ᠣᠷᠤᠨ ᠤ ᠰᠢᠯᠢᠳᠡᠭ ᠤᠷᠠᠯᠢᠭᠴᠢᠳ ᠮᠠᠨ ᠤ ᠬᠤᠰᠢᠭᠤᠨ ᠳᠤ ᠢᠷᠡᠵᠦ ᠲᠣᠭᠯᠠᠯᠲᠠ ᠭᠠᠷᠭᠠᠯ᠎ᠠ
ᠨᠡᠶᠢᠲᠡᠯᠡᠭᠰᠡᠨ ᠴᠠᠭ᠄
2021/8/4
     ᠤᠯᠤᠰ ᠳᠠᠶᠠᠭᠠᠷ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠠᠶᠠᠷᠯᠠᠨ ᠪᠡᠯᠭᠡᠯᠡᠵᠦ ᠪᠠᠶᠢᠭ᠎ᠠ ᠡᠨᠡ ᠲᠠᠰᠢᠷᠠᠮ ᠢᠶᠠᠷ  ᠂ ᠣᠶᠢᠷ᠎ᠠ  ᠳᠤ᠂ ᠥᠪᠦᠷ ᠮᠣᠩᠭᠤᠯ ᠤᠨ ᠤᠷᠠᠯᠢᠭ ᠵᠥᠴᠦᠭᠡ ᠶᠢᠨ ᠬᠦᠷᠢᠶᠡᠯᠡᠩ ᠤᠨ ᠳᠠᠭᠤᠤ ᠬᠥᠭᠵᠢᠮ ᠤᠨ ᠪᠥᠯᠬᠦᠮ ᠮᠠᠨ ᠤ ᠬᠤᠰᠢᠭᠤᠨ ᠳᠤ ᠬᠦᠷᠴᠦ ᠢᠷᠡᠨ《 ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ》ᠳᠠᠭᠤᠤ ᠪᠥᠵᠢᠭ ᠤᠨ ᠲᠤᠰᠬᠠᠢ ᠲᠠᠯᠠᠪᠠᠢ ᠲᠣᠭᠯᠠᠯᠲᠠ ᠭᠠᠷᠭᠠᠯ᠎ᠠ᠃      ᠲᠤᠭᠯᠠᠯᠲᠠ ᠳᠤ ᠤᠯᠤᠰ ᠤᠨ ᠨᠢᠭᠡᠳᠦᠭᠡᠷ ᠲᠡᠰ ᠤᠨ ᠲᠣᠭᠯᠠᠭᠴᠢ᠂ ᠮᠥᠨ ᠴᠤ ᠨᠡᠶᠢᠲᠡ ᠣᠯᠠᠨ ᠤ ᠬᠠᠭᠤᠴᠢᠨ ᠲᠠᠨᠢᠯ ᠪᠣᠯᠤᠭᠰᠠᠨ ᠳᠠᠭᠤᠴᠢᠨ ᠮᠠᠰᠢ ᠪᠠ ᠵᠠᠯᠠᠭᠤ ᠳᠠᠭᠤᠴᠢᠨ ᠲᠡᠭᠷᠢᠬᠦᠦ᠂ ᠴᠣᠯᠮᠤᠨ᠂ ᠮᠥᠩᠭᠦᠨᠬᠤᠸᠠᠷ᠂ ᠵᠠᠯᠠᠭᠤ ᠪᠥᠵᠢᠭᠴᠢᠨ ᠤᠳᠤᠩᠭᠤᠸ᠎ᠠ᠂ ᠪᠥᠷᠢᠨᠮᠡᠨᠳᠦ᠂ ᠭᠥᠭᠵᠢᠮᠴᠢᠨ ᠪᠠᠶᠠᠷ ᠵᠡᠷᠭᠡ ᠤᠷᠠᠯᠢᠭᠴᠢᠳ ᠬᠦᠷᠦᠯᠴᠡᠨ ᠢᠷᠡᠵᠦ᠂《 ᠵᠣᠴᠢᠨ ᠤᠭᠲᠤᠬᠤ ᠳᠠᠭᠤᠤ》᠂《 ᠮᠠᠭᠲᠠᠭᠠᠯ ᠳᠠᠭᠤᠤ》᠂《 ᠨᠤᠲᠤᠭ ᠤᠨ ᠳᠠᠭᠤᠤ ᠪᠠᠨ ᠨᠠᠮ ᠳᠤ ᠪᠠᠨ ᠳᠠᠭᠤᠯᠠᠨ᠎ᠠ》᠂《 ᠮᠠᠯᠴᠢᠨ ᠲᠥᠮᠡᠨ ᠡᠪ ᠬᠠᠮᠲᠤ ᠨᠠᠮ ᠢᠶᠠᠨ ᠮᠠᠭᠲᠠᠨ ᠳᠠᠭᠤᠯᠠᠨ᠎ᠠ》᠂《 ᠣᠷᠳᠤᠰ ᠪᠥᠵᠢᠭ》 ᠂《 ᠮᠠᠨᠳᠤᠬᠤ ᠨᠠᠷᠠ》ᠵᠡᠷᠭᠡ ᠠᠶ᠎ᠠ ᠳᠠᠭᠤᠤ ᠪᠥᠵᠢᠭ ᠢᠶᠠᠨ ᠡᠷᠭᠦᠵᠦ᠂ ᠦᠵᠡᠭᠴᠢ ᠣᠯᠠᠨ ᠲᠠᠢ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠢ ᠶᠢ ᠪᠠᠶᠠᠷᠯᠠᠨ ᠪᠡᠯᠭᠡᠯᠡᠭᠰᠡᠨ ᠪᠠᠶᠢᠨ᠎ᠠ᠃    ᠤᠷᠠᠯᠢᠭᠴᠢᠳ ᠤᠨ ᠭᠤᠴᠤ ᠰᠠᠶᠢᠬᠠᠨ ᠲᠣᠭᠯᠠᠯᠲᠠ ᠠᠬᠤᠢ ᠲᠠᠯᠠᠪᠠᠢ ᠳᠤ ᠬᠦᠷᠦᠯᠴᠡᠨ ᠢᠷᠡᠭᠰᠡᠨ ᠦᠵᠡᠭᠴᠢ ᠣᠯᠠᠨ ᠤ ᠪᠠᠨ ᠰᠡᠳᠬᠢᠯ ᠢ ᠲᠤᠭᠳᠤᠯᠤᠭᠤᠯᠤᠨ᠂ ᠬᠠᠯᠠᠭᠤᠨ ᠠᠯᠠᠭ᠎ᠠ ᠲᠠᠰᠢᠯᠲᠠ ᠶᠢᠨ ᠳᠠᠭᠤᠨ ᠳᠤ ᠠᠩᠬᠠᠨ ᠤ ᠲᠠᠯᠠᠪᠠᠢ ᠲᠤᠭᠯᠠᠯᠲᠠ ᠪᠠᠨ ᠠᠮᠵᠢᠯᠲᠠ ᠲᠠᠢ ᠶᠠᠪᠤᠭᠳᠠᠭᠤᠯᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号