ᠥᠷᠭᠡᠨᠲᠠᠯ᠎ᠠ ᠪᠠᠯᠭᠠᠰᠤᠨ ᠤ ︽ᠪᠢᠩᠲ᠋ᠤᠸᠠᠨ ᠤ ᠣᠨ ᠰᠠᠷ᠎ᠠ︾ ᠶᠢᠨ ᠦᠵᠡᠭᠦᠯᠦᠯᠭᠡ ᠶᠢᠨ ᠣᠷᠳᠣᠨ ᠨᠡᠭᠡᠭᠡᠭᠳᠡᠯ᠎ᠡ
ᠨᠡᠶᠢᠲᠡᠯᠡᠭᠰᠡᠨ ᠴᠠᠭ᠄
2021/8/5
     ᠣᠶᠢᠷ᠎ᠠ ᠳᠤ᠂ 5 ᠵᠢᠯ ᠤᠨ ᠬᠤᠭᠤᠴᠠᠭ᠎ᠠ ᠬᠡᠷᠡᠭᠯᠡᠵᠦ ᠵᠠᠰᠠᠨ ᠪᠠᠶᠢᠭᠤᠯᠤᠭᠰᠠᠨ ᠥᠷᠭᠡᠨᠲᠠᠯ᠎ᠠ ᠪᠠᠯᠭᠠᠰᠤᠨ ᠤ ︽ᠪᠢᠩᠲ᠋ᠤᠸᠠᠨ ᠤ ᠣᠨ ᠰᠠᠷ᠎ᠠ︾ ᠶᠢᠨ ᠦᠵᠡᠭᠦᠯᠦᠯᠭᠡ ᠶᠢᠨ ᠣᠷᠳᠣᠨ ᠡᠷᠦᠬᠡ ᠪᠠᠨ ᠰᠡᠬᠦᠵᠦ᠂ ᠤᠯᠠᠨ ᠲᠥᠮᠡᠨ ᠳᠤ ᠬᠤᠪᠢᠰᠬᠠᠯᠲᠦ ᠰᠤᠶᠤᠯ᠂ ᠥᠨᠦᠳᠦᠷ ᠤᠨ ᠰᠠᠶᠢᠨ ᠰᠠᠶᠢᠬᠠᠨ ᠠᠮᠢᠳᠤᠷᠠᠯ ᠤᠨ ᠬᠢᠯᠪᠠᠷ ᠪᠤᠰᠤ ᠢᠷᠡᠭᠰᠡᠨ ᠢ ᠤᠶᠢᠯᠠᠭᠠᠭᠤᠯᠵᠤ᠂ ᠡᠬᠡ ᠤᠷᠤᠨᠴᠢ ᠦᠵᠡᠯ ᠤᠨ ᠬᠦᠮᠦᠵᠢᠯ ᠬᠦᠷᠲᠡᠭᠡᠬᠦ ᠳᠤ ᠨᠥᠬᠦᠴᠡᠯ ᠬᠠᠩᠭᠠᠭᠰᠠᠨ ᠪᠠᠶᠢᠨ᠎ᠠ᠃      ᠬᠤᠰᠢᠭᠤ ᠤᠳᠤᠷᠢᠳᠤᠯᠭ᠎ᠠ ᠲᠡᠮᠦᠷ᠂ ᠼᠦᠩ ᠮᠧᠢ᠂ ᠵᠦᠩ ᠭᠦᠸᠧ ᠸᠧᠢ ᠵᠢᠴᠢ 200 ᠭᠠᠷᠤᠢ ᠬᠠᠭᠤᠴᠢᠨ ᠪᠢᠩᠲ᠋ᠤᠸᠠᠨ ᠤ ᠪᠠᠶᠢᠯᠳᠤᠭᠴᠢ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠂ ᠠᠵᠤ ᠠᠬᠤᠶᠢᠯᠠᠯ ᠤᠨ ᠠᠵᠢᠯᠴᠢᠨ᠂ ᠪᠠᠯᠭᠠᠰᠤᠨ ᠳᠤ ᠰᠠᠭᠤᠭ᠎ᠠ ᠨᠢᠭᠡᠴᠡ ᠶᠢᠨ ᠬᠠᠷᠢᠭᠤᠴᠠᠯᠭᠠᠲᠠᠨ ᠬᠠᠮᠲᠤ ᠪᠠᠷ ︽ᠪᠢᠩᠲ᠋ᠤᠸᠠᠨ ᠤ ᠣᠨ ᠰᠠᠷ᠎ᠠ︾ ᠶᠢᠨ ᠦᠵᠡᠭᠦᠯᠦᠯᠭᠡ ᠶᠢᠨ ᠣᠷᠳᠣᠨ ᠤ ᠨᠡᠭᠡᠭᠡᠯᠲᠡ ᠶᠢᠨ ᠶᠤᠰᠤᠯᠠᠯ ᠳᠤ ᠤᠷᠤᠯᠴᠠᠵᠠᠢ᠃      
          ︽ᠪᠢᠩᠲ᠋ᠤᠸᠠᠨ ᠤ ᠣᠨ ᠰᠠᠷ᠎ᠠ︾ ᠶᠢᠨ ᠦᠵᠡᠭᠦᠯᠦᠯᠭᠡ ᠶᠢᠨ ᠣᠷᠳᠣᠨ ᠨᠢ 150 ᠲᠡᠭᠰᠢ ᠳᠥᠷᠪᠡᠯᠵᠢᠨ ᠮᠧᠲᠷ ᠲᠠᠯᠠᠪᠠᠢ ᠲᠠᠢ ᠪᠠᠶᠢᠵᠤ᠂1500 ᠭᠠᠷᠤᠢ ᠦᠵᠡᠮᠦᠷᠢ ᠶᠢ ᠳᠡᠯᠭᠡᠨ ᠦᠵᠡᠭᠦᠯᠵᠦ᠂ ᠪᠢᠳᠡᠨ ᠳᠤ ᠪᠢᠩᠲ᠋ᠤᠸᠠᠨ ᠤ ᠪᠠᠶᠢᠯᠳᠤᠭᠴᠢᠳ ᠤᠨ ᠬᠤᠪᠢᠰᠬᠠᠯᠲᠤ ᠵᠣᠷᠢᠭ ᠰᠠᠨᠠᠭ᠎ᠠ ᠪᠣᠯᠤᠨ ᠪᠢᠩᠲ᠋ᠤᠸᠠᠨ ᠤ ᠲᠡᠦᠬᠡ ᠶᠢᠨ ᠬᠤᠷᠢᠶᠠᠩᠭᠤᠢ ᠳᠦᠷᠰᠦ  ᠶᠢ ᠬᠠᠷᠠᠭᠤᠯᠵᠤ ᠪᠠᠶᠢᠯ᠎ᠠ᠃ ᠦᠵᠡᠭᠦᠯᠦᠯᠭᠡ  ᠶᠢᠨ ᠤᠷᠳᠤᠨ ᠨᠢ ᠡᠬᠢᠯᠡᠵᠦ ᠪᠡᠯᠡᠳᠬᠡᠬᠦ ᠠᠴᠠ ᠵᠢᠩᠬᠢᠨᠢ ᠪᠠᠷ ᠨᠡᠭᠡᠭᠡᠬᠦ ᠬᠦᠷᠲᠡᠯ᠎ᠡ ᠲᠠᠪᠤᠨ ᠵᠢᠯ ᠭᠠᠷᠤᠢ ᠶᠢᠨ ᠴᠠᠭ ᠬᠡᠷᠡᠭᠰᠡᠵᠡᠢ᠃      ᠦᠵᠡᠭᠦᠯᠦᠯᠭᠡ ᠶᠢᠨ ᠤᠷᠳᠤᠨ ᠢ ᠨᠡᠭᠡᠭᠡᠬᠦ ᠶᠢᠨ ᠲᠥᠯᠦᠭᠡ᠂ ᠪᠢᠩᠲ᠋ᠤᠸᠠᠨ ᠤ ᠠᠬᠠᠮᠠᠳ ᠪᠠᠶᠢᠯᠳᠤᠭᠴᠢ ᠳ᠋ᠢᠩ ᠱᠤᠤ ᠽᠧᠩ᠂ ᠸᠠᠩ ᠶᠢᠦ ᠾᠧᠩ ᠵᠡᠷᠭᠡ 60 ᠭᠠᠷᠤᠭᠰᠠᠨ ᠨᠠᠰᠤᠲᠠᠨ ᠡᠳᠦᠷ ᠰᠥᠨᠢ ᠦᠭᠡᠢ ᠶᠠᠭᠠᠷᠠᠵᠤ᠂ ᠪᠦᠬᠦ ᠬᠦᠴᠦᠨ ᠢᠶᠠᠷ ᠢᠶᠠᠨ ᠪᠡᠯᠡᠳᠬᠡᠭᠰᠡᠨ ᠤ ᠬᠠᠮᠲᠤ ᠪᠠᠰᠠ ᠳᠡᠷᠭᠡᠳᠡᠬᠢ ᠬᠦᠴᠦᠨ ᠢᠶᠠᠨ ᠲᠠᠶᠢᠴᠢᠯᠠᠵᠥ᠂ ᠬᠠᠭᠤᠴᠢᠨ ᠡᠳ᠋ ᠪᠣᠳᠠᠰ ᠢ ᠴᠤᠭᠯᠠᠭᠤᠯᠵᠤ᠂ ᠬᠠᠮᠤᠭ ᠤᠨ ᠪᠠᠭ᠎ᠠ ᠵᠣᠭᠤᠰ ᠵᠠᠷᠤᠴᠠᠭᠤᠯᠵᠤ᠂ ᠬᠠᠮᠤᠭ ᠤᠨ ᠶᠡᠭᠡ ᠠᠵᠢᠯ ᠬᠢᠵᠠᠢ  ᠃      ᠶᠤᠰᠤᠯᠠᠯ ᠳᠤ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ︽ᠪᠢᠩᠲ᠋ᠤᠸᠠᠨ ᠤ ᠣᠨ ᠰᠠᠷ᠎ᠠ︾ ᠶᠢᠨ ᠦᠵᠡᠭᠦᠯᠦᠯᠭᠡ  ᠶᠢᠨ ᠣᠷᠳᠣᠨ ᠳᠤ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠤᠨ ᠨᠡᠷᠡᠶᠢᠳᠦᠯ ᠤᠯᠭᠤᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号