ᠤᠶᠤᠨᠴᠢᠮᠡᠭ ᠪᠤᠯ ᠡᠷᠢᠶᠡᠨᠨᠠᠭᠤᠷ ᠰᠤᠮᠤᠨ ᠤ ᠵᠢᠪᠬᠤᠯᠠᠩᠲᠤ ᠭᠠᠴᠠᠭᠠᠨ ᠤ ᠨᠠᠮ ᠤᠨ ᠡᠭᠦᠷ ᠤᠨ ᠳᠡᠳ᠋ ᠱᠦᠵᠢ | ᠶᠤᠮ᠃ ᠲᠡᠷᠡ 2015 ᠣᠨ ᠤ 6 ᠰᠠᠷ᠎ᠠ ᠳᠤ ᠠᠵᠢᠯ ᠳᠤ ᠣᠷᠣᠵᠤ᠂ 2006 ᠣᠨ ᠤ 11 ᠰᠠᠷ᠎ᠠ ᠳᠤ | ᠳᠤᠮᠳᠠᠳᠤ ᠤᠯᠤᠰ ᠤᠨ ᠡᠪ ᠬᠠᠮᠲᠤ ᠨᠠᠮ ᠳᠤ ᠤᠷᠤᠵᠤ᠂ ᠤᠯᠠᠨ ᠲᠥᠮᠡᠨ ᠳᠡᠭᠡᠨ ᠦᠢᠯᠡᠴᠢᠯᠡᠵᠦ᠂ ᠪᠠᠶᠡᠷ ᠪᠠᠭ᠋ᠠᠳᠤᠯ | ᠂ ᠬᠦᠰᠡᠯ ᠵᠢᠤᠡᠬᠦᠯ ᠲᠠᠢ ᠴᠢᠷᠮᠠᠶᠢᠨ ᠠᠵᠢᠯᠯᠠᠵᠦ᠂ 2016 ᠣᠨ ᠳᠤ ᠪᠥᠬᠦ ᠬᠤᠰᠢᠭᠤᠨ ᠤ ᠰᠢᠯᠢᠳᠡᠭ ᠨᠠᠮ ᠤᠨ | ᠭᠡᠰᠢᠭᠦᠨ ᠤ ᠭᠤᠤᠯᠳᠠᠯᠭᠠᠲᠤ ᠡᠷᠦᠬᠡ ᠶᠢᠨ ᠢᠷᠠᠭᠤ ᠠᠯᠳᠠᠷ ᠢ ᠭᠥᠷᠳᠡᠵᠦ᠂ 2017 ᠣᠨ ᠳᠤ ᠪᠥᠬᠦ ᠠᠶᠢᠮᠠᠭ ᠤᠨ | 100 ᠰᠢᠯᠢᠳᠡᠭ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ ᠳᠤ ᠰᠣᠩᠭᠤᠭᠳᠠᠨ᠂ 2017 ᠣᠨ ᠳᠤ ᠪᠥᠬᠦ | ᠬᠤᠰᠢᠭᠤᠨ ᠤ ᠰᠢᠯᠢᠳᠡᠭ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ ᠶᠢᠨ ᠢᠷᠠᠭᠤ ᠠᠯᠳᠠᠷ ᠭᠥᠷᠳᠡᠵᠦ᠂ | 2017 ᠣᠨ ᠳᠤ ᠰᠤᠮᠤᠨ ᠤ ᠪᠠᠨ ᠰᠢᠯᠢᠳᠡᠭ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠤᠪᠢᠶᠠᠷᠢ ᠬᠤᠷᠠᠯ | ᠤᠨ ᠲᠡᠷᠢᠭᠦᠯᠡᠭᠴᠢ ᠶᠢᠨ ᠢᠷᠠᠭᠤ ᠠᠯᠳᠠᠷ ᠭᠥᠷᠳᠡᠵᠦ᠂ 2018 ᠣᠨ ᠳᠤ ᠰᠤᠮᠤᠨ ᠤ ︽3· 8︾ ᠶᠢᠨ | ᠤᠯᠠᠭᠠᠨ ᠲᠤᠭᠴᠢ ᠪᠤᠯᠵᠤ᠂ ᠡᠨᠡ ᠵᠢᠯ ᠪᠠᠰᠠ ᠪᠥᠬᠦ ᠬᠤᠰᠢᠭᠤᠨ ᠤ ᠰᠢᠯᠢᠳᠡᠭ ᠨᠠᠮ ᠤᠨ ᠬᠡᠰᠢᠭᠦᠨ ᠤ ᠢᠷᠠᠭᠤ | ᠠᠯᠳᠠᠷ ᠢ ᠬᠦᠷᠲᠡᠭᠰᠡᠨ ᠪᠠᠶᠢᠨ᠎ᠠ᠃ | ᠭᠠᠴᠠᠭᠠᠨ ᠤ ︽ᠬᠤᠶᠠᠷ ᠵᠥᠪᠯᠡᠯ︾ ᠳᠤ ᠣᠷᠣᠭᠰᠠᠨ ᠠᠴᠠ ᠠᠪᠤᠭᠠᠳ᠂ ᠲᠡᠷᠡ ᠣᠶᠤᠨ ᠤᠬᠠᠭᠠᠨ ᠰᠥᠰᠥ | ᠵᠤᠷᠢᠭ ᠢᠶᠠᠷ ᠢᠶᠠᠨ ᠬᠦᠴᠢᠷ ᠪᠡᠷᠬᠡᠰᠢᠶᠡᠯ ᠢ ᠳᠤᠭᠤᠯᠤᠨ᠂ ᠬᠢᠯᠢ ᠬᠢᠵᠠᠭᠠᠷ ᠢᠶᠠᠨ ᠪᠠᠬᠢᠵᠢᠭᠦᠯᠦᠨ ᠠᠷᠠᠳ ᠢᠶᠠᠨ | ᠪᠠᠶᠠᠵᠢᠭᠤᠯᠵᠤ᠂ ᠪᠥᠬᠦ ᠭᠠᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠪᠠᠨ | ᠦᠵᠡᠭᠦᠯᠦᠭᠰᠡᠨ ᠪᠠᠶᠢᠨ᠎ᠠ᠃ | | | | | | | ᠬᠠᠷᠢᠭᠤᠴᠠᠯᠭᠠᠲᠦ ᠰᠡᠳᠬᠢᠯᠭᠡ ᠪᠠᠷ ᠠᠵᠢᠯᠯᠠᠵᠤ᠂ ᠤᠯᠠᠨ ᠤ ᠬᠦᠷᠢᠶᠡᠯᠡᠯ ᠢ ᠤᠯᠤᠭᠰᠠᠨ | | ᠤᠶᠤᠨᠴᠢᠮᠡᠭ ᠨᠠᠮ ᠤᠨ ᠪᠠᠶᠢᠭᠤᠯᠤᠯᠲᠠ ᠶᠢᠨ ᠠᠵᠢᠯ ᠢᠶᠠᠷ ᠪᠦᠬᠦ ᠭᠠᠴᠠᠭᠠᠨ ᠤ ᠠᠵᠤ ᠠᠬᠤᠢ ᠶᠢᠨ | ᠬᠥᠭᠵᠢᠯᠲᠡ ᠶᠢ ᠳᠠᠶᠢᠴᠢᠯᠠᠬᠤ ᠬᠥᠳᠡᠯᠭᠡᠬᠦ ᠬᠦᠴᠦᠨ ᠪᠤᠯᠭᠠᠵᠤ᠂ ᠲᠤᠰᠢᠶᠠᠯ ᠳᠤ ᠭᠠᠷᠤᠭᠰᠠᠨ ᠤ ᠪᠠᠨ ᠳᠠᠷᠠᠭ᠎ᠠ᠂ | ᠭᠠᠴᠠᠭᠠᠨ ᠤ ︽ᠬᠤᠶᠠᠷ ᠵᠥᠪᠯᠡᠯ︾ ᠤᠨ ᠪᠦᠷᠢᠯᠳᠦᠬᠦᠨ ᠲᠠᠢ ᠶᠠᠷᠢᠯᠴᠠᠬᠤ᠂ ᠤᠳᠤᠷᠢᠳᠬᠤ ᠪᠠᠭ ᠲᠤ | ᠲᠣᠬᠢᠷᠠᠭᠤᠯᠤᠯᠲᠠ ᠬᠢᠬᠦ ᠵᠡᠷᠭᠡ ᠣᠯᠠᠨ ᠵᠦᠶᠯ ᠤᠨ ᠠᠷᠭ᠎ᠠ ᠬᠡᠯᠪᠡᠷᠢ ᠠᠪᠤᠭᠰᠠᠨ ᠠᠴᠠ ᠭᠠᠴᠠᠭᠠᠨ ᠤ ︽ᠬᠤᠶᠠᠷ | ᠵᠥᠪᠯᠡᠯ︾ ᠤᠨ ᠪᠠᠭ ᠳᠠᠬᠢᠨ ᠤᠷᠤᠭᠰᠢᠯᠠᠯᠲᠠ ᠶᠢᠨ ᠬᠦᠴᠦᠨ ᠵᠤᠷᠢᠭ ᠢᠶᠠᠷ ᠪᠢᠯᠬᠠᠵᠠᠢ᠃ | ᠤᠶᠤᠨᠴᠢᠮᠡᠭ ᠰᠢᠨ᠎ᠡ ᠪᠠᠷ ᠲᠤᠰᠢᠶᠠᠯ ᠳᠤ ᠭᠠᠷᠤᠭᠰᠠᠨ ᠤᠶᠤᠲᠠᠨ ᠵᠠᠯᠠᠭᠤ᠂ ᠵᠢᠪᠬᠤᠯᠠᠩᠲᠤ ᠭᠠᠴᠠᠭᠠᠨ ᠤ | ᠣᠲᠣ ᠶᠢᠨ ᠨᠠᠮ ᠤᠨ ᠡᠭᠦᠷ ᠤᠨ ᠱᠦᠵᠢ ᠴᠡᠯᠡᠭᠡᠷ ᠢ ᠥᠪᠡᠷ ᠤᠨ ᠪᠡᠶ᠎ᠡ ᠪᠠᠷ ᠢᠶᠠᠨ ᠳᠠᠭᠠᠭᠤᠯᠤᠨ ᠮᠠᠯᠴᠢᠨ ᠡᠷᠦᠬᠡ | ᠳᠤ ᠭᠦᠨᠵᠡᠭᠡᠶᠢᠷᠡᠵᠦ᠂ ᠠᠷᠠᠳ ᠤᠨ ᠰᠡᠳᠬᠢᠯ ᠢ ᠤᠶᠢᠯᠠᠭᠠᠭᠤᠯᠵᠤ᠂ ᠠᠷᠠᠳ ᠤᠨ ᠪᠠᠶᠢᠳᠠᠯ ᠢ ᠤᠶᠢᠯᠠᠭᠠᠭᠤᠯᠵᠤ᠂ | ᠪᠥᠬᠦ ᠰᠡᠳᠬᠢᠯ ᠢᠶᠠᠷ ᠢᠶᠠᠨ ᠰᠢᠨ᠎ᠡ ᠲᠤᠰᠢᠶᠠᠯ ᠳᠤ ᠭᠠᠷᠤᠭᠰᠠᠨ ᠺᠠᠳ᠋ᠷ ᠢ ᠲᠡᠮᠵᠢᠨ ᠠᠵᠢᠯᠯᠠᠵᠠᠢ ᠃ | ᠤᠶᠤᠨᠴᠢᠮᠡᠭ ᠠᠷᠠᠳ ᠢ ᠪᠠᠶᠠᠵᠢᠭᠤᠯᠬᠤ᠂ ᠠᠷᠠᠳ ᠲᠦᠮᠡᠨ ᠳᠤ ᠦᠢᠯᠡᠴᠢᠯᠡᠬᠦ ᠪᠠᠷ ᠠᠵᠢᠯ ᠤᠨ ᠢᠶᠠᠨ | ᠵᠣᠷᠢᠯᠲᠠ ᠪᠠ ᠲᠤᠰᠤᠯᠳᠠ ᠪᠣᠯᠭᠠᠬᠤ ᠶᠢ ᠪᠠᠷᠢᠮᠲᠠᠯᠠᠵᠤ᠂ ᠬᠢᠯᠢ ᠶᠢᠨ ᠭᠠᠴᠠᠭᠠᠨ ᠤ ᠠᠵᠤ ᠠᠬᠤᠢ ᠶᠢᠨ ᠬᠥᠭᠵᠢᠯᠲᠡ᠂ | ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠬᠠᠷᠢᠴᠠᠩᠭᠤᠢ ᠬᠤᠴᠣᠷᠤᠩᠭᠤᠢ ᠪᠠᠶᠢᠬᠤ ᠪᠣᠳᠠᠲᠤ ᠪᠠᠶᠢᠳᠠᠯ | ᠠᠴᠠ ᠡᠭᠦᠰᠴᠦ᠂ ᠨᠠᠮ ᠤᠨ ᠡᠭᠦᠷ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠮᠠᠯᠴᠢᠳ ᠢ | ᠬᠦᠳᠦᠯᠦᠨ ᠵᠢᠯᠣᠭᠤᠳᠴᠤ ᠪᠠᠶᠢᠭᠠᠳ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠪᠠ ᠡᠷᠴᠢᠮᠵᠢᠭᠦᠯᠦᠭᠰᠡᠨ ᠡᠵᠡᠩᠨᠡᠯᠲᠡ | ᠶᠢᠨ ᠵᠠᠮ ᠢᠶᠠᠷ ᠵᠠᠮᠨᠠᠭᠤᠯᠵᠠᠢ᠃ 2020 ᠣᠨ ᠳᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ | ᠨᠡᠮᠡᠭᠳᠡᠭᠦᠯᠬᠦ ᠶᠢᠨ ᠲᠥᠯᠥᠭᠡ᠂ ᠲᠡᠷᠡ ᠬᠤᠰᠢᠭᠤ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ 90 ᠲᠦᠮᠡᠨ | ᠲᠥᠭᠦᠷᠢᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠭᠤᠶᠤᠴᠢᠯᠠᠵᠤ᠂ 500 ᠨᠡᠭᠦᠳᠡᠯ ᠡᠬᠡ ᠮᠠᠯ ᠬᠤᠳᠠᠯᠳᠤᠨ | ᠠᠪᠴᠤ ᠰᠥᠨᠢᠳ ᠬᠤᠨᠢᠨ ᠤ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠡᠵᠢᠭᠡᠨ ᠦᠷᠡᠵᠢᠭᠦᠯᠬᠦ 3 ᠵᠢᠱᠢᠶ᠎ᠡ ᠦᠵᠡᠭᠦᠯᠬᠦ | ᠡᠷᠦᠬᠡ ᠳᠤ ᠳᠠᠭᠠᠭᠠᠴᠢᠯᠠᠭᠤᠯᠤᠨ ᠥᠭᠴᠡᠢ᠃ ᠡᠭᠦᠨ ᠠᠴᠠ ᠭᠠᠳᠠᠨ᠎ᠠ᠂ ᠳᠡᠭᠡᠳᠦ ᠱᠠᠲᠤᠨ ᠠᠴᠠ ᠬᠤᠯᠪᠣᠭᠳᠠᠯ | ᠪᠥᠬᠦᠶ ᠶᠠᠳᠠᠭᠤ ᠶᠢ ᠲᠡᠳᠬᠦᠬᠦ ᠲᠥᠷᠥᠯ ᠵᠦᠶᠯ ᠤᠨ ᠪᠠᠯᠠ ᠮᠥᠩᠭᠦ ᠶᠢ ᠢᠳᠡᠪᠬᠢᠲᠡᠶ ᠭᠤᠶᠤᠴᠢᠯᠠᠵᠤ᠂ ᠴᠠᠬᠢᠯᠭᠠᠨ | ᠬᠡᠷᠡᠭᠯᠡᠬᠦ ᠳᠤ ᠬᠦᠴᠢᠷᠲᠡᠶ 12 ᠮᠠᠯᠴᠢᠨ ᠡᠷᠦᠬᠡ ᠳᠤ ᠴᠡᠬᠢᠯᠭᠠᠨ ᠤᠷᠤᠭᠤᠯᠵᠤ ᠥᠭᠴᠡᠢ᠃ | ᠵᠢᠪᠬᠤᠯᠠᠩᠲᠤ ᠭᠠᠴᠠᠭ᠎ᠠ ᠨᠢ ᠡᠷᠢᠶᠡᠨᠨᠠᠭᠤᠷ ᠰᠤᠮᠤᠨ ᠤ ᠬᠤᠶᠢᠲᠤ ᠬᠡᠰᠡᠭ ᠲᠤ ᠪᠠᠶᠢᠷᠢᠯᠠᠵᠤ᠂ ᠰᠠᠶᠢᠬᠠᠨᠲᠠᠯ᠎ᠠ | ᠪᠠᠯᠭᠠᠰᠤ ᠠᠴᠠ 120 ᠺᠢᠯᠣᠮᠧᠲᠷ ᠵᠠᠶᠢᠲᠠᠶ ᠪᠠᠶᠢᠵᠤ᠂ ᠪᠥᠬᠦ ᠬᠤᠰᠢᠭᠤᠨ ᠤ ᠴᠣᠷ ᠤᠨ ᠭᠠᠭᠴᠠ ᠬᠢᠯᠢ ᠶᠢᠨ | ᠭᠠᠴᠠᠭ᠎ᠠ ᠪᠠᠶᠢᠵᠤ᠂ ᠲᠣᠰ ᠭᠠᠴᠠᠭ᠎ᠠ ᠨᠢ ᠬᠢᠯᠢ ᠬᠢᠵᠠᠭᠠᠷ ᠢ ᠪᠠᠬᠢᠵᠢᠭᠦᠯᠬᠦ ᠬᠦᠨᠳᠦ ᠡᠭᠦᠷᠭᠡ ᠶᠢ ᠡᠭᠦᠷᠭᠡᠯᠡᠵᠦ | ᠪᠠᠶᠢᠳᠠᠭ᠃ ᠤᠶᠤᠨᠴᠢᠮᠡᠭ ᠭᠠᠴᠠᠭᠠᠨ ᠤ ᠪᠠᠭ ᠤᠨ ᠪᠦᠷᠢᠯᠳᠦᠬᠦᠨ ᠪᠣᠯᠤᠭᠰᠠᠨ ᠤ ᠬᠤᠪᠢ ᠳᠤ᠂ ᠠᠷᠠᠳ ᠢ | ᠪᠠᠶᠠᠵᠢᠭᠤᠯᠬᠤ ᠪᠠ ᠬᠢᠯᠢ ᠬᠢᠵᠠᠭᠠᠷ ᠢ ᠪᠠᠬᠢᠵᠢᠭᠦᠯᠬᠦ ︽ᠬᠤᠤᠰ ᠢᠯᠠᠯᠲᠠ︾ ᠶᠢᠨ ᠬᠠᠷᠠᠯᠲᠠ ᠶᠢᠨ ᠲᠣᠭᠤᠷᠢᠨ ᠳᠤ᠂ | ᠬᠢᠯᠢ ᠬᠢᠵᠠᠭᠠᠷ ᠤᠨ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠶᠢ ᠠᠵᠢᠯ ᠤᠨ ᠵᠣᠭᠰᠣᠴᠠ ᠪᠠᠨ ᠪᠣᠯᠭᠠᠵᠤ᠂ ᠬᠢᠯᠢ | ᠶᠢᠨ ᠮᠠᠯᠵᠢᠬᠤ ᠣᠷᠣᠨ ᠤ ᠣᠷᠣᠰᠢᠨ ᠰᠠᠭᠤᠬᠤ ᠨᠢ ᠲᠠᠷᠬᠠᠢ ᠪᠤᠲᠠᠷᠬᠠᠶ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠶ | ᠳᠤ ᠨᠢ ᠵᠣᠬᠢᠴᠠᠭᠤᠯᠤᠨ ᠰᠢᠶᠳᠪᠦᠷᠢᠯᠡᠬᠦ ᠳᠤ ᠬᠦᠴᠢᠷᠲᠡᠶ ᠵᠡᠷᠭᠡ ᠠᠰᠠᠭᠤᠳᠠᠯ ᠳᠤ ᠴᠢᠭᠯᠡᠭᠦᠯᠦᠨ᠂ ᠨᠢᠭᠤᠷᠳᠠᠬᠤ | ᠰᠢᠶᠳᠪᠦᠷᠢᠯᠡᠬᠦ ᠠᠷᠭ᠎ᠠ ᠪᠣᠳᠣᠯᠭ᠎ᠠ ᠶᠢ ᠳᠤᠷᠠᠳᠤᠨ ᠭᠠᠷᠭᠠᠵᠤ᠂ ᠮᠠᠯᠴᠢᠳ ᠲᠠᠢ ᠬᠤᠯᠪᠣᠭᠠᠯᠠᠨ᠂ ᠭᠠᠵᠠᠷ ᠣᠷᠣᠨ ᠢᠶᠠᠷ | ᠨᠢ ︽ᠮᠠᠯᠴᠢᠳ ᠤᠨ ᠳᠤᠭᠤᠶᠢᠯᠠᠩ︾ ᠬᠤᠪᠢᠶᠠᠵᠤ᠂ ᠳᠤᠭᠤᠶᠢᠯᠠᠩ ᠤᠨ ᠳᠣᠲᠣᠷᠠᠬᠢ ᠪᠦᠷᠢᠯᠳᠦᠬᠦᠨ ᠨᠢ ᠨᠡᠯᠢᠶᠡᠳ | ᠣᠶᠢᠷᠠᠬᠠᠨ ᠪᠠᠶᠢᠷᠢᠰᠢᠵᠤ᠂ ᠬᠥᠷᠰᠢ ᠵᠡᠷᠭᠡᠯᠡᠳᠡᠭᠡ ᠶᠢᠨ ᠶᠠᠪᠤᠯᠴᠠᠭ᠎ᠠ ᠰᠣᠯᠢᠯᠴᠠᠭ᠎ᠠ ᠶᠢ ᠨᠡᠮᠡᠭᠳᠡᠭᠦᠯᠵᠦ᠂ ᠳᠤᠭᠤᠶᠢᠯᠠᠩ | ᠤᠨ ᠳᠣᠲᠣᠷᠠᠬᠢ ᠪᠦᠷᠢᠯᠳᠦᠬᠦᠨ ᠤ ᠬᠠᠮᠲᠤ ᠪᠠᠷ ᠤᠴᠢᠷ ᠶᠠᠪᠤᠳᠠᠯ ᠰᠢᠶᠳᠪᠦᠷᠢᠯᠡᠬᠦ ᠦᠷ᠎ᠡ ᠪᠦᠲᠦᠮᠵᠢ ᠶᠢ ᠶᠡᠭᠡ ᠪᠠᠷ | ᠳᠡᠭᠡᠭᠰᠢᠯᠡᠭᠦᠯᠵᠦ᠂ ᠢᠯᠡᠳᠲᠡ ᠦᠶᠯᠡᠳᠦᠯ ᠦᠵᠡᠭᠦᠯᠵᠠᠢ᠃ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ | ᠡᠶᠡᠳᠡᠭᠦᠯᠦᠨ ᠰᠢᠶᠳᠪᠦᠷᠢᠯᠡᠬᠦ ᠳᠤ ᠬᠦᠴᠢᠷᠲᠡᠶ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠲᠣᠭᠲᠠᠮᠠᠯ ᠬᠡᠷᠡᠭ | ᠮᠡᠳᠡᠭᠦᠯᠬᠦ ᠭᠠᠵᠠᠷ᠂ ᠤᠲᠠᠰᠤ ᠵᠢᠴᠢ ᠡᠶᠡᠳᠡᠭᠦᠯᠦᠨ ᠰᠢᠶᠳᠪᠦᠷᠢᠯᠡᠬᠦ ᠭᠠᠵᠠᠷ ᠭᠠᠷᠭᠠᠵᠤ᠂ ᠬᠠᠮᠢᠶ᠎ᠠ ᠪᠥᠬᠦᠶ ᠠᠵᠢᠯ ᠤᠨ | ᠲᠦᠷᠢᠮ ᠢ ᠲᠡᠭᠦᠯᠳᠡᠷᠵᠢᠭᠦᠯᠦᠨ᠂ ᠨᠡᠶᠢᠭᠡᠮ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠠᠢ᠃ | | | | | | | ᠲᠤᠭ ᠲᠡᠮᠳᠡᠭ ᠲᠣᠳᠣᠷᠬᠠᠢ ᠪᠠᠶᠢᠵᠤ᠂ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠦᠭᠰᠡᠨ | | ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ ᠪᠣᠯᠤᠭᠰᠠᠨ ᠤ ᠬᠤᠪᠢ ᠳᠤ᠂ ᠤᠶᠤᠨᠴᠢᠮᠡᠭ ᠭᠤᠤᠯᠳᠠᠯᠭᠠᠲᠤ | ᠡᠷᠦᠬᠡ ᠶᠢᠨ ᠨᠥᠯᠥᠭᠡᠯᠡᠬᠦ ᠦᠶᠯᠡᠳᠦᠯ ᠢ ᠪᠦᠲᠦᠮᠵᠢᠲᠡᠶ ᠪᠠᠳᠠᠷᠠᠭᠤᠯᠵᠠᠢ᠃ ᠲᠡᠷᠡ ᠠᠵᠢᠯ ᠤᠨ ᠴᠢᠯᠥᠭᠡ ᠵᠠᠪ ᠢᠶᠠᠷ | ᠢᠶᠠᠨ ᠡᠷᠬᠢᠨ ᠲᠣᠭᠤᠷᠢᠨ ᠤ ᠮᠠᠯᠵᠢᠬᠤ ᠡᠷᠦᠬᠡ ᠶᠢ ᠴᠤᠭᠯᠠᠭᠤᠯᠤᠨ ᠨᠠᠮ ᠤᠨ ᠲᠤᠬᠠᠶ ᠶᠠᠷᠢᠯᠴᠠᠵᠤ᠂ ᠤᠯᠤᠰ ᠤᠨ | ᠲᠤᠬᠠᠶ ᠶᠠᠷᠢᠯᠴᠠᠨ᠂ ᠬᠥᠭᠵᠢᠯᠲᠡ ᠶᠢᠨ ᠲᠤᠬᠠᠶ ᠶᠠᠷᠢᠯᠴᠠᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠨᠠᠮ ᠪᠠ ᠤᠯᠤᠰ | ᠤᠨ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ᠂ ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠦᠨ᠂ ᠡᠷᠬᠢᠨ | ᠲᠣᠭᠤᠷᠢᠨ ᠤ ᠮᠠᠯᠵᠢᠬᠤ ᠡᠷᠦᠬᠡ ᠶᠢᠨ ᠨᠠᠮᠴᠢ ᠴᠢᠨᠠᠷ ᠤᠨ ᠪᠣᠯᠪᠠᠰᠤᠷᠠᠯ ᠢ ᠳᠠᠶᠢᠴᠢᠯᠠᠨ ᠲᠡᠭᠡᠷᠰᠢᠯᠡᠭᠦᠯᠵᠦ᠂ ᠮᠠᠯᠴᠢᠳ | ᠤᠨ ᠦᠶᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠣᠶᠢᠯᠠᠭᠠᠵᠤ᠂ ᠴᠠᠭ ᠲᠤᠬᠠᠶ ᠳᠤᠨᠢ | ᠵᠢᠯᠣᠭᠤᠳᠣᠯᠭ᠎ᠠ ᠪᠠ ᠬᠠᠪᠰᠤᠷᠤᠯᠭ᠎ᠠ ᠦᠵᠡᠭᠦᠯᠵᠦ᠂ ᠬᠦᠴᠢᠷ ᠠᠰᠠᠭᠤᠳᠠᠯ ᠢ ᠨᠢ ᠬᠠᠪᠰᠤᠷᠤᠨ ᠵᠣᠬᠢᠴᠠᠭᠤᠯᠤᠨ | ᠰᠢᠢᠳᠪᠦᠷᠢᠯᠡᠳᠡᠭ ᠪᠠᠶᠢᠯ᠎ᠠ᠃ ᠲᠡᠷᠡ ᠰᠠᠨᠠᠭᠠᠴᠢᠯᠠᠭ᠎ᠠ ᠠᠴᠠ ᠪᠠᠨ ᠲᠤᠬᠠᠶ ᠶᠢᠨ ᠭᠠᠵᠠᠷ ᠲᠤᠨᠢ ᠪᠠᠶᠢᠴᠠᠭᠠᠨ | ᠰᠤᠳᠤᠯᠤᠯᠲᠠ ᠬᠢᠬᠦ᠂ ᠶᠠᠷᠢᠯᠴᠠᠬᠤ ᠬᠤᠷᠠᠯ ᠬᠢᠬᠦ᠂ ᠲᠤᠰᠬᠠᠶ ᠰᠣᠯᠢᠯᠴᠠᠭ᠎ᠠ ᠬᠢᠵᠦ᠂ ᠠᠰᠠᠭᠤᠳᠠᠯ ᠢ ᠨᠢᠭᠤᠷᠳᠠᠨ | ᠰᠤᠳᠤᠯᠵᠤ᠂ ᠦᠨᠡᠨ ᠪᠣᠳᠠᠲᠠᠶ ᠠᠷᠭ᠎ᠠ ᠪᠣᠳᠣᠯᠭ᠎ᠠ ᠭᠠᠷᠭᠠᠳᠠᠭ ᠶᠤᠮ᠃ | | | | | | | ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠪᠡᠶ᠎ᠡ ᠪᠠᠷ ᠢᠶᠠᠨ ᠬᠡᠪ ᠲᠦᠷᠢᠮ ᠪᠤᠯᠭᠠᠭᠰᠠᠨ | | ᠤᠶᠤᠨᠴᠢᠮᠡᠭ ᠲᠦᠷᠢᠮ ᠲᠤᠭᠲᠠᠭᠠᠯ᠂ ᠰᠠᠬᠢᠯᠭ᠎ᠠ ᠪᠠᠲᠤ ᠪᠠᠷ ᠠᠯᠢᠪᠠ ᠦᠭᠡ ᠶᠠᠷᠢᠶ᠎ᠠ ᠦᠢᠯᠡ ᠠᠵᠢᠯᠯᠠᠭ᠎ᠠ ᠪᠠᠨ | ᠵᠢᠷᠤᠮᠵᠢᠭᠤᠯᠵᠤ᠂ ᠡᠯ᠎ᠡ ᠵᠦᠢᠯ ᠤᠨ ᠲᠦᠷᠢᠮ ᠲᠣᠭᠲᠠᠭᠠᠯ ᠢ ᠴᠢᠩᠭ᠎ᠠ ᠵᠢᠷᠤᠮᠯᠠᠵᠤ᠂ ᠤᠳᠤᠷᠢᠳᠤᠯᠭ᠎ᠠ ᠶᠢ | ᠬᠦᠨᠳᠦᠳᠬᠡᠵᠦ᠂ ᠨᠥᠬᠦᠳ ᠲᠠᠢ ᠪᠠᠨ ᠪᠦᠯᠬᠦᠮᠳᠡᠵᠦ᠂ ᠳᠠᠷᠤᠤ ᠬᠢᠴᠢᠶᠡᠩᠭᠦᠢ ᠪᠠᠶᠢᠵᠤ᠂ ᠡᠯ᠎ᠡ ᠲᠠᠯ᠎ᠠ ᠶᠢᠨ ᠰᠠᠨᠠᠯ ᠢ | ᠰᠠᠨᠠᠭᠠᠴᠢᠯᠠᠭ᠎ᠠ ᠠᠴᠠ ᠪᠠᠨ ᠬᠦᠯᠢᠶᠠᠨ ᠠᠪᠴᠤ᠂ ᠠᠵᠢᠯ ᠢᠶᠠᠨ ᠲᠠᠰᠤᠷᠠᠯᠳᠠ ᠦᠭᠡᠢ ᠰᠠᠶᠢᠵᠢᠷᠠᠭᠤᠯᠵᠤ᠂ ᠰᠢᠭᠦᠮᠵᠢᠯᠡᠯ | ᠪᠠ ᠥᠪᠡᠷ ᠤᠨ ᠰᠢᠭᠦᠮᠵᠢᠯᠡᠯ ᠢ ᠨᠠᠷᠢᠨ ᠬᠢᠨᠠᠮᠠᠭᠠᠢ ᠥᠷᠨᠢᠭᠦᠯᠵᠦ᠂ ᠤᠳᠤᠷᠢᠳᠤᠯᠭ᠎ᠠ ᠪᠠ ᠬᠠᠮᠲᠤ ᠠᠵᠢᠯᠯᠠᠭᠴᠢ ᠶᠢᠨ | ᠢᠶᠠᠨ ᠰᠠᠨᠠᠯ ᠰᠠᠨᠠᠭᠤᠯᠭ᠎ᠠ ᠶᠢ ᠳᠠᠷᠤᠤ ᠬᠢᠴᠢᠶᠡᠩᠭᠦᠢ ᠪᠠᠷ ᠰᠣᠨᠣᠰᠴᠤ᠂ ᠦᠢᠯᠡᠳᠦᠯᠭᠡ ᠪᠠᠷ ᠢᠶᠠᠨ ᠨᠢᠭᠡᠨ ᠰᠢᠯᠢᠳᠡᠭ | ᠨᠠᠮ ᠤᠨ ᠬᠡᠰᠢᠭᠦᠨ ᠤ ᠰᠠᠶᠢᠨ ᠰᠠᠶᠢᠬᠠᠨ ᠲᠦᠷᠢ ᠲᠥᠷᠬᠦ ᠶᠢ ᠱᠤᠭᠤᠵᠠᠢ ᠃ | | | | | |