ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠢᠨ᠎ᠡ ᠠᠷᠭ᠎ᠠ ᠬᠡᠮᠵᠢᠶ᠎ᠡ ᠵᠡᠷᠭᠡ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2021/4/2
     ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ      ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠨᠡᠩ ᠶᠡᠬᠡᠪᠡᠷ ᠬᠥᠭᠵᠢᠭᠡᠬᠦ ᠪᠠ ᠬᠥᠭᠵᠢᠯᠲᠡ ᠶᠢᠨ ᠨᠥᠭᠡᠴᠡ ᠬᠦᠴᠦᠨ ᠢ ᠨᠡᠮᠡᠭᠳᠡᠭᠦᠯᠬᠦ ᠶᠢᠨ ᠲᠣᠭᠤᠷᠢᠨ ᠳᠤ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠪᠡ      ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠶᠢ ᠠᠬᠢᠭᠤᠯᠬᠤ ᠪᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠶᠢᠨ ᠭᠠᠶᠢᠯᠢ ᠶᠢ ᠬᠥᠩᠭᠡᠯᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠰᠢᠯᠢᠳᠡᠭᠵᠢᠭᠦᠯᠬᠦ ᠶᠢ ᠪᠠᠶᠢᠷᠢᠯᠠᠭᠤᠯᠪᠠ      ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 3 ᠳ᠋ᠤᠭᠠᠷ ᠰᠠᠷ᠎ᠠ ᠶᠢᠨ 31 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠨᠡᠩ ᠶᠡᠬᠡᠪᠡᠷ ᠬᠥᠭᠵᠢᠭᠡᠬᠦ ᠪᠠ ᠬᠥᠭᠵᠢᠯᠲᠡ ᠶᠢᠨ ᠨᠥᠭᠡᠴᠡ ᠬᠦᠴᠦᠨ ᠢ ᠨᠡᠮᠡᠭᠳᠡᠭᠦᠯᠬᠦ ᠶᠢᠨ ᠲᠣᠭᠤᠷᠢᠨ ᠳᠤ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠪᠡ︔ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠶᠢ ᠠᠬᠢᠭᠤᠯᠬᠤ ᠪᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠶᠢᠨ ᠭᠠᠶᠢᠯᠢ ᠶᠢ ᠬᠥᠩᠭᠡᠯᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠰᠢᠯᠢᠳᠡᠭᠵᠢᠭᠦᠯᠬᠦ ᠶᠢ ᠪᠠᠶᠢᠷᠢᠯᠠᠭᠤᠯᠪᠠ᠃      ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠤ᠂ ᠡᠷᠬᠡᠪᠰᠢ ᠣᠳᠣᠬᠠᠨ ᠤ ᠠᠵᠤ ᠠᠬᠤᠢ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠤᠨ ᠨᠢᠭᠲᠠᠯᠠᠵᠤ᠂ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ︽ᠪᠠᠲᠤᠯᠠᠬᠤ︾ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ︽ᠲᠣᠭᠲᠠᠭᠤᠨ︾ ᠤ ᠰᠠᠭᠤᠷᠢ ᠶᠢ ᠪᠠᠬᠢᠵᠢᠭᠦᠯᠵᠦ᠂ ᠠᠵᠤ ᠠᠬᠤᠢ ᠶᠢᠨ ᠲᠣᠭᠲᠠᠭᠤᠨ ᠢᠶᠠᠷ ᠠᠵᠢᠯᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠪᠡ᠃      ᠬᠤᠷᠠᠯ ᠠᠴᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠨᠡᠩ ᠶᠡᠬᠡᠪᠡᠷ ᠬᠥᠭᠵᠢᠭᠡᠬᠦ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠨ ᠠᠷᠠᠳ ᠤᠨ ᠠᠮᠢᠳᠤᠷᠠᠯ ᠢ ᠪᠠᠲᠤᠯᠠᠬᠤ ᠶᠢ ᠠᠬᠢᠭᠤᠯᠬᠤ ᠲᠣᠭᠤᠷᠢᠨ ᠳᠤ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠪᠠ᠃ ᠨᠢᠭᠡ ᠳᠤ᠂ ᠠᠵᠢᠯ ᠣᠯᠭᠤᠬᠤ ᠣᠷᠴᠢᠨ ᠨᠥᠬᠦᠴᠡᠯ ᠢ ᠰᠠᠶᠢᠵᠢᠷᠠᠭᠤᠯᠬᠤ ᠬᠡᠷᠡᠭᠲᠡᠢ᠃ ᠵᠥᠪᠰᠢᠶᠡᠷᠡᠨ ᠣᠷᠣᠭᠤᠯᠬᠤ ᠲᠦᠷᠦᠯ ᠤᠨ ᠠᠵᠢᠯ ᠮᠡᠷᠭᠡᠵᠢᠯ ᠤᠨ ᠬᠢᠷᠢ ᠬᠡᠮ ᠤᠨ ᠲᠤᠭ᠎ᠠ ᠬᠡᠮᠵᠢᠶ᠎ᠡ ᠶᠢ ᠪᠠᠭᠠᠰᠬᠠᠨ᠂ ᠨᠡᠶᠢᠭᠡᠮᠴᠢᠯᠡᠭᠰᠡᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠠᠵᠢᠯ ᠢ ᠠᠬᠢᠭᠤᠯᠬᠤ ᠬᠡᠷᠡᠭᠲᠡᠢ᠃ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠡᠷᠡᠭᠦᠯ ᠢᠶᠠᠷ ᠬᠥᠭᠵᠢᠬᠦ ᠶᠢ ᠳᠡᠮᠵᠢᠬᠦ ᠬᠡᠷᠡᠭᠲᠡᠢ᠃ ᠠᠮᠢᠳᠤᠯᠢᠭ ᠢᠶᠠᠷ ᠠᠵᠢᠯ ᠣᠯᠭᠤᠬᠤ ᠪᠠ ᠠᠵᠢᠯ ᠮᠡᠷᠭᠡᠵᠢᠯ ᠤᠨ ᠭᠡᠮᠲᠦᠯ ᠤᠨ ᠪᠠᠲᠤᠯᠠᠭ᠎ᠠ ᠶᠢᠨ ᠲᠤᠷᠰᠢᠯᠲᠠ ᠶᠢ ᠠᠬᠢᠭᠤᠯᠵᠤ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠠᠮᠢᠳᠤᠯᠢᠭ ᠢᠶᠠᠷ ᠠᠵᠢᠯ ᠣᠯᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ ᠬᠤᠶᠠᠷ ᠲᠤ᠂ ᠠᠵᠤ ᠠᠬᠤᠶᠢᠯᠠᠯ ᠳᠤ ᠬᠤᠯᠪᠣᠭᠳᠠᠬᠤ ᠬᠢᠨᠠᠨ ᠵᠥᠪᠰᠢᠶᠡᠷᠡᠯ ᠤᠨ ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠵᠠᠷᠤᠳᠠᠯ ᠢ ᠪᠠᠭᠠᠰᠬᠠᠬᠤ ᠶᠢ ᠠᠬᠢᠭᠤᠯᠬᠤ ᠬᠡᠷᠡᠭᠲᠡᠢ᠃ ᠲᠠᠸᠠᠷ ᠤᠨ ᠲᠡᠮᠳᠡᠭ ᠤᠨ ᠲᠤᠰᠬᠠᠶ ᠠᠰᠢᠭ ᠳᠠᠩᠰᠠᠯᠠᠭᠤᠯᠬᠤ ᠭᠤᠶᠤᠴᠢᠯᠠᠯ ᠤᠨ ᠪᠥᠬᠦ ᠶᠠᠪᠤᠴᠠ ᠶᠢ ᠡᠯᠧᠺᠳ᠋ᠷᠤᠨᠴᠢᠯᠡᠬᠦ ᠶᠢ ᠲᠥᠷᠭᠡᠳᠬᠡᠬᠦ ᠬᠡᠷᠡᠭᠲᠡᠢ᠃ ᠬᠠᠤᠯᠢ ᠶᠢ ᠰᠠᠬᠢᠵᠤ ᠲᠣᠭᠲᠠᠭᠠᠯ ᠳᠤ ᠨᠡᠶᠢᠴᠡᠭᠰᠡᠨ ᠠᠵᠤ ᠠᠬᠤᠶᠢᠯᠠᠯ ᠪᠠ ᠲᠦᠭᠰᠢᠭᠦᠷᠢ ᠳᠣᠣᠷ᠎ᠠ ᠲᠠᠸᠠᠷ ᠤᠨ ᠪᠣᠭᠤᠮᠲᠠ ᠪᠠᠷ ᠥᠩᠭᠡᠷᠡᠬᠦ ᠶᠢ ᠪᠠᠶᠢᠴᠠᠭᠠᠨ ᠰᠢᠯᠭᠠᠬᠤ ᠨᠤᠷᠮ᠎ᠠ ᠶᠢ ᠪᠠᠭᠤᠷᠠᠭᠤᠯᠬᠤ ᠬᠡᠷᠡᠭᠲᠡᠢ᠃ ᠭᠠᠷᠠᠮ ᠤᠨ ᠬᠤᠷᠢᠶᠠᠬᠤ ᠰᠦᠢᠳᠬᠡᠯ ᠢ ᠬᠠᠰᠤᠬᠤ ᠪᠠ ᠨᠡᠶᠢᠯᠡᠭᠦᠯᠬᠦ ᠬᠡᠷᠡᠭᠲᠡᠢ ᠃ ᠭᠤᠷᠪᠠ ᠳᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢ ᠳᠡᠮᠵᠢᠬᠦ ᠬᠡᠷᠡᠭᠲᠡᠢ᠃ ᠲᠣᠭᠲᠠᠭᠠᠯ ᠢ ᠵᠥᠷᠢᠴᠡᠨ ᠲᠣᠬᠢᠷᠠᠭᠤᠯᠤᠭᠰᠠᠨ ᠭᠠᠷ ᠳᠠᠮᠵᠢᠭᠰᠠᠨ ᠮᠠᠰᠢᠨ ᠲᠡᠷᠭᠡᠨ ᠤ ᠨᠡᠭᠦᠵᠦ ᠣᠷᠣᠬᠤ ᠬᠢᠵᠠᠭᠠᠷᠯᠠᠯ ᠢ ᠦᠭᠡᠶᠢᠰᠬᠡᠵᠦ᠂ ᠵᠢᠭᠤᠯᠴᠢᠯᠠᠯ ᠤᠨ ᠣᠷᠣᠨ ᠤ ᠠᠷᠠᠳ ᠤᠨ ᠣᠷᠣᠨ ᠰᠠᠭᠤᠴᠠ ᠵᠡᠷᠭᠡ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠵᠣᠬᠢᠰᠲᠠᠶ ᠠᠭᠤᠵᠢᠭᠤ ᠲᠠᠯᠪᠢᠬᠤ ᠬᠡᠷᠡᠭᠲᠡᠢ᠃ ᠲᠦᠷᠪᠡ ᠳᠤ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠬᠠᠩᠭᠠᠯᠭ᠎ᠠ ᠶᠢ ᠰᠢᠯᠢᠳᠡᠭᠵᠢᠭᠦᠯᠬᠦ ᠬᠡᠷᠡᠭᠲᠡᠢ᠃ ᠠᠷᠠᠳ ᠤᠨ ᠠᠮᠢᠳᠤᠷᠠᠯ ᠳᠤ ᠬᠤᠯᠪᠣᠭᠳᠠᠬᠤ ᠨᠡᠩ ᠤᠯᠠᠨ ᠦᠢᠯᠡᠴᠢᠯᠡᠭᠡᠨ ᠤ ᠵᠦᠢᠯᠡᠰ ᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠠᠬᠢᠭᠤᠯᠬᠤ ᠬᠡᠷᠡᠭᠲᠡᠢ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠬᠦᠴᠦᠨ ᠢ ᠲᠠᠲᠠᠵᠤ ᠴᠢᠳᠠᠪᠤᠷᠢ ᠶᠢ ᠨᠢ ᠥᠷᠭᠡᠳᠬᠡᠵᠦ᠂ ᠡᠵᠡᠩᠨᠡᠯᠲᠡ ᠪᠠ ᠦᠢᠯᠡᠴᠢᠯᠡᠭᠡᠨ ᠤ ᠶᠠᠰᠤ ᠴᠢᠨᠠᠷ ᠢ ᠨᠢ ᠳᠡᠭᠡᠭᠰᠢᠯᠡᠭᠦᠯᠬᠦ ᠬᠡᠷᠡᠭᠲᠡᠢ᠃ ᠲᠠᠪᠤ ᠳᠤ᠂ ᠲᠥᠪ ᠭᠤᠣᠯᠴᠢ ᠪᠠᠷ ᠬᠢᠨᠠᠨ ᠬᠠᠮᠢᠶᠠᠷᠬᠤ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠢ᠃ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠥᠪ ᠭᠤᠤᠯᠴᠢ ᠪᠠᠷ ᠬᠢᠨᠠᠨ ᠬᠠᠮᠢᠶᠠᠷᠬᠤ ᠶᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢᠨ ᠴᠢᠬᠤᠯᠠ ᠪᠥᠬᠦᠶ ᠪᠠᠲᠤᠯᠠᠭ᠎ᠠ ᠪᠣᠯᠭᠠᠵᠤ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠢᠨᠠᠨ ᠬᠠᠮᠢᠶᠠᠷᠬᠤ ᠲᠦᠷᠢᠮ ᠪᠠ ᠪᠠᠷᠢᠮᠵᠢᠶ᠎ᠠ ᠶᠢ ᠪᠦᠷᠢᠨᠰᠢᠭᠦᠯᠵᠦ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠲᠦᠷᠢᠮ ᠢ ᠪᠠᠶᠢᠭᠤᠯᠤᠨ᠂ ᠤᠴᠢᠷ ᠶᠠᠪᠤᠳᠠᠯ ᠤᠨ ᠳᠤᠮᠳᠠ ᠪᠠ ᠤᠴᠢᠷ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠤᠯᠲᠠ ᠳᠤ ᠰᠢᠨ᠎ᠡ ᠶᠢ ᠡᠭᠦᠳᠬᠦ ᠪᠠ ᠴᠢᠩᠭᠠᠳᠬᠠᠵᠤ᠂ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠪᠠ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠬᠤ ᠵᠦᠢᠯ ᠢ ᠴᠢᠩᠭ᠎ᠠ ᠬᠢᠨᠠᠨ ᠬᠠᠮᠢᠶᠠᠷᠬᠤ ᠬᠡᠷᠡᠭᠲᠡᠶ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠠᠮᠢᠵᠢᠷᠠᠯ ᠤᠨ ᠬᠦᠴᠦᠨ ᠢ ᠴᠢᠯᠦᠭᠡᠯᠡᠵᠦ᠂ ᠭᠤᠣᠯᠴᠢ ᠪᠠᠷ ᠬᠠᠮᠢᠶᠠᠷᠴᠤ᠂ ᠦᠷ᠎ᠡ ᠪᠦᠲᠦᠮᠵᠢ ᠲᠠᠢ ᠦᠢᠯᠡᠴᠢᠯᠡᠬᠦ ᠬᠡᠷᠡᠭᠲᠡᠢ᠃      ᠬᠤᠷᠠᠯ ᠠᠴᠠ ᠵᠢᠭᠠᠬᠤ ᠳᠤ ᠪᠠᠨ᠂ ᠡᠨᠡ ᠵᠢᠯ ᠵᠠᠷᠢᠮ ᠱᠠᠲᠤ ᠦᠶ᠎ᠡ ᠶᠢᠨ ᠴᠢᠨᠠᠷᠲᠠᠶ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠶᠢᠨ ᠵᠡᠷᠭᠡ ᠳᠤ ︽ᠪᠠᠴᠢᠮ ᠡᠷᠭᠢᠯᠲᠡ︾ ᠭᠠᠷᠭᠠᠬᠤ ᠦᠭᠡᠶ᠂ ᠲᠤᠯᠭᠠᠨ ᠬᠠᠷᠢᠴᠠᠭᠤᠯᠬᠤ ᠠᠷᠭ᠎ᠠ ᠬᠡᠮᠵᠢᠶ᠎ᠡ ᠠᠪᠴᠤ ᠪᠠᠶᠢᠭᠠᠳ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠪᠰᠤᠷᠤᠨ ᠬᠦᠴᠦ ᠲᠠᠮᠢᠷ ᠢ ᠨᠢ ᠰᠡᠷᠭᠦᠭᠡᠵᠦ᠂ ᠠᠵᠤ ᠠᠬᠤᠶ ᠶᠢᠨ ᠰᠡᠷᠭᠦᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠡᠢ᠃ ᠬᠤᠷᠠᠯ ᠠᠴᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠣᠯᠤᠨ ᠲᠡᠷᠢᠭᠦᠨ ᠤ ᠦᠢᠯᠡᠳᠬᠦ ᠦᠢᠯᠡᠰ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠳᠡᠮᠵᠢᠬᠦ ᠪᠠᠷ ᠲᠣᠭᠲᠠᠭᠠᠵᠠᠶ᠃ ᠨᠢᠭᠡ ᠳᠤ᠂ ᠵᠢᠵᠢᠭ ᠪᠢᠴᠢᠯ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠤᠨ ᠡᠷᠴᠢᠮ ᠢ ᠴᠢᠩᠭᠠᠷᠠᠭᠤᠯᠬᠤ ᠶᠢᠨ ᠬᠠᠮᠲᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠣᠷᠣᠭᠤᠯᠵᠤ᠂ ᠡᠨᠡ ᠵᠢᠯ ᠤᠨ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠳᠠᠷᠠᠭ᠎ᠠ ᠵᠢᠯ ᠤᠨ ᠡᠴᠦᠰ ᠪᠣᠯᠲᠠᠯ᠎ᠠ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠵᠢᠯ ᠤᠨ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠨᠢ 100 ᠲᠦᠮᠡᠨ ᠲᠥᠭᠦᠷᠢᠭ ᠬᠥᠷᠬᠦ ᠥᠬᠡᠶ ᠬᠡᠰᠡᠭ ᠠᠴᠠ ᠣᠲᠣ ᠶᠢᠨ ᠬᠡᠷᠡᠭᠵᠢᠭᠦᠯᠵᠦ ᠪᠠᠶᠢᠭ᠎ᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ ᠠᠰᠢᠭ ᠣᠷᠣᠯᠭ᠎ᠠ ᠶᠢᠨ ᠭᠠᠶᠢᠯᠢ ᠶᠢ ᠳᠠᠬᠢᠨ ᠬᠠᠭᠠᠰ ᠢᠶᠠᠷ ᠬᠠᠰᠤᠵᠤ᠂ ᠪᠣᠳᠠᠲᠠᠶ ᠭᠠᠶᠢᠯᠢ ᠶᠢᠨ ᠳᠠᠷᠤᠭᠠᠰᠤ ᠶᠢ ᠤᠯᠠᠮ ᠨᠢᠭᠡ ᠠᠯᠬᠤᠮ ᠪᠠᠭᠤᠷᠠᠭᠤᠯᠬᠤ ᠬᠡᠷᠡᠭᠲᠡᠢ᠃ ᠬᠤᠶᠠᠷ ᠲᠤ᠂ ᠡᠨᠡ ᠵᠢᠯ ᠤᠨ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠳᠠᠷᠠᠭ᠎ᠠ ᠵᠢᠯ ᠤᠨ ᠡᠴᠦᠰ ᠪᠣᠯᠲᠠᠯ᠎ᠠ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢᠳ ᠤᠨ ᠥᠷᠲᠡᠭ ᠤᠨ ᠨᠡᠮᠡᠭᠳᠡᠯ ᠤᠨ ᠭᠠᠶᠢᠯᠢ ᠶᠢᠨ ᠡᠬᠢᠯᠡᠵᠦ ᠲᠠᠲᠠᠪᠤᠷᠢᠯᠠᠬᠤ ᠴᠡᠭ ᠢ ᠣᠲᠣ ᠶᠢᠨ ᠬᠡᠷᠡᠭᠵᠢᠭᠦᠯᠵᠦ ᠪᠠᠶᠢᠭ᠎ᠠ ᠰᠠᠷ᠎ᠠ ᠶᠢᠨ ᠪᠣᠷᠣᠯᠠᠭᠤᠯᠭ᠎ᠠ 10 ᠲᠦᠮᠡᠨ ᠲᠥᠭᠦᠷᠢᠭ ᠠᠴᠠ 15 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠡᠨᠡ ᠵᠢᠯ ᠤᠨ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠲᠡᠭᠡᠭᠡᠪᠦᠷᠢ ᠶᠢᠨ ᠲᠥᠬᠦᠭᠡᠷᠦᠮᠵᠢ᠂ ᠴᠠᠬᠢᠯᠭᠠᠨ ᠤ ᠮᠧᠬᠠᠨᠢᠭ ᠲᠥᠬᠦᠭᠡᠷᠦᠮᠵᠢ᠂ ᠬᠡᠮᠵᠢᠭᠦᠷ ᠪᠠᠭᠠᠵᠢ᠂ ᠡᠮ ᠡᠮᠨᠡᠯᠭᠡ᠂ ᠬᠢᠮᠢ ᠶᠢᠨ ᠰᠢᠷᠬᠡᠭᠯᠢᠭ ᠵᠡᠷᠭᠡ ᠦᠢᠯᠡᠳᠬᠦ ᠦᠢᠯᠡᠰ ᠤᠨ ᠠᠵᠤ ᠠᠬᠤᠶᠢᠯᠠᠯ ᠢ ᠲᠡᠷᠢᠭᠦᠨ ᠤ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠥᠷᠲᠡᠭ ᠤᠨ ᠨᠡᠮᠡᠭᠳᠡᠯ ᠤᠨ ᠭᠠᠶᠢᠯᠢ ᠶᠢᠨ ᠦᠯᠡᠳᠡᠭᠡᠯ ᠢ ᠪᠤᠴᠠᠭᠠᠬᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠣᠷᠣᠭᠤᠯᠵᠤ᠂ ᠰᠠᠷ᠎ᠠ ᠪᠠᠷ ᠨᠢᠭᠡᠴᠢ ᠪᠣᠯᠭᠠᠨ ᠨᠡᠮᠡᠭᠳᠡᠯ ᠤᠨ ᠬᠡᠮᠵᠢᠶ᠎ᠡ ᠶᠢᠨ ᠦᠯᠡᠳᠡᠭᠡᠯ ᠭᠠᠶᠢᠯᠢ ᠶᠢ ᠪᠦᠬᠦᠨ ᠢ ᠪᠤᠴᠠᠭᠠᠬᠤ ᠶᠢ ᠬᠡᠷᠡᠭᠵᠢᠭᠦᠯᠬᠦ ᠬᠡᠷᠡᠭᠲᠡᠢ᠃ ᠳᠡᠭᠡᠷ᠎ᠡ ᠳᠤᠷᠠᠳᠤᠭᠰᠠᠨ ᠲᠦᠷᠦ ᠶᠢᠨ ᠪᠤᠳᠤᠯᠭ᠎ᠠ ᠶᠢᠨ ᠳᠡᠭᠡᠷ᠎ᠡ ᠨᠢᠭᠡᠨᠲᠡ ᠨᠡᠶᠢᠲᠡᠯᠡᠭᠰᠡᠨ ᠭᠠᠶᠢᠯᠢ ᠲᠠᠲᠠᠪᠤᠷᠢ ᠶᠢᠨ ᠬᠠᠷᠠᠭᠠᠯᠵᠠᠯᠳᠤ ᠲᠦᠷᠦ ᠶᠢᠨ ᠪᠤᠳᠤᠯᠭ᠎ᠠ ᠶᠢ ᠨᠡᠮᠡᠪᠡᠯ᠂ ᠵᠢᠱᠢᠯᠲᠡ ᠪᠠᠷ ᠪᠦᠬᠦ ᠵᠢᠯ ᠳᠤ ᠰᠢᠨ᠎ᠡ ᠪᠠᠷ 5500 ᠭᠠᠷᠤᠢ ᠳ᠋ᠦᠩᠰᠢᠭᠤᠷ ᠲᠥᠭᠦᠷᠢᠭ ᠭᠠᠶᠢᠯᠢ ᠬᠥᠩᠭᠡᠯᠡᠬᠦ ᠪᠣᠯᠤᠨ᠎ᠠ᠃ ᠬᠤᠷᠠᠯ ᠠᠴᠠ ᠴᠢᠬᠤᠯᠠᠴᠢᠯᠠᠬᠤ ᠳᠤ ᠪᠠᠨ᠂ ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠵᠡᠷᠭᠡ ᠳᠤ ᠭᠠᠶᠢᠯᠢ ᠶᠢᠨ ᠪᠤᠰᠤ ᠣᠷᠣᠯᠭ᠎ᠠ ᠶᠢ ᠡᠮᠬᠢ ᠵᠢᠷᠤᠮ ᠲᠠᠢ ᠪᠥᠭᠡᠳ ᠵᠦᠢ ᠵᠣᠬᠢᠰᠲᠠᠶ ᠪᠠᠷ ᠬᠠᠰᠤᠬᠤ ᠬᠡᠷᠡᠭᠲᠡᠢ᠂ ᠡᠯᠳᠡᠪ ᠵᠦᠢᠯ ᠤᠨ ᠨᠡᠷ᠎ᠡ ᠪᠠᠷ ᠳᠤᠷ᠎ᠠ ᠪᠠᠷ ᠢᠶᠠᠨ ᠰᠦᠢᠳᠬᠡᠯ ᠬᠤᠷᠢᠶᠠᠵᠤ ᠠᠵᠤ ᠠᠬᠤᠶᠢᠯᠠᠯ ᠤᠨ ᠳᠠᠷᠤᠭᠠᠰᠤ ᠶᠢ ᠨᠡᠮᠡᠭᠳᠡᠭᠦᠯᠵᠦ ᠣᠭᠲᠣ ᠪᠣᠯᠬᠤ ᠦᠭᠡᠢ ᠭᠡᠵᠡᠢ᠃ ᠬᠤᠷᠠᠯ ᠠᠴᠠ ᠱᠠᠭᠠᠷᠳᠠᠬᠤ ᠳᠤ ᠪᠠᠨ᠂ ᠲᠥᠪ ᠭᠤᠣᠯᠴᠢ ᠪᠠ ᠲᠦᠭᠡᠮᠡᠯ ᠬᠠᠷᠠᠭᠠᠯᠵᠠᠯᠲᠤ ᠲᠦᠷᠦ ᠶᠢᠨ ᠪᠤᠳᠤᠯᠭ᠎ᠠ ᠪᠣᠯᠤᠨ ᠥᠭᠡᠷᠡᠴᠢᠯᠡᠯᠲᠡ ᠶᠢᠨ ᠠᠷᠭ᠎ᠠ ᠶᠢ ᠢᠯᠡᠭᠦᠬᠡᠨ ᠬᠡᠷᠡᠭᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠡᠩ ᠶᠡᠭᠡ ᠠᠰᠢᠭ ᠬᠦᠷᠲᠡᠭᠡᠵᠦ᠂ ᠢᠳᠡᠪᠬᠢᠵᠢᠯ ᠤᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ ᠭᠡᠵᠡᠢ᠃ ᠡᠭᠦᠨ ᠤ ᠵᠡᠷᠭᠡ ᠪᠠᠷ ᠣᠷᠣᠨ ᠨᠤᠲᠤᠭ ᠤᠨ ᠬᠢᠨ ᠢ ᠳᠠᠭᠠᠭᠤᠯᠤᠨ ᠵᠢᠯᠣᠭᠤᠳᠴᠤ ᠪᠠᠶᠢᠭᠠᠳ ᠡᠳ᠋ ᠤᠨ ᠵᠠᠰᠠᠭ ᠤᠨ ᠣᠷᠣᠯᠭ᠎ᠠ ᠶᠢᠨ ᠰᠡᠷᠭᠦᠯᠲᠡ ᠶᠢᠨ ᠴᠢᠨᠠᠷᠲᠠᠶ ᠨᠡᠮᠡᠭᠳᠡᠯ ᠢ ᠠᠰᠢᠭᠯᠠᠨ ᠵᠠᠰᠠᠭ ᠤᠨ ᠣᠷᠳᠣᠨ ᠤ ᠬᠦᠰᠢᠬᠦᠷᠭᠡ ᠶᠢᠨ ᠨᠤᠷᠮ᠎ᠠ ᠶᠢ ᠵᠣᠬᠢᠰᠲᠠᠶ ᠪᠠᠷ ᠪᠠᠭᠤᠷᠠᠭᠤᠯᠵᠤ᠂ ᠰᠣᠬᠤᠷ ᠪᠠᠯᠠᠶ ᠪᠠᠷ ᠰᠢᠨ᠎ᠡ ᠵᠦᠢᠯ ᠢ ᠭᠠᠷᠭᠠᠬᠤ ᠶᠢ ᠰᠡᠷᠭᠡᠶᠢᠯᠡᠵᠦ᠂ ᠡᠳ᠋ ᠤᠨ ᠵᠠᠰᠠᠭ ᠤᠨ ᠦᠷᠭᠦᠯᠵᠢᠯᠡᠬᠦ᠋ᠢᠴᠡ ᠴᠢᠨᠠᠷ ᠢ ᠨᠡᠮᠡᠭᠳᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号