ᠥᠷᠭᠡᠨᠲᠠᠯ᠎ᠠ ᠪᠠᠯᠭᠠᠰᠤᠨ ᠤ ᠪᠠᠶ᠋ᠬᠠᠤᠪᠤᠭ᠎ᠠ ᠭᠠᠴᠠᠭᠠᠨ ᠤ ᠬᠤᠶᠠᠳᠤᠭᠠᠷ ᠤᠳᠠᠭᠠᠨ ᠤ ᠠᠷᠠᠳ ᠤᠨ ᠨᠠᠭᠠᠳᠤᠮ ᠨᠢᠵᠢᠬᠢᠷ ᠰᠠᠶᠢᠬᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2021/8/5
     ᠤᠶᠢᠷ᠎ᠠ ᠳᠤ᠂ ᠥᠷᠭᠡᠨᠲᠠᠯ᠎ᠠ ᠪᠠᠯᠭᠠᠰᠤᠨ ᠤ ᠪᠠᠶ᠋ᠬᠠᠤᠪᠤᠭ᠎ᠠ ᠭᠠᠴᠠᠭ᠎ᠠ ᠨᠠᠮ ᠪᠠᠶᠢᠭᠤᠯᠤᠭᠳᠠᠭᠰᠠᠨ 100 ᠵᠢᠯ  ᠤᠨ ᠣᠶ ᠶᠢ ᠪᠡᠯᠭᠡᠯᠡᠵᠦ᠂ ᠬᠤᠶᠠᠳᠤᠭᠠᠷ ᠤᠳᠠᠭᠠᠨ ᠤ ᠠᠷᠠᠳ ᠤᠨ ᠨᠠᠭᠠᠳᠤᠮ ᠢᠶᠠᠨ ᠨᠢᠵᠢᠬᠢᠷ ᠰᠠᠶᠢᠬᠠᠨ ᠶᠠᠪᠤᠭᠳᠠᠭᠤᠯᠵᠤ᠂ ᠨᠠᠭᠠᠳᠤᠮᠴᠢᠨ ᠲᠥᠮᠡᠨ ᠤ ᠰᠡᠳᠬᠢᠯ ᠢ ᠪᠠᠶᠠᠰᠬᠠᠨ᠂ ᠬᠠᠷᠠᠭ᠎ᠠ ᠶᠢ ᠮᠢᠯᠢᠶᠠᠯ᠎ᠠ᠃
      ᠵᠢᠷᠤᠭ᠄ ᠤᠯᠤᠰ ᠤᠨ ᠲᠤᠭ ᠮᠠᠨᠳᠤᠭᠤᠯᠵᠤ᠂ ᠨᠠᠭᠠᠳᠤᠮ ᠤᠨ ᠬᠥᠰᠢᠭᠡ ᠶᠢ ᠰᠡᠬᠦᠭᠰᠡᠨ      ᠡᠷ᠎ᠡ ᠶᠢᠨ ᠭᠤᠷᠪᠠᠨ ᠨᠠᠭᠠᠳᠤᠮ ᠳᠤ ᠤᠶᠢᠷ᠎ᠠ ᠬᠠᠪᠢ ᠶᠢᠨ ᠰᠤᠮᠤ ᠭᠠᠴᠠᠭᠠᠨ ᠤ ᠪᠥᠬᠡᠴᠢᠳ᠂ ᠰᠤᠷᠴᠢᠳ᠂ ᠤᠶᠠᠭᠠᠴᠢᠳ ᠢᠳᠡᠪᠬᠢᠲᠡᠢ ᠤᠷᠤᠯᠴᠠᠵᠤ᠂ ᠬᠤᠯᠠ ᠤᠶᠢᠷ᠎ᠠ ᠶᠢᠨ ᠨᠠᠭᠠᠳᠤᠮᠴᠢᠳ ᠬᠦᠷᠦᠯᠴᠡᠨ ᠢᠷᠡᠵᠦ ᠨᠠᠭᠠᠳᠤᠮ ᠰᠤᠨᠢᠷᠬᠠᠵᠠᠭᠠᠯ᠎ᠠ᠃      ᠨᠠᠭᠠᠳᠤᠮ ᠳᠤ ᠪᠠᠰᠠ ᠭᠠᠴᠠᠭᠠᠨ ᠤ ᠬᠥᠳᠡᠯᠮᠦᠷᠢ ᠶᠢᠨ ᠵᠢᠱᠢᠶᠡᠴᠢ᠂ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠡᠷᠦᠬᠡ᠂ ᠪᠠᠶᠠᠵᠢᠯ ᠤᠨ ᠳᠠᠭᠠᠭᠤᠯᠤᠭᠴᠢ᠂ ᠦᠢᠯᠡᠰ ᠪᠤᠰᠬᠠᠭᠰᠠᠨ ᠵᠠᠯᠠᠭᠤᠴᠤᠳ᠂ ᠲᠠᠪᠤᠨ ᠰᠠᠶᠢᠨᠲᠠᠢ ᠭᠡᠷ ᠪᠦᠯᠢ᠂ ᠦᠢᠯᠡᠰ ᠪᠤᠰᠬᠠᠭᠰᠠᠨ ᠭᠡᠷ ᠪᠦᠯᠢ ᠵᠡᠷᠭᠡ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠥᠬᠢᠭᠦᠯᠦᠨ ᠱᠠᠩᠨᠠᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号