ᠰᠤᠷᠪᠤᠯᠵᠢᠯᠠᠭᠴᠢ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ ᠲᠣᠭᠲᠠᠴᠠ ᠠᠴᠠ ᠣᠶᠢᠯᠠᠭᠠᠭᠰᠠᠨ ᠢᠶᠠᠷ᠂ 2021 ᠣᠨ ᠤ 9 ᠳ᠋ᠦ᠋ᠭᠡᠷ ᠰᠠᠷ᠎ᠠ ᠶᠢᠨ 18 ᠤ ᠡᠳᠦᠷ | ᠪᠣᠯᠲᠠᠯ᠎ᠠ᠂ 31 ᠮᠤᠵᠢ ︵ᠣᠷᠣᠨ᠂ ᠬᠤᠲᠠ︶ ᠵᠢᠴᠢ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ | ᠪᠠᠶᠢᠭᠤᠯᠤᠯᠲᠠ ᠶᠢᠨ ᠪᠢᠩᠲ᠋ᠤᠸᠠᠨ ᠨᠡᠶᠢᠲᠡ 217404.3 ᠲᠦᠮᠡᠨ ᠬᠥᠮᠥᠨ ᠰᠢᠨ᠎ᠡ ᠲᠢᠲᠢᠮᠯᠢᠭ ᠸᠢᠷᠦ᠋ᠰ ᠤᠨ | ᠸᠠᠺᠼᠢᠨ ᠤ ᠲᠠᠷᠢᠯᠭ᠎ᠠ ᠬᠢᠭᠰᠡᠨ ᠢ ᠮᠡᠳᠡᠭᠦᠯᠵᠦ᠂ ᠸᠠᠺᠼᠢᠨ ᠤ ᠲᠠᠷᠢᠯᠭ᠎ᠠ ᠬᠢᠭᠰᠡᠨ ᠪᠥᠬᠦ ᠬᠥᠮᠦᠨ ᠤ ᠲᠤᠭ᠎ᠠ | 110084.2 ᠲᠦᠮᠡ ᠳᠤ ᠬᠦᠷᠴᠦ᠂ ᠡᠭᠦᠨ ᠳᠤ ᠨᠢᠭᠡᠨᠲᠡ 102220.7 ᠲᠦᠮᠡᠨ ᠬᠥᠮᠦᠨ ᠪᠦᠬᠦ ᠶᠠᠪᠤᠴᠠ ᠶᠢᠨ | ᠲᠠᠷᠢᠯᠭ᠎ᠠ ᠬᠢᠵᠦ᠂ ᠲᠠᠷᠢᠯᠭ᠎ᠠ ᠬᠢᠭᠰᠡᠨ ᠪᠥᠬᠦ ᠬᠥᠮᠦᠨ ᠤ ᠲᠤᠭ᠎ᠠ ᠨᠢ ᠪᠥᠬᠦ ᠤᠯᠤᠰ ᠤᠨ ᠶᠡᠷᠦᠩᠬᠡᠢ ᠬᠥᠮᠦᠨ | ᠠᠮᠠ ᠶᠢᠨ 78% ᠶᠢ ᠡᠵᠡᠯᠡᠪᠡ᠃ ᠲᠠᠷᠢᠯᠭ᠎ᠠ ᠬᠢᠭᠰᠡᠨ ᠶᠡᠷᠦᠩᠬᠡᠶ ᠤᠳᠠᠭ᠎ᠠ ᠪᠠ ᠬᠠᠮᠤᠷᠤᠭᠰᠠᠨ ᠬᠥᠮᠦᠨ ᠤ | ᠲᠤᠭ᠎ᠠ ᠨᠢ ᠴᠥᠮ ᠳᠡᠯᠡᠬᠡᠶ ᠶᠢᠨ ᠲᠡᠷᠢᠭᠦᠨ ᠳᠤ ᠣᠷᠣᠵᠤ᠂ ᠬᠠᠮᠤᠷᠤᠭᠰᠠᠨ ᠨᠣᠷᠮ᠎ᠠ ᠨᠢ ᠪᠥᠬᠦ ᠳᠡᠯᠡᠬᠡᠶ ᠶᠢᠨ | ᠲᠡᠷᠢᠭᠦᠨ ᠳᠤ ᠣᠷᠣᠪᠠ᠃ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ | ᠢᠯᠡᠷᠬᠡᠶᠢᠯᠡᠬᠦ ᠳᠤ ᠪᠠᠨ᠂ ᠸᠠᠺᠼᠢᠨ ᠤ ᠲᠠᠷᠢᠯᠭ᠎ᠠ ᠶᠢᠨ ᠠᠵᠢᠯ ᠤᠨ ᠣᠯᠤᠭᠰᠠᠨ ᠠᠬᠢᠴᠠ ᠨᠢ ᠨᠠᠮ ᠤᠨ ᠲᠥᠪ ᠬᠤᠷᠢᠶ᠎ᠠ | ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠳᠤᠮᠳᠠᠳᠤ ᠤᠯᠤᠰ ᠤᠨ | ᠣᠨᠴᠠᠯᠢᠭ ᠪᠥᠬᠦᠶ ᠨᠡᠶᠢᠭᠡᠮ ᠵᠢᠷᠤᠮ ᠤᠨ ᠪᠠᠶᠢᠭᠤᠯᠤᠯ ᠤᠨ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠪᠦᠲᠦᠭᠡᠬᠦ | ᠥᠪᠡᠷᠮᠢᠴᠡ ᠳᠠᠪᠠᠭᠤᠯᠢᠭ ᠢ ᠭᠦᠢᠴᠡᠳ ᠢᠯᠡᠷᠡᠭᠦᠯᠵᠦ᠂ ᠪᠥᠬᠦ ᠤᠯᠤᠰ ᠤᠨ ᠠᠷᠠᠳ ᠲᠦᠮᠡᠨ ᠤ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ᠂ ᠡᠷᠡᠰ ᠰᠢᠭᠤᠷᠬᠠᠶ ᠪᠠᠷ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠶᠢ ᠢᠯᠡᠷᠡᠭᠦᠯᠪᠡ | ᠭᠡᠵᠡᠶ᠃ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠶᠡᠭᠡ ᠬᠡᠪᠴᠢᠶ᠎ᠡ ᠪᠠᠷ ᠡᠬᠢᠯᠡᠭᠦᠯᠦᠭᠰᠡᠨ ᠠᠴᠠ | ᠨᠠᠭᠠᠰᠢ᠂ ᠡᠯ᠎ᠡ ᠰᠠᠯᠠᠭ᠎ᠠ ᠮᠥᠴᠢᠷ ᠡᠯ᠎ᠡ ᠭᠠᠵᠠᠷ ᠣᠷᠣᠨ ᠤ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠲᠥᠷᠥ ᠶᠢᠨ ᠶᠠᠪᠤᠳᠠᠯ ᠤᠨ | ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠲᠣᠬᠢᠷᠠᠭᠤᠯᠤᠯᠲᠠ ᠶᠣᠰᠣᠭᠠᠷ᠂ | ᠣᠯᠠᠨ ᠶᠠᠩᠵᠤ ᠶᠢᠨ ᠦᠢᠯᠡᠴᠢᠯᠡᠭᠡᠨ ᠤ ᠬᠡᠯᠪᠡᠷᠢ ᠶᠢᠨ ᠰᠢᠨᠡᠴᠢᠯᠡᠯᠲᠡ ᠬᠢᠵᠦ᠂ ᠲᠠᠷᠢᠯᠭ᠎ᠠ ᠶᠢᠨ ᠴᠠᠭ ᠪᠠ | ᠲᠠᠷᠢᠯᠭ᠎ᠠ ᠶᠢᠨ ᠲᠠᠯᠠᠪᠤᠷ ᠢ ᠵᠦᠶ ᠵᠣᠬᠢᠰᠲᠠᠶ ᠳᠣᠭᠢᠷᠠᠭᠤᠯᠤᠨ᠂ ᠨᠡᠪᠲᠡᠷᠡᠯᠴᠡᠵᠦ ᠮᠡᠳᠡᠭᠳᠡᠬᠦ᠂ ᠪᠠᠶᠢᠳᠠᠯ ᠢ ᠣᠶᠢᠯᠠᠭᠠᠵᠤ | ᠲᠣᠭᠠᠯᠠᠨ ᠪᠦᠷᠢᠳᠬᠡᠬᠦ᠂ ᠤᠬᠠᠭᠤᠯᠤᠨ ᠬᠥᠮᠦᠵᠢᠭᠦᠯᠬᠦ ᠠᠵᠢᠯ ᠢ ᠢᠳᠡᠪᠬᠢᠲᠡᠶ ᠰᠠᠶᠢᠲᠤᠷ ᠬᠢᠵᠦ᠂ ᠲᠠᠷᠢᠯᠭ᠎ᠠ ᠶᠢᠨ | ᠠᠵᠢᠯ ᠢ ᠯᠠᠪᠳᠠᠭᠤᠨ ᠢᠶᠠᠷ ᠠᠬᠢᠭᠤᠯᠪᠠ᠃ | 2020 ᠣᠨ ᠤ 12 ᠳ᠋ᠤᠭᠠᠷ ᠰᠠᠷ᠎ᠠ ᠶᠢᠨ 15 ᠤ ᠡᠳᠦᠷ᠂ ᠮᠠᠨ ᠤ ᠤᠯᠤᠰ ᠭᠤᠤᠯᠳᠠᠯᠭ᠎ᠠ ᠲᠠᠢ | ᠬᠥᠮᠦᠰ ᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠠᠵᠢᠯ ᠢ ᠵᠢᠩᠬᠢᠨᠢ ᠪᠠᠷ ᠡᠬᠢᠯᠡᠭᠦᠯᠪᠡ︔ | 2021 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠬᠢᠯᠡᠨ᠂ ᠠᠷᠠᠳ ᠢᠷᠭᠡᠳ ᠪᠦᠬᠦᠨ ᠢᠶᠠᠷ ᠢᠶᠠᠨ | ᠰᠦᠢᠳᠬᠡᠯ ᠬᠤᠷᠢᠶᠠᠬᠤ ᠥᠬᠡᠶ ᠪᠠᠷ ᠲᠠᠷᠢᠯᠭ᠎ᠠ ᠲᠠᠷᠢᠬᠤ ᠶᠢ ᠲᠦᠷᠭᠡᠳᠬᠡᠨ ᠠᠬᠢᠭᠤᠯᠪᠠ︔ ᠡᠭᠦᠨ ᠠᠴᠠ ᠰᠡᠭᠦᠯᠡᠷ᠂ | ︽ᠨᠢᠭᠡ ᠨᠠᠰᠤᠲᠠᠨ ᠨᠢᠭᠡ ᠬᠡᠦᠬᠡᠳ︾ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠴᠤ | ᠯᠠᠪᠳᠠᠭᠤᠨ ᠢᠶᠠᠷ ᠠᠭᠢᠪᠠ ᠁ ᠠᠯᠢ ᠣᠯᠠᠨ ᠴᠢᠬᠤᠯᠠ ᠠᠷᠭ᠎ᠠ ᠬᠡᠮᠵᠢᠶ᠎ᠡ ᠪᠠᠷ ᠳᠠᠮᠵᠢᠭᠤᠯᠤᠨ ᠸᠠᠺᠼᠢᠨ ᠢ | ᠬᠠᠮᠤᠭ ᠤᠨ ᠶᠡᠭᠡ ᠬᠡᠮᠵᠢᠶ᠎ᠡ ᠪᠠᠷ ᠣᠯᠠᠨ ᠲᠦᠮᠡᠨ ᠳᠤ ᠬᠦᠷᠲᠡᠭᠡᠵᠦ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ | ᠪᠠᠶᠢᠭᠠᠳ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ | ᠬᠠᠮᠠᠭᠠᠯᠠᠬᠤ ᠪᠠᠷ ᠵᠣᠷᠢᠭᠰᠠᠨ ᠪᠠᠶᠢᠨ᠎ᠠ᠃ | ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠡᠭᠡᠯᠢᠯᠡᠭᠡ ᠶᠢᠨ | ᠲᠥᠯᠥᠪᠵᠢᠭᠦᠯᠭᠡ ᠶᠢᠨ ᠠᠬᠠᠯᠠᠬᠤ ᠲᠤᠰᠬᠠᠶ ᠮᠡᠷᠭᠡᠵᠢᠯᠲᠡᠨ ᠸᠠᠩ ᠬᠤᠸᠠ ᠴᠢᠩ ᠬᠡᠯᠡᠬᠦ ᠳᠤ ᠪᠠᠨ᠂ ᠲᠠᠷᠢᠯᠭ᠎ᠠ ᠬᠢᠬᠦ | ᠬᠥᠮᠦᠨ ᠬᠡᠳᠦᠶ ᠣᠯᠠᠨ ᠪᠣᠯᠬᠤ ᠲᠤᠲᠤᠮ ᠸᠠᠺᠼᠢᠨ ᠤ ᠦᠵᠡᠭᠦᠯᠬᠦ ᠬᠠᠮᠠᠭᠠᠯᠠᠯᠲᠠ ᠶᠢᠨ ᠦᠢᠯᠡᠳᠦᠯ ᠨᠢ ᠲᠡᠳᠦᠶ ᠶᠡᠭᠡ | ᠪᠣᠯᠵᠣ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠳᠡᠯᠭᠡᠷᠡᠬᠦ ᠶᠢ ᠡᠵᠡᠮᠳᠡᠬᠦ ᠳᠤ ᠰᠠᠭᠤᠷᠢ ᠲᠠᠯᠪᠢᠬᠤ | ᠪᠣᠯᠤᠨ᠎ᠠ ᠭᠡᠵᠡᠶ᠃ | ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠪᠠ ᠣᠯᠠᠨ ᠲᠦᠮᠡᠨ ᠤ ᠬᠡᠷᠡᠭᠴᠡᠭᠡ ᠳᠤ ᠰᠠᠭᠤᠷᠢᠯᠠᠨ᠂ | ᠲᠠᠷᠠᠭᠠᠴᠢ ᠶᠢᠨ ᠲᠠᠷᠢᠯᠭ᠎ᠠ ᠶᠢᠨ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠸᠠᠺᠼᠢᠨ ᠤ | ᠲᠠᠷᠢᠯᠭ᠎ᠠ ᠬᠢᠭᠰᠡᠨ ᠬᠥᠮᠦᠰ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠷᠠᠳ | ᠣᠯᠠᠨ ᠤ ᠪᠡᠶ᠎ᠡ ᠶᠢᠨ ᠡᠷᠡᠭᠦᠯ ᠮᠡᠨᠳᠦ ᠶᠢ ᠦᠨᠡᠨ ᠬᠦ ᠬᠠᠮᠠᠭᠠᠯᠠᠬᠤ ᠪᠠᠷ ᠪᠤᠢ᠃ |