ᠰᠠᠶᠢᠨᠬᠦᠦ ᠪᠤᠯ ᠰᠠᠶᠢᠬᠠᠨ᠋ᠥ᠌ᠯᠵᠡᠢ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶᠠᠨ ᠤ ᠳᠠᠷᠤᠭ᠎ᠠ᠂ ᠨᠣᠭᠤᠭᠠᠨᠲᠠᠯᠠ ᠭᠠᠴᠠᠭᠠᠨ ᠤ ᠨᠢᠭᠡᠳᠦᠭᠡᠷ ᠱᠦᠵᠢ᠂ ᠭᠠᠴᠠᠭ᠎ᠠ ᠲᠣᠰᠬᠤᠨ ᠳᠤ ᠰᠠᠭᠤᠭ᠎ᠠ | ᠠᠵᠢᠯᠯᠠᠬᠤ ᠠᠩᠭᠢ ᠶᠢᠨ ᠳᠠᠷᠤᠭ᠎ᠠ ᠶᠤᠮ᠃ ᠲᠡᠷᠡ ᠨᠠᠮ ᠤᠨ ᠬᠡᠰᠢᠭᠦᠨ ᠤ ᠳᠠᠭᠠᠭᠤᠯᠬᠤ ᠦᠢᠯᠡᠳᠦᠯ ᠢᠶᠠᠨ | ᠪᠠᠳᠠᠷᠠᠭᠤᠯᠵᠤ ᠵᠢᠳᠬᠦᠵᠦ ᠴᠢᠷᠮᠠᠶᠢᠵᠤ ᠢᠷᠡᠭᠰᠡᠨ ᠠᠴᠠ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ | ᠲᠠᠰᠢᠷᠠᠮ ᠳᠤ ᠪᠥᠬᠦ ᠬᠤᠰᠢᠭᠤᠨ ᠤ ᠰᠢᠯᠢᠳᠡᠭ ᠨᠠᠮ ᠤᠨ ᠬᠡᠰᠢᠭᠦᠨ ᠤ ᠢᠷᠠᠭᠤ ᠠᠯᠳᠠᠷ ᠢ ᠬᠦᠷᠲᠡᠭᠰᠡᠨ ᠪᠠᠶᠢᠨ᠎ᠠ᠃ | | | | | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠵᠠᠯᠠᠭᠤ ᠨᠠᠰᠤᠨ ᠤ ᠴᠤᠭ ᠵᠢᠪᠬᠤᠭ᠎ᠠ ᠶᠢ ᠪᠠᠳᠠᠷᠠᠭᠤᠯᠤᠨ᠎ᠠ | | ᠭᠠᠴᠠᠭᠠᠨ ᠤ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ᠂ ᠲᠡᠷᠡ ᠢᠮᠠᠭᠲᠠ | ᠶᠠᠳᠠᠭᠤ ᠶᠢ ᠲᠡᠳᠬᠦᠬᠦ ᠨᠢᠭᠡᠳᠦᠭᠡᠷ ᠹᠷᠣᠨᠲ ᠲᠤ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠣᠷᠣᠯᠴᠠᠵᠤ᠂ ᠥᠪᠡᠷ | ᠤᠨ ᠰᠣᠷᠣᠭᠰᠠᠨ ᠰᠣᠶᠣᠯ ᠮᠡᠳᠡᠯᠭᠡ ᠪᠠᠨ ᠠᠰᠢᠭᠯᠠᠨ᠂ ᠭᠠᠴᠠᠭᠠᠨ ᠤ ᠬᠤᠶᠠᠷ ᠵᠥᠪᠯᠡᠯ ᠪᠣᠯᠤᠨ ᠠᠵᠢᠯᠯᠠᠬᠤ ᠠᠩᠭᠢ | ᠶᠢᠨ ᠪᠦᠷᠢᠯᠳᠦᠬᠦᠨ ᠲᠠᠢ ᠪᠦᠯᠬᠦᠮᠳᠡᠨ ᠨᠢᠭᠡᠳᠴᠦ᠂ ᠬᠠᠷᠢᠯᠴᠠᠨ ᠬᠠᠮᠵᠢᠯᠴᠠᠵᠤ᠂ ᠶᠠᠳᠠᠭᠤ ᠬᠦᠴᠢᠷᠳᠡᠯᠲᠡᠶ ᠣᠯᠠᠨ | ᠲᠦᠮᠡᠨ ᠢ ᠬᠠᠪᠰᠤᠷᠤᠨ ᠮᠠᠰᠢ ᠣᠯᠠᠨ ᠪᠣᠳᠠᠲᠠᠶ ᠬᠦᠴᠢᠷ ᠠᠰᠠᠭᠤᠳᠠᠯ ᠢ ᠨᠢ ᠰᠢᠶᠳᠪᠦᠷᠢᠯᠡᠵᠦ ᠥᠭᠴᠡᠶ ᠃ 2018 | ᠣᠨ ᠤ ᠵᠤᠨ᠂ ᠰᠠᠶ᠋ᠢᠬᠠᠨ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠭᠰᠡᠨ ᠰᠠᠶᠢᠨᠬᠦᠦ ᠨᠤᠭᠤᠭᠠᠨᠲᠠᠯ᠎ᠠ ᠭᠠᠴᠠᠭ᠎ᠠ | ᠳᠤ ᠬᠦᠷᠬᠦ ᠳᠤ᠂ ᠨᠤᠭᠤᠭᠠᠨᠳᠠᠯ᠎ᠠ ᠭᠠᠴᠠᠭ᠎ᠠ ᠬᠤᠷ᠎ᠠ ᠪᠤᠷᠤᠭᠠᠨ ᠬᠤᠮᠰᠠᠲᠠᠨ᠂ ᠡᠯᠡᠰᠦ ᠰᠢᠷᠤᠢ ᠳᠡᠭᠳᠡᠨ᠂ | ᠮᠠᠯᠴᠢᠳ ᠤᠨ ᠦᠶᠯᠡᠳᠪᠦᠷᠢᠯᠡᠯ ᠠᠮᠢᠳᠤᠷᠠᠯ ᠬᠦᠨᠳᠦ ᠨᠣᠴᠢᠲᠠᠶ ᠨᠥᠯᠦᠭᠡᠯᠡᠭᠳᠡᠭᠰᠡᠨ ᠪᠠᠶᠢᠯ᠎ᠠ᠃ ᠡᠨᠡ ᠪᠠᠶᠢᠳᠠᠯ ᠢ | ᠦᠵᠡᠭᠡᠳ ᠰᠠᠶᠢᠨᠬᠦᠦ ᠳᠠᠷᠤᠶ ᠲᠦᠷᠭᠡᠨ ᠭᠠᠴᠠᠭᠠᠨ ᠤ ᠬᠠᠪᠰᠤᠷᠤᠨ ᠲᠡᠳᠬᠦᠬᠦ ᠨᠢᠭᠡᠴᠡ ᠬᠤᠰᠢᠭᠤ ᠲᠠᠷᠢᠶᠠᠯᠠᠩ ᠮᠠᠯ | ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠲᠠᠢ ᠬᠠᠷᠢᠯᠴᠠᠨ᠂ ᠲᠡᠳᠡᠨ ᠢᠶᠠᠷ | ᠳᠠᠮᠵᠢᠨ ᠲᠡᠵᠢᠭᠡᠯ ᠪᠣᠷᠳᠣᠭᠠᠨ ᠤ ᠺᠣᠮᠫᠠᠨᠢ ᠲᠠᠢ ᠬᠠᠷᠢᠯᠴᠠᠵᠤ᠂ ᠨᠣᠭᠤᠭᠠᠨᠲᠠᠯᠠ ᠭᠠᠴᠠᠭᠠᠨ ᠤ 50 ᠶᠠᠳᠠᠭᠤ | ᠬᠦᠴᠢᠷᠳᠡᠯᠲᠡᠶ ᠡᠷᠦᠬᠡ ᠳᠤ 20 ᠲᠣᠨ ᠲᠡᠵᠢᠭᠡᠯ ᠪᠠ 2000 ᠪᠣᠭᠤᠵᠢ ᠡᠪᠡᠰᠦ ᠲᠠᠷᠬᠠᠭᠠᠵᠤ᠂ ᠮᠠᠯᠴᠢᠳ ᠤᠨ | ᠪᠠᠴᠢᠮ ᠪᠠᠶᠢᠳᠠᠯ ᠢ ᠰᠢᠢᠳᠪᠦᠷᠢᠯᠡᠭᠰᠡᠨ ᠪᠠᠶᠢᠨ᠎ᠠ᠃ | ᠰᠠᠶᠢᠨᠬᠦᠦ ᠢᠮᠠᠭᠲᠠ ᠨᠢᠭᠡᠨ ᠡᠪ ᠬᠠᠮᠲᠤ ᠨᠠᠮ ᠤᠨ ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠵᠤ | ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠭᠠᠴᠠᠭᠠᠨ ᠤ ᠶᠠᠳᠠᠭᠤ ᠬᠦᠴᠢᠷᠳᠡᠯᠲᠡᠶ ᠡᠷᠦᠬᠡ ᠶᠢ ᠳᠠᠭᠠᠭᠤᠯᠤᠨ | ᠶᠠᠳᠠᠭᠤ ᠠᠴᠠ ᠠᠩᠭᠢᠵᠢᠷᠠᠭᠤᠯᠤᠨ᠂ ᠴᠢᠨᠡᠭᠡᠯᠢᠭᠵᠢᠯ ᠤᠨ ᠵᠠᠮ ᠢᠶᠠᠷ ᠵᠠᠮᠨᠠᠭᠤᠯᠤᠭᠰᠠᠨ ᠪᠠᠶᠢᠨ᠎ᠠ᠃ ᠨᠢᠭᠡᠳᠦᠭᠡᠷ ᠱᠦᠵᠢ | ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ᠂ ᠲᠡᠷᠡ ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ | ᠪᠠᠨ ᠳᠠᠭᠠᠭᠤᠯᠤᠨ ᠭᠠᠴᠠᠭᠠᠨ ᠤ ︽ᠬᠤᠶᠠᠷ ᠵᠥᠪᠯᠡᠯ︾ ᠲᠠᠢ ᠬᠠᠮᠲᠤ ᠪᠠᠷ ᠬᠥᠭᠵᠢᠯᠲᠡ ᠶᠢᠨ ᠵᠠᠮ ᠢ ᠬᠠᠶᠢᠨ | ᠰᠥᠪᠡᠭᠴᠢᠯᠡᠵᠦ᠂ ︽ᠨᠠᠮ ᠤᠨ ᠡᠭᠦᠷ + ᠲᠡᠵᠢᠭᠡᠨ ᠦᠷᠡᠵᠢᠭᠦᠯᠬᠦ ᠲᠣᠮᠣ ᠡᠷᠦᠬᠡ + ᠶᠠᠳᠠᠭᠤ ᠬᠦᠴᠢᠷᠳᠡᠯᠲᠡᠶ | ᠡᠷᠦᠬᠡ︾ ᠬᠡᠯᠪᠡᠷᠢ ᠪᠠᠷ᠂ ᠨᠠᠮ ᠤᠨ ᠡᠭᠦᠷ᠂ ᠲᠡᠵᠢᠭᠡᠨ ᠦᠷᠡᠵᠢᠭᠦᠯᠬᠦ ᠲᠣᠮᠣ ᠡᠷᠦᠬᠡ ᠶᠢᠨ ᠨᠥᠯᠥᠭᠡᠯᠡᠨ ᠳᠠᠶᠢᠴᠢᠯᠠᠬᠤ | ᠦᠶᠯᠡᠳᠦᠯ ᠢ ᠪᠠᠳᠠᠷᠠᠭᠤᠯᠵᠤ᠂ 42 ᠶᠠᠳᠠᠭᠤ ᠬᠦᠴᠢᠷᠳᠡᠯᠲᠡᠶ ᠡᠷᠦᠬᠡ ᠶᠢ ᠨᠥᠯᠥᠭᠡᠯᠡᠨ ᠳᠠᠶᠢᠴᠢᠯᠠᠵᠤ᠂ ᠡᠷᠦᠬᠡ ᠪᠦᠷᠢ | ᠶᠢᠨ ᠣᠷᠣᠯᠭ᠎ᠠ ᠶᠢ 1000 ᠰᠢᠬᠠᠮ ᠲᠥᠭᠦᠷᠢᠭ ᠨᠡᠮᠡᠭᠳᠡᠭᠦᠯᠦᠭᠰᠡᠨ ᠤ ᠬᠠᠮᠲᠤ᠂ ᠭᠠᠴᠠᠭᠠᠨ ᠤ ᠬᠠᠮᠲᠤ ᠶᠢᠨ ᠠᠵᠤ | ᠠᠬᠤᠶ ᠳᠤ ᠴᠤ ᠬᠤᠷᠠᠮᠳᠤᠯᠭ᠎ᠠ ᠨᠡᠮᠡᠭᠳᠡᠭᠦᠯᠪᠡ᠃ ᠲᠡᠷᠡ ︽ᠨᠠᠮ ᠤᠨ ᠡᠭᠦᠷ + ᠶᠠᠳᠠᠭᠤ ᠬᠦᠴᠢᠷᠳᠡᠯᠲᠡᠶ ᠡᠷᠦᠬᠡ ︾ | ᠬᠡᠯᠪᠡᠷᠢ ᠪᠠᠷ ᠶᠠᠳᠠᠭᠤ ᠬᠦᠴᠢᠷᠳᠡᠯᠲᠡᠶ ᠡᠷᠦᠬᠡ ᠶᠢᠨ ᠳᠣᠲᠣᠭᠠᠳᠤ ᠬᠥᠭᠵᠢᠯᠲᠡ ᠶᠢᠨ ᠬᠥᠳᠡᠯᠭᠡᠬᠦ ᠬᠦᠴᠦᠨ ᠢ | ᠬᠥᠭᠵᠢᠭᠡᠵᠦ᠂ ᠭᠠᠴᠠᠭᠠᠨ ᠤ ᠬᠠᠮᠲᠤ ᠶᠢᠨ ᠮᠠᠯ ᠤᠨ ᠳᠣᠲᠣᠷᠠᠬᠢ 210 ᠬᠤᠨᠢ ᠶᠢ 10 ᠶᠠᠳᠠᠭᠤ ᠬᠦᠴᠢᠷᠳᠡᠯᠲᠡᠶ | ᠡᠷᠦᠬᠡ ᠳᠤ ᠳᠠᠭᠠᠭᠠᠴᠢᠯᠠᠭᠤᠯᠤᠨ ᠥᠭᠴᠦ᠂ ᠲᠥᠯ ᠲᠣᠰᠴᠤ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 5 | ᠮᠢᠩᠭᠠᠨ ᠲᠥᠭᠦᠷᠢᠭ ᠠᠴᠠ ᠳᠡᠭᠡᠭᠰᠢ ᠨᠡᠮᠡᠭᠳᠡᠭᠦᠯᠵᠡᠢ᠃ ︽ᠨᠠᠮ ᠤᠨ ᠭᠡᠰᠢᠭᠦᠨ + ᠶᠠᠳᠠᠭᠤ ᠬᠦᠴᠢᠷᠳᠡᠯᠲᠡᠶ ᠡᠷᠦᠬᠡ︾ | ᠬᠡᠯᠪᠡᠷᠢ ᠪᠠᠷ ᠨᠠᠮ ᠤᠨ ᠭᠡᠰᠢᠭᠦᠨ ᠤ ᠳᠠᠭᠠᠭᠤᠯᠬᠤ ᠦᠶᠯᠡᠳᠦᠯ ᠢ ᠪᠠᠳᠠᠷᠠᠭᠤᠯᠵᠤ᠂ 21 ᠨᠠᠮ ᠤᠨ ᠭᠡᠰᠢᠭᠦᠨ ᠶᠠᠳᠠᠭᠤ | ᠬᠦᠴᠢᠷᠳᠡᠯᠲᠡᠢ ᠡᠷᠦᠬᠡ ᠲᠠᠢ ᠬᠠᠪᠰᠤᠷᠤᠨ ᠲᠡᠳᠬᠦᠬᠦ ᠬᠠᠷᠢᠴᠠᠭ᠎ᠠ ᠶᠢ ᠪᠠᠶᠢᠭᠤᠯᠵᠤ᠂ ᠶᠠᠳᠠᠭᠤ ᠬᠦᠴᠢᠷᠳᠡᠯᠲᠡᠶ ᠡᠷᠦᠬᠡ | ᠶᠢ ᠬᠠᠪᠰᠤᠷᠤᠨ᠂ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠤᠬᠠᠭᠤᠯᠵᠤ᠂ ᠥᠷᠭᠡᠨ ᠣᠯᠠᠨ ᠶᠠᠳᠠᠭᠤ | ᠬᠦᠴᠢᠷᠳᠡᠯᠲᠡᠶ ᠣᠯᠠᠨ ᠲᠦᠮᠡᠨ ᠢ ᠲᠥᠷᠥ ᠶᠢᠨ ᠪᠣᠳᠣᠯᠭ᠎ᠠ ᠶᠢᠨ ᠲᠤᠬᠠᠶ ᠭᠦᠨᠵᠡᠭᠡᠶ ᠣᠶᠢᠯᠠᠭᠠᠯᠲᠠ ᠲᠠᠢ ᠪᠤᠯᠭᠠᠵᠠᠢ᠃ | ᠲᠡᠷᠡ ᠶᠠᠳᠠᠭᠤ ᠶᠢ ᠲᠡᠳᠬᠦᠬᠦ ᠮᠠᠯ ᠲᠡᠵᠢᠭᠡᠪᠦᠷᠢ ᠶᠢᠨ ᠪᠠᠶᠢᠳᠠᠯ ᠢ ᠦᠷᠭᠦᠯᠵᠢ ᠲᠣᠭᠤᠷᠢᠨ ᠪᠠᠶᠢᠴᠠᠭᠠᠵᠤ᠂ ᠶᠠᠳᠠᠭᠤ ᠶᠢ | ᠲᠡᠳᠬᠦᠬᠦ ᠮᠠᠯ ᠤᠨ ᠶᠠᠳᠠᠭᠤ ᠶᠢ ᠲᠡᠳᠬᠦᠬᠦ ᠦᠷ᠎ᠡ ᠪᠦᠲᠦᠮᠵᠢ ᠶᠢ ᠬᠠᠮᠤᠭ ᠤᠨ ᠶᠡᠭᠡ ᠪᠠᠷ ᠪᠠᠳᠠᠷᠠᠭᠤᠯᠬᠤ ᠶᠢ | ᠪᠠᠲᠤᠯᠠᠳᠠᠭ ᠃ ᠡᠭᠦᠨ ᠤ ᠬᠠᠮᠲᠤ᠂ ᠲᠡᠷᠡ ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠵᠦ᠂ ᠬᠠᠮᠲᠤ | ᠶᠢᠨ ᠠᠰᠢᠭ ᠣᠷᠣᠯᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠬᠦᠴᠦᠨ ᠨᠡᠮᠡᠷᠢᠯᠡᠭᠰᠡᠨ ᠪᠠᠶᠢᠨ᠎ᠠ | ᠃ ᠣᠶᠢᠷ᠎ᠠ ᠶᠢᠨ ᠵᠢᠯ ᠳᠤ᠂ ᠨᠣᠭᠤᠭᠠᠨᠲᠠᠯᠠ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠨᠢ | ᠲᠣᠭᠲᠠᠭᠤᠨ ᠢᠶᠠᠷ ᠨᠡᠮᠡᠭᠳᠡᠭᠰᠡᠨ ᠮᠥᠷᠲᠡᠭᠡᠨ ᠬᠠᠮᠲᠤ ᠶᠢᠨ ᠮᠠᠯ ᠢ ᠳᠠᠭᠠᠭᠠᠴᠢᠯᠠᠬᠤ ᠪᠠ ᠭᠠᠴᠠᠭᠠᠨ ᠤ ᠬᠠᠮᠲᠤ ᠶᠢᠨ | ᠨᠤᠲᠤᠭ ᠪᠡᠯᠴᠢᠭᠡᠷ ᠢ ᠲᠦᠷᠢᠶᠡᠰᠦᠯᠡᠬᠦ ᠵᠡᠷᠭᠡ ᠠᠷᠭ᠎ᠠ ᠬᠡᠯᠪᠡᠷᠢ ᠪᠠᠷ ᠭᠠᠴᠠᠭᠠᠨ ᠤ ᠬᠠᠮᠲᠤ ᠶᠢᠨ ᠠᠵᠤ ᠠᠬᠤᠶ ᠶᠢᠨ | ᠬᠥᠭᠵᠢᠨ ᠪᠤᠵᠠᠭᠠᠶᠢᠷᠬᠠᠤ ᠶᠢ ᠠᠬᠢᠭᠤᠯᠤᠭᠰᠠᠨ ᠪᠠᠶᠢᠨ᠎ᠠ᠃ ᠴᠢᠷᠮᠠᠶᠢᠯᠭ᠎ᠠ ᠪᠠᠷ ᠳᠡᠮᠵᠢᠨ᠂ ᠨᠣᠭᠤᠭᠠᠨᠲᠠᠯᠠ ᠭᠠᠴᠠᠭᠠᠨ | ᠤ ᠶᠠᠳᠠᠭᠤ ᠬᠦᠴᠢᠷᠳᠡᠯᠲᠡᠶ ᠣᠯᠠᠨ ᠲᠦᠮᠡᠨ ᠤ ᠣᠷᠣᠯᠭ᠎ᠠ ᠢᠯᠡᠳᠲᠡ ᠨᠡᠮᠡᠭᠳᠡᠵᠦ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠪᠦᠲᠦᠮᠵᠢᠲᠡᠶ ᠪᠠᠬᠢᠵᠢᠭᠦᠯᠦᠭᠰᠡᠨ ᠪᠠᠶᠢᠨ᠎ᠠ᠃ | | | | | ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ | ᠂ ᠲᠡᠷᠡ ᠤᠯᠠᠨ ᠵᠢᠯ ᠤᠨ ᠲᠤᠷᠰᠢᠬᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ | ᠣᠷᠣᠯᠴᠠᠭᠰᠠᠨ ᠪᠣᠳᠠᠲᠠᠢ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠭᠠᠴᠠᠭᠠᠨ ᠤ ︽ᠬᠤᠶᠠᠷ ᠵᠥᠪᠯᠡᠯ︾ ᠤᠨ ᠺᠠᠳ᠋ᠷ | ᠢ ᠵᠣᠬᠢᠶᠠᠨ ᠪᠠᠶᠢᠭᠤᠯᠵᠤ ᠭᠠᠴᠠᠭᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠶᠡᠷᠦᠩᠬᠡᠢ | ᠲᠥᠯᠥᠪᠵᠢᠭᠦᠯᠭᠡ ᠪᠣᠯᠤᠨ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠵᠤ᠂ ᠭᠠᠴᠠᠭᠠᠨ ᠤ ᠶᠠᠳᠠᠭᠤ ᠶᠢ | ᠲᠡᠳᠬᠦᠬᠦ ᠠᠵᠢᠯ ᠳᠤ ᠤᠨᠤᠯ ᠤᠨ ᠰᠠᠭᠤᠷᠢ ᠬᠠᠩᠭᠠᠵᠠᠢ᠃ ᠲᠡᠷᠡ ᠶᠠᠳᠠᠭᠤᠷᠠᠭᠰᠠᠨ ᠰᠢᠯᠲᠠᠭᠠᠨ ᠢ ᠵᠠᠳᠠᠯᠬᠤ ᠪᠠᠷ | ᠳᠡᠮᠵᠢᠨ᠂ ᠵᠦᠶ ᠵᠣᠬᠢᠰᠲᠠᠶ ᠲᠥᠯᠥᠪᠯᠡᠭᠡ ᠲᠣᠭᠲᠠᠭᠠᠵᠤ᠂ ᠨᠡᠭᠦᠳᠡᠯ ᠮᠠᠯ ᠤᠨ ᠲᠥᠷᠥ ᠶᠢᠨ ᠪᠣᠳᠣᠯᠭ᠎ᠠ ᠶᠢ | ᠪᠦᠲᠦᠮᠵᠢᠲᠡᠶ ᠠᠰᠢᠭᠯᠠᠵᠤ᠂ ᠭᠠᠴᠠᠭᠠᠨ ᠤ ᠬᠠᠮᠲᠤ ᠶᠢᠨ 196 ᠬᠤᠨᠢ ᠶᠢ 11 ᠶᠠᠳᠠᠭᠤ ᠬᠦᠴᠢᠷᠳᠡᠯᠲᠡᠶ ᠡᠷᠦᠬᠡ ᠳᠤ | ᠳᠠᠭᠠᠭᠠᠴᠢᠯᠠᠭᠤᠯᠤᠨ ᠥᠭᠴᠡᠶ ᠃ ᠪᠠᠰᠠ ᠭᠠᠴᠠᠭᠠᠨ ᠤ ︽ᠬᠤᠶᠠᠷ ᠵᠥᠪᠯᠡᠯ︾ ᠲᠠᠢ ᠬᠠᠮᠲᠤ ᠪᠠᠷ ᠵᠥᠪᠳᠡᠯᠴᠡᠨ᠂ | ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ 4.3 ᠲᠦᠮᠡᠨ ᠲᠥᠭᠦᠷᠢᠭ ᠢᠶᠠᠷ 29 ᠰᠥᠨᠢᠳ ᠡᠬᠡ ᠮᠠᠯ ᠢ | ᠬᠤᠳᠠᠯᠳᠤᠨ ᠠᠪᠴᠤ᠂ ᠲᠠᠬᠢᠭᠠᠳ ᠨᠡᠭᠦᠳᠡᠯ ᠮᠠᠯ ᠤᠨ ᠬᠡᠯᠪᠡᠷᠢ ᠪᠠᠷ 2 ᠶᠠᠳᠠᠭᠤ ᠬᠦᠴᠢᠷᠳᠡᠯᠲᠡᠢ ᠡᠷᠦᠬᠡ ᠳᠤ | ᠳᠠᠭᠠᠭᠠᠴᠢᠯᠠᠭᠤᠯᠤᠨ ᠥᠭᠴᠦ᠂ ᠶᠠᠳᠠᠭᠤ ᠬᠦᠴᠢᠷᠳᠡᠯᠲᠡᠢ ᠣᠯᠠᠨ ᠲᠦᠮᠡᠨ ᠤ ᠠᠵᠤ ᠠᠬᠤᠢ ᠶᠢᠨ ᠣᠷᠣᠯᠭ᠎ᠠ ᠶᠢ | ᠪᠦᠲᠦᠮᠵᠢᠲᠡᠢ ᠳᠡᠭᠡᠭᠰᠢᠯᠡᠭᠦᠯᠦᠭᠰᠡᠨ ᠪᠠᠶᠢᠨ᠎ᠠ ᠃ ᠰᠠᠶᠢᠨᠬᠦᠦ ᠬᠠᠪᠰᠤᠷᠤᠨ ᠲᠡᠳᠬᠦᠬᠦ ᠨᠢᠭᠡᠴᠡ ᠲᠠᠢ ᠢᠳᠡᠪᠬᠢᠲᠡᠶ | ᠬᠠᠷᠢᠯᠴᠠᠵᠤ᠂ ᠪᠠᠶᠢᠩᠭᠤ ᠰᠠᠭᠤᠭ᠎ᠠ ᠮᠠᠯᠵᠢᠬᠤ ᠡᠷᠦᠬᠡ ᠳᠤ ᠡᠷᠦᠬᠡ ᠪᠦᠷᠢ ᠶᠢᠨ 1 ᠬᠠᠶᠢᠷᠴᠠᠭ ᠳᠠᠪᠤᠰᠤᠨ | ᠲᠣᠭᠤᠰᠬ᠎ᠠ ᠲᠠᠷᠬᠠᠭᠠᠭᠰᠠᠨ ᠪᠥᠭᠡᠳ ᠬᠠᠪᠰᠤᠷᠤᠨ ᠲᠡᠳᠬᠦᠬᠦ ᠨᠢᠭᠡᠴᠡ ᠲᠠᠢ ᠵᠣᠬᠢᠴᠠᠯᠳᠤᠨ 15 ᠲᠦᠮᠡᠨ ᠲᠥᠭᠦᠷᠢᠭ | ᠭᠠᠷᠭᠠᠵᠤ᠂ 100 ᠲᠣᠯᠣᠭᠠᠶ ᠰᠥᠨᠢᠳ ᠡᠬᠡ ᠬᠤᠨᠢ ᠬᠤᠳᠠᠯᠳᠤᠨ ᠠᠪᠴᠤ᠂ ᠨᠡᠭᠦᠳᠡᠯ ᠮᠠᠯ ᠤᠨ ᠠᠷᠭ᠎ᠠ ᠬᠡᠯᠪᠡᠷᠢ | ᠪᠠᠷ ᠲᠡᠵᠢᠭᠡᠨ ᠦᠷᠡᠵᠢᠭᠦᠯᠬᠦ ᠴᠢᠳᠠᠪᠤᠷᠢ ᠲᠠᠢ 5 ᠶᠠᠳᠠᠭᠤ ᠬᠦᠴᠢᠷᠳᠡᠯᠲᠡᠶ ᠡᠷᠦᠬᠡ ᠳᠤ ᠳᠠᠭᠠᠭᠠᠴᠢᠯᠠᠭᠤᠯᠤᠨ ᠥᠭᠴᠡᠶ | ᠃ | | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠤᠯᠠᠨ ᠲᠥᠮᠡᠨ ᠳᠤ ᠪᠠᠨ ᠦᠢᠯᠡᠴᠢᠯᠡᠨ᠎ᠡ | | ᠮᠠᠯᠴᠢᠨ ᠠᠶᠢᠯ ᠳᠤ ᠲᠥᠷᠥᠭᠰᠡᠨ ᠰᠠᠶᠢᠨᠬᠦᠦ᠂ ᠲᠡᠭᠦᠨ ᠢ ᠥᠰᠬᠡᠨ ᠪᠣᠶᠢᠵᠢᠭᠤᠯᠤᠭᠰᠠᠨ ᠲᠠᠯ᠎ᠠ ᠨᠤᠲᠤᠭ ᠢᠶᠠᠨ | ᠬᠢᠵᠠᠭᠠᠯᠠᠰᠢ ᠥᠬᠡᠶ ᠳᠤᠷᠠᠰᠤᠨ ᠰᠠᠨᠠᠭᠠᠯᠵᠠᠵᠤ᠂ ᠲᠣᠰ ᠭᠠᠵᠠᠷ ᠤᠨ ᠣᠯᠠᠨ ᠲᠦᠮᠡᠨ ᠳᠤ ᠨᠠᠩ ᠴᠤ ᠣᠨᠴᠠᠭᠠᠶ | ᠬᠠᠶᠢᠷ᠎ᠠ ᠰᠡᠳᠬᠢᠯᠭᠡ ᠲᠠᠢ ᠪᠠᠶᠢᠳᠠᠭ ᠃ ᠲᠡᠷᠡ ᠦᠷᠭᠦᠯᠵᠢ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠶᠠᠳᠠᠭᠤ | ᠬᠦᠴᠢᠷᠳᠡᠯᠲᠡᠢ ᠡᠷᠦᠬᠡ ᠶᠢᠨ ᠦᠢᠯᠡᠳᠪᠦᠷᠢᠯᠡᠯ᠂ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷᠳᠡᠯ ᠢ ᠨᠢ | ᠣᠶᠢᠯᠠᠭᠠᠬᠤ ᠶᠢᠨ ᠬᠠᠮᠲᠤ ᠴᠠᠭ ᠲᠤᠬᠠᠢ ᠳᠤᠨᠢ ᠲᠡᠮᠳᠡᠭᠯᠡᠵᠦ᠂ ᠶᠠᠳᠠᠭᠤ ᠬᠦᠴᠢᠷᠳᠡᠯᠲᠡᠢ ᠡᠷᠦᠬᠡ ᠲᠠᠢ ᠰᠡᠳᠬᠢᠯ ᠤᠨ | ᠦᠭᠡ ᠪᠠᠨ ᠶᠠᠷᠢᠯᠴᠠᠵᠤ᠂ ᠪᠠᠭ᠎ᠠ ᠶᠠᠪᠤᠳᠠᠯ ᠠᠴᠠ ᠡᠬᠢᠯᠡᠨ ᠬᠢᠵᠦ᠂ ᠪᠣᠳᠠᠲᠠᠢ ᠠᠵᠢᠯ ᠠᠴᠠ ᠡᠬᠢᠯᠡᠨ ᠬᠢᠵᠦ᠂ ᠶᠠᠳᠠᠭᠤ | ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠰᠢᠯᠡᠭᠦᠯᠵᠠᠢ᠃ 2020 ᠣᠨ ᠳᠤ᠂ | ᠲᠡᠷᠡ ᠠᠶᠢᠯᠴᠢᠯᠠᠨ ᠰᠤᠷᠪᠤᠯᠵᠢᠯᠠᠬᠤ ᠳᠤᠮᠳᠠ ᠪᠠᠨ ᠶᠠᠳᠠᠭᠤ ᠬᠦᠴᠢᠷᠳᠡᠯᠲᠡᠶ ᠡᠷᠦᠬᠡ ᠶᠡᠭᠡ ᠰᠦᠯᠳᠡ ᠶᠢᠨ ᠬᠦᠦ | ᠡᠷᠳᠡᠨᠢᠴᠢᠯᠠᠭᠤ ᠶᠢᠨ ᠵᠡᠮᠳᠡᠭ ᠬᠥᠮᠦᠨ ᠤ ᠦᠨᠡᠮᠯᠡᠯ ᠤᠨ ᠬᠤᠭᠤᠴᠠᠭ᠎ᠠ ᠨᠢ ᠨᠢᠭᠡᠨᠲᠡ ᠥᠩᠭᠡᠷᠡᠭᠰᠡᠨ ᠪᠣᠯᠪᠠᠴᠤ | ᠣᠨᠴᠠᠭᠠᠶ ᠰᠢᠯᠲᠠᠭᠠᠨ ᠠᠴᠠ ᠪᠣᠯᠵᠣ ᠦᠷᠭᠦᠯᠵᠢᠯᠡᠨ ᠭᠦᠢᠴᠡᠳᠬᠡᠭᠰᠡᠨ ᠥᠬᠡᠶ ᠠᠴᠠ ᠪᠣᠯᠵᠣ ᠵᠡᠮᠳᠡᠭ ᠬᠥᠮᠦᠨ ᠤ | ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠭᠥᠷᠳᠡᠵᠦ ᠴᠢᠳᠠᠭᠰᠠᠨ ᠥᠬᠡᠶ ᠶᠢ ᠤᠯᠵᠦ ᠮᠡᠳᠡᠭᠡᠳ ᠰᠠᠶᠢᠨᠬᠦᠦ | ᠬᠤᠰᠢᠭᠤ ᠵᠡᠮᠳᠡᠭᠴᠦᠳ ᠤᠨ ᠬᠤᠯᠪᠤᠭ᠎ᠠ ᠲᠠᠢ ᠬᠠᠷᠢᠯᠴᠠᠨ ᠬᠠᠮᠢᠶ᠎ᠠ ᠪᠥᠬᠦᠢ ᠪᠠᠶᠢᠳᠠᠯ ᠢ ᠤᠶᠢᠯᠭᠠᠨ᠂ ᠳᠠᠷᠠᠭ᠎ᠠ ᠨᠢ | ᠥᠪᠡᠷ ᠤᠨ ᠪᠡᠶ᠎ᠡ ᠪᠠᠷ ᠢᠶᠠᠨ ᠡᠷᠳᠡᠨᠢᠴᠢᠯᠠᠭᠤ ᠪᠣᠯᠤᠨ ᠲᠡᠭᠦᠨ ᠤ ᠠᠪᠤ᠂ ᠳᠡᠭᠦᠦ ᠲᠠᠢ ᠨᠢ ᠬᠠᠮᠲᠤ ᠰᠢᠯᠢᠩᠬᠤᠲᠠ ᠳᠤ | ᠬᠦᠷᠴᠦ ᠬᠠᠮᠢᠶ᠎ᠠ ᠪᠥᠬᠦᠢ ᠪᠠᠶᠢᠴᠠᠭᠠᠯᠲᠡ᠂ ᠬᠢᠨᠠᠨ ᠲᠤᠭᠲᠠᠭᠠᠯᠲᠠ ᠶᠢ ᠪᠡᠶᠡᠯᠡᠭᠦᠯᠵᠦ᠂ ᠲᠠᠬᠢᠨ ᠡᠷᠳᠡᠨᠢᠴᠢᠯᠠᠭᠤ ᠶᠢᠨ | ᠨᠢᠭᠡ ᠭᠡᠷ ᠢ ᠳᠠᠭᠠᠭᠤᠯᠤᠨ᠂ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠳᠤ ᠢᠷᠡᠵᠦ᠂ ᠲᠡᠭᠦᠨ ᠳᠤ ᠵᠡᠮᠳᠡᠭᠴᠦᠳ | ᠤᠨ ᠰᠢᠨ᠎ᠡ ᠦᠨᠡᠮᠯᠡᠯ ᠢ ᠭᠤᠶᠤᠴᠢᠯᠠᠨ ᠠᠪᠴᠤ ᠥᠭᠭᠦᠭᠰᠡᠨ ᠪᠠᠶᠢᠨ᠎ᠠ᠃ ᠲᠡᠷᠡ ᠪᠦᠬᠦ ᠰᠡᠳᠬᠢᠯ ᠪᠦᠬᠦ ᠵᠣᠷᠢᠭ ᠢᠶᠠᠷ | ᠢᠶᠠᠨ ᠶᠠᠳᠠᠭᠤ ᠬᠦᠴᠢᠷᠳᠡᠯᠲᠡᠢ ᠤᠯᠠᠨ ᠲᠦᠮᠡᠨ ᠳᠤ ᠦᠢᠯᠡᠴᠢᠯᠡᠵᠦ᠂ ᠰᠤᠮᠤᠨ ᠤ ᠨᠠᠮ ᠤᠨ ᠬᠤᠷᠢᠶ᠎ᠠ ᠪᠣᠯᠤᠨ | ᠭᠠᠴᠠᠭᠠᠨ ᠤ ᠤᠳᠤᠷᠢᠳᠤᠯᠭ᠎ᠠ ᠶᠢᠨ ᠰᠠᠶᠢᠨ ᠦᠨᠡᠯᠡᠯᠲᠡ ᠶᠢ ᠤᠯᠵᠠᠢ᠃ | | | | | | | ᠰᠠᠶᠢᠨᠬᠦᠦ ᠤᠯᠠᠨ ᠠᠷᠭ᠎ᠠ ᠵᠠᠮ ᠰᠥᠪᠡᠭᠴᠢᠯᠡᠨ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ | ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠬᠦᠴᠦᠯᠡᠨ ᠰᠠᠶᠢᠵᠢᠷᠠᠭᠤᠯᠤᠭᠰᠠᠭᠠᠷ ᠢᠷᠡᠵᠠᠢ᠃ ᠣᠷᠴᠢᠮ ᠤᠨ ᠵᠢᠯ᠂ | ᠲᠡᠷᠡ ᠭᠠᠴᠠᠭ᠎ᠠ ᠲᠣᠰᠬᠤᠨ ᠳᠤ ᠰᠠᠭᠤᠭ᠎ᠠ ᠺᠠᠳ᠋ᠷᠴᠤᠳ ᠲᠠᠢ ᠪᠠᠨ ᠬᠠᠮᠲᠤ ᠪᠠᠷ ᠴᠢᠷᠮᠠᠶᠢᠨ ᠪᠠᠶᠢᠵᠤ᠂ ᠡᠯ᠎ᠡ ᠲᠠᠯ᠎ᠠ | ᠶᠢᠨ ᠬᠢᠨ ᠢ ᠵᠣᠬᠢᠴᠠᠭᠤᠯᠤᠨ ᠨᠣᠭᠤᠭᠠᠨᠲᠠᠯᠠ ᠭᠠᠴᠠᠭᠠᠨ ᠳᠤ 35 ᠰᠢᠨ᠎ᠡ ᠭᠡᠷ ᠪᠠᠶᠢᠰᠢᠩ ᠪᠠᠶᠢᠭᠤᠯᠵᠤ᠂ 105 | ᠮᠠᠯᠵᠢᠬᠤ ᠡᠷᠦᠬᠡ ᠳᠤ ᠲᠣᠣᠷᠴᠢᠯᠠᠭᠰᠠᠨ ᠴᠠᠬᠢᠯᠭᠠᠨ ᠨᠡᠪᠲᠡᠷᠡᠭᠦᠯᠵᠦ᠂ ᠮᠠᠰᠢᠨ ᠬᠤᠳᠳᠤᠭ 2᠂ ᠳᠤᠮᠳᠠ ᠭᠦᠨ | ᠬᠤᠳᠳᠤᠭ 16᠂ ᠤᠰᠤ ᠬᠠᠳᠠᠭᠠᠯᠠᠬᠤ ᠵᠣᠭᠤᠷᠢ 34 ᠶᠢ ᠪᠠᠶᠢᠭᠤᠯᠵᠤ᠂ 16 ᠬᠠᠰᠢᠶ᠎ᠠ ᠰᠠᠷᠠᠪᠴᠢ᠂ 11 ᠦᠬᠡᠷ | ᠤᠨ ᠬᠠᠰᠢᠶ᠎ᠠ᠂ 4 ᠬᠤᠨᠢᠨ ᠬᠡᠷᠡᠰᠬᠡ ᠰᠢᠨ᠎ᠡ ᠪᠠᠷ ᠪᠠᠶᠢᠭᠤᠯᠵᠤ᠂ 13 ᠡᠷᠦᠬᠡ ᠶᠢᠨ ᠴᠠᠬᠢᠯᠭᠠᠨ ᠭᠠᠷᠭᠠᠬᠤ | ᠲᠥᠬᠦᠭᠡᠷᠦᠮᠵᠢ ᠶᠢ ᠳᠡᠰ ᠲᠡᠪᠰᠢᠭᠦᠯᠵᠦ᠂ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠲᠠᠰᠤᠭ 1 ᠶᠢ ᠰᠢᠨ᠎ᠡ ᠪᠠᠷ | ᠪᠠᠶᠢᠭᠤᠯᠤᠨ᠂ 51 ᠺᠢᠯᠣᠮᠧᠲᠷ ᠤᠷᠲᠤ ᠵᠠᠮ ᠵᠠᠰᠠᠵᠤ᠂ ᠭᠠᠴᠠᠭᠠᠨ ᠤ ᠣᠯᠠᠨ ᠲᠦᠮᠡᠨ ᠤ ᠤᠰᠤ᠂ ᠴᠠᠬᠢᠯᠭᠠᠨ᠂ ᠵᠠᠮ | ᠨᠡᠪᠲᠡᠷᠡᠭᠦᠯᠭᠡ ᠵᠡᠷᠭᠡ ᠰᠠᠭᠤᠷᠢ ᠪᠥᠲᠦᠭᠡᠨ ᠪᠠᠶᠢᠭᠤᠯᠤᠯᠲᠠ ᠶᠢ ᠢᠯᠡᠳᠲᠡ ᠰᠠᠶᠢᠵᠢᠷᠠᠭᠤᠯᠵᠤ᠂ ᠤᠯᠠᠨ ᠲᠥᠮᠡᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠦᠭᠡᠢ ᠲᠡᠭᠡᠭᠰᠢᠯᠡᠭᠦᠯᠵᠦ᠂ ᠶᠠᠳᠠᠭᠤ | ᠬᠦᠴᠢᠷᠳᠡᠯᠲᠡᠶ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠢ 95 % ᠠᠴᠠ ᠳᠡᠭᠡᠭᠰᠢ ᠳᠤ ᠬᠦᠷᠭᠡᠵᠠᠢ ᠃ | | | | | | | | | |