9 ᠳ᠋ᠦ᠋ᠭᠡᠷ ᠰᠠᠷ᠎ᠠ ᠶᠢᠨ 16 ᠠᠴᠠ 18 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ | ᠯᠢ ᠺᠧ ᠴᠢᠶᠠᠩ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠯᠦ ᠰᠢᠨ ᠱᠧ ᠪᠣᠯᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠯᠠᠨ ᠲᠢᠶᠠᠨ ᠯᠢ ᠶᠢᠨ | ᠪᠠᠷ᠎ᠠ ᠪᠤᠯᠤᠯᠭ᠎ᠠ ᠲᠠᠢ ᠪᠠᠷ᠂ ᠢᠦᠢ ᠯᠢᠨ᠂ ᠨᠠᠨᠨᠢᠩ ᠳᠤ ᠰᠢᠨᠵᠢᠯᠡᠨ ᠪᠠᠶᠢᠴᠠᠭᠠᠯᠲᠠ ᠬᠢᠬᠦ ᠳᠤ ᠪᠠᠨ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠥᠭᠡᠷᠡᠴᠢᠯᠡᠯᠲᠡ ᠨᠡᠭᠡᠭᠡᠯᠳᠡ ᠶᠢ | ᠶᠡᠭᠡ ᠪᠠᠷ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ | ᠪᠠᠲᠤᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠴᠢᠨᠠᠷᠯᠢᠭ ᠬᠥᠭᠵᠢᠯᠲᠡ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | | | | | | ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠭᠤᠸᠠᠩᠰᠢ ᠶᠢᠨ ᠢᠦᠢ ᠯᠢᠨ᠂ | ᠨᠠᠨᠨᠢᠩ ᠳᠤ ᠰᠢᠨᠵᠢᠯᠡᠨ ᠪᠠᠶᠢᠴᠠᠭᠠᠯᠲᠠ ᠬᠢᠪᠡ᠃ ᠵᠢᠷᠤᠭ ᠪᠣᠯ 9 ᠳ᠋ᠦ᠋ᠭᠡᠷ ᠰᠠᠷ᠎ᠠ ᠶᠢᠨ 16 ᠤ ᠡᠳᠦᠷ ᠯᠢ ᠺᠧ ᠴᠢᠶᠠᠩ | ᠢᠦᠶ ᠴᠠᠢ ᠪᠦᠯᠦᠭᠯᠡᠯ ᠳᠤ ᠠᠵᠢᠯ ᠪᠠᠶᠢᠴᠠᠭᠠᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠳ᠋ᠢᠩ ᠯᠢᠨ ᠰᠡᠭᠦᠳᠡᠷᠯᠡᠪᠡ | | | ᠯᠢ ᠺᠧ ᠴᠢᠶᠠᠩ ᠢᠦᠢ ᠴᠠᠢ ᠪᠦᠯᠦᠭᠯᠡᠯ ᠳᠤ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠨᠢ ᠤᠯᠤᠰ ᠤᠨ | ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠲᠣᠭᠲᠠᠭᠠᠯ ᠳᠤᠮᠳᠠ ᠠᠴᠠ ᠮᠠᠰᠢ ᠶᠡᠭᠡ ᠠᠰᠢᠭ ᠬᠦᠷᠳᠡᠭᠰᠡᠨ ᠢ | ᠣᠯᠵᠤ ᠮᠡᠳᠡᠭᠡᠳ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠵᠤ ᠪᠠᠶᠢᠭ᠎ᠠ ᠨᠢ ᠳᠠᠷᠤᠢ ᠠᠵᠤ | ᠠᠬᠤᠶᠢᠯᠠᠯ ᠤᠨ ᠠᠴᠢᠶ᠎ᠠ ᠶᠢ ᠬᠥᠩᠭᠡᠯᠡᠨ ᠤᠷᠤᠭᠰᠢᠯᠠᠭᠤᠯᠬᠤ ᠶᠢᠨ ᠲᠥᠯᠥᠭᠡ ᠶᠤᠮ᠂ ᠠᠵᠤ ᠠᠬᠤᠶᠢᠯᠠᠯ ᠰᠠᠶᠢᠲᠤᠷ | ᠬᠥᠭᠵᠢᠪᠡᠯ ᠤᠯᠤᠰ ᠣᠷᠣᠨ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠣᠯᠤᠨ᠎ᠠ ᠭᠡᠵᠦ ᠬᠡᠯᠡᠪᠡ᠃ ᠯᠢ ᠺᠧ ᠴᠢᠶᠠᠩ | ᠢᠦᠢ ᠴᠠᠢ ᠶᠢᠨ ᠢᠵᠢ ᠪᠦᠷᠢᠳᠦᠭᠦᠯᠦᠭᠰᠡᠨ ᠵᠢᠵᠢᠭ ᠠᠵᠤ ᠠᠬᠤᠶᠢᠯᠠᠯ ᠤᠨ ᠬᠠᠷᠢᠭᠤᠴᠠᠯᠭᠠᠲᠠᠳ ᠲᠠᠢ ᠶᠠᠷᠢᠯᠴᠠᠵᠤ᠂ | ᠶᠠᠮᠠᠷ ᠬᠦᠴᠢᠷᠳᠡᠯ ᠪᠠᠶᠢᠬᠤ ᠶᠢ ᠯᠠᠪᠯᠠᠨ ᠠᠰᠠᠭᠤᠪᠠ᠃ ᠲᠡᠷᠡ ᠬᠡᠯᠡᠬᠦ ᠳᠤ ᠪᠠᠨ᠂ ᠵᠢᠵᠢᠭ ᠠᠵᠤ ᠠᠬᠤᠶᠢᠯᠠᠯ ᠥᠷᠭᠡᠨ | ᠬᠡᠪᠴᠢᠶ᠎ᠡ ᠪᠠᠷ ᠲᠠᠷᠬᠠᠨ᠂ ᠲᠤᠮᠤ ᠠᠵᠤ ᠠᠬᠤᠶᠢᠯᠠᠯ ᠳᠤ ᠴᠢᠬᠤᠯᠠ ᠪᠦᠬᠦᠢ ᠲᠤᠯᠭᠠᠭᠤᠷᠢᠯᠠᠯ ᠬᠠᠩᠭᠠᠵᠤ᠂ ᠵᠢᠵᠢᠭ | ᠠᠵᠤ ᠠᠬᠤᠶᠢᠯᠠᠯ ᠪᠣᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠡᠭᠡ ᠬᠡᠮᠵᠢᠶᠡᠨ ᠤ ᠠᠵᠢᠯ | ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠭᠰᠡᠨ ᠤ ᠠᠷᠤ ᠳᠤ ᠲᠦᠭ ᠲᠦᠮᠡᠨ ᠭᠡᠷ ᠪᠦᠯᠢ ᠶᠢᠨ ᠠᠮᠢᠳᠤᠷᠠᠯ ᠪᠣᠯᠤᠨ | ᠦᠷ᠎ᠡ ᠬᠡᠦᠬᠡᠳ ᠤᠨ ᠰᠤᠷᠭᠠᠨ ᠬᠥᠮᠦᠵᠢᠯ ᠲᠠᠢ ᠬᠤᠯᠪᠣᠭᠳᠠᠵᠤ ᠪᠠᠶᠢᠨ᠎ᠠ᠃ ᠲᠠ ᠨᠠᠷ ᠤᠨ ᠲᠤᠰᠬᠠᠭᠰᠠᠨ ᠥᠷᠭᠡᠨ | ᠬᠡᠷᠡᠭᠴᠡᠭᠡᠨ ᠤ ᠲᠠᠸᠠᠷ ᠤᠨ ᠦᠨ᠎ᠡ ᠬᠠᠩᠰᠢ ᠶᠡᠭᠡ ᠥᠰᠦᠭᠰᠡᠨ ᠵᠡᠷᠭᠡ ᠠᠰᠠᠭᠤᠳᠠᠯ ᠳᠤ ᠤᠯᠤᠰ ᠠᠴᠠ ᠦᠷᠭᠦᠯᠵᠢᠯᠡᠨ | ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠵᠠᠬ᠎ᠠ ᠳᠡᠯᠭᠡᠭᠦᠷᠴᠢᠯᠡᠬᠦ ᠠᠷᠭ᠎ᠠ ᠪᠠᠷ ᠦᠨ᠎ᠡ | ᠬᠠᠩᠰᠢ ᠶᠢ ᠲᠣᠭᠲᠠᠪᠤᠷᠢᠵᠢᠭᠤᠯᠬᠤ ᠶᠢ ᠨᠡᠩ ᠴᠢᠬᠤᠯᠠᠴᠢᠯᠠᠬᠤ ᠪᠣᠯᠣᠨ᠎ᠠ᠃ ᠤᠯᠤᠰ ᠤᠨ ᠳᠣᠲᠣᠭᠠᠳᠤ | ᠭᠠᠳᠠᠭᠠᠳᠤ ᠶᠢᠨ ᠠᠵᠤ ᠠᠬᠤᠶ ᠶᠢᠨ ᠪᠠᠶᠢᠳᠠᠯ ᠤᠨ ᠬᠤᠪᠢᠷᠠᠯᠲᠠ ᠳᠤ ᠴᠢᠭᠯᠡᠭᠦᠯᠦᠨ᠂ ᠬᠤᠷᠸ᠎ᠠ ᠲᠦᠷᠦ ᠶᠢᠨ | ᠪᠤᠳᠤᠯᠭ᠎ᠠ ᠶᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠪᠠᠷ ᠭᠤᠣᠯᠯᠠᠭᠤᠯᠤᠨ ᠨᠠᠷᠢᠯᠢᠭ | ᠣᠨᠣᠴᠠᠲᠠᠶ ᠪᠠᠷ ᠬᠡᠷᠡᠭᠵᠢᠭᠦᠯᠵᠦ᠂ ᠵᠦᠢ ᠵᠣᠬᠢᠰᠲᠠᠶ ᠵᠢᠱᠢᠯᠲᠡ ᠶᠢ ᠲᠣᠭᠲᠠᠪᠤᠷᠢᠵᠢᠭᠤᠯᠵᠤ᠂ ᠠᠵᠤ ᠠᠬᠤᠶ ᠶᠢᠨ | ᠲᠣᠭᠲᠠᠭᠤᠨ ᠠᠵᠢᠯᠯᠠᠭᠠᠨ ᠢ ᠪᠠᠲᠤᠯᠠᠨ᠎ᠠ ᠭᠡᠵᠡᠢ᠃ | | | | | | ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠭᠤᠸᠠᠩᠰᠢ ᠶᠢᠨ ᠢᠦᠢ ᠯᠢᠨ᠂ ᠨᠠᠨᠨᠢᠩ ᠳᠤ | ᠰᠢᠨᠵᠢᠯᠡᠨ ᠪᠠᠶᠢᠴᠠᠭᠠᠯᠲᠠ ᠬᠢᠪᠡ᠃ ᠵᠢᠷᠤᠭ ᠪᠣᠯ 9 ᠳ᠋ᠦ᠋ᠭᠡᠷ ᠰᠠᠷ᠎ᠠ ᠶᠢᠨ 16 ᠤ ᠡᠳᠦᠷ ᠯᠢ ᠺᠧ ᠴᠢᠶᠠᠩ ᠯᠦᠴᠤᠸᠠᠨ | ᠰᠢᠶᠠᠨ ᠤ ᠳ᠋ᠦᠩ ᠰᠢ ᠼᠦᠨ ᠲᠣᠰᠬᠤᠨ ᠤ ᠨᠢᠰᠢᠩᠭᠦ ᠶᠢᠨ ᠲᠠᠷᠢᠶᠠᠨ ᠳᠤ ᠬᠦᠷᠴᠦ ᠨᠢᠰᠢᠩᠭᠦ ᠶᠢᠨ ᠲᠠᠷᠢᠶᠠᠴᠢᠳ ᠲᠠᠢ | ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠳ᠋ᠢᠩ ᠯᠢᠨ ᠰᠡᠭᠦᠳᠡᠷᠯᠡᠪᠡ | ᠯᠦᠴᠤᠸᠠᠨ ᠰᠢᠶᠠᠨ ᠤ ᠳ᠋ᠦᠩ ᠰᠢ ᠼᠦᠨ ᠲᠣᠰᠬᠤᠨ ᠳᠤ᠂ ᠯᠢ ᠺᠧ ᠴᠢᠶᠠᠩ ᠨᠢᠰᠢᠩᠭᠦ ᠶᠢᠨ ᠲᠠᠷᠢᠶᠠᠨ ᠳᠤ | ᠬᠦᠷᠴᠦ ᠨᠢᠰᠢᠩᠭᠦ ᠶᠢᠨ ᠲᠠᠷᠢᠶᠠᠴᠢᠳ ᠲᠠᠢ ᠶᠠᠷᠢᠯᠴᠠᠪᠠ᠃ ᠲᠡᠷᠡ ᠬᠡᠯᠡᠬᠦ ᠳᠤ ᠪᠠᠨ᠂ ᠨᠢᠰᠢᠩᠭᠦ ᠶᠢᠨ ᠰᠢᠬᠢᠷ ᠪᠣᠯ | ᠢᠳᠡᠭᠡᠨ ᠵᠡᠷᠭᠡ ᠠᠵᠤ ᠦᠢᠯᠡᠰ ᠤᠨ ᠴᠢᠬᠤᠯᠠ ᠲᠦᠭᠦᠬᠡᠢ ᠮᠠᠲ᠋ᠧᠷᠢᠶᠠᠯ ᠮᠥᠨ᠂ ᠪᠦᠬᠦ ᠤᠯᠤᠰ ᠤᠨ ᠰᠢᠬᠢᠷ ᠤᠨ | ᠭᠤᠷᠪᠠᠨ ᠤ ᠬᠤᠶᠠᠷ ᠨᠢ ᠭᠤᠸᠠᠩᠰᠢ ᠠᠴᠠ ᠢᠷᠡᠭᠰᠡᠨ ᠶᠤᠮ᠂ ᠲᠠ ᠨᠠᠷ ᠰᠢᠷᠭᠠᠭᠤ ᠬᠠᠲᠠᠭᠤᠵᠢᠯᠲᠠᠢ | ᠬᠥᠳᠡᠯᠮᠦᠷᠢᠯᠡᠭᠡᠳ ᠲᠦᠭ ᠲᠦᠮᠡᠨ ᠠᠶᠢᠯ ᠡᠷᠦᠬᠡ ᠳᠤ ᠠᠮᠲᠠᠲᠤ ᠰᠢᠬᠢᠷ ᠬᠦᠷᠭᠡᠵᠦ ᠪᠠᠶᠢᠨ᠎ᠠ᠃ ᠤᠯᠤᠰ ᠠᠴᠠ | ᠨᠢᠰᠢᠩᠭᠦ ᠶᠢᠨ ᠰᠠᠶᠢᠨ ᠡᠭᠦᠯᠳᠡᠷ ᠢ ᠪᠤᠶᠢᠵᠢᠭᠤᠯᠬᠤ᠂ ᠰᠢᠬᠢᠷ ᠤᠨ ᠦᠢᠯᠡᠰ ᠤᠨ ᠲᠦᠭᠰᠢᠭᠦᠷᠢ ᠶᠢ ᠡᠰᠡᠷᠭᠦᠴᠡᠬᠦ | ᠴᠢᠳᠠᠪᠤᠷᠢ ᠶᠢ ᠨᠡᠮᠡᠭᠳᠡᠭᠦᠯᠬᠦ ᠲᠠᠯ᠎ᠠ ᠪᠠᠷ ᠳᠡᠮᠵᠢᠯᠭᠡ ᠪᠠᠨ ᠨᠡᠮᠡᠭᠳᠡᠭᠦᠯᠦᠨ᠎ᠡ ᠭᠡᠪᠡ᠃ ᠯᠢ ᠺᠧ ᠴᠢᠶᠠᠩ ᠲᠣᠰᠬᠤᠨ ᠤ | ᠠᠷᠠᠳ ᠲᠠᠢ ᠲᠣᠭᠤᠷᠢᠨ ᠰᠠᠭᠤᠵᠤ ᠵᠣᠭᠤᠭ ᠳᠡᠯᠭᠡᠪᠡ᠃ ᠶᠡᠭᠡ ᠰᠤᠷᠭᠠᠭᠤᠯᠢ ᠲᠡᠭᠦᠰᠦᠭᠰᠡᠨ ᠨᠢᠭᠡᠨ ᠰᠤᠷᠤᠭᠴᠢ ᠲᠠᠢ | ᠵᠣᠭᠤᠭᠲᠠᠬᠤ ᠦᠶ᠎ᠡ ᠳᠤ᠂ ᠣᠶᠢᠷ᠎ᠠ ᠬᠠᠪᠢ ᠳᠤ ᠠᠳᠠᠯ ᠦᠢᠯᠡᠰ ᠴᠣᠭᠴᠠᠯᠠᠵᠤ᠂ 300 ᠬᠥᠮᠦᠨ ᠤ ᠠᠵᠢᠯ | ᠣᠯᠭᠤᠯᠲᠠ ᠶᠢ ᠳᠠᠶᠢᠴᠢᠯᠠᠭᠰᠠᠨ ᠢ ᠣᠯᠵᠤ ᠮᠡᠳᠡᠪᠡ᠃ ᠯᠢ ᠺᠧ ᠴᠢᠶᠠᠩ ᠡᠨᠡ ᠨᠢ ᠣᠯᠠᠨ ᠲᠦᠮᠡᠨ ᠢ ᠭᠡᠷ ᠤᠨ | ᠣᠶᠢᠷ᠎ᠠ ᠬᠠᠪᠢ ᠳᠤ ᠪᠠᠨ ᠬᠥᠯᠥᠰᠥᠨ ᠠᠵᠢᠯ ᠬᠢᠵᠦ ᠵᠣᠭᠤᠰ ᠣᠯᠵᠤ ᠴᠢᠳᠠᠬᠤ ᠪᠣᠯᠭᠠᠭᠰᠠᠨ ᠪᠥᠭᠡᠳ ᠨᠠᠰᠤᠲᠠᠨ ᠪᠠ | ᠦᠷ᠎ᠡ ᠬᠡᠦᠬᠡᠳ ᠢᠶᠠᠨ ᠬᠠᠷᠠᠭᠠᠯᠵᠠᠵᠤ ᠴᠢᠳᠠᠬᠤ ᠪᠣᠯᠭᠠᠭᠰᠠᠨ ᠪᠠᠶᠢᠨ᠎ᠠ ᠭᠡᠵᠦ ᠮᠠᠭᠲᠠᠨ ᠰᠠᠶᠢᠰᠢᠶᠠᠪᠠ᠃ ᠨᠤᠲᠤᠭ ᠤᠨ | ᠠᠬ᠎ᠠ ᠳᠡᠭᠦᠦ ᠨᠡᠷ ᠤᠨ ᠬᠦᠰᠡᠯ ᠡᠷᠡᠮᠡᠯᠵᠡᠯ ᠳᠤ ᠴᠢᠭᠯᠡᠭᠦᠯᠦᠨ ᠯᠢ ᠺᠧ ᠴᠢᠶᠠᠩ ᠬᠡᠯᠡᠬᠦ ᠳᠤ ᠪᠠᠨ᠂ ᠣᠳᠣᠬᠠᠨ ᠳᠤ | ᠠᠮᠢᠳᠤᠷᠠᠯ ᠰᠠᠶᠢᠵᠢᠷᠠᠵᠤ᠂ ᠮᠠᠰᠢ ᠣᠯᠠᠨ ᠰᠢᠨ᠎ᠡ ᠬᠡᠷᠡᠭᠴᠡᠭᠡ ᠱᠠᠭᠠᠷᠳᠠᠯᠭ᠎ᠠ ᠲᠠᠢ ᠪᠣᠯᠵᠠᠶ᠃ ᠵᠠᠰᠠᠭ ᠤᠨ ᠶᠠᠪᠤᠳᠠᠯ ᠢ | ᠠᠷᠠᠳ ᠠᠴᠠ ᠠᠰᠠᠭᠤᠵᠤ᠂ ᠴᠢᠳᠠᠯ ᠤᠨ ᠬᠢᠷᠢ ᠪᠠᠷ ᠢᠶᠠᠨ ᠬᠢᠵᠦ᠂ ᠣᠯᠠᠨ ᠲᠦᠮᠡᠨ ᠤ ᠬᠦᠰᠡᠵᠦ ᠱᠠᠭᠠᠷᠳᠠᠵᠤ ᠪᠠᠶᠢᠭ᠎ᠠ | ᠤᠴᠢᠷ ᠶᠠᠪᠤᠳᠠᠯ ᠢ ᠰᠠᠶᠢᠲᠤᠷ ᠬᠢᠬᠦ ᠬᠡᠷᠡᠭᠲᠡᠶ ᠭᠡᠵᠡᠶ᠃ | ᠯᠢ ᠺᠧ ᠴᠢᠶᠠᠩ ᠭᠤᠸᠠᠩᠰᠢ ᠶᠢᠨ RCEP ᠶᠢ ᠵᠣᠯᠭᠠᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠭᠠᠳᠠᠭᠠᠳᠤ ᠪᠡᠯᠡ ᠶᠢᠨ ᠬᠤᠪᠢ ᠡᠵᠡᠮᠳᠡᠭᠰᠡᠨ ᠳᠤᠮᠳᠠᠳᠤ ᠰᠢᠩᠭᠠᠫᠣᠷ ᠤᠨ ᠨᠠᠨᠨᠢᠩ ᠳᠠᠬᠢ ᠤᠯᠠᠨ | ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠰᠢᠨᠵᠢᠯᠡᠨ ᠪᠠᠶᠢᠴᠠᠭᠠᠪᠠ᠃ ᠲᠡᠷᠡ ᠬᠡᠯᠡᠬᠦ ᠳᠤ ᠪᠠᠨ᠂ | ᠳᠤᠮᠳᠠᠳᠤ ᠤᠯᠤᠰ ᠨᠡᠬᠡᠬᠡᠯᠳᠡ ᠬᠢᠬᠦ ᠪᠠᠨ ᠨᠡᠩ ᠴᠢᠨᠠᠭᠰᠢᠳᠠ ᠥᠷᠭᠡᠳᠬᠡᠵᠦ᠂ ᠦᠷᠭᠦᠯᠵᠢᠯᠡᠨ ᠭᠠᠳᠠᠭᠠᠳᠤ ᠪᠡᠯᠡ ᠶᠢ | ᠲᠠᠲᠠᠬᠤ ᠦᠩ ᠰᠢᠮᠡᠯᠢᠭ ᠬᠥᠷᠥᠰᠥ ᠶᠢ ᠪᠣᠢ ᠪᠣᠯᠭᠠᠵᠤ᠂ ᠳᠡᠯᠡᠬᠡᠢ ᠶᠢᠨ ᠠᠵᠤ ᠠᠬᠤᠢ ᠲᠠᠢ ᠨᠡᠩ ᠭᠦᠨᠵᠡᠭᠡᠢ | ᠠᠭᠤᠰᠤᠯᠴᠠᠵᠤ᠂ ᠨᠡᠩ ᠲᠣᠭᠲᠠᠭᠤᠨ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢ | ᠪᠦᠷᠢᠯᠳᠦᠭᠦᠯᠬᠦ ᠬᠡᠷᠡᠭᠲᠡᠢ᠃ ᠭᠤᠸᠠᠩᠰᠢ ᠶᠢᠨ ᠣᠷᠣᠨ ᠪᠠᠶᠢᠷᠢ ᠶᠢᠨ ᠳᠠᠪᠠᠭᠤᠯᠢᠭ ᠢᠯᠡᠳᠲᠡ ᠪᠠᠶᠢᠨ᠎ᠠ᠂ ᠠᠵᠠ | ᠲᠣᠬᠢᠶᠠᠯ ᠢ ᠡᠵᠡᠮᠳᠡᠵᠦ᠂ RCEP ᠲᠦᠷᠢᠮ ᠢ ᠰᠠᠶᠢᠲᠤᠷ ᠠᠰᠢᠭᠯᠠᠨ᠂ ᠠᠵᠤ ᠦᠢᠯᠡᠰ ᠤᠨ ᠳᠤᠮᠳᠠ ᠳᠡᠭᠡᠳᠦ | ᠲᠡᠰ ᠲᠡᠶᠢᠰᠢ ᠬᠡᠯᠪᠡᠷᠢ ᠬᠤᠪᠢᠷᠠᠭᠤᠯᠤᠨ ᠤᠷᠤᠭᠰᠢᠯᠠᠬᠤ ᠶᠢ ᠠᠬᠢᠭᠤᠯᠵᠤ᠂ RCEP ᠶᠢᠨ ᠭᠡᠰᠢᠭᠦᠨ ᠤᠯᠤᠰ | ᠢᠯᠠᠩᠭᠤᠶ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ | ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡᠲᠦ ᠵᠢᠱᠢᠶ᠎ᠡ ᠦᠵᠡᠭᠦᠯᠬᠦ ᠲᠠᠪᠴᠠᠩ ᠢ ᠪᠤᠢ ᠪᠣᠯᠭᠠᠬᠤ ᠬᠡᠷᠡᠭᠲᠡᠶ ᠭᠡᠵᠡᠢ᠃ | ᠯᠢ ᠺᠧ ᠴᠢᠶᠠᠩ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠬᠤ ᠷᠦᠢ ᠱᠧᠩ ᠰᠢᠨᠵᠢᠯᠡᠬᠦ ᠤᠬᠠᠭᠠᠨ | ᠮᠡᠷᠭᠡᠵᠢᠯ ᠤᠨ ᠬᠡᠳᠦᠨ ᠠᠷᠪᠠᠨ ᠵᠢᠯ ᠤᠨ ᠬᠥᠭᠵᠢᠯᠲᠡ ᠶᠢᠨ ᠲᠠᠨᠢᠯᠴᠠᠭᠤᠯᠭ᠎ᠠ ᠶᠢ ᠰᠣᠨᠣᠰᠬᠤ ᠳᠤ ᠪᠠᠨ᠂ | ᠦᠷᠭᠦᠯᠵᠢᠯᠡᠨ ᠰᠢᠨ᠎ᠡ ᠶᠢ ᠡᠭᠦᠳᠬᠦ ᠪᠠ ᠦᠢᠯᠡᠳᠬᠦᠨ ᠢᠶᠠᠨ ᠳᠡᠭᠡᠭᠰᠢᠯᠡᠭᠦᠯᠬᠦ ᠬᠡᠷᠡᠭᠲᠡᠢ ᠭᠡᠵᠦ ᠵᠣᠷᠢᠭᠵᠢᠭᠤᠯᠪᠠ᠃ | ᠲᠡᠷᠡ ᠬᠡᠯᠡᠬᠦ ᠳᠤ ᠪᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯ ᠠᠵᠤ ᠠᠬᠤᠢ ᠶᠢᠨ ᠬᠥᠭᠵᠢᠯᠲᠡ ᠶᠢᠨ ᠰᠠᠭᠤᠷᠢ | ᠮᠥᠨ᠂ ᠠᠷᠠᠳ ᠠᠴᠠ ᠡᠵᠡᠩᠨᠡᠭᠰᠡᠨ ᠠᠵᠤ ᠠᠬᠤᠢ ᠪᠣᠯ ᠠᠵᠢᠯ ᠣᠯᠭᠤᠯᠲᠠ ᠶᠢ ᠰᠢᠩᠭᠡᠭᠡᠨ ᠠᠪᠬᠤ᠂ ᠡᠳ᠋ | ᠪᠠᠶᠠᠯᠢᠭ ᠢ ᠡᠭᠦᠳᠬᠦ ᠴᠢᠬᠤᠯᠠ ᠬᠦᠴᠦᠨ ᠮᠥᠨ᠃ ᠤᠯᠤᠰ ᠠᠴᠠ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠵᠤ᠂ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ | ᠪᠠᠭᠲᠠᠭᠠᠭᠰᠠᠨ ᠡᠯ᠎ᠡ ᠲᠦᠷᠦᠯ ᠤᠨ ᠥᠮᠴᠢᠯᠡᠯᠲᠦ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠠᠳᠠᠯᠢᠬᠠᠨ ᠬᠠᠨᠳᠤᠵᠤ | ᠂ ᠡᠷᠬᠡ ᠲᠡᠭᠰᠢ ᠥᠷᠢᠰᠥᠯᠳᠦᠭᠡᠨ ᠢ ᠬᠠᠮᠠᠭᠠᠯᠠᠵᠤ᠂ ᠨᠡᠩ ᠰᠠᠶᠢᠨ ᠬᠥᠭᠵᠢᠯᠲᠡ ᠶᠢ ᠠᠬᠢᠭᠤᠯᠤᠨ᠎ᠠ ᠭᠡᠵᠡᠢ᠃ | ᠯᠢ ᠺᠧ ᠴᠢᠶᠠᠩ ᠰᠢᠶᠠᠨ ᠬᠤ᠋ ᠶᠤᠸᠠᠨ ᠤ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠲᠣᠭᠤᠷᠢᠭ ᠲᠤ ᠬᠦᠷᠪᠡ᠃ ᠠᠳᠡ ᠡᠷᠦᠬᠡ ᠶᠡᠭᠡ ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ | ᠰᠤᠷᠭᠠᠭᠤᠯᠢ ᠠᠴᠠ ᠲᠡᠭᠦᠰᠦᠭᠰᠡᠳ᠂ ᠭᠠᠳᠠᠨ᠎ᠠ ᠠᠴᠠ ᠢᠷᠡᠵᠦ ᠬᠥᠯᠥᠰᠥᠨ ᠠᠵᠢᠯ ᠬᠢᠵᠦ ᠪᠠᠶᠢᠭ᠎ᠠ ᠬᠥᠮᠦᠰ ᠪᠠ | ᠣᠷᠣᠯᠭ᠎ᠠ ᠪᠠᠭ᠎ᠠ ᠲᠠᠢ ᠲᠦᠮᠡ ᠰᠢᠬᠠᠮ ᠡᠷᠦᠬᠡ ᠰᠠᠭᠤᠵᠤ ᠪᠠᠶᠢᠨ᠎ᠠ᠃ ᠯᠢ ᠺᠧ ᠴᠢᠶᠠᠩ ᠰᠠᠭᠤᠭᠠᠯᠢ ᠠᠷᠠᠳ ᠤᠨ | ᠬᠡᠷ ᠲᠤ ᠬᠦᠷᠴᠦ ᠣᠷᠣᠨ ᠰᠠᠭᠤᠴᠠ ᠶᠢᠨ ᠨᠥᠬᠦᠴᠡᠯ ᠢ ᠪᠠᠶᠢᠴᠠᠭᠠᠨ ᠦᠵᠡᠵᠦ᠂ ᠰᠠᠭᠤᠭᠠᠯᠢ ᠠᠷᠠᠳ ᠲᠠᠢ | ᠶᠠᠷᠢᠯᠴᠠᠵᠤ᠂ ᠠᠳᠡᠬᠢ ᠵᠢᠵᠢᠭ ᠬᠡᠯᠪᠡᠷᠢ ᠶᠢᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠥᠭᠵᠢᠭᠦᠯᠦᠭᠰᠡᠨ | ᠠᠵᠢᠯ ᠢ ᠮᠠᠭᠲᠠᠨ ᠰᠠᠶᠢᠰᠢᠶᠠᠪᠠ᠃ ᠲᠡᠷᠡ ᠬᠡᠯᠡᠬᠦ ᠳᠤ ᠪᠠᠨ᠂ ᠡᠨᠡ ᠨᠢ ᠨᠠᠩ ᠣᠯᠠᠨ ᠣᠷᠣᠨ ᠰᠠᠭᠤᠴᠠ ᠶᠢᠨ | ᠲᠠᠯ᠎ᠠ ᠪᠠᠷ ᠬᠦᠴᠢᠷᠳᠡᠯ ᠲᠠᠢ ᠣᠯᠠᠨ ᠲᠦᠮᠡᠨ ᠳᠤ ᠨᠠᠭᠠᠲᠤ ᠵᠠᠬ᠎ᠠ ᠶᠢᠨ ᠪᠠᠲᠤᠯᠠᠭ᠎ᠠ ᠬᠠᠩᠭᠠᠬᠤ ᠳᠤ ᠠᠰᠢᠭᠲᠠᠶ ᠪᠥᠭᠡᠳ | ᠬᠡᠷ ᠪᠠᠶᠢᠰᠢᠩ ᠤᠨ ᠴᠢᠳᠠᠮᠵᠢ ᠪᠦᠷᠢᠨ᠂ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠬᠤ ᠳᠤ ᠴᠦ ᠠᠰᠢᠭᠲᠠᠶ | ᠶᠤᠮ ᠭᠡᠵᠡᠶ᠃ ᠴᠥᠭᠡᠨ ᠪᠤᠰᠤ ᠬᠥᠮᠦᠰ ᠬᠤᠵᠢᠮ ᠬᠡᠷ ᠪᠠᠶᠢᠰᠢᠩ ᠬᠤᠳᠠᠯᠳᠤᠨ ᠠᠪᠬᠤ ᠶᠢ ᠬᠦᠰᠡᠵᠦ᠂ ᠴᠢᠷᠮᠠᠶᠢᠨ | ᠲᠡᠮᠡᠴᠡᠳᠡᠭ ᠯᠡ ᠶᠤᠮ ᠪᠣᠯ ᠨᠠᠩ ᠰᠠᠶᠢᠨ ᠠᠮᠢᠳᠤᠷᠠᠯ ᠢ ᠡᠳ᠋ᠯᠡᠬᠦ ᠶᠢ ᠪᠣᠯᠣᠨ᠎ᠠ ᠭᠡᠵᠡᠢ᠃ | ᠯᠢ ᠺᠧ ᠴᠢᠶᠠᠩ ᠭᠤᠸᠠᠩᠰᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠤᠭᠰᠠᠨ ᠠᠮᠵᠢᠯᠲᠠ ᠶᠢ | ᠭᠦᠢᠴᠡᠳ ᠨᠤᠲᠠᠯᠠᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠶᠢᠩᠭᠤᠵᠢᠭᠰᠠᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠥᠭᠡᠷᠡᠴᠢᠯᠡᠯᠲᠡ ᠨᠡᠬᠡᠬᠡᠯᠳᠡ ᠳᠤ | ᠲᠦᠰᠢᠭᠯᠡᠨ ᠠᠵᠤ ᠠᠬᠤᠢ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠠᠷᠠᠳ ᠤᠨ | ᠠᠮᠢᠳᠤᠷᠠᠯ ᠢ ᠲᠠᠰᠤᠷᠠᠯᠳᠡ ᠦᠭᠡᠢ ᠰᠠᠶᠢᠵᠢᠷᠠᠭᠤᠯᠵᠤ᠂ ᠳᠤᠮᠳᠠ ᠪᠠ ᠪᠠᠷᠠᠭᠤᠨ ᠣᠷᠣᠨ ᠤ ᠬᠥᠭᠵᠢᠯᠲᠡ ᠶᠢᠨ ᠡᠮᠦᠨ᠎ᠡ | ᠡᠩᠨᠡᠭᠡᠨ ᠳᠤ ᠶᠠᠪᠤᠬᠤ ᠶᠢ ᠬᠦᠰᠡᠵᠦ ᠪᠠᠶᠢᠨ᠎ᠠ ᠭᠡᠵᠡᠢ᠃ | ᠰᠢᠶᠤᠤ ᠵᠢᠶᠧ ᠪᠠᠷ᠎ᠠ ᠪᠤᠯᠵᠤ ᠰᠢᠨᠵᠢᠯᠡᠨ ᠪᠠᠶᠢᠴᠠᠭᠠᠪᠠ᠃ | |