ᠯᠢ ᠺᠧ ᠴᠢᠶᠠᠩ ᠬᠤᠷᠠᠯ ᠢ ᠡᠷᠭᠢᠯᠡᠵᠦ ᠯᠢ ᠵᠠᠨ ᠱᠤ᠋ ᠸᠠᠩ ᠶᠠᠩ ᠵᠣᠣ ᠯᠧ ᠵᠢᠶ ᠬᠠᠨ ᠵᠧᠩ | ᠬᠤᠷᠠᠯ ᠳᠤ ᠣᠷᠣᠯᠴᠠᠵᠤ ᠸᠠᠩ ᠬᠤ᠋ ᠨᠢᠩ ᠶᠠᠷᠢᠶ᠎ᠠ ᠲᠠᠯᠪᠢᠵᠠᠶ | | | | | | 9 ᠰᠠᠷ᠎ᠠ ᠶᠢᠨ 27 ᠠᠴᠠ 28 ᠤ ᠡᠳᠦᠷ ᠪᠣᠯᠲᠠᠯ᠎ᠠ᠂ ᠲᠦᠪ ᠤᠨ ᠴᠢᠳᠠᠪᠦᠷᠢᠲᠠᠨ ᠤ ᠠᠵᠢᠯ ᠤᠨ ᠬᠤᠷᠠᠯ | ᠪᠡᠭᠡᠵᠢᠩ ᠳᠤ ᠬᠤᠷᠠᠯᠳᠤᠪᠠ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ | ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠬᠤᠷᠠᠯ ᠳᠤ ᠣᠷᠣᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠣᠸᠠᠢ ᠷᠧᠨ ᠰᠡᠭᠦᠳᠡᠷᠯᠡᠪᠡ | ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 28 ᠤ ᠴᠠᠬᠢᠯᠭᠠᠨ ᠮᠡᠳᠡᠭᠡ ᠲᠥᠪ ᠤᠨ | ᠴᠢᠳᠠᠪᠤᠷᠢᠲᠠᠨ ᠤ ᠠᠵᠢᠯ ᠤᠨ ᠬᠤᠷᠠᠯ 9 ᠰᠠᠷ᠎ᠠ ᠶᠢᠨ 27 ᠠᠴᠠ 28 ᠤ ᠡᠳᠦᠷ ᠪᠣᠯᠲᠠᠯ᠎ᠠ ᠪᠡᠭᠡᠵᠢᠩ ᠳᠤ | ᠬᠤᠷᠠᠯᠳᠤᠪᠠ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠬᠤᠷᠠᠯ ᠳᠤ ᠣᠷᠣᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠵᠤ᠂ ᠨᠠᠮ ᠠᠴᠠ ᠴᠢᠳᠠᠪᠤᠷᠢᠲᠠᠨ ᠢ ᠬᠠᠮᠢᠶᠠᠷᠬᠤ ᠶᠢ | ᠪᠠᠷᠢᠮᠲᠠᠯᠠᠵᠤ᠂ ᠳᠡᠯᠡᠬᠡᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠳᠤ ᠬᠠᠨᠳᠤᠭᠤᠯᠬᠤ᠂ ᠠᠵᠤ | ᠠᠬᠤᠶ ᠶᠢᠨ ᠭᠤᠤᠯ ᠲᠡᠶᠢᠯᠠᠯᠳᠤᠭᠠᠨ ᠤ ᠲᠠᠯᠠᠪᠤᠷ ᠲᠤ ᠬᠠᠨᠳᠤᠭᠤᠯᠬᠤ᠂ ᠤᠯᠤᠰ ᠤᠨ ᠴᠢᠬᠤᠯᠠ ᠶᠡᠭᠡ ᠬᠡᠷᠡᠭᠴᠡᠭᠡ ᠳᠤ | ᠬᠠᠨᠳᠤᠭᠤᠯᠬᠤ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠳᠤ ᠬᠠᠨᠳᠤᠭᠤᠯᠬᠤ ᠶᠢ ᠪᠠᠷᠢᠮᠳᠠᠯᠠᠵᠤ᠂ ᠰᠢᠨ᠎ᠡ ᠴᠠᠭ | ᠦᠶ᠎ᠡ ᠶᠢᠨ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠬᠡᠷᠡᠭᠵᠢᠭᠦᠯᠵᠦ᠂ ᠴᠢᠳᠠᠪᠤᠷᠢᠲᠠᠨ ᠢ ᠪᠦᠬᠦ ᠲᠠᠯ᠎ᠠ ᠪᠠᠷ ᠬᠥᠮᠦᠵᠢᠭᠦᠯᠵᠦ᠂ ᠣᠷᠣᠭᠤᠯᠤᠨ ᠠᠪᠴᠢᠷᠠᠵᠤ᠂ ᠰᠠᠶᠢᠲᠤᠷ | ᠬᠡᠷᠡᠭᠯᠡᠵᠦ᠂ ᠳᠡᠯᠡᠬᠡᠢ ᠶᠢᠨ ᠴᠢᠬᠤᠯᠠ ᠴᠢᠳᠠᠪᠤᠷᠢᠲᠠᠨ ᠤ ᠲᠥᠪ ᠪᠠ ᠰᠢᠨ᠎ᠡ ᠶᠢ ᠡᠭᠦᠳᠬᠦ ᠥᠨᠳᠦᠷᠯᠢᠭ ᠢ ᠲᠦᠷᠭᠡᠳᠭᠡᠨ | ᠪᠠᠶᠢᠭᠤᠯᠵᠤ᠂ 2035 ᠣᠨ ᠪᠤᠯᠳᠠᠯ᠎ᠠ ᠨᠡᠶᠢᠭᠡᠮ ᠵᠢᠷᠤᠮᠳᠤ ᠣᠳᠣᠬᠢᠴᠢᠯᠠᠯᠲᠠ ᠶᠢ ᠦᠨᠳᠦᠰᠦᠨ ᠳᠡᠭᠡᠨ | ᠪᠡᠶᠡᠯᠡᠭᠦᠯᠬᠦ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠵᠤ᠂ 2050 ᠣᠨ ᠪᠤᠯᠳᠠᠯ᠎ᠠ ᠨᠡᠶᠢᠭᠡᠮ ᠵᠢᠷᠤᠮᠳᠤ | ᠣᠳᠣᠬᠢᠴᠢᠯᠠᠭᠰᠠᠨ ᠬᠦᠴᠦᠷᠬᠡᠭ ᠤᠯᠤᠰ ᠢ ᠪᠥᠬᠦ ᠲᠠᠯ᠎ᠠ ᠪᠠᠷ ᠪᠡᠶᠡᠯᠡᠭᠦᠯᠬᠦ ᠳᠤ ᠴᠢᠳᠠᠪᠤᠷᠢᠲᠠᠨ ᠤ ᠰᠠᠭᠤᠷᠢ ᠶᠢ | ᠰᠠᠶᠢᠲᠤᠷ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠯᠢ ᠺᠧ ᠴᠢᠶᠠᠩ ᠬᠤᠷᠠᠯ ᠢ ᠡᠷᠬᠢᠯᠡᠪᠡ᠃ ᠯᠢ ᠵᠠᠨ ᠱᠤ᠋᠂ ᠸᠠᠩ ᠶᠠᠩ᠂ ᠵᠤᠤ ᠯᠧ ᠵᠢᠢ᠂ ᠬᠠᠨ ᠵᠧᠩ | ᠬᠤᠷᠠᠯ ᠳᠤ ᠣᠷᠣᠯᠴᠠᠪᠠ᠃ ᠸᠠᠩ ᠬᠤ᠋ ᠨᠢᠩ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃ | ᠰᠢ ᠶᠢᠨ ᠫᠢᠩ ᠶᠠᠷᠢᠶᠠᠨ ᠳᠠᠭᠠᠨ᠂ ᠵᠠᠭᠤᠨ ᠵᠢᠯ ᠤᠨ ᠲᠡᠮᠡᠴᠡᠯ ᠤᠨ ᠶᠠᠪᠤᠴᠠ ᠳᠤ᠂ ᠮᠠᠨ ᠤ ᠨᠠᠮ ᠢᠮᠠᠭᠲᠠ | ᠴᠢᠳᠠᠪᠤᠷᠢᠲᠠᠨ ᠢ ᠬᠥᠮᠦᠵᠢᠭᠦᠯᠬᠦ᠂ ᠴᠢᠳᠠᠪᠤᠷᠢᠲᠠᠨ ᠢ ᠪᠦᠯᠬᠦᠮᠳᠡᠭᠦᠯᠬᠦ᠂ ᠴᠢᠳᠠᠪᠤᠷᠢᠲᠠᠨ ᠢ ᠬᠦᠳᠦᠯᠦᠨ ᠳᠠᠭᠠᠭᠤᠯᠬᠤ᠂ | ᠴᠢᠳᠠᠪᠤᠷᠢᠲᠠᠨ ᠢ ᠠᠮᠵᠢᠯᠳᠠ ᠤᠯᠭᠤᠭᠤᠯᠬᠤ ᠶᠢ ᠴᠢᠬᠤᠯᠠᠴᠢᠯᠠᠵᠤ᠂ ᠡᠯ᠎ᠡ ᠲᠠᠯ᠎ᠠ ᠶᠢᠨ ᠴᠢᠳᠠᠪᠤᠷᠢᠲᠠᠨ ᠢ | ᠪᠦᠯᠬᠦᠮᠳᠡᠭᠦᠯᠦᠨ ᠳᠡᠮᠵᠢᠵᠦ ᠨᠠᠮ ᠪᠣᠯᠤᠨ ᠠᠷᠠᠳ ᠲᠦᠮᠡᠨ ᠤ ᠦᠢᠯᠡᠰ ᠲᠤ ᠭᠠᠪᠢᠶ᠎ᠠ ᠵᠢᠳᠬᠦᠯ ᠦᠵᠡᠭᠦᠯᠵᠡᠢ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶᠠᠨ ᠠᠴᠠ ᠴᠢᠳᠠᠪᠤᠷᠢᠲᠠᠨ ᠪᠣᠯ | ᠦᠨᠳᠦᠰᠦᠲᠡᠨ ᠤ ᠮᠠᠨᠳᠤᠯᠳᠠ ᠶᠢ ᠪᠡᠶᠡᠯᠡᠭᠦᠯᠬᠦ᠂ ᠤᠯᠠᠨ ᠤᠯᠤᠰ ᠤᠨ ᠥᠷᠢᠰᠥᠯᠳᠦᠭᠡᠨ ᠤ ᠰᠠᠨᠠᠭᠠᠴᠢᠯᠠᠭᠠᠲᠤ ᠡᠷᠬᠡ ᠶᠢ | ᠤᠯᠬᠤ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠮᠥᠨ ᠭᠡᠬᠦ ᠴᠢᠬᠤᠯᠠ ᠶᠡᠭᠡ ᠮᠠᠭᠠᠳᠯᠠᠯᠲᠠ ᠭᠠᠷᠭᠠᠵᠤ᠂ | ᠴᠢᠳᠠᠪᠤᠷᠢᠲᠠᠨ ᠢ ᠪᠦᠬᠦ ᠲᠠᠯ᠎ᠠ ᠪᠠᠷ ᠬᠥᠮᠦᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ ᠴᠢᠬᠤᠯᠠ ᠶᠡᠭᠡ | ᠪᠠᠶᠢᠷᠢᠯᠠᠭᠤᠯᠤᠯᠲᠠ ᠬᠢᠵᠦ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠤᠨ ᠲᠡᠦᠬᠡᠲᠦ ᠴᠢᠨᠠᠷᠲᠠᠢ ᠠᠮᠵᠢᠯᠲᠠ | ᠪᠦᠲᠦᠮᠵᠢ ᠤᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠪᠠ᠃ ᠴᠢᠳᠠᠪᠤᠷᠢᠲᠠᠨ ᠤ ᠠᠵᠢᠯ ᠳᠠᠬᠢ | ᠨᠠᠮ ᠤᠨ ᠤᠳᠤᠷᠢᠳᠤᠯᠭ᠎ᠠ ᠪᠦᠬᠦ ᠲᠠᠯ᠎ᠠ ᠪᠠᠷ ᠴᠢᠩᠭᠠᠳᠴᠤ᠂ ᠴᠢᠳᠠᠪᠤᠷᠢᠲᠠᠨ ᠤ ᠡᠩᠨᠡᠭᠡ ᠦᠳᠲᠡᠷ ᠲᠦᠷᠭᠡᠨ | ᠪᠤᠵᠠᠭᠠᠶᠢᠷᠠᠵᠤ᠂ ᠴᠢᠳᠠᠪᠤᠷᠢᠲᠠᠨ ᠤ ᠬᠦᠴᠦᠨ ᠴᠢᠳᠠᠪᠤᠷᠢ ᠦᠷᠭᠦᠯᠵᠢᠯᠡᠨ ᠴᠢᠩᠭᠠᠷᠠᠵᠤ᠂ ᠴᠢᠳᠠᠪᠤᠷᠢᠲᠠᠨ ᠤ | ᠬᠠᠷᠢᠴᠠᠩᠭᠤᠢ ᠳᠠᠪᠠᠭᠤᠯᠢᠭ ᠲᠣᠭᠲᠠᠭᠤᠨ ᠢᠶᠠᠷ ᠴᠢᠩᠭᠠᠷᠠᠵᠤ᠂ ᠮᠠᠨ ᠤ ᠤᠯᠤᠰ ᠨᠢᠭᠡᠨᠲᠡ ᠬᠡᠪᠴᠢᠶ᠎ᠡ ᠪᠠᠷ ᠯᠤᠳᠤ ᠶᠡᠭᠡ | ᠂ ᠬᠡᠪ ᠴᠢᠨᠠᠷ ᠰᠢᠯᠢᠳᠡᠭ ᠰᠠᠶᠢᠨ᠂ ᠪᠦᠲᠦᠴᠡ ᠨᠢ ᠲᠠᠰᠤᠷᠠᠯᠳᠠ ᠦᠭᠡᠢ ᠰᠢᠯᠢᠳᠡᠭᠵᠢᠵᠦ᠂ ᠦᠢᠯᠡᠳᠦᠯ ᠨᠢ ᠡᠳᠦᠷ | ᠢᠷᠡᠬᠦᠶ᠎ᠡ ᠲᠤᠪᠤᠶᠢᠮ᠎ᠠ ᠪᠣᠯᠤᠭᠰᠠᠨ ᠨᠢᠭᠡᠨ ᠰᠠᠯᠠᠭ᠎ᠠ ᠴᠢᠳᠠᠪᠤᠷᠢᠲᠠᠨ ᠤ ᠡᠩᠨᠡᠭᠡ ᠲᠠᠢ ᠪᠤᠯᠵᠤ᠂ ᠮᠠᠨ ᠤ ᠤᠯᠤᠰ ᠤᠨ | ᠴᠢᠳᠠᠪᠤᠷᠢᠲᠠᠨ ᠤ ᠠᠵᠢᠯ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠪᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠣᠳᠣᠬᠠᠨ ᠳᠤ ᠮᠠᠨ ᠤ ᠤᠯᠤᠰ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ | ᠰᠢᠨ᠎ᠡ ᠠᠶᠠᠨ ᠳᠤ ᠮᠤᠷᠳᠠᠵᠤ᠂ ᠪᠢᠳᠠ ᠲᠡᠦᠬᠡ ᠶᠢᠨ ᠠᠯᠢ ᠴᠤ ᠦᠶ᠎ᠡ ᠠᠴᠠ ᠢᠯᠡᠭᠦᠦ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠬᠠᠷᠠᠯᠲᠠ ᠳᠤ ᠣᠶᠢᠷᠠᠳᠴᠤ᠂ ᠪᠠᠰᠠ | ᠲᠡᠦᠬᠡ ᠶᠢᠨ ᠠᠯᠢ ᠴᠤ ᠦᠶ᠎ᠡ ᠠᠴᠠ ᠢᠯᠡᠭᠦᠦ ᠴᠢᠳᠠᠪᠤᠷᠢᠲᠠᠨ ᠢ ᠬᠦᠰᠡᠨ ᠱᠠᠭᠠᠷᠳᠠᠵᠤ ᠪᠠᠶᠢᠨ᠎ᠠ᠃ ᠪᠢᠳᠡᠨ ᠤ | ᠲᠡᠮᠡᠴᠡᠯ ᠤᠨ ᠬᠠᠷᠠᠯᠲᠠ ᠪᠠᠨ ᠪᠡᠶᠡᠯᠡᠭᠦᠯᠬᠦ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠨᠳᠥᠷ ᠲᠦᠪᠰᠢᠨ | ᠪᠦᠬᠦᠢ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠪᠣᠯ ᠵᠠᠩᠭᠢᠯᠠᠭ᠎ᠠ ᠪᠣᠯᠤᠨ᠎ᠠ᠃ ᠤᠯᠤᠰ ᠤᠨ ᠶᠡᠷᠦᠩᠬᠡᠶᠢᠯᠡᠭᠰᠡᠨ | ᠬᠦᠴᠦᠨ ᠤ ᠥᠷᠢᠰᠥᠯᠳᠦᠭᠡᠨ ᠨᠢ ᠡᠴᠦᠰ ᠤᠨ ᠡᠴᠦᠰ ᠲᠡᠭᠡᠨ ᠴᠢᠳᠠᠪᠤᠷᠢᠲᠠᠨ ᠤ ᠥᠷᠢᠰᠥᠯᠳᠦᠭᠡᠨ ᠪᠣᠯᠤᠨ᠎ᠠ᠃ | ᠴᠢᠳᠠᠪᠤᠷᠢᠲᠠᠨ ᠪᠣᠯ ᠨᠢᠭᠡ ᠤᠯᠤᠰ ᠤᠨ ᠤᠯᠤᠰ ᠤᠨ ᠶᠡᠷᠦᠩᠬᠡᠶᠢᠯᠡᠭᠰᠡᠨ ᠬᠦᠴᠦᠨ ᠢ ᠬᠡᠮᠵᠢᠬᠦ ᠴᠢᠬᠤᠯᠠ ᠭᠦᠢᠴᠡᠳᠬᠡᠯ | ᠲᠤᠭ᠎ᠠ ᠮᠥᠨ᠃ ᠤᠯᠤᠰ ᠤᠨ ᠬᠥᠭᠵᠢᠯᠲᠡ ᠴᠢᠳᠠᠪᠤᠷᠢᠲᠠᠨ ᠳᠤ ᠲᠦᠰᠢᠭᠯᠡᠨ᠎ᠡ᠂ ᠦᠨᠳᠦᠰᠦᠲᠡᠨ ᠤ ᠮᠠᠨᠳᠤᠯᠳᠠ | ᠴᠢᠳᠠᠪᠤᠷᠢᠲᠠᠨ ᠳᠤ ᠲᠦᠰᠢᠭᠯᠡᠨ᠎ᠡ᠃ ᠪᠢᠳᠡ ᠡᠷᠬᠡᠪᠰᠢ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ | ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠶᠢ ᠨᠡᠩ ᠴᠢᠬᠤᠯᠠᠴᠢᠯᠠᠨ᠂ ᠴᠢᠳᠠᠪᠤᠷᠢᠲᠠᠨ ᠤ ᠡᠬᠢ | ᠪᠠᠶᠠᠯᠢᠭ ᠤᠨ ᠥᠷᠢᠰᠥᠯᠳᠦᠭᠡᠨ ᠤ ᠳᠠᠪᠠᠭᠤᠯᠢᠭ ᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ | ᠶᠠᠭᠤᠨ ᠳᠤ ᠴᠢᠳᠠᠪᠤᠷᠢᠲᠠᠨ ᠤ ᠬᠦᠴᠦᠷᠭᠡᠭ ᠤᠯᠤᠰ ᠢ ᠪᠦᠲᠦᠭᠡᠨ ᠪᠠᠶᠢᠭᠤᠯᠬᠤ᠂ ᠴᠢᠳᠠᠪᠤᠷᠢᠲᠠᠨ ᠤ ᠬᠦᠴᠦᠷᠭᠡᠭ | ᠤᠯᠤᠰ ᠨᠢ ᠶᠠᠮᠠᠷ ᠪᠠᠶᠢᠬᠤ᠂ ᠴᠢᠳᠠᠪᠤᠷᠢᠲᠠᠨ ᠤ ᠬᠦᠴᠦᠷᠭᠡᠭ ᠤᠯᠤᠰ ᠢ ᠬᠡᠷᠬᠢᠨ ᠪᠦᠲᠦᠬᠡᠨ ᠪᠠᠶᠢᠭᠤᠯᠬᠤ ᠴᠢᠬᠤᠯᠠ | ᠶᠡᠭᠡ ᠤᠨᠤᠯ ᠪᠠ ᠦᠢᠯᠡᠳᠦᠯᠭᠡ ᠶᠢᠨ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ᠂ ᠠᠯᠢ ᠤᠯᠠᠨ ᠰᠢᠨ᠎ᠡ | ᠣᠶᠢᠯᠠᠭᠠᠭᠳᠠᠬᠤᠨ ᠰᠢᠨ᠎ᠡ ᠪᠠᠶᠢᠯᠳᠤᠬᠤ ᠪᠤᠳᠤᠯᠭ᠎ᠠ ᠰᠢᠨ᠎ᠡ ᠠᠷᠭ᠎ᠠ ᠬᠡᠮᠵᠢᠶ᠎ᠡ ᠶᠢ ᠳᠤᠷᠠᠳᠴᠠᠢ᠃ ᠨᠢᠭᠡ ᠳᠤ | ᠴᠢᠳᠠᠪᠤᠷᠢᠲᠠᠨ ᠤ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠂ ᠬᠤᠶᠠᠷ ᠲᠤ | ᠴᠢᠳᠠᠪᠤᠷᠢᠲᠠᠨ ᠤ ᠬᠥᠭᠵᠢᠯᠲᠡ ᠶᠢ ᠬᠥᠲᠥᠯᠥᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ | ᠪᠠᠷᠢᠮᠲᠠᠯᠠᠨ᠎ᠠ᠂ ᠭᠤᠷᠪᠠ ᠳᠤ ᠳᠡᠯᠡᠬᠡᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠳᠤ | ᠬᠠᠨᠳᠤᠭᠤᠯᠬᠤ᠂ ᠠᠵᠤ ᠠᠬᠤᠶ ᠶᠢᠨ ᠭᠤᠤᠯ ᠲᠡᠶᠢᠯᠠᠯᠳᠤᠭᠠᠨ ᠤ ᠲᠠᠯᠠᠪᠤᠷ ᠲᠤ ᠬᠠᠨᠳᠤᠭᠤᠯᠬᠤ᠂ ᠤᠯᠤᠰ ᠤᠨ | ᠴᠢᠬᠤᠯᠠ ᠶᠡᠭᠡ ᠬᠡᠷᠡᠭᠴᠡᠭᠡ ᠳᠤ ᠬᠠᠨᠳᠤᠭᠤᠯᠬᠤ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠳᠤ | ᠬᠠᠨᠳᠤᠭᠤᠯᠬᠤ ᠶᠢ ᠪᠠᠷᠢᠮᠲᠠᠯᠠᠨ᠎ᠠ᠂ ᠳᠥᠷᠪᠡ ᠳᠤ ᠴᠢᠳᠠᠪᠤᠷᠢᠲᠠᠨ ᠢ ᠪᠥᠬᠦ ᠲᠠᠯ᠎ᠠ ᠪᠠᠷ ᠬᠥᠮᠦᠵᠢᠭᠦᠯᠦᠨ ᠰᠠᠶᠢᠲᠤᠷ | ᠬᠡᠷᠡᠭᠯᠡᠬᠦ ᠶᠢ ᠪᠠᠷᠢᠮᠲᠠᠯᠠᠨ᠎ᠠ᠂ ᠲᠠᠪᠤ ᠳᠤ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠨ᠎ᠠ᠂ ᠵᠢᠷᠭᠤᠭ᠎ᠠ ᠳᠤ ᠳᠡᠯᠡᠬᠡᠶ ᠳ᠋ᠠᠬᠢᠨ ᠤ ᠡᠷᠳᠡᠮᠲᠡᠨ | ᠴᠢᠳᠠᠪᠤᠷᠢᠲᠠᠨ ᠢ ᠴᠤᠭᠯᠠᠭᠤᠯᠤᠨ ᠬᠡᠷᠡᠭᠯᠡᠬᠦ ᠶᠢ ᠪᠠᠷᠢᠮᠲᠠᠯᠠᠨ᠎ᠠ᠂ ᠳᠣᠯᠤᠭ᠎ᠠ ᠳᠤ ᠴᠢᠳᠠᠪᠤᠷᠢᠲᠠᠨ ᠢ ᠲᠠᠨᠢᠬᠤ | ᠴᠢᠳᠠᠪᠤᠷᠢᠲᠠᠨ ᠢ ᠬᠠᠶᠢᠷᠠᠯᠠᠬᠤ ᠴᠢᠳᠠᠪᠤᠷᠢᠲᠠᠨ ᠢ ᠬᠦᠨᠳᠦᠳᠬᠡᠬᠦ ᠴᠢᠳᠠᠪᠤᠷᠢᠲᠠᠨ ᠢ ᠬᠡᠷᠡᠭᠯᠡᠬᠦ ᠣᠷᠴᠢᠨ ᠨᠥᠬᠦᠴᠡᠯ ᠢ ᠪᠣᠶ | ᠪᠣᠯᠭᠠᠬᠤ ᠶᠢ ᠪᠠᠷᠢᠮᠲᠠᠯᠠᠨ᠎ᠠ᠂ ᠨᠠᠢᠮᠠ ᠳᠤ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ | ᠪᠠᠷᠢᠮᠲᠠᠯᠠᠨ᠎ᠠ᠃ ᠳᠡᠭᠡᠷᠡᠬᠢ 8 ᠵᠤᠷᠪᠤᠰ ᠪᠣᠯ ᠮᠠᠨ ᠤ ᠤᠯᠤᠰ ᠤᠨ ᠴᠢᠳᠠᠪᠤᠷᠢᠲᠠᠨ ᠤ ᠦᠢᠯᠡᠰ ᠤᠨ ᠬᠥᠭᠵᠢᠯᠲᠡ ᠶᠢᠨ | ᠵᠢᠮ᠎ᠡ ᠶᠣᠰᠣᠴᠢ ᠴᠢᠨᠠᠷ ᠤᠨ ᠲᠤᠬᠠᠶ ᠪᠢᠳᠡᠨ ᠤ ᠲᠠᠨᠢᠯᠲᠠ ᠶᠢᠨ ᠭᠦᠨᠵᠡᠭᠡᠶᠢᠷᠡᠯ ᠮᠥᠨ᠂ ᠡᠭᠦᠨ ᠢ ᠢᠮᠠᠭᠲᠠ | ᠪᠠᠷᠢᠮᠲᠠᠯᠠᠬᠤ ᠶᠢᠨ ᠬᠠᠮᠲᠤ ᠲᠠᠰᠤᠷᠠᠯᠲᠠ ᠦᠭᠡᠶ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠶ ᠭᠡᠵᠦ ᠵᠢᠭᠠᠵᠤ ᠭᠠᠷᠭᠠᠵᠠᠢ | ᠃ | ᠰᠢ ᠶᠢᠨ ᠫᠢᠩ᠂ ᠳᠡᠯᠡᠬᠡᠢ ᠶᠢᠨ ᠴᠢᠬᠤᠯᠠ ᠴᠢᠳᠠᠪᠤᠷᠢᠲᠠᠨ ᠤ ᠲᠥᠪ ᠪᠣᠯᠤᠨ ᠰᠢᠨ᠎ᠡ ᠶᠢ ᠡᠭᠦᠳᠬᠦ | ᠥᠨᠳᠦᠷᠯᠢᠭ ᠢ ᠲᠦᠷᠭᠡᠳᠬᠡᠨ ᠪᠠᠶᠢᠭᠤᠯᠬᠤ ᠳᠤ ᠡᠷᠬᠡᠪᠰᠢ ᠪᠠᠶᠢᠯᠳᠤᠬᠤ ᠪᠤᠳᠤᠯᠭ᠎ᠠ ᠶᠢᠨ ᠰᠠᠨᠠᠭᠠᠴᠢᠯᠠᠭᠠᠲᠤ ᠡᠷᠬᠡ ᠶᠢ | ᠡᠵᠡᠮᠳᠡᠵᠦ᠂ ᠦᠵᠦ ᠲᠥᠯᠥᠪᠯᠡᠭᠡ ᠪᠣᠯᠤᠨ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠶᠢ ᠰᠠᠶᠢᠲᠤᠷ ᠬᠢᠬᠦ | ᠬᠡᠷᠡᠭᠲᠡᠢ᠃ ᠪᠢᠳᠡᠨ ᠤ ᠬᠠᠷᠠᠯᠲᠠ ᠪᠣᠯ᠄ 2025 ᠤᠨ ᠪᠤᠯᠳᠠᠯ᠎ᠠ ᠪᠦᠬᠦ ᠨᠡᠶᠢᠭᠡᠮ ᠤᠨ ᠰᠤᠳᠤᠯᠤᠨ ᠨᠡᠭᠡᠭᠡᠬᠦ | ᠵᠠᠷᠤᠳᠠᠯ ᠳᠠᠬᠢ ᠣᠷᠣᠭᠤᠯᠤᠯᠲᠠ ᠶᠢ ᠶᠡᠭᠡ ᠪᠠᠷ ᠨᠡᠮᠡᠭᠳᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠭᠤᠣᠯ ᠬᠦᠴᠦᠨ ᠤ ᠡᠩᠨᠡᠭᠡ ᠶᠢᠨ ᠪᠠᠶᠢᠭᠤᠯᠤᠯᠲᠠ ᠶᠢ ᠴᠢᠬᠤᠯᠠ ᠠᠬᠢᠴᠠ ᠲᠠᠢ ᠪᠣᠯᠭᠠᠵᠤ᠂ | ᠣᠷᠦ᠋ᠢᠯᠠᠭᠰᠠᠨ ᠰᠢᠨᠵᠢᠯᠡᠬᠦ ᠤᠬᠠᠭᠠᠨᠲᠠᠳ ᠢ ᠴᠤᠭᠯᠠᠷᠠᠭᠤᠯᠬᠤ ᠲᠦᠪᠰᠢᠨ ᠢ ᠢᠯᠡᠳᠲᠡ ᠳᠡᠭᠡᠭᠰᠢᠯᠡᠭᠦᠯᠵᠦ᠂ | ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠵᠤ᠂ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠬᠦᠷᠢᠶᠡᠨ ᠳᠤ ᠨᠢᠭᠡ ᠪᠦᠯᠦᠭ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ᠂ ᠲᠡᠷᠢᠭᠦᠨ ᠤ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠲᠠᠢ ᠪᠣᠯᠭᠠᠨ᠎ᠠ︔ 2030 ᠤᠨ | ᠪᠤᠯᠳᠠᠯ᠎ᠠ ᠴᠢᠨᠠᠷ ᠰᠠᠶᠢᠲᠠᠶ ᠬᠥᠭᠵᠢᠯᠲᠡ ᠳᠤ ᠵᠣᠬᠢᠴᠠᠬᠤ ᠴᠢᠳᠠᠪᠤᠷᠢᠲᠠᠨ ᠤ ᠲᠦᠷᠢᠮ ᠤᠨ ᠰᠢᠰᠲ᠋ᠧᠮ ᠢ | ᠦᠨᠳᠦᠰᠦᠨ ᠳᠡᠭᠡᠨ ᠪᠦᠷᠢᠯᠳᠦᠭᠦᠯᠵᠦ᠂ ᠰᠢᠨ᠎ᠡ ᠶᠢ ᠡᠭᠦᠳᠬᠦ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ | ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠳᠡᠯᠡᠬᠡᠶ ᠶᠢᠨ ᠰᠢᠯᠢᠳᠡᠭ ᠴᠢᠳᠠᠪᠤᠷᠢᠲᠠᠨ ᠢ ᠲᠠᠲᠠᠬᠤ ᠬᠦᠴᠦᠨ ᠢ | ᠢᠯᠡᠳᠲᠡ ᠴᠢᠩᠭᠠᠷᠠᠭᠤᠯᠵᠤ᠂ ᠭᠤᠤᠯ ᠪᠣᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠤ ᠨᠢᠭᠡ | ᠪᠦᠯᠦᠭ ᠡᠭᠦᠳᠦᠨ ᠨᠡᠭᠡᠭᠡᠭᠴᠢ ᠲᠠᠢ ᠪᠤᠯᠵᠤ᠂ ᠰᠢᠨ᠎ᠡ ᠪᠠᠷ ᠮᠠᠨᠳᠤᠭᠰᠠᠨ ᠬᠤᠰᠢᠭᠤᠷᠠᠯ ᠰᠣᠯᠪᠢᠴᠠᠯ ᠬᠦᠷᠢᠶᠡᠨ ᠳᠤ | ᠨᠢᠭᠡ ᠪᠦᠯᠦᠭ ᠵᠠᠮ ᠨᠡᠭᠡᠭᠡᠭᠴᠢ ᠲᠠᠢ ᠪᠤᠯᠤᠨ᠎ᠠ︔ 2035 ᠤᠨ ᠪᠤᠯᠳᠠᠯ᠎ᠠ᠂ ᠮᠠᠨ ᠤ ᠤᠯᠤᠰ ᠤᠨ ᠤᠯᠠᠨ | ᠬᠦᠷᠢᠶᠡᠨ ᠳᠠᠬᠢ ᠴᠢᠳᠠᠪᠤᠷᠢᠲᠠᠨ ᠤ ᠥᠷᠢᠰᠥᠯᠳᠦᠭᠡᠨ ᠤ ᠳᠠᠪᠠᠭᠤᠯᠢᠭ ᠢ ᠪᠦᠷᠢᠯᠳᠦᠭᠦᠯᠵᠦ᠂ ᠤᠯᠤᠰ ᠤᠨ ᠪᠠᠶᠢᠯᠳᠤᠬᠤ | ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠪᠣᠯᠤᠨ ᠥᠨᠳᠥᠷ ᠲᠦᠪᠰᠢᠨ ᠪᠦᠬᠦᠢ | ᠴᠢᠳᠠᠪᠤᠷᠢᠲᠠᠨ ᠤ ᠡᠩᠨᠡᠭᠡ ᠶᠢ ᠳᠡᠯᠡᠬᠡᠢ ᠶᠢᠨ ᠡᠮᠦᠨ᠎ᠡ ᠡᠩᠨᠡᠭᠡᠨ ᠳᠤ ᠤᠷᠤᠭᠤᠯᠤᠨ᠎ᠠ ᠭᠡᠵᠤ ᠴᠢᠬᠤᠯᠠᠴᠢᠯᠠᠪᠠ᠃ | ᠰᠢ ᠶᠢᠨ ᠫᠢᠩ᠂ ᠳᠡᠯᠡᠬᠡᠢ ᠶᠢᠨ ᠴᠢᠬᠤᠯᠠ ᠴᠢᠳᠠᠪᠤᠷᠢᠲᠠᠨ ᠤ ᠲᠥᠪ ᠪᠣᠯᠤᠨ ᠰᠢᠨ᠎ᠡ ᠶᠢ ᠡᠭᠦᠳᠬᠦ | ᠥᠨᠳᠦᠷᠯᠢᠭ ᠢ ᠲᠦᠷᠭᠡᠳᠬᠡᠨ ᠪᠠᠶᠢᠭᠤᠯᠬᠤ ᠳᠤ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠬᠢᠬᠦ ᠴᠢᠬᠤᠯᠠᠲᠠᠢ᠃ | ᠶᠡᠷᠦᠩᠬᠡᠶᠢᠯᠡᠨ ᠪᠣᠳᠣᠯᠬᠢᠯᠠᠪᠠᠯ᠂ ᠪᠡᠭᠡᠵᠢᠩ᠂ ᠱᠠᠩᠬᠠᠢ᠂ ᠭᠤᠸᠠᠩᠳᠦ᠋ᠩ ᠰᠢᠶᠠᠩᠭᠠᠩ ᠣᠣᠮᠧᠨ ᠤ ᠲᠤᠮᠤ | ᠪᠤᠯᠤᠩ ᠤᠨ ᠣᠷᠣᠨ ᠳᠤ ᠥᠨᠳᠥᠷ ᠲᠦᠪᠰᠢᠨ ᠪᠦᠬᠦᠢ ᠴᠢᠳᠠᠪᠤᠷᠢᠲᠠᠨ ᠤ ᠥᠨᠳᠦᠷᠯᠢᠭ ᠢ ᠪᠦᠳᠦᠭᠡᠨ ᠪᠠᠶᠢᠭᠤᠯᠵᠤ | ᠪᠣᠯᠤᠨ᠎ᠠ᠂ ᠵᠠᠷᠢᠮ ᠳᠡᠭᠡᠳᠦ ᠲᠡᠰ ᠤᠨ ᠴᠢᠳᠠᠪᠤᠷᠢᠲᠠᠨ ᠲᠥᠪᠯᠡᠷᠡᠭᠰᠡᠨ ᠲᠥᠪ ᠬᠤᠳᠠ ᠴᠤ ᠴᠢᠳᠠᠪᠤᠷᠢᠲᠠᠨ ᠢ ᠲᠠᠲᠠᠬᠤ | ᠪᠠ ᠴᠤᠭᠯᠠᠷᠠᠭᠤᠯᠬᠤ ᠲᠠᠪᠴᠠᠩ ᠢ ᠬᠦᠴᠦᠯᠡᠨ ᠪᠠᠶᠢᠭᠤᠯᠵᠤ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ | ᠲᠣᠭᠲᠠᠴᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠦᠨ᠂ ᠤᠯᠤᠰ ᠤᠨ ᠴᠢᠨᠠᠷ | ᠰᠠᠶᠢᠲᠠᠢ ᠡᠬᠢ ᠪᠠᠶᠠᠯᠢᠭ ᠢ ᠲᠥᠪᠯᠡᠷᠡᠭᠦᠯᠦᠨ ᠨᠢᠭᠡ ᠪᠦᠯᠦᠭ ᠤᠯᠤᠰ ᠤᠨ ᠲᠤᠷᠰᠢᠯᠲᠠ ᠶᠢᠨ ᠲᠠᠰᠤᠭ ᠪᠠ ᠰᠢᠨ᠎ᠡ | ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ ᠶᠢ ᠭᠤᠣᠯᠳᠠᠯᠭ᠎ᠠ ᠲᠠᠢ ᠲᠡᠮᠵᠢᠵᠦ᠂ ᠤᠯᠠᠨ | ᠤᠯᠤᠰ ᠤᠨ ᠲᠤᠮᠤ ᠰᠢᠨᠵᠢᠯᠡᠬᠦ ᠤᠬᠠᠭᠠᠨ ᠤ ᠲᠥᠯᠥᠪᠯᠡᠭᠡ ᠶᠢ ᠡᠬᠢᠯᠡᠬᠦᠯᠦᠨ᠂ ᠴᠢᠳᠠᠪᠤᠷᠢᠲᠠᠨ ᠳᠤ ᠳᠡᠯᠡᠬᠡᠢ ᠶᠢᠨ | ᠲᠡᠷᠢᠭᠦᠨ ᠤ ᠰᠢᠨ᠎ᠡ ᠶᠢ ᠡᠭᠦᠳᠬᠦ ᠲᠠᠪᠴᠠᠩ ᠬᠠᠩᠭᠠᠵᠤ᠂ ᠪᠠᠶᠢᠯᠳᠤᠬᠤ ᠪᠤᠳᠤᠯᠭ᠎ᠠ ᠶᠢᠨ ᠲᠤᠯᠬᠤ ᠴᠡᠭ ᠪᠠ | ᠭᠠᠯᠠᠭᠤᠨ ᠤ ᠡᠩᠨᠡᠭᠡ ᠶᠢᠨ ᠪᠠᠶᠢᠷᠢᠰᠢᠯ ᠢ ᠲᠦᠷᠭᠡᠳᠬᠡᠨ ᠪᠤᠢ ᠪᠣᠯᠭᠠᠵᠤ ᠪᠣᠯᠤᠨ᠎ᠠ ᠭᠡᠵᠤ ᠵᠢᠭᠠᠵᠤ ᠭᠠᠷᠭᠠᠵᠠᠢ᠃ | ᠰᠢ ᠶᠢᠨ ᠫᠢᠩ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠬᠡᠷᠡᠭᠲᠡᠢ᠃ ᠬᠡᠷᠡᠭᠴᠡᠭᠡ ᠪᠠ ᠪᠣᠳᠠᠲᠠᠶ ᠪᠠᠨ ᠦᠨᠳᠦᠰᠦᠯᠡᠨ ᠬᠥᠮᠦᠨ ᠬᠡᠷᠡᠭᠯᠡᠬᠦ ᠭᠤᠤᠯ | ᠴᠣᠭᠴᠠ ᠳᠤ ᠭᠦᠢᠴᠡᠳ ᠡᠷᠬᠡ ᠣᠯᠭᠤᠵᠤ᠂ ᠬᠥᠮᠦᠨ ᠬᠡᠷᠡᠭᠯᠡᠬᠦ ᠭᠤᠤᠯ ᠴᠣᠭᠴᠠ ᠶᠢᠨ ᠴᠢᠳᠠᠪᠤᠷᠢᠲᠠᠨ ᠢ | ᠬᠥᠮᠦᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ ᠳᠤᠮᠳᠠᠬᠢ ᠢᠳᠡᠪᠬᠢ ᠦᠢᠯᠡᠳᠦᠯ ᠢ ᠪᠠᠳᠠᠷᠠᠭᠤᠯᠬᠤ ᠬᠡᠷᠡᠭᠲᠡᠶ᠃ | ᠬᠥᠮᠦᠨ ᠬᠡᠷᠡᠭᠯᠡᠬᠦ ᠭᠤᠤᠯ ᠴᠣᠭᠴᠠ ᠨᠢ ᠪᠡᠶᠡᠴᠢ ᠴᠢᠳᠠᠮᠠᠭᠠᠢ ᠴᠢᠨᠠᠷ ᠢᠶᠠᠨ ᠪᠠᠳᠠᠷᠠᠭᠤᠯᠵᠤ᠂ ᠦᠢᠯᠡᠴᠢᠯᠡᠬᠦ ᠤᠬᠠᠮᠰᠠᠷ | ᠪᠠ ᠪᠠᠲᠤᠯᠠᠭ᠎ᠠ ᠶᠢᠨ ᠴᠢᠳᠠᠪᠤᠷᠢ ᠪᠠᠨ ᠴᠢᠩᠭᠠᠳᠬᠠᠨ᠂ ᠥᠪᠡᠷ ᠢ ᠪᠠᠨ ᠬᠢᠵᠠᠭᠠᠷᠯᠠᠬᠤ ᠪᠠ ᠭᠠᠳᠠᠨ᠎ᠠ ᠠᠴᠠ ᠬᠢᠨᠠᠯᠲᠠ | ᠲᠠᠯᠪᠢᠬᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠳᠣᠷᠣᠭᠰᠢ ᠪᠠᠭᠤᠯᠭᠠᠭᠰᠠᠨ ᠡᠷᠬᠡ ᠶᠢ ᠬᠦᠯᠢᠶᠡᠨ ᠠᠪᠴᠤ | ᠳᠡᠶᠢᠯᠬᠦ᠂ ᠰᠠᠶᠢᠲᠤᠷ ᠬᠡᠷᠡᠭᠯᠡᠵᠤ ᠳᠡᠶᠢᠯᠬᠦ ᠶᠢ ᠪᠠᠲᠤᠯᠠᠬᠤ ᠬᠡᠷᠡᠭᠲᠡᠢ᠃ ᠬᠥᠮᠦᠨ ᠬᠡᠷᠡᠭᠯᠡᠬᠦ ᠨᠢᠭᠡᠴᠢ ᠶᠢᠨ ᠬᠢᠨ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠡᠷᠬᠡ ᠣᠯᠭᠤᠯᠲᠠ ᠶᠢ ᠰᠠᠶᠢᠲᠤᠷ | ᠬᠡᠷᠡᠭᠯᠡᠬᠦ ᠦᠭᠡᠢ᠂ ᠬᠠᠷᠢᠭᠤᠴᠠᠯᠭ᠎ᠠ ᠪᠠᠨᠰᠠᠶᠢᠲᠤᠷ ᠭᠦᠢᠴᠡᠳᠬᠡᠬᠦ ᠦᠭᠡᠢ ᠪᠠᠶᠢᠪᠠᠯ ᠬᠠᠷᠢᠭᠤᠴᠠᠯᠭ᠎ᠠ ᠨᠡᠬᠡᠮᠵᠢᠯᠡᠬᠦ | ᠬᠡᠷᠡᠭᠲᠡᠢ᠃ ᠴᠢᠳᠠᠪᠤᠷᠢᠲᠠᠨ ᠤ ᠬᠦᠯᠢᠶᠡᠰᠦ ᠶᠢ ᠢᠳᠡᠪᠬᠢᠳᠠᠢ ᠠᠯᠳᠠᠷᠠᠭᠠᠵᠤ᠂ ᠴᠢᠳᠠᠪᠤᠷᠢᠲᠠᠨ ᠤ ᠬᠠᠮᠢᠶᠠᠷᠤᠯᠲᠠ ᠶᠢᠨ | ᠲᠦᠷᠢᠮ ᠢ ᠲᠡᠭᠦᠯᠳᠡᠷᠵᠢᠭᠦᠯᠵᠦ᠂ ᠴᠢᠳᠠᠪᠤᠷᠢᠲᠠᠨ ᠢᠶᠠᠷ ᠦᠨᠳᠦᠰᠦ ᠪᠣᠯᠭᠠᠬᠤ᠂ ᠴᠢᠳᠠᠪᠤᠷᠢᠲᠠᠨ ᠢ ᠢᠲᠡᠭᠡᠬᠦ᠂ | ᠴᠢᠳᠠᠪᠤᠷᠢᠲᠠᠨ ᠢ ᠬᠦᠨᠳᠦᠳᠬᠡᠬᠦ᠂ ᠴᠢᠳᠠᠪᠤᠷᠢᠲᠠᠨ ᠳᠤ ᠰᠠᠶᠢᠳᠤᠷ ᠬᠠᠨᠳᠤᠬᠤ᠂ ᠴᠢᠳᠠᠪᠤᠷᠢᠲᠠᠨ ᠢ ᠪᠠᠭᠲᠠᠭᠠᠬᠤ ᠶᠢ | ᠪᠡᠶᠡᠯᠡᠭᠦᠯᠬᠦ ᠬᠡᠷᠡᠭᠳᠠᠢ᠃ ᠰᠢᠨᠵᠢᠯᠡᠬᠦ ᠤᠬᠠᠭᠠᠨᠲᠠᠨ ᠳᠤ ᠮᠡᠷᠭᠡᠵᠢᠯ ᠤᠨ ᠱᠤᠭᠤᠮ ᠢᠶᠠᠨ ᠲᠣᠭᠲᠠᠭᠠᠬᠤ ᠨᠡᠩ ᠶᠡᠭᠡ ᠡᠷᠬᠡ | ᠂ ᠵᠠᠷᠤᠳᠠᠯ ᠢ ᠡᠵᠡᠮᠳᠡᠬᠦ ᠨᠡᠩ ᠶᠡᠭᠡ ᠡᠷᠬᠡ᠂ ᠡᠬᠢ ᠪᠠᠶᠠᠯᠢᠭ ᠢ ᠲᠤᠬᠢᠷᠠᠭᠤᠯᠬᠤ ᠨᠡᠩ ᠶᠡᠭᠡ ᠡᠷᠬᠡ ᠣᠯᠭᠤᠬᠤ ᠶᠢᠨ | ᠬᠠᠮᠲᠤ ᠬᠠᠷᠢᠭᠤᠴᠠᠯᠭ᠎ᠠ ᠶᠢᠨ ᠲᠦᠷᠢᠮ ᠪᠠ ᠪᠠᠲᠤᠯᠠᠭ᠎ᠠ ᠶᠢᠨ ᠪᠢᠴᠢᠭ ᠤᠨ ᠲᠦᠷᠢᠮ ᠢ ᠲᠤᠭᠳᠠᠭᠠᠨ ᠪᠦᠷᠢᠨᠰᠢᠬᠦᠯᠵᠤ᠂ | ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠤᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ | ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠴᠢᠳᠠᠪᠤᠷᠢᠲᠠᠨ ᠢ ᠨᠡᠶᠢᠳᠬᠡᠬᠦ ᠲᠥᠯᠥᠪᠯᠡᠭᠡ ᠶᠢ ᠰᠢᠯᠢᠳᠡᠭᠵᠢᠭᠦᠯᠵᠦ᠂ ᠴᠢᠳᠠᠪᠤᠷᠢᠲᠠᠨ ᠢ ᠰᠡᠳᠬᠢᠯ ᠠᠮᠤᠷ ᠢᠶᠠᠷ ᠡᠷᠳᠡᠮ | ᠰᠢᠨᠵᠢᠯᠡᠭᠡᠨ ᠬᠢᠯᠭᠡᠵᠦ᠂ ᠰᠤᠳᠤᠯᠭᠠᠨ ᠬᠢᠯᠭᠡᠵᠦ᠂ ᠢᠯᠡᠭᠦᠬᠡᠨ ᠦᠷ᠎ᠡ ᠪᠦᠲᠦᠭᠡᠯ ᠭᠠᠷᠭᠠᠯᠭᠠᠵᠤ᠂ ᠰᠠᠶᠢᠨ ᠦᠷ᠎ᠡ | ᠪᠦᠲᠦᠭᠡᠯ ᠭᠠᠷᠭᠠᠯᠭᠠᠬᠤ ᠬᠡᠷᠡᠭᠲᠡᠢ᠃ ᠴᠢᠳᠠᠪᠤᠷᠢᠲᠠᠨ ᠢ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠰᠢᠨ᠎ᠡ ᠶᠢ | ᠡᠭᠦᠳᠬᠦ ᠦᠷᠳᠡᠭ᠂ ᠴᠢᠳᠠᠪᠤᠷᠢ᠂ ᠬᠤᠪᠢ ᠨᠡᠮᠡᠷᠢ ᠪᠠᠷ ᠤᠳᠤᠷᠢᠳᠤᠮᠵᠢ ᠪᠣᠯᠭᠠᠭᠰᠠᠨ ᠴᠢᠳᠠᠪᠤᠷᠢᠲᠠᠨ ᠢ ᠦᠨᠡᠯᠡᠬᠦ | ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠨᠢᠭᠡ | ᠰᠡᠳᠬᠢᠯ ᠢᠶᠠᠷ ᠰᠤᠳᠤᠯᠭᠠᠨ ᠬᠢᠬᠦ ᠪᠠ ᠰᠢᠨ᠎ᠡ ᠶᠢ ᠡᠭᠦᠳᠬᠦ ᠳᠤ ᠠᠰᠢᠭᠲᠠᠢ ᠦᠨᠡᠯᠡᠯᠲᠡ ᠶᠢᠨ ᠰᠢᠰᠲ᠋ᠧᠮ ᠢ | ᠪᠦᠷᠢᠯᠳᠦᠭᠦᠯᠦᠨ ᠬᠡᠷᠡᠭᠵᠢᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃ | ᠰᠢ ᠶᠢᠨ ᠫᠢᠩ᠂ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨᠲᠠᠨ ᠢ ᠶᠡᠭᠡ ᠪᠠᠷ ᠬᠥᠮᠦᠵᠢᠭᠦᠯᠦᠨ | ᠬᠡᠷᠡᠭᠯᠡᠵᠦ᠂ ᠦᠢᠯᠡᠳᠦᠯᠭᠡ ᠶᠢᠨ ᠪᠠᠷᠢᠮᠵᠢᠶ᠎ᠠ ᠶᠢ ᠪᠠᠷᠢᠮᠲᠠᠯᠠᠵᠤ᠂ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠡᠭᠦᠷᠭᠡ ᠳᠤ ᠭᠤᠤᠯ ᠬᠦᠴᠦᠨ ᠪᠤᠯᠵᠤ ᠪᠠᠶᠢᠭ᠎ᠠ ᠳᠠᠭᠠᠭᠤᠯᠤᠭᠴᠢ ᠶᠢᠨ ᠳᠤᠮᠳᠠ ᠠᠴᠠ ᠭᠦᠨ | ᠵᠤᠵᠠᠭᠠᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠲᠠᠢ᠂ ᠤᠷᠳᠤ ᠬᠤᠭᠤᠴᠠᠭ᠎ᠠ ᠪᠠᠷ ᠰᠢᠨᠵᠢᠯᠡᠬᠦ ᠤᠬᠠᠭᠠᠨ ᠤ | ᠰᠤᠳᠤᠯᠭᠠᠨ ᠤ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ᠂ ᠦᠷᠭᠡᠨ ᠲᠡᠯᠬᠡᠷ ᠬᠠᠷᠠᠭ᠎ᠠ ᠲᠠᠢ᠂ ᠤᠷᠢᠳᠠᠴᠢ | ᠮᠠᠭᠠᠳᠯᠠᠯᠳᠠ ᠶᠢᠨ ᠴᠢᠳᠠᠪᠤᠷᠢ ᠴᠢᠩᠭ᠎ᠠ᠂ ᠰᠢᠨᠵᠢᠯᠡᠭᠡᠨ ᠠᠯᠤᠰᠯᠠᠨ ᠣᠶᠢᠯᠠᠭᠠᠬᠤ ᠴᠢᠳᠠᠪᠤᠷᠢ ᠴᠢᠩᠭ᠎ᠠ᠂ ᠶᠡᠭᠡ | ᠪᠢᠩᠲ᠋ᠤᠸᠠᠨ ᠤ ᠪᠠᠶᠢᠯᠳᠤᠭᠠᠨ ᠢ ᠵᠣᠬᠢᠶᠠᠨ ᠪᠠᠶᠢᠭᠤᠯᠵᠤ ᠤᠳᠤᠷᠢᠳᠬᠤ ᠴᠢᠳᠠᠪᠤᠷᠢ ᠴᠢᠩᠭ᠎ᠠ ᠰᠢᠨᠵᠢᠯᠡᠬᠦ ᠤᠬᠠᠭᠠᠨᠲᠠᠨ ᠢ | ᠢᠯᠡᠷᠡᠭᠦᠯᠬᠦ ᠬᠡᠷᠡᠭᠲᠡᠢ᠃ ᠬᠤᠯᠠ ᠶᠢᠨ ᠬᠠᠷᠠᠴᠠ ᠶᠢ ᠪᠠᠷᠢᠮᠲᠠᠯᠠᠵᠤ᠂ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ | ᠤᠬᠠᠭᠠᠨᠲᠠᠨ ᠤ ᠨᠢᠭᠤᠭᠳᠠᠮᠠᠯ ᠬᠦᠴᠦᠨ ᠪᠥᠬᠦᠶ ᠨᠠᠩ ᠣᠯᠠᠨ ᠳᠡᠭᠡᠳᠦ ᠲᠠᠰ ᠳᠠᠪᠬᠤᠷᠭ᠎ᠠ ᠶᠢᠨ ᠬᠠᠮ ᠴᠢᠳᠠᠪᠤᠷᠢᠲᠠᠨ ᠢ | ᠰᠠᠨᠠᠭᠠᠴᠢᠯᠠᠭ᠎ᠠ ᠲᠠᠢ ᠪᠠᠷ ᠢᠯᠡᠷᠡᠭᠦᠯᠬᠦ ᠪᠠ ᠬᠥᠮᠦᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨᠲᠠᠨ ᠤ | ᠦᠰᠦᠨ ᠪᠤᠶᠢᠵᠢᠬᠤ ᠱᠠᠲᠤᠯᠢᠭ ᠡᠩᠨᠡᠭᠡ ᠶᠢ ᠪᠦᠷᠢᠯᠳᠦᠭᠦᠯᠬᠦ ᠬᠡᠷᠡᠭᠲᠡᠶ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠶᠡᠭᠡ ᠬᠡᠮᠵᠢᠶᠡᠨ ᠤ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠳᠠᠭᠠᠭᠤᠯᠤᠭᠴᠢ ᠴᠢᠳᠠᠪᠤᠷᠢᠲᠠᠨ ᠪᠣᠯᠤᠨ ᠰᠢᠨ᠎ᠡ ᠶᠢ ᠡᠭᠦᠳᠬᠦ ᠪᠦᠯᠬᠦᠮ ᠢ ᠪᠠᠶᠢᠭᠤᠯᠵᠤ᠂ ᠤᠯᠤᠰ ᠤᠨ | ᠲᠤᠷᠰᠢᠯᠲᠠ ᠶᠢᠨ ᠲᠠᠰᠤᠭ᠂ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠥᠨᠳᠥᠷ | ᠲᠦᠪᠰᠢᠨ ᠪᠦᠬᠦᠢ ᠰᠤᠳᠤᠯᠭᠠᠨ ᠤ ᠬᠡᠯᠪᠡᠷᠢ ᠶᠢᠨ ᠶᠡᠭᠡ ᠰᠤᠷᠭᠠᠭᠤᠯᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠳᠠᠭᠠᠭᠤᠯᠤᠭᠴᠢ ᠠᠵᠤ ᠠᠬᠤᠶᠢᠯᠠᠯ ᠤᠨ ᠤᠯᠤᠰ ᠤᠨ ᠠᠩᠭᠢ ᠶᠢᠨ ᠦᠢᠯᠡᠳᠦᠯ ᠢ ᠪᠠᠳᠠᠷᠠᠭᠤᠯᠵᠤ᠂ ᠤᠯᠤᠰ ᠤᠨ | ᠭᠤᠤᠯᠳᠠᠯᠭ᠎ᠠ ᠲᠠᠢ ᠬᠦᠷᠢᠶ᠎ᠡ᠂ ᠭᠤᠤᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ ᠦᠢᠯᠡᠳᠪᠦᠷᠢᠯᠡᠯ ᠵᠢᠭᠠᠨ | ᠰᠤᠷᠭᠠᠯᠲᠠ ᠰᠤᠳᠤᠯᠭᠠᠨ ᠤ ᠪᠠᠶᠢᠭᠤᠯᠤᠮᠵᠢ ᠶᠢᠨ ᠬᠠᠮᠵᠢᠯᠴᠠᠨ ᠪᠣᠭᠤᠮᠲᠠ ᠰᠢᠪᠲᠤᠯᠬᠤ ᠶᠢ ᠵᠣᠬᠢᠶᠠᠨ ᠪᠠᠶᠢᠭᠤᠯᠬᠤ | ᠬᠡᠷᠡᠭᠲᠡᠶ᠃ ᠳᠠᠭᠠᠭᠤᠯᠤᠭᠴᠢ ᠴᠢᠳᠠᠪᠤᠷᠢᠲᠠᠨ ᠢ ᠢᠯᠡᠷᠡᠭᠦᠯᠬᠦ ᠲᠣᠭᠲᠠᠴᠠ ᠪᠠ ᠲᠥᠷᠥᠯ ᠵᠦᠢᠯ ᠤᠨ ᠪᠦᠯᠬᠦᠮ | ᠨᠡᠶᠢᠲᠡ ᠶᠢ ᠰᠢᠯᠢᠨ ᠰᠣᠩᠭᠤᠬᠤ ᠲᠣᠭᠲᠠᠴᠠ ᠶᠢ ᠰᠢᠯᠢᠳᠡᠭᠵᠢᠭᠦᠯᠵᠦ᠂ ᠳᠠᠭᠠᠭᠤᠯᠤᠭᠴᠢ ᠴᠢᠳᠠᠪᠤᠷᠢᠲᠠᠨ ᠳᠤ | ᠴᠢᠳᠠᠪᠤᠷᠢᠲᠠᠨ ᠤ ᠡᠩᠨᠡᠭᠡ ᠶᠢ ᠲᠥᠬᠦᠷᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠥᠬᠦᠴᠡᠯ ᠢ | ᠲᠥᠬᠦᠷᠵᠢᠭᠦᠯᠬᠦ᠂ ᠬᠠᠮᠢᠶᠠᠷᠤᠯᠲᠠ ᠶᠢᠨ ᠲᠣᠭᠲᠠᠴᠠ ᠶᠢ ᠲᠥᠬᠦᠷᠵᠢᠭᠦᠯᠬᠦ ᠣᠨᠴᠠᠭᠠᠶ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠬᠡᠷᠡᠭᠲᠡᠶ᠃ ᠯᠤᠳᠤ ᠶᠡᠭᠡ ᠬᠡᠪᠴᠢᠶ᠎ᠡ ᠲᠠᠢ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠤ ᠡᠩᠨᠡᠭᠡ ᠶᠢ ᠪᠤᠢ ᠪᠣᠯᠭᠠᠵᠤ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠴᠢᠳᠠᠪᠤᠷᠢᠲᠠᠨ ᠤ | ᠬᠦᠴᠦᠨ ᠢ ᠬᠥᠮᠦᠵᠢᠭᠦᠯᠬᠦ ᠲᠦᠷᠦ ᠶᠢᠨ ᠪᠤᠳᠤᠯᠭ᠎ᠠ ᠶᠢᠨ ᠭᠤᠣᠯᠳᠠᠯᠭ᠎ᠠ ᠶᠢ ᠵᠠᠯᠠᠭᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠴᠢᠳᠠᠪᠤᠷᠢᠲᠠᠨ ᠳᠡᠭᠡᠷ᠎ᠡ ᠲᠠᠯᠪᠢᠵᠤ᠂ ᠵᠠᠯᠠᠭᠤ ᠴᠢᠳᠠᠪᠤᠷᠢᠲᠠᠨ ᠤ ᠴᠢᠬᠤᠯᠠ ᠡᠭᠦᠷᠭᠡ ᠡᠭᠦᠷᠭᠡᠯᠡᠵᠦ᠂ | ᠭᠤᠣᠯ ᠲᠦᠷᠢ ᠪᠣᠯᠬᠤ ᠶᠢ ᠳᠡᠮᠵᠢᠬᠦ ᠬᠡᠷᠡᠭᠲᠡᠢ᠃ ᠦᠯᠡᠮᠵᠢ ᠤᠯᠠᠨ ᠭᠠᠷᠮᠠᠭᠠᠢ ᠢᠨᠵᠧᠨᠧᠷ ᠢ ᠬᠥᠮᠦᠵᠢᠭᠦᠯᠵᠦ᠂ | ᠨᠠᠮ ᠢᠶᠠᠨ ᠬᠠᠶᠢᠷᠠᠯᠠᠵᠤ ᠤᠯᠤᠰ ᠲᠠᠭᠠᠨ ᠵᠢᠳᠬᠦᠬᠦ᠂ ᠠᠵᠢᠯ ᠦᠢᠯᠡᠰ ᠢᠶᠠᠨ ᠳᠡᠭᠡᠳᠦᠯᠡᠵᠦ ᠬᠤᠪᠢ ᠨᠡᠮᠡᠷᠢ ᠦᠵᠡᠭᠦᠯᠬᠦ | ᠂ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠲᠤᠪᠤᠶᠢᠯᠭᠠᠬᠤ᠂ ᠨᠠᠷᠢᠨ ᠪᠤᠳᠤᠯᠢᠶᠠᠨᠲᠠᠢ ᠢᠨᠵᠧᠨᠧᠷᠢᠩ ᠤᠨ | ᠠᠰᠠᠭᠤᠳᠠᠯ ᠢ ᠰᠢᠢᠳᠪᠦᠷᠢᠯᠡᠬᠦ ᠳᠤ ᠴᠢᠳᠠᠮᠠᠭᠠᠢ ᠪᠠᠶᠢᠳᠠᠭ ᠢᠨᠵᠧᠨᠧᠷ ᠤᠨ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ | ᠃ ᠶᠡᠭᠡ ᠳᠡᠭᠡᠳᠦ ᠰᠤᠷᠭᠠᠭᠤᠯᠢ ᠪᠣᠯᠤᠨ ᠠᠵᠤ ᠠᠬᠤᠶᠢᠯᠠᠯ ᠤᠨ ᠢᠳᠡᠪᠬᠢᠵᠢᠯ ᠢ ᠰᠠᠶᠢᠲᠤᠷ ᠲᠠᠶᠢᠴᠢᠯᠠᠵᠥ᠂ | ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠭᠦᠨᠵᠡᠭᠡᠢ ᠠᠭᠤᠰᠤᠯᠴᠠᠯ ᠢ ᠪᠡᠶᠡᠯᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠶᠡᠭᠡ ᠪᠠᠷ ᠬᠦᠴᠦᠯᠡᠵᠦ ᠪᠠᠶᠢᠭᠠᠳ ᠴᠢᠳᠠᠪᠤᠷᠢᠲᠠᠨ ᠢ ᠪᠦᠬᠦ ᠲᠠᠯ᠎ᠠ ᠪᠠᠷ ᠬᠥᠮᠦᠵᠢᠭᠦᠯᠵᠦ᠂ | ᠣᠷᠣᠭᠤᠯᠤᠨ ᠠᠪᠴᠢᠷᠠᠵᠤ᠂ ᠰᠠᠶᠢᠲᠤᠷ ᠬᠡᠷᠡᠭᠯᠡᠬᠦ ᠬᠡᠷᠡᠭᠲᠡᠢ᠃ ᠮᠠᠨ ᠤ ᠤᠯᠤᠰ ᠳᠡᠯᠡᠬᠡᠢ ᠳᠡᠭᠡᠷ᠎ᠡ ᠬᠡᠪᠴᠢᠶ᠎ᠡ ᠪᠠᠷ | ᠬᠠᠮᠤᠭ ᠤᠨ ᠶᠡᠭᠡ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠰᠲ᠋ᠧᠮ ᠲᠠᠢ᠂ ᠡᠯ᠎ᠡ ᠵᠦᠢᠯ ᠤᠨ ᠠᠵᠢᠯ | ᠦᠢᠯᠡᠰ ᠤᠨ ᠬᠥᠭᠵᠢᠯᠲᠡ ᠶᠢᠨ ᠥᠷᠭᠡᠨ ᠠᠭᠤᠳᠠᠮ ᠲᠠᠪᠴᠠᠩ ᠲᠠᠢ ᠪᠣᠯᠬᠤᠷ ᠦᠯᠡᠮᠵᠢ ᠤᠯᠠᠨ ᠰᠢᠯᠢᠳᠡᠭ | ᠴᠢᠳᠠᠪᠤᠷᠢᠲᠠᠨ ᠢ ᠲᠠᠰᠤᠷᠠᠯᠳᠠ ᠦᠭᠡᠢ ᠬᠥᠮᠦᠵᠢᠭᠦᠯᠵᠦ᠂ ᠶᠡᠭᠡ ᠪᠠᠭᠰᠢ ᠶᠢ ᠪᠦᠷᠢᠮᠦᠰᠦᠨ ᠬᠥᠮᠦᠵᠢᠭᠦᠯᠵᠦ ᠴᠢᠳᠠᠬᠤ | ᠶᠤᠮ᠃ ᠪᠢᠳᠠ ᠡᠶᠢᠮᠦ ᠵᠣᠷᠢᠭ᠂ ᠡᠶᠢᠮᠦ ᠢᠲᠡᠭᠡᠯ ᠲᠠᠢ ᠪᠠᠶᠢᠬᠤ ᠬᠡᠷᠡᠭᠲᠡᠢ᠃ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ | ᠬᠥᠮᠦᠵᠢᠭᠦᠯᠬᠦ ᠵᠠᠮ ᠢᠶᠠᠷ ᠰᠠᠶᠢᠲᠤᠷ ᠵᠠᠮᠨᠠᠵᠤ᠂ ᠶᠡᠭᠡ ᠳᠡᠭᠡᠳᠦ ᠰᠤᠷᠭᠠᠭᠤᠯᠢ ᠢᠯᠠᠩᠭᠤᠶ᠎ᠠ ︽ᠬᠤᠣᠰ ᠲᠡᠷᠢᠭᠦᠨ ᠵᠡᠷᠭᠡ | ︾ ᠶᠢᠨ ᠶᠡᠭᠡ ᠰᠤᠷᠭᠠᠭᠤᠯᠢ ᠰᠠᠭᠤᠷᠢ ᠰᠤᠳᠤᠯᠭᠠᠨ ᠤ ᠴᠢᠳᠠᠪᠤᠷᠢᠲᠠᠨ ᠢ ᠬᠥᠮᠦᠵᠢᠭᠦᠯᠬᠦ ᠭᠤᠣᠯ ᠬᠦᠴᠦᠨ ᠤ | ᠦᠢᠯᠡᠳᠦᠯ ᠢᠶᠠᠨ ᠪᠠᠳᠠᠷᠠᠭᠤᠯᠵᠤ᠂ ᠰᠠᠭᠤᠷᠢ ᠰᠢᠨᠵᠢᠯᠡᠭᠡᠨ ᠤ ᠴᠢᠳᠠᠪᠤᠷᠢᠲᠠᠨ ᠢ ᠬᠥᠮᠦᠵᠢᠭᠦᠯᠬᠦ ᠶᠢ ᠪᠦᠬᠦ ᠲᠠᠯ᠎ᠠ ᠪᠠᠷ | ᠲᠥᠯᠥᠪᠵᠢᠭᠦᠯᠵᠦ᠂ ᠨᠢᠭᠡ ᠪᠦᠯᠦᠭ ᠰᠠᠭᠤᠷᠢ ᠰᠢᠨᠵᠢᠯᠡᠭᠡᠨ ᠤ ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ ᠢ | ᠪᠠᠶᠢᠭᠤᠯᠵᠤ᠂ ᠥᠨᠳᠥᠷ ᠲᠦᠪᠰᠢᠨ ᠪᠦᠬᠦᠢ ᠬᠠᠮ ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠢ᠃ ᠰᠠᠭᠤᠷᠢ | ᠰᠤᠳᠤᠯᠭᠠᠨ ᠤ ᠴᠢᠳᠠᠪᠤᠷᠢᠲᠠᠨ ᠤ ᠲᠤᠰᠬᠠᠢ ᠵᠦᠢᠯᠡᠰ ᠢ ᠲᠣᠭᠲᠠᠭᠠᠨ ᠬᠡᠷᠡᠭᠵᠢᠭᠦᠯᠵᠦ᠂ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠬᠦᠷᠢᠶᠡᠨ ᠳᠤ ᠲᠤᠪᠤᠶᠢᠮ᠎ᠠ ᠠᠮᠵᠢᠯᠲᠠ ᠪᠦᠲᠦᠮᠵᠢ ᠣᠯᠤᠭᠰᠠᠨ ᠪᠥᠭᠡᠳ ᠢᠯᠡᠳᠲᠡ ᠰᠢᠨ᠎ᠡ ᠶᠢ ᠡᠭᠦᠳᠬᠦ | ᠨᠢᠭᠤᠬᠳᠠᠮᠠᠯ ᠬᠦᠴᠦᠨ ᠲᠠᠢ ᠨᠢᠭᠡ ᠪᠦᠯᠦᠭ ᠵᠠᠯᠠᠭᠤ ᠴᠢᠳᠠᠪᠤᠷᠢᠲᠠᠨ ᠢ ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ | ᠳᠡᠮᠵᠢᠬᠦ ᠬᠡᠷᠡᠭᠲᠡᠢ᠃ ᠦᠯᠡᠮᠵᠢ ᠤᠯᠠᠨ ᠭᠦᠨ ᠤᠬᠠᠭᠠᠨᠲᠠᠨ᠂ ᠨᠡᠶᠢᠭᠡᠮ ᠤᠨ ᠰᠢᠨᠵᠢᠯᠡᠬᠦ ᠤᠬᠠᠭᠠᠨᠲᠠᠨ᠂ ᠤᠳᠬ᠎ᠠ | ᠤᠷᠠᠯᠢᠭᠴᠢᠨ ᠵᠡᠷᠭᠡ ᠡᠯ᠎ᠡ ᠲᠠᠯ᠎ᠠ ᠶᠢᠨ ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠢ᠃ ᠴᠢᠳᠠᠪᠤᠷᠢᠲᠠᠨ ᠤ ᠤᠯᠠᠨ | ᠤᠯᠤᠰ ᠤᠨ ᠰᠣᠯᠢᠯᠴᠠᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠲᠦᠷᠦᠯ ᠤᠨ ᠴᠢᠳᠠᠪᠤᠷᠢᠲᠠᠨ ᠢ ᠠᠮᠢᠳᠤᠯᠢᠭ | ᠰᠠᠶᠢᠲᠤᠷ ᠬᠡᠷᠡᠭᠯᠡᠵᠦ᠂ ᠪᠠᠴᠢᠮ ᠬᠡᠷᠡᠭᠰᠡᠵᠦ ᠪᠠᠶᠢᠭ᠎ᠠ ᠳᠤᠲᠠᠭᠳᠠᠵᠤ ᠪᠠᠶᠢᠭ᠎ᠠ ᠣᠨᠴᠠᠭᠠᠢ ᠴᠢᠳᠠᠪᠤᠷᠢᠲᠠᠨ ᠳᠤ | ᠬᠠᠨᠳᠤᠬᠤ ᠳᠠᠭᠠᠨ ᠣᠨᠴᠠᠭᠠᠢ ᠲᠦᠷᠦ ᠶᠢᠨ ᠪᠤᠳᠤᠯᠭ᠎ᠠ ᠠᠪᠬᠤ ᠬᠡᠷᠡᠭᠲᠡᠢ᠂ ᠲᠡᠭᠦᠰ ᠲᠡᠭᠦᠯᠳᠡᠷ ᠪᠤᠯᠭᠠᠬᠤ ᠭᠡᠵᠦ | ᠤᠷᠤᠯᠳᠤᠬᠤ ᠦᠭᠡᠢ᠂ ᠬᠢᠷᠢ ᠬᠡᠮ ᠢᠶᠠᠷ ᠨᠢ ᠵᠢᠭᠰᠠᠭᠠᠬᠤ ᠦᠭᠡᠢ᠂ ᠨᠢᠭᠡ ᠯᠡ ᠪᠠᠷᠢᠮᠵᠢᠶ᠎ᠠ ᠪᠠᠷ ᠬᠡᠮᠵᠢᠶᠡᠯᠡᠬᠦ ᠦᠭᠡᠢ᠂ | ᠵᠢᠩᠬᠢᠨᠢ ᠴᠢᠳᠠᠪᠤᠷᠢᠲᠠᠨ ᠢ ᠡᠷᠳᠡᠮ ᠴᠢᠳᠠᠪᠤᠷᠢ ᠪᠠᠨ ᠬᠡᠷᠡᠭᠯᠡᠬᠦ ᠭᠠᠵᠠᠷ ᠲᠠᠢ ᠪᠣᠯᠭᠠᠬᠤ ᠬᠡᠷᠡᠭᠲᠡᠢ᠃ ᠢᠲᠡᠭᠡᠯ ᠳᠤ | ᠰᠠᠭᠤᠷᠢᠯᠠᠭᠰᠠᠨ ᠴᠢᠳᠠᠪᠤᠷᠢᠲᠠᠨ ᠢ ᠬᠡᠷᠡᠭᠯᠡᠬᠦ ᠲᠣᠭᠲᠠᠴᠠ ᠶᠢ ᠪᠠᠶᠢᠭᠤᠯᠵᠤ᠂ ᠢᠯᠠᠭᠳᠠᠬᠤ ᠶᠢ ᠵᠥᠪᠰᠢᠶᠡᠷᠡᠵᠦ᠂ | ᠢᠯᠠᠭᠳᠠᠯ ᠢ ᠠᠭᠤᠴᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠭᠠᠭᠤᠯᠤᠬᠴᠢ ᠴᠢᠳᠠᠪᠤᠷᠢᠲᠠᠨ ᠤ | ᠮᠠᠩᠯᠠᠶᠢᠯᠠᠨ ᠠᠶᠠᠨ ᠳᠤ ᠮᠤᠷᠳᠠᠬᠤ ᠶᠢ ᠵᠣᠷᠢᠭᠵᠢᠭᠤᠯᠬᠤ ᠬᠡᠷᠡᠭᠲᠡᠢ᠃ ᠡᠯ᠎ᠡ ᠲᠦᠷᠦᠯ ᠤᠨ ᠴᠢᠳᠠᠪᠤᠷᠢᠲᠠᠨ ᠳᠤ ᠠᠵᠢᠯ | ᠬᠢᠵᠦ ᠦᠢᠯᠡᠰ ᠪᠤᠰᠬᠠᠬᠤ ᠲᠠᠪᠴᠠᠩ ᠪᠠᠶᠢᠭᠤᠯᠤᠨ ᠦᠭᠴᠦ᠂ ᠮᠡᠳᠡᠯᠭᠡ᠂ ᠮᠡᠷᠭᠡᠵᠢᠯ ᠵᠡᠷᠭᠡ ᠰᠢᠨ᠎ᠡ ᠶᠢ ᠡᠭᠦᠳᠬᠦ | ᠡᠯᠧᠮᠧᠨ᠋ᠲ ᠤᠨ ᠦᠷᠳᠡᠭ ᠢ ᠭᠦᠢᠴᠡᠳ ᠢᠯᠡᠷᠡᠭᠦᠯᠦᠭᠰᠡᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ | ᠲᠣᠭᠲᠠᠴᠠ ᠶᠢ ᠪᠠᠶᠢᠭᠤᠯᠵᠤ᠂ ᠠᠵᠢᠯ ᠦᠢᠯᠡᠰ ᠢᠶᠠᠷ ᠴᠢᠳᠠᠪᠤᠷᠢᠲᠠᠨ ᠢ ᠤᠷᠮᠠᠰᠢᠭᠤᠯᠵᠤ᠂ ᠴᠢᠳᠠᠪᠤᠷᠢᠲᠠᠨ ᠢᠶᠠᠷ ᠠᠵᠢᠯ | ᠦᠢᠯᠡᠰ ᠪᠦᠲᠦᠭᠡᠯᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠳᠤ ᠡᠷᠬᠡᠪᠰᠢ ᠵᠥᠪ ᠤᠯᠤᠰ ᠲᠦᠷᠦ ᠶᠢᠨ | ᠴᠢᠭᠯᠡᠯ ᠢ ᠪᠠᠷᠢᠮᠲᠠᠯᠠᠵᠤ᠂ ᠰᠡᠬᠡᠭᠡᠲᠡᠨ ᠤ ᠠᠵᠢᠯ ᠢ ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠵᠤ᠂ | ᠴᠢᠳᠠᠪᠤᠷᠢᠲᠠᠨ ᠤ ᠤᠯᠤᠰ ᠢᠶᠠᠨ ᠬᠠᠶᠢᠷᠠᠯᠠᠬᠤ ᠰᠡᠳᠬᠢᠯᠭᠡ ᠲᠠᠢ ᠪᠠᠶᠢᠵᠤ᠂ ᠤᠯᠤᠰ ᠲᠠᠭᠠᠨ ᠵᠢᠳᠬᠦᠬᠦ ᠵᠣᠷᠢᠭ ᠢᠶᠠᠨ | ᠬᠥᠪᠴᠢᠯᠡᠵᠦ᠂ ᠴᠠᠭ ᠦᠶ᠎ᠡ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ | ᠡᠭᠦᠷᠭᠡᠯᠡᠬᠦ ᠶᠢ ᠵᠣᠷᠢᠭᠵᠢᠭᠤᠯᠬᠤ ᠬᠡᠷᠡᠭᠲᠡᠢ᠃ ᠥᠷᠭᠡᠨ ᠤᠯᠠᠨ ᠴᠢᠳᠠᠪᠤᠷᠢᠲᠠᠨ ᠠᠬᠠᠮᠠᠳ ᠨᠢᠭᠡ ᠦᠶ᠎ᠡ ᠶᠢᠨ | ᠰᠢᠨᠵᠢᠯᠡᠬᠦ ᠤᠬᠠᠭᠠᠨᠲᠠᠨ ᠤ ᠭᠡᠬᠦᠳᠡᠭ ᠴᠡᠭᠡᠵᠢᠨ ᠳᠡᠭᠡᠨ ᠡᠬᠡ ᠤᠯᠤᠰ ᠢᠶᠠᠨ ᠪᠠᠭᠲᠠᠭᠠᠵᠤ᠂ ᠠᠷᠠᠳ ᠲᠦᠮᠡᠨ ᠳᠤ | ᠦᠢᠯᠡᠴᠢᠯᠡᠬᠦ ᠰᠢᠯᠢᠳᠡᠭ ᠵᠠᠩ ᠴᠢᠨᠠᠷ ᠢ ᠵᠠᠯᠭᠠᠮᠵᠢᠯᠠᠨ ᠪᠠᠳᠠᠷᠠᠭᠤᠯᠵᠤ᠂ ᠰᠡᠳᠬᠢᠯ ᠳᠡᠭᠡᠨ ︽ᠤᠯᠤᠰ ᠤᠨ ᠶᠡᠭᠡ | ᠶᠠᠪᠤᠳᠠᠯ︾ ᠢ ᠪᠤᠳᠤᠵᠤ᠂ ᠤᠯᠤᠰ ᠤᠨ ᠢᠶᠠᠨ ᠲᠥᠯᠥᠭᠡ ᠰᠠᠨᠠᠭᠠᠰᠢᠷᠠᠵᠤ᠂ ᠤᠯᠤᠰ ᠤᠨ ᠢᠶᠠᠨ ᠲᠥᠯᠥᠭᠡ ᠬᠦᠴᠢᠷ | ᠵᠣᠪᠠᠯᠠᠩ ᠢ ᠰᠢᠢᠳᠪᠦᠷᠢᠯᠡᠵᠦ᠂ ᠤᠯᠤᠰ ᠤᠨ ᠢᠶᠠᠨ ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ | ᠴᠢᠳᠠᠪᠤᠷᠢᠲᠠᠨ ᠢ ᠬᠥᠬᠢᠭᠦᠯᠦᠨ ᠱᠠᠩᠨᠠᠬᠤ ᠲᠦᠷᠢᠮ ᠢ ᠰᠢᠯᠢᠳᠡᠭᠵᠢᠭᠦᠯᠵᠦ᠂ ᠲᠡᠷᠢᠭᠦᠨ ᠤ ᠨᠡᠶᠢᠲᠡᠯᠢᠭ ᠵᠢᠱᠢᠶ᠎ᠡ ᠶᠢ | ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠳᠠᠶᠠᠭᠠᠷ ᠲᠤ ᠴᠢᠳᠠᠪᠤᠷᠢᠲᠠᠨ ᠢ ᠬᠦᠨᠳᠦᠳᠬᠡᠬᠦ ᠬᠡᠪ | ᠰᠤᠷᠲᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠢ | ᠨᠠᠮ ᠤᠨ ᠬᠤᠷᠢᠶ᠎ᠠ ᠠᠴᠠ ᠨᠢᠭᠡᠳᠦᠯᠲᠡᠢ ᠤᠳᠤᠷᠢᠳᠴᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠦᠷᠦᠭᠦᠯᠡᠨ | ᠶᠡᠷᠦᠩᠬᠡᠶᠢᠯᠡᠨ ᠠᠳᠬᠤᠵᠤ᠂ ᠡᠷᠭᠡ ᠲᠤᠰᠢᠶᠠᠯᠳᠤ ᠰᠠᠯᠠᠭ᠎ᠠ ᠮᠥᠴᠢᠷ ᠲᠤᠰ ᠲᠤᠰ ᠤᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ᠂ ᠨᠢᠭᠲᠠ ᠬᠠᠮᠵᠢᠯᠴᠠᠬᠤ᠂ ᠨᠡᠶᠢᠭᠡᠮ ᠤᠨ ᠬᠦᠴᠦᠨ ᠥᠷᠭᠡᠨ ᠢᠶᠠᠷ ᠣᠷᠣᠯᠴᠠᠬᠤ | ᠴᠢᠳᠠᠪᠤᠷᠢᠲᠠᠨ ᠤ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠭᠤᠣᠯᠳᠠᠯᠭ᠎ᠠ ᠪᠠᠨ ᠲᠤᠪᠤᠶᠢᠯᠭᠠᠵᠤ᠂ ᠴᠢᠳᠠᠪᠤᠷᠢᠲᠠᠨ ᠤ | ᠲᠤᠰᠬᠠᠯ ᠴᠢᠩᠭ᠎ᠠ ᠪᠠᠶᠢᠭ᠎ᠠ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠴᠢᠳᠠᠪᠤᠷᠢᠲᠠᠨ ᠤ | ᠬᠥᠭᠵᠢᠯᠲᠡ ᠳᠠᠬᠢ ᠣᠷᠣᠭᠤᠯᠤᠯᠲᠠ ᠶᠢ ᠨᠡᠮᠡᠭᠳᠡᠭᠦᠯᠵᠦ᠂ ᠴᠢᠳᠠᠪᠤᠷᠢᠲᠠᠨ ᠤ ᠣᠷᠣᠭᠤᠯᠤᠯᠲᠠ ᠶᠢᠨ ᠦᠷ᠎ᠡ ᠠᠰᠢᠭ ᠢ | ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶᠠᠨ ᠤ ᠤᠬᠠᠭᠤᠯᠬᠤ ᠰᠠᠯᠠᠭ᠎ᠠ ᠮᠥᠴᠢᠷ᠂ ᠡᠯ᠎ᠡ | ᠱᠠᠲᠤᠨ ᠤ ᠵᠠᠰᠠᠭ ᠤᠨ ᠣᠷᠳᠣᠨ ᠤ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠠᠮᠤᠷ ᠲᠦᠪᠰᠢᠨ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ᠂ ᠰᠣᠶᠣᠯ ᠵᠢᠭᠤᠯᠴᠢᠯᠠᠯ᠂ ᠤᠯᠤᠰ ᠤᠨ ᠥᠮᠴᠢᠯᠡᠯ ᠤᠨ ᠡᠳ᠋ ᠬᠥᠷᠥᠩᠭᠡ᠂ ᠮᠥᠩᠭᠦᠨ | ᠭᠦᠢᠯᠭᠡᠭᠡᠨ᠂ ᠭᠠᠳᠠᠭᠠᠳᠤ ᠶᠠᠪᠤᠳᠠᠯ ᠵᠡᠷᠭᠡ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠢᠨ ᠦᠢᠯᠡᠳᠦᠯ ᠢᠶᠠᠨ | ᠭᠦᠢᠴᠡᠳ ᠪᠠᠳᠠᠷᠠᠭᠤᠯᠵᠤ᠂ ᠴᠢᠳᠠᠪᠤᠷᠢᠲᠠᠨ ᠤ ᠠᠵᠢᠯ ᠤᠨ ᠡᠯ᠎ᠡ ᠵᠦᠢᠯ ᠤᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠬᠠᠮᠲᠤ ᠪᠠᠷ ᠰᠠᠶᠢᠲᠤᠷ ᠠᠳᠬᠤᠬᠤ ᠬᠡᠷᠡᠭᠲᠡᠶ ᠬᠡᠵᠦ ᠵᠢᠭᠠᠵᠤ ᠭᠠᠷᠭᠠᠪᠠ᠃ | ᠯᠢ ᠺᠧ ᠴᠢᠶᠠᠩ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ | ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠦᠨᠳᠦᠷᠴᠡ ᠠᠴᠠ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠴᠢᠳᠠᠪᠤᠷᠢᠲᠠᠨ ᠤ ᠠᠵᠢᠯ ᠤᠨ ᠣᠯᠤᠭᠰᠠᠨ ᠲᠡᠦᠬᠡᠲᠦ ᠴᠢᠨᠠᠷᠲᠠᠶ | ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ ᠡᠷᠭᠢᠴᠡᠭᠦᠯᠵᠦ᠂ ᠡᠭᠦᠰᠦᠭᠰᠡᠨ ᠲᠡᠦᠬᠡᠲᠦ ᠴᠢᠨᠠᠷᠲᠠᠶ ᠬᠤᠪᠢᠰᠤᠯᠲᠠ᠂ | ᠴᠢᠳᠠᠪᠤᠷᠢᠲᠠᠨ ᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠥᠷᠢᠰᠥᠯᠳᠦᠭᠡᠨ ᠢ | ᠭᠦᠨᠵᠡᠭᠡᠶ ᠵᠠᠳᠠᠯᠵᠤ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠤᠨ ᠠᠯᠢ ᠣᠯᠠᠨ ᠴᠢᠬᠤᠯᠠ ᠶᠡᠭᠡ | ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠳᠠ ᠦᠭᠴᠤ᠂ ᠵᠢᠯᠣᠭᠤᠳᠬᠤ | ᠦᠵᠡᠯ ᠰᠠᠨᠠᠭ᠎ᠠ ᠶᠢ ᠲᠣᠳᠣᠷᠬᠠᠶᠢᠯᠠᠵᠤ᠂ ᠪᠠᠶᠢᠯᠳᠤᠬᠤ ᠪᠤᠳᠤᠯᠭ᠎ᠠ ᠶᠢᠨ ᠬᠠᠷᠠᠯᠲᠠ᠂ ᠭᠤᠣᠯᠳᠠᠯᠭ᠎ᠠ ᠲᠠᠢ ᠡᠭᠦᠷᠭᠡ᠂ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ᠂ ᠤᠷᠤᠭᠰᠢᠯᠠᠬᠤ ᠴᠢᠭᠯᠡᠯ ᠢ ᠵᠢᠭᠠᠨ ᠦᠭᠴᠦ᠂ ᠦᠨᠳᠦᠰᠦᠨ ᠵᠢᠷᠤᠮᠯᠠᠯ | ᠬᠠᠩᠭᠠᠭᠰᠡᠨ ᠮᠠᠰᠢ ᠴᠢᠩᠭ᠎ᠠ ᠤᠯᠤᠰ ᠲᠥᠷᠥ ᠶᠢᠨ ᠴᠢᠨᠠᠷ ᠲᠠᠢ᠂ ᠦᠵᠡᠯ ᠰᠠᠨᠠᠭᠠᠴᠢ ᠴᠢᠨᠠᠷ᠂ ᠤᠨᠤᠯ ᠤᠨ ᠴᠢᠨᠠᠷ᠂ | ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠲᠤᠯᠭᠤᠷ ᠪᠢᠴᠢᠭ | ᠮᠥᠨ᠃ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ | ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠬᠤᠷᠠᠯ ᠤᠨ ᠵᠣᠷᠢᠭ | ᠰᠠᠨᠠᠭ᠎ᠠ ᠶᠢ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ | ᠬᠤᠪᠢᠷᠠᠭᠤᠯᠵᠤ᠂ ᠴᠢᠳᠠᠪᠤᠷᠢᠲᠠᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠡᠳᠬᠢᠴᠡ ᠠᠷᠭ᠎ᠠ | ᠬᠡᠮᠵᠢᠶ᠎ᠡ ᠪᠣᠯᠭᠠᠨ ᠬᠤᠪᠢᠷᠠᠭᠤᠯᠵᠤ᠂ ᠴᠢᠳᠠᠪᠤᠷᠢᠲᠠᠨ ᠤ ᠬᠦᠴᠦᠷᠬᠡᠭ ᠤᠯᠤᠰ ᠢ ᠲᠦᠷᠭᠡᠳᠬᠡᠨ ᠪᠥᠲᠥᠭᠡᠨ ᠪᠠᠶᠢᠭᠤᠯᠬᠤ | ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠨᠠᠮ ᠤᠨ ᠴᠢᠳᠠᠪᠤᠷᠢᠲᠠᠨ ᠤ ᠠᠵᠢᠯ ᠤᠨ ᠰᠢᠨ᠎ᠡ ᠪᠠᠶᠢᠳᠠᠯ ᠢ | ᠲᠠᠰᠤᠷᠠᠯᠲᠠ ᠥᠬᠡᠶ ᠡᠭᠦᠳᠬᠦ ᠬᠡᠷᠡᠭᠲᠡᠶ ᠭᠡᠵᠦ ᠵᠢᠭᠠᠵᠤ ᠭᠠᠷᠭᠠᠵᠠᠢ᠃ | ᠸᠠᠩ ᠬᠤ᠋ ᠨᠢᠩ ᠳ᠋ᠦᠩᠨᠡᠯᠲᠡ ᠶᠢᠨ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠥ᠂ ᠦᠷᠭᠡᠨ ᠬᠠᠷᠠᠭᠠᠰᠤ᠂ ᠪᠠᠶᠠᠯᠢᠭ ᠠᠭᠤᠯᠤᠭᠳᠠᠬᠤᠨ᠂ | ᠭᠦᠨᠵᠡᠭᠡᠢ ᠦᠵᠡᠯ ᠰᠠᠨᠠᠭ᠎ᠠ ᠲᠠᠢ ᠪᠠᠶᠢᠵᠤ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠤᠨ ᠠᠯᠢ ᠤᠯᠠᠨ | ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠲᠠ ᠥᠭᠴᠦ᠂ | ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠤᠳᠬᠤ ᠴᠢᠨᠠᠷ᠂ ᠬᠠᠨᠳᠤᠯᠭᠠᠲᠤ | ᠴᠢᠨᠠᠷ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠤᠨ | ᠲᠤᠬᠠᠢ ᠰᠢᠨ᠎ᠡ ᠣᠶᠢᠯᠠᠭᠠᠭᠳᠠᠬᠤᠨ ᠰᠢᠨ᠎ᠡ ᠪᠠᠶᠢᠯᠳᠤᠬᠤ ᠪᠤᠳᠤᠯᠭ᠎ᠠ ᠰᠢᠨ᠎ᠡ ᠠᠷᠭ᠎ᠠ ᠬᠡᠮᠵᠢᠶ᠎ᠡ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ | ᠠᠵᠢᠯ ᠤᠨ ᠲᠤᠬᠠᠢ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠵᠦ | ᠢᠯᠡᠳᠭᠡᠪᠡ᠃ | ᠪᠡᠭᠡᠵᠢᠩ ᠬᠤᠳᠠ᠂ ᠱᠠᠩᠬᠠᠢ ᠬᠤᠳᠠ᠂ ᠭᠤᠸᠠᠩᠳᠦ᠋ᠩ ᠮᠤᠵᠢ ᠶᠢᠨ ᠱᠧᠨᠵᠧᠨ ᠬᠤᠳᠠ᠂ ᠰᠤᠷᠭᠠᠨ | ᠬᠥᠮᠦᠵᠢᠯ ᠤᠨ ᠶᠠᠮᠤᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ | ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ | ᠴᠢᠩᠬᠤᠸᠠ ᠶᠡᠭᠡ ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠡᠷ ᠤᠨ | ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ | ᠳᠡᠭᠡᠳᠦ ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ | ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ | ᠣᠷᠣᠯᠴᠠᠪᠠ᠃ | ᠲᠥᠪ ᠤᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠤᠨ ᠲᠦᠯᠦᠪᠯᠡᠭᠡ ᠳᠤ ᠲᠤᠰᠠᠭᠠᠷ ᠵᠢᠬᠰᠠᠭᠠᠬᠰᠠᠨ | ᠬᠤᠳᠠ᠂ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ | ᠲᠦᠷᠦ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠨᠥᠬᠦᠳ ᠪᠣᠯᠤᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ᠂ ᠲᠥᠪ ᠠᠴᠠ | ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠠᠵᠤ ᠠᠬᠤᠶᠢᠯᠠᠯ᠂ ᠬᠡᠰᠡᠭ ᠤᠯᠤᠰ ᠤᠨ ᠥᠮᠴᠢᠯᠡᠯ ᠤᠨ ᠴᠢᠬᠤᠯᠠ | ᠭᠤᠣᠯᠯᠠᠭᠴᠢ ᠠᠵᠤ ᠠᠬᠤᠶᠢᠯᠠᠯ᠂ ᠲᠥᠪ ᠠᠴᠠ ᠬᠠᠮᠢᠶᠠᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ ᠶᠢᠨ ᠭᠤᠣᠯ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ |