2021 ᠣᠨ ᠤ ᠰᠦᠨᠢᠳ ᠪᠠᠷᠠᠭᠤᠨ ᠬᠤᠰᠢᠭᠤᠨ ᠤ ᠠᠩᠬᠠᠳᠤᠭᠠᠷ ᠤᠳᠠᠭᠠᠨ ᠤ ᠴᠤᠭᠤᠷ ᠤᠨ ᠲᠠᠭᠤᠨ ᠤ ᠪᠤᠯᠪᠠᠰᠤᠷᠠᠯ ᠤᠨ ᠠᠩᠭᠢ ᠶᠢᠨ ᠬᠠᠷᠢᠭᠤ ᠮᠡᠳᠡᠭᠦᠯᠦᠯᠳᠡ ᠶᠢᠨ ᠲᠤᠭᠯᠠᠯᠳᠠ ᠠᠮᠵᠢᠯᠳᠠ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2021/8/4
     ᠤᠶᠢᠷ᠎ᠠ ᠶᠢᠨ ᠡᠳᠦᠷ ᠲᠤ᠂ ᠰᠦᠨᠢᠳ ᠪᠠᠷᠠᠭᠤᠨ ᠬᠤᠰᠢᠭᠤᠨ ᠤ ᠠᠷᠤ ᠬᠠᠩᠭᠠᠢ ᠨᠡᠭᠦᠳᠡᠯ ᠮᠠᠯᠵᠢᠯ ᠤᠨ ᠰᠤᠶᠤᠯ ᠤᠨ ᠬᠢᠵᠠᠭᠠᠷᠳᠣ ᠬᠠᠷᠢᠭᠤᠴᠠᠯᠭᠠᠳᠤ ᠺᠤᠮᠫᠠᠨᠢ ᠳᠤ ᠪᠥᠬᠦ ᠬᠤᠰᠢᠭᠤᠨ ᠤ ᠠᠩᠬᠠᠳᠤᠭᠠᠷ ᠤᠳᠠᠭᠠᠨ ᠤ ︽ᠴᠤᠭᠤᠷ ᠤᠨ ᠲᠠᠭᠤᠤ︾ ᠶᠢᠨ ᠪᠤᠯᠪᠠᠰᠤᠷᠠᠯ ᠤᠨ ᠠᠩᠭᠢ ᠶᠢᠨ ᠬᠠᠷᠢᠭᠤ ᠮᠡᠳᠡᠭᠦᠯᠦᠯᠳᠡ ᠶᠢᠨ ᠲᠤᠭᠯᠠᠯᠳᠠ ᠠᠮᠵᠢᠯᠳᠠ  ᠲᠠᠢ ᠶᠠᠪᠤᠭᠳᠠᠭᠰᠠᠨ ᠪᠠᠶᠢᠨ᠎ᠠ᠃      ᠬᠤᠰᠢᠭᠤ ᠰᠤᠶᠤᠯ ᠤᠨ ᠣᠷᠳᠤᠨ ᠠᠴᠠ ᠡᠷᠬᠢᠯᠡᠨ ᠶᠠᠪᠤᠭᠳᠠᠭᠤᠯᠵᠤ᠂ ᠰᠦᠨᠢᠳ ᠪᠠᠷᠠᠭᠤᠨ ᠬᠤᠰᠢᠭᠤᠨ ᠤ ᠠᠷᠤ ᠬᠠᠩᠭᠠᠢ ᠨᠡᠭᠦᠳᠡᠯ ᠮᠠᠯᠵᠢᠯ ᠤᠨ ᠰᠤᠶᠤᠯ ᠤᠨ ᠬᠢᠵᠠᠭᠠᠷᠳᠣ ᠬᠠᠷᠢᠭᠤᠴᠠᠯᠭᠠᠳᠤ ᠺᠤᠮᠫᠠᠨᠢ ᠠᠴᠠ ᠪᠤᠯᠪᠠᠰᠤᠷᠠᠯ ᠤᠨ ᠠᠩᠭᠢ ᠶᠢᠨ ᠣᠷᠤᠨ ᠪᠠᠶᠢᠷᠢ ᠵᠡᠷᠭᠡ ᠠᠷᠤ ᠲᠠᠯ᠎ᠠ ᠶᠢᠨ ᠣᠷᠴᠢᠨ ᠨᠦᠬᠦᠴᠡᠯ ᠢ ᠬᠠᠩᠭᠠᠭᠰᠠᠨ 5 ᠡᠳᠦᠷ ᠤᠨ ᠪᠤᠭᠤᠨᠢ ᠬᠤᠭᠤᠴᠠᠭᠠᠨ ᠤ ᠪᠤᠯᠪᠠᠰᠤᠷᠠᠯ ᠳᠤ ᠰᠤᠷᠤᠯᠴᠠᠭᠰᠠᠳ ᠮᠠᠨᠢ ᠮᠠᠰᠢ ᠢᠳᠡᠪᠬᠢᠲᠡᠢ ᠤᠷᠤᠯᠴᠠᠵᠤ᠂ ᠴᠤᠭᠤᠷ ᠤᠨ ᠲᠠᠭᠤᠨ ᠤ ᠣᠷᠤᠨ ᠤ ᠲᠡᠰ ᠤᠨ ᠦᠪᠯᠡᠨ ᠤᠯᠠᠮᠵᠢᠯᠠᠭᠴᠢ ᠰᠢᠯᠢ ᠶᠢᠨ ᠭᠤᠤᠯ ᠠᠶᠢᠮᠠᠭ ᠤᠨ ᠠᠪᠠᠭ᠎ᠠ ᠬᠤᠰᠢᠭᠤ ᠪᠠᠷ ᠨᠣᠲᠤᠭ ᠲᠠᠢ ᠪᠠᠲᠤᠪᠠᠶᠠᠷ ᠪᠠᠭᠰᠢ ᠶᠢᠨ ᠵᠢᠭᠠᠨ ᠵᠢᠯᠤᠭᠤᠳᠤᠯᠭ᠎ᠠ ᠲᠤᠤᠷ᠎ᠠ ᠮᠠᠰᠢ ᠣᠯᠠᠨ ᠲᠠᠭᠤᠯᠠᠬᠤ ᠤᠷ᠎ᠠ ᠮᠡᠷᠭᠡᠵᠢᠯ ᠢ ᠰᠤᠷᠴᠤ ᠡᠵᠡᠮᠰᠢᠭᠰᠡᠨ ᠨᠢ ᠢᠯᠡᠳᠲᠡ ᠪᠠᠶᠢᠯ᠎ᠠ᠃     ᠲᠣᠰ ᠤᠳᠠᠭᠠᠨ ᠤ ᠬᠠᠷᠢᠭᠤ ᠮᠡᠳᠡᠭᠦᠯᠦᠯᠳᠡ ᠶᠢᠨ ᠲᠤᠭᠯᠠᠯᠳᠠ ᠳᠤ ᠲᠠᠭᠤᠴᠢᠳ ᠮᠠᠨᠢ ᠴᠤᠭᠤᠷ ᠤᠨ ᠲᠠᠭᠤᠤ ︽ᠡᠷᠲᠡ ᠶᠢᠨ ᠴᠠᠭᠠᠨ ᠪᠤᠶᠠᠨ︾᠂ ︽ᠬᠠᠨ ᠲᠠᠯᠠᠬᠡᠢ︾᠂ ︽ᠬᠦᠳᠡᠭᠡ ᠰᠢᠯᠢ︾᠂ ︽ᠲᠤᠭᠤᠰ ᠰᠢᠪᠠᠭᠤ︾᠂ ᠤᠷᠲᠤ ᠶᠢᠨ ᠲᠠᠭᠤᠤ ︽ᠥᠯᠢ ᠶᠢᠨ ᠳᠠᠪᠠᠭ᠎ᠠ︾᠂ ᠪᠤᠭᠤᠨᠢ ᠲᠠᠭᠤᠤ ︽ᠭᠡᠭᠡᠨ ᠰᠤᠭᠤᠨᠠᠭ︾᠂ ᠮᠣᠷᠢᠨ ᠬᠤᠭᠤᠷ ᠤᠨ ᠭᠤᠴᠤᠯᠠᠯ ᠵᠡᠷᠭᠡ ᠤᠯᠠᠨ ᠰᠠᠶᠢᠬᠠᠨ ᠤᠷᠠᠨ ᠪᠦᠳᠦᠭᠡᠯ ᠢ ᠲᠤᠭᠯᠠᠵᠤ ᠦᠵᠡᠭᠴᠢ ᠤᠯᠠᠨ ᠢᠶᠠᠨ ᠪᠠᠶᠠᠰᠬᠠᠵᠦ ᠪᠢᠯᠡ᠃ ᠲᠤᠭᠯᠠᠯᠳᠠ ᠶᠠᠪᠤᠭᠳᠠᠬᠤ ᠶᠢᠨ ᠲᠠᠰᠢᠷᠠᠮ ᠢᠶᠠᠷ ᠪᠦᠬᠦ ᠰᠤᠷᠤᠯᠴᠠᠭᠰᠠᠳ ᠲᠤ ᠰᠤᠶᠤᠯ ᠤᠨ ᠣᠷᠳᠤᠨ ᠠᠴᠠ ᠰᠤᠷᠤᠯᠭ᠎ᠠ ᠲᠡᠭᠦᠰᠴᠤ᠂ ᠬᠢᠷᠢ ᠲᠡᠩᠴᠡᠭᠰᠡᠨ ᠦᠨᠡᠮᠯᠡᠯ ᠭᠠᠷᠳᠠᠭᠤᠯᠤᠨ᠂ ᠪᠠᠳᠤᠪᠠᠶᠠᠷ ᠪᠠᠭᠰᠢ ᠳᠤ ᠰᠢᠯᠢᠳᠡᠭ ᠪᠠᠭᠰᠢ ᠶᠢᠨ ᠦᠨᠡᠮᠯᠡᠯ ᠭᠠᠷᠳᠠᠭᠤᠯᠤᠭᠰᠠᠨ ᠪᠠᠶᠢᠨ᠎ᠠ᠃     ᠦᠨᠢ ᠡᠷᠲᠡᠨ ᠤ ᠤᠯᠪᠠᠭ᠎ᠠ ᠲᠠᠢ     ᠤᠳᠤᠮᠳᠤ ᠳᠡᠭᠡᠲᠦ ᠶᠢᠨ ᠮᠠᠨᠢ ᠥᠪ ᠡᠷᠳᠡᠨᠢ     ᠲᠠᠶᠠᠩ ᠳᠤ ᠡᠭᠡᠰᠢᠭᠯᠡᠬᠦ ᠴᠤᠭᠤᠷ ᠤᠨ ᠲᠠᠭᠤᠤ ᠮᠠᠨᠢ     ᠲᠢᠪ ᠲᠡᠯᠡᠬᠡᠢ ᠳᠤ ᠤᠶᠠᠩᠭᠠᠷᠠᠨ ᠮᠦᠩᠬᠡᠷᠡᠬᠦ ᠨᠢ ᠯᠠᠪᠲᠠᠢ︕
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号