᠭᠠᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠶᠠᠷᠢᠯᠴᠠᠪᠠ᠃      ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠥᠮᠦᠨ ᠠᠮᠠ ᠡᠬᠢ ᠪᠠᠶᠠᠯᠢᠭ ᠣᠷᠴᠢᠨ ᠲᠣᠭᠤᠷᠢᠨ ᠤ ᠵᠥᠪᠯᠡᠯ ᠤᠨ ᠳᠡᠳ᠋ ᠡᠷᠬᠢᠯᠡᠭᠴᠢ ᠷᠧᠨ ᠶᠠ ᠫᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠦᠭᠴᠢ ᠯᠢ ᠪᠢᠩ ᠷᠦᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳ᠋ᠦᠩ ᠾᠧᠩ ᠢᠦᠢ᠂ ᠵᠧᠩ ᠹᠦ᠋ ᠲᠢᠶᠠᠨ᠂ ᠯᠢᠦ ᠰᠢᠨ ᠯᠧ ᠶᠠᠷᠢᠯᠴᠠᠬᠤ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠲᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠤᠸᠠᠨ ᡁᠢ ᠴᠢᠶᠠᠩ ᠳᠤᠭᠤᠶᠢᠯᠠᠩ ᠤᠨ ᠶᠠᠷᠢᠯᠴᠠᠬᠤ ᠳᠤ ᠰᠤᠯᠠ ᠣᠷᠣᠯᠴᠠᠪᠠ᠃      ᠶᠠᠷᠢᠯᠴᠠᠭ᠎ᠠ ᠶᠢᠨ ᠲᠤᠬᠠᠢ ᠶᠢᠨ ᠲᠠᠯᠠᠪᠠᠢ ᠳᠤ᠂ ᠭᠡᠰᠢᠭᠦᠳ ᠥᠪᠡᠷ ᠥᠪᠡᠷ ᠤᠨ ᠠᠵᠢᠯ ᠲᠠᠢ ᠪᠠᠨ ᠤᠶᠠᠯᠳᠤᠭᠤᠯᠤᠨ ᠢᠳᠡᠪᠬᠢᠲᠡᠢ ᠪᠠᠷ ᠦᠬᠡ ᠬᠡᠯᠡᠵᠡᠬᠡᠪᠡ᠃ ᠣᠯᠠᠨ ᠢᠶᠠᠷ ᠢᠶᠠᠨ᠂ ᠶᠡᠷᠦᠩᠬᠡᠶ ᠰᠠᠶᠢᠳ ᠯᠢ ᠺᠧ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠥᠩᠭᠡᠷᠡᠭᠰᠡᠨ ᠨᠢᠭᠡ ᠵᠢᠯ ᠤᠨ ᠠᠵᠢᠯ ᠪᠣᠯᠤᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠤᠰᠤᠳᠴᠢ ᠪᠠᠷ ᠳ᠋ᠦᠩᠨᠡᠵᠦ᠂ 2021 ᠣᠨ ᠤ ᠭᠤᠣᠯᠳᠠᠯᠭ᠎ᠠ ᠲᠠᠢ ᠠᠵᠢᠯ ᠪᠣᠯᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠭᠤᠤᠯ ᠬᠠᠷᠠᠯᠲᠠ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠲᠤᠭ ᠢ ᠥᠨᠳᠥᠷ ᠮᠠᠨᠳᠤᠭᠤᠯᠤᠭᠰᠠᠨ᠂ ᠵᠠᠮ ᠨᠡᠭᠡᠭᠡᠨ ᠰᠢᠨ᠎ᠡ ᠶᠢ ᠡᠭᠦᠳᠦᠭᠰᠡᠨ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ ᠰᠠᠶᠢᠨ ᠢᠯᠡᠳᠬᠡᠯ ᠪᠣᠯᠵᠠᠶ᠃ ᠥᠩᠭᠡᠷᠡᠭᠰᠡᠨ ᠨᠢᠭᠡ ᠵᠢᠯ ᠤᠨ ᠲᠤᠷᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠡᠷᠡᠯᠬᠡᠭᠯᠡᠨ ᠲᠡᠮᠡᠴᠡᠵᠦ ᠂ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ ᠣᠯᠵᠤ᠂ ᠪᠦᠬᠦ ᠪᠥᠮᠪᠥᠷᠴᠡᠭ ᠤᠨ ᠭᠤᠣᠯ ᠪᠣᠯᠬᠤ ᠠᠵᠤ ᠠᠬᠤᠢ ᠶᠢᠨ ᠴᠣᠭᠴᠠ ᠳᠤᠮᠳᠠ ᠴᠤᠷ ᠤᠨ ᠭᠠᠭᠴᠠ ᠠᠵᠤ ᠠᠬᠤᠢ ᠶᠢᠨ ᠡᠶᠡᠷᠬᠦ ᠨᠡᠮᠡᠭᠳᠡᠯ ᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠤᠷᠢᠳᠤ ᠢᠯᠠᠯᠲᠠ ᠶᠢ ᠣᠯᠬᠤ ᠲᠠᠯ᠎ᠠ ᠪᠠᠷ ᠰᠢᠢᠳᠪᠦᠷᠢᠲᠦ ᠴᠢᠨᠠᠷᠲᠠᠢ ᠠᠮᠵᠢᠯᠲᠠ ᠣᠯᠵᠠᠢ ᠭᠡᠵᠦ ᠦᠵᠡᠵᠡᠭᠡᠪᠡ᠃      ᠭᠡᠰᠢᠭᠦᠳ᠂ ᠢᠯᠡᠳᠬᠡᠯ ᠳᠤ ᠳᠤᠷᠠᠳᠤᠭᠰᠠᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠵᠦ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠰᠢᠪᠲᠤᠯᠤᠯᠲᠠ ᠭᠠᠷᠭᠠᠬᠤ ᠶᠢ ᠠᠬᠢᠭᠤᠯᠬᠤ᠂ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠪᠣᠯᠤᠨ ᠦᠨᠳᠦᠰᠦᠲᠡᠨ ᠤ ᠭᠠᠵᠠᠷ ᠣᠷᠣᠨ ᠤ ᠲᠦᠷᠭᠡᠨ ᠬᠥᠭᠵᠢᠯᠲᠡ ᠶᠢ ᠳᠡᠮᠵᠢᠬᠦ᠂ ᠬᠢᠯᠢ ᠬᠢᠵᠠᠭᠠᠷ ᠣᠷᠣᠨ ᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠡᠷᠭᠡ ᠠᠭᠤᠯᠭ᠎ᠠ ᠨᠢ ᠥᠪᠥᠷ ᠮᠣᠩᠭᠤᠯ ᠲᠠᠢ ᠨᠢᠭᠲᠠ ᠬᠤᠯᠪᠣᠭ᠎ᠠ ᠲᠠᠢ ᠶᠤᠮ᠃ ᠥᠪᠥᠷ ᠮᠣᠩᠭᠤᠯ ᠠᠵᠠ ᠳᠣᠬᠢᠶᠠᠯ ᠢ ᠠᠳᠬᠤᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠳᠤ ᠰᠠᠶᠢᠨ ᠡᠬᠢᠯᠡᠯᠳᠡ ᠲᠠᠢ ᠪᠠᠶᠢᠬᠤ ᠶᠢ ᠪᠠᠲᠤᠯᠠᠨ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠭᠠᠵᠤ᠂ ᠰᠢᠯᠢᠳᠡᠭ ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠬᠦ ᠬᠡᠷᠡᠭᠲᠡᠢ ᠭᠡᠵᠦ ᠦᠵᠡᠵᠡᠭᠡᠵᠡᠢ᠃      ᠭᠡᠰᠢᠭᠦᠳ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠬᠦᠴᠦᠯᠡᠨ ᠦᠢᠯᠡᠴᠢᠯᠡᠬᠦ ᠪᠠ ᠠᠭᠤᠰᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠤᠭᠴᠠᠯᠠᠨ᠂ ᠦᠨᠳᠦᠰᠦᠲᠡᠨ ᠤ ᠪᠥᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠵᠦ᠂ ᠤᠬᠠᠮᠰᠠᠷ ᠠᠴᠠ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠤᠬᠡ ᠶᠢ ᠭᠦᠨᠵᠡᠭᠡᠶ ᠰᠤᠷᠤᠯᠴᠠᠨ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠬᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠠᠵᠢᠯ ᠢ ᠢᠳᠡᠪᠬᠢᠲᠡᠶ ᠰᠠᠶᠢᠲᠤᠷ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠢ ᠰᠠᠶᠢᠳᠤᠷ ᠡᠬᠢᠯᠡᠬᠦᠯᠬᠦ ᠳᠤ ᠤᠯᠠᠨ ᠤ ᠣᠶᠤᠨ ᠤᠬᠠᠭᠠᠨ ᠢ ᠲᠥᠪᠯᠡᠷᠡᠭᠦᠯᠦᠨ ᠣᠯᠠᠨ ᠤ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ ᠢᠯᠡᠷᠬᠡᠶᠢᠯᠡᠵᠡᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号