ᠰᠥᠨᠢᠳ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2021/8/3
ᠪᠥᠬᠦ ᠬᠤᠰᠢᠭᠤᠨ ᠤ ᠥᠷᠭᠡᠨ ᠣᠯᠠᠨ ᠠᠷᠠᠳ ᠲᠦᠮᠡᠨ᠄      ᠣᠳᠣᠬᠠᠨ ᠳᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠮᠥᠨᠴᠤ ᠵᠠᠩᠭᠢᠯᠠᠭ᠎ᠠ ᠶᠢᠨ ᠬᠤᠭᠤᠴᠠᠭᠠᠨ  ᠳᠤ ᠪᠠᠨ ᠪᠠᠶᠢᠨ᠎ᠠ᠃ ᠰᠥᠨᠢᠳ ᠪᠠᠷᠠᠭᠤᠨ ᠬᠤᠰᠢᠭᠤᠨ ᠤ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠪᠠᠶᠢᠩᠭᠤᠵᠢᠬᠰᠠᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠳᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠪᠦᠲᠦᠮᠵᠢᠲᠡᠶ ᠬᠢᠵᠠᠭᠠᠷᠯᠠᠨ᠂ ᠬᠢᠵᠢᠭ ᠤᠨ ᠪᠠᠶᠢᠳᠠᠯ ᠤᠨ ᠳᠠᠷᠬᠠᠨ ᠳᠡᠯᠭᠡᠷᠡᠬᠦ ᠶᠢ ᠡᠷᠡᠰ ᠬᠤᠷᠢᠭᠯᠠᠵᠤ᠂ ᠥᠷᠭᠡᠨ ᠣᠯᠠᠨ ᠰᠠᠭᠤᠭᠠᠯᠢ ᠠᠷᠠᠳ ᠤᠨ ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠪᠢᠳᠡ ᠳᠣᠤᠷᠠᠬᠢ ᠮᠡᠲᠦ ᠰᠠᠨᠠᠭᠠᠴᠢᠯᠠᠭ᠎ᠠ ᠭᠠᠷᠭᠠᠪᠠ᠃      ᠨᠢᠭᠡ᠂ ᠨᠠᠨᠵᠢᠩ᠂ ᠵᠠᠩ ᠵᠢᠶᠠ ᠵᠢᠶᠧ ᠬᠤᠲᠠ ᠵᠡᠷᠭᠡ ᠵᠠᠷᠢᠮ ᠭᠠᠵᠠᠷ ᠣᠷᠣᠨ ᠳᠤ ᠲᠤᠬᠠᠶ ᠶᠢᠨ ᠭᠠᠵᠠᠷ ᠤᠨ ᠡᠪᠡᠳᠴᠢᠨ ᠤ ᠵᠢᠱᠢᠶ᠎ᠡ ᠢᠯᠡᠷᠡᠭᠰᠡᠨ ᠪᠠᠶᠢᠳᠠᠯ ᠢ ᠦᠨᠳᠦᠰᠦᠯᠡᠨ᠂ ᠬᠡᠷᠪᠡ ᠴᠢᠬᠤᠯᠠ ᠤᠴᠢᠷ ᠥᠬᠡᠶ ᠪᠣᠯ ᠬᠢᠵᠢᠭ ᠤᠨ ᠪᠠᠶᠢᠳᠠᠯ ᠭᠠᠷᠤᠭᠰᠠᠨ ᠬᠤᠲᠠ ᠪᠠ ᠭᠠᠵᠠᠷ ᠣᠷᠣᠨ ᠳᠤ ᠣᠴᠢᠵᠤ ᠵᠢᠭᠤᠯᠴᠢᠯᠠᠬᠤ᠂ ᠠᠵᠢᠯ ᠢᠶᠠᠷ ᠭᠠᠳᠠᠭᠰᠢ ᠭᠠᠷᠬᠤ᠂ ᠲᠥᠷᠥᠯ ᠰᠠᠳᠤᠨ ᠢᠶᠠᠨ ᠡᠷᠭᠢᠵᠦ ᠨᠠᠶᠢᠵᠠ ᠨᠥᠬᠦᠳ ᠢᠶᠠᠨ ᠡᠷᠭᠢᠵᠦ ᠦᠵᠡᠬᠦ ᠬᠡᠷᠡᠭ ᠥᠬᠡᠶ᠃ ᠬᠡᠷᠪᠡ ᠵᠠᠪᠠᠯ ᠣᠴᠢᠬᠤ ᠬᠡᠷᠡᠭᠲᠡᠶ ᠪᠣᠯ ᠪᠡᠶ᠎ᠡ ᠪᠠᠨ ᠰᠠᠶᠢᠨ ᠬᠠᠮᠠᠭᠠᠯᠠᠬᠤ ᠬᠡᠷᠡᠭᠲᠡᠶ᠃ ᠬᠤᠰᠢᠭᠤᠨ ᠳᠠᠭᠠᠨ ᠪᠤᠴᠠᠬᠤ ᠠᠴᠠ ᠡᠮᠦᠨ᠎ᠡ᠂ ᠤᠷᠢᠳᠴᠢᠯᠠᠨ ᠪᠠᠶᠢᠭᠤᠯᠭ᠎ᠠ ᠨᠢᠭᠡᠴᠡ ᠪᠠ ᠬᠠᠷᠢᠶ᠎ᠠ ᠣᠷᠣᠨ ᠳᠤ ᠮᠡᠳᠡᠭᠦᠯᠦᠨ ᠳᠠᠩᠰᠠᠯᠠᠭᠤᠯᠵᠤ᠂ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃      ᠬᠤᠶᠠᠷ᠂ ᠪᠥᠬᠦ ᠬᠤᠰᠢᠭᠤᠨ ᠤ ᠡᠯ᠎ᠡ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠵᠣᠴᠢᠳ ᠤᠨ ᠪᠠᠭᠤᠳᠠᠯ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠪᠡᠶ᠎ᠡ ᠶᠢᠨ ᠬᠠᠯᠠᠭᠤᠨ ᠢ ᠪᠠᠶᠢᠴᠠᠭᠠᠨ ᠬᠡᠮᠵᠢᠬᠦ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ᠂ ᠪᠠᠭᠤᠳᠠᠯ ᠳᠤ ᠣᠷᠣᠬᠤ ᠬᠥᠮᠦᠰ ᠲᠤ ᠠᠮᠠᠪᠴᠢ ᠵᠡᠭᠦᠯᠭᠡᠬᠦ᠂ ᠵᠣᠴᠢᠳ ᠤᠨ ᠪᠠᠭᠤᠳᠠᠯ ᠳᠤ ᠰᠠᠭᠤᠬᠤ ᠬᠥᠮᠦᠰ ᠤᠨ ᠮᠡᠳᠡᠭᠡ ᠵᠠᠩᠭᠢ ᠶᠢ ᠳᠠᠩᠰᠠᠯᠠᠬᠤ᠂ ᠺᠣᠳ᠋ ᠰᠢᠷᠪᠢᠬᠦ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠶᠢ ᠱᠠᠭᠠᠷᠳᠠᠨ᠎ᠠ᠃      ᠭᠤᠷᠪᠠ᠂ ᠥᠷᠭᠡᠨ ᠣᠯᠠᠨ ᠠᠷᠠᠳ ᠲᠦᠮᠡᠨ ᠭᠡᠷ ᠪᠦᠯᠢ ᠪᠣᠯᠤᠨ ᠬᠤᠪᠢ ᠬᠥᠮᠦᠨ ᠤ ᠡᠷᠡᠭᠦᠯ ᠬᠠᠮᠠᠭᠠᠯᠠᠯ ᠢ ᠠᠩᠬᠠᠷᠴᠤ᠂ ᠭᠡᠷ ᠳᠣᠲᠣᠷ᠎ᠠ ᠦᠷᠭᠦᠯᠵᠢ ᠰᠠᠯᠬᠢ ᠨᠡᠪᠲᠡᠷᠡᠭᠦᠯᠦᠨ ᠠᠭᠠᠷ ᠰᠣᠯᠢᠵᠤ᠂ ᠡᠳᠦᠷ ᠲᠤᠲᠤᠮ ᠤᠨ ᠬᠡᠷᠡᠭᠰᠡᠯ  ᠢᠶᠠᠨ ᠲᠤᠵᠢ ᠴᠡᠪᠡᠷᠯᠡᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠳᠬᠠᠬᠤ ᠬᠡᠷᠡᠭᠲᠡᠶ᠃ ᠺᠠᠳ᠋ᠷ ᠠᠵᠢᠯᠲᠠᠨ ᠠᠵᠢᠯᠴᠢᠨ ᠪᠠᠶᠢᠭᠤᠯᠭ᠎ᠠ ᠨᠢᠭᠡᠴᠡ ᠶᠢᠨ ᠳᠣᠲᠣᠨ᠎ᠠ ᠭᠠᠳᠠᠨᠠᠬᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ  ᠤᠨ ᠶᠡᠭᠡ ᠴᠡᠭᠴᠡᠯᠡᠨ ᠵᠠᠰᠠᠯᠲᠠ ᠶᠢ ᠥᠷᠭᠡᠨ ᠢᠶᠠᠷ ᠥᠷᠨᠢᠭᠦᠯᠵᠦ᠂ ᠡᠷᠡᠭᠦᠯ ᠬᠠᠮᠠᠭᠠᠯᠠᠯ ᠤᠨ ᠦᠯᠦ ᠬᠠᠷᠠᠭᠳᠠᠬᠤ ᠭᠠᠵᠠᠷ ᠪᠠ ᠡᠪᠡᠳᠴᠢᠨ ᠤ ᠵᠠᠭᠤᠴᠢ ᠠᠮᠢᠳᠤ ᠪᠣᠳᠠᠰ ᠤᠨ ᠦᠷᠡᠵᠢᠬᠦ ᠣᠷᠴᠢᠨ ᠲᠣᠭᠤᠷᠢᠨ ᠢ ᠴᠡᠪᠡᠷᠯᠡᠨ ᠠᠷᠢᠯᠭᠠᠵᠤ᠂ ᠡᠪᠡᠳᠴᠢᠨ ᠤ ᠵᠠᠭᠤᠴᠢ ᠴᠢᠨᠠᠷᠲᠠᠶ ᠬᠠᠯᠳᠠᠪᠤᠷᠢᠲᠤ ᠡᠪᠡᠳᠴᠢᠨ ᠤ ᠬᠠᠯᠳᠠᠪᠤᠷᠢᠯᠠᠬᠤ ᠠᠴᠠ ᠵᠠᠶᠢᠯᠠᠰᠬᠢᠬᠦ ᠬᠡᠷᠡᠭᠲᠡᠶ᠃ ᠬᠤᠭ ᠨᠣᠪᠰᠢ ᠶᠢ ᠳᠤᠷ᠎ᠠ ᠪᠠᠷ ᠬᠠᠶᠠᠬᠤ᠂ ᠳᠤᠷ᠎ᠠ ᠪᠠᠷ ᠣᠪᠣᠭᠠᠯᠠᠵᠤ ᠳᠤᠷ᠎ᠠ ᠪᠠᠷ ᠲᠠᠯᠪᠢᠬᠤ ᠶᠢ ᠳᠠᠶᠠᠭᠳᠠᠵᠤ᠂ ᠠᠷᠢᠭᠤᠨ ᠴᠡᠪᠡᠷ ᠡᠷᠡᠭᠦᠯ ᠰᠠᠷᠠᠭᠤᠯ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠪᠠ ᠠᠭᠤᠷ ᠠᠮᠢᠰᠬᠤᠯ ᠢ ᠡᠭᠦᠳᠦᠨ᠎ᠡ᠃      ᠳᠥᠷᠪᠡ᠂ ᠥᠷᠭᠡᠨ ᠣᠯᠠᠨ ᠰᠠᠭᠤᠭᠠᠯᠢ ᠠᠷᠠᠳ ᠣᠳᠣᠬᠠᠨ ᠤ ᠬᠢᠵᠢᠭ ᠤᠨ ᠪᠠᠶᠢᠳᠠᠯ ᠤᠨ ᠨᠠᠷᠢᠨ ᠪᠤᠳᠤᠯᠢᠶᠠᠨᠲᠠᠶ ᠪᠠᠶᠢᠳᠠᠯ ᠢ ᠭᠦᠶᠴᠡᠳ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ ᠴᠢᠩᠭᠠᠯᠠᠵᠤ᠂ ᠬᠤᠪᠢ ᠬᠥᠮᠦᠨ ᠤ ᠡᠷᠡᠭᠦᠯ ᠮᠡᠨᠳᠦ ᠶᠢᠨ ᠰᠡᠷᠭᠡᠶᠢᠯᠡᠯᠲᠡ ᠬᠠᠮᠠᠭᠠᠯᠠᠯᠲᠠ ᠶᠢ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ ᠪᠠᠷ ᠠᠮᠠᠪᠴᠢ ᠵᠡᠬᠦᠵᠤ᠂ ᠢᠯᠠᠩᠭᠤᠶ᠎ᠠ ᠣᠯᠠᠨ ᠨᠡᠶᠢᠲᠡ ᠶᠢᠨ ᠭᠠᠵᠠᠷ ᠠᠮᠠᠪᠴᠢ ᠵᠡᠭᠦᠬᠦ ᠬᠡᠷᠡᠭᠲᠡᠶ᠃ ᠨᠢᠰᠬᠡᠯ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ  ᠳᠠᠭᠠᠨ ᠣᠯᠠᠨ ᠨᠡᠶᠢᠲᠡ ᠶᠢᠨ ᠬᠡᠷᠡᠭᠰᠡᠯ ᠲᠠᠢ ᠣᠶᠢᠷᠠᠳᠬᠤ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠬᠤᠭᠤᠯᠠ ᠢᠳᠡᠬᠦ ᠪᠠ ᠤᠰᠤ ᠤᠤᠭᠤᠬᠤ ᠤᠳᠠᠭ᠎ᠠ ᠶᠢ ᠪᠠᠭᠠᠰᠬᠠᠬᠤ ᠶᠢᠨ ᠬᠠᠮᠲᠤ ᠡᠳᠦᠷ ᠲᠤᠲᠤᠮ ᠤᠨ ᠠᠮᠢᠳᠤᠷᠠᠯ ᠳᠤᠮᠳᠠ ᠨᠡᠶᠢᠭᠡᠮ ᠤᠨ ᠬᠠᠷᠢᠯᠴᠠᠭᠠᠨ ᠤ ᠠᠮᠤᠷ ᠲᠦᠪᠰᠢᠨ ᠵᠠᠶ ᠶᠢ ᠪᠠᠲᠤᠯᠠᠬᠤ ᠶᠢ ᠦᠷᠭᠦᠯᠵᠢᠯᠡᠨ ᠵᠢᠷᠤᠮᠯᠠᠵᠤ᠂ ᠴᠤᠭᠯᠠᠷᠠᠬᠤ ᠥᠬᠡᠶ᠂ ᠭᠠᠷ ᠢᠶᠠᠨ ᠦᠷᠭᠦᠯᠵᠢ ᠤᠬᠢᠶᠠᠵᠤ᠂ ᠦᠷᠭᠦᠯᠵᠢ ᠰᠠᠯᠬᠢ ᠨᠡᠪᠲᠡᠷᠡᠭᠦᠯᠵᠦ᠂ ᠪᠠᠭ᠎ᠠ ᠢᠳᠡᠵᠦ᠂ ᠲᠤᠰᠠᠭᠠᠷ ᠬᠤᠭᠤᠯᠠᠯᠠᠵᠤ᠂ ᠨᠡᠶᠢᠲᠡ ᠶᠢᠨ ᠰᠠᠪᠬ᠎ᠠ ᠬᠡᠷᠡᠭᠯᠡᠵᠦ᠂ ᠬᠠᠨᠢᠶᠠᠬᠤ᠂ ᠨᠠᠶᠢᠲᠠᠭᠠᠬᠤ ᠦᠶ᠎ᠡ ᠳᠤ ᠴᠠᠭᠠᠰᠤᠨ ᠠᠯᠴᠢᠭᠤᠷ ᠪᠤᠶᠤ ᠲᠣᠬᠤᠶ ᠬᠠᠨᠴᠤᠶ ᠪᠠᠷ ᠢᠶᠠᠨ ᠬᠠᠯᠬᠠᠯᠠᠬᠤ ᠵᠡᠷᠭᠡ ᠳᠠᠳᠬᠠᠯ ᠲᠠᠢ ᠪᠤᠯᠬᠤ ᠬᠡᠷᠡᠭᠲᠡᠶ᠃      ᠲᠠᠪᠤ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠪᠦᠲᠦᠮᠵᠢᠲᠡᠶ ᠠᠷᠭ᠎ᠠ ᠬᠡᠮᠵᠢᠶ᠎ᠡ ᠮᠥᠨ᠂ ᠨᠠᠩ ᠴᠤ ᠠᠷᠠᠳ ᠢᠷᠭᠡᠨ ᠨᠢᠭᠡᠪᠦᠷᠢ ᠶᠢᠨ ᠭᠦᠶᠴᠡᠳᠬᠡᠪᠡᠰᠦ ᠵᠣᠬᠢᠬᠤ ᠬᠠᠷᠢᠭᠤᠴᠠᠯᠭ᠎ᠠ ᠪᠠ ᠡᠭᠦᠷᠭᠡ ᠮᠥᠨ᠂ ᠨᠥᠬᠦᠴᠡᠯ ᠳᠤ ᠨᠡᠶᠢᠴᠡᠬᠦ ᠲᠠᠷᠢᠯᠭ᠎ᠠ ᠬᠢᠭᠡᠳᠦᠶ ᠰᠠᠭᠤᠭᠠᠯᠢ ᠠᠷᠠᠳ ᠳᠠᠷᠤᠶ ᠲᠦᠷᠭᠡᠨ ᠲᠠᠷᠢᠯᠭ᠎ᠠ ᠬᠢᠵᠦ᠂ ᠰᠢᠨ᠎ᠡ ᠲᠢᠲᠢᠮᠯᠢᠭ ᠸᠢᠷᠦ᠋ᠰ ᠲᠠᠢ ᠲᠡᠮᠡᠴᠡᠬᠦ ᠥᠯᠥ ᠬᠠᠯᠳᠠᠭᠠᠬᠤ ᠬᠠᠯᠬᠠᠪᠴᠢ ᠶᠢ ᠬᠠᠮᠲᠤ ᠪᠠᠷ ᠪᠠᠶᠢᠭᠤᠯᠬᠤ ᠬᠡᠷᠡᠭᠲᠡᠶ᠃      ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠦ ᠨᠡᠶᠢᠭᠡᠮ ᠤᠨ ᠬᠠᠮᠲᠤ ᠶᠢᠨ ᠴᠢᠷᠮᠠᠶᠢᠯᠭ᠎ᠠ ᠪᠠᠷ᠂ ᠪᠢᠳᠡ ᠣᠯᠠᠨ ᠢᠶᠠᠷ ᠢᠶᠠᠨ ᠰᠡᠷᠭᠡᠶᠢᠯᠡᠨ ᠣᠯᠠᠨ ᠢᠶᠠᠷ  ᠢᠶᠠᠨ ᠡᠵᠡᠮᠳᠡᠪᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠢᠯᠠᠯᠲᠠ ᠶᠢ ᠯᠠᠪᠲᠠᠶ ᠣᠯᠵᠤ ᠴᠢᠳᠠᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号