2021 ᠣᠨ ᠤ ᠰᠦᠨᠢᠳ ᠪᠠᠷᠠᠭᠤᠨ ᠬᠤᠰᠢᠭᠤᠨ ᠤ ᠠᠩᠬᠠᠳᠤᠭᠠᠷ ᠤᠳᠠᠭᠠᠨ ᠤ ᠴᠤᠭᠤᠷ ᠤᠨ ᠳᠠᠭᠤᠨ ᠤ ᠪᠤᠯᠪᠠᠰᠤᠷᠠᠯ ᠤᠨ ᠠᠩᠭᠢ ᠶᠠᠪᠤᠭᠳᠠᠪᠠ
ᠨᠡᠶᠢᠲᠡᠯᠡᠭᠰᠡᠨ ᠴᠠᠭ᠄
2021/8/4
     7 ᠰᠠᠷ᠎ᠠ ᠶᠢᠨ 12 ᠤᠨ ᠡᠳᠦᠷ᠂ ᠬᠤᠰᠢᠭᠤ ᠰᠤᠶᠤᠯ ᠤᠨ ᠤᠷᠳᠤᠨ ᠪᠣᠯᠤᠨ ᠰᠦᠨᠢᠳ ᠪᠠᠷᠠᠭᠤᠨ ᠬᠤᠰᠢᠭᠤᠨ ᠤ ᠠᠷᠤ ᠬᠠᠩᠭᠠᠢ ᠨᠡᠭᠦᠳᠡᠯ ᠮᠠᠯᠵᠢᠯ ᠤᠨ ᠰᠤᠶᠤᠯ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠠᠴᠠ ᠬᠠᠮᠲᠤᠷᠠᠨ ᠡᠷᠬᠢᠯᠡᠭᠰᠡᠨ 2021 ᠤᠨ ᠤ ᠠᠩᠬᠠᠳᠤᠭᠠᠷ ᠤᠳᠠᠭᠠᠨ ᠤ ᠴᠤᠭᠤᠷ ᠤᠨ ᠳᠠᠭᠤᠨ ᠤ ᠪᠤᠯᠪᠠᠰᠤᠷᠠᠯ ᠤᠨ ᠠᠩᠭᠢ ᠨᠢ ᠠᠷᠤ ᠬᠠᠩᠭᠠᠢ ᠨᠡᠭᠦᠳᠡᠯ ᠮᠠᠯᠵᠢᠯ ᠤᠨ ᠰᠤᠶᠤᠯ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠳᠤ ᠡᠬᠢᠯᠡᠯᠲᠡ ᠶᠢᠨ ᠶᠤᠰᠤᠯᠠᠯ ᠢᠶᠠᠨ ᠨᠢᠵᠢᠭᠢᠷ ᠬᠦᠭᠵᠢᠶᠡᠨ ᠲᠠᠢ ᠰᠠᠶᠢᠬᠠᠨ  ᠡᠬᠢᠯᠡᠭᠦᠯᠦᠭᠰᠡᠨ  ᠪᠠᠶᠢᠨ᠎ᠠ᠃      ᠲᠤᠰ ᠤᠳᠠᠭᠠᠨ ᠤ ᠪᠤᠯᠪᠠᠰᠤᠷᠠᠯ ᠤᠨ ᠠᠩᠭᠢ ᠶᠢ ᠪᠣᠳᠠᠰ ᠤᠨ ᠪᠣᠰᠤ ᠰᠣᠶᠤᠯ ᠤᠨ ᠦᠪ ᠢᠶᠠᠨ ᠬᠠᠮᠠᠭᠠᠯᠠᠬᠤ ᠡᠭᠦᠳᠡᠨ ᠠᠴᠠ ᠡᠷᠬᠢᠯᠡᠨ ᠶᠠᠪᠤᠭᠳᠠᠭᠤᠯᠵᠤ᠂ 7 ᠰᠠᠷ᠎ᠠ ᠶᠢᠨ 12-17 ᠤ ᠡᠳᠦᠷ ᠬᠦᠷᠲᠡᠯ᠎ᠡ 5 ᠡᠳᠦᠷ ᠤᠨ ᠬᠤᠭᠤᠴᠠᠭ᠎ᠠ ᠲᠠᠢ  ᠶᠠᠪᠤᠭᠳᠠᠵᠤ᠂ ᠨᠡᠶᠢᠲᠡ 7 ᠰᠤᠷᠤᠭᠴᠢ ᠤᠷᠤᠯᠴᠠᠵᠠᠢ᠃      ᠪᠣᠯᠪᠠᠰᠤᠷᠠᠯ ᠤᠨ ᠬᠤᠭᠤᠴᠠᠭᠠᠨ ᠳᠤ ᠪᠤᠳᠠᠰ ᠤᠨ ᠪᠤᠰᠤ ᠰᠤᠶᠤᠯ ᠤᠨ ᠦᠪ ᠪᠣᠯᠬᠤ ᠴᠤᠭᠤᠷ ᠤᠨ ᠳᠠᠭᠤᠤ ᠶᠢᠨ ᠤᠷᠤᠨ ᠤ ᠳᠡᠰ ᠤᠨ ᠦᠪᠯᠡᠨ ᠤᠯᠠᠮᠵᠢᠯᠠᠭᠴᠢ ᠰᠢᠯᠢ ᠶᠢᠨ ᠭᠤᠣᠯ ᠠᠶᠢᠮᠠᠭ ᠤᠨ ᠠᠪᠠᠭ᠎ᠠ ᠬᠤᠰᠢᠭᠤ ᠪᠠᠷ ᠨᠤᠲᠤᠭ ᠲᠠᠢ ᠪᠠᠲᠤᠪᠠᠶᠠᠷ ᠪᠠᠭᠰᠢ ᠶᠢ ᠤᠷᠢᠨ ᠵᠠᠯᠠᠵᠤ᠂ 5 ᠡᠳᠦᠷ ᠤᠨ ᠲᠤᠷᠰᠢ ᠵᠢᠭᠠᠨ ᠵᠢᠯᠤᠭᠤᠳᠤᠨ  ᠭ᠊ ᠬᠢᠴᠢᠶᠡᠯᠯᠡᠭᠦᠯᠵᠡᠢ᠃      ᠴᠤᠭᠤᠷ ᠤᠨ ᠳᠠᠭᠤᠨ ᠤ ᠳᠠᠭᠤᠯᠠᠬᠤ ᠠᠷᠭ᠎ᠠ ᠨᠢ ᠤᠷᠲᠤ ᠶᠢᠨ ᠳᠠᠭᠤᠨ ᠤ ᠳᠠᠭᠤᠯᠠᠬᠤ ᠬᠡᠯᠪᠡᠷᠢ ᠲᠠᠢ ᠲᠦᠰᠲᠠᠢ ᠪᠣᠯᠪᠠᠴᠤ᠂ ᠴᠤᠭᠤᠷ ᠬᠠᠪᠰᠤᠷᠭᠠᠬᠤ ᠬᠡᠷᠡᠭᠳᠡᠢ ᠪᠠᠶᠢᠳᠠᠭ ᠨᠢ ᠪᠠᠰᠠ ᠪᠤᠰᠤᠳ ᠳᠠᠭᠤᠤ ᠠᠴᠠ ᠢᠯᠭᠠᠭᠳᠠᠳᠠᠭ ᠬᠠᠮᠤᠭ ᠢᠯᠡ ᠲᠣᠳᠣ ᠣᠨᠴᠠᠯᠢᠭ ᠪᠣᠯᠤᠨ᠎ᠠ᠃ ᠴᠤᠭᠤᠷ ᠤᠨ ᠳᠠᠭᠤᠤ ᠨᠢ ᠤᠳᠤᠬᠠᠨ ᠳᠤ ᠭᠤᠤᠯᠳᠠᠭᠤ ᠠᠪᠠᠭ᠎ᠠ ᠠᠪᠠᠭ᠋ᠠᠨᠠᠷ ᠢᠶᠠᠷ ᠤᠯᠠᠮᠵᠢᠯᠠᠭᠳᠠᠨ ᠳᠠᠭᠤᠯᠠᠭᠳᠠᠵᠤ ᠪᠤᠢ᠃      ᠡᠬᠢᠯᠡᠯᠲᠡ ᠶᠢᠨ ᠶᠤᠰᠤᠯᠠᠯ ᠤᠨ ᠲᠤᠭᠯᠠᠯᠲᠠ ᠮᠦᠨᠴᠦ ᠤᠯᠠᠮᠵᠢᠯᠠᠯᠲᠤ ᠵᠠᠩᠰᠢᠯ ᠢᠶᠠᠷ ᠢᠶᠠᠨ ᠶᠠᠪᠤᠭᠳᠠᠵᠤ᠂ ᠴᠢᠳᠠᠯᠳᠤ᠂ ᠰᠡᠷᠭᠦᠯᠡᠩ᠂ ᠭᠠᠷᠤᠳᠢ ᠵᠡᠷᠭᠡ ᠠᠬᠠᠮᠠᠳ ᠵᠠᠯᠠᠭᠤ ᠳᠠᠭᠤᠴᠢᠳ ᠤᠨ ᠣᠷᠤᠯᠴᠠᠭ᠎ᠠ ᠲᠠᠢ ︽ᠡᠷᠲᠡ ᠶᠢᠨ ᠴᠠᠭᠠᠨ ᠪᠤᠶᠠᠨ︾ ᠭᠡᠬᠦ ᠳᠠᠭᠤᠤ ᠪᠠᠷ ᠬᠦᠰᠢᠭᠡ ᠪᠠᠨ ᠰᠡᠬᠦᠵᠦ᠂ ︽ᠬᠦᠳᠡᠭᠡ ᠰᠢᠯᠢ︾ ᠭᠡᠳᠡᠭ ᠳᠠᠭᠤᠤ ᠪᠠᠷ ᠢᠶᠠᠨ ᠦᠨᠳᠦᠷᠯᠡᠭᠦᠯᠵᠠᠢ᠃     ᠠᠷᠠᠳ ᠤᠨ ᠤᠷᠠᠯᠢᠭᠴᠢᠳ ᠮᠠᠨᠢ ᠴᠦ ᠲᠤᠭᠯᠠᠯᠲᠠ ᠶᠢᠨ ᠲᠠᠶᠢᠰᠠᠨ ᠳᠡᠭᠡᠷ᠎ᠡ ᠦᠪᠡᠷ ᠦᠪᠡᠷ ᠤᠨ ᠤᠷ᠎ᠠ ᠠᠪᠢᠶᠠᠰ ᠢᠶᠠᠨ ᠭᠠᠶᠢᠬᠠᠭᠤᠯᠵᠤ᠂ ᠳᠠᠭᠤᠤ ᠬᠦᠭᠵᠢᠮ ᠤᠨ ᠭᠤᠴᠤ ᠲᠤᠭᠯᠠᠯᠲᠠ ᠪᠠᠷ ᠢᠶᠠᠨ ᠬᠦᠷᠦᠯᠴᠡᠨ ᠢᠷᠡᠭᠰᠡᠨ ᠪᠠᠭᠰᠢ᠂ ᠰᠤᠷᠤᠭᠴᠢ ᠬᠢᠭᠡᠳ ᠦᠵᠡᠭᠴᠢᠳ ᠤᠨ ᠬᠠᠯᠠᠭᠤᠨ ᠬᠦᠷᠢᠶᠡᠯᠡᠯ ᠢ ᠤᠯᠵᠣ᠂ ᠲᠠᠯᠠᠪᠠᠢ ᠳᠦᠭᠦᠷᠡᠩ ᠬᠠᠯᠠᠭᠤᠨ ᠠᠯᠠᠭ᠎ᠠ ᠲᠠᠰᠢᠯᠲᠠ ᠤᠳᠠᠳᠠᠯ᠎ᠠ ᠨᠢᠵᠢᠭᠢᠨᠡᠵᠦ ᠪᠠᠶᠢᠯ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号