︽ᠠᠷᠢᠭᠤᠨ ᠰᠤᠶᠣᠯ︾ ᠦᠨᠳᠦᠰᠦᠲᠡᠨ ᠤ ᠬᠤᠪᠴᠠᠰᠤ ᠵᠠᠰᠠᠯ ᠤᠨ ᠺᠣᠮᠫᠠᠨᠢ  ᠪᠥᠬᠦ ᠠᠶᠢᠮᠠᠭ ᠤᠨ ᠬᠤᠪᠴᠠᠰᠥ ᠵᠠᠰᠠᠯ ᠤᠨ ᠤᠷᠤᠯᠳᠤᠭᠠᠨ ᠳᠤ ᠦᠨᠳᠦᠷ ᠠᠮᠵᠢᠯᠲᠠ ᠤᠯᠤᠭᠰᠠᠨ
ᠨᠡᠶᠢᠲᠡᠯᠡᠭᠰᠡᠨ ᠴᠠᠭ᠄
2021/8/4
     ᠤᠶᠢᠷ᠎ᠠ ᠳᠤ᠂ ᠰᠢᠯᠤᠭᠤᠨ ᠬᠥᠬᠡ ᠬᠤᠰᠢᠭᠤᠨ  ᠳᠤ ᠶᠠᠪᠤᠭᠳᠠᠭᠰᠠᠨ ︽2021 ᠠᠯᠲᠠᠩᠬᠸ᠎ᠠ ᠴᠡᠴᠡᠭ ᠤᠨ ᠨᠠᠶᠢᠷ︾ ᠤᠨ ᠨᠢᠭᠡ ᠠᠭᠤᠯᠭ᠎ᠠ ᠪᠤᠯᠬᠤ ᠰᠢᠯᠢ ᠶᠢᠨ ᠭᠤᠤᠯ ᠠᠶᠢᠮᠠᠭ ᠤᠨ ᠬᠤᠪᠴᠠᠰᠥ ᠵᠠᠰᠠᠯ ᠤᠨ ᠤᠷᠤᠯᠳᠤᠭᠠᠨ ᠳᠤ ᠮᠠᠨ ᠤ ᠬᠤᠰᠢᠭᠤᠨ ᠤ ︽ᠠᠷᠢᠭᠤᠨ ᠰᠤᠶᠣᠯ︾ ᠦᠨᠳᠦᠰᠦᠲᠡᠨ ᠤ ᠬᠤᠪᠴᠠᠰᠤ ᠵᠠᠰᠠᠯ ᠤᠨ ᠺᠣᠮᠫᠠᠨᠢ ᠨᠢ ︽ᠮᠣᠩᠭᠤᠯ ᠦᠨᠳᠦᠰᠦᠲᠡᠨ ᠤ ᠣᠳᠣ ᠥᠶ᠎ᠡ ᠶᠢᠨ ᠬᠤᠪᠴᠠᠰᠤ ᠵᠠᠰᠠᠯ ᠶᠤᠰᠥᠯᠠᠯ ᠤᠨ ᠬᠤᠪᠴᠠᠰᠤ ᠵᠠᠰᠠᠯ︾ ᠤᠨ ᠨᠢᠭᠡᠳᠦᠭᠡᠷ ᠲᠡᠰ ᠤᠨ ᠱᠠᠩᠨᠠᠯ ᠢ ᠲᠤᠰᠤᠭᠰᠠᠨ ᠪᠠᠶᠢᠨ᠎ᠠ᠃       ︽ᠠᠷᠢᠭᠤᠨ ᠰᠤᠶᠣᠯ︾ ᠦᠨᠳᠦᠰᠦᠲᠡᠨ ᠤ ᠬᠤᠪᠴᠠᠰᠤ ᠵᠠᠰᠠᠯ ᠤᠨ ᠺᠣᠮᠫᠠᠨᠢ ᠨᠢ 2017 ᠤᠨ ᠳᠤ ᠪᠠᠶᠢᠭᠤᠯᠤᠭᠳᠠᠵᠤ᠂ ᠤᠯᠠᠨ ᠤᠳᠠᠭᠠᠨ ᠤ ᠤᠷᠤᠯᠳᠤᠭᠠᠨ ᠳᠤ ᠥᠨᠳᠦᠷ ᠠᠮᠵᠢᠯᠲᠠ ᠲᠠᠢ ᠤᠷᠤᠯᠴᠠᠵᠤ᠂ ᠰᠦᠨᠢᠳ ᠬᠤᠪᠴᠠᠰᠤ ᠵᠠᠰᠠᠯ ᠢᠶᠠᠨ ᠤᠯᠠᠨ ᠳᠤ ᠭᠠᠶᠢᠬᠠᠭᠤᠯᠤᠭᠰᠠᠭᠠᠷ ᠢᠷᠡᠭᠰᠡᠨ ᠶᠤᠮ᠃ ᠺᠣᠮᠫᠠᠨᠢ ᠶᠢᠨ ᠵᠠᠬᠢᠷᠤᠯ  ᠂ ᠠᠶᠢᠮᠠᠭ ᠤᠨ ᠳᠠᠰ ᠤᠨ ᠪᠤᠳᠠᠰ ᠤᠨ ᠪᠤᠰᠤ ᠰᠤᠶᠣᠯ ᠤᠨ ᠥᠪ ᠤᠨ ᠰᠦᠨᠢᠳ ᠬᠤᠪᠴᠠᠰᠤ ᠵᠠᠰᠠᠯ ᠤᠨ ᠥᠪᠯᠡᠨ ᠵᠠᠯᠭᠠᠮᠵᠢᠯᠠᠭᠴᠢ ᠠᠷᠢᠭᠤᠨᠰᠣᠶᠣᠯ ᠨᠢ 1999 ᠤᠨ ᠠᠴᠠ ︽ᠰᠦᠨᠢᠳ ᠣᠶᠤᠳᠠᠯ︾ ᠬᠤᠪᠢ ᠶᠢᠨ ᠡᠵᠡᠩᠨᠡᠯᠲᠡ ᠬᠢᠵᠦ ᠪᠠᠶᠢᠭᠰᠠᠨ ᠢᠶᠠᠨ 2017 ᠤᠨ ᠳᠤ ︽ᠠᠷᠢᠭᠤᠨ ᠰᠤᠶᠣᠯ︾ ᠺᠣᠮᠫᠠᠨᠢ ᠪᠠᠨ ᠵᠢᠩᠬᠢᠨᠢ ᠪᠠᠷ ᠳᠠᠩᠰᠠᠯᠠᠭᠤᠯᠤᠨ ᠪᠠᠶᠢᠭᠤᠯᠵᠠᠢ᠃ ᠠᠷᠢᠭᠤᠨᠰᠤᠶᠤᠯ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠬᠦᠳᠡᠯᠮᠦᠷᠢ ᠶᠢᠨ ᠵᠢᠱᠢᠶᠡᠴᠢ  ᠂ ᠠᠶᠢᠮᠠᠭ ᠤᠨ ᠳᠡᠰ ᠤᠨ ᠬᠦᠳᠡᠯᠮᠦᠷᠢ ᠶᠢᠨ ᠵᠢᠱᠢᠶᠡᠴᠢ᠂ ᠬᠤᠰᠢᠭᠤᠨ ᠤ ︽ᠦᠢᠯᠡᠰ ᠪᠤᠰᠬᠠᠭᠰᠠᠨ ᠲᠡᠷᠢᠭᠦᠨ ᠤ ᠬᠤᠪᠢ ᠬᠦᠮᠦᠨ︾ ᠵᠡᠷᠭᠡ ᠢᠷᠠᠭᠤ ᠠᠯᠳᠠᠷ ᠢ ᠬᠦᠷᠲᠡᠭᠰᠡᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号