ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2021/4/30
                       — 2021 ᠣᠨ ᠤ 3 ᠰᠠᠷ᠎ᠠ ᠶᠢᠨ 11᠎ ᠤ ᠡᠳᠦᠷ ᠤᠨ ᠰᠦᠨᠢᠳ ᠪᠠᠷᠠᠭᠤᠨ ᠬᠤᠰᠢᠭᠤᠨ ᠤ ᠠᠷᠪᠠᠨ ᠳᠠᠪᠣᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠣᠳᠣᠭᠠᠷ ᠬᠤᠷᠠᠯᠳᠣᠭᠠᠨ ᠳᠡᠭᠡᠷ᠎ᠡ                        ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ     ᠪᠦᠷᠢᠨᠵᠢᠨᠲᠦᠯᠦᠭᠡᠯᠡᠭᠴᠢᠳ ᠡ᠄      ᠣᠳᠣ᠂ ᠪᠢ ᠬᠤᠰᠢᠭᠤ ᠠᠷᠪᠠᠨ ᠳᠠᠪᠣᠳᠣᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠠᠨ ᠵᠦᠪᠯᠡᠬᠦ ᠪᠣᠯᠪᠠᠣ᠂ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠪᠣᠯᠣᠨ ᠬᠤᠷᠠᠯ ᠳᠤ ᠰᠣᠯᠠ ᠣᠷᠣᠯᠴᠠᠭᠰᠠᠨ ᠨᠦᠬᠦᠳ ᠴᠦ ᠰᠠᠨᠠᠯ ᠳᠣᠷᠠᠳᠬᠤ ᠪᠣᠯᠪᠠᠣ᠃     ᠨᠢᠭᠡ᠂ 2020 ᠣᠨ ᠵᠢᠴᠢ ︽ᠠᠷᠪᠠᠨ ᠭᠤᠷᠪᠠᠳᠣᠭᠠᠷ ᠲᠠᠪᠣᠨ ᠵᠢᠯ︾᠎ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠡᠷᠭᠢᠴᠡᠭᠦᠯᠦᠯ      2020 ᠣᠨ ᠪᠣᠯ ᠮᠠᠨ ᠤ ᠬᠤᠰᠢᠭᠤᠨ ᠤ ᠬᠦᠭᠵᠢᠯᠳᠡ ᠶᠢᠨ ᠶᠠᠪᠣᠴᠠ ᠳᠠᠬᠢ ᠮᠠᠰᠢ ᠶᠡᠷᠦ ᠪᠣᠰᠣ ᠶᠢᠨ ᠨᠢᠭᠡ ᠵᠢᠯ ᠪᠣᠯᠣᠨ᠎ᠠ᠃ ᠲᠦᠪᠡᠭ ᠪᠣᠳᠣᠯᠢᠶᠠᠨᠳᠠᠢ ᠭᠠᠳᠠᠭᠠᠳᠣ ᠣᠷᠴᠢᠨ᠂ ᠬᠦᠨᠳᠦ ᠭᠡᠴᠡᠭᠦᠦ ᠦᠭᠡᠷᠡᠴᠢᠯᠡᠯᠳᠡ ᠬᠦᠭᠵᠢᠭᠦᠯᠦᠯᠳᠡ ᠲᠣᠭᠳᠠᠭᠤᠨ ᠤ ᠡᠭᠦᠷᠭᠡ ᠣᠨᠴᠠᠭᠠᠶᠢᠯᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠎ ᠤᠨ ᠪᠠᠶᠢᠳᠠᠯ ᠤᠨ ᠬᠦᠨᠳᠦ ᠴᠣᠬᠢᠯᠳᠠ ᠳᠤ ᠬᠠᠨᠳᠣᠵᠣ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠷ᠂ ᠭᠤᠷᠪᠠ᠂ ᠳᠦᠷᠪᠡ᠂ ᠲᠠᠪᠣᠳᠣᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠰᠢ ᠶᠢᠨ ᠫᠢᠩ ᠶᠡᠷᠦᠩᠭᠡᠢ ᠱᠦᠵᠢ ᠶᠢᠨ ᠦᠪᠦᠷ ᠮᠣᠩᠭᠤᠯ ᠤᠨ ᠠᠵᠢᠯ ᠤᠨ ᠲᠣᠬᠠᠢ ᠴᠢᠬᠤᠯᠠ ᠶᠠᠷᠢᠶ᠎ᠠ ᠴᠢᠬᠤᠯᠠ ᠵᠢᠭᠠᠪᠣᠷᠢ ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠬᠦᠨᠵᠡᠭᠡᠢ ᠰᠣᠷᠣᠯᠴᠠᠨ ᠲᠣᠣᠱᠯᠠᠭᠤᠯᠵᠣ᠂ ᠳᠡᠭᠡᠲᠦ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤ ᠨᠠᠮ ᠤᠨ ᠬᠤᠷᠢᠶᠠᠨ ᠤ ᠵᠦᠪ ᠣᠨᠣᠪᠴᠢᠳᠠᠢ ᠣᠳᠣᠷᠢᠳᠣᠯᠭ᠎ᠠ᠂ ᠬᠤᠰᠢᠭᠤ ᠠᠷᠠᠳ ᠤᠨ ᠪᠠᠶᠢᠩᠭᠤ ᠶᠢᠨ ᠬᠤᠷᠢᠶ᠎ᠠ ᠪᠣᠯᠣᠨ ᠣᠯᠣᠰ ᠲᠦᠷᠦ ᠶᠢᠨ ᠵᠦᠪᠯᠡᠯᠭᠡᠨ ᠤ ᠬᠢᠨᠠᠯᠳᠠ ᠳᠡᠮᠵᠢᠯᠭᠡ ᠲᠣᠣᠷ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠣ᠂ ᠨᠠᠷᠢᠯᠢᠭ ᠪᠣᠳᠣᠯᠬᠢᠯᠠᠨ ᠪᠠᠶᠢᠷᠢᠯᠠᠭᠤᠯᠵᠣ᠂ ᠠᠬᠢᠭᠤᠯᠣᠯᠳᠠ ᠨᠠᠶᠢᠳᠠᠪᠣᠷᠢᠵᠢᠭᠤᠯᠣᠯᠳᠠ ᠶᠢ ᠴᠢᠩᠭ᠎ᠠ ᠠᠳᠬᠤᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠣ ᠠᠬᠤᠢ ᠨᠡᠶᠢᠭᠡᠮ ᠤᠨ ᠬᠦᠭᠵᠢᠯᠳᠡ ᠶᠢ ᠨᠢᠭᠡᠳᠦᠯᠳᠠᠢ ᠲᠦᠯᠦᠪᠯᠡᠨ᠂ ︽ᠵᠢᠷᠭᠤᠭ᠎ᠠ ᠶᠢ ᠲᠣᠭᠳᠠᠭᠤᠨ ᠪᠠᠶᠢᠯᠭᠠᠬᠤ︾1ᠠᠵᠢᠯ ᠢ ᠯᠠᠪᠳᠠᠭᠤᠨ ᠪᠠᠳᠣᠳᠠᠢ ᠬᠢᠵᠦ᠂ ︽ᠵᠢᠷᠭᠤᠭ᠎ᠠ ᠶᠢ ᠪᠠᠳᠣᠯᠠᠬᠤ︾2 ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠰᠢᠯᠢᠳᠡᠭ ᠦᠷ᠎ᠡ ᠪᠦᠲᠦᠮᠵᠢ ᠣᠯᠪᠠ᠃ ᠪᠦᠬᠦ ᠵᠢᠯ ᠳᠤ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ ᠢ 37.6 ᠳ᠋ᠦᠩᠰᠢᠭᠤᠷ ᠲᠦᠭᠦᠷᠢᠭ ᠪᠡᠶᠡᠯᠡᠭᠦᠯᠵᠦ᠂ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 1.83 ᠳ᠋ᠦᠩᠰᠢᠭᠤᠷ ᠲᠦᠭᠦᠷᠢᠭ ᠪᠡᠶᠡᠯᠡᠭᠦᠯᠵᠦ᠂ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠶᠢ 13 ᠳ᠋ᠦᠩᠰᠢᠭᠤᠷ ᠲᠦᠭᠦᠷᠢᠭ ᠪᠡᠶᠡᠯᠡᠭᠦᠯᠵᠦ᠂ 20%᠎ ᠪᠠᠷ ᠨᠡᠮᠡᠭᠳᠡᠪᠡ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠲᠣᠬᠢᠷᠠᠭᠤᠯᠵᠣ ᠪᠣᠯᠬᠤᠶᠢᠴᠠ ᠣᠷᠣᠯᠭ᠎ᠠ ᠲᠣᠰᠪᠦᠷᠢ 39933 ᠲᠦᠭᠦᠷᠢᠭ ᠪᠣᠯᠣᠨ 14231 ᠲᠦᠭᠦᠷᠢᠭ ᠲᠤ ᠬᠦᠷᠴᠦ᠂ 1.6% ᠪᠠ 9.9%᠎ ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠣᠷᠣᠯᠠᠭᠤᠯᠭ᠎ᠠ ᠶᠢᠨ ᠶᠡᠷᠦᠩᠭᠡᠢ ᠦᠨ᠎ᠡ ᠶᠢᠨ ᠨᠡᠮᠡᠭᠳᠡᠯ ᠪᠦᠬᠦ ᠠᠶᠢᠮᠠᠭ ᠲᠤ ᠲᠦᠷᠦᠭᠦᠯᠡᠪᠡ᠃ ᠨᠢᠭᠡ ᠵᠢᠯ ᠤᠨ ᠲᠣᠷᠰᠢ ᠭᠤᠣᠯᠳᠠᠭᠤ ᠲᠣᠣᠷᠠᠬᠢ ᠮᠡᠲᠦ ᠠᠵᠢᠯ ᠢ ᠬᠢᠪᠡ᠄      ︵ᠨᠢᠭᠡ︶ ᠠᠷᠠᠳ ᠲᠦᠮᠡᠨ ᠢ ᠳᠡᠭᠡᠳᠦᠯᠡᠬᠦ ᠵᠠᠷᠴᠢᠮ ᠢ ᠪᠠᠷᠢᠮᠳᠠᠯᠠᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠠᠮᠵᠢᠯᠳᠠ ᠣᠯᠪᠠ᠃ ᠭᠡᠨᠡᠳᠳᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ ᠬᠠᠨᠳᠣᠵᠣ᠂ ᠬᠤᠰᠢᠭᠤ ᠳᠠᠶᠠᠭᠠᠷ ᠦᠨᠳᠦᠷ ᠵᠣᠭᠰᠣᠴᠠ ᠠᠴᠠ᠂ ᠢᠳᠡᠪᠬᠢᠳᠠᠢ ᠬᠦᠳᠡᠯᠦᠯᠴᠡᠵᠦ᠂ ᠪᠠᠴᠢᠮ ᠪᠠᠶᠢᠷᠢᠯᠠᠭᠤᠯᠣᠯᠳᠠ ᠬᠢᠵᠦ᠂ ᠦᠷᠭᠡᠨ ᠣᠯᠠᠨ ᠨᠠᠮ ᠤᠨ ᠭᠡᠰᠢᠭᠦᠨ ᠺᠠᠳ᠋ᠷ᠂ ᠡᠮᠴᠢ ᠰᠣᠪᠢᠯᠠᠭᠴᠢᠳ᠂ ᠲᠣᠳᠣᠭᠠᠳᠣ ᠶᠢ ᠬᠠᠮᠠᠭᠠᠯᠠᠬᠤ ᠴᠠᠭᠳᠠᠭ᠎ᠠ ᠪᠣᠯᠣᠨ ᠰᠠᠶᠢᠨ ᠲᠣᠷᠠᠴᠣᠳ ᠭᠠᠪᠰᠢᠭᠠᠶᠢᠯᠠᠨ ᠣᠷᠣᠯᠴᠠᠵᠣ᠂ ᠨᠡᠶᠢᠭᠡᠮ ᠤᠨ ᠡᠯ᠎ᠡ ᠡᠳᠡᠭᠡᠳ ᠬᠠᠷᠠᠮ ᠦᠭᠡᠢ ᠬᠠᠪᠰᠣᠷᠣᠨ ᠳᠡᠮᠵᠢᠵᠦ᠂ ᠬᠦᠴᠢᠷ ᠪᠡᠷᠭᠡ ᠶᠢ ᠬᠠᠮᠳᠣᠪᠡᠷ ᠲᠣᠭᠤᠯᠵᠣ᠂ ᠰᠠᠬᠢᠨ ᠪᠠᠷᠠᠯᠠᠵᠣ ᠬᠠᠷᠢᠯᠴᠠᠨ ᠬᠠᠪᠰᠣᠷᠣᠯᠴᠠᠭᠰᠠᠨ ᠪᠠᠳᠣ ᠪᠠᠬᠢ ᠰᠡᠷᠭᠡᠶᠢᠯᠡᠯᠳᠡ ᠶᠢᠨ ᠱᠣᠭᠤᠮ ᠢ ᠪᠠᠶᠢᠭᠤᠯᠵᠣ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠭᠦᠰᠦᠯ ᠢ ᠬᠤᠷᠢᠭᠯᠠᠵᠣ᠂ ᠠᠷᠠᠳ ᠣᠯᠠᠨ ᠤ ᠠᠮᠢ ᠨᠠᠰᠣᠨ ᠤ ᠠᠮᠣᠷ ᠲᠦᠪᠰᠢᠨ ᠪᠣᠯᠣᠨ ᠡᠷᠡᠭᠦᠯ ᠮᠡᠨᠲᠦ ᠶᠢ ᠦᠨᠡᠨᠬᠦ ᠪᠠᠳᠣᠯᠠᠵᠣ ᠴᠢᠳᠠᠪᠠ᠃ ᠬᠢᠵᠢᠭ ᠎ ᠤᠨ ᠪᠠᠶᠢᠳᠠᠯ ᠤᠨ ᠬᠤᠪᠢᠷᠠᠯᠳᠠ ᠶᠢ ᠦᠨᠳᠦᠰᠦᠯᠡᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠴᠠᠭ ᠲᠣᠬᠠᠢ ᠎ ᠳᠤᠨᠢ ᠲᠣᠬᠢᠷᠠᠭᠤᠯᠣᠯᠳᠠ ᠬᠢᠵᠦ᠂ ︽ᠭᠠᠳᠠᠨ᠎ᠠ ᠠᠴᠠ ᠬᠠᠯᠳᠠᠪᠣᠷᠢᠯᠠᠬᠤ ᠶᠢ ᠰᠡᠷᠭᠡᠶᠢᠯᠡᠬᠦ ᠪᠠ ᠲᠣᠳᠣᠭᠠᠳᠣ ᠳᠤ ᠳᠡᠯᠭᠡᠷᠡᠬᠦ ᠶᠢ ᠰᠡᠷᠭᠡᠶᠢᠯᠡᠬᠦ︾ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠣᠷᠢᠵᠢᠭᠤᠯᠵᠣ᠂ ᠰᠡᠷᠭᠡᠶᠢᠯᠡᠨ ᠡᠵᠡᠮᠳᠡᠵᠦ ᠡᠮᠴᠢᠯᠡᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠪᠠᠳᠣᠯᠠᠬᠤ ᠰᠢᠰᠲ᠋ᠧᠮ ᠤᠨ ᠪᠠᠶᠢᠭᠤᠯᠣᠯᠳᠠ ᠎ ᠶᠢ ᠴᠢᠩᠭᠠᠳᠬᠠᠵᠣ᠂ ᠨᠡᠶᠢᠳᠡ 1.1 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠭᠰᠠᠳ ᠤᠨ ᠡᠭᠦᠳᠡᠨ ᠡᠮᠨᠡᠯᠭᠡ ᠶᠢᠨ ᠦᠭᠡᠷᠡᠴᠢᠯᠡᠯᠳᠡ ᠪᠣᠯᠣᠨ ᠬᠠᠯᠳᠠᠪᠣᠷᠢᠳᠣ ᠡᠪᠡᠳᠴᠢᠨ ᠤ ᠰᠠᠯᠠᠭᠠᠨ ᠤ ᠲᠣᠣᠷ᠎ᠠ ᠳᠠᠷᠣᠯᠳᠠᠳᠣ ᠲᠣᠰᠠᠭᠠᠷᠯᠠᠬᠤ ᠡᠪᠡᠳᠴᠢᠳᠡᠨ ᠤ ᠦᠷᠦᠭᠡ ᠶᠢ ᠪᠦᠲᠦᠭᠡᠨ ᠪᠠᠶᠢᠭᠤᠯᠵᠣ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ᠂ ᠬᠢᠵᠢᠭ ᠢ ᠰᠡᠷᠭᠡᠶᠢᠯᠡᠨ ᠡᠵᠡᠮᠳᠡᠬᠦ ᠲᠦᠪ ᠤᠨ PCR ᠲᠣᠷᠰᠢᠯᠳᠠ ᠶᠢᠨ ᠲᠠᠰᠤᠭ ᠨᠢ ᠰᠢᠯᠭᠠᠨ ᠬᠡᠮᠵᠢᠬᠦ ᠴᠢᠳᠠᠪᠣᠷᠢ ᠶᠢ ᠪᠦᠷᠢᠯᠳᠦᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠡᠳ᠋ ᠪᠠᠷᠠᠭ᠎ᠠ ᠶᠢ 6.4 ᠲᠦᠮᠡᠨ ᠬᠤᠪᠢ ᠬᠠᠳᠠᠭᠠᠯᠠᠵᠣ᠂ ᠭᠤᠣᠯᠳᠠᠯᠭ᠎ᠠ ᠲᠠᠢ ᠬᠦᠮᠦᠰ ᠲᠤ ᠸᠠᠺᠼᠢᠨ ᠲᠠᠷᠢᠬᠤ ᠠᠵᠢᠯ ᠢ ᠦᠷᠨᠢᠭᠦᠯᠪᠡ᠃ ᠡᠳ᠋ ᠪᠠᠷᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠴᠢᠩᠭᠠᠳᠬᠠᠵᠣ᠂ ᠠᠵᠢᠯ ᠦᠢᠯᠡᠳᠪᠦᠷᠢᠯᠡᠯ ᠢ ᠠᠮᠣᠷ ᠲᠦᠪᠰᠢᠨ ᠡᠮᠬᠢ ᠳᠠᠷᠠᠭᠠᠯᠠᠯ ᠲᠠᠢ ᠪᠠᠷ ᠡᠬᠢᠯᠡᠭᠦᠯᠵᠦ᠂ ᠠᠵᠣ ᠠᠬᠤᠢ ᠨᠡᠶᠢᠭᠡᠮ ᠤᠨ ᠬᠦᠭᠵᠢᠯᠳᠡ ᠶᠢ ᠲᠦᠷᠭᠡᠳᠭᠡᠪᠡ᠃     ︵ᠬᠤᠶᠠᠷ︶ ᠲᠣᠭᠳᠠᠭᠤᠨ ᠤ ᠳᠣᠮᠳᠠ ᠣᠷᠣᠭᠰᠢᠯᠠᠬᠤ ᠶᠢ ᠪᠠᠷᠢᠮᠳᠠᠯᠠᠵᠣ᠂ ᠠᠵᠣ ᠠᠬᠤᠢ ᠶᠢᠨ ᠬᠦᠭᠵᠢᠯᠳᠡ ᠎ ᠶᠢ ᠠᠬᠢᠭᠤᠯᠪᠠ᠃ ︽ᠵᠢᠷᠭᠤᠭ᠎ᠠ ᠶᠢ ᠲᠣᠭᠳᠠᠭᠤᠨ ᠪᠠᠶᠢᠯᠭᠠᠬᠤ︾ ᠠᠵᠢᠯ ᠢ ᠰᠠᠶᠢᠳᠣᠷ ᠬᠢᠵᠦ᠂ ︽ᠵᠢᠷᠭᠤᠭ᠎ᠠ ᠶᠢ ᠪᠠᠳᠣᠯᠠᠬᠤ︾ ᠡᠭᠦᠷᠭᠡ ᠶᠢ ᠨᠠᠶᠢᠳᠠᠪᠣᠷᠢᠵᠢᠭᠤᠯᠬᠤ ᠶᠢ ᠠᠵᠣ ᠠᠬᠤᠢ ᠶᠢᠨ ᠦᠨᠳᠦᠰᠦᠨ ᠪᠠᠶᠢᠳᠠᠯ ᠢ ᠲᠣᠭᠳᠠᠭᠤᠨ ᠪᠠᠶᠢᠯᠭᠠᠬᠤ ᠵᠠᠩᠭᠢᠯᠠᠭ᠎ᠠ ᠶᠢᠨ ᠠᠷᠭ᠎ᠠ ᠠᠪᠴᠠᠯ ᠪᠣᠯᠭᠠᠵᠣ᠂ ᠠᠵᠣ ᠠᠬᠤᠶᠢᠯᠠᠯ ᠳᠤ ᠲᠣᠰᠠᠯᠠᠨ ᠬᠦᠴᠢᠷᠳᠡᠯ ᠢ ᠨᠢ ᠰᠢᠢᠳᠪᠦᠷᠢᠯᠡᠬᠦ ᠲᠦᠷᠦ ᠶᠢᠨ ᠪᠣᠳᠣᠯᠭ᠎ᠠ ᠶᠢ ᠨᠠᠷᠢᠯᠢᠭ ᠣᠨᠣᠪᠴᠢᠳᠠᠢ ᠨᠠᠶᠢᠳᠠᠪᠣᠷᠢᠵᠢᠭᠤᠯᠵᠣ᠂ ᠭᠤᠣᠯᠳᠠᠯᠭ᠎ᠠ ᠲᠠᠢ ᠲᠦᠷᠦᠯ ᠵᠦᠢᠯ ᠢ ᠲᠦᠪᠯᠡᠷᠡᠭᠦᠯᠦᠨ ︽ᠬᠢᠨᠠᠨ ᠵᠦᠪᠰᠢᠶᠡᠷᠡᠭᠦ ᠰᠠᠷ᠎ᠠ︾᠎ ᠶᠢᠨ ᠠᠵᠢᠯᠯᠠᠭ᠎ᠠ ᠶᠢ ᠠᠬᠢᠭᠤᠯᠵᠣ᠂ ᠠᠵᠣ ᠦᠢᠯᠡᠰ ᠤᠨ ᠬᠡᠯᠬᠢᠶ᠎ᠡ ᠪᠣᠯᠣᠨ ᠬᠠᠩᠭᠠᠯᠭ᠎ᠠ ᠶᠢᠨ ᠬᠡᠯᠬᠢᠶ᠎ᠡ ᠶᠢ ᠵᠣᠯᠭᠠᠭᠤᠯᠬᠤ ᠶᠢ ᠴᠢᠩᠭᠠᠳᠬᠠᠵᠣ᠂ ᠪᠡᠯᠡ ᠮᠦᠩᠭᠦᠨ ᠎ ᠤ ᠳᠡᠮᠵᠢᠯᠭᠡ ᠶᠢ ᠰᠢᠯᠣᠭᠤᠳᠬᠠᠵᠣ᠂ ᠵᠢᠯ ᠤᠨ ᠲᠣᠳᠣᠷ᠎ᠠ 4000 ᠲᠦᠮᠡᠨ ᠲᠦᠭᠦᠷᠢᠭ ᠤᠨ ᠭᠠᠶᠢᠯᠢ ᠶᠢ ᠬᠦᠩᠭᠡᠯᠡᠵᠦ ᠰᠦᠢᠳᠭᠡᠯ ᠢ ᠪᠠᠭᠤᠷᠠᠭᠤᠯᠣᠨ᠂ ᠠᠵᠣ ᠠᠬᠤᠶᠢᠯᠠᠯ ᠤᠨ ᠴᠠᠬᠢᠯᠭᠠᠨ ᠬᠡᠷᠡᠭᠯᠡᠬᠦ ᠦᠪᠡᠷ ᠤᠨ ᠦᠷᠳᠡᠭ ᠢ 340 ᠲᠦᠮᠡᠨ ᠲᠦᠭᠦᠷᠢᠭ ᠪᠠᠭᠤᠷᠠᠭᠤᠯᠵᠣ᠂ ᠭᠤᠣᠯᠳᠠᠯᠭ᠎ᠠ ᠲᠠᠢ ᠲᠦᠷᠦᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ 90%᠎ ᠳᠤ ᠬᠦᠷᠴᠦ᠂ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠠᠵᠣ ᠠᠬᠤᠶᠢᠯᠠᠯ ᠤᠨ ᠠᠵᠢᠯ ᠡᠬᠢᠯᠡᠭᠦᠯᠦᠭᠰᠡᠨ ᠨᠣᠷᠮ᠎ᠠ 100%᠎ ᠳᠤ ᠬᠦᠷᠴᠦ᠂ ᠮᠦᠩᠭᠦᠨ ᠭᠦᠢᠯᠭᠡᠭᠡᠨ ᠤ ᠪᠠᠶᠢᠭᠤᠯᠣᠮᠵᠢ ᠲᠠᠢ ᠬᠠᠷᠢᠯᠴᠠᠨ ᠠᠵᠣ ᠠᠬᠤᠶᠢᠯᠠᠯ ᠳᠤ 7  ᠳ᠋ᠦᠩᠰᠢᠭᠤᠷ ᠭᠠᠷᠣᠢ ᠲᠦᠭᠦᠷᠢᠭ ᠤᠨ ᠡᠯ᠎ᠡ ᠲᠦᠷᠦᠯ ᠤᠨ ᠵᠢᠭᠡᠯᠡᠯᠭᠡ ᠲᠠᠯᠪᠢᠪᠠ᠃ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠳᠠ ᠶᠢ ᠬᠠᠪᠰᠣᠷᠣᠨ ᠳᠡᠳᠭᠦᠬᠦ ᠠᠵᠢᠯ ᠢ ᠴᠢᠩᠭᠠᠳᠬᠠᠵᠣ᠂ ᠠᠵᠢᠯᠴᠢᠨ ᠡᠯᠰᠡᠬᠦ ᠶᠢ ᠵᠣᠯᠭᠠᠭᠤᠯᠬᠤ ᠲᠠᠪᠴᠠᠩ ᠢ ᠢᠳᠡᠪᠬᠢᠳᠠᠢ ᠪᠠᠶᠢᠭᠤᠯᠵᠣ᠂ ᠬᠤᠳᠠ ᠪᠠᠯᠭᠠᠰᠣᠨ ᠤ 837 ᠬᠦᠮᠦᠨ ᠳᠤ ᠰᠢᠨ᠎ᠡ ᠪᠠᠷ ᠠᠵᠢᠯ ᠣᠯᠭᠤᠵᠣ᠂ ᠬᠤᠳᠠ ᠪᠠᠯᠭᠠᠰᠣᠨ ᠤ ᠳᠠᠩᠰᠠᠯᠠᠭᠤᠯᠣᠭᠰᠠᠨ ᠠᠵᠢᠯ ᠠᠯᠳᠠᠯᠳᠠ ᠶᠢᠨ ᠨᠣᠷᠮ᠎ᠠ 2.06%᠎ ᠳᠤ ᠬᠦᠷᠴᠦ᠂ ᠡᠵᠡᠮᠳᠡᠬᠦ ᠬᠠᠷᠠᠯᠳᠠ ᠠᠴᠠ 2.44 ᠵᠠᠭᠤᠨ ᠤ ᠬᠤᠪᠢ ᠶᠢᠨ ᠴᠡᠭ ᠲᠣᠣᠷ᠎ᠠ ᠪᠣᠯᠪᠠ᠃     ︵ᠭᠤᠷᠪᠠ︶ ᠣᠨᠣᠪᠴᠢᠳᠠᠢ ᠨᠠᠷᠢᠯᠢᠭᠵᠢᠯᠳᠠ ᠶᠢ ᠪᠠᠷᠢᠮᠳᠠᠯᠠᠭᠰᠠᠨ ᠠᠴᠠ ᠭᠤᠷᠪᠠᠨ ᠶᠡᠭᠡ ᠰᠢᠪᠳᠣᠯᠣᠯᠳᠠ ᠶᠢᠨ ᠠᠵᠢᠯ ᠤᠨ ᠦᠷ᠎ᠡ ᠪᠦᠲᠦᠮᠵᠢ ᠮᠡᠳᠡᠭᠳᠡᠮ᠎ᠡ ᠳᠡᠭᠡᠭᠰᠢᠯᠡᠪᠡ᠃ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠬᠦᠨᠵᠡᠭᠡᠶᠢᠷᠡᠭᠦᠯᠪᠡ᠃ ︽ᠬᠢᠷᠢ ᠪᠦᠲᠦᠮᠵᠢ ᠶᠢᠨ ᠬᠠᠭᠤᠳᠠᠰᠣ︾ ᠪᠣᠯᠣᠨ ︽ᠶᠡᠷᠦᠩᠭᠡᠢ ᠳᠠᠩᠰᠠ ᠲᠣᠰᠢᠶᠠᠬᠤ︾ ᠣᠬᠠᠮᠰᠠᠷ ᠢ ᠴᠢᠩᠭᠠᠳᠬᠠᠵᠣ᠂ ᠪᠦᠬᠦ ᠲᠠᠯ᠎ᠠ ᠪᠠᠷ ᠮᠦᠷᠳᠡᠨ ᠪᠠᠶᠢᠴᠠᠭᠠᠬᠤ ᠲᠣᠰᠬᠠᠢ ᠲᠦᠷᠦᠯ ᠤᠨ ᠠᠵᠢᠯᠯᠠᠭ᠎ᠠ ᠪᠣᠯᠣᠨ ᠡᠯ᠎ᠡ ᠱᠠᠳᠣᠨ ᠤ ᠡᠯ᠎ᠡ ᠲᠦᠷᠦᠯ ᠤᠨ ᠱᠠᠭᠠᠷᠳᠠᠨ ᠪᠠᠶᠢᠴᠠᠭᠠᠵᠣ ᠲᠣᠰᠬᠠᠭᠰᠠᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠠᠴᠠ ᠭᠠᠷᠳᠠᠵᠣ᠂ ︽ᠲᠠᠪᠣᠨ ᠨᠢᠭᠡ  ᠪᠦᠯᠦᠭ︾3᠎ ᠲᠤ ᠲᠦᠪᠯᠡᠷᠡᠭᠦᠯᠦᠨ ᠲᠦᠷᠦ ᠶᠢᠨ ᠪᠣᠳᠣᠯᠭ᠎ᠠ ᠶᠢ ᠨᠠᠷᠢᠯᠢᠭ ᠣᠨᠣᠪᠴᠢᠳᠠᠢ ᠪᠠᠷ ᠬᠡᠷᠡᠭᠵᠢᠭᠦᠯᠵᠦ᠂ ︽ᠵᠢᠷᠭᠤᠭᠠᠨ ᠨᠠᠷᠢᠯᠢᠭ ᠣᠨᠣᠪᠴᠢᠳᠠᠢ︾ 4᠎ ᠳᠤ ᠬᠠᠨᠳᠣᠭᠤᠯᠣᠭᠰᠠᠨ ᠰᠢᠪᠳᠣᠯᠣᠯᠳᠠ ᠶᠢᠨ ᠠᠵᠢᠯ ᠤᠨ ᠲᠣᠭᠤᠷᠢᠨ ᠳᠤ᠂ ᠪᠡᠭᠡᠵᠢᠩ ᠦᠪᠦᠷ ᠮᠣᠩᠭᠤᠯ ᠤᠨ ᠶᠠᠳᠠᠭᠤ ᠶᠢ ᠳᠡᠳᠭᠦᠬᠦ ᠬᠠᠮᠳᠣᠷᠠᠯᠴᠠᠭ᠎ᠠ᠂ ᠳᠣᠮᠳᠠᠳᠣ ᠣᠯᠣᠰ ᠤᠨ ᠠᠭᠠᠷ ᠠᠶᠠᠯᠠᠯ ᠤᠨ ᠪᠦᠯᠦᠭᠯᠡᠯ ᠤᠨ ᠲᠣᠭᠳᠠᠭᠰᠠᠨ ᠴᠡᠭ ᠤᠨ ᠬᠠᠪᠰᠣᠷᠣᠨ ᠳᠡᠳᠭᠦᠬᠦ ᠵᠡᠷᠭᠡ ᠬᠠᠪᠰᠣᠷᠣᠨ ᠳᠡᠳᠭᠦᠬᠦ ᠬᠠᠮᠳᠣᠷᠠᠯ ᠤᠨ ᠬᠦᠴᠦᠨ ᠢ ᠣᠯᠠᠮ ᠨᠢᠭᠡ ᠠᠯᠬᠤᠮ ᠨᠢᠭᠳᠠᠷᠠᠭᠤᠯᠵᠣ᠂ ᠬᠠᠷᠢᠭᠤᠴᠠᠯᠭ᠎ᠠ᠂ ᠲᠦᠷᠦ ᠶᠢᠨ ᠪᠣᠳᠣᠯᠭ᠎ᠠ᠂ ᠠᠵᠢᠯ ᠤᠨ ᠨᠠᠶᠢᠳᠠᠪᠣᠷᠢᠵᠢᠭᠤᠯᠣᠯᠳᠠ ᠶᠢ ᠪᠦᠲᠦᠮᠵᠢᠳᠠᠢ ᠠᠬᠢᠭᠤᠯᠪᠠ᠃ ᠪᠦᠬᠦ ᠵᠢᠯ ᠳᠤ 1.03 ᠳ᠋ᠦᠩᠰᠢᠭᠤᠷ ᠲᠦᠭᠦᠷᠢᠭ ᠤᠨ ᠡᠯ᠎ᠡ ᠲᠦᠷᠦᠯ ᠤᠨ ᠶᠠᠳᠠᠭᠤ ᠶᠢ ᠳᠡᠳᠭᠦᠬᠦ  ᠪᠡᠯᠡ ᠮᠦᠩᠭᠦ ᠣᠷᠣᠭᠤᠯᠵᠣ᠂ 74 ᠶᠠᠳᠠᠭᠤ ᠶᠢ ᠳᠡᠳᠭᠦᠬᠦ ᠲᠦᠷᠦᠯ ᠵᠦᠢᠯ ᠢ ᠬᠡᠷᠡᠭᠵᠢᠭᠦᠯᠵᠦ᠂ ᠬᠤᠰᠢᠭᠤ᠂ ᠰᠣᠮᠣ ᠪᠠᠯᠭᠠᠰᠣ᠂ ᠭᠠᠴᠠᠭ᠎ᠠ ᠲᠣᠰᠬᠤᠨ ᠭᠤᠷᠪᠠᠨ ᠱᠠᠳᠣᠨ ᠤ ᠶᠠᠳᠠᠭᠤ ᠶᠢ ᠳᠡᠳᠭᠦᠬᠦ ᠠᠵᠣ ᠦᠢᠯᠡᠰ ᠤᠨ ᠰᠠᠭᠤᠷᠢᠨ ᠭᠠᠵᠠᠷ ᠪᠣᠯᠣᠨ ᠲᠦᠷᠦᠯ ᠵᠦᠢᠯ ᠤᠨ ᠬᠡᠪᠴᠢᠶᠡᠵᠢᠯ ᠪᠣᠯᠣᠨ ᠦᠷ᠎ᠡ ᠠᠰᠢᠭ ᠣᠯᠠᠮ ᠨᠢᠭᠡ ᠠᠯᠬᠤᠮ ᠳᠡᠭᠡᠭᠰᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠣᠯᠳᠠ ᠪᠣᠯᠣᠨ ᠨᠡᠶᠢᠳᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠣᠯᠠᠮ ᠨᠢᠭᠡ ᠠᠯᠬᠤᠮ ᠳᠡᠭᠡᠭᠰᠢᠯᠡᠭᠦᠯᠪᠡ ᠃ ᠲᠠᠬᠢᠨ ᠶᠠᠳᠠᠭᠤᠷᠠᠬᠤ ᠠᠴᠠ ᠰᠡᠷᠭᠡᠶᠢᠯᠡᠵᠦ ᠬᠢᠨᠠᠨ ᠬᠡᠮᠵᠢᠵᠦ ᠣᠷᠢᠳᠴᠢᠯᠠᠨ ᠰᠡᠷᠡᠮᠵᠢᠯᠡᠭᠦᠯᠬᠦ ᠪᠣᠯᠣᠨ ᠬᠦᠳᠡᠯᠦᠩᠭᠦᠢ ᠬᠠᠪᠰᠣᠷᠣᠨ ᠳᠡᠳᠭᠦᠬᠦ ᠠᠵᠢᠯ ᠢ ᠯᠠᠪᠳᠠᠭᠤᠨ ᠪᠠᠳᠣᠳᠠᠢ ᠦᠷᠨᠢᠭᠦᠯᠵᠦ᠂ 5.3 ᠳ᠋ᠦᠩᠰᠢᠭᠤᠷ ᠲᠦᠭᠦᠷᠢᠭ ᠤᠨ ᠶᠠᠳᠠᠭᠤ ᠶᠢ ᠳᠡᠳᠭᠦᠬᠦ ᠡᠳ᠋ ᠬᠦᠷᠦᠩᠭᠡ ᠶᠢᠨ ᠡᠷᠭᠡ ᠶᠢ ᠨᠣᠳᠠᠯᠠᠬᠤ ᠬᠠᠮᠢᠶᠠᠷᠣᠯᠳᠠ ᠶᠢᠨ ᠠᠵᠢᠯ ᠢ ᠱᠠᠳᠣ ᠳᠠᠷᠠᠭᠠᠯᠠᠨ ᠲᠡᠭᠦᠯᠳᠡᠷᠵᠢᠭᠦᠯᠪᠡ᠃ ᠮᠦᠩᠭᠦᠨ ᠭᠦᠢᠯᠭᠡᠭᠡᠨ ᠢᠶᠠᠷ ᠶᠠᠳᠠᠭᠤ ᠶᠢ ᠳᠡᠳᠭᠦᠬᠦ᠂ ᠠᠵᠢᠯ ᠣᠯᠭᠤᠯᠳᠠ ᠪᠠᠷ ᠶᠠᠳᠠᠭᠤ ᠶᠢ ᠳᠡᠳᠭᠦᠬᠦ᠂ ᠬᠡᠷᠡᠭᠯᠡᠭᠡ ᠪᠠᠷ ᠶᠠᠳᠠᠭᠤ ᠶᠢ ᠳᠡᠳᠭᠦᠬᠦ᠂ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠳᠡᠳᠭᠦᠬᠦ ᠵᠡᠷᠭᠡ ᠠᠵᠢᠯ ᠤᠨ ᠦᠢᠯᠡᠳᠦᠯ ᠲᠣᠪᠣᠶᠢᠮ᠎ᠠ ᠪᠠᠶᠢᠵᠣ᠂ ᠶᠠᠳᠠᠭᠤ ᠶᠢ ᠳᠡᠳᠭᠦᠬᠦ ᠪᠠᠭ᠎ᠠ ᠲᠣᠭᠠᠨ ᠤ ᠵᠢᠭᠡᠯᠡᠯᠭᠡ ᠶᠢ 268 ᠲᠦᠮᠡᠨ ᠲᠦᠭᠦᠷᠢᠭ ᠨᠡᠮᠡᠭᠳᠡᠭᠦᠯᠵᠦ᠂ 300 ᠭᠠᠷᠣᠢ ᠬᠦᠮᠦᠨ ᠢ ᠰᠢᠯᠵᠢᠭᠦᠯᠦᠨ ᠠᠵᠢᠯ ᠣᠯᠭᠤᠵᠣ᠂ ᠶᠠᠳᠠᠭᠤ ᠶᠢ ᠳᠡᠳᠭᠦᠬᠦ ᠪᠦᠲᠦᠭᠡᠭᠳᠡᠭᠦᠨ ᠢ ᠪᠣᠷᠣᠯᠠᠭᠤᠯᠣᠭᠰᠠᠨ ᠬᠡᠮᠵᠢᠶ᠎ᠡ 2 ᠳ᠋ᠦᠩᠰᠢᠭᠤᠷ ᠲᠦᠭᠦᠷᠢᠭ ᠢ ᠳᠠᠪᠠᠵᠣ᠂ ᠰᠦᠯᠵᠢᠶᠡᠨ ᠳᠡᠭᠡᠷ᠎ᠡ ᠬᠤᠳᠠᠯᠳᠣᠭᠰᠠᠨ ᠬᠡᠮᠵᠢᠶ᠎ᠡ 0.8 ᠳ᠋ᠦᠩᠰᠢᠭᠤᠷ ᠲᠦᠭᠦᠷᠢᠭ ᠲᠤ ᠬᠦᠷᠴᠦ᠂ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠠᠵᠢᠯ ᠤᠨ ᠦᠷ᠎ᠡ ᠪᠦᠲᠦᠮᠵᠢ ᠶᠢ ᠦᠨᠡᠨᠬᠦ ᠪᠠᠳᠣᠳᠬᠠᠪᠠ᠃ ᠠᠮᠢ ᠠᠬᠤᠢ ᠎ ᠶᠢᠨ ᠣᠷᠴᠢᠨ ᠲᠣᠭᠤᠷᠢᠨ ᠢ ᠵᠠᠰᠠᠬᠤ ᠦᠷ᠎ᠡ ᠪᠦᠲᠦᠮᠵᠢ ᠮᠡᠳᠡᠭᠳᠡᠮ᠎ᠡ ᠰᠠᠶᠢᠵᠢᠷᠠᠪᠠ᠃ ︽ᠠᠭᠠᠷ ᠮᠠᠨᠳᠠᠯ᠂ ᠭᠤᠣᠯ ᠮᠦᠷᠡᠨ᠂ ᠬᠦᠷᠦᠰᠦ ᠰᠢᠷᠣᠢ︾᠎ ᠶᠢ ᠪᠣᠬᠢᠷᠳᠣᠯ ᠦᠭᠡᠢ ᠪᠠᠶᠢᠯᠭᠠᠬᠤ ᠭᠤᠷᠪᠠᠨ ᠶᠡᠭᠡ ᠠᠵᠢᠯᠯᠠᠭ᠎ᠠ ᠶᠢ ᠬᠦᠨᠵᠡᠭᠡᠢ ᠠᠬᠢᠭᠤᠯᠵᠣ᠂ ︽ᠰᠣᠯᠠ ᠵᠠᠳᠠᠭᠠᠢ ᠪᠣᠬᠢᠷᠳᠣᠯ ᠲᠠᠢ︾ 13 ᠠᠵᠣ ᠠᠬᠤᠶᠢᠯᠠᠯ ᠢ ᠪᠦᠬᠦᠨ ᠢ ᠬᠠᠭᠠᠯᠭᠠᠵᠣ᠂ ᠬᠤᠳᠠ ᠎ ᠶᠢᠨ ᠲᠣᠳᠣᠷᠠᠬᠢ 20 ᠲᠣᠨ ᠠᠴᠠ ᠳᠣᠷᠣᠭᠰᠢᠬᠢ 34 ᠨᠡᠭᠦᠷᠡᠰᠦᠨ ᠵᠣᠤᠬ᠎ᠠ ᠶᠢ ᠬᠡᠷᠡᠭᠯᠡᠭᠡᠨ ᠠᠴᠠ ᠭᠠᠷᠭᠠᠵᠣ᠂ ︽ᠲᠦᠷᠪᠡᠨ ᠲᠣᠭᠤᠷᠢᠭ︾5᠎ ᠢ ᠬᠤᠪᠢᠶᠠᠷᠢᠯᠠᠨ ᠲᠣᠭᠳᠠᠭᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠪᠦᠬᠦ ᠬᠤᠰᠢᠭᠤᠨ ᠤ ᠰᠢᠶᠠᠨ ᠤ ᠬᠡᠪᠴᠢᠶᠡᠨ ᠳᠠᠬᠢ ᠠᠮᠢ ᠠᠬᠤᠢ ᠶᠢᠨ ᠣᠷᠴᠢᠨ ᠲᠣᠭᠤᠷᠢᠨ ᠤ ᠶᠠᠰᠣ ᠴᠢᠨᠠᠷ ᠤᠨ ᠬᠢᠨᠠᠨ ᠰᠢᠯᠭᠠᠯᠳᠠ ᠳᠤ ᠪᠦᠬᠦ ᠣᠷᠣᠨ ᠳᠠᠭᠠᠨ ᠵᠢᠷᠭᠤᠳᠣᠭᠠᠷ ᠲᠤ ᠵᠢᠭᠰᠠᠭᠠᠭᠳᠠᠪᠠ᠃ ︽ᠭᠤᠷᠪᠠᠨ ᠬᠤᠷᠢᠭ᠎ᠠ ᠱᠣᠭᠤᠮ︾6 ᠎ ᠢ ᠵᠦᠢ ᠵᠣᠬᠢᠰᠳᠠᠢ ᠲᠣᠭᠳᠠᠭᠠᠵᠣ᠂ ᠬᠤᠰᠢᠭᠤᠨ ᠤ ᠬᠡᠪᠴᠢᠶᠡᠨ ᠤ 68.05%᠎ ᠶᠢᠨ ᠲᠠᠯᠠᠪᠠᠢ ᠶᠢ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠣᠭᠤᠮ ᠤᠨ ᠬᠦᠷᠢᠶ᠎ᠡ ᠬᠡᠪᠴᠢᠶᠡᠨ ᠳᠤ ᠣᠷᠣᠭᠤᠯᠪᠠ᠃ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ︽ᠣᠷᠣᠯᠠᠨ ᠭᠦᠢᠴᠡᠳᠭᠡᠬᠦ ᠬᠠᠣᠯᠢ︾᠎ ᠶᠢ ᠪᠦᠬᠦ ᠠᠶᠢᠮᠠᠭ ᠲᠤ ᠲᠦᠭᠡᠮᠡᠯᠵᠢᠭᠦᠯᠦᠨ ᠠᠰᠢᠭᠯᠠᠵᠣ᠂ ᠪᠦᠬᠦ ᠵᠢᠯ ᠳᠤ 5057 ᠲᠦᠮᠡᠨ ᠲᠦᠭᠦᠷᠢᠭ ᠤᠨ ᠪᠡᠯᠡ ᠣᠷᠣᠭᠤᠯᠵᠣ᠂ 2.35 ᠳᠡᠭᠰᠢ ᠲᠦᠷᠪᠡᠯᠵᠢᠨ ᠺᠢᠯᠣᠮᠧᠲᠷ ᠤᠨ ᠲᠠᠯᠠᠪᠠᠢ ᠲᠠᠢ ᠵᠠᠳᠠᠭᠠᠢ ᠠᠭᠤᠷᠬᠠᠢ ᠶᠢ ᠵᠠᠰᠠᠵᠣ᠂ 2 ᠠᠭᠤᠷᠬᠠᠢ ᠶᠢᠨ ᠠᠵᠣ ᠠᠬᠤᠶᠢᠯᠠᠯ ᠢ ᠣᠯᠣᠰ ᠤᠨ ᠳᠡᠰ ᠤᠨ ᠪᠣᠬᠢᠷᠳᠣᠯ ᠦᠭᠡᠢ ᠠᠭᠤᠷᠬᠠᠢ ᠶᠢᠨ ᠨᠡᠷᠡᠰ ᠤᠨ ᠬᠦᠮᠦᠷᠭᠡ ᠳᠤ ᠣᠷᠣᠭᠤᠯᠵᠣ᠂ 4 ᠠᠵᠣ ᠠᠬᠤᠶᠢᠯᠠᠯ ᠨᠢ ᠦᠪᠡᠷᠳᠡᠭᠡᠨ ᠵᠠᠰᠠᠬᠤ ᠣᠷᠣᠨ ᠤ ᠳᠡᠰ ᠤᠨ ᠪᠣᠬᠢᠷᠳᠣᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠣᠯᠳᠠ ᠶᠢᠨ ᠪᠠᠷᠢᠮᠵᠢᠶᠠᠨ ᠳᠤ ᠬᠦᠷᠴᠦ᠂ ᠪᠦᠬᠦ ᠠᠶᠢᠮᠠᠭ ᠤᠨ ᠠᠭᠤᠷᠬᠠᠢ ᠶᠢᠨ ᠣᠷᠴᠢᠨ ᠲᠣᠭᠤᠷᠢᠨ ᠢ ᠶᠡᠷᠦᠩᠭᠡᠶᠢᠯᠡᠨ ᠵᠠᠰᠠᠬᠤ ᠠᠵᠢᠯ ᠪᠣᠯᠣᠨ ᠪᠣᠬᠢᠷᠳᠣᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠣᠯᠳᠠ ᠶᠢᠨ ᠰᠢᠯᠭᠠᠨ ᠦᠨᠡᠯᠡᠯᠳᠡ ᠶᠢᠨ ᠠᠵᠢᠯ ᠳᠤ ᠪᠦᠬᠦ ᠠᠶᠢᠮᠠᠭ ᠤᠨ ᠬᠤᠶᠠᠳᠣᠭᠠᠷ ᠲᠤ ᠣᠷᠣᠪᠠ᠃ ᠭᠤᠣᠯᠳᠠᠯᠭ᠎ᠠ ᠲᠠᠢ ᠠᠮᠢ ᠠᠬᠤᠢ ᠎ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠣᠯᠳᠠ ᠶᠢ ᠦᠷᠭᠦᠯᠵᠢᠯᠡᠨ ᠠᠬᠢᠭᠤᠯᠵᠣ᠂ ᠵᠢᠯ ᠤᠨ ᠲᠣᠳᠣᠷ᠎ᠠ 1ᠲᠦᠮᠡᠨ ᠮᠣ᠋ ᠭᠠᠵᠠᠷ ᠢ ᠨᠢᠰᠭᠡᠯ ᠢᠶᠠᠷ ᠣᠶᠢᠵᠢᠭᠤᠯᠣᠨ᠂ 0.4 ᠲᠦᠮᠡᠨ ᠮᠣ᠋ ᠡᠯᠡᠰᠦ ᠶᠢ ᠲᠣᠭᠳᠠᠪᠣᠷᠢᠵᠢᠭᠤᠯᠵᠣ᠂ 5 ᠲᠦᠮᠡᠨ ᠮᠣ᠋ ᠡᠯᠡᠰᠦᠨ ᠭᠠᠵᠠᠷ ᠢ ᠪᠢᠳᠡᠭᠦᠮᠵᠢᠯᠡᠨ ᠣᠶᠢᠵᠢᠭᠤᠯᠵᠣ᠂ 0.3 ᠲᠦᠮᠡᠨ ᠮᠣ᠋ ᠭᠤᠣᠯᠳᠠᠯᠭ᠎ᠠ ᠲᠠᠢ ᠣᠷᠣᠨ ᠲᠣᠭᠤᠷᠢᠭ ᠎ ᠢ ᠨᠣᠭᠤᠭᠠᠷᠠᠭᠤᠯᠪᠠ᠃ ᠬᠦᠨᠳᠦ ᠲᠦᠭᠰᠢᠭᠦᠷᠢ ᠶᠢ ᠪᠦᠲᠦᠮᠵᠢᠳᠠᠢ ᠰᠡᠷᠭᠡᠶᠢᠯᠡᠪᠡ᠃ ᠵᠠᠰᠠᠭ ᠤᠨ ᠣᠷᠳᠣᠨ ᠤ ᠴᠢᠨᠠᠷᠳᠠᠢ ᠦᠷᠢ ᠶᠢᠨ ᠲᠦᠭᠰᠢᠭᠦᠷᠢ ᠶᠢ ᠣᠷᠢᠳᠴᠢᠯᠠᠨ ᠰᠡᠷᠡᠮᠵᠢᠭᠦᠯᠬᠦ ᠪᠠ ᠰᠢᠢᠳᠪᠦᠷᠢᠯᠡᠬᠦ ᠲᠦᠷᠢᠮ ᠢ ᠲᠡᠭᠦᠯᠳᠡᠷᠵᠢᠭᠦᠯᠵᠦ᠂ ᠣᠯᠠᠨ ᠠᠷᠭ᠎ᠠ ᠵᠠᠮ ᠢᠶᠠᠷ ᠦᠷᠢ ᠲᠦᠯᠦᠬᠦ ᠪᠡᠯᠡ ᠮᠦᠩᠭᠦ ᠴᠣᠭᠯᠠᠭᠤᠯᠵᠣ᠂ ᠪᠦᠬᠦ ᠵᠢᠯ ᠳᠤ 4.68 ᠳ᠋ᠦᠩᠰᠢᠭᠤᠷ ᠲᠦᠭᠦᠷᠢᠭ ᠤᠨ ᠦᠷᠢ ᠲᠦᠯᠦᠵᠦ᠂ ᠡᠭᠦᠨ ᠳᠤ ᠠᠷᠠᠳ ᠠᠴᠠ ᠡᠵᠡᠩᠨᠡᠭᠰᠡᠨ ᠠᠵᠣ ᠠᠬᠤᠶᠢᠯᠠᠯ ᠪᠠ ᠳᠣᠮᠳᠠ ᠪᠠᠭ᠎ᠠ ᠠᠵᠣ ᠠᠬᠤᠶᠢᠯᠠᠯ ᠳᠤ ᠦᠷᠢᠳᠦᠵᠦ ᠪᠠᠶᠢᠭᠰᠠᠨ 3313 ᠲᠦᠮᠡᠨ ᠲᠦᠭᠦᠷᠢᠭ ᠤᠨ ᠮᠠᠷᠭᠤᠭᠠᠨ ᠦᠭᠡᠢ ᠦᠷᠢ ᠶᠢ ᠪᠣᠴᠠᠭᠠᠵᠣ᠂ ᠦᠷᠢ ᠲᠦᠯᠦᠬᠦ ᠡᠭᠦᠷᠭᠡ ᠶᠢ ᠠᠮᠵᠢᠯᠳᠠᠳᠠᠢ ᠪᠡᠶᠡᠯᠡᠭᠦᠯᠪᠡ᠃ ᠮᠦᠩᠭᠦᠨ ᠭᠦᠢᠯᠭᠡᠭᠡᠨ ᠤ ᠢᠳᠡᠭᠡᠮᠵᠢ ᠠᠯᠳᠠᠭᠰᠠᠨ ᠵᠢᠭᠡᠯᠡᠯᠭᠡ ᠶᠢᠨ ᠨᠣᠷᠮ᠎ᠠ ᠵᠢᠯ ᠤᠨ ᠡᠬᠢᠨ ᠤ ᠬᠢ ᠠᠴᠠ 11.7 ᠵᠠᠭᠤᠨ ᠤ ᠬᠤᠪᠢ ᠶᠢᠨ ᠴᠡᠭ ᠪᠠᠭᠤᠷᠠᠵᠣ᠂ ᠮᠠᠯᠵᠢᠬᠤ ᠲᠠᠷᠢᠶᠠᠯᠠᠬᠤ ᠣᠷᠣᠨ ᠤ ᠠᠷᠠᠳ ᠤᠨ ᠬᠤᠭᠤᠷᠣᠨᠳᠣᠬᠢ ᠵᠢᠭᠡᠯᠡᠯᠭᠡ ᠲᠠᠢ ᠡᠷᠦᠭᠡ ᠶᠢ 70 ᠡᠷᠦᠭᠡ ᠪᠣᠯᠭᠠᠨ ᠪᠠᠭᠠᠰᠬᠠᠵᠣ᠂ 536 ᠲᠦᠮᠡᠨ ᠲᠦᠭᠦᠷᠢᠭ ᠬᠤᠯᠪᠣᠭᠳᠠᠪᠠ᠃      ︵ᠳᠦᠷᠪᠡ︶ ᠬᠡᠯᠪᠡᠷᠢ ᠶᠢ ᠨᠢ ᠬᠤᠪᠢᠷᠠᠭᠤᠯᠣᠨ ᠳᠡᠰ ᠳᠡᠪᠰᠢᠬᠦᠯᠬᠦ ᠪᠠᠷ ᠭᠤᠣᠯ ᠪᠣᠯᠭᠠᠬᠤ ᠶᠢ ᠪᠠᠷᠢᠮᠳᠠᠯᠠᠵᠣ᠂ ᠠᠵᠣ ᠦᠢᠯᠡᠰ ᠤᠨ ᠪᠦᠳᠦᠴᠡ ᠶᠢ ᠲᠠᠰᠣᠷᠠᠯᠳᠠ ᠦᠭᠡᠢ ᠰᠢᠯᠢᠳᠡᠭᠵᠢᠭᠦᠯᠪᠡ᠃ ᠣᠳᠣᠬᠢᠴᠢᠯᠠᠭᠰᠠᠨ ᠮᠠᠯ ᠠᠵᠣ ᠠᠬᠤᠢ ᠎ ᠶᠢ ᠯᠠᠪᠳᠠᠭᠤᠨ ᠪᠠᠳᠣᠳᠠᠢ ᠠᠬᠢᠭᠤᠯᠪᠠ᠃ ︽ᠬᠤᠨᠢᠨ ᠤ ᠡᠭᠦᠯᠳᠡᠷ ᠢ ᠰᠢᠯᠢᠳᠡᠭᠵᠢᠭᠦᠯᠦᠨ ᠦᠭᠡᠷ ᠦᠰᠭᠡᠬᠦ︾᠂ ︽ᠬᠤᠨᠢᠨ ᠤ ᠡᠭᠦᠯᠳᠡᠷ ᠢ ᠰᠢᠯᠢᠳᠡᠭᠵᠢᠭᠦᠯᠦᠨ ᠲᠡᠮᠡᠭᠡ ᠦᠰᠭᠡᠬᠦ︾ ᠪᠠᠶᠢᠯᠳᠣᠬᠤ ᠪᠣᠳᠣᠯᠭ᠎ᠠ ᠶᠢ ᠬᠦᠨᠵᠡᠭᠡᠢ ᠬᠡᠷᠡᠭᠵᠢᠭᠦᠯᠵᠦ᠂ ᠰᠦᠨᠢᠳ ᠬᠤᠨᠢᠨ ᠤ ᠦᠷᠭᠡᠳᠭᠡᠭᠰᠡᠨ ᠮᠠᠯᠵᠢᠯ ᠤᠨ ᠲᠠᠯᠠᠪᠠᠢ 9᠂ ᠭᠤᠣᠯ ᠰᠦᠷᠦᠭ 140᠎ ᠳᠤ ᠬᠦᠷᠴᠦ᠂ ᠵᠢᠯ ᠳᠤ 5000 ᠰᠢᠯᠢᠳᠡᠭ ᠡᠭᠦᠯᠳᠡᠷ ᠤᠨ ᠦᠷ᠎ᠡ ᠶᠢᠨ ᠮᠠᠯ ᠮᠠᠯᠵᠢᠵᠣ᠂ ᠰᠠᠭᠤᠷᠢ ᠡᠭᠡ ᠮᠠᠯ ᠤᠨ ᠬᠠᠷᠢᠴᠠᠯ ᠢ 85%᠎ ᠠᠴᠠ ᠳᠡᠭᠡᠭᠰᠢ ᠪᠠᠶᠢᠯᠭᠠᠬᠤ ᠶᠢ ᠪᠠᠳᠣᠯᠠᠪᠠ᠃ ᠮᠠᠨ ᠤ ᠬᠤᠰᠢᠭᠤ ᠶᠢ ᠬᠦᠳᠡᠭᠡ ᠠᠵᠣ ᠠᠬᠤᠢ ᠎ ᠶᠢᠨ ᠶᠠᠮᠣᠨ ᠠᠴᠠ ᠦᠪᠦᠷ ᠮᠣᠩᠭᠤᠯ ᠤᠨ ᠲᠠᠯ᠎ᠠ ᠨᠣᠳᠤᠭ ᠤᠨ ᠢᠳᠡᠰᠢᠨ ᠤ ᠬᠤᠨᠢᠨ ᠤ ᠠᠵᠣ ᠦᠢᠯᠡᠰ ᠤᠳ ᠤᠨ ᠲᠦᠷᠦᠯ ᠵᠦᠢᠯ ᠤᠨ ᠬᠤᠰᠢᠭᠤ ᠰᠢᠶᠠᠨ ᠳᠤ ᠣᠷᠣᠭᠤᠯᠪᠠ᠃ 844 ᠰᠢᠯᠢᠳᠡᠭ ᠡᠭᠦᠯᠳᠡᠷ ᠤᠨ ᠢᠳᠡᠰᠢᠨ ᠤ ᠦᠭᠡᠷ ᠣᠷᠣᠭᠤᠯᠵᠣ᠂ 3.05 ᠲᠦᠮᠡᠨ ᠨᠣᠳᠤᠭ ᠤᠨ ᠦᠭᠡᠷ ᠤᠨ ᠡᠭᠦᠯᠳᠡᠷ ᠢ ᠰᠠᠶᠢᠵᠢᠷᠠᠭᠤᠯᠵᠣ᠂ ᠢᠳᠡᠰᠢᠨ ᠤ ᠦᠭᠡᠷ ᠎ ᠤᠨ ᠭᠤᠣᠯ ᠰᠦᠷᠦᠭ 2᠎ ᠢ ᠪᠠᠶᠢᠭᠤᠯᠣᠨ᠂ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ 7᠎ ᠶᠢ ᠪᠠᠶᠢᠭᠤᠯᠵᠣ᠂ ᠢᠳᠡᠰᠢᠨ ᠤ ᠦᠭᠡᠷ ᠤᠨ ᠣᠳᠣᠬᠢᠴᠢᠯᠠᠭᠰᠠᠨ ᠠᠵᠣ ᠦᠢᠯᠡᠰ ᠢ ᠲᠣᠭᠳᠠᠭᠤᠨ ᠢᠶᠠᠷ ᠬᠦᠭᠵᠢᠭᠦᠯᠪᠡ᠃ ᠰᠠᠩᠪᠣᠯᠠᠭ ᠢᠩᠭᠡᠨ ᠰᠦᠨ ᠤ ᠰᠠᠭᠤᠷᠢᠨ ᠭᠠᠵᠠᠷ ᠪᠣᠯᠣᠨ ᠡᠷᠢᠶᠡᠨᠨᠠᠭᠤᠷ ᠲᠡᠮᠡᠭᠡ ᠮᠠᠯᠵᠢᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠣᠯᠳᠠ ᠶᠢ ᠪᠡᠶᠡᠯᠡᠭᠦᠯᠵᠦ᠂ 100᠎ ᠠᠴᠠ ᠳᠡᠭᠡᠭᠰᠢᠬᠢ ᠪᠠᠷᠢᠮᠵᠢᠶᠠᠵᠢᠭᠰᠠᠨ ᠰᠦᠨᠢᠳ ᠬᠤᠣᠰ ᠪᠦᠬᠦᠲᠦ ᠲᠡᠮᠡᠭᠡ ᠮᠠᠯᠵᠢᠬᠤ 35 ᠡᠷᠦᠭᠡ ᠶᠢ ᠪᠠᠶᠢᠭᠤᠯᠵᠣ᠂ ᠲᠡᠮᠡᠭᠡᠨ ᠤ ᠠᠵᠣ ᠦᠢᠯᠡᠰ ᠤᠨ ᠬᠦᠭᠵᠢᠯᠳᠡ ᠶᠢᠨ ᠳᠠᠪᠠᠭᠤᠯᠢᠭ ᠢ ᠲᠠᠰᠣᠷᠠᠯᠳᠠ ᠦᠭᠡᠢ ᠪᠣᠵᠠᠭᠠᠶᠢᠷᠠᠭᠤᠯᠪᠠ᠃ ᠪᠦᠬᠦ ᠬᠤᠰᠢᠭᠤᠨ ᠤ ᠪᠣᠳᠠ ᠮᠠᠯ ᠤᠨ ᠲᠤᠭ᠎ᠠ 7.1 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.3%᠎ ᠪᠠᠷ ᠨᠡᠮᠡᠭᠳᠡᠪᠡ᠃ ᠠᠵᠣ ᠦᠢᠯᠡᠳᠪᠦᠷᠢ ᠶᠢᠨ ᠠᠵᠣ ᠠᠬᠤᠢ ᠲᠣᠭᠳᠠᠭᠤᠨ ᠢᠶᠠᠷ ᠬᠦᠭᠵᠢᠪᠡ᠃ ᠮᠧᠩ ᠵᠢᠶᠠ ᠰᠢᠩ ᠢᠮᠠᠭᠠᠨ ᠨᠣᠯᠣᠣᠷ ᠤᠨ ᠪᠦᠲᠦᠭᠡᠭᠳᠡᠭᠦᠨ ᠤ ᠪᠦᠬᠦ ᠠᠵᠣ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠢ ᠪᠦᠬᠦᠯᠢ ᠴᠣᠭᠴᠠ ᠪᠠᠷ ᠨᠢ ᠲᠣᠭᠤᠷᠢᠭ ᠲᠤ ᠣᠷᠣᠭᠤᠯᠬᠤ ᠠᠵᠢᠯ ᠢ ᠬᠦᠯᠢᠶᠡᠨ ᠠᠪᠴᠣ᠂ ᠦᠪᠦᠷ ᠮᠣᠩᠭᠤᠯ ᠤᠨ ᠷᠥᠩ ᠢ ᠨᠣᠣᠰᠣᠨ ᠤ ᠦᠢᠯᠡᠰ ᠤᠨ ᠺᠣᠮᠫᠠᠨᠢ ᠶᠢᠨ ᠵᠢᠯ ᠳᠤ 50 ᠲᠦᠮᠡᠨ ᠵᠠᠬ᠎ᠠ ᠢᠮᠠᠭᠠᠨ ᠨᠣᠯᠣᠣᠷ ᠤᠨ ᠪᠦᠲᠦᠭᠡᠭᠳᠡᠭᠦᠨ ᠢ ᠨᠠᠷᠢᠯᠢᠭ ᠪᠣᠯᠪᠠᠰᠣᠷᠠᠭᠤᠯᠬᠤ ᠲᠦᠷᠦᠯ ᠵᠦᠢᠯ ᠤᠨ ᠠᠬᠢᠴᠠ ᠣᠷᠣᠭᠰᠢᠳᠠᠢ ᠪᠠᠶᠢᠨ᠎ᠠ᠃ ᠵᠢᠯ ᠳᠤ 300 ᠰᠠᠯᠬᠢᠨ ᠬᠦᠴᠦᠨ ᠤ ᠴᠠᠬᠢᠯᠭᠠᠨ ᠰᠡᠩᠰᠡᠨ ᠤ ᠰᠠᠭᠤᠷᠢ ᠦᠢᠯᠡᠳᠪᠦᠷᠢᠯᠡᠬᠦ ᠦᠪᠦᠷ ᠮᠣᠩᠭᠤᠯ ᠤᠨ ᠵᠦᠩ ᠳ᠋ᠢᠶᠠᠨ ᠺᠧ ᠶᠣᠣ ᠺᠣᠮᠫᠠᠨᠢ᠂ ᠽᠥᠩ ᠲᠧᠩ ᠤᠨ ᠵᠢᠯ ᠳᠤ 900 ᠲᠦᠮᠡᠨ ᠪᠤᠭᠤᠳᠠᠯᠯᠠᠬᠤ ᠬᠠᠶᠢᠷᠴᠠᠭ ᠦᠢᠯᠡᠳᠪᠦᠷᠢᠯᠡᠬᠦ᠂ ᠵᠢᠯ ᠳᠤ 10 ᠲᠦᠮᠡᠨ ᠰᠢᠷᠭᠡᠭ ᠱᠦᠢᠨᠢ ᠶᠢᠨ ᠡᠰᠢ ᠦᠢᠯᠡᠳᠪᠦᠷᠢᠯᠡᠬᠦ ᠡᠾᠧᠩ ᠶᠤᠸᠠᠨ ᠴᠠᠬᠢᠯᠭᠠᠨ ᠬᠦᠴᠦᠨ ᠵᠡᠷᠭᠡ ᠨᠢᠭᠡ ᠪᠦᠯᠦᠭ ᠲᠣᠨᠤᠭ ᠲᠦᠬᠦᠭᠡᠷᠦᠮᠵᠢ ᠦᠢᠯᠡᠳᠪᠦᠷᠢᠯᠡᠬᠦ ᠲᠦᠷᠦᠯ ᠵᠦᠢᠯ ᠠᠰᠢᠭᠯᠠᠯᠳᠠ ᠳᠤ ᠣᠷᠣᠪᠠ᠃ ᠦᠪᠦᠷ ᠮᠣᠩᠭᠤᠯ ᠤᠨ ᠵᠦᠩ ᠺᠧ ᠯᠢᠩ ᠱᠧᠩ ᠰᠢᠨᠵᠢᠯᠡᠭᠡ ᠮᠡᠷᠭᠡᠵᠢᠯ ᠤᠨ ᠬᠢᠵᠠᠭᠠᠷᠳᠣ ᠺᠣᠮᠫᠠᠨᠢ ᠶᠢᠨ ᠰᠠᠯᠬᠢᠨ ᠬᠦᠴᠦᠨ ᠤ ᠴᠠᠬᠢᠯᠭᠠᠨ ᠮᠠᠰᠢᠨ ᠰᠡᠯᠪᠢᠨ ᠵᠠᠰᠠᠬᠤ ᠪᠠ ᠲᠠᠳᠣᠯᠭ᠎ᠠ ᠶᠢᠨ ᠪᠣᠯᠪᠠᠰᠣᠷᠠᠯ ᠤᠨ ᠰᠠᠭᠤᠷᠢᠨ ᠭᠠᠵᠠᠷ ᠢ ᠪᠠᠶᠢᠭᠤᠯᠣᠨ ᠠᠰᠢᠭᠯᠠᠯᠳᠠ ᠳᠤ ᠣᠷᠣᠭᠤᠯᠵᠣ᠂ ᠡᠷᠢᠶᠡᠨ ᠤ ᠪᠢᠴᠢᠯ ᠴᠠᠬᠢᠯᠭᠠᠨ ᠲᠣᠣᠷ ᠤᠨ 2 ᠨᠣᠮᠧᠷᠲᠣ ᠰᠦᠷᠦᠭᠵᠢᠯ ᠤᠨ ᠨᠢᠭᠡᠳᠦᠭᠡᠷ ᠬᠤᠭᠤᠴᠠᠭ᠎ᠠ᠂ ᠭᠥᠸᠧ ᠳ᠋ᠢᠶᠠᠨ ᠬᠤᠶᠠᠳᠣᠭᠠᠷ ᠬᠤᠭᠤᠴᠠᠭ᠎ᠠ ᠲᠣᠣᠷ ᠨᠡᠶᠢᠯᠡᠭᠦᠯᠬᠦ ᠶᠢ ᠪᠡᠶᠡᠯᠡᠭᠦᠯᠪᠡ᠃ ᠰᠢᠨ᠎ᠡ ᠡᠨᠧᠷᠬᠢ ᠶᠢᠨ ᠲᠣᠣᠷ ᠨᠡᠶᠢᠯᠡᠭᠦᠯᠦᠭᠰᠡᠨ ᠪᠠᠭᠳᠠᠭᠠᠮᠵᠢ 89 ᠲᠦᠮᠡᠨ ᠺᠢᠯᠣᠸᠠᠲ ᠲᠤ ᠬᠦᠷᠴᠦ᠂ ᠪᠦᠬᠦ ᠵᠢᠯ ᠳᠤ ᠨᠡᠶᠢᠳᠡ 15.7 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠪᠠ᠃ ᠰᠢᠩ ᠭᠠᠩ ᠡᠨᠧᠷᠬᠢ ᠶᠢᠨ ᠬᠢᠵᠠᠭᠠᠷᠳᠣ ᠺᠣᠮᠫᠠᠨᠢ᠂ ᠣᠮᠠᠷᠠᠳᠣ ᠶᠢᠨ ᠰᠢ ᠮᠠ ᠮᠠᠩᠭᠠᠨ ᠎ ᠤ ᠦᠢᠯᠡᠰ ᠤᠨ ᠬᠢᠵᠠᠭᠠᠷᠳᠣ ᠺᠣᠮᠫᠠᠨᠢ ᠶᠢᠨ ᠬᠢᠵᠠᠭᠠᠷᠯᠠᠯ ᠢ ᠳᠡᠭᠡᠭᠰᠢᠯᠡᠭᠦᠯᠦᠨ ᠬᠡᠪᠴᠢᠶᠡᠵᠢᠭᠰᠡᠨ ᠠᠵᠣ ᠠᠬᠤᠶᠢᠯᠠᠯ ᠤᠨ ᠪᠦᠷᠢᠳᠭᠡᠯ ᠳᠤ ᠣᠷᠣᠭᠤᠯᠬᠤ ᠶᠢ ᠪᠡᠶᠡᠯᠡᠭᠦᠯᠪᠡ᠃ 21 ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠠᠵᠣ ᠠᠬᠤᠶᠢᠯᠠᠯ 29.6 ᠳ᠋ᠦᠩᠰᠢᠭᠤᠷ ᠲᠦᠭᠦᠷᠢᠭ ᠤᠨ ᠦᠢᠯᠡᠳᠪᠦᠷᠢᠯᠡᠯ ᠤᠨ ᠦᠷᠳᠡᠭ ᠢ ᠪᠡᠶᠡᠯᠡᠭᠦᠯᠪᠡ᠃ ᠦᠢᠯᠡᠴᠢᠯᠡᠭᠡᠨ ᠤ ᠦᠢᠯᠡᠰ ᠢ ᠲᠦᠷᠭᠡᠨ ᠬᠦᠭᠵᠢᠭᠦᠯᠪᠡ᠃ ᠭᠤᠷᠪᠠᠳᠣᠭᠠᠷ ᠠᠵᠣ ᠦᠢᠯᠡᠰ ᠤᠨ ᠨᠡᠮᠡᠯᠳᠡ ᠦᠷᠳᠡᠭ 17.4 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠨᠡᠮᠡᠭᠳᠡᠯ ᠤᠨ ᠬᠤᠷᠳᠣᠴᠠ ᠨᠢ ᠪᠦᠬᠦ ᠠᠶᠢᠮᠠᠭ ᠤᠨ ᠬᠤᠶᠠᠳᠣᠭᠠᠷ ᠲᠤ ᠣᠷᠣᠵᠣ᠂ ᠪᠦᠬᠦ ᠠᠶᠢᠮᠠᠭ ᠤᠨ ᠳᠣᠮᠳᠠᠴᠢ ᠨᠡᠮᠡᠭᠳᠡᠯ ᠤᠨ ᠬᠤᠷᠳᠣᠴᠠ ᠠᠴᠠ 1.7 ᠵᠠᠭᠤᠨ ᠤ ᠬᠤᠪᠢ ᠶᠢᠨ ᠴᠡᠭ ᠦᠨᠳᠦᠷ ᠪᠣᠯᠪᠠ᠃ ᠪᠦᠬᠦ ᠬᠤᠰᠢᠭᠤᠨ ᠤ ᠮᠦᠩᠭᠦᠨ ᠭᠦᠢᠯᠭᠡᠭᠡᠨ ᠤ ᠪᠠᠶᠢᠭᠤᠯᠣᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠣᠰᠪᠦᠷᠢ 54.5 ᠳ᠋ᠦᠩᠰᠢᠭᠤᠷ ᠲᠦᠭᠦᠷᠢᠭ ᠪᠠ 25.6 ᠳ᠋ᠦᠩᠰᠢᠭᠤᠷ ᠲᠦᠭᠦᠷᠢᠭ ᠲᠤ ᠬᠦᠷᠴᠦ᠂ ᠵᠠᠰᠠᠮᠠᠯ ᠵᠠᠮ ᠤᠨ ᠠᠶᠠᠨᠴᠢᠳ ᠤᠨ ᠵᠦᠭᠡᠭᠡᠪᠦᠷᠢ ᠪᠣᠯᠣᠨ ᠪᠠᠷᠠᠭᠠᠨ ᠤ ᠭᠦᠢᠯᠭᠡᠭᠡᠨ ᠤ ᠬᠡᠮᠵᠢᠶ᠎ᠡ ᠲᠣᠰᠪᠦᠷᠢ 1411 ᠲᠦᠮᠡᠨ ᠬᠦᠮᠦᠨ ᠺᠢᠯᠣᠮᠧᠲᠷ ᠪᠠ 6.9 ᠳ᠋ᠦᠩᠰᠢᠭᠤᠷ ᠲᠣᠨ ᠺᠢᠯᠣᠮᠧᠲᠷ ᠲᠤ ᠬᠦᠷᠪᠡ᠃ ︽ᠰᠦᠨᠢᠳ ᠪᠠᠷᠠᠭᠤᠨ ᠬᠤᠰᠢᠭᠤᠨ ᠤ ᠲᠠᠯ᠎ᠠ ᠨᠣᠳᠤᠭ ᠤᠨ ᠵᠢᠭᠤᠯᠴᠢᠯᠠᠯ ᠤᠨ ᠬᠦᠭᠵᠢᠯᠳᠡ ᠶᠢᠨ ᠲᠦᠯᠦᠪᠵᠢᠭᠦᠯᠭᠡ ︵2020 — 2025 ᠣᠨ︶︾᠎ ᠶᠢ ᠨᠠᠶᠢᠷᠠᠭᠤᠯᠵᠣ᠂ ᠭᠤᠷᠪᠠᠳᠣᠭᠠᠷ ᠬᠤᠭᠤᠴᠠᠭᠠᠨ ᠤ ᠲᠠᠯ᠎ᠠ ᠨᠣᠳᠤᠭ ᠤᠨ ᠬᠤᠷᠳᠣᠨ ᠬᠦᠯᠦᠭ ᠤᠨ ᠣᠷᠣᠯᠳᠣᠭᠠᠨ ᠪᠣᠯᠣᠨ ᠰᠢᠯᠢ ᠶᠢᠨ ᠭᠤᠣᠯ ᠠᠶᠢᠮᠠᠭ ᠎ ᠤᠨ ᠣᠯᠠᠭᠠᠠᠮᠦ᠋ᠴᠢᠷ ᠤᠨ ᠣᠷᠠᠯᠢᠭ ᠤᠨ ᠨᠠᠶᠢᠷ ᠢ ᠡᠬᠢᠯᠡᠭᠦᠯᠬᠦ ᠶᠣᠰᠣᠯᠠᠯ ᠢ ᠶᠠᠪᠣᠭᠳᠠᠭᠤᠯᠵᠣ᠂ ᠰᠠᠶᠢᠬᠠᠨᠳᠠᠯ᠎ᠠ ᠪᠠᠯᠭᠠᠰᠣᠨ ᠤ ᠬᠠᠯᠠᠭᠤᠨ ᠷᠠᠰᠢᠶᠠᠨ ᠨᠠᠰᠣᠳᠠᠶᠢᠴᠣᠳ ᠢ ᠠᠰᠠᠷᠠᠬᠤ ᠬᠦᠷᠢᠶᠡᠯᠡᠩ ᠤᠨ ᠲᠦᠷᠦᠯ ᠵᠦᠢᠯ ᠢ ᠡᠮᠬᠢ ᠳᠠᠷᠠᠭᠠᠯᠠᠯ ᠲᠠᠢ ᠠᠬᠢᠭᠤᠯᠪᠠ᠃ ᠪᠦᠬᠦ ᠣᠷᠣᠨ ᠤ ᠡᠯᠧᠺᠲᠷᠣᠨ ᠬᠤᠳᠠᠯᠳᠣᠭᠠᠨ ᠤ ᠶᠠᠪᠣᠳᠠᠯ ᠢ ᠮᠠᠯᠵᠢᠬᠤ ᠣᠷᠣᠨ ᠳᠤ ᠣᠷᠣᠭᠤᠯᠬᠤ ᠶᠡᠷᠦᠩᠭᠡᠶᠢᠯᠡᠭᠰᠡᠨ ᠵᠢᠱᠢᠶ᠎ᠡ ᠦᠵᠡᠭᠦᠯᠬᠦ ᠪᠣᠯᠪᠠᠰᠣᠷᠠᠯ ᠤᠨ ᠬᠤᠷᠠᠯ ᠢ ᠡᠷᠬᠢᠯᠡᠵᠦ᠂ ︽ᠰᠦᠨᠢᠳ ᠰᠢᠯᠢᠳᠡᠭ ᠪᠦᠲᠦᠭᠡᠭᠳᠡᠭᠦᠨ︾ ᠬᠡᠬᠦ ᠬᠡᠷᠡᠭᠯᠡᠭᠡᠨ ᠢᠶᠠᠷ ᠶᠠᠳᠠᠭᠤ ᠶᠢ ᠳᠡᠳᠭᠦᠬᠦ ᠡᠯᠧᠺᠲᠷᠣᠨ ᠬᠤᠳᠠᠯᠳᠣᠭᠠᠨ ᠤ ᠲᠠᠪᠴᠠᠩ ᠰᠦᠯᠵᠢᠶᠡᠨ ᠳᠤ ᠭᠠᠷᠴᠣ ᠠᠰᠢᠭᠯᠠᠯᠳᠠ ᠳᠤ ᠣᠷᠣᠵᠣ᠂ ᠮᠠᠯᠵᠢᠬᠤ ᠲᠠᠷᠢᠶᠠᠯᠠᠬᠤ ᠣᠷᠣᠨ ᠳᠤ 6 ᠲᠦᠮᠡ ᠭᠠᠷᠣᠢ ᠲᠦᠷᠭᠡᠨ ᠭᠤᠪᠢᠭᠤᠯᠭ᠎ᠠ ᠶᠢᠨ ᠡᠳ᠋ ᠪᠠᠷᠠᠭ᠎ᠠ ᠬᠦᠷᠭᠡᠬᠦ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ 7.5 ᠲᠦᠮᠡ ᠭᠠᠷᠣᠢ ᠬᠤᠪᠢ ᠣᠨᠴᠠᠯᠢᠭᠳᠣ ᠲᠠᠷᠢᠶᠠᠯᠠᠩ ᠮᠠᠯ ᠠᠵᠣ ᠠᠬᠤᠢ ᠶᠢᠨ ᠪᠦᠲᠦᠭᠡᠭᠳᠡᠭᠦᠨ ᠢ ᠵᠠᠬ᠎ᠠ ᠳᠡᠯᠭᠡᠭᠦᠷ ᠲᠤ ᠭᠠᠷᠭᠠᠨ ᠭᠤᠪᠢᠭᠤᠯᠵᠣ᠂ ᠡᠯᠧᠺᠲᠷᠣᠨ ᠬᠤᠳᠠᠯᠳᠤᠭ᠎ᠠ 7.5 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.9%᠎ ᠪᠠᠷ ᠨᠡᠮᠡᠭᠳᠡᠪᠡ᠃      ︵ᠲᠠᠪᠤ︶ ᠨᠢᠭᠡᠳᠦᠯᠳᠠᠢ ᠲᠦᠯᠦᠪᠯᠡᠨ ᠬᠦᠭᠵᠢᠭᠦᠯᠬᠦ ᠠᠷᠭ᠎ᠠ ᠪᠣᠳᠣᠯᠭ᠎ᠠ ᠪᠠᠷ ᠬᠤᠳᠠ ᠬᠦᠳᠡᠭᠡ ᠶᠢᠨ ᠪᠦᠲᠦᠭᠡᠨ ᠪᠠᠶᠢᠭᠤᠯᠣᠯᠳᠠ ᠶᠢ ᠵᠡᠷᠭᠡᠪᠡᠷ ᠠᠬᠢᠭᠤᠯᠪᠠ᠃ 0.48 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ ᠰᠠᠶᠢᠬᠠᠨᠳᠠᠯ᠎ᠠ ᠬᠠᠯᠠᠭᠤᠨ ᠷᠠᠰᠢᠶᠠᠨ ᠤ ᠪᠣᠬᠢᠷ ᠣᠰᠣ ᠰᠢᠢᠳᠪᠦᠷᠢᠯᠡᠬᠦ ᠦᠢᠯᠡᠳᠪᠦᠷᠢ᠂ ᠬᠤᠳᠠ ᠶᠢᠨ ᠰᠢᠳᠠᠮᠠᠬᠠᠢ ᠭᠡᠢ ᠵᠢᠴᠢ ᠳᠠᠮᠵᠢᠭᠤᠯᠣᠨ ᠬᠦᠷᠭᠡᠬᠦ ᠲᠦᠷᠦᠯ ᠵᠦᠢᠯ ᠵᠡᠷᠭᠡ ᠢᠨᠵᠧᠨᠧᠷᠢᠩ ᠤᠨ ᠪᠦᠲᠦᠭᠡᠨ ᠪᠠᠶᠢᠭᠤᠯᠣᠯᠳᠠ ᠶᠢ ᠠᠬᠢᠭᠤᠯᠵᠣ ᠂ 4.8 ᠺᠢᠯᠣᠮᠧᠲᠷ ᠤᠨ ᠳᠣᠯᠠᠭᠠᠯᠭ᠎ᠠ ᠶᠢᠨ ᠬᠤᠭᠤᠯᠠᠢ ᠲᠣᠣᠷ ᠤᠨ ᠦᠭᠡᠷᠡᠴᠢᠯᠡᠯᠳᠡ ᠪᠣᠯᠣᠨ ᠬᠤᠳᠠ ᠪᠠᠯᠭᠠᠰᠣᠨ ᠤ ᠣᠰᠣ ᠪᠠᠷ ᠴᠡᠪᠡᠷᠯᠡᠬᠦ 11 ᠵᠣᠷᠯᠣᠩ ᠢ ᠰᠡᠯᠪᠢᠨ ᠵᠠᠰᠠᠪᠠ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠦᠭᠡᠷᠡᠴᠢᠯᠡᠬᠦ 6 ᠲᠦᠷᠦᠯ ᠵᠦᠢᠯ ᠢ ᠬᠡᠷᠡᠭᠵᠢᠭᠦᠯᠵᠦ᠂ ᠵᠢᠯ ᠤᠨ ᠲᠣᠳᠣᠷ᠎ᠠ ᠭᠡᠷ ᠬᠦᠷᠦᠩᠭᠡ ᠶᠢᠨ ᠦᠨᠡᠮᠯᠡᠯ ᠭᠦᠢᠴᠡᠳᠭᠡᠬᠦ ᠲᠡᠣᠭᠡᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠭᠰᠡᠨ ᠨᠣᠷᠮ᠎ᠠ᠂ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠭᠰᠡᠨ ᠨᠣᠷᠮ᠎ᠠ ᠲᠣᠰᠪᠦᠷᠢ 93% ᠪᠠ 94%᠎ ᠳᠤ ᠬᠦᠷᠴᠦ᠂ ᠲᠣᠰᠪᠦᠷᠢ ᠪᠦᠬᠦ ᠠᠶᠢᠮᠠᠭ ᠤᠨ ᠭᠦᠢᠴᠡᠳᠭᠡᠯ ᠲᠤᠭ᠎ᠠ ᠠᠴᠠ 7 ᠵᠠᠭᠤᠨ ᠤ ᠬᠤᠪᠢ ᠶᠢᠨ ᠴᠡᠭ ᠪᠠ 2 ᠵᠠᠭᠤᠨ ᠤ ᠬᠤᠪᠢ ᠶᠢᠨ ᠴᠡᠭ ᠦᠨᠳᠦᠷ ᠪᠣᠯᠪᠠ᠃ ᠭᠡᠷ ᠠᠬᠤᠢ ᠶᠢᠨ ᠬᠠᠮᠢᠶᠠᠷᠣᠯᠳᠠ ᠶᠢᠨ ᠦᠢᠯᠡᠴᠢᠯᠡᠭᠡᠨ ᠤ ᠶᠠᠰᠣ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠳᠣᠷ ᠦᠷᠨᠢᠭᠦᠯᠵᠦ᠂ ᠭᠡᠷ ᠠᠬᠤᠢ ᠶᠢᠨ ᠬᠠᠮᠢᠶᠠᠷᠣᠯᠳᠠ ᠶᠢᠨ 7 ᠠᠵᠣ ᠠᠬᠤᠶᠢᠯᠠᠯ ᠢ ᠪᠦᠬᠦ ᠠᠶᠢᠮᠠᠭ ᠤᠨ ᠭᠡᠷ ᠠᠬᠤᠢ ᠶᠢᠨ ᠬᠠᠮᠢᠶᠠᠷᠣᠯᠳᠠ ᠶᠢᠨ ᠣᠶᠣᠨᠳᠣ ᠬᠢᠨᠠᠯᠳᠠ ᠬᠠᠮᠢᠶᠠᠷᠣᠯᠳᠠ ᠶᠢᠨ ᠲᠠᠪᠴᠠᠩ ᠳᠤ ᠣᠷᠣᠭᠤᠯᠪᠠ᠃ ᠰᠦᠨᠢᠳ ᠪᠠᠷᠠᠭᠤᠨ ᠬᠤᠰᠢᠭᠤ ᠠᠴᠠ ᠬᠤᠸᠠᠳᠧ ᠬᠦᠷᠬᠦ ᠦᠨᠳᠦᠷ ᠬᠤᠷᠳᠣᠴᠠᠳᠣ ᠵᠠᠰᠠᠮᠠᠯ ᠵᠠᠮ ᠲᠡᠷᠭᠡ ᠨᠡᠪᠳᠡᠷᠡᠬᠦ ᠨᠦᠬᠦᠴᠡᠯ ᠢ ᠪᠦᠷᠢᠯᠳᠦᠭᠦᠯᠵᠦ᠂ ᠪᠦᠬᠦ ᠬᠤᠰᠢᠭᠤᠨ ᠤ ᠦᠨᠳᠦᠷ ᠬᠤᠷᠳᠣᠴᠠᠳᠣ ᠵᠠᠰᠠᠮᠠᠯ ᠵᠠᠮ ᠤᠨ ᠠᠶᠠᠯᠠᠯ ᠤᠨ ᠣᠷᠳᠣ ᠨᠢ 171 ᠺᠢᠯᠣᠮᠧᠲᠷ ᠲᠤ ᠬᠦᠷᠴᠦ᠂ ᠪᠦᠬᠦ ᠠᠶᠢᠮᠠᠭ ᠲᠤ ᠨᠢᠭᠡᠳᠦᠭᠡᠷ ᠲᠤ ᠣᠷᠣᠪᠠ᠃ ᠡᠷᠢᠶᠡᠨ ᠠᠴᠠ ᠭᠤᠸᠠᠩᠵᠸᠣ ᠬᠦᠷᠬᠦ ᠦᠨᠳᠦᠷ ᠬᠤᠷᠳᠣᠴᠠᠳᠣ ᠵᠠᠰᠠᠮᠠᠯ ᠵᠠᠮ ᠤᠨ ᠡᠷᠢᠶᠠᠨ ᠬᠤᠳᠠ ᠠᠴᠠ ᠰᠠᠶᠢᠬᠠᠨᠳᠠᠯ᠎ᠠ ᠬᠦᠷᠬᠦ ᠭᠡᠰᠡᠭ᠂ G 331 ᠱᠣᠭᠤᠮ ᠤᠨ ᠡᠷᠢᠶᠡᠨ ᠬᠤᠳᠠ ᠠᠴᠠ ᠠᠶᠢᠷᠠᠭ ᠤᠨ ᠰᠦᠮ᠎ᠡ ᠬᠦᠷᠬᠦ ᠵᠠᠰᠠᠮᠠᠯ ᠵᠠᠮ ᠢ ᠳᠡᠪᠢᠰᠬᠦ ᠠᠵᠢᠯ ᠤᠨ ᠠᠬᠢᠴᠠ ᠣᠷᠣᠭᠰᠢᠳᠠᠢ ᠪᠠᠶᠢᠨ᠎ᠠ᠃ ᠰᠠᠶᠢᠬᠠᠨᠳᠠᠯ᠎ᠠ ᠪᠠᠯᠭᠠᠰᠣᠨ ᠤ ᠲᠣᠳᠣᠷᠠᠬᠢ ᠨᠡᠶᠢᠳᠡ ᠶᠢᠨ ᠮᠠᠰᠢᠨ ᠲᠡᠷᠭᠡᠨ ᠤ ᠵᠠᠮ ᠱᠣᠭᠤᠮ ᠪᠣᠯᠣᠨ ᠰᠠᠶᠢᠬᠠᠨᠳᠠᠯ᠎ᠠ ᠪᠠᠯᠭᠠᠰᠣ ᠠᠴᠠ ᠵᠢᠷᠦᠭᠡ ᠪᠠᠯᠭᠠᠰᠣ ᠬᠦᠷᠬᠦ ᠬᠤᠣᠰ ᠴᠢᠭᠯᠡᠯ ᠤᠨ ᠬᠤᠳᠠ ᠬᠦᠳᠡᠭᠡ ᠶᠢᠨ ᠨᠡᠶᠢᠳᠡ ᠶᠢᠨ ᠮᠠᠰᠢᠨ ᠲᠠᠷᠭᠡᠨ ᠤ ᠵᠠᠮ ᠱᠣᠭᠤᠮ ᠠᠰᠢᠭᠯᠠᠯᠳᠠ ᠳᠤ ᠣᠷᠣᠵᠣ᠂ ᠬᠤᠳᠠ ᠪᠠᠯᠭᠠᠰᠣᠨ ᠤ ᠶᠡᠷᠦᠩᠭᠡᠶᠢᠯᠡᠭᠰᠡᠨ ᠳᠠᠭᠠᠭᠠᠴᠠ ᠶᠢᠨ ᠴᠢᠳᠠᠪᠣᠷᠢ ᠣᠯᠠᠮ ᠨᠢᠭᠡ ᠠᠯᠬᠤᠮ ᠳᠡᠭᠡᠭᠰᠢᠯᠡᠪᠡ᠃ ᠬᠦᠳᠡᠭᠡ ᠲᠣᠰᠬᠤᠨ ᠮᠠᠯᠵᠢᠬᠤ ᠣᠷᠣᠨ ᠤ ᠬᠦᠮᠦᠨ ᠠᠷᠠᠳ ᠤᠨ ᠰᠠᠭᠤᠭᠠᠯᠢ ᠣᠷᠴᠢᠨ ᠢ ᠵᠠᠰᠠᠨ ᠴᠡᠭᠴᠡᠯᠡᠬᠦ ᠭᠤᠷᠪᠠᠨ ᠵᠢᠯ ᠤᠨ ᠠᠵᠢᠯᠯᠠᠭ᠎ᠠ ᠶᠢ ᠠᠮᠵᠢᠯᠳᠠᠳᠠᠢ ᠪᠡᠶᠡᠯᠡᠭᠦᠯᠵᠦ᠂ ᠮᠠᠯ ᠵᠢᠭᠦᠷᠳᠡᠨ ᠤ ᠢᠯᠭᠠᠳᠠᠰᠣ ᠶᠢ ᠶᠡᠷᠦᠩᠭᠡᠶᠢᠯᠡᠨ ᠠᠰᠢᠭᠯᠠᠭᠰᠠᠨ ᠨᠣᠷᠮ᠎ᠠ 75%᠎ ᠳᠤ ᠬᠦᠷᠴᠦ᠂ ᠬᠦᠳᠡᠭᠡ ᠲᠣᠰᠬᠤᠨ ᠮᠠᠯᠵᠢᠬᠤ ᠣᠷᠣᠨ ᠳᠤ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ 32%᠎ ᠲᠤ ᠬᠦᠷᠪᠡ᠃ 44 ᠬᠤᠳᠳᠤᠭ᠂ 2 ᠲᠦᠪᠯᠡᠷᠡᠭᠦᠯᠦᠨ ᠣᠰᠣ ᠬᠠᠩᠭᠠᠬᠤ ᠢᠨᠵᠧᠨᠧᠷᠢᠩ ᠢ ᠪᠠᠶᠢᠭᠤᠯᠵᠣ᠂ 2 ᠲᠦᠭᠡᠭᠡᠯ ᠣᠰᠣᠨ ᠤ ᠢᠨᠵᠧᠨᠧᠷᠢᠩ ᠢ ᠦᠭᠡᠷᠡᠴᠢᠯᠡᠵᠦ᠂ 311 ᠣᠰᠣ ᠲᠡᠭᠡᠭᠡᠬᠦ ᠲᠡᠷᠭᠡ ᠲᠠᠷᠬᠠᠭᠠᠨ ᠦᠭᠴᠦ᠂ 512 ᠨᠠᠷᠠᠪᠴᠢ ᠪᠠᠷᠢᠵᠣ᠂ ᠬᠦᠳᠡᠭᠡ ᠲᠣᠰᠬᠤᠨ ᠤ 219.7 ᠺᠢᠯᠣᠮᠧᠲᠷ ᠵᠠᠰᠠᠮᠠᠯ ᠵᠠᠮ ᠢ ᠦᠷᠭᠡᠳᠭᠡᠨ ᠵᠠᠰᠠᠵᠣ᠂ ᠣᠯᠣᠰ ᠪᠠ ᠮᠣᠵᠢ ᠶᠢᠨ ᠳᠡᠰ ᠤᠨ ᠵᠠᠮ ᠱᠣᠭᠤᠮ ᠪᠣᠯᠣᠨ ᠬᠦᠳᠡᠭᠡ ᠲᠣᠰᠬᠤᠨ ᠤ ᠵᠠᠰᠠᠮᠠᠯ ᠵᠠᠮ ᠳᠠᠭᠠᠣ ᠣᠷᠣᠨ ᠤ 209.8 ᠺᠢᠯᠣᠮᠧᠲᠷ ᠤᠨ ᠲᠦᠷᠢᠮ ᠠᠴᠠ ᠵᠦᠷᠢᠴᠡᠭᠰᠡᠨ ᠲᠣᠣᠷ ᠬᠦᠷᠢᠶ᠎ᠡ ᠶᠢ ᠬᠤᠷᠢᠶᠠᠯᠭᠠᠵᠣ᠂ ᠬᠦᠳᠡᠭᠡ ᠲᠣᠰᠬᠤᠨ ᠤ ᠲᠦᠷᠢ ᠲᠦᠷᠬᠦ ᠶᠢ ᠮᠡᠳᠡᠭᠳᠡᠮ᠎ᠡ ᠰᠠᠶᠢᠵᠢᠷᠠᠭᠤᠯᠪᠠ᠃      ︵ᠵᠢᠷᠭᠤᠭ᠎ᠠ︶ ᠦᠭᠡᠷᠡᠴᠢᠯᠡᠯᠳᠡ ᠶᠢ ᠬᠦᠨᠵᠡᠭᠡᠶᠢᠷᠡᠭᠦᠯᠬᠦ ᠪᠠᠷ ᠬᠦᠳᠡᠯᠭᠡᠭᠴᠢ ᠬᠦᠴᠦᠨ ᠢᠶᠠᠨ ᠪᠣᠯᠭᠠᠬᠤ ᠶᠢ ᠪᠠᠷᠢᠮᠳᠠᠯᠠᠵᠣ᠂ ᠬᠦᠭᠵᠢᠯᠳᠡ ᠶᠢᠨ ᠬᠦᠴᠦᠨ ᠢ ᠲᠠᠰᠣᠷᠠᠯᠳᠠ ᠦᠭᠡᠢ ᠨᠡᠮᠡᠭᠳᠡᠭᠦᠯᠪᠡ᠃ᠠᠵᠣ ᠠᠬᠤᠢ ᠶᠢᠨ ᠪᠠᠶᠢᠭᠤᠯᠣᠯ ᠪᠣᠯᠣᠨ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯ ᠤᠨ ᠬᠦᠷᠢᠶ᠎ᠡ ᠴᠡᠷ᠎ᠠ ᠳᠤ 11 ᠲᠦᠷᠦᠯ ᠤᠨ ᠦᠭᠡᠷᠡᠴᠢᠯᠡᠯᠳᠡ ᠎ ᠶᠢᠨ ᠦᠷ᠎ᠡ ᠪᠦᠲᠦᠮᠵᠢ ᠲᠠᠢ ᠪᠣᠯᠵᠣ᠂ 94 ᠲᠦᠷᠦᠯ ᠤᠨ ᠳᠡᠭᠡᠲᠦ ᠱᠠᠳᠣᠨ ᠤ ᠦᠭᠡᠷᠡᠴᠢᠯᠡᠯᠳᠡ ᠶᠢᠨ ᠦᠷ᠎ᠡ ᠪᠦᠲᠦᠮᠵᠢ ᠶᠢ ᠨᠠᠶᠢᠳᠠᠪᠣᠷᠢᠵᠢᠭᠤᠯᠪᠠ᠃ ︽ᠵᠠᠰᠠᠭ ᠤᠨ ᠡᠷᠭᠡ ᠶᠢ ᠴᠣᠮᠬᠠᠳᠬᠠᠵᠣ ᠡᠷᠭᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠣᠶᠠᠯᠳᠣᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ︾7 ᠦᠭᠡᠷᠡᠴᠢᠯᠡᠯᠳᠡ ᠶᠢ ᠬᠦᠴᠦᠳᠠᠢ ᠠᠬᠢᠭᠤᠯᠵᠣ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠢ ᠴᠢᠩᠭ᠎ᠠ ᠠᠳᠬᠤᠵᠣ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ 16 ᠰᠠᠯᠠᠭ᠎ᠠ ᠮᠦᠴᠢᠷ ᠤᠨ 193 ᠲᠦᠷᠦᠯ ᠤᠨ ᠬᠢᠨᠠᠨ ᠵᠦᠪᠰᠢᠶᠡᠷᠡᠬᠦ ᠵᠦᠢᠯ ᠢ ︽ᠨᠢᠭᠡᠯᠡ ᠴᠣᠩᠬᠤᠪᠴᠢ ᠪᠠᠷ ᠬᠦᠯᠢᠶᠡᠨ ᠠᠪᠴᠣ ᠭᠦᠢᠴᠡᠳᠭᠡᠬᠦ᠂ ᠲᠣᠭᠳᠠᠭᠰᠠᠨ ᠬᠤᠭᠤᠴᠠᠭᠠᠨ ᠳᠤ ᠭᠦᠢᠴᠡᠳᠭᠡᠵᠦ ᠳᠠᠭᠤᠰᠬᠠᠬᠤ︾᠎ ᠶᠢ ᠪᠡᠶᠡᠯᠡᠭᠦᠯᠵᠦ᠂ ᠠᠵᠣ ᠠᠬᠤᠶᠢᠯᠠᠯ ᠡᠷᠬᠢᠯᠡᠬᠦ ᠠᠵᠢᠯ ᠢ ᠭᠦᠢᠴᠡᠳᠭᠡᠬᠦ ᠴᠠᠭ ᠪᠣᠯᠣᠨ ᠦᠯᠦ ᠬᠦᠳᠡᠯᠬᠦ ᠬᠦᠷᠦᠩᠭᠡ ᠶᠢᠨ ᠳᠠᠩᠰᠠᠯᠠᠯᠳᠠ ᠶᠢ ᠭᠦᠢᠴᠡᠳᠭᠡᠬᠦ ᠴᠠᠭ ᠢ ᠲᠣᠰᠪᠦᠷᠢ 3᠎ ᠠᠴᠠ 5 ᠠᠵᠢᠯᠯᠠᠬᠤ ᠡᠳᠦᠷ ᠤᠨ ᠲᠣᠳᠣᠷ᠎ᠠ ᠭᠦᠢᠴᠡᠳᠭᠡᠬᠦ ᠪᠠᠷ ᠪᠣᠭᠤᠨᠢᠰᠬᠠᠵᠣ᠂ ᠢᠨᠵᠧᠨᠧᠷᠢᠩ ᠤᠨ ᠪᠦᠲᠦᠭᠡᠨ ᠪᠠᠶᠢᠭᠤᠯᠣᠯᠳᠠ ᠶᠢᠨ ᠲᠦᠷᠦᠯ ᠵᠦᠢᠯ ᠎ ᠢ ᠬᠢᠨᠠᠨ ᠵᠦᠪᠰᠢᠶᠡᠷᠡᠬᠦ ᠴᠠᠭ ᠤᠨ ᠬᠢᠵᠠᠭᠠᠷ ᠢ 82 ᠠᠵᠢᠯᠯᠠᠬᠤ ᠡᠳᠦᠷ ᠪᠣᠯᠭᠠᠨ ᠪᠣᠭᠤᠨᠢᠰᠬᠠᠪᠠ᠃ ᠣᠷᠣᠨ ᠤ ᠲᠣᠳᠣᠷ᠎ᠠ ᠭᠠᠳᠠᠨᠠᠬᠢ ᠠᠵᠣ ᠠᠬᠤᠶᠢᠯᠠᠯ ᠲᠠᠢ 5 ᠬᠤᠪᠢ ᠬᠠᠮᠳᠣᠷᠠᠯᠴᠠᠬᠤ ᠬᠡᠯᠡᠯᠴᠡᠭᠡᠷ ᠲᠣᠭᠳᠠᠵᠣ᠂ ᠵᠢᠯ ᠤᠨ ᠲᠣᠳᠣᠷ᠎ᠠ ᠠᠷᠠᠯᠵᠢᠶᠠᠴᠢᠨ ᠣᠷᠢᠵᠣ 6200 ᠲᠦᠮᠡᠨ ᠲᠦᠭᠦᠷᠢᠭ ᠤᠨ ᠪᠡᠯᠡ ᠮᠦᠩᠭᠦ ᠣᠷᠣᠭᠤᠯᠪᠠ᠃     ︵ᠳᠣᠯᠤᠭ᠎ᠠ︶ ᠠᠷᠠᠳ ᠲᠦᠮᠡᠨ ᠬᠠᠨᠣᠮᠵᠢᠳᠠᠢ ᠪᠠᠶᠢᠬᠤ ᠪᠠᠷ ᠬᠦᠭᠡᠭᠡᠴᠡᠯᠳᠦᠯ ᠢᠶᠠᠨ ᠪᠣᠯᠭᠠᠬᠤ ᠶᠢ ᠪᠠᠷᠢᠮᠳᠠᠯᠠᠵᠣ᠂ ᠠᠷᠠᠳ ᠲᠦᠮᠡᠨ ᠳᠤ ᠨᠡᠩ ᠶᠡᠭᠡ ᠵᠣᠯ ᠵᠢᠷᠭᠠᠯ ᠡᠳ᠋ᠯᠡᠭᠦᠯᠪᠡ᠃ ᠣᠷᠣᠨ ᠨᠣᠳᠤᠭ ᠤᠨ ᠡᠳ᠋ ᠤᠨ ᠵᠠᠰᠠᠭ ᠤᠨ ᠠᠷᠠᠳ ᠤᠨ ᠠᠮᠢᠳᠣᠷᠠᠯ ᠳᠠᠬᠢ ᠪᠡᠯᠡ ᠣᠷᠣᠭᠤᠯᠣᠯᠳᠠ 11.3 ᠳ᠋ᠦᠩᠰᠢᠭᠤᠷ ᠲᠦᠭᠦᠷᠢᠭ ᠪᠠᠶᠢᠵᠣ᠂ ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠣᠯᠭ᠎ᠠ ᠶᠢᠨ 69%᠎ ᠶᠢ ᠡᠵᠡᠯᠡᠪᠡ᠃ ᠨᠡᠶᠢᠭᠡᠮ ᠤᠨ ᠪᠠᠳᠣᠯᠠᠭ᠎ᠠ ᠶᠢ ᠲᠣᠭᠳᠠᠭᠤᠨ ᠢᠶᠠᠷ ᠳᠡᠭᠡᠭᠰᠢᠯᠡᠭᠦᠯᠪᠡ᠃ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠶᠢ ᠪᠠᠳᠣᠯᠠᠨ ᠲᠣᠭᠳᠠᠭᠠᠬᠤ ᠠᠵᠢᠯ ᠢ ᠪᠠᠶᠠᠯᠠᠭᠦᠯᠵᠦ᠂ ᠬᠤᠳᠠ ᠪᠠᠯᠭᠠᠰᠣᠨ ᠤ ᠠᠵᠢᠯᠳᠠᠨ ᠤ ᠦᠨᠳᠦᠰᠦᠨ ᠨᠠᠰᠣᠵᠢᠯ ᠤᠨ ᠳᠠᠭᠠᠳᠬᠠᠯ ᠤᠨ ᠣᠯᠭᠤᠮᠵᠢ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠣᠵᠢᠯ ᠤᠨ ᠳᠠᠭᠠᠳᠬᠠᠯ ᠢ ᠲᠣᠭᠳᠠᠭᠤᠨ ᠢᠶᠠᠷ ᠦᠷᠭᠡᠳᠭᠡᠵᠦ᠂ 1.9 ᠲᠦᠮᠡᠨ ᠬᠦᠮᠦᠨ ᠳᠠᠭᠠᠳᠬᠠᠯ ᠎ ᠳᠤ ᠣᠷᠣᠪᠠ᠃ ᠬᠤᠳᠠ ᠬᠦᠳᠡᠭᠡ ᠶᠢᠨ ᠦᠨᠳᠦᠰᠦᠨ ᠡᠮᠨᠡᠯᠭᠡ ᠶᠢᠨ ᠳᠠᠭᠠᠳᠬᠠᠯ ᠳᠤ ᠣᠷᠣᠭᠰᠠᠨ ᠨᠣᠷᠮ᠎ᠠ 97.25%᠎ ᠳᠤ ᠬᠦᠷᠴᠦ᠂ ᠦᠪᠡᠷᠳᠡᠭᠡᠨ ᠵᠠᠰᠠᠬᠤ ᠣᠷᠣᠨ ᠤ ᠭᠦᠢᠴᠡᠳᠭᠡᠬᠦ ᠡᠭᠦᠷᠭᠡ ᠠᠴᠠ 2.25 ᠵᠠᠭᠤᠨ ᠤ ᠬᠤᠪᠢ ᠎ ᠶᠢᠨ ᠴᠡᠭ ᠦᠨᠳᠦᠷ ᠪᠣᠯᠪᠠ᠃ ᠨᠡᠶᠢᠭᠡᠮ ᠤᠨ ᠡᠯ᠎ᠡ ᠲᠦᠷᠦᠯ ᠤᠨ ᠠᠪᠣᠷᠠᠨ ᠲᠣᠰᠠᠯᠠᠬᠤ ᠮᠦᠩᠭᠦ 3855 ᠲᠦᠮᠡᠨ ᠲᠦᠭᠦᠷᠢᠭ ᠢ ᠲᠠᠷᠬᠠᠭᠠᠵᠣ᠂ ᠬᠤᠳᠠ ᠬᠦᠳᠡᠭᠡ ᠶᠢᠨ ᠬᠦᠴᠢᠷᠳᠡᠯᠳᠠᠢ ᠣᠯᠠᠨ ᠲᠦᠮᠡᠨ ᠤ ᠦᠨᠳᠦᠰᠦᠨ ᠠᠮᠢᠳᠣᠷᠠᠯ ᠤᠨ ᠬᠢᠷᠢ ᠲᠦᠪᠰᠢᠨ ᠢ ᠪᠦᠲᠦᠮᠵᠢᠳᠠᠢ ᠪᠠᠳᠣᠯᠠᠪᠠ᠃ ᠨᠡᠶᠢᠭᠡᠮ ᠤᠨ ᠠᠵᠢᠯ ᠦᠢᠯᠡᠰ ᠢ ᠲᠦᠷᠭᠡᠨ ᠬᠦᠭᠵᠢᠭᠦᠯᠪᠡ᠃ ᠣᠯᠣᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠦᠮᠦᠵᠢᠯ ᠢ ᠴᠢᠩᠭᠠᠳᠬᠠᠵᠣ᠂ ᠦᠨᠳᠦᠰᠦᠳᠡᠨ ᠎ ᠤ ᠬᠡᠯᠡ ᠪᠠᠷ ᠬᠢᠴᠢᠶᠡᠯᠯᠡᠵᠦ ᠪᠠᠶᠢᠭ᠎ᠠ 3 ᠰᠣᠷᠭᠠᠭᠤᠯᠢ ᠳᠤ ᠣᠯᠣᠰ ᠤᠨ ᠨᠢᠭᠡᠳᠦᠯᠳᠠᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠲᠣᠭᠳᠠᠭᠤᠨ ᠢᠶᠠᠷ ᠡᠮᠬᠢ ᠳᠠᠷᠠᠭᠠᠯᠠᠯ ᠲᠠᠢ ᠪᠠᠷ ᠳᠡᠯᠭᠡᠷᠡᠭᠦᠯᠦᠨ ᠬᠡᠷᠡᠭᠯᠡᠭᠦᠯᠪᠡ᠃ ᠨᠠᠷᠠᠨᠪᠣᠯᠠᠭ ᠮᠣᠩᠭᠤᠯ ᠦᠨᠳᠦᠰᠦᠳᠡᠨ ᠤ ᠭᠡᠣᠭᠡᠳ ᠤᠨ ᠴᠡᠴᠡᠷᠯᠢᠭ ᠪᠣᠯᠣᠨ ᠰᠣᠯᠣᠩᠭᠠᠨ ᠨᠠᠷᠠᠨ ᠬᠡᠷᠡᠯ ᠭᠡᠣᠭᠡᠳ ᠤᠨ ᠴᠡᠴᠡᠷᠯᠢᠭ ᠢ ᠲᠣᠰᠪᠦᠷᠢ ᠦᠪᠡᠷᠳᠡᠭᠡᠨ ᠵᠠᠰᠠᠬᠤ ᠣᠷᠣᠨ ᠤ ᠨᠢᠭᠡᠳᠦᠭᠡᠷ ᠲᠦᠷᠦᠯ ᠤᠨ ᠭᠡᠣᠭᠡᠳ ᠤᠨ ᠴᠡᠴᠡᠷᠯᠢᠭ ᠪᠣᠯᠣᠨ ᠪᠦᠬᠦ ᠠᠶᠢᠮᠠᠭ ᠤᠨ ᠲᠦᠭᠡᠮᠡᠯ ᠬᠠᠷᠠᠭᠠᠯᠵᠠᠯ ᠤᠨ ᠴᠢᠨᠠᠷᠳᠠᠢ ᠠᠷᠠᠳ ᠠᠴᠠ ᠡᠷᠬᠢᠯᠡᠭᠰᠡᠨ ᠭᠡᠣᠭᠡᠳ ᠤᠨ ᠴᠡᠴᠡᠷᠯᠢᠭ ᠢᠶᠠᠷ ᠪᠠᠳᠣᠯᠠᠨ ᠲᠣᠭᠳᠠᠭᠠᠪᠠ᠃ ᠠᠯᠪᠠᠨ ᠵᠢᠷᠣᠮ ᠤᠨ ᠰᠣᠷᠭᠠᠨ ᠬᠦᠮᠦᠵᠢᠯ ᠢ ᠪᠠᠳᠣᠳᠬᠠᠬᠰᠠᠨ ᠨᠣᠷᠮ᠎ᠠ 96%᠎ ᠳᠤ ᠬᠦᠷᠴᠦ᠂ ᠦᠨᠳᠦᠷ ᠳᠣᠮᠳᠠᠳᠣ ᠳᠤ ᠲᠠᠪᠰᠢᠬᠤ ᠰᠢᠯᠭᠠᠯᠳᠠ ᠶᠢᠨ ᠬᠢᠷᠢ ᠪᠦᠲᠦᠮᠵᠢ ᠪᠠᠷ ᠢᠶᠠᠨ ᠪᠦᠬᠦ ᠠᠶᠢᠮᠠᠭ ᠤᠨ ᠲᠡᠷᠢᠭᠦᠨ ᠳᠤ ᠵᠢᠭᠰᠠᠭᠠᠭᠳᠠᠵᠣ᠂ ᠵᠢᠩᠭᠢᠨᠢ ᠠᠩᠭᠢ ᠶᠢᠨ ᠶᠡᠷᠦᠩᠭᠡᠢ ᠬᠢᠷᠢ ᠪᠦᠲᠦᠮᠵᠢ ᠳᠤ ᠬᠦᠷᠦᠭᠰᠡᠨ ᠨᠣᠷᠮ᠎ᠠ ᠵᠢᠯ ᠳᠠᠷᠠᠭᠠᠯᠠᠨ ᠳᠡᠭᠡᠭᠰᠢᠯᠡᠵᠦ᠂ ᠡᠭᠦᠨ ᠳᠤ ᠮᠣᠩᠭᠤᠯ ᠢᠶᠠᠷ ᠬᠢᠴᠢᠶᠡᠯᠯᠡᠭᠰᠡᠨ ᠰᠣᠷᠣᠭᠴᠢᠳ ᠤᠨ ᠵᠢᠩᠭᠢᠨᠢ ᠠᠩᠭᠢ ᠶᠢᠨ ᠬᠢᠷᠢ ᠪᠦᠲᠦᠮᠵᠢ ᠳᠤ ᠬᠦᠷᠦᠭᠰᠡᠨ ᠨᠣᠷᠮ᠎ᠠ 96.6%᠎ ᠳᠤ ᠬᠦᠷᠪᠡ᠃ ᠪᠠᠷᠢᠮᠵᠢᠶᠠᠵᠢᠭᠰᠠᠨ ᠮᠣᠩᠭᠤᠯ ᠡᠮᠨᠡᠯᠭᠡ ᠶᠢᠨ ᠬᠤᠷᠢᠶ᠎ᠠ ᠪᠣᠯᠣᠨ ᠡᠭᠡ ᠨᠢᠯᠬᠠᠰ ᠤᠨ ᠡᠷᠡᠭᠦᠯᠵᠢᠯ ᠦᠢᠯᠡᠴᠢᠯᠡᠭᠡᠨ ᠤ ᠲᠦᠪ ᠤᠨ ᠪᠦᠲᠦᠭᠡᠨ ᠪᠠᠶᠢᠭᠤᠯᠣᠯᠳᠠ ᠶᠢ ᠪᠦᠬᠦ ᠬᠦᠴᠦ ᠪᠠᠷ ᠢᠶᠠᠨ ᠠᠬᠢᠭᠤᠯᠵᠣ᠂ 7 ᠰᠣᠮᠣ ᠪᠠᠯᠭᠠᠰᠣᠨ ᠤ ᠡᠷᠡᠭᠦᠯ ᠬᠠᠮᠠᠭᠠᠯᠠᠯ ᠤᠨ ᠦᠷᠳᠡᠭᠡ᠂ 2 ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠲᠤ ᠮᠣᠩᠭᠤᠯ ᠬᠢᠳᠠᠳ ᠡᠮᠨᠡᠯᠭᠡ ᠶᠢᠨ ᠭᠠᠵᠠᠷ ᠪᠠᠶᠢᠭᠤᠯᠵᠣ᠂ ᠡᠮᠴᠢᠯᠡᠭᠡᠨ ᠤ ᠦᠢᠯᠡᠴᠢᠯᠡᠭᠡᠨ ᠤ ᠴᠢᠳᠠᠪᠣᠷᠢ ᠣᠯᠠᠮ ᠨᠢᠭᠡ ᠠᠯᠬᠤᠮ ᠳᠡᠭᠡᠭᠰᠢᠯᠡᠪᠡ᠃ ᠤᠯᠠᠭᠠᠨᠮᠦ᠋ᠴᠢᠷ ᠎ ᠤᠨ ᠪᠤᠯᠪᠠᠰᠤᠷᠠᠯ ᠤᠨ ᠳᠠᠩᠬᠢᠮ ᠤᠨ ᠪᠦᠲᠦᠭᠡᠨ ᠪᠠᠶᠢᠭᠤᠯᠤᠯᠲᠠ ᠶᠢ ᠠᠵᠢᠯ ᠡᠬᠢᠯᠡᠭᠦᠯᠵᠦ᠂ ᠣᠯᠠᠭᠠᠠᠮᠦ᠋ᠴᠢᠷ ᠦᠨᠳᠦᠰᠦᠨ ᠱᠠᠳᠣᠨ ᠳᠤ 100 ᠭᠠᠷᠣᠢ ᠲᠠᠯᠠᠪᠠᠢ ᠲᠣᠭᠯᠠᠯᠳᠠ ᠭᠠᠷᠭᠠᠵᠣ᠂10 ᠭᠠᠷᠣᠢ ᠣᠳᠬ᠎ᠠ ᠣᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠮᠣᠩᠭᠤᠯ ᠵᠦᠴᠦᠭᠡ ︽ᠵᠢᠷᠦᠭᠡ ᠶᠢᠨ ᠬᠠᠶᠢᠷ᠎ᠠ︾᠎ ᠨᠢ 2020 ᠣᠨ ᠤ ᠦᠪᠡᠷᠳᠡᠭᠡᠨ ᠵᠠᠰᠠᠬᠤ ᠣᠷᠣᠨ ᠤ ᠲᠣᠭᠯᠠᠯᠳᠠ ᠶᠢᠨ ᠳᠠᠶᠢᠰᠠᠨ ᠤ ᠣᠷᠠᠯᠢᠭ ᠤᠨ ᠰᠣᠳᠣᠨ ᠢᠨᠵᠧᠨᠧᠷᠢᠩ ᠢᠶᠠᠷ ᠰᠣᠩᠭᠤᠭᠳᠠᠵᠣ᠂ ᠣᠯᠠᠭᠠᠠᠮᠦ᠋ᠴᠢᠷ ᠪᠦᠬᠦ ᠣᠯᠣᠰ ᠤᠨ ︽3᠂ 8︾  ᠎ ᠶᠢᠨ ᠣᠯᠠᠭᠠᠨ ᠲᠣᠭᠴᠢ ᠬᠠᠮᠳᠣ ᠨᠢᠭᠡᠴᠡ᠂ ᠪᠦᠬᠦ ᠣᠯᠣᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠬᠦᠮᠦᠵᠢᠯ ᠤᠨ ᠰᠠᠭᠤᠷᠢᠨ ᠭᠠᠵᠠᠷ ᠵᠡᠷᠭᠡ ᠢᠷᠠᠭᠤ ᠠᠯᠳᠠᠷ ᠤᠳ ᠢ ᠬᠦᠷᠳᠡᠪᠡ᠃ 5477 ᠲᠦᠮᠡᠨ ᠲᠦᠭᠦᠷᠢᠭ ᠤᠨ ᠪᠡᠯᠡ ᠮᠦᠩᠭᠦ ᠣᠷᠣᠭᠤᠯᠵᠣ᠂ ︽ᠣᠶᠣᠨᠳᠣ ᠷᠠᠳᠢᠤ᠋ ᠲᠧᠯᠸᠢᠰ︾ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠷᠠᠳᠢᠤ᠋ ᠲᠧᠯᠸᠢᠰ ᠤᠨ ᠣᠯᠠᠨ ᠨᠡᠶᠢᠳᠡ ᠎ ᠳᠤ ᠦᠢᠯᠡᠴᠢᠯᠡᠬᠦ ᠬᠢᠷᠢ ᠲᠦᠪᠰᠢᠨ ᠢ ᠪᠦᠲᠦᠮᠵᠢᠳᠠᠢ ᠳᠡᠭᠡᠭᠰᠢᠯᠡᠭᠦᠯᠪᠡ᠃ ᠵᠢᠪᠬᠤᠯᠠᠩᠳᠣ ᠶᠢᠨ ᠡᠾᠦ᠋ᠩᠨᠣ ᠶᠢᠨ ᠦᠶ᠎ᠡ ᠎ ᠶᠢᠨ ᠪᠣᠯᠠᠰᠢ ᠨᠤᠭᠤᠳ ᠤᠨ ᠬᠠᠭᠤᠴᠢ ᠮᠠᠯᠳᠠᠮᠠᠯ ᠤᠨ ᠠᠵᠢᠯ ᠢ ᠠᠮᠵᠢᠯᠳᠠᠳᠠᠢ ᠪᠡᠶᠡᠯᠡᠭᠦᠯᠪᠡ᠃ ᠪᠦᠬᠦ ᠣᠷᠣᠨ ᠤ ᠪᠠᠭ᠎ᠠ ᠰᠣᠷᠭᠠᠭᠤᠯᠢ ᠶᠢᠨ ᠰᠣᠷᠣᠭᠴᠢᠳ ᠤᠨ ᠮᠣᠩᠭᠤᠯ ᠰᠢᠳᠠᠷ᠎ᠠ ᠶᠢᠨ ᠰᠦᠯᠵᠢᠶᠡᠨ ᠳᠡᠭᠡᠷᠡᠬᠢ ᠣᠷᠢᠯᠭ᠎ᠠ ᠶᠢᠨ ᠣᠷᠣᠯᠳᠣᠭᠠᠨ᠂ ᠬᠦᠬᠡᠬᠤᠳᠠ ᠶᠢᠨ ᠲᠠᠯ᠎ᠠ ᠨᠣᠳᠤᠭ ᠤᠨ ᠰᠢᠳᠠᠷ᠎ᠠ ᠶᠢᠨ ᠰᠣᠳᠣᠴᠣᠣᠯ ᠤᠨ ᠣᠷᠣᠯᠳᠣᠭᠠᠨ ᠢ ᠠᠮᠵᠢᠯᠳᠠᠳᠠᠢ ᠡᠷᠬᠢᠯᠡᠨ ᠶᠠᠪᠣᠭᠳᠠᠭᠤᠯᠪᠠ᠃ ᠬᠤᠶᠠᠳᠣᠭᠠᠷ ᠬᠤᠭᠤᠴᠠᠭᠠᠨ ᠤ ᠬᠤᠰᠢᠭᠤ ᠳᠠᠷᠤᠭ᠎ᠠ ᠶᠢᠨ ᠴᠢᠨᠠᠷᠵᠢᠯ ᠤᠨ ᠱᠠᠩᠨᠠᠯ ᠢ ᠰᠣᠩᠭᠤᠨ ᠰᠢᠯᠭᠠᠷᠠᠭᠤᠯᠬᠤ ᠠᠵᠢᠯ ᠢ ᠪᠡᠶᠡᠯᠡᠭᠦᠯᠵᠦ᠂ ᠶᠠᠩ ᠶᠠᠩ ᠮᠠᠯᠵᠢᠯ ᠤᠨ ᠦᠢᠯᠡᠰ ᠨᠢ ᠪᠦᠬᠦ ᠣᠷᠣᠨ ᠎ ᠤ 2020 ᠣᠨ ᠤ ︽ᠮᠧᠩ︾ ᠦᠰᠦᠭ ᠤᠨ ᠱᠣᠰᠢᠭ᠎ᠠ ᠳᠡᠮᠳᠡᠭ ᠤᠨ ᠦᠨᠡᠮᠯᠡᠯ ᠢ ᠠᠩᠬ᠎ᠠ ᠬᠦᠷᠳᠡᠭᠰᠡᠨ ᠠᠵᠣ ᠠᠬᠤᠶᠢᠯᠠᠯ ᠪᠣᠯᠪᠠ᠃ ᠳᠣᠯᠣᠳᠣᠭᠠᠷ ᠣᠳᠠᠭᠠᠨ ᠤ ᠪᠦᠬᠦ ᠣᠯᠣᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ᠂ ᠭᠤᠷᠪᠠᠳᠣᠭᠠᠷ ᠣᠳᠠᠭᠠᠨ ᠤ ᠣᠯᠣᠰ ᠤᠨ ᠭᠠᠵᠠᠷ ᠰᠢᠷᠣᠢ ᠶᠢᠨ ᠪᠠᠶᠢᠴᠠᠭᠠᠯᠳᠠ ᠶᠢᠨ ᠠᠵᠢᠯ ᠢ ᠣᠷᠣᠭᠰᠢᠳᠠᠢ ᠪᠡᠶᠡᠯᠡᠭᠦᠯᠪᠡ᠃ ᠨᠡᠶᠢᠭᠡᠮ ᠤᠨ ᠵᠠᠰᠠᠯᠳᠠ ᠶᠢ ᠪᠦᠬᠦ ᠲᠠᠯ᠎ᠠ ᠪᠠᠷ ᠴᠢᠩᠭᠠᠳᠬᠠᠪᠠ᠃ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠣᠰᠬᠠᠢ ᠲᠡᠮᠡᠴᠡᠯ ᠪᠣᠳᠠᠳᠣ ᠦᠷ᠎ᠡ ᠪᠦᠲᠦᠮᠵᠢ ᠣᠯᠵᠣ᠂ ᠡᠷᠡᠭᠦᠦ ᠶᠢᠨ ᠬᠡᠷᠡᠭ ᠪᠣᠯᠣᠨ ᠠᠮᠣᠷ ᠲᠦᠪᠰᠢᠨ ᠤ ᠬᠡᠷᠡᠭ ᠠᠳᠠᠯᠢ ᠬᠤᠭᠤᠴᠠᠭᠠᠨ ᠤ ᠬᠢ ᠠᠴᠠ 25.6% ᠪᠠ 31.5%᠎ ᠪᠠᠷ ᠪᠠᠭᠤᠷᠠᠪᠠ᠃ ᠵᠠᠬᠢᠳᠠᠯ ᠰᠣᠷᠪᠣᠯᠵᠢᠯᠠᠭ᠎ᠠ ᠶᠢᠨ ᠠᠰᠠᠭᠤᠳᠠᠯ ᠢ ᠣᠳᠣᠷᠢᠳᠣᠯᠭ᠎ᠠ ᠳᠠᠭᠠᠭᠠᠴᠢᠯᠠᠬᠤ ᠲᠦᠷᠢᠮ ᠪᠣᠯᠣᠨ ︽1328︾ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠡᠳᠦᠷ ᠤᠨ ᠲᠦᠷᠢᠮ ᠢ ᠴᠢᠩᠭ᠎ᠠ ᠬᠡᠷᠡᠭᠵᠢᠭᠦᠯᠵᠦ᠂ 77 ᠬᠤᠪᠢ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠢ ᠬᠦᠯᠢᠶᠡᠨ ᠠᠪᠴᠣ᠂ 66 ᠬᠡᠷᠡᠭ ᠲᠤ ᠳ᠋ᠦᠩ ᠭᠠᠷᠭᠠᠵᠣ᠂ ᠭᠦᠢᠴᠡᠳᠭᠡᠭᠰᠡᠨ ᠨᠣᠷᠮ᠎ᠠ 85.7%᠎ ᠳᠤ ᠬᠦᠷᠪᠡ᠃ ᠦᠪᠡᠷᠳᠡᠭᠡᠨ ᠵᠠᠰᠠᠬᠤ ᠣᠷᠣᠨ ᠤ ᠭᠦᠢᠴᠡᠳᠭᠡᠯᠭᠡᠬᠦ ᠪᠠᠷ ᠲᠣᠰᠢᠶᠠᠭᠰᠠᠨ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠨᠣᠷᠮ᠎ᠠ 100%᠎ ᠳᠤ ᠬᠦᠷᠪᠡ᠃ ᠠᠶᠣᠯᠬᠦᠢ ᠦᠢᠯᠡᠳᠪᠦᠷᠢᠯᠡᠯ ᠎ ᠤᠨ ᠬᠠᠷᠢᠭᠤᠴᠠᠯᠭᠠᠳᠣ ᠲᠦᠷᠢᠮ ᠪᠣᠯᠣᠨ ᠣᠷᠣᠨ ᠨᠣᠳᠤᠭ ᠤᠨ ᠨᠠᠮ ᠵᠠᠰᠠᠭ ᠤᠨ ᠣᠳᠣᠷᠢᠳᠬᠤ ᠺᠠᠳ᠋ᠷ ᠤᠨ ᠢᠳᠡᠭᠡᠨ ᠎ ᠤ ᠠᠮᠣᠷ ᠲᠦᠪᠰᠢᠨ ᠤ ᠬᠠᠷᠢᠭᠤᠴᠠᠯᠭᠠᠳᠣ ᠲᠦᠷᠢᠮ ᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠠᠶᠣᠯᠭᠦᠢ ᠦᠢᠯᠡᠳᠪᠦᠷᠢᠯᠡᠯ ᠤᠨ ᠲᠣᠰᠬᠠᠢ ᠲᠦᠷᠦᠯ ᠤᠨ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠪᠣᠯᠣᠨ ᠢᠳᠡᠭᠡᠨ ᠪᠠ ᠡᠮ ᠤᠨ ᠵᠦᠢᠯ ᠤᠨ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ ᠶᠢᠨ ᠠᠵᠢᠯ ᠢ ᠰᠠᠶᠢᠳᠣᠷ ᠦᠷᠨᠢᠭᠦᠯᠵᠦ᠂ 4400 ᠠᠵᠣ ᠠᠬᠤᠶᠢᠯᠠᠯ ᠢ ᠪᠠᠶᠢᠴᠠᠭᠠᠵᠣ᠂ 1546 ᠲᠦᠷᠦᠯ ᠤᠨ ᠠᠰᠠᠭᠤᠳᠠᠯ ᠪᠣᠯᠣᠨ ᠳᠠᠯᠳᠠ ᠭᠡᠮ ᠢ ᠪᠠᠶᠢᠴᠠᠭᠠᠨ ᠴᠡᠭᠴᠡᠯᠡᠵᠦ᠂ ᠪᠦᠬᠦ ᠬᠤᠰᠢᠭᠤᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠣᠷᠠᠯ ᠪᠣᠯᠣᠨ ᠢᠳᠡᠭᠡᠨ ᠣᠮᠳᠠᠭᠠᠨ ᠡᠮ ᠤᠨ ᠵᠦᠢᠯ ᠤᠨ ᠠᠮᠣᠷ ᠲᠦᠪᠰᠢᠨ ᠢ ᠪᠦᠲᠦᠮᠵᠢᠳᠠᠢ ᠪᠠᠳᠣᠯᠠᠪᠠ᠃ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠬᠦᠮᠦᠵᠢᠯ ᠪᠣᠯᠣᠨ ᠪᠦᠬᠦ ᠣᠯᠣᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠬᠦᠨᠵᠡᠭᠡᠢ ᠠᠬᠢᠭᠤᠯᠵᠣ᠂ ᠰᠠᠶᠢᠬᠠᠠᠠᠦ᠋ᠯᠵᠠᠢ ᠰᠣᠮᠣᠨ ᠤ ᠨᠣᠭᠤᠭᠠᠨᠳᠠᠯ᠎ᠠ ᠭᠠᠴᠠᠭ᠎ᠠ ᠨᠢ ᠭᠤᠷᠪᠠᠳᠣᠭᠠᠷ ᠪᠦᠯᠦᠭ ᠤᠨ ᠳᠣᠮᠳᠠᠳᠣ ᠣᠯᠣᠰ ᠤᠨ ᠴᠦᠭᠡᠨ ᠲᠣᠭᠠᠳᠣ ᠦᠨᠳᠦᠰᠦᠳᠡᠨ ᠤ ᠣᠨᠴᠠᠯᠢᠭᠳᠣ ᠬᠦᠳᠡᠭᠡ ᠲᠣᠰᠬᠤᠨ ᠢᠶᠠᠷ ᠨᠡᠷᠡᠶᠢᠳᠦᠭᠳᠡᠪᠡ᠃      ︵ᠨᠠᠢᠮᠠ︶ ᠲᠣᠰᠢᠶᠠᠯ ᠬᠠᠷᠢᠭᠤᠴᠠᠯᠭ᠎ᠠ ᠪᠠᠨ ᠰᠠᠶᠢᠳᠣᠷ ᠭᠦᠢᠴᠡᠳᠭᠡᠬᠦ ᠪᠠᠷ ᠱᠠᠭᠠᠷᠳᠠᠯᠭ᠎ᠠ ᠪᠣᠯᠭᠠᠬᠤ ᠶᠢ ᠪᠠᠷᠢᠮᠳᠠᠯᠠᠵᠣ᠂ ᠲᠣᠰ ᠪᠡᠶ᠎ᠡ ᠶᠢᠨ ᠪᠠᠶᠢᠭᠤᠯᠣᠯᠳᠠ ᠶᠢ ᠲᠠᠰᠣᠷᠠᠯᠳᠠ ᠦᠭᠡᠢ ᠴᠢᠩᠭᠠᠳᠬᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠶᠢ ᠬᠦᠨᠵᠡᠭᠡᠢ ᠰᠣᠷᠣᠯᠴᠠᠨ ᠲᠣᠣᠱᠯᠠᠭᠤᠯᠵᠣ᠂ ︽ᠵᠣᠷᠢᠯᠳᠠ ᠪᠠᠨ ᠦᠯᠦ ᠮᠠᠷᠳᠠᠵᠣ᠂ ᠡᠭᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠬᠦ︾ ᠭᠤᠣᠯ ᠰᠡᠳᠦᠪᠳᠦ ᠬᠦᠮᠦᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠳᠣᠳᠬᠠᠪᠠ᠃ ᠡᠭᠦᠷᠭᠡ ᠬᠠᠷᠢᠭᠤᠴᠠᠯᠭ᠎ᠠ ᠪᠠᠨ ᠬᠠᠣᠯᠢ ᠶᠣᠰᠣᠭᠠᠷ ᠪᠦᠬᠦ ᠲᠠᠯ᠎ᠠ ᠪᠠᠷ ᠭᠦᠢᠴᠡᠳᠭᠡᠬᠦ ᠶᠢ ᠪᠠᠷᠢᠮᠳᠠᠯᠠᠵᠣ᠂ ᠵᠠᠰᠠᠭ ᠤᠨ ᠣᠷᠳᠣᠨ ᠤ ᠠᠵᠢᠯ ᠤᠨ ᠲᠦᠷᠢᠮ ᠲᠣᠭᠳᠠᠭᠠᠯ ᠢ ᠪᠦᠲᠦᠮᠵᠢᠳᠠᠢ ᠨᠠᠶᠢᠳᠠᠪᠣᠷᠢᠵᠢᠭᠤᠯᠵᠣ᠂ ︽ᠲᠣᠯᠣᠳᠣᠭᠠᠷ ᠲᠠᠪᠣᠨ ᠵᠢᠯ︾᠎ ᠤᠨ ᠬᠠᠣᠯᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠣᠯᠣᠰ ᠲᠦᠷᠦ ᠶᠢᠨ ᠬᠠᠣᠯᠢ ᠴᠠᠭᠠᠵᠠ ᠶᠢᠨ ᠵᠦᠪᠯᠡᠯᠭᠡ ᠶᠢᠨ ᠲᠦᠷᠢᠮ ᠢ ᠪᠠᠶᠢᠭᠤᠯᠵᠣ᠂ ᠬᠤᠰᠢᠭᠤ᠂ ᠰᠣᠮᠣ ᠪᠠᠯᠭᠠᠰᠣᠨ ᠤ ᠵᠠᠰᠠᠭ ᠤᠨ ᠣᠷᠳᠣᠨ ᠎ ᠤ ᠬᠠᠣᠯᠢ ᠴᠠᠭᠠᠵᠠ ᠶᠢᠨ ᠵᠦᠪᠯᠡᠯᠭᠡ ᠦᠭᠬᠦ ᠠᠵᠢᠯ ᠢ ᠲᠦᠭᠡᠮᠡᠯᠵᠢᠭᠦᠯᠵᠦ᠂ ᠬᠠᠣᠯᠢ ᠪᠠᠷ ᠵᠠᠰᠠᠬᠤ ᠵᠠᠰᠠᠭ ᠤᠨ ᠣᠷᠳᠣᠨ᠂ ᠬᠠᠣᠯᠢ ᠪᠠᠷ ᠵᠠᠰᠠᠬᠤ ᠨᠡᠶᠢᠭᠡᠮ ᠤᠨ ᠪᠠᠶᠢᠭᠤᠯᠣᠯᠳᠠ ᠶᠢᠨ ᠲᠦᠪᠰᠢᠨ ᠢ ᠣᠯᠠᠮ ᠨᠢᠭᠡ ᠠᠯᠬᠤᠮ ᠳᠡᠭᠡᠭᠰᠢᠯᠡᠭᠦᠯᠪᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠳᠠᠭᠠᠯ ᠢ ᠴᠢᠩᠭ᠎ᠠ ᠬᠡᠷᠡᠭᠵᠢᠭᠦᠯᠵᠦ᠂ ᠠᠷᠠᠳ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠢᠨᠠᠯᠳᠠ ᠶᠢ ᠬᠦᠯᠢᠶᠡᠵᠦ᠂ 94 ᠬᠤᠪᠢ ᠠᠷᠠᠳ ᠤᠨ ᠲᠦᠯᠦᠭᠡᠯᠡᠭᠴᠢᠳ ᠤᠨ ᠰᠠᠨᠠᠯ ᠰᠠᠨᠠᠭᠤᠯᠭ᠎ᠠ ᠪᠣᠯᠣᠨ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠳᠣᠷᠠᠳᠣᠯᠭ᠎ᠠ ᠶᠢ ᠭᠦᠢᠴᠡᠳᠭᠡᠵᠦ᠂ ᠰᠢᠢᠳᠪᠦᠷᠢᠯᠡᠭᠰᠡᠨ ᠨᠣᠷᠮ᠎ᠠ 100%᠎ ᠳᠤ ᠬᠦᠷᠪᠡ᠃ ᠵᠠᠰᠠᠭ ᠤᠨ ᠣᠷᠳᠣᠨ ᠤ ᠰᠦᠯᠵᠢᠶ᠎ᠡ᠂ ᠸᠢᠴᠠᠲ ᠤᠨ ᠣᠯᠠᠨ ᠨᠡᠶᠢᠳᠡ ᠶᠢᠨ ᠳ᠋ᠣᠭᠠᠷ ᠢᠶᠠᠷ ᠳᠠᠮᠵᠢᠨ ᠡᠯ᠎ᠡ ᠲᠦᠷᠦᠯ ᠤᠨ ᠮᠡᠳᠡᠭᠡ ᠵᠠᠩᠭᠢ ᠶᠢ 4000 ᠭᠠᠷᠣᠢ ᠵᠣᠷᠪᠣᠰ ᠨᠡᠶᠢᠳᠡᠯᠡᠵᠦ ᠂ 4 ᠣᠳᠠᠭᠠᠨ ᠤ ᠰᠣᠨᠢᠨ ᠮᠡᠳᠡᠭᠡ ᠨᠡᠶᠢᠳᠡᠯᠡᠬᠦ ᠬᠤᠷᠠᠯ ᠢ ᠡᠷᠬᠢᠯᠡᠨ ᠶᠠᠪᠣᠭᠳᠠᠭᠤᠯᠵᠣ᠂ ᠨᠡᠶᠢᠭᠡᠮ ᠤᠨ ᠬᠠᠯᠠᠮᠰᠢᠯ ᠠᠰᠠᠭᠤᠳᠠᠯ ᠳᠤ ᠴᠠᠭ ᠲᠣᠬᠠᠢ ᠳᠤᠨᠢ ᠬᠠᠷᠢᠭᠤ ᠦᠭᠪᠡ᠃ ᠵᠠᠰᠠᠭ ᠤᠨ ᠣᠷᠳᠣᠨ ᠤ ᠲᠦᠰᠦᠪ ᠢ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠣᠳᠣᠬᠤ ᠠᠵᠢᠯ ᠢ ᠴᠢᠩᠭᠠᠳᠬᠠᠵᠣ᠂ ᠵᠠᠰᠠᠭ ᠤᠨ ᠣᠷᠳᠣᠨ ᠤ ᠡᠩ ᠤᠨ ᠵᠠᠷᠣᠯᠭ᠎ᠠ ᠶᠢ ᠴᠢᠩᠭ᠎ᠠ ᠡᠵᠡᠮᠳᠡᠵᠦ᠂ ︽ᠭᠤᠷᠪᠠᠨ ᠠᠯᠪᠠᠨ ᠤ ᠵᠠᠷᠣᠳᠠᠯ︾᠎ ᠢ 10%᠎ ᠪᠠᠷ ᠪᠠᠭᠠᠰᠬᠠᠪᠠ᠃ ᠲᠦᠪ ᠤᠨ ᠨᠠᠢᠮᠠᠨ ᠵᠣᠷᠪᠣᠰ ᠲᠣᠭᠳᠠᠭᠠᠯ ᠤᠨ ᠵᠣᠷᠢᠭ ᠰᠠᠨᠠᠭ᠎ᠠ ᠵᠢᠴᠢ ᠬᠡᠷᠡᠭᠵᠢᠭᠦᠯᠬᠦ ᠨᠠᠷᠢᠨ ᠲᠦᠷᠢᠮ ᠢ ᠡᠷᠡᠰ ᠨᠠᠶᠢᠳᠠᠪᠣᠷᠢᠵᠢᠭᠤᠯᠵᠣ᠂ ᠬᠡᠯᠪᠡᠷᠢ ᠎ ᠶᠢᠨ ᠦᠵᠡᠯ ᠪᠣᠯᠣᠨ ᠨᠣᠶᠠᠨᠴᠢ ᠰᠣᠷᠳᠠᠯ ᠢ ᠡᠰᠡᠷᠭᠦᠴᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠣᠯᠳᠠ ᠪᠣᠯᠣᠨ ᠢᠯᠵᠢᠷᠠᠯ ᠢ ᠡᠰᠡᠷᠭᠦᠴᠡᠬᠦ ᠠᠵᠢᠯ ᠢ ᠦᠷᠭᠦᠯᠵᠢᠯᠡᠨ ᠴᠢᠩᠭᠠᠳᠬᠠᠪᠠ᠃      ᠲᠦᠯᠦᠭᠡᠯᠡᠭᠴᠢᠳ ᠡ᠂ 2020 ᠣᠨ ᠤ ᠡᠯ᠎ᠡ ᠲᠦᠷᠦᠯ ᠤᠨ ᠬᠠᠷᠠᠯᠳᠠᠳᠣ ᠡᠭᠦᠷᠭᠡ ᠶᠢ ᠪᠡᠶᠡᠯᠡᠭᠦᠯᠦᠭᠰᠡᠨ ᠨᠢ ︽ᠠᠷᠪᠠᠨ ᠭᠤᠷᠪᠠᠳᠣᠭᠠᠷ ᠲᠠᠪᠣᠨ ᠵᠢᠯ︾᠎ ᠤᠨ ᠲᠦᠯᠦᠪᠵᠢᠭᠦᠯᠭᠡ ᠲᠡᠭᠦᠰ ᠠᠮᠵᠢᠯᠳᠠᠳᠠᠢ ᠰᠡᠭᠦᠯ ᠬᠤᠷᠢᠶᠠᠭᠰᠠᠨ ᠢ ᠬᠠᠷᠠᠭᠤᠯᠵᠣ ᠪᠣᠢ᠃ ᠦᠩᠭᠡᠷᠡᠭᠰᠡᠨ ᠲᠠᠪᠣᠨ ᠵᠢᠯ ᠢ ᠡᠷᠬᠢᠴᠡᠭᠦᠯᠪᠡᠯ᠂ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠣ᠂ ᠰᠢᠨ᠎ᠡ ᠬᠦᠭᠵᠢᠯᠳᠡ ᠶᠢᠨ ᠦᠵᠡᠯᠳᠡ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠬᠤᠰᠢᠭᠤᠨ ᠤ ᠪᠠᠨ ᠪᠠᠶᠢᠳᠠᠯ ᠢ ᠣᠨᠣᠪᠴᠢᠳᠠᠢ ᠡᠵᠡᠮᠳᠡᠵᠦ᠂ ᠰᠢᠨᠵᠢᠯᠡᠬᠦ ᠣᠬᠠᠭᠠᠨᠴᠢ ᠪᠠᠷ ᠬᠠᠷᠠᠯᠳᠠ ᠪᠠᠨ ᠲᠣᠭᠳᠠᠭᠠᠵᠣ᠂ ᠲᠣᠬᠢᠶᠠᠯ ᠢ ᠴᠢᠩᠭ᠎ᠠ ᠠᠳᠬᠤᠵᠣ᠂ ᠬᠠᠮᠳᠣᠪᠡᠷ ᠬᠦᠴᠢᠷ ᠪᠡᠷᠭᠡ ᠶᠢ ᠲᠣᠭᠤᠯᠣᠭᠰᠠᠨ ᠠᠴᠠ ᠪᠦᠬᠦ ᠬᠤᠰᠢᠭᠤᠨ ᠤ ᠠᠵᠣ ᠠᠬᠤᠢ ᠨᠡᠶᠢᠭᠡᠮ ᠡᠷᠡᠭᠦᠯ᠂ ᠦᠷᠭᠦᠯᠵᠢᠯᠡᠭᠦᠶᠢᠴᠡ᠂ ᠪᠦᠬᠦ ᠲᠠᠯ᠎ᠠ ᠎ ᠶᠢᠨ᠂ ᠡᠶ᠎ᠡ ᠵᠣᠬᠢᠴᠠᠯᠳᠣ ᠬᠦᠭᠵᠢᠯᠳᠡ ᠶᠢ ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ᠴᠢᠨᠠᠷᠯᠢᠭ ᠬᠦᠭᠵᠢᠯᠳᠡ ᠶᠢᠨ ᠰᠢᠨ᠎ᠡ ᠬᠠᠭᠤᠳᠠᠰᠣ ᠶᠢ ᠪᠢᠴᠢᠭᠯᠡᠭᠰᠡᠨ ᠶᠣᠮ᠃      ᠲᠠᠪᠣᠨ ᠵᠢᠯ ᠤᠨ ᠲᠣᠷᠰᠢ᠂ ᠪᠢᠳᠡ ᠰᠢᠨ᠎ᠡ ᠶᠢ ᠡᠭᠦᠳᠦᠨ ᠬᠦᠭᠵᠢᠭᠦᠯᠬᠦ ᠶᠢ ᠪᠠᠷᠢᠮᠳᠠᠯᠠᠭᠰᠠᠨ ᠠᠴᠠ ᠶᠡᠷᠦᠩᠭᠡᠢ ᠪᠣᠳᠠᠳᠣ ᠬᠦᠴᠦᠨ ᠮᠡᠳᠡᠭᠳᠡᠮ᠎ᠡ ᠳᠡᠭᠡᠭᠰᠢᠯᠡᠪᠡ᠃ ︽ᠠᠷᠪᠠᠨ ᠭᠤᠷᠪᠠᠳᠣᠭᠠᠷ ᠲᠠᠪᠣᠨ ᠵᠢᠯ︾᠎ ᠤᠨ ᠬᠤᠭᠤᠴᠠᠭᠠᠨ ᠳᠤ᠂ ᠪᠦᠬᠦ ᠬᠤᠰᠢᠭᠤᠨ ᠤ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ ᠨᠡᠶᠢᠳᠡ 192 ᠳ᠋ᠦᠩᠰᠢᠭᠤᠷ ᠲᠦᠭᠦᠷᠢᠭ ᠲᠤ ᠬᠦᠷᠴᠦ᠂ ᠵᠢᠯ ᠳᠣᠮᠳᠠᠴᠢ ᠪᠠᠷ 3.4%᠎ ᠪᠠᠷ ᠨᠡᠮᠡᠭᠳᠡᠪᠡ᠃ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠨᠡᠶᠢᠳᠡ 100 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠨᠡᠶᠢᠳᠡ 12 ᠳ᠋ᠦᠩᠰᠢᠭᠤᠷ ᠲᠦᠭᠦᠷᠢᠭ ᠲᠤ ᠬᠦᠷᠴᠦ᠂ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠲᠣᠬᠢᠷᠠᠭᠤᠯᠵᠣ ᠪᠣᠯᠬᠤᠶᠢᠴᠠ ᠣᠷᠣᠯᠭ᠎ᠠ ᠵᠢᠯ ᠳᠣᠮᠳᠠᠴᠢ ᠎ ᠪᠠᠷ 6.3% ᠪᠠ11.1%᠎ ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠪᠦᠲᠦᠭᠡᠭᠳᠡᠭᠦᠨ ᠤ ᠵᠢᠵᠢᠭᠯᠡᠨ ᠪᠣᠷᠣᠯᠠᠭᠤᠯᠣᠭᠰᠠᠨ ᠶᠡᠷᠦᠩᠭᠡᠢ ᠲᠤᠭ᠎ᠠ ᠵᠢᠯ ᠳᠣᠮᠳᠠᠴᠢ ᠪᠠᠷ 2%᠎ ᠢᠶᠠᠷ ᠨᠡᠮᠡᠭᠳᠡᠪᠡ᠃ ᠨᠢᠭᠡ᠂ ᠬᠤᠶᠠᠷ᠂ ᠭᠤᠷᠪᠠᠳᠣᠭᠠᠷ ᠠᠵᠣ ᠦᠢᠯᠡᠰ ᠤᠨ ᠪᠦᠲᠦᠴᠡ ᠶᠢᠨ ᠬᠠᠷᠢᠴᠠᠯ ᠢ 2015 ᠣᠨ ᠤ 16.3᠄ 50.1᠄ 33.6 ᠪᠠᠶᠢᠭᠰᠠᠨ ᠠᠴᠠ 19᠄ 34.6᠄ 46.4 ᠪᠣᠯᠭᠠᠨ ᠲᠣᠬᠢᠷᠠᠭᠤᠯᠵᠣ᠂ ᠠᠵᠣ ᠦᠢᠯᠡᠰ ᠤᠨ ᠪᠦᠲᠦᠴᠡ ᠣᠯᠠᠮ ᠨᠢᠭᠡ ᠠᠯᠬᠤᠮ ᠰᠢᠯᠢᠳᠡᠭᠵᠢᠪᠡ᠃ ︽ᠠᠷᠪᠠᠨ ᠭᠤᠷᠪᠠᠳᠣᠭᠠᠷ ᠲᠠᠪᠣᠨ ᠵᠢᠯ︾᠎ ᠤᠨ ᠲᠦᠯᠦᠪᠵᠢᠭᠦᠯᠭᠡ ᠶᠢᠨ ᠭᠦᠢᠴᠡᠳᠭᠡᠯ ᠲᠤᠭ᠎ᠠ ᠵᠢᠱᠢᠭᠰᠡᠨ ᠳᠡᠭᠡᠨ ᠬᠦᠷᠴᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠣᠳᠠᠯ ᠦᠭᠡᠢ ᠢᠯᠠᠯᠳᠠ ᠣᠯᠬᠤ ᠪᠠᠷ ᠪᠠᠶᠢᠨ᠎ᠠ᠃     ᠲᠠᠪᠣᠨ ᠵᠢᠯ ᠤᠨ ᠲᠣᠷᠰᠢ᠂ ᠪᠢᠳᠡ ᠵᠣᠬᠢᠴᠠᠭᠤᠯᠣᠨ ᠬᠦᠭᠵᠢᠭᠦᠯᠬᠦ ᠶᠢ ᠪᠠᠷᠢᠮᠳᠠᠯᠠᠭᠰᠠᠨ ᠠᠴᠠ ᠬᠡᠯᠪᠡᠷᠢ ᠶᠢ ᠨᠢ ᠬᠤᠪᠢᠷᠠᠭᠤᠯᠣᠨ ᠳᠡᠰ ᠳᠡᠪᠰᠢᠭᠦᠯᠬᠦ ᠠᠵᠢᠯ ᠰᠢᠨ᠎ᠡ ᠠᠮᠵᠢᠯᠳᠠ ᠪᠦᠲᠦᠮᠵᠢ ᠣᠯᠪᠠ᠃ ᠣᠳᠣᠬᠢᠴᠢᠯᠠᠭᠰᠠᠨ ᠮᠠᠯ ᠠᠵᠣ ᠠᠬᠤᠢ ᠶᠢᠨ ᠠᠬᠢᠴᠠ ᠶᠢ ᠲᠠᠰᠣᠷᠠᠯᠳᠠ ᠦᠭᠡᠢ ᠲᠦᠷᠭᠡᠳᠭᠡᠪᠡ᠃ ᠦᠨᠳᠦᠷ ᠦᠷ᠎ᠡ ᠠᠰᠢᠭᠳᠣ ᠠᠮᠢ ᠠᠬᠤᠢ ᠶᠢᠨ ᠭᠠᠮᠰᠢᠭ ᠠᠴᠠ ᠵᠠᠶᠢᠯᠠᠬᠤ ᠬᠡᠯᠪᠡᠷᠢ ᠶᠢᠨ ᠮᠠᠯ ᠠᠵᠣ ᠠᠬᠤᠢ ᠲᠡᠰᠢ ᠬᠤᠪᠢᠷᠠᠭᠤᠯᠬᠤ ᠶᠢ ᠲᠦᠷᠭᠡᠳᠭᠡᠵᠦ᠂ ᠠᠵᠣ ᠦᠢᠯᠡᠰ ᠤᠨ ᠪᠦᠲᠦᠴᠡ ᠶᠢᠨ ᠲᠣᠬᠢᠷᠠᠭᠤᠯᠣᠯᠳᠠ ᠶᠢ ᠰᠢᠯᠢᠳᠡᠭᠵᠢᠭᠦᠯᠦᠭᠰᠡᠨ ᠦᠷ᠎ᠡ ᠪᠦᠲᠦᠮᠵᠢ ᠢᠯᠡᠷᠭᠡᠢ ᠪᠣᠯᠵᠣ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠨᠡᠷᠡᠲᠦ ᠲᠡᠮᠳᠡᠭ ᠤᠨ ᠨᠦᠯᠦᠭᠡ ᠶᠢ ᠨᠡᠩ ᠰᠠᠶᠢᠨ ᠢᠶᠠᠷ ᠪᠠᠳᠠᠷᠠᠭᠤᠯᠪᠠ᠃ ᠮᠠᠯᠵᠢᠯ ᠤᠨ ᠣᠨ ᠤ ᠮᠠᠯ ᠤᠨ ᠲᠤᠭ᠎ᠠ 2015 ᠣᠨ ᠤ 187.4 ᠲᠦᠮᠡ ᠪᠠᠶᠢᠭᠰᠠᠨ ᠠᠴᠠ 100 ᠲᠦᠮᠡ ᠪᠣᠯᠣᠨ ᠪᠠᠭᠠᠰᠪᠠ᠃ ᠣᠯᠠᠭᠠᠨ ᠢᠳᠡᠭᠡᠨ ᠢ ᠨᠠᠷᠢᠯᠢᠭ ᠪᠣᠯᠪᠠᠰᠣᠷᠠᠭᠤᠯᠬᠤ ᠬᠠᠷᠢᠴᠠᠯ 75%᠎ ᠠᠴᠠ 91% ᠪᠣᠯᠵᠣ ᠨᠡᠮᠡᠭᠳᠡᠪᠡ᠃ ᠰᠦᠨᠢᠳ ᠬᠤᠨᠢᠨ ᠤ ᠰᠢᠯᠢᠳᠡᠭ ᠡᠭᠦᠯᠳᠡᠷ ᠢ ᠪᠣᠶᠢᠵᠢᠭᠤᠯᠬᠤ ᠲᠠᠯᠠᠪᠠᠢ ᠶᠢ ︽ᠣᠯᠣᠰ ᠎ ᠤᠨ ᠳᠡᠰ ᠤᠨ ᠢᠳᠡᠰᠢᠨ ᠤ ᠬᠤᠨᠢ ᠶᠢ ᠪᠣᠶᠢᠵᠢᠭᠤᠯᠬᠤ ᠭᠤᠣᠯ ᠲᠠᠯᠠᠪᠠᠢ︾᠎ ᠳᠤ ᠣᠷᠣᠭᠤᠯᠵᠣ᠂ ᠰᠦᠨᠢᠳ ᠬᠤᠨᠢ᠂ ᠰᠦᠨᠢᠳ ᠬᠤᠣᠰ ᠪᠦᠬᠦᠲᠦ ᠲᠡᠮᠡᠭᠡ ᠶᠢ ᠣᠯᠣᠰ ᠤᠨ ᠭᠠᠵᠠᠷ ᠵᠦᠢ ᠶᠢᠨ ᠪᠠᠶᠢᠷᠢᠰᠢᠯ ᠤᠨ ᠲᠠᠸᠠᠷ ᠤᠨ ᠲᠡᠮᠳᠡᠭᠳᠦ ᠪᠣᠯᠭᠠᠨ ᠳᠠᠩᠰᠠᠯᠠᠪᠠ᠃ ᠦᠪᠡᠷᠳᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠣ ᠠᠬᠤᠢ ᠶᠢᠨ ᠠᠵᠣ ᠦᠢᠯᠡᠰᠵᠢᠭᠰᠡᠨ ᠭᠤᠣᠯᠳᠠᠯᠭᠠᠳᠣ ᠠᠵᠣ ᠠᠬᠤᠶᠢᠯᠠᠯ 6᠂ ᠠᠶᠢᠮᠠᠭ ᠤᠨ ᠳᠡᠰ ᠤᠨ ᠲᠣᠯᠣᠭᠠᠶᠢᠯᠠᠭᠴᠢ ᠠᠵᠣ ᠠᠬᠤᠶᠢᠯᠠᠯ 4᠂ ᠣᠯᠣᠰ ᠤᠨ ᠳᠡᠰ ᠤᠨ ᠵᠢᠱᠢᠶᠡᠴᠢ ᠬᠤᠷᠰᠢᠶᠠᠵᠢᠯ 1᠎ ᠳᠤ ᠬᠦᠷᠪᠡ᠃ ᠠᠵᠣ ᠦᠢᠯᠡᠳᠪᠦᠷᠢ ᠶᠢᠨ ᠠᠵᠣ ᠠᠬᠤᠢ ᠶᠢᠨ ᠶᠠᠰᠣ ᠴᠢᠨᠠᠷ ᠢ ᠲᠣᠭᠳᠠᠭᠤᠨ ᠢᠶᠠᠷ ᠳᠡᠭᠡᠭᠰᠢᠯᠡᠭᠦᠯᠪᠡ᠃ ᠲᠣᠭᠤᠷᠢᠭ ᠤᠨ ᠴᠢᠨᠠᠷᠯᠢᠭ ᠬᠦᠭᠵᠢᠯᠳᠡ ᠎ ᠶᠢ ᠴᠢᠷᠮᠠᠶᠢᠨ ᠠᠬᠢᠭᠤᠯᠵᠣ᠂ ᠬᠤᠴᠣᠷᠣᠩᠭᠤᠢ ᠦᠢᠯᠡᠳᠪᠦᠷᠢᠯᠡᠯ ᠤᠨ ᠬᠦᠴᠦᠨ ᠢ ᠬᠡᠷᠡᠭᠯᠡᠭᠡᠨ ᠠᠴᠠ ᠭᠠᠷᠭᠠᠵᠣ᠂ ᠠᠵᠣ ᠦᠢᠯᠡᠰ ᠤᠨ ᠬᠡᠯᠪᠡᠷᠢ ᠶᠢ ᠬᠤᠪᠢᠷᠠᠭᠤᠯᠣᠨ ᠳᠡᠰ ᠳᠡᠪᠰᠢᠭᠦᠯᠬᠦ ᠶᠢ ᠲᠦᠷᠭᠡᠳᠭᠡᠵᠦ᠂ ᠠᠵᠣ ᠦᠢᠯᠡᠰ ᠢ ᠲᠣᠭᠤᠷᠢᠭ ᠲᠤ ᠲᠦᠪᠯᠡᠷᠡᠭᠦᠯᠬᠦ᠂ ᠭᠤᠣᠯ ᠡᠯᠧᠮᠧᠨ᠋ᠲ ᠢ ᠲᠣᠭᠤᠷᠢᠭ ᠲᠤ ᠲᠦᠪᠯᠡᠷᠡᠭᠦᠯᠬᠦ ᠶᠢ ᠠᠬᠢᠭᠤᠯᠪᠠ᠃ ᠨᠣᠣᠰᠣᠨ ᠨᠡᠭᠡᠮᠡᠯ᠂ ᠮᠠᠯ ᠤᠨ ᠠᠰᠢᠭ ᠰᠢᠮ᠎ᠡ ᠶᠢ ᠨᠠᠷᠢᠯᠢᠭ ᠪᠣᠯᠪᠠᠰᠣᠷᠠᠭᠤᠯᠬᠤ ᠵᠡᠷᠭᠡ ᠣᠨᠴᠠᠯᠢᠭᠳᠣ ᠠᠵᠣ ᠦᠢᠯᠡᠰ ᠎ ᠤᠨ ᠴᠢᠨᠠᠷ ᠢ ᠳᠡᠭᠡᠭᠰᠢᠯᠡᠭᠦᠯᠦᠨ ᠬᠦᠭᠵᠢᠭᠦᠯᠵᠦ᠂ ᠰᠠᠯᠬᠢᠨ ᠬᠦᠴᠦᠨ ᠤ ᠴᠠᠬᠢᠯᠭᠠᠨ ᠨᠠᠷᠠᠨ ᠤ ᠡᠨᠧᠷᠬᠢ᠂ ᠲᠣᠨᠤᠭ ᠲᠦᠬᠦᠭᠡᠷᠦᠮᠵᠢ ᠦᠢᠯᠡᠳᠬᠦ ᠵᠡᠷᠭᠡ ᠰᠢᠨ᠎ᠡ ᠪᠠᠷ ᠬᠦᠭᠵᠢᠵᠦ ᠪᠠᠶᠢᠭ᠎ᠠ ᠠᠵᠣ ᠦᠢᠯᠡᠰ ᠢ ᠲᠦᠷᠭᠡᠨ ᠬᠦᠭᠵᠢᠭᠦᠯᠵᠦ᠂ ᠰᠢᠨ ᠮᠧᠩ ᠰᠢᠨ ᠲᠦᠬᠦᠭᠡᠢ ᠮᠠᠲ᠋ᠧᠷᠢᠶᠠᠯ᠂ ᠪᠠᠢ ᠷᠦᠢ ᠶᠤᠸᠠᠨ ᠢᠮᠠᠭᠠᠨ ᠨᠣᠯᠣᠣᠷ᠂ ᠶᠠᠩ ᠶᠠᠩ ᠮᠠᠯᠵᠢᠯ ᠤᠨ ᠦᠢᠯᠡᠰ ᠵᠡᠷᠭᠡ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ᠂ ᠳᠣᠯᠣᠭᠠᠶᠢᠯᠠᠭᠴᠢ ᠠᠵᠣ ᠠᠬᠤᠶᠢᠯᠠᠯ ᠢ ᠠᠰᠢᠭᠯᠠᠯᠳᠠ ᠳᠤ ᠣᠷᠣᠭᠤᠯᠪᠠ᠃ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠠᠵᠣ ᠠᠬᠤᠶᠢᠯᠠᠯ ᠨᠡᠶᠢᠳᠡ 187 ᠳ᠋ᠦᠩᠰᠢᠭᠤᠷ ᠲᠦᠭᠦᠷᠢᠭ ᠤᠨ ᠦᠢᠯᠡᠳᠪᠦᠷᠢᠯᠡᠯ ᠤᠨ ᠦᠷᠳᠡᠭ ᠢ ᠪᠡᠶᠡᠯᠡᠭᠦᠯᠪᠡ᠃ ᠭᠤᠷᠪᠠᠳᠣᠭᠠᠷ ᠠᠵᠣ ᠦᠢᠯᠡᠰ ᠦᠷᠨᠢᠭᠦᠨ ᠬᠦᠭᠵᠢᠪᠡ᠃ ᠭᠤᠷᠪᠠᠳᠣᠭᠠᠷ ᠠᠵᠣ ᠦᠢᠯᠡᠰ ᠤᠨ GDP᠎ ᠳᠤ ᠡᠵᠡᠯᠡᠬᠦ ᠬᠠᠷᠢᠴᠠᠯ 2015 ᠣᠨ ᠠᠴᠠ 12.8 ᠵᠠᠭᠤᠨ ᠤ ᠬᠤᠪᠢ ᠶᠢᠨ ᠴᠡᠭ ᠨᠡᠮᠡᠭᠳᠡᠪᠡ᠃ ᠡᠯᠧᠺᠲᠷᠣᠨ ᠬᠤᠳᠠᠯᠳᠣᠭᠠᠨ ᠤ ᠶᠠᠪᠣᠳᠠᠯ ᠂ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ᠂ ᠡᠷᠡᠭᠦᠯᠵᠢᠯ ᠨᠠᠰᠣᠵᠢᠯ ᠵᠡᠷᠭᠡ ᠰᠢᠨ᠎ᠡ ᠬᠡᠯᠪᠡᠷᠢ ᠶᠢᠨ ᠦᠢᠯᠡᠴᠢᠯᠡᠭᠡᠨ ᠎ ᠤ ᠦᠢᠯᠡᠰ ᠲᠦᠷᠭᠡᠨ ᠬᠦᠭᠵᠢᠵᠦ᠂ ᠣᠯᠣᠰ ᠤᠨ ᠡᠯᠧᠺᠲᠷᠣᠨ ᠬᠤᠳᠠᠯᠳᠣᠭᠠᠨ ᠤ ᠶᠠᠪᠣᠳᠠᠯ ᠢ ᠬᠦᠳᠡᠭᠡ ᠲᠣᠰᠬᠤᠨ ᠎ ᠳᠤ ᠣᠷᠣᠭᠤᠯᠬᠤ ᠶᠡᠷᠦᠩᠭᠡᠶᠢᠯᠡᠭᠰᠡᠨ ᠵᠢᠱᠢᠶᠡᠴᠢ ᠬᠤᠰᠢᠭᠤ ᠪᠠᠷ ᠰᠣᠩᠭᠤᠭᠳᠠᠪᠠ᠃ ᠬᠤᠰᠢᠭᠤᠨ ᠤ ᠡᠯᠧᠺᠲᠷᠣᠨ ᠬᠤᠳᠠᠯᠳᠣᠭᠠᠨ ᠤ ᠶᠠᠪᠣᠳᠠᠯ ᠤᠨ ᠨᠡᠶᠢᠳᠡ ᠶᠢᠨ ᠦᠢᠯᠡᠴᠢᠯᠡᠭᠡᠨ ᠤ ᠲᠦᠪ᠂ ᠡᠯᠧᠺᠲᠷᠣᠨ ᠬᠤᠳᠠᠯᠳᠣᠭᠠᠨ ᠤ ᠶᠠᠪᠣᠳᠠᠯ ᠎ ᠤᠨ ᠬᠠᠩᠭᠠᠯᠭ᠎ᠠ ᠶᠢᠨ ᠬᠡᠯᠬᠢᠶᠡᠨ ᠤ ᠦᠢᠯᠡᠴᠢᠯᠡᠭᠡᠨ ᠤ ᠰᠠᠭᠤᠷᠢᠨ ᠭᠠᠵᠠᠷ ᠠᠰᠢᠭᠯᠠᠯᠳᠠ ᠳᠤ ᠣᠷᠣᠵᠣ᠂ ᠪᠦᠬᠦ ᠣᠷᠣᠨ ᠳᠤ ᠬᠠᠮᠤᠭ ᠲᠡᠷᠢᠭᠦᠨ ᠳᠤ ᠮᠠᠯᠵᠢᠬᠤ ᠲᠠᠷᠢᠶᠠᠯᠠᠬᠤ ᠣᠷᠣᠨ ᠤ ᠲᠦᠷᠭᠡᠨ ᠭᠤᠪᠢᠭᠤᠯᠭ᠎ᠠ ᠶᠢᠨ ᠦᠢᠯᠡᠴᠢᠯᠡᠭᠡ ᠎ ᠶᠢ ᠲᠦᠭᠡᠮᠡᠯᠵᠢᠭᠦᠯᠪᠡ᠃ ᠨᠣᠮᠣᠭᠠᠨ ᠭᠤᠪᠢ ᠦᠵᠡᠮᠵᠢ ᠶᠢᠨ ᠣᠷᠣᠨ᠂ ᠮᠢᠩᠭᠠᠨ ᠭᠠᠵᠠᠷ ᠤᠨ ᠲᠠᠯ᠎ᠠ ᠨᠣᠳᠤᠭ ᠤᠨ ᠦᠵᠡᠮᠵᠢ ᠶᠢᠨ ᠵᠠᠮ ᠤᠨ ᠱᠣᠭᠤᠮᠠᠯ ᠤᠨ ᠲᠦᠷᠦᠯ ᠵᠦᠢᠯ ᠵᠡᠷᠭᠡ ᠨᠢᠭᠡ ᠪᠦᠯᠦᠭ ᠵᠢᠭᠤᠯᠴᠢᠯᠠᠯ ᠤᠨ ᠲᠦᠷᠦᠯ ᠵᠦᠢᠯ ᠢ ᠡᠬᠢᠯᠡᠨ ᠬᠡᠷᠡᠭᠵᠢᠭᠦᠯᠵᠦ᠂ ᠣᠯᠠᠭᠠᠠᠮᠦ᠋ᠴᠢᠷ ᠲᠠᠯ᠎ᠠ ᠨᠣᠳᠤᠭ ᠤᠨ ᠬᠤᠪᠢ ᠶᠢᠨ ᠮᠠᠰᠢᠨ ᠢᠶᠠᠷ ᠵᠣᠭᠠᠴᠠᠬᠤ᠂ ︽ᠲᠠᠯ᠎ᠠ ᠨᠣᠳᠤᠭ ᠤᠨ ᠲᠣᠷᠭᠠᠨ ᠵᠠᠮ᠂ ᠪᠠᠶᠠᠨ ᠦᠳᠡ ᠶᠢᠨ ᠨᠠᠶᠢᠷ︾ ᠭᠤᠪᠢ ᠲᠣᠭᠤᠯᠬᠤ ᠵᠣᠭᠠᠴᠠᠯ ᠵᠡᠷᠭᠡ ᠨᠢᠭᠡ ᠪᠦᠯᠦᠭ ᠰᠣᠶᠣᠯ ᠵᠢᠭᠤᠯᠴᠢᠯᠠᠯ ᠤᠨ ᠪᠦᠲᠦᠭᠡᠭᠳᠡᠭᠦᠨ ᠢ ᠡᠭᠦᠳᠴᠦ᠂ ︽ᠳᠦᠷᠪᠡᠨ ᠶᠡᠭᠡ ᠪᠠᠶᠠᠷ ᠳᠣᠷᠠᠰᠬᠠᠯ︾᠎ ᠤᠨ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠤᠨ ᠨᠡᠷ᠎ᠡ ᠠᠯᠳᠠᠷᠰᠢᠯ ᠢ ᠲᠠᠰᠣᠷᠠᠯᠳᠠ ᠦᠭᠡᠢ ᠳᠡᠭᠡᠭᠰᠢᠯᠡᠭᠦᠯᠵᠦ᠂ ᠵᠣᠭᠠᠴᠠᠭᠰᠠᠳ ᠎ ᠤᠨ ᠲᠤᠭ᠎ᠠ ᠪᠣᠯᠣᠨ ᠣᠷᠣᠯᠭ᠎ᠠ ᠲᠣᠰᠪᠦᠷᠢ 2015 ᠣᠨ ᠤ ᠬᠢ ᠠᠴᠠ 11.1% ᠪᠠ 31.2%᠎ ᠢᠶᠠᠷ ᠨᠡᠮᠡᠭᠳᠡᠪᠡ ᠃ ᠬᠤᠳᠠ ᠬᠦᠳᠡᠭᠡ ᠶᠢᠨ ᠪᠦᠲᠦᠭᠡᠨ ᠪᠠᠶᠢᠭᠤᠯᠣᠯᠳᠠ ᠰᠢᠨ᠎ᠡ ᠳᠡᠭᠡᠭᠰᠢᠯᠡᠯᠳᠡ ᠲᠠᠢ ᠪᠣᠯᠪᠠ᠃ ᠨᠡᠶᠢᠳᠡ 40.6 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ ᠬᠤᠳᠠ ᠬᠦᠳᠡᠭᠡ ᠶᠢᠨ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠶᠢ ᠪᠦᠬᠦ ᠲᠠᠯ᠎ᠠ ᠪᠠᠷ ᠴᠢᠩᠭᠠᠳᠬᠠᠵᠣ᠂ ᠬᠦᠭᠵᠢᠯᠳᠡ ᠶᠢᠨ ᠰᠠᠭᠤᠷᠢ ᠶᠢ ᠪᠠᠳᠣᠳᠬᠠᠪᠠ᠃ ᠰᠠᠶᠢᠬᠠᠨᠳᠠᠯ᠎ᠠ ᠪᠠᠯᠭᠠᠰᠣᠨ ᠤ ᠪᠣᠬᠢᠷ ᠣᠰᠣ ᠰᠢᠢᠳᠪᠦᠷᠢᠯᠡᠬᠦ ᠦᠢᠯᠡᠳᠪᠦᠷᠢ᠂ ᠪᠣᠬᠢᠷ ᠣᠰᠣ ᠶᠢ ᠲᠠᠬᠢᠨ ᠠᠰᠢᠭᠯᠠᠬᠤ ᠦᠢᠯᠡᠳᠪᠦᠷᠢ ᠵᠡᠷᠭᠡ ᠨᠡᠶᠢᠳᠡ ᠶᠢᠨ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠶᠢ ᠪᠡᠶᠡᠯᠡᠭᠦᠯᠵᠦ᠂ ᠬᠠᠳᠠᠭᠤᠷᠠᠭᠤᠯᠣᠯᠳᠠ᠂ ᠬᠡᠷᠡᠯᠳᠦᠭᠦᠯᠭᠡ᠂ ᠨᠣᠭᠤᠭᠠᠷᠠᠭᠤᠯᠣᠯᠳᠠ ᠪᠣᠯᠣᠨ 45 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠦᠭᠡᠷᠡᠴᠢᠯᠡᠬᠦ ᠵᠡᠷᠭᠡ ᠬᠤᠳᠠ ᠪᠠᠯᠭᠠᠰᠣᠨ ᠤ ᠴᠢᠳᠠᠪᠬᠢ ᠶᠢ ᠰᠢᠯᠢᠳᠡᠭᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠵᠠᠮ ᠤᠨ ᠵᠡᠭᠦᠨᠳᠡᠬᠢ ᠠᠮᠢ ᠠᠬᠤᠢ ᠶᠢᠨ ᠴᠡᠴᠡᠷᠯᠢᠭ᠂ ᠣᠯᠠᠭᠠᠠᠮᠦ᠋ᠴᠢᠷ ᠪᠠᠷᠠᠭᠤᠨ ᠠᠭᠤᠳᠠᠮ ᠲᠠᠯᠠᠪᠠᠢ᠂ ᠬᠦᠴᠦᠲᠦ ᠱᠠᠷ ᠠᠭᠤᠳᠠᠮ ᠲᠠᠯᠠᠪᠠᠢ ᠵᠡᠷᠭᠡ ᠠᠭᠤᠳᠠᠮ ᠲᠠᠯᠠᠪᠠᠢ ᠶᠢ ᠪᠠᠶᠢᠭᠤᠯᠪᠠ᠃ ᠬᠤᠳᠠ ᠪᠠᠯᠭᠠᠰᠣᠵᠢᠯᠳᠠ ᠶᠢᠨ ᠨᠣᠷᠮ᠎ᠠ 66%᠎ ᠳᠤ ᠬᠦᠷᠴᠦ᠂ ᠨᠣᠭᠤᠭᠠᠷᠠᠭᠤᠯᠣᠯᠳᠠ ᠶᠢᠨ ᠨᠣᠷᠮ᠎ᠠ 20%᠎ ᠳᠤ ᠬᠦᠷᠴᠦ᠂ ᠪᠣᠬᠢᠷ ᠣᠰᠣ ᠪᠣᠯᠣᠨ ᠬᠤᠭ ᠨᠣᠪᠰᠢ ᠶᠢ ᠰᠢᠢᠳᠪᠦᠷᠢᠯᠡᠭᠰᠡᠨ ᠨᠣᠷᠮ᠎ᠠ ᠲᠣᠰᠪᠦᠷᠢ 96% ᠪᠠ 96.5%᠎ ᠳᠤ ᠬᠦᠷᠪᠡ᠃ ᠰᠢᠨ᠎ᠡ ᠪᠠᠷ 503 ᠬᠤᠳᠳᠤᠭ ᠮᠠᠯᠳᠠᠵᠣ᠂ 1136 ᠬᠠᠭᠤᠷᠠᠢ ᠬᠤᠳᠳᠤᠭ ᠮᠠᠯᠳᠠᠵᠣ᠂ 4977 ᠢᠵᠢ ᠣᠰᠣ ᠴᠡᠪᠡᠷᠰᠢᠭᠦᠯᠬᠦ ᠲᠦᠬᠦᠭᠡᠷᠦᠮᠵᠢ ᠣᠭᠰᠠᠷᠠᠨ᠂ 611 ᠣᠰᠣ ᠲᠡᠭᠡᠭᠡᠬᠦ ᠲᠡᠷᠭᠡ ᠲᠠᠷᠬᠠᠭᠠᠵᠣ᠂ 31 ᠲᠦᠪᠯᠡᠷᠡᠭᠦᠯᠦᠨ ᠣᠰᠣ ᠬᠠᠩᠭᠠᠬᠤ ᠢᠨᠵᠧᠨᠧᠷᠢᠩ ᠢ ᠬᠡᠷᠡᠭᠵᠢᠭᠦᠯᠪᠡ᠃ ᠬᠦᠴᠦᠳᠡᠯ ᠦᠭᠡᠷᠡᠴᠢᠯᠡᠬᠦ ᠦᠷᠳᠡᠭᠡ 3᠂ ᠨᠡᠭᠡᠭᠡᠯᠭᠡᠢ ᠶᠢᠨ ᠦᠷᠳᠡᠭᠡ 1᠎ ᠶᠢ ᠪᠠᠶᠢᠭᠤᠯᠵᠣ᠂ 1534 ᠺᠢᠯᠣᠮᠧᠲᠷ ᠤᠨ ᠴᠠᠬᠢᠯᠭᠠᠨ ᠲᠣᠬᠢᠷᠠᠭᠤᠯᠬᠤ ᠣᠳᠠᠰᠣ ᠲᠠᠳᠠᠵᠣ᠂ ᠮᠠᠯᠵᠢᠬᠤ ᠲᠠᠷᠢᠶᠠᠯᠠᠬᠤ ᠣᠷᠣᠨ ᠳᠤ ᠴᠠᠬᠢᠯᠭᠠᠨ ᠨᠡᠪᠳᠡᠷᠡᠭᠰᠡᠨ ᠨᠣᠷᠮ᠎ᠠ ︵ᠰᠠᠯᠬᠢᠨ ᠬᠦᠴᠦᠨ ᠤ ᠴᠠᠬᠢᠯᠭᠠᠨ ᠪᠠ ᠨᠠᠷᠠᠨ ᠤ ᠡᠨᠧᠷᠬᠢ ᠶᠢ ᠬᠠᠷᠢᠯᠴᠠᠨ ᠨᠦᠬᠦᠪᠦᠷᠢᠯᠡᠬᠦ ᠢᠨᠵᠧᠨᠧᠷᠢᠩ ᠢ ᠪᠠᠭᠳᠠᠭᠠᠨ᠎ᠠ︶ 100%᠎ ᠳᠤ ᠬᠦᠷᠪᠡ᠃ ᠮᠠᠯᠵᠢᠬᠤ ᠲᠠᠷᠢᠶᠠᠯᠠᠬᠤ ᠣᠷᠣᠨ ᠤ 1017.6 ᠺᠢᠯᠣᠮᠧᠲᠷ ᠤᠨ ᠵᠠᠰᠠᠮᠠᠯ ᠵᠠᠮ ᠢ ᠦᠷᠭᠡᠳᠭᠡᠵᠦ᠂ ᠵᠠᠮ ᠨᠡᠪᠳᠡᠷᠡᠭᠦᠯᠬᠦ ᠠᠵᠢᠯ ᠢ ᠦᠷᠭᠦᠯᠵᠢᠯᠡᠨ ᠠᠬᠢᠭᠤᠯᠪᠠ᠃ ᠬᠤᠰᠢᠭᠤᠨ ᠤ ᠦᠪᠡᠷᠳᠡᠭᠡᠨ ᠡᠷᠬᠢᠯᠡᠭᠰᠡᠨ ᠷᠠᠳᠢᠤ᠋᠂ ᠲᠧᠯᠸᠢᠰ ᠫᠷᠦᠭᠷᠡᠮ ᠮᠠᠯᠵᠢᠬᠤ ᠲᠠᠷᠢᠶᠠᠯᠠᠬᠤ ᠣᠷᠣᠨ ᠳᠤ ᠪᠦᠷᠬᠦᠭᠰᠡᠨ ᠨᠣᠷᠮ᠎ᠠ 99%᠎ ᠠᠴᠠ ᠳᠡᠭᠡᠭᠰᠢ ᠳᠤ ᠬᠦᠷᠴᠦ᠂ ᠴᠢᠮᠡᠭᠡ ᠬᠤᠯᠪᠣᠭᠠᠨ ᠤ ᠲᠣᠬᠢᠶ᠎ᠠ ᠨᠡᠪᠳᠡᠷᠡᠭᠰᠡᠨ ᠨᠣᠷᠮ᠎ᠠ 86.5%᠎ ᠳᠤ ᠬᠦᠷᠴᠦ᠂ 63 ᠭᠠᠴᠠᠭ᠎ᠠ ᠲᠣᠰᠬᠤᠨ ᠳᠤ ᠦᠷᠭᠡᠨ ᠪᠦᠰᠡᠨ ᠤ ᠰᠦᠯᠵᠢᠶ᠎ᠡ ᠨᠡᠪᠳᠡᠷᠡᠪᠡ᠃ᠲᠠᠪᠣᠨ ᠵᠢᠯ ᠤᠨ ᠲᠣᠷᠰᠢ᠂ ᠪᠢᠳᠡ ᠪᠣᠬᠢᠷᠳᠣᠯ ᠦᠭᠡᠢ ᠬᠦᠭᠵᠢᠯᠳᠡ ᠶᠢ ᠪᠠᠷᠢᠮᠳᠠᠯᠠᠭᠰᠠᠨ ᠠᠴᠠ ᠣᠷᠴᠢᠨ ᠲᠣᠭᠤᠷᠢᠨ ᠎ ᠤ ᠶᠠᠰᠣ ᠴᠢᠨᠠᠷ ᠮᠡᠳᠡᠭᠳᠡᠮ᠎ᠡ ᠰᠠᠶᠢᠵᠢᠷᠠᠪᠠ᠃ ᠪᠣᠬᠢᠷᠳᠣᠯ ᠢ ᠰᠡᠷᠭᠡᠶᠢᠯᠡᠨ ᠵᠠᠰᠠᠬᠤ ᠰᠢᠪᠳᠣᠯᠣᠯᠳᠠ ᠶᠢᠨ ᠠᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠠᠮᠵᠢᠯᠳᠠᠳᠠᠢ ᠪᠡᠶᠡᠯᠡᠭᠦᠯᠵᠦ᠂ ᠪᠦᠬᠦ ᠬᠤᠰᠢᠭᠤᠨ ᠤ ᠠᠭᠠᠷ ᠮᠠᠨᠳᠠᠯ ᠤᠨ ᠶᠠᠰᠣ ᠴᠢᠨᠠᠷ ᠤᠨ ᠪᠠᠷᠢᠮᠵᠢᠶᠠᠨ ᠳᠤ ᠬᠦᠷᠦᠭᠰᠡᠨ ᠡᠳᠦᠷ ᠤᠨ ᠲᠣᠭᠠᠨ ᠤ ᠬᠠᠷᠢᠴᠠᠯ ᠨᠢ 95%᠎ ᠳᠤ ᠬᠦᠷᠴᠦ᠂ ᠪᠣᠬᠢᠷ ᠣᠰᠣ ᠰᠢᠢᠳᠪᠦᠷᠢᠯᠡᠬᠦ ᠦᠢᠯᠡᠳᠪᠦᠷᠢ ᠶᠢᠨ ᠪᠣᠬᠢᠷ ᠣᠰᠣ ᠬᠤᠷᠢᠶᠠᠭᠰᠠᠨ ᠨᠣᠷᠮ᠎ᠠ 90%᠎ ᠳᠤ ᠬᠦᠷᠴᠦ᠂ ᠪᠣᠬᠢᠷ ᠣᠰᠣ ᠶᠢ ᠲᠠᠬᠢᠨ ᠠᠰᠢᠭᠯᠠᠭᠰᠠᠨ ᠨᠣᠷᠮ᠎ᠠ 80%᠎ ᠳᠤ ᠬᠦᠷᠴᠦ᠂ ᠬᠦᠷᠦᠰᠦ ᠰᠢᠷᠣᠢ ᠶᠢᠨ ᠣᠷᠴᠢᠨ ᠲᠣᠭᠤᠷᠢᠨ ᠤ ᠶᠠᠰᠣ ᠴᠢᠨᠠᠷ ᠶᠡᠷᠦᠩᠭᠡᠢ ᠳᠡᠭᠡᠨ ᠰᠠᠶᠢᠨ ᠪᠣᠯᠵᠣ᠂ ᠠᠮᠢ ᠠᠬᠤᠢ ᠶᠢᠨ ᠣᠷᠴᠢᠨ ᠲᠣᠭᠤᠷᠢᠨ ᠢ ᠨᠠᠷᠢᠯᠢᠭ ᠵᠠᠰᠠᠵᠣ᠂ ᠬᠠᠣᠯᠢ ᠪᠠᠷ ᠵᠠᠰᠠᠵᠣ᠂ ᠬᠠᠮᠳᠣᠪᠡᠷ ᠵᠠᠰᠠᠭᠰᠠᠨ ᠬᠢᠷᠢ ᠲᠦᠪᠰᠢᠨ ᠣᠯᠠᠮ ᠨᠢᠭᠡ ᠠᠯᠬᠤᠮ ᠳᠡᠭᠡᠭᠰᠢᠯᠡᠪᠡ᠃ ᠨᠡᠶᠢᠳᠡ 1.04 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ ᠨᠢᠭᠡ ᠪᠦᠯᠦᠭ ᠠᠮᠢ ᠠᠬᠤᠢ ᠎ ᠶᠢᠨ ᠪᠠᠶᠢᠭᠤᠯᠣᠯᠳᠠ ᠶᠢᠨ ᠢᠨᠵᠧᠨᠧᠷᠢᠩ ᠢ ᠬᠡᠷᠡᠭᠵᠢᠭᠦᠯᠵᠦ᠂ 20.6 ᠲᠦᠮᠡᠨ ᠮᠣ᠋ ᠭᠠᠵᠠᠷ ᠤᠨ ᠡᠯᠡᠰᠦ ᠶᠢ ᠵᠠᠰᠠᠬᠤ ᠢᠨᠵᠧᠨᠧᠷᠢᠩ᠂ 34 ᠲᠦᠮᠡᠨ ᠮᠣ᠋ ᠡᠯᠡᠰᠦᠨ ᠭᠠᠵᠠᠷ ᠢ ᠪᠢᠳᠡᠭᠦᠮᠵᠢᠯᠡᠨ ᠣᠶᠢᠵᠢᠭᠤᠯᠬᠤ᠂ 27 ᠳᠡᠭᠰᠢ ᠲᠦᠷᠪᠡᠯᠵᠢᠨ ᠺᠢᠯᠣᠮᠧᠲᠷ ᠤᠨ ᠵᠢᠵᠢᠭ ᠣᠷᠣᠰᠬᠠᠯ ᠢ ᠵᠠᠰᠠᠬᠤ ᠶᠢ ᠪᠡᠶᠡᠯᠡᠭᠦᠯᠵᠦ᠂ ᠣᠢ ᠰᠢᠭᠤᠢ ᠶᠢᠨ ᠪᠦᠷᠬᠦᠴᠡ ᠶᠢᠨ ᠨᠣᠷᠮ᠎ᠠ᠂ ᠲᠠᠯ᠎ᠠ ᠨᠣᠳᠤᠭ ᠤᠨ ᠣᠷᠭᠤᠮᠠᠯ ᠤᠨ ᠬᠤᠴᠢᠯᠭ᠎ᠠ ᠲᠣᠰᠪᠦᠷᠢ 8.2% ᠪᠣᠯᠣᠨ 24.7%᠎ ᠳᠤ ᠬᠦᠷᠴᠦ᠂ ︽ᠬᠤᠣᠰ ᠳᠡᠭᠡᠭᠰᠢᠯᠡᠭᠦᠯᠦᠯᠳᠡ︾᠎ ᠶᠢ ᠪᠡᠶᠡᠯᠡᠭᠦᠯᠪᠡ᠃ ᠮᠠᠨ ᠤ ᠬᠤᠰᠢᠭᠤᠨ ᠤ ᠰᠢᠶᠠᠨ ᠤ ᠬᠡᠪᠴᠢᠶᠡᠨ ᠤ ᠠᠮᠢ ᠠᠬᠤᠢ ᠶᠢᠨ ᠲᠡᠷᠢᠭᠦᠨ ᠤ ᠦᠢᠯᠡ ᠠᠵᠢᠯᠯᠠᠭ᠎ᠠ ᠨᠢ ᠣᠯᠣᠰ ᠤᠨ ᠣᠷᠴᠢᠨ ᠲᠣᠭᠤᠷᠢᠨ ᠤ ᠶᠠᠰᠣ ᠴᠢᠨᠠᠷ ᠤᠨ ᠬᠢᠨᠠᠨ ᠦᠨᠡᠯᠡᠯᠳᠡ ᠪᠣᠯᠣᠨ ᠬᠢᠨᠠᠨ ᠰᠢᠯᠭᠠᠬᠤ ᠨᠡᠶᠢᠳᠡᠯᠢᠭ ᠵᠢᠱᠢᠶ᠎ᠡ ᠶᠢᠨ ᠬᠤᠷᠢᠶᠠᠩᠭᠤᠶᠢᠯᠠᠯ ᠳᠤ ᠰᠣᠩᠭᠤᠭᠳᠠᠪᠠ᠃ ᠣᠯᠣᠰ ᠤᠨ ᠲᠠᠯ᠎ᠠ ᠨᠣᠳᠤᠭ ᠤᠨ ᠠᠮᠢ ᠠᠬᠤᠢ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ 5.79 ᠳ᠋ᠦᠩᠰᠢᠭᠤᠷ ᠲᠦᠭᠦᠷᠢᠭ ᠤᠨ ᠨᠦᠬᠦᠪᠦᠷᠢ ᠱᠠᠩᠨᠠᠯ ᠤᠨ ᠮᠦᠩᠭᠦ ᠲᠠᠷᠬᠠᠭᠠᠨ ᠦᠭᠴᠦ᠂ 2.16 ᠲᠦᠮᠡᠨ ᠡᠷᠦᠭᠡ ᠶᠢᠨ 7.8 ᠲᠦᠮᠡᠨ ᠬᠦᠮᠦᠨ ᠳᠤ ᠬᠠᠷᠠᠭᠠᠯᠵᠠᠯ ᠬᠦᠷᠳᠡᠭᠡᠪᠡ᠃ 9.4 ᠳᠡᠭᠰᠢ ᠳᠦᠷᠪᠡᠯᠵᠢᠨ ᠺᠢᠯᠣᠮᠧᠲᠷ ᠤᠨ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠨ ᠴᠡᠭᠴᠡᠯᠡᠬᠦ ᠠᠵᠢᠯ ᠢ ᠦᠷᠨᠢᠭᠦᠯᠵᠦ᠂ 8 ᠠᠵᠣ ᠠᠬᠤᠶᠢᠯᠠᠯ ᠢ ᠪᠣᠬᠢᠷᠳᠣᠯ ᠦᠭᠡᠢ ᠠᠭᠤᠷᠬᠠᠢ ᠪᠣᠯᠭᠠᠨ ᠡᠭᠦᠳᠦᠨ ᠪᠠᠶᠢᠭᠤᠯᠪᠠ᠃      ᠲᠠᠪᠣᠨ ᠵᠢᠯ ᠤᠨ ᠲᠣᠷᠰᠢ᠂ ᠪᠢᠳᠡ ᠴᠢᠯᠦᠭᠡᠳᠠᠢ ᠬᠦᠭᠵᠢᠭᠦᠯᠬᠦ ᠶᠢ ᠪᠠᠷᠢᠮᠳᠠᠯᠠᠭᠰᠠᠨ ᠠᠴᠠ ᠦᠭᠡᠷᠡᠴᠢᠯᠡᠯᠳᠡ ᠬᠢᠵᠦ ᠰᠢᠨ᠎ᠡ ᠶᠢ ᠡᠭᠦᠳᠬᠦ ᠠᠵᠢᠯ ᠶᠡᠭᠡ ᠦᠷ᠎ᠡ ᠪᠦᠲᠦᠮᠵᠢ ᠣᠯᠪᠠ᠃ ᠵᠠᠰᠠᠭ ᠤᠨ ᠣᠷᠳᠣᠨ ᠤ ᠰᠢᠰᠲ᠋ᠧᠮ ᠤᠨ ᠪᠠᠶᠢᠭᠤᠯᠣᠮᠵᠢ ᠶᠢᠨ ᠦᠭᠡᠷᠡᠴᠢᠯᠡᠯᠳᠡ ᠶᠢ ᠣᠷᠣᠭᠰᠢᠳᠠᠢ ᠪᠡᠶᠡᠯᠡᠭᠦᠯᠵᠦ᠂ ᠠᠵᠢᠯ ᠦᠢᠯᠡᠰ ᠤᠨ ᠨᠢᠭᠡᠴᠡ ᠶᠢᠨ ᠦᠭᠡᠷᠡᠴᠢᠯᠡᠯᠳᠡ ᠶᠢ ᠲᠣᠭᠳᠠᠭᠤᠨ ᠢᠶᠠᠷ ᠠᠬᠢᠭᠤᠯᠪᠠ᠃  ᠴᠡᠴᠡᠷᠯᠢᠭᠵᠢᠭᠦᠯᠦᠯᠳᠡ᠂ ᠨᠣᠭᠤᠭᠠᠷᠠᠭᠤᠯᠣᠯᠳᠠ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠵᠠᠬ᠎ᠠ ᠳᠡᠯᠭᠡᠭᠦᠷᠴᠢᠯᠡᠭᠰᠡᠨ ᠡᠷᠬᠢᠯᠳᠡ ᠪᠣᠯᠣᠨ ᠰᠣᠮᠣᠨ ᠤ ᠭᠡᠣᠭᠡᠳ ᠤᠨ ᠴᠡᠴᠡᠷᠯᠢᠭ ᠤᠨ ︽ᠬᠠᠷᠢᠶ᠎ᠠ ᠴᠡᠴᠡᠷᠯᠢᠭ︾᠎ ᠤᠨ ᠬᠠᠮᠢᠶᠠᠷᠣᠯᠳᠠ ᠵᠡᠷᠭᠡ ᠦᠭᠡᠷᠡᠴᠢᠯᠡᠯᠳᠡ ᠪᠦᠬᠦ ᠠᠶᠢᠮᠠᠭ ᠤᠨ ᠲᠡᠷᠢᠬᠦᠨ ᠎ ᠳᠤ ᠵᠢᠭᠰᠠᠭᠠᠭᠳᠠᠵᠣ ᠪᠠᠶᠢᠨ᠎ᠠ᠃ ᠵᠠᠰᠠᠭ ᠤᠨ ᠡᠷᠭᠡ ᠶᠢ ᠴᠣᠮᠬᠠᠳᠬᠠᠵᠣ ᠡᠷᠭᠡ ᠶᠢ ᠲᠠᠯᠪᠢᠬᠤ᠂ ᠲᠠᠯᠪᠢᠬᠤ ᠬᠠᠮᠢᠶᠠᠷᠬᠤ ᠎ ᠶᠢ ᠣᠶᠠᠯᠳᠣᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠦᠭᠡᠷᠡᠴᠢᠯᠡᠯᠳᠡ ᠶᠢ ᠲᠦᠷᠭᠡᠳᠭᠡᠵᠦ᠂ ︽ᠢᠨᠲ᠋ᠧᠷᠨᠧᠲ ᠰᠦᠯᠵᠢᠶ᠎ᠡ + ᠵᠠᠰᠠᠭ ᠤᠨ ᠶᠠᠪᠣᠳᠠᠯ ᠤᠨ ᠦᠢᠯᠡᠴᠢᠯᠡᠭᠡᠨ︾᠎ ᠤ ᠲᠠᠪᠴᠠᠩ ᠢ ᠪᠦᠬᠦ ᠲᠠᠯ᠎ᠠ ᠪᠠᠷ ᠠᠰᠢᠭᠯᠠᠵᠣ᠂ ᠰᠦᠯᠵᠢᠶᠡᠨ ᠳᠡᠭᠡᠷ᠎ᠡ ᠭᠦᠢᠴᠡᠳᠭᠡᠬᠦ ᠨᠣᠷᠮ᠎ᠠ 82.8% ᠪᠣᠯᠣᠨ ᠳᠡᠭᠡᠭᠰᠢᠯᠡᠵᠦ᠂ ᠭᠦᠢᠴᠡᠳᠭᠡᠬᠦ ᠴᠠᠭ ᠢ 58.5% ᠎ ᠪᠠᠷ ᠪᠣᠭᠤᠨᠢᠰᠬᠠᠨ᠂ ᠨᠢᠭᠡᠯᠡ ᠣᠳᠠᠭ᠎ᠠ ᠳᠤ ᠭᠦᠢᠴᠡᠳᠭᠡᠬᠦ ᠵᠦᠢᠯ ᠤᠨ ᠬᠠᠷᠢᠴᠠᠯ 90.2%᠎ ᠲᠤ ᠬᠦᠷᠪᠡ᠃ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ᠦᠨᠳᠦᠷ ᠪᠦᠲᠦᠮᠵᠢᠳᠠᠢ ᠪᠠᠷ ᠡᠷᠬᠢᠯᠳᠦᠭᠦᠯᠵᠦ᠂ ᠪᠦᠬᠦ ᠠᠶᠢᠮᠠᠭ ᠤᠨ ᠠᠩᠬᠠᠳᠠᠭᠴᠢ ᠪᠦᠲᠦᠭᠡᠨ ᠪᠠᠶᠢᠭᠤᠯᠣᠯᠳᠠ ᠶᠢᠨ ᠢᠨᠵᠧᠨᠧᠷᠢᠩ ᠪᠣᠯᠣᠨ ᠠᠩᠬᠠᠳᠠᠭᠴᠢ ᠵᠠᠰᠠᠭ ᠤᠨ ᠣᠷᠳᠣᠨ ᠤ ᠬᠤᠳᠠᠯᠳᠣᠨ ᠠᠪᠬᠤ ᠶᠢ ᠠᠯᠣᠰ ᠠᠴᠠ ᠣᠨᠳᠣᠣ ᠭᠠᠵᠠᠷ ᠲᠤ ᠳᠠᠭᠠᠭᠠᠴᠢᠯᠠᠯᠳᠠ ᠲᠣᠭᠳᠠᠭᠠᠬᠤ ᠲᠦᠷᠦᠯ ᠵᠦᠢᠯ ᠢ ᠠᠮᠵᠢᠯᠳᠠᠳᠠᠢ ᠠᠵᠢᠯᠯᠠᠭᠤᠯᠪᠠ᠃ ︽ᠭᠤᠷᠪᠠ ᠶᠢ ᠲᠠᠶᠠᠭᠳᠠᠵᠣ᠂ ᠨᠢᠭᠡ ᠶᠢ ᠪᠠᠭᠤᠷᠠᠭᠤᠯᠣᠨ᠂ ᠨᠢᠭᠡ ᠶᠢ ᠨᠦᠬᠦᠪᠦᠷᠢᠯᠡᠬᠦ︾8 ᠦᠷ᠎ᠡ ᠪᠦᠲᠦᠮᠵᠢ ᠢᠯᠡᠷᠭᠡᠢ ᠪᠠᠶᠢᠵᠣ᠂ ᠨᠡᠶᠢᠳᠡ 8000 ᠲᠦᠮᠡᠨ ᠲᠦᠭᠦᠷᠢᠭ ᠤᠨ ᠭᠠᠶᠢᠯᠢ ᠶᠢ ᠬᠦᠩᠭᠡᠯᠡᠵᠦ ᠰᠦᠢᠳᠭᠡᠯ ᠢ ᠪᠠᠭᠤᠷᠠᠭᠤᠯᠣᠨ᠂ ᠠᠵᠣ ᠠᠬᠤᠶᠢᠯᠠᠯ ᠤᠨ ᠴᠠᠬᠢᠯᠭᠠᠨ ᠬᠡᠷᠡᠭᠯᠡᠬᠦ ᠦᠪᠡᠷ ᠤᠨ ᠦᠷᠳᠡᠭ ᠢ 1.55 ᠳ᠋ᠦᠩᠰᠢᠭᠤᠷ ᠲᠦᠭᠦᠷᠢᠭ ᠪᠠᠭᠤᠷᠠᠭᠤᠯᠵᠣ᠂ 19.2 ᠳ᠋ᠦᠩᠰᠢᠭᠤᠷ ᠲᠦᠭᠦᠷᠢᠭ ᠤᠨ ᠵᠠᠰᠠᠭ ᠤᠨ ᠣᠷᠳᠣᠨ ᠤ ᠦᠷᠢ ᠶᠢ ᠲᠦᠯᠦᠪᠡ᠃ ᠣᠯᠣᠰ ᠤᠨ ︽ᠨᠢᠭᠡ ᠵᠠᠮ ᠨᠢᠭᠡ ᠪᠦᠰᠡ︾ ᠪᠣᠯᠣᠨ ᠦᠪᠡᠷᠳᠡᠭᠡᠨ ᠵᠠᠰᠠᠬᠤ ᠣᠷᠣᠨ ᠤ ᠣᠮᠠᠷᠠᠰᠢ ᠴᠢᠯᠦᠭᠡᠳᠠᠢ ᠶᠠᠪᠣᠯᠴᠠᠬᠤ ᠪᠣᠭᠤᠮᠳᠠ ᠭᠠᠵᠠᠷ ᠤᠨ ᠪᠠᠶᠢᠯᠳᠣᠬᠤ ᠪᠣᠳᠣᠯᠭ᠎ᠠ ᠲᠠᠢ ᠢᠳᠡᠪᠬᠢᠳᠠᠢ ᠠᠭᠤᠰᠣᠯᠴᠠᠭᠤᠯᠵᠣ᠂ ᠬᠦᠭᠵᠢᠭᠰᠡᠨ ᠭᠠᠵᠠᠷ ᠣᠷᠣᠨ ᠤ ᠠᠵᠣ ᠦᠢᠯᠡᠰ ᠤᠨ ᠰᠢᠯᠵᠢᠭᠦᠯᠦᠯᠳᠡ ᠲᠠᠢ ᠢᠳᠡᠪᠬᠢᠳᠠᠢ ᠵᠣᠯᠭᠠᠭᠤᠯᠵᠣ᠂ ᠰᠦᠨᠢᠳ ᠲᠡᠮᠡᠭᠡᠨ ᠤ ᠠᠵᠣ ᠦᠢᠯᠡᠰ᠂ ᠵᠦᠩ ᠳ᠋ᠢᠶᠠᠨ ᠺᠧ ᠶᠣᠣ ᠵᠡᠷᠭᠡ ᠳᠡᠭᠡᠲᠦ ᠲᠧᠭᠨᠢᠭ ᠮᠡᠷᠭᠡᠵᠢᠯ ᠲᠠᠢ᠂ ᠳᠠᠶᠢᠴᠢᠯᠠᠬᠤ ᠴᠢᠳᠠᠪᠣᠷᠢ ᠲᠠᠢ 18 ᠭᠤᠣᠯ ᠲᠦᠷᠦᠯ ᠵᠦᠢᠯ ᠢ ᠠᠮᠵᠢᠯᠳᠠᠳᠠᠢ ᠣᠷᠢᠵᠣ ᠣᠷᠣᠭᠤᠯᠣᠨ᠂ ᠠᠷᠠᠯᠵᠢᠶᠠᠴᠢᠨ ᠣᠷᠢᠵᠣ ᠪᠡᠯᠡ ᠣᠷᠣᠭᠤᠯᠣᠭᠰᠠᠨ ᠪᠡᠯᠡ ᠮᠦᠩᠭᠦ 48 ᠳ᠋ᠦᠩᠰᠢᠭᠤᠷ ᠲᠦᠭᠦᠷᠢᠭ ᠲᠤ ᠬᠦᠷᠪᠡ᠃      ᠲᠠᠪᠣᠨ ᠵᠢᠯ ᠤᠨ ᠲᠣᠷᠰᠢ᠂ ᠪᠢᠳᠡ ᠬᠦᠭᠵᠢᠯᠳᠡ ᠶᠢ ᠬᠠᠮᠳᠣᠪᠡᠷ ᠡᠳ᠋ᠯᠡᠬᠦ ᠶᠢ ᠪᠠᠷᠢᠮᠳᠠᠯᠠᠭᠰᠠᠨ ᠠᠴᠠ ᠠᠷᠠᠳ ᠲᠦᠮᠡᠨ ᠨᠡᠩ ᠢᠯᠡᠭᠦᠦ ᠵᠣᠯ ᠵᠢᠷᠭᠠᠯ ᠡᠳ᠋ᠯᠡᠪᠡ᠃ ᠶᠠᠳᠠᠭᠤ ᠠᠴᠠ ᠠᠩᠭᠢᠵᠢᠷᠠᠭᠤᠯᠬᠤ  ᠰᠢᠪᠳᠣᠯᠣᠯᠳᠠ ᠶᠢᠨ ᠠᠵᠢᠯ ᠪᠦᠬᠦ ᠲᠠᠯ᠎ᠠ ᠶᠢᠨ ᠢᠯᠠᠯᠳᠠ ᠣᠯᠪᠠ᠃ ᠬᠤᠰᠢᠭᠤ ᠳᠠᠶᠠᠭᠠᠷ ᠬᠦᠳᠡᠯᠦᠯᠴᠡᠨ ᠶᠠᠳᠠᠭᠤ ᠠᠴᠠ ᠠᠩᠭᠢᠵᠢᠷᠠᠭᠤᠯᠬᠤ ᠠᠵᠢᠯ ᠎ ᠳᠤ ᠣᠷᠣᠯᠴᠠᠵᠣ᠂ ᠬᠦᠨᠳᠦ ᠪᠠᠷ ᠴᠢᠬᠤᠯᠠᠴᠢᠯᠠᠨ᠂ ᠢᠳᠡᠪᠬᠢᠳᠠᠢ ᠣᠷᠣᠯᠴᠠᠨ᠂ ᠴᠢᠷᠮᠠᠶᠢᠨ ᠠᠵᠢᠯᠯᠠᠵᠣ᠂ 6.4 ᠳ᠋ᠦᠩᠰᠢᠭᠤᠷ ᠲᠦᠭᠦᠷᠢᠭ ᠤᠨ ᠶᠠᠳᠠᠭᠤ ᠶᠢ ᠳᠡᠳᠭᠦᠬᠦ ᠡᠯ᠎ᠡ ᠲᠦᠷᠦᠯ ᠤᠨ ᠪᠡᠯᠡ ᠮᠦᠩᠭᠦ ᠣᠷᠣᠭᠤᠯᠵᠣ᠂ ᠠᠵᠣ ᠦᠢᠯᠡᠰ ᠢᠶᠠᠷ ᠶᠠᠳᠠᠭᠤ ᠶᠢ ᠳᠡᠳᠭᠦᠬᠦ᠂ ᠰᠣᠷᠭᠠᠨ ᠬᠦᠮᠦᠵᠢᠯ ᠢᠶᠠᠷ ᠶᠠᠳᠠᠭᠤ ᠶᠢ ᠳᠡᠳᠭᠦᠬᠦ᠂ ᠡᠷᠡᠭᠦᠯᠵᠢᠯ ᠢᠶᠠᠷ ᠶᠠᠳᠠᠭᠤ ᠶᠢ ᠳᠡᠳᠭᠦᠬᠦ᠂ ᠣᠨᠳᠣᠣ ᠭᠠᠵᠠᠷ ᠲᠤ ᠨᠡᠭᠦᠯᠭᠡᠨ ᠰᠢᠯᠵᠢᠭᠦᠯᠬᠦ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠰᠠᠶᠢᠳᠣᠷ ᠠᠬᠢᠭᠤᠯᠵᠣ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠭᠦᠢᠴᠡᠳ ᠨᠠᠶᠢᠳᠠᠪᠣᠷᠢᠵᠢᠭᠤᠯᠵᠣ᠂ ᠡᠯ᠎ᠡ ᠡᠳᠡᠭᠡᠳ ᠎ ᠤᠨ ᠬᠠᠪᠰᠣᠷᠣᠨ ᠳᠡᠳᠭᠦᠬᠦ ᠬᠠᠮᠳᠣᠷᠠᠯ ᠤᠨ ᠬᠦᠴᠦᠨ ᠢ ᠨᠢᠭᠳᠠᠷᠠᠭᠤᠯᠵᠣ᠂ ᠶᠠᠳᠠᠭᠤ ᠶᠢ ᠳᠡᠳᠭᠦᠬᠦ ᠠᠵᠣ ᠦᠢᠯᠡᠰ ᠎ ᠢᠶᠠᠷ ᠶᠠᠳᠠᠭᠤ ᠬᠦᠴᠢᠷᠳᠡᠯᠳᠠᠢ ᠬᠦᠮᠦᠰ ᠢ ᠪᠦᠬᠦᠨ ᠢ ᠬᠠᠮᠣᠷᠬᠤ ᠶᠢ ᠪᠡᠶᠡᠯᠡᠭᠦᠯᠵᠦ᠂ ᠰᠣᠷᠭᠠᠨ ᠬᠦᠮᠦᠵᠢᠯ ᠢᠶᠠᠷ ᠠᠷᠠᠳ ᠲᠤ ᠬᠠᠷᠠᠭᠠᠯᠵᠠᠯ ᠬᠦᠷᠳᠡᠭᠡᠬᠦ ᠲᠦᠷᠦ ᠶᠢᠨ ᠪᠣᠳᠣᠯᠭ᠎ᠠ ᠶᠢ ᠪᠦᠲᠦᠮᠵᠢᠳᠠᠢ ᠨᠠᠶᠢᠳᠠᠪᠣᠷᠢᠵᠢᠭᠤᠯᠵᠣ᠂ ᠦᠨᠳᠦᠰᠦᠨ ᠱᠠᠳᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠣᠮᠵᠢ ᠴᠦᠮ ᠪᠠᠷᠢᠮᠵᠢᠶᠠᠨ ᠳᠤ ᠬᠦᠷᠴᠦ᠂ ᠮᠠᠯᠵᠢᠬᠤ ᠲᠠᠷᠢᠶᠠᠯᠠᠬᠤ ᠣᠷᠣᠨ ᠤ ᠨᠣᠷᠠᠬᠤ ᠠᠶᠣᠯᠳᠠᠢ ᠭᠡᠷ ᠪᠠᠶᠢᠰᠢᠩ ᠢ ᠦᠭᠡᠷᠡᠴᠢᠯᠡᠬᠦ ᠴᠢᠬᠤᠯᠠᠳᠠᠢ ᠶᠢ ᠨᠢ ᠴᠦᠮ ᠦᠭᠡᠷᠡᠴᠢᠯᠡᠵᠦ᠂ ᠣᠣᠭᠤᠬᠤ ᠣᠰᠣᠨ ᠤ ᠠᠮᠣᠷ ᠲᠦᠪᠰᠢᠨ ᠤ ᠢᠨᠵᠧᠨᠧᠷᠢᠩ ᠢ ᠪᠦᠬᠦ ᠲᠠᠯ᠎ᠠ ᠪᠠᠷ ᠪᠠᠳᠣᠳᠬᠠᠵᠣ᠂ ᠪᠦᠬᠦ ᠣᠷᠣᠨ ᠳᠤ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠣᠨᠴᠠᠯᠢᠭᠳᠣ ᠲᠠᠭᠠᠳᠬᠠᠯ ᠢ ᠬᠠᠮᠤᠭ ᠲᠡᠷᠢᠭᠦᠨ ᠳᠤ ᠬᠡᠷᠡᠭᠵᠢᠭᠦᠯᠵᠦ᠂ ᠶᠠᠳᠠᠭᠤ ᠬᠦᠴᠢᠷᠳᠡᠯᠳᠠᠢ ᠬᠦᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠣ᠂ 34 ᠶᠠᠳᠠᠭᠤ ᠬᠦᠴᠢᠷᠳᠡᠯᠳᠠᠢ ᠭᠠᠴᠠᠭ᠎ᠠ ᠲᠣᠰᠬᠤᠨ ᠢ ᠴᠦᠮ ᠶᠠᠳᠠᠭᠤ ᠠᠴᠠ ᠭᠠᠷᠭᠠᠵᠣ᠂ ᠪᠦᠬᠦ ᠣᠷᠣᠨ ᠤ ᠮᠠᠯ ᠠᠵᠣ ᠠᠬᠤᠢ ᠶᠢᠨ  ᠬᠤᠰᠢᠭᠤᠳ ᠤᠨ ᠳᠣᠮᠳᠠ ᠠᠴᠠ ᠣᠯᠣᠰ ᠤᠨ ᠳᠡᠰ ᠤᠨ ᠶᠠᠳᠠᠭᠤ ᠬᠤᠰᠢᠭᠤ ᠠᠴᠠ ᠪᠠᠨ ᠬᠠᠮᠤᠭ ᠲᠡᠷᠢᠭᠦᠨ ᠳᠤ ᠭᠠᠷᠴᠣ᠂ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠠᠵᠢᠯ ᠲᠡᠣᠭᠡᠨ ᠴᠢᠨᠠᠷᠳᠠᠢ ᠠᠮᠵᠢᠯᠳᠠ ᠣᠯᠪᠠ᠃ ᠠᠷᠠᠳ ᠤᠨ ᠠᠮᠢᠳᠣᠷᠠᠯ ᠢ ᠪᠠᠳᠣᠯᠠᠨ ᠰᠠᠶᠢᠵᠢᠷᠠᠭᠤᠯᠪᠠ᠃ ᠦᠢᠯᠡᠰ ᠪᠣᠰᠬᠠᠬᠤ ᠰᠢᠨ᠎ᠡ ᠶᠢ ᠡᠭᠦᠳᠬᠦ ᠵᠢᠯᠣᠭᠤᠳᠣᠯᠭ᠎ᠠ ᠶᠢᠨ ᠦᠢᠯᠡᠴᠢᠯᠡᠭᠡᠨ ᠤ ᠲᠦᠪ ᠠᠰᠢᠭᠯᠠᠯᠳᠠ ᠳᠤ ᠣᠷᠣᠵᠣ᠂ ᠦᠨᠳᠦᠰᠦᠳᠡᠨ ᠤ ᠣᠨᠴᠠᠯᠢᠭᠳᠣ ᠦᠢᠯᠡᠰ ᠪᠣᠰᠬᠠᠬᠤ ᠵᠡᠭᠡᠯᠢ ᠶᠢᠨ ᠦᠷ᠎ᠡ ᠪᠦᠲᠦᠮᠵᠢ ᠢᠯᠡᠷᠭᠡᠢ ᠪᠠᠶᠢᠵᠣ᠂ ᠨᠡᠶᠢᠳᠡ 3.7 ᠲᠦᠮᠡᠨ ᠠᠵᠢᠯ ᠤᠨ ᠪᠠᠶᠢᠷᠢ ᠴᠣᠭᠯᠠᠭᠤᠯᠵᠣ᠂ ᠬᠤᠳᠠ ᠪᠠᠯᠭᠠᠰᠣᠨ ᠳᠤ 6316 ᠬᠦᠮᠦᠨ ᠰᠢᠨ᠎ᠡ ᠪᠠᠷ ᠠᠵᠢᠯ ᠣᠯᠪᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠠᠮᠤᠭ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠶᠢᠨ ᠪᠠᠷᠢᠮᠵᠢᠶ᠎ᠠ ᠬᠦᠮᠦᠨ ᠳᠣᠮᠳᠠᠴᠢ ᠳᠤ 8232 ᠲᠦᠭᠦᠷᠢᠭ\ ᠵᠢᠯ ᠳᠤ ᠬᠦᠷᠴᠦ᠂ 2015 ᠣᠨ ᠤ ᠬᠢ ᠠᠴᠠ ᠲᠣᠰᠪᠦᠷᠢ 37% ᠪᠠ 150%᠎ ᠪᠠᠷ ᠨᠡᠮᠡᠭᠳᠡᠪᠡ᠃ ᠲᠠᠪᠣᠨ ᠪᠠᠳᠣᠯᠠᠭᠠᠳᠣ ᠡᠳᠡᠭᠡᠳ ᠢ ᠲᠦᠪᠯᠡᠷᠡᠭᠦᠯᠦᠨ ᠬᠠᠷᠠᠭᠠᠯᠵᠠᠯ ᠬᠦᠷᠳᠡᠭᠡᠬᠦ ᠪᠠ ᠠᠰᠳᠠᠭᠠᠨ ᠬᠠᠷᠠᠭᠠᠯᠵᠠᠯ ᠬᠦᠷᠳᠡᠭᠡᠬᠦ ᠨᠦᠬᠦᠪᠦᠷᠢ ᠶᠢᠨ ᠪᠠᠷᠢᠮᠵᠢᠶ᠎ᠠ ᠴᠦᠮ 14400 ᠲᠦᠭᠦᠷᠢᠭ \ ᠵᠢᠯ ᠳᠤ ᠬᠦᠷᠴᠦ᠂ 2015 ᠣᠨ ᠤ ᠬᠢ ᠠᠴᠠ ᠲᠣᠰᠪᠦᠷᠢ 26% ᠪᠠ 33%᠎ ᠪᠠᠷ ᠨᠡᠮᠡᠭᠳᠡᠪᠡ᠃ ᠪᠠᠶᠢᠩᠭᠤ ᠰᠠᠭᠤᠭ᠎ᠠ ᠬᠦᠮᠦᠨ ᠠᠮᠠ ᠬᠤᠳᠠ ᠬᠦᠳᠡᠭᠡ ᠶᠢᠨ ᠨᠠᠰᠣᠵᠢᠯ ᠤᠨ ᠳᠠᠭᠠᠳᠬᠠᠯ ᠳᠤ ᠣᠷᠣᠭᠰᠠᠨ ᠨᠣᠷᠮ᠎ᠠ ᠪᠣᠯᠣᠨ ᠦᠨᠳᠦᠰᠦᠨ  ᠡᠮᠨᠡᠯᠭᠡ ᠶᠢᠨ ᠳᠠᠭᠠᠳᠬᠠᠯ ᠳᠤ ᠣᠷᠣᠭᠰᠠᠨ ᠨᠣᠷᠮ᠎ᠠ ᠲᠣᠰᠪᠦᠷᠢ 2015 ᠣᠨ ᠤ ᠬᠢ ᠠᠴᠠ 25 ᠪᠠ 20 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠪᠠᠳᠣᠯᠠᠭ᠎ᠠ ᠶᠢᠨ ᠴᠢᠨᠠᠷᠳᠠᠢ ᠣᠷᠣᠨ ᠰᠠᠭᠤᠴᠠ ᠶᠢᠨ ᠢᠨᠵᠧᠨᠧᠷᠢᠩ ᠢ ᠬᠦᠨᠵᠡᠭᠡᠢ ᠠᠬᠢᠭᠤᠯᠵᠣ᠂ 6.4 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ ᠪᠣᠷᠣ ᠭᠡᠷ ᠎ ᠤᠨ ᠲᠣᠭᠤᠷᠢᠭ ᠤᠨ 3420 ᠡᠷᠦᠭᠡ ᠶᠢ ᠦᠭᠡᠷᠡᠴᠢᠯᠡᠨ ᠰᠢᠨᠡᠴᠢᠯᠡᠵᠦ᠂ 1700 ᠨᠡᠶᠢᠳᠡ ᠶᠢᠨ ᠲᠦᠷᠢᠶᠡᠰᠦᠨ ᠣᠷᠣᠨ ᠰᠠᠭᠤᠴᠠ ᠬᠤᠪᠢᠶᠠᠷᠢᠯᠠᠪᠠ᠃ ᠨᠡᠶᠢᠭᠡᠮ ᠤᠨ ᠠᠵᠢᠯ ᠦᠢᠯᠡᠰ ᠦᠷᠨᠢᠭᠦᠨ ᠬᠦᠭᠵᠢᠪᠡ᠃ ᠰᠣᠷᠭᠠᠨ ᠬᠦᠮᠦᠵᠢᠯ ᠎ ᠤᠨ ᠶᠠᠰᠣ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠵᠢᠴᠢ ᠡᠮᠴᠢᠯᠡᠭᠡᠨ ᠤ ᠶᠠᠰᠣ ᠴᠢᠨᠠᠷ ᠪᠣᠯᠣᠨ ᠦᠢᠯᠡᠴᠢᠯᠡᠭᠡᠨ ᠤ ᠴᠢᠳᠠᠪᠣᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠠᠮᠵᠢᠯᠳᠠ ᠲᠠᠢ ᠪᠡᠶᠡᠯᠡᠭᠦᠯᠵᠦ᠂ 5.35 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ ᠮᠣᠩᠭᠤᠯ ᠦᠨᠳᠦᠰᠦᠳᠡᠨ ᠤ ᠳᠣᠮᠳᠠᠳᠣ ᠰᠣᠷᠭᠠᠭᠤᠯᠢ ᠪᠣᠯᠣᠨ ᠨᠠᠷᠠᠨᠪᠣᠯᠠᠭ ᠮᠣᠩᠭᠤᠯ ᠦᠨᠳᠦᠰᠦᠳᠡᠨ ᠤ ᠭᠡᠣᠭᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠣ᠂ ᠪᠦᠲᠦᠭᠡᠨ ᠪᠠᠶᠢᠭᠤᠯᠣᠯᠳᠠ ᠠᠨᠠᠢ ᠰᠣᠷᠭᠠᠭᠤᠯᠢ ᠶᠢ ᠦᠭᠡᠷᠡᠴᠢᠯᠡᠨ ᠵᠠᠰᠠᠬᠤ ᠡᠭᠦᠷᠭᠡ ᠪᠣᠯᠣᠨ ︽ᠭᠤᠷᠪᠠ ᠶᠢ ᠨᠡᠪᠳᠡᠷᠡᠭᠦᠯᠬᠦ᠂ ᠬᠤᠶᠠᠷ ᠲᠠᠪᠴᠠᠩ ᠢ ᠪᠠᠶᠢᠭᠤᠯᠬᠤ︾9 ᠰᠣᠷᠭᠠᠨ ᠬᠦᠮᠦᠵᠢᠯ ᠤᠨ ᠮᠡᠳᠡᠭᠡ ᠵᠠᠩᠭᠢᠴᠢᠯᠠᠯᠳᠠ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠣᠯᠳᠠ ᠶᠢ ᠪᠦᠬᠦ ᠲᠠᠯ᠎ᠠ ᠪᠠᠷ ᠪᠡᠶᠡᠯᠡᠭᠦᠯᠪᠡ᠃ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠬᠤ ᠢᠨᠵᠧᠨᠧᠷᠢᠩ ᠪᠣᠯᠣᠨ ᠡᠭᠡ ᠨᠢᠯᠬᠠᠰ ᠤᠨ ᠡᠷᠡᠭᠦᠯᠵᠢᠯ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠦᠪ᠂ ᠬᠢᠵᠢᠭ ᠢ ᠰᠡᠷᠭᠡᠶᠢᠯᠡᠨ ᠡᠵᠡᠮᠳᠡᠬᠦ ᠲᠦᠪ ᠢ ᠦᠷᠭᠡᠳᠭᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠎ ᠶᠢᠨ ᠬᠤᠷᠢᠶ᠎ᠠ ᠶᠢ ᠬᠤᠶᠠᠳᠣᠭᠠᠷ ᠵᠡᠷᠭᠡ ᠶᠢᠨ ᠬᠦᠭᠡ ᠳᠡᠰ ᠤᠨ ᠡᠮᠨᠡᠯᠭᠡ ᠶᠢᠨ ᠬᠤᠷᠢᠶ᠎ᠠ ᠪᠣᠯᠭᠠᠨ ᠡᠭᠦᠳᠦᠨ ᠪᠠᠶᠢᠭᠤᠯᠵᠣ᠂ ᠰᠣᠷᠭᠠᠨ ᠬᠦᠮᠦᠵᠢᠯ ᠤᠨ ᠵᠢᠭᠠᠨ ᠰᠣᠷᠭᠠᠯᠳᠠ ᠶᠢᠨ ᠶᠠᠰᠣ ᠴᠢᠨᠠᠷ ᠪᠣᠯᠣᠨ ᠡᠮᠴᠢᠯᠡᠭᠡᠨ ᠤ ᠦᠢᠯᠡᠴᠢᠯᠡᠭᠡᠨ ᠤ ᠴᠢᠳᠠᠪᠣᠷᠢ ᠶᠢ ᠳᠡᠭᠡᠭᠰᠢᠯᠡᠭᠦᠯᠪᠡ᠃ ᠰᠢ ᠶᠢᠨ ᠫᠢᠩ ᠶᠡᠷᠦᠩᠭᠡᠢ ᠱᠦᠵᠢ ᠶᠢᠨ ᠮᠠᠨ ᠤ ᠬᠤᠰᠢᠭᠤᠨ ᠎ ᠤ ᠣᠯᠠᠭᠠᠠᠮᠦ᠋ᠴᠢᠷ ᠲᠤ ᠢᠷᠡᠭᠦᠯᠦᠭᠰᠡᠨ ᠬᠠᠷᠢᠭᠤ ᠵᠠᠬᠢᠳᠠᠯ ᠨᠢ ᠮᠠᠨ ᠤ ᠬᠤᠰᠢᠭᠤᠨ ᠤ ᠣᠯᠠᠭᠠᠠᠮᠦ᠋ᠴᠢᠷ ᠤᠨ ᠠᠵᠢᠯ ᠢ ᠰᠠᠶᠢᠳᠣᠷ ᠬᠢᠵᠦ᠂ ᠰᠣᠶᠣᠯ ᠤᠨ ᠠᠵᠣ ᠦᠢᠯᠡᠰ ᠢ ᠬᠦᠭᠵᠢᠭᠦᠯᠬᠦ ᠳᠤ ᠬᠦᠴᠦᠷᠭᠡᠭ ᠶᠡᠭᠡ ᠦᠵᠡᠯ ᠰᠠᠨᠠᠭᠠᠨ ᠤ ᠬᠦᠳᠡᠯᠭᠡᠬᠦ ᠬᠦᠴᠦᠨ ᠪᠠ ᠠᠵᠢᠯᠯᠠᠭᠠᠨ ᠤ ᠵᠢᠯᠣᠭᠤᠳᠣᠮᠵᠢ ᠬᠠᠩᠭᠠᠪᠠ᠃ ᠣᠷᠢᠳ ᠬᠤᠵᠢᠳ ︽ᠵᠣᠷᠢᠯᠳᠠ ᠪᠠᠨ ᠦᠯᠦ ᠮᠠᠷᠳᠠᠵᠣ ᠦᠨᠡᠨᠴᠢ ᠰᠢᠳᠣᠷᠭᠤ ᠪᠠᠷ ᠬᠠᠷᠢᠭᠤᠴᠠᠯᠭ᠎ᠠ ᠪᠠᠨ ᠭᠦᠢᠴᠡᠳᠭᠡᠵᠦ᠂ ᠬᠠᠶᠢᠷ᠎ᠠ ᠪᠢᠯᠬᠠᠭᠰᠠᠨ ᠲᠠᠯ᠎ᠠ ᠨᠣᠳᠤᠭ ᠲᠠᠢ ᠪᠠᠨ ᠡᠭᠦᠷᠢᠳᠡ ᠬᠠᠮᠳᠣ ᠪᠠᠶᠢᠬᠤ︾᠂ ︽ᠡᠭᠦᠷᠢᠳᠡ ᠲᠠᠯ᠎ᠠ ᠨᠣᠳᠤᠭ ᠤᠨ ᠬᠤᠪᠢᠰᠬᠠᠯᠳᠣ ᠣᠳᠬ᠎ᠠ ᠣᠷᠠᠯᠢᠭ ᠤᠨ ᠬᠦᠩᠭᠡᠨ ᠮᠣᠷᠢᠳᠣ ᠴᠡᠷᠢᠭ ᠪᠣᠯᠬᠤ︾ ᠭᠡᠬᠦ ᠮᠡᠲᠦ ᠭᠤᠣᠯ ᠰᠡᠳᠦᠪᠳᠦ ᠠᠵᠢᠯᠯᠠᠭ᠎ᠠ ᠶᠢ ᠦᠷᠨᠢᠭᠦᠯᠦᠨ᠂ ︽ᠮᠣᠩᠭᠤᠯ ᠮᠣᠷᠢᠨ ᠤ ᠮᠠᠭᠳᠠᠭᠤ︾ ︽ᠬᠠᠣᠯᠢ ᠰᠠᠬᠢᠭᠴᠢ ᠰᠠᠶᠢᠨ ᠡᠷᠭᠡᠳᠦ ᠠᠷᠠᠳ︾ ᠵᠡᠷᠭᠡ ᠮᠠᠯᠴᠢᠨ ᠲᠠᠷᠢᠶᠠᠴᠢᠳ ᠤᠨ ᠠᠮᠢᠳᠣᠷᠠᠯ ᠳᠤ ᠣᠶᠢᠷᠠᠳᠣᠭᠰᠠᠨ ᠰᠢᠯᠢᠳᠡᠭ ᠪᠦᠲᠦᠭᠡᠯ ᠤᠳ ᠢ ᠵᠣᠬᠢᠶᠠᠨ ᠪᠦᠲᠦᠭᠡᠵᠦ᠂ ︽ᠪᠦᠬᠦ ᠣᠯᠣᠰ ᠤᠨ ᠰᠢᠷᠭᠠᠭᠤ ᠲᠡᠮᠡᠴᠡᠭᠴᠢ ᠶᠢᠨ ᠲᠡᠷᠢᠭᠦᠨ ᠤ ᠬᠠᠮᠳᠣ ᠨᠢᠭᠡᠴᠡ︾  ᠂︽ᠣᠮᠠᠷᠠᠳᠣ ᠬᠢᠯᠢ ᠶᠢᠨ ᠵᠢᠱᠢᠶᠡᠴᠢ︾ ᠵᠡᠷᠭᠡ ᠢᠷᠠᠭᠤ ᠠᠯᠳᠠᠷ ᠢ ᠬᠦᠷᠳᠡᠪᠡ᠃ ᠨᠠᠢᠮᠠᠨ ᠮᠣᠵᠢ ᠣᠷᠣᠨ ᠤ ᠮᠣᠩᠭᠤᠯ ᠦᠨᠳᠦᠰᠦᠳᠡᠨ ᠤ ᠣᠯᠠᠮᠵᠢᠯᠠᠯᠳᠣ ᠭᠡᠷ ᠪᠦᠯᠢ ᠶᠢᠨ ᠬᠦᠮᠦᠵᠢᠯ ᠤᠨ ᠣᠷᠣᠯᠳᠣᠭᠠᠨ ᠪᠣᠯᠣᠨ ᠪᠦᠬᠦ ᠣᠷᠣᠨ᠂ ᠪᠦᠬᠦ ᠠᠶᠢᠮᠠᠭ ᠤᠨ ᠡᠯ᠎ᠡ ᠲᠦᠷᠦᠯ ᠤᠨ ᠪᠡᠶ᠎ᠡ ᠲᠠᠮᠢᠷ ᠤᠨ ᠣᠷᠣᠯᠳᠣᠭᠠᠨ ᠢ ᠳᠠᠭᠠᠭᠠᠴᠢᠯᠠᠨ ᠡᠷᠬᠢᠯᠡᠵᠦ᠂ ᠰᠦᠨᠢᠳ ᠢᠷᠦᠭᠡᠯ ᠮᠠᠭᠳᠠᠭᠠᠯ᠂ ᠮᠣᠩᠭᠤᠯ ᠭᠡᠷ ᠬᠢᠬᠦ ᠣᠷ᠎ᠠ ᠮᠡᠷᠭᠡᠵᠢᠯ ᠵᠡᠷᠭᠡ 10 ᠲᠦᠷᠦᠯ ᠤᠨ ᠪᠣᠳᠠᠰ ᠤᠨ ᠪᠣᠰᠣ ᠰᠣᠶᠣᠯ ᠤᠨ ᠦᠪ ᠤᠨ ᠲᠦᠷᠦᠯ ᠵᠦᠢᠯ ᠨᠢ ᠦᠪᠡᠷᠳᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠣᠰᠣ ᠰᠣᠶᠣᠯ ᠤᠨ ᠦᠪ ᠤᠨ ᠲᠦᠯᠦᠭᠡᠯᠡᠬᠦ ᠴᠢᠨᠠᠷᠳᠠᠢ ᠲᠦᠷᠦᠯ ᠵᠦᠢᠯ ᠳᠤ ᠪᠦᠷᠢᠳᠭᠡᠭᠳᠡᠪᠡ᠃ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯᠳᠠᠢ ᠪᠦᠭᠡᠳ ᠲᠣᠭᠳᠠᠭᠤᠨ ᠢ ᠪᠠᠳᠣᠯᠠᠪᠠ᠃ ᠠᠶᠣᠯᠭᠦᠢ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠳᠠᠭᠤᠨ ᠪᠠᠶᠢᠵᠣ᠂ ᠢᠳᠡᠭᠡᠨ ᠪᠠ ᠡᠮ ᠎ ᠤᠨ ᠵᠦᠢᠯ ᠤᠨ ᠵᠠᠬ᠎ᠠ ᠳᠡᠯᠭᠡᠭᠦᠷ ᠲᠦᠷᠢᠮᠵᠢᠭᠦᠨ ᠡᠮᠬᠢ ᠴᠡᠭᠴᠡ ᠲᠠᠢ ᠪᠠᠶᠢᠬᠤ ᠶᠢ ᠪᠠᠳᠣᠯᠠᠪᠠ᠃ ᠰᠢᠨ᠎ᠡ ᠴᠠᠭ ᠦᠶ᠎ᠡ ᠎ ᠶᠢᠨ ︽ᠹᠧᠩ ᠴᠢᠶᠣᠣ ᠪᠠᠯᠭᠠᠰᠣᠨ ᠤ ᠲᠣᠷᠰᠢᠯᠭ᠎ᠠ︾᠎ ᠶᠢ ᠪᠠᠷᠢᠮᠳᠠᠯᠠᠨ ᠬᠦᠭᠵᠢᠭᠦᠯᠵᠦ᠂ ᠵᠠᠬᠢᠳᠠᠯ ᠰᠣᠷᠪᠣᠯᠵᠢᠯᠠᠭ᠎ᠠ ᠎ ᠶᠢᠨ ᠲᠠᠷᠣᠭᠳᠠᠮᠠᠯ ᠬᠡᠷᠡᠭ ᠢ ᠪᠦᠲᠦᠮᠵᠢᠳᠠᠢ ᠰᠢᠢᠳᠪᠦᠷᠢᠯᠡᠪᠡ᠃ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠣᠰᠬᠠᠢ ᠲᠡᠮᠡᠴᠡᠯ ᠢ ᠦᠷᠭᠦᠯᠵᠢᠯᠡᠨ ᠠᠬᠢᠭᠤᠯᠵᠣ᠂ ︽ᠠᠵᠢᠯ ᠲᠦᠷᠦᠯ ᠢ ᠡᠬᠢ ᠡᠬᠦᠰᠦᠯ ᠠᠴᠠ ᠨᠢ ᠴᠡᠭᠴᠡᠯᠡᠨ ᠴᠡᠪᠡᠷᠯᠡᠬᠦ︾ ᠲᠣᠰᠬᠠᠢ ᠲᠦᠷᠦᠯ ᠤᠨ ᠠᠵᠢᠯᠯᠠᠭ᠎ᠠ ᠶᠢ ᠰᠠᠶᠢᠳᠣᠷ ᠦᠷᠨᠢᠭᠦᠯᠵᠦ᠂ ᠣᠯᠠᠨ ᠲᠦᠮᠡᠨ ᠤ ᠠᠮᠣᠷ ᠲᠦᠪᠰᠢᠨ ᠤ ᠲᠦᠷᠦᠭᠳᠡᠯ᠂ ᠬᠠᠨᠣᠮᠵᠢ ᠶᠢᠨ ᠬᠡᠮᠵᠢᠶ᠎ᠡ ᠮᠡᠳᠡᠭᠳᠡᠮ᠎ᠡ ᠳᠡᠭᠡᠭᠰᠢᠯᠡᠪᠡ᠃ ᠨᠠᠮ ᠤᠨ ᠦᠨᠳᠦᠰᠦᠳᠡᠨ ᠱᠠᠰᠢᠨ ᠰᠣᠷᠳᠠᠬᠤᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠡᠯ᠎ᠡ ᠦᠨᠳᠦᠰᠦᠳᠡᠨ ᠪᠦᠯᠬᠦᠮᠳᠡᠭᠰᠡᠨ ᠰᠠᠶᠢᠨ ᠰᠠᠶᠢᠬᠠᠨ ᠪᠠᠶᠢᠳᠠᠯ ᠢ ᠣᠯᠠᠮ ᠨᠢᠭᠡ ᠠᠯᠬᠤᠮ ᠪᠠᠳᠣᠳᠬᠠᠨ ᠬᠦᠭᠵᠢᠭᠦᠯᠵᠦ᠂ ︽ᠪᠦᠬᠦ ᠣᠷᠣᠨ ᠤ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠠᠵᠢᠯᠯᠠᠭᠠᠨ ᠤ ᠵᠢᠱᠢᠶᠡᠴᠢ ᠬᠤᠰᠢᠭᠤ︾᠎ ᠪᠠᠷ ᠨᠡᠷᠡᠶᠢᠳᠦᠭᠳᠡᠪᠡ᠃ ᠣᠯᠣᠰ ᠤᠨ ᠪᠠᠳᠣᠯᠠᠨ ᠬᠠᠮᠠᠭᠠᠯᠠᠯᠳᠠ ᠶᠢᠨ ᠪᠠᠶᠢᠭᠤᠯᠣᠯᠳᠠ ᠶᠢ ᠪᠦᠬᠦ ᠬᠦᠴᠦ ᠪᠠᠷ ᠢᠶᠠᠨ ᠳᠡᠮᠵᠢᠵᠦ᠂ ᠴᠡᠷᠢᠭ ᠪᠠ ᠵᠠᠰᠠᠭ᠂ ᠴᠡᠷᠢᠭ ᠪᠠ ᠠᠷᠠᠳ᠂ ᠴᠡᠷᠢᠭ ᠪᠠ ᠣᠷᠣᠨ ᠨᠣᠳᠤᠭ ᠢ ᠠᠭᠤᠰᠣᠯᠴᠠᠭᠤᠯᠣᠨ ᠬᠦᠭᠵᠢᠭᠦᠯᠬᠦ ᠶᠢ ᠠᠬᠢᠭᠤᠯᠵᠣ᠂ ᠡᠬᠡ ᠣᠯᠣᠰ ᠤᠨ ᠣᠮᠠᠷᠠᠳᠣ ᠬᠢᠯᠢ ᠶᠢᠨ ᠠᠮᠣᠷ ᠲᠦᠪᠰᠢᠨ ᠲᠣᠭᠳᠠᠭᠤᠨ ᠬᠠᠯᠬᠠᠪᠴᠢ ᠶᠢ ᠣᠯᠠᠮ ᠨᠢᠭᠡ ᠠᠯᠬᠤᠮ ᠴᠣᠭᠴᠠᠯᠠᠪᠠ᠃ ᠳᠠᠩᠰᠠ ᠡᠪᠬᠡᠮᠡᠯ ᠲᠡᠣᠭᠡ ᠴᠠᠳᠢᠭ᠂ ᠭᠠᠳᠠᠭᠠᠳᠣ ᠶᠠᠪᠣᠳᠠᠯ ᠬᠠᠷᠢᠶᠠᠳᠣ ᠶᠢᠨ ᠶᠠᠪᠣᠳᠠᠯ᠂ ᠴᠠᠭ ᠠᠭᠤᠷ ᠭᠠᠵᠠᠷ ᠬᠦᠳᠡᠯᠦᠯᠳᠡ᠂ ᠠᠷᠠᠳ ᠤᠨ ᠠᠭᠠᠷ ᠤᠨ ᠰᠡᠷᠭᠡᠶᠢᠯᠡᠯᠳᠡ ᠲᠦᠢᠮᠡᠷ ᠰᠡᠷᠭᠡᠶᠢᠯᠡᠯᠳᠡ ᠵᠡᠷᠭᠡ ᠠᠵᠢᠯ ᠰᠢᠨ᠎ᠡ ᠠᠬᠢᠴᠠ ᠲᠠᠢ ᠪᠣᠯᠵᠣ᠂ ᠠᠵᠢᠯᠴᠢᠨ ᠤ ᠡᠪᠯᠡᠯ᠂ ᠡᠪ ᠬᠠᠮᠳᠣ ᠵᠠᠯᠠᠭᠤᠴᠣᠳ ᠤᠨ ᠡᠪᠯᠡᠯ᠂ ᠡᠮᠡᠭᠳᠠᠶᠢᠴᠣᠳ ᠭᠡᠣᠭᠡᠳ᠂ ᠨᠠᠰᠣᠳᠠᠶᠢᠴᠣᠳ᠂ ᠵᠡᠮᠳᠡᠭᠴᠣᠳ᠂ ᠣᠯᠠᠭᠠᠨ ᠵᠠᠭᠠᠯᠮᠠᠶᠢᠳᠠᠨ᠂ ᠣᠳᠬ᠎ᠠ ᠣᠷᠠᠯᠢᠭ ᠤᠨ ᠬᠤᠯᠪᠣᠭ᠎ᠠ᠂ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠵᠡᠷᠭᠡ ᠠᠵᠢᠯ ᠦᠢᠯᠡᠰ ᠰᠢᠨ᠎ᠡ ᠠᠮᠢᠵᠢᠷᠠᠯ ᠤᠨ ᠬᠦᠴᠦᠨ ᠲᠠᠢ ᠪᠣᠯᠵᠣ᠂ ᠪᠦᠬᠦ ᠬᠤᠰᠢᠭᠤᠨ ᠤ ᠬᠦᠭᠵᠢᠯᠳᠡ ᠳᠤ ᠰᠢᠨ᠎ᠡ ᠬᠤᠪᠢ ᠨᠡᠮᠡᠷᠢ ᠦᠵᠡᠭᠦᠯᠪᠡ᠃      ᠲᠦᠯᠦᠭᠡᠯᠡᠭᠴᠢᠳ ᠡ᠂ ︽ᠠᠷᠪᠠᠨ ᠭᠤᠷᠪᠠᠳᠣᠭᠠᠷ ᠲᠠᠪᠣᠨ ᠵᠢᠯ︾᠎ ᠢ ᠡᠷᠬᠢᠴᠡᠭᠦᠯᠪᠡᠯ᠂ ᠪᠢᠳᠡ ᠬᠦᠴᠢᠷ ᠪᠡᠷᠭᠡ ᠶᠢ ᠢᠯᠠᠨ ᠳᠠᠪᠠᠵᠣ ᠬᠠᠮᠳᠣᠪᠡᠷ ᠣᠷᠣᠭᠰᠢᠯᠠᠨ᠂ ᠰᠢᠷᠭᠠᠭᠤ ᠬᠠᠳᠠᠭᠤᠵᠢᠯᠳᠠᠢ ᠲᠡᠮᠡᠴᠡᠵᠦ᠂ ᠠᠮᠵᠢᠯᠳᠠ ᠪᠦᠲᠦᠮᠵᠢ ᠣᠯᠪᠠ᠃ ᠲᠠᠪᠣᠨ ᠵᠢᠯ ᠤᠨ ᠲᠣᠷᠰᠢ᠂ ᠬᠤᠰᠢᠭᠤ ᠳᠠᠶᠠᠭᠠᠷ ᠰᠡᠳᠬᠢᠯ ᠢᠶᠠᠨ ᠨᠢᠭᠡᠳᠭᠡᠨ ᠵᠣᠷᠢᠭᠳᠠᠢ ᠲᠡᠮᠡᠴᠡᠵᠦ᠂ ᠣᠯᠠᠨ ᠤ ᠣᠬᠠᠭᠠᠨ ᠬᠠᠮᠳᠣ ᠶᠢᠨ ᠬᠦᠴᠦᠨ ᠳᠤ ᠲᠦᠰᠢᠭᠯᠡᠨ᠂ ᠰᠦᠨᠢᠳ ᠪᠠᠷᠠᠭᠤᠨ ᠬᠤᠰᠢᠭᠤᠨ ᠤ ᠬᠦᠭᠵᠢᠯᠳᠡ ᠶᠢᠨ ᠵᠠᠮ ᠳᠤ ᠡᠷᠡᠯᠭᠡᠭᠯᠡᠨ ᠣᠷᠣᠭᠰᠢᠯᠠᠪᠠ᠃ ᠡᠳᠡᠭᠡᠷ ᠠᠮᠵᠢᠯᠳᠠ ᠪᠦᠲᠦᠮᠵᠢ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠰᠢᠨᠵᠢᠯᠡᠬᠦ ᠣᠬᠠᠭᠠᠨᠴᠢ ᠪᠠᠷ ᠵᠢᠯᠣᠭᠤᠳᠣᠭᠤᠯᠵᠣ᠂ ᠰᠢ ᠶᠢᠨ ᠫᠢᠩ ᠶᠡᠷᠦᠩᠭᠡᠢ ᠱᠦᠵᠢ ᠶᠢᠨ ᠦᠪᠦᠷ ᠮᠣᠩᠭᠤᠯ ᠤᠨ ᠠᠵᠢᠯ ᠤᠨ ᠲᠣᠬᠠᠢ ᠴᠢᠬᠤᠯᠠ ᠶᠠᠷᠢᠶ᠎ᠠ ᠴᠢᠬᠤᠯᠠ ᠵᠢᠭᠠᠪᠣᠷᠢ ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠰᠠᠶᠢᠳᠣᠷ ᠨᠠᠶᠢᠳᠠᠪᠣᠷᠢᠵᠢᠭᠤᠯᠣᠭᠰᠠᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠣᠯᠣᠨ ᠬᠤᠰᠢᠭᠤ ᠨᠠᠮ ᠤᠨ ᠬᠤᠷᠢᠶ᠎ᠠ ᠵᠦᠪ ᠣᠨᠣᠪᠴᠢᠳᠠᠢ ᠣᠳᠣᠷᠢᠳᠣᠭᠰᠠᠨ᠂ ᠬᠤᠰᠢᠭᠤ ᠠᠷᠠᠳ ᠤᠨ ᠪᠠᠶᠢᠩᠭᠤ ᠶᠢᠨ ᠬᠤᠷᠢᠶᠠᠨ ᠤ ᠬᠠᠣᠯᠢ ᠶᠣᠰᠣᠭᠠᠷ ᠬᠢᠨᠠᠯᠳᠠ ᠲᠠᠯᠪᠢᠭᠰᠠᠨ᠂ ᠬᠤᠰᠢᠭᠤ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠭᠰᠠᠨ᠂ ᠨᠡᠶᠢᠭᠡᠮ ᠤᠨ ᠡᠯ᠎ᠡ ᠡᠳᠡᠭᠡᠳ ᠤᠨ ᠬᠦᠴᠦᠳᠠᠢ ᠳᠡᠮᠵᠢᠭᠰᠡᠨ᠂ ᠪᠦᠬᠦ ᠬᠤᠰᠢᠭᠤᠨ ᠤ ᠠᠷᠠᠳ ᠲᠦᠮᠡᠨ ᠰᠡᠳᠬᠢᠯ ᠢᠶᠠᠨ ᠨᠢᠭᠡᠳᠭᠡᠨ ᠬᠠᠮᠳᠣᠪᠡᠷ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠮᠦᠨ᠃ ᠠᠳᠡ ᠪᠢ ᠬᠤᠰᠢᠭᠤ ᠠᠷᠠᠳ ᠤᠨ ᠵᠠᠰᠠᠭ ᠎ ᠤᠨ ᠣᠷᠳᠣᠨ ᠢ ᠲᠦᠯᠦᠭᠡᠯᠡᠨ᠂ ᠡᠯ᠎ᠡ ᠬᠦᠷᠢᠶ᠎ᠡ ᠴᠠᠷ᠎ᠠ᠂ ᠡᠯ᠎ᠡ ᠠᠵᠢᠯ ᠤᠨ ᠹᠷᠣᠨᠲ ᠳᠡᠭᠡᠷ᠎ᠡ ᠰᠢᠷᠭᠠᠭᠤ ᠬᠠᠳᠠᠭᠤᠵᠢᠯᠳᠠᠢ ᠠᠵᠢᠯᠯᠠᠨ ᠰᠦᠨᠢᠳ ᠪᠠᠷᠠᠭᠤᠨ ᠬᠤᠰᠢᠭᠤᠨ ᠤ ᠬᠦᠭᠵᠢᠯᠳᠡ ᠳᠤ ᠬᠤᠪᠢ ᠨᠡᠮᠡᠷᠢ ᠪᠠᠨ ᠦᠵᠡᠭᠦᠯᠵᠦ ᠪᠠᠶᠢᠭ᠎ᠠ ᠪᠦᠬᠦ ᠬᠤᠰᠢᠭᠤᠨ ᠤ ᠠᠷᠠᠳ ᠲᠦᠮᠡᠨ᠂ ᠵᠠᠰᠠᠭ ᠤᠨ ᠣᠷᠳᠣᠨ ᠤ ᠠᠵᠢᠯ ᠢ ᠢᠮᠠᠭᠳᠠ ᠬᠠᠯᠠᠮᠵᠢᠯᠠᠨ ᠳᠡᠮᠵᠢᠳᠡᠭ ᠠᠷᠠᠳ ᠤᠨ ᠲᠦᠯᠦᠭᠡᠯᠡᠭᠴᠢᠳ᠂ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ᠂ ᠠᠵᠢᠯ ᠠᠴᠠ ᠪᠠᠨ ᠠᠮᠠᠷᠠᠭᠰᠠᠨ ᠠᠬᠠᠮᠠᠳ ᠣᠳᠣᠷᠢᠳᠣᠯᠭ᠎ᠠ᠂ ᠠᠬᠠᠮᠠᠳ ᠨᠦᠬᠦᠳ ᠵᠢᠴᠢ ᠦᠢᠯᠡᠳᠪᠦᠷᠢ ᠬᠤᠳᠠᠯᠳᠣᠭᠠᠨ ᠤ ᠬᠤᠯᠪᠣᠭ᠎ᠠ᠂ ᠨᠠᠮ ᠪᠦᠯᠦᠭ ᠤᠨ ᠪᠣᠰᠣ ᠬᠦᠮᠦᠰ᠂ ᠡᠯ᠎ᠡ ᠠᠷᠠᠳ ᠤᠨ ᠪᠦᠯᠬᠦᠮ᠂ ᠬᠤᠰᠢᠭᠤᠨ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠣᠭᠴᠢ ᠪᠣᠯᠣᠨ ᠲᠣᠳᠣᠭᠠᠳᠣ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠲᠤ ᠴᠢᠩ ᠰᠡᠳᠬᠢᠯ ᠤᠨ ᠲᠠᠯᠠᠷᠬᠠᠯ ᠪᠣᠯᠣᠨ ᠡᠷᠬᠢᠮ ᠳᠡᠭᠡᠲᠦ ᠬᠦᠨᠳᠦᠳᠭᠡᠯ ᠢᠶᠠᠨ ᠳᠡᠪᠰᠢᠭᠦᠯᠦᠶ᠎ᠡ︕      ᠲᠠᠪᠣᠨ ᠵᠢᠯ ᠤᠨ ᠦᠢᠯᠡᠳᠦᠯᠭᠡ ᠪᠠᠷ ᠳᠠᠮᠵᠢᠨ᠂ ᠪᠠᠶᠢᠳᠠᠯ ᠶᠠᠭᠠᠬᠢᠵᠣ ᠬᠤᠪᠢᠷᠠᠵᠣ᠂ ᠦᠷᠢᠰᠦᠯᠳᠦᠭᠡᠨ ᠭᠡᠳᠦᠢ ᠬᠤᠷᠴᠠ ᠰᠢᠷᠦᠭᠦᠨ᠂ ᠡᠭᠦᠷᠭᠡ ᠭᠡᠳᠦᠢ ᠬᠦᠨᠳᠦ ᠭᠡᠴᠡᠭᠦᠦ ᠪᠠᠶᠢᠭᠰᠠᠨ ᠴᠦ ᠭᠡᠰᠡᠨ᠂ ᠰᠢ ᠶᠢᠨ ᠫᠢᠩ ᠶᠡᠷᠦᠩᠭᠡᠢ ᠱᠦᠵᠢ ᠪᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶᠠᠨ ᠤ ᠡᠷᠭᠡ ᠰᠦᠷ ᠪᠣᠯᠣᠨ ᠨᠢᠭᠡᠳᠦᠯᠳᠠᠢ ᠣᠳᠣᠷᠢᠳᠣᠯᠭ᠎ᠠ ᠎ ᠶᠢ ᠡᠷᠡᠰ ᠬᠠᠮᠠᠭᠠᠯᠠᠵᠣ᠂ ᠨᠠᠮ ᠤᠨ ᠱᠣᠭᠤᠮ ᠴᠢᠭᠯᠡᠯᠳᠡ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ ᠬᠡᠷᠡᠭᠵᠢᠭᠦᠯᠵᠦ᠂ ᠲᠦᠪ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠣᠯᠳᠠ ᠪᠣᠯᠣᠨ ᠳᠡᠭᠡᠲᠦ ᠱᠠᠳᠣᠨ ᠤ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠬᠤ ᠪᠣᠯ ᠵᠠᠰᠠᠭ ᠤᠨ ᠣᠷᠳᠣᠨ ᠤ ᠠᠵᠢᠯ ᠤᠨ ᠦᠨᠳᠦᠰᠦᠨ ᠵᠠᠷᠴᠢᠮ ᠬᠡᠳᠡᠭ ᠢ ᠪᠢᠳᠡ ᠬᠦᠨᠵᠡᠭᠡᠢ ᠣᠶᠢᠯᠠᠭᠠᠬᠤ ᠬᠡᠷᠡᠭᠳᠠᠢ᠃ ᠬᠦᠭᠵᠢᠯᠳᠡ ᠶᠢᠨ ᠲᠡᠷᠢᠭᠦᠨ ᠴᠢᠬᠤᠯᠠ ᠡᠭᠦᠷᠭᠡ ᠶᠢ ᠪᠠᠷᠢᠮᠳᠠᠯᠠᠵᠣ᠂ ᠰᠢᠨ᠎ᠡ ᠬᠦᠭᠵᠢᠯᠳᠡ ᠎ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠣᠣᠱᠯᠠᠭᠤᠯᠵᠣ᠂ ᠰᠢᠨ᠎ᠡ ᠬᠠᠭᠤᠴᠢᠨ ᠬᠦᠳᠡᠯᠬᠡᠬᠦ ᠬᠦᠴᠦᠨ ᠢ ᠬᠤᠪᠢᠷᠠᠭᠤᠯᠬᠤ ᠶᠢ ᠪᠦᠬᠦ ᠬᠦᠴᠦ ᠪᠠᠷ ᠢᠶᠠᠨ ᠠᠬᠢᠭᠤᠯᠵᠣ᠂ ᠠᠵᠣ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠶᠢ ᠲᠦᠷᠭᠡᠳᠭᠡᠬᠦ ᠪᠣᠯ ᠵᠠᠰᠠᠭ ᠤᠨ ᠣᠷᠳᠣᠨ ᠤ ᠠᠵᠢᠯ ᠤᠨ ᠡᠭᠦᠷᠢᠳᠡ ᠶᠢᠨ ᠭᠤᠣᠯ ᠰᠡᠳᠦᠪ ᠪᠣᠯᠣᠨ᠎ᠠ᠃ ᠦᠭᠡᠷᠡᠴᠢᠯᠡᠯᠳᠡ ᠬᠢᠵᠦ ᠰᠢᠨ᠎ᠡ ᠶᠢ ᠡᠭᠦᠳᠬᠦ ᠶᠢ ᠪᠠᠷᠢᠮᠳᠠᠯᠠᠵᠣ᠂ ᠦᠭᠡᠷᠡᠴᠢᠯᠡᠯᠳᠡ ᠶᠢᠨ ᠰᠡᠳᠬᠢᠴᠡ᠂ ᠰᠢᠨ᠎ᠡ ᠶᠢ ᠡᠭᠦᠳᠬᠦ ᠠᠷᠭ᠎ᠠ ᠪᠠᠷ ᠪᠣᠭᠤᠮᠢ ᠬᠢᠵᠠᠭᠠᠷᠯᠠᠯ ᠤᠨ ᠪᠡᠷᠭᠡ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠵᠠᠮ ᠨᠡᠭᠡᠭᠡᠬᠦ ᠪᠣᠯ ᠵᠠᠰᠠᠭ ᠤᠨ ᠣᠷᠳᠣᠨ ᠤ ᠠᠵᠢᠯ ᠤᠨ ᠬᠦᠳᠡᠯᠭᠡᠬᠦ ᠬᠦᠴᠦᠨ ᠤ ᠡᠬᠢ ᠪᠣᠯᠣᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠳᠠᠯᠠᠵᠣ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠣᠷᠠᠯ ᠤᠨ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠳᠠ ᠪᠠᠨ ᠪᠣᠯᠭᠠᠵᠣ᠂ ᠠᠷᠠᠳ ᠲᠦᠮᠡᠨ ᠢ ᠵᠣᠯ ᠵᠢᠷᠭᠠᠯ ᠲᠠᠢ ᠪᠠᠶᠢᠯᠭᠠᠬᠤ ᠪᠣᠯ ᠵᠠᠰᠠᠭ ᠤᠨ ᠣᠷᠳᠣᠨ ᠎ ᠤ ᠠᠵᠢᠯ ᠤᠨ ᠴᠦᠬᠦᠷᠡᠰᠢ ᠦᠭᠡᠢ ᠬᠦᠭᠡᠭᠡᠴᠡᠯᠳᠦᠯ ᠮᠦᠨ᠃ ᠦᠨᠡᠨᠬᠦ ᠠᠳᠬᠤᠵᠣ ᠪᠣᠳᠠᠳᠠᠢ ᠠᠵᠢᠯᠯᠠᠬᠤ ᠰᠣᠷᠳᠠᠯ ᠢ ᠪᠠᠷᠢᠮᠳᠠᠯᠠᠵᠣ᠂ ᠬᠠᠷᠠᠯᠳᠠ ᠪᠠᠨ ᠪᠡᠶᠡᠯᠡᠭᠦᠯᠵᠦ᠂ ᠠᠰᠠᠭᠤᠳᠠᠯ ᠢ ᠡᠷᠢᠨ᠂ ᠬᠦᠴᠢᠷ ᠪᠡᠷᠭᠡᠰᠢᠶᠡᠯ ᠠᠴᠠ ᠬᠠᠯᠠᠰᠢᠷᠠᠬᠤ ᠦᠭᠡᠢ᠂ ︽ᠬᠠᠳᠠᠭᠠᠰᠣ ᠬᠠᠳᠠᠬᠤ ᠵᠣᠷᠢᠭ ᠰᠠᠨᠠᠭ᠎ᠠ︾᠎ ᠪᠠᠷ ᠨᠠᠶᠢᠳᠠᠪᠣᠷᠢᠵᠢᠭᠤᠯᠣᠯᠳᠠ ᠶᠢ ᠠᠳᠬᠤᠬᠤ ᠪᠣᠯ ᠵᠠᠰᠠᠭ ᠤᠨ ᠣᠷᠳᠣᠨ ᠤ ᠠᠵᠢᠯ ᠤᠨ ᠦᠨᠳᠦᠰᠦᠨ ᠱᠠᠭᠠᠷᠳᠠᠯᠭ᠎ᠠ ᠮᠦᠨ᠃      ᠠᠮᠵᠢᠯᠳᠠ ᠪᠠᠨ ᠳ᠋ᠦᠩᠨᠡᠬᠦ ᠶᠢᠨ ᠬᠠᠮᠳᠣ᠂ ᠮᠠᠨ ᠤ ᠬᠤᠰᠢᠭᠤᠨ ᠤ ᠬᠦᠭᠵᠢᠯᠳᠡ ᠶᠢᠨ ᠶᠠᠪᠣᠴᠠ ᠳᠤ ᠨᠡᠯᠢᠶᠡᠳ ᠣᠯᠠᠨ ᠬᠦᠴᠢᠷᠳᠡᠯ ᠪᠣᠯᠣᠨ ᠦᠷᠢᠰᠦᠯᠳᠦᠭᠡᠨ ᠲᠣᠯᠭᠠᠷᠠᠵᠣ ᠪᠠᠶᠢᠬᠤ ᠶᠢ ᠪᠢᠳᠡ ᠰᠡᠷᠭᠡᠭ ᠢᠶᠠᠷ ᠲᠠᠨᠢᠬᠤ ᠬᠡᠷᠡᠭᠳᠠᠢ᠄ ᠠᠵᠣ ᠠᠬᠤᠢ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠣᠯᠠᠮᠵᠢᠯᠠᠯᠳᠣ ᠳᠠᠪᠠᠭᠤᠯᠢᠭ ᠠᠵᠣ ᠦᠢᠯᠡᠰ ᠎ ᠤᠨ ᠬᠡᠯᠪᠡᠷᠢ ᠶᠢ ᠨᠢ ᠬᠤᠪᠢᠷᠠᠭᠤᠯᠣᠨ ᠳᠡᠰ ᠳᠡᠪᠰᠢᠬᠦᠯᠬᠦ ᠴᠢᠬᠤᠯᠠᠳᠠᠢ᠂ ᠰᠢᠨ᠎ᠡ ᠪᠠᠷ ᠬᠦᠭᠵᠢᠵᠦ ᠪᠠᠶᠢᠭ᠎ᠠ ᠠᠵᠣ ᠦᠢᠯᠡᠰ ᠨᠢ ᠪᠣᠯᠪᠠᠰᠣᠷᠠᠩᠭᠤᠢ ᠪᠣᠯᠬᠤ ᠶᠠᠪᠣᠴᠠ ᠳᠠᠭᠠᠨ ᠪᠠᠶᠢᠵᠣ᠂ ᠠᠵᠣ ᠦᠢᠯᠡᠰ ᠤᠨ ᠰᠢᠰᠲ᠋ᠧᠮ ᠤᠨ ᠲᠦᠭᠰᠢᠭᠦᠷᠢ ᠎ ᠶᠢ ᠡᠰᠡᠷᠭᠦᠴᠡᠬᠦ ᠴᠢᠳᠠᠪᠣᠷᠢ ᠲᠣᠳᠠᠮᠠᠭ︔ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ ᠮᠦᠨᠬᠦ ᠳᠣᠪᠣᠶᠢᠮ᠎ᠠ ᠪᠠᠶᠢᠵᠣ᠂ ᠮᠦᠩᠭᠦᠨ ᠭᠦᠢᠯᠭᠡᠭᠡᠨ ᠵᠡᠷᠭᠡ ᠬᠦᠷᠢᠶ᠎ᠡ ᠴᠡᠷ᠎ᠠ ᠶᠢᠨ ᠲᠦᠭᠰᠢᠭᠦᠷᠢ ᠶᠢ ᠣᠮᠳᠣᠭᠠᠶᠢᠯᠠᠵᠣ ᠪᠣᠯᠬᠤ ᠦᠭᠡᠢ︔ ᠬᠤᠳᠠ ᠬᠦᠳᠡᠭᠡ ᠶᠢᠨ ᠣᠷᠣᠨ ᠲᠣᠭᠤᠷᠢᠭ ᠤᠨ ᠬᠦᠭᠵᠢᠯᠳᠡ ᠵᠣᠬᠢᠰ ᠦᠭᠡᠢ᠂ ᠬᠤᠳᠠ ᠬᠦᠳᠡᠭᠡ ᠶᠢᠨ ᠨᠡᠶᠢᠳᠡ ᠶᠢᠨ ᠦᠢᠯᠡᠴᠢᠯᠡᠭᠡᠨ ᠤ ᠲᠦᠪᠰᠢᠨ ᠲᠣᠣᠷ᠎ᠠ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠡᠭᠦᠷᠭᠡ ᠬᠦᠨᠳᠦ︔ ᠠᠮᠢ ᠠᠬᠤᠢ ᠶᠢᠨ ᠣᠷᠴᠢᠨ ᠲᠣᠭᠤᠷᠢᠨ ᠮᠦᠨᠬᠦ ᠬᠡᠪᠡᠷᠡᠭ᠂ ᠡᠨᠧᠷᠬᠢ ᠠᠷᠪᠢᠯᠠᠨ ᠭᠠᠳᠠᠭᠰᠢᠯᠠᠭᠤᠯᠣᠯᠳᠠ ᠶᠢ ᠪᠠᠭᠠᠰᠬᠠᠬᠤ ᠡᠭᠦᠷᠭᠡ ᠬᠦᠨᠳᠦ ᠭᠡᠴᠡᠬᠦᠦ ᠪᠠᠶᠢᠵᠣ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠣᠷᠢ ᠪᠠᠭᠤᠷᠠᠢ᠂ ᠴᠢᠳᠠᠪᠣᠷᠢᠳᠠᠨ ᠲᠣᠳᠠᠭᠳᠠᠬᠤ ᠠᠰᠠᠭᠤᠳᠠᠯ ᠲᠣᠪᠣᠶᠢᠮ᠎ᠠ ᠪᠠᠶᠢᠵᠣ᠂ ᠠᠷᠠᠳ ᠤᠨ ᠠᠮᠢᠳᠣᠷᠠᠯ ᠤᠨ ᠬᠦᠷᠢᠶ᠎ᠡ ᠴᠠᠷ᠎ᠠ ᠪᠣᠯᠣᠨ ᠨᠡᠶᠢᠭᠡᠮ ᠤᠨ ᠵᠠᠰᠠᠯᠳᠠ ᠶᠢᠨ ᠲᠠᠯ᠎ᠠ ᠪᠠᠷ ᠨᠡᠯᠢᠶᠡᠳ ᠣᠯᠠᠨ ᠲᠣᠳᠠᠭᠤᠳᠠᠯ ᠪᠠ ᠪᠠᠭᠤᠷᠠᠢ ᠲᠠᠯ᠎ᠠ ᠣᠷᠣᠰᠢᠵᠣ︔ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠴᠢᠬᠤᠯᠠᠳᠠᠢ᠂ ᠭᠠᠳᠠᠭᠰᠢ ᠨᠡᠭᠡᠭᠡᠯᠳᠡ ᠲᠠᠢ ᠪᠠᠶᠢᠬᠤ ᠬᠢᠷᠢ ᠲᠦᠪᠰᠢᠨ ᠲᠣᠣᠷ᠎ᠠ︔ ᠵᠠᠷᠢᠮ ᠺᠠᠳ᠋ᠷᠴᠣᠳ ᠤᠨ ᠰᠡᠳᠬᠢᠬᠦ ᠠᠷᠭ᠎ᠠ ᠮᠠᠶ᠋ᠢᠭ᠂ ᠴᠢᠳᠠᠪᠣᠷᠢ ᠬᠡᠪ ᠪᠣᠯᠪᠠᠰᠣᠷᠠᠯ ᠨᠢ ᠰᠢᠨ᠎ᠡ ᠪᠠᠶᠢᠳᠠᠯ᠂ ᠰᠢᠨ᠎ᠡ ᠡᠭᠦᠷᠭᠡ ᠎ ᠳᠤ ᠬᠠᠷᠠᠬᠠᠨ ᠵᠣᠬᠢᠴᠠᠵᠣ ᠳᠡᠶᠢᠯᠬᠦ ᠦᠭᠡᠢ ᠪᠠᠶᠢᠬᠤ ᠵᠡᠷᠭᠡ᠃ ᠡᠶᠢᠮᠦ ᠠᠴᠠ᠂ ᠪᠢᠳᠡ ᠵᠦᠷᠢᠴᠡᠯ ᠳᠤ ᠰᠢᠭᠤᠳ ᠬᠠᠨᠳᠣᠵᠣ᠂ ᠠᠰᠠᠭᠤᠳᠠᠯ ᠢ ᠵᠦᠪ ᠢᠶᠠᠷ ᠲᠠᠨᠢᠵᠣ᠂ ᠪᠦᠲᠦᠮᠵᠢᠳᠠᠢ ᠠᠷᠭ᠎ᠠ ᠬᠡᠮᠵᠢᠶ᠎ᠡ ᠪᠠᠷ ᠨᠠᠷᠢᠨ ᠬᠢᠨᠠᠮᠠᠭᠠᠢ ᠰᠢᠢᠳᠪᠦᠷᠢᠯᠡᠨ᠎ᠡ᠃     ᠬᠤᠶᠠᠷ᠂ ︽ᠠᠷᠪᠠᠨ ᠳᠦᠷᠪᠡᠳᠦᠭᠡᠷ ᠲᠠᠪᠣᠨ ᠵᠢᠯ︾᠎ ᠤᠨ ᠬᠤᠭᠤᠴᠠᠭᠠᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠭᠤᠣᠯ ᠬᠠᠷᠠᠯᠳᠠᠳᠣ ᠡᠭᠦᠷᠭᠡ      ︽ᠠᠷᠪᠠᠨ ᠳᠦᠷᠪᠡᠳᠦᠭᠡᠷ ᠲᠠᠪᠣᠨ ᠵᠢᠯ︾᠎ ᠤᠨ ᠬᠤᠭᠤᠴᠠᠭ᠎ᠠ ᠪᠣᠯ ᠮᠠᠨ ᠤ ᠣᠯᠣᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠪᠡᠶᠡᠯᠡᠭᠦᠯᠦᠭᠰᠡᠨ ᠡᠷᠴᠢᠨ ᠳᠡᠭᠡᠷ᠎ᠡ ᠪᠠᠨ ᠨᠡᠶᠢᠭᠡᠮ ᠵᠢᠷᠣᠮᠳᠣ ᠣᠳᠣᠬᠢᠴᠢᠯᠠᠭᠰᠠᠨ ᠣᠯᠣᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ᠂ ᠬᠤᠶᠠᠳᠣᠭᠠᠷ ᠵᠠᠭᠤᠨ ᠵᠢᠯ ᠤᠨ ᠲᠡᠮᠡᠴᠡᠬᠦ ᠬᠠᠷᠠᠯᠳᠠ ᠵᠦᠭ ᠣᠷᠣᠭᠰᠢᠯᠠᠬᠤ ᠠᠩᠬᠠᠳᠠᠭᠴᠢ ᠲᠠᠪᠣᠨ ᠵᠢᠯ ᠪᠣᠯᠣᠨ᠎ᠠ᠃ ᠬᠤᠰᠢᠭᠤ ᠨᠠᠮ ᠤᠨ ᠬᠤᠷᠢᠶᠠᠨ ᠤ ︽ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠬᠦᠭᠵᠢᠯᠳᠡ ᠶᠢᠨ ᠠᠷᠪᠠᠨ ᠳᠦᠷᠪᠡᠳᠦᠭᠡᠷ ᠲᠠᠪᠣᠨ ᠵᠢᠯ ᠤᠨ ᠲᠦᠯᠦᠪᠵᠢᠭᠦᠯᠭᠡ ᠵᠢᠴᠢ 2035 ᠣᠨ ᠤ ᠠᠯᠣᠰ ᠭᠡᠲᠦ ᠎ ᠶᠢᠨ ᠬᠠᠷᠠᠯᠳᠠ ᠶᠢ ᠲᠣᠭᠳᠠᠭᠠᠬᠤ ᠲᠣᠬᠠᠢ ᠰᠠᠨᠠᠭᠤᠯᠭ᠎ᠠ︾᠎ ᠶᠢ ᠦᠨᠳᠦᠰᠦᠯᠡᠨ᠂ ᠪᠢᠳᠡ ︽ᠰᠦᠨᠢᠳ ᠪᠠᠷᠠᠭᠤᠨ ᠬᠤᠰᠢᠭᠤᠨ ᠤ ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠬᠦᠭᠵᠢᠯᠳᠡ ᠶᠢᠨ ᠠᠷᠪᠠᠨ ᠳᠦᠷᠪᠡᠳᠦᠭᠡᠷ ᠲᠠᠪᠣᠨ ᠵᠢᠯ ᠤᠨ ᠲᠦᠯᠦᠪᠵᠢᠭᠦᠯᠭᠡ ᠪᠣᠯᠣᠨ 2035 ᠣᠨ ᠤ ᠠᠯᠣᠰ ᠭᠡᠲᠦ ᠶᠢᠨ ᠬᠠᠷᠠᠯᠳᠠ ᠶᠢᠨ ᠬᠦᠳᠦᠯᠪᠦᠷᠢ ︵ᠲᠦᠰᠦᠯ︶︾᠎ ᠶᠢ ᠨᠠᠶᠢᠷᠠᠭᠤᠯᠵᠣ᠂ ︽ᠠᠷᠪᠠᠨ ᠳᠦᠷᠪᠡᠳᠦᠭᠡᠷ ᠲᠠᠪᠣᠨ ᠵᠢᠯ︾᠎ ᠤᠨ ᠬᠤᠭᠤᠴᠠᠭᠠᠨ ᠳᠠᠬᠢ ᠠᠵᠣ ᠠᠬᠤᠢ ᠶᠢᠨ ᠬᠦᠭᠵᠢᠯᠳᠡ ᠶᠢᠨ ᠭᠤᠣᠯ ᠬᠠᠷᠠᠯᠳᠠ ᠶᠢ ᠲᠣᠳᠣᠷᠬᠠᠶᠢᠯᠠᠵᠣ᠂ ᠬᠦᠭᠵᠢᠯᠳᠡ ᠶᠢ ᠲᠣᠯᠭᠠᠭᠤᠷᠢᠯᠠᠬᠤ ᠭᠤᠣᠯᠳᠠᠯᠭ᠎ᠠ ᠲᠠᠢ ᠡᠭᠦᠷᠭᠡ ᠪᠣᠯᠣᠨ ᠪᠣᠳᠠᠳᠠᠢ ᠠᠷᠭ᠎ᠠ ᠬᠡᠮᠵᠢᠶ᠎ᠡ ᠨᠤᠭᠤᠳ ᠢ ᠳᠣᠷᠠᠳᠣᠪᠠ᠂ ᠲᠣᠰ ᠣᠳᠠᠭᠠᠨ ᠤ ᠶᠡᠭᠡ ᠬᠤᠷᠠᠯ ᠢᠶᠠᠷ ᠬᠢᠨᠠᠨ ᠵᠦᠪᠯᠡᠬᠦ ᠪᠣᠯᠪᠠᠣ᠃      ︽ᠠᠷᠪᠠᠨ ᠳᠦᠷᠪᠡᠳᠦᠭᠡᠷ ᠲᠠᠪᠣᠨ ᠵᠢᠯ︾᠎ ᠤᠨ ᠬᠤᠭᠤᠴᠠᠭᠠᠨ ᠤ ᠮᠠᠨ ᠤ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠵᠢᠱᠢᠭᠰᠡᠨ ᠭᠤᠣᠯ ᠬᠠᠷᠠᠯᠳᠠ ᠪᠣᠯ᠄ ᠪᠦᠬᠦ ᠬᠤᠰᠢᠭᠤᠨ ᠤ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ ᠢ ᠵᠢᠯ ᠳᠣᠮᠳᠠᠴᠢ 5% ᠣᠷᠴᠢᠮ ᠨᠡᠮᠡᠭᠳᠡᠭᠦᠯᠵᠦ᠂ ᠨᠡᠶᠢᠳᠡ ᠶᠢᠨ ᠡᠳ᠋ ᠎ ᠤᠨ ᠵᠠᠰᠠᠭ ᠤᠨ ᠲᠦᠰᠦᠪ ᠤᠨ ᠣᠷᠣᠯᠭ᠎ᠠ ᠶᠢ ᠵᠢᠯ ᠳᠣᠮᠳᠠᠴᠢ 3% ᠣᠷᠴᠢᠮ ᠪᠠᠷ ᠨᠡᠮᠡᠭᠳᠡᠭᠦᠯᠵᠦ᠂ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠲᠣᠬᠢᠷᠠᠭᠤᠯᠵᠣ ᠪᠣᠯᠬᠤᠶᠢᠴᠠ ᠣᠷᠣᠯᠭ᠎ᠠ ᠶᠢ ᠦᠷᠭᠦᠯᠵᠢᠯᠡᠨ ᠲᠣᠭᠳᠠᠭᠤᠨ ᠢᠶᠠᠷ ᠨᠡᠮᠡᠭᠳᠡᠭᠦᠯᠵᠦ᠂ ᠬᠢᠵᠠᠭᠠᠷᠯᠠᠯ ᠤᠨ ᠴᠢᠨᠠᠷᠳᠠᠢ ᠭᠦᠢᠴᠡᠳᠭᠡᠯ ᠲᠤᠭ᠎ᠠ ᠶᠢ ᠴᠦᠮ ᠳᠡᠭᠡᠲᠦ ᠱᠠᠳᠣᠨ ᠤ ᠱᠠᠭᠠᠷᠳᠠᠯᠭ᠎ᠠ ᠳᠤ ᠬᠦᠷᠬᠡᠨ᠎ᠡ᠃ ︽ᠠᠷᠪᠠᠨ ᠳᠦᠷᠪᠡᠳᠦᠭᠡᠷ ᠲᠠᠪᠣᠨ ᠵᠢᠯ︾᠎ ᠤᠨ ᠬᠤᠭᠤᠴᠠᠭᠠᠨ ᠎ ᠤ ᠡᠯ᠎ᠡ ᠲᠦᠷᠦᠯ ᠤᠨ ᠠᠵᠢᠯ ᠢ ᠰᠠᠶᠢᠳᠣᠷ ᠠᠳᠬᠤᠬᠤ ᠳᠤ᠂ ᠪᠢᠳᠡ ᠲᠣᠣᠷᠠᠬᠢ ᠬᠡᠲᠦᠨ ᠲᠠᠯ᠎ᠠ ᠶᠢ ᠭᠤᠣᠯᠳᠠᠯᠭ᠎ᠠ ᠎ ᠲᠠᠢ ᠡᠵᠡᠮᠳᠡᠬᠦ ᠬᠡᠷᠡᠭᠳᠠᠢ᠄     ︵ᠨᠢᠭᠡ︶ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠬᠤ᠂ ᠪᠣᠬᠢᠷᠳᠣᠯ ᠦᠭᠡᠢ ᠬᠦᠭᠵᠢᠯᠳᠡ ᠶᠢ ᠪᠠᠷᠢᠮᠳᠠᠯᠠᠵᠣ᠂ ᠣᠮᠠᠷᠠᠳᠣ ᠬᠢᠯᠢ ᠶᠢᠨ ᠠᠮᠢ ᠠᠬᠤᠢ ᠶᠢᠨ ᠠᠮᠣᠷ ᠲᠦᠪᠰᠢᠨ ᠤ ᠬᠠᠯᠬᠠᠪᠴᠢ ᠶᠢ ᠴᠢᠷᠮᠠᠶᠢᠨ ᠴᠣᠭᠴᠠᠯᠠᠨ᠎ᠠ᠃ ᠬᠦᠬᠡᠮᠳᠦᠭ ᠨᠣᠭᠤᠭᠠᠨ ᠠᠭᠤᠯᠠ ᠣᠰᠣ ᠪᠣᠯ ᠠᠯᠳᠠ ᠮᠦᠩᠭᠦᠨ ᠠᠭᠤᠯᠠ ᠮᠦᠨ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠳᠠ ᠶᠢ ᠠᠵᠣ ᠠᠬᠤᠢ ᠨᠡᠶᠢᠭᠡᠮ ᠤᠨ ᠬᠦᠭᠵᠢᠯᠳᠡ ᠲᠠᠢ ᠣᠷᠭᠠᠨᠢᠭ ᠢᠶᠠᠷ ᠣᠶᠠᠯᠳᠣᠭᠤᠯᠣᠨ᠎ᠠ᠃ ᠰᠢᠯᠢ ᠶᠢᠨ ᠭᠤᠣᠯ ᠤᠨ ᠲᠠᠴᠢᠷᠳᠠᠭᠰᠠᠨ ᠲᠠᠯ᠎ᠠ ᠨᠣᠳᠤᠭ ᠢ ᠦᠨᠳᠦᠷ ᠦᠷ᠎ᠡ ᠠᠰᠢᠭᠳᠠᠢ ᠵᠠᠰᠠᠬᠤ ᠣᠷᠣᠨ ᠢ ᠡᠭᠦᠳᠬᠦ ᠠᠵᠢᠯ ᠤᠨ ᠲᠣᠭᠤᠷᠢᠨ ᠎ ᠳᠤ᠂ ᠬᠠᠮᠠᠭᠠᠯᠠᠯᠳᠠ ᠶᠢ ᠲᠡᠷᠢᠭᠦᠨ ᠳᠤ ᠲᠠᠯᠪᠢᠵᠣ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ ᠶᠢ ᠪᠠᠷᠢᠮᠳᠠᠯᠠᠵᠣ᠂ ᠠᠮᠢ ᠠᠬᠤᠢ ᠶᠢᠨ ᠪᠣᠯᠪᠠᠰᠣᠨ ᠤ ᠲᠦᠷᠢᠮ ᠢ ᠲᠡᠭᠦᠯᠳᠡᠷᠵᠢᠭᠦᠯᠵᠦ᠂ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠣᠭᠤᠮ ᠢ ᠪᠠᠳᠣ ᠰᠠᠬᠢᠵᠣ᠂ ᠲᠠᠯ᠎ᠠ ᠨᠣᠳᠤᠭ ᠤᠨ ᠠᠮᠢ ᠠᠬᠤᠢ ᠶᠢ ᠰᠡᠷᠭᠦᠭᠡᠬᠦ ᠪᠣᠯᠣᠨ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠠᠵᠢᠯ ᠢ ᠶᠡᠬᠡᠪᠡᠷ ᠠᠬᠢᠭᠤᠯᠣᠨ᠎ᠠ᠃ 2025 ᠣᠨ ᠪᠣᠯᠳᠠᠯ᠎ᠠ᠂ ᠲᠠᠯ᠎ᠠ ᠨᠣᠳᠤᠭ ᠤᠨ ᠡᠪᠡᠰᠦ ᠪᠡᠯᠴᠢᠭᠡᠷ ᠤᠨ ᠬᠤᠴᠢᠯᠭ᠎ᠠ ᠶᠢᠨ ᠬᠡᠮᠵᠢᠶ᠎ᠡ ᠶᠢ 24.7%᠎ ᠠᠴᠠ ᠳᠡᠭᠡᠭᠰᠢ ᠪᠣᠯᠭᠠᠨ ᠲᠣᠭᠳᠠᠪᠣᠷᠢᠵᠢᠭᠤᠯᠵᠣ᠂ ᠡᠯ᠎ᠡ ᠲᠦᠷᠦᠯ ᠤᠨ ᠪᠠᠶᠢᠭᠠᠯᠢ ᠶᠢᠨ ᠡᠬᠢ ᠪᠠᠶᠠᠯᠢᠭ ᠢ ᠪᠦᠲᠦᠮᠵᠢᠳᠠᠢ ᠬᠠᠮᠠᠭᠠᠯᠠᠵᠣ᠂ ᠲᠠᠯ᠎ᠠ ᠨᠣᠳᠤᠭ ᠤᠨ ᠠᠮᠢ ᠠᠬᠤᠢ ᠎ ᠶᠢᠨ ᠶᠠᠰᠣ ᠴᠢᠨᠠᠷ ᠢ ᠮᠡᠳᠡᠭᠳᠡᠮ᠎ᠡ ᠰᠠᠶᠢᠵᠢᠷᠠᠭᠤᠯᠣᠨ᠎ᠠ᠃ ᠠᠭᠠᠷ ᠮᠠᠨᠳᠠᠯ᠂ ᠭᠤᠣᠯ ᠮᠦᠷᠡᠨ᠂ ᠬᠦᠷᠦᠰᠦ ᠰᠢᠷᠣᠢ ᠭᠤᠷᠪᠠᠨ ᠶᠡᠭᠡ ᠬᠠᠮᠠᠭᠠᠯᠠᠯᠳᠠ ᠶᠢᠨ ᠠᠵᠢᠯ ᠢ ᠦᠷᠭᠦᠯᠵᠢᠯᠡᠨ ᠰᠠᠶᠢᠳᠣᠷ ᠬᠢᠵᠦ᠂ ᠪᠣᠬᠢᠷᠳᠣᠯ ᠦᠭᠡᠢ ᠠᠭᠤᠷᠬᠠᠢ ᠶᠢᠨ ᠪᠠᠶᠢᠭᠤᠯᠣᠯᠳᠠ ᠪᠣᠯᠣᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠶᠡᠷᠦᠩᠭᠡᠶᠢᠯᠡᠨ ᠵᠠᠰᠠᠬᠤ ᠠᠵᠢᠯ ᠢ ᠴᠢᠩᠭᠠᠳᠬᠠᠨ᠎ᠠ᠃ ᠣᠯᠣᠰ ᠤᠨ ᠭᠠᠵᠠᠷ ᠰᠢᠷᠣᠢ ᠶᠢᠨ ᠣᠷᠣᠨ ᠲᠣᠭᠤᠷᠢᠭ ᠤᠨ ᠲᠦᠯᠦᠪᠵᠢᠭᠦᠯᠭᠡ ᠪᠣᠯᠣᠨ ᠬᠡᠷᠡᠭᠴᠡᠭᠡᠨ ᠤ ᠬᠠᠮᠢᠶᠠᠷᠣᠯᠳᠠ ᠶᠢ ᠴᠢᠩᠭᠠᠳᠬᠠᠵᠣ᠂ ᠦᠷᠭᠦᠯᠵᠢᠯᠡᠭᠦᠶᠢᠴᠡ ᠬᠦᠭᠵᠢᠯᠳᠡ ᠶᠢᠨ ᠣᠷᠣᠨ ᠲᠣᠭᠤᠷᠢᠭ ᠢ ᠦᠷᠭᠡᠳᠭᠡᠨ᠂ ᠭᠤᠣᠯᠳᠠᠯᠭ᠎ᠠ ᠲᠠᠢ ᠠᠵᠢᠯ ᠲᠦᠷᠦᠯ ᠪᠣᠯᠣᠨ ᠭᠤᠣᠯᠳᠠᠯᠭ᠎ᠠ ᠲᠠᠢ ᠬᠦᠷᠢᠶ᠎ᠡ ᠴᠡᠷ᠎ᠠ ᠶᠢᠨ ᠪᠣᠬᠢᠷᠳᠣᠯ ᠦᠭᠡᠢ ᠦᠭᠡᠷᠡᠴᠢᠯᠡᠯᠳᠡ ᠶᠢ ᠠᠬᠢᠭᠤᠯᠵᠣ᠂ ᠠᠮᠢ ᠠᠬᠤᠢ ᠶᠢᠨ ᠠᠵᠣ ᠦᠢᠯᠡᠰᠵᠢᠯᠳᠡ᠂ ᠠᠵᠣ ᠦᠢᠯᠡᠰ ᠤᠨ ᠠᠮᠢ ᠠᠬᠤᠶᠢᠵᠢᠯᠳᠠ ᠶᠢᠨ ᠲᠦᠪᠰᠢᠨ ᠢ ᠠᠬᠢᠭᠤᠯᠣᠨ᠎ᠠ᠃ ᠡᠨᠧᠷᠬᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾᠎ ᠶᠢ ᠴᠢᠩᠭ᠎ᠠ ᠨᠠᠶᠢᠳᠠᠪᠣᠷᠢᠵᠢᠭᠤᠯᠵᠣ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠭᠡᠢ ᠦᠷᠳᠡᠭ ᠤᠨ ᠡᠨᠧᠷᠬᠢ ᠶᠢᠨ ᠬᠤᠷᠣᠭᠳᠠᠯ᠂ ᠭᠤᠣᠯ ᠪᠣᠯᠬᠤ ᠪᠣᠬᠢᠷᠳᠣᠯ ᠪᠣᠳᠠᠰ ᠤᠨ ᠭᠠᠳᠠᠭᠰᠢᠯᠠᠭᠤᠯᠣᠯᠳᠠ ᠶᠢ ᠭᠦᠢᠴᠡᠳᠭᠡᠯ ᠲᠣᠭᠠᠨ ᠤ ᠬᠦᠷᠢᠶ᠎ᠡ ᠬᠡᠪᠴᠢᠶᠡᠨ ᠳᠤ ᠬᠢᠵᠠᠭᠠᠷᠯᠠᠬᠤ ᠶᠢ ᠪᠠᠳᠣᠯᠠᠨ᠎ᠠ᠃     ︵ᠬᠤᠶᠠᠷ︶ ᠠᠵᠣ ᠠᠬᠤᠢ ᠶᠢᠨ ᠬᠡᠯᠪᠡᠷᠢ ᠶᠢᠨ ᠬᠤᠪᠢᠷᠠᠭᠤᠯᠣᠯᠳᠠ᠂ ᠠᠵᠣ ᠦᠢᠯᠡᠰ ᠤᠨ ᠲᠣᠯᠭᠠᠭᠤᠷᠢᠯᠠᠯ ᠢ ᠪᠠᠷᠢᠮᠳᠠᠯᠠᠵᠣ᠂ ᠣᠳᠣᠬᠢᠴᠢᠯᠠᠭᠰᠠᠨ ᠠᠵᠣ ᠦᠢᠯᠡᠰ ᠤᠨ ᠰᠢᠰᠲ᠋ᠧᠮ ᠢ ᠴᠢᠷᠮᠠᠶᠢᠨ ᠪᠦᠷᠢᠯᠳᠦᠭᠦᠯᠦᠨ᠎ᠡ᠃ ︽ᠨᠢᠭᠡ ᠭᠤᠣᠯ ᠴᠦᠮ᠎ᠡ᠂ ᠬᠤᠶᠠᠷ ᠲᠡᠩᠭᠡᠯᠢᠭ᠂ ᠭᠤᠷᠪᠠᠨ ᠣᠷᠣᠨ ᠲᠣᠭᠤᠷᠢᠭ︾10᠎ ᠤᠨ ᠪᠠᠶᠢᠷᠢᠯᠠᠭᠤᠯᠣᠯᠳᠠ ᠶᠣᠰᠣᠭᠠᠷ᠂ ᠮᠠᠯ ᠤᠨ ᠰᠢᠯᠢᠳᠡᠭ ᠡᠭᠦᠯᠳᠡᠷ ᠤᠨ ᠡᠬᠢ ᠪᠠᠶᠠᠯᠢᠭ ᠤᠨ ᠬᠠᠮᠠᠭᠠᠯᠠᠯᠳᠠ᠂ ᠬᠦᠭᠵᠢᠭᠦᠯᠦᠯᠳᠡ ᠶᠢ ᠴᠢᠷᠮᠠᠶᠢᠨ ᠠᠬᠢᠭᠤᠯᠵᠣ ᠂ ᠣᠳᠣ ᠦᠶ᠎ᠡ ᠶᠢᠨ ᠲᠠᠷᠢᠶᠠᠯᠠᠩ ᠮᠠᠯ ᠠᠵᠣ ᠠᠬᠤᠢ ᠶᠢᠨ ᠦᠢᠯᠡᠴᠢᠯᠡᠭᠡᠨ ᠤ ᠰᠢᠰᠲ᠋ᠧᠮ ᠪᠣᠯᠣᠨ ᠰᠢᠨ᠎ᠡ ᠬᠡᠯᠪᠡᠷᠢ ᠎ ᠶᠢᠨ ᠲᠠᠷᠢᠶᠠᠯᠠᠩ ᠮᠠᠯ ᠠᠵᠣ ᠠᠬᠤᠢ ᠶᠢᠨ ᠡᠵᠡᠩᠨᠡᠯᠳᠡ ᠶᠢᠨ ᠰᠢᠰᠲ᠋ᠧᠮ ᠢ ᠪᠠᠶᠢᠭᠤᠯᠣᠨ ᠲᠡᠭᠦᠯᠳᠡᠷᠵᠢᠭᠦᠯᠵᠦ᠂ ︽ᠠᠵᠣ ᠠᠬᠤᠶᠢᠯᠠᠯ + ᠬᠤᠷᠰᠢᠶᠠᠵᠢᠯ + ᠮᠠᠯᠵᠢᠬᠤ ᠡᠷᠦᠭᠡ︾᠎ ᠶᠢᠨ ᠬᠦᠭᠵᠢᠯᠳᠡ ᠶᠢᠨ ᠬᠡᠯᠪᠡᠷᠢ ᠶᠢ ᠠᠬᠢᠭᠤᠯᠵᠣ᠂ ᠠᠵᠣ ᠠᠬᠤᠢ ᠶᠢᠨ ᠣᠷᠣᠯᠭ᠎ᠠ ᠡᠭᠦᠳᠬᠦ ᠠᠷᠭ᠎ᠠ ᠵᠠᠮ ᠢ ᠦᠷᠭᠡᠳᠭᠡᠨ᠎ᠡ᠃ ᠣᠷᠣᠨ ᠲᠣᠭᠤᠷᠢᠭ ᠤᠨ ᠨᠡᠶᠢᠳᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠡᠭᠦᠳᠬᠦ ᠶᠢ ᠴᠢᠩᠭᠠᠳᠬᠠᠵᠣ᠂ ᠣᠷᠣᠨ ᠲᠣᠭᠤᠷᠢᠭ ᠤᠨ ᠨᠡᠶᠢᠳᠡ ᠶᠢᠨ ᠬᠡᠷᠡᠭᠯᠡᠭᠡᠨ ᠎ ᠤ ᠨᠡᠷᠡᠲᠦ ᠲᠡᠮᠳᠡᠭ ᠢᠶᠠᠷ ᠭᠤᠣᠯ ᠪᠣᠯᠭᠠᠬᠤ᠂ ᠠᠵᠣ ᠠᠬᠤᠶᠢᠯᠠᠯ ᠤᠨ ᠨᠡᠷᠡᠲᠦ ᠲᠡᠮᠳᠡᠭ ᠢᠶᠠᠷ ᠲᠣᠯᠭᠠᠭᠤᠷᠢᠯᠠᠬᠤ᠂ ᠪᠦᠲᠦᠭᠡᠭᠳᠡᠭᠦᠨ ᠤ ᠨᠡᠷᠡᠲᠦ ᠲᠡᠮᠳᠡᠭ ᠢᠶᠠᠷ ᠰᠠᠭᠤᠷᠢ ᠪᠣᠯᠭᠠᠭᠰᠠᠨ ᠲᠠᠷᠢᠶᠠᠯᠠᠩ ᠮᠠᠯ ᠠᠵᠣ ᠠᠬᠤᠢ ᠶᠢᠨ ᠨᠡᠷᠡᠲᠦ ᠲᠡᠮᠳᠡᠭ ᠤᠨ ᠰᠢᠰᠲ᠋ᠧᠮ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠦᠪᠦᠷ ᠮᠣᠩᠭᠤᠯ ᠤᠨ ᠮᠠᠯ ᠤᠨ ᠠᠰᠢᠭ ᠰᠢᠮ᠎ᠡ ᠶᠢᠨ ᠭᠠᠷᠣᠯᠳᠠ ᠶᠢᠨ ᠰᠦᠨᠢᠳ ᠨᠡᠷᠡᠲᠦ ᠲᠡᠮᠳᠡᠭᠲᠦ ᠣᠷᠣᠨ ᠢ ᠴᠢᠷᠮᠠᠶᠢᠨ ᠡᠭᠦᠳᠦᠨ᠎ᠡ᠃ 2025 ᠤᠨ ᠪᠤᠯᠬᠤ ᠳᠤ᠂ ᠨᠢᠬᠡᠳᠤᠭᠡᠷ ᠠᠵᠦ ᠦᠢᠯᠡᠰ ᠤᠨ ᠨᠡᠮᠡᠭᠳᠡᠯ ᠦᠷᠳᠡᠭ ᠢ 11 ᠳ᠋ᠦᠩᠰᠢᠭᠤᠷ ᠲᠦᠬᠦᠷᠢᠭ ᠲᠤ ᠬᠦᠷᠭᠡᠵᠦ᠂ ᠵᠢᠯ ᠲᠤᠮᠳᠠᠴᠢ ᠳᠤ 2.4%᠎ ᠪᠠᠷ ᠨᠡᠮᠡᠭᠳᠡᠬᠦᠯᠦᠨ᠎ᠡ᠃ ᠠᠵᠦ ᠦᠢᠯᠡᠳᠪᠤᠷᠢ ᠶᠢᠨ ᠲᠤᠭᠤᠷᠢᠭ ᠢᠶᠠᠷ ᠭᠤᠤᠯ ᠰᠠᠭᠤᠷᠢᠨ ᠭᠠᠵᠡᠷ ᠪᠤᠯᠭᠠᠵᠦ᠂ ᠭᠠᠵᠡᠷ ᠰᠢᠷᠦᠢ ᠶᠢ ᠬᠤᠷᠢᠶᠠᠨ ᠬᠠᠳᠠᠭᠠᠯᠠᠬᠤ ᠡᠷᠴᠢᠮ ᠢᠶᠠᠨ ᠴᠢᠩᠭᠠᠷᠠᠭᠤᠯᠵᠦ᠂ ᠪᠤᠬᠢᠷᠳᠤᠯ ᠦᠬᠡᠢ ᠪᠠᠶᠢᠬᠤ ᠵᠡᠷᠴᠢᠮ ᠢ ᠪᠠᠷᠢᠮᠳᠠᠯᠠᠨ᠂ ᠤᠳᠤ ᠦᠶ᠎ᠠ ᠶᠢᠨ ᠪᠤᠬᠢᠷᠳᠤᠯ ᠦᠬᠡᠢ ᠠᠵᠦ ᠦᠢᠯᠡᠳᠪᠤᠷᠢ ᠶᠢᠨ ᠲᠤᠭᠳᠠᠯᠴᠠᠭ᠎ᠠ ᠶᠢᠨ ᠪᠠᠶᠢᠭᠤᠯᠤᠯᠳᠠ ᠶᠢ ᠠᠬᠢᠭᠤᠯᠤᠨ᠎ᠠ᠃ ᠮᠠᠯ ᠤᠨ ᠠᠰᠢᠭ ᠰᠢᠮ᠎ᠡ ᠶᠢ ᠨᠠᠷᠢᠯᠢᠭ ᠪᠤᠯᠪᠠᠰᠤᠷᠠᠭᠤᠯᠬᠤ᠂ ᠰᠢᠨ᠎ᠡ ᠡᠨᠧᠷᠬᠢ᠂ ᠲᠤᠨᠤᠭᠯᠠᠯ ᠦᠢᠯᠡᠳᠬᠦ ᠪᠠᠷ ᠭᠤᠤᠯᠳᠠᠯᠭ᠎ᠠ ᠪᠤᠯᠭᠠᠵᠦ᠂ ᠲᠡᠪᠠᠭᠤᠯᠢᠭ ᠤᠨᠴᠠᠯᠢᠭᠳᠤ ᠠᠵᠦ ᠦᠢᠯᠡᠰ ᠤᠳ ᠢ ᠬᠦᠭᠵᠢᠬᠦᠯᠵᠦ᠂ ᠤᠯᠠᠮᠵᠢᠯᠠᠯᠳᠤ ᠠᠵᠦ ᠦᠢᠯᠡᠰ ᠢ ᠪᠤᠬᠢᠷᠳᠤᠯ ᠦᠬᠡᠢ᠂ ᠤᠶᠤᠨᠴᠢᠯᠠᠭᠰᠠᠨ᠂ ᠲᠡᠭᠡᠳᠤ ᠲᠡᠰ ᠤᠨ ᠠᠵᠦ ᠦᠢᠯᠡᠰ ᠪᠤᠯᠭᠠᠨ ᠬᠤᠪᠢᠷᠠᠭᠤᠯᠵᠦ᠂ ᠠᠵᠦ ᠦᠢᠯᠡᠰ ᠤᠨ ᠭᠡᠯᠬᠢᠶ᠎ᠠ ᠶᠢ ᠤᠷᠳᠤᠳᠬᠠᠨ᠂ ᠦᠷᠳᠡᠭ ᠤᠨ ᠬᠡᠯᠬᠢᠶ᠎ᠠ ᠶᠢ ᠲᠤᠮᠳᠠ ᠦᠨᠳᠤᠷ ᠲᠡᠰ ᠤᠨ ᠬᠢ ᠪᠤᠯᠭᠠᠨ᠎ᠠ᠃ 2025 ᠤᠨ ᠪᠤᠯᠬᠤ ᠳᠤ᠂ ᠠᠵᠦ ᠦᠢᠯᠡᠳᠪᠤᠷᠢ ᠶᠢᠨ ᠨᠡᠮᠡᠭᠳᠡᠯ ᠦᠷᠳᠡᠭ ᠢ 16 ᠳ᠋ᠦᠩᠰᠢᠭᠤᠷ ᠲᠦᠬᠦᠷᠢᠭ ᠲᠤ ᠬᠦᠷᠭᠡᠵᠦ᠂ ᠵᠢᠯ ᠲᠤᠮᠳᠠᠴᠢ ᠳᠤ 6% ᠎ ᠪᠠᠷ ᠨᠡᠮᠡᠭᠳᠡᠬᠦᠯᠦᠨ᠎ᠡ᠃ ᠤᠳᠤ ᠦᠶ᠎ᠠ ᠶᠢᠨ ᠦᠢᠯᠡᠴᠢᠯᠠᠭᠡᠨ ᠤ ᠦᠢᠯᠡᠰ ᠢ ᠬᠦᠭᠵᠢᠬᠦᠯᠵᠦ᠂ ᠤᠷᠤᠨ ᠪᠠᠶᠢᠷᠢᠰᠢᠯ ᠤᠨ ᠲᠠᠪᠠᠭᠤᠯᠢᠭ᠂ ᠵᠡᠮ ᠬᠠᠷᠢᠯᠴᠠᠭ᠎ᠠ ᠲᠦᠬᠦᠮ ᠲᠦᠳᠡ ᠪᠠᠶᠢᠬᠤ ᠲᠠᠪᠠᠭᠤᠯᠢᠭ ᠲᠠᠭᠠᠨ ᠲᠦᠰᠢᠭᠯᠡᠵᠦ᠂ ᠪᠠᠷᠠᠭ᠎ᠠ ᠲᠡᠭᠡᠭᠡᠪᠤᠷᠢᠯᠡᠬᠦ ᠵᠡᠮ ᠲᠠᠭᠠᠤ ᠳᠠᠬᠢ ᠬᠤᠯᠪᠤᠭᠠᠰᠤ ᠶᠢᠨ ᠠᠵᠦ ᠠᠬᠤᠢ ᠶᠢ ᠬᠦᠭᠵᠢᠬᠦᠯᠵᠦ᠂ ᠪᠠᠷᠠᠭᠠᠨ ᠤ ᠬᠦᠢᠯᠬᠡᠬᠡᠨ ᠤ ᠠᠵᠦ ᠦᠢᠯᠡᠰ ᠤᠨ ᠲᠤᠭᠤᠷᠢᠭ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠵᠦ᠂ ᠤᠳᠤ ᠦᠶ᠎ᠠ ᠶᠢᠨ ᠪᠡᠷᠡᠭᠠᠨ ᠤ ᠬᠦᠢᠯᠭᠡᠭᠡᠨ ᠤ ᠲᠤᠭᠳᠠᠯᠴᠠᠭ᠎ᠠ ᠶᠢ ᠪᠠᠶᠢᠭᠤᠯᠤᠨ᠎ᠠ᠃ ᠤᠯᠤᠰ ᠤᠨ ᠲᠠᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠢ ᠮᠠᠯᠵᠢᠬᠤ ᠲᠠᠷᠢᠶᠠᠯᠠᠬᠤ ᠤᠷᠤᠨ ᠳᠤ ᠤᠷᠤᠭᠤᠯᠬᠤ ᠶᠡᠷᠦᠩᠭᠡᠶᠢᠯᠡᠭᠰᠡᠨ ᠵᠢᠱᠢᠶ᠎ᠠ ᠦᠵᠡᠬᠦᠯᠬᠦ ᠲᠦᠷᠦᠯ ᠵᠦᠢᠯ ᠤᠨ ᠦᠷ᠎ᠡ ᠪᠦᠳᠤᠭᠡᠯ ᠢ ᠤᠯᠠᠮ ᠨᠢᠬᠡ ᠠᠯᠬᠤᠮ ᠦᠷᠭᠡᠳᠭᠡᠵᠦ᠂ ᠠᠷᠠᠯᠵᠢᠶ᠎ᠠ ᠬᠤᠳᠠᠯᠳᠤᠭᠠᠨ ᠤ ᠬᠦᠢᠯᠬᠡᠬᠡ᠂ ᠢᠳᠡᠭᠡᠨ ᠤᠮᠳᠠᠭᠠᠨ᠂ ᠬᠤᠨᠤᠭ ᠪᠠᠭᠤᠳᠠᠯ ᠵᠡᠷᠭᠡ ᠤᠯᠠᠮᠵᠢᠯᠠᠯᠳᠤ ᠦᠢᠯᠡᠴᠢᠯᠠᠭᠡᠨ ᠤ ᠦᠢᠯᠡᠰ ᠤᠨ ᠲᠡᠰ ᠲᠡᠪᠰᠢᠯᠳᠠ ᠎ ᠶᠢ ᠠᠬᠢᠭᠤᠯᠤᠨ᠎ᠠ᠃ ᠲᠤᠮᠳᠠᠳᠤ ᠤᠯᠤᠰ ᠤᠨ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠤᠷᠤᠨ ᠢ ᠪᠠᠶᠢᠭᠤᠯᠬᠤ ᠪᠠᠶᠢᠷᠢ ᠲᠤᠭᠳᠠᠭᠠᠯᠳᠠ ᠶᠢᠨ ᠲᠤᠭᠤᠷᠢᠨ ᠳᠤ᠂ ᠤᠯᠠᠭᠠᠨᠮᠦ᠋ᠴᠢᠷ ᠤᠨ ᠺᠡᠳ᠋ᠷ ᠤᠨ ᠪᠤᠯᠪᠠᠰᠤᠷᠠᠯ ᠎ ᠤᠨ ᠰᠠᠭᠤᠷᠢᠨ ᠭᠠᠵᠡᠷ ᠤᠨ ᠪᠦᠳᠤᠭᠡᠨ ᠪᠠᠶᠢᠭᠤᠯᠤᠯᠳᠠ ᠶᠢ ᠢᠳᠡᠪᠬᠢᠳᠡᠢ ᠵᠤᠬᠢᠴᠠᠭᠤᠯᠤᠨ ᠠᠬᠢᠭᠤᠯᠵᠦ᠂ ᠬᠤᠪᠢᠰᠬᠠᠯ ᠎ ᠤᠨ ᠰᠤᠳᠤᠯᠭᠠᠨ ᠰᠤᠷᠤᠯᠴᠠᠯᠭ᠎ᠠ᠂ ᠰᠤᠶᠤᠯ ᠢ ᠪᠠᠶᠠᠴᠢᠯᠠᠨ ᠤᠶᠢᠯᠠᠭᠠᠬᠤ᠂ ᠬᠠᠯᠠᠭᠤᠨ ᠷᠠᠰᠢᠶᠠᠨ ᠤ ᠰᠤᠪᠢᠯᠠᠯᠳᠠ ᠪᠡ ᠮᠠᠯᠴᠢᠨ ᠠᠶᠢᠯ ᠪᠠᠭᠤᠳᠠᠯ ᠵᠡᠷᠭᠡ ᠵᠢᠭᠤᠯᠴᠢᠯᠠᠯ ᠤᠨ ᠱᠤᠭᠤᠮ ᠤᠨ ᠪᠦᠳᠤᠭᠡᠨ ᠪᠠᠶᠢᠭᠤᠯᠤᠯᠳᠠ ᠶᠢ ᠬᠦᠴᠦᠯᠠᠨ ᠠᠬᠢᠭᠤᠯᠤᠨ᠎ᠠ᠃ 2025 ᠤᠨ ᠪᠤᠯᠬᠤ ᠳᠤ᠂ 30 ᠲᠦᠮᠡᠨ ᠵᠢᠭᠤᠯᠴᠢᠯᠠᠭᠰᠠᠳ ᠢ ᠬᠦᠯᠢᠶᠠᠨ ᠠᠪᠴᠦ᠂ ᠵᠢᠭᠤᠯᠴᠢᠯᠠᠯ ᠤᠨ ᠤᠷᠤᠯᠭ᠎ᠠ ᠶᠢ 1.5 ᠳ᠋ᠦᠩᠰᠢᠭᠤᠷ ᠲᠦᠬᠦᠷᠢᠭ ᠠᠴᠠ ᠲᠡᠭᠡᠭᠰᠢ ᠳᠤ ᠬᠦᠷᠭᠡᠵᠦ᠂ ᠭᠤᠷᠪᠡᠳᠤᠭᠠᠷ ᠠᠵᠦ ᠦᠢᠯᠡᠰ ᠤᠨ ᠨᠡᠮᠡᠭᠳᠡᠯ ᠦᠷᠳᠡᠭ ᠢ ᠵᠢᠯ ᠲᠤᠮᠳᠠᠴᠢ ᠳᠤ 5%᠎ ᠪᠠᠷ ᠨᠡᠮᠡᠭᠳᠡᠬᠦᠯᠦᠨ᠎ᠡ᠃      ︵ᠭᠤᠷᠪᠡ︶ ᠦᠬᠡᠷᠡᠴᠢᠯᠠᠯᠳᠠ ᠶᠢ ᠬᠦᠨᠵᠡᠬᠡᠶᠢᠷᠡᠬᠦᠯᠬᠦ᠂ ᠨᠡᠭᠡᠭᠡᠯᠳᠡ ᠬᠢᠬᠦ ᠶᠢ ᠠᠭᠤᠰᠤᠯᠴᠠᠭᠤᠯᠬᠤ ᠶᠢ ᠪᠡᠷᠢᠮᠳᠠᠯᠠᠵᠦ᠂ ᠨᠡᠭᠡᠭᠡᠯᠳᠡ ᠬᠦᠭᠵᠢᠯᠳᠡ ᠶᠢ ᠰᠢᠨ᠎ᠡ ᠲᠦᠪᠰᠢᠨ ᠳᠤ ᠬᠦᠷᠭᠡᠨ᠎ᠡ᠃ ᠪᠦᠳᠤᠮᠵᠢᠳᠡᠢ ᠵᠠᠬ᠎ᠠ ᠲᠡᠯᠭᠡᠬᠦᠷ ᠪᠡ ᠨᠠᠶᠢᠳᠠᠪᠤᠷᠢᠳᠠᠢ ᠵᠠᠰᠠᠭ ᠤᠨ ᠤᠷᠳᠤᠨ ᠤ ᠤᠶᠠᠯᠳᠤᠯ ᠴᠡᠭ ᠢ ᠡᠵᠡᠮᠰᠢᠵᠦ᠂ ︽ᠵᠠᠰᠠᠭ ᠢ ᠴᠤᠮᠬᠠᠳᠬᠠᠨ ᠡᠷᠭᠡ ᠶᠢ ᠲᠡᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠪᠠᠨ ᠰᠢᠯᠢᠳᠡᠭᠵᠢᠬᠦᠯᠬᠦ︾ ᠦᠬᠡᠷᠡᠴᠢᠯᠠᠯᠳᠠ ᠎ ᠶᠢ ᠬᠦᠨᠵᠡᠬᠡᠶᠢᠷᠡᠬᠦᠯᠦᠨ᠂ ᠨᠡᠶᠢᠬᠡᠮ ᠤᠨ ᠢᠳᠡᠭᠡᠮᠵᠢ ᠶᠢᠨ ᠲᠤᠭᠳᠠᠯᠴᠠᠭ᠎ᠠ ᠶᠢᠨ ᠪᠠᠶᠢᠭᠤᠯᠤᠯᠳᠠ ᠶᠢ ᠴᠢᠩᠭᠠᠳᠬᠠᠵᠦ᠂ ᠡᠯᠧᠮᠧᠨ᠋ᠲ ᠢ ᠵᠠᠬ᠎ᠠ ᠲᠡᠯᠬᠡᠬᠦᠷᠴᠢᠯᠠᠨ ᠲᠤᠬᠢᠷᠠᠭᠤᠯᠬᠤ ᠦᠬᠡᠷᠡᠴᠢᠯᠠᠯᠳᠠ ᠶᠢ ᠠᠬᠢᠭᠤᠯᠤᠨ᠂ ᠤᠬᠢ ᠰᠢᠯᠢᠳᠡᠭ ᠵᠠᠰᠠᠭ ᠎ ᠤᠨ ᠶᠠᠪᠤᠳᠠᠯ ᠤᠨ ᠤᠷᠴᠢᠨ ᠨᠦᠬᠦᠴᠠᠯ᠂ ᠵᠠᠬ᠎ᠠ ᠲᠡᠯᠬᠡᠬᠦᠷ ᠤᠨ ᠤᠷᠴᠢᠨ ᠨᠦᠬᠦᠴᠠᠯ᠂ ᠡᠯᠧᠮᠧᠨ᠋ᠲ ᠤᠨ ᠤᠷᠴᠢᠨ ᠨᠦᠬᠦᠴᠠᠯ᠂ ᠬᠠᠤᠯᠢ ᠪᠠᠷ ᠵᠠᠰᠠᠬᠤ ᠤᠷᠴᠢᠨ ᠨᠦᠬᠦᠴᠠᠯ ᠢ ᠡᠬᠦᠳᠴᠦ᠂ ᠠᠷᠠᠳ ᠠᠴᠠ ᠡᠵᠡᠩᠨᠡᠭᠰᠡᠨ ᠠᠵᠦ ᠠᠬᠤᠢ ᠎ ᠶᠢᠨ ᠬᠦᠭᠵᠢᠯᠳᠡ ᠶᠢ ᠶᠡᠭᠡᠪᠡᠷ ᠲᠡᠮᠵᠢᠵᠦ᠂ ᠡᠯ᠎ᠡ ᠲᠦᠷᠦᠯ ᠤᠨ ᠵᠠᠬ᠎ᠠ ᠲᠡᠯᠬᠡᠬᠦᠷ ᠤᠨ ᠭᠤᠤᠯ ᠴᠤᠭᠴᠠ ᠶᠢᠨ ᠠᠮᠢᠵᠢᠷᠠᠯ ᠤᠨ ᠬᠦᠴᠦᠨ ᠢ ᠬᠦᠭᠵᠢᠬᠡᠨ᠎ᠡ᠃ ︽ᠰᠢᠨᠵᠢᠯᠡᠭᠡ ᠮᠡᠷᠭᠡᠵᠢᠯ ᠢᠶᠠᠷ ᠦᠪᠤᠷ ᠮᠤᠩᠭᠤᠯ ᠢ ᠬᠦᠭᠵᠢᠬᠦᠯᠬᠦ︾ ᠠᠵᠢᠯᠯᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠮᠡᠷᠭᠡᠵᠢᠯ ᠤᠨ ᠵᠠᠩᠬᠢᠯᠠᠭ᠎ᠠ ᠶᠢᠨ ᠪᠤᠭᠤᠮᠳᠠ ᠰᠢᠪᠳᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠳᠤᠭᠡᠯ ᠢ ᠭᠤᠤᠯᠳᠠᠯᠭ᠎ᠠ ᠲᠠᠢ ᠪᠠᠷ ᠪᠤᠳᠠᠳᠠᠶᠢᠵᠢᠭᠤᠯᠤᠨ ᠠᠰᠢᠭᠯᠠᠵᠦ᠂ ᠠᠵᠦ ᠠᠬᠤᠢ ᠶᠢᠨ ᠴᠢᠨᠠᠷᠯᠢᠭ ᠬᠦᠭᠵᠢᠯᠳᠡ ᠶᠢ ᠠᠬᠢᠭᠤᠯᠬᠤ ᠪᠡ ᠤᠯᠠᠨ ᠲᠦᠮᠡᠨ ᠳᠤ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦᠯᠬᠦ ᠰᠢᠨᠵᠢᠯᠡᠭᠡ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠰᠢᠨ᠎ᠡ ᠶᠢ ᠡᠬᠦᠳᠬᠦ ᠎ ᠪᠠᠷ ᠬᠦᠳᠡᠯᠬᠡᠬᠦᠷ ᠪᠤᠯᠭᠠᠬᠤ ᠬᠦᠭᠵᠢᠯᠳᠡ ᠪᠤᠯᠤᠨ ︽ᠴᠢᠳᠠᠪᠤᠷᠢᠳᠠᠨ ᠢᠶᠠᠷ ᠬᠤᠰᠢᠭᠤ ᠪᠠᠨ ᠬᠦᠴᠦᠷᠭᠡᠭᠵᠢᠬᠦᠯᠬᠦ︾ ᠪᠠᠶᠢᠯᠳᠤᠬᠤ ᠪᠤᠳᠤᠯᠭ᠎ᠠ ᠶᠢᠨ ᠲᠤᠭᠤᠷᠢᠨ ᠳᠤ᠂ ᠴᠢᠳᠠᠪᠤᠷᠢᠳᠠᠨ ᠢ ᠬᠦᠭᠵᠢᠬᠦᠯᠬᠦ ᠪᠠᠶᠢᠭᠤᠯᠤᠯ ᠤᠨ ᠲᠤᠭᠳᠠᠴᠠ ᠶᠢᠨ ᠦᠬᠡᠷᠡᠴᠢᠯᠠᠯᠳᠠ ᠶᠢ ᠬᠦᠨᠵᠡᠬᠡᠶᠢᠷᠡᠬᠦᠯᠵᠦ᠂ ᠴᠢᠳᠠᠪᠤᠷᠢᠳᠠᠨ ᠢ ᠪᠦᠬᠦ ᠲᠠᠯ᠎ᠠ ᠪᠠᠷ ᠬᠦᠮᠦᠵᠢᠬᠦᠯᠬᠦ ᠪᠡ ᠤᠷᠢᠨ ᠤᠷᠤᠭᠤᠯᠵᠦ᠂ ᠴᠢᠳᠠᠪᠤᠷᠢᠳᠠᠨ ᠤ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ᠎ᠠ᠃ ᠭᠠᠳᠠᠭᠠᠳᠤ ᠯᠤᠭ᠎ᠠ ᠶᠢᠨ ᠰᠤᠯᠢᠯᠴᠠᠭ᠎ᠠ ᠪᠠᠨ ᠴᠢᠩᠭᠠᠳᠬᠠᠵᠦ᠂ ︽ᠨᠢᠬᠡ ᠪᠦᠰᠡ ᠨᠢᠭᠡ ᠵᠡᠮ︾᠎ ᠳᠤ ᠢᠳᠡᠪᠬᠢᠳᠡᠢ ᠠᠭᠤᠰᠤᠯᠴᠠᠵᠦ᠂ ᠲᠤᠮᠳᠠᠳᠤ ᠮᠤᠩᠭᠤᠯ ᠤᠷᠤᠰ ᠤᠨ ᠠᠵᠦ ᠠᠬᠤᠢ ᠶᠢᠨ ᠬᠤᠩᠬᠢᠯ ᠤᠨ ᠪᠦᠳᠤᠭᠡᠨ ᠪᠠᠶᠢᠭᠤᠯᠤᠯᠳᠠ ᠳᠤ ᠪᠦᠬᠦ ᠲᠠᠯ᠎ᠠ ᠪᠠᠷ ᠤᠷᠤᠯᠴᠠᠨ᠎ᠠ᠃ ᠤᠯᠤᠰ ᠤᠨ ᠰᠢᠨ᠎ᠡ ᠴᠠᠭ ᠦᠶ᠎ᠠ ᠶᠢᠨ ᠪᠠᠷᠠᠭᠤᠨ ᠤᠷᠤᠨ ᠢ ᠶᠡᠬᠡᠪᠡᠷ ᠨᠡᠭᠡᠭᠡᠨ ᠬᠦᠭᠵᠢᠬᠦᠯᠬᠦ ᠰᠢᠨ᠎ᠡ ᠪᠠᠶᠢᠷᠢᠰᠢᠯ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢ ᠡᠵᠡᠮᠰᠢᠵᠦ᠂ ᠪᠡᠭᠡᠵᠢᠩ ᠲᠢᠶᠠᠨᠵᠢᠨ ᠡᠾᠧᠪᠸᠢ᠂ ᠬᠦᠬᠡᠬᠤᠳᠠ ᠪᠤᠭᠤᠳᠤ ᠤᠷᠳᠤᠰ ᠦᠬᠠᠢ ᠵᠡᠷᠭᠡ ᠭᠠᠵᠡᠷ ᠤᠷᠤᠨ ᠯᠤᠭ᠎ᠠ ᠶᠢᠨ ᠬᠠᠮᠳᠤᠷᠠᠯᠴᠠᠭ᠎ᠠ ᠪᠠᠨ ᠬᠦᠨᠵᠡᠭᠡᠶᠢᠷᠡᠬᠦᠯᠵᠦ᠂ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠡᠷᠴᠢᠮ ᠢᠶᠠᠨ ᠴᠢᠩᠭᠠᠷᠠᠭᠤᠯᠵᠦ᠂ ᠲᠦᠪᠯᠡᠷᠡᠬᠦᠯᠦᠨ ᠲᠠᠶᠢᠴᠢᠯᠠᠬᠤ ᠦᠢᠯᠡᠳᠤᠯ ᠢ ᠪᠠᠳᠠᠷᠠᠭᠤᠯᠤᠨ᠎ᠠ᠃ 2025 ᠤᠨ ᠪᠤᠯᠬᠤ ᠳᠤ᠂ ᠭᠠᠳᠠᠭᠠᠳᠤ ᠭᠠᠷᠭᠠᠯᠳᠠ ᠶᠢᠨ ᠶᠡᠷᠦᠩᠭᠡᠢ ᠭᠡᠮᠵᠢᠶ᠎ᠠ ᠶᠢ 725 ᠲᠦᠮᠡᠨ ᠳ᠋ᠤᠯᠯᠠᠷ ᠢ ᠲᠠᠪᠠᠵᠦ᠂ ᠤᠷᠢᠵᠦ ᠤᠷᠤᠭᠤᠯᠤᠭᠰᠠᠨ ᠲᠦᠷᠦᠯ ᠵᠦᠢᠯ ᠤᠨ ᠪᠡᠯᠡ ᠮᠦᠩᠬᠦ ᠶᠢ 30 ᠳ᠋ᠦᠩᠰᠢᠭᠤᠷ ᠲᠦᠬᠦᠷᠢᠭ ᠲᠤ ᠬᠦᠷᠭᠡᠬᠦ ᠪᠠᠷ ᠴᠢᠷᠮᠡᠶᠢᠨ᠎ᠡ᠃     ︵ᠲᠦᠷᠪᠡ︶ ᠨᠢᠬᠡᠳᠤᠯᠳᠠᠢ ᠲᠦᠯᠦᠪᠯᠡᠨ ᠨᠢᠭᠡ ᠴᠤᠭᠴᠠᠵᠢᠭᠤᠯᠬᠤ᠂ ᠴᠢᠨᠡᠷ ᠴᠢᠨᠰᠠᠭ᠎ᠠ ᠶᠢ ᠲᠡᠭᠡᠭᠰᠢᠯᠡᠬᠦᠯᠬᠦ ᠎ ᠶᠢ ᠪᠠᠷᠢᠮᠳᠠᠯᠠᠵᠦ᠂ ᠬᠤᠳᠠ ᠬᠦᠳᠡᠭᠡᠨ ᠤ ᠵᠤᠬᠢᠴᠠᠩᠭᠤᠢ ᠬᠦᠭᠵᠢᠯᠳᠡ ᠶᠢ ᠠᠬᠢᠭᠤᠯᠤᠨ᠎ᠠ᠃ ᠬᠤᠳᠠ ᠬᠦᠳᠡᠭᠡᠨ ᠤ ᠤᠷᠤᠨ ᠪᠦᠰᠡ ᠶᠢᠨ ᠠᠭᠤᠰᠤᠯᠴᠠᠨ ᠬᠦᠭᠵᠢᠬᠦ ᠲᠤᠭᠳᠠᠴᠠ ᠶᠢ ᠪᠦᠷᠢᠨᠰᠢᠬᠦᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠭᠡᠷᠡᠭᠵᠢᠬᠦᠯᠵᠦ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠦᠳᠤᠭᠡᠨ ᠪᠠᠶᠢᠭᠤᠯᠤᠯᠳᠠ ᠶᠢ ᠴᠢᠨᠠᠷᠯᠢᠭ ᠢᠶᠠᠷ ᠠᠬᠢᠭᠤᠯᠵᠦ᠂ ᠬᠤᠳᠠ ᠬᠦᠳᠡᠭᠡᠨ ᠤ ᠡᠯᠧᠮᠧᠨ᠋ᠲ ᠤᠨ ᠡᠷᠭᠡ ᠲᠡᠭᠰᠢ ᠰᠤᠯᠢᠯᠴᠠᠭ᠎ᠠ᠂ ᠰᠤᠯᠢᠪᠴᠢᠨ ᠰᠢᠯᠵᠢᠬᠦ ᠪᠡ ᠤᠯᠠᠨ ᠨᠠᠶᠢᠳᠠ ᠶᠢᠨ ᠡᠬᠢ ᠪᠠᠶᠠᠯᠢᠭ ᠤᠨ ᠵᠤᠬᠢᠰᠳᠠᠢ ᠲᠤᠬᠢᠷᠠᠭᠤᠯᠤᠯᠳᠠ ᠶᠢ ᠲᠦᠷᠭᠡᠳᠭᠡᠵᠦ᠂ ᠨᠢᠬᠡᠳᠤᠯᠳᠠᠢ ᠲᠦᠯᠦᠪᠵᠢᠬᠦᠯᠦᠨ ᠬᠦᠭᠵᠢᠬᠦᠯᠬᠦ ᠤᠷᠤᠨ ᠲᠤᠭᠤᠷᠢᠭ ᠢ ᠦᠷᠭᠡᠳᠭᠡᠨ᠎ᠡ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠠᠷ ᠶᠡᠷᠦᠩᠭᠡᠢ ᠭᠠᠷᠳᠠᠴᠠ ᠪᠤᠯᠭᠠᠵᠦ᠂ ᠮᠠᠯᠵᠢᠬᠤ ᠲᠠᠷᠢᠶᠠᠯᠠᠬᠤ ᠤᠷᠤᠨ ᠤ ᠬᠦᠮᠦᠨ ᠠᠷᠠᠳ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠦᠷᠬᠦᠯᠵᠢᠯᠡᠨ ᠰᠠᠶᠢᠵᠢᠷᠠᠭᠤᠯᠵᠦ᠂ ᠬᠦᠳᠡᠭᠡ ᠲᠤᠰᠬᠤᠨ ᠤ ᠪᠤᠯᠪᠠᠰᠤᠨ ᠤ ᠪᠠᠶᠢᠭᠤᠯᠤᠯᠳᠠ ᠶᠢ ᠠᠬᠢᠭᠤᠯᠤᠨ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠤᠨ ᠦᠷ᠎ᠡ ᠪᠦᠳᠤᠭᠡᠯ ᠢ ᠪᠠᠬᠢᠵᠢᠬᠦᠯᠦᠨ ᠦᠷᠭᠡᠳᠭᠡᠵᠦ᠂ ᠮᠠᠯᠵᠢᠬᠤ ᠲᠠᠷᠢᠶᠠᠯᠠᠬᠤ ᠤᠷᠤᠨ ᠤ ᠠᠵᠦ ᠦᠢᠯᠡᠰ᠂ ᠴᠢᠳᠠᠪᠤᠷᠢᠳᠠᠨ᠂ ᠰᠤᠶᠤᠯ᠂ ᠠᠮᠢ ᠠᠬᠤᠢ᠂ ᠵᠤᠬᠢᠶᠠᠨ ᠪᠠᠶᠢᠭᠤᠯᠤᠯᠳᠠ ᠶᠢ ᠪᠦᠬᠦ ᠲᠠᠯ᠎ᠠ ᠪᠠᠷ ᠬᠦᠭᠵᠢᠬᠦᠯᠦᠨ ᠮᠠᠨᠳᠤᠭᠤᠯᠬᠤ ᠶᠢ ᠠᠬᠢᠭᠤᠯᠤᠨ᠎ᠠ᠃ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠦᠳᠤᠭᠡᠨ ᠪᠠᠶᠢᠭᠤᠯᠤᠯᠳᠠ ᠶᠢᠨ ᠠᠬᠢᠴᠠ ᠶᠢ ᠲᠦᠷᠭᠡᠳᠭᠡᠵᠦ᠂ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠶᠢᠭᠤᠯᠤᠯᠳᠠ ᠶᠢ ᠠᠬᠢᠭᠤᠯᠵᠦ᠂ ᠢᠵᠢ ᠪᠦᠷᠢᠨ ᠶᠡᠷᠦᠩᠭᠡᠶᠢᠯᠡᠭᠰᠡᠨ ᠦᠢᠯᠡᠴᠢᠯᠠᠭᠡᠨ ᠤ ᠴᠢᠳᠠᠪᠤᠷᠢ ᠶᠢ ᠲᠡᠬᠦᠯᠳᠡᠷᠵᠢᠬᠦᠯᠵᠦ᠂ ᠬᠤᠳᠠ ᠪᠠᠯᠭᠠᠰᠤᠨ ᠤ ᠨᠠᠷᠢᠯᠢᠭᠵᠢᠭᠤᠯᠤᠭᠰᠠᠨ ᠬᠠᠮᠢᠶᠠᠷᠤᠯᠳᠠ ᠎ ᠶᠢᠨ ᠬᠢᠷᠢ ᠲᠦᠪᠰᠢᠨ ᠢ ᠲᠠᠰᠤᠷᠠᠯᠳᠠ ᠦᠬᠡᠢ ᠠᠬᠢᠭᠤᠯᠤᠨ᠎ᠠ᠃ 2025 ᠤᠨ ᠪᠤᠯᠬᠤ ᠳᠤ᠂ ᠬᠤᠳᠠ ᠪᠠᠯᠭᠠᠰᠤᠵᠢᠯᠳᠠ ᠶᠢᠨ ᠨᠤᠷᠮ᠎ᠡ ᠶᠢ 70%᠎ ᠳᠤ ᠬᠦᠷᠭᠡᠵᠦ᠂ ᠬᠤᠳᠠ ᠪᠠᠯᠭᠠᠰᠤᠨ ᠤ ᠪᠤᠬᠢᠷ ᠤᠰᠤ ᠶᠢ ᠲᠦᠪᠯᠡᠷᠡᠬᠦᠯᠦᠨ ᠰᠢᠢᠳᠪᠤᠷᠢᠯᠡᠭᠰᠡᠨ ᠨᠤᠷᠮ᠎ᠡ ᠶᠢ 98%᠎ ᠳᠤ ᠬᠦᠷᠭᠡᠨ᠂ ᠠᠮᠢᠳᠤᠷᠠᠯ ᠤᠨ ᠬᠤᠭ ᠨᠤᠪᠰᠢ ᠶᠢ ᠪᠤᠬᠢᠷᠳᠤᠯ ᠦᠬᠡᠢ ᠪᠠᠷ ᠰᠢᠢᠳᠪᠤᠷᠢᠯᠡᠭᠰᠡᠨ ᠨᠤᠷᠮ᠎ᠡ ᠶᠢ 100%᠎ ᠳᠤ ᠬᠦᠷᠭᠡᠨ᠎ᠡ᠃       ︵ᠲᠠᠪᠤ︶ ᠠᠷᠠᠳ ᠲᠦᠮᠡᠨ ᠢ ᠲᠡᠭᠡᠳᠤᠯᠠᠨ᠂ ᠠᠷᠠᠳ ᠲᠦᠮᠡᠨ ᠢᠶᠠᠷ ᠦᠨᠳᠤᠰᠤ ᠪᠤᠯᠭᠠᠬᠤ ᠶᠢ ᠪᠡᠷᠢᠮᠳᠠᠯᠠᠵᠦ᠂ ᠠᠷᠠᠳ ᠤᠯᠠᠨ ᠤ ᠵᠤᠯ ᠵᠢᠷᠭᠠᠯ ᠢ ᠨᠡᠮᠡᠭᠳᠡᠬᠦᠯᠦᠨ᠎ᠡ᠃ ᠠᠷᠠᠳ ᠲᠦᠮᠡᠨ ᠢ ᠲᠡᠭᠡᠳᠤᠯᠡᠬᠦ ᠤᠶᠢᠯᠠᠭᠠᠭᠳᠠᠬᠤᠨ ᠢ ᠪᠡᠳᠤ ᠪᠠᠬᠢ ᠪᠤᠢ ᠪᠤᠯᠭᠠᠵᠦ᠂ ᠠᠷᠠᠳ ᠤᠯᠠᠨ ᠤ ᠬᠠᠮᠤᠭ ᠠᠴᠠ ᠠᠩᠬᠠᠷᠴᠦ ᠪᠠᠶᠢᠭ᠎ᠠ ᠮᠦᠷᠳᠡᠭᠡᠨ ᠠᠷᠠᠳ ᠤᠯᠠᠨ ᠤ ᠠᠰᠢᠭ ᠲᠤᠰᠠ ᠲᠠᠢ ᠰᠢᠭᠤᠳ ᠬᠤᠯᠪᠤᠭᠳᠠᠬᠤ ᠪᠤᠳᠠᠳᠠᠢ ᠠᠰᠠᠭᠤᠳᠠᠯ ᠢ ᠰᠠᠶᠢᠳᠤᠷ ᠰᠢᠢᠳᠪᠤᠷᠢᠯᠡᠨ᠎ᠡ᠃ ᠠᠵᠢᠯ ᠤᠯᠭᠤᠯᠳᠠ ᠎ ᠶᠢ ᠲᠡᠷᠢᠬᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠴᠢᠩᠭᠠᠳᠬᠠᠵᠦ᠂ ᠠᠵᠢᠯ ᠤᠯᠭᠤᠯᠳᠠ ᠶᠢᠨ ᠭᠡᠪᠴᠢᠶ᠎ᠠ ᠶᠢ ᠦᠷᠭᠡᠳᠭᠡᠵᠦ᠂ ᠨᠠᠩ ᠲᠦᠢᠯᠪᠤᠷᠢᠳᠠᠢ ᠴᠢᠨᠠᠷᠯᠢᠭ ᠠᠵᠢᠯ ᠤᠯᠭᠤᠯᠳᠠ ᠶᠢ ᠪᠡᠶᠡᠯᠡᠬᠦᠯᠵᠦ᠂ ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠳᠠ ᠶᠢᠨ ᠨᠤᠷᠮ᠎ᠡ ᠶᠢ ᠪᠦᠬᠦ ᠠᠶᠢᠮᠠᠭ ᠤᠨ ᠲᠤᠭᠳᠠᠭᠠᠭᠰᠠᠨ ᠪᠡᠷᠢᠮᠵᠢᠶᠠᠨ ᠲᠤᠳᠤᠷ᠎ᠡ ᠬᠢᠵᠠᠭᠠᠷᠯᠠᠨ᠎ᠠ᠃ ᠡᠯ᠎ᠡ ᠱᠠᠳᠤᠨ ᠤ ᠡᠯ᠎ᠡ ᠲᠦᠷᠦᠯ ᠤᠨ ᠰᠤᠷᠭᠠᠨ ᠬᠦᠮᠦᠵᠢᠯ ᠢ ᠨᠢᠭᠡᠳᠤᠯᠳᠠᠢ ᠲᠦᠯᠦᠪᠵᠢᠬᠦᠯᠦᠨ ᠰᠠᠶᠢᠳᠤᠷ ᠠᠳᠬᠤᠵᠦ᠂ ᠰᠤᠷᠭᠠᠭᠤᠯᠢ ᠡᠷᠬᠢᠯᠡᠬᠦ ᠨᠦᠬᠦᠴᠠᠯ ᠢ ᠦᠷᠬᠦᠯᠵᠢᠯᠡᠨ ᠰᠠᠶᠢᠵᠢᠷᠠᠭᠤᠯᠵᠦ᠂ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢᠨ ᠬᠢᠷᠢ ᠲᠦᠪᠰᠢᠨ ᠢ ᠪᠦᠬᠦ ᠠᠶᠢᠮᠠᠭ ᠤᠨ ᠲᠡᠷᠢᠬᠦᠨ ᠡᠩᠨᠡᠭᠡᠨ ᠳᠤ ᠪᠠᠶᠢᠯᠭᠠᠬᠤ ᠎ ᠶᠢ ᠠᠬᠢᠭᠤᠯᠤᠨ᠎ᠠ᠃ ᠠᠷᠠᠳ ᠤᠨ ᠠᠮᠢᠳᠤᠷᠠᠯ ᠢ ᠦᠷᠬᠦᠯᠵᠢᠯᠡᠨ ᠪᠠᠳᠤᠯᠠᠨ ᠰᠠᠶᠢᠵᠢᠷᠠᠭᠤᠯᠵᠦ᠂ ᠤᠯᠠᠨ ᠨᠠᠶᠢᠳᠠ ᠶᠢᠨ ᠦᠨᠳᠤᠰᠤᠨ ᠦᠢᠯᠡᠴᠢᠯᠡᠭᠡ ᠶᠢ ᠠᠳᠠᠯᠢ ᠲᠡᠭᠰᠢ ᠪᠤᠯᠭᠠᠨ᠎ᠠ᠃ ᠤᠯᠠᠨ ᠲᠡᠰ ᠲᠡᠪᠬᠤᠷᠭ᠎ᠠ ᠶᠢᠨ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠢ ᠪᠦᠷᠢᠯᠳᠤᠬᠦᠯᠵᠦ᠂ ᠡᠮᠴᠢᠯᠡᠬᠡᠨ ᠤ ᠪᠠᠳᠤᠯᠠᠭ᠎ᠠ ᠶᠢᠨ ᠲᠦᠷᠢᠮ ᠤᠨ ᠦᠬᠡᠷᠡᠴᠢᠯᠠᠯᠳᠠ ᠶᠢ ᠠᠬᠢᠭᠤᠯᠵᠦ᠂ ᠡᠯ᠎ᠡ ᠵᠦᠢᠯ ᠤᠨ ᠨᠡᠶᠢᠬᠡᠮ ᠤᠨ ᠪᠠᠳᠤᠯᠠᠭ᠎ᠠ ᠶᠢᠨ ᠲᠦᠷᠢᠮ ᠪᠡ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠠᠷᠠᠳ ᠤᠨ ᠦᠨᠳᠤᠰᠤᠨ ᠠᠮᠢᠳᠤᠷᠠᠯ ᠢ ᠰᠠᠶᠢᠳᠤᠷ ᠪᠠᠳᠤᠯᠠᠨ᠎ᠠ᠃ ᠡᠷᠡᠬᠦᠯ ᠡᠩᠭᠡ ᠪᠠᠷᠠᠭᠤᠨ ᠰᠦᠨᠢᠳ ᠤᠨ ᠪᠦᠳᠤᠭᠡᠨ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠵᠦ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠯ ᠤᠨ ᠦᠬᠡᠷᠡᠴᠢᠯᠠᠯᠳᠠ ᠶᠢ ᠬᠦᠨᠵᠡᠬᠡᠶᠢᠷᠡᠬᠦᠯᠦᠨ᠂ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠦᠢᠯᠡᠴᠢᠯᠠᠭᠡᠨ ᠤ ᠴᠢᠳᠠᠪᠤᠷᠢ ᠶᠢ ᠴᠢᠩᠭᠠᠳᠬᠠᠨ᠂ ᠡᠮ ᠡᠮᠨᠡᠯᠬᠡ ᠶᠢᠨ ᠪᠠᠳᠤᠯᠠᠭ᠎ᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠬᠦᠮᠦᠨ ᠠᠮᠠ ᠶᠢᠨ ᠤᠷᠳᠤ ᠬᠤᠭᠤᠴᠠᠭᠠᠨ ᠤ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠲᠤᠭᠳᠠᠭᠠᠵᠦ᠂ ᠬᠦᠮᠦᠨ ᠠᠮᠠ ᠶᠢᠨ ᠨᠠᠰᠤᠵᠢᠯᠳᠠ ᠶᠢᠨ ᠬᠠᠨᠳᠤᠰᠢ ᠶᠢ ᠢᠳᠡᠪᠬᠢᠳᠡᠢ ᠠᠷᠭᠠᠴᠠᠭᠠᠵᠦ᠂ ᠬᠦᠮᠦᠨ ᠠᠮᠠ ᠎ ᠶᠢᠨ ᠲᠡᠩᠴᠡᠬᠦᠷᠢᠳᠡᠢ ᠬᠦᠭᠵᠢᠯᠳᠡ ᠶᠢ ᠠᠬᠢᠭᠤᠯᠤᠨ᠎ᠠ᠃ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠭᠴᠠ ᠎ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠤᠯᠭᠠᠵᠦ᠂ ᠤᠯᠤᠰ ᠤᠨ ᠪᠦᠬᠦ ᠲᠠᠯ᠎ᠠ ᠶᠢᠨ ᠠᠮᠤᠷ ᠲᠦᠪᠰᠢᠨ ᠎ ᠤ ᠦᠵᠡᠯᠳᠡ ᠶᠢ ᠬᠦᠨᠵᠡᠬᠡᠢ ᠨᠠᠶᠢᠳᠠᠪᠤᠷᠢᠵᠢᠭᠤᠯᠵᠦ᠂ ᠠᠮᠤᠷ ᠲᠦᠪᠰᠢᠨ ᠬᠦᠭᠵᠢᠯᠳᠡ ᠶᠢᠨ ᠦᠵᠡᠯᠳᠡ ᠶᠢ ᠠᠵᠦ ᠠᠬᠤᠢ ᠨᠡᠶᠢᠬᠡᠮ ᠤᠨ ᠡᠯ᠎ᠡ ᠬᠦᠷᠢᠶ᠎ᠠ ᠴᠡᠷ᠎ᠡ᠂ ᠪᠦᠬᠦ ᠶᠠᠪᠤᠴᠠ ᠳᠤ ᠲᠤᠤᠱᠯᠠᠭᠤᠯᠵᠦ᠂ ᠬᠦᠨᠳᠤ ᠶᠡᠭᠡ ᠲᠦᠭᠰᠢᠬᠦᠷᠢ ᠶᠢ ᠪᠦᠳᠤᠮᠵᠢᠳᠡᠢ ᠰᠡᠷᠭᠡᠶᠢᠯᠡᠨ ᠨᠠᠮᠳᠠᠭᠠᠵᠦ᠂ ᠬᠠᠮᠳᠤᠪᠡᠷ ᠪᠠᠶᠢᠭᠤᠯᠤᠨ ᠬᠠᠮᠳᠤᠪᠡᠷ ᠵᠠᠰᠠᠵᠦ ᠬᠠᠮᠳᠤᠪᠡᠷ ᠡᠳ᠋ᠯᠡᠬᠦ ᠵᠠᠰᠠᠯᠳᠠ ᠎ ᠶᠢᠨ ᠲᠤᠭᠳᠠᠯᠴᠠᠭ᠎ᠠ ᠶᠢ ᠲᠡᠬᠦᠯᠳᠡᠷᠵᠢᠬᠦᠯᠵᠦ᠂ ᠠᠷᠠᠳ ᠲᠦᠮᠡᠨ ᠵᠤᠯ ᠵᠢᠷᠭᠠᠯ ᠲᠠᠢ ᠠᠵᠦ ᠲᠦᠷᠦᠭᠰᠡᠨ᠂ ᠦᠨᠳᠤᠰᠤᠳᠠᠨ ᠨᠦᠭᠦᠳ ᠪᠦᠯᠬᠦᠮᠳᠡᠨ ᠲᠠᠪᠰᠢᠭᠰᠠᠨ᠂ ᠨᠡᠶᠢᠬᠡᠮ ᠠᠮᠤᠷ ᠲᠤᠭᠳᠠᠭᠤᠨ ᠡᠮᠬᠢ ᠲᠢᠭᠯᠢᠮ ᠲᠠᠢ ᠪᠠᠶᠢᠬᠤ ᠶᠢ ᠪᠠᠳᠤᠯᠠᠵᠦ᠂ ᠡᠬᠡ ᠤᠯᠤᠰ ᠤᠨ ᠤᠮᠠᠷᠠᠳᠤ ᠬᠢᠯᠢ ᠶᠢᠨ ᠠᠮᠤᠷ ᠲᠦᠪᠰᠢᠨ ᠲᠤᠭᠳᠠᠭᠤᠨ ᠤ ᠬᠠᠯᠬᠠᠪᠴᠢ ᠶᠢ ᠪᠠᠬᠢᠵᠢᠬᠦᠯᠦᠨ᠎ᠡ᠃     ᠭᠤᠷᠪᠡ᠂ 2021 ᠤᠨ ᠤ ᠠᠵᠢᠯ ᠤᠨ ᠶᠡᠷᠦᠩᠭᠡᠢ ᠱᠠᠭᠠᠷᠳᠠᠯᠭ᠎ᠠ ᠪᠡ ᠬᠠᠷᠠᠯᠳᠠ ᠡᠬᠦᠷᠭᠡ      ᠦᠨᠦ ᠵᠢᠯ ᠪᠤᠯ ︽ᠠᠷᠪᠡᠨ ᠲᠦᠷᠪᠡᠳᠤᠭᠡᠷ ᠲᠡᠪᠤᠨ ᠵᠢᠯ︾᠎ ᠤᠨ ᠲᠦᠯᠦᠪᠵᠢᠬᠦᠯᠬᠡ ᠶᠢᠨ ᠡᠬᠢᠯᠡᠯᠳᠡ ᠶᠢᠨ ᠵᠢᠯ ᠪᠠᠶᠢᠵᠦ᠂ ᠰᠠᠶᠢᠨ ᠡᠬᠢᠯᠡᠯᠳᠡ ᠨᠢ ᠪᠦᠬᠦ ᠲᠠᠯ᠎ᠠ ᠶᠢᠨ ᠪᠦᠬᠦᠶᠢᠯᠡ ᠶᠠᠪᠤᠴᠠ ᠶᠢ  ᠰᠢᠢᠳᠪᠤᠷᠢᠯᠡᠨ᠎ᠡ᠂ ᠵᠠᠰᠠᠭ ᠤᠨ ᠤᠷᠳᠤᠨ ᠤ ᠶᠡᠷᠦᠩᠭᠡᠢ ᠱᠠᠭᠠᠷᠳᠠᠯᠭ᠎ᠠ ᠪᠤᠯ᠄ ᠰᠢ ᠶᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠡᠮ ᠤᠨ ᠠᠷᠪᠡ ᠶᠢᠰᠤᠳᠤᠭᠡᠷ ᠶᠡᠭᠡ ᠬᠤᠷᠠᠯ ᠪᠡ ᠠᠷᠪᠡ ᠶᠢᠰᠤᠳᠤᠭᠡᠷ ᠬᠤᠭᠤᠴᠠᠭᠠᠨ ᠤ ᠬᠤᠶᠠᠷ᠂ ᠭᠤᠷᠪᠡ᠂ ᠲᠦᠷᠪᠡ᠂ ᠲᠠᠪᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠪᠡ ᠠᠶᠢᠮᠠᠭ ᠤᠨ ᠨᠡᠮ ᠤᠨ ᠬᠤᠷᠢᠶ᠎ᠠ᠂ ᠵᠠᠰᠠᠭ ᠵᠠᠬᠢᠷᠭ᠎ᠠ ᠵᠢᠴᠢ ᠬᠤᠰᠢᠭᠤ ᠨᠡᠮ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠲᠤᠭᠳᠠᠭᠤᠨ ᠤ ᠲᠤᠮᠳᠠ ᠤᠷᠤᠭᠰᠢᠯᠠᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠵᠦ᠂ ᠰᠢᠨ᠎ᠡ ᠬᠦᠭᠵᠢᠯᠳᠡ ᠶᠢᠨ ᠱᠠᠳᠤᠨ ᠎ ᠳᠤ ᠰᠠᠭᠤᠷᠢᠯᠠᠨ᠂ ᠰᠢᠨ᠎ᠡ ᠬᠦᠭᠵᠢᠯᠳᠡ ᠶᠢᠨ ᠦᠵᠡᠯᠳᠡ ᠶᠢ ᠲᠤᠤᠱᠯᠠᠭᠤᠯᠵᠦ᠂ ᠰᠢᠨ᠎ᠡ ᠬᠦᠭᠵᠢᠯᠳᠡ ᠶᠢᠨ ᠪᠠᠶᠢᠷᠢᠰᠢᠯ ᠎ ᠳᠤ ᠠᠭᠤᠰᠤᠯᠴᠠᠨ ᠦᠢᠯᠡᠴᠢᠯᠠᠵᠦ᠂ ᠴᠢᠨᠠᠷᠯᠢᠭ ᠬᠦᠭᠵᠢᠯᠳᠡ ᠶᠢ ᠠᠬᠢᠭᠤᠯᠬᠤ ᠪᠠᠷ ᠭᠤᠤᠯ ᠰᠠᠳᠤᠪ ᠪᠤᠯᠭᠠᠨ᠂ ᠬᠠᠩᠭᠠᠯᠭ᠎ᠠ ᠶᠢᠨ ᠲᠠᠯ᠎ᠠ ᠶᠢᠨ ᠪᠦᠳᠤᠴᠠ ᠶᠢᠨ ᠴᠢᠨᠡᠷᠳᠡᠢ ᠬᠦᠭᠵᠢᠯᠳᠡ ᠶᠢ ᠠᠬᠢᠭᠤᠯᠬᠤ ᠪᠠᠷ ᠭᠤᠤᠯ ᠰᠢᠵᠢᠮ ᠪᠤᠯᠭᠠᠵᠦ᠂ ᠦᠬᠡᠷᠡᠴᠢᠯᠠᠯᠳᠠ ᠬᠢᠵᠦ ᠰᠢᠨ᠎ᠡ ᠶᠢ ᠡᠬᠦᠳᠬᠦ ᠪᠠᠷ ᠦᠨᠳᠤᠰᠤᠨ ᠬᠦᠳᠡᠯᠭᠡᠭᠴᠢ ᠬᠦᠴᠦᠨ ᠪᠤᠯᠭᠠᠨ᠂ ᠠᠷᠠᠳ ᠲᠦᠮᠡᠨ ᠤ ᠡᠳᠤᠷ ᠢᠷᠡᠬᠦᠶ᠎ᠠ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠭᠡᠷᠡᠭᠴᠡᠭᠡ ᠶᠢ ᠬᠠᠩᠭᠠᠬᠤ ᠪᠠᠷ ᠦᠨᠳᠤᠰᠤᠨ ᠬᠠᠷᠠᠯᠳᠠ ᠪᠤᠯᠭᠠᠵᠦ᠂ ᠠᠮᠢ ᠠᠬᠤᠢ ᠶᠢ ᠲᠡᠷᠢᠬᠦᠨ ᠪᠠᠶᠢᠷᠢᠨ ᠳᠤ ᠲᠠᠯᠪᠢᠬᠤ ᠪᠡ ᠪᠤᠬᠢᠷᠳᠤᠯ ᠦᠬᠡᠢ ᠬᠦᠭᠵᠢᠯᠳᠡ ᠪᠠᠷ ᠵᠢᠯᠤᠭᠤᠳᠤᠮᠵᠢ ᠪᠤᠯᠭᠠᠭᠰᠠᠨ ᠴᠢᠨᠠᠷᠯᠢᠭ ᠬᠦᠭᠵᠢᠯᠳᠡ ᠶᠢᠨ ᠰᠢᠨ᠎ᠡ ᠵᠡᠮ ᠲᠡᠰᠢ ᠡᠷᠡᠰ ᠭᠤᠶᠢᠪᠢᠰᠢ ᠦᠬᠡᠢ ᠵᠠᠮᠨᠠᠵᠦ᠂ ︽ᠲᠠᠪᠤᠨ ᠲᠤᠭᠤᠷᠢᠭ᠂ ᠨᠢᠭᠡ ᠲᠤᠯᠭᠠᠭᠤᠷᠢᠯᠠᠬᠤ ᠴᠡᠭ︾11᠎ ᠢ ᠴᠢᠷᠮᠡᠶᠢᠨ ᠡᠬᠦᠳᠴᠦ᠂ ︽ᠬᠤᠶᠠᠷ ᠬᠠᠯᠬᠠᠪᠴᠢ︾12᠎ ᠶᠢ ᠪᠡᠳᠤ ᠴᠤᠭᠴᠠᠯᠠᠵᠦ᠂ ︽ᠵᠢᠷᠭᠤᠭ᠎ᠠ ᠶᠢ ᠲᠤᠭᠳᠠᠭᠤᠨ ᠪᠠᠶᠢᠯᠭᠠᠬᠤ︾᠂ ︽ᠵᠢᠷᠭᠤᠭ᠎ᠠ ᠶᠢ ᠪᠠᠳᠤᠯᠠᠬᠤ︾ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠵᠦ᠂ ᠠᠵᠦ ᠠᠬᠤᠢ ᠶᠢᠨ ᠡᠷᠬᠢᠯᠳᠠ ᠎ ᠶᠢᠨ ᠵᠤᠬᠢᠰᠳᠡᠢ ᠤᠷᠤᠨ ᠲᠤᠭᠤᠷᠢᠭ ᠢ ᠪᠡᠳᠤᠯᠠᠬᠤ ᠪᠠᠷ ᠴᠢᠷᠮᠡᠶᠢᠵᠦ᠂ ︽ᠠᠷᠪᠡᠨ ᠲᠦᠷᠪᠡᠳᠤᠭᠡᠷ ᠲᠡᠪᠤᠨ ᠵᠢᠯ︾᠎ ᠤᠨ ᠰᠠᠶᠢᠨ ᠡᠬᠢᠯᠡᠯᠳᠡ ᠶᠢ ᠪᠠᠳᠤᠯᠠᠵᠦ᠂ ᠰᠢᠯᠢᠳᠡᠭ ᠪᠦᠳᠤᠮᠵᠢ ᠪᠠᠷ ᠢᠶᠠᠨ ᠨᠡᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠳᠤᠬᠤ ᠭᠡᠷᠡᠭᠳᠡᠢ᠃      ᠦᠨᠦ ᠵᠢᠯ ᠤᠨ ᠪᠦᠬᠦ ᠬᠤᠰᠢᠭᠤᠨ ᠤ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠵᠢᠱᠢᠭᠰᠡᠨ ᠭᠤᠤᠯ ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠦᠩᠭᠡᠢ ᠦᠷᠳᠡᠭ ᠢ 6% ᠤᠷᠴᠢᠮ ᠨᠡᠮᠡᠭᠳᠡᠬᠦᠯᠵᠦ᠂ ᠡᠩ ᠤᠨ ᠤᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ ᠠᠳᠠᠯᠢ ᠪᠡᠷᠢᠮᠵᠢᠶ᠎ᠠ ᠪᠠᠷ 4% ᠤᠷᠴᠢᠮ ᠨᠡᠮᠡᠭᠳᠡᠬᠦᠯᠵᠦ᠂ ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 8% ᠤᠷᠴᠢᠮ ᠨᠡᠮᠡᠭᠳᠡᠬᠦᠯᠦᠨ᠂ ᠨᠡᠶᠢᠭᠡᠮ ᠤᠨ ᠭᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠭᠡᠢ ᠬᠡᠮᠵᠢᠶ᠎ᠠ ᠶᠢ 3% ᠤᠷᠴᠢᠮ ᠨᠡᠮᠡᠭᠳᠡᠬᠦᠯᠵᠦ᠂ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠲᠤᠬᠢᠷᠠᠭᠤᠯᠵᠦ ᠪᠤᠯᠬᠤ ᠤᠷᠤᠯᠭ᠎ᠠ ᠶᠢ ᠲᠤᠭᠳᠠᠭᠤᠨ ᠢᠶᠠᠷ ᠨᠡᠮᠡᠭᠳᠡᠬᠦᠯᠵᠦ᠂ ᠨᠢᠬᠡᠴᠠ GDP᠎ ᠤᠨ ᠡᠨᠧᠷᠬᠢ ᠶᠢᠨ ᠬᠤᠷᠤᠭᠳᠠᠯ ᠢ 2.75%᠎ ᠪᠠᠷ ᠪᠠᠭᠤᠷᠠᠭᠤᠯᠵᠦ᠂ ᠭᠤᠤᠯ ᠪᠤᠯᠬᠤ ᠪᠤᠬᠢᠷᠳᠤᠯ ᠪᠤᠳᠠᠰ ᠤᠨ ᠭᠠᠳᠠᠭᠰᠢᠯᠠᠭᠤᠯᠤᠯᠳᠠ ᠶᠢᠨ ᠭᠡᠮᠵᠢᠶ᠎ᠠ ᠶᠢ ᠦᠷᠬᠦᠯᠵᠢᠯᠡᠨ ᠪᠡᠭᠤᠷᠠᠭᠤᠯᠤᠨ᠎ᠠ᠃      ᠲᠦᠯᠦᠬᠡᠯᠡᠭᠴᠢᠳ ᠡ᠂ ᠬᠢᠵᠢᠭ ᠤᠨ ᠪᠠᠶᠢᠳᠠᠯ ᠢ ᠲᠦᠢᠯᠪᠤᠷᠢᠳᠡᠢ ᠰᠡᠷᠭᠡᠶᠢᠯᠡᠨ ᠡᠵᠡᠮᠳᠡᠬᠦ ᠪᠤᠯ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠤᠷᠢᠳᠠᠯ ᠪᠤᠯᠤᠨ᠎ᠠ᠃ ᠤᠳᠤᠬᠠᠨ ᠳᠤ᠂ ᠬᠢᠵᠢᠭ ᠤᠨ ᠪᠠᠶᠢᠳᠠᠯ ᠪᠦᠬᠦ ᠪᠦᠮᠪᠤᠷᠴᠡᠭ ᠎ ᠲᠤ ᠮᠦᠨ ᠯᠠ ᠦᠷᠪᠢᠰᠤᠨ ᠲᠡᠯᠭᠡᠷᠡᠵᠦ᠂ ᠤᠯᠤᠰ ᠤᠨ ᠲᠤᠳᠤᠭᠠᠳᠤ ᠴᠦ ᠬᠠᠯᠳᠠᠪᠤᠷᠢᠯᠠᠭᠰᠠᠳ ᠠᠳᠡ ᠲᠡᠨᠳᠡ ᠬᠠᠶᠠ ᠢᠯᠡᠷᠡᠵᠦ᠂ ᠭᠡᠰᠡᠭ ᠭᠠᠵᠡᠷ ᠲᠤ ᠭᠡᠨᠡᠳᠳᠡ ᠡᠬᠦᠰᠬᠦ ᠲᠦᠭᠰᠢᠬᠦᠷᠢ ᠤᠷᠤᠰᠢᠵᠦ ᠪᠠᠶᠢᠨ᠎ᠡ᠃ ᠪᠢᠳᠠ ᠡᠷᠭᠡᠪᠰᠢ ᠠᠷᠠᠳ ᠲᠦᠮᠡᠨ ᠢ ᠲᠡᠭᠡᠳᠤᠯᠠᠨ᠂ ᠠᠮᠢ ᠨᠠᠰᠤ ᠪᠠᠨ ᠨᠡᠨᠳᠢᠩᠨᠠᠵᠦ᠂ ᠢᠮᠠᠭᠳᠠ ᠰᠠᠷᠠᠮᠵᠢ ᠲᠠᠢ ᠪᠠᠶᠢᠵᠦ᠂ ᠬᠢᠵᠢᠭ ᠤᠨ ᠪᠠᠶᠢᠳᠠᠯ ᠎ ᠢ ᠪᠠᠶᠢᠩᠭᠤ ᠰᠡᠷᠭᠡᠶᠢᠯᠡᠨ ᠡᠵᠡᠮᠳᠡᠬᠦ ᠠᠵᠢᠯ ᠢ ᠦᠴᠦᠬᠡᠨ ᠴᠦ ᠰᠤᠯᠠᠷᠠᠭᠤᠯᠤᠯ ᠦᠬᠡᠢ ᠰᠠᠶᠢᠳᠤᠷ ᠠᠳᠬᠤᠵᠦ᠂ ︽ᠭᠠᠳᠠᠨ᠎ᠠ ᠠᠴᠠ ᠬᠠᠯᠳᠠᠪᠤᠷᠢᠯᠠᠨ ᠤᠷᠤᠵᠦ ᠢᠷᠡᠬᠦ ᠶᠢ ᠰᠡᠷᠭᠡᠶᠢᠯᠡᠬᠦ᠂ ᠲᠤᠳᠤᠭᠠᠳᠤ ᠳᠠᠭᠠᠨ ᠲᠡᠬᠢᠨ ᠲᠡᠯᠭᠡᠷᠡᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ︽ᠬᠦᠮᠦᠨ᠂ ᠪᠤᠳᠠᠰ ᠂ ᠤᠷᠴᠢᠨ ᠲᠤᠭᠤᠷᠢᠨ︾᠎ ᠳᠤ ᠬᠠᠯᠳᠠᠪᠤᠷᠢᠯᠠᠬᠤ ᠶᠢ ᠵᠡᠷᠭᠡᠪᠡᠷ ᠰᠡᠷᠭᠡᠶᠢᠯᠡᠬᠦ ᠠᠵᠢᠯ ᠢ ᠦᠨᠡᠨᠬᠦ ᠴᠢᠩᠭᠠᠳᠬᠠᠨ᠂ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠩᠭ᠎ᠠ ᠠᠳᠬᠤᠵᠦ᠂ ᠴᠤᠭᠯᠠᠭᠠᠨ ᠠᠴᠠ ᠪᠤᠯᠤᠭᠰᠠᠨ ᠬᠢᠵᠢᠭ ᠤᠨ ᠪᠠᠶᠢᠳᠠᠯ ᠡᠬᠦᠰᠬᠦ ᠶᠢ ᠴᠢᠩᠭ᠎ᠠ ᠰᠠᠷᠭᠡᠶᠢᠯᠡᠨ᠂ ᠡᠪᠡᠳᠴᠢᠨ ᠲᠠᠷᠬᠠᠨ ᠲᠡᠯᠭᠡᠷᠡᠬᠦ ᠶᠢ ᠴᠢᠩᠭ᠎ᠠ ᠰᠡᠷᠭᠡᠶᠢᠯᠡᠵᠦ᠂ ᠬᠢᠯᠪᠡᠷ ᠪᠤᠰᠤ ᠪᠠᠷ ᠤᠯᠤᠭᠰᠠᠨ ᠰᠡᠷᠭᠡᠶᠢᠯᠡᠨ ᠡᠵᠡᠮᠳᠡᠬᠦ ᠠᠵᠢᠯ ᠤᠨ ᠦᠷ᠎ᠡ ᠪᠦᠳᠤᠭᠡᠯ ᠢᠶᠠᠨ ᠦᠨᠡᠨᠬᠦ ᠪᠠᠬᠢᠵᠢᠬᠦᠯᠬᠦ ᠭᠡᠷᠡᠭᠳᠡᠢ᠃ ᠡᠮᠴᠢᠯᠡᠬᠡᠨ ᠤ ᠡᠳ᠋ ᠪᠤᠳᠠᠰ ᠤᠨ ᠪᠠᠳᠤᠯᠠᠭ᠎ᠠ ᠶᠢ ᠴᠢᠩᠭᠠᠳᠬᠠᠵᠦ᠂ ᠪᠦᠭᠡᠮ ᠬᠦᠴᠢᠯ ᠢ ᠰᠢᠯᠭᠠᠨ ᠪᠠᠶᠢᠴᠠᠭᠠᠬᠤ ᠴᠢᠳᠠᠪᠤᠷᠢ ᠪᠠᠨ ᠲᠡᠭᠡᠭᠰᠢᠯᠡᠬᠦᠯᠦᠨ᠂ ᠸᠡᠺᠼᠢᠨ ᠤ ᠲᠡᠷᠢᠯᠭ᠎ᠠ ᠶᠢᠨ ᠠᠵᠢᠯ ᠢ ᠰᠠᠶᠢᠳᠤᠷ ᠬᠢᠵᠦ᠂ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠭᠡᠨᠡᠳᠳᠡ ᠶᠢᠨ ᠭᠡᠷᠡᠭ ᠢ ᠠᠷᠭᠠᠴᠠᠭᠠᠬᠤ ᠴᠢᠳᠠᠪᠤᠷᠢ ᠪᠠᠨ ᠲᠡᠭᠡᠭᠰᠢᠯᠡᠬᠦᠯᠵᠦ᠂ ᠡᠷᠳᠡ ᠢᠯᠡᠷᠡᠬᠦᠯᠬᠦ᠂ ᠲᠦᠷᠭᠡᠨ ᠰᠢᠢᠳᠪᠤᠷᠢᠯᠡᠬᠦ᠂ ᠤᠨᠤᠪᠴᠢᠳᠠᠢ ᠬᠠᠮᠢᠶᠠᠷᠤᠨ ᠡᠵᠡᠮᠳᠡᠬᠦ᠂ ᠪᠦᠳᠤᠮᠵᠢᠳᠡᠢ ᠠᠪᠤᠷᠠᠨ ᠡᠮᠴᠢᠯᠠᠬᠦ ᠵᠡᠷᠭᠡ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠲᠤᠭᠳᠠᠴᠠ ᠶᠢ ᠨᠠᠶᠢᠳᠠᠪᠤᠷᠢᠵᠢᠭᠤᠯᠵᠦ᠂ ᠠᠷᠠᠳ ᠤᠯᠠᠨ ᠤ ᠠᠮᠢ ᠨᠠᠰᠤ ᠪᠡ ᠪᠠᠶ᠎ᠠ ᠶᠢᠨ ᠡᠷᠡᠬᠦᠯ ᠮᠠᠨᠳᠤ ᠶᠢ ᠡᠷᠡᠰ ᠬᠠᠮᠠᠭᠠᠯᠠᠨ᠎ᠠ᠃      ᠲᠡᠭᠡᠷᠡᠬᠢ ᠠᠵᠢᠯ ᠤᠨ ᠰᠠᠭᠤᠷᠢᠨ ᠲᠡᠭᠡᠷ᠎ᠡ᠂ ᠪᠢᠳᠡ ᠲᠤᠤᠷᠡᠬᠢ ᠨᠠᠢᠮᠠᠨ ᠲᠠᠯ᠎ᠠ ᠶᠢᠨ ᠠᠵᠢᠯ ᠢ ᠰᠠᠶᠢᠳᠤᠷ ᠬᠢᠨ᠎ᠡ᠄     ︵ᠨᠢᠬᠡ︶ ᠲᠠᠯᠳᠠ ᠬᠦᠴᠦᠨ ᠢ ᠠᠭᠤᠳᠠᠯᠠᠨ ᠲᠤᠳᠤᠭᠠᠳᠤ ᠭᠡᠷᠡᠭᠴᠡᠭᠡ ᠶᠢ ᠦᠷᠭᠡᠳᠭᠡᠬᠦ ᠶᠢ ᠲᠤᠪᠤᠶᠢᠯᠭᠠᠵᠦ᠂ ᠠᠵᠦ ᠠᠬᠤᠢ ᠶᠢᠨ ᠲᠤᠭᠳᠠᠭᠤᠨ ᠡᠷᠬᠢᠯᠳᠡ ᠶᠢ ᠪᠠᠳᠤᠯᠠᠨ᠎ᠠ ᠃ ︽ᠵᠢᠷᠭᠤᠭ᠎ᠠ ᠶᠢ ᠲᠤᠭᠳᠠᠭᠤᠨ ᠪᠠᠶᠢᠯᠭᠠᠬᠤ︾᠂ ︽ᠵᠢᠷᠭᠤᠭ᠎ᠠ ᠶᠢ ᠪᠠᠳᠤᠯᠠᠬᠤ︾᠎ ᠶᠢ ᠦᠷᠬᠦᠯᠵᠢᠯᠡᠨ ᠭᠤᠤᠯᠳᠠᠯᠭ᠎ᠠ ᠶᠢᠨ ᠭᠤᠤᠯᠳᠠᠯᠭ᠎ᠠ ᠪᠤᠯᠭᠠᠵᠦ᠂ ᠲᠤᠳᠤᠭᠠᠳᠤ ᠭᠡᠷᠡᠭᠴᠡᠭᠡ ᠶᠢ ᠦᠷᠭᠡᠳᠭᠡᠬᠦ ᠪᠡ ᠪᠦᠳᠤᠮᠵᠢᠳᠠᠢ ᠪᠠᠷ ᠪᠡᠯᠡ ᠤᠷᠤᠭᠤᠯᠤᠯᠳᠠ ᠬᠢᠬᠦ ᠶᠢ ᠪᠡᠷᠢᠮᠳᠠᠯᠠᠵᠦ᠂ ᠠᠵᠦ ᠠᠬᠤᠢ ᠎ ᠶᠢᠨ ᠬᠦᠭᠵᠢᠯᠳᠡ ᠶᠢᠨ ᠦᠷᠬᠦᠯᠵᠢᠯᠡᠨ ᠰᠠᠶᠢᠵᠢᠷᠠᠬᠤ᠂ ᠲᠤᠭᠳᠠᠭᠤᠨ ᠤ ᠲᠤᠮᠳᠠ ᠤᠷᠤᠭᠰᠢᠯᠠᠬᠤ ᠶᠢ ᠠᠬᠢᠭᠤᠯᠤᠨ᠎ᠠ᠃ ᠭᠤᠤᠯᠳᠠᠯᠭ᠎ᠠ ᠲᠠᠢ ᠲᠦᠷᠦᠯ ᠵᠦᠢᠯ ᠢ ᠪᠦᠬᠦ ᠬᠦᠴᠦ ᠪᠠᠷ ᠢᠶᠠᠨ ᠠᠬᠢᠭᠤᠯᠤᠨ᠎ᠠ᠃ ᠭᠤᠤᠯᠳᠠᠯᠭ᠎ᠠ ᠲᠠᠢ ᠲᠦᠷᠦᠯ ᠵᠦᠢᠯ ᠤᠨ ᠲᠦᠪᠯᠡᠷᠡᠬᠦᠯᠦᠨ ︽ᠬᠢᠨᠠᠨ ᠵᠦᠪᠰᠢᠶᠡᠷᠡᠬᠦ ᠰᠠᠷ᠎ᠡ︾᠎ ᠶᠢᠨ ᠠᠵᠢᠯᠯᠠᠭ᠎ᠠ ᠶᠢ ᠦᠷᠨᠢᠬᠦᠯᠬᠦ ᠪᠠᠷ ᠭᠠᠷᠳᠠᠴᠠ ᠪᠤᠯᠭᠠᠵᠦ᠂ ᠲᠦᠷᠦᠯ ᠵᠦᠢᠯ ᠢ ᠠᠵᠢᠯ ᠡᠬᠢᠯᠡᠬᠦᠯᠬᠦ ᠨᠦᠬᠦᠴᠠᠯ ᠪᠡ ᠪᠠᠳᠤᠯᠠᠭ᠎ᠠ ᠶᠢᠨ ᠡᠯᠧᠮᠧᠨ᠋ᠲ ᠢ ᠢᠳᠡᠪᠬᠢᠳᠡᠢ ᠨᠠᠶᠢᠳᠠᠪᠤᠷᠢᠵᠢᠭᠤᠯᠵᠦ᠂ ᠡᠮᠤᠨᠡᠬᠢ ᠬᠤᠭᠤᠴᠠᠭᠠᠨ ᠤ ᠡᠯ᠎ᠡ ᠵᠦᠢᠯ ᠤᠨ ᠭᠠᠷᠳᠠᠮ ᠢ ᠬᠦᠢᠴᠡᠳᠭᠡᠬᠦ ᠠᠵᠢᠯ ᠢ ᠰᠠᠶᠢᠳᠤᠷ ᠬᠢᠨ᠎ᠡ᠃ ᠭᠠᠵᠡᠷ ᠤᠨ ᠲᠠᠰ ᠤᠨ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠤᠨ ᠬᠠᠷᠢᠭᠤᠴᠠᠯᠭ᠎ᠠ ᠶᠢᠨ ᠲᠦᠷᠢᠮ ᠪᠡ ᠪᠠᠶᠢᠩᠭᠤ ᠲᠤᠬᠢᠷᠠᠭᠤᠯᠬᠤ ᠲᠤᠭᠳᠠᠴᠠ ᠶᠢ ᠦᠷᠬᠦᠯᠵᠢᠯᠡᠨ ᠰᠠᠶᠢᠳᠤᠷ ᠠᠳᠬᠤᠵᠦ᠂ 44 ᠭᠤᠤᠯᠳᠠᠯᠭ᠎ᠠ ᠎ ᠲᠠᠢ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠵᠦ᠂ ᠵᠢᠯ ᠤᠨ 24.4 ᠳ᠋ᠦᠩᠰᠢᠭᠤᠷ ᠲᠦᠬᠦᠷᠢᠭ  ᠎ ᠤᠨ ᠪᠡᠯᠡ ᠤᠷᠤᠭᠤᠯᠤᠯᠳᠠ ᠶᠢᠨ ᠡᠬᠦᠷᠭᠡ ᠶᠢ ᠪᠠᠶᠡᠯᠡᠬᠦᠯᠵᠦ᠂ ᠲᠦᠷᠦᠯ ᠵᠦᠢᠯ ᠤᠨ ᠠᠵᠢᠯ ᠡᠬᠢᠯᠡᠬᠦᠯᠦᠨ ᠠᠰᠢᠭᠯᠠᠯᠳᠠ ᠳᠤ ᠤᠷᠤᠬᠤ ᠶᠢ ᠲᠦᠷᠭᠡᠳᠭᠡᠨ᠎ᠡ᠃ ᠠᠵᠦ ᠦᠢᠯᠡᠰ ᠤᠨ ᠨᠦᠬᠡᠴᠠ ᠬᠦᠴᠦᠨ ᠢ ᠪᠦᠬᠦ ᠲᠠᠯ᠎ᠠ ᠪᠠᠷ ᠴᠢᠩᠭᠠᠳᠬᠠᠨ᠎ᠠ᠃ ᠠᠷᠠᠯᠵᠢᠶᠠᠴᠢᠨ ᠤᠷᠢᠵᠦ ᠪᠡᠯᠡ ᠤᠷᠤᠭᠤᠯᠬᠤ ︽ᠠᠮᠢᠨ ᠰᠤᠳᠠᠰᠤ︾᠎ ᠶᠢ ᠠᠳᠬᠤᠵᠦ᠂ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠤᠷᠴᠢᠨ ᠨᠦᠬᠦᠴᠠᠯ ᠢ ᠪᠦᠷᠢᠯᠳᠤᠬᠦᠯᠵᠦ᠂ ᠲᠤᠭᠤᠷᠢᠭ ᠢᠶᠠᠷ ᠭᠤᠤᠯ ᠲᠡᠪᠴᠠᠩ ᠪᠤᠯᠭᠠᠵᠦ᠂ ᠡᠬᠢ ᠪᠠᠶᠠᠯᠢᠭ ᠢ ᠠᠮᠢᠳᠤᠯᠢᠭ ᠢᠶᠠᠷ ᠰᠠᠶᠢᠳᠤᠷ ᠠᠰᠢᠭᠯᠠᠵᠦ᠂ ᠬᠤᠴᠤᠷᠤᠩᠭᠤᠢ ᠠᠵᠦ ᠦᠢᠯᠡᠰ ᠎ ᠢ ᠲᠡᠷᠢᠬᠦᠨ ᠤ ᠠᠵᠦ ᠦᠢᠯᠡᠰ ᠲᠡᠰᠢ ᠬᠤᠪᠢᠷᠠᠭᠤᠯᠬᠤ᠂ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠤᠨᠤᠭᠯᠠᠯ ᠦᠢᠯᠡᠳᠬᠦ ᠦᠢᠯᠡᠰ᠂ ᠰᠢᠨ᠎ᠡ ᠡᠨᠧᠷᠬᠢ ᠶᠢᠨ ᠠᠵᠦ ᠦᠢᠯᠡᠰ᠂ ᠨᠤᠤᠰᠤ ᠨᠤᠯᠤᠤᠷ ᠪᠤᠯᠪᠠᠰᠤᠷᠠᠭᠤᠯᠬᠤ ᠦᠢᠯᠡᠰ᠂ ᠮᠠᠯ ᠎ ᠤᠨ ᠠᠰᠢᠭ ᠰᠢᠮ᠎ᠡ ᠶᠢ ᠨᠠᠷᠢᠯᠢᠭ ᠪᠤᠯᠪᠠᠰᠤᠷᠠᠭᠤᠯᠬᠤ ᠦᠢᠯᠡᠰ ᠵᠡᠷᠭᠡ ᠬᠦᠷᠢᠶ᠎ᠠ ᠴᠡᠷ᠎ᠡ ᠶᠢᠨ ᠲᠤᠭᠤᠷᠢᠨ ᠳᠤ᠂ ᠠᠵᠢᠯ ᠲᠦᠷᠦᠯ ᠤᠨ ᠬᠦᠭᠵᠢᠯᠳᠡ ᠶᠢ ᠲᠠᠶᠢᠴᠢᠯᠠᠵᠦ ᠲᠠᠶᠢᠯᠬᠦ᠂ ᠠᠵᠦ ᠦᠢᠯᠡᠰ ᠤᠨ ᠲᠡᠰ ᠲᠡᠪᠰᠢᠯᠳᠠ ᠶᠢ ᠬᠦᠳᠤᠯᠤᠨ ᠲᠠᠭᠠᠭᠤᠯᠵᠦ ᠲᠠᠶᠢᠯᠬᠦ᠂ ᠬᠦᠭᠵᠢᠯᠳᠡ ᠶᠢᠨ ᠲᠤᠳᠠᠭᠤᠳᠠᠯ ᠢ ᠨᠦᠬᠦᠪᠤᠷᠢᠯᠡᠵᠦ ᠲᠠᠶᠢᠯᠬᠦ᠂ ᠪᠠᠳᠤᠯᠠᠭ᠎ᠠ ᠶᠢᠨ ᠴᠢᠳᠠᠪᠤᠷᠢ ᠎ ᠶᠢ ᠨᠡᠮᠡᠭᠳᠡᠬᠦᠯᠵᠦ ᠲᠠᠶᠢᠯᠬᠦ‍ ᠨᠢᠬᠡ ᠪᠦᠯᠦᠭ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠤᠷᠢᠨ ᠤᠷᠤᠭᠤᠯᠤᠨ᠎ᠠ᠃ ᠮᠡᠨ ᠤ ᠬᠤᠰᠢᠭᠤᠨ ᠤ ᠡᠬᠢ ᠪᠠᠶᠠᠯᠢᠭ ᠤᠨ ᠲᠠᠪᠠᠭᠤᠯᠢᠭ ᠲᠠᠭᠠᠨ ᠲᠦᠰᠢᠭᠯᠡᠵᠦ᠂ ᠵᠢᠭᠤᠯᠴᠢᠯᠠᠯ ᠎ ᠤᠨ ᠠᠵᠦ ᠦᠢᠯᠡᠰ ᠤᠨ ᠲᠠᠯ᠎ᠠ ᠪᠠᠷ ᠶᠡᠭᠡᠪᠡᠷ ᠰᠦᠪᠡᠭᠴᠢᠯᠠᠵᠦ᠂ ᠪᠤᠳᠠᠳᠤ ᠬᠦᠴᠦᠨ ᠲᠠᠢ᠂ ᠵᠢᠭᠤᠯᠴᠢᠯᠠᠯ ᠤᠨ ᠦᠢᠯᠡᠰ ᠢ ᠤᠶᠢᠯᠠᠭᠠᠳᠠᠭ᠂ ᠬᠠᠮᠢᠶᠠᠷᠤᠯᠳᠠ ᠰᠠᠶᠢᠳᠠᠢ ᠲᠤᠮᠤ ᠠᠵᠦ ᠠᠬᠤᠶᠢᠯᠠᠯ ᠢ ᠤᠷᠢᠨ ᠤᠷᠤᠭᠤᠯᠵᠦ᠂ ᠮᠡᠨ ᠤ ᠬᠤᠰᠢᠭᠤᠨ ᠤ ᠰᠢᠯᠢᠳᠡᠭ ᠵᠢᠭᠤᠯᠴᠢᠯᠠᠯ ᠤᠨ ᠡᠬᠢ ᠪᠠᠶᠠᠯᠢᠭ ᠢ ᠨᠡᠩ ᠰᠢᠨᠵᠢᠯᠡᠬᠦ ᠤᠬᠠᠭᠠᠨᠴᠢ ᠪᠠᠷ ᠵᠦᠢ ᠵᠤᠬᠢᠰᠳᠠᠢ ᠨᠡᠭᠡᠭᠡᠨ ᠬᠦᠭᠵᠢᠬᠦᠯᠦᠨ᠎ᠡ᠃ ᠠᠰᠢᠭᠯᠠᠯᠳᠠ ᠳᠤ ᠤᠷᠤᠭᠰᠠᠨ ᠠᠵᠦ ᠠᠬᠤᠶᠢᠯᠠᠯ ᠳᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠭᠡᠷᠡᠭᠵᠢᠬᠦᠯᠵᠦ᠂ ᠠᠮᠠᠯᠠᠯᠳᠠ ᠪᠠᠨ ᠪᠡᠶᠡᠯᠡᠬᠦᠯᠵᠦ᠂ ᠵᠠᠰᠠᠭ ᠤᠨ ᠤᠷᠳᠤᠨ ᠤ ᠦᠨᠡᠨᠴᠢ ᠢᠳᠡᠭᠡᠮᠵᠢ ᠪᠠᠷ ᠵᠠᠬ᠎ᠠ ᠲᠡᠯᠬᠡᠬᠦᠷ ᠤᠨ ᠭᠤᠤᠯ ᠴᠤᠭᠴᠠ ᠶᠢᠨ ᠪᠡᠯᠡ ᠤᠷᠤᠭᠤᠯᠤᠯᠳᠠ ᠶᠢᠨ ᠢᠳᠡᠭᠡᠯ ᠢ ᠤᠯᠵᠦ᠂ ᠭᠡᠷ᠎ᠡ ᠪᠠᠨ ᠬᠦᠢᠴᠡᠳᠭᠡᠬᠦ ᠨᠤᠷᠮ᠎ᠡ᠂ ᠲᠦᠷᠦᠯ ᠵᠦᠢᠯ ᠤᠨ ᠠᠵᠢᠯ ᠡᠬᠢᠯᠡᠬᠦᠯᠬᠦ ᠨᠤᠷᠮ᠎ᠡ᠂ ᠪᠡᠯᠡ ᠮᠦᠩᠬᠦ ᠶᠢ ᠪᠤᠳᠠᠳᠠᠶᠢᠵᠢᠭᠤᠯᠬᠤ ᠨᠤᠷᠮ᠎ᠡ ᠪᠡ ᠠᠰᠢᠭᠯᠠᠯᠳᠠ ᠳᠤ ᠤᠷᠤᠭᠤᠯᠵᠦ ᠦᠷ᠎ᠡ ᠠᠰᠢᠭ ᠭᠠᠷᠭᠠᠬᠤ ᠨᠤᠷᠮ᠎ᠡ ᠶᠢ ᠦᠨᠡᠨᠬᠦ ᠲᠡᠭᠡᠭᠰᠢᠯᠡᠬᠦᠯᠵᠦ᠂ ᠵᠢᠯ ᠤᠨ ᠲᠤᠳᠤᠷ᠎ᠡ ᠠᠷᠠᠯᠵᠢᠶᠠᠴᠢᠨ ᠤᠷᠢᠵᠦ ᠪᠡᠯᠡ ᠤᠷᠤᠭᠤᠯᠤᠭᠰᠠᠨ ᠮᠦᠩᠬᠦ ᠶᠢ 3 ᠳ᠋ᠦᠩᠰᠢᠭᠤᠷ ᠲᠦᠬᠦᠷᠢᠭ ᠢ ᠲᠠᠪᠠᠭᠤᠯᠬᠤ ᠪᠠᠷ ᠴᠢᠷᠮᠡᠶᠢᠨ᠎ᠡ᠃ ᠬᠦᠴᠢᠷᠳᠡᠯ ᠢ ᠰᠢᠢᠳᠪᠤᠷᠢᠯᠡᠵᠦ ᠠᠵᠦ ᠠᠬᠤᠶᠢᠯᠠᠯ ᠢ ᠲᠤᠭᠳᠠᠪᠤᠷᠢᠵᠢᠭᠤᠯᠬᠤ ᠠᠷᠭ᠎ᠠ ᠭᠡᠮᠵᠢᠶ᠎ᠠ ᠶᠢ ᠦᠷᠬᠦᠯᠵᠢᠯᠡᠨ ᠰᠠᠶᠢᠳᠤᠷ ᠠᠳᠬᠤᠨ᠎ᠡ᠃ ᠠᠷᠠᠳ ᠠᠴᠠ ᠡᠵᠡᠩᠨᠡᠭᠰᠡᠨ ᠠᠵᠦ ᠠᠬᠤᠢ ᠶᠢᠨ ᠬᠦᠭᠵᠢᠯᠳᠡ ᠶᠢ ᠲᠡᠮᠵᠢᠬᠦ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠰᠠᠶᠢᠳᠤᠷ ᠨᠡᠶᠢᠳᠡᠪᠤᠷᠢᠵᠢᠭᠤᠯᠵᠦ᠂ ᠠᠵᠦ ᠠᠬᠤᠶᠢᠯᠠᠯ ᠢ ᠬᠠᠪᠰᠤᠷᠤᠨ ᠪᠡᠯᠡ ᠨᠡᠶᠢᠯᠡᠬᠦᠯᠬᠦ᠂ ᠭᠠᠵᠡᠷ ᠭᠡᠷᠡᠭᠯᠡᠬᠦ᠂ ᠪᠠᠷᠠᠭᠠᠨ ᠤ ᠬᠦᠢᠯᠬᠡᠬᠡ᠂ ᠠᠵᠢᠯᠴᠢᠨ ᠭᠡᠷᠡᠭᠯᠡᠬᠦ ᠵᠡᠷᠭᠡ ᠲᠠᠯ᠎ᠠ ᠪᠠᠷ ᠬᠢ ᠪᠤᠳᠠᠳᠠᠢ ᠬᠦᠴᠢᠷᠳᠡᠯ ᠢ ᠨᠢ ᠰᠠᠶᠢᠳᠤᠷ ᠰᠢᠢᠳᠪᠤᠷᠢᠯᠡᠵᠦ᠂ ᠠᠵᠦ ᠠᠬᠤᠶᠢᠯᠠᠯ ᠤᠨ ᠦᠢᠯᠡᠳᠪᠤᠷᠢᠯᠡᠯ ᠡᠵᠡᠩᠨᠡᠯᠳᠡ ᠶᠢᠨ ᠦᠪᠡᠷ ᠤᠨ ᠦᠷᠳᠡᠭ ᠢ ᠪᠠᠭᠤᠷᠠᠭᠤᠯᠤᠨ᠎ᠠ᠃ ᠵᠠᠰᠠᠭ ᠤᠨ ᠤᠷᠳᠤᠨ᠂ ᠮᠦᠩᠬᠦᠨ ᠬᠦᠢᠯᠬᠡᠬᠡᠨ ᠤ ᠪᠠᠶᠢᠭᠤᠯᠤᠮᠵᠢ᠂ ᠠᠵᠦ ᠠᠬᠤᠶᠢᠯᠠᠯ ᠭᠤᠷᠪᠡᠨ ᠲᠠᠯ᠎ᠠ ᠶᠢᠨ ᠤᠨᠤᠪᠴᠢᠳᠠᠢ ᠵᠤᠯᠭᠠᠯᠴᠠᠭ᠎ᠠ ᠶᠢ ᠴᠢᠩᠭᠠᠳᠬᠠᠵᠦ᠂ ᠮᠦᠩᠬᠦᠨ ᠬᠦᠢᠯᠬᠡᠬᠡᠨ ᠤ ᠬᠠᠷᠠᠭᠠᠯᠵᠠᠯᠳᠤ ᠦᠢᠯᠡᠴᠢᠯᠡᠭᠡ ᠶᠢ ᠴᠢᠩᠭᠠᠳᠬᠠᠨ᠂ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠦᠢᠯᠡᠴᠢᠯᠠᠭᠡᠨ ᠤ ᠭᠡᠯᠪᠡᠷᠢ ᠳᠡᠭᠡᠨ ᠰᠢᠨ᠎ᠡ ᠶᠢ ᠡᠬᠦᠳᠬᠦ ᠶᠢ ᠨᠢ ᠬᠦᠳᠤᠯᠤᠨ ᠵᠢᠯᠤᠭᠤᠳᠴᠦ᠂ ᠲᠤᠮᠳᠠ ᠪᠠᠭ᠎ᠠ ᠵᠢᠵᠢᠭ ᠠᠵᠦ ᠠᠬᠤᠶᠢᠯᠠᠯ ᠤᠨ ᠪᠡᠯᠡ ᠨᠡᠶᠢᠯᠡᠬᠦᠯᠬᠦ ᠠᠷᠭ᠎ᠠ ᠵᠡᠮ ᠢ ᠨᠡᠩ ᠲᠦᠬᠦᠮ ᠲᠦᠳᠠ ᠪᠠᠶᠢᠯᠭᠠᠵᠦ᠂ ᠦᠪᠡᠷ ᠤᠨ ᠦᠷᠳᠡᠭ ᠢ ᠨᠢ ᠨᠠᠩ ᠲᠤᠤᠷ᠎ᠡ ᠪᠤᠯᠭᠠᠨ᠎ᠠ᠃ ᠡᠳ᠋ ᠤᠨ ᠵᠠᠰᠠᠭ ᠮᠦᠩᠬᠦᠨ ᠬᠦᠢᠯᠬᠡᠬᠡᠨ ᠤ ᠲᠦᠭᠰᠢᠬᠦᠷᠢ ᠶᠢ ᠴᠢᠩᠭ᠎ᠠ ᠰᠡᠷᠭᠡᠶᠢᠯᠡᠵᠦ᠂ ᠦᠷᠢ ᠲᠦᠯᠦᠬᠦ ᠲᠦᠯᠦᠪᠯᠡᠭᠡ ᠶᠢ ᠰᠢᠨᠵᠢᠯᠡᠬᠦ ᠤᠬᠠᠭᠠᠨᠴᠢ ᠪᠠᠷ ᠵᠦᠢ ᠵᠤᠬᠢᠰᠳᠡᠢ ᠲᠤᠭᠳᠠᠭᠠᠵᠦ᠂ 2.53 ᠳ᠋ᠦᠩᠰᠢᠭᠤᠷ ᠲᠦᠬᠦᠷᠢᠭ ᠤᠨ ᠦᠷᠢ ᠲᠦᠯᠦᠬᠦ ᠡᠬᠦᠷᠭᠡ ᠎ ᠶᠢ ᠪᠡᠶᠡᠯᠡᠬᠦᠯᠦᠨ᠎ᠡ᠃       ︵ᠬᠤᠶᠠᠷ︶ ᠬᠠᠮᠢᠶᠠᠷᠴᠦ ᠡᠵᠡᠮᠳᠡᠬᠦ ᠶᠢ ᠵᠡᠷᠭᠡᠪᠡᠷ ᠴᠢᠬᠤᠯᠠᠴᠢᠯᠠᠬᠤ ᠶᠢ ᠲᠤᠪᠤᠶᠢᠯᠭᠠᠵᠦ᠂ ᠪᠤᠬᠢᠷᠳᠤᠯ ᠦᠬᠡᠢ ᠠᠮᠢ ᠠᠬᠤᠢ ᠶᠢᠨ ᠲᠠᠪᠠᠭᠤᠯᠢᠭ ᠢ ᠪᠠᠬᠢᠵᠢᠬᠦᠯᠦᠨ᠎ᠡ᠃ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠬᠡᠢ ᠲᠤᠤᠱᠯᠠᠭᠤᠯᠵᠦ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢ ᠢᠮᠠᠭᠳᠠ ᠲᠡᠷᠢᠬᠦᠨ ᠪᠠᠶᠢᠷᠢᠨ ᠳᠤ ᠲᠡᠯᠪᠢᠵᠦ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠮᠤᠭ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠦ᠂ ᠠᠮᠢ ᠠᠬᠤᠢ ᠶᠢᠨ ᠤᠷᠴᠢᠨ ᠲᠤᠭᠤᠷᠢᠨ ᠤ ᠦᠷᠬᠦᠯᠵᠢᠯᠡᠨ ᠰᠠᠶᠢᠵᠢᠷᠠᠬᠤ ᠶᠢ ᠪᠠᠳᠤᠯᠠᠨ᠎ᠠ᠃ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠠᠮᠢ ᠠᠬᠤᠢ ᠎ ᠶᠢᠨ ᠬᠠᠮᠠᠭᠠᠯᠠᠯᠳᠠ ᠶᠢᠨ ᠬᠤᠷᠢᠭ᠎ᠠ ᠱᠤᠭᠤᠮ᠂ ᠤᠷᠴᠢᠨ ᠲᠤᠭᠤᠷᠢᠨ ᠤ ᠶᠡᠰᠤ ᠴᠢᠨᠡᠷ ᠤᠨ ᠲᠤᠤᠷ᠎ᠡ ᠬᠢᠵᠠᠭᠠᠷ᠂ ᠡᠬᠢ ᠪᠠᠶᠠᠯᠢᠭ ᠤᠨ ᠠᠰᠢᠭᠯᠠᠯᠳᠠ ᠶᠢᠨ ᠲᠡᠭᠡᠳᠤ ᠬᠢᠵᠠᠭᠠᠷ ᠢ ᠴᠢᠩᠭ᠎ᠠ ᠰᠠᠬᠢᠵᠦ᠂ ᠤᠯᠤᠰ ᠤᠨ ᠨᠤᠳᠤᠭ ᠲᠡᠪᠢᠰᠭᠡᠷ ᠤᠨ ᠤᠷᠤᠨ ᠵᠠᠢ ᠶᠢᠨ ᠲᠦᠯᠦᠪᠵᠢᠬᠦᠯᠬᠡ ᠶᠢ ᠨᠠᠶᠢᠷᠠᠭᠤᠯᠬᠤ ᠠᠵᠢᠯ ᠢ ᠴᠢᠨᠠᠷᠯᠢᠭ ᠬᠢᠵᠦ᠂ ︽ᠭᠤᠷᠪᠡᠨ ᠬᠤᠷᠢᠭ᠎ᠠ ᠱᠤᠭᠤᠮ᠂ ᠨᠢᠭᠡ ᠨᠠᠷᠢᠨ ᠲᠠᠩᠰᠠ︾13᠎ ᠪᠠᠷ ᠭᠤᠤᠯ ᠪᠤᠯᠭᠠᠭᠰᠠᠨ ᠠᠮᠢ ᠠᠬᠤᠢ ᠶᠢᠨ ᠤᠷᠴᠢᠨ ᠲᠤᠭᠤᠷᠢᠨ ᠤ ᠲᠤᠭᠤᠷᠢᠭ ᠬᠤᠪᠢᠶᠠᠨ ᠬᠠᠮᠢᠶᠠᠷᠤᠨ ᠡᠵᠡᠮᠳᠡᠬᠦ ᠲᠤᠭᠳᠠᠯᠴᠠᠭ᠎ᠠ ᠶᠢ ᠪᠠᠶᠢᠭᠤᠯᠵᠦ᠂ ᠠᠮᠢ ᠠᠬᠤᠢ ᠶᠢᠨ ᠤᠷᠴᠢᠨ ᠲᠤᠭᠤᠷᠢᠨ ᠤ ᠵᠠᠰᠠᠯᠳᠠ ᠶᠢᠨ ᠲᠤᠭᠳᠠᠯᠴᠠᠭ᠎ᠠ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢᠨ ᠲᠦᠪᠰᠢᠨ ᠢ ᠦᠨᠡᠨᠬᠦ ᠲᠡᠭᠡᠭᠰᠢᠯᠡᠬᠦᠯᠦᠨ᠎ᠡ᠃ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠪᠤᠯᠤᠨ ᠬᠠᠪᠤᠷ ᠤᠨ ᠤᠯᠠᠷᠢᠯ ᠤᠨ ᠪᠡᠯᠴᠢᠭᠡᠷᠯᠡᠬᠦᠯᠬᠦ ᠶᠢ ᠲᠦᠷ ᠵᠤᠭᠰᠤᠭᠠᠬᠤ ᠲᠦᠷᠢᠮ ᠢ ᠴᠢᠩᠭ᠎ᠠ ᠨᠡᠶᠢᠳᠡᠪᠤᠷᠢᠵᠢᠭᠤᠯᠵᠦ᠂ ᠨᠤᠳᠤᠭ ᠪᠡᠯᠴᠢᠬᠡᠷ ᠤᠨ ᠠᠮᠢ ᠠᠬᠤᠢ ᠶᠢᠨ ᠰᠢᠨ᠎ᠡ ᠡᠭᠡᠯᠵᠢ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠵᠢᠯᠤᠭᠤᠳᠬᠤ ᠰᠠᠨᠠᠯ ᠲᠠᠢ ᠤᠶᠠᠯᠳᠤᠭᠤᠯᠵᠦ᠂ ᠪᠡᠯᠴᠢᠬᠡᠷᠯᠡᠬᠦᠯᠬᠦ ᠶᠢ ᠵᠤᠭᠰᠤᠭᠠᠬᠤ ᠤᠷᠤᠨ ᠪᠡ ᠮᠡᠯ ᠪᠡᠯᠴᠢᠬᠡᠷ ᠤᠨ ᠲᠡᠩᠴᠡᠬᠦᠷᠢ ᠶᠢ ᠪᠠᠳᠤᠯᠠᠬᠤ ᠤᠷᠤᠨ ᠢ ᠰᠢᠨᠵᠢᠯᠡᠬᠦ ᠤᠬᠠᠭᠠᠨᠴᠢ ᠪᠠᠷ ᠵᠦᠢ ᠵᠤᠬᠢᠰᠳᠠᠢ ᠬᠤᠪᠢᠶᠠᠷᠢᠯᠠᠨ ᠲᠤᠭᠳᠠᠭᠠᠵᠦ᠂ ᠡᠯ᠎ᠡ ᠲᠦᠷᠦᠯ ᠤᠨ ᠬᠢᠨᠠᠨ ᠬᠠᠮᠢᠶᠠᠷᠤᠯᠳᠠ ᠶᠢᠨ ᠲᠦᠷᠢᠮ ᠢ ᠲᠡᠬᠦᠯᠳᠡᠷᠵᠢᠬᠦᠯᠦᠨ᠂ ᠪᠡᠯᠴᠢᠬᠡᠷ ᠤᠨ ᠲᠠᠭᠠᠭᠠᠴᠠ ᠠᠴᠠ  ᠬᠡᠳᠤᠷᠡᠬᠦᠯᠦᠨ ᠮᠠᠯᠵᠢᠭᠰᠡᠨ ᠦᠢᠯᠡ ᠠᠵᠢᠯᠯᠠᠭ᠎ᠠ ᠳᠤ ᠬᠦᠴᠤᠳᠠᠢ ᠴᠤᠬᠢᠯᠳᠠ ᠦᠭᠴᠦ᠂ ᠨᠤᠳᠤᠭ ᠪᠡᠯᠴᠢᠬᠡᠷ ᠤᠨ ᠠᠮᠢ ᠠᠬᠤᠢ ᠶᠢᠨ ᠤᠷᠴᠢᠨ ᠲᠤᠭᠤᠷᠢᠨ ᠢ ᠬᠠᠮᠤᠭ ᠶᠡᠭᠡ ᠬᠡᠮᠵᠢᠶ᠎ᠠ ᠪᠠᠷ ᠬᠠᠮᠠᠭᠠᠯᠠᠨ᠎ᠠ᠃ ᠬᠤᠷᠰᠢᠶᠠᠵᠢᠯ᠂ ᠬᠤᠳᠠ ᠲᠤᠭᠤᠶᠢᠯᠠᠩ ᠢᠶᠠᠷ ᠎ ᠢᠶᠠᠨ ᠨᠤᠳᠤᠭ ᠪᠡᠯᠴᠢᠬᠡᠷ ᠤᠨ ᠲᠤᠤᠷ ᠢᠶᠠᠨ ᠨᠡᠶᠢᠯᠡᠬᠦᠯᠦᠨ ᠡᠵᠡᠩᠨᠡᠯᠳᠡ ᠬᠢᠬᠦ ᠭᠡᠯᠪᠡᠷᠢ ᠶᠢ ᠰᠤᠳᠤᠯᠤᠨ ᠰᠦᠪᠡᠭᠴᠢᠯᠠᠵᠦ᠂ ᠨᠤᠳᠤᠭ ᠪᠡᠯᠴᠢᠬᠡᠷ ᠡᠪᠳᠡᠭᠳᠡᠬᠦ ᠠᠰᠠᠭᠤᠳᠠᠯ ᠢ ᠰᠢᠢᠳᠪᠤᠷᠢᠯᠡᠨ᠎ᠡ᠃ ᠬᠠᠤᠯᠢ ᠭᠡᠷᠡᠭᠵᠢᠬᠦᠯᠦᠯᠳᠡ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠦ᠂ ᠨᠤᠳᠤᠭ ᠪᠡᠯᠴᠢᠬᠡᠷ ᠤᠶᠢᠳᠤ ᠭᠠᠵᠡᠷ ᠢ ᠡᠪᠳᠡᠭᠰᠡᠨ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠳᠤᠳᠠᠢ ᠦᠷᠨᠢᠬᠦᠯᠵᠦ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠤᠯᠢ ᠲᠤᠭᠳᠠᠭᠠᠯ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠬᠢᠬᠦ ᠶᠢ ᠪᠦᠳᠤᠮᠵᠢᠳᠡᠢ ᠪᠠᠷ ᠡᠷᠡᠰ ᠬᠤᠷᠢᠭᠯᠠᠨ᠎ᠡ᠃ ᠠᠮᠢ ᠠᠬᠤᠢ ᠶᠢ ᠵᠠᠰᠠᠬᠤ ᠢᠨᠵᠧᠨᠧᠷᠢᠩ ᠢ ᠰᠢᠰᠲ᠋ᠧᠮ ᠲᠠᠢ ᠭᠡᠷᠡᠭᠵᠢᠬᠦᠯᠦᠨ᠎ᠡ᠃ᠲᠡᠴᠢᠷᠳᠠᠭᠰᠠᠨ ᠨᠤᠳᠤᠭ ᠪᠡᠯᠴᠢᠬᠡᠷ ᠤᠨ ᠠᠮᠢ ᠠᠬᠤᠢ ᠶᠢ ᠬᠠᠮᠠᠭᠠᠯᠠᠨ ᠰᠡᠷᠬᠦᠭᠡᠬᠦ ᠪᠠᠷ ᠭᠤᠤᠯᠳᠠᠯᠭ᠎ᠠ ᠪᠤᠯᠭᠠᠵᠦ᠂ ᠪᠡᠭᠡᠵᠢᠩ ᠲᠢᠶᠠᠨᠵᠢᠨ ᠤ ᠰᠠᠯᠬᠢ ᠡᠯᠡᠰᠤᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠭᠤᠤᠯᠳᠠᠯᠭ᠎ᠠ ᠲᠠᠢ ᠤᠷᠤᠨ ᠪᠦᠰᠡ ᠶᠢᠨ ᠨᠤᠭᠤᠭᠠᠷᠠᠭᠤᠯᠤᠯᠳᠠ ᠵᠡᠷᠭᠡ ᠠᠮᠢ ᠠᠬᠤᠢ ᠶᠢ ᠰᠡᠷᠬᠦᠭᠡᠬᠦ ᠢᠨᠵᠧᠨᠧᠷᠢᠩ ᠢ ᠵᠤᠬᠢᠶᠠᠨ ᠪᠠᠶᠢᠭᠤᠯᠤᠨ ᠰᠠᠶᠢᠳᠤᠷ ᠪᠡᠶᠡᠯᠡᠬᠦᠯᠦᠨ᠎ᠡ᠃ ᠤᠯᠤᠰ ᠤᠨ ᠤᠢ ᠰᠢᠭᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠠᠯᠠᠩ ᠯᠦᠭᠡ ᠶᠢᠨ ᠬᠠᠮᠳᠤᠷᠠᠯᠴᠠᠬᠤ ᠭᠡᠪᠴᠢᠶ᠎ᠠ ᠶᠢ ᠤᠯᠠᠮ ᠨᠢᠭᠡ ᠠᠯᠬᠤᠮ ᠦᠷᠭᠡᠳᠭᠡᠵᠦ᠂ ᠭᠡᠴᠡ ᠡᠪᠡᠰᠤᠨ ᠤ ᠲᠦᠷᠦᠯ ᠵᠦᠢᠯ ᠢ ᠰᠠᠶᠢᠳᠤᠷ ᠬᠢᠭᠰᠡᠨ ᠰᠠᠭᠤᠷᠢᠨ ᠲᠡᠭᠡᠷ᠎ᠡ᠂ ᠡᠯᠡᠰᠦᠷᠭᠡᠭᠵᠢᠭᠰᠡᠨ ᠬᠤᠵᠢᠷᠰᠢᠭᠰᠠᠨ ᠪᠡᠯᠴᠢᠬᠡᠷ ᠢ ᠰᠡᠷᠬᠦᠭᠡᠬᠦ ᠠᠵᠢᠯ ᠢ ᠲᠤᠷᠰᠢᠨ ᠬᠢᠨ᠎ᠡ᠃ ᠵᠢᠯ ᠤᠨ ᠲᠤᠳᠤᠷ᠎ᠡ᠂ 1 ᠲᠦᠮᠡᠨ ᠮᠤ᠋ ᠡᠯᠡᠰᠤ ᠶᠢ ᠪᠢᠳᠡᠬᠦᠮᠵᠢᠯᠠᠨ ᠤᠶᠢᠵᠢᠭᠤᠯᠵᠦ᠂ 10 ᠲᠦᠮᠡᠨ ᠮᠤ᠋ ᠭᠠᠵᠡᠷ ᠤᠨ ᠠᠮᠢ ᠠᠬᠤᠢ ᠶᠢ ᠰᠡᠷᠬᠦᠭᠡᠨ ᠵᠠᠰᠠᠵᠦ᠂ 9 ᠲᠡᠭᠰᠢ ᠲᠦᠷᠪᠡᠯᠵᠢᠨ ᠺᠢᠯᠦᠮᠧᠲᠷ ᠤᠨ ᠵᠢᠵᠢᠭ ᠤᠷᠤᠰᠬᠠᠯ ᠢ ᠵᠠᠰᠠᠵᠦ᠂ 1 ᠲᠦᠮᠡᠨ ᠮᠤ᠋ ᠳᠤ ᠤᠰᠤ ᠠᠷᠪᠢᠯᠠᠨ ᠤᠰᠤᠯᠠᠯᠳᠠ ᠬᠢᠵᠦ᠂ 200 ᠮᠤ᠋ ᠭᠠᠵᠡᠷ ᠢ ᠬᠦᠮᠦᠨ ᠎ ᠤ ᠬᠦᠴᠦ ᠪᠠᠷ ᠤᠶᠢᠵᠢᠭᠤᠯᠤᠨ᠎ᠠ᠃ ᠪᠠᠶᠢᠷᠢ ᠲᠠᠷᠠᠭᠠᠯᠠᠯ ᠢ ᠪᠠᠳᠤᠯᠠᠵᠦ᠂ ᠲᠡᠷᠢᠬᠦᠨ ᠤ ᠬᠢ ᠪᠠᠷ ᠪᠡᠷᠢᠮᠵᠢᠶᠠᠯᠠᠨ᠂ ᠪᠤᠬᠢᠷᠳᠤᠯ ᠦᠬᠡᠢ ᠠᠭᠤᠷᠬᠠᠢ ᠶᠢᠨ ᠪᠦᠳᠤᠭᠡᠨ ᠪᠠᠶᠢᠭᠤᠯᠤᠯᠳᠠ ᠪᠡ ᠠᠭᠤᠷᠬᠠᠢ ᠶᠢᠨ ᠭᠠᠵᠡᠷ ᠵᠦᠢ ᠶᠢᠨ ᠤᠷᠴᠢᠨ ᠲᠤᠭᠤᠷᠢᠨ ᠤ ᠶᠡᠷᠦᠩᠭᠡᠶᠢᠯᠡᠭᠰᠡᠨ ᠵᠠᠰᠠᠯᠳᠠ ᠶᠢ ᠯᠠᠪᠳᠠᠭᠤᠨ ᠪᠠᠳᠤᠳᠠᠢ ᠠᠬᠢᠭᠤᠯᠤᠨ᠎ᠠ᠃ ᠵᠢᠯ ᠤᠨ ᠲᠤᠳᠤᠷ᠎ᠡ᠂ 4 ᠠᠭᠤᠷᠬᠠᠢ ᠶᠢ ᠦᠪᠡᠷᠳᠡᠭᠡᠨ ᠵᠠᠰᠠᠬᠤ ᠤᠷᠤᠨ ᠤ ᠲᠠᠰ ᠠᠴᠠ ᠲᠡᠭᠡᠭᠰᠢᠬᠢ ᠪᠤᠬᠢᠷᠳᠤᠯ ᠦᠬᠡᠢ ᠠᠭᠤᠷᠬᠠᠢ ᠪᠤᠯᠭᠠᠬᠤ ᠎ ᠪᠠᠷ ᠴᠢᠷᠮᠡᠶᠢᠵᠦ᠂ ᠲᠡᠤᠭᠡᠨ ᠠᠴᠠ ᠦᠯᠡᠳᠡᠭᠳᠡᠵᠦ ᠢᠷᠡᠭᠰᠡᠨ 5.1 ᠲᠡᠭᠰᠢ ᠲᠦᠷᠪᠡᠯᠵᠢᠨ ᠺᠢᠯᠦᠮᠧᠲᠷ ᠠᠴᠠ ᠲᠡᠭᠡᠭᠰᠢᠬᠢ ᠬᠠᠶᠠᠭᠳᠠᠮᠠᠯ ᠨᠦᠭᠡ ᠶᠢ ᠪᠤᠯᠠᠬᠤ ᠠᠵᠢᠯ ᠢ ᠪᠠᠶᠠᠯᠠᠬᠦᠯᠦᠨ᠎ᠡ᠃ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠎ ᠢ ᠦᠷᠬᠦᠯᠵᠢᠯᠡᠨ ᠠᠬᠢᠭᠤᠯᠤᠨ᠎ᠠ᠃ ᠪᠤᠬᠢᠷᠳᠤᠯ ᠢ ᠰᠡᠷᠭᠡᠶᠢᠯᠡᠨ ᠵᠠᠰᠠᠬᠤ ᠰᠢᠪᠳᠤᠯᠤᠯᠳᠠ ᠶᠢᠨ ᠠᠵᠢᠯ ᠤᠨ ᠦᠷ᠎ᠡ ᠪᠦᠳᠤᠭᠡᠯ ᠢ ᠤᠯᠠᠮ ᠴᠢᠨᠠᠭᠰᠢᠳᠠ ᠪᠠᠬᠢᠵᠢᠬᠦᠯᠦᠨ ᠲᠡᠭᠡᠭᠰᠢᠯᠡᠬᠦᠯᠵᠦ᠂ ᠠᠭᠠᠷ ᠮᠠᠨᠳᠠᠯ ᠤᠨ ᠪᠤᠬᠢᠷᠳᠤᠯ ᠢ ᠶᠡᠷᠦᠩᠭᠡᠶᠢᠯᠡᠨ ᠵᠠᠰᠠᠬᠤ ᠠᠵᠢᠯ ᠢ ᠦᠷᠬᠦᠯᠵᠢᠯᠡᠨ ᠴᠢᠩᠭᠠᠳᠬᠠᠵᠦ᠂ ᠭᠤᠤᠯ ᠪᠤᠯᠬᠤ ᠪᠤᠬᠢᠷᠳᠤᠯ ᠪᠤᠳᠠᠰ ᠤᠨ ᠭᠠᠳᠠᠭᠰᠢᠯᠠᠭᠤᠯᠤᠯᠳᠠ ᠎ ᠶᠢ ᠴᠢᠩᠭ᠎ᠠ ᠬᠢᠵᠠᠭᠠᠷᠯᠠᠨ᠎ᠠ︔ ᠤᠰᠤᠨ ᠰᠤᠷᠪᠤᠯᠵᠢ ᠶᠢᠨ ᠭᠠᠵᠡᠷ ᠤᠨ ᠲᠦᠷᠢᠮᠵᠢᠭᠰᠡᠨ ᠬᠠᠮᠢᠶᠠᠷᠤᠯᠳᠠ ᠶᠢ ᠴᠢᠩᠭᠠᠳᠬᠠᠵᠦ᠂ ᠭᠤᠤᠯ ᠪᠤᠯᠬᠤ ᠤᠰᠤᠨ ᠤ ᠪᠤᠬᠢᠷᠳᠤᠯ ᠪᠤᠳᠠᠰ ᠤᠨ ᠶᠡᠷᠦᠩᠭᠡᠢ ᠭᠡᠮᠵᠢᠶ᠎ᠠ ᠶᠢ ᠡᠵᠡᠮᠳᠡᠬᠦ ᠬᠠᠷᠠᠯᠳᠠ ᠎ ᠶᠢ ᠴᠢᠩᠭ᠎ᠠ ᠨᠡᠶᠢᠳᠡᠪᠤᠷᠢᠵᠢᠭᠤᠯᠵᠦ᠂ ᠪᠤᠬᠢᠷ ᠤᠰᠤ ᠶᠢ ᠰᠢᠢᠳᠪᠤᠷᠢᠯᠡᠬᠦ ᠪᠡ ᠪᠤᠬᠢᠷ ᠤᠰᠤ ᠶᠢ ᠲᠠᠬᠢᠨ ᠠᠰᠢᠭᠯᠠᠬᠤ ᠨᠤᠷᠮ᠎ᠡ ᠶᠢ ᠲᠡᠭᠡᠭᠰᠢᠯᠡᠬᠦᠯᠵᠦ᠂ 5 ᠳ᠋ᠤᠭᠠᠷ ᠰᠠᠷ᠎ᠠ ᠶᠢᠨ ᠰᠡᠬᠦᠯᠴᠢ ᠪᠠᠷ ᠨᠤᠤᠰᠤᠨ ᠨᠡᠭᠡᠮᠡᠯ ᠤᠨ ᠠᠵᠦ ᠦᠢᠯᠡᠰ ᠤᠨ ᠡᠷᠬᠢᠯᠳᠡᠳᠤ ᠠᠵᠦ ᠠᠬᠤᠢ ᠶᠢᠨ ᠲᠤᠭᠤᠷᠢᠭ ᠤᠨ ᠪᠤᠬᠢᠷ ᠤᠰᠤ ᠶᠢ ᠰᠢᠢᠳᠪᠤᠷᠢᠯᠡᠬᠦ ᠦᠢᠯᠡᠳᠪᠤᠷᠢ ᠶᠢ ᠠᠰᠢᠭᠯᠠᠯᠳᠠ ᠎ ᠳᠤ ᠤᠷᠤᠭᠤᠯᠬᠤ ᠶᠢ ᠪᠠᠳᠤᠯᠠᠵᠦ᠂ 7 ᠳ᠋ᠤᠭᠠᠷ ᠰᠠᠷ᠎ᠠ ᠶᠢᠨ ᠰᠡᠬᠦᠯᠴᠢ ᠳᠤ ᠴᠡᠪᠡᠷᠰᠢᠬᠦᠯᠦᠭᠰᠡᠨ ᠤᠰᠤ ᠶᠢ ᠲᠡᠮᠵᠢᠭᠤᠯᠤᠨ ᠬᠦᠷᠭᠡᠬᠦ ᠢᠨᠵᠧᠨᠧᠷᠢᠩ ᠢ ᠲᠠᠭᠤᠰᠬᠠᠨ ᠠᠰᠢᠭᠯᠠᠯᠳᠠ ᠳᠤ ᠤᠷᠤᠭᠤᠯᠤᠨ᠎ᠠ︔ ᠬᠦᠷᠦᠰᠦ ᠰᠢᠷᠤᠢ ᠶᠢᠨ ᠤᠷᠴᠢᠨ ᠲᠤᠭᠤᠷᠢᠨ ᠢ ᠬᠢᠨᠡᠨ ᠬᠡᠮᠵᠢᠵᠦ ᠬᠠᠮᠢᠶᠠᠷᠬᠤ ᠬᠦᠴᠦᠯᠠᠴᠠ ᠪᠠᠨ ᠴᠢᠩᠭᠠᠳᠬᠠᠵᠦ᠂ ᠪᠤᠬᠢᠷᠳᠤᠭᠰᠠᠨ ᠭᠠᠵᠡᠷ ᠎ ᠤᠨ ᠨᠠᠷᠠᠰ ᠵᠢᠴᠢ ᠨᠡᠭᠡᠭᠡᠨ ᠠᠰᠢᠭᠯᠠᠭᠰᠠᠨ ᠨᠠᠵᠠᠭᠠᠢ ᠲᠠᠯ᠎ᠠ ᠶᠢᠨ ᠨᠠᠷᠢᠨ ᠲᠡᠩᠰᠡ ᠶᠢ ᠪᠠᠶᠢᠭᠤᠯᠵᠦ᠂ ᠵᠢᠷᠦᠬᠡ ᠠᠭᠤᠷᠬᠠᠢ ᠶᠢᠨ ᠪᠦᠳᠤᠭᠡᠭᠳᠡᠬᠦᠨ ᠢ ᠬᠠᠶᠢᠯᠤᠭᠤᠯᠬᠤ ᠡᠷᠬᠢᠯᠳᠡᠳᠤ ᠠᠵᠦ ᠦᠢᠯᠡᠰ ᠤᠨ ᠲᠤᠭᠤᠷᠢᠭ ᠤᠨ ᠬᠠᠶᠢᠯᠤᠭᠤᠯᠤᠭᠰᠠᠨ ᠬᠠᠶᠢᠯᠤᠰᠢ ᠶᠢᠨ ᠬᠠᠳᠠᠭᠤ ᠪᠠᠶᠠᠳᠤ ᠬᠠᠶᠠᠭᠳᠠᠮᠠᠯ ᠪᠤᠳᠠᠰ ᠢ ᠪᠤᠯᠠᠬᠤ ᠲᠠᠯᠠᠪᠠᠢ ᠶᠢᠨ ᠪᠦᠳᠤᠭᠡᠨ ᠪᠠᠶᠢᠭᠤᠯᠤᠯᠳᠠ ᠶᠢ ᠪᠡᠶᠡᠯᠡᠬᠦᠯᠦᠨ᠎ᠡ᠃ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠡᠨ ᠪᠠᠶᠢᠴᠠᠭᠠᠯᠳᠠ ᠎ ᠶᠢᠨ ᠦᠷ᠎ᠡ ᠪᠦᠳᠤᠭᠡᠯ ᠢ ᠪᠠᠬᠢᠵᠢᠬᠦᠯᠵᠦ᠂  ᠲᠦᠪ ᠤᠨ ᠬᠤᠶᠠᠳᠤᠭᠠᠷ ᠡᠭᠡᠯᠵᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠡᠨ ᠪᠠᠶᠢᠴᠠᠭᠠᠯᠳᠠ ᠶᠢᠨ ᠲᠤᠭᠤᠶᠢᠯᠠᠩ ᠤᠨ ᠪᠠᠶᠢᠴᠠᠭᠠᠯᠳᠠ ᠶᠢ ᠤᠭᠳᠤᠬᠤ ᠪᠡᠯᠡᠳᠭᠡᠯ ᠠᠵᠢᠯ ᠢ ᠰᠠᠶᠢᠳᠤᠷ ᠬᠢᠨ᠎ᠡ᠃ ᠡᠨᠧᠷᠬᠢ ᠶᠢᠨ ᠬᠤᠷᠤᠭᠳᠠᠯ ᠤᠨ ᠬᠤᠶᠠᠷ ᠢ ᠡᠵᠡᠮᠳᠡᠬᠦ ᠬᠤᠷᠢᠭ᠎ᠠ ᠱᠤᠭᠤᠮ ᠢ ᠴᠢᠩᠭ᠎ᠠ ᠰᠡᠬᠢᠨ᠎ᠡ᠃ ᠡᠨᠧᠷᠬᠢ ᠶᠢᠨ ᠬᠤᠷᠤᠭᠳᠠᠯ ᠤᠨ ᠬᠤᠶᠠᠷ ᠢ ᠡᠵᠡᠮᠳᠡᠬᠦ ᠲᠤᠬᠠᠢ ᠤᠯᠤᠰ ᠤᠨ ᠪᠠᠶᠢᠯᠳᠤᠬᠤ ᠪᠤᠳᠤᠯᠭ᠎ᠠ ᠶᠢ ᠴᠢᠩᠭ᠎ᠠ ᠨᠡᠶᠢᠳᠡᠪᠤᠷᠢᠵᠢᠭᠤᠯᠵᠦ᠂ ︽ᠡᠨᠧᠷᠬᠢ ᠠᠷᠪᠢᠯᠠᠬᠤ ᠶᠢ ᠲᠡᠷᠢᠬᠦᠨ ᠪᠠᠶᠢᠷᠢᠨ ᠳᠤ ᠲᠡᠯᠪᠢᠬᠤ᠂ ᠡᠨᠧᠷᠬᠢ ᠶᠢ ᠵᠤᠬᠢᠰᠳᠠᠢ ᠠᠰᠢᠭᠯᠠᠬᠤ︾᠎ ᠶᠢ ᠪᠠᠷᠢᠮᠳᠠᠯᠠᠵᠦ᠂ ᠡᠨᠧᠷᠬᠢ ᠶᠢᠨ ᠬᠤᠷᠤᠭᠳᠠᠯ ᠤᠨ ᠬᠤᠶᠠᠷ ᠢ ᠡᠵᠡᠮᠳᠡᠬᠦ ᠬᠠᠷᠠᠯᠳᠠ ᠶᠢᠨ ᠬᠢᠵᠠᠭᠠᠷᠯᠠᠬᠤ ᠪᠡ ᠱᠠᠭᠠᠷᠳᠠᠨ ᠡᠵᠡᠮᠰᠢᠬᠦ ᠦᠢᠯᠡᠳᠤᠯ ᠢ ᠪᠠᠳᠠᠷᠠᠭᠤᠯᠤᠨ᠂ ᠡᠨᠧᠷᠬᠢ ᠭᠡᠷᠡᠭᠯᠡᠬᠦ ᠭᠡᠷᠡᠭᠴᠡᠭᠡ ᠱᠠᠭᠠᠷᠳᠠᠯᠭ᠎ᠠ ᠎ ᠶᠢᠨ ᠲᠠᠯ᠎ᠠ ᠶᠢᠨ ᠬᠠᠮᠢᠶᠠᠷᠤᠯᠳᠠ ᠶᠢ ᠴᠢᠩᠭᠠᠳᠬᠠᠵᠦ᠂ ᠡᠨᠧᠷᠬᠢ ᠶᠢᠨ ᠬᠤᠷᠤᠭᠳᠠᠯ ᠤᠨ ᠬᠤᠶᠠᠷ ᠢ ᠡᠵᠡᠮᠳᠡᠬᠦ ᠰᠡᠷᠡᠮᠵᠢᠯᠡᠬᠦᠯᠦᠯ ᠤᠨ ᠲᠦᠷᠢᠮ ᠪᠡ ᠲᠦᠰᠦᠪ ᠤᠨ ᠬᠠᠮᠢᠶᠠᠷᠤᠯᠳᠠ ᠶᠢ ᠴᠢᠩᠭ᠎ᠠ ᠭᠡᠷᠡᠭᠵᠢᠬᠦᠯᠵᠦ᠂ ᠡᠨᠧᠷᠬᠢ ᠶᠢᠨ ᠬᠤᠷᠤᠭᠳᠠᠯ ᠤᠨ ᠬᠤᠶᠠᠷ ᠢ ᠡᠵᠡᠮᠳᠡᠬᠦ ᠠᠵᠢᠯ ᠢ ᠯᠠᠪᠳᠠᠭᠤᠨ ᠪᠠᠳᠤᠳᠠᠢ ᠪᠠᠷ ᠪᠦᠳᠤᠮᠵᠢᠳᠠᠢ ᠠᠬᠢᠭᠤᠯᠤᠨ᠎ᠠ᠃ ᠪᠦᠬᠦ ᠬᠤᠰᠢᠭᠤᠨ ᠤ ᠡᠨᠧᠷᠬᠢ ᠶᠢᠨ ᠬᠤᠷᠤᠭᠳᠠᠯ ᠶᠡᠭᠡᠳᠡᠢ ᠠᠵᠦ ᠠᠬᠤᠶᠢᠯᠠᠯ ᠢ ᠪᠦᠬᠦ ᠲᠠᠯ᠎ᠠ ᠪᠠᠷ ᠡᠮᠬᠢᠯᠠᠨ ᠴᠡᠭᠴᠡᠯᠡᠬᠦ ᠪᠡ ᠨᠢᠭᠡᠳ ᠨᠢᠭᠡ ᠪᠠᠷ ᠵᠠᠳᠠᠯᠤᠨ ᠰᠢᠨᠵᠢᠵᠦ᠂ ᠡᠨᠧᠷᠬᠢ ᠠᠷᠪᠢᠯᠠᠬᠤ ᠲᠡᠯᠳᠡ ᠬᠦᠴᠦᠨ ᠢ ᠠᠭᠤᠳᠠᠯᠠᠨ᠂ ᠤᠷᠤᠨ ᠵᠠᠢ ᠶᠢ ᠰᠤᠯᠠᠯᠠᠵᠦ᠂ ᠴᠢᠨᠡᠷ ᠰᠠᠶᠢᠳᠠᠢ ᠲᠦᠷᠦᠯ ᠵᠦᠢᠯ ᠤᠨ ᠡᠨᠧᠷᠬᠢ ᠭᠡᠷᠡᠭᠯᠡᠬᠦ ᠭᠡᠷᠡᠭᠴᠡᠭᠡ ᠱᠠᠭᠠᠷᠳᠠᠯᠭ᠎ᠠ ᠶᠢ ᠪᠠᠳᠤᠯᠠᠵᠦ᠂ ᠡᠨᠧᠷᠬᠢ ᠶᠢᠨ ᠬᠤᠷᠤᠭᠳᠠᠯ ᠶᠡᠭᠡᠳᠡᠢ ᠭᠤᠤᠯᠳᠠᠯᠭᠠᠳᠤ ᠠᠵᠦ ᠠᠬᠤᠶᠢᠯᠠᠯ ᠤᠨ ᠡᠨᠧᠷᠬᠢ ᠠᠷᠪᠢᠯᠠᠨ ᠬᠤᠷᠤᠭᠳᠠᠯ ᠢ ᠪᠠᠭᠠᠰᠬᠠᠬᠤ ᠮᠡᠷᠭᠡᠵᠢᠯ ᠤᠨ ᠦᠬᠡᠷᠡᠴᠢᠯᠠᠯᠳᠠ ᠶᠢᠨ ᠠᠵᠢᠯ ᠢᠶᠠᠨ ᠲᠦᠷᠭᠡᠳᠭᠡᠬᠦ ᠶᠢ ᠨᠢ ᠵᠤᠷᠢᠭᠵᠢᠭᠤᠯᠤᠨ ᠲᠡᠮᠵᠢᠵᠦ᠂ ᠬᠤᠴᠤᠷᠤᠩᠭᠤᠢ ᠦᠢᠯᠡᠳᠪᠤᠷᠢᠯᠡᠯ ᠢ ᠡᠷᠡᠰ ᠲᠠᠶᠠᠭᠳᠠᠵᠦ᠂ ᠡᠨᠧᠷᠬᠢ ᠠᠷᠪᠢᠯᠠᠨ ᠬᠤᠷᠤᠭᠳᠠᠯ ᠢ ᠪᠠᠭᠠᠰᠬᠠᠬᠤ ᠪᠤᠯᠤᠨ ᠬᠦᠭᠵᠢᠯᠳᠡ ᠶᠢᠨ ᠬᠤᠭᠤᠷᠤᠨᠳᠤᠬᠢ ᠬᠠᠷᠢᠴᠠᠭ᠎ᠠ ᠶᠢ ᠰᠠᠶᠢᠳᠤᠷ ᠲᠡᠩᠴᠡᠬᠦᠷᠢᠰᠢᠬᠦᠯᠵᠦ᠂ ᠪᠦᠬᠦ ᠵᠢᠯ ᠤᠨ ᠡᠨᠧᠷᠬᠢ ᠶᠢᠨ ᠬᠤᠷᠤᠭᠳᠠᠯ ᠤᠨ ᠬᠠᠷᠠᠯᠳᠠ ᠡᠬᠦᠷᠭᠡ ᠪᠠᠨ ᠲᠡᠬᠦᠰ ᠠᠮᠵᠢᠯᠳᠠᠳᠠᠢ ᠪᠡᠶᠡᠯᠡᠬᠦᠯᠬᠦ ᠶᠢ ᠪᠠᠳᠤᠯᠠᠨ᠎ᠠ᠃       ︵ᠭᠤᠷᠪᠡ︶ ᠶᠡᠰᠦ ᠴᠢᠨᠡᠷ ᠪᠡ ᠦᠷ᠎ᠡ ᠠᠰᠢᠭ ᠢ ᠲᠡᠷᠢᠬᠦᠨ ᠪᠠᠶᠢᠷᠢᠨ ᠳᠤ ᠪᠠᠶᠢᠯᠭᠠᠬᠤ ᠶᠢ ᠲᠤᠪᠤᠶᠢᠯᠭᠠᠵᠦ᠂ ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠠᠬᠢᠭᠤᠯᠤᠨ᠎ᠠ᠃ ᠶᠠᠰᠤ ᠴᠢᠨᠡᠷ ᠢ ᠲᠡᠷᠢᠬᠦᠨ ᠎ ᠳᠤ ᠲᠡᠯᠪᠢᠬᠤ᠂ ᠦᠷ᠎ᠡ ᠠᠰᠢᠭ ᠢ ᠤᠷᠢᠳ ᠢᠶᠠᠷ ᠪᠤᠳᠤᠯᠬᠢᠯᠠᠬᠤ ᠶᠢ ᠪᠠᠷᠢᠮᠳᠠᠯᠠᠵᠦ᠂ ᠠᠵᠦ ᠠᠬᠤᠢ ᠶᠢᠨ ᠬᠦᠭᠵᠢᠯᠳᠡ ᠎ ᠶᠢᠨ ᠶᠡᠰᠤ ᠴᠢᠨᠡᠷ ᠤᠨ ᠬᠤᠪᠢᠰᠤᠯᠳᠠ᠂ ᠦᠷ᠎ᠡ ᠪᠦᠳᠤᠮᠵᠢ ᠶᠢᠨ ᠬᠤᠪᠢᠰᠤᠯᠳᠠ᠂ ᠬᠦᠳᠡᠯᠭᠡᠭᠴᠢ ᠬᠦᠴᠦᠨ ᠤ ᠬᠤᠪᠢᠰᠤᠯᠳᠠ ᠶᠢ ᠠᠬᠢᠭᠤᠯᠵᠦ᠂ ᠠᠵᠦ ᠠᠬᠤᠢ ᠶᠢᠨ ᠰᠢᠨ᠎ᠡ ᠶᠢ ᠡᠬᠦᠳᠬᠦ ᠬᠦᠴᠦᠨ ᠪᠡ ᠦᠷᠢᠰᠤᠯᠳᠤᠬᠦ ᠬᠦᠴᠦᠨ ᠢ ᠲᠠᠰᠤᠷᠠᠯᠳᠠ ᠦᠬᠡᠢ ᠴᠢᠩᠭᠠᠳᠬᠠᠨ᠎ᠠ᠃ ᠤᠳᠤ ᠦᠶ᠎ᠠ ᠶᠢᠨ ᠮᠠᠯ ᠠᠵᠦ ᠠᠬᠤᠢ ᠶᠢᠨ ᠬᠦᠭᠵᠢᠯᠳᠡ ᠶᠢ ᠲᠦᠷᠭᠡᠳᠭᠡᠨ᠎ᠡ ᠃ ︽ᠬᠤᠨᠢᠨ ᠤ ᠡᠬᠦᠯᠳᠡᠷ ᠢ ᠰᠢᠯᠢᠳᠡᠭᠵᠢᠬᠦᠯᠦᠨ ᠦᠬᠡᠷ ᠦᠰᠭᠡᠬᠦ︾᠂ ︽ᠬᠤᠨᠢᠨ ᠤ ᠡᠬᠦᠯᠳᠡᠷ ᠢ ᠰᠢᠯᠢᠳᠡᠭᠵᠢᠬᠦᠯᠦᠨ ᠲᠡᠮᠡᠭᠡ ᠦᠰᠭᠡᠬᠦ︾ ᠪᠠᠶᠢᠯᠳᠤᠬᠤ ᠪᠤᠳᠤᠯᠭ᠎ᠠ ᠶᠢᠨ ᠭᠡᠷᠡᠭᠵᠢᠬᠦᠯᠦᠯᠳᠡ ᠶᠢ ᠬᠦᠨᠵᠡᠬᠡᠢ ᠠᠬᠢᠭᠤᠯᠵᠦ᠂ ᠮᠠᠯ ᠤᠨ ᠲᠤᠭ᠎ᠠ ᠲᠤᠯᠤᠭᠠᠢ ᠶᠢ ᠬᠦᠬᠡᠬᠡᠴᠠᠯᠳᠤᠵᠦ ᠪᠠᠶᠢᠭᠰᠠᠨ ᠠᠴᠠ ᠪᠠᠨ ︽ᠴᠦᠬᠡᠨ ᠮᠡᠯᠵᠢᠵᠦ ᠨᠠᠷᠢᠯᠢᠭ ᠮᠡᠯᠵᠢᠬᠤ ᠂ ᠰᠢᠨᠵᠢᠯᠡᠬᠦ ᠤᠬᠠᠭᠠᠨᠴᠢ ᠪᠠᠷ ᠮᠡᠯᠵᠢᠬᠤ︾ ᠵᠡᠮ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ ᠵᠢᠯ ᠤᠨ ᠲᠤᠳᠤᠷ᠎ᠡ᠂ ᠤᠳᠤ ᠪᠠᠶᠢᠭ᠎ᠠ ᠦᠷᠡᠵᠢᠬᠦᠯᠦᠨ ᠪᠤᠶᠢᠵᠢᠭᠤᠯᠬᠤ ᠲᠡᠯᠡᠪᠡᠢ ᠪᠡ ᠭᠤᠤᠯ ᠰᠦᠷᠦᠭ ᠢ ᠦᠷᠬᠦᠯᠵᠢᠯᠡᠨ ᠪᠠᠬᠢᠵᠢᠬᠦᠯᠦᠨ ᠲᠡᠭᠡᠭᠰᠢᠯᠡᠬᠦᠯᠦᠭᠰᠡᠨ ᠰᠠᠭᠤᠷᠢᠨ ᠲᠡᠭᠡᠷ᠎ᠡ᠂ ᠰᠦᠨᠢᠳ ᠬᠤᠨᠢᠨ ᠤ ᠭᠤᠤᠯ ᠡᠬᠦᠯᠳᠡᠷ ᠢ ᠦᠷᠡᠵᠢᠬᠦᠯᠦᠨ ᠪᠤᠶᠢᠵᠢᠭᠤᠯᠬᠤ ᠲᠡᠯᠡᠪᠡᠢ ᠶᠢᠨ ᠶᠡᠰᠦ ᠴᠢᠨᠡᠷ ᠢ ᠲᠡᠭᠡᠭᠰᠢᠯᠡᠬᠦᠯᠬᠦ ᠪᠡ ᠲᠠᠯ᠎ᠠ ᠨᠤᠳᠤᠭ ᠤᠨ ᠢᠳᠡᠰᠢᠨ ᠤ ᠬᠤᠨᠢᠨ ᠤ ᠦᠢᠯᠡᠰ ᠤᠨ ᠲᠦᠷᠦᠯ ᠵᠦᠢᠯ ᠤᠳ ᠢ ᠠᠵᠢᠯ ᠡᠬᠢᠯᠡᠬᠦᠯᠦᠨ ᠪᠠᠶᠢᠭᠤᠯᠵᠦ᠂ ᠰᠦᠨᠢᠳ ᠬᠤᠨᠢ ᠦᠷᠡᠵᠢᠬᠦᠯᠦᠨ ᠪᠤᠶᠢᠵᠢᠭᠤᠯᠬᠤ ᠲᠤᠭᠳᠠᠯᠴᠠᠭ᠎ᠠ ᠶᠢᠨ ᠪᠠᠶᠢᠭᠤᠯᠤᠯᠳᠠ ᠶᠢᠨ ᠬᠢᠷᠢ ᠲᠦᠪᠰᠢᠨ ᠢ ᠲᠡᠰᠤᠷᠠᠯᠳᠠ ᠦᠬᠡᠢ ᠲᠡᠭᠡᠭᠰᠢᠯᠡᠬᠦᠯᠵᠦ᠂ ᠤᠶᠤᠨᠳᠤ ᠮᠠᠯᠵᠢᠯ ᠤᠨ ᠲᠡᠯᠡᠪᠡᠢ ᠶᠢᠨ ᠭᠡᠪ ᠲᠠᠭᠤᠷᠢᠶᠠᠯ ᠢ ᠡᠬᠦᠳᠤᠨ᠎ᠡ᠃ ᠰᠦᠨᠢᠳ ᠬᠤᠨᠢᠨ ᠤ ᠤᠷᠤᠨ ᠨᠤᠳᠤᠭ ᠤᠨ ᠪᠡᠷᠢᠮᠵᠢᠶ᠎ᠠ ᠶᠢ ᠲᠤᠭᠳᠠᠭᠠᠵᠦ᠂ ᠰᠦᠨᠢᠳ ᠬᠤᠨᠢᠨ ᠤ ᠡᠬᠦᠯᠳᠡᠷ ᠢ ᠲᠡᠭᠡᠭᠰᠢᠯᠡᠬᠦᠯᠬᠦ ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠬᠦᠯᠵᠦ᠂ ᠠᠨᠠᠢ ᠡᠬᠦᠯᠳᠡᠷ ᠤᠨ ᠮᠠᠯ ᠳᠤ ᠰᠢᠭ᠍ᠰᠢᠯᠳᠠ ᠬᠢᠵᠦ᠂ ᠡᠬᠡ ᠮᠠᠯ ᠤᠨ ᠤᠨᠴᠠ ᠨᠢᠭᠡᠳᠤᠭᠡᠷ ᠲᠡᠰ ᠤᠨ ᠬᠠᠷᠢᠴᠠᠯ ᠢ 5 ᠵᠠᠭᠤᠨ ᠤ ᠬᠤᠪᠢ ᠶᠢᠨ ᠴᠡᠭ ᠲᠡᠭᠡᠭᠰᠢᠯᠡᠬᠦᠯᠵᠦ᠂ ᠵᠢᠯ ᠳᠤ 5000᠎ ᠠᠴᠠ ᠲᠡᠭᠡᠭᠰᠢ ᠰᠢᠯᠢᠳᠡᠭ ᠡᠬᠦᠯᠳᠡᠷ ᠤᠨ ᠦᠷ᠎ᠡ ᠶᠢᠨ ᠮᠠᠯ ᠮᠠᠯᠵᠢᠵᠦ᠂ ᠤᠨᠳᠤᠷᠤᠯᠳᠠ ᠶᠢᠨ ᠨᠤᠷᠮ᠎ᠡ ᠶᠢ 6 ᠵᠠᠭᠤᠨ ᠤ ᠬᠤᠪᠢ ᠶᠢᠨ ᠴᠡᠭ ᠲᠡᠭᠡᠭᠰᠢᠯᠡᠬᠦᠯᠦᠨ᠎ᠡ᠃ ᠰᠠᠶᠢᠨ ᠡᠬᠦᠯᠳᠡᠷ ᠤᠨ ᠢᠳᠡᠰᠢᠨ ᠤ ᠦᠬᠡᠷ ᠢ ᠦᠷᠡᠵᠢᠬᠦᠯᠦᠨ ᠪᠤᠶᠢᠵᠢᠭᠤᠯᠬᠤ᠂ ᠰᠢᠨᠵᠢᠯᠡᠬᠦ ᠤᠬᠠᠭᠠᠨᠴᠢ ᠪᠠᠷ ᠮᠠᠯᠵᠢᠬᠤ᠂ ᠪᠤᠷᠳᠤᠨ ᠲᠠᠷᠭᠤᠯᠠᠭᠤᠯᠬᠤ᠂ ᠨᠠᠷᠢᠯᠢᠭ ᠪᠤᠯᠪᠠᠰᠤᠷᠠᠭᠤᠯᠬᠤ ᠠᠵᠢᠯ ᠢ ᠦᠷᠬᠦᠯᠵᠢᠯᠡᠨ ᠰᠠᠶᠢᠳᠤᠷ ᠬᠢᠵᠦ᠂ ᠤᠳᠤ ᠪᠠᠶᠢᠭ᠎ᠠ ᠢᠳᠡᠰᠢᠨ ᠤ ᠦᠬᠡᠷ ᠢ ᠲᠡᠵᠢᠬᠡᠨ ᠦᠷᠡᠵᠢᠬᠦᠯᠬᠦ ᠰᠠᠭᠤᠷᠢᠨ ᠭᠠᠵᠡᠷ ᠪᠤᠯᠤᠨ ᠲᠤᠰᠬᠠᠢ ᠬᠤᠷᠰᠢᠶᠠᠵᠢᠯ ᠳᠤ ᠲᠦᠰᠢᠭᠯᠡᠵᠦ᠂ ᠲᠤᠭᠤᠯᠯᠠᠬᠤ ᠦᠨᠢᠶ᠎ᠠ ᠶᠢ ᠪᠤᠶᠢᠵᠢᠭᠤᠯᠤᠨ ᠬᠠᠮᠠᠭᠠᠯᠠᠬᠤ ᠠᠵᠢᠯ ᠢ ᠰᠦᠪᠡᠭᠴᠢᠯᠠᠨ᠂ ᠵᠤᠷᠢᠭᠵᠢᠭᠤᠯᠤᠨ ᠲᠡᠳᠬᠦᠬᠦ ᠲᠦᠷᠦ ᠶᠢᠨ ᠪᠤᠳᠤᠯᠭ᠎ᠠ ᠪᠤᠯᠤᠨ ᠰᠢᠨᠵᠢᠯᠡᠬᠦ ᠤᠬᠠᠭᠠᠨᠴᠢ ᠪᠠᠷ ᠬᠢᠨᠠᠨ ᠲᠤᠭᠳᠠᠭᠠᠬᠤ ᠠᠷᠭ᠎ᠠ ᠶᠢ ᠲᠤᠭᠳᠠᠭᠠᠵᠦ᠂ ᠬᠤᠷᠰᠢᠶᠡᠵᠢᠯ᠂ ᠮᠠᠯᠵᠢᠯ ᠤᠨ ᠲᠤᠮᠤ ᠡᠷᠦᠬᠡ ᠲᠤᠭᠤᠯᠯᠠᠬᠤ ᠦᠨᠢᠶ᠎ᠠ ᠪᠤᠯᠤᠨ ᠪᠤᠬ᠎ᠠ ᠦᠰᠭᠡᠬᠦ ᠶᠢ ᠨᠢ ᠠᠯᠬᠤᠮ ᠠᠯᠬᠤᠮ ᠢᠶᠠᠷ ᠬᠦᠳᠤᠯᠤᠨ ᠵᠢᠯᠤᠭᠤᠳᠴᠦ᠂ ᠰᠢᠯᠢᠳᠡᠭ ᠡᠬᠦᠯᠳᠡᠷ ᠤᠨ ᠲᠤᠭᠤᠯ ᠢ ᠭᠠᠳᠠᠭᠰᠢ ᠭᠠᠷᠭᠠᠬᠤ ᠠᠰᠠᠭᠤᠳᠠᠯ ᠢ ᠦᠨᠡᠨᠬᠦ ᠰᠢᠢᠳᠪᠤᠷᠢᠯᠡᠵᠦ᠂ ᠬᠤᠰᠢᠭᠤᠨ ᠲᠤᠳᠤᠷ᠎ᠡ ᠪᠠᠨ ᠲᠤᠭᠤᠯᠯᠠᠬᠤ ᠦᠨᠢᠶ᠎ᠠ ᠶᠢ ᠬᠠᠩᠭᠠᠬᠤ ᠴᠢᠳᠠᠪᠤᠷᠢ ᠪᠡ ᠭᠡᠭᠡᠯᠳᠤᠬᠦᠯᠬᠡ ᠶᠢᠨ ᠨᠤᠷᠮ᠎ᠡ ᠶᠢ ᠲᠡᠭᠡᠭᠰᠢᠯᠡᠬᠦᠯᠦᠨ᠎ᠡ᠃ ᠵᠢᠯ ᠎ ᠤᠨ ᠲᠤᠳᠤᠷ᠎ᠡ᠂ ᠢᠳᠡᠰᠢᠨ ᠤ ᠦᠬᠡᠷ ᠮᠠᠯᠵᠢᠬᠤ 20 ᠵᠢᠱᠢᠶᠠᠴᠢ ᠡᠷᠦᠬᠡ ᠶᠢᠨ ᠦᠨᠢᠶᠡᠨ ᠳᠤ ᠢᠴᠡᠭᠡᠯ ᠦᠷ᠎ᠡ ᠶᠢᠨ ᠭᠡᠭᠡᠯᠳᠤᠬᠦᠯᠬᠡ ᠬᠢᠬᠦ ᠵᠢᠴᠢ ᠦᠨᠢᠶᠠᠨ ᠤ ᠡᠬᠦᠯᠳᠡᠷ ᠢ ᠰᠠᠶᠢᠵᠢᠷᠠᠭᠤᠯᠬᠤ ᠠᠵᠢᠯ ᠢ ᠭᠤᠤᠯᠳᠠᠯᠭ᠎ᠠ ᠲᠠᠢ ᠰᠠᠶᠢᠳᠤᠷ ᠠᠳᠬᠤᠵᠦ᠂ ᠢᠳᠡᠰᠢᠨ ᠤ ᠦᠬᠡᠷ ᠤᠨ 1 ᠭᠤᠤᠯ ᠰᠦᠷᠦᠭ᠂ ᠭᠤᠤᠯ ᠰᠦᠷᠦᠭ ᠤᠨ ᠲᠤᠭᠤᠯᠯᠠᠬᠤ ᠦᠨᠢᠶ᠎ᠠ ᠶᠢ 300᠎ ᠳᠤ ᠬᠦᠷᠭᠡᠵᠦ᠂ ᠰᠢᠯᠢᠳᠡᠭ ᠡᠬᠦᠯᠳᠡᠷ ᠤᠨ 1000 ᠢᠳᠡᠰᠢᠨ ᠤ ᠦᠬᠡᠷ ᠤᠷᠤᠭᠤᠯᠵᠦ᠂ 3 ᠲᠦᠮᠡᠨ ᠨᠤᠳᠤᠭ ᠤᠨ ᠦᠬᠡᠷ ᠤᠨ ᠡᠬᠦᠯᠳᠡᠷ ᠢ ᠰᠠᠶᠢᠵᠢᠷᠠᠭᠤᠯᠵᠦ᠂ ᠪᠦᠬᠦ ᠬᠤᠰᠢᠭᠤᠨ ᠤ ᠢᠳᠡᠰᠢᠨ ᠤ ᠦᠬᠡᠷ ᠤᠨ ᠤᠨᠳᠤᠷᠤᠯᠳᠠ ᠶᠢᠨ ᠨᠤᠷᠮ᠎ᠡ ᠶᠢ 80%᠎ ᠠᠴᠠ ᠲᠡᠭᠡᠭᠰᠢ ᠳᠤ ᠬᠦᠷᠭᠡᠨ᠎ᠡ᠃ ᠲᠡᠮᠡᠭᠡᠨ ᠤ ᠠᠵᠦ ᠦᠢᠯᠡᠰ ᠤᠨ ᠨᠠᠷᠢᠯᠢᠭ ᠪᠤᠯᠪᠠᠰᠤᠷᠠᠭᠤᠯᠬᠤ ᠰᠠᠭᠤᠷᠢᠨ ᠭᠠᠵᠡᠷ ᠤᠨ ᠲᠠᠶᠢᠴᠢᠯᠠᠨ ᠲᠠᠭᠠᠭᠤᠯᠬᠤ ᠦᠢᠯᠡᠳᠤᠯ ᠳᠤ ᠬᠦᠢᠴᠡᠳ ᠲᠦᠰᠢᠭᠯᠡᠵᠦ᠂ ᠠᠵᠦ ᠦᠢᠯᠡᠰ ᠢᠶᠠᠷ ᠲᠡᠳᠬᠦᠬᠦ ᠲᠦᠷᠦ ᠶᠢᠨ ᠪᠤᠳᠤᠯᠭ᠎ᠠ ᠪᠡ ᠪᠤᠯᠪᠠᠰᠤᠷᠠᠭᠤᠯᠬᠤ ᠠᠵᠦ ᠠᠬᠤᠶᠢᠯᠠᠯ ᠎ ᠤᠨ ᠢᠩᠭᠡᠨ ᠰᠦ ᠬᠤᠳᠠᠯᠳᠤᠨ ᠠᠪᠬᠤ ᠳᠤ ᠨᠦᠬᠦᠪᠤᠷᠢ ᠦᠭᠬᠦ ᠲᠦᠷᠦ ᠶᠢᠨ ᠪᠤᠳᠤᠯᠭ᠎ᠠ ᠶᠢ ᠤᠯᠠᠮ ᠨᠢᠬᠡ ᠠᠯᠬᠤᠮ ᠲᠡᠬᠦᠯᠳᠡᠷᠵᠢᠬᠦᠯᠵᠦ᠂ ᠰᠦᠨᠢᠳ ᠬᠤᠤᠰ ᠪᠦᠬᠦᠳᠤ ᠲᠡᠮᠡᠭᠡᠨ ᠤ ᠬᠠᠮᠠᠭᠠᠯᠠᠯᠳᠠ ᠶᠢᠨ ᠰᠤᠳᠤᠯᠭᠠᠨ ᠤ ᠲᠦᠪ ᠤᠨ ᠦᠢᠯᠡᠳᠤᠯ ᠢ ᠪᠠᠳᠠᠷᠠᠭᠤᠯᠤᠨ᠂ ᠰᠢᠨᠵᠢᠯᠡᠬᠦ ᠤᠬᠠᠭᠠᠨᠴᠢ ᠪᠠᠷ ᠲᠡᠵᠢᠬᠡᠨ ᠦᠷᠡᠵᠢᠬᠦᠯᠬᠦ ᠭᠡᠪᠴᠢᠶ᠎ᠠ ᠶᠢ ᠦᠷᠭᠡᠳᠭᠡᠵᠦ᠂ ᠦᠷᠡᠵᠢᠬᠦᠯᠦᠨ ᠪᠤᠶᠢᠵᠢᠭᠤᠯᠬᠤ᠂ ᠢᠩᠭᠡᠨ ᠰᠦ ᠰᠠᠭᠠᠬᠤ᠂ ᠪᠤᠯᠪᠠᠰᠤᠷᠠᠭᠤᠯᠤᠨ ᠬᠤᠳᠠᠯᠳᠤᠬᠤ ᠲᠡᠮᠡᠭᠡᠨ ᠤ ᠠᠵᠦ ᠦᠢᠯᠡᠰ ᠤᠨ ᠪᠦᠬᠦ ᠭᠡᠯᠬᠢᠶᠠᠨ ᠤ ᠲᠤᠭᠳᠠᠯᠴᠠᠭ᠎ᠠ ᠶᠢ ᠪᠦᠷᠢᠯᠳᠤᠬᠦᠯᠵᠦ᠂ ︽ᠢᠩᠭᠡᠨ ᠤ ᠰᠦ︾᠎ ᠶᠢ ᠤᠯᠤᠰ ᠤᠨ ᠭᠠᠵᠡᠷ ᠵᠦᠢ ᠶᠢᠨ ᠪᠠᠶᠢᠷᠢᠰᠢᠯ ᠤᠨ ᠲᠡᠸᠡᠷ ᠤᠨ ᠲᠡᠮᠳᠡᠭᠳᠤ ᠪᠠᠷ ᠭᠤᠶᠤᠴᠢᠯᠠᠨ ᠮᠡᠳᠡᠬᠦᠯᠵᠦ᠂ ᠭᠠᠵᠡᠷ ᠤᠷᠤᠨ ᠤ ᠲᠠᠶᠢᠴᠢᠯᠠᠨ ᠲᠠᠭᠠᠭᠤᠯᠬᠤ ᠦᠢᠯᠡᠳᠤᠯ ᠪᠤᠯᠤᠨ ᠨᠡᠷᠡᠳᠤ ᠲᠡᠮᠳᠡᠭᠳᠤ ᠶᠢᠨ ᠭᠤᠤᠯ ᠬᠦᠳᠡᠯᠭᠡᠭᠴᠢ ᠬᠦᠴᠦᠨ ᠢ ᠲᠡᠭᠡᠭᠰᠢᠯᠡᠬᠦᠯᠦᠨ᠎ᠡ᠃ ᠵᠢᠯ ᠤᠨ ᠲᠤᠳᠤᠷ᠎ᠡ᠂ ᠰᠦᠨᠢᠳ ᠬᠤᠤᠰ ᠪᠦᠬᠦᠳᠤ ᠲᠡᠮᠡᠭᠡ ᠶᠢ ᠬᠠᠮᠠᠭᠠᠯᠠᠨ ᠦᠰᠭᠡᠬᠦ ᠰᠠᠭᠤᠷᠢᠨ ᠭᠠᠵᠡᠷ 1᠂ ᠰᠦᠨᠢᠳ ᠬᠤᠤᠰ ᠪᠦᠬᠦᠳᠤ ᠲᠡᠮᠡᠭᠡ ᠶᠢ ᠮᠠᠯᠵᠢᠬᠤ ᠰᠠᠭᠤᠷᠢᠨ ᠭᠠᠵᠡᠷ 2᠎ ᠢ ᠪᠠᠶᠢᠭᠤᠯᠵᠦ᠂ ᠰᠦᠨᠢᠳ ᠬᠤᠤᠰ ᠪᠦᠬᠦᠳᠤ ᠲᠡᠮᠡᠭᠡ ᠶᠢ ᠮᠠᠯᠵᠢᠬᠤ 10 ᠲᠤᠰᠬᠠᠢ ᠡᠷᠦᠬᠡ ᠶᠢ ᠪᠤᠶᠢᠵᠢᠭᠤᠯᠤᠨ᠂ ᠪᠦᠬᠦ ᠬᠤᠰᠢᠭᠤᠨ ᠎ ᠤ ᠲᠦᠪᠯᠡᠷᠡᠬᠦᠯᠦᠨ ᠮᠠᠯᠵᠢᠬᠤ ᠲᠡᠮᠡᠭᠡᠨ ᠤ ᠲᠤᠭ᠎ᠠ ᠶᠢ 2000᠎ ᠳᠤ ᠬᠦᠷᠭᠡᠵᠦ᠂ ᠵᠢᠯ ᠤᠨ ᠰᠦᠨ ᠤ ᠭᠠᠷᠤᠯᠳᠠ ᠶᠢ 450 ᠲᠤᠨ ᠳᠤ ᠬᠦᠷᠭᠡᠨ᠎ᠡ᠃ ᠠᠵᠦ ᠦᠢᠯᠡᠳᠪᠤᠷᠢ ᠶᠢᠨ ᠭᠡᠯᠪᠡᠷᠢ ᠶᠢ ᠬᠤᠪᠢᠷᠠᠭᠤᠯᠤᠨ ᠲᠠᠰ ᠲᠡᠪᠰᠢᠬᠦ ᠶᠢ ᠠᠬᠢᠭᠤᠯᠤᠨ᠎ᠠ᠃ ︽ᠨᠢᠬᠡ ᠤᠷᠤᠨ ᠬᠤᠶᠠᠷ ᠲᠤᠭᠤᠷᠢᠭ︾᠎ ᠤᠨ ᠬᠠᠷᠠᠯᠳᠠ ᠶᠢᠨ ᠪᠠᠶᠢᠷᠢ ᠲᠤᠭᠳᠠᠭᠠᠯᠳᠠ ᠶᠢᠨ ᠲᠤᠭᠤᠷᠢᠨ ᠳᠤ᠂ ᠨᠢᠬᠡ ᠪᠦᠯᠦᠭ ᠢ ᠨᠢ ᠦᠬᠡᠷᠡᠴᠢᠯᠠᠨ ᠲᠡᠰ ᠲᠡᠪᠰᠢᠬᠦᠯᠵᠦ᠂ ᠨᠢᠭᠡ ᠪᠦᠯᠦᠭ ᠢ ᠭᠡᠯᠪᠡᠷᠢ ᠶᠢ ᠨᠢ ᠬᠤᠪᠢᠷᠠᠭᠤᠯᠤᠨ ᠬᠦᠭᠵᠢᠬᠦᠯᠵᠦ᠂ ᠨᠢᠬᠡ ᠪᠦᠯᠦᠭ ᠢ ᠤᠷᠢᠨ ᠤᠷᠤᠭᠤᠯᠤᠨ ᠪᠦᠳᠤᠭᠡᠨ ᠪᠠᠶᠢᠭᠤᠯᠵᠦ᠂ ᠠᠵᠦ ᠦᠢᠯᠡᠰ ᠎ ᠤᠨ ᠰᠠᠭᠤᠷᠢ ᠶᠢ ᠲᠠᠰᠤᠷᠠᠯᠳᠠ ᠦᠬᠡᠢ ᠪᠠᠳᠤᠳᠬᠠᠨ᠎ᠠ᠃ ᠨᠢᠬᠡ ᠲᠠᠯ᠎ᠠ ᠪᠠᠷ᠂ ᠠᠵᠦ ᠦᠢᠯᠡᠰ ᠤᠨ ᠭᠡᠯᠬᠢᠶ᠎ᠠ ᠪᠡ ᠬᠠᠩᠭᠠᠯᠭ᠎ᠠ ᠶᠢᠨ ᠭᠡᠯᠬᠢᠶ᠎ᠠ ᠶᠢ ᠲᠤᠭᠳᠠᠭᠤᠨ ᠪᠠᠶᠢᠯᠭᠠᠬᠤ ᠪᠡ ᠰᠢᠯᠢᠳᠡᠭᠵᠢᠬᠦᠯᠵᠦ᠂ ᠨᠤᠤᠰᠤᠨ ᠨᠡᠭᠡᠮᠡᠯ ᠤᠨ ᠦᠢᠯᠡᠰ᠂ ᠲᠤᠨᠤᠭᠯᠠᠯ ᠦᠢᠯᠡᠳᠬᠦ ᠦᠢᠯᠡᠰ ᠪᠠ ᠲᠡᠭᠡᠳᠤ ᠰᠢᠨ᠎ᠡ ᠮᠡᠷᠭᠡᠵᠢᠯ ᠤᠨ ᠠᠵᠦ ᠦᠢᠯᠡᠰ ᠢ ᠤᠯᠠᠮ ᠨᠢᠬᠡ ᠠᠯᠬᠤᠮ ᠬᠦᠭᠵᠢᠬᠦᠯᠦᠨ ᠪᠤᠵᠠᠭᠠᠶᠢᠷᠠᠭᠤᠯᠵᠦ᠂ ᠬᠢᠮᠢ ᠶᠢᠨ ᠠᠵᠦ ᠦᠢᠯᠡᠳᠪᠤᠷᠢ᠂ ᠲᠡᠮᠦᠷᠯᠢᠭ ᠬᠠᠶᠢᠯᠤᠭᠤᠯᠬᠤ ᠠᠵᠦ ᠦᠢᠯᠡᠰ ᠎ ᠤᠨ ᠪᠤᠬᠢᠷᠳᠤᠯ ᠦᠬᠡᠢ ᠪᠠᠷ ᠭᠡᠯᠪᠡᠷᠢ ᠪᠠᠨ ᠬᠤᠪᠢᠷᠠᠭᠤᠯᠬᠤ ᠪᠡ ᠲᠡᠰ ᠲᠡᠪᠰᠢᠬᠦ ᠶᠢ ᠠᠬᠢᠭᠤᠯᠤᠨ᠎ᠠ᠃ ᠨᠤᠤᠰᠤᠨ ᠨᠡᠭᠡᠮᠡᠯ ᠤᠨ ᠠᠵᠦ ᠦᠢᠯᠡᠰ ᠤᠨ ᠡᠷᠬᠢᠯᠳᠡᠳᠤ ᠠᠵᠦ ᠠᠬᠤᠢ ᠶᠢᠨ ᠲᠤᠭᠤᠷᠢᠭ ᠢᠶᠠᠷ ᠲᠡᠪᠴᠠᠩ ᠪᠤᠯᠭᠠᠵᠦ᠂ ᠨᠤᠤᠰᠤ ᠨᠤᠯᠤᠤᠷ ᠤᠨ ᠠᠵᠦ ᠦᠢᠯᠡᠰ ᠤᠨ ᠬᠦᠭᠵᠢᠯᠳᠡ ᠶᠢᠨ ᠪᠠᠶᠢᠷᠢ ᠲᠤᠭᠳᠠᠭᠠᠯᠳᠠ ᠳᠤ ᠲᠤᠬᠢᠷᠠᠭᠤᠯᠤᠯᠳᠠ ᠬᠢᠵᠦ᠂ ᠨᠤᠤᠰᠤ ᠨᠤᠯᠤᠤᠷ ᠤᠨ ᠪᠦᠳᠤᠭᠡᠭᠳᠡᠬᠦᠨ ᠤ ᠲᠦᠬᠦᠭᠡᠢ ᠮᠡᠲ᠋ᠧᠷᠢᠶᠠᠯ ᠢ ᠨᠠᠷᠢᠯᠢᠭ ᠡᠳ᠋ᠰᠢᠬᠦᠯᠬᠦ ᠠᠵᠢᠯ ᠢᠶᠠᠷ ᠭᠤᠤᠯ ᠴᠢᠭᠯᠡᠯ ᠪᠤᠯᠭᠠᠵᠦ᠂ ᠤᠳᠤ ᠪᠠᠶᠢᠭ᠎ᠠ ᠠᠵᠦ ᠠᠬᠤᠶᠢᠯᠠᠯ ᠤᠨ ᠡᠬᠢ ᠪᠠᠶᠠᠯᠢᠭ ᠢ ᠬᠠᠮᠳᠤᠪᠡᠷ ᠡᠳ᠋ᠯᠠᠬᠦ᠂ ᠲᠡᠪᠠᠭᠤᠯᠢᠭ ᠎ ᠢᠶᠠᠷ ᠢᠶᠠᠨ ᠬᠠᠷᠢᠯᠴᠠᠨ ᠨᠦᠬᠦᠪᠤᠷᠢᠯᠠᠬᠦ᠂ ᠬᠠᠷᠢᠯᠴᠠᠨ ᠠᠰᠢᠭ ᠬᠦᠷᠳᠡᠬᠦ᠂ ᠪᠦᠯᠦᠭᠯᠡᠨ ᠬᠦᠭᠵᠢᠬᠦ ᠰᠢᠨ᠎ᠡ ᠪᠠᠶᠢᠷᠢᠰᠢᠯ ᠢ ᠪᠤᠢ ᠪᠤᠯᠭᠠᠬᠤ ᠶᠢᠨ ᠬᠠᠮᠳᠤ᠂ ᠨᠡᠶᠢᠯᠡᠬᠦᠯᠵᠦ ᠲᠡᠬᠢᠨ ᠪᠠᠶᠢᠭᠤᠯᠬᠤ᠂ ᠵᠠᠯᠭᠠᠵᠦ ᠠᠷᠠᠯᠵᠢᠶᠠᠴᠢᠨ ᠤᠷᠢᠬᠤ ᠵᠡᠷᠭᠡ ᠠᠷᠭ᠎ᠠ ᠭᠡᠯᠪᠡᠷᠢ ᠪᠠᠷ ︽ᠦᠬᠦᠰᠢᠷᠡᠮᠡᠯ ᠠᠵᠦ ᠠᠬᠤᠶᠢᠯᠠᠯ︾᠎ ᠢ ᠪᠦᠬᠦ ᠬᠦᠴᠦ ᠪᠠᠷ ᠢᠶᠠᠨ ᠲᠡᠳᠬᠦᠵᠦ᠂ ᠡᠬᠢ ᠪᠠᠶᠠᠯᠢᠭ ᠢ ᠡᠷᠴᠢᠮᠵᠢᠬᠦᠯᠦᠨ ᠠᠰᠢᠭᠯᠠᠬᠤ ᠶᠢ ᠪᠡᠶᠡᠯᠡᠬᠦᠯᠦᠨ᠎ᠡ᠃ ᠵᠢᠯ ᠤᠨ ᠲᠤᠳᠤᠷ᠎ᠡ᠂ ᠬᠦᠬᠡᠬᠤᠳᠠ ᠶᠢᠨ ᠪᠤᠤ ᠴᠢ ᠨᠤᠯᠤᠤᠷ ᠤᠨ ᠪᠦᠳᠤᠭᠡᠭᠳᠡᠬᠦᠨ ᠤ ᠬᠢᠵᠠᠭᠠᠷᠳᠤ ᠺᠤᠮᠫᠠᠨᠢ᠂ ᠦᠪᠤᠷ ᠮᠤᠩᠭᠤᠯ ᠤᠨ ᠡᠾᠦ᠋ᠩ ᠶᠧ ᠨᠡᠭᠡᠮᠡᠯ ᠤᠨ ᠦᠢᠯᠡᠳᠪᠤᠷᠢ ᠶᠢ ᠪᠦᠬᠦᠯᠢ ᠴᠤᠭᠴᠠ ᠪᠠᠷ ᠨᠢ ᠲᠤᠭᠤᠷᠢᠭ ᠲᠤ ᠨᠡᠬᠦᠯᠬᠡᠨ ᠤᠷᠤᠭᠤᠯᠵᠦ᠂ ᠪᠠᠢ ᠷᠦᠢ ᠶᠤᠸᠠᠨ ᠬᠤᠶᠠᠳᠤᠭᠠᠷ ᠬᠤᠭᠤᠴᠠᠭᠠᠨ ᠤ ᠨᠤᠤᠰᠤᠨ ᠬᠤᠪᠴᠠᠰᠤᠨ ᠤ ᠦᠢᠯᠡᠳᠪᠤᠷᠢᠯᠡᠯ ᠤᠨ ᠱᠤᠭᠤᠮ ᠢ ᠠᠰᠢᠭᠯᠠᠯᠳᠠ ᠳᠤ ᠤᠷᠤᠭᠤᠯᠤᠨ ᠦᠷ᠎ᠡ ᠠᠰᠢᠭ ᠭᠠᠷᠭᠠᠬᠤ ᠶᠢ ᠠᠬᠢᠭᠤᠯᠤᠨ᠎ᠠ᠃ ᠵᠢᠷᠤᠭᠡ ᠠᠭᠤᠷᠬᠠᠢ ᠶᠢᠨ ᠭᠠᠷᠤᠯᠳᠠ ᠶᠢᠨ ᠲᠡᠮᠦᠷᠯᠢᠭ ᠬᠠᠶᠢᠯᠤᠭᠤᠯᠬᠤ ᠡᠷᠬᠢᠯᠳᠡᠳᠤ ᠠᠵᠦ ᠦᠢᠯᠡᠰ ᠤᠨ ᠲᠤᠭᠤᠷᠢᠭ ᠢᠶᠠᠷ ᠠᠴᠢᠶᠠᠯᠠᠪᠤᠷᠢ ᠪᠤᠯᠭᠠᠵᠦ᠂ ᠮᠡᠷᠭᠡᠵᠢᠯ ᠤᠨ ᠰᠢᠨᠡᠴᠢᠯᠠᠯᠳᠠ᠂ ᠤᠷ᠎ᠡ ᠮᠡᠷᠭᠡᠵᠢᠯ ᠤᠨ ᠰᠠᠶᠢᠵᠢᠷᠠᠭᠤᠯᠤᠯᠳᠠ᠂ ᠡᠨᠧᠷᠬᠢ ᠶᠢᠨ ᠬᠤᠷᠤᠭᠳᠠᠯ ᠤᠨ ᠬᠦᠢᠴᠡᠳᠭᠡᠯ ᠲᠤᠭ᠎ᠠ ᠶᠢ ᠰᠤᠯᠢᠬᠤ ᠪᠡ ᠬᠤᠳᠠᠯᠳᠤᠨ ᠠᠪᠬᠤ ᠵᠡᠷᠭᠡ ᠠᠷᠭ᠎ᠠ ᠭᠡᠯᠪᠡᠷᠢ ᠪᠠᠷ᠂ ᠡᠨᠧᠷᠬᠢ ᠠᠷᠪᠢᠯᠡᠨ ᠬᠤᠷᠤᠭᠳᠠᠯ ᠢ ᠪᠠᠭᠠᠰᠬᠠᠬᠤ᠂ ᠡᠷᠴᠢᠮᠵᠢᠬᠦᠯᠦᠨ ᠲᠦᠪᠯᠡᠷᠡᠬᠦᠯᠬᠦ ᠪᠡ ᠡᠷᠬᠢᠯᠳᠤᠬᠦᠯᠦᠨ ᠠᠰᠢᠭᠯᠠᠬᠤ ᠶᠢ ᠪᠠᠶᠠᠯᠠᠬᠦᠯᠦᠨ᠎ᠡ᠃ ᠵᠢᠯ ᠤᠨ ᠲᠤᠳᠤᠷ᠎ᠡ᠂ ᠰᠢᠨ ᠮᠧᠩ ᠰᠢᠨ ᠮᠡᠲ᠋ᠧᠷᠢᠶᠠᠯ ᠤᠨ ᠵᠢᠯ ᠤᠨ ᠭᠠᠷᠤᠯᠳᠠ 48 ᠲᠦᠮᠡᠨ ᠲᠤᠨ ᠤ ᠴᠠᠬᠢᠭᠤᠷ ᠮᠠᠩᠭᠠᠨ ᠤ ᠬᠠᠶᠢᠯᠤᠰᠢ ᠦᠢᠯᠡᠳᠪᠤᠷᠢᠯᠡᠬᠦ ᠲᠦᠷᠦᠯ ᠵᠦᠢᠯ᠂ ᠬᠤᠸᠠ ᠰᠢᠩ ᠠᠵᠦ ᠦᠢᠯᠡᠰ ᠤᠨ ᠵᠢᠯ ᠳᠤ 10 ᠲᠦᠮᠡᠨ ᠲᠤᠨ ᠤ ᠴᠠᠬᠢᠭᠤᠷ ᠮᠠᠩᠭᠠᠨ ᠤ ᠬᠠᠶᠢᠯᠤᠰᠢ ᠦᠢᠯᠡᠳᠪᠤᠷᠢᠯᠡᠬᠦ ᠮᠡᠷᠭᠡᠵᠢᠯ ᠤᠨ ᠦᠬᠡᠷᠡᠴᠢᠯᠠᠯᠳᠠ ᠶᠢᠨ ᠲᠦᠷᠦᠯ ᠵᠦᠢᠯ ᠢ ᠴᠢᠷᠮᠡᠶᠢᠨ ᠠᠬᠢᠭᠤᠯᠵᠦ᠂ ᠺᠦᠨ ᠲᠢᠶᠠᠨ ᠰᠢᠨ᠎ᠡ ᠡᠨᠧᠷᠬᠢ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠳᠤ ᠺᠤᠮᠫᠠᠨᠢ ᠶᠢᠨ ᠵᠢᠯ ᠤᠨ ᠭᠠᠷᠤᠯᠳᠠ 5 ᠲᠦᠮᠡᠨ ᠲᠤᠨ ᠤ ᠯᠢᠲ᠋ᠢ ᠴᠡᠨᠡᠭ ᠤᠨ ᠪᠢᠯᠢᠭ ᠲᠦᠢᠯ ᠤᠨ ᠮᠡᠲ᠋ᠧᠷᠢᠶᠠᠯ ᠤᠨ ᠲᠦᠷᠦᠯ ᠵᠦᠢᠯ ᠤᠨ ᠠᠵᠢᠯ ᠡᠬᠢᠯᠡᠬᠦᠯᠬᠦ ᠡᠮᠤᠨᠡᠬᠢ ᠬᠤᠭᠤᠴᠠᠭᠠᠨ ᠤ ᠪᠡᠯᠡᠳᠭᠡᠯ ᠠᠵᠢᠯ ᠢ ᠪᠠᠶᠠᠯᠠᠬᠦᠯᠦᠨ᠎ᠡ᠃ ᠨᠦᠬᠦᠬᠡ ᠲᠡᠯ᠎ᠡ ᠪᠠᠷ᠂ ᠠᠵᠦ ᠦᠢᠯᠡᠰ ᠤᠨ ᠭᠡᠯᠬᠢᠶ᠎ᠠ ᠪᠡ ᠦᠷᠳᠡᠭ ᠤᠨ ᠭᠡᠯᠬᠢᠶ᠎ᠠ ᠶᠢ ᠤᠷᠳᠤᠳᠬᠠᠵᠦ᠂ ᠰᠢᠨ᠎ᠡ ᠡᠨᠧᠷᠬᠢ ᠶᠢᠨ ᠠᠵᠦ ᠦᠢᠯᠡᠰ ᠪᠤᠯᠤᠨ ᠮᠠᠯ ᠤᠨ ᠠᠰᠢᠭ ᠰᠢᠮ᠎ᠡ ᠶᠢ ᠪᠤᠯᠪᠠᠰᠤᠷᠠᠭᠤᠯᠬᠤ ᠠᠵᠦ ᠦᠢᠯᠡᠰ ᠤᠨ ᠪᠦᠬᠦ ᠭᠡᠯᠬᠢᠶᠠᠨ ᠤ ᠬᠦᠭᠵᠢᠯᠳᠡ ᠶᠢ ᠶᠡᠭᠡᠪᠡᠷ ᠠᠬᠢᠭᠤᠯᠵᠦ᠂ ᠠᠵᠦ ᠠᠬᠤᠢ ᠶᠢᠨ ᠬᠦᠭᠵᠢᠯᠳᠡ ᠶᠢᠨ ᠰᠢᠨ᠎ᠡ ᠲᠡᠪᠠᠭᠤᠯᠢᠭ ᠢ ᠡᠬᠦᠳᠤᠨ᠎ᠡ᠃ ᠰᠠᠯᠬᠢᠨ ᠬᠦᠴᠦ ᠪᠡ ᠨᠡᠷᠡᠨ ᠤ ᠭᠡᠷᠡᠯ ᠢᠶᠠᠷ ᠴᠠᠬᠢᠯᠭᠠᠨ ᠭᠠᠷᠭᠠᠬᠤ ᠴᠡᠪᠡᠷ ᠡᠨᠧᠷᠬᠢ ᠶᠢᠨ ᠦᠪᠡᠷᠮᠢᠴᠠ ᠲᠠᠪᠠᠭᠤᠯᠢᠭ ᠢ ᠬᠦᠢᠴᠡᠳ ᠪᠠᠳᠠᠷᠠᠭᠤᠯᠵᠦ᠂ ᠰᠢᠨ᠎ᠡ ᠡᠨᠧᠷᠬᠢ ᠶᠢ ᠲᠡᠬᠢᠨ ᠢᠶᠠᠷ ᠨᠡᠮᠡᠭᠳᠡᠬᠦᠯᠬᠦ ᠶᠢ ᠬᠤᠶᠠᠷ ᠢ ᠡᠵᠡᠮᠳᠡᠬᠦ ᠬᠠᠷᠠᠯᠳᠠ ᠶᠢ ᠪᠡᠶᠡᠯᠡᠬᠦᠯᠬᠦ ᠬᠦᠴᠤᠳᠠᠢ ᠪᠠᠳᠤᠯᠠᠭ᠎ᠠ ᠪᠤᠯᠭᠠᠵᠦ᠂ ᠪᠡᠷᠠᠭᠤᠨ ᠭᠡᠰᠡᠭ ᠤᠨ ᠬᠢᠯᠢ ᠲᠠᠭᠠᠤ ᠳᠠᠬᠢ ᠲᠠᠴᠢᠷᠳᠠᠭᠰᠠᠨ ᠭᠠᠵᠡᠷ ᠤᠷᠤᠨ ᠳᠤ ᠰᠢᠨ᠎ᠡ ᠡᠨᠧᠷᠬᠢ ᠶᠢᠨ ᠬᠦᠭᠵᠢᠬᠦᠯᠦᠯᠳᠡ ᠪᠤᠯᠤᠨ ᠠᠮᠢ ᠠᠬᠤᠢ ᠶᠢᠨ ᠰᠡᠷᠬᠦᠭᠡᠯᠳᠡ ᠶᠢ ᠠᠭᠤᠰᠤᠯᠴᠠᠭᠤᠯᠤᠨ ᠬᠦᠭᠵᠢᠬᠦᠯᠬᠦ ᠵᠢᠱᠢᠶᠡᠴᠢ ᠰᠠᠭᠤᠷᠢᠨ ᠪᠠᠶᠢᠭᠤᠯᠬᠤ ᠠᠴᠢᠶᠠᠯᠠᠪᠤᠷᠢ ᠳᠤ ᠲᠦᠰᠢᠭᠯᠡᠨ᠂ ᠡᠷᠢᠶᠠᠨ ᠬᠤᠳᠠ ᠶᠢᠨ ᠪᠢᠴᠢᠯ ᠴᠠᠬᠢᠯᠭᠠᠨ ᠲᠤᠤᠷ ᠤᠨ 2 ᠨᠤᠮᠧᠷᠳᠤ ᠰᠦᠷᠦᠭᠵᠢᠯ ᠤᠨ ᠬᠤᠶᠠᠳᠤᠭᠠᠷ ᠬᠤᠭᠤᠴᠠᠭ᠎ᠠ᠂ ᠪᠤᠤ ᠡᠾᠧᠩ ᠰᠠᠯᠬᠢᠨ ᠬᠦᠴᠦ ᠎ ᠪᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠲᠤᠤᠷ ᠲᠤ ᠨᠡᠶᠢᠯᠡᠬᠦᠯᠦᠨ ᠴᠠᠬᠢᠯᠭᠠᠨ ᠭᠠᠷᠭᠠᠬᠤ ᠠᠵᠢᠯ ᠢ ᠲᠦᠯᠬᠢᠨ ᠠᠬᠢᠭᠤᠯᠵᠦ᠂ ᠤᠨᠴᠠ ᠦᠨᠳᠤᠷ ᠬᠦᠴᠦᠳᠠᠯᠳᠤ ᠴᠠᠬᠢᠯᠭᠠᠨ ᠤ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠡᠮᠤᠨᠡᠬᠢ ᠬᠤᠭᠤᠴᠠᠭᠠᠨ ᠤ ᠭᠠᠷᠳᠠᠮ ᠬᠦᠢᠴᠡᠳᠭᠡᠬᠦ ᠠᠵᠢᠯ ᠢ ᠬᠢᠵᠦ᠂ ᠰᠠᠯᠬᠢᠨ ᠬᠦᠴᠦ ᠪᠠᠷ ᠭᠠᠷᠭᠠᠭᠰᠠᠨ ᠴᠠᠬᠢᠯᠭᠠᠨ ᠎ ᠢ ᠲᠤᠬᠠᠢ ᠶᠢᠨ ᠭᠠᠵᠡᠷ ᠲᠠᠭᠠᠨ ᠠᠰᠢᠭᠯᠠᠬᠤ ᠴᠢᠳᠠᠪᠤᠷᠢ ᠶᠢ ᠦᠨᠡᠨᠬᠦ ᠲᠡᠭᠡᠭᠰᠢᠯᠡᠬᠦᠯᠦᠨ᠂ ᠡᠨᠧᠷᠬᠢ ᠶᠢᠨ ᠬᠤᠷᠤᠭᠳᠠᠯ ᠪᠤᠯᠤᠨ ᠬᠦᠭᠵᠢᠯᠳᠡ ᠶᠢᠨ ᠲᠦᠪᠡᠭᠳᠡᠢ ᠠᠰᠠᠭᠤᠳᠠᠯ ᠢ ᠰᠢᠢᠳᠪᠤᠷᠢᠯᠡᠨ᠎ᠡ᠃ ᠦᠰᠢ ᠶᠢᠨ ᠴᠧᠩ ᠹᠧᠩ ᠰᠢᠨ᠎ᠡ ᠡᠨᠧᠷᠬᠢ ᠎ ᠶᠢᠨ ᠲᠦᠬᠦᠭᠡᠷᠤᠮᠵᠢ ᠦᠢᠯᠡᠳᠪᠤᠷᠢᠯᠡᠬᠦ ᠳ᠋ᠦᠩ ᠲᠠᠢ ᠬᠢᠵᠠᠭᠠᠷᠳᠤ ᠺᠤᠮᠫᠠᠨᠢ ᠪᠤᠯᠤᠨ ᠬᠠᠷᠪᠢᠨ ᠤ ᠴᠠᠬᠢᠯᠭᠠᠨᠵᠢᠯᠳᠠ ᠶᠢᠨ ᠪᠦᠯᠦᠭᠯᠡᠯ ᠤᠨ ᠬᠢᠵᠠᠭᠠᠷᠳᠤ ᠺᠤᠮᠫᠠᠨᠢ ᠲᠠᠢ ᠠᠵᠢᠯ ᠵᠤᠯᠭᠠᠭᠤᠯᠬᠤ ᠡᠷᠴᠢᠮ ᠢᠶᠠᠨ ᠴᠢᠩᠭᠠᠷᠠᠭᠤᠯᠵᠦ᠂ ᠰᠠᠯᠬᠢᠨ ᠴᠠᠬᠢᠯᠭᠠᠨ ᠤ ᠭᠤᠤᠯ ᠮᠠᠰᠢᠨ᠂ ᠰᠠᠩᠰᠠ ᠵᠡᠷᠭᠡ ᠲᠤᠨᠤᠭᠯᠠᠯ ᠦᠢᠯᠡᠳᠬᠦ ᠲᠦᠷᠦᠯ ᠵᠦᠢᠯ ᠢ ᠵᠢᠯ ᠤᠨ ᠲᠤᠳᠤᠷ᠎ᠡ ᠠᠰᠢᠭᠯᠠᠯᠳᠠ ᠳᠤ ᠤᠷᠤᠭᠤᠯᠵᠦ᠂ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠤᠨᠤᠭᠯᠠᠯ ᠦᠢᠯᠡᠳᠬᠦ᠂ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠦᠬᠦᠭᠡᠷᠤᠮᠵᠢ ᠶᠢᠨ ᠠᠵᠢᠯᠯᠠᠭᠠᠨ ᠢ ᠬᠠᠮᠠᠭᠠᠯᠠᠬᠤ᠂ ᠲᠤᠰᠬᠠᠢ ᠮᠡᠷᠭᠡᠵᠢᠯᠳᠡᠨ ᠢ ᠪᠤᠯᠪᠠᠰᠤᠷᠠᠭᠤᠯᠬᠤ ᠵᠡᠷᠭᠡ ᠠᠵᠦ ᠦᠢᠯᠡᠰ ᠤᠨ ᠪᠦᠬᠦ ᠬᠡᠯᠬᠢᠶᠠᠨ ᠤ ᠰᠢᠨ᠎ᠡ ᠪᠠᠶᠢᠳᠠᠯ ᠢ ᠴᠢᠷᠮᠡᠶᠢᠨ ᠪᠦᠷᠢᠯᠳᠤᠬᠦᠯᠵᠦ᠂ ᠪᠦᠬᠦ ᠠᠶᠢᠮᠠᠭ ᠤᠨ ᠪᠠᠷᠠᠭᠤᠨ ᠭᠡᠰᠡᠭ ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠠᠵᠦ ᠦᠢᠯᠡᠰ ᠤᠳ ᠤᠨ ᠬᠦᠭᠵᠢᠯᠳᠡ ᠶᠢᠨ ᠰᠢᠨ᠎ᠡ ᠴᠡᠭ ᠢ ᠡᠬᠦᠳᠤᠨ᠎ᠡ᠃ ᠮᠠᠯ ᠤᠨ ᠠᠰᠢᠭ ᠰᠢᠮ᠎ᠡ ᠶᠢ ᠪᠤᠯᠪᠠᠰᠤᠷᠠᠭᠤᠯᠬᠤ ᠠᠵᠦ ᠠᠬᠤᠶᠢᠯᠠᠯ ᠎ ᠤᠨ ᠪᠦᠳᠤᠭᠡᠭᠳᠡᠬᠦᠨ ᠢᠶᠠᠨ ᠨᠠᠷᠢᠯᠢᠭ ᠪᠤᠯᠪᠠᠰᠤᠷᠠᠭᠤᠯᠬᠤ ᠪᠡ ᠡᠷᠡᠬᠦᠯᠵᠢᠯ ᠤᠨ ᠪᠦᠳᠤᠭᠡᠭᠳᠡᠬᠦᠨ ᠢ ᠰᠤᠳᠤᠯᠤᠨ ᠨᠡᠭᠡᠭᠡᠬᠦ ᠶᠢ ᠨᠢ ᠬᠦᠳᠤᠯᠤᠨ ᠵᠢᠯᠤᠭᠤᠳᠬᠤ ᠪᠡ ᠵᠤᠷᠢᠭᠵᠢᠭᠤᠯᠵᠦ᠂ ᠮᠠᠯ ᠤᠨ ᠭᠡᠳᠡᠰᠤ ᠲᠤᠳᠤᠷ ᠢ ᠰᠠᠶᠢᠳᠤᠷ ᠠᠰᠢᠭᠯᠠᠵᠦ᠂ ᠰᠲ᠋ᠤᠺ ᠤᠨ ᠡᠷᠭᠡ ᠶᠢᠨ ᠬᠠᠮᠳᠤᠷᠠᠯᠴᠠᠭ᠎ᠠ᠂ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠵᠡᠷᠭᠡ ᠠᠷᠭ᠎ᠠ ᠭᠡᠯᠪᠡᠷᠢ ᠪᠠᠷ᠂ ᠢᠳᠡᠰᠢᠨ ᠤ ᠦᠬᠡᠷ ᠤᠨ ᠠᠰᠢᠭ ᠰᠢᠮ᠎ᠡ ᠶᠢ ᠨᠠᠷᠢᠯᠢᠭ ᠪᠤᠯᠪᠠᠰᠤᠷᠠᠭᠤᠯᠬᠤ ᠦᠢᠯᠡᠳᠪᠤᠷᠢᠯᠡᠯ ᠎ ᠤᠨ ᠱᠤᠭᠤᠮ ᠤᠨ ᠪᠦᠳᠤᠭᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠠᠬᠢᠭᠤᠯᠵᠦ᠂ ᠪᠦᠳᠤᠭᠡᠭᠳᠡᠬᠦᠨ ᠤ ᠨᠡᠮᠡᠯᠳᠡ ᠦᠷᠳᠡᠭ ᠪᠡ ᠨᠠᠷᠡᠳᠤ ᠲᠡᠮᠳᠡᠭᠳᠤ ᠶᠢᠨ ᠨᠦᠯᠦᠬᠡ ᠶᠢ ᠴᠢᠷᠮᠡᠶᠢᠨ ᠲᠡᠭᠡᠭᠰᠢᠯᠡᠬᠦᠯᠦᠨ᠎ᠡ᠃ ᠦᠢᠯᠡᠴᠢᠯᠠᠭᠡᠨ ᠤ ᠦᠢᠯᠡᠰ ᠎ ᠤᠨ ᠪᠦᠬᠦᠯᠢ ᠴᠤᠭᠴᠠ ᠶᠢᠨ ᠬᠢᠷᠢ ᠲᠦᠪᠰᠢᠨ ᠢ ᠦᠨᠡᠨᠬᠦ ᠲᠡᠭᠡᠭᠰᠢᠯᠡᠬᠦᠯᠦᠨ᠎ᠡ᠃ ᠪᠦᠬᠦ ᠤᠯᠤᠰ ᠤᠨ ᠤᠤᠭᠠᠨ ᠤᠯᠠᠭᠠᠨᠮᠦ᠋ᠴᠢᠷ ᠤᠨ ᠨᠡᠷ᠎ᠡ ᠠᠯᠳᠠᠷᠰᠢᠯ ᠳᠤ ᠰᠠᠭᠤᠷᠢᠯᠠᠨ᠂ ᠤᠬᠢ ᠰᠤᠳᠤᠨ ᠵᠢᠭᠤᠯᠴᠢᠯᠠᠯ ᠤᠨ ᠵᠡᠮ ᠱᠤᠭᠤᠮ ᠤᠨ ᠪᠦᠳᠤᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠦ᠂ ᠪᠦᠬᠦ ᠤᠷᠤᠨ ᠲᠤᠭᠤᠷᠢᠭ ᠤᠨ ᠵᠢᠭᠤᠯᠴᠢᠯᠠᠯ ᠪᠡ ︽ᠰᠤᠶᠤᠯ ᠵᠢᠭᠤᠯᠴᠢᠯᠠᠯ +︾᠂ ︽ᠪᠡᠶ᠎ᠡ ᠲᠠᠮᠢᠷ +︾᠎ ᠤᠨ ᠠᠭᠤᠰᠤᠯᠴᠠᠨ ᠬᠦᠭᠵᠢᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠤᠷᠢᠳᠠᠯ ᠲᠤᠤᠷ᠎ᠡ᠂ ︽ᠲᠦᠷᠪᠡᠨ ᠶᠡᠭᠡ ᠪᠠᠶᠠᠷ ᠲᠤᠷᠡᠰᠬᠠᠯ︾᠎ ᠤᠨ ᠰᠤᠶᠤᠯ ᠵᠢᠭᠤᠯᠴᠢᠯᠠᠯ ᠤᠨ ᠨᠡᠷᠡᠳᠤ ᠲᠡᠮᠳᠡᠭ ᠤᠨ ᠠᠵᠢᠯᠯᠠᠭ᠎ᠠ ᠶᠢ ᠬᠦᠨᠵᠡᠬᠡᠢ ᠦᠷᠨᠢᠬᠦᠯᠬᠦ ᠶᠢ ᠦᠷᠬᠦᠯᠵᠢᠯᠡᠨ ᠠᠬᠢᠭᠤᠯᠵᠦ᠂ ᠮᠡᠨ ᠤ ᠬᠤᠰᠢᠭᠤᠨ ᠤ ᠪᠠᠨ ᠨᠡᠷ᠎ᠡ ᠨᠦᠯᠦᠬᠡᠯᠡᠯ ᠢ ᠤᠯᠠᠮ ᠨᠢᠬᠡ ᠠᠯᠬᠤᠮ ᠲᠡᠭᠡᠭᠰᠢᠯᠡᠬᠦᠯᠦᠨ᠎ᠡ᠃ ︽ᠮᠠᠯᠴᠢᠨ ᠠᠶᠢᠯ︾᠎ ᠤᠨ ᠠᠵᠢᠯ ᠲᠦᠷᠦᠯ ᠤᠨ ᠪᠡᠷᠢᠮᠵᠢᠶ᠎ᠠ ᠪᠤᠯᠤᠨ ᠦᠨᠡᠯᠡᠨ ᠲᠤᠭᠳᠠᠭᠠᠬᠤ ᠠᠷᠭ᠎ᠠ ᠶᠢ ᠲᠤᠭᠳᠠᠭᠠᠨ ᠨᠠᠶᠢᠳᠠᠯᠠᠵᠦ᠂ ︽ᠮᠠᠯᠴᠢᠨ ᠠᠶᠢᠯ︾᠎ ᠤᠨ ᠲᠡᠰ ᠲᠡᠪᠰᠢᠯᠳᠠ ᠶᠢ ᠵᠤᠷᠢᠭᠵᠢᠭᠤᠯᠤᠨ ᠵᠢᠯᠤᠭᠤᠳᠴᠦ᠂ ᠵᠢᠭᠤᠯᠴᠢᠯᠠᠯ ᠤᠨ ᠦᠢᠯᠡᠴᠢᠯᠠᠬᠡᠨ ᠤ ᠶᠡᠰᠤ ᠴᠢᠨᠡᠷ ᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠤᠯᠠᠭᠠᠨᠴᠠᠪ — ᠡᠷᠢᠶᠠᠨ ᠬᠤᠳᠠ ᠶᠢᠨ ᠤᠯᠤᠰ ᠤᠨ ᠲᠡᠰ ᠤᠨ ᠪᠠᠷᠠᠭᠠᠨ ᠤ ᠬᠦᠢᠯᠭᠡᠭᠡᠨ ᠤ ᠠᠭᠤᠯᠵᠠᠪᠤᠷᠢ ᠤᠷᠤᠨ ᠪᠠᠶᠢᠷᠢ ᠶᠢᠨ ᠲᠠᠪᠠᠭᠤᠯᠢᠭ ᠲᠤ ᠲᠦᠰᠢᠭᠯᠡᠨ᠂ ᠵᠢᠷᠦᠬᠡ ᠠᠭᠤᠷᠬᠠᠢ ᠶᠢᠨ ᠭᠠᠷᠤᠯᠳᠠ ᠶᠢᠨ ᠲᠡᠮᠦᠷᠯᠢᠭ ᠬᠠᠶᠢᠯᠤᠭᠤᠯᠬᠤ ᠡᠷᠬᠢᠯᠳᠡᠳᠤ ᠠᠵᠦ ᠦᠢᠯᠡᠰ ᠤᠨ ᠲᠤᠭᠤᠷᠢᠭ ᠤᠨ ᠲᠡᠮᠤᠷ ᠵᠡᠮ ᠢᠶᠠᠷ ᠵᠦᠬᠡᠬᠡᠪᠤᠷᠢᠯᠡᠬᠦ ᠪᠠᠷᠠᠭᠠᠨ ᠤ ᠲᠤᠰᠬᠠᠢ ᠲᠠᠯᠠᠪᠤᠷ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠵᠦ᠂ ᠤᠳᠤ ᠦᠶ᠎ᠠ ᠶᠢᠨ ᠬᠦᠮᠦᠷᠭᠡᠯᠡᠨ ᠬᠠᠳᠠᠭᠠᠯᠠᠬᠤ ᠪᠠᠷᠠᠭᠠᠨ ᠤ ᠬᠦᠢᠯᠬᠡᠬᠡᠨ ᠪᠡ ᠬᠦᠢᠳᠡᠨ ᠢᠶᠠᠷ ᠬᠠᠳᠠᠭᠠᠯᠠᠬᠤ ᠪᠠᠷᠠᠭᠠᠨ ᠤ ᠬᠦᠢᠯᠭᠡᠭᠡᠨ ᠤ ᠦᠢᠯᠡᠰ ᠢ ᠬᠦᠴᠦᠷᠭᠡᠭᠵᠢᠬᠦᠯᠦᠨ᠎ᠡ᠃ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠦᠭᠵᠢᠯᠳᠡ ᠶᠢ ᠦᠷᠬᠦᠯᠵᠢᠯᠡᠨ ᠠᠬᠢᠭᠤᠯᠵᠦ᠂ ᠰᠦᠯᠵᠢᠶᠠᠨ ᠬᠤᠳᠠᠯᠳᠤᠭ᠎ᠠ ᠪᠡ ᠪᠤᠳᠠᠳᠤ ᠲᠡᠯᠬᠡᠬᠦᠷ ᠤᠨ ᠨᠢᠭᠡ ᠴᠤᠭᠴᠠᠵᠢᠯᠠᠭᠰᠠᠨ ᠡᠵᠡᠩᠨᠡᠨ ᠪᠤᠷᠤᠯᠠᠭᠤᠯᠬᠤ ᠴᠢᠳᠠᠪᠤᠷᠢ ᠶᠢ ᠪᠦᠬᠦ ᠬᠦᠴᠦ ᠪᠠᠷ ᠢᠶᠠᠨ ᠲᠡᠭᠡᠭᠰᠢᠯᠡᠬᠦᠯᠵᠦ᠂ ᠵᠢᠯ ᠤᠨ ᠲᠤᠳᠤᠷ᠎ᠡ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠮᠦᠩᠬᠦ ᠶᠢ 10 ᠳ᠋ᠦᠩᠰᠢᠭᠤᠷ ᠲᠦᠬᠦᠷᠢᠭ ᠲᠤ ᠬᠦᠷᠭᠡᠬᠦ ᠪᠠᠷ ᠴᠢᠷᠮᠡᠶᠢᠵᠦ᠂ ᠠᠵᠦ ᠠᠬᠤᠢ ᠶᠢᠨ ᠬᠦᠭᠵᠢᠯᠳᠡ ᠶᠢᠨ ᠰᠢᠨ᠎ᠡ ᠨᠡᠮᠡᠭᠳᠡᠯ ᠴᠡᠭ ᠢ ᠪᠤᠶᠢᠵᠢᠭᠤᠯᠤᠨ᠎ᠠ᠃     ︵ᠲᠦᠷᠪᠡ︶ ᠦᠨᠳᠤᠰᠤ ᠪᠠᠨ ᠪᠠᠬᠢᠵᠢᠬᠦᠯᠦᠨ ᠰᠠᠭᠤᠷᠢ ᠪᠠᠨ ᠴᠢᠩᠭᠠᠳᠬᠠᠬᠤ ᠶᠢ ᠲᠤᠪᠤᠶᠢᠯᠭᠠᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠬᠦ ᠬᠦᠴᠦ ᠪᠠᠷ ᠢᠶᠠᠨ ᠲᠦᠯᠬᠢᠨ ᠠᠬᠢᠭᠤᠯᠤᠨ᠎ᠠ᠃ 5 ᠵᠢᠯ ᠤᠨ ᠰᠢᠯᠵᠢᠯᠳᠠ ᠶᠢᠨ ᠬᠤᠭᠤᠴᠠᠭᠠᠨ ᠤ ᠲᠦᠷᠦ ᠶᠢᠨ ᠪᠤᠳᠤᠯᠭ᠎ᠠ ᠶᠢ ᠬᠦᠢᠴᠡᠳ ᠰᠠᠶᠢᠳᠤᠷ ᠠᠰᠢᠭᠯᠠᠵᠦ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠤᠨ ᠦᠷ᠎ᠡ ᠪᠦᠳᠤᠭᠡᠯ ᠢ ᠪᠠᠬᠢᠵᠢᠬᠦᠯᠦᠨ ᠦᠷᠭᠡᠳᠭᠡᠬᠦ ᠠᠵᠢᠯ ᠢ ᠬᠦᠳᠡᠭᠡ ᠲᠤᠰᠬᠤᠨ ᠮᠠᠯᠵᠢᠬᠤ ᠤᠷᠤᠨ ᠢ ᠬᠦᠭᠵᠢᠬᠦᠯᠦᠨ ᠮᠠᠨᠳᠤᠭᠤᠯᠬᠤ ᠠᠵᠢᠯ ᠲᠠᠢ ᠪᠦᠳᠤᠮᠵᠢᠳᠠᠢ ᠵᠤᠯᠭᠠᠭᠤᠯᠵᠦ᠂ ᠲᠠᠷᠢᠶᠠᠯᠠᠩ ᠮᠠᠯ ᠠᠵᠦ ᠠᠬᠤᠢ ᠶᠢᠨ ᠦᠨᠳᠤᠷ ᠦᠷ᠎ᠡ ᠠᠰᠢᠭ ᠲᠠᠢ᠂ ᠬᠦᠳᠡᠭᠡ ᠲᠤᠰᠬᠤᠨ ᠮᠠᠯᠵᠢᠬᠤ ᠤᠷᠤᠨ ᠤ ᠤᠷᠤᠨ ᠰᠠᠭᠤᠴᠠ ᠲᠤᠬᠢᠷᠠᠮᠵᠢᠳᠠᠢ᠂ ᠮᠠᠯᠴᠢᠨ ᠲᠠᠷᠢᠶᠠᠴᠢᠳ ᠪᠡᠶᠡᠨ ᠴᠢᠨᠡᠭᠡᠯᠢᠭ ᠪᠠᠶᠢᠬᠤ ᠶᠢ ᠠᠬᠢᠭᠤᠯᠤᠨ᠎ᠠ᠃ ᠶᠠᠳᠠᠭᠤ ᠠᠴᠠ ᠠᠩᠬᠢᠵᠢᠷᠠᠭᠤᠯᠬᠤ ᠴᠢᠨᠡᠷ ᠴᠢᠨᠰᠠᠭ᠎ᠠ ᠶᠢ ᠲᠡᠭᠡᠭᠰᠢᠯᠡᠬᠦᠯᠦᠨ᠎ᠡ᠃ ︽ᠲᠦᠷᠪᠡ ᠶᠢ ᠦᠯᠦ ᠲᠠᠶᠠᠭᠳᠠᠬᠤ︾14᠎ ᠶᠢ ᠴᠢᠩᠭ᠎ᠠ ᠨᠠᠶᠢᠳᠠᠪᠤᠷᠢᠵᠢᠭᠤᠯᠵᠦ᠂ ᠭᠤᠤᠯ ᠪᠤᠯᠬᠤ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠡᠷᠦᠩᠭᠡᠢ ᠳᠡᠭᠡᠨ ᠲᠤᠭᠳᠠᠭᠤᠨ ᠪᠠᠶᠢᠬᠤ ᠶᠢ ᠪᠠᠳᠤᠯᠠᠵᠦ᠂ ᠲᠡᠬᠢᠨ ᠶᠠᠳᠠᠭᠤᠷᠠᠬᠤ ᠶᠢ ᠬᠢᠨᠠᠨ ᠲᠦᠰᠦᠭᠡᠯᠡᠬᠦ ᠪᠡ ᠬᠠᠪᠰᠤᠷᠤᠨ ᠲᠡᠳᠬᠦᠬᠦ ᠲᠦᠷᠢᠮ ᠢ ᠪᠦᠷᠢᠨᠰᠢᠬᠦᠯᠵᠦ᠂ ᠤᠷᠤᠯᠭ᠎ᠠ ᠶᠢᠨ ᠬᠤᠪᠢᠷᠠᠯᠳᠠ᠂ ︽ᠬᠤᠶᠠᠷ ᠲᠤ ᠵᠤᠪᠠᠭ᠋ᠤ ᠦᠬᠡᠢ᠂ ᠭᠤᠷᠪᠡᠨ ᠪᠠᠳᠤᠯᠠᠭ᠎ᠠ ᠲᠠᠢ ᠪᠠᠶᠢᠬᠤ︾15 ᠪᠡ ᠠᠮᠤᠷ ᠲᠦᠪᠰᠢᠨ ᠤᠤᠭᠤᠬᠤ ᠤᠰᠤᠨ ᠤ ᠢᠨᠵᠧᠨᠧᠷᠢᠩ ᠢ ᠪᠠᠬᠢᠵᠢᠬᠦᠯᠦᠭᠰᠡᠨ ᠪᠠᠶᠢᠳᠠᠯ ᠢ ᠭᠤᠤᠯᠳᠠᠯᠭ᠎ᠠ ᠲᠠᠢ ᠬᠢᠨᠠᠨ ᠬᠡᠮᠵᠢᠵᠦ᠂ ᠶᠡᠭᠡ ᠭᠡᠪᠴᠢᠶ᠎ᠠ ᠪᠠᠷ ᠲᠡᠬᠢᠨ ᠶᠠᠳᠠᠭᠤᠷᠠᠬᠤ ᠶᠢ ᠰᠡᠷᠭᠡᠶᠢᠯᠡᠨ᠎ᠡ᠃ ᠪᠡᠭᠡᠵᠢᠩ ᠦᠪᠤᠷ ᠮᠤᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭ᠎ᠠ ᠪᠤᠯᠤᠨ ᠲᠤᠮᠳᠠᠳᠤ ᠤᠯᠤᠰ ᠎ ᠤᠨ ᠠᠭᠠᠷ ᠠᠶᠠᠯᠠᠯ ᠤᠨ ᠪᠦᠯᠦᠭᠯᠡᠯ ᠤᠨ ᠴᠡᠭ ᠲᠤᠭᠳᠠᠭᠠᠨ ᠬᠠᠪᠰᠤᠷᠤᠨ ᠲᠡᠳᠬᠦᠬᠦ ᠠᠵᠢᠯ ᠢ ᠬᠦᠨᠵᠡᠬᠡᠶᠢᠷᠡᠬᠦᠯᠦᠨ᠎ᠡ᠃ ᠶᠠᠳᠠᠭᠤ ᠶᠢ ᠲᠡᠳᠬᠦᠬᠦ ᠪᠡᠯᠡ ᠮᠦᠩᠬᠦ᠂ ᠡᠳ᠋ ᠬᠦᠷᠦᠩᠭᠡ ᠶᠢᠨ ᠬᠠᠮᠢᠶᠠᠷᠤᠯᠳᠠ ᠪᠡ ᠬᠢᠨᠠᠯᠳᠠ ᠶᠢ ᠴᠢᠩᠭᠠᠳᠬᠠᠵᠦ᠂ ᠦᠷ᠎ᠡ ᠠᠰᠢᠭ ᠢ ᠦᠷᠬᠦᠯᠵᠢᠯᠡᠨ ᠪᠠᠳᠠᠷᠠᠭᠤᠯᠬᠤ ᠶᠢ ᠦᠨᠡᠨᠬᠦ ᠪᠠᠳᠤᠯᠠᠨ᠎ᠠ᠃ ᠠᠵᠦ ᠦᠢᠯᠡᠰ ᠢ ᠬᠦᠭᠵᠢᠬᠦᠯᠦᠨ ᠮᠠᠨᠳᠤᠭᠤᠯᠬᠤ ᠶᠢ ᠶᠡᠭᠡᠪᠡᠷ ᠠᠬᠢᠭᠤᠯᠤᠨ᠎ᠠ᠃ ᠮᠠᠯᠴᠢᠨ ᠲᠠᠷᠢᠶᠠᠴᠢᠳ ᠢ ᠵᠤᠷᠢᠬᠵᠢᠭᠤᠯᠤᠨ ᠬᠦᠳᠤᠯᠤᠨ ᠵᠢᠯᠤᠭᠤᠳᠴᠦ ᠪᠠᠶᠢᠭᠠᠳ ᠠᠮᠢ ᠠᠬᠤᠢ ᠶᠢᠨ ᠮᠠᠯ ᠠᠵᠦ ᠠᠬᠤᠢ ᠶᠢ ᠶᠡᠬᠡᠪᠡᠷ ᠬᠦᠭᠵᠢᠬᠦᠯᠦᠭᠰᠡᠨ ᠰᠠᠭᠤᠷᠢᠨ ᠲᠡᠭᠡᠷ᠎ᠡ᠂ ᠤᠨᠴᠠᠯᠢᠭᠳᠤ ᠲᠡᠷᠢᠵᠦ ᠲᠡᠵᠢᠬᠡᠬᠦ᠂ ᠤᠯᠠᠮᠵᠢᠯᠠᠯᠳᠤ ᠴᠠᠭᠠᠨ ᠢᠳᠡᠭᠡᠨ᠂ ᠰᠡᠯᠡᠬᠦᠴᠠᠯ ᠵᠢᠭᠤᠯᠴᠢᠯᠠᠯ᠂ ᠡᠯᠧᠺᠲᠷᠤᠨ ᠬᠤᠳᠠᠯᠳᠤᠭᠠᠨ ᠤ ᠶᠠᠪᠤᠳᠠᠯ ᠵᠡᠷᠭᠡ ᠰᠢᠨ᠎ᠡ ᠠᠵᠦ ᠦᠢᠯᠡᠰ ᠢ ᠲᠤᠬᠠᠢ ᠶᠢᠨ ᠭᠠᠵᠡᠷ ᠤᠨ ᠪᠠᠶᠢᠳᠠᠯ ᠳᠤᠨᠢ ᠲᠤᠬᠢᠷᠠᠭᠤᠯᠤᠨ ᠲᠡᠳᠬᠦᠨ ᠬᠦᠭᠵᠢᠬᠦᠯᠦᠨ᠎ᠡ᠃ ᠪᠠᠷᠢᠮᠵᠢᠶᠠᠵᠢᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠶᠡᠭᠡᠪᠡᠷ ᠪᠤᠶᠢᠵᠢᠭᠤᠯᠵᠦ᠂ ᠮᠠᠯᠴᠢᠨ ᠲᠠᠷᠢᠶᠠᠴᠢᠳ ᠤᠨ ᠬᠤᠷᠰᠢᠶᠠᠵᠢᠯ ᠤᠨ ᠬᠦᠭᠵᠢᠯᠳᠡ ᠶᠢᠨ ᠶᠡᠰᠤ ᠴᠢᠨᠡᠷ ᠢ ᠲᠠᠰᠤᠷᠠᠯᠳᠠ ᠦᠬᠡᠢ ᠲᠡᠭᠡᠭᠰᠢᠯᠡᠬᠦᠯᠵᠦ᠂ ᠮᠠᠯᠴᠢᠨ ᠲᠠᠷᠢᠶᠠᠴᠢᠳ ᠲᠠᠢ ᠨᠢᠭᠳᠠ ᠬᠤᠯᠪᠤᠭᠳᠠᠬᠤ ᠠᠰᠢᠭ ᠲᠤᠰᠠ ᠶᠢᠨ ᠬᠤᠯᠪᠤᠭᠠᠳᠤ ᠲᠤᠭᠳᠠᠴᠠ ᠶᠢ ᠪᠠᠶᠢᠭᠤᠯᠵᠦ᠂ ᠰᠢᠨ᠎ᠡ ᠭᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠶᠢᠨ ᠨᠠᠶᠢᠳᠠᠨ ᠮᠠᠯᠵᠢᠭᠤᠯᠬᠤ ᠲᠤᠷᠰᠢᠯᠳᠠ ᠶᠢᠨ ᠴᠡᠭ ᠤᠨ ᠠᠵᠢᠯ ᠢ ᠰᠦᠪᠡᠭᠴᠢᠯᠠᠨ ᠠᠬᠢᠭᠤᠯᠵᠦ᠂ ᠮᠠᠯᠴᠢᠨ ᠲᠠᠷᠢᠶᠠᠴᠢᠳ ᠲᠤ ᠠᠵᠦ ᠦᠢᠯᠡᠰ ᠤᠨ ᠭᠡᠯᠬᠢᠶᠠᠨ ᠤ ᠡᠯ᠎ᠡ ᠭᠤᠭᠤᠴᠠᠭᠠᠨ ᠳᠠᠬᠢ ᠨᠡᠮᠡᠭᠳᠡᠯ ᠦᠷᠳᠡᠭ ᠤᠨ ᠠᠰᠢᠭ ᠬᠤᠨᠵᠢᠪᠤᠷᠢ ᠶᠢ ᠨᠠᠩ ᠢᠯᠡᠬᠦᠦ ᠬᠦᠷᠳᠡᠭᠡᠨ᠎ᠡ᠃ ᠬᠦᠳᠡᠯᠮᠤᠷᠢ ᠬᠦᠴᠦᠨ ᠤ ᠠᠵᠢᠯ ᠤᠨ ᠪᠠᠶᠢᠷᠢ ᠶᠢ ᠲᠤᠭᠳᠠᠪᠤᠷᠢᠵᠢᠭᠤᠯᠤᠨ ᠠᠵᠢᠯ ᠤᠯᠭᠤᠬᠤ ᠠᠵᠢᠯ ᠢ ᠰᠠᠶᠢᠳᠤᠷ ᠬᠢᠵᠦ᠂ ᠰᠢᠨ᠎ᠡ ᠬᠡᠯᠪᠡᠷᠢ ᠶᠢᠨ ᠠᠵᠢᠯ ᠲᠦᠷᠤᠯ ᠤᠨ ᠮᠠᠯᠴᠢᠨ ᠲᠠᠷᠢᠶᠠᠴᠢᠳ ᠢ ᠶᠡᠭᠡᠪᠡᠷ ᠬᠦᠮᠦᠵᠢᠬᠦᠯᠦᠨ᠂ ᠰᠢᠯᠵᠢᠬᠦᠯᠦᠨ ᠠᠵᠢᠯ ᠤᠯᠭᠤᠬᠤ ᠠᠵᠢᠯ ᠢ ᠶᠡᠭᠡᠪᠡᠷ ᠵᠤᠬᠢᠶᠠᠨ ᠪᠠᠶᠢᠭᠤᠯᠵᠦ᠂ ᠤᠷᠤᠯᠭ᠎ᠠ ᠶᠢᠨ ᠲᠤᠭᠳᠠᠭᠤᠨ ᠨᠡᠮᠡᠭᠳᠡᠯ ᠢ ᠦᠨᠡᠨᠬᠦ ᠪᠠᠳᠤᠯᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠪᠦᠳᠤᠭᠡᠨ ᠪᠠᠶᠢᠭᠤᠯᠤᠯᠳᠠ ᠶᠢᠨ ᠠᠵᠢᠯᠯᠠᠭ᠎ᠠ ᠶᠢ ᠶᠠᠪᠤᠭᠳᠠᠭᠤᠯᠤᠨ᠎ᠠ᠃ ᠤᠯᠠᠨ ᠨᠠᠶᠢᠳᠠ ᠶᠢᠨ ᠦᠢᠯᠡᠴᠢᠯᠠᠬᠡᠨ ᠤ ᠲᠤᠭᠳᠠᠯᠴᠠᠭ᠎ᠠ ᠶᠢᠨ ᠪᠦᠳᠤᠭᠡᠨ ᠪᠠᠶᠢᠭᠤᠯᠤᠯᠳᠠ ᠶᠢ ᠴᠢᠩᠭᠠᠳᠬᠠᠵᠦ᠂ ᠮᠠᠯᠵᠢᠬᠤ ᠲᠡᠷᠢᠶᠠᠯᠠᠬᠤ ᠤᠷᠤᠨ ᠤ ᠶᠡᠷᠦᠩᠭᠡᠶᠢᠯᠡᠭᠰᠡᠨ ᠦᠬᠡᠷᠡᠴᠢᠯᠠᠯᠳᠠ ᠶᠢ ᠦᠷᠬᠦᠯᠵᠢᠯᠡᠨ ᠬᠦᠨᠵᠡᠭᠡᠶᠢᠷᠡᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠡ ᠶᠢᠨ ᠠᠮᠢᠵᠢᠷᠠᠯ ᠤᠨ ᠬᠦᠴᠦᠨ ᠎ ᠢ  ᠬᠦᠭᠵᠢᠬᠡᠨ᠎ᠡ᠃ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠵᠦ ᠲᠡᠭᠡᠭᠰᠢᠯᠡᠬᠦᠯᠬᠦ ᠠᠵᠢᠯᠯᠠᠭ᠎ᠠ ᠶᠢ ᠦᠷᠨᠢᠬᠦᠯᠵᠦ᠂ ᠬᠦᠮᠦᠨ ᠠᠷᠠᠳ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠤᠯᠠᠮ ᠨᠢᠬᠡ ᠠᠯᠬᠤᠮ ᠰᠠᠶᠢᠵᠢᠷᠠᠭᠤᠯᠵᠦ᠂ ᠬᠠᠮᠢᠶᠠᠷᠴᠦ ᠬᠠᠮᠠᠭᠠᠯᠠᠬᠤ ᠤᠷᠳᠤ ᠬᠤᠭᠤᠴᠠᠭᠠᠨ ᠤ ᠪᠦᠳᠤᠮᠵᠢᠳᠤ ᠲᠤᠭᠳᠠᠴᠠ ᠶᠢ ᠰᠦᠪᠡᠭᠴᠢᠯᠠᠨ ᠪᠠᠶᠢᠭᠤᠯᠤᠨ᠎ᠠ᠃ ︽ᠵᠤᠷᠯᠤᠩ ᠢ ᠦᠬᠡᠷᠡᠴᠢᠯᠠᠬᠦ︾ ᠠᠵᠢᠯ ᠳᠤ ᠤᠷᠤᠰᠢᠵᠦ ᠪᠠᠶᠢᠭ᠎ᠠ ᠠᠰᠠᠭᠤᠳᠠᠯ ᠢ ᠪᠡᠶᠢᠴᠠᠭᠠᠨ ᠴᠡᠭᠴᠡᠯᠡᠵᠦ ᠵᠠᠰᠠᠬᠤ ᠠᠵᠢᠯ ᠢ ᠪᠦᠬᠦ ᠲᠠᠯ᠎ᠠ ᠪᠠᠷ ᠦᠷᠨᠢᠬᠦᠯᠵᠦ᠂ ︽ᠵᠤᠷᠯᠤᠩ ᠤᠨ ᠦᠬᠡᠷᠡᠴᠢᠯᠠᠯᠳᠠ︾᠎ ᠶᠢ ᠵᠦᠢ ᠵᠤᠬᠢᠰᠳᠠᠢ ᠡᠮᠬᠢ ᠲᠢᠭᠯᠢᠮ ᠲᠠᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠤᠤᠭᠤᠬᠤ ᠤᠰᠤᠨ ᠤ ᠠᠮᠤᠷ ᠲᠦᠪᠰᠢᠨ ᠤ ᠲᠡᠭᠡᠭᠰᠢᠯᠡᠬᠦᠯᠦᠯᠳᠠ ᠶᠢᠨ ᠢᠨᠵᠧᠨᠧᠷᠢᠩ ᠢ ᠰᠠᠶᠢᠳᠤᠷ ᠵᠤᠬᠢᠶᠠᠨ ᠪᠠᠶᠢᠭᠤᠯᠤᠨ ᠭᠡᠷᠡᠭᠵᠢᠬᠦᠯᠵᠦ᠂ ᠰᠢᠨ᠎ᠡ ᠪᠠᠷ 20 ᠬᠤᠳᠳᠤᠭ᠂ 70 ᠬᠠᠭᠤᠷᠡᠢ ᠬᠤᠳᠳᠤᠭ ᠮᠠᠯᠳᠠᠵᠦ᠂ ᠲᠦᠪᠯᠡᠷᠡᠬᠦᠯᠦᠨ ᠤᠰᠤ ᠬᠠᠩᠭᠠᠬᠤ ᠢᠨᠵᠧᠨᠧᠷᠢᠩ 1᠎ ᠶᠢ ᠭᠡᠷᠡᠭᠵᠢᠬᠦᠯᠤᠨ᠎ᠡ᠃ ᠰᠢᠨ᠎ᠡ ᠡᠭᠡᠯᠵᠢ ᠶᠢᠨ ᠬᠦᠳᠡᠭᠡ ᠲᠤᠰᠬᠤᠨ ᠤ ᠴᠠᠬᠢᠯᠭᠠᠨ ᠲᠤᠤᠷ ᠤᠨ ᠦᠬᠡᠷᠡᠴᠢᠯᠠᠯᠳᠠ ᠶᠢᠨ ᠢᠨᠵᠧᠨᠧᠷᠢᠩ ᠢ ᠰᠠᠶᠢᠳᠤᠷ ᠦᠷᠨᠢᠬᠦᠯᠵᠦ᠂ 127.9 ᠺᠢᠯᠦᠮᠧᠲᠷ ᠤᠨ ᠴᠠᠬᠢᠯᠭᠠᠨ ᠬᠠᠩᠭᠠᠬᠤ ᠤᠳᠠᠰᠤ ᠶᠢ ᠦᠬᠡᠷᠡᠴᠢᠯᠠᠬᠦ ᠪᠤᠶᠤ ᠰᠢᠨ᠎ᠡ ᠪᠠᠷ ᠲᠠᠳᠠᠨ᠎ᠠ᠃ ᠬᠤᠳᠠ ᠬᠦᠳᠡᠭᠡᠨ ᠤ ᠵᠡᠮ ᠬᠠᠷᠢᠯᠴᠠᠭᠠᠨ ᠤ ᠨᠢᠭᠡ ᠴᠤᠭᠴᠠᠵᠢᠭᠰᠠᠨ ᠬᠦᠭᠵᠢᠯᠳᠡ ᠶᠢ ᠠᠬᠢᠭᠤᠯᠵᠦ᠂ ︽ᠲᠦᠷᠪᠡᠨ ᠰᠠᠶᠢᠳᠠᠢ ᠬᠦᠳᠡᠭᠡ ᠲᠤᠰᠬᠤᠨ ᠤ ᠵᠡᠮ︾16᠎ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠵᠦ᠂ ︽ᠷᠡᠰᠢᠶᠠᠨᠳᠤ — ᠤᠷᠳᠤᠭᠤᠤᠯ ᠢ ᠬᠤᠯᠪᠤᠭᠰᠠᠨ ᠬᠦᠳᠡᠭᠡ ᠲᠤᠰᠬᠤᠨ ᠤ ᠵᠡᠮ︾ ᠵᠡᠷᠭᠡ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠡᠮ ᠤᠨ ᠨᠢᠭᠡ ᠪᠦᠯᠦᠭ ᠲᠦᠷᠦᠯ ᠵᠦᠢᠯ ᠢ ᠭᠡᠷᠡᠭᠵᠢᠬᠦᠯᠵᠦ᠂ ᠤᠯᠤᠰ ᠪᠡ ᠮᠤᠵᠢ ᠶᠢᠨ ᠲᠡᠰ ᠤᠨ ᠭᠤᠤᠯ ᠵᠡᠮ ᠪᠤᠯᠤᠨ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠡᠮ ᠤᠨ ᠬᠠᠵᠠᠭᠤ ᠳᠠᠬᠢ ᠲᠤᠤᠷ ᠬᠦᠷᠢᠶ᠎ᠠ ᠪᠡ ᠲᠤᠭᠳᠠᠭᠠᠯ ᠎ ᠢ ᠵᠦᠷᠢᠴᠠᠨ ᠪᠠᠷᠢᠭᠰᠠᠨ ᠪᠡᠷᠢᠯᠭ᠎ᠠ ᠶᠢ ᠴᠡᠪᠡᠷᠯᠡᠨ ᠴᠡᠭᠴᠡᠯᠡᠬᠦ ᠠᠵᠢᠯ ᠢ ᠦᠷᠬᠦᠯᠵᠢᠯᠠᠨ ᠠᠬᠢᠭᠤᠯᠤᠨ᠎ᠠ᠃ 4G ᠴᠢᠮᠡᠭᠡ ᠨᠡᠪᠳᠡᠷᠡᠯᠬᠡ ᠶᠢᠨ 5 ᠰᠠᠭᠤᠷᠢ ᠦᠷᠳᠡᠭᠡ᠂ 5G ᠴᠢᠮᠡᠭᠡ ᠨᠡᠪᠳᠡᠷᠡᠯᠬᠡ ᠶᠢᠨ 75 ᠰᠠᠭᠤᠷᠢ ᠦᠷᠳᠡᠭᠡ ᠶᠢ ᠰᠢᠨ᠎ᠡ ᠪᠠᠷ ᠪᠠᠶᠢᠭᠤᠯᠵᠦ᠂ ᠪᠤᠶᠢᠳᠠ ᠪᠦᠭᠯᠡᠬᠦᠦ ᠮᠠᠯᠵᠢᠬᠤ ᠤᠷᠤᠨ ᠤ ᠴᠢᠮᠡᠭᠡ ᠨᠡᠪᠳᠡᠷᠡᠯᠬᠡ ᠶᠢᠨ ᠲᠤᠬᠢᠶᠠᠨ ᠤ ᠪᠦᠷᠬᠦᠴᠠ ᠪᠡ ᠬᠤᠳᠠ ᠪᠠᠯᠭᠠᠰᠤᠨ ᠤ ᠲᠤᠭᠠᠴᠢᠯᠠᠭᠰᠠᠨ ᠠᠵᠦ ᠠᠬᠤᠢ ᠶᠢᠨ ᠬᠦᠭᠵᠢᠯᠳᠡ ᠶᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠭᠰᠠᠨ ᠲᠤᠷᠰᠢᠯᠳᠠ ᠶᠢᠨ ᠴᠡᠭ ᠤᠨ ᠠᠵᠢᠯ ᠢ ᠠᠬᠢᠭᠤᠯᠤᠨ᠎ᠠ᠃ ᠲᠤᠷᠰᠢᠯᠳᠠ ᠶᠢᠨ ᠴᠡᠭ ᠲᠤ ᠤᠷᠢᠳᠡᠪᠡᠷ ᠭᠡᠷᠡᠭᠵᠢᠬᠦᠯᠬᠦ ᠪᠤᠯᠤᠨ ᠴᠡᠭ ᠢᠶᠠᠷ ᠪᠦᠬᠦ ᠲᠠᠯ᠎ᠠ ᠶᠢ ᠲᠠᠶᠢᠴᠢᠯᠠᠬᠤ ᠶᠢ ᠪᠠᠷᠢᠮᠳᠠᠯᠠᠵᠦ᠂ ᠵᠢᠯ ᠤᠨ ᠲᠤᠳᠤᠷ᠎ᠡ ᠡᠯ᠎ᠡ ᠰᠤᠮᠤ ᠪᠠᠯᠭᠠᠰᠤᠨ ᠤ 1 — 2 ᠭᠠᠴᠠᠭᠠᠨ ᠳᠤ ᠲᠤᠷᠰᠢᠯᠳᠠ ᠶᠢᠨ ᠴᠡᠭ ᠤᠨ ᠠᠵᠢᠯ ᠢ ᠦᠷᠨᠢᠬᠦᠯᠵᠦ᠂ ᠤᠳᠤ ᠦᠶ᠎ᠠ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ᠂ ᠬᠠᠳᠤᠯᠠᠩ ᠪᠡᠯᠴᠢᠬᠡᠷ ᠢ ᠨᠠᠶᠢᠯᠡᠬᠦᠯᠦᠨ ᠡᠷᠬᠢᠯᠳᠤᠬᠦᠯᠬᠦ᠂ ᠲᠡᠵᠢᠬᠡᠯ ᠪᠤᠷᠳᠤᠭ᠎ᠠ ᠨᠦᠬᠡᠴᠡᠯᠡᠬᠦ᠂ ᠠᠮᠢᠳᠠᠨ ᠤ ᠬᠢᠵᠢᠭ ᠢ ᠰᠡᠷᠭᠡᠶᠢᠯᠡᠨ ᠵᠠᠰᠠᠬᠤ ᠨᠠᠶᠢᠬᠡᠮᠴᠢᠯᠡᠭᠰᠡᠨ ᠦᠢᠯᠡᠴᠢᠯᠡᠭᠡᠨ ᠤ ᠲᠤᠭᠳᠠᠯᠴᠠᠭ᠎ᠠ ᠶᠢᠨ ᠪᠠᠶᠢᠭᠤᠯᠤᠯᠳᠠ ᠵᠡᠷᠭᠡ ᠲᠠᠯ᠎ᠠ ᠪᠠᠷ ᠢᠳᠡᠪᠬᠢᠳᠡᠢ ᠰᠦᠪᠡᠭᠴᠢᠯᠠᠯᠳᠠ ᠬᠢᠵᠦ᠂ ᠪᠤᠳᠠᠳᠠᠢ ᠳᠤ ᠨᠠᠶᠢᠴᠡᠭᠰᠡᠨ᠂ ᠲᠦᠬᠡᠮᠡᠯᠵᠢᠬᠦᠯᠵᠦ ᠪᠤᠯᠬᠤ ᠲᠤᠷᠰᠢᠯᠭ᠎ᠠ ᠪᠡ ᠠᠷᠭ᠎ᠠ ᠬᠢᠳᠡᠯ ᠢ ᠴᠢᠷᠮᠡᠶᠢᠨ ᠰᠡᠳᠬᠢᠵᠦ᠂ ᠪᠦᠬᠦ ᠬᠤᠰᠢᠭᠤᠨ ᠤ ᠮᠠᠯᠵᠢᠬᠤ ᠤᠷᠤᠨ ᠤ ᠤᠳᠤᠬᠢᠴᠢᠯᠠᠯᠳᠠ ᠶᠢᠨ ᠠᠵᠢᠯ ᠰᠢᠪᠳᠤᠯᠤᠯᠳᠠ ᠶᠢᠨ ᠴᠢᠨᠡᠷᠳᠡᠢ ᠠᠬᠢᠴᠠ ᠲᠠᠢ ᠪᠤᠯᠬᠤ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠵᠠᠰᠠᠯᠳᠠ ᠶᠢᠨ ᠴᠢᠳᠠᠪᠤᠷᠢ ᠶᠢ ᠲᠡᠭᠡᠭᠰᠢᠯᠡᠬᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠵᠠᠰᠠᠯᠳᠠ ᠶᠢᠨ ᠲᠤᠭᠳᠠᠯᠴᠠᠭ᠎ᠠ ᠶᠢ ᠲᠠᠰᠤᠷᠠᠯᠳᠠ ᠦᠬᠡᠢ ᠲᠡᠬᠦᠯᠳᠡᠷᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠦᠵᠡᠯ ᠰᠠᠨᠠᠭ᠎ᠠ ᠶᠤᠰᠤ ᠮᠤᠷᠠᠯ ᠤᠨ ᠪᠠᠶᠢᠭᠤᠯᠤᠯᠳᠠ ᠶᠢ ᠴᠢᠩᠭᠠᠳᠬᠠᠨ᠂ ᠰᠤᠮᠤ ᠪᠠᠯᠭᠠᠰᠤ᠂ ᠭᠠᠴᠠᠭ᠎ᠠ ᠲᠤᠰᠬᠤᠨ ᠤ ᠰᠤᠶᠤᠯ ᠤᠨ ᠠᠵᠢᠯᠯᠠᠭᠠᠨ ᠤ ᠰᠠᠭᠤᠷᠢᠨ ᠭᠠᠵᠡᠷ ᠤᠨ ᠪᠡᠷᠢᠮᠵᠢᠶᠠᠵᠢᠭᠰᠠᠨ ᠪᠦᠳᠤᠭᠡᠨ ᠪᠠᠶᠢᠭᠤᠯᠤᠯᠳᠠ ᠪᠡ ᠦᠢᠯᠡᠴᠢᠯᠠᠭᠡᠨ ᠤ ᠴᠢᠳᠠᠪᠤᠷᠢ ᠶᠢᠨ ᠲᠡᠭᠡᠭᠰᠢᠯᠡᠯᠳᠠ ᠶᠢ ᠠᠬᠢᠭᠤᠯᠤᠨ᠂ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠵᠦ ᠂ ᠰᠠᠶᠢᠨ ᠰᠠᠶᠢᠬᠠᠨ ᠭᠡᠪ ᠰᠤᠷᠳᠠᠯ ᠲᠠᠢ ᠪᠤᠯᠭᠠᠵᠦ᠂ ᠮᠠᠯᠵᠢᠬᠤ ᠲᠠᠷᠢᠶᠠᠯᠠᠬᠤ ᠤᠷᠤᠨ ᠤ ᠨᠡᠶᠢᠬᠡᠮ ᠤᠨ ᠪᠤᠯᠪᠠᠰᠤᠨ ᠤ ᠭᠡᠮᠵᠢᠶ᠎ᠠ ᠶᠢ ᠲᠡᠭᠡᠭᠰᠢᠯᠡᠬᠦᠯᠦᠨ᠎ᠡ᠃ ᠲᠤᠤᠷᠴᠢᠯᠠᠭᠰᠠᠨ ᠬᠠᠮᠢᠶᠠᠷᠤᠯᠳᠠ ᠶᠢ ᠬᠦᠨᠵᠡᠬᠡᠶᠢᠷᠡᠬᠦᠯᠵᠦ᠂ ᠮᠠᠯᠴᠢᠨ ᠲᠠᠷᠢᠶᠠᠴᠢᠳ ᠤᠨ ᠦᠪᠡᠷᠳᠡᠭᠡᠨ ᠵᠠᠰᠠᠬᠤ ᠲᠦᠷᠢᠮ ᠪᠡ ᠲᠤᠰᠬᠤᠨ ᠤ ᠲᠦᠷᠢᠮ ᠠᠷᠠᠳ ᠤᠨ ᠭᠡᠷ᠎ᠡ ᠶᠢ ᠲᠡᠬᠦᠯᠳᠡᠷᠵᠢᠬᠦᠯᠵᠦ᠂ ᠦᠨᠳᠤᠰᠤᠨ ᠱᠠᠳᠤᠨ ᠤ ᠨᠡᠶᠢᠬᠡᠮ ᠤᠨ ᠵᠠᠰᠠᠯᠳᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃     ︵ᠲᠠᠪᠤ︶ ᠬᠦᠮᠦᠨ ᠢᠶᠠᠷ ᠦᠨᠳᠤᠰᠤ ᠪᠤᠯᠭᠠᠬᠤ ᠶᠢ ᠲᠤᠪᠤᠶᠢᠯᠭᠠᠵᠦ᠂ ᠬᠤᠳᠠ ᠪᠠᠯᠭᠠᠰᠤᠨ ᠤ ᠬᠦᠭᠵᠢᠯᠳᠡ ᠎ ᠶᠢᠨ ᠤᠷᠤᠨ ᠵᠠᠢ ᠶᠢ ᠦᠷᠭᠡᠳᠭᠡᠨ᠎ᠡ᠃ ᠬᠦᠮᠦᠨ ᠢᠶᠠᠷ ᠭᠤᠤᠯ ᠪᠤᠯᠭᠠᠭᠰᠠᠨ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠦᠳᠤᠭᠡᠨ ᠪᠠᠶᠢᠭᠤᠯᠤᠯᠳᠠ ᠶᠢ ᠠᠬᠢᠭᠤᠯᠵᠦ᠂ ᠬᠤᠳᠠ ᠪᠠᠯᠭᠠᠰᠤᠨ ᠤ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢ ᠪᠦᠬᠦ ᠲᠠᠯ᠎ᠠ ᠪᠠᠷ ᠭᠡᠷᠡᠭᠵᠢᠬᠦᠯᠵᠦ᠂ ᠬᠤᠳᠠ ᠪᠠᠯᠭᠠᠰᠤᠨ ᠤ ᠵᠠᠰᠠᠯᠳᠠ ᠶᠢᠨ ᠦᠷ᠎ᠡ ᠠᠰᠢᠭ ᠪᠡ ᠬᠠᠮᠢᠶᠠᠷᠤᠯᠳᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ᠲᠡᠭᠡᠳᠤ ᠱᠠᠳᠤᠨ ᠤ ᠲᠦᠷᠦᠯ ᠵᠦᠢᠯ ᠤᠨ ᠪᠡᠯᠡ ᠮᠦᠩᠬᠦ ᠶᠢ ᠢᠳᠡᠪᠬᠢᠳᠠᠢ ᠭᠤᠶᠤᠴᠢᠯᠠᠵᠦ᠂ ᠰᠠᠶᠢᠬᠠᠨᠳᠠᠯ᠎ᠠ ᠪᠠᠯᠭᠠᠰᠤᠨ ᠤ ᠬᠤᠭᠤᠯᠠᠢ ᠲᠤᠤᠷ ᠤᠨ ᠦᠬᠡᠷᠡᠴᠢᠯᠠᠯᠳᠠ ᠶᠢᠨ ᠢᠨᠵᠧᠨᠧᠷᠢᠩ ᠢ ᠭᠡᠷᠡᠭᠵᠢᠬᠦᠯᠵᠦ᠂ ᠰᠠᠶᠢᠬᠠᠨᠳᠠᠯ᠎ᠠ ᠪᠠᠯᠭᠠᠰᠤᠨ ᠤ ᠠᠮᠢᠳᠤᠷᠠᠯ ᠤᠨ ᠬᠤᠭ ᠨᠤᠪᠰᠢ ᠶᠢ ᠰᠢᠢᠳᠪᠤᠷᠢᠯᠡᠬᠦ ᠦᠢᠯᠡᠳᠪᠤᠷᠢ ᠶᠢ ᠦᠷᠭᠡᠳᠭᠡᠨ ᠪᠠᠶᠢᠭᠤᠯᠵᠦ ᠮᠡᠷᠭᠡᠵᠢᠯ ᠤᠨ ᠦᠬᠡᠷᠡᠴᠢᠯᠠᠯᠳᠠ ᠬᠢᠬᠦ᠂ ᠠᠮᠢᠳᠤᠷᠠᠯ ᠤᠨ ᠬᠤᠭ ᠨᠤᠪᠰᠢ ᠵᠢᠴᠢ ᠬᠤᠭᠤᠯᠠᠨ ᠭᠡᠷ ᠤᠨ ᠬᠤᠭ ᠨᠤᠪᠰᠢ ᠶᠢ ᠪᠤᠬᠢᠷᠳᠤᠯ ᠦᠬᠡᠢ ᠪᠠᠷ ᠰᠢᠢᠳᠪᠤᠷᠢᠯᠡᠬᠦ ᠢᠨᠵᠧᠨᠧᠷᠢᠩ ᠢ ᠠᠵᠢᠯ ᠡᠬᠢᠯᠡᠬᠦᠯᠦᠨ ᠪᠠᠶᠢᠭᠤᠯᠵᠦ᠂ ᠲᠠᠯ᠎ᠠ ᠨᠤᠳᠤᠭ ᠤᠨ ᠠᠮᠢ ᠠᠬᠤᠢ ᠶᠢᠨ ᠴᠡᠴᠡᠷᠯᠢᠭ᠂ ᠬᠠᠯᠠᠭᠤᠨ ᠷᠠᠰᠢᠶᠠᠨ ᠤ ᠪᠤᠬᠢᠷ ᠤᠰᠤ ᠶᠢ ᠰᠢᠢᠳᠪᠤᠷᠢᠯᠡᠬᠦ ᠦᠢᠯᠡᠳᠪᠤᠷᠢ᠂ ᠰᠠᠶᠢᠬᠠᠨᠳᠠᠯ᠎ᠠ ᠪᠠᠯᠭᠠᠰᠤᠨ ᠤ ᠤᠰᠤ ᠴᠡᠪᠡᠷᠰᠢᠬᠦᠯᠬᠦ ᠦᠢᠯᠡᠳᠪᠤᠷᠢ ᠶᠢᠨ ᠮᠡᠷᠭᠡᠵᠢᠯ ᠤᠨ ᠦᠬᠡᠷᠡᠴᠢᠯᠠᠯᠳᠠ ᠬᠢᠵᠦ ᠦᠷᠭᠡᠳᠭᠡᠨ ᠪᠠᠶᠢᠭᠤᠯᠬᠤ ᠪᠡ ᠦᠷᠭᠡᠨᠳᠡᠯ᠎ᠡ ᠪᠠᠯᠭᠠᠰᠤᠨ ᠤ ᠠᠮᠢᠳᠤᠷᠠᠯ ᠤᠨ ᠬᠤᠭ ᠨᠤᠪᠰᠢ ᠶᠢ ᠪᠤᠯᠠᠬᠤ ᠲᠠᠯᠠᠪᠤᠷ ᠤᠨ ᠪᠦᠳᠤᠭᠡᠨ ᠪᠠᠶᠢᠭᠤᠯᠤᠯᠳᠠ ᠶᠢ ᠪᠠᠶᠠᠯᠠᠬᠦᠯᠦᠨ᠎ᠡ᠃ ᠬᠤᠳᠠ ᠪᠠᠯᠭᠠᠰᠤ ᠶᠢ ᠰᠢᠨᠡᠴᠢᠯᠠᠬᠦ ᠠᠵᠢᠯᠯᠠᠭ᠎ᠠ ᠶᠢ ᠭᠡᠷᠡᠭᠵᠢᠬᠦᠯᠵᠦ᠂ 14 ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠢ ᠦᠭᠡᠷᠡᠴᠢᠯᠠᠵᠦ᠂ ᠲᠠᠷᠬᠠᠢ ᠰᠠᠭᠤᠷᠢᠰᠢᠯ ᠢ ᠬᠤᠳᠠ ᠳᠤ ᠨᠡᠶᠢᠯᠡᠬᠦᠯᠦᠨ᠎ᠡ᠃ ᠸᠠᠨ ᠰᠢᠶᠠᠩ ᠰᠢᠨ᠎ᠡ ᠬᠤᠳᠠ᠂ ᠸᠧᠨ ᠲᠢᠩ ᠶᠠ ᠶᠤᠸᠠᠨ ᠵᠡᠷᠭᠡ ᠭᠡᠭᠡᠨᠴᠢᠷ ᠤᠷᠤᠨ ᠰᠠᠭᠤᠴᠠ ᠶᠢᠨ ᠪᠦᠳᠤᠭᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠡ᠃ ᠤᠶᠤᠨᠳᠤ ᠬᠤᠳᠠ ᠶᠢᠨ ᠬᠠᠮᠢᠶᠠᠷᠤᠯᠳᠠ ᠶᠢᠨ ᠪᠦᠳᠤᠭᠡᠨ ᠪᠠᠶᠢᠭᠤᠯᠤᠯᠳᠠ ᠶᠢᠨ ᠠᠯᠬᠤᠴᠠ ᠎ ᠶᠢ ᠲᠦᠷᠭᠡᠳᠭᠡᠨ᠂ ᠭᠡᠷ ᠠᠬᠤᠢ ᠶᠢᠨ ᠬᠠᠮᠢᠶᠠᠷᠤᠯᠳᠠ ᠶᠢᠨ ᠲᠦᠪᠰᠢᠨ ᠢ ᠦᠷᠬᠦᠯᠵᠢᠯᠡᠨ ᠲᠡᠭᠡᠭᠰᠢᠯᠡᠬᠦᠯᠵᠦ᠂ ᠲᠤᠭᠳᠠᠭᠠᠯ ᠢ ᠵᠦᠷᠢᠴᠠᠨ ᠪᠠᠶᠢᠭᠤᠯᠤᠭᠰᠠᠨ ᠪᠡᠷᠢᠯᠭ᠎ᠠ ᠶᠢ ᠪᠠᠶᠢᠴᠠᠭᠠᠨ ᠰᠢᠢᠳᠪᠤᠷᠢᠯᠡᠬᠦ ᠡᠷᠴᠢᠮ ᠢᠶᠠᠨ ᠴᠢᠩᠭᠠᠷᠠᠭᠤᠯᠤᠨ ᠂ ᠵᠡᠮ ᠬᠠᠷᠢᠯᠴᠠᠭᠠᠨ ᠤ ᠡᠮᠬᠢ ᠲᠢᠭᠯᠢᠮ ᠤᠨ ᠴᠡᠭᠴᠡᠯᠡᠯᠳᠠ᠂ ᠬᠤᠳᠠ ᠶᠢᠨ ᠲᠦᠷᠢ ᠲᠦᠷᠬᠦ ᠶᠢᠨ ᠵᠠᠰᠠᠯᠳᠠ᠂ ᠰᠠᠭᠤᠭᠠᠯᠢ ᠠᠷᠠᠳ ᠤᠨ ᠭᠡᠪ ᠪᠤᠯᠪᠠᠰᠤᠷᠠᠯ ᠤᠨ ᠲᠡᠭᠡᠭᠰᠢᠯᠡᠯᠳᠠ ᠵᠡᠷᠭᠡ ᠲᠡᠯ᠎ᠡ ᠪᠠᠷ ᠰᠢᠨ᠎ᠡ ᠰᠢᠪᠳᠤᠯᠤᠯᠳᠠ ᠶᠢ ᠪᠡᠶᠡᠯᠡᠬᠦᠯᠦᠨ᠎ᠡ᠃      ︵ᠵᠢᠷᠭᠤᠭ᠎ᠠ︶ ᠦᠬᠡᠷᠡᠴᠢᠯᠠᠯᠳᠠ ᠨᠡᠭᠡᠭᠡᠯᠳᠠ ᠶᠢ ᠲᠤᠪᠤᠶᠢᠯᠭᠠᠵᠦ᠂ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠨᠡᠮᠡᠭᠳᠡᠬᠦᠯᠦᠨ᠎ᠡ᠃ ᠨᠠᠭᠡᠭᠡᠯᠳᠠ ᠬᠢᠬᠦ ᠤᠬᠠᠮᠰᠠᠷ ᠢ ᠪᠡᠳᠤ ᠪᠠᠬᠢ ᠪᠤᠢ ᠪᠤᠯᠭᠠᠵᠦ᠂ ᠦᠬᠡᠷᠡᠴᠢᠯᠠᠯᠳᠠ ᠶᠢᠨ ᠡᠷᠴᠢᠮ ᠢᠶᠠᠨ ᠴᠢᠩᠭᠠᠷᠠᠭᠤᠯᠵᠦ᠂ ᠰᠢᠨ᠎ᠡ ᠬᠦᠭᠵᠢᠯᠳᠡ ᠶᠢᠨ ᠪᠠᠶᠢᠷᠢᠰᠢᠯ ᠪᠡ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢᠨ ᠪᠠᠶᠢᠯᠳᠤᠬᠤ ᠪᠤᠳᠤᠯᠭ᠎ᠠ  ᠎ ᠲᠠᠢ ᠢᠳᠡᠪᠬᠢᠳᠡᠢ ᠠᠭᠤᠰᠤᠯᠴᠠᠭᠤᠯᠵᠦ᠂ ᠵᠠᠬ᠎ᠠ ᠲᠡᠯᠭᠡᠬᠦᠷ ᠤᠨ ᠭᠤᠤᠯ ᠴᠤᠭᠴᠠ ᠳᠤ ᠠᠮᠢᠵᠢᠷᠠᠯ ᠤᠨ ᠬᠦᠴᠦᠨ ᠢ ᠨᠡᠮᠡᠷᠢᠯᠠᠵᠦ᠂ ᠠᠵᠦ ᠠᠬᠤᠢ ᠨᠡᠶᠢᠬᠡᠮ ᠤᠨ ᠴᠢᠨᠠᠷᠯᠢᠭ ᠬᠦᠭᠵᠢᠯᠳᠡ ᠳᠤ ᠬᠦᠴᠦᠷᠭᠡᠭ ᠶᠡᠭᠡ ᠬᠦᠳᠡᠯᠭᠡᠭᠴᠢ ᠬᠦᠴᠦᠨ ᠢ ᠡᠬᠦᠳᠤᠨ᠎ᠡ᠃ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠠᠯ ᠢ ᠦᠷᠬᠦᠯᠵᠢᠯᠡᠨ ᠰᠢᠯᠢᠳᠡᠭᠵᠢᠭᠦᠯᠦᠨ᠎ᠡ᠃ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠠᠯ ᠢ ᠰᠢᠯᠢᠳᠡᠭᠵᠢᠬᠦᠯᠬᠦ ᠶᠢ ᠬᠠᠮᠤᠭ ᠤᠨ ᠴᠢᠬᠤᠯᠠ ᠡᠯᠧᠮᠧᠨ᠋ᠲ ᠤᠨ ᠬᠠᠩᠭᠠᠯᠭ᠎ᠠ ᠪᠤᠯᠭᠠᠵᠦ᠂ ᠦᠪᠡᠷᠳᠡᠭᠡᠨ ᠵᠠᠰᠠᠬᠤ ᠤᠷᠤᠨ ᠤ ᠨᠡᠮ ᠤᠨ ᠬᠤᠷᠢᠶᠠᠨ ᠤ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠠᠯ ᠢ ᠰᠢᠯᠢᠳᠡᠭᠵᠢᠬᠦᠯᠬᠦ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠬᠤ ᠵᠠᠰᠠᠨ ᠴᠡᠭᠴᠡᠯᠡᠯᠳᠠ ᠪᠠᠷ ᠲᠤᠬᠢᠶᠠᠯ ᠪᠤᠯᠭᠠᠵᠦ᠂ ᠲᠤᠳᠠᠭᠤᠳᠠᠯ ᠢᠶᠠᠨ ᠨᠦᠬᠦᠪᠤᠷᠢᠯᠠᠨ᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠠᠯ ᠢ ᠦᠷᠬᠦᠯᠵᠢᠯᠡᠨ ᠰᠢᠯᠢᠳᠡᠭᠵᠢᠬᠦᠯᠦᠨ᠎ᠡ᠃ ᠵᠠᠰᠠᠭ ᠤᠨ ᠤᠷᠳᠤᠨ ᠤ ᠡᠬᠦᠷᠭᠡ ᠴᠢᠳᠠᠪᠬᠢ ᠶᠢᠨ ᠬᠤᠪᠢᠷᠠᠯᠳᠠ ᠶᠢ ᠲᠦᠷᠭᠡᠳᠭᠡᠵᠦ᠂ ᠠᠵᠦ ᠠᠬᠤᠶᠢᠯᠠᠯ ᠤᠨ ᠦᠢᠯᠡᠴᠢᠯᠡᠭᠡ ᠶᠢ ᠴᠢᠩᠭᠠᠳᠬᠠᠬᠤ ᠶᠢ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠠᠯ ᠢ ᠰᠢᠯᠢᠳᠡᠭᠵᠢᠬᠦᠯᠬᠦ ᠶᠢᠨ ᠴᠢᠬᠤᠯᠠ ᠭᠠᠷᠳᠠᠴᠠ ᠪᠤᠯᠭᠠᠵᠦ᠂ ︽ᠨᠢᠭᠤᠷᠳᠠᠨ ᠬᠦᠢᠴᠡᠳᠭᠡᠬᠦ᠂ ᠰᠦᠯᠵᠢᠶᠠᠨ ᠲᠡᠭᠡᠷ᠎ᠡ ᠬᠦᠢᠴᠡᠳᠭᠡᠬᠦ︾᠂ ︽ᠨᠢᠬᠡ ᠶᠠᠪᠤᠳᠠᠯ ᠢ ᠨᠢᠭᠡᠯᠡ ᠲᠡᠭᠡᠷ᠎ᠡ ᠬᠦᠢᠴᠡᠳᠭᠡᠬᠦ︾ ᠪᠤᠯᠤᠨ ᠬᠠᠪᠰᠤᠷᠤᠨ ᠬᠦᠢᠴᠡᠳᠭᠡᠬᠦ᠂ ᠤᠷᠤᠯᠠᠨ ᠬᠦᠢᠴᠡᠳᠭᠡᠬᠦ ᠬᠦᠴᠤᠯᠠᠴᠠ ᠪᠠᠨ ᠶᠡᠬᠡᠰᠭᠡᠵᠦ᠂ ᠵᠠᠰᠠᠭ ᠤᠨ ᠤᠷᠳᠤᠨ ᠪᠡ ᠠᠵᠦ ᠠᠬᠤᠶᠢᠯᠠᠯ ᠤᠨ ᠬᠠᠷᠢᠴᠠᠭ᠎ᠠ ᠶᠢ ᠤᠯᠠᠮ ᠨᠢᠬᠡ ᠠᠯᠬᠤᠮ ᠰᠢᠯᠤᠭᠤᠳᠬᠠᠵᠦ᠂ ᠠᠵᠦ ᠠᠬᠤᠶᠢᠯᠠᠯ ᠤᠨ ᠭᠡᠷᠡᠭᠴᠡᠭᠡ ᠪᠠᠷ ᠵᠢᠯᠤᠭᠤᠳᠤᠮᠵᠢ ᠪᠤᠯᠭᠠᠵᠦ᠂ ᠠᠵᠦ ᠠᠬᠤᠶᠢᠯᠠᠯ ᠤᠨ ︽ᠪᠦᠬᠦ ᠡᠵᠡᠩᠨᠡᠯᠳᠡ ᠶᠢᠨ ᠬᠤᠭᠤᠴᠠᠭ᠎ᠠ︾᠎ ᠳᠤ ᠦᠢᠯᠡᠴᠢᠯᠠᠵᠦ᠂ ︽ᠠᠵᠦ ᠠᠬᠤᠶᠢᠯᠠᠯᠳᠠᠳ ᠤᠨ ᠦᠢᠯᠡᠰ ᠡᠷᠬᠢᠯᠡᠬᠦ ᠵᠤᠷᠢᠭ ᠰᠠᠨᠠᠭ᠎ᠠ ᠶᠢ ᠬᠦᠭᠵᠢᠬᠡᠨ ᠬᠠᠮᠠᠭᠠᠯᠠᠬᠤ ᠲᠤᠬᠠᠢ ᠰᠠᠨᠠᠯ︾᠎ ᠢ ᠬᠦᠨᠵᠡᠬᠡᠢ ᠲᠤᠤᠱᠯᠠᠭᠤᠯᠤᠨ᠂ ᠵᠠᠰᠠᠭ ᠤᠨ ᠤᠷᠳᠤᠨ ᠪᠤᠯᠤᠨ ᠠᠵᠦ ᠠᠬᠤᠶᠢᠯᠠᠯ ᠤᠨ ᠬᠤᠭᠤᠷᠤᠨᠳᠤᠬᠢ ᠲᠤᠳᠤᠨᠤ ᠨᠦᠬᠦᠷᠰᠡᠭ ᠮᠦᠷᠳᠡᠭᠡᠨ ᠡᠷᠭᠡ ᠡᠬᠦᠷᠭᠡ ᠲᠤᠳᠤᠷᠬᠠᠢ ᠪᠠᠶᠢᠬᠤ ᠬᠠᠷᠢᠴᠠᠭ᠎ᠠ ᠶᠢ ᠪᠦᠷᠢᠯᠳᠤᠬᠦᠯᠦᠨ᠎ᠡ᠃ ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ ᠲᠡᠮᠵᠢᠯᠬᠡ ᠪᠠᠨ ᠴᠢᠩᠭᠠᠳᠬᠠᠨ᠂ ᠤᠮᠠᠷᠠᠳᠤ ᠶᠢᠨ ᠰᠢ ᠮᠠ ᠮᠠᠩᠭᠠᠨ ᠤ ᠦᠢᠯᠡᠰ᠂ ᠶᠠᠩ ᠶᠠᠩ ᠮᠠᠯᠵᠢᠯ ᠤᠨ ᠦᠢᠯᠡᠰ ᠵᠡᠷᠭᠡ ᠬᠤᠶᠠᠷ ᠠᠵᠦ ᠠᠬᠤᠶᠢᠯᠠᠯ ᠎ ᠢ ᠦᠪᠡᠷᠳᠡᠭᠡᠨ ᠵᠠᠰᠠᠬᠤ ᠤᠷᠤᠨ ᠤ ᠲᠡᠰ ᠤᠨ ᠵᠠᠭᠤᠨ ᠬᠦᠴᠦᠷᠭᠡᠭ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠎ ᠤᠨ ᠡᠩᠨᠡᠭᠡᠨ ᠳᠤ ᠲᠦᠷᠭᠡᠨ ᠤᠷᠤᠭᠤᠯᠬᠤ ᠶᠢ ᠠᠬᠢᠭᠤᠯᠤᠨ᠎ᠠ᠃ ᠰᠦᠨᠢᠳ ᠲᠡᠮᠡᠭᠡᠨ ᠤ ᠦᠢᠯᠡᠰ ᠤᠨ ᠠᠮᠢᠳᠤ ᠪᠤᠳᠠᠰ ᠎ ᠤᠨ ᠬᠢᠵᠠᠭᠠᠷᠳᠤ ᠺᠤᠮᠫᠠᠨᠢ ᠶᠢ ᠪᠤᠬᠢᠷᠳᠤᠯ ᠦᠬᠡᠢ ᠦᠢᠯᠡᠳᠪᠤᠷᠢ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠬᠦᠳᠬᠦ ᠠᠵᠦ ᠠᠬᠤᠶᠢᠯᠠᠯ ᠢᠶᠠᠷ ᠭᠤᠶᠤᠴᠢᠯᠠᠨ ᠮᠡᠳᠡᠬᠦᠯᠬᠦ ᠠᠵᠢᠯ ᠢ ᠪᠠᠶᠠᠯᠠᠬᠦᠯᠦᠨ᠎ᠡ᠃ ᠭᠠᠳᠠᠭᠰᠢ ᠴᠢᠯᠦᠬᠡᠳᠡᠢ ᠶᠠᠪᠤᠯᠴᠠᠬᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠤᠯᠤᠰ ᠤᠨ ᠰᠢᠨ᠎ᠡ ᠬᠦᠭᠵᠢᠯᠳᠡ ᠶᠢᠨ ᠪᠠᠶᠢᠷᠢᠰᠢᠯ ᠤᠨ ᠴᠢᠬᠤᠯᠠ ᠪᠠᠶᠢᠯᠳᠤᠬᠤ ᠪᠤᠳᠤᠯᠭ᠎ᠠ ᠶᠢᠨ ᠲᠤᠬᠢᠶᠠᠯ ᠢ ᠠᠳᠬᠤᠵᠦ᠂ ᠭᠠᠳᠠᠭᠰᠢ ᠴᠢᠯᠦᠬᠡᠳᠡᠢ ᠶᠠᠪᠤᠯᠴᠠᠬᠤ ᠶᠢ ᠤᠯᠠᠮ ᠬᠦᠨᠵᠡᠬᠡᠶᠢᠷᠡᠬᠦᠯᠵᠦ᠂ ᠬᠦᠭᠵᠢᠯᠳᠡ ᠳᠤ ᠲᠦᠰᠢᠭᠯᠡᠨ᠂ ᠲᠤᠬᠢᠶᠠᠯ ᠢ ᠵᠡᠪᠳᠤᠨ ᠰᠢᠪᠳᠤᠯᠵᠦ᠂ ᠪᠡᠭᠡᠵᠢᠩ ᠬᠤᠳᠠ ᠶᠢᠨ ᠳ᠋ᠠ ᠰᠢᠩ ᠲᠤᠭᠤᠷᠢᠭ᠂ ᠲᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ ᠤᠨ ᠬᠠᠪᠰᠤᠷᠤᠨ ᠲᠡᠳᠬᠦᠵᠦ ᠪᠠᠶᠢᠭ᠎ᠠ ᠲᠠᠪᠠᠭᠤᠯᠢᠭ ᠢ ᠬᠦᠢᠴᠡᠳ ᠪᠠᠳᠠᠷᠠᠭᠤᠯᠵᠦ᠂ ᠪᠡᠭᠡᠵᠢᠩ ᠲᠢᠶᠠᠨᠵᠢᠨ ᠡᠾᠧᠪᠸᠢ ᠵᠡᠷᠭᠡ ᠭᠠᠵᠡᠷ ᠤᠷᠤᠨ ᠲᠠᠢ ᠬᠠᠮᠳᠤᠷᠠᠯᠴᠠᠭ᠎ᠠ ᠰᠤᠯᠢᠯᠴᠠᠭ᠎ᠠ ᠪᠠᠨ ᠴᠢᠩᠭᠠᠳᠬᠠᠵᠦ᠂ ᠠᠵᠦ ᠦᠢᠯᠡᠰ ᠤᠨ ᠰᠢᠯᠵᠢᠬᠦᠯᠦᠯᠳᠠ ᠶᠢ ᠢᠳᠡᠪᠬᠢᠳᠡᠢ ᠦᠷᠬᠦᠯᠵᠢᠯᠡᠬᠦᠯᠵᠦ᠂ ᠬᠦᠭᠵᠢᠯᠳᠡ ᠶᠢᠨ ᠤᠷᠤᠨ ᠵᠠᠢ ᠶᠢ ᠲᠠᠰᠤᠷᠠᠯᠳᠠ ᠦᠬᠡᠢ ᠦᠷᠭᠡᠳᠭᠡᠨ᠎ᠡ᠃ ᠪᠦᠬᠦ ᠠᠶᠢᠮᠠᠭ ᠤᠨ ᠪᠠᠷᠠᠭᠤᠨ ᠭᠡᠰᠡᠭ ᠤᠨ ᠬᠤᠰᠢᠭᠤ ᠬᠤᠳᠠ ᠳᠠᠬᠢ ᠬᠦᠭᠵᠢᠯᠳᠡ ᠶᠢᠨ ᠪᠠᠶᠢᠷᠢ ᠲᠤᠭᠳᠠᠭᠠᠯᠳᠠ ᠶᠢ ᠦᠨᠡᠨᠬᠦ ᠡᠵᠡᠮᠰᠢᠵᠦ᠂ ᠠᠬ᠎ᠠ ᠲᠡᠬᠦᠦ ᠬᠤᠰᠢᠭᠤ ᠬᠤᠳᠠ ᠲᠠᠢ ᠵᠤᠯᠭᠠᠭᠤᠯᠬᠤ ᠠᠵᠢᠯ ᠢ ᠴᠢᠩᠭᠠᠳᠬᠠᠵᠦ᠂ ᠠᠮᠢ ᠠᠬᠤᠢ ᠶᠢᠨ ᠬᠠᠮᠠᠭᠠᠯᠠᠯᠳᠠ᠂ ᠡᠨᠧᠷᠬᠢ ᠶᠢᠨ ᠨᠡᠭᠡᠭᠡᠨ ᠬᠦᠭᠵᠢᠬᠦᠯᠦᠯᠳᠡ᠂ ᠪᠤᠭᠤᠮᠳᠠ ᠶᠢᠨ ᠠᠵᠦ ᠠᠬᠤᠢ ᠵᠡᠷᠭᠡ ᠲᠠᠯ᠎ᠠ ᠶᠢᠨ ᠨᠢᠬᠡᠳᠤᠯᠳᠠᠢ ᠬᠦᠭᠵᠢᠯᠳᠡ ᠶᠢ ᠪᠠᠶᠠᠯᠠᠬᠦᠯᠦᠨ᠎ᠡ᠃ ᠶᠡᠭᠡ ᠲᠡᠭᠡᠳᠤ ᠰᠤᠷᠭᠠᠭᠤᠯᠢ᠂ ᠡᠷᠳᠡᠮ ᠰᠢᠨᠵᠢᠯᠡᠭᠡᠨ ᠤ ᠬᠦᠷᠢᠶᠠᠯᠠᠩ ᠯᠦᠭᠡ ᠶᠢᠨ ᠬᠠᠮᠳᠤᠷᠠᠯᠴᠠᠭ᠎ᠠ ᠪᠠᠨ ᠴᠢᠩᠭᠠᠳᠬᠠᠨ᠂ ᠬᠠᠮᠳᠤᠪᠡᠷ ᠰᠢᠨ᠎ᠡ ᠶᠢ ᠡᠬᠦᠳᠬᠦ ᠴᠢᠳᠠᠪᠤᠷᠢ ᠶᠢ ᠲᠡᠭᠡᠭᠰᠢᠯᠡᠬᠦᠯᠵᠦ᠂ ᠵᠢᠯ ᠤᠨ ᠲᠤᠳᠤᠷ᠎ᠡ ᠲᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠬᠦᠷᠢᠶᠠᠯᠠᠩ ᠤᠨ ᠲᠡᠵᠢᠭᠡᠯ ᠪᠤᠷᠳᠤᠭᠠᠨ ᠤ ᠰᠤᠳᠤᠯᠭᠠᠨ ᠤ ᠭᠠᠵᠡᠷ ᠤᠨ ᠳ᠋ᠤᠺᠲ᠋ᠤᠷ ᠤᠨ ᠨᠡᠬᠦᠳᠡᠯ ᠠᠵᠢᠯᠯᠠᠬᠤ ᠦᠷᠳᠡᠭᠡ ᠶᠢ ᠮᠡᠨ ᠤ ᠬᠤᠰᠢᠭᠤᠨ ᠎ ᠳᠤ ᠪᠠᠶᠢᠭᠤᠯᠬᠤ ᠪᠠᠷ ᠴᠢᠷᠮᠡᠶᠢᠵᠦ᠂ ᠮᠠᠯ ᠠᠵᠦ ᠠᠬᠤᠢ ᠶᠢᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠬᠦᠳᠬᠦ ᠦᠷ᠎ᠡ ᠪᠦᠳᠤᠭᠡᠯ ᠢ ᠪᠤᠳᠠᠳᠠᠶᠢᠵᠢᠭᠤᠯᠬᠤ ᠡᠷᠴᠢᠮ ᠢᠶᠠᠨ ᠤᠯᠠᠮ ᠨᠢᠬᠡ ᠠᠯᠬᠤᠮ ᠴᠢᠩᠭᠠᠷᠠᠭᠤᠯᠤᠨ᠎ᠠ᠃     ︵ᠲᠤᠯᠤᠭ᠎ᠠ︶ ᠬᠠᠮᠳᠤᠪᠡᠷ ᠪᠠᠶᠢᠭᠤᠯᠵᠦ ᠬᠠᠮᠳᠤᠪᠡᠷ ᠡᠳ᠋ᠯᠡᠬᠦ ᠶᠢ ᠲᠤᠪᠤᠶᠢᠯᠭᠠᠵᠦ᠂ ᠠᠷᠠᠳ ᠲᠦᠮᠡᠨ ᠤ ᠵᠤᠯ ᠵᠢᠷᠭᠠᠯ ᠢ ᠨᠡᠮᠡᠭᠳᠡᠬᠦᠯᠦᠨ᠎ᠡ᠃ ᠬᠦᠮᠦᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠳᠤ ᠪᠠᠬᠢ ᠪᠤᠢ ᠪᠤᠯᠭᠠᠵᠦ᠂ ᠰᠢᠨ᠎ᠡ ᠪᠠᠷ ᠨᠡᠮᠡᠭᠳᠡᠭᠰᠡᠨ ᠡᠳ᠋ ᠤᠨ ᠬᠦᠴᠦᠨ ᠢ ᠠᠷᠠᠳ ᠤᠨ ᠠᠮᠢᠳᠤᠷᠠᠯ ᠲᠡᠰᠢ ᠬᠠᠨᠳᠤᠭᠤᠯᠵᠦ᠂ ᠤᠯᠠᠨ ᠲᠦᠮᠡᠨ ᠤ ᠬᠠᠮᠤᠭ ᠤᠨ ᠠᠩᠬᠠᠷᠴᠦ ᠪᠠᠶᠢᠭ᠎ᠠ ᠮᠦᠷᠳᠡᠭᠡᠨ ᠠᠰᠢᠭ ᠲᠤᠰᠠ ᠲᠠᠢ ᠰᠢᠭᠤᠳ ᠬᠤᠯᠪᠤᠭᠳᠠᠬᠤ ᠪᠤᠳᠠᠳᠤ ᠠᠰᠠᠭᠤᠳᠠᠯ ᠢ ᠦᠨᠡᠨᠬᠦ ᠰᠠᠶᠢᠳᠤᠷ ᠰᠢᠢᠳᠪᠤᠷᠢᠯᠡᠨ᠎ᠡ᠃ ᠠᠵᠢᠯ ᠤᠯᠭᠤᠯᠳᠠ ᠪᠡ ᠦᠢᠯᠡᠰ ᠪᠤᠰᠬᠠᠯᠳᠠ ᠶᠢ ᠡᠩ ᠲᠡᠷᠢᠬᠦᠨ ᠳᠤ ᠪᠠᠳᠤᠯᠠᠨ᠎ᠠ᠃ ︽ᠠᠵᠦ ᠦᠢᠯᠡᠰ ᠢᠶᠠᠷ ᠠᠵᠢᠯ ᠤᠯᠭᠤᠯᠳᠠ ᠶᠢ ᠲᠠᠶᠢᠴᠢᠯᠠᠬᠤ᠂ ᠦᠢᠯᠡᠰ ᠪᠤᠰᠬᠠᠯᠳᠠ ᠪᠠᠷ ᠠᠵᠢᠯ ᠤᠯᠭᠤᠯᠳᠠ ᠶᠢ ᠲᠡᠶᠢᠴᠢᠯᠠᠬᠤ᠂ ᠨᠠᠷᠢᠯᠢᠭ ᠤᠨᠤᠪᠴᠢᠳᠠᠢ ᠦᠢᠯᠡᠴᠢᠯᠡᠭᠡ ᠪᠠᠷ ᠠᠵᠢᠯ ᠤᠯᠭᠤᠯᠳᠠ ᠶᠢ ᠲᠤᠭᠳᠠᠪᠤᠷᠢᠵᠢᠭᠤᠯᠬᠤ︾᠎ ᠶᠢ ᠪᠠᠷᠢᠮᠳᠠᠯᠠᠵᠦ᠂ ᠶᠡᠭᠡ ᠲᠡᠭᠡᠳᠤ ᠰᠤᠷᠭᠠᠭᠤᠯᠢ ᠠᠴᠠ ᠲᠡᠬᠦᠰᠦᠭᠰᠡᠨ ᠤᠶᠤᠳᠠᠳ᠂ ᠰᠢᠯᠵᠢᠯᠳᠠ ᠪᠠᠷ ᠬᠤᠳᠠ ᠤᠷᠤᠭᠰᠠᠨ ᠮᠠᠯᠴᠢᠨ ᠲᠠᠷᠢᠶᠠᠴᠢᠳ ᠵᠢᠴᠢ ᠬᠦᠴᠢᠷᠳᠡᠯᠳᠡᠢ ᠤᠯᠠᠨ ᠲᠦᠮᠡᠨ ᠵᠡᠷᠭᠡ ᠭᠤᠤᠯᠳᠠᠯᠭ᠎ᠠ ᠲᠠᠢ ᠬᠦᠮᠦᠰ ᠤᠨ ᠠᠵᠢᠯ ᠤᠯᠭᠤᠯᠳᠠ ᠶᠢᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠵᠢᠯ ᠳᠤ 7000 ᠠᠵᠢᠯ ᠤᠨ ᠪᠠᠶᠢᠷᠢ ᠴᠤᠭᠯᠠᠭᠤᠯᠵᠦ᠂ ᠬᠤᠳᠠ ᠪᠠᠯᠭᠠᠰᠤᠨ ᠤ 700 ᠬᠦᠮᠦᠨ ᠳᠤ ᠰᠢᠨ᠎ᠡ ᠪᠠᠷ ᠠᠵᠢᠯ ᠤᠯᠭᠤᠵᠦ᠂ 1000 ᠬᠦᠮᠦᠨ ᠳᠤ ᠠᠵᠢᠯ ᠮᠡᠷᠭᠡᠵᠢᠯ ᠤᠨ ᠪᠤᠯᠪᠠᠰᠤᠷᠠᠯ ᠬᠦᠷᠳᠡᠭᠡᠨ᠂ 500 ᠲᠦᠮᠡᠨ ᠲᠦᠬᠦᠷᠢᠭ ᠤᠨ ᠦᠢᠯᠡᠰ ᠪᠤᠰᠬᠠᠬᠤ ᠪᠠᠳᠤᠯᠠᠭᠠᠳᠤ ᠵᠢᠭᠡᠯᠡᠯᠭᠡ ᠲᠠᠷᠬᠠᠭᠠᠵᠦ᠂ ᠬᠤᠳᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠳᠠᠯᠳᠠ ᠶᠢᠨ ᠨᠤᠷᠮ᠎ᠡ ᠶᠢ 4.5%᠎ ᠶᠢᠨ ᠲᠤᠳᠤᠷ᠎ᠡ ᠬᠢᠵᠠᠭᠠᠷᠯᠠᠨ᠎ᠠ᠃ ᠰᠤᠷᠭᠠᠨ ᠬᠦᠮᠦᠵᠢᠯ ᠤᠨ ᠦᠢᠯᠡᠰ ᠢ ᠶᠡᠭᠡᠪᠡᠷ ᠬᠦᠭᠵᠢᠬᠦᠯᠦᠨ᠎ᠡ᠃ ᠰᠠᠶᠢᠬᠠᠨᠳᠠᠯ᠎ᠠ ᠪᠠᠯᠭᠠᠰᠤᠨ ᠤ ᠬᠡᠤᠭᠡᠳ ᠤᠨ ᠴᠡᠴᠡᠷᠯᠢᠭ ᠪᠡ ᠨᠢᠬᠡᠳᠤᠭᠡᠷ ᠲᠤᠮᠳᠠᠳᠤ ᠰᠤᠷᠭᠠᠭᠤᠯᠢ ᠶᠢᠨ ᠲᠤᠭᠤᠭᠠᠨ ᠭᠡᠷ ᠤᠨ ᠪᠡᠶᠢᠭᠤᠯᠤᠯᠳᠠ ᠶᠢ ᠠᠬᠢᠭᠤᠯᠵᠦ᠂ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢᠨ ᠨᠦᠬᠦᠴᠠᠯ ᠢ ᠦᠷᠬᠦᠯᠵᠢᠯᠡᠨ ᠰᠠᠶᠢᠵᠢᠷᠠᠭᠤᠯᠤᠨ᠎ᠠ᠃ ᠠᠯᠪᠡᠨ ᠵᠢᠷᠤᠮ ᠤᠨ ᠰᠤᠷᠭᠠᠨ ᠬᠦᠮᠦᠵᠢᠯ ᠤᠨ ᠴᠢᠨᠠᠷᠯᠢᠭ ᠲᠡᠩᠴᠡᠬᠦᠷᠢᠳᠡᠢ ᠬᠦᠭᠵᠢᠯᠳᠡ᠂ ᠡᠩ ᠤᠨ ᠦᠨᠳᠤᠷ ᠲᠤᠮᠳᠠᠳᠤ ᠶᠢᠨ ᠤᠨᠴᠠᠯᠢᠭᠳᠤ ᠰᠤᠷᠭᠠᠨ ᠬᠦᠮᠦᠵᠢᠯ ᠤᠨ ᠬᠦᠭᠵᠢᠯᠳᠡ᠂ ᠠᠵᠢᠯ ᠲᠦᠷᠦᠯ ᠤᠨ ᠰᠤᠷᠭᠠᠨ ᠬᠦᠮᠦᠵᠢᠯ ᠳᠤ ᠦᠢᠯᠡᠳᠪᠤᠷᠢᠯᠡᠯ ᠪᠡ ᠰᠤᠷᠭᠠᠨ ᠬᠦᠮᠦᠵᠢᠯ ᠢ ᠠᠭᠤᠰᠤᠯᠴᠠᠭᠤᠯᠬᠤ ᠲᠤᠭᠤᠷᠢᠨ ᠳᠤ᠂ ᠠᠷᠠᠳ ᠤᠯᠠᠨ ᠤ ᠬᠠᠨᠤᠮᠵᠢᠳᠡᠢ ᠰᠤᠷᠭᠠᠨ ᠬᠦᠮᠦᠵᠢᠯ ᠢ ᠰᠠᠶᠢᠳᠤᠷ ᠡᠷᠬᠢᠯᠡᠨ᠎ᠡ᠃ ᠦᠪᠡᠷᠳᠡᠭᠡᠨ ᠵᠠᠰᠠᠬᠤ ᠤᠷᠤᠨ ᠤ ᠨᠢᠭᠡᠳᠤᠯᠳᠠᠢ ᠪᠡᠶᠢᠷᠢᠯᠠᠭᠤᠯᠤᠯᠳᠠ ᠶᠤᠰᠤᠭᠠᠷ᠂ ᠤᠬᠠᠭᠤᠯᠭ᠎ᠠ ᠵᠢᠯᠤᠭᠤᠳᠤᠯᠭ᠎ᠠ ᠪᠠᠨ ᠴᠢᠩᠭᠠᠳᠬᠠᠨ᠂ ᠪᠠᠭᠰᠢ ᠶᠢᠨ ᠡᠩᠨᠡᠭᠡ ᠶᠢ ᠪᠦᠬᠦ ᠲᠠᠯ᠎ᠠ ᠪᠠᠷ ᠪᠠᠳᠤᠯᠠᠵᠦ᠂ ᠪᠠᠭᠰᠢ ᠶᠢᠨ ᠬᠦᠮᠦᠵᠢᠯ ᠪᠤᠯᠪᠠᠰᠤᠷᠠᠯ ᠢ ᠬᠦᠨᠵᠡᠬᠡᠶᠢᠷᠡᠬᠦᠯᠵᠦ᠂ ᠵᠢᠭᠠᠬᠤ ᠶᠢ ᠰᠤᠳᠤᠯᠬᠤ ᠶᠢ ᠲᠠᠭᠠᠨ ᠵᠢᠯᠤᠭᠤᠳᠬᠤ ᠠᠵᠢᠯ ᠢ ᠴᠢᠩᠭᠠᠳᠬᠠᠨ᠂ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠦᠶ᠎ᠠ ᠳᠤ ᠤᠯᠤᠰ ᠤᠨ ᠨᠢᠭᠡᠳᠤᠯᠳᠠᠢ ᠨᠠᠶᠢᠷᠠᠭᠤᠯᠤᠭᠰᠠᠨ ᠵᠢᠭᠠᠬᠤ ᠮᠡᠲ᠋ᠧᠷᠢᠶᠠᠯ ᠢ ᠲᠡᠯᠭᠡᠷᠡᠬᠦᠯᠦᠨ ᠭᠡᠷᠡᠭᠯᠡᠬᠦ ᠡᠬᠦᠷᠭᠡ ᠶᠢ ᠪᠦᠬᠦ ᠲᠠᠯ᠎ᠠ ᠪᠠᠷ ᠪᠠᠶᠠᠯᠠᠬᠦᠯᠬᠦ ᠶᠢ ᠪᠠᠳᠤᠯᠠᠨ᠎ᠠ᠃ ︽ᠡᠷᠡᠬᠦᠯ ᠡᠩᠭᠡ ᠪᠠᠷᠠᠭᠤᠨ ᠰᠦᠨᠢᠳ︾᠎ ᠤᠨ ᠪᠦᠳᠤᠭᠡᠨ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠤᠨ᠎ᠠ᠃ ᠤᠯᠠᠨ ᠨᠠᠶᠢᠳᠠ ᠶᠢᠨ ᠡᠷᠡᠬᠦᠯ ᠬᠠᠮᠠᠭᠠᠯᠠᠯ᠂ ᠬᠦᠨᠳᠤ ᠡᠪᠡᠳᠴᠢᠨ ᠪᠡ ᠬᠤᠯᠤᠭᠠᠨ᠎ᠠ ᠎ ᠶᠢᠨ ᠬᠢᠵᠢᠭ ᠵᠡᠷᠭᠡ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠵᠦ᠂ ᠬᠢᠵᠢᠭ ᠤᠨ ᠪᠠᠶᠢᠳᠠᠯ ᠢ ᠬᠢᠨᠠᠨ ᠲᠦᠰᠦᠭᠡᠯᠡᠵᠦ ᠰᠡᠷᠡᠮᠵᠢᠯᠡᠬᠦᠯᠬᠦ᠂ ᠪᠠᠶᠢᠴᠠᠭᠠᠨ ᠭᠡᠮᠵᠢᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠨ᠎ᠡ᠃ ᠬᠤᠰᠢᠭᠤ ᠠᠷᠠᠳ ᠤᠨ ᠡᠮᠨᠡᠯᠬᠡ ᠶᠢᠨ ᠬᠤᠷᠢᠶᠠᠨ ᠤ ᠬᠠᠯᠠᠭᠤᠷᠠᠭᠰᠠᠳ ᠤᠨ ᠡᠬᠦᠳᠡᠨ ᠡᠮᠨᠡᠯᠬᠡ ᠪᠡ PCR ᠲᠤᠷᠰᠢᠯᠳᠠ ᠶᠢᠨ ᠲᠠᠰᠤᠭ ᠢ ᠰᠢᠨ᠎ᠡ ᠪᠠᠷ ᠪᠠᠶᠢᠭᠤᠯᠵᠦ᠂ ᠮᠤᠩᠭᠤᠯ ᠡᠮᠨᠡᠯᠭᠡ ᠶᠢᠨ ᠬᠤᠷᠢᠶ᠎ᠠ ᠶᠢ ᠨᠡᠬᠦᠯᠬᠡᠬᠦ ᠠᠵᠢᠯ ᠢ ᠪᠠᠶᠠᠯᠠᠬᠦᠯᠵᠦ᠂ ᠤᠯᠠᠨ ᠨᠡᠶᠢᠳᠡ ᠶᠢᠨ ᠡᠮ ᠡᠮᠨᠡᠯᠬᠡ ᠡᠷᠡᠬᠦᠯ ᠬᠠᠮᠠᠭᠠᠯᠠᠯ ᠤᠨ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠬᠦᠯᠦᠨ᠎ᠡ᠃ ᠪᠡᠭᠡᠵᠢᠩ ᠬᠤᠳᠠ ᠶᠢᠨ ᠳ᠋ᠠ ᠰᠢᠩ ᠲᠤᠭᠤᠷᠢᠭ ᠤᠨ ᠤᠷᠳᠤ ᠬᠤᠭᠤᠴᠠᠭᠠᠨ ᠤ ᠠᠪᠤᠷᠠᠨ ᠲᠤᠰᠠᠯᠠᠬᠤ ᠪᠡ ᠡᠮᠴᠢᠯᠡᠬᠡᠨ ᠎ ᠤ ᠴᠢᠳᠠᠪᠤᠷᠢᠳᠠᠨ ᠢ ᠤᠷᠢᠨ ᠤᠷᠤᠭᠤᠯᠬᠤ ᠲᠤᠭᠳᠠᠴᠠ ᠶᠢ ᠪᠠᠶᠢᠭᠤᠯᠵᠦ᠂ ᠡᠮᠴᠢ ᠶᠢ ᠬᠠᠨᠳᠤᠯᠭ᠎ᠠ ᠲᠠᠢ ᠪᠠᠷ ᠤᠷᠢᠨ ᠤᠷᠤᠭᠤᠯᠬᠤ᠂ ᠲᠦᠪᠯᠡᠷᠡᠬᠦᠯᠦᠨ ᠪᠤᠯᠪᠠᠰᠤᠷᠠᠭᠤᠯᠬᠤ ᠶᠢ ᠴᠢᠩᠭᠠᠳᠬᠠᠬᠤ ᠵᠡᠷᠭᠡ ᠠᠷᠭ᠎ᠠ ᠮᠠᠶ᠋ᠢᠭ ᠢᠶᠠᠷ ᠲᠠᠮᠵᠢᠭᠤᠯᠤᠨ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠠᠭᠡᠨ ᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠮᠤᠩᠭᠤᠯ ᠬᠢᠳᠡᠳ ᠡᠮᠨᠡᠯᠬᠡ ᠶᠢᠨ ᠤᠨᠴᠠᠯᠢᠭᠳᠤ ᠤᠨᠤᠰᠢᠯᠠᠨ ᠡᠮᠨᠡᠬᠦ ᠦᠢᠯᠡᠴᠢᠯᠠᠭᠡᠨ ᠤ ᠰᠢᠰᠲ᠋ᠧᠮ ᠤᠨ ᠪᠠᠶᠢᠭᠤᠯᠤᠯᠳᠠ ᠶᠢ ᠲᠦᠷᠭᠡᠳᠭᠡᠨ᠂ ᠤᠨᠴᠠᠯᠢᠭᠳᠤ ᠭᠤᠤᠯᠳᠠᠯᠭ᠎ᠠ ᠲᠠᠢ ᠲᠤᠰᠬᠠᠢ ᠰᠠᠯᠠᠭ᠎ᠠ ᠶᠢ ᠪᠠᠶᠢᠭᠤᠯᠵᠦ᠂ ᠮᠤᠩᠭᠤᠯ ᠬᠢᠳᠡᠳ ᠡᠮ ᠡᠮᠨᠡᠯᠬᠡ ᠶᠢᠨ ᠤᠨᠴᠠᠯᠢᠭᠳᠤ ᠲᠠᠪᠠᠭᠤᠯᠢᠭ ᠢ ᠦᠨᠡᠨᠬᠦ ᠪᠠᠳᠠᠷᠠᠭᠤᠯᠤᠨ᠎ᠠ᠃ ᠦᠨᠳᠤᠰᠤᠳᠠᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠨ᠎ᠠ᠃ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠎ ᠪᠠᠷ ᠭᠤᠤᠯ ᠰᠢᠵᠢᠮ ᠪᠤᠯᠭᠠᠵᠦ᠂ ᠦᠨᠳᠤᠰᠤᠳᠠᠨ ᠤ ᠪᠦᠯᠬᠦᠮᠳᠠᠯ ᠲᠡᠪᠰᠢᠯᠳᠠ ᠶᠢᠨ ᠬᠦᠮᠦᠵᠢᠯ ᠢ ᠦᠷᠬᠦᠯᠵᠢᠯᠡᠨ ᠴᠢᠩᠭᠠᠳᠬᠠᠵᠦ᠂ ᠤᠯᠤᠰ ᠤᠨ ᠲᠠᠰ ᠤᠨ ᠦᠨᠳᠤᠰᠤᠳᠠᠨ ᠤ ᠪᠦᠯᠬᠦᠮᠳᠡᠯ ᠤᠨ ᠵᠢᠱᠢᠶ᠎ᠠ ᠦᠵᠡᠬᠦᠯᠬᠦ ᠬᠤᠰᠢᠭᠤ ᠶᠢ ᠡᠬᠦᠳᠤᠨ ᠪᠠᠶᠢᠭᠤᠯᠬᠤ ᠠᠵᠢᠯ ᠢ ᠬᠦᠨᠵᠡᠬᠡᠢ ᠰᠠᠶᠢᠳᠤᠷ ᠦᠷᠨᠢᠬᠦᠯᠵᠦ᠂ ᠦᠨᠳᠤᠰᠤᠳᠠᠨ ᠤ ᠪᠦᠯᠬᠦᠮᠳᠠᠯ ᠲᠡᠪᠰᠢᠯᠳᠠ ᠎ ᠶᠢᠨ ᠡᠬᠦᠳᠤᠨ ᠪᠠᠶᠢᠭᠤᠯᠤᠯᠳᠠ ᠶᠢᠨ ᠠᠵᠢᠯ ᠤᠨ ᠬᠠᠮᠤᠷᠬᠤ ᠭᠡᠪᠴᠢᠶ᠎ᠠ ᠶᠢ ᠲᠠᠰᠤᠷᠠᠯᠳᠠ ᠦᠬᠡᠢ ᠦᠷᠭᠡᠳᠭᠡᠵᠦ᠂ ᠵᠢᠱᠢᠶ᠎ᠠ ᠦᠵᠡᠬᠦᠯᠦᠨ ᠬᠦᠳᠤᠯᠤᠨ ᠲᠠᠭᠠᠭᠤᠯᠬᠤ ᠶᠢ ᠪᠠᠷᠢᠮᠳᠠᠯᠠᠵᠦ᠂ ᠦᠨᠳᠤᠰᠤᠳᠠᠨ ᠤ ᠪᠦᠯᠬᠦᠮᠳᠡᠯ ᠲᠡᠪᠰᠢᠯᠳᠠ ᠶᠢᠨ ᠵᠢᠱᠢᠶ᠎ᠠ ᠦᠵᠡᠬᠦᠯᠬᠦ‍ ᠨᠢᠭᠡ ᠪᠦᠯᠦᠭ ᠰᠠᠭᠤᠷᠢᠨ ᠭᠠᠵᠡᠷ ᠢ ᠦᠷᠬᠦᠯᠵᠢᠯᠡᠨ ᠡᠬᠦᠳᠴᠦ᠂ ᠦᠨᠳᠤᠰᠤᠳᠠᠨ ᠤ ᠪᠦᠯᠬᠦᠮᠳᠡᠯ ᠲᠡᠪᠰᠢᠯᠳᠠ ᠶᠢᠨ ᠡᠬᠦᠳᠤᠨ ᠪᠠᠶᠢᠭᠤᠯᠤᠯᠳᠠ ᠶᠢᠨ ᠦᠷ᠎ᠡ ᠪᠦᠳᠤᠭᠡᠯ ᠢ ᠦᠨᠡᠨᠬᠦ ᠲᠡᠭᠡᠭᠰᠢᠯᠡᠬᠦᠯᠦᠨ᠎ᠡ᠃ ᠬᠠᠤᠯᠢ ᠪᠠᠷ ᠵᠠᠰᠠᠬᠤ ᠰᠡᠳᠬᠢᠬᠦᠢ ᠪᠤᠯᠤᠨ ᠬᠠᠤᠯᠢ ᠪᠠᠷ ᠵᠠᠰᠠᠬᠤ ᠠᠷᠭ᠎ᠠ ᠭᠡᠯᠪᠡᠷᠢ ᠪᠠᠷ ᠦᠨᠳᠤᠰᠤᠳᠠᠨ ᠤ ᠭᠡᠷᠡᠭ ᠶᠠᠪᠤᠳᠠᠯ ᠢ ᠰᠢᠢᠳᠪᠤᠷᠢᠯᠡᠬᠦ ᠶᠢ ᠪᠠᠷᠢᠮᠳᠠᠯᠠᠵᠦ᠂ ᠦᠨᠳᠤᠰᠤᠳᠠᠨ ᠤ ᠪᠦᠯᠬᠦᠮᠳᠡᠯ ᠢ ᠬᠠᠤᠯᠢ ᠪᠠᠷ ᠬᠠᠮᠠᠭᠠᠯᠠᠵᠦ᠂ ᠦᠨᠳᠤᠰᠤᠳᠠᠨ ᠎ ᠨᠦᠭᠦᠳ ᠤᠨ ᠤᠯᠠᠨ ᠲᠦᠮᠡᠨ ᠤ ᠬᠠᠤᠯᠢ ᠶᠤᠰᠤᠨ ᠤ ᠡᠷᠭᠡ ᠠᠰᠢᠭ ᠢ ᠬᠠᠤᠯᠢ ᠪᠠᠷ ᠬᠠᠮᠠᠭᠠᠯᠠᠵᠦ᠂ ᠦᠨᠳᠤᠰᠤᠳᠠᠨ ᠤ ᠭᠡᠷᠡᠭ ᠡᠷᠬᠢᠯᠡᠬᠦ ᠵᠠᠰᠠᠯᠳᠠ ᠶᠢ ᠬᠠᠤᠯᠢᠵᠢᠭᠤᠯᠬᠤ ᠶᠢ ᠲᠦᠯᠬᠢᠨ ᠠᠬᠢᠭᠤᠯᠵᠦ᠂ ᠦᠨᠳᠤᠰᠤᠳᠠᠨ ᠨᠦᠭᠦᠳ ᠤᠨ ᠤᠯᠠᠨ ᠲᠦᠮᠡᠨ ᠤ ᠬᠠᠤᠯᠢ ᠰᠠᠬᠢᠯᠭ᠎ᠠ ᠶᠢ ᠵᠢᠷᠤᠮᠯᠠᠬᠤ ᠤᠬᠠᠮᠰᠠᠷ ᠢ ᠪᠠᠳᠤ ᠪᠠᠬᠢ ᠪᠤᠢ ᠪᠤᠯᠭᠠᠵᠦ᠂ ᠦᠨᠳᠤᠰᠤᠳᠠᠨ ᠨᠦᠭᠦᠳ ᠬᠠᠮᠳᠤᠪᠡᠷ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ ᠶᠢ ᠠᠬᠢᠭᠤᠯᠵᠦ᠂ ᠰᠠᠶᠢᠨ ᠰᠠᠶᠢᠬᠠᠨ ᠭᠡᠷ ᠤᠷᠤᠨ ᠢᠶᠠᠨ ᠬᠠᠮᠳᠤ ᠪᠠᠷ ᠴᠤᠭᠴᠠᠯᠠᠨ᠎ᠠ᠃ ᠰᠤᠶᠤᠯ ᠲᠠᠮᠢᠷ ᠤᠨ ᠦᠢᠯᠡᠰ ᠤᠨ ᠦᠷᠨᠢᠬᠦᠨ ᠬᠦᠭᠵᠢᠯᠳᠡ ᠶᠢ ᠠᠬᠢᠭᠤᠯᠤᠨ᠎ᠠ᠃ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠭᠠᠠᠮᠦ᠋ᠴᠢᠷ ᠤᠨ ᠲᠦᠷᠢᠮ︾᠎ ᠢ ᠬᠦᠨᠵᠡᠬᠡᠢ ᠲᠤᠤᠱᠯᠠᠭᠤᠯᠵᠦ᠂ ︽ᠤᠯᠠᠭᠠᠠᠮᠦ᠋ᠴᠢᠷ ᠤᠨ ᠦᠢᠯᠡᠰ ᠤᠨ ᠬᠦᠭᠵᠢᠯᠳᠡ ᠶᠢᠨ ᠲᠤᠮᠳᠠ ᠪᠡ ᠤᠷᠳᠤ ᠬᠤᠭᠤᠴᠠᠭᠠᠨ ᠤ ᠲᠦᠯᠦᠪᠵᠢᠬᠦᠯᠬᠡ︾᠎ ᠶᠢ ᠲᠤᠭᠳᠠᠭᠠᠨ ᠨᠠᠶᠢᠳᠠᠯᠠᠵᠦ᠂ ᠤᠯᠠᠭᠠᠠᠮᠦ᠋ᠴᠢᠷ ᠤᠨ ᠠᠷᠠᠳ ᠲᠤ ᠬᠠᠷᠠᠭᠠᠯᠵᠠᠯ ᠦᠵᠡᠬᠦᠯᠬᠦ ᠲᠦᠪ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠵᠦ᠂ ᠨᠡᠮ ᠤᠨ ᠰᠤᠷᠭᠠᠭᠤᠯᠢ ᠶᠢᠨ ᠪᠤᠯᠪᠠᠰᠤᠷᠠᠯ ᠬᠦᠮᠦᠵᠢᠯ ᠤᠨ ᠰᠠᠭᠤᠷᠢᠨ ᠭᠠᠵᠡᠷ ᠲᠤ ᠲᠦᠰᠢᠭᠯᠡᠵᠦ᠂ ᠤᠯᠠᠭᠠᠠᠮᠦ᠋ᠴᠢᠷ ᠤᠨ ᠨᠠᠷᠠᠳᠤ ᠲᠡᠮᠳᠡᠭᠳᠤ ᠶᠢᠨ ᠦᠢᠯᠡᠳᠤᠯ ᠢ ᠪᠠᠳᠠᠷᠠᠭᠤᠯᠦᠨ᠂ ᠤᠯᠠᠭᠠᠠᠮᠦ᠋ᠴᠢᠷ ᠤᠨ ᠠᠬᠠᠮᠠᠳ ᠲᠤᠭᠯᠠᠭᠴᠢᠳ ᠢ ᠵᠤᠬᠢᠶᠠᠨ ᠪᠠᠶᠢᠭᠤᠯᠵᠦ ︽ᠤᠤᠭᠠᠨ ᠤᠯᠠᠭᠠᠨᠮᠦ᠋ᠴᠢᠷ ᠤᠨ ᠦᠯᠢᠭᠡᠷ ᠎ ᠢ ᠶᠡᠷᠢᠬᠤ︾ ᠰᠢᠷᠢᠰ ᠠᠵᠢᠯᠯᠠᠭ᠎ᠠ ᠶᠢ ᠦᠷᠨᠢᠬᠦᠯᠵᠦ᠂ ᠪᠦᠬᠦ ᠠᠶᠢᠮᠠᠭ ᠵᠢᠴᠢ ᠪᠦᠬᠦ ᠤᠷᠤᠨ ᠤ ᠲᠠᠰ ᠤᠨ ᠬᠤᠪᠢᠰᠬᠠᠯᠳᠤ ᠰᠤᠶᠤᠯ ᠤᠨ ᠬᠦᠮᠦᠵᠢᠯ ᠤᠨ ᠰᠠᠭᠤᠷᠢᠨ ᠭᠠᠵᠡᠷ ᠪᠤᠯᠭᠠᠬᠤ ᠪᠠᠷ ᠰᠦᠪᠡᠭᠴᠢᠯᠠᠨ ᠠᠬᠢᠭᠤᠯᠵᠦ᠂ ᠤᠯᠠᠭᠠᠨᠮᠦ᠋ᠴᠢᠷ ᠤᠨ ᠭᠤᠤᠯ ᠦᠷᠢᠰᠦᠯᠳᠤᠬᠦ ᠬᠦᠴᠦᠨ ᠪᠡ ᠨᠡᠷ᠎ᠡ ᠨᠦᠯᠦᠬᠡ ᠶᠢ ᠲᠡᠭᠡᠭᠰᠢᠯᠡᠬᠦᠯᠦᠨ᠎ᠡ᠃ ᠤᠯᠠᠨ ᠨᠠᠶᠢᠳᠠ ᠶᠢᠨ ᠰᠤᠶᠤᠯ ᠤᠨ ᠦᠢᠯᠡᠴᠢᠯᠠᠬᠡᠨ ᠤ  ᠲᠤᠭᠠᠴᠢᠯᠠᠭᠰᠠᠨ ᠪᠠᠶᠢᠭᠤᠯᠤᠯᠳᠠ ᠶᠢ ᠠᠬᠢᠭᠤᠯᠵᠦ᠂ ᠤᠯᠠᠨ ᠲᠦᠮᠡᠨ ᠎ ᠳᠤ ᠨᠠᠩ ᠤᠯᠠᠨ ᠰᠢᠯᠢᠳᠡᠭ ᠰᠤᠶᠤᠯ ᠤᠨ ᠬᠦᠭᠵᠢᠯᠳᠡ ᠶᠢᠨ ᠦᠷ᠎ᠡ ᠪᠦᠳᠤᠭᠡᠯ ᠢ ᠡᠳ᠋ᠯᠡᠬᠦᠯᠦᠨ᠎ᠡ᠃ ᠲᠠᠤᠭᠡ ᠶᠢᠨ ᠲᠤᠷᠡᠰᠬᠠᠯᠳᠤ ᠵᠦᠢᠯ ᠢ ᠬᠠᠮᠠᠭᠠᠯᠠᠬᠤ ᠠᠵᠢᠯ ᠢ ᠴᠢᠩᠭᠠᠳᠬᠠᠵᠦ᠂ ᠵᠢᠪᠬᠤᠯᠠᠩᠳᠤ ᠶᠢᠨ ᠡᠾᠦ᠋ᠩᠨᠤ ᠶᠢᠨ ᠦᠶ᠎ᠠ ᠶᠢᠨ ᠪᠤᠯᠠᠰᠢ ᠨᠤᠭᠤᠳ ᠤᠨ ᠬᠠᠭᠤᠴᠢ ᠮᠠᠯᠳᠠᠮᠠᠯ ᠤᠨ ᠠᠵᠢᠯ ᠢ ᠦᠷᠬᠦᠯᠵᠢᠯᠡᠨ ᠰᠠᠶᠢᠳᠤᠷ ᠬᠢᠨ᠎ᠡ᠃ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠪᠡ ᠪᠦᠬᠦ ᠠᠷᠠᠳ ᠤᠨ ᠡᠷᠡᠬᠦᠯ ᠮᠠᠨᠳᠤ ᠶᠢ ᠬᠦᠨᠵᠡᠬᠡᠢ ᠠᠭᠤᠰᠤᠯᠴᠠᠭᠤᠯᠬᠤ ᠶᠢ ᠯᠠᠪᠳᠠᠭᠤᠨ ᠪᠠᠳᠤᠳᠠᠢ ᠠᠬᠢᠭᠤᠯᠵᠦ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠦᠪ ᠪᠡ ᠤᠯᠠᠮᠵᠢᠯᠠᠯᠳᠤ ᠪᠠᠶ᠎ᠠ ᠲᠡᠮᠢᠷ ᠤᠨ ᠲᠦᠷᠦᠯ ᠵᠦᠢᠯ ᠤᠨ ᠰᠠᠭᠤᠷᠢᠨ ᠭᠠᠵᠡᠷ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠵᠦ᠂ ᠤᠯᠠᠮᠵᠢᠯᠠᠯᠳᠤ ᠲᠡᠮᠢᠷ ᠎ ᠤᠨ ᠲᠦᠷᠦᠯ ᠵᠦᠢᠯ᠂ ᠦᠨᠳᠤᠰᠤᠳᠠᠨ ᠤ ᠲᠠᠮᠢᠷ ᠤᠨ ᠲᠦᠷᠦᠯ ᠵᠦᠢᠯ ᠪᠡ ᠮᠦᠰᠦ ᠴᠠᠰᠤᠨ ᠤ ᠲᠦᠷᠦᠯ ᠵᠦᠢᠯ ᠤᠨ ᠲᠤᠭᠤᠷᠢᠨ ᠳᠤ᠂ ᠡᠯ᠎ᠡ ᠲᠦᠷᠦᠯ ᠤᠨ ᠪᠠᠶ᠎ᠠ ᠲᠡᠮᠢᠷ ᠤᠨ ᠠᠵᠢᠯᠯᠠᠭ᠎ᠠ ᠶᠢ ᠦᠷᠭᠡᠨ ᠲᠡᠯᠭᠡᠷᠡᠩᠭᠦᠢ ᠦᠷᠨᠢᠬᠦᠯᠵᠦ᠂ ᠪᠦᠬᠦ ᠠᠷᠠᠳ ᠤᠨ ᠪᠠᠶ᠎ᠠ ᠴᠢᠬᠢᠷᠠᠭᠵᠢᠭᠤᠯᠬᠤ ᠰᠠᠭᠤᠷᠢ ᠶᠢ ᠪᠠᠬᠢᠵᠢᠬᠦᠯᠦᠨ᠎ᠡ᠃ ᠪᠦᠬᠦ ᠤᠷᠤᠨ᠂ ᠪᠦᠬᠦ ᠠᠶᠢᠮᠠᠭ ᠤᠨ ᠡᠯ᠎ᠡ ᠲᠦᠷᠦᠯ ᠤᠨ ᠤᠶᠤᠨ ᠤ ᠤᠷᠤᠯᠳᠤᠭᠠᠨ ᠪᠤᠯᠤᠨ ᠪᠠᠶ᠎ᠠ ᠲᠠᠮᠢᠷ ᠤᠨ ᠴᠤᠭᠯᠠᠭᠠᠨ ᠤ ᠲᠦᠷᠦᠯ ᠵᠦᠢᠯ ᠢ ᠦᠷᠬᠦᠯᠵᠢᠯᠡᠨ ᠰᠠᠶᠢᠳᠤᠷ ᠲᠠᠭᠠᠭᠠᠴᠢᠯᠠᠨ ᠡᠷᠬᠢᠯᠡᠵᠦ᠂ ᠲᠡᠮᠡᠭᠡᠨ ᠤ ᠤᠷᠤᠯᠳᠤᠭᠠᠨ ᠪᠡ ᠲᠠᠯ᠎ᠠ ᠨᠤᠳᠤᠭ ᠤᠨ ᠬᠤᠷᠳᠤᠨ ᠬᠦᠯᠦᠭ ᠤᠨ ᠤᠷᠤᠯᠳᠤᠭᠠᠨ ᠢ ᠪᠦᠬᠦ ᠤᠷᠤᠨ ᠤ ᠲᠠᠰ ᠤᠨ ᠨᠡᠷᠡᠳᠤ ᠲᠡᠮᠳᠡᠭᠳᠤ ᠪᠠᠶ᠎ᠠ ᠲᠠᠮᠢᠷ ᠤᠨ ᠤᠷᠤᠯᠳᠤᠭᠠᠨ ᠪᠤᠯᠭᠠᠬᠤ ᠪᠠᠷ ᠴᠢᠷᠮᠡᠶᠢᠨ᠎ᠡ᠃ ᠨᠡᠶᠢᠬᠡᠮ ᠤᠨ ᠪᠠᠳᠤᠯᠠᠭ᠎ᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠨᠠᠰᠤᠵᠢᠯ ᠎ ᠤᠨ ᠠᠰᠠᠷᠠᠮᠵᠢ᠂ ᠠᠵᠢᠯ ᠠᠯᠳᠠᠯᠳᠠ᠂ ᠠᠵᠢᠯ ᠤᠨ ᠰᠢᠷᠬᠠᠳᠤᠯ᠂ ᠡᠮ ᠡᠮᠨᠡᠯᠬᠡ ᠶᠢᠨ ᠲᠠᠭᠠᠳᠬᠠᠯ ᠳᠤ ᠤᠷᠤᠯᠴᠠᠬᠤ ᠭᠡᠪᠴᠢᠶ᠎ᠠ ᠶᠢ ᠦᠷᠬᠦᠯᠵᠢᠯᠡᠨ ᠦᠷᠭᠡᠳᠭᠡᠵᠦ᠂ ᠦᠨᠳᠤᠰᠤᠨ ᠡᠮ ᠡᠮᠨᠡᠯᠬᠡ ᠶᠢᠨ ᠲᠠᠭᠠᠳᠬᠠᠯ᠂ ᠬᠦᠨᠳᠤ ᠡᠪᠡᠳᠴᠢᠨ ᠤ ᠲᠠᠭᠠᠳᠬᠠᠯ ᠪᠤᠯᠤᠨ ᠡᠮᠨᠡᠯᠬᠡ ᠶᠢᠨ ᠠᠪᠤᠷᠠᠨ ᠲᠤᠰᠠᠯᠠᠯᠳᠠ ᠵᠡᠷᠭᠡ ︽ᠭᠤᠷᠪᠡᠨ ᠴᠢᠬᠤᠯᠠ ᠪᠠᠳᠤᠯᠠᠭ᠎ᠠ︾᠎ ᠶᠢᠨ ᠴᠢᠳᠠᠪᠬᠢ ᠶᠢ ᠴᠢᠩᠭᠠᠳᠬᠠᠨ᠎ᠠ᠃ ᠬᠤᠳᠠ ᠬᠦᠳᠡᠭᠡᠨ ᠤ ᠲᠤᠤᠷ᠎ᠡ ᠪᠠᠳᠤᠯᠠᠭᠠᠳᠤ ᠡᠷᠦᠬᠡ᠂ ᠤᠨᠴᠠ ᠬᠦᠴᠢᠷᠳᠡᠯᠳᠡᠢ ᠬᠦᠮᠦᠰ᠂ ᠬᠠᠷᠠᠭᠠᠯᠵᠠᠯ ᠬᠦᠷᠳᠡᠭᠰᠡᠳ ᠤᠨ ᠠᠪᠤᠷᠠᠨ ᠲᠤᠰᠠᠯᠠᠯᠳᠠ ᠶᠢᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠡᠶᠢᠳᠡᠪᠤᠷᠢᠵᠢᠭᠤᠯᠵᠦ᠂ ᠤᠨᠴᠠ ᠬᠦᠴᠢᠷᠳᠡᠯᠳᠡᠢ ᠬᠦᠮᠦᠰ᠂ ᠦᠨᠦᠴᠢᠨ ᠭᠡᠤᠭᠡᠳ᠂ ᠵᠡᠮᠳᠡᠭᠴᠤᠳ ᠵᠡᠷᠭᠡ ᠬᠦᠮᠦᠰ ᠢ ᠬᠠᠪᠰᠤᠷᠤᠨ ᠲᠡᠳᠬᠦᠬᠦ ᠠᠵᠢᠯ ᠢᠶᠠᠨ ᠴᠢᠩᠭᠠᠳᠬᠠᠨ᠎ᠠ᠃ ᠮᠠᠯᠵᠢᠬᠤ ᠤᠷᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠠᠬᠡᠨ ᠤ ᠭᠡᠯᠪᠡᠷᠢ ᠶᠢ ᠳ᠋ᠦᠩᠨᠡᠨ ᠲᠡᠭᠡᠭᠰᠢᠯᠡᠬᠦᠯᠵᠦ᠂ ᠵᠢᠷᠭᠠᠯᠠᠩ ᠨᠠᠰᠤᠳᠠᠶᠢᠴᠤᠳ ᠤᠨ ᠶᠡᠷᠦᠩᠭᠡᠶᠢᠯᠡᠭᠰᠡᠨ ᠠᠰᠠᠷᠠᠮᠵᠢ ᠶᠢᠨ ᠬᠦᠷᠢᠶᠠᠯᠠᠩ ᠤᠨ ᠦᠢᠯᠡᠳᠤᠯ ᠢ ᠬᠦᠢᠴᠡᠳ ᠰᠠᠶᠢᠳᠤᠷ ᠪᠠᠳᠠᠷᠠᠭᠤᠯᠵᠦ᠂ ᠨᠠᠰᠤᠵᠢᠯ ᠤᠨ ᠠᠰᠠᠷᠠᠮᠵᠢ ᠎ ᠶᠢᠨ ᠦᠢᠯᠡᠴᠢᠯᠡᠭᠡᠨ ᠤ ᠬᠢᠷᠢ ᠲᠦᠪᠰᠢᠨ ᠪᠡ ᠶᠠᠰᠤ ᠴᠢᠨᠡᠷ ᠢ ᠤᠯᠠᠮ ᠨᠢᠭᠡ ᠠᠯᠬᠤᠮ ᠲᠡᠭᠡᠭᠰᠢᠯᠡᠬᠦᠯᠦᠨ᠎ᠡ᠃ ᠨᠡᠶᠢᠬᠡᠮ ᠎ ᠤᠨ ᠵᠠᠰᠠᠯᠳᠠ ᠶᠢᠨ ᠦᠢᠯᠡᠳᠤᠯ ᠴᠢᠳᠠᠪᠬᠢ ᠶᠢ ᠴᠢᠩᠭᠠᠳᠬᠠᠨ᠎ᠠ᠃ ︽ᠠᠮᠤᠭᠤᠯᠠᠩᠳᠤ ᠪᠠᠷᠠᠭᠤᠨ ᠰᠦᠨᠢᠳ︾᠂ ︽ᠬᠠᠤᠯᠢᠳᠤ ᠪᠡᠷᠠᠭᠤᠨ ᠰᠦᠨᠢᠳ︾᠎ ᠤᠨ ᠪᠦᠳᠤᠭᠡᠨ ᠪᠠᠶᠢᠭᠤᠯᠤᠯᠳᠠ ᠶᠢ ᠬᠦᠨᠵᠡᠬᠡᠢ ᠠᠬᠢᠭᠤᠯᠵᠦ᠂ ᠵᠦᠷᠢᠴᠠᠯ ᠢ ᠪᠠᠶᠢᠴᠠᠭᠠᠨ ᠨᠠᠮᠳᠠᠭᠠᠬᠤ ᠪᠡ ᠨᠡᠶᠢᠬᠡᠮ ᠤᠨ ᠠᠮᠤᠷ ᠲᠦᠪᠰᠢᠨ ᠤ ᠶᠡᠷᠦᠩᠭᠡᠶᠢᠯᠡᠭᠰᠡᠨ ᠵᠠᠰᠠᠯᠳᠠ ᠶᠢ ᠴᠢᠩᠭᠠᠳᠬᠠᠵᠦ᠂ ᠵᠠᠬᠢᠳᠠᠯ ᠰᠤᠷᠪᠤᠯᠵᠢᠯᠠᠭ᠎ᠠ ᠶᠢᠨ ᠲᠠᠷᠤᠭᠳᠠᠮᠠᠯ ᠭᠡᠷᠡᠭ ᠢ ᠰᠢᠢᠳᠪᠤᠷᠢᠯᠡᠨ ᠨᠠᠮᠳᠠᠭᠠᠬᠤ ᠭᠤᠷᠪᠡᠨ ᠵᠢᠯ ᠤᠨ ᠰᠢᠪᠳᠤᠯᠤᠯᠳᠠ ᠎ ᠶᠢᠨ ᠲᠤᠰᠬᠠᠢ ᠲᠦᠷᠦᠯ ᠤᠨ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠤᠯᠠᠨ ᠲᠦᠮᠡᠨ ᠤ ᠵᠦᠢ ᠶᠤᠰᠤᠨ ᠤ ᠬᠦᠰᠡᠯ ᠱᠠᠭᠠᠷᠳᠠᠯᠭ᠎ᠠ ᠶᠢ ᠬᠠᠤᠯᠢ ᠶᠤᠰᠤᠭᠠᠷ ᠰᠢᠢᠳᠪᠤᠷᠢᠯᠡᠨ᠎ᠡ᠃ ᠬᠠᠷ᠎ᠡ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠠᠵᠢᠯᠯᠠᠭ᠎ᠠ ᠶᠢ ᠪᠠᠶᠢᠩᠭᠤ ᠦᠷᠨᠢᠬᠦᠯᠵᠦ᠂ ᠭᠤᠤᠯᠳᠠᠯᠭ᠎ᠠ ᠲᠠᠢ ᠬᠦᠮᠦᠰ ᠢ ᠬᠠᠮᠢᠶᠠᠷᠤᠨ ᠡᠵᠡᠮᠳᠡᠬᠦ ᠪᠡ ᠲᠤᠰᠬᠠᠢ ᠭᠡᠷᠡᠭ ᠲᠤ ᠴᠤᠬᠢᠯᠳᠠ ᠦᠭᠬᠦ ᠡᠷᠴᠢᠮ ᠢᠶᠠᠨ ᠴᠢᠩᠭᠠᠷᠠᠭᠤᠯᠤᠨ᠎ᠠ᠃ ᠠᠶᠤᠯᠬᠦᠢ ᠦᠢᠯᠡᠳᠪᠤᠷᠢᠯᠡᠯ ᠤᠨ ᠲᠤᠰᠬᠠᠢ ᠲᠦᠷᠦᠯ ᠤᠨ ᠴᠡᠭᠴᠡᠯᠡᠯᠳᠠ ᠶᠢᠨ ᠭᠤᠷᠪᠡᠨ ᠵᠢᠯ ᠤᠨ ᠠᠵᠢᠯᠯᠠᠭ᠎ᠠ ᠶᠢ ᠯᠠᠪᠳᠠᠭᠤᠨ ᠪᠡᠳᠤᠳᠠᠢ ᠠᠬᠢᠭᠤᠯᠵᠦ᠂ ᠤᠯᠠᠨ ᠲᠦᠮᠡᠨ ᠤ ᠢᠳᠡᠭᠡᠨ ᠤᠮᠳᠠᠭᠠᠨ ᠡᠮ ᠤᠨ ᠵᠦᠢᠯ ᠤᠨ ᠠᠮᠤᠷ ᠲᠦᠪᠰᠢᠨ ᠢ ᠬᠤᠬᠢᠷᠠᠭᠤᠯᠤᠭᠰᠠᠨ ᠬᠠᠤᠯᠢ ᠵᠦᠷᠢᠴᠡᠭᠰᠡᠨ ᠶᠡᠯᠡᠳᠤ ᠠᠵᠢᠯᠯᠠᠭ᠎ᠠ ᠳᠤ ᠬᠦᠴᠦᠳᠡᠢ ᠴᠤᠬᠢᠯᠳᠠ ᠦᠭᠴᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠨ᠎ᠠ᠃ ᠶᠡᠰᠤ ᠴᠢᠨᠡᠷ ᠢᠶᠠᠷ ᠲᠡᠭᠡᠭᠰᠢᠯᠡᠬᠦᠯᠬᠦ ᠠᠵᠢᠯᠯᠠᠭ᠎ᠠ ᠶᠢ ᠬᠦᠨᠵᠡᠬᠡᠢ ᠭᠡᠷᠡᠭᠵᠢᠬᠦᠯᠵᠦ᠂ ᠶᠠᠰᠤ ᠴᠢᠨᠡᠷ ᠢᠶᠠᠷ ᠬᠤᠰᠢᠭᠤ ᠪᠠᠨ ᠬᠦᠴᠦᠷᠭᠡᠭᠵᠢᠬᠦᠯᠬᠦ ᠠᠯᠬᠤᠮ ᠢ ᠲᠦᠷᠭᠡᠳᠭᠡᠨ᠎ᠡ᠃ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ᠂ ᠡᠷᠦᠬᠡ ᠶᠢᠨ ᠴᠡᠷᠢᠭ ᠤᠨ ᠪᠡᠯᠡᠳᠭᠡᠯ ᠠᠯᠪᠡ ᠶᠢᠨ ᠪᠠᠶᠢᠭᠤᠯᠤᠯᠳᠠ ᠪᠡ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠬᠠᠮᠢᠶᠠᠷᠤᠯᠳᠠ ᠶᠢ ᠴᠢᠩᠭᠠᠳᠬᠠᠵᠦ᠂ ᠴᠡᠷᠢᠭ ᠠᠷᠠᠳ ᠤᠨ ᠠᠭᠤᠰᠤᠯᠴᠠᠭᠰᠠᠨ ᠬᠦᠭᠵᠢᠯᠳᠡ ᠶᠢ ᠬᠦᠨᠵᠡᠬᠡᠢ ᠠᠬᠢᠭᠤᠯᠤᠨ᠎ᠠ᠃ ᠨᠡᠮ ᠤᠨ ᠦᠨᠳᠤᠰᠤᠳᠠᠨ ᠱᠠᠰᠢᠨ ᠰᠤᠷᠳᠠᠬᠤᠨ ᠤ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠱᠠᠰᠢᠨ ᠰᠤᠷᠳᠠᠬᠤᠨ ᠤ ᠭᠡᠷᠡᠭ ᠶᠠᠪᠤᠳᠠᠯ ᠢ ᠬᠠᠤᠯᠢ ᠶᠤᠰᠤᠭᠠᠷ ᠡᠮᠬᠢ ᠵᠢᠷᠤᠮ ᠲᠠᠢ ᠬᠠᠮᠢᠶᠠᠷᠴᠦ᠂ ᠦᠨᠳᠤᠰᠤᠳᠠᠨ ᠨᠦᠭᠦᠳ ᠪᠦᠯᠬᠦᠮᠳᠡᠭᠰᠡᠨ᠂ ᠠᠮᠤᠷ ᠲᠤᠭᠳᠠᠭᠤᠨ ᠠᠵᠦ ᠲᠦᠷᠦᠭᠰᠡᠨ ᠰᠠᠶᠢᠨ ᠰᠠᠶᠢᠬᠠᠨ ᠪᠠᠶᠢᠳᠠᠯ ᠢ ᠪᠦᠬᠦ ᠲᠠᠯ᠎ᠠ ᠪᠠᠷ ᠬᠠᠮᠠᠭᠠᠯᠠᠨ᠎ᠠ᠃     ︵ᠨᠡᠢᠮᠠ︶ ᠤᠯᠤᠰ ᠲᠦᠷᠦ ᠪᠠᠷ ᠵᠢᠯᠤᠭᠤᠳᠤᠮᠵᠢ ᠪᠤᠯᠭᠠᠬᠤ ᠶᠢ ᠲᠤᠪᠤᠶᠢᠯᠭᠠᠵᠦ᠂ ᠠᠷᠠᠳ ᠲᠦᠮᠡᠨ ᠬᠠᠨᠤᠮᠵᠢᠳᠠᠢ ᠵᠠᠰᠠᠭ ᠤᠨ ᠤᠷᠳᠤᠨ ᠢ ᠪᠦᠳᠤᠭᠡᠨ ᠪᠠᠶᠢᠭᠤᠯᠤᠨ᠎ᠠ᠃ ᠬᠦᠭᠵᠢᠬᠦᠯᠦᠯᠳᠡ ᠶᠢᠨ ᠬᠦᠨᠳᠤ ᠡᠬᠦᠷᠭᠡ ᠪᠡ ᠠᠷᠠᠳ ᠲᠦᠮᠡᠨ ᠤ ᠬᠦᠰᠡᠯ ᠡᠷᠡᠮᠡᠯᠵᠡᠯ ᠨᠢ ᠵᠠᠰᠠᠭ ᠤᠨ ᠤᠷᠳᠤᠨ ᠤ ᠠᠵᠢᠯ ᠳᠤ ᠨᠠᠩ ᠦᠨᠳᠤᠷ ᠱᠠᠭᠠᠷᠳᠠᠯᠭ᠎ᠠ ᠶᠢ ᠲᠤᠷᠡᠳᠪᠡ᠃ ᠪᠢᠳᠡ ᠲᠤᠰ ᠪᠠᠶ᠎ᠠ ᠶᠢᠨ ᠪᠠᠶᠢᠭᠤᠯᠤᠯᠳᠠ ᠪᠠᠨ ᠪᠦᠬᠦ ᠲᠠᠯ᠎ᠠ ᠪᠠᠷ ᠴᠢᠩᠭᠠᠳᠬᠠᠵᠦ᠂ ᠵᠠᠰᠠᠯᠳᠠ ᠶᠢᠨ ᠲᠤᠭᠳᠠᠯᠴᠠᠭ᠎ᠠ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠤᠨ᠎ᠠ᠃ ᠤᠯᠤᠰ ᠲᠦᠷᠦ ᠶᠢᠨ ᠮᠦᠨ ᠴᠢᠨᠡᠷ ᠢ ᠪᠡᠷᠢᠮᠳᠠᠯᠠᠵᠦ᠂ ᠦᠨᠡᠨᠴᠢ ᠢᠳᠡᠭᠡᠮᠵᠢᠳᠤ ᠵᠠᠰᠠᠭ ᠤᠨ ᠤᠷᠳᠤᠨ ᠢ ᠪᠠᠶᠢᠭᠤᠯᠤᠨ᠎ᠠ᠃ ᠤᠯᠤᠰ ᠲᠦᠷᠦ ᠎ ᠶᠢᠨ ᠪᠠᠶᠢᠭᠤᠯᠤᠯᠳᠠ ᠶᠢ ᠢᠮᠠᠭᠳᠠ ᠲᠡᠷᠢᠬᠦᠨ ᠪᠠᠶᠢᠷᠢᠨ ᠳᠤ ᠲᠠᠯᠪᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠠ ᠎ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠵᠦ᠂ ︽ᠤᠭ ᠰᠠᠨᠠᠭ᠎ᠠ ᠪᠠᠨ ᠦᠯᠦ ᠮᠡᠷᠳᠡᠵᠦ᠂ ᠡᠬᠦᠷᠭᠡ ᠬᠠᠷᠢᠭᠤᠴᠠᠯᠭ᠎ᠠ ᠪᠠᠨ ᠪᠡᠳᠤ ᠴᠡᠭᠡᠵᠢᠯᠡᠬᠦ︾ ᠭᠤᠤᠯ ᠰᠡᠳᠤᠪᠳᠤ ᠬᠦᠮᠦᠵᠢᠯ ᠤᠨ ᠦᠷ᠎ᠡ ᠪᠦᠳᠤᠭᠡᠯ ᠢ ᠦᠷᠬᠦᠯᠵᠢᠯᠡᠨ ᠬᠦᠨᠵᠡᠬᠡᠶᠢᠷᠡᠬᠦᠯᠵᠦ᠂ ᠨᠡᠮ ᠤᠨ ᠲᠡᠤᠭᠡ ᠶᠢ ᠰᠤᠷᠤᠯᠴᠠᠬᠤ ᠬᠦᠮᠦᠵᠢᠯ ᠢ ᠯᠠᠪᠳᠠᠭᠤᠨ ᠪᠠᠳᠤᠳᠠᠢ ᠦᠷᠨᠢᠬᠦᠯᠵᠦ᠂ ︽ᠲᠦᠷᠪᠡᠨ ᠤᠬᠠᠮᠰᠠᠷ︾17᠎ ᠢ ᠪᠠᠳᠤ ᠪᠠᠬᠢ ᠪᠤᠢ ᠪᠤᠯᠭᠠᠵᠦ᠂ ︽ᠲᠦᠷᠪᠡᠨ ᠢᠳᠡᠭᠡᠯ︾18᠎ ᠢᠶᠠᠨ ᠪᠠᠳᠤᠳᠬᠠᠨ᠂ ︽ᠬᠤᠶᠠᠷ ᠢ ᠬᠠᠮᠠᠭᠠᠯᠠᠬᠤ︾19᠎ ᠶᠢ ᠪᠡᠶᠡᠯᠡᠬᠦᠯᠦᠨ᠎ᠡ᠃ ᠨᠡᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠡᠷᠢᠮᠳᠠᠯᠠᠬᠤ ᠶᠢ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠡᠷᠭᠡᠪᠰᠢ ᠵᠢᠷᠤᠮᠯᠠᠬᠤ ᠲᠡᠷᠢᠬᠦᠨ ᠵᠡᠷᠴᠢᠮ ᠪᠡ ᠤᠯᠤᠰ ᠲᠦᠷᠦ ᠶᠢᠨ ᠦᠨᠳᠤᠰᠤᠨ ᠪᠠᠳᠤᠯᠠᠭ᠎ᠠ ᠪᠤᠯᠭᠠᠵᠦ᠂ ᠨᠡᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠪᠡ ᠲᠡᠭᠡᠳᠤ ᠱᠠᠳᠤᠨ ᠤ ᠨᠡᠮ ᠤᠨ ᠬᠤᠷᠢᠶ᠎ᠠ᠂ ᠵᠠᠰᠠᠭ ᠤᠨ ᠤᠷᠳᠤᠨ ᠵᠢᠴᠢ ᠬᠤᠰᠢᠭᠤ ᠨᠡᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠤᠤᠱᠳᠠᠢ ᠨᠠᠶᠢᠳᠠᠪᠤᠷᠢᠵᠢᠭᠤᠯᠵᠦ᠂ ᠡᠯ᠎ᠡ ᠲᠦᠷᠦᠯ ᠤᠨ ᠠᠵᠢᠯ ᠦᠢᠯᠡᠰ ᠎ ᠨᠢ ᠢᠮᠠᠭᠳᠠ ᠵᠦᠪ ᠤᠨᠤᠪᠴᠢᠳᠠᠢ ᠤᠯᠤᠰ ᠲᠦᠷᠦ ᠶᠢᠨ ᠴᠢᠭᠯᠡᠯ ᠢᠶᠠᠷ ᠵᠠᠮᠨᠠᠬᠤ ᠶᠢ ᠪᠠᠳᠤᠯᠠᠨ᠎ᠠ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠡᠷᠢᠮᠳᠠᠯᠠᠵᠦ᠂ ᠬᠠᠤᠯᠢᠳᠤ ᠵᠠᠰᠠᠭ ᠤᠨ ᠤᠷᠳᠤᠨ ᠢ ᠪᠠᠶᠢᠭᠤᠯᠤᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠬᠦᠨᠵᠡᠬᠡᠢ ᠲᠤᠤᠱᠯᠠᠭᠤᠯᠵᠦ᠂ ᠬᠠᠤᠯᠢ ᠪᠠᠷ ᠵᠠᠰᠠᠬᠤ ᠰᠡᠳᠬᠢᠬᠦᠢ ᠪᠡ ᠬᠠᠤᠯᠢ ᠪᠠᠷ ᠵᠠᠰᠠᠬᠤ ᠠᠷᠭ᠎ᠠ ᠭᠡᠯᠪᠡᠷᠢ ᠪᠠᠷ ᠦᠬᠡᠷᠡᠴᠢᠯᠠᠯᠳᠠ ᠶᠢ ᠬᠦᠨᠵᠡᠬᠡᠶᠢᠷᠡᠬᠦᠯᠬᠦ᠂ ᠬᠦᠭᠵᠢᠯᠳᠡ ᠶᠢ ᠠᠬᠢᠭᠤᠯᠬᠤ᠂ ᠵᠦᠷᠢᠴᠡᠯ ᠢ ᠨᠠᠮᠳᠠᠭᠠᠬᠤ᠂ ᠲᠤᠭᠳᠠᠭᠤᠨ ᠢ ᠬᠠᠮᠠᠭᠠᠯᠠᠬᠤ ᠶᠢ ᠪᠠᠷᠢᠮᠳᠠᠯᠠᠨ᠎ᠠ᠃ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠳᠤ ᠪᠤᠳᠤᠯᠭ᠎ᠠ ᠲᠤᠭᠳᠠᠭᠠᠬᠤ ᠶᠠᠪᠤᠴᠠ ᠶᠢᠨ ᠲᠤᠭᠳᠠᠭᠠᠯ︾᠎ ᠢ ᠴᠢᠩᠭ᠎ᠠ ᠭᠡᠷᠡᠭᠵᠢᠬᠦᠯᠵᠦ᠂ ᠵᠠᠰᠠᠭ ᠵᠡᠬᠢᠷᠭᠠᠨ ᠤ ᠬᠠᠤᠯᠢ ᠭᠡᠷᠡᠭᠵᠢᠬᠦᠯᠬᠦ ︽ᠭᠤᠷᠪᠡᠨ ᠵᠦᠢᠯ ᠤᠨ ᠲᠦᠷᠢᠮ︾20᠎ ᠢ ᠪᠦᠬᠦ ᠲᠠᠯ᠎ᠠ ᠪᠠᠷ ᠨᠡᠶᠢᠳᠡᠪᠤᠷᠢᠵᠢᠭᠤᠯᠵᠦ᠂ ︽ᠨᠡᠢᠮᠠᠳᠤᠭᠠᠷ ᠲᠡᠪᠤᠨ ᠵᠢᠯ︾᠎ ᠤᠨ ᠬᠠᠤᠯᠢ ᠲᠦᠬᠡᠮᠡᠯᠵᠢᠬᠦᠯᠬᠦ ᠠᠵᠢᠯ ᠢ ᠡᠬᠢᠯᠡᠬᠦᠯᠵᠦ᠂ ᠬᠠᠤᠯᠢ ᠪᠠᠷ ᠵᠠᠰᠠᠭᠯᠠᠬᠤ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ᠠᠷᠠᠳ ᠤᠨ ᠪᠠᠶᠢᠩᠭᠤ ᠶᠢᠨ ᠬᠤᠷᠢᠶᠠᠨ ᠤ ᠬᠠᠤᠯᠢ ᠶᠤᠰᠤᠭᠠᠷ ᠬᠢᠨᠡᠯᠳᠠ ᠲᠡᠯᠪᠢᠬᠤ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠲᠡᠯᠪᠢᠬᠤ ᠶᠢ ᠤᠬᠠᠮᠰᠠᠷ ᠠᠴᠠ ᠪᠠᠨ ᠬᠦᠯᠢᠶᠠᠨ ᠠᠪᠤᠨ᠎ᠡ᠃ ᠵᠠᠰᠠᠭ ᠤᠨ ᠶᠠᠪᠤᠳᠠᠯ ᠢ ᠢᠯᠡ ᠪᠤᠯᠭᠠᠬᠤ ᠡᠷᠴᠢᠮ ᠢᠶᠠᠨ ᠴᠢᠩᠭᠠᠷᠠᠭᠤᠯᠵᠦ᠂ ᠨᠡᠶᠢᠬᠡᠮ ᠤᠨ ᠬᠢᠨᠠᠯᠳᠠ ᠪᠡ ᠶᠡᠷᠢᠶ᠎ᠠ ᠬᠡᠯᠡᠯᠴᠡᠭᠡᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠠᠵᠦ᠂ ᠡᠷᠭᠡ ᠪᠠᠨ ᠢᠯᠡ ᠲᠤᠳᠤ ᠭᠡᠷᠡᠭᠵᠢᠬᠦᠯᠦᠨ᠎ᠡ᠃ ᠵᠤᠷᠢᠭᠳᠠᠢ ᠪᠠᠷ ᠡᠬᠦᠷᠭᠡᠯᠡᠬᠦ ᠵᠤᠷᠢᠭ ᠰᠠᠨᠠᠭ᠎ᠠ ᠶᠢ ᠪᠠᠳᠠᠷᠠᠭᠤᠯᠵᠦ᠂ ᠪᠤᠳᠠᠳᠠᠢ ᠶᠢ ᠡᠷᠬᠢᠮᠯᠡᠭᠰᠡᠨ ᠵᠠᠰᠠᠭ ᠤᠨ ᠤᠷᠳᠤᠨ ᠢ ᠪᠠᠶᠢᠭᠤᠯᠤᠨ᠎ᠠ᠃ ᠬᠠᠷᠢᠭᠤᠴᠠᠯᠭ᠎ᠠ ᠶᠢ ᠦᠨᠡᠨᠬᠦ ᠡᠬᠦᠷᠭᠡᠯᠡᠨ ᠬᠦᠢᠴᠡᠳᠭᠡᠬᠦ ᠶᠢ ᠪᠡᠷᠢᠮᠳᠠᠯᠠᠵᠦ᠂ ᠵᠤᠷᠢᠭᠳᠠᠢ ᠪᠠᠷ ᠬᠠᠷᠢᠭᠤᠴᠠᠯᠭ᠎ᠠ ᠡᠬᠦᠷᠭᠡᠯᠡᠨ ᠠᠵᠢᠯᠯᠠᠬᠤ ᠬᠠᠷᠢᠭᠤᠴᠠᠯᠭᠠᠳᠤ ᠰᠡᠳᠬᠢᠯᠬᠡ ᠲᠠᠢ ᠪᠠᠶᠢᠵᠦ᠂ ᠨᠢᠬᠡᠨᠳᠡ ᠲᠤᠭᠳᠠᠭᠰᠠᠨ ᠠᠵᠢᠯ ᠤᠨ ᠪᠠᠶᠢᠷᠢᠯᠠᠭᠤᠯᠤᠯᠳᠠ ᠶᠢ ᠪᠤᠳᠠᠳᠠᠢ ᠠᠳᠬᠤᠨ ᠬᠢᠵᠦ᠂ ᠪᠤᠳᠠᠳᠤ ᠦᠷ᠎ᠡ ᠪᠦᠳᠤᠮᠵᠢ ᠭᠠᠷᠭᠠᠬᠤ ᠶᠢ ᠡᠷᠬᠢᠮᠯᠡᠨ᠎ᠡ᠃ ᠵᠠᠰᠠᠭ ᠤᠨ ᠤᠷᠳᠤᠨ ᠤ ᠠᠵᠢᠯ ᠤᠨ ᠨᠠᠷᠢᠨ ᠲᠡᠩᠰᠡᠯᠠᠭᠰᠠᠨ ᠬᠠᠮᠢᠶᠠᠷᠤᠯᠳᠠ ᠶᠢ ᠭᠡᠷᠡᠭᠵᠢᠬᠦᠯᠵᠦ᠂ ᠱᠠᠯᠠᠪᠳᠠᠭᠤᠯᠤᠨ ᠬᠦᠢᠴᠡᠳᠭᠡᠯᠭᠡᠬᠦ ᠠᠵᠢᠯ ᠢ ᠴᠢᠩᠭᠠᠳᠬᠠᠨ᠂ ᠦᠷ᠎ᠡ ᠪᠦᠳᠤᠮᠵᠢ ᠶᠢ ᠮᠦᠷᠳᠡᠨ ᠠᠰᠠᠭᠤᠵᠦ᠂ ᠡᠯ᠎ᠡ ᠵᠦᠢᠯ ᠤᠨ ᠠᠵᠢᠯ ᠢ ᠨᠠᠷᠢᠯᠢᠭ ᠪᠤᠳᠠᠳᠠᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠨᠢᠬᠡ ᠠᠴᠠ ᠭᠤᠷᠪᠡ ᠶᠢ ᠲᠦᠰᠦᠭᠡᠯᠡᠬᠦ᠂ ᠦᠩᠭᠡᠨ ᠲᠠᠯ᠎ᠠ ᠪᠡ ᠤᠭ ᠦᠨᠳᠤᠰᠤ ᠶᠢ ᠨᠢ ᠵᠡᠷᠭᠡᠪᠡᠷ ᠵᠠᠰᠠᠬᠤ ᠶᠢ ᠪᠠᠷᠢᠮᠳᠠᠯᠠᠵᠦ᠂ ᠡᠯ᠎ᠡ ᠱᠠᠳᠤᠨ ᠤ ᠲᠤᠭᠤᠷᠢᠨ ᠪᠠᠶᠢᠴᠠᠭᠠᠵᠦ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠭᠰᠠᠨ ᠦᠷ᠎ᠡ ᠪᠦᠳᠤᠭᠡᠯ ᠢ ᠲᠡᠰᠤᠷᠠᠯᠳᠠ ᠦᠬᠡᠢ ᠪᠠᠬᠢᠵᠢᠬᠦᠯᠦᠨ᠎ᠡ᠃ ᠵᠦᠪ ᠲᠡᠰᠢ ᠵᠢᠯᠤᠭᠤᠳᠬᠤ ᠪᠡ ᠠᠭᠤᠴᠢᠯᠠᠨ ᠵᠠᠯᠠᠷᠠᠭᠤᠯᠬᠤ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠺᠡᠳ᠋ᠷᠴᠤᠳ ᠤᠨ ᠪᠤᠳᠠᠳᠠᠢ ᠠᠵᠢᠯᠯᠠᠬᠤ ᠶᠢ ᠡᠷᠬᠢᠮᠯᠡᠬᠦ᠂ ᠬᠦᠴᠢᠷ ᠢ ᠲᠤᠭᠤᠯᠤᠨ ᠪᠡᠷᠭᠡ ᠶᠢ ᠲᠠᠪᠠᠭ᠋ᠤ ᠬᠠᠷᠢᠭᠤᠴᠠᠯᠭ᠎ᠠ ᠡᠬᠦᠷᠭᠡᠯᠡᠬᠦ ᠰᠠᠳᠬᠢᠯᠬᠡ ᠶᠢ ᠤᠯᠠᠮ ᠴᠢᠨᠠᠭᠰᠢᠳᠠ ᠬᠦᠭᠵᠢᠬᠡᠵᠦ᠂ ᠠᠵᠢᠯ ᠬᠢᠬᠦ ᠲᠤᠷᠠᠳᠠᠢ᠂ ᠠᠵᠢᠯ ᠬᠢᠬᠦ ᠵᠤᠷᠢᠭ ᠲᠠᠢ᠂ ᠠᠵᠢᠯ ᠬᠢᠬᠦ ᠳᠡᠭᠡᠨ ᠴᠢᠳᠠᠮᠠᠭᠠᠢ ᠰᠠᠶᠢᠨ ᠰᠠᠶᠢᠬᠠᠨ ᠭᠡᠪ ᠰᠤᠷᠳᠠᠯ ᠢ ᠪᠦᠷᠢᠯᠳᠤᠬᠦᠯᠦᠨ᠎ᠡ᠃ ᠰᠤᠷᠤᠯᠴᠠᠯᠭ᠎ᠠ ᠶᠢᠨ ᠭᠡᠯᠪᠡᠷᠢ ᠶᠢᠨ ᠵᠠᠰᠠᠭ ᠤᠨ ᠤᠷᠳᠤᠨ ᠤ ᠪᠦᠳᠤᠭᠡᠨ ᠪᠠᠶᠢᠭᠤᠯᠤᠯᠳᠠ ᠶᠢ ᠴᠢᠩᠭᠠᠳᠬᠠᠵᠦ᠂ ︽ᠨᠡᠢᠮᠠᠨ ᠵᠦᠢᠯ ᠤᠨ ᠴᠢᠳᠠᠪᠤᠷᠢ︾21᠎ ᠶᠢ ᠪᠦᠬᠦ ᠲᠠᠯ᠎ᠠ ᠪᠠᠷ ᠴᠢᠩᠭᠠᠳᠬᠠᠵᠦ᠂ ︽ᠲᠤᠯᠤᠭᠠᠨ ᠵᠦᠢᠯ ᠤᠨ ᠴᠢᠳᠠᠪᠤᠷᠢ︾22᠎ ᠶᠢ ᠲᠡᠭᠡᠭᠰᠢᠯᠡᠬᠦᠯᠦᠨ᠂ ᠵᠠᠰᠠᠭ ᠤᠨ ᠤᠷᠳᠤᠨ ᠤ ᠵᠠᠰᠠᠭ ᠶᠠᠪᠤᠭᠤᠯᠬᠤ ᠴᠢᠳᠠᠪᠤᠷᠢ ᠶᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠨᠡᠮ ᠢ ᠪᠦᠬᠦ ᠲᠠᠯ᠎ᠠ ᠪᠠᠷ ᠴᠢᠩᠭ᠎ᠠ ᠵᠠᠰᠠᠵᠦ᠂ ᠠᠷᠢᠭᠤᠨ ᠴᠢᠭᠡᠴᠢ ᠵᠠᠰᠠᠭ ᠤᠨ ᠤᠷᠳᠤᠨ ᠢ ᠪᠠᠶᠢᠭᠤᠯᠤᠨ᠎ᠠ᠃ ᠨᠡᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠬᠦᠢᠴᠡᠳᠭᠡᠵᠦ᠂ ᠨᠡᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠠᠬᠢᠭᠤᠯᠵᠦ᠂ ᠲᠦᠪ ᠤᠨ ᠨᠡᠢᠮᠠᠨ ᠵᠤᠷᠪᠤᠰ ᠲᠤᠭᠳᠠᠭᠠᠯ ᠤᠨ ᠵᠤᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ︽ᠭᠤᠷᠪᠡᠨ ᠵᠦᠢᠯ ᠤᠨ ᠠᠯᠪᠡᠨ ᠵᠠᠷᠤᠳᠠᠯ︾᠎ ᠤᠨ ᠵᠠᠷᠤᠯᠭ᠎ᠠ ᠶᠢ ᠴᠢᠩᠭ᠎ᠠ ᠡᠵᠡᠮᠳᠡᠵᠦ᠂ ᠵᠠᠰᠠᠭ ᠵᠠᠬᠢᠷᠭᠠᠨ ᠤ ᠦᠪᠡᠷ ᠎ ᠤᠨ ᠦᠷᠳᠡᠭ ᠢ ᠪᠠᠭᠤᠷᠠᠭᠤᠯᠤᠨ᠂ ᠵᠠᠰᠠᠭ ᠤᠨ ᠤᠷᠳᠤᠨ ᠠᠷᠪᠢᠯᠠᠨ ᠭᠠᠮᠨᠠᠬᠤ ᠪᠠᠷ ᠲᠡᠮᠵᠢᠨ ᠤᠯᠠᠨ ᠲᠦᠮᠡᠨ ᠳᠤ ᠢᠯᠡᠬᠦᠭᠡᠨ ᠠᠰᠢᠭ ᠬᠦᠷᠳᠡᠭᠡᠨ᠎ᠡ᠃ ᠵᠤᠷᠢᠭᠳᠠᠢ ᠪᠠᠷ ᠲᠡᠮᠡᠴᠡᠬᠦ ᠵᠤᠷᠢᠭ ᠰᠠᠨᠠᠭ᠎ᠠ ᠶᠢ ᠪᠠᠳᠠᠷᠠᠭᠤᠯᠵᠦ᠂ ᠵᠤᠷᠢᠭᠳᠠᠢ ᠲᠡᠮᠡᠴᠠᠬᠦ ᠴᠢᠳᠠᠪᠤᠷᠢ ᠶᠢ ᠨᠢ ᠲᠡᠭᠡᠭᠰᠢᠯᠡᠬᠦᠯᠦᠨ᠂ ᠭᠡᠯᠪᠡᠷᠢ ᠶᠢᠨ ᠦᠵᠡᠯ᠂ ᠨᠤᠶᠠᠨᠴᠢ ᠰᠤᠷᠳᠠᠯ ᠢ ᠡᠷᠡᠰ ᠵᠠᠯᠠᠷᠠᠭᠤᠯᠤᠨ ᠵᠠᠰᠠᠵᠦ᠂ ᠬᠠᠩᠭᠠᠨ ᠪᠤᠷᠤᠯᠠᠭᠤᠯᠬᠤ ᠬᠤᠷᠰᠢᠶᠠᠨ ᠤ ᠰᠢᠰᠲ᠋ᠧᠮ ᠤᠨ ᠢᠯᠵᠢᠷᠠᠮᠠᠯ ᠠᠰᠠᠭᠤᠳᠠᠯ ᠢ ᠭᠤᠤᠯᠳᠠᠯᠭ᠎ᠠ ᠲᠠᠢ ᠎ ᠪᠠᠷ ᠴᠡᠭᠴᠡᠯᠡᠨ ᠵᠠᠰᠠᠬᠤ ᠠᠵᠢᠯ ᠢ ᠪᠦᠬᠦ ᠬᠦᠴᠦ ᠪᠠᠷ ᠢᠶᠠᠨ ᠰᠠᠶᠢᠳᠤᠷ ᠠᠳᠬᠤᠵᠦ᠂ ︽ᠦᠴᠦᠭᠡᠨ ᠴᠦ ᠠᠭᠤᠴᠢᠯᠠᠬᠤ ᠦᠬᠡᠢ︾ ᠤᠪᠤᠷ ᠢᠶᠠᠷ ᠢᠯᠵᠡᠷᠡᠯ ᠢ ᠵᠠᠯᠬᠠᠭᠠᠨ ᠰᠢᠳᠭᠡᠵᠦ᠂ ᠭᠡᠪ ᠰᠤᠷᠳᠠᠯ ᠠᠷᠢᠭᠤᠨ ᠴᠢᠬᠡᠴᠢ ᠪᠠᠶᠢᠬᠤ ᠤᠯᠤᠰ ᠲᠦᠷᠦ ᠶᠢᠨ ᠤᠷᠴᠢᠨ ᠢ ᠴᠢᠷᠮᠡᠶᠢᠨ ᠡᠬᠦᠳᠤᠨ᠎ᠡ᠃      ᠲᠦᠯᠦᠬᠡᠯᠡᠭᠴᠢᠳ ᠡ᠂ ᠠᠯᠤᠰ ᠭᠡᠳᠤ ᠶᠢᠨ ᠲᠦᠯᠦᠪᠯᠡᠭᠡ ᠨᠢᠭᠡᠨᠳᠡ ᠲᠤᠭᠳᠠᠵᠦ᠂ ᠴᠢᠷᠮᠡᠶᠢᠨ ᠲᠡᠮᠡᠴᠡᠬᠦ ᠯᠠ ᠭᠡᠷᠡᠭᠳᠡᠢ ᠪᠡᠶᠢᠨ᠎ᠡ᠃ ᠪᠢᠳᠡ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠡᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠭᠳᠠᠷᠠᠨ ᠪᠦᠯᠬᠦᠮᠳᠠᠵᠦ᠂ ᠲᠡᠭᠡᠳᠤ ᠱᠠᠳᠤᠨ ᠤ ᠨᠡᠮ ᠤᠨ ᠬᠤᠷᠢᠶ᠎ᠠ᠂ ᠵᠠᠰᠠᠭ ᠤᠨ ᠤᠷᠳᠤᠨ ᠪᠡ ᠬᠤᠰᠢᠭᠤ ᠨᠡᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠡ᠂ ᠠᠷᠠᠳ ᠲᠤ ᠦᠢᠯᠡᠴᠢᠯᠠᠬᠦ᠂ ᠰᠢᠨ᠎ᠡ ᠶᠢ ᠡᠬᠦᠳᠤᠨ ᠬᠦᠭᠵᠢᠬᠦᠯᠬᠦ᠂ ᠰᠢᠷᠭᠠᠭᠤ ᠲᠡᠮᠡᠴᠠᠬᠦ ᠭᠡᠬᠦ ︽ᠭᠤᠷᠪᠡᠨ ᠱᠠᠷ ᠤᠨ ᠵᠤᠷᠢᠭ ᠰᠠᠨᠠᠭ᠎ᠠ︾᠎ ᠶᠢ ᠪᠠᠳᠠᠷᠠᠭᠤᠯᠵᠦ᠂ ᠬᠦᠴᠢᠷ ᠢ ᠰᠦᠷᠦᠨ ᠯᠠᠪᠳᠠᠭᠤᠨ ᠪᠠᠳᠤᠳᠠᠢ ᠴᠢᠷᠮᠡᠶᠢᠨ ᠠᠵᠢᠯᠯᠠᠵᠦ᠂ ︽ᠠᠷᠪᠡᠨ ᠲᠦᠷᠪᠡᠳᠤᠭᠡᠷ ᠲᠡᠪᠤᠨ ᠵᠢᠯ︾᠎ ᠤᠨ ᠬᠤᠭᠤᠴᠠᠭᠠᠨ ᠤ ᠰᠠᠶᠢᠨ ᠡᠬᠢᠯᠡᠯᠳᠡ ᠶᠢ ᠪᠠᠳᠤᠯᠠᠵᠦ᠂ ᠰᠦᠨᠢᠳ ᠪᠠᠷᠠᠭᠤᠨ ᠬᠤᠰᠢᠭᠤᠨ ᠤ ᠨᠡᠶᠢᠭᠡᠮ ᠵᠢᠷᠤᠮᠳᠤ ᠤᠳᠤᠬᠢᠴᠢᠯᠠᠭᠰᠠᠨ ᠪᠦᠳᠤᠭᠡᠨ ᠪᠠᠶᠢᠭᠤᠯᠤᠯᠳᠠ ᠶᠢ ᠲᠦᠯᠬᠢᠨ ᠠᠬᠢᠭᠤᠯᠬᠤ ᠪᠠᠷ ᠴᠦᠬᠦᠷᠡᠰᠢ ᠦᠬᠡᠢ ᠲᠡᠮᠡᠴᠠᠰᠤᠬᠡᠢ︕ᠨᠡᠷᠡᠰ ᠤᠨ ᠲᠠᠶᠢᠯᠪᠤᠷᠢ      1. ︽ᠵᠢᠷᠭᠤᠭ᠎ᠠ ᠶᠢ ᠲᠤᠭᠳᠠᠭᠤᠨ ᠪᠠᠶᠢᠯᠭᠠᠬᠤ︾᠄ ᠠᠵᠢᠯ ᠤᠯᠭᠤᠯᠳᠠ ᠶᠢ ᠲᠤᠭᠳᠠᠭᠤᠨ ᠪᠠᠶᠢᠯᠭᠠᠬᠤ᠂ ᠮᠦᠩᠬᠦᠨ ᠬᠦᠢᠯᠬᠡᠬᠡ ᠶᠢ ᠲᠤᠭᠳᠠᠭᠤᠨ ᠪᠠᠶᠢᠯᠭᠠᠬᠤ᠂ ᠭᠠᠳᠠᠭᠠᠳᠤ ᠠᠷᠠᠯᠵᠢᠶ᠎ᠠ ᠶᠢ ᠲᠤᠭᠳᠠᠭᠤᠨ ᠪᠠᠶᠢᠯᠭᠠᠬᠤ᠂ ᠭᠠᠳᠠᠭᠠᠳᠤ ᠪᠡᠯᠡ ᠶᠢ ᠲᠤᠭᠳᠠᠭᠤᠨ ᠪᠠᠶᠢᠯᠭᠠᠬᠤ᠂ ᠪᠠᠯᠠ ᠤᠷᠤᠭᠤᠯᠤᠯᠳᠠ ᠶᠢ ᠲᠤᠭᠳᠠᠭᠤᠨ ᠪᠠᠶᠢᠯᠭᠠᠬᠤ᠂ ᠵᠢᠱᠢᠯᠳᠠ ᠎ ᠶᠢ ᠲᠤᠭᠳᠠᠭᠤᠨ ᠪᠠᠶᠢᠯᠭᠠᠬᠤ᠃      2. ︽ᠵᠢᠷᠭᠤᠭ᠎ᠠ ᠶᠢ ᠪᠠᠳᠤᠯᠠᠬᠤ︾᠄ ᠰᠠᠭᠤᠭᠠᠯᠢ ᠠᠷᠠᠳ ᠤᠨ ᠠᠵᠢᠯ ᠤᠯᠭᠤᠯᠳᠠ ᠶᠢ ᠪᠠᠳᠤᠯᠠᠬᠤ᠂ ᠦᠨᠳᠤᠰᠤᠨ ᠠᠷᠠᠳ ᠤᠨ ᠠᠮᠢᠳᠤᠷᠠᠯ ᠢ ᠪᠠᠳᠤᠯᠠᠬᠤ᠂ ᠵᠠᠬ᠎ᠠ ᠲᠡᠯᠬᠡᠬᠦᠷ ᠤᠨ ᠭᠤᠤᠯ ᠴᠤᠭᠴᠠ ᠶᠢ ᠪᠠᠳᠤᠯᠠᠬᠤ᠂ ᠠᠮᠤ ᠪᠤᠳᠠᠭ᠎ᠠ ᠡᠨᠧᠷᠬᠢ ᠶᠢᠨ ᠠᠮᠤᠷ ᠲᠦᠪᠰᠢᠨ ᠢ ᠪᠠᠳᠤᠯᠠᠬᠤ᠂ ᠠᠵᠦ ᠦᠢᠯᠡᠰ ᠤᠨ ᠭᠡᠯᠬᠢᠶ᠎ᠠ ᠪᠡ ᠬᠠᠩᠭᠠᠯᠭ᠎ᠠ ᠶᠢᠨ ᠬᠡᠯᠬᠢᠶᠠᠨ ᠤ ᠲᠤᠭᠳᠠᠭᠤᠨ ᠢ ᠪᠠᠳᠤᠯᠠᠬᠤ᠂ ᠦᠨᠳᠤᠰᠤᠨ ᠱᠠᠳᠤᠨ ᠤ ᠡᠷᠬᠢᠯᠳᠠ ᠶᠢ ᠪᠠᠳᠤᠯᠠᠬᠤ᠃      3. ︽ᠲᠠᠪᠣᠨ ᠨᠢᠭᠡ ᠪᠦᠯᠦᠭ︾᠄ ᠦᠢᠯᠡᠳᠪᠦᠷᠢᠯᠡᠯ ᠢ ᠬᠦᠭᠵᠢᠭᠦᠯᠦᠨ ᠨᠢᠭᠡ ᠪᠦᠯᠦᠭ ᠢ ᠨᠢ ᠶᠠᠳᠠᠭᠤ ᠠᠴᠠ ᠠᠩᠭᠢᠵᠢᠷᠠᠭᠤᠯᠵᠣ᠂ ᠣᠨᠳᠣᠣ ᠭᠠᠵᠠᠷ ᠲᠤ ᠨᠡᠭᠦᠯᠭᠡᠵᠦ ᠨᠢᠭᠡ ᠪᠦᠯᠦᠭ ᠢ ᠨᠢ ᠶᠠᠳᠠᠭᠤ ᠠᠴᠠ ᠠᠩᠭᠢᠵᠢᠷᠠᠭᠤᠯᠵᠣ᠂ ᠠᠮᠢ ᠠᠬᠤᠢ ᠶᠢᠨ ᠨᠦᠬᠦᠪᠦᠷᠢ ᠦᠭᠴᠦ ᠨᠢᠭᠡ ᠪᠦᠯᠦᠭ ᠢ ᠨᠢ ᠶᠠᠳᠠᠭᠤ ᠠᠴᠠ ᠠᠩᠭᠢᠵᠢᠷᠠᠭᠤᠯᠵᠣ᠂ ᠰᠣᠷᠭᠠᠨ ᠬᠦᠮᠦᠵᠢᠯ ᠢ ᠬᠦᠭᠵᠢᠭᠦᠯᠦᠨ ᠨᠢᠭᠡ ᠪᠦᠯᠦᠭ ᠢ ᠨᠢ ᠶᠠᠳᠠᠭᠤ ᠠᠴᠠ ᠠᠩᠭᠢᠵᠢᠷᠠᠭᠤᠯᠵᠣ᠂ ᠨᠡᠶᠢᠭᠡᠮ ᠤᠨ ᠪᠠᠳᠣᠯᠠᠭ᠎ᠠ ᠪᠠᠷ ᠳᠠᠮᠵᠢᠨ ᠨᠢᠭᠡ ᠪᠦᠯᠦᠭ ᠢ ᠨᠢ ᠶᠠᠳᠠᠭᠤ ᠠᠴᠠ ᠠᠩᠭᠢᠵᠢᠷᠠᠭᠤᠯᠣᠨ᠎ᠠ᠃     4. ︽ᠵᠢᠷᠭᠤᠭᠠᠨ ᠨᠠᠷᠢᠯᠢᠭ ᠣᠨᠣᠪᠴᠢᠳᠠᠢ︾᠄ ᠳᠡᠳᠬᠦᠪᠦᠷᠢ ᠬᠦᠷᠳᠡᠭᠰᠡᠨ ᠡᠳᠡᠭᠡᠳ ᠨᠢ ᠣᠨᠣᠪᠴᠢᠳᠠᠢ᠂ ᠳᠡᠳᠭᠦᠭᠰᠡᠨ ᠠᠷᠭ᠎ᠠ ᠬᠡᠮᠵᠢᠶ᠎ᠡ ᠨᠢ ᠨᠠᠷᠢᠯᠢᠭ ᠮᠦᠷᠳᠡᠭᠡᠨ ᠣᠨᠣᠪᠴᠢᠳᠠᠢ᠂ ᠲᠦᠷᠦᠯ ᠵᠦᠢᠯ ᠤᠨ ᠲᠣᠬᠢᠷᠠᠭᠤᠯᠣᠯᠳᠠ ᠨᠢ ᠨᠠᠷᠢᠯᠢᠭ ᠮᠦᠷᠳᠡᠭᠡᠨ ᠣᠨᠣᠪᠴᠢᠳᠠᠢ᠂ ᠪᠡᠯᠡ ᠮᠦᠩᠭᠦ ᠶᠢᠨ ᠠᠰᠢᠭᠯᠠᠯᠳᠠ ᠨᠢ ᠨᠠᠷᠢᠯᠢᠭ ᠮᠦᠷᠳᠡᠭᠡᠨ ᠣᠨᠣᠪᠴᠢᠳᠠᠢ᠂ ᠭᠠᠴᠠᠭ᠎ᠠ ᠲᠣᠰᠬᠤᠨ ᠳᠤ ᠲᠣᠮᠢᠯᠠᠬᠤ ᠬᠦᠮᠦᠨ ᠨᠢ ᠣᠨᠣᠪᠴᠢᠳᠠᠢ᠂ ᠶᠠᠳᠠᠭᠤ ᠠᠴᠠ ᠠᠩᠭᠢᠵᠢᠷᠠᠭᠤᠯᠣᠭᠰᠠᠨ ᠦᠷ᠎ᠡ ᠪᠦᠲᠦᠮᠵᠢ ᠨᠢ ᠨᠠᠷᠢᠯᠢᠭ ᠣᠨᠣᠪᠴᠢᠳᠠᠢ᠃      5. ︽ᠲᠦᠷᠪᠡᠨ ᠲᠤᠭᠤᠷᠢᠭ︾᠄ ᠠᠵᠦ ᠦᠢᠯᠡᠳᠪᠤᠷᠢ ᠶᠢᠨ ᠲᠤᠭᠤᠷᠢᠭ ᠤᠨ ᠪᠤᠬᠢᠷᠳᠤᠯ ᠶᠡᠭᠡ ᠲᠦᠯᠡᠰᠢ ᠲᠦᠯᠡᠬᠦ ᠶᠢ ᠴᠠᠭᠠᠵᠠᠯᠠᠬᠤ ᠲᠤᠭᠤᠷᠢᠭ᠂ ᠭᠠᠳᠠᠭᠰᠢᠯᠠᠭᠤᠯᠤᠯᠳᠠ ᠶᠡᠭᠡ ᠲᠠᠢ ᠮᠠᠰᠢᠨ ᠤ ᠲᠤᠭᠤᠷᠢᠭ᠂ ᠤᠯᠤᠰ ᠤᠨ ᠭᠤᠷᠪᠡᠳᠤᠭᠠᠷ ᠱᠠᠳᠤ ᠦᠶ᠎ᠠ ᠶᠢᠨ ᠪᠡᠷᠢᠮᠵᠢᠶᠠᠨ ᠠᠴᠠ ᠲᠤᠷᠤᠭᠰᠢᠬᠢ ᠴᠠᠶᠢᠶ᠋ᠢᠦ ᠲᠤᠰᠤᠨ ᠤ ᠮᠠᠰᠢᠨ ᠢ ᠴᠠᠭᠠᠵᠠᠯᠠᠬᠤ ᠲᠤᠭᠤᠷᠢᠭ᠂ ᠲᠠᠭᠤ ᠴᠤᠤᠷᠢᠶᠠᠨ ᠤ ᠴᠢᠳᠠᠪᠬᠢᠳᠤ ᠲᠤᠭᠤᠷᠢᠭ᠃     6. ︽ᠭᠤᠷᠪᠠᠨ ᠬᠤᠷᠢᠭ᠎ᠠ ᠱᠣᠭᠤᠮ︾᠄ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠣᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠳᠠ ᠪᠠᠯᠭᠠᠰᠣᠨ ᠤ ᠨᠡᠭᠡᠭᠡᠨ ᠠᠰᠢᠭᠯᠠᠯᠳᠠ ᠶᠢᠨ ᠵᠠᠭᠠᠭ ᠵᠡᠷᠭᠡ ᠭᠤᠷᠪᠠᠨ ᠬᠤᠷᠢᠭ᠎ᠠ ᠱᠣᠭᠤᠮ᠃     7. ︽ᠲᠠᠯᠪᠢᠬᠤ᠂ ᠬᠠᠮᠢᠶᠠᠷᠬᠤ᠂ ᠦᠢᠯᠡᠴᠢᠯᠠᠬᠦ︾᠄ ᠵᠠᠰᠠᠭ ᠤᠨ ᠡᠷᠭᠡ ᠶᠢ ᠴᠤᠮᠬᠠᠳᠬᠠᠵᠦ ᠡᠷᠭᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠬᠦᠯᠬᠦ᠃     8. ︽ᠭᠤᠷᠪᠠ ᠶᠢ ᠲᠠᠶᠠᠭᠳᠠᠵᠣ᠂ ᠨᠢᠭᠡ ᠶᠢ ᠪᠠᠭᠤᠷᠠᠭᠤᠯᠣᠨ᠂ ᠨᠢᠭᠡ ᠶᠢ ᠨᠦᠬᠦᠪᠦᠷᠢᠯᠡᠬᠦ︾᠄ ᠭᠡᠲᠦ ᠦᠢᠯᠡᠳᠪᠦᠷᠢᠯᠡᠯ ᠢ ᠲᠡᠪᠴᠢᠨ᠂ ᠭᠡᠲᠦ ᠬᠦᠮᠦᠷᠭᠡᠯᠡᠬᠦ ᠶᠢ ᠪᠠᠭᠠᠰᠬᠠᠨ᠂ ᠬᠦᠰᠢᠭᠦᠷᠭᠡ ᠶᠢ ᠲᠠᠶᠠᠭᠳᠠᠵᠣ᠂ ᠦᠪᠡᠷ ᠤᠨ ᠦᠷᠳᠡᠭ ᠢ ᠪᠠᠭᠤᠷᠠᠭᠤᠯᠤᠨ᠂ ᠲᠣᠳᠠᠭᠤᠳᠠᠯ ᠢ ᠨᠦᠬᠦᠪᠦᠷᠢᠯᠡᠬᠦ᠃     9. ︽ᠭᠤᠷᠪᠠ ᠶᠢ ᠨᠡᠪᠳᠡᠷᠡᠭᠦᠯᠬᠦ᠂ ᠬᠤᠶᠠᠷ ᠲᠠᠪᠴᠠᠩ ᠢ ᠪᠠᠶᠢᠭᠤᠯᠬᠤ︾᠄ ︽ᠲᠣᠣᠷ ᠰᠦᠯᠵᠢᠶ᠎ᠡ ᠶᠢ ᠰᠣᠷᠭᠠᠭᠤᠯᠢ ᠪᠤᠯᠭᠠᠨ ᠳᠤ ᠨᠡᠪᠳᠡᠷᠡᠬᠦᠯᠬᠦ᠂ ᠰᠢᠯᠢᠳᠡᠭ ᠡᠬᠢ ᠪᠠᠶᠠᠯᠢᠭ ᠢ ᠠᠩᠭᠢ ᠪᠣᠯᠭᠠᠨ ᠳᠤ ᠨᠡᠪᠳᠡᠷᠡᠭᠦᠯᠬᠦ᠂ ᠰᠣᠷᠣᠭᠴᠢ ᠪᠦᠬᠦᠨ ᠲᠣᠣᠷ ᠰᠦᠯᠵᠢᠶ᠎ᠡ ᠶᠢ ᠠᠰᠢᠭᠯᠠᠨ ᠰᠣᠷᠣᠯᠴᠠᠬᠤ︾᠂ ᠰᠣᠷᠭᠠᠨ ᠬᠦᠮᠦᠵᠢᠯ ᠤᠨ ᠡᠬᠢ ᠪᠠᠶᠠᠯᠢᠭ ᠎ ᠤᠨ ᠨᠡᠶᠢᠳᠡ ᠶᠢᠨ ᠦᠢᠯᠡᠴᠢᠯᠡᠭᠡᠨ ᠤ ᠲᠠᠪᠴᠠᠩ ᠪᠣᠯᠣᠨ ᠰᠣᠷᠭᠠᠨ ᠬᠦᠮᠦᠵᠢᠯ ᠤᠨ ᠬᠠᠮᠢᠶᠠᠷᠣᠯᠳᠠ ᠶᠢᠨ ᠨᠡᠶᠢᠳᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ᠃    10. ︽ᠨᠢᠭᠡ ᠭᠤᠣᠯ ᠴᠦᠮ᠎ᠡ᠂ ᠬᠤᠶᠠᠷ ᠲᠡᠩᠭᠡᠯᠢᠭ᠂ ᠭᠤᠷᠪᠠᠨ ᠣᠷᠣᠨ ᠲᠣᠭᠤᠷᠢᠭ︾᠄ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠪᠣᠯᠪᠠᠰᠣᠷᠠᠭᠤᠯᠬᠤ ᠠᠷᠠᠯᠵᠢᠶ᠎ᠠ ᠬᠤᠳᠠᠯᠳᠣᠭᠠᠨ ᠤ ᠭᠤᠣᠯ ᠴᠦᠮ᠎ᠡ︔ ᠢᠳᠡᠰᠢᠨ ᠤ ᠬᠤᠨᠢ ᠶᠢ ᠦᠰᠭᠡᠬᠦ᠂ ᠢᠳᠡᠰᠢᠨ ᠤ ᠦᠭᠡᠷ ᠢ ᠦᠰᠭᠡᠬᠦ ᠪᠠᠷ ᠠᠵᠣ ᠠᠬᠤᠢ ᠶᠢᠨ ᠲᠡᠩᠭᠡᠯᠢᠭ ᠪᠣᠯᠭᠠᠬᠤ︔ ᠲᠠᠷᠢᠶᠠᠯᠠᠩ ᠮᠠᠯ ᠠᠵᠣ ᠠᠬᠤᠢ ᠶᠢᠨ ᠰᠢᠨᠵᠢᠯᠡᠭᠡ ᠮᠡᠷᠭᠡᠵᠢᠯ ᠤᠨ ᠬᠦᠳᠦᠯᠦᠨ ᠳᠠᠭᠠᠭᠤᠯᠵᠣ ᠵᠢᠱᠢᠶ᠎ᠡ ᠦᠵᠡᠭᠦᠯᠬᠦ ᠣᠷᠣᠨ᠂ ᠮᠠᠯ ᠎ ᠤᠨ ᠡᠭᠦᠯᠳᠡᠷ ᠤᠨ ᠡᠬᠢ ᠪᠠᠶᠠᠯᠢᠭ ᠤᠨ ᠬᠠᠮᠠᠭᠠᠯᠠᠯᠳᠠ ᠶᠢᠨ ᠣᠷᠣᠨ᠂ ᠲᠠᠷᠢᠵᠣ ᠲᠡᠵᠢᠭᠡᠬᠦ ᠡᠷᠬᠢᠯᠳᠡᠳᠦ ᠬᠦᠭᠵᠢᠯᠳᠡ ᠎ ᠶᠢᠨ ᠣᠷᠣᠨ᠃    11. ︽ᠲᠠᠪᠣᠨ ᠣᠷᠣᠨ ᠨᠢᠭᠡ ᠲᠣᠯᠭᠠᠭᠤᠷᠢᠯᠠᠬᠤ ᠴᠡᠭ︾᠄ ᠰᠢᠯᠢ ᠶᠢᠨ ᠭᠤᠣᠯ ᠤᠨ ᠲᠠᠴᠢᠷᠳᠠᠭᠰᠠᠨ ᠨᠣᠳᠤᠭ ᠪᠡᠯᠴᠢᠭᠡᠷ ᠢ ᠦᠨᠳᠦᠷ ᠦᠷ᠎ᠡ ᠠᠰᠢᠭᠳᠠᠢ ᠵᠠᠰᠠᠬᠤ ᠣᠷᠣᠨ᠂ ᠰᠢᠯᠢ ᠶᠢᠨ ᠭᠤᠣᠯ ᠤᠨ ᠰᠢᠨ᠎ᠡ ᠡᠨᠧᠷᠬᠢ ᠶᠢᠨ ᠠᠵᠣ ᠠᠬᠤᠢ ᠶᠢᠨ ᠰᠢᠨ᠎ᠡ ᠶᠢ ᠡᠭᠦᠳᠬᠦ ᠬᠦᠭᠵᠢᠯᠳᠡ ᠶᠢᠨ ᠣᠷᠣᠨ᠂ ᠦᠪᠦᠷ ᠮᠣᠩᠭᠤᠯ ᠤᠨ ᠮᠠᠯ ᠤᠨ ᠠᠰᠢᠭ ᠰᠢᠮ᠎ᠡ ᠶᠢᠨ ᠭᠠᠷᠣᠯᠳᠠ ᠶᠢᠨ ᠰᠦᠨᠢᠳ ᠨᠡᠷᠡᠲᠦ ᠲᠡᠮᠳᠡᠭᠲᠦ ᠣᠷᠣᠨ᠂ ᠳᠣᠮᠳᠠᠳᠣ ᠣᠯᠣᠰ ᠤᠨ ᠣᠯᠠᠭᠠᠠᠮᠦ᠋ᠴᠢᠷ ᠤᠨ ᠵᠣᠷᠢᠭ ᠰᠠᠨᠠᠭ᠎ᠠ ᠶᠢ ᠣᠯᠠᠮᠵᠢᠯᠠᠬᠤ ᠣᠷᠣᠨ᠂ ᠣᠮᠠᠷᠠᠳᠣ ᠬᠢᠯᠢ ᠬᠢᠵᠠᠭᠠᠷ ᠤᠨ ᠴᠡᠷᠢᠭ ᠠᠷᠠᠳ ᠠᠭᠤᠰᠣᠯᠴᠠᠭᠰᠠᠨ ᠠᠮᠣᠷ ᠲᠦᠪᠰᠢᠨ ᠲᠣᠭᠳᠠᠭᠤᠨ ᠤ ᠣᠷᠣᠨ᠂ ᠳᠣᠮᠳᠠᠳᠣ ᠮᠣᠩᠭᠤᠯ ᠣᠷᠣᠰ ᠤᠨ ᠠᠵᠣ ᠠᠬᠤᠢ ᠶᠢᠨ ᠬᠤᠩᠭᠢᠯ ᠤᠨ ᠭᠤᠣᠯ ᠳᠣᠯᠭᠠᠭᠤᠷᠢᠯᠠᠬᠤ ᠴᠡᠭ᠃   12. ︽ᠬᠤᠶᠠᠷ ᠬᠠᠯᠬᠠᠪᠴᠢ︾᠄ ᠡᠬᠡ ᠤᠯᠤᠰ ᠤᠨ ᠤᠮᠠᠷᠠᠳᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠎ ᠤ ᠬᠠᠯᠬᠠᠪᠴᠢ᠂ ᠡᠭᠡ ᠤᠯᠤᠰ ᠤᠨ ᠤᠮᠡᠷᠠᠳᠤ ᠬᠢᠯᠢ ᠶᠢᠨ ᠠᠮᠤᠷ ᠲᠦᠪᠰᠢᠨ ᠲᠤᠭᠳᠠᠭᠤᠨ ᠤ ᠬᠠᠯᠬᠠᠪᠴᠢ ᠶᠢ ᠡᠷᠡᠰ ᠭᠤᠶᠢᠪᠢᠰᠢ ᠦᠬᠡᠢ ᠴᠤᠭᠴᠠᠯᠠᠬᠤ᠃   13. ︽ᠭᠤᠷᠪᠡᠨ ᠬᠤᠷᠢᠭ᠎ᠠ ᠱᠤᠭᠤᠮ᠂ ᠨᠢᠬᠡ ᠨᠠᠷᠢᠨ ᠲᠠᠩᠰᠠ︾᠄ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠤᠭᠤᠮ᠂ ᠤᠷᠴᠢᠨ ᠲᠤᠭᠤᠷᠢᠨ ᠤ ᠶᠡᠰᠤ ᠴᠢᠨᠡᠷ ᠤᠨ ᠲᠤᠤᠷ᠎ᠡ ᠬᠢᠵᠠᠭᠠᠷ᠂ ᠡᠬᠢ ᠪᠠᠶᠠᠯᠢᠭ ᠤᠨ ᠠᠰᠢᠭᠯᠠᠯᠳᠠ ᠶᠢᠨ ᠲᠡᠭᠡᠳᠤ ᠬᠢᠵᠠᠭᠠᠷ ᠪᠡ ᠠᠵᠦ ᠠᠬᠤᠶᠢᠯᠠᠯ ᠤᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠳᠤ ᠬᠠᠨᠳᠤᠭᠰᠠᠨ ᠨᠠᠷᠢᠨ ᠲᠡᠩᠰᠡ᠃   14. ︽ᠲᠦᠷᠪᠡ ᠶᠢ ᠦᠯᠦ ᠲᠠᠶᠠᠭᠳᠠᠬᠤ︾᠄ ᠶᠠᠳᠠᠭᠤ ᠠᠴᠠ ᠠᠩᠬᠢᠵᠢᠷᠠᠭᠤᠯᠤᠭᠰᠠᠨ ᠴᠦ ᠬᠠᠷᠢᠭᠤᠴᠠᠯᠭ᠎ᠠ ᠪᠠᠨ ᠠᠯᠳᠠᠬᠤ ᠦᠬᠡᠢ᠂ ᠬᠠᠪᠰᠤᠷᠤᠨ ᠲᠡᠳᠬᠦᠬᠦ ᠪᠠᠨ ᠵᠤᠭᠰᠤᠬᠤ ᠦᠬᠡᠢ᠂ ᠲᠦᠷᠦ ᠶᠢᠨ ᠪᠤᠳᠤᠯᠭ᠎ᠠ ᠶᠢ ᠬᠤᠪᠢᠷᠠᠭᠤᠯᠬᠤ ᠦᠬᠡᠢ᠂ ᠬᠢᠨᠡᠯᠳᠠ ᠬᠠᠮᠢᠶᠠᠷᠤᠯᠳᠠ ᠪᠠᠨ ᠰᠤᠯᠠᠷᠠᠭᠤᠯᠬᠤ ᠦᠬᠡᠢ᠃   15. ︽ᠬᠤᠶᠠᠷ ᠲᠤ ᠵᠤᠪᠠᠭ᠋ᠤ ᠦᠬᠡᠢ᠂ ᠭᠤᠷᠪᠡᠨ ᠪᠠᠳᠤᠯᠠᠭ᠎ᠠ ᠲᠠᠢ ᠪᠠᠶᠢᠬᠤ︾᠄ ᠢᠳᠡᠵᠦ ᠡᠮᠤᠰᠬᠦ ᠳᠡᠭᠡᠨ ᠵᠦᠪ᠂ ᠠᠯᠪᠡᠨ ᠵᠢᠷᠤᠮ ᠤᠨ ᠰᠤᠷᠭᠠᠨ ᠬᠦᠮᠦᠵᠢᠯ᠂ ᠦᠨᠳᠤᠰᠤᠨ ᠡᠮ ᠡᠮᠨᠡᠯᠬᠡ ᠪᠤᠯᠤᠨ ᠤᠷᠤᠨ ᠰᠠᠭᠤᠴᠠ ᠶᠢᠨ ᠪᠠᠳᠤᠯᠠᠭ᠎ᠠ ᠲᠠᠢ ᠪᠠᠶᠢᠬᠤ᠃   16. ︽ᠲᠦᠷᠪᠡᠨ ᠰᠠᠶᠢᠳᠠᠢ ᠬᠦᠳᠡᠭᠡ ᠲᠤᠰᠬᠤᠨ ᠤ ᠵᠡᠮ︾᠄ ᠲᠠᠷᠤᠢ ᠬᠦᠳᠡᠭᠡ ᠲᠤᠰᠬᠤᠨ ᠤ ᠵᠡᠮ ᠢ ᠰᠠᠶᠢᠨ ᠲᠠᠪᠢᠰᠬᠦ᠂ ᠰᠠᠶᠢᠨ ᠬᠠᠮᠢᠶᠠᠷᠬᠤ᠂ ᠰᠠᠶᠢᠨ ᠬᠠᠮᠠᠭᠠᠯᠠᠬᠤ᠂ ᠰᠠᠶᠢᠳᠤᠷ ᠠᠰᠢᠭᠯᠠᠬᠤ ᠶᠢ ᠭᠡᠯᠡᠵᠦ ᠪᠤᠢ᠃   17. ︽ᠲᠦᠷᠪᠡᠨ ᠤᠬᠠᠮᠰᠠᠷ︾᠄ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠬᠡᠳᠤᠯᠳᠠᠢ ᠪᠠᠶᠢᠬᠤ ᠤᠬᠠᠮᠰᠠᠷ᠃   18. ︽ᠲᠦᠷᠪᠡᠨ ᠢᠳᠡᠭᠡᠯ︾᠄ ᠵᠡᠮ ᠤᠨ ᠢᠳᠡᠭᠡᠯ᠂ ᠤᠨᠤᠯ ᠤᠨ ᠢᠳᠡᠭᠡᠯ᠂ ᠲᠦᠷᠢᠮ ᠤᠨ ᠢᠳᠡᠭᠡᠯ ᠪᠡ ᠰᠤᠶᠤᠯ ᠤᠨ ᠢᠳᠡᠭᠡᠯ᠃   19. ︽ᠬᠤᠶᠠᠷ ᠢ ᠬᠠᠮᠠᠭᠠᠯᠠᠬᠤ︾᠄ ᠰᠢ ᠶᠢᠨ ᠫᠢᠩ ᠶᠡᠷᠦᠩᠭᠡᠢ ᠱᠦᠵᠢ ᠶᠢᠨ ᠨᠡᠮ ᠤᠨ ᠲᠦᠪ ᠬᠤᠷᠢᠶᠠᠨ ᠤ ᠭᠤᠤᠯ ᠪᠠᠶᠢᠷᠢ ᠰᠠᠭᠤᠷᠢ᠂ ᠪᠦᠬᠦ ᠨᠡᠮ ᠤᠨ ᠭᠤᠤᠯ ᠪᠠᠶᠢᠷᠢ ᠰᠠᠭᠤᠷᠢ ᠶᠢ ᠬᠠᠮᠠᠭᠠᠯᠠᠬᠤ᠂ ᠨᠡᠮ ᠤᠨ ᠲᠦᠪ ᠬᠤᠷᠢᠶᠠᠨ ᠎ ᠤ ᠡᠷᠭᠡ ᠰᠦᠷ ᠪᠡ ᠲᠦᠪᠯᠡᠷᠡᠩᠭᠦᠢ ᠨᠢᠭᠡᠳᠤᠯᠳᠠᠢ ᠤᠳᠤᠷᠢᠳᠤᠯᠭ᠎ᠠ ᠶᠢ ᠬᠠᠮᠠᠭᠠᠯᠠᠬᠤ ᠶᠢ ᠪᠠᠷᠢᠮᠳᠠᠯᠠᠨ᠎ᠠ᠃   20. ︽ᠭᠤᠷᠪᠡᠨ ᠵᠦᠢᠯ ᠤᠨ ᠲᠦᠷᠢᠮ︾᠄ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠦᠯᠳᠡ ᠶᠢ ᠢᠯᠡ ᠪᠤᠯᠭᠠᠬᠤ ᠲᠦᠷᠢᠮ᠂ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠦᠯᠳᠡ ᠶᠢᠨ ᠪᠦᠬᠦ ᠶᠠᠪᠤᠴᠠ ᠶᠢ ᠲᠡᠮᠳᠡᠭᠯᠡᠬᠦ ᠲᠦᠷᠢᠮ᠂ ᠴᠢᠬᠤᠯᠠ ᠶᠡᠭᠡ ᠬᠠᠤᠯᠢ ᠭᠡᠷᠡᠭᠵᠢᠬᠦᠯᠦᠯᠳᠡ ᠶᠢᠨ ᠲᠤᠭᠳᠠᠭᠠᠯ ᠬᠠᠤᠯᠢ ᠲᠦᠷᠢᠮ ᠢ ᠬᠢᠨᠠᠨ ᠬᠠᠷᠭᠤᠭᠤᠯᠬᠤ ᠲᠦᠷᠢᠮ᠃   21. ︽ᠨᠡᠢᠮᠡᠨ ᠵᠦᠢᠯ ᠤᠨ ᠴᠢᠳᠠᠪᠤᠷᠢ︾᠄ ᠲᠠᠷᠤᠢ ᠰᠤᠷᠤᠯᠴᠠᠬᠤ ᠴᠢᠳᠠᠪᠤᠷᠢ᠂ ᠤᠯᠤᠰ ᠲᠦᠷᠦ ᠶᠢᠨ ᠤᠳᠤᠷᠢᠳᠬᠤ ᠴᠢᠳᠠᠪᠤᠷᠢ᠂ ᠦᠬᠡᠷᠡᠴᠢᠯᠠᠯᠳᠠ ᠬᠢᠵᠦ ᠰᠢᠨ᠎ᠡ ᠶᠢ ᠡᠬᠦᠳᠬᠦ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠬᠦᠭᠵᠢᠬᠦᠯᠬᠦ ᠴᠢᠳᠠᠪᠤᠷᠢ᠂ ᠬᠠᠤᠯᠢ ᠶᠤᠰᠤᠭᠠᠷ ᠵᠠᠰᠠᠭ ᠶᠠᠪᠤᠭᠤᠯᠬᠤ ᠴᠢᠳᠠᠪᠤᠷᠢ᠂ ᠤᠯᠠᠨ ᠲᠦᠮᠡᠨ ᠤ ᠠᠵᠢᠯ ᠢ ᠬᠦᠢᠴᠡᠳᠭᠡᠬᠦ ᠴᠢᠳᠠᠪᠤᠷᠢ᠂ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠬᠤ ᠴᠢᠳᠠᠪᠤᠷᠢ᠂ ᠲᠦᠭᠰᠢᠬᠦᠷᠢ ᠶᠢ ᠰᠡᠷᠭᠡᠶᠢᠯᠡᠬᠦ ᠴᠢᠳᠠᠪᠤᠷᠢ ᠪᠤᠯᠤᠨ᠎ᠠ᠃   22. ︽ᠲᠤᠯᠤᠭᠠᠨ ᠵᠦᠢᠯ ᠤᠨ ᠴᠢᠳᠠᠪᠤᠷᠢ︾᠄ ᠤᠯᠤᠰ ᠲᠦᠷᠦ ᠶᠢᠨ ᠴᠢᠳᠠᠪᠤᠷᠢ᠂ ᠪᠠᠶᠢᠴᠠᠭᠠᠨ ᠰᠤᠳᠤᠯᠬᠤ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠪᠤᠳᠤᠯᠭ᠎ᠠ ᠲᠤᠭᠳᠠᠭᠠᠬᠤ ᠴᠢᠳᠠᠪᠤᠷᠢ᠂ ᠦᠬᠡᠷᠡᠴᠢᠯᠠᠯᠳᠠ ᠬᠢᠬᠦ ᠴᠢᠳᠠᠪᠤᠷᠢ᠂ ᠪᠡᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ᠂ ᠤᠯᠠᠨ ᠲᠦᠮᠡᠨ ᠤ ᠠᠵᠢᠯᠯᠠᠬᠤ ᠴᠢᠳᠠᠪᠤᠷᠢ᠂ ᠨᠡᠶᠢᠳᠡᠪᠤᠷᠢᠵᠢᠭᠤᠯᠤᠯᠳᠠ ᠶᠢ ᠠᠳᠬᠤᠬᠤ ᠴᠢᠳᠠᠪᠤᠷᠢ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号