ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 20 ᠤ ᠴᠠᠬᠢᠯᠭᠠᠨ ᠮᠡᠳᠡᠭᠡ 9 ᠰᠠᠷ᠎ᠠ ᠶᠢᠨ 20 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠯᠵᠧᠷᠢᠶ᠎ᠠ ᠶᠢᠨ ᠤᠤᠯ ᠤᠨ ᠶᠡᠷᠦᠩᠬᠡᠶᠢᠯᠡᠭᠴᠢ | ᠪᠦᠲ᠋ᠧᠹᠯᠢᠺᠠ ᠶᠢᠨ ᠨᠠᠰᠤ ᠪᠠᠷᠠᠭᠰᠠᠨ ᠳᠤᠬᠠᠢ ᠠᠯᠵᠧᠷᠢᠶ᠎ᠠ ᠶᠢᠨ ᠶᠡᠷᠦᠩᠬᠡᠶᠢᠯᠡᠭᠴᠢ ᠲᠧᠪᠧᠨ ᠳᠤ ᠭᠠᠰᠢᠭᠤᠳᠠᠯ ᠤᠨ | ᠴᠠᠬᠢᠯᠭᠠᠨ ᠴᠢᠮᠡᠭᠡ ᠶᠠᠪᠤᠭᠤᠯᠪᠠ᠃ | ᠰᠢ ᠶᠢᠨ ᠫᠢᠩ ᠭᠠᠰᠢᠭᠤᠳᠠᠯ ᠤᠨ ᠴᠠᠬᠢᠯᠭᠠᠨ ᠴᠢᠮᠡᠭᠡ ᠳᠡᠭᠡᠨ᠂ ᠪᠦᠲ᠋ᠧᠹᠯᠢᠺᠠ ᠠᠪᠤᠭᠠᠢ ᠪᠣᠯ ᠠᠯᠵᠧᠷᠢᠶ᠎ᠠ᠂ | ᠠᠷᠠᠪ ᠤᠨ ᠶᠢᠷᠲᠢᠨᠴᠦ᠂ ᠠᠹᠷᠢᠺᠠ ᠲᠢᠪ ᠤᠨ ᠭᠠᠷᠮᠠᠭᠠᠢ ᠤᠯᠤᠰ ᠲᠦᠷᠦᠴᠢᠨ ᠪᠠ ᠦᠨᠳᠦᠰᠦᠲᠡᠨ ᠤ | ᠴᠢᠯᠥᠭᠡᠯᠡᠯᠲᠡ ᠶᠢᠨ ᠬᠥᠳᠡᠯᠭᠡᠭᠡᠨ ᠤ ᠤᠳᠤᠷᠢᠳᠬᠤ ᠬᠥᠮᠦᠨ ᠪᠣᠯᠤᠨ᠎ᠠ᠂ ᠳᠤᠮᠳᠠᠳᠤ ᠤᠯᠤᠰ ᠤᠨ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠳᠠᠬᠢ ᠬᠠᠤᠯᠢ ᠶᠣᠰᠣᠨ ᠤ ᠪᠠᠶᠢᠷᠢ ᠰᠠᠭᠤᠷᠢ ᠶᠢ ᠰᠡᠷᠭᠦᠭᠡᠬᠦ ᠳᠤ ᠴᠢᠬᠤᠯᠠ ᠬᠤᠪᠢ ᠨᠡᠮᠡᠷᠢ | ᠦᠵᠡᠭᠦᠯᠦᠭᠰᠡᠨ ᠶᠤᠮ᠃ ᠲᠡᠷᠡ ᠶᠡᠷᠦᠩᠬᠡᠶᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠬᠰᠠᠨ | ᠬᠤᠭᠤᠴᠠᠭᠠᠨ ᠳᠠᠭᠠᠨ᠂ ᠳᠤᠮᠳᠠᠳᠤ ᠠᠯᠵᠧᠷᠢᠶ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠢᠳᠡᠪᠬᠢᠲᠡᠢ ᠠᠬᠢᠭᠤᠯᠵᠤ᠂ | ᠬᠤᠶᠠᠷ ᠤᠯᠤᠰ ᠤᠨ ᠨᠥᠬᠦᠷᠰᠡᠭ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠠᠷᠠᠳ | ᠲᠦᠮᠡᠨ ᠤ ᠨᠥᠬᠦᠷᠯᠡᠯ ᠢ ᠵᠤᠵᠠᠭᠠᠳᠬᠠᠵᠠᠢ᠃ ᠲᠡᠭᠦᠨ ᠤ ᠨᠠᠰᠤ ᠪᠠᠷᠠᠭᠰᠠᠨ ᠨᠢ ᠳᠤᠮᠳᠠᠳᠤ ᠤᠯᠤᠰ ᠤᠨ ᠠᠷᠠᠳ | ᠲᠦᠮᠡᠨ ᠤ ᠨᠢᠭᠡᠨ ᠬᠠᠭᠤᠴᠢᠨ ᠨᠠᠶᠢᠵᠠ ᠪᠠᠨ ᠠᠯᠳᠠᠬᠰᠠᠨ ᠶᠠᠪᠤᠳᠠᠯ ᠪᠤᠯᠤᠨ᠎ᠠ᠃ ᠳᠤᠮᠳᠠᠳᠤ ᠤᠯᠤᠰ ᠤᠨ ᠬᠢᠨ | ᠳᠤᠮᠳᠠᠳᠤ ᠠᠯᠵᠧᠷᠢᠶ᠎ᠠ ᠶᠢᠨ ᠤᠯᠠᠮᠵᠢᠯᠠᠯᠲᠤ ᠨᠥᠬᠦᠷᠯᠡᠯ ᠢ ᠨᠠᠨᠳᠢᠩᠨᠠᠵᠤ᠂ ᠳᠤᠷᠠᠲᠠᠶ᠎ᠠ ᠠᠯᠵᠧᠷᠢᠶ᠎ᠠ ᠶᠢᠨ ᠵᠠᠰᠠᠭ ᠤᠨ | ᠣᠷᠳᠣᠨ ᠪᠣᠯᠤᠨ ᠠᠷᠠᠳ ᠲᠦᠮᠡᠨ ᠲᠠᠢ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠲᠠᠯ᠎ᠠ ᠶᠢᠨ ᠡᠯ᠎ᠡ ᠬᠦᠷᠢᠶᠡᠨ ᠤ | ᠬᠠᠮᠲᠤᠷᠠᠯᠴᠠᠭ᠎ᠠ ᠶᠢ ᠥᠷᠭᠡᠳᠬᠡᠨ ᠭᠦᠨᠵᠡᠭᠡᠶᠢᠷᠡᠭᠦᠯᠵᠦ᠂ ᠳᠤᠮᠳᠠᠳᠤ ᠠᠯᠵᠧᠷᠢᠶ᠎ᠠ ᠶᠢᠨ ᠪᠥᠬᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠥᠬᠡᠶ ᠬᠥᠭᠵᠢᠬᠦ ᠶᠢ ᠠᠬᠢᠭᠤᠯᠤᠨ᠎ᠠ ᠭᠡᠵᠦ ᠵᠢᠭᠠᠵᠤ | ᠭᠠᠷᠭᠠᠪᠠ᠃ |