ᠵᠠᠰᠠᠭ ᠤᠨ ᠣᠷᠳᠣᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2022/1/26
                                            — 2022 ᠣᠨ ᠤ 1 ᠰᠠᠷ᠎ᠠ ᠶᠢᠨ 6 ᠤ ᠡᠳᠦᠷ ᠰᠦᠨᠢᠳ ᠪᠠᠷᠠᠭᠤᠨ ᠬᠤᠰᠢᠭᠤᠨ ᠤ ᠠᠷᠪᠠᠨ ᠵᠢᠷᠭᠤᠳᠣᠭᠠᠷ                                         ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠣᠭᠠᠷ ᠣᠳᠠᠭᠠᠨ ᠤ ᠬᠤᠷᠠᠯᠳᠣᠭᠠᠨ ᠳᠡᠭᠡᠷ᠎ᠡ                                                                                        ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ     ᠸᠠᠩ ᠵᠠᠨ ᠴᠢ ᠲᠦᠯᠦᠭᠡᠯᠡᠭᠴᠢᠳ ᠡ᠄      ᠣᠳᠣ᠂ ᠪᠢ ᠬᠤᠰᠢᠭᠤ ᠠᠷᠪᠠᠨ ᠳᠠᠪᠣᠳᠣᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠠᠨ ᠵᠦᠪᠯᠡᠬᠦ ᠪᠣᠯᠪᠠᠣ᠂ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠪᠣᠯᠣᠨ ᠬᠤᠷᠠᠯ ᠳᠤ ᠰᠣᠯᠠ ᠣᠷᠣᠯᠴᠠᠭᠰᠠᠨ ᠨᠦᠬᠦᠳ ᠴᠦ ᠰᠠᠨᠠᠯ ᠢᠶᠠᠨ ᠳᠣᠷᠠᠳᠬᠤ ᠪᠣᠯᠪᠠᠣ᠃      ᠨᠢᠭᠡ᠂ ᠦᠩᠭᠡᠷᠡᠭᠰᠡᠨ ᠳᠦᠷᠪᠡᠨ ᠵᠢᠯ ᠤᠨ ᠠᠵᠢᠯ ᠤᠨ ᠡᠷᠬᠢᠴᠡᠭᠦᠯᠦᠯᠬᠤᠰᠢᠭᠤ ᠠᠷᠪᠠᠨ ᠳᠠᠪᠣᠳᠣᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠡᠭᠦᠷᠭᠡ ᠲᠣᠰᠢᠶᠠᠯ ᠢᠶᠠᠨ ᠭᠦᠢᠴᠡᠳᠭᠡᠭᠰᠡᠨ ᠳᠦᠷᠪᠡᠨ ᠵᠢᠯ ᠪᠣᠯ ᠶᠡᠷᠦ ᠪᠣᠰᠣ ᠶᠢᠨ ᠮᠦᠷᠳᠡᠭᠡᠨ ᠲᠣᠶᠢᠯ ᠤᠨ ᠬᠢᠯᠪᠠᠷ ᠪᠣᠰᠣ ᠳᠦᠷᠪᠡᠨ ᠵᠢᠯ ᠪᠣᠯᠣᠨ᠎ᠠ᠃ ᠪᠢᠳᠡ ᠦᠭᠡᠷᠡᠴᠢᠯᠡᠯᠳᠡ ᠨᠡᠭᠡᠭᠡᠯᠳᠡ ᠶᠢᠨ 40 ᠵᠢᠯ ᠤᠨ ᠣᠢ᠂ ᠣᠯᠣᠰ ᠪᠠᠶᠢᠭᠤᠯᠣᠭᠳᠠᠭᠰᠠᠨ 70 ᠵᠢᠯ  ᠤᠨ ᠣᠢ ᠪᠣᠯᠣᠨ ᠨᠠᠮ ᠪᠠᠶᠢᠭᠤᠯᠣᠭᠳᠠᠭᠰᠠᠨ 100 ᠵᠢᠯ ᠤᠨ ᠣᠢ ᠵᠡᠷᠭᠡ ᠠᠭᠤᠣ ᠶᠡᠭᠡ ᠲᠡᠣᠭᠡᠨ ᠴᠠᠭ ᠮᠦᠴᠡ ᠶᠢ ᠬᠡᠷᠡᠴᠢᠯᠡᠵᠦ᠂ ᠣᠯᠣᠰ ᠤᠨ ᠲᠣᠳᠣᠭᠠᠳᠣ ᠭᠠᠳᠠᠭᠠᠳᠣ ᠶᠢᠨ ᠲᠦᠪᠡᠭ ᠪᠣᠳᠣᠯᠢᠶᠠᠨᠳᠠᠢ ᠣᠷᠴᠢᠨ ᠪᠠᠶᠢᠳᠠᠯ ᠪᠣᠯᠣᠨ ᠭᠡᠨᠡᠳᠳᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠴᠣᠬᠢᠯᠳᠠ ᠳᠤ ᠬᠠᠨᠳᠣᠵᠣ᠂ ᠬᠤᠰᠢᠭᠤ ᠠᠷᠠᠳ ᠤᠨ ᠵᠠᠰᠠᠭ ᠤᠨ ᠣᠷᠳᠣᠨ ᠨᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠣᠯᠣᠨ ᠬᠤᠰᠢᠭᠤ ᠨᠠᠮ ᠤᠨ ᠬᠤᠷᠢᠶᠠᠨ ᠤ ᠵᠦᠪ ᠣᠨᠣᠪᠴᠢᠳᠠᠢ ᠣᠳᠣᠷᠢᠳᠣᠯᠭ᠎ᠠ ᠲᠣᠣᠷ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠣᠯᠣᠨ ᠣᠯᠣᠰ ᠲᠦᠷᠦ ᠶᠢᠨ ᠵᠦᠪᠯᠡᠯᠭᠡᠨ ᠤ ᠬᠢᠨᠠᠯᠳᠠ ᠲᠡᠮᠵᠢᠯᠭᠡ ᠲᠣᠣᠷ᠎ᠠ᠂ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠬᠦ ᠪᠠ ᠲᠦᠰᠢᠭᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠣᠳᠠᠭ᠎ᠠ ᠪᠦᠷᠢ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠰᠢ ᠶᠢᠨ ᠫᠢᠩ ᠶᠡᠷᠦᠩᠭᠡᠢ ᠱᠦᠵᠢ ᠶᠢᠨ ᠦᠪᠦᠷ ᠮᠣᠩᠭᠤᠯ ᠤᠨ ᠠᠵᠢᠯ ᠤᠨ ᠲᠣᠬᠠᠢ ᠴᠢᠬᠤᠯᠠ ᠶᠠᠷᠢᠶ᠎ᠠ ᠴᠢᠬᠤᠯᠠ ᠵᠢᠭᠠᠪᠣᠷᠢ ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠬᠦᠨᠵᠡᠭᠡᠢ ᠰᠣᠷᠣᠯᠴᠠᠨ ᠲᠣᠣᠱᠯᠠᠭᠤᠯᠵᠣ᠂ ᠦᠪᠡᠷᠳᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ᠂ ᠬᠤᠶᠠᠷ ᠰᠠᠭᠤᠷᠢᠨ ᠭᠠᠵᠠᠷ᠂ ᠨᠢᠭᠡ ᠪᠠᠬᠢᠯᠡᠯᠳᠡ︾1 ᠶᠢ ᠪᠦᠲᠦᠭᠡᠨ ᠪᠠᠶᠢᠭᠤᠯᠬᠤ ᠪᠠᠶᠢᠯᠳᠣᠬᠤ ᠪᠣᠳᠣᠯᠭ᠎ᠠ ᠶᠢᠨ ᠣᠷᠣᠨ ᠲᠣᠭᠳᠠᠭᠠᠯᠳᠠ ᠶᠢᠨ ᠲᠣᠭᠤᠷᠢᠨ  ᠳᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠳᠣ ᠪᠠᠬᠢ ᠪᠣᠢ ᠪᠣᠯᠭᠠᠵᠣ᠂ ᠴᠢᠨᠠᠷᠯᠢᠭ ᠬᠦᠭᠵᠢᠯᠳᠡ ᠶᠢᠨ ᠭᠤᠣᠯ ᠰᠡᠳᠦᠪ ᠢ ᠴᠢᠩᠭ᠎ᠠ ᠠᠳᠬᠤᠵᠣ᠂ ᠰᠡᠳᠬᠢᠯ ᠢᠶᠠᠨ ᠨᠢᠭᠡᠳᠭᠡᠨ ᠬᠦᠴᠦᠨ ᠢᠶᠠᠨ ᠬᠠᠮᠳᠣᠳᠬᠠᠵᠣ ᠬᠦᠭᠵᠢᠯᠳᠡ ᠶᠢ ᠡᠷᠢᠯᠬᠢᠯᠡᠨ᠂ ᠡᠷᠡᠮᠡᠭᠡᠶᠢᠯᠡᠨ ᠣᠷᠣᠭᠰᠢᠯᠠᠵᠣ ᠰᠢᠨ᠎ᠡ ᠬᠠᠭᠤᠳᠠᠰᠣ ᠶᠢ ᠪᠢᠴᠢᠭᠯᠡᠨ᠂ ᠬᠤᠰᠢᠭᠤ ᠠᠷᠪᠠᠨ ᠲᠠᠪᠣᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠣᠳᠠᠭ᠎ᠠ ᠪᠦᠷᠢ ᠶᠢᠨ ᠬᠤᠷᠠᠯᠳᠣᠭᠠᠨ ᠤ ᠲᠣᠭᠳᠠᠭᠠᠭᠰᠠᠨ ᠭᠤᠣᠯ ᠬᠠᠷᠠᠯᠳᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠠᠵᠢᠯ ᠪᠦᠬᠦ ᠲᠠᠯ᠎ᠠ ᠶᠢᠨ ᠠᠮᠵᠢᠯᠳᠠ ᠣᠯᠵᠣ᠂ ᠪᠦᠬᠦ ᠣᠯᠣᠰ  ᠲᠠᠢ ᠵᠡᠷᠭᠡᠪᠡᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠣ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠰᠢᠨ᠎ᠡ ᠠᠶᠠᠨ ᠢ ᠡᠬᠢᠯᠡᠭᠦᠯᠪᠡ᠃ ᠵᠢᠱᠢᠯᠳᠡ ᠪᠠᠷ ᠪᠦᠬᠦ ᠬᠤᠰᠢᠭᠤᠨ ᠤ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ 2017 ᠣᠨ ᠤ 37.8 ᠳ᠋ᠦᠩᠰᠢᠭᠤᠷ ᠲᠦᠭᠦᠷᠢᠭ ᠪᠠᠶᠢᠭᠰᠠᠨ ᠠᠴᠠ 2021 ᠣᠨ ᠳᠤ 40.3 ᠳ᠋ᠦᠩᠰᠢᠭᠤᠷ ᠲᠦᠭᠦᠷᠢᠭ ᠪᠣᠯᠣᠨ ᠦᠰᠴᠦ᠂ ᠵᠢᠯ ᠳᠣᠮᠳᠠᠴᠢ 1.6%  ᠪᠠᠷ ᠨᠡᠮᠡᠭᠳᠡᠪᠡ︔ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠲᠣᠬᠢᠷᠠᠭᠤᠯᠵᠣ ᠪᠣᠯᠬᠤᠶᠢᠴᠠ ᠣᠷᠣᠯᠭ᠎ᠠ 34754 ᠲᠦᠭᠦᠷᠢᠭ ᠪᠠ 10615 ᠲᠦᠭᠦᠷᠢᠭ ᠪᠠᠶᠢᠭᠰᠠᠨ ᠠᠴᠠ 41930 ᠲᠦᠭᠦᠷᠢᠭ ᠪᠠ 15630 ᠲᠦᠭᠦᠷᠢᠭ ᠪᠣᠯᠣᠨ ᠦᠰᠴᠦ᠂ ᠵᠢᠯ ᠳᠣᠮᠳᠠᠴᠢ 4.8% ᠪᠠ 10.2%  ᠢᠶᠠᠷ ᠨᠡᠮᠡᠭᠳᠡᠪᠡ︔ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠨᠡᠶᠢᠳᠡ 8.6 ᠳ᠋ᠦᠩᠰᠢᠭᠤᠷ ᠲᠦᠭᠦᠷᠢᠭ ᠲᠤ ᠬᠦᠷᠴᠦ᠂ ᠵᠢᠯ ᠳᠣᠮᠳᠠᠴᠢ 1.08% ᠪᠠᠷ ᠨᠡᠮᠡᠭᠳᠡᠪᠡ︔ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠨᠡᠶᠢᠳᠡ 47.3 ᠳ᠋ᠦᠩᠰᠢᠭᠤᠷ ᠲᠦᠭᠦᠷᠢᠭ ᠪᠡᠶᠡᠯᠡᠭᠦᠯᠵᠦ᠂ ᠵᠢᠯ ᠳᠣᠮᠳᠠᠴᠢ 8.1% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠣᠷᠣᠯᠠᠭᠤᠯᠭ᠎ᠠ ᠶᠢᠨ ᠶᠡᠷᠦᠩᠭᠡᠢ ᠦᠨ᠎ᠡ ᠨᠡᠶᠢᠳᠡ 34 ᠳ᠋ᠦᠩᠰᠢᠭᠤᠷ ᠲᠦᠭᠦᠷᠢᠭ ᠪᠡᠶᠡᠯᠡᠭᠦᠯᠵᠦ᠂ ᠵᠢᠯ ᠳᠣᠮᠳᠠᠴᠢ 2.4% ᠪᠠᠷ ᠨᠡᠮᠡᠭᠳᠡᠵᠦ᠂ ᠭᠤᠣᠯ ᠪᠣᠯᠬᠤ ᠠᠵᠣ ᠠᠬᠤᠢ ᠶᠢᠨ ᠭᠦᠢᠴᠡᠳᠭᠡᠯ ᠲᠤᠭ᠎ᠠ ᠵᠢᠱᠢᠭᠰᠡᠨ ᠬᠠᠷᠠᠯᠳᠠ ᠪᠠᠨ ᠣᠷᠢᠳᠴᠢᠯᠠᠨ ᠪᠡᠶᠡᠯᠡᠭᠦᠯᠵᠦ᠂ ︽ᠠᠷᠪᠠᠨ ᠲᠦᠷᠪᠡᠳᠦᠭᠡᠷ ᠲᠠᠪᠣᠨ ᠵᠢᠯ︾ ᠤᠨ ᠲᠦᠯᠦᠪᠵᠢᠭᠦᠯᠭᠡ ᠶᠢᠨ ᠰᠠᠶᠢᠨ ᠡᠬᠢᠯᠡᠯᠳᠡ ᠶᠢ ᠪᠡᠶᠡᠯᠡᠭᠦᠯᠪᠡ᠃      ᠳᠦᠷᠪᠡᠨ ᠵᠢᠯ ᠤᠨ ᠲᠣᠷᠰᠢ᠂ ᠪᠢᠳᠡ ᠬᠤᠷᠢᠭ᠎ᠠ ᠱᠣᠭᠤᠮ ᠤᠨ ᠰᠡᠳᠬᠢᠴᠡ ᠶᠢ ᠪᠠᠷᠢᠮᠳᠠᠯᠠᠵᠣ᠂ ᠣᠷᠣᠨ ᠨᠣᠳᠤᠭ ᠢᠶᠠᠨ ᠬᠠᠮᠠᠭᠠᠯᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠭᠤᠷᠪᠠᠨ ᠶᠡᠭᠡ ᠰᠢᠪᠳᠣᠯᠣᠳᠠ ᠶᠢᠨ ᠠᠵᠢᠯ ᠪᠦᠬᠦ ᠲᠠᠯ᠎ᠠ ᠶᠢᠨ ᠠᠮᠵᠢᠯᠳᠠ ᠣᠯᠪᠠ᠃ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠠᠵᠢᠯ ᠢᠶᠠᠷ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠪᠦᠬᠦ ᠲᠠᠯ᠎ᠠ ᠶᠢ ᠶᠡᠷᠦᠩᠭᠡᠶᠢᠯᠡᠨ ᠵᠢᠯᠣᠭᠤᠳᠣᠭᠤᠯᠵᠣ᠂ ︽ᠲᠠᠪᠣᠨ ᠨᠢᠭᠡ ᠪᠦᠯᠦᠭ︾2 ᠲᠤ ᠲᠦᠪᠯᠡᠷᠡᠭᠦᠯᠦᠨ ᠲᠦᠷᠦ ᠶᠢᠨ ᠪᠣᠳᠣᠯᠭ᠎ᠠ ᠶᠢ ᠨᠠᠷᠢᠯᠢᠭ ᠣᠨᠣᠪᠴᠢᠳᠠᠢ ᠬᠡᠷᠡᠭᠵᠢᠭᠦᠯᠵᠦ᠂ ︽ᠵᠢᠷᠭᠤᠭᠠᠨ ᠨᠠᠷᠢᠯᠢᠭ ᠣᠨᠣᠪᠴᠢᠳᠠᠢ︾3 ᠳᠤ ᠬᠠᠨᠳᠣᠭᠤᠯᠣᠭᠰᠠᠨ ᠰᠢᠪᠳᠣᠯᠣᠯᠳᠠ ᠶᠢᠨ ᠠᠵᠢᠯ ᠤᠨ ᠲᠣᠭᠤᠷᠢᠨ ᠳᠤ᠂ 3.5 ᠳ᠋ᠦᠩᠰᠢᠭᠤᠷ ᠲᠦᠭᠦᠷᠢᠭ ᠤᠨ ᠶᠠᠳᠠᠭᠤ ᠶᠢ ᠳᠡᠳᠭᠦᠬᠦ ᠪᠡᠯᠡ ᠮᠦᠩᠭᠦ ᠣᠷᠣᠭᠤᠯᠵᠣ᠂ ᠶᠠᠳᠠᠭᠤ ᠶᠢ ᠳᠡᠳᠭᠦᠬᠦ 221 ᠲᠦᠷᠦᠯ ᠵᠦᠢᠯ ᠢ ᠬᠡᠷᠡᠭᠵᠢᠭᠦᠯᠵᠦ᠂ ︽ᠬᠤᠶᠠᠷ ᠲᠤ ᠵᠣᠪᠠᠭ᠋ᠣ ᠦᠭᠡᠢ᠂ ᠭᠤᠷᠪᠠᠨ ᠪᠠᠳᠣᠯᠠᠭ᠎ᠠ ᠲᠠᠢ ᠪᠠᠶᠢᠬᠤ︾4 ᠶᠢ ᠪᠦᠬᠦ ᠲᠠᠯ᠎ᠠ ᠪᠠᠷ ᠪᠠᠷᠢᠮᠵᠢᠶᠠᠨ ᠳᠤ ᠬᠦᠷᠭᠡᠵᠦ᠂ ᠣᠣᠭᠤᠬᠤ ᠣᠰᠣᠨ ᠤ ᠠᠮᠣᠷ ᠲᠦᠪᠰᠢᠨ ᠢ ᠨᠡᠶᠢᠳᠡᠮ ᠲᠦᠭᠡᠮᠡᠯᠵᠢᠭᠦᠯᠬᠦ ᠶᠢ ᠪᠡᠶᠡᠯᠡᠭᠦᠯᠵᠦ᠂ 2036 ᠡᠷᠦᠭᠡ ᠶᠢᠨ 5102 ᠶᠠᠳᠠᠭᠤ ᠬᠦᠴᠢᠷᠳᠡᠯᠳᠠᠢ ᠬᠦᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠣ᠂ 34 ᠶᠠᠳᠠᠭᠤ ᠬᠦᠴᠢᠷᠳᠠᠯᠳᠠᠢ ᠭᠠᠴᠠᠭ᠎ᠠ ᠲᠣᠰᠬᠤᠨ ᠢ ᠴᠦᠮ ᠶᠠᠳᠠᠭᠤ ᠠᠴᠠ ᠭᠠᠷᠭᠠᠵᠣ᠂ ᠣᠯᠣᠰ ᠤᠨ ᠳᠡᠰ ᠤᠨ ᠶᠠᠳᠠᠭᠤ ᠬᠤᠰᠢᠭᠤ ᠶᠢᠨ ᠮᠠᠯᠠᠭᠠᠢ ᠪᠠᠨ ᠪᠦᠬᠦ ᠣᠷᠣᠨ ᠳᠤ ᠬᠠᠮᠤᠭ ᠲᠡᠷᠢᠭᠦᠨ ᠳᠤ ᠠᠪᠴᠣ ᠬᠠᠶᠠᠭᠰᠠᠨ ᠮᠠᠯᠵᠢᠯ ᠤᠨ ᠬᠤᠰᠢᠭᠤ ᠰᠢᠶᠠᠨ ᠪᠣᠯᠪᠠ᠃ ᠪᠡᠭᠡᠵᠢᠩ ᠬᠤᠳᠠ᠂ ᠲᠣᠭᠤᠷᠢᠭ ᠤᠨ ᠬᠤᠶᠠᠷ ᠱᠠᠳᠣ ᠪᠣᠯᠣᠨ ᠳᠣᠮᠳᠠᠳᠣ ᠣᠯᠣᠰ ᠤᠨ ᠠᠭᠠᠷ ᠠᠶᠠᠯᠠᠯ ᠤᠨ ᠪᠦᠯᠦᠭᠯᠡᠯ  ᠪᠦᠬᠦ ᠬᠦᠴᠦ ᠪᠠᠷ  ᠢᠶᠠᠨ ᠬᠠᠪᠰᠣᠷᠣᠨ ᠳᠡᠳᠭᠦᠵᠦ᠂ ᠠᠵᠣ ᠦᠢᠯᠡᠰ ᠤᠨ ᠬᠦᠭᠵᠢᠯᠳᠡ᠂ ᠬᠤᠳᠠᠯᠳᠣᠭᠠᠨ ᠤ ᠶᠠᠪᠣᠳᠠᠯ ᠤᠨ ᠬᠠᠷᠢᠯᠴᠠᠭ᠎ᠠ᠂ ᠣᠶᠣᠨ ᠣᠬᠠᠭᠠᠨ ᠢ ᠨᠢ ᠳᠡᠳᠭᠦᠬᠦ᠂ ᠠᠮᠢ ᠠᠬᠤᠢ ᠶᠢᠨ ᠪᠦᠲᠦᠭᠡᠨ ᠪᠠᠶᠢᠭᠤᠯᠣᠯᠳᠠ ᠵᠡᠷᠭᠡ ᠲᠠᠯ᠎ᠠ ᠳᠤ᠂ ᠪᠦᠬᠦ ᠲᠠᠯ᠎ᠠ  ᠶᠢᠨ ᠳᠡᠮᠵᠢᠯᠭᠡ ᠦᠵᠡᠭᠦᠯᠵᠦ᠂ ᠨᠡᠶᠢᠳᠡ 1.25 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ 99 ᠬᠠᠪᠰᠣᠷᠣᠨ ᠳᠡᠳᠭᠦᠬᠦ ᠲᠦᠷᠦᠯ ᠵᠦᠢᠯ ᠢ ᠬᠡᠷᠡᠭᠵᠢᠭᠦᠯᠵᠦ᠂ ᠠᠵᠣ ᠦᠢᠯᠡᠰᠵᠢᠭᠰᠡᠨ ᠲᠦᠷᠦᠯ ᠵᠦᠢᠯ ᠤᠨ ᠠᠵᠣ ᠠᠬᠤᠢ ᠶᠢᠨ ᠦᠷ᠎ᠡ ᠠᠰᠢᠭ 1028 ᠲᠦᠮᠡᠨ ᠲᠦᠭᠦᠷᠢᠭ ᠲᠤ ᠬᠦᠷᠴᠦ᠂ ᠮᠠᠨ ᠤ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠪᠣᠯᠣᠨ ᠣᠨᠴᠠᠯᠢᠭᠳᠣ ᠪᠦᠲᠦᠭᠡᠭᠳᠡᠭᠦᠨ ᠢ ᠪᠡᠭᠡᠵᠢᠩ  ᠤᠨ ᠵᠠᠬ᠎ᠠ ᠳᠤ ᠭᠠᠷᠭᠠᠬᠤ ᠵᠠᠮ ᠢ ᠰᠢᠯᠣᠭᠤᠳᠬᠠᠨ᠂  ᠶᠠᠳᠠᠭᠤ ᠬᠦᠴᠢᠷᠳᠡᠯᠳᠠᠢ ᠭᠡᠷ ᠪᠦᠯᠢ ᠶᠢᠨ 24 ᠦᠷ᠎ᠡ ᠭᠡᠣᠭᠡᠳ ᠤᠨ ︽ᠠᠭᠠᠷ ᠠᠶᠠᠯᠠᠯ ᠤᠨ ᠦᠢᠯᠡᠴᠢᠯᠡᠭᠴᠢ︾ ᠪᠣᠯᠬᠤ ᠬᠦᠰᠡᠯ ᠢ ᠪᠡᠶᠡᠯᠡᠭᠦᠯᠵᠦ᠂ 4282 ᠶᠠᠳᠠᠭᠤ ᠬᠦᠴᠢᠷᠳᠡᠯᠳᠠᠢ ᠬᠦᠮᠦᠨ ᠠᠮᠠ ᠶᠢᠨ ᠦᠨᠳᠦᠰᠦᠨ ᠦᠢᠯᠡᠳᠪᠦᠷᠢᠯᠡᠯ ᠠᠮᠢᠳᠣᠷᠠᠯ ᠤᠨ ᠨᠦᠬᠦᠴᠡᠯ ᠢ ᠨᠢ ᠰᠠᠶᠢᠵᠢᠷᠠᠭᠤᠯᠵᠣ᠂ ᠪᠦᠬᠦ ᠬᠤᠰᠢᠭᠤᠨ ᠤ ᠣᠯᠠᠨ ᠲᠦᠮᠡᠨ ᠡᠮ ᠡᠮᠨᠡᠯᠭᠡ᠂ ᠰᠣᠷᠭᠠᠨ ᠬᠦᠮᠦᠵᠢᠯ ᠵᠡᠷᠭᠡ ᠲᠠᠯ᠎ᠠ ᠳᠤ ᠦᠨᠡᠨ ᠪᠣᠳᠠᠳᠠᠢ ᠬᠠᠷᠠᠭᠠᠯᠵᠠᠯ ᠬᠦᠷᠳᠡᠪᠡ᠃ ᠪᠢᠳᠡ ᠬᠠᠷᠢᠴᠠᠯᠠᠰᠢᠭᠦᠢ ᠶᠠᠳᠠᠭᠤ ᠬᠦᠴᠢᠷᠳᠡᠯᠳᠠᠢ ᠪᠠᠶᠢᠳᠠᠯ ᠢ ᠲᠡᠣᠭᠡᠳᠦ ᠴᠢᠨᠠᠷᠳᠠᠢ ᠪᠠᠷ ᠦᠭᠡᠶᠢᠰᠭᠡᠵᠦ᠂ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠣᠯᠠᠨ ᠲᠦᠮᠡᠨ ᠳᠤ ᠠᠮᠠᠯᠳᠠᠭᠰᠠᠨ ᠲᠦᠪ ᠴᠢᠩᠭ᠎ᠠ ᠠᠮᠠᠯᠠᠯᠳᠠ ᠪᠠᠨ ᠪᠡᠶᠡᠯᠡᠭᠦᠯᠪᠡ᠃ ᠡᠭᠦᠨ ᠤ ᠬᠠᠮᠳᠣ᠂ ᠪᠢᠳᠡ ᠲᠠᠷᠣᠯᠳᠠ ᠪᠠᠨ ᠰᠣᠯᠠᠷᠠᠭᠤᠯᠬᠤ ᠦᠭᠡᠢ᠂ ᠡᠷᠴᠢ ᠵᠣᠷᠢᠭ ᠢᠶᠠᠨ ᠪᠠᠭᠤᠷᠠᠭᠤᠯᠬᠤ ᠦᠭᠡᠢ ᠪᠠᠶᠢᠬᠤ ᠶᠢ ᠪᠠᠷᠢᠮᠳᠠᠯᠠᠵᠣ᠂ ᠶᠠᠳᠠᠭᠤ ᠠᠴᠠ ᠠᠩᠭᠢᠵᠢᠷᠠᠭᠤᠯᠣᠭᠰᠠᠨ ᠰᠢᠪᠳᠣᠯᠣᠯᠳᠠ ᠶᠢᠨ ᠦᠷ᠎ᠡ ᠪᠦᠲᠦᠮᠵᠢ ᠶᠢ ᠪᠠᠳᠣᠳᠬᠠᠨ ᠦᠷᠭᠡᠳᠭᠡᠬᠦ ᠶᠢ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠯᠤᠭ᠎ᠠ ᠪᠦᠲᠦᠮᠵᠢᠳᠠᠢ ᠵᠣᠯᠭᠠᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠵᠣ᠂ 1.07 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ ᠠᠷᠠᠳ ᠤᠨ ᠠᠮᠢᠳᠣᠷᠠᠯ ᠪᠣᠯᠣᠨ ᠣᠨᠴᠠᠯᠢᠭᠳᠣ ᠠᠵᠣ ᠦᠢᠯᠡᠰ ᠤᠨ 26 ᠲᠦᠷᠦᠯ ᠵᠦᠢᠯ᠂ ᠪᠡᠭᠡᠵᠢᠩ ᠦᠪᠦᠷ ᠮᠣᠩᠭᠤᠯ ᠤᠨ ᠬᠠᠮᠵᠢᠯᠴᠠᠭᠠᠨ ᠤ 22 ᠲᠦᠷᠦᠯ ᠵᠦᠢᠯ᠂ ᠳᠣᠮᠳᠠᠳᠣ ᠣᠯᠣᠰ ᠤᠨ ᠠᠭᠠᠷ ᠠᠶᠠᠯᠠᠯ ᠤᠨ ᠪᠦᠯᠦᠭᠯᠡᠯ ᠤᠨ ᠲᠣᠭᠳᠠᠭᠰᠠᠨ ᠴᠡᠭ ᠤᠨ ᠬᠠᠪᠰᠣᠷᠣᠨ ᠳᠡᠳᠭᠦᠬᠦ 14 ᠲᠦᠷᠦᠯ ᠵᠦᠢᠯ ᠢ ᠲᠦᠯᠦᠪᠯᠡᠨ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠣᠭᠰᠠᠨ ᠰᠠᠭᠤᠷᠢ ᠶᠢ ᠨᠡᠩ ᠪᠠᠳᠣᠳᠬᠠᠨ᠂ ᠦᠷ᠎ᠡ ᠪᠦᠲᠦᠮᠵᠢ ᠶᠢ ᠨᠡᠩ ᠢᠯᠡᠭᠦᠦ ᠦᠷᠭᠦᠯᠵᠢᠯᠡᠭᠦᠶᠢᠴᠡ ᠪᠣᠯᠭᠠᠬᠤ ᠶᠢ ᠪᠠᠳᠣᠯᠠᠪᠠ᠃ ᠪᠣᠬᠢᠷᠳᠣᠯ ᠢ ᠰᠡᠷᠭᠡᠶᠢᠯᠡᠨ ᠵᠠᠰᠠᠬᠤ ᠰᠢᠪᠳᠣᠯᠣᠯᠳᠠ ᠶᠢᠨ ᠠᠵᠢᠯ ᠢᠶᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠣᠬᠢᠷᠳᠣᠯ ᠦᠭᠡᠢ ᠪᠦᠲᠦᠭᠡᠨ ᠪᠠᠶᠢᠭᠤᠯᠬᠤ ᠶᠢ ᠪᠡᠶᠡᠯᠡᠭᠦᠯᠵᠦ᠂ ᠪᠣᠬᠢᠷᠳᠣᠯ ᠢ ᠰᠡᠷᠭᠡᠶᠢᠯᠡᠨ ᠵᠠᠰᠠᠬᠤ ︽ᠭᠤᠷᠪᠠᠨ ᠵᠢᠯ  ᠤᠨ ᠠᠵᠢᠯᠯᠠᠭ᠎ᠠ ᠶᠢᠨ ᠲᠦᠯᠦᠪᠯᠡᠭᠡ︾ ᠶᠢ ᠲᠡᠭᠦᠰ ᠠᠮᠵᠢᠯᠳᠠᠳᠠᠢ ᠪᠡᠶᠡᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢ ᠨᠦᠯᠦᠭᠡᠯᠡᠨ ᠡᠪᠳᠡᠭᠰᠡᠨ ᠨᠢᠭᠡ ᠪᠦᠯᠦᠭ ᠳᠣᠪᠣᠶᠢᠮ᠎ᠠ ᠠᠰᠠᠭᠤᠳᠠᠯ ᠢ ᠪᠦᠲᠦᠮᠵᠢᠳᠠᠢ ᠰᠢᠢᠳᠪᠦᠷᠢᠯᠡᠵᠦ᠂ ᠪᠦᠬᠦ ᠬᠤᠰᠢᠭᠤᠨ ᠤ ᠠᠭᠠᠷ ᠮᠠᠨᠳᠠᠯ ᠤᠨ ᠶᠠᠰᠣ ᠴᠢᠨᠠᠷ ᠤᠨ ᠪᠠᠷᠢᠮᠵᠢᠶᠠᠨ ᠳᠤ ᠬᠦᠷᠦᠭᠰᠡᠨ ᠡᠳᠦᠷ ᠤᠨ ᠲᠤᠭ᠎ᠠ ᠶᠢᠨ ᠬᠠᠷᠢᠴᠠᠯ ᠨᠢ 94% ᠳᠤ ᠬᠦᠷᠴᠦ᠂ ᠪᠣᠬᠢᠷ ᠣᠰᠣ ᠶᠢ ᠬᠤᠷᠢᠶᠠᠨ ᠴᠣᠭᠯᠠᠭᠤᠯᠬᠤ ᠨᠣᠷᠮ᠎ᠠ 96% ᠳᠤ ᠬᠦᠷᠴᠦ᠂ ᠴᠡᠪᠡᠷᠰᠢᠭᠦᠯᠦᠭᠰᠡᠨ ᠣᠰᠣ ᠶᠢ ᠲᠠᠬᠢᠨ ᠠᠰᠢᠭᠯᠠᠭᠰᠠᠨ ᠨᠣᠷᠮ᠎ᠠ 85% ᠳᠤ ᠬᠦᠷᠴᠦ᠂ ᠬᠦᠷᠦᠰᠦ ᠰᠢᠷᠣᠢ ᠶᠢᠨ ᠣᠷᠴᠢᠨ ᠲᠣᠭᠤᠷᠢᠨ ᠤ ᠶᠠᠰᠣ ᠴᠢᠨᠠᠷ ᠶᠡᠷᠦᠩᠭᠡᠢ ᠳᠡᠭᠡᠨ ᠨᠡᠯᠢᠶᠡᠳ ᠰᠠᠶᠢᠨ ᠪᠠᠶᠢᠵᠣ᠂ ᠮᠠᠨ ᠤ ᠬᠤᠰᠢᠭᠤᠨ ᠤ ᠰᠢᠶᠠᠨ  ᠤ ᠬᠡᠪᠴᠢᠶᠡᠨ ᠳᠠᠬᠢ ᠠᠮᠢ ᠠᠬᠤᠢ ᠶᠢᠨ ᠲᠡᠷᠢᠭᠦᠨ ᠤ ᠦᠢᠯᠡ ᠶᠠᠪᠣᠳᠠᠯ ᠨᠢ ᠣᠯᠣᠰ ᠤᠨ ᠣᠷᠴᠢᠨ ᠲᠣᠭᠤᠷᠢᠨ ᠤ ᠶᠠᠰᠣ ᠴᠢᠨᠠᠷ ᠤᠨ ᠬᠢᠨᠠᠨ ᠬᠡᠮᠵᠢᠯᠳᠡ ᠶᠢᠨ ᠦᠨᠡᠯᠡᠯᠳᠡ ᠪᠣᠯᠣᠨ ᠬᠢᠨᠠᠨ ᠰᠢᠯᠭᠠᠬᠤ ᠨᠡᠶᠢᠳᠡᠯᠢᠭ ᠵᠢᠱᠢᠶ᠎ᠡ ᠶᠢᠨ ᠬᠤᠷᠢᠶᠠᠩᠭᠤᠶᠢᠯᠠᠯ ᠳᠤ ᠰᠣᠩᠭᠤᠭᠳᠠᠪᠠ᠃ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠷ ᠡᠷᠡᠭᠦᠯ ᠬᠦᠭᠵᠢᠯᠳᠡ ᠶᠢᠨ ᠬᠤᠷᠢᠭ᠎ᠠ ᠱᠣᠭᠤᠮ ᠢ ᠪᠠᠳᠣ ᠰᠠᠬᠢᠵᠣ᠂ ᠣᠷᠣᠯᠭ᠎ᠠ ᠪᠠᠨ ᠨᠡᠮᠡᠭᠳᠡᠭᠦᠯᠦᠨ ᠵᠠᠷᠣᠯᠭ᠎ᠠ ᠪᠠᠨ ᠪᠠᠭᠠᠰᠬᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠳᠠᠯᠠᠵᠣ᠂ ᠡᠳ᠋ ᠤᠨ ᠵᠠᠰᠠᠭ ᠤᠨ ᠬᠠᠳᠠᠭᠠᠯᠠᠮᠵᠢ ᠪᠡᠯᠡ ᠮᠦᠩᠭᠦ ᠶᠢ ᠡᠷᠬᠢᠯᠳᠡ ᠳᠤ ᠣᠷᠣᠭᠤᠯᠬᠤ᠂ ᠣᠯᠣᠰ ᠤᠨ ᠦᠮᠴᠢᠯᠡᠯᠳᠦ ᠡᠳ᠋ ᠬᠦᠷᠦᠩᠭᠡ ᠶᠢ ᠨᠠᠷᠢᠨ ᠨᠢᠭᠳᠠ ᠮᠦᠷᠳᠡᠨ ᠪᠠᠶᠢᠴᠠᠭᠠᠬᠤ᠂ ᠡᠳ᠋ ᠤᠨ ᠵᠠᠰᠠᠭ ᠤᠨ ᠪᠡᠯᠡ ᠮᠦᠩᠭᠦ ᠪᠣᠯᠣᠨ ᠭᠠᠶᠢᠯᠢ ᠶᠢᠨ ᠰᠦᠢᠳᠭᠡᠯ ᠢ ᠰᠢᠯᠭᠠᠨ ᠪᠠᠶᠢᠴᠠᠭᠠᠵᠣ ᠦᠷᠢ ᠰᠢᠷᠢ ᠶᠢ ᠢᠯᠭᠠᠷᠠᠭᠤᠯᠣᠨ ᠪᠣᠳᠣᠬᠤ ᠵᠢᠴᠢ ᠬᠠᠷᠢᠯᠴᠠᠭᠠᠨ ᠤ ᠵᠣᠭᠤᠰ ᠢ ᠴᠡᠪᠡᠷᠯᠡᠬᠦ ᠭᠤᠷᠪᠠᠨ ᠲᠣᠰᠬᠠᠢ ᠲᠦᠷᠦᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠭᠦᠯᠵᠦ᠂ ᠡᠳ᠋ ᠤᠨ ᠵᠠᠰᠠᠭ ᠤᠨ ᠪᠡᠯᠡ ᠣᠷᠣᠭᠤᠯᠬᠤ ᠬᠢᠨᠠᠨ ᠦᠨᠡᠯᠡᠯᠳᠡ ᠪᠠᠷ ᠳᠠᠮᠵᠢᠨ᠂ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶᠠᠨ ᠤ ᠮᠦᠩᠭᠦ ᠶᠢ 0.97 ᠳ᠋ᠦᠩᠰᠢᠭᠤᠷ ᠲᠦᠭᠦᠷᠢᠭ ᠠᠷᠪᠢᠯᠠᠵᠣ᠂ ᠳᠡᠭᠡᠲᠦ ᠱᠠᠳᠣᠨ ᠤ ᠲᠣᠰᠬᠠᠢ ᠲᠦᠷᠦᠯ ᠤᠨ ᠪᠡᠯᠡ ᠮᠦᠩᠭᠦ ᠵᠢᠴᠢ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠳᠦ ᠶᠢ 37.9 ᠳ᠋ᠦᠩᠰᠢᠭᠤᠷ ᠲᠦᠭᠦᠷᠢᠭ ᠲᠡᠮᠡᠴᠡᠨ ᠣᠯᠵᠣ᠂ 16.9 ᠳ᠋ᠦᠩᠰᠢᠭᠤᠷ ᠲᠦᠭᠦᠷᠢᠭ ᠤᠨ ᠵᠠᠰᠠᠭ ᠤᠨ ᠣᠷᠳᠣᠨ ᠤ ᠦᠷᠢ ᠰᠢᠷᠢ ᠶᠢ ᠰᠢᠢᠳᠪᠦᠷᠢᠯᠡᠵᠦ᠂ ᠦᠷᠢ ᠰᠢᠷᠢ ᠶᠢᠨ ᠨᠣᠷᠮ᠎ᠠ 290.3% ᠪᠠᠶᠢᠭᠰᠠᠨ ᠠᠴᠠ 224% ᠪᠣᠯᠣᠨ ᠪᠠᠭᠤᠷᠠᠪᠠ᠃      ᠳᠦᠷᠪᠡᠨ ᠵᠢᠯ ᠤᠨ ᠲᠣᠷᠰᠢ᠂ ᠪᠢᠳᠡ ᠬᠡᠯᠪᠡᠷᠢ ᠶᠢ ᠬᠤᠪᠢᠷᠠᠭᠤᠯᠣᠨ ᠳᠡᠰ ᠳᠡᠪᠰᠢᠭᠦᠯᠬᠦ ᠶᠢ ᠪᠠᠷᠢᠮᠳᠠᠯᠠᠵᠣ᠂ ᠬᠦᠴᠢᠷ ᠪᠡᠷᠭᠡ ᠶᠢ ᠢᠯᠠᠨ ᠳᠠᠪᠠᠵᠣ᠂ ᠠᠵᠣ ᠠᠬᠤᠢ ᠶᠢᠨ ᠪᠦᠲᠦᠭᠡᠨ ᠪᠠᠶᠢᠭᠤᠯᠣᠯᠳᠠ ᠶᠢᠨ ᠦᠷ᠎ᠡ ᠠᠰᠢᠭ ᠢ ᠲᠦᠪᠯᠡᠷᠡᠭᠦᠯᠪᠡ᠃ ᠣᠳᠣ ᠦᠶ᠎ᠡ ᠶᠢᠨ ᠮᠠᠯ ᠠᠵᠣ ᠠᠬᠤᠢ ᠦᠨᠳᠦᠷ ᠦᠷ᠎ᠡ ᠪᠦᠲᠦᠮᠵᠢᠳᠠᠢ ᠬᠦᠭᠵᠢᠪᠡ᠃ ︽ᠬᠤᠨᠢᠨ  ᠤ ᠡᠭᠦᠯᠳᠡᠷ ᠢ ᠰᠢᠯᠢᠳᠡᠭᠵᠢᠭᠦᠯᠦᠨ ᠦᠭᠡᠷ ᠦᠰᠭᠡᠬᠦ︾ ︽ᠬᠤᠨᠢᠨ ᠤ ᠡᠭᠦᠯᠳᠡᠷ ᠢ ᠰᠢᠯᠢᠳᠡᠭᠵᠢᠭᠦᠯᠦᠨ ᠲᠡᠮᠡᠭᠡ ᠦᠰᠭᠡᠬᠦ︾ ᠪᠠᠷ ᠭᠤᠣᠯᠳᠠᠯᠭ᠎ᠠ ᠪᠣᠯᠭᠠᠭᠰᠠᠨ ᠮᠠᠯ ᠠᠵᠣ ᠠᠬᠤᠢ ᠶᠢᠨ ᠪᠦᠲᠦᠴᠡ ᠶᠢᠨ ᠲᠣᠬᠢᠷᠠᠭᠤᠯᠣᠯᠳᠠ ᠡᠬᠢᠯᠡᠨ ᠦᠷ᠎ᠡ ᠪᠦᠲᠦᠮᠵᠢ ᠣᠯᠵᠣ᠂ ᠣᠯᠠᠨ ᠲᠠᠯ᠎ᠠ ᠪᠠᠷ ᠬᠦᠭᠵᠢᠭᠦᠯᠬᠦ᠂ ᠣᠯᠠᠨ ᠳᠡᠰ ᠲᠣᠯᠭᠠᠭᠤᠷᠢᠯᠠᠬᠤ ᠣᠳᠣᠬᠢᠴᠢᠯᠠᠭᠰᠠᠨ ᠮᠠᠯ ᠠᠵᠣ ᠠᠬᠤᠢ ᠶᠢᠨ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠵᠦ᠂ ᠰᠦᠨᠢᠳ ᠬᠤᠨᠢ᠂ ᠰᠦᠨᠢᠳ ᠬᠤᠣᠰ ᠪᠦᠬᠦᠲᠦ ᠲᠡᠮᠡᠭᠡ ᠶᠢ ᠣᠯᠣᠰ ᠤᠨ ᠭᠠᠵᠠᠷ ᠵᠦᠢ ᠶᠢᠨ ᠪᠠᠶᠢᠷᠢᠰᠢᠯ ᠤᠨ ᠲᠠᠸᠠᠷ ᠤᠨ ᠲᠡᠮᠳᠡᠭᠲᠦ ᠪᠠᠷ ᠠᠮᠵᠢᠯᠳᠠᠳᠠᠢ ᠳᠠᠩᠰᠠᠯᠠᠭᠤᠯᠪᠠ᠃ ᠬᠤᠨᠢᠨ ᠤ ᠠᠵᠣ ᠦᠢᠯᠡᠰ ᠤᠨ ᠶᠠᠰᠣ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠯᠣᠰ  ᠤᠨ ᠳᠡᠰ ᠤᠨ ᠢᠳᠡᠰᠢᠨ ᠤ ᠬᠤᠨᠢᠨ ᠤ ᠭᠤᠣᠯ ᠰᠦᠷᠦᠭ ᠢ ᠮᠠᠯᠵᠢᠬᠤ ᠲᠠᠯᠠᠪᠠᠢ 1᠂ ᠰᠦᠨᠢᠳ ᠬᠤᠨᠢᠨ ᠤ ᠦᠷᠭᠡᠳᠭᠡᠭᠰᠡᠨ ᠮᠠᠯᠵᠢᠯ ᠤᠨ ᠲᠠᠯᠠᠪᠠᠢ 10᠂ ᠭᠤᠣᠯ ᠰᠦᠷᠦᠭ ᠢ 140 ᠶᠢ ᠪᠠᠶᠢᠭᠤᠯᠵᠣ᠂ ᠡᠭᠦᠯᠳᠡᠷ ᠢ ᠬᠠᠮᠠᠭᠠᠯᠠᠬᠤ᠂ ᠰᠢᠯᠢᠳᠡᠭ ᠡᠭᠦᠯᠳᠡᠷ ᠢ ᠦᠷᠡᠵᠢᠭᠦᠯᠬᠦ᠂ ᠬᠢᠵᠢᠭ ᠢ ᠰᠡᠷᠭᠡᠶᠢᠯᠡᠬᠦ ᠳᠠᠭᠠᠳᠬᠠᠯ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠨ᠂ ᠰᠦᠨᠢᠳ ᠬᠤᠨᠢᠨ ᠤ ᠰᠢᠯᠢᠳᠡᠭ ᠡᠭᠦᠯᠳᠡᠷ ᠤᠨ ᠨᠣᠷᠮ᠎ᠠ ᠶᠢ 80%᠂ ᠣᠨᠳᠣᠷᠣᠯᠳᠠ ᠶᠢᠨ ᠨᠣᠷᠮ᠎ᠠ ᠶᠢ 100% ᠳᠤ ᠬᠦᠷᠭᠡᠵᠦ᠂ ᠮᠠᠨ ᠤ ᠬᠤᠰᠢᠭᠤ ᠶᠢ ᠬᠦᠳᠡᠭᠡ ᠠᠵᠣ ᠠᠬᠤᠢ ᠶᠢᠨ ᠶᠠᠮᠣᠨ ᠠᠴᠠ ᠦᠪᠦᠷ ᠮᠣᠩᠭᠤᠯ ᠤᠨ ᠲᠠᠯ᠎ᠠ ᠨᠣᠳᠤᠭ ᠤᠨ ᠢᠳᠡᠰᠢᠨ ᠤ ᠬᠤᠨᠢᠨ ᠤ ᠠᠵᠣ ᠦᠢᠯᠡᠰ ᠤᠨ ᠰᠦᠷᠦᠭᠵᠢᠯ  ᠤᠨ ᠲᠦᠷᠦᠯ ᠵᠦᠢᠯ ᠤᠨ ᠬᠤᠰᠢᠭᠤ ᠰᠢᠶᠠᠨ ᠳᠤ ᠣᠷᠣᠭᠤᠯᠵᠣ᠂ ᠰᠦᠨᠢᠳ ᠬᠤᠨᠢᠨ ᠤ ᠮᠢᠬ᠎ᠠ ᠨᠢ ᠦᠪᠦᠷ ᠮᠣᠩᠭᠤᠯ  ᠤᠨ ᠦᠪᠡᠷᠳᠡᠭᠡᠨ ᠵᠠᠰᠠᠬᠤ ᠣᠷᠣᠨ ᠤ ᠣᠨᠴᠠ ᠰᠢᠯᠢᠳᠡᠭ ᠳᠡᠰ ᠤᠨ ᠠᠭᠤᠷ ᠠᠮᠢᠰᠬᠤᠯ ᠤᠨ ᠰᠠᠶᠢᠨ ᠪᠦᠲᠦᠭᠡᠭᠳᠡᠭᠦᠨ  ᠢᠶᠠᠷ ᠦᠨᠡᠯᠡᠭᠳᠡᠪᠡ︔ ᠦᠭᠡᠷ ᠤᠨ ᠠᠵᠣ ᠦᠢᠯᠡᠰ ᠢ ᠦᠷᠭᠦᠯᠵᠢᠯᠡᠨ ᠪᠣᠵᠠᠭᠠᠶᠢᠷᠠᠭᠤᠯᠵᠣ᠂ ︽ᠣᠷᠢᠵᠣ ᠣᠷᠣᠭᠤᠯᠣᠨ ᠦᠷᠭᠡᠳᠭᠡᠨ ᠮᠠᠯᠵᠢᠬᠤ᠂ ᠡᠭᠦᠯᠳᠡᠷ ᠢ ᠨᠢ ᠰᠢᠯᠢᠳᠡᠭᠵᠢᠭᠦᠯᠬᠦ︾ ᠵᠡᠷᠭᠡ ᠮᠡᠷᠭᠡᠵᠢᠯ ᠢ ᠠᠰᠢᠭᠯᠠᠬᠤ ᠶᠢ ᠪᠠᠷᠢᠮᠳᠠᠯᠠᠵᠣ᠂ 3370 ᠰᠢᠯᠢᠳᠡᠭ ᠡᠭᠦᠯᠳᠡᠷ ᠤᠨ ᠢᠳᠡᠰᠢᠨ ᠤ ᠦᠭᠡᠷ ᠣᠷᠣᠭᠤᠯᠵᠣ᠂ 10.9 ᠲᠦᠮᠡᠨ ᠨᠣᠳᠤᠭ ᠤᠨ ᠦᠭᠡᠷ ᠤᠨ ᠡᠭᠦᠯᠳᠡᠷ ᠢ ᠰᠠᠶᠢᠵᠢᠷᠠᠭᠤᠯᠬᠤ ᠶᠢ ᠪᠡᠶᠡᠯᠡᠭᠦᠯᠵᠦ᠂ ᠦᠷ᠎ᠡ ᠶᠢᠨ ᠮᠠᠯ ᠤᠨ ᠲᠠᠯᠠᠪᠠᠢ 1᠂ ᠢᠳᠡᠰᠢᠨ ᠤ ᠦᠭᠡᠷ ᠤᠨ ᠭᠤᠣᠯ ᠰᠦᠷᠦᠭ 2 ᠪᠣᠯᠣᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ 7 ᠶᠢ ᠭᠤᠣᠯᠳᠠᠯᠭ᠎ᠠ ᠲᠠᠢ ᠡᠭᠦᠳᠴᠦ᠂ ᠢᠳᠡᠰᠢᠨ ᠤ ᠦᠭᠡᠷ ᠤᠨ ᠡᠭᠦᠯᠳᠡᠷ ᠢ ᠰᠠᠶᠢᠵᠢᠷᠠᠭᠤᠯᠣᠭᠰᠠᠨ ᠨᠣᠷᠮ᠎ᠠ ᠶᠢ 100%᠂ ᠬᠤᠶᠠᠳᠣᠭᠠᠷ ᠦᠶ᠎ᠡ ᠠᠴᠠ ᠳᠡᠭᠡᠭᠰᠢᠬᠢ ᠰᠢᠯᠢᠳᠡᠭ ᠡᠭᠦᠯᠳᠡᠷ ᠤᠨ ᠦᠨᠢᠶᠡᠨ ᠤ ᠬᠠᠷᠢᠴᠠᠯ ᠢ 45% ᠳᠤ ᠬᠦᠷᠭᠡᠵᠦ᠂ ᠰᠢᠯᠢᠳᠡᠭ ᠡᠭᠦᠯᠳᠡᠷ ᠢ ᠮᠠᠯᠵᠢᠬᠤ ᠬᠢᠷᠢ ᠲᠦᠪᠰᠢᠨ ᠪᠣᠯᠣᠨ ᠨᠠᠰᠣ ᠭᠦᠢᠴᠡᠭᠰᠡᠨ ᠦᠭᠡᠷ ᠬᠠᠩᠭᠠᠬᠤ ᠴᠢᠳᠠᠪᠣᠷᠢ ᠶᠢ ᠢᠯᠡᠳᠳᠡ ᠳᠡᠭᠡᠭᠰᠢᠯᠡᠭᠦᠯᠪᠡ︔ ᠲᠡᠮᠡᠭᠡᠨ ᠤ ᠠᠵᠣ ᠦᠢᠯᠡᠰ ᠤᠨ ᠳᠠᠪᠠᠭᠤᠯᠢᠭ ᠢᠯᠡᠷᠭᠡᠢ ᠪᠣᠯᠵᠣ᠂ ᠲᠡᠮᠡᠭᠡᠨ ᠤ ᠠᠮᠢᠳᠣ ᠪᠣᠳᠠᠰ  ᠤᠨ ᠰᠢᠨᠵᠢᠯᠡᠭᠡ ᠮᠡᠷᠭᠡᠵᠢᠯ ᠤᠨ 1 ᠠᠵᠣ ᠠᠬᠤᠶᠢᠯᠠᠯ ᠢ ᠣᠷᠢᠨ ᠣᠷᠣᠭᠤᠯᠵᠣ᠂ ᠰᠦᠨᠢᠳ ᠬᠤᠣᠰ ᠪᠦᠬᠦᠲᠦ ᠲᠡᠮᠡᠭᠡ  ᠶᠢ ᠦᠰᠭᠡᠨ ᠮᠠᠯᠵᠢᠬᠤ 2 ᠰᠠᠭᠤᠷᠢᠨ ᠭᠠᠵᠠᠷ ᠢ ᠪᠠᠶᠢᠭᠤᠯᠵᠣ᠂ ᠢᠩᠭᠡᠨ ᠰᠦ ᠬᠤᠳᠠᠯᠳᠣᠨ ᠠᠪᠬᠤ ᠨᠦᠬᠦᠪᠦᠷᠢ ᠶᠢᠨ ᠲᠦᠷᠦ ᠶᠢᠨ ᠪᠣᠳᠣᠯᠭ᠎ᠠ ᠶᠢ ᠲᠣᠭᠳᠠᠭᠠᠵᠣ᠂ ︽ᠵᠠᠬ᠎ᠠ ᠳᠡᠯᠭᠡᠭᠦᠷ + ᠲᠣᠯᠣᠭᠠᠶᠢᠯᠠᠭᠴᠢ ᠠᠵᠣ ᠠᠬᠤᠶᠢᠯᠠᠯ + ᠰᠠᠭᠤᠷᠢᠨ ᠭᠠᠵᠠᠷ ︵ᠬᠤᠷᠰᠢᠶᠠᠵᠢᠯ︶ + ᠮᠠᠯᠵᠢᠬᠤ ᠡᠷᠦᠭᠡ ︵ᠭᠡᠷ ᠪᠦᠯᠢ ᠶᠢᠨ ᠮᠠᠯᠵᠢᠯ ᠤᠨ ᠳᠠᠯᠠᠪᠠᠢ︶︾ ᠶᠢᠨ ᠬᠠᠮᠳᠣᠪᠡᠷ ᠠᠰᠢᠭ ᠬᠦᠷᠳᠡᠬᠦ ᠬᠦᠭᠵᠢᠯᠳᠡ ᠶᠢᠨ ᠰᠢᠨ᠎ᠡ ᠵᠠᠮ ᠢ ᠨᠡᠭᠡᠭᠡᠵᠦ᠂ ᠲᠡᠮᠡᠭᠡᠨ ᠤ ᠠᠵᠣ ᠦᠢᠯᠡᠰ ᠨᠢ ᠨᠢᠭᠡᠨᠳᠡ ᠠᠯᠬᠤᠮ ᠠᠯᠬᠤᠮ ᠢᠶᠠᠷ ᠮᠠᠯᠴᠢᠨ ᠲᠠᠷᠢᠶᠠᠴᠢᠳ ᠤᠨ ᠪᠠᠶᠠᠵᠢᠯ ᠤᠨ ᠰᠢᠨ᠎ᠡ ᠠᠷᠭ᠎ᠠ ᠵᠠᠮ ᠪᠣᠯᠪᠠ᠃ ᠠᠵᠣ ᠦᠢᠯᠡᠳᠪᠦᠷᠢ ᠶᠢᠨ ᠠᠵᠣ ᠠᠬᠤᠢ ᠶᠢᠨ ᠬᠡᠯᠪᠡᠷᠢ ᠶᠢ ᠬᠤᠪᠢᠷᠠᠭᠤᠯᠣᠨ ᠬᠦᠭᠵᠢᠭᠦᠯᠪᠡ᠃ ᠡᠬᠢ ᠪᠠᠶᠠᠯᠢᠭ ᠤᠨ ᠳᠠᠪᠠᠭᠤᠯᠢᠭ ᠪᠣᠯᠣᠨ ᠠᠵᠣ ᠦᠢᠯᠡᠰ ᠤᠨ ᠰᠠᠭᠤᠷᠢ ᠶᠢᠨ ᠲᠣᠭᠤᠷᠢᠨ ᠳᠤ᠂ ᠪᠢᠳᠡ ᠦᠪᠡᠷᠳᠡᠭᠡᠨ ᠳᠠᠷᠣᠯᠳᠠ ᠨᠡᠮᠡᠵᠦ᠂ ᠬᠤᠴᠣᠷᠣᠩᠭᠤᠢ ᠦᠢᠯᠡᠳᠪᠦᠷᠢᠡᠯᠡᠯ ᠤᠨ ᠴᠢᠳᠠᠪᠣᠷᠢ᠂ ︽ᠦᠬᠦᠰᠢᠷᠡᠮᠡᠯ︾ ︽ᠢᠳᠡᠭᠡᠯ ᠦᠭᠡᠢ︾ ᠠᠵᠣ ᠠᠬᠤᠶᠢᠯᠠᠯ  ᠢ ᠶᠡᠭᠡ ᠬᠦᠴᠦ ᠭᠠᠷᠭᠠᠨ ᠳᠠᠶᠠᠭᠳᠠᠨ ᠴᠡᠪᠡᠷᠯᠡᠵᠦ᠂ ᠬᠦᠭᠵᠢᠯᠳᠡ ᠶᠢᠨ ᠳᠠᠪᠠᠭᠤᠯᠢᠭ᠂ ᠣᠨᠴᠠᠯᠢᠭᠳᠣ ᠠᠵᠣ ᠦᠢᠯᠡᠰ ᠪᠣᠯᠣᠨ ᠰᠢᠨ᠎ᠡ ᠪᠠᠷ ᠬᠦᠭᠵᠢᠵᠦ ᠪᠠᠶᠢᠭ᠎ᠠ ᠠᠵᠣ ᠦᠢᠯᠡᠰ ᠢ ᠢᠳᠡᠪᠬᠢᠳᠠᠢ ᠪᠣᠶᠢᠵᠢᠭᠤᠯᠣᠨ᠂ ᠠᠵᠣ ᠠᠬᠤᠢ ᠶᠢᠨ ᠪᠦᠲᠦᠴᠡ ᠶᠢᠨ ᠲᠣᠬᠢᠷᠠᠭᠤᠯᠣᠯᠳᠠ ᠶᠢ ᠠᠬᠢᠭᠤᠯᠵᠣ᠂ ᠠᠵᠣ ᠠᠬᠤᠢ ᠶᠢᠨ ᠬᠦᠭᠵᠢᠯᠳᠡ ᠶᠢᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠭᠡᠪᠡ᠃ ᠣᠣ ᠰᠢᠤᠸᠠᠢ ᠴᠦᠨ᠂ ᠴᠢᠶᠠᠨ ᠢ ᠵᠡᠷᠭᠡ ᠨᠢᠭᠡ ᠪᠦᠯᠦᠭ ᠨᠣᠣᠰᠣ ᠨᠣᠯᠣᠣᠷ  ᠤᠨ ᠠᠵᠣ ᠦᠢᠯᠡᠰ ᠤᠨ ᠬᠡᠯᠬᠢᠶ᠎ᠡ ᠶᠢ ᠣᠷᠳᠣᠳᠬᠠᠨ ᠨᠦᠬᠦᠪᠦᠷᠢᠯᠡᠬᠦ ᠲᠦᠷᠦᠯ ᠵᠦᠢᠯ ᠢ ᠵᠣᠯᠭᠠᠭᠤᠯᠵᠣ᠂ ᠰᠦᠨᠢᠳ ᠲᠡᠮᠡᠭᠡᠨ ᠤ ᠦᠢᠯᠡᠰ᠂ ᠶᠠᠩ ᠶᠠᠩ ᠮᠠᠯᠵᠢᠯ ᠤᠨ ᠦᠢᠯᠡᠰ ᠤᠨ ᠵᠡᠷᠭᠡ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ  ᠢ ᠨᠠᠷᠢᠯᠢᠭ ᠪᠣᠯᠪᠠᠰᠣᠷᠠᠭᠤᠯᠬᠤ ᠨᠢᠭᠡ ᠪᠦᠯᠦᠭ ᠠᠵᠣ ᠠᠬᠤᠶᠢᠯᠠᠯ ᠢ ᠣᠷᠢᠵᠣ ᠣᠷᠣᠭᠤᠯᠬᠤ ᠶᠢᠨ ᠬᠠᠮᠳᠣ ᠬᠦᠭᠵᠢᠭᠦᠯᠦᠨ ᠪᠣᠵᠠᠭᠠᠶᠢᠷᠠᠭᠤᠯᠵᠣ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠪᠣᠯᠪᠠᠰᠣᠷᠠᠭᠤᠯᠣᠯᠳᠠ ᠶᠢ ᠬᠤᠪᠢᠷᠠᠭᠤᠯᠣᠭᠰᠠᠨ ᠨᠣᠷᠮ᠎ᠠ 75% ᠳᠤ ᠬᠦᠷᠴᠦ᠂ ᠮᠢᠬ᠎ᠠ᠂ ᠰᠦ᠂ ᠨᠣᠣᠰᠣ᠂ ᠨᠣᠯᠣᠣᠷ ᠵᠡᠷᠭᠡ ᠶᠢᠨ ᠪᠦᠲᠦᠭᠡᠭᠳᠡᠭᠦᠨ 100 ᠭᠠᠷᠣᠢ ᠲᠦᠷᠦᠯ ᠳᠤ ᠬᠦᠷᠪᠡ︔ ᠲᠢᠶᠠᠨ ᠷᠦᠨ᠂ ᠵᠦᠩ ᠳ᠋ᠢᠶᠠᠨ ᠺᠧ ᠶᠣᠣ᠂ ᠵᠦᠩ ᠺᠧ ᠯᠢᠩ ᠱᠧᠩ ᠵᠡᠷᠭᠡ ᠰᠢᠨ᠎ᠡ ᠡᠨᠧᠷᠬᠢ ᠪᠣᠯᠣᠨ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ‍ ᠨᠢᠭᠡ ᠪᠦᠯᠦᠭ ᠠᠵᠣ ᠠᠬᠤᠶᠢᠯᠠᠯ ᠢ ᠰᠠᠭᠤᠷᠢᠰᠢᠭᠤᠯᠵᠣ᠂ ᠰᠠᠯᠬᠢᠨ ᠬᠦᠴᠦᠨ ᠤ ᠴᠠᠬᠢᠯᠭᠠᠨ ᠤ ᠬᠢᠨᠠᠨ ᠵᠦᠪᠰᠢᠶᠡᠷᠡᠭᠰᠡᠨ ᠪᠠᠭᠳᠠᠭᠠᠮᠵᠢ ᠪᠣᠯᠣᠨ ᠨᠠᠷᠠᠨ ᠤ ᠡᠨᠧᠷᠬᠢ ᠶᠢᠨ ᠳᠠᠩᠰᠠᠯᠠᠭᠰᠠᠨ ᠪᠠᠭᠳᠠᠭᠠᠮᠵᠢ ᠲᠣᠰᠪᠦᠷᠢ 74.2 ᠲᠦᠮᠡᠨ ᠺᠢᠯᠣᠸᠠᠲ ᠪᠣᠯᠣᠨ 31.8 ᠲᠦᠮᠡᠨ ᠺᠢᠯᠣᠸᠠᠲ ᠲᠤ ᠬᠦᠷᠴᠦ᠂ ᠨᠡᠶᠢᠳᠡ 59.2 ᠳ᠋ᠦᠩᠰᠢᠭᠤᠷ ᠺᠢᠯᠣᠸᠠᠲ ᠴᠠᠭ ᠴᠠᠬᠢᠯᠭᠠᠨ ᠬᠠᠩᠭᠠᠵᠣ᠂ ᠰᠢᠨ᠎ᠡ ᠡᠨᠧᠷᠬᠢ ᠶᠢᠨ ᠠᠵᠣ ᠦᠢᠯᠡᠰ ᠤᠨ ᠦᠢᠯᠡᠳᠪᠦᠷᠢᠯᠡᠯ ᠤᠨ ᠦᠷᠳᠡᠭ ᠤᠨ ᠠᠵᠣ ᠦᠢᠯᠡᠳᠪᠦᠷᠢ  ᠶᠢᠨ ᠠᠵᠣ ᠠᠬᠤᠢ ᠳᠤ ᠡᠵᠡᠯᠡᠬᠦ ᠬᠠᠷᠢᠴᠠᠯ ᠨᠢ 15% ᠠᠴᠠ ᠳᠡᠭᠡᠭᠰᠢ ᠳᠤ ᠬᠦᠷᠪᠡ᠃ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠠᠵᠣ  ᠠᠬᠤᠶᠢᠯᠠᠯ ᠨᠡᠶᠢᠳᠡ 147.7 ᠳ᠋ᠦᠩᠰᠢᠭᠤᠷ ᠲᠦᠭᠦᠷᠢᠭ ᠤᠨ ᠦᠢᠯᠡᠳᠪᠦᠷᠢᠯᠡᠯ ᠤᠨ ᠦᠷᠳᠡᠭ ᠢ ᠪᠡᠶᠡᠯᠡᠭᠦᠯᠵᠦ᠂ ᠠᠵᠣ ᠦᠢᠯᠡᠳᠪᠦᠷᠢ ᠶᠢᠨ ᠭᠠᠶᠢᠯᠢ ᠶᠢᠨ ᠣᠷᠣᠯᠭ᠎ᠠ ᠵᠢᠯ ᠳᠣᠮᠳᠠᠴᠢ 0.8% ᠪᠠᠷ ᠨᠡᠮᠡᠭᠳᠡᠪᠡ᠃ ᠠᠷᠠᠯᠵᠢᠶᠠᠴᠢᠨ ᠣᠷᠢᠵᠣ ᠪᠡᠯᠡ ᠣᠷᠣᠭᠤᠯᠬᠤ 13 ᠠᠵᠣ ᠠᠬᠤᠶᠢᠯᠠᠯ ᠢ ᠰᠠᠭᠤᠷᠢᠰᠢᠭᠤᠯᠵᠣ᠂ 12 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠶᠢ ᠨᠠᠶᠢᠳᠠᠪᠣᠷᠢᠵᠢᠭᠤᠯᠪᠠ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠣᠯᠠᠨ ᠲᠦᠷᠦᠯ ᠵᠦᠢᠯ ᠢᠶᠠᠷ ᠬᠦᠭᠵᠢᠪᠡ᠃ ᠡᠯᠧᠺᠲᠷᠣᠨ ᠬᠤᠳᠠᠯᠳᠣᠭᠠᠨ ᠤ ᠶᠠᠪᠣᠳᠠᠯ᠂ ᠣᠳᠣ ᠦᠶ᠎ᠡ ᠶᠢᠨ ᠪᠠᠷᠠᠭᠠᠨ ᠤ ᠭᠦᠢᠯᠭᠡᠭᠡ᠂ ᠡᠷᠡᠭᠦᠯᠵᠢᠯ ᠨᠠᠰᠣᠵᠢᠯ ᠵᠡᠷᠭᠡ ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠦᠢᠯᠡᠰ ᠦᠷᠨᠢᠭᠦᠨ ᠬᠦᠭᠵᠢᠵᠦ᠂ ᠣᠯᠣᠰ ᠤᠨ ᠳᠡᠰ ᠤᠨ ᠡᠯᠧᠺᠲᠷᠣᠨ ᠬᠤᠳᠠᠯᠳᠣᠭᠠᠨ ᠤ ᠶᠠᠪᠣᠳᠠᠯ ᠢ ᠬᠦᠳᠡᠭᠡ ᠲᠣᠰᠬᠤᠨ ᠳᠤ ᠣᠷᠣᠭᠤᠯᠬᠤ ᠶᠡᠷᠦᠩᠭᠡᠶᠢᠯᠡᠭᠰᠡᠨ ᠵᠢᠱᠢᠶᠡᠴᠢ ᠬᠤᠰᠢᠭᠤ ᠪᠠᠷ ᠰᠣᠩᠭᠤᠭᠳᠠᠵᠣ᠂ ᠬᠤᠰᠢᠭᠤᠨ ᠤ ᠡᠯᠧᠺᠲᠷᠣᠨ ᠬᠤᠳᠠᠯᠳᠣᠭᠠᠨ ᠤ ᠶᠠᠪᠣᠳᠠᠯ ᠤᠨ ᠨᠡᠶᠢᠳᠡ ᠶᠢᠨ ᠦᠢᠯᠡᠴᠢᠯᠡᠭᠡᠨ ᠤ ᠲᠦᠪ᠂ ᠡᠯᠧᠺᠲᠷᠣᠨ ᠬᠤᠳᠠᠯᠳᠣᠭᠠᠨ ᠤ ᠶᠠᠪᠣᠳᠠᠯ ᠤᠨ ᠬᠠᠩᠭᠠᠯᠭ᠎ᠠ ᠶᠢᠨ ᠬᠡᠯᠬᠢᠶᠡᠨ ᠤ ᠦᠢᠯᠡᠴᠢᠯᠡᠭᠡᠨ ᠤ ᠰᠠᠭᠤᠷᠢᠨ ᠭᠠᠵᠠᠷ ᠠᠰᠢᠭᠯᠠᠯᠳᠠ ᠳᠤ ᠣᠷᠣᠵᠣ᠂ ᠪᠦᠬᠦ ᠣᠷᠣᠨ ᠳᠤ ᠬᠠᠮᠤᠭ ᠲᠡᠷᠢᠭᠦᠨ ᠳᠤ ᠮᠠᠯᠵᠢᠬᠤ ᠲᠠᠷᠢᠶᠠᠯᠠᠬᠤ ᠣᠷᠣᠨ ᠤ ᠲᠦᠷᠭᠡᠨ ᠭᠤᠪᠢᠭᠤᠯᠭ᠎ᠠ ᠶᠢᠨ ᠦᠢᠯᠡᠴᠢᠯᠡᠭᠡ ᠶᠢ ᠲᠦᠭᠡᠮᠡᠯᠵᠢᠭᠦᠯᠵᠦ᠂ ᠬᠤᠳᠠ ᠬᠦᠳᠡᠭᠡ ᠶᠢᠨ ᠬᠤᠶᠠᠷ ᠴᠢᠭᠯᠡᠯ ᠳᠡᠰᠢ ᠨᠡᠪᠳᠡᠷᠡᠬᠦ ᠦᠢᠯᠡᠴᠢᠯᠡᠭᠡᠨ ᠤ ᠲᠣᠣᠷ ᠰᠦᠯᠵᠢᠶᠡᠨ ᠤ ᠰᠢᠰᠲ᠋ᠧᠮ ᠢ ᠪᠠᠶᠢᠭᠤᠯᠵᠣ᠂ ᠡᠯᠧᠺᠲᠷᠣᠨ ᠬᠤᠳᠠᠯᠳᠣᠭᠠᠨ ᠤ ᠶᠠᠪᠣᠳᠠᠯ ᠤᠨ ᠠᠷᠠᠯᠵᠢᠶᠠᠨ ᠤ ᠮᠦᠩᠭᠦ ᠨᠡᠶᠢᠳᠡ 27.2 ᠳ᠋ᠦᠩᠰᠢᠭᠤᠷ ᠲᠦᠭᠦᠷᠢᠭ ᠲᠤ ᠬᠦᠷᠴᠦ᠂ ᠵᠢᠯ ᠳᠣᠮᠳᠠᠴᠢ 16.8% ᠪᠠᠷ ᠨᠡᠮᠡᠭᠳᠡᠪᠡ᠃ ᠪᠦᠬᠦ ᠬᠦᠷᠢᠶ᠎ᠡ ᠴᠠᠷ᠎ᠠ ᠶᠢᠨ ᠵᠢᠭᠤᠯᠴᠢᠯᠠᠯ ᠪᠣᠯᠣᠨ ︽ᠰᠣᠶᠣᠯ ᠤᠨ ᠵᠢᠭᠤᠯᠴᠢᠯᠠᠯ +︾ ᠢ ᠠᠭᠤᠰᠣᠯᠴᠠᠭᠤᠯᠣᠨ ᠬᠦᠭᠵᠢᠭᠦᠯᠵᠦ᠂ ᠵᠢᠭᠤᠯᠴᠢᠯᠠᠯ ᠤᠨ ᠵᠠᠰᠠᠮᠠᠯ ᠵᠠᠮ ᠢ 23.3 ᠺᠢᠯᠣᠮᠧᠲᠷ ᠲᠡᠪᠢᠰᠴᠦ᠂  ᠵᠢᠭᠤᠯᠴᠢᠯᠠᠯ ᠤᠨ ᠵᠣᠷᠯᠣᠩ 42 ᠢ ᠪᠠᠶᠢᠭᠤᠯᠵᠣ᠂ ᠦᠵᠡᠮᠵᠢ ᠶᠢᠨ ᠣᠷᠣᠨ ᠳᠤ 25 ᠵᠢᠭᠠᠯᠳᠠ ᠲᠡᠮᠳᠡᠭ ᠲᠣᠬᠢᠷᠠᠭᠤᠯᠵᠣ᠂ ᠮᠢᠩᠭᠠᠨ ᠭᠠᠵᠠᠷ ᠤᠨ ᠲᠠᠯ᠎ᠠ ᠨᠣᠳᠤᠭ ᠤᠨ ᠦᠵᠡᠮᠵᠢ ᠶᠢᠨ ᠵᠠᠮ ᠤᠨ ᠱᠣᠭᠤᠮᠠᠯ᠂ ᠦᠨᠳᠦᠰᠦᠳᠡᠨ  ᠤ ᠪᠦᠯᠬᠦᠮᠳᠡᠯ ᠤᠨ ᠦᠵᠡᠰᠭᠦᠯᠡᠩ ᠵᠡᠷᠭᠡ ᠨᠢᠭᠡ ᠪᠦᠯᠦᠭ ᠵᠢᠭᠤᠯᠴᠢᠯᠠᠯ ᠤᠨ ᠲᠦᠷᠦᠯ ᠵᠦᠢᠯ ᠢ ᠬᠡᠷᠡᠭᠵᠢᠭᠦᠯᠵᠦ᠂ ᠣᠯᠠᠭᠠᠠᠮᠦ᠋ᠴᠢᠷ ᠲᠠᠯ᠎ᠠ ᠨᠣᠳᠤᠭ ᠤᠨ ᠬᠤᠪᠢ ᠶᠢᠨ ᠮᠠᠰᠢᠨ ᠪᠠᠷ ᠵᠣᠭᠠᠴᠠᠬᠤ᠂ ᠭᠤᠪᠢ ᠲᠣᠭᠤᠯᠬᠤ ᠪᠡᠶᠡᠴᠢᠯᠡᠨ ᠣᠶᠢᠯᠠᠭᠠᠬᠤ ᠵᠣᠭᠠᠴᠠᠯ ᠵᠡᠷᠭᠡ ᠨᠢᠭᠡ ᠪᠦᠯᠦᠭ ᠰᠣᠶᠣᠯ ᠤᠨ ᠵᠢᠭᠤᠯᠴᠢᠯᠠᠯ ᠤᠨ ᠱᠣᠭᠤᠮ ᠢ ᠡᠭᠦᠳᠴᠦ᠂ ᠪᠦᠬᠦ ᠬᠤᠰᠢᠭᠤᠨ ᠤ ᠠᠷᠪᠠᠨ ᠳᠦᠷᠪᠡᠳᠦᠭᠡᠷ ᠬᠤᠭᠤᠴᠠᠭᠠᠨ ᠤ ᠨᠠᠭᠠᠳᠣᠮ ᠤᠨ ᠶᠡᠭᠡ ᠬᠤᠷᠠᠯ ᠢ ᠠᠮᠵᠢᠯᠳᠠᠳᠠᠢ ᠶᠠᠪᠣᠭᠳᠠᠭᠤᠯᠵᠣ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠦᠯᠦᠭᠡ ᠶᠢ ᠢᠯᠠᠨ ᠳᠠᠪᠠᠵᠣ᠂ ᠵᠢᠭᠤᠯᠴᠢᠯᠠᠭᠰᠠᠳ ᠤᠨ ᠲᠤᠭ᠎ᠠ ᠪᠣᠯᠣᠨ ᠵᠢᠭᠤᠯᠴᠢᠯᠠᠯ ᠤᠨ ᠣᠷᠣᠯᠭ᠎ᠠ 2017 ᠣᠨ ᠤ ᠬᠢ ᠲᠠᠢ ᠠᠳᠠᠯᠢᠳᠬᠠᠪᠠᠯ ᠲᠣᠰᠪᠦᠷᠢ 2% ᠪᠣᠯᠣᠨ 5% ᠪᠠᠷ ᠨᠡᠮᠡᠭᠳᠡᠪᠡ᠃ ᠬᠤᠳᠠ ᠬᠦᠳᠡᠭᠡ ᠶᠢᠨ ᠲᠦᠷᠢ ᠲᠦᠷᠬᠦ ᠶᠡᠬᠡᠪᠡᠷ ᠳᠡᠭᠡᠭᠰᠢᠯᠡᠪᠡ᠃ ᠪᠦᠬᠦ ᠣᠯᠣᠰ ᠤᠨ ᠠᠷᠢᠭᠤᠨ ᠴᠡᠪᠡᠷ ᠬᠤᠳᠠ᠂ ᠦᠪᠡᠷᠳᠡᠭᠡᠨ ᠵᠠᠰᠠᠬᠤ ᠣᠷᠣᠨ ᠤ ᠳᠡᠰ ᠤᠨ ᠪᠣᠯᠪᠠᠰᠣᠨ ᠬᠤᠰᠢᠭᠤ ᠰᠢᠶᠠᠨ ᠢ ᠡᠭᠦᠳᠦᠨ ᠪᠠᠶᠢᠭᠤᠯᠣᠭᠰᠠᠨ ᠦᠷ᠎ᠡ ᠪᠦᠲᠦᠮᠵᠢ ᠶᠢ ᠪᠠᠳᠣᠳᠬᠠᠨ ᠳᠡᠭᠡᠭᠰᠢᠯᠡᠭᠦᠯᠬᠦ ᠪᠠᠷ ᠵᠢᠯᠣᠭᠤᠳᠣᠮᠵᠢ ᠪᠣᠯᠭᠠᠵᠣ᠂ ᠨᠡᠶᠢᠳᠡ 2.2 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ ᠰᠠᠶᠢᠬᠠᠨᠳᠠᠯ᠎ᠠ ᠪᠠᠯᠭᠠᠰᠣᠨ ᠤ ᠣᠰᠣ ᠴᠡᠪᠡᠷᠰᠢᠭᠦᠯᠬᠦ ᠦᠢᠯᠡᠳᠪᠦᠷᠢ ᠶᠢ ᠦᠷᠭᠡᠳᠭᠡᠨ ᠪᠠᠶᠢᠭᠤᠯᠬᠤ᠂ ᠪᠣᠬᠢᠷ ᠣᠰᠣ ᠰᠢᠢᠳᠪᠦᠷᠢᠯᠡᠬᠦ ᠦᠢᠯᠡᠳᠪᠦᠷᠢ ᠶᠢᠨ ᠠᠽᠤᠲ ᠹᠣᠰᠹᠣᠷ ᠤᠨ ᠲᠦᠬᠦᠭᠡᠷᠦᠮᠵᠢ ᠶᠢ ᠦᠭᠡᠷᠡᠴᠢᠯᠡᠬᠦ ᠪᠣᠯᠣᠨ ᠬᠠᠯᠠᠭᠤᠨ ᠷᠠᠰᠢᠶᠠᠨ ᠤ ᠪᠣᠬᠢᠷ ᠣᠰᠣ ᠶᠢ ᠰᠢᠢᠳᠪᠦᠷᠢᠯᠡᠬᠦ ᠦᠢᠯᠡᠳᠪᠦᠷᠢ ᠵᠡᠷᠭᠡ 3 ᠰᠠᠭᠤᠷᠢ ᠨᠡᠶᠢᠳᠡ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠣᠯᠳᠠ ᠶᠢ ᠪᠡᠶᠡᠯᠡᠭᠦᠯᠵᠦ᠂ ᠬᠠᠳᠠᠭᠤᠷᠠᠭᠤᠯᠬᠤ᠂ ᠬᠡᠷᠡᠯᠳᠦᠭᠦᠯᠬᠦ᠂ ᠭᠤᠸᠠᠯᠢᠭᠵᠢᠭᠤᠯᠬᠤ᠂ ᠨᠣᠭᠤᠭᠠᠷᠠᠭᠤᠯᠬᠤ᠂ ᠬᠤᠭᠤᠯᠠᠢ ᠲᠣᠣᠷ ᠢ ᠦᠭᠡᠷᠡᠴᠢᠯᠡᠨ ᠵᠠᠰᠠᠬᠤ ᠪᠠ 14 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠦᠭᠡᠷᠡᠴᠢᠯᠡᠨ ᠵᠠᠰᠠᠬᠤ᠂ ᠬᠤᠳᠠ ᠪᠠᠯᠭᠠᠰᠣᠨ ᠤ ᠣᠰᠣ ᠪᠠᠷ ᠴᠡᠪᠡᠷᠯᠡᠬᠦ 5 ᠵᠣᠷᠯᠣᠩ ᠢ ᠦᠭᠡᠷᠡᠴᠢᠯᠡᠨ ᠵᠠᠰᠠᠬᠤ ᠵᠡᠷᠭᠡ ᠬᠤᠳᠠ ᠪᠠᠯᠭᠠᠰᠣᠨ ᠤ ᠴᠢᠳᠠᠪᠬᠢ ᠶᠢ ᠰᠢᠯᠢᠳᠡᠭᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ 5.7 ᠲᠦᠮᠡᠨ ᠰᠠᠭᠤᠷᠢ ᠪᠣᠳᠠ ᠮᠣᠳᠣ ᠲᠠᠷᠢᠵᠣ᠂ 15 ᠲᠦᠮᠡᠨ ᠺᠦᠸᠠᠳ᠋ ᠮᠧᠲᠷ ᠤᠨ ᠵᠠᠮ ᠤᠨ ᠭᠠᠳᠠᠷᠭᠤ ᠶᠢ ᠵᠠᠰᠠᠵᠣ᠂ 7 ᠲᠦᠮᠡᠨ ᠺᠦᠸᠠᠳ᠋ ᠮᠧᠲᠷ ᠤᠨ ᠶᠠᠪᠠᠭᠠᠨ ᠤ ᠵᠠᠮ ᠢ ᠦᠭᠡᠷᠡᠴᠢᠯᠡᠨ ᠵᠠᠰᠠᠵᠣ᠂ 23.5 ᠺᠢᠯᠣᠮᠧᠲᠷ ᠤᠨ ᠬᠤᠭᠤᠯᠠᠢ ᠲᠣᠣᠷ ᠢ ᠦᠭᠡᠷᠡᠴᠢᠯᠡᠨ ᠵᠠᠰᠠᠵᠣ᠂ ᠬᠤᠳᠠ ᠪᠠᠯᠭᠠᠰᠣᠨ ᠤ ᠵᠠᠮ ᠢ ᠬᠠᠳᠠᠭᠤᠷᠠᠭᠤᠯᠣᠭᠰᠠᠨ ᠲᠠᠯᠠᠪᠠᠢ 44.3 ᠲᠦᠮᠡᠨ ᠳᠡᠭᠰᠢ ᠳᠦᠷᠪᠡᠯᠵᠢᠨ ᠮᠧᠲᠷ ᠲᠤ ᠬᠦᠷᠴᠦ᠂ ᠨᠣᠭᠤᠭᠠᠷᠠᠭᠤᠯᠣᠯᠳᠠ ᠶᠢᠨ ᠨᠣᠷᠮ᠎ᠠ 21.2% ᠲᠤ ᠬᠦᠷᠴᠦ᠂ ᠰᠠᠶᠢᠬᠠᠨᠳᠠᠯ᠎ᠠ ᠪᠠᠯᠭᠠᠰᠣᠨ ᠤ ᠣᠰᠣ ᠬᠠᠩᠭᠠᠵᠣ ᠭᠠᠳᠠᠭᠰᠢᠯᠠᠭᠤᠯᠬᠤ ᠬᠤᠭᠤᠯᠠᠢ ᠪᠣᠯᠣᠨ ᠳᠣᠯᠠᠭᠠᠯᠭ᠎ᠠ ᠬᠠᠩᠭᠠᠬᠤ ᠬᠤᠭᠤᠯᠠᠢ ᠲᠣᠣᠷ ᠲᠣᠰᠪᠦᠷᠢ 162 ᠺᠢᠯᠣᠮᠧᠲᠷ ᠪᠣᠯᠣᠨ 72.8 ᠺᠢᠯᠣᠮᠧᠲᠷ ᠲᠤ ᠬᠦᠷᠪᠡ︔ ᠦᠮᠴᠢᠯᠡᠬᠦ ᠡᠷᠭᠡ ᠶᠢ ᠰᠣᠯᠢᠬᠤ ᠪᠠ ᠵᠣᠭᠤᠰ ᠢᠶᠠᠷ ᠲᠦᠪᠬᠢᠨᠡᠭᠦᠯᠬᠦ ᠬᠡᠯᠪᠡᠷᠢ ᠪᠠᠷ 1388 ᠡᠷᠦᠭᠡ ᠶᠢᠨ ᠪᠣᠷᠣ ᠭᠡᠷ ᠤᠨ ᠲᠣᠭᠤᠷᠢᠭ ᠢ ᠦᠭᠡᠷᠡᠴᠢᠯᠡᠨ ᠵᠠᠰᠠᠬᠤ ᠶᠢ ᠪᠡᠶᠡᠯᠡᠭᠦᠯᠵᠦ᠂ ᠭᠡᠷ ᠬᠦᠷᠦᠩᠭᠡ ᠶᠢ ᠨᠡᠭᠡᠭᠡᠨ ᠠᠰᠢᠭᠯᠠᠬᠤ 16 ᠲᠦᠷᠦᠯ ᠵᠦᠢᠯ ᠢ ᠬᠡᠷᠡᠭᠵᠢᠭᠦᠯᠵᠦ᠂ ᠪᠠᠷᠢᠯᠭ᠎ᠠ ᠶᠢᠨ ᠲᠠᠯᠠᠪᠠᠢ 50 ᠲᠦᠮᠡᠨ ᠳᠡᠭᠰᠢ ᠳᠦᠷᠪᠡᠯᠵᠢᠨ ᠮᠧᠲᠷ ᠲᠤ ᠬᠦᠷᠴᠦ᠂ ᠬᠤᠳᠠ ᠪᠠᠯᠭᠠᠰᠣᠵᠢᠯᠳᠠ ᠶᠢᠨ ᠨᠣᠷᠮ᠎ᠠ 76% ᠳᠤ ᠬᠦᠷᠴᠦ᠂ ᠬᠤᠳᠠ ᠪᠠᠯᠭᠠᠰᠣᠨ ᠤ ᠬᠦᠮᠦᠨ ᠳᠣᠮᠳᠠᠴᠢ ᠶᠢᠨ ᠣᠷᠣᠨ ᠰᠠᠭᠤᠴᠠ ᠶᠢᠨ ᠲᠠᠯᠠᠪᠠᠢ 39.5 ᠳᠡᠭᠰᠢ ᠳᠦᠷᠪᠡᠯᠵᠢᠨ ᠮᠧᠲᠷ ᠲᠤ ᠬᠦᠷᠪᠡ︔ ᠰᠠᠶᠢᠬᠠᠨᠳᠠᠯ᠎ᠠ ᠪᠠᠯᠭᠠᠰᠣᠨ ᠤ ᠲᠣᠳᠣᠷᠠᠬᠢ ᠨᠡᠶᠢᠳᠡ ᠶᠢᠨ ᠮᠠᠰᠢᠨ ᠲᠡᠷᠭᠡᠨ ᠤ ᠵᠠᠮ ᠱᠣᠭᠤᠮ ᠪᠣᠯᠣᠨ ᠰᠠᠶᠢᠬᠠᠨᠳᠠᠯ᠎ᠠ ᠪᠠᠯᠭᠠᠰᠣᠨ ᠠᠴᠠ ᠵᠢᠷᠦᠭᠡ ᠪᠠᠯᠭᠠᠰᠣ ᠬᠦᠷᠬᠦ ᠬᠤᠣᠰ ᠴᠢᠭᠯᠡᠯᠲᠦ ᠬᠤᠳᠠ ᠬᠦᠳᠡᠭᠡ ᠶᠢᠨ ᠨᠡᠶᠢᠳᠡ ᠶᠢᠨ ᠮᠠᠰᠢᠨ ᠲᠡᠷᠭᠡᠨ ᠤ ᠵᠠᠮ ᠱᠣᠭᠤᠮ ᠢ ᠠᠰᠢᠭᠯᠠᠯᠳᠠ ᠳᠤ ᠣᠷᠣᠭᠤᠯᠵᠣ ᠂ ᠪᠠᠷᠠᠭᠤᠨ ᠰᠦᠨᠢᠳ ᠠᠴᠠ ᠬᠤᠸᠠᠳᠧ ᠬᠦᠷᠬᠦ ᠦᠨᠳᠦᠷ ᠬᠤᠷᠳᠣᠴᠠᠳᠣ ᠵᠠᠰᠠᠮᠠᠯ ᠵᠠᠮ ᠨᠡᠪᠳᠡᠷᠡᠵᠦ᠂ ᠬᠤᠳᠠ ᠪᠠᠯᠭᠠᠰᠣᠨ ᠤ ᠲᠦᠷᠢ ᠲᠦᠷᠭᠦ ᠡᠳᠦᠷ ᠢᠷᠡᠭᠦᠶ᠎ᠡ ᠰᠢᠨᠡᠴᠢᠯᠡᠭᠳᠡᠵᠦ ᠪᠠᠶᠢᠨ᠎ᠠ᠃ ᠬᠦᠳᠡᠭᠡ ᠲᠣᠰᠬᠤᠨ ᠮᠠᠯᠵᠢᠬᠤ ᠣᠷᠣᠨ  ᠤ ᠰᠠᠭᠤᠷᠢᠰᠢᠬᠤ ᠣᠷᠴᠢᠨ ᠲᠣᠭᠤᠷᠢᠨ ᠢ ᠵᠠᠰᠠᠨ ᠴᠡᠭᠴᠡᠯᠡᠬᠦ ᠭᠤᠷᠪᠠᠨ ᠵᠢᠯ ᠤᠨ ᠠᠵᠢᠯᠯᠠᠭ᠎ᠠ ᠶᠢ ᠲᠡᠭᠦᠰ ᠠᠮᠵᠢᠯᠳᠠᠳᠠᠢ ᠪᠡᠶᠡᠯᠡᠭᠦᠯᠵᠦ᠂ 5.6 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ ᠨᠡᠶᠢᠳᠡ 608 ᠨᠣᠷᠠᠬᠤ ᠠᠶᠣᠯᠳᠠᠢ ᠭᠡᠷ ᠪᠠᠶᠢᠰᠢᠩ ᠢ ᠦᠭᠡᠷᠡᠴᠢᠯᠡᠨ ᠵᠠᠰᠠᠬᠤ ᠠᠵᠢᠯ ᠢ ᠪᠡᠶᠡᠯᠡᠭᠦᠯᠪᠡ︔ 350 ᠣᠰᠣᠨ ᠰᠣᠷᠪᠣᠯᠵᠢ ᠶᠢᠨ ᠬᠤᠳᠳᠤᠭ᠂ 798 ᠣᠰᠣ ᠬᠠᠳᠠᠭᠠᠯᠠᠬᠤ ᠵᠣᠭᠤᠷᠢ ᠶᠢ ᠰᠢᠨ᠎ᠡ ᠪᠠᠷ ᠮᠠᠯᠳᠠᠵᠣ᠂ 3916 ᠢᠵᠢ ᠣᠰᠣ ᠴᠡᠪᠡᠷᠰᠢᠭᠦᠯᠬᠦ ᠲᠦᠬᠦᠭᠡᠷᠦᠮᠵᠢ᠂ 556 ᠣᠰᠣ ᠳᠡᠭᠡᠭᠡᠬᠦ ᠲᠡᠷᠭᠡ ᠶᠢ ᠲᠠᠷᠬᠠᠭᠠᠨ ᠦᠭᠴᠦ᠂ ᠲᠦᠪᠯᠡᠷᠡᠭᠦᠯᠦᠨ ᠣᠰᠣ ᠬᠠᠩᠭᠠᠬᠤ 9 ᠢᠨᠵᠧᠨᠧᠷᠢᠩ ᠢ ᠬᠡᠷᠡᠭᠵᠢᠭᠦᠯᠪᠡ︔ ᠬᠦᠳᠡᠭᠡ ᠲᠣᠰᠬᠤᠨ ᠮᠠᠯᠵᠢᠬᠤ ᠣᠷᠣᠨ ᠳᠤ 616.5 ᠺᠢᠯᠣᠮᠧᠲᠷ  ᠤᠨ ᠵᠠᠮ ᠢ ᠰᠢᠨ᠎ᠡ ᠪᠠᠷ ᠲᠡᠪᠢᠰᠴᠦ᠂ 235.2 ᠺᠢᠯᠣᠮᠧᠲᠷ ᠤᠨ ᠭᠠᠴᠠᠭ᠎ᠠ ᠲᠣᠰᠬᠤᠨ ᠳᠤ ᠨᠡᠪᠳᠡᠷᠡᠬᠦ ᠬᠠᠶᠢᠷ ᠴᠢᠯᠠᠭᠤᠨ ᠵᠠᠮ ᠢ ᠳᠡᠪᠢᠰᠪᠡ︔ 851 ᠺᠢᠯᠣᠮᠧᠲᠷ ᠤᠨ ᠬᠦᠳᠡᠭᠡ ᠲᠣᠰᠬᠤᠨ ᠤ ᠴᠠᠬᠢᠯᠭᠠᠨ ᠲᠣᠣᠷ ᠢ ᠰᠢᠨ᠎ᠡ ᠪᠠᠷ ᠳᠠᠳᠠᠵᠣ᠂ 708 ᠮᠠᠯᠵᠢᠬᠤ ᠡᠷᠦᠭᠡ ᠳᠤ ᠴᠠᠬᠢᠯᠭᠠᠨ ᠲᠣᠣᠷ ᠨᠡᠪᠳᠡᠷᠡᠭᠦᠯᠪᠡ︔ ᠬᠤᠰᠢᠭᠤᠨ ᠤ ᠦᠪᠡᠷᠳᠡᠭᠡᠨ ᠦᠢᠯᠡᠳᠦᠭᠰᠡᠨ ᠷᠠᠳᠢᠤ᠋᠂ ᠲᠧᠯᠸᠢᠰ ᠫᠷᠣᠭ᠍ᠷᠠᠮ ᠢ ᠬᠦᠳᠡᠭᠡ ᠲᠣᠰᠬᠤᠨ ᠳᠤ ᠪᠦᠷᠬᠦᠭᠦᠯᠬᠦ ᠨᠣᠷᠮ᠎ᠠ ᠶᠢ 99% ᠠᠴᠠ ᠳᠡᠭᠡᠭᠰᠢ ᠳᠤ ᠬᠦᠷᠭᠡᠵᠦ᠂ ᠴᠢᠮᠡᠭᠡ ᠬᠤᠯᠪᠣᠭᠠᠨ ᠤ ᠲᠣᠬᠢᠶ᠎ᠠ ᠨᠡᠪᠳᠡᠷᠡᠭᠰᠡᠨ ᠨᠣᠷᠮ᠎ᠠ 86.5% ᠳᠤ ᠬᠦᠷᠴᠦ᠂ 63 ᠭᠠᠴᠠᠭ᠎ᠠ ᠲᠣᠰᠬᠤᠨ ᠳᠤ ᠦᠷᠭᠡᠨ ᠪᠦᠰᠡᠳᠦ ᠰᠦᠯᠵᠢᠶ᠎ᠡ ᠨᠡᠪᠳᠡᠷᠡᠵᠦ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠳᠤ ᠪᠠᠳᠣ ᠪᠠᠬᠢ ᠰᠠᠭᠤᠷᠢ ᠪᠣᠯᠣᠨ ᠳᠠᠪᠠᠭᠤᠯᠢᠭ ᠨᠦᠬᠦᠴᠡᠯ ᠢ ᠬᠠᠩᠭᠠᠪᠠ᠃      ᠳᠦᠷᠪᠡᠨ ᠵᠢᠯ ᠤᠨ ᠲᠣᠷᠰᠢ᠂ ᠪᠢᠳᠡ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠬᠤ᠂ ᠪᠣᠬᠢᠷᠳᠣᠯ ᠦᠭᠡᠢ ᠬᠦᠭᠵᠢᠭᠦᠯᠬᠦ ᠶᠢ ᠪᠠᠷᠢᠮᠳᠠᠯᠠᠵᠣ᠂ ᠠᠮᠢ ᠠᠬᠤᠢ ᠶᠢᠨ ᠪᠣᠯᠪᠠᠰᠣᠨ ᠤ ᠪᠦᠲᠦᠭᠡᠨ ᠪᠠᠶᠢᠭᠤᠯᠣᠯᠳᠠ ᠶᠢ ᠲᠣᠭᠳᠠᠭᠤᠨ ᠢᠶᠠᠷ ᠠᠬᠢᠭᠤᠯᠪᠠ᠃ ᠣᠯᠣᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠦᠯᠦᠪᠵᠢᠭᠦᠯᠭᠡ ᠶᠢ ᠴᠢᠨᠠᠷᠯᠢᠭ ᠨᠠᠶᠢᠷᠠᠭᠤᠯᠬᠤ ᠠᠵᠢᠯ ᠢ ᠰᠠᠶᠢᠳᠣᠷ ᠬᠢᠵᠦ᠂ ︽ᠭᠤᠷᠪᠠᠨ ᠣᠷᠣᠨ ᠭᠤᠷᠪᠠᠨ ᠱᠣᠭᠤᠮ︾5 ᠢ ᠲᠣᠭᠳᠠᠭᠠᠬᠤ ᠠᠵᠢᠯ ᠢ ᠪᠡᠶᠡᠯᠡᠭᠦᠯᠵᠦ᠂ ᠬᠤᠰᠢᠭᠤᠨ ᠤ ᠬᠦᠷᠢᠶ᠎ᠡ ᠴᠠᠷ᠎ᠠ ᠳᠠᠬᠢ ᠣᠯᠣᠰ ᠤᠨ ᠭᠠᠵᠠᠷ ᠰᠢᠷᠣᠢ ᠶᠢᠨ 68.42% ᠲᠠᠯᠠᠪᠠᠢ ᠶᠢ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠣᠭᠤᠮ ᠤᠨ ᠬᠡᠪᠴᠢᠶᠡᠨ ᠳᠤ ᠣᠷᠣᠭᠤᠯᠪᠠ᠃ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠶᠡᠷᠦᠩᠭᠡᠶᠢᠯᠡᠨ ᠵᠠᠰᠠᠬᠤ ︽ᠣᠷᠣᠯᠠᠨ ᠭᠦᠢᠴᠡᠳᠭᠡᠬᠦ︾ ᠠᠷᠭ᠎ᠠ ᠶᠢ ᠪᠦᠬᠦ ᠠᠶᠢᠮᠠᠭ ᠲᠤ ᠲᠦᠭᠡᠮᠡᠯᠵᠢᠭᠦᠯᠦᠨ ᠬᠡᠷᠡᠭᠯᠡᠵᠦ᠂ ᠨᠡᠶᠢᠳᠡ 2.3 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ 16.9 ᠳᠡᠭᠰᠢ ᠲᠦᠷᠪᠡᠯᠵᠢᠨ ᠺᠢᠯᠣᠮᠧᠲᠷ ᠤᠨ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠨ ᠴᠡᠭᠴᠡᠯᠡᠵᠦ᠂ 2 ᠠᠵᠣ ᠠᠬᠤᠶᠢᠯᠠᠯ ᠢ ᠣᠯᠣᠰ ᠤᠨ ᠳᠡᠰ  ᠤᠨ ᠪᠣᠬᠢᠷᠳᠣᠯ ᠦᠭᠡᠢ ᠠᠭᠤᠷᠬᠠᠢ ᠶᠢᠨ ᠨᠡᠷᠡᠰ ᠤᠨ ᠬᠦᠮᠦᠷᠭᠡ ᠳᠤ ᠣᠷᠣᠭᠤᠯᠵᠣ᠂ 9 ᠠᠵᠣ ᠠᠬᠤᠶᠢᠯᠠᠯ ᠨᠢ ᠦᠪᠡᠷᠳᠡᠭᠡᠨ ᠵᠠᠰᠠᠬᠤ ᠣᠷᠣᠨ ᠤ ᠳᠡᠰ ᠤᠨ ᠪᠣᠬᠢᠷᠳᠣᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠣᠯᠳᠠ ᠶᠢᠨ ᠪᠠᠷᠢᠮᠵᠢᠶᠠᠨ ᠳᠤ ᠬᠦᠷᠪᠡ᠃ ᠲᠠᠯ᠎ᠠ ᠨᠣᠳᠤᠭ ᠤᠨ ᠠᠮᠢ ᠠᠬᠤᠢ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠣᠳᠣᠯᠭ᠎ᠠ ᠪᠣᠯᠣᠨ ᠬᠠᠪᠣᠷ ᠤᠨ ᠣᠯᠠᠷᠢᠯ ᠤᠨ ᠰᠡᠯᠬᠦᠨ ᠮᠠᠯᠵᠢᠬᠤ ᠲᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ 3.4 ᠳ᠋ᠦᠩᠰᠢᠭᠤᠷ ᠲᠦᠭᠦᠷᠢᠭ ᠤᠨ ᠱᠠᠩᠨᠠᠯ ᠨᠦᠬᠦᠪᠦᠷᠢ ᠶᠢᠨ ᠪᠡᠯᠡ ᠮᠦᠩᠭᠦ ᠪᠣᠯᠣᠨ ᠨᠦᠬᠦᠪᠦᠷᠢ ᠶᠢᠨ ᠪᠡᠯᠡ ᠮᠦᠩᠭᠦ ᠶᠢ ᠲᠠᠷᠬᠠᠭᠠᠨ ᠦᠭᠴᠦ᠂ 1.26 ᠲᠦᠮᠡ ᠭᠠᠷᠣᠢ ᠮᠠᠯᠵᠢᠬᠤ ᠡᠷᠦᠭᠡ ᠶᠢᠨ 4.5 ᠲᠦᠮᠡᠨ ᠬᠦᠮᠦᠨ ᠳᠤ ᠬᠠᠷᠠᠭᠠᠯᠵᠠᠯ ᠬᠦᠷᠳᠡᠭᠡᠪᠡ᠃ ᠰᠢᠨ᠎ᠡ ᠡᠭᠡᠯᠵᠢ ᠶᠢᠨ ᠲᠠᠯ᠎ᠠ ᠨᠣᠳᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠣᠳᠣᠯᠭ᠎ᠠ ᠶᠢᠨ ᠵᠢᠯᠣᠭᠤᠳᠬᠤ ᠰᠠᠨᠠᠯ ᠲᠠᠢ ᠣᠶᠠᠯᠳᠣᠭᠤᠯᠣᠨ᠂ 256.97 ᠲᠦᠮᠡᠨ ᠮᠣ᠋ ᠭᠠᠵᠠᠷ ᠤᠨ ᠮᠠᠯᠵᠢᠬᠤ ᠶᠢ ᠵᠣᠭᠰᠣᠭᠠᠬᠤ ᠣᠷᠣᠨ ᠪᠣᠯᠣᠨ 3032.54 ᠲᠦᠮᠡᠨ ᠮᠣ᠋ ᠭᠠᠵᠠᠷ ᠤᠨ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠬᠠᠣ ᠣᠷᠣᠨ ᠢ ᠬᠤᠪᠢᠶᠠᠷᠢᠯᠠᠨ ᠲᠣᠭᠳᠠᠭᠠᠪᠠ᠃ ᠭᠤᠣᠯ ︵ᠨᠠᠭᠤᠷ︶ ᠤᠨ ᠳᠠᠷᠤᠭ᠎ᠠ ᠶᠢᠨ ᠲᠦᠷᠢᠮ ᠢ ᠬᠦᠨᠵᠡᠭᠡᠢ ᠠᠬᠢᠭᠤᠯᠵᠣ᠂ ᠭᠤᠣᠯ ᠨᠠᠭᠤᠷ ᠢ ᠲᠣᠭᠤᠷᠢᠨ ᠪᠠᠶᠢᠴᠠᠭᠠᠵᠣ ᠵᠠᠰᠠᠨ ᠴᠡᠭᠴᠡᠯᠡᠵᠦ ᠬᠠᠮᠠᠭᠠᠯᠠᠬᠤ ᠬᠦᠴᠦᠨ ᠢ ᠦᠷᠭᠦᠯᠵᠢᠯᠡᠨ ᠨᠡᠮᠡᠭᠳᠡᠭᠦᠯᠵᠦ᠂ ᠭᠤᠣᠯ ᠨᠠᠭᠤᠷ ᠢ ᠬᠠᠮᠠᠭᠠᠯᠠᠬᠤ ᠬᠠᠮᠢᠶᠠᠷᠣᠯᠳᠠ ᠶᠢᠨ ᠬᠢᠷᠢ ᠲᠦᠪᠰᠢᠨ ᠢ ᠪᠦᠲᠦᠮᠵᠢᠳᠠᠢ ᠳᠡᠭᠡᠭᠰᠢᠯᠡᠭᠦᠯᠪᠡ᠃ ᠣᠢ ᠰᠢᠭᠤᠢ ︵ᠡᠪᠡᠰᠦ ᠪᠡᠯᠴᠢᠭᠡᠷ︶ ᠶᠢᠨ ᠲᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠠᠬᠢᠭᠤᠯᠵᠣ᠂ ᠣᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ᠂ ᠠᠮᠢ ᠠᠬᠤᠢ ᠶᠢᠨ ᠣᠢ ᠰᠢᠭᠤᠢ ᠶᠢᠨ ᠬᠠᠮᠠᠭᠠᠯᠠᠭᠴᠢ᠂ ᠨᠣᠳᠤᠭ ᠪᠡᠯᠴᠢᠭᠡᠷ ᠢ ᠬᠠᠮᠢᠶᠠᠷᠣᠨ ᠬᠠᠮᠠᠭᠠᠯᠠᠭᠴᠢ ︽ᠭᠤᠷᠪᠠ ᠶᠢ ᠨᠢᠭᠡ ᠴᠣᠭᠴᠠᠵᠢᠭᠤᠯᠬᠤ︾ ᠲᠣᠣᠷᠴᠢᠯᠠᠭᠰᠠᠨ ᠬᠠᠮᠢᠶᠠᠷᠣᠯᠳᠠ ᠶᠢᠨ ᠬᠡᠯᠪᠡᠷᠢ ᠶᠢ ᠪᠠᠶᠢᠭᠤᠯᠪᠠ᠃ ᠨᠡᠭᠦᠷᠡᠰᠦᠳᠦ᠋ᠷᠦᠭᠴᠢ ᠶᠢᠨ ᠲᠠᠪᠬᠤᠷ ᠢᠰᠦᠯ ᠤᠨ ᠭᠠᠳᠠᠭᠰᠢᠯᠠᠭᠤᠯᠣᠯᠳᠠ ᠶᠢ ᠪᠠᠷᠢᠮᠵᠢᠶ᠎ᠠ ᠳᠤ ᠬᠦᠷᠭᠡᠬᠦ ᠪᠠᠶᠢᠷᠢᠯᠠᠭᠤᠯᠣᠯᠳᠠ ᠶᠢ ᠴᠢᠩᠭ᠎ᠠ ᠨᠠᠶᠢᠳᠠᠪᠣᠷᠢᠵᠢᠭᠤᠯᠵᠣ᠂ ︽ᠬᠤᠶᠠᠷ ᠦᠨᠳᠦᠷ︾6 ᠲᠦᠷᠦᠯ ᠵᠦᠢᠯ ᠢ ᠴᠡᠭᠴᠡᠯᠡᠨ ᠴᠡᠪᠡᠷᠯᠡᠬᠦ ᠬᠦᠴᠦᠨ ᠢᠶᠠᠨ ᠴᠢᠩᠭᠠᠳᠬᠠᠵᠣ᠂ ᠡᠨᠧᠷᠬᠢ ᠠᠷᠪᠢᠯᠠᠨ ᠬᠤᠷᠣᠭᠳᠠᠯ ᠢ ᠪᠠᠭᠠᠰᠬᠠᠬᠤ ᠬᠠᠷᠠᠯᠳᠠ ᠡᠭᠦᠷᠭᠡ ᠶᠢ ᠲᠡᠭᠦᠰ ᠠᠮᠵᠢᠯᠳᠠᠳᠠᠢ ᠪᠡᠶᠡᠯᠡᠭᠦᠯᠪᠡ᠃ ᠭᠤᠣᠯᠳᠠᠯᠭ᠎ᠠ  ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠣᠯᠳᠠ ᠶᠢ ᠦᠷᠭᠦᠯᠵᠢᠯᠡᠨ ᠠᠬᠢᠭᠤᠯᠵᠣ᠂ ᠨᠡᠶᠢᠳᠡ 1.58 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ 50 ᠲᠦᠮᠡᠨ ᠮᠣ᠋ ᠡᠯᠡᠰᠦᠷᠭᠡᠭᠵᠢᠭᠰᠡᠨ ᠨᠣᠳᠤᠭ ᠪᠡᠯᠴᠢᠭᠡᠷ  ᠤᠨ ᠠᠮᠢ ᠠᠬᠤᠢ ᠶᠢ ᠰᠡᠷᠭᠦᠭᠡᠨ ᠵᠠᠰᠠᠬᠤ᠂ 12 ᠲᠦᠮᠡᠨ ᠮᠣ᠋ ᠭᠠᠵᠠᠷ ᠢ ᠪᠢᠳᠡᠭᠦᠮᠵᠢᠯᠡᠨ ᠣᠶᠢᠵᠢᠭᠤᠯᠬᠤ᠂ 1690 ᠮᠣ᠋ ᠲᠠᠯᠠᠪᠠᠢ ᠶᠢ ᠬᠦᠮᠦᠨ ᠤ ᠬᠦᠴᠦ ᠪᠠᠷ ᠣᠶᠢᠵᠢᠭᠤᠯᠬᠤ᠂ 26 ᠳᠡᠭᠰᠢ ᠲᠦᠷᠪᠡᠯᠵᠢᠨ ᠺᠢᠯᠣᠮᠧᠲᠷ ᠤᠨ ᠵᠢᠵᠢᠭ ᠣᠷᠣᠰᠬᠠᠯ ᠢ ᠵᠠᠰᠠᠬᠤ ᠢᠨᠵᠧᠨᠧᠷᠢᠩ ᠢ ᠪᠡᠶᠡᠯᠡᠭᠦᠯᠵᠦ᠂ ᠣᠢ ᠰᠢᠭᠤᠢ ᠶᠢᠨ ᠪᠦᠷᠬᠦᠴᠡ ᠶᠢᠨ ᠨᠣᠷᠮ᠎ᠠ ᠪᠣᠯᠣᠨ ᠲᠠᠯ᠎ᠠ ᠨᠣᠳᠤᠭ ᠤᠨ ᠣᠷᠭᠤᠮᠠᠯ ᠤᠨ ᠬᠤᠴᠢᠯᠭ᠎ᠠ ᠲᠣᠰᠪᠦᠷᠢ 8.2% ᠪᠣᠯᠣᠨ 24.7% ᠳᠤ ᠬᠦᠷᠴᠦ᠂ ︽ᠬᠤᠣᠰ ᠳᠡᠭᠡᠭᠰᠢᠯᠡᠭᠦᠯᠦᠯᠳᠡ︾ ᠶᠢ ᠪᠡᠶᠡᠯᠡᠭᠦᠯᠪᠡ᠃      ᠳᠦᠷᠪᠡᠨ ᠵᠢᠯ ᠤᠨ ᠲᠣᠷᠰᠢ᠂ ᠪᠢᠳᠡ ᠦᠨᠳᠦᠰᠦ ᠰᠠᠭᠤᠷᠢ ᠪᠠᠨ ᠪᠠᠬᠢᠵᠢᠭᠦᠯᠦᠨ ᠢᠳᠡᠭᠡᠯ ᠵᠣᠷᠢᠭ ᠢᠶᠠᠨ ᠬᠦᠪᠴᠢᠯᠡᠬᠦ᠂ ᠲᠦᠪ ᠭᠤᠣᠯᠴᠢ ᠶᠢ ᠡᠷᠬᠢᠮᠯᠡᠨ ᠰᠢᠨ᠎ᠡ ᠶᠢ ᠡᠭᠦᠳᠬᠦ ᠶᠢ ᠪᠠᠷᠢᠮᠳᠠᠯᠠᠵᠣ᠂ ᠰᠣᠶᠣᠯ ᠤᠨ ᠪᠠᠶᠢᠭᠤᠯᠣᠯᠳᠠ  ᠶᠢ ᠦᠷᠭᠦᠯᠵᠢᠯᠡᠨ ᠠᠬᠢᠭᠤᠯᠪᠠ᠃ ᠰᠢ ᠶᠢᠨ ᠫᠢᠩ ᠶᠡᠷᠦᠩᠭᠡᠢ ᠱᠦᠵᠢ ᠶᠢᠨ ᠨᠠᠨᠳᠢᠨ ᠨᠠᠶᠢᠳᠠᠯᠭ᠎ᠠ ᠶᠢ ᠪᠠᠳᠣ ᠴᠡᠭᠡᠵᠢᠯᠡᠵᠦ᠂ ᠬᠠᠷᠢᠭᠤ ᠵᠠᠬᠢᠳᠠᠯ ᠠᠴᠠ ᠡᠷᠴᠢ ᠬᠦᠴᠦ ᠣᠯᠵᠣ᠂ ᠣᠷᠬᠢᠯᠣᠮ᠎ᠠ ᠬᠠᠯᠠᠭᠤᠨ ᠰᠡᠳᠬᠢᠯᠭᠡ ᠪᠠᠨ ᠬᠦᠭᠵᠢᠭᠡᠵᠦ᠂ ᠣᠯᠠᠭᠠᠠᠮᠦ᠋ᠴᠢᠷ ᠤᠨ ᠰᠢᠯᠢᠳᠡᠭ ᠣᠯᠠᠮᠵᠢᠯᠠᠯ ᠢ ᠶᠡᠬᠡᠪᠡᠷ ᠪᠠᠳᠠᠷᠠᠭᠤᠯᠵᠣ᠂ ᠬᠤᠪᠢᠰᠬᠠᠯ ᠤᠨ ᠵᠣᠷᠢᠭ ᠰᠠᠨᠠᠭ᠎ᠠ ᠶᠢ ᠣᠯᠠᠮᠵᠢᠯᠠᠵᠣ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠦᠭᠡᠷᠡᠴᠢᠯᠡᠯᠳᠡ ᠰᠢᠨᠡᠴᠢᠯᠡᠯᠳᠡ ᠶᠢ ᠠᠬᠢᠭᠤᠯᠵᠣ᠂ ᠣᠷᠢᠳ ᠬᠤᠵᠢᠳ ︽ᠣᠭ ᠰᠠᠨᠠᠭ᠎ᠠ ᠪᠠᠨ ᠦᠯᠦ ᠮᠠᠷᠳᠠᠨ ᠦᠨᠡᠨᠴᠢ ᠰᠢᠳᠣᠷᠭᠤ  ᠪᠠᠷ ᠬᠠᠷᠢᠭᠤᠴᠠᠯᠭ᠎ᠠ ᠪᠠᠨ ᠭᠦᠢᠴᠡᠳᠭᠡᠵᠦ᠂ ᠬᠠᠶᠢᠷ᠎ᠠ ᠪᠢᠯᠬᠠᠭᠰᠠᠨ ᠲᠠᠯ᠎ᠠ ᠨᠣᠳᠤᠭ ᠲᠠᠢ ᠪᠠᠨ ᠡᠭᠦᠷᠢᠳᠡ ᠬᠠᠮᠳᠣ ᠪᠠᠶᠢᠬᠤ︾ ︽ᠡᠭᠦᠷᠢᠳᠡ ᠲᠠᠯ᠎ᠠ ᠨᠣᠳᠤᠭ ᠤᠨ ᠬᠤᠪᠢᠰᠬᠠᠯᠳᠣ ᠣᠳᠬ᠎ᠠ ᠣᠷᠠᠯᠢᠭ ᠤᠨ ᠬᠦᠩᠭᠡᠨ ᠮᠣᠷᠢᠳᠣ ᠴᠡᠷᠢᠭ ᠪᠣᠯᠬᠤ︾ ᠵᠡᠷᠭᠡ ᠣᠯᠠᠨ ᠬᠡᠯᠪᠡᠷᠢ ᠮᠠᠶ᠋ᠢᠭ ᠤᠨ ᠭᠤᠣᠯ ᠰᠡᠳᠦᠪᠳᠦ ᠠᠵᠢᠯᠯᠠᠭ᠎ᠠ ᠶᠢ ᠦᠷᠨᠢᠭᠦᠯᠵᠦ᠂ ᠣᠯᠠᠭᠠᠠᠮᠦ᠋ᠴᠢᠷ  ᠤᠨ ᠠᠷᠠᠳ ᠲᠤ ᠦᠢᠯᠡᠴᠢᠯᠡᠬᠦ 522 ᠲᠠᠯᠠᠪᠠᠢ ᠣᠳᠬ᠎ᠠ ᠣᠷᠠᠯᠢᠭ ᠤᠨ ᠲᠣᠭᠯᠠᠯᠳᠠ ᠭᠠᠷᠭᠠᠵᠣ᠂ ︽ᠵᠢᠷᠦᠭᠡ ᠶᠢᠨ ᠬᠠᠶᠢᠷ᠎ᠠ︾ ︽ᠪᠠᠭ᠎ᠠ ᠡᠩᠨᠡᠭᠡ᠂ ᠲᠣᠮᠣ ᠡᠭᠦᠷᠭᠡ ᠬᠠᠷᠢᠭᠤᠴᠠᠯᠭ᠎ᠠ︾ ᠵᠡᠷᠭᠡ ᠮᠠᠯᠴᠢᠨ ᠲᠠᠷᠢᠶᠠᠴᠢᠳ ᠤᠨ ᠪᠠᠬ᠎ᠠ ᠶᠢ ᠳᠠᠳᠠᠭᠰᠠᠨ 40 ᠭᠠᠷᠣᠢ ᠣᠳᠬ᠎ᠠ ᠣᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ︽ᠣᠯᠠᠭᠠᠠᠮᠦ᠋ᠴᠢᠷ +︾  ᠢᠶᠠᠷ ᠭᠤᠣᠯ ᠠᠭᠤᠯᠭ᠎ᠠ ᠪᠣᠯᠭᠠᠭᠰᠠᠨ ᠮᠠᠯᠵᠢᠬᠤ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠣᠨ ᠦᠢᠯᠡᠳᠦᠯᠭᠡ ᠶᠢᠨ ᠨᠡᠭᠦᠳᠡᠯ ᠰᠠᠶᠢᠨ ᠲᠣᠷ᠎ᠠ ᠶᠢᠨ ᠦᠢᠯᠡᠴᠢᠯᠡᠭᠡᠨ ᠤ ᠰᠢᠰᠲ᠋ᠧᠮ ᠢ ᠡᠭᠦᠳᠴᠦ᠂ ᠨᠠᠮ ᠤᠨ ᠳᠠᠭᠤᠨ ᠬᠤᠭᠤᠯᠠᠢ ᠪᠣᠯᠣᠨ ᠬᠠᠶᠢᠷ᠎ᠠ ᠬᠠᠯᠠᠮᠵᠢ ᠶᠢ ᠲᠦᠭ ᠲᠦᠮᠡᠨ ᠡᠷᠦᠭᠡ ᠳᠤ ᠲᠦᠭᠡᠭᠡᠪᠡ᠃ ᠣᠯᠠᠭᠠᠠᠮᠦ᠋ᠴᠢᠷ ᠦᠵᠡᠭᠦᠯᠦᠯᠭᠡ ᠶᠢᠨ ᠲᠠᠩᠭᠢᠮ  ᠤᠨ ᠪᠦᠲᠦᠭᠡᠨ ᠪᠠᠶᠢᠭᠤᠯᠣᠯᠳᠠ ᠶᠢ ᠪᠡᠶᠡᠯᠡᠭᠦᠯᠵᠦ᠂ ᠨᠡᠶᠢᠳᠡ 675 ᠣᠳᠠᠭᠠᠨ ᠤ 1.2 ᠲᠦᠮᠡ ᠭᠠᠷᠣᠢ ᠰᠣᠷᠣᠯᠴᠠᠨ ᠪᠠᠶᠢᠴᠠᠭᠠᠨ ᠰᠣᠳᠣᠯᠬᠤ ᠪᠠᠷ ᠢᠷᠡᠭᠰᠡᠨ ᠬᠦᠮᠦᠰ ᠢ ᠬᠦᠯᠢᠶᠡᠨ ᠵᠣᠴᠢᠯᠠᠪᠠ᠃ ᠣᠯᠠᠭᠠᠠᠮᠦ᠋ᠴᠢᠷ ᠨᠢ ᠣᠷᠢᠳ ᠬᠤᠵᠢᠳ ︽ᠪᠦᠬᠦ ᠣᠯᠣᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶᠡᠴᠢ ᠬᠠᠮᠳᠣ ᠨᠢᠭᠡᠴᠡ︾ ︽ᠪᠦᠬᠦ ᠣᠯᠣᠰ ᠤᠨ ᠰᠢᠷᠭᠠᠭᠤ ᠲᠡᠮᠡᠴᠡᠭᠴᠢ ᠶᠢᠨ ᠲᠡᠷᠢᠭᠦᠨ ᠤ ᠬᠠᠮᠳᠣ ᠨᠢᠭᠡᠴᠠ︾ ︽ᠣᠮᠠᠷᠠᠳᠣ ᠬᠢᠯᠢ ᠶᠢᠨ ᠵᠢᠱᠢᠶᠡᠴᠢ︾ ᠵᠡᠷᠭᠡ ᠣᠯᠠᠨ ᠲᠦᠷᠦᠯ ᠤᠨ ᠢᠷᠠᠭᠤ ᠠᠯᠳᠠᠷ ᠢ ᠬᠦᠷᠳᠡᠪᠡ᠃ ᠨᠡᠶᠢᠭᠡᠮ ᠵᠢᠷᠣᠮ ᠤᠨ ᠭᠤᠣᠯᠯᠠᠭᠴᠢ ᠦᠷᠳᠡᠭ ᠤᠨ ᠦᠵᠡᠯᠳᠡ ᠪᠠᠷ ᠵᠢᠯᠣᠭᠤᠳᠣᠯᠭ᠎ᠠ ᠪᠣᠯᠭᠠᠵᠣ᠂ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠰᠣᠶᠣᠯ ᠤᠨ ᠣᠷᠳᠣᠨ᠂ ᠨᠣᠮ ᠤ ᠰᠠᠩ ᠤᠨ ᠴᠢᠳᠠᠪᠬᠢ ᠶᠢ ᠨᠡᠩ ᠢᠯᠡᠭᠦᠦ ᠲᠡᠭᠦᠯᠳᠡᠷᠵᠢᠭᠦᠯᠵᠦ᠂ ᠦᠨᠳᠦᠰᠦᠨ ᠱᠠᠳᠣᠨ ᠤ ᠶᠡᠷᠦᠩᠭᠡᠶᠢᠯᠡᠭᠰᠡᠨ ᠴᠢᠨᠠᠷᠳᠠᠢ ᠰᠣᠶᠣᠯ ᠤᠨ ᠦᠢᠯᠡᠴᠢᠯᠡᠭᠡᠨ ᠤ ᠲᠦᠪ  ᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠦ᠂ ᠬᠤᠰᠢᠭᠤ ᠰᠣᠶᠣᠯ ᠤᠨ ᠣᠷᠳᠣᠨ ᠨᠢ ᠣᠯᠣᠰ ᠤᠨ ᠭᠤᠷᠪᠠᠳᠣᠭᠠᠷ ᠳᠡᠰ  ᠤᠨ ᠰᠣᠶᠣᠯ ᠤᠨ ᠣᠷᠳᠣᠨ ᠢᠶᠠᠷ ᠦᠨᠡᠯᠡᠭᠳᠡᠪᠡ᠃ ᠬᠤᠰᠢᠭᠤᠨ ᠤ ᠪᠠᠶᠢᠳᠠᠯ ᠳᠠᠭᠠᠨ ᠰᠠᠭᠤᠷᠢᠯᠠᠵᠣ᠂ ᠬᠤᠳᠠ ᠬᠦᠳᠡᠭᠡ ᠶᠢ ᠪᠦᠷᠬᠦᠭᠰᠡᠨ᠂ ᠬᠡᠷᠡᠭᠴᠡᠭᠡ ᠶᠣᠰᠣᠭᠠᠷ ᠬᠠᠩᠭᠠᠬᠤ᠂ ᠦᠷᠭᠡᠨ ᠢᠶᠠᠷ ᠣᠷᠣᠯᠴᠠᠬᠤ ᠨᠡᠶᠢᠳᠡ ᠶᠢᠨ ᠰᠣᠶᠣᠯ  ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠪᠠ᠃ ᠲᠣᠯᠣᠭᠠᠨ ᠬᠦᠮᠦᠨ ᠤ ᠲᠦᠷᠢᠮᠳᠦ ᠬᠦᠯ ᠪᠦᠮᠪᠦᠭᠡᠨ ᠲᠠᠯᠠᠪᠠᠢ᠂ ᠲᠠᠪᠣᠨ ᠬᠦᠮᠦᠨ ᠤ ᠲᠦᠷᠢᠮᠳᠦ ᠬᠦᠯ ᠪᠦᠮᠪᠦᠭᠡᠨ ᠲᠠᠯᠠᠪᠠᠢ᠂ ᠨᠡᠶᠢᠳᠡ ᠶᠢᠨ ᠰᠠᠭᠰᠣᠨ ᠪᠦᠮᠪᠦᠭᠡᠨ ᠲᠠᠯᠠᠪᠠᠢ ᠪᠣᠯᠣᠨ ᠨᠡᠶᠢᠳᠡ ᠶᠢᠨ ᠪᠡᠶ᠎ᠡ ᠲᠠᠮᠢᠷ ᠤᠨ ᠲᠠᠯᠠᠪᠠᠢ ᠶᠢ ᠴᠦᠮ ᠠᠰᠢᠭᠯᠠᠯᠳᠠ ᠳᠤ ᠣᠷᠣᠭᠤᠯᠵᠣ᠂ ᠣᠯᠠᠨ ᠲᠦᠮᠡᠨᠴᠢ ᠴᠢᠨᠠᠷᠳᠠᠢ ᠰᠣᠶᠣᠯ ᠲᠠᠮᠢᠷ ᠤᠨ ᠠᠵᠢᠯᠯᠠᠭ᠎ᠠ ᠶᠢ ᠦᠷᠭᠡᠨ ᠢᠶᠠᠷ ᠦᠷᠨᠢᠭᠦᠯᠪᠡ᠃ ᠲᠡᠣᠭᠡ ᠶᠢᠨ ᠲᠣᠷᠠᠰᠬᠠᠯᠳᠣ ᠪᠣᠳᠠᠰ ᠢ ᠬᠠᠮᠠᠭᠠᠯᠠᠬᠤ ᠪᠣᠯᠣᠨ ᠦᠨᠳᠦᠰᠦᠳᠡᠨ ᠤ ᠰᠣᠶᠣᠯ ᠢ ᠣᠯᠠᠮᠵᠢᠯᠠᠬᠤ ᠶᠢ ᠴᠢᠩᠭᠠᠳᠬᠠᠵᠣ᠂ ᠵᠢᠪᠬᠤᠯᠠᠩᠳᠣ ᠶᠢᠨ ᠡᠾᠦ᠋ᠩᠨᠣ ᠶᠢᠨ ᠦᠶ᠎ᠡ ᠶᠢᠨ ᠪᠣᠯᠠᠰᠢ ᠨᠤᠭᠤᠳ ᠤᠨ ᠬᠠᠭᠤᠴᠢ ᠮᠠᠯᠳᠠᠮᠠᠯ ᠤᠨ ᠠᠵᠢᠯ ᠳᠤ ᠢᠳᠡᠪᠬᠢᠳᠠᠢ ᠬᠠᠮᠵᠢᠯᠴᠠᠵᠣ ᠂ ᠰᠦᠨᠢᠳ ᠢᠷᠦᠭᠡᠯ ᠮᠠᠭᠳᠠᠭᠠᠯ᠂ ᠮᠣᠩᠭᠤᠯ ᠭᠡᠷ ᠦᠢᠯᠡᠳᠬᠦ ᠮᠡᠷᠭᠡᠵᠢᠯ ᠵᠡᠷᠭᠡ 10 ᠲᠦᠷᠦᠯ ᠤᠨ ᠪᠣᠳᠠᠰ ᠤᠨ ᠪᠣᠰᠣ ᠰᠣᠶᠣᠯ ᠤᠨ ᠦᠪ ᠤᠨ ᠲᠦᠷᠦᠯ ᠵᠦᠢᠯ ᠨᠢ ᠦᠪᠡᠷᠳᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠣᠰᠣ ᠰᠣᠶᠣᠯ ᠤᠨ ᠦᠪ ᠤᠨ ᠲᠦᠯᠦᠭᠡᠯᠡᠬᠦ ᠴᠢᠨᠠᠷᠳᠠᠢ ᠲᠦᠷᠦᠯ ᠵᠦᠢᠯ ᠤᠨ ᠨᠡᠷᠡᠰ ᠤᠨ ᠪᠦᠷᠢᠳᠭᠡᠯ ᠳᠤ ᠣᠷᠣᠵᠣ᠂ 5 ᠬᠦᠮᠦᠨ ᠢ ᠦᠪᠡᠷᠳᠡᠭᠡᠨ ᠵᠠᠰᠠᠬᠤ ᠣᠷᠣᠨ ᠤ ᠪᠣᠳᠠᠰ ᠤᠨ ᠪᠣᠰᠣ ᠰᠣᠶᠣᠯ ᠤᠨ ᠦᠪ   ᠤᠨ ᠲᠦᠷᠦᠯ ᠵᠦᠢᠯ ᠤᠨ ᠲᠦᠯᠦᠭᠡᠯᠡᠬᠦ ᠴᠢᠨᠠᠷᠳᠠᠢ ᠦᠪᠯᠡᠨ ᠣᠯᠠᠮᠵᠢᠯᠠᠭᠴᠢ ᠪᠠᠷ ᠨᠡᠷᠡᠶᠢᠳᠦᠪᠡ᠃      ᠳᠦᠷᠪᠡᠨ ᠵᠢᠯ ᠤᠨ ᠲᠣᠷᠰᠢ᠂ ᠪᠢᠳᠡ ᠠᠷᠠᠳ ᠲᠦᠮᠡᠨ ᠢ ᠲᠡᠭᠡᠳᠦᠯᠡᠬᠦ᠂ ᠲᠦᠭᠡᠮᠡᠯ ᠬᠠᠷᠠᠭᠠᠯᠵᠠᠯ ᠢ ᠬᠠᠮᠳᠣᠪᠡᠷ ᠡᠳ᠋ᠯᠡᠬᠦ ᠶᠢ ᠪᠠᠷᠢᠮᠳᠠᠯᠠᠵᠣ᠂ ᠨᠡᠶᠢᠭᠡᠮ ᠤᠨ ᠪᠦᠲᠦᠭᠡᠨ ᠪᠠᠶᠢᠭᠤᠯᠣᠯᠳᠠ ᠠᠮᠵᠢᠯᠳᠠ  ᠣᠯᠪᠠ᠃ ᠰᠣᠷᠭᠠᠨ ᠬᠦᠮᠦᠵᠢᠯ  ᠤᠨ ᠠᠵᠢᠯ ᠦᠢᠯᠡᠰ ᠢ ᠡᠩ ᠲᠡᠷᠢᠭᠦᠨ ᠳᠤ ᠬᠦᠭᠵᠢᠭᠦᠯᠪᠡ᠃ ︽ᠲᠠᠪᠣᠨ ᠬᠦᠮᠦᠵᠢᠯ︾ 7 ᠢ ᠵᠡᠷᠭᠡᠪᠡᠷ ᠴᠢᠬᠤᠯᠠᠴᠢᠯᠠᠬᠤ ᠶᠢ ᠪᠠᠷᠢᠮᠳᠠᠯᠠᠵᠣ᠂ ᠰᠣᠷᠭᠠᠨ ᠬᠦᠮᠦᠵᠢᠯ ᠤᠨ ᠶᠠᠰᠣ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠲᠡᠭᠦᠰ ᠠᠮᠵᠢᠯᠳᠠᠳᠠᠢ ᠪᠡᠶᠡᠯᠡᠭᠦᠯᠵᠦ᠂ ︽ᠨᠣᠮ ᠰᠣᠶᠣᠯ︾ ᠤᠨ ᠲᠦᠷᠦᠯ ᠲᠡᠮᠳᠡᠭᠲᠦ ᠶᠢᠨ ᠪᠠᠶᠢᠭᠤᠯᠣᠯᠳᠠ ᠶᠢᠨ ᠲᠣᠷᠰᠢᠯᠭ᠎ᠠ ᠶᠢ ᠪᠦᠬᠦ ᠠᠶᠢᠮᠠᠭ ᠲᠤ ᠲᠦᠭᠡᠮᠡᠯᠵᠢᠭᠦᠯᠪᠡ᠃ ᠰᠣᠷᠭᠠᠭᠤᠯᠢ ᠶᠢᠨ ᠬᠦᠷᠢᠶᠡᠨ ᠤ ᠬᠦᠮᠦᠨ ᠤ ᠰᠡᠷᠭᠡᠶᠢᠯᠡᠯᠳᠡ᠂ ᠪᠣᠳᠠᠰ ᠤᠨ ᠰᠡᠷᠭᠡᠶᠢᠯᠡᠯᠳᠡ᠂ ᠮᠡᠷᠭᠡᠵᠢᠯ ᠤᠨ ᠰᠡᠷᠭᠡᠶᠢᠯᠡᠯᠳᠡ ᠶᠢᠨ ᠪᠠᠶᠢᠭᠤᠯᠣᠯᠳᠠ ᠶᠢ ᠴᠢᠩᠭᠠᠳᠬᠠᠵᠣ᠂ ᠰᠣᠷᠭᠠᠭᠤᠯᠢ ᠶᠢᠨ ᠬᠦᠷᠢᠶ᠎ᠡ ᠵᠢᠴᠢ ᠣᠶᠢᠷ᠎ᠠ ᠬᠠᠪᠢ ᠶᠢᠨ ᠣᠷᠴᠢᠨ ᠲᠣᠭᠤᠷᠢᠨ ᠢ ᠶᠡᠷᠦᠩᠭᠡᠶᠢᠯᠡᠨ ᠵᠠᠰᠠᠨ ᠴᠡᠭᠴᠡᠯᠡᠬᠦ ᠶᠢ ᠯᠠᠪᠳᠠᠭᠤᠨ ᠢᠶᠠᠷ ᠦᠷᠨᠢᠭᠦᠯᠵᠦ᠂ ᠰᠣᠷᠭᠠᠭᠤᠯᠢ ᠶᠢᠨ ᠬᠦᠷᠢᠶᠡᠨ ᠤ ᠠᠮᠣᠷ ᠲᠦᠪᠰᠢᠨ ᠤ ᠰᠡᠷᠭᠡᠶᠢᠯᠡᠯᠳᠡ ᠶᠢᠨ ᠱᠣᠭᠤᠮ ᠢ ᠪᠦᠬᠦ ᠲᠠᠯ᠎ᠠ ᠪᠠᠷ ᠪᠠᠳᠣ ᠴᠣᠭᠴᠠᠯᠠᠪᠠ᠃ ᠨᠠᠷᠠᠠᠪᠣᠯᠠᠭ ᠮᠣᠩᠭᠤᠯ ᠦᠨᠳᠦᠰᠦᠳᠡᠨ ᠤ ᠭᠡᠣᠭᠡᠳ ᠤᠨ ᠴᠡᠴᠡᠷᠯᠢᠭ᠂ ᠮᠣᠩᠭᠤᠯ ᠦᠨᠳᠦᠰᠦᠳᠡᠨ ᠤ ᠳᠣᠮᠳᠠᠳᠣ ᠰᠣᠷᠭᠠᠭᠤᠯᠢ ᠶᠢᠨ ᠰᠢᠨ᠎ᠡ ᠰᠣᠷᠭᠠᠭᠤᠯᠢ ᠶᠢᠨ ᠲᠣᠭᠤᠷᠢᠭ ᠢ ᠠᠰᠢᠭᠯᠠᠯᠳᠠ ᠳᠤ ᠣᠷᠣᠭᠤᠯᠵᠣ᠂ ᠦᠨᠳᠦᠰᠦᠳᠡᠨ ᠤ ᠬᠡᠯᠡ ᠪᠠᠷ ᠬᠢᠴᠢᠶᠡᠯᠯᠡᠬᠦ 3 ᠰᠣᠷᠭᠠᠭᠤᠯᠢ ᠳᠤ ᠣᠯᠣᠰ ᠤᠨ ᠨᠢᠭᠡᠳᠦᠯᠳᠠᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠲᠣᠭᠳᠠᠭᠤᠨ ᠢᠶᠠᠷ ᠡᠮᠬᠢ ᠳᠢᠭᠯᠢᠮ ᠲᠠᠢ ᠪᠠᠷ ᠲᠦᠭᠡᠮᠡᠯᠵᠢᠭᠦᠯᠦᠨ ᠬᠡᠷᠡᠭᠯᠡᠵᠦ᠂ ᠨᠡᠶᠢᠳᠡ 84 ᠪᠠᠭᠰᠢ ᠶᠢ ᠣᠷᠢᠵᠣ ᠣᠷᠣᠭᠤᠯᠣᠨ᠂ ᠦᠨᠳᠦᠷ ᠳᠣᠮᠳᠠᠳᠣ ᠳᠤ ᠳᠠᠪᠰᠢᠬᠤ ᠰᠢᠯᠭᠠᠯᠳᠠ ᠶᠢᠨ ᠶᠡᠷᠦᠩᠭᠡᠶᠢᠯᠡᠭᠰᠡᠨ ᠬᠢᠷᠢ ᠪᠦᠲᠦᠮᠵᠢ ᠪᠦᠬᠦ ᠠᠶᠢᠮᠠᠭ ᠲᠤ ᠲᠡᠷᠢᠭᠦᠨ ᠳᠤ ᠵᠢᠭᠰᠠᠭᠠᠭᠳᠠᠵᠣ᠂ ᠶᠡᠭᠡ ᠳᠡᠭᠡᠲᠦ ᠰᠣᠷᠭᠠᠭᠤᠯᠢ ᠳᠤ ᠳᠠᠪᠰᠢᠬᠤ ᠰᠢᠯᠭᠠᠯᠳᠠ ᠶᠢᠨ ᠵᠢᠩᠭᠢᠨᠢ ᠠᠩᠭᠢ ᠶᠢᠨ ᠬᠤᠪᠢ ᠳᠤ ᠬᠦᠷᠦᠭᠰᠡᠨ ᠨᠣᠷᠮ᠎ᠠ 2017 ᠣᠨ ᠤ ᠬᠢ ᠠᠴᠠ 9 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠰᠣᠷᠭᠠᠨ ᠬᠦᠮᠦᠵᠢᠯ ᠤᠨ ᠵᠢᠭᠠᠨ  ᠰᠣᠷᠭᠠᠯᠳᠠ ᠶᠢᠨ ᠶᠠᠰᠣ ᠴᠢᠨᠠᠷ ᠪᠦᠬᠦ ᠲᠠᠯ᠎ᠠ ᠪᠠᠷ ᠳᠡᠭᠡᠭᠰᠢᠯᠡᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠡᠷᠡᠭᠦᠯ ᠢᠶᠠᠷ ᠬᠦᠭᠵᠢᠪᠡ᠃ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠡᠷᠡᠭᠦᠯ ᠮᠡᠨᠳᠣ ᠶᠢ ᠠᠬᠢᠭᠤᠯᠬᠤ ᠬᠤᠰᠢᠭᠤ︾ ︽ᠦᠪᠡᠷᠳᠡᠭᠡᠨ ᠵᠠᠰᠠᠬᠤ ᠣᠷᠣᠨ ᠤ ᠠᠷᠬᠠᠭ ᠡᠪᠡᠳᠴᠢᠨ ᠢ ᠶᠡᠷᠦᠩᠭᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠲᠣᠭᠤᠷᠢᠭ︾ ᠢ ᠡᠭᠦᠳᠦᠨ ᠪᠠᠶᠢᠭᠤᠯᠣᠭᠰᠠᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠪᠠᠳᠣᠳᠬᠠᠵᠣ᠂ ᠨᠡᠶᠢᠳᠡ 2.8 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ ᠬᠤᠰᠢᠭᠤ ᠠᠷᠠᠳ ᠤᠨ ᠡᠮᠨᠡᠯᠭᠡ  ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠬᠤ ᠢᠨᠵᠧᠨᠧᠷᠢᠩ᠂ ᠡᠬᠡ ᠨᠢᠯᠬᠠᠰ ᠤᠨ ᠡᠷᠡᠭᠦᠯᠵᠢᠯ ᠪᠠ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠦᠪ᠂ ᠬᠢᠵᠢᠭ ᠢ ᠰᠡᠷᠭᠡᠶᠢᠯᠡᠨ ᠡᠵᠡᠮᠳᠡᠬᠦ ᠲᠦᠪ ᠢ ᠦᠷᠭᠡᠳᠭᠡᠨ ᠪᠠᠶᠢᠭᠤᠯᠬᠤ ᠢᠨᠵᠧᠨᠧᠷᠢᠩ ᠢ ᠪᠠᠶᠢᠭᠤᠯᠵᠣ ᠳᠠᠭᠤᠰᠬᠠᠨ ᠠᠰᠢᠭᠯᠠᠯᠳᠠ ᠳᠤ ᠣᠷᠣᠭᠤᠯᠵᠣ᠂ ᠮᠣᠩᠭᠤᠯ ᠬᠢᠳᠠᠳ ᠡᠮᠨᠡᠯᠭᠡ ᠶᠢᠨ ᠦᠷᠦᠭᠡ ᠶᠢ ᠦᠨᠳᠦᠰᠦᠨ ᠱᠠᠳᠣᠨ ᠤ ᠡᠷᠡᠭᠦᠯ ᠬᠠᠮᠠᠭᠠᠯᠠᠯ ᠤᠨ ᠪᠠᠶᠢᠭᠤᠯᠣᠮᠵᠢ ᠳᠤ ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠦ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ ᠶᠢ ᠠᠮᠵᠢᠯᠳᠠᠳᠠᠢ  ᠪᠠᠷ ᠬᠤᠶᠠᠳᠣᠭᠠᠷ ᠵᠡᠷᠭᠡ ᠶᠢᠨ ᠬᠦᠭᠡ ᠳᠡᠰ ᠤᠨ ᠡᠮᠨᠡᠯᠭᠡ ᠶᠢᠨ ᠬᠤᠷᠢᠶ᠎ᠠ ᠪᠣᠯᠭᠠᠨ ᠡᠭᠦᠳᠦᠨ ᠪᠠᠶᠢᠭᠤᠯᠵᠣ᠂ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠣᠷᠢ ᠣᠯᠠᠮ ᠨᠢᠭᠡ ᠠᠯᠬᠤᠮ ᠳᠡᠭᠡᠭᠰᠢᠯᠡᠪᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠤᠯᠣᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠬᠢᠨᠠᠮᠠᠭᠠᠢ ᠰᠠᠶᠢᠳᠣᠷ ᠠᠳᠬᠤᠵᠣ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ ᠪᠣᠯᠣᠨ ᠬᠢᠵᠢᠭ ᠢ ᠰᠡᠷᠭᠡᠶᠢᠯᠡᠨ ᠡᠵᠡᠮᠳᠡᠬᠦ ᠲᠦᠪ ᠤᠨ PCR ᠲᠣᠷᠰᠢᠯᠳᠠ ᠶᠢᠨ ᠲᠠᠰᠤᠭ ᠤᠨ ᠪᠦᠲᠦᠭᠡᠨ ᠪᠠᠶᠢᠭᠤᠯᠣᠯᠳᠠ ᠶᠢ ᠪᠡᠶᠡᠯᠡᠭᠦᠯᠵᠦ᠂ ᠬᠦᠮᠦᠨ᠂ ᠪᠣᠳᠠᠰ᠂ ᠣᠷᠴᠢᠨ ᠲᠣᠭᠤᠷᠢᠨ ᠢ ᠵᠡᠷᠭᠡᠪᠡᠷ ᠰᠡᠷᠭᠡᠶᠢᠯᠡᠬᠦ ᠪᠠ ᠣᠯᠠᠨ ᠴᠡᠭ ᠲᠤ ᠰᠡᠷᠭᠡᠶᠢᠯᠡᠨ ᠡᠵᠡᠮᠳᠡᠬᠦ ᠲᠣᠭᠳᠠᠴᠠ ᠶᠢ ᠴᠢᠩᠭ᠎ᠠ ᠨᠠᠶᠢᠳᠠᠪᠣᠷᠢᠵᠢᠭᠤᠯᠵᠣ᠂ ᠬᠢᠵᠢᠭ ᠬᠠᠯᠳᠠᠪᠣᠷᠢᠯᠠᠨ ᠲᠠᠷᠬᠠᠭᠰᠠᠨ ᠦᠭᠡᠢ ᠬᠠᠷᠠᠯᠳᠠ ᠡᠭᠦᠷᠭᠡ ᠶᠢ ᠪᠡᠶᠡᠯᠡᠭᠦᠯᠪᠡ᠃ ᠠᠵᠢᠯ ᠣᠯᠭᠤᠵᠣ ᠦᠢᠯᠡᠰ ᠪᠣᠰᠬᠠᠬᠤ ᠣᠯᠠᠨ ᠠᠷᠭ᠎ᠠ ᠪᠠᠷᠢᠯ ᠢ ᠵᠡᠷᠭᠡᠪᠡᠷ ᠬᠡᠷᠡᠭᠵᠢᠭᠦᠯᠪᠡ᠃ ᠦᠢᠯᠡᠰ ᠪᠣᠰᠬᠠᠨ ᠰᠢᠨ᠎ᠡ ᠶᠢ ᠡᠭᠦᠳᠬᠦ ᠶᠢ ᠵᠢᠯᠣᠭᠤᠳᠬᠤ ᠦᠢᠯᠡᠴᠢᠯᠡᠭᠡᠨ ᠤ ᠲᠦᠪ ᠢ ᠠᠰᠢᠭᠯᠠᠯᠳᠠ ᠳᠤ ᠣᠷᠣᠭᠤᠯᠵᠣ᠂ ᠦᠨᠳᠦᠰᠦᠳᠡᠨ ᠤ ᠣᠨᠴᠠᠯᠢᠭᠳᠣ ᠦᠢᠯᠡᠰ ᠪᠣᠰᠬᠠᠬᠤ ᠵᠡᠭᠡᠯᠢ ᠶᠢᠨ ᠦᠷ᠎ᠡ ᠪᠦᠲᠦᠮᠵᠢ ᠢᠯᠡᠷᠭᠡᠢ ᠪᠠᠶᠢᠵᠣ᠂ 2.97 ᠲᠦᠮᠡᠨ ᠠᠵᠢᠯ ᠤᠨ ᠪᠠᠶᠢᠷᠢ ᠶᠢ ᠴᠣᠭᠯᠠᠭᠤᠯᠵᠣ᠂ ᠬᠤᠳᠠ ᠪᠠᠯᠭᠠᠰᠣᠨ ᠳᠤ 4679 ᠬᠦᠮᠦᠨ ᠳᠤ ᠰᠢᠨ᠎ᠡ ᠪᠠᠷ ᠠᠵᠢᠯ ᠣᠯᠭᠤᠵᠣ᠂ 271 ᠬᠤᠪᠢ ᠶᠢᠨ ᠦᠢᠯᠡᠳᠪᠦᠷᠢ ᠬᠤᠳᠠᠯᠳᠣᠭᠠᠨ ᠤ ᠡᠷᠦᠭᠡ ᠳᠤ 3226 ᠲᠦᠮᠡᠨ ᠲᠦᠭᠦᠷᠢᠭ ᠤᠨ ᠦᠢᠯᠡᠰ ᠪᠣᠰᠬᠠᠬᠤ ᠪᠠᠳᠣᠯᠠᠭᠠᠳᠣ ᠵᠢᠭᠡᠯᠡᠯᠭᠡ ᠲᠠᠷᠬᠠᠭᠠᠵᠣ᠂ ᠬᠤᠳᠠ ᠪᠠᠯᠭᠠᠰᠣᠨ ᠤ ᠳᠠᠩᠰᠠᠯᠠᠭᠰᠠᠨ ᠠᠵᠢᠯ ᠠᠯᠳᠠᠯᠳᠠ ᠶᠢᠨ ᠨᠣᠷᠮ᠎ᠠ ᠶᠢ 2.63% ᠳᠤ ᠬᠢᠵᠠᠭᠠᠷᠯᠠᠪᠠ᠃ 105 ᠠᠵᠢᠯ ᠠᠯᠳᠠᠭᠰᠠᠨ ᠴᠡᠷᠢᠭ ᠠᠴᠠ ᠬᠠᠯᠠᠭᠳᠠᠭᠰᠠᠳ ᠪᠣᠯᠣᠨ 157 ᠨᠦᠬᠦᠴᠡᠯ ᠳᠤ ᠨᠡᠶᠢᠴᠡᠬᠦ ᠳᠡᠭᠡᠲᠦ ᠳᠣᠮᠳᠠ ᠵᠡᠷᠭᠡ ᠶᠢᠨ ᠲᠣᠰᠬᠠᠢ ᠮᠡᠷᠭᠡᠵᠢᠯ ᠤᠨ ᠰᠣᠷᠭᠠᠭᠤᠯᠢ᠂ ᠮᠡᠷᠭᠡᠵᠢᠯ ᠤᠨ ᠠᠵᠢᠯᠴᠢᠨ ᠤ ᠰᠣᠷᠭᠠᠭᠤᠯᠢ  ᠠᠴᠠ ᠲᠡᠭᠦᠰᠦᠭᠰᠡᠨ ᠣᠶᠣᠳᠠᠨ ᠤ ᠠᠵᠢᠯ ᠣᠯᠭᠤᠯᠳᠠ ᠶᠢᠨ ᠠᠰᠠᠭᠤᠳᠠᠯ ᠢ ᠰᠢᠢᠳᠪᠦᠷᠢᠯᠡᠪᠡ᠃ ᠵᠠᠰᠠᠭ ᠤᠨ ᠣᠷᠳᠣᠨ ᠬᠤᠳᠠᠯᠳᠣᠨ ᠠᠪᠣᠭᠰᠠᠨ ᠦᠢᠯᠡᠴᠢᠯᠡᠭᠡᠨ ᠤ ᠬᠡᠯᠪᠡᠷᠢ ᠪᠠᠷ 26 ᠨᠣᠳᠤᠭ ᠪᠣᠴᠠᠭᠰᠠᠨ ᠣᠶᠣᠳᠠᠨ ᠳᠤ ᠠᠵᠢᠯ ᠣᠯᠭᠤᠬᠤ ᠦᠷ᠎ᠡ ᠪᠦᠲᠦᠮᠵᠢ ᠶᠢ ᠪᠦᠲᠦᠮᠵᠢᠳᠠᠢ ᠳᠡᠭᠡᠭᠰᠢᠯᠡᠭᠦᠯᠪᠡ᠃ ᠨᠡᠶᠢᠭᠡᠮ ᠤᠨ ᠪᠠᠳᠣᠯᠠᠭ᠎ᠠ ᠶᠢ ᠲᠠᠰᠣᠷᠠᠯᠳᠠ ᠦᠭᠡᠢ ᠴᠢᠩᠭᠠᠳᠬᠠᠪᠠ᠃ ᠨᠠᠰᠣᠳᠠᠨ ᠢ ᠠᠰᠠᠷᠠᠬᠤ ᠬᠦᠷᠳᠡᠭᠡᠮᠵᠢ ᠶᠢᠨ ᠬᠢᠷᠢ ᠲᠦᠪᠰᠢᠨ ᠢ ᠲᠣᠭᠳᠠᠭᠤᠨ ᠢᠶᠠᠷ ᠳᠡᠭᠡᠭᠰᠢᠯᠡᠭᠦᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠣᠵᠢᠯ ᠤᠨ ᠠᠰᠠᠷᠠᠮᠵᠢ ᠶᠢᠨ ᠮᠦᠩᠭᠦ ᠶᠢ 2017 ᠣᠨ ᠤ 110 ᠲᠦᠭᠦᠷᠢᠭ ᠪᠠᠶᠢᠭᠰᠠᠨ ᠠᠴᠠ 140 ᠲᠦᠭᠦᠷᠢᠭ ᠪᠣᠯᠭᠠᠨ ᠳᠡᠭᠡᠭᠰᠢᠯᠡᠭᠦᠯᠪᠡ᠃ ᠠᠵᠣ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ 1738 ᠲᠦᠮᠡᠨ ᠲᠦᠭᠦᠷᠢᠭ ᠤᠨ ᠰᠦᠢᠳᠭᠡᠯ ᠢ ᠱᠠᠳᠣᠴᠢ ᠴᠢᠨᠠᠷᠳᠠᠢ ᠪᠠᠷ ᠬᠠᠰᠣᠵᠣ ᠬᠡᠯᠳᠦᠷᠢᠭᠦᠯᠪᠡ᠃ ᠬᠤᠳᠠ ᠬᠦᠳᠡᠭᠡ ᠶᠢᠨ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ  ᠶᠢ ᠨᠢᠭᠡᠳᠦᠯᠳᠠᠢ ᠲᠦᠯᠦᠪᠯᠡᠬᠦ ᠶᠢ ᠪᠡᠶᠡᠯᠡᠭᠦᠯᠵᠦ᠂ ᠪᠠᠷᠢᠮᠵᠢᠶ᠎ᠠ ᠨᠢ 2017 ᠣᠨ ᠤ 7680 ᠲᠦᠭᠦᠷᠢᠭ ᠪᠣᠯᠣᠨ 5760 ᠲᠦᠭᠦᠷᠢᠭ ᠪᠠᠶᠢᠭᠰᠠᠨ ᠢ ᠳᠡᠭᠡᠭᠰᠢᠯᠡᠭᠦᠯᠦᠨ 8592 ᠲᠦᠭᠦᠷᠢᠭ ᠪᠣᠯᠭᠠᠪᠠ︔ ᠲᠠᠪᠣᠨ ᠪᠠᠳᠣᠯᠠᠭᠠᠳᠣ ᠡᠳᠡᠭᠡᠳ ᠢ ᠲᠦᠪᠯᠡᠷᠡᠭᠦᠯᠦᠨ ᠠᠰᠠᠷᠠᠨ ᠲᠡᠵᠢᠭᠡᠬᠦ ᠪᠠ ᠠᠰᠳᠠᠭᠠᠨ ᠠᠰᠠᠷᠠᠨ ᠳᠡᠵᠢᠭᠡᠬᠦ ᠨᠦᠬᠦᠪᠦᠷᠢ ᠶᠢᠨ ᠪᠠᠷᠢᠮᠵᠢᠶ᠎ᠠ ᠶᠢ 2017 ᠣᠨ ᠤ 1000 ᠲᠦᠭᠦᠷᠢᠭ ᠪᠠᠶᠢᠭᠰᠠᠨ ᠠᠴᠠ 1300 ᠲᠦᠭᠦᠷᠢᠭ ᠪᠣᠯᠭᠠᠨ ᠨᠡᠮᠡᠭᠳᠡᠭᠦᠯᠪᠡ᠃ ᠡᠮ ᠡᠮᠨᠡᠯᠭᠡ ᠶᠢᠨ ᠠᠪᠣᠷᠠᠨ ᠳᠣᠰᠠᠯᠠᠯᠳᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠨᠡᠶᠢᠭᠡᠮ ᠤᠨ ᠳᠠᠭᠠᠳᠬᠠᠯ ᠤᠨ ᠲᠦᠭᠡᠮᠡᠯᠵᠢᠭᠦᠯᠦᠯᠳᠡ ᠶᠢ ᠲᠠᠰᠣᠷᠠᠯᠳᠠ ᠦᠭᠡᠢ ᠦᠷᠭᠡᠳᠭᠡᠵᠦ᠂ ᠬᠤᠳᠠ ᠬᠦᠳᠡᠭᠡ ᠶᠢᠨ ᠨᠠᠰᠣᠵᠢᠯ ᠤᠨ ᠳᠠᠭᠠᠳᠬᠠᠯ  ᠳᠤ ᠪᠠᠶᠢᠩᠭᠤ ᠰᠠᠭᠤᠭ᠎ᠠ ᠬᠦᠮᠦᠨ ᠠᠮᠠ ᠶᠢᠨ ᠣᠷᠣᠯᠴᠠᠭᠰᠠᠨ ᠨᠣᠷᠮ᠎ᠠ ᠪᠣᠯᠣᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠴᠦᠮ 95% ᠠᠴᠠ ᠳᠡᠭᠡᠭᠰᠢ ᠳᠤ ᠬᠦᠷᠪᠡ᠃ ᠪᠠᠳᠣᠯᠠᠭ᠎ᠠ ᠶᠢᠨ ᠴᠢᠨᠠᠷᠳᠠᠢ ᠣᠷᠣᠨ ᠰᠠᠭᠤᠴᠠ ᠶᠢᠨ ᠢᠨᠵᠧᠨᠧᠷᠢᠩ ᠢ ᠬᠦᠨᠵᠡᠭᠡᠢ ᠲᠦᠯᠬᠢᠨ ᠠᠬᠢᠭᠤᠯᠵᠣ᠂ 1700 ᠣᠯᠠᠨ ᠨᠡᠶᠢᠳᠡ ᠶᠢᠨ ᠬᠢᠮᠳᠠ ᠲᠦᠷᠢᠶᠡᠰᠦᠨ ᠣᠷᠣᠨ ᠰᠠᠭᠤᠴᠠ ᠶᠢ ᠬᠤᠪᠢᠶᠠᠷᠢᠯᠠᠪᠠ᠃ ᠨᠡᠶᠢᠭᠡᠮ ᠤᠨ ᠶᠡᠭᠡ ᠪᠠᠶᠢᠳᠠᠯ ᠡᠶ᠎ᠡ ᠵᠣᠬᠢᠴᠠᠯᠳᠣ ᠲᠣᠭᠳᠠᠭᠤᠨ ᠪᠠᠶᠢᠳᠠᠯ ᠢᠶᠠᠨ ᠪᠠᠳᠣᠯᠠᠪᠠ᠃ ᠠᠮᠣᠷ ᠲᠦᠪᠰᠢᠨ ᠪᠣᠯᠣᠨ ᠲᠣᠭᠳᠠᠭᠤᠨ ᠢ ᠦᠷᠭᠦᠯᠵᠢ ᠴᠢᠩᠭ᠎ᠠ ᠠᠳᠬᠤᠨ᠂ ᠳᠣᠳᠠᠭᠤᠳᠠᠯ ᠢᠶᠠᠨ ᠨᠦᠬᠦᠪᠦᠷᠢᠯᠡᠨ᠂ ᠪᠠᠭᠤᠷᠠᠢ ᠲᠠᠯ᠎ᠠ ᠪᠠᠨ ᠴᠢᠩᠭᠠᠳᠬᠠᠵᠣ᠂ ᠡᠯ᠎ᠡ ᠲᠦᠷᠦᠯ ᠤᠨ ᠠᠶᠣᠯ ᠲᠦᠭᠰᠢᠭᠦᠷᠢ ᠪᠣᠯᠣᠨ ᠦᠷᠢᠰᠦᠯᠳᠦᠭᠡᠨ ᠢ ᠪᠦᠲᠦᠮᠵᠢᠳᠠᠢ ᠰᠡᠷᠭᠡᠶᠢᠯᠡᠨ ᠰᠢᠢᠳᠪᠦᠷᠢᠯᠡᠵᠦ᠂ ᠣᠯᠣᠰ ᠲᠦᠷᠦ᠂ ᠠᠵᠣ ᠠᠬᠤᠢ᠂ ᠨᠡᠶᠢᠭᠡᠮ ᠵᠡᠷᠭᠡ ᠶᠢᠰᠦᠨ ᠶᠡᠭᠡ ᠭᠤᠣᠯᠳᠠᠯᠭ᠎ᠠ ᠲᠠᠢ ᠬᠦᠷᠢᠶ᠎ᠡ ᠴᠠᠷ᠎ᠠ ᠳᠤ ᠰᠢᠰᠲ᠋ᠧᠮᠳᠣ ᠴᠢᠨᠠᠷᠳᠠᠢ ᠠᠶᠣᠯ ᠲᠦᠭᠰᠢᠭᠦᠷᠢ ᠡᠭᠦᠰᠦᠭᠰᠡᠨ ᠦᠭᠡᠢ᠃ ︽ᠳᠣᠯᠣᠳᠣᠭᠠᠷ ᠲᠠᠪᠣᠨ ᠵᠢᠯ︾  ᠤᠨ ᠬᠠᠣᠯᠢ ᠲᠦᠭᠡᠮᠡᠯᠵᠢᠭᠦᠯᠬᠦ ᠠᠵᠢᠯ ᠢ ᠲᠡᠭᠦᠰ ᠠᠮᠵᠢᠯᠳᠠᠳᠠᠢ ᠪᠡᠶᠡᠯᠡᠭᠦᠯᠪᠡ᠃ ︽ᠠᠮᠣᠭᠤᠯᠠᠩᠳᠣ ᠪᠠᠷᠠᠭᠤᠨ ᠰᠦᠨᠢᠳ︾ ᠤᠨ ᠪᠦᠲᠦᠭᠡᠨ ᠪᠠᠶᠢᠭᠤᠯᠣᠯᠳᠠ ᠶᠢ ᠬᠦᠨᠵᠡᠭᠡᠢ ᠠᠬᠢᠭᠤᠯᠵᠣ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠣᠰᠬᠠᠢ ᠲᠦᠷᠦᠯ ᠤᠨ ᠲᠡᠮᠡᠴᠡᠯ ᠤᠨ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠠᠮᠵᠢᠯᠳᠠᠳᠠᠢ ᠪᠡᠶᠡᠯᠡᠭᠦᠯᠵᠦ᠂ ᠬᠠᠷᠬᠢᠰ ᠬᠦᠴᠦᠨ ᠳᠤ ᠬᠤᠯᠪᠣᠭᠳᠠᠭᠰᠠᠨ 41 ᠭᠡᠷᠡᠭ ᠤᠨ 16 ᠬᠦᠮᠦᠨ ᠢ ᠪᠠᠶᠢᠴᠠᠭᠠᠨ ᠰᠢᠳᠭᠡᠵᠦ᠂ ᠠᠮᠣᠷ ᠢ ᠬᠠᠮᠠᠭᠠᠯᠠᠬᠤ ᠬᠡᠷᠡᠭ ᠠᠳᠠᠯᠢ ᠬᠤᠭᠤᠴᠠᠭᠠᠨ ᠤ ᠬᠢ ᠠᠴᠠ 6% ᠪᠠᠷ ᠪᠠᠭᠤᠷᠠᠵᠣ᠂ ᠠᠷᠠᠳ ᠣᠯᠠᠨ ᠤ ᠠᠮᠣᠷ ᠲᠦᠪᠰᠢᠨ ᠤ ᠲᠦᠷᠦᠭᠳᠡᠯ ᠪᠣᠯᠣᠨ ᠬᠠᠨᠣᠮᠵᠢ ᠶᠢᠨ ᠬᠡᠮᠵᠢᠶ᠎ᠡ ᠢᠯᠡᠳᠳᠡ ᠳᠡᠭᠡᠭᠰᠢᠯᠡᠪᠡ᠃ ᠵᠦᠷᠢᠴᠡᠯ ᠵᠢᠭᠤᠷᠠᠯᠳᠣᠭᠠᠨ ᠢ ᠪᠠᠶᠢᠴᠠᠭᠠᠨ ᠰᠢᠢᠳᠪᠦᠷᠢᠯᠡᠬᠦ ᠬᠦᠴᠦᠨ ᠢᠶᠠᠨ ᠴᠢᠩᠭᠠᠳᠬᠠᠵᠣ᠂ ᠡᠯ᠎ᠡ ᠲᠦᠷᠦᠯ ᠤᠨ ᠵᠦᠷᠢᠴᠡᠯ ᠵᠢᠭᠤᠷᠠᠯᠳᠣᠭᠠᠨ ᠢ 318 ᠬᠤᠪᠢ ᠰᠢᠢᠳᠪᠦᠷᠢᠯᠡᠵᠦ᠂ ᠰᠢᠢᠳᠪᠦᠷᠢᠯᠡᠭᠰᠡᠨ ᠨᠣᠷᠮ᠎ᠠ 95% ᠳᠤ ᠬᠦᠷᠪᠡ᠃ ᠵᠠᠬᠢᠳᠠᠯ ᠰᠣᠷᠪᠣᠯᠵᠢᠯᠠᠭ᠎ᠠ ᠶᠢ ᠣᠳᠣᠷᠢᠳᠣᠯᠭ᠎ᠠ ᠳᠠᠭᠠᠭᠠᠴᠢᠯᠠᠬᠤ ᠲᠦᠷᠢᠮ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠰᠢᠢᠳᠪᠦᠷᠢᠯᠡᠭᠰᠡᠨ ᠨᠣᠷᠮ᠎ᠠ 100% ᠳᠤ ᠬᠦᠷᠪᠡ᠃ ᠠᠶᠣᠯᠭᠦᠢ ᠦᠢᠯᠡᠳᠪᠦᠷᠢᠯᠡᠯ ᠤᠨ ᠬᠠᠷᠢᠭᠤᠴᠠᠯᠭᠠᠳᠣ ᠲᠦᠷᠢᠮ ᠪᠣᠯᠣᠨ ᠣᠷᠣᠨ ᠨᠣᠳᠤᠭ ᠤᠨ ᠨᠠᠮ ᠵᠠᠰᠠᠭ ᠤᠨ ᠣᠳᠣᠷᠢᠳᠬᠤ ᠺᠠᠳ᠋ᠷ ᠤᠨ ᠢᠳᠡᠭᠡᠨ ᠤ ᠵᠦᠢᠯ ᠤᠨ ᠠᠮᠣᠷ ᠲᠦᠪᠰᠢᠨ  ᠤ ᠬᠠᠷᠢᠭᠤᠴᠠᠯᠭᠠᠳᠣ ᠲᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠠᠶᠣᠯᠭᠦᠢ ᠦᠢᠯᠡᠳᠪᠦᠷᠢᠯᠡᠯ ᠤᠨ ᠲᠣᠰᠬᠠᠢ ᠲᠦᠷᠦᠯ ᠤᠨ ᠴᠡᠭᠴᠡᠯᠡᠯᠳᠡ ᠶᠢᠨ ᠭᠤᠷᠪᠠᠨ ᠵᠢᠯ ᠤᠨ ᠠᠵᠢᠯᠯᠠᠭ᠎ᠠ ᠪᠣᠯᠣᠨ ᠢᠳᠡᠭᠡᠨ ᠤ ᠵᠦᠢᠯ ᠡᠮ ᠤᠨ ᠵᠦᠢᠯ ᠤᠨ ᠠᠮᠣᠷ ᠲᠦᠪᠰᠢᠨ ᠤ ᠬᠢᠨᠠᠨ ᠬᠠᠮᠢᠶᠠᠷᠣᠯᠳᠠ ᠶᠢ ᠯᠠᠪᠳᠠᠭᠤᠨ ᠪᠠᠳᠣᠳᠠᠢ ᠦᠷᠨᠢᠭᠦᠯᠵᠦ᠂ 7121 ᠠᠵᠣ ᠠᠬᠤᠶᠢᠯᠠᠯ ᠢ ᠪᠠᠶᠢᠴᠠᠭᠠᠵᠣ᠂ 2029 ᠲᠦᠷᠦᠯ ᠤᠨ ᠡᠯ᠎ᠡ ᠵᠦᠢᠯ ᠤᠨ ᠠᠰᠠᠭᠤᠳᠠᠯ ᠤᠨ ᠳᠠᠯᠳᠠ ᠭᠡᠮ ᠢ ᠪᠠᠶᠢᠴᠠᠭᠠᠨ ᠴᠡᠭᠴᠡᠯᠡᠵᠦ᠂ ᠣᠯᠠᠨ ᠲᠦᠮᠡᠨ ᠤ ᠦᠢᠯᠡᠳᠪᠦᠷᠢᠯᠡᠯ ᠠᠮᠢᠳᠣᠷᠠᠯ ᠪᠣᠯᠣᠨ ᠢᠳᠡᠭᠡᠨ ᠣᠮᠳᠠᠭᠠᠨ ᠡᠮ ᠤᠨ ᠵᠦᠢᠯ ᠤᠨ ᠠᠮᠣᠷ ᠲᠦᠪᠰᠢᠨ ᠢ ᠪᠦᠲᠦᠮᠵᠢᠳᠠᠢ ᠪᠠᠳᠣᠯᠠᠵᠣ᠂ ᠮᠠᠨ ᠤ ᠬᠤᠰᠢᠭᠤ ᠨᠢ 2020 ᠣᠨ ᠤ ᠪᠦᠬᠦ ᠣᠷᠣᠨ ᠤ ︽ᠠᠮᠣᠷ ᠲᠦᠪᠰᠢᠨ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭᠠᠨ ᠤ ᠲᠡᠷᠢᠭᠦᠨ ᠤ ᠭᠠᠵᠠᠷ ᠣᠷᠣᠨ ᠢᠶᠠᠷ ᠦᠨᠡᠯᠡᠭᠳᠡᠪᠡ᠃ ᠶᠠᠰᠣ ᠴᠢᠨᠠᠷ ᠤᠨ ᠬᠦᠴᠦᠷᠭᠡᠭ ᠬᠤᠰᠢᠭᠤ ᠶᠢ ᠡᠭᠦᠳᠦᠨ ᠪᠠᠶᠢᠭᠤᠯᠬᠤ ᠪᠠᠶᠢᠯᠳᠣᠬᠤ ᠪᠣᠳᠣᠯᠭ᠎ᠠ ᠶᠢ ᠬᠦᠨᠵᠡᠭᠡᠢ ᠬᠡᠷᠡᠭᠵᠢᠭᠦᠯᠵᠦ᠂ ᠶᠠᠩ ᠶᠠᠩ ᠮᠠᠯᠵᠢᠯ ᠤᠨ ᠦᠢᠯᠡᠰ ᠨᠢ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠣ ᠴᠢᠨᠠᠷ ᠤᠨ ᠱᠠᠩᠨᠠᠯ︾ ᠢ ᠬᠦᠷᠳᠡᠪᠡ᠃ ᠪᠦᠬᠦ ᠠᠷᠠᠳ ᠤᠨ ᠣᠯᠣᠰ ᠤᠨ ᠪᠠᠳᠣᠯᠠᠨ ᠬᠠᠮᠠᠭᠠᠯᠠᠯᠳᠠ ᠶᠢᠨ ᠬᠦᠮᠦᠵᠢᠯ ᠢ ᠴᠢᠩᠭᠠᠳᠬᠠᠵᠣ᠂ ᠴᠡᠷᠢᠭ ᠵᠠᠰᠠᠭ᠂ ᠴᠡᠷᠢᠭ ᠠᠷᠠᠳ ᠤᠨ ᠪᠦᠯᠬᠦᠮᠳᠡᠯ ᠢ ᠪᠠᠳᠣᠳᠬᠠᠵᠣ᠂ ᠦᠪᠡᠷᠳᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠶᠢᠨ ︽ᠲᠠᠪᠤ ᠳᠠᠷᠠᠭᠠᠯᠠᠨ ᠲᠡᠷᠢᠭᠦᠨ ᠳᠤ ᠣᠷᠣᠬᠤ︾ ᠶᠢ ᠪᠡᠶᠡᠯᠡᠭᠦᠯᠵᠦ᠂ ᠬᠢᠯᠢ ᠬᠢᠵᠠᠭᠠᠷ ᠣᠷᠣᠨ ᠤ ᠠᠬᠠᠮᠠᠳ ᠡᠷᠦᠭᠡ ᠶᠢᠨ ᠴᠡᠷᠢᠭ ᠤᠨ ᠣᠭ ᠲᠦᠷᠢ ᠪᠠᠷ ᠵᠣᠬᠢᠶᠠᠨ ᠪᠦᠲᠦᠭᠡᠭᠰᠡᠨ ︽ᠴᠡᠷᠢᠭ ᠠᠷᠠᠳ ᠬᠠᠮᠳᠣᠪᠡᠷ ᠵᠣᠯ  ᠵᠢᠷᠭᠠᠯᠳᠣ ᠠᠮᠢᠳᠣᠷᠠᠯ  ᠢᠶᠠᠨ ᠴᠣᠭᠴᠠᠯᠠᠶ᠎ᠠ︾ ᠭᠡᠬᠦ ᠲᠣᠭᠯᠠᠯᠳᠠ ᠨᠢ ᠦᠪᠦᠷ ᠮᠣᠩᠭᠤᠯ ᠤᠨ ᠴᠡᠷᠢᠭ ᠤᠨ ᠲᠣᠭᠤᠷᠢᠭ ᠤᠨ ᠶᠢᠰᠦᠳᠦᠭᠡᠷ ᠣᠳᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠷᠢᠭᠤ ᠮᠡᠳᠡᠭᠦᠯᠦᠯᠳᠡ ᠶᠢᠨ ᠲᠣᠭᠯᠠᠯᠳᠠ ᠶᠢᠨ ᠳᠠᠭᠤᠷᠢᠯᠢᠭ ᠤᠨ ᠨᠢᠭᠡᠳᠦᠭᠡᠷ ᠳᠡᠰ ᠤᠨ ᠱᠠᠩᠨᠠᠯ ᠢ ᠬᠦᠷᠳᠡᠪᠡ᠃ ᠳᠣᠮᠳᠠᠳᠣ ᠶᠢᠨ ᠦᠨᠳᠦᠰᠦᠳᠡᠨ ᠤ ᠬᠠᠮᠳᠣ ᠶᠢᠨ ᠴᠣᠭᠴᠠ ᠶᠢᠨ ᠣᠬᠠᠮᠰᠠᠷ ᠢ ᠪᠠᠳᠣ ᠴᠣᠭᠴᠠᠯᠠᠬᠤ ᠲᠣᠭᠤᠷᠢᠨ ᠳᠤ ᠦᠨᠳᠦᠰᠦᠳᠡᠨ ᠤ ᠠᠵᠢᠯ ᠢ ᠰᠠᠶᠢᠳᠣᠷ ᠬᠢᠵᠦ᠂ ᠮᠠᠨ ᠤ ᠬᠤᠰᠢᠭᠤ ᠨᠢ ︽ᠪᠦᠬᠦ ᠣᠷᠣᠨ ᠤ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶᠡᠴᠢ ᠬᠤᠰᠢᠭᠤ︾  ᠪᠠᠷ ᠨᠡᠷᠡᠶᠢᠳᠦᠭᠳᠡᠵᠦ᠂ ᠣᠯᠠᠭᠠᠠᠮᠦ᠋ᠴᠢᠷ ᠨᠢ ᠵᠢᠷᠭᠤᠳᠣᠭᠠᠷ ᠪᠦᠯᠦᠭ ᠤᠨ ᠪᠦᠬᠦ ᠣᠯᠣᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠬᠦᠮᠦᠵᠢᠯ ᠤᠨ ᠰᠠᠭᠤᠷᠢᠨ ᠭᠠᠵᠠᠷ ᠢᠶᠠᠷ ᠨᠡᠷᠡᠶᠢᠳᠦᠭᠳᠡᠵᠦ᠂ ᠦᠨᠳᠦᠰᠦᠳᠡᠨ ᠨᠦᠭᠦᠳ ᠪᠦᠯᠬᠦᠮᠳᠡᠨ ᠳᠠᠪᠰᠢᠭᠰᠠᠨ ᠰᠠᠶᠢᠨ ᠰᠠᠶᠢᠬᠠᠨ ᠪᠠᠶᠢᠳᠠᠯ ᠢ ᠲᠠᠰᠣᠷᠠᠯᠳᠠ ᠦᠭᠡᠢ ᠪᠠᠳᠣᠳᠬᠠᠨ ᠬᠦᠭᠵᠢᠭᠦᠯᠪᠡ᠃      ᠳᠦᠷᠪᠡᠨ ᠵᠢᠯ ᠤᠨ ᠲᠣᠷᠰᠢ᠂ ᠪᠢᠳᠡ ᠦᠨᠳᠦᠰᠦ ᠪᠠᠨ ᠪᠠᠳᠣᠳᠬᠠᠨ ᠰᠠᠭᠤᠷᠢ ᠪᠠᠨ ᠪᠠᠬᠢᠵᠢᠭᠦᠯᠬᠦ᠂ ᠦᠨᠡᠨᠬᠦ ᠠᠵᠢᠯᠯᠠᠨ ᠵᠣᠷᠢᠭᠳᠠᠢ ᠡᠭᠦᠷᠭᠡᠯᠡᠬᠦ ᠶᠢ ᠪᠠᠷᠢᠮᠳᠠᠯᠠᠭᠰᠠᠨ ᠠᠴᠠ ᠣᠯᠣᠰ ᠲᠦᠷᠦ ᠶᠢᠨ ᠪᠦᠲᠦᠭᠡᠨ ᠪᠠᠶᠢᠭᠤᠯᠣᠯᠳᠠ ᠬᠦᠴᠦᠷᠭᠡᠭᠵᠢᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠶᠢ ᠬᠦᠨᠵᠡᠭᠡᠢ ᠰᠣᠷᠣᠯᠴᠠᠨ᠂ ︽ᠬᠤᠶᠠᠷ ᠢ ᠰᠣᠷᠣᠯᠴᠠᠵᠣ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾8 ᠰᠣᠷᠣᠯᠴᠠᠯᠭ᠎ᠠ ᠬᠦᠮᠦᠵᠢᠯ᠂ ︽ᠣᠭ ᠰᠠᠨᠠᠭ᠎ᠠ ᠪᠠᠨ ᠦᠯᠦ ᠮᠡᠷᠳᠡᠨ᠂ ᠡᠭᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠬᠦ︾ ᠭᠤᠣᠯ ᠰᠡᠳᠦᠪᠳᠦ ᠬᠦᠮᠦᠵᠢᠯ ᠪᠣᠯᠣᠨ ᠨᠠᠮ ᠤᠨ ᠲᠡᠣᠭᠡ ᠶᠢᠨ ᠰᠣᠷᠣᠯᠴᠠᠯᠭ᠎ᠠ ᠬᠦᠮᠦᠵᠢᠯ ᠢ ᠯᠠᠪᠳᠠᠭᠤᠨ ᠪᠠᠳᠣᠳᠠᠢ ᠦᠷᠨᠢᠭᠦᠯᠵᠦ᠂ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠣᠯᠳᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠭᠡᠵᠦ᠂ ᠦᠵᠡᠯ ᠣᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠳᠡᠭᠡᠲᠦ ᠱᠠᠳᠣᠨ ᠤ ᠲᠣᠭᠤᠷᠢᠨ ᠪᠠᠶᠢᠴᠠᠭᠠᠯᠳᠠ ᠶᠢᠨ ᠲᠣᠰᠬᠠᠭᠰᠠᠨ ᠠᠰᠠᠭᠤᠳᠠᠯ ᠢ ᠨᠠᠷᠢᠨ ᠬᠢᠨᠠᠮᠠᠭᠠᠢ ᠴᠡᠭᠴᠡᠯᠡᠨ ᠵᠠᠰᠠᠵᠣ᠂ ᠨᠡᠭᠦᠷᠡᠰᠦᠨ ᠤ ᠡᠬᠢ ᠪᠠᠶᠠᠯᠢᠭ᠂ ᠲᠠᠯ᠎ᠠ ᠨᠣᠳᠤᠭ ᠣᠶᠢᠳᠣ ᠭᠠᠵᠠᠷ᠂ ᠬᠠᠩᠭᠠᠨ ᠪᠣᠷᠣᠯᠠᠭᠤᠯᠭ᠎ᠠ ᠶᠢᠨ ᠰᠢᠰᠲ᠋ᠧᠮ᠂ ᠠᠮᠣ ᠪᠣᠳᠠᠭᠠᠨ ᠤ ᠰᠢᠰᠲ᠋ᠧᠮ ᠪᠣᠯᠣᠨ ᠨᠡᠭᠡᠭᠡᠯᠳᠡ ᠶᠢᠨ ᠣᠷᠣᠨ ᠵᠡᠷᠭᠡ ᠬᠦᠷᠢᠶ᠎ᠡ ᠴᠡᠷ᠎ᠠ ᠳᠠᠬᠢ ᠬᠠᠣᠯᠢ ᠲᠦᠷᠢᠮ ᠢ ᠵᠦᠷᠢᠴᠡᠭᠰᠡᠨ ᠠᠵᠢᠯᠯᠠᠭ᠎ᠠ ᠶᠢᠨ ᠲᠣᠰᠬᠠᠢ ᠲᠦᠷᠦᠯ ᠤᠨ ᠵᠠᠰᠠᠨ ᠴᠡᠭᠴᠡᠯᠡᠯᠳᠡ ᠶᠢ ᠯᠠᠪᠳᠠᠭᠤᠨ ᠪᠠᠳᠣᠳᠠᠢ ᠦᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ︽ᠳᠦᠷᠪᠡᠨ ᠣᠬᠠᠮᠰᠠᠷ︾9 ᠢ ᠨᠡᠮᠡᠭᠳᠡᠭᠦᠯᠦᠨ᠂ ︽ᠳᠦᠷᠪᠡᠨ ᠢᠳᠡᠭᠡᠯ︾10 ᠢ ᠪᠠᠳᠣᠳᠬᠠᠨ᠂ ︽ᠬᠤᠶᠠᠷ ᠢ ᠬᠠᠮᠠᠭᠠᠯᠠᠬᠤ︾11 ᠶᠢ ᠪᠡᠶᠡᠯᠡᠭᠦᠯᠪᠡ᠃ ᠬᠤᠰᠢᠭᠤ ᠨᠠᠮ ᠤᠨ ᠬᠤᠷᠢᠶᠠᠨ ᠤ ᠣᠳᠣᠷᠢᠳᠣᠯᠭ᠎ᠠ ᠶᠢ ᠢᠮᠠᠭᠳᠠ ᠪᠠᠷᠢᠮᠳᠠᠯᠠᠵᠣ᠂ ᠬᠠᠣᠯᠢ ᠶᠣᠰᠣᠭᠠᠷ ᠴᠢᠩᠭ᠎ᠠ ᠵᠠᠰᠠᠭ ᠶᠠᠪᠣᠭᠤᠯᠵᠣ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠳᠠᠭᠠᠯ ᠢ ᠴᠢᠩᠭ᠎ᠠ ᠬᠡᠷᠡᠭᠵᠢᠭᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠪᠣᠯᠣᠨ ᠨᠡᠶᠢᠭᠡᠮ ᠤᠨ ᠬᠢᠨᠠᠯᠳᠠ ᠲᠠᠯᠪᠢᠬᠤ ᠶᠢ ᠣᠬᠠᠮᠰᠠᠷ ᠠᠴᠠ ᠪᠠᠨ ᠬᠦᠯᠢᠶᠡᠨ ᠠᠪᠴᠣ᠂ 395 ᠬᠤᠪᠢ ᠠᠷᠠᠳ ᠤᠨ ᠲᠦᠯᠦᠭᠡᠯᠡᠭᠴᠢᠳ ᠤᠨ ᠰᠠᠨᠠᠯ ᠰᠠᠨᠠᠭᠤᠯᠭ᠎ᠠ ᠪᠣᠯᠣᠨ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠳᠣᠷᠠᠳᠣᠯᠭ᠎ᠠ ᠶᠢ ᠭᠦᠢᠴᠡᠳᠭᠡᠨ ᠳᠠᠭᠤᠰᠬᠠᠵᠣ᠂ ᠭᠦᠢᠴᠡᠳᠭᠡᠨ ᠬᠠᠷᠢᠭᠤ ᠦᠭᠭᠦᠭᠰᠡᠨ ᠨᠣᠷᠮ᠎ᠠ 100% ᠳᠤ ᠬᠦᠷᠪᠡ᠃ ᠰᠠᠬᠢᠯᠭ᠎ᠠ ᠪᠠᠳᠣ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠠᠵᠢᠯ ᠢ ᠪᠦᠬᠦ ᠬᠦᠴᠦ ᠪᠠᠷ ᠢᠶᠠᠨ ᠳᠡᠮᠵᠢᠵᠦ᠂ ᠵᠠᠰᠠᠭ ᠤᠨ ᠰᠣᠷᠳᠠᠯ ᠤᠨ ᠪᠠᠶᠢᠭᠤᠯᠣᠯᠳᠠ ᠶᠢ ᠴᠢᠷᠮᠠᠶᠢᠨ ᠠᠬᠢᠭᠤᠯᠵᠣ᠂ ᠳᠦᠪ ᠤᠨ ᠨᠠᠢᠮᠠᠨ ᠵᠣᠷᠪᠣᠰ ᠲᠣᠭᠳᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠣᠷᠢᠵᠢᠭᠤᠯᠵᠣ᠂ ᠬᠢᠨᠠᠨ ᠪᠣᠳᠣᠯᠳᠠ  ᠶᠢᠨ ᠬᠢᠨᠠᠯᠳᠠ ᠲᠠᠯᠪᠢᠬᠤ ᠪᠣᠯᠣᠨ ᠵᠠᠰᠠᠨ ᠴᠡᠭᠴᠡᠯᠡᠯᠳᠡ ᠶᠢ ᠴᠢᠩᠭᠠᠳᠬᠠᠵᠣ᠂ ᠠᠷᠢᠭᠤᠨ ᠴᠢᠭᠡᠴᠢ ᠵᠠᠰᠠᠭ ᠤᠨ ᠣᠷᠳᠣᠨ ᠪᠣᠯᠣᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠣᠯᠳᠠ ᠶᠢ ᠲᠠᠰᠣᠷᠠᠯᠳᠠ ᠦᠭᠡᠢ ᠭᠦᠨᠵᠡᠭᠡᠶᠢᠷᠡᠭᠦᠯᠪᠡ᠃ ᠬᠠᠣᠯᠢ ᠶᠣᠰᠣᠭᠠᠷ ᠴᠢᠩᠭ᠎ᠠ ᠵᠠᠰᠠᠭ ᠶᠠᠪᠣᠭᠤᠯᠵᠣ ᠠᠷᠠᠳᠴᠢᠯᠠᠯ ᠲᠦᠪᠯᠡᠷᠡᠯ ᠤᠨ ᠶᠣᠰᠣ ᠪᠣᠯᠣᠨ ︽ᠭᠤᠷᠪᠠᠨ ᠴᠢᠬᠤᠯᠠ ᠨᠢᠭᠡ ᠶᠡᠭᠡ︾12 ᠰᠢᠢᠳᠪᠦᠷᠢ ᠲᠣᠭᠳᠠᠭᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ  ᠤᠨ ᠣᠷᠳᠣᠨ ᠤ ᠰᠢᠢᠳᠪᠦᠷᠢ ᠲᠣᠭᠳᠠᠭᠠᠬᠤ ᠠᠵᠢᠯᠯᠠᠭ᠎ᠠ ᠶᠢ ᠲᠠᠰᠣᠷᠠᠯᠳᠠ ᠦᠭᠡᠢ ᠲᠦᠷᠢᠮᠵᠢᠭᠦᠯᠵᠦ᠂ ᠬᠠᠣᠯᠢ ᠶᠣᠰᠣᠭᠠᠷ ᠵᠠᠰᠠᠭ ᠶᠠᠪᠣᠭᠤᠯᠬᠤ ᠴᠢᠳᠠᠪᠣᠷᠢ ᠶᠢ ᠦᠷᠭᠦᠯᠵᠢᠯᠡᠨ ᠳᠡᠭᠡᠭᠰᠢᠯᠡᠭᠦᠯᠪᠡ᠃ ︽ᠵᠠᠰᠠᠭ ᠤᠨ ᠡᠷᠭᠡ ᠶᠢ ᠴᠣᠮᠬᠠᠳᠬᠠᠵᠣ ᠡᠷᠭᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠣᠶᠠᠯᠳᠣᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ︾13 ᠦᠭᠡᠷᠡᠴᠢᠯᠡᠯᠳᠡ ᠶᠢ ᠦᠷᠭᠦᠯᠵᠢᠯᠡᠨ ᠬᠦᠨᠵᠡᠭᠡᠶᠢᠷᠡᠭᠦᠯᠵᠦ᠂ ︽ᠲᠦᠷᠪᠡᠨ ᠭᠦᠢᠴᠡᠳᠭᠡᠬᠦ︾14 ᠠᠵᠢᠯ ᠢ ᠯᠠᠪᠳᠠᠭᠤᠨ ᠪᠣᠳᠠᠳᠠᠢ ᠠᠬᠢᠭᠤᠯᠵᠣ᠂ ᠰᠦᠯᠵᠢᠶᠡᠨ ᠳᠡᠭᠡᠷ᠎ᠡ ᠭᠦᠢᠴᠡᠳᠭᠡᠬᠦ ᠨᠣᠷᠮ᠎ᠠ ᠶᠢ 100% ᠳᠤ ᠬᠦᠷᠭᠡᠵᠦ᠂ ᠡᠮᠨᠡᠯᠭᠡ ᠶᠢᠨ ᠬᠤᠷᠢᠶᠠᠨ ᠤ ᠣᠷᠢᠳᠴᠢᠯᠠᠨ ᠳ᠋ᠣᠭᠠᠷ ᠠᠪᠬᠤ᠂ ᠳᠣᠯᠠᠭᠠᠯᠭ᠎ᠠ ᠶᠢᠨ ᠰᠦᠢᠳᠭᠡᠯ ᠲᠣᠰᠢᠶᠠᠬᠤ ᠵᠡᠷᠭᠡ ᠠᠰᠢᠭᠯᠠᠬᠤ ᠨᠣᠷᠮ᠎ᠠ ᠦᠨᠳᠦᠷ 6  ᠬᠡᠷᠡᠭᠯᠡᠭᠡ ᠶᠢ ︽ᠭᠠᠷ ᠣᠳᠠᠰᠣ ᠪᠠᠷ ᠭᠦᠢᠴᠡᠳᠭᠡᠬᠦ︾ ᠶᠢ ᠪᠡᠶᠡᠯᠡᠭᠦᠯᠵᠦ᠂ ᠠᠰᠢᠭᠯᠠᠬᠤ ᠨᠣᠷᠮ᠎ᠠ ᠪᠠᠷ ᠦᠨᠳᠦᠷ 101 ᠭᠦᠢᠴᠡᠳᠭᠡᠬᠦ ᠵᠦᠢᠯᠡᠰ ᠢ ︽ᠨᠢᠭᠡ ᠯᠡ ᠣᠳᠠᠭ᠎ᠠ ᠳᠤ ᠭᠦᠢᠴᠡᠳᠭᠡᠬᠦ︾  ᠶᠢ ᠪᠡᠶᠡᠯᠡᠭᠦᠯᠵᠦ᠂ 40 ᠲᠦᠷᠦᠯ ᠤᠨ ᠭᠦᠢᠴᠡᠳᠭᠡᠬᠦ ᠵᠦᠢᠯᠡᠰ ᠢ ︽ᠲᠠᠨ ᠢ ᠬᠠᠪᠰᠣᠷᠣᠨ ᠭᠦᠢᠴᠡᠳᠭᠡᠬᠦ︾ ᠪᠠᠷ ᠳᠠᠮᠵᠢᠨ ᠪᠡᠶᠡᠯᠡᠭᠦᠯᠵᠦ᠂ ︽12345︾ ᠦᠢᠯᠡᠴᠢᠯᠡᠭᠡᠨ ᠤ ᠣᠳᠠᠰᠣ ᠪᠠᠷ ᠭᠦᠢᠴᠡᠳᠭᠡᠭᠰᠡᠨ ᠬᠠᠨᠣᠮᠵᠢ ᠶᠢᠨ ᠬᠡᠮᠵᠢᠶ᠎ᠡ ᠨᠢ 99.2% ᠲᠤ ᠬᠦᠷᠪᠡ᠃ ᠠᠵᠣ ᠠᠬᠤᠢ᠂ ᠨᠡᠶᠢᠭᠡᠮ᠂ ᠠᠮᠢ ᠠᠬᠤᠢ ᠵᠡᠷᠭᠡ ᠡᠯ᠎ᠡ ᠬᠦᠷᠢᠶ᠎ᠡ ᠴᠠᠷ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠠᠬᠢᠭᠤᠯᠵᠣ᠂ ᠨᠡᠶᠢᠳᠡ 380 ᠦᠭᠡᠷᠡᠴᠢᠯᠡᠯᠳᠡ ᠶᠢᠨ ᠦᠷ᠎ᠡ ᠪᠦᠲᠦᠮᠵᠢ ᠶᠢ ᠪᠦᠷᠢᠯᠳᠦᠭᠦᠯᠪᠡ᠃ ᠡᠭᠦᠨ ᠤ ᠬᠠᠮᠳᠣ᠂ ᠠᠷᠠᠳ ᠤᠨ ᠵᠡᠪᠰᠡᠭᠲᠦ ᠬᠦᠴᠦᠨ᠂ ᠳᠠᠩᠰᠠ ᠡᠪᠬᠡᠮᠡᠯ ᠲᠡᠣᠭᠡ ᠴᠠᠳᠢᠭ᠂ ᠭᠠᠳᠠᠭᠠᠳᠣ ᠶᠠᠪᠣᠳᠠᠯ ᠬᠠᠷᠢᠶᠠᠳᠣ ᠶᠢᠨ ᠶᠠᠪᠣᠳᠠᠯ᠂ ᠴᠠᠭ ᠠᠭᠤᠷ ᠭᠠᠵᠠᠷ ᠬᠦᠳᠡᠯᠦᠯᠳᠡ᠂ ᠠᠷᠠᠳ ᠤᠨ ᠠᠭᠠᠷ ᠤᠨ ᠰᠡᠷᠭᠡᠶᠢᠯᠡᠯᠳᠡ ᠭᠠᠯ ᠣᠨᠳᠠᠷᠠᠭᠠᠬᠤ ᠵᠡᠷᠭᠡ ᠠᠵᠢᠯ ᠢ ᠴᠢᠩᠭᠠᠳᠬᠠᠵᠣ᠂ ᠠᠵᠢᠯᠴᠢᠨ ᠤ ᠶᠡᠷᠦᠩᠭᠡᠢ ᠡᠪᠯᠡᠯ᠂ ᠡᠪ ᠬᠠᠮᠳᠣ ᠵᠠᠯᠠᠭᠤᠴᠣᠳ ᠤᠨ ᠡᠪᠯᠡᠯ᠂ ᠡᠮᠡᠭᠳᠡᠶᠢᠴᠣᠳ ᠭᠡᠣᠭᠡᠳ ᠪᠠᠭᠠᠴᠣᠳ᠂ ᠨᠠᠰᠣᠳᠠᠶᠢᠴᠣᠳ᠂ ᠣᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠵᠡᠮᠳᠡᠭᠴᠣᠳ᠂ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠵᠡᠷᠭᠡ ᠠᠵᠢᠯ ᠦᠢᠯᠡᠰ ᠴᠦᠮ ᠰᠢᠨ᠎ᠡ ᠠᠬᠢᠯᠳᠠ ᠲᠠᠢ ᠪᠣᠯᠪᠠ᠃      ᠲᠦᠯᠦᠭᠡᠯᠡᠭᠴᠢᠳ ᠡ︕ ᠦᠩᠭᠡᠷᠡᠭᠰᠡᠨ ᠳᠦᠷᠪᠡᠨ ᠵᠢᠯ ᠳᠤ᠂ ᠪᠢᠳᠡ ᠲᠣᠶᠢᠯ ᠤᠨ ᠬᠦᠴᠢᠷ ᠪᠡᠷᠭᠡᠰᠢᠶᠡᠯ  ᠲᠠᠢ ᠪᠠᠶᠢᠳᠠᠯ ᠲᠣᠣᠷ᠎ᠠ ᠢᠳᠡᠪᠬᠢᠳᠠᠢ ᠬᠤᠪᠢᠷᠠᠯᠳᠠ ᠭᠠᠷᠭᠠᠨ᠂ ᠬᠡᠯᠪᠡᠷᠢ ᠶᠢ  ᠬᠤᠪᠢᠷᠠᠭᠤᠯᠬᠤ ᠳᠣᠮᠳᠠ ᠵᠣᠷᠢᠭᠳᠠᠢ ᠪᠠᠷ ᠰᠢᠨ᠎ᠡ ᠶᠢ ᠡᠭᠦᠳᠴᠦ᠂ ᠡᠯ᠎ᠡ ᠵᠦᠢᠯ ᠤᠨ ᠪᠠᠶᠢᠯᠳᠣᠬᠤ ᠪᠣᠳᠣᠯᠭ᠎ᠠ ᠶᠢᠨ ᠲᠣᠬᠢᠶᠠᠯ ᠢ ᠵᠠᠪᠳᠣᠨ ᠠᠳᠬᠤᠵᠣ᠂ ᠲᠣᠰ ᠪᠡᠶ᠎ᠡ ᠶᠢᠨ ᠳᠠᠪᠠᠭᠤᠯᠢᠭ ᠢᠶᠠᠨ ᠢᠳᠡᠪᠬᠢᠳᠠᠢ ᠠᠭᠤᠳᠠᠯᠯᠠᠨ ᠴᠢᠯᠦᠭᠡᠯᠡᠵᠦ᠂ ᠠᠯᠣᠰ ᠭᠡᠲᠦ ᠶᠢᠨ ᠬᠦᠭᠵᠢᠯᠳᠡ ᠲᠠᠢ᠂ ᠬᠦᠭᠵᠢᠯᠳᠡ ᠶᠢᠨ ᠬᠦᠴᠦᠨ ᠢ ᠬᠠᠳᠠᠭᠠᠯᠠᠭᠰᠠᠨ ᠨᠢᠭᠡ ᠪᠦᠯᠦᠭ ᠰᠠᠶᠢᠨ ᠲᠦᠷᠦᠯ ᠵᠦᠢᠯ᠂ ᠲᠣᠮᠣ ᠲᠦᠷᠦᠯ ᠵᠦᠢᠯ ᠢ ᠣᠷᠢᠨ ᠣᠷᠣᠭᠤᠯᠵᠣ᠂ ᠣᠯᠠᠮᠵᠢᠯᠠᠯᠳᠣ ᠠᠵᠣ ᠦᠢᠯᠡᠰ ᠤᠨ ᠬᠡᠯᠪᠡᠷᠢ ᠶᠢ ᠬᠤᠪᠢᠷᠠᠭᠤᠯᠣᠨ ᠳᠡᠰ ᠳᠡᠪᠰᠢᠭᠦᠯᠬᠦ ᠪᠣᠯᠣᠨ ᠰᠢᠨ᠎ᠡ ᠪᠠᠷ ᠬᠦᠭᠵᠢᠵᠦ ᠪᠠᠶᠢᠭ᠎ᠠ ᠠᠵᠣ ᠦᠢᠯᠡᠰ ᠢ ᠲᠦᠪᠯᠡᠷᠡᠭᠦᠯᠦᠨ ᠪᠣᠵᠠᠭᠠᠶᠢᠷᠠᠭᠤᠯᠬᠤ ᠶᠢ ᠪᠡᠶᠡᠯᠡᠭᠦᠯᠵᠦ᠂ ᠠᠵᠣ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠪᠠᠳᠣᠯᠠᠪᠠ᠃ ᠪᠢᠳᠡ ᠬᠤᠰᠢᠭᠤ ᠳᠠᠶᠠᠭᠠᠷ ᠤᠨ ᠬᠦᠴᠦᠨ ᠴᠢᠳᠠᠯ ᠢ ᠬᠠᠮᠳᠣᠷᠠᠭᠤᠯᠣᠨ᠂ ᠴᠢᠷᠮᠠᠶᠢᠨ ᠲᠡᠮᠡᠴᠡᠬᠦ᠂ ᠬᠠᠮᠳᠣᠪᠡᠷ ᠰᠢᠪᠳᠣᠯᠣᠯᠳᠠ ᠬᠢᠬᠦ ᠭᠡᠪ ᠪᠠᠶᠢᠳᠠᠯ ᠢ ᠢᠮᠠᠭᠳᠠ ᠪᠠᠷᠢᠮᠳᠠᠯᠠᠵᠣ᠂ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ᠂ ᠪᠣᠬᠢᠷᠳᠣᠯ ᠢ ᠰᠡᠷᠭᠡᠶᠢᠯᠡᠨ ᠵᠠᠰᠠᠬᠤ᠂ ᠠᠶᠣᠯ ᠲᠦᠭᠰᠢᠭᠦᠷᠢ ᠶᠢ ᠰᠡᠷᠭᠡᠶᠢᠯᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠬᠠᠳᠠᠭᠤ ᠪᠡᠷᠭᠡ ᠠᠵᠢᠯ ᠤᠨ ᠠᠮᠵᠢᠯᠳᠠ ᠶᠢ ᠣᠯᠵᠣ᠂ ᠺᠠᠳ᠋ᠷ ᠣᠯᠠᠨ ᠲᠦᠮᠡᠨ ᠤ ᠨᠢᠭᠳᠠᠷᠠᠯ ᠤᠨ ᠬᠦᠴᠦᠨ᠂ ᠪᠠᠶᠢᠯᠳᠣᠬᠤ ᠬᠦᠴᠦᠨ ᠪᠣᠯᠣᠨ ᠬᠡᠷᠡᠭᠵᠢᠭᠦᠯᠬᠦ ᠬᠦᠴᠦᠨ ᠢ ᠭᠦᠢᠴᠡᠳ ᠪᠠᠳᠠᠷᠠᠭᠤᠯᠵᠣ᠂ ᠪᠦᠬᠦ ᠬᠤᠰᠢᠭᠤᠨ ᠤ ᠴᠢᠨᠠᠷᠯᠢᠭ ᠬᠦᠭᠵᠢᠯᠳᠡ ᠶᠢ ᠠᠬᠢᠭᠤᠯᠬᠤ ᠬᠦᠴᠦᠷᠭᠡᠭ ᠶᠡᠭᠡ ᠬᠦᠴᠦᠨ ᠴᠢᠳᠠᠯ ᠢ ᠲᠦᠪᠯᠡᠷᠡᠭᠦᠯᠪᠡ᠃ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ᠂ ᠬᠦᠰᠡᠯ ᠡᠷᠡᠮᠡᠯᠵᠡᠯ᠂ ᠪᠣᠳᠣᠵᠣ ᠰᠡᠳᠬᠢᠵᠦ ᠪᠠᠶᠢᠭ᠎ᠠ ᠵᠦᠢᠯ ᠤᠨ ᠲᠣᠭᠤᠷᠢᠨ ᠳᠤ᠂ ᠬᠢᠵᠠᠭᠠᠷᠳᠠᠢ ᠡᠳ᠋  ᠤᠨ ᠬᠦᠴᠦᠨ ᠲᠣᠳᠣᠷ᠎ᠠ ᠠᠷᠠᠳ ᠤᠨ ᠠᠮᠢᠳᠣᠷᠠᠯ ᠢ ᠪᠠᠳᠣᠯᠠᠨ ᠰᠠᠶᠢᠵᠢᠷᠠᠭᠤᠯᠵᠣ᠂ ᠰᠣᠷᠭᠠᠨ ᠬᠦᠮᠦᠵᠢᠯ ᠢ ᠲᠡᠩᠴᠡᠭᠦᠷᠢᠳᠠᠢ ᠬᠦᠭᠵᠢᠭᠦᠯᠬᠦ᠂ ᠡᠮ ᠡᠮᠨᠡᠯᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠣᠯᠣᠨ ᠬᠤᠳᠠ ᠬᠦᠳᠡᠭᠡ  ᠶᠢᠨ ᠲᠦᠷᠢ ᠲᠦᠷᠬᠦ ᠶᠢ ᠰᠠᠶᠢᠵᠢᠷᠠᠭᠤᠯᠬᠤ ᠠᠵᠢᠯ ᠢ ᠲᠦᠯᠬᠢᠨ ᠠᠬᠢᠭᠤᠯᠵᠣ᠂ ᠨᠡᠶᠢᠳᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠡᠳᠦᠷ ᠢᠷᠡᠭᠦᠶ᠎ᠡ ᠲᠡᠭᠦᠯᠳᠡᠷᠵᠢᠭᠦᠯᠵᠦ᠂ ᠠᠷᠠᠳ ᠲᠦᠮᠡᠨ ᠤ ᠰᠠᠨᠠᠭᠠᠰᠢᠷᠠᠵᠣ ᠪᠠᠶᠢᠭᠰᠠᠨ ᠨᠢᠭᠡ ᠪᠦᠯᠦᠭ ᠲᠡᠣᠭᠡᠨ ᠦᠯᠡᠳᠡᠭᠳᠡᠯ ᠠᠰᠠᠭᠤᠳᠠᠯ ᠢ ᠪᠦᠲᠦᠮᠵᠢᠳᠠᠢ ᠰᠢᠢᠳᠪᠦᠷᠢᠯᠡᠵᠦ᠂ ᠬᠦᠭᠵᠢᠯᠳᠡ ᠶᠢᠨ ᠪᠣᠳᠠᠳᠣ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠷᠠᠳ ᠤᠨ ᠠᠮᠢᠳᠣᠷᠠᠯ ᠤᠨ ᠠᠰᠠᠭᠤᠳᠠᠯ ᠳᠤ ᠬᠠᠨᠣᠮᠵᠢᠳᠠᠢ ᠬᠠᠷᠢᠭᠤᠯᠳᠠ ᠦᠭᠪᠡ᠃ ᠡᠳᠡᠭᠡᠷ ᠠᠮᠵᠢᠯᠳᠠ ᠪᠦᠲᠦᠮᠵᠢ ᠶᠢ ᠣᠯᠣᠭᠰᠠᠨ ᠨᠢ᠂ ᠬᠤᠰᠢᠭᠤ ᠨᠠᠮ ᠤᠨ ᠬᠤᠷᠢᠶᠠᠨ ᠤ ᠪᠦᠬᠦ ᠲᠠᠯ᠎ᠠ ᠶᠢ ᠬᠠᠮᠣᠷᠴᠣ᠂ ᠰᠢᠨᠵᠢᠯᠡᠬᠦ ᠣᠬᠠᠭᠠᠨᠴᠢ ᠪᠠᠷ ᠰᠢᠢᠳᠪᠦᠷᠢ ᠲᠣᠭᠳᠠᠭᠠᠭᠰᠠᠨ ᠤ ᠦᠷ᠎ᠡ ᠳ᠋ᠦᠩ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠤ ᠪᠦᠲᠦᠮᠵᠢᠳᠠᠢ ᠬᠢᠨᠠᠯᠳᠠ ᠲᠠᠯᠪᠢᠵᠣ᠂ ᠬᠦᠴᠦᠨ ᠲᠠᠯᠪᠢᠨ ᠲᠡᠮᠵᠢᠭᠰᠡᠨ ᠤ ᠦᠷ᠎ᠡ ᠳ᠋ᠦᠩ᠂ ᠮᠦᠨᠴᠦ ᠪᠦᠬᠦ ᠬᠤᠰᠢᠭᠤᠨ ᠤ ᠺᠠᠳ᠋ᠷ ᠣᠯᠠᠨ ᠲᠦᠮᠡᠨ ᠤ ᠬᠠᠮᠳᠣᠪᠡᠷ ᠴᠢᠷᠮᠠᠶᠢᠵᠣ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠦᠨ᠃ ᠠᠳᠡ ᠪᠢ᠂ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠲᠦᠯᠦᠭᠡᠯᠡᠭᠴᠢᠳ᠂ ᠭᠡᠰᠢᠭᠦᠳ᠂ ᠡᠯ᠎ᠡ ᠡᠳᠡᠭᠡᠳ  ᠤᠨ ᠨᠠᠶᠢᠵᠠ ᠨᠦᠬᠦᠳ ᠪᠣᠯᠣᠨ ᠡᠯ᠎ᠡ ᠠᠵᠢᠯ ᠤᠨ ᠹᠷᠣᠨᠲ ᠳᠡᠭᠡᠷ᠎ᠡ ᠰᠢᠷᠭᠠᠭᠤ ᠠᠵᠢᠯᠯᠠᠵᠣ ᠪᠠᠶᠢᠭ᠎ᠠ ᠺᠠᠳ᠋ᠷ ᠣᠯᠠᠨ ᠲᠦᠮᠡᠨ ᠳᠤ ᠴᠢᠩ ᠰᠡᠳᠬᠢᠯ ᠤᠨ ᠳᠠᠯᠠᠷᠬᠠᠯ ᠪᠣᠯᠣᠨ ᠡᠷᠬᠢᠮ ᠳᠡᠭᠡᠲᠦ ᠬᠦᠨᠳᠦᠳᠭᠡᠯ ᠢᠶᠠᠨ ᠳᠡᠪᠰᠢᠭᠦᠯᠦᠶ᠎ᠡ︕      ᠲᠦᠯᠦᠭᠡᠯᠡᠭᠴᠢᠳ ᠡ︕ ᠣᠯᠣᠭᠰᠠᠨ ᠦᠷ᠎ᠡ ᠪᠦᠲᠦᠮᠵᠢ ᠬᠢᠯᠪᠡᠷ ᠪᠣᠰᠣ ᠮᠦᠷᠳᠡᠭᠡᠨ ᠬᠤᠷᠠᠮᠳᠣᠭᠤᠯᠣᠭᠰᠠᠨ ᠲᠣᠷᠰᠢᠯᠭ᠎ᠠ ᠴᠦ ᠲᠣᠶᠢᠯ ᠤᠨ ᠬᠤᠪᠣᠷ ᠨᠠᠨᠳᠢᠨ ᠶᠣᠮ᠃ ᠦᠩᠭᠡᠷᠡᠭᠰᠡᠨ ᠲᠠᠪᠣᠨ ᠵᠢᠯ ᠤᠨ ᠬᠦᠭᠵᠢᠯᠳᠡ ᠪᠠᠷ ᠳᠠᠮᠵᠢᠨ ᠂ ᠴᠠᠭ ᠦᠶ᠎ᠡ ᠭᠡᠷᠭᠢᠨ ᠬᠤᠪᠢᠷᠠᠭᠰᠠᠨ ᠴᠣ᠋᠂ ᠨᠠᠮ ᠤᠨ ᠣᠳᠣᠷᠢᠳᠣᠯᠭ᠎ᠠ ᠶᠢ ᠪᠠᠷᠢᠮᠳᠠᠯᠠᠬᠤ ᠪᠣᠯ ᠪᠢᠳᠡᠨ ᠤ ᠠᠵᠢᠯ ᠦᠢᠯᠡᠰ ᠤᠨ ᠦᠨᠳᠦᠰᠦ ᠰᠠᠭᠤᠷᠢ᠂ ᠡᠷᠭᠡᠪᠰᠢ ᠲᠤᠭ ᠳᠡᠮᠳᠡᠭ ᠲᠣᠳᠣᠷᠬᠠᠢ ᠪᠠᠷ ᠣᠯᠣᠰ ᠲᠦᠷᠦ ᠶᠢ ᠡᠷᠬᠢᠮᠯᠡᠵᠦ᠂ ᠨᠠᠮ ᠤᠨ ᠲᠦᠪ ᠬᠤᠷᠢᠶᠠᠨ ᠤ ᠡᠷᠭᠡ ᠰᠦᠷ ᠢ ᠡᠷᠡᠰ ᠪᠠᠳᠣ ᠬᠠᠮᠠᠭᠠᠯᠠᠵᠣ᠂ ᠣᠯᠣᠰ ᠲᠦᠷᠦ ᠶᠢᠨ ᠰᠠᠬᠢᠯᠭ᠎ᠠ ᠪᠠᠳᠣ  ᠶᠢ ᠴᠢᠩᠭ᠎ᠠ ᠰᠠᠬᠢᠵᠣ᠂ ᠣᠯᠣᠰ ᠲᠦᠷᠦ ᠶᠢᠨ ᠴᠢᠳᠠᠪᠣᠷᠢ ᠪᠠᠨ ᠳᠡᠭᠡᠭᠰᠢᠯᠡᠭᠦᠯᠦᠨ᠂ ᠣᠯᠣᠰ ᠲᠦᠷᠦ ᠶᠢᠨ ᠡᠭᠦᠷᠭᠡᠯᠡᠯ  ᠢᠶᠠᠨ ᠴᠢᠩᠭᠠᠳᠬᠠᠪᠠᠯ ᠰᠠᠶ᠋ᠢ ᠰᠡᠳᠬᠢᠯ ᠵᠢᠷᠦᠭᠡ ᠪᠠᠨ ᠬᠠᠮᠳᠣᠳᠬᠠᠨ᠂ ᠲᠣᠭᠳᠠᠭᠤᠨ ᠢᠶᠠᠷ ᠣᠷᠣᠭᠰᠢᠯᠠᠵᠣ ᠴᠢᠳᠠᠨ᠎ᠠ᠃ ᠦᠨᠡᠨ ᠢ ᠡᠷᠬᠢᠮᠯᠡᠨ ᠵᠣᠷᠢᠭᠳᠠᠢ ᠡᠭᠦᠷᠭᠡᠯᠡᠬᠦ ᠶᠢ ᠪᠠᠷᠢᠮᠳᠠᠯᠠᠬᠤ ᠪᠣᠯ ᠪᠢᠳᠡᠨ ᠤ ᠠᠵᠢᠯ ᠦᠢᠯᠡᠰ ᠤᠨ ᠦᠨᠳᠦᠰᠦ᠂ ᠡᠷᠭᠡᠪᠰᠢ ᠲᠣᠶᠢᠯᠪᠣᠷᠢᠳᠠᠢ ᠠᠵᠢᠯᠯᠠᠨ᠂ ᠪᠣᠳᠠᠳᠣ ᠬᠢᠷᠢ ᠪᠦᠳᠦᠮᠵᠢ ᠪᠠᠷ ᠢᠶᠠᠨ ᠴᠢᠳᠠᠪᠣᠷᠢ ᠪᠠᠨ ᠢᠯᠡᠷᠡᠭᠦᠯᠪᠡᠯ ᠰᠠᠶ᠋ᠢ ᠠᠮᠵᠢᠯᠳᠠ ᠪᠦᠲᠦᠮᠵᠢ ᠣᠯᠵᠣ ᠴᠢᠳᠠᠨ᠎ᠠ᠃ ᠦᠭᠡᠷᠡᠴᠢᠯᠡᠯᠳᠡ ᠬᠢᠵᠦ ᠰᠢᠨ᠎ᠡ ᠶᠢ ᠡᠭᠦᠳᠬᠦ ᠶᠢ ᠪᠠᠷᠢᠮᠳᠠᠯᠠᠬᠤ ᠪᠣᠯ ᠪᠢᠳᠡᠨ ᠤ ᠠᠵᠢᠯ ᠦᠢᠯᠡᠰ ᠤᠨ ᠡᠭᠢ ᠰᠣᠷᠪᠣᠯᠵᠢ᠂ ᠡᠷᠭᠡᠪᠰᠢ ᠦᠭᠡᠷᠡᠴᠢᠯᠡᠯᠳᠡ ᠶᠢᠨ ᠠᠷᠭ᠎ᠠ ᠠᠪᠴᠠᠯ ᠢᠶᠠᠷ ᠵᠦᠷᠢᠴᠡᠯ ᠮᠦᠷᠭᠦᠯᠳᠦᠭᠡᠨ ᠢ ᠰᠢᠢᠳᠪᠦᠷᠢᠯᠡᠵᠦ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠬᠦᠭᠵᠢᠯᠳᠡ ᠶᠢ ᠠᠬᠢᠭᠤᠯᠪᠠᠯ ᠰᠠᠶ᠋ᠢ ᠦᠰᠦᠷᠦᠩᠭᠦᠢ ᠬᠦᠭᠵᠢᠯᠳᠡ ᠶᠢ ᠪᠡᠶᠡᠯᠡᠭᠦᠯᠵᠦ ᠴᠢᠳᠠᠨ᠎ᠠ᠃ ᠠᠷᠠᠳ ᠤᠨ ᠲᠦᠯᠦᠭᠡ ᠵᠠᠰᠠᠭ ᠶᠠᠪᠣᠭᠤᠯᠬᠤ ᠶᠢ ᠪᠠᠷᠢᠮᠳᠠᠯᠠᠬᠤ ᠪᠣᠯ ᠪᠢᠳᠡᠨ ᠤ ᠠᠵᠢᠯ ᠦᠢᠯᠡᠰ ᠤᠨ ᠦᠨᠳᠦᠰᠦ  ᠰᠠᠭᠤᠷᠢ᠂ ᠡᠷᠭᠡᠪᠰᠢ ᠠᠷᠠᠳ ᠤᠨ ᠠᠮᠢᠳᠣᠷᠠᠯ ᠳᠤ ᠬᠠᠷᠠᠭᠠᠯᠵᠠᠯ ᠬᠦᠷᠳᠡᠭᠡᠵᠦ᠂ ᠠᠷᠠᠳ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠪᠠᠷ ᠵᠠᠰᠠᠭ ᠶᠠᠪᠣᠭᠤᠯᠵᠣ ᠂ ᠠᠷᠠᠳ ᠤᠨ ᠲᠦᠯᠦᠭᠡ ᠴᠢᠬᠤᠯᠠ ᠶᠡᠭᠡ ᠰᠢᠢᠳᠪᠦᠷᠢ ᠲᠣᠭᠳᠠᠭᠠᠵᠣ᠂ ᠠᠯᠢᠪᠠ ᠪᠦᠬᠦᠨ ᠢ ᠠᠷᠠᠳ ᠤᠨ ᠲᠦᠯᠦᠭᠡ ᠪᠣᠳᠣᠯᠬᠢᠯᠠᠪᠠᠯ ᠰᠠᠶ᠋ᠢ ᠠᠷᠠᠳ ᠤᠨ ᠰᠡᠳᠬᠢᠯ ᠢ ᠨᠢᠭᠳᠠᠷᠠᠭᠤᠯᠣᠨ᠂ ᠬᠦᠴᠦᠨ ᠴᠢᠳᠠᠯ ᠢ ᠲᠦᠪᠯᠡᠷᠡᠭᠦᠯᠵᠦ ᠴᠢᠳᠠᠨ᠎ᠠ᠃ ᠲᠣᠰ ᠪᠡᠶ᠎ᠡ ᠶᠢᠨ ᠪᠠᠶᠢᠭᠤᠯᠣᠯᠳᠠ ᠪᠠᠨ ᠪᠠᠷᠢᠮᠳᠠᠯᠠᠬᠤ ᠪᠣᠯ ᠪᠢᠳᠡᠨ ᠤ ᠠᠵᠢᠯ ᠦᠢᠯᠡᠰ ᠤᠨ ᠦᠨᠳᠦᠰᠦ ᠰᠣᠷᠪᠣᠯᠵᠢ᠂ ᠡᠷᠭᠡᠪᠰᠢ ᠠᠷᠢᠭᠤᠨ ᠴᠢᠭᠡᠴᠢ ᠣᠯᠣᠰ ᠲᠦᠷᠦ ᠶᠢᠨ ᠣᠭ ᠴᠢᠨᠠᠷ ᠢ ᠢᠮᠠᠭᠳᠠ ᠪᠠᠷᠢᠮᠳᠠᠯᠠᠵᠣ᠂ ᠦᠵᠡᠯ ᠰᠠᠨᠠᠭ᠎ᠠ ᠣᠨᠣᠯ  ᠤᠨ ᠵᠡᠪᠰᠡᠭᠯᠡᠯ ᠢ ᠴᠢᠩᠭᠠᠳᠬᠠᠵᠣ᠂ ᠬᠤᠷᠢᠭ᠎ᠠ ᠱᠣᠭᠤᠮ ᠢ ᠴᠢᠩᠭ᠎ᠠ ᠠᠳᠬᠤᠵᠣ᠂ ᠠᠷᠢᠭᠤᠨ ᠴᠢᠭᠡᠴᠢ ᠶᠢ ᠡᠷᠬᠢᠮᠯᠡᠪᠡᠯ ᠰᠠᠶ᠋ᠢ ᠣᠭ ᠰᠠᠨᠠᠭ᠎ᠠ ᠪᠠᠨ ᠦᠯᠦ ᠮᠠᠷᠳᠠᠨ᠂ ᠵᠣᠷᠢᠭᠳᠠᠢ ᠣᠷᠣᠭᠰᠢᠯᠠᠵᠣ ᠴᠢᠳᠠᠨ᠎ᠠ ᠭᠡᠳᠡᠭ ᠢ ᠬᠦᠨᠵᠡᠭᠡᠢ ᠣᠶᠢᠯᠠᠭᠠᠪᠠ᠃      ᠲᠦᠯᠦᠭᠡᠯᠡᠭᠴᠢᠳ ᠡ︕ ᠲᠦᠭᠰᠢᠭᠦᠷᠢᠲᠦ ᠰᠡᠳᠬᠢᠯᠭᠡ ᠲᠠᠢ ᠪᠠᠶᠢᠪᠠᠯ ᠰᠠᠶ᠋ᠢ ᠠᠮᠣᠷ ᠲᠣᠭᠳᠠᠭᠤᠨ ᠪᠠᠶᠢᠵᠣ᠂ ᠰᠠᠨᠠᠭᠠᠰᠢᠷᠠᠬᠤ ᠰᠡᠳᠬᠢᠯᠭᠡ ᠲᠠᠢ ᠪᠠᠶᠢᠪᠠᠯ ᠰᠠᠶ᠋ᠢ ᠬᠦᠴᠢᠷ ᠪᠡᠷᠭᠡ ᠶᠢ ᠢᠯᠠᠨ ᠳᠠᠪᠠᠵᠣ ᠴᠢᠳᠠᠨ᠎ᠠ᠃ ᠠᠮᠵᠢᠯᠳᠠ ᠪᠦᠲᠦᠮᠵᠢ ᠪᠠᠨ ᠳ᠋ᠦᠩᠨᠡᠬᠦ ᠶᠢᠨ ᠬᠠᠮᠳᠣ᠂ ᠮᠠᠨ ᠤ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠳᠤ ᠨᠡᠯᠢᠶᠡᠳ ᠣᠯᠠᠨ ᠬᠦᠴᠢᠷᠳᠡᠯ ᠪᠣᠯᠣᠨ ᠠᠰᠠᠭᠤᠳᠠᠯ ᠣᠷᠣᠰᠢᠵᠣ ᠪᠠᠶᠢᠬᠤ ᠶᠢ ᠪᠢᠳᠡ ᠰᠡᠷᠭᠡᠭ ᠢᠶᠠᠷ ᠣᠯᠵᠣ ᠲᠠᠨᠢᠪᠠ᠄ ᠠᠵᠣ ᠠᠬᠤᠢ ᠶᠢᠨ ᠶᠡᠷᠦᠩᠭᠡᠢ ᠬᠡᠮᠵᠢᠶ᠎ᠡ ᠪᠠᠭ᠎ᠠ᠂ ᠰᠠᠭᠤᠷᠢ ᠬᠦᠴᠦᠨ ᠪᠠᠭᠤᠷᠠᠢ ᠪᠠᠶᠢᠬᠤ ᠬᠤᠰᠢᠭᠤᠨ ᠤ ᠦᠨᠳᠦᠰᠦᠨ ᠪᠠᠶᠢᠳᠠᠯ  ᠬᠠᠷᠠᠬᠠᠨ ᠦᠨᠳᠦᠰᠦᠨ ᠠᠴᠠ ᠪᠠᠨ ᠦᠭᠡᠷᠡᠴᠢᠯᠡᠭᠳᠡᠭᠡᠳᠦᠢ᠂ ︽ᠲᠤᠭ᠎ᠠ ᠬᠡᠮᠵᠢᠶ᠎ᠡ︾ ᠪᠣᠯᠣᠨ ︽ᠶᠠᠰᠣ ᠴᠢᠨᠠᠷ︾ ᠤᠨ ᠬᠤᠣᠰ ᠦᠷᠢᠰᠦᠯᠳᠦᠭᠡᠨ ᠳᠤ ᠲᠣᠯᠭᠠᠷᠠᠵᠣ ᠪᠣᠢ︔ ᠠᠵᠣ ᠦᠢᠯᠡᠳᠪᠦᠷᠢ ᠶᠢᠨ ᠬᠦᠭᠵᠢᠯᠳᠡ ᠶᠢᠨ ᠬᠦᠴᠦᠨ ᠬᠦᠷᠦᠯᠴᠡᠬᠦ ᠦᠭᠡᠢ᠂ ᠠᠷᠠᠯᠵᠢᠶᠠᠴᠢᠨ ᠣᠷᠢᠬᠤ ᠶᠠᠰᠣ ᠴᠢᠨᠠᠷ ᠦᠷ᠎ᠡ ᠪᠦᠲᠦᠮᠵᠢ ᠠᠨᠠᠢ᠂ ᠲᠦᠷᠦᠯ ᠵᠦᠢᠯ  ᠤᠨ ᠳᠣᠯᠭᠠᠭᠤᠷᠢᠯᠠᠬᠤ ᠬᠦᠴᠦᠨ ᠬᠦᠷᠦᠯᠴᠡᠬᠦ ᠦᠭᠡᠢ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠴᠢᠬᠤᠯᠠᠳᠠᠢ︔ ᠡᠳ᠋ ᠤᠨ ᠵᠠᠰᠠᠭ ᠤᠨ ᠭᠠᠶᠢᠯᠢ ᠶᠢᠨ ᠣᠷᠣᠯᠭ᠎ᠠ ᠶᠢᠨ ᠨᠡᠮᠡᠭᠳᠡᠯ ᠬᠦᠴᠦᠨ ᠬᠦᠷᠦᠯᠴᠡᠬᠦ ᠦᠭᠡᠢ᠂ ︽ᠵᠢᠷᠭᠤᠭ᠎ᠠ ᠶᠢ ᠲᠣᠭᠳᠠᠭᠤᠨ ᠪᠠᠶᠢᠯᠭᠠᠬᠤ︾15 ︽ᠵᠢᠷᠭᠤᠭ᠎ᠠ ᠶᠢ ᠪᠠᠳᠣᠯᠠᠬᠤ︾16 ᠵᠡᠷᠭᠡ ᠡᠷᠭᠡᠪᠰᠢ ᠵᠠᠷᠣᠬᠤ ᠵᠠᠷᠣᠯᠭ᠎ᠠ ᠵᠢᠯ ᠳᠠᠷᠠᠭᠠᠯᠠᠨ ᠨᠡᠮᠡᠭᠳᠡᠵᠦ᠂ ᠦᠷᠢ ᠲᠦᠯᠦᠬᠦ ᠲᠠᠷᠣᠯᠳᠠ ᠲᠣᠶᠢᠯ ᠤᠨ ᠶᠡᠭᠡ ᠪᠠᠶᠢᠵᠣ᠂ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ ᠲᠣᠪᠣᠶᠢᠮ᠎ᠠ ᠪᠠᠶᠢᠨ᠎ᠠ︔ ᠠᠮᠢ ᠠᠬᠤᠢ  ᠶᠢᠨ ᠣᠷᠴᠢᠨ ᠲᠣᠭᠤᠷᠢᠨ ᠮᠦᠨᠬᠦ ᠬᠡᠪᠡᠷᠡᠭ ᠪᠠᠶᠢᠵᠣ᠂ ᠠᠮᠢ ᠠᠬᠤᠢ ᠶᠢ ᠰᠡᠷᠭᠦᠭᠡᠬᠦ ᠪᠠ ᠪᠣᠬᠢᠷᠳᠣᠯ ᠢ ᠪᠠᠭᠠᠰᠬᠠᠨ ᠨᠡᠭᠦᠷᠡᠰᠦᠳᠦ᠋ᠷᠦᠭᠴᠢ ᠶᠢᠨ ᠲᠠᠪᠬᠤᠷ ᠢᠰᠦᠯ ᠤᠨ ᠭᠠᠳᠠᠭᠰᠢᠯᠠᠭᠤᠯᠣᠯᠳᠠ ᠶᠢ ᠪᠠᠭᠠᠰᠬᠠᠬᠤ ᠡᠭᠦᠷᠭᠡ ᠬᠦᠨᠳᠦ ᠭᠡᠴᠡᠭᠦᠦ ᠪᠠᠶᠢᠨ᠎ᠠ︔ ᠰᠣᠷᠭᠠᠨ ᠬᠦᠮᠦᠵᠢᠯ᠂ ᠡᠮ ᠡᠮᠨᠡᠯᠭᠡ᠂ ᠰᠣᠶᠣᠯ ᠲᠠᠮᠢᠷ᠂ ᠨᠠᠰᠣᠵᠢᠯ ᠤᠨ ᠠᠰᠠᠷᠠᠮᠵᠢ ᠠᠵᠢᠯ ᠣᠯᠭᠤᠯᠳᠠ᠂ ᠰᠠᠭᠤᠷᠢ ᠲᠦᠬᠦᠭᠡᠷᠦᠮᠵᠢ ᠵᠡᠷᠭᠡ ᠠᠷᠠᠳ ᠤᠨ ᠠᠮᠢᠳᠣᠷᠠᠯ ᠤᠨ ᠬᠦᠷᠢᠶ᠎ᠡ ᠴᠠᠷ᠎ᠠ ᠳᠤ ᠮᠦᠨᠬᠦ ᠳᠣᠳᠠᠭᠤᠳᠠᠯ ᠪᠣᠯᠣᠨ ᠪᠠᠭᠤᠷᠠᠢ ᠲᠠᠯ᠎ᠠ ᠣᠷᠣᠰᠢᠵᠣ᠂ ᠠᠶᠣᠯᠭᠦᠢ ᠦᠢᠯᠡᠳᠪᠦᠷᠢᠯᠡᠯ᠂ ᠪᠠᠶᠢᠭᠠᠯᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ᠂ ᠨᠡᠶᠢᠭᠡᠮ ᠤᠨ ᠵᠠᠰᠠᠯᠳᠠ ᠵᠡᠷᠭᠡ ᠬᠦᠷᠢᠶ᠎ᠡ ᠴᠠᠷ᠎ᠠ ᠳᠤ ᠪᠠᠭᠤᠷᠠᠢ ᠭᠤᠭᠴᠤᠭ᠎ᠠ ᠣᠷᠣᠰᠢᠵᠣ ᠪᠣᠢ︔  ᠺᠠᠳ᠋ᠷ ᠤᠨ ᠡᠩᠨᠡᠭᠡᠨ ᠤ ᠴᠢᠳᠠᠪᠣᠷᠢ ᠪᠣᠯᠣᠨ ᠰᠣᠷᠳᠠᠯ ᠨᠢ ᠰᠢᠨ᠎ᠡ ᠱᠠᠳᠣ ᠦᠶ᠎ᠡ ᠰᠢᠨ᠎ᠠ ᠱᠠᠭᠠᠷᠳᠠᠯᠭ᠎ᠠ ᠲᠠᠢ ᠬᠠᠷᠠᠬᠠᠨ ᠵᠣᠬᠢᠴᠠᠬᠤ ᠦᠭᠡᠢ ᠪᠠᠶᠢᠵᠣ᠂ ᠵᠠᠰᠠᠭ ᠤᠨ ᠣᠷᠳᠣᠨ ᠤ ᠵᠠᠰᠠᠯᠳᠠ ᠶᠢᠨ ᠰᠢᠰᠲ᠋ᠧᠮ ᠪᠣᠯᠣᠨ ᠵᠠᠰᠠᠯᠳᠠ ᠶᠢᠨ ᠴᠢᠳᠠᠪᠣᠷᠢ ᠶᠢ ᠣᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠳᠠᠢ ᠪᠠᠶᠢᠨ᠎ᠠ᠃ ᠡᠳᠡᠭᠡᠷ ᠪᠠᠶᠢᠳᠠᠯ ᠳᠤ ᠬᠠᠨᠳᠣᠭᠤᠯᠵᠣ᠂ ᠪᠢᠳᠡ ᠡᠷᠭᠡᠪᠰᠢ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠣ᠂ ᠴᠢᠷᠮᠠᠶᠢᠨ ᠰᠢᠢᠳᠪᠦᠷᠢᠯᠡᠵᠦ᠂ ᠠᠷᠠᠳ ᠲᠦᠮᠡᠨ ᠤ ᠬᠦᠰᠡᠯ ᠡᠷᠡᠮᠡᠯᠵᠡᠯ  ᠢ ᠬᠦᠰᠡᠷᠳᠡᠭᠦᠯᠬᠦ ᠦᠭᠡᠢ ᠪᠠᠷ ᠴᠢᠷᠮᠠᠶᠢᠬᠤ ᠬᠡᠷᠡᠭᠳᠠᠢ᠃      ᠬᠤᠶᠠᠷ᠂ ᠬᠤᠶᠢᠰᠢᠳᠠ ᠶᠢᠨ ᠲᠠᠪᠣᠨ ᠵᠢᠯ ᠤᠨ ᠶᠡᠷᠦᠩᠭᠡᠢ ᠰᠡᠳᠬᠢᠴᠠ ᠪᠣᠯᠣᠨ ᠲᠡᠮᠡᠴᠡᠬᠦ ᠬᠠᠷᠠᠯᠳᠠ      ᠬᠤᠶᠢᠰᠢᠳᠠ ᠶᠢᠨ ᠲᠠᠪᠣᠨ ᠵᠢᠯ ᠳᠤ᠂ ᠶᠠᠭ ᠰᠠᠶᠢᠬᠠᠨ ︽ᠳᠦᠷᠪᠡᠨ ᠬᠤᠭᠤᠴᠠᠭᠠᠨ︾17 ᠤ ᠠᠭᠤᠯᠵᠠᠷ ᠴᠡᠭ  ᠲᠤ ᠪᠠᠶᠢᠵᠣ᠂ ᠦᠪᠡᠷᠳᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠣᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠳᠤ ᠢᠷᠡᠭᠡᠳᠦᠢ ᠶᠢᠨ ᠲᠠᠪᠣᠨ ᠵᠢᠯ ᠤᠨ ᠦᠵᠡᠰᠭᠦᠯᠡᠩᠲᠦ ᠰᠠᠶᠢᠬᠠᠨ ᠦᠪᠦᠷ ᠮᠣᠩᠭᠤᠯ ᠢ ᠪᠦᠲᠦᠭᠡᠨ ᠪᠠᠶᠢᠭᠤᠯᠬᠤ ᠵᠢᠷᠤᠭ ᠲᠦᠯᠦᠪᠯᠡᠭᠡ ᠶᠢ ᠰᠢᠨᠵᠢᠯᠡᠬᠦ ᠣᠬᠠᠭᠠᠨᠴᠢ ᠪᠠᠷ ᠵᠢᠷᠣᠭᠯᠠᠨ ᠲᠦᠰᠦᠪᠯᠡᠵᠦ᠂ ᠬᠤᠰᠢᠭᠤ ᠠᠷᠪᠠᠨ ᠭᠤᠷᠪᠠᠳᠣᠭᠠᠷ ᠣᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠳᠤ ᠮᠠᠨ ᠤ ᠬᠤᠰᠢᠭᠤᠨ ᠤ ᠬᠤᠶᠢᠰᠢᠳᠠ ᠶᠢᠨ ᠲᠠᠪᠣᠨ ᠵᠢᠯ ᠤᠨ ᠬᠦᠭᠵᠢᠯᠳᠡ ᠶᠢᠨ ᠬᠠᠷᠠᠯᠳᠠ ᠡᠭᠦᠷᠭᠡ ᠶᠢ ᠲᠣᠳᠣᠷᠬᠠᠶᠢᠯᠠᠪᠠ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠨᠢ ᠦᠵᠡᠯ ᠰᠠᠨᠠᠭ᠎ᠠ ᠪᠣᠯᠣᠨ ᠠᠵᠢᠯᠯᠠᠭ᠎ᠠ ᠪᠠᠨ ᠳᠡᠭᠡᠲᠦ ᠱᠠᠳᠣᠨ ᠤ ᠰᠢᠢᠳᠪᠦᠷᠢᠲᠦ ᠪᠣᠳᠣᠯᠭ᠎ᠠ  ᠶᠢᠨ ᠪᠠᠶᠢᠷᠢᠯᠠᠭᠤᠯᠣᠯᠳᠠ ᠪᠣᠯᠣᠨ ᠬᠤᠰᠢᠭᠤ ᠨᠠᠮ ᠤᠨ ᠬᠤᠷᠢᠶᠠᠨ ᠤ ᠲᠣᠬᠢᠷᠠᠭᠤᠯᠣᠯᠳᠠ ᠱᠠᠭᠠᠷᠳᠠᠯᠭ᠎ᠠ ᠲᠠᠢ ᠨᠢᠭᠡᠳᠦᠯᠳᠠᠢ ᠪᠠᠶᠢᠯᠭᠠᠬᠤ ᠶᠢ ᠪᠠᠷᠢᠮᠳᠠᠯᠠᠵᠣ᠂ ᠲᠣᠬᠢᠶᠠᠯ ᠢ ᠠᠳᠬᠤᠨ᠂ ᠵᠣᠷᠢᠭᠳᠠᠢ ᠡᠭᠦᠷᠭᠡᠯᠡᠨ ᠪᠣᠳᠠᠳᠠᠢ ᠠᠵᠢᠯᠯᠠᠵᠣ᠂ ᠰᠦᠨᠢᠳ ᠪᠠᠷᠠᠭᠤᠨ ᠬᠤᠰᠢᠭᠤᠨ ᠤ ᠬᠦᠭᠵᠢᠯᠳᠡ ᠶᠢᠨ ᠰᠠᠶᠢᠨ ᠰᠠᠶᠢᠬᠠᠨ ᠬᠦᠰᠡᠯ ᠡᠷᠡᠮᠡᠯᠵᠡᠯ ᠢ ᠪᠡᠶᠡᠯᠡᠭᠦᠯᠬᠦ ᠪᠠᠷ ᠴᠢᠷᠮᠠᠶᠢᠵᠣ᠂ ᠰᠢᠯᠢᠳᠡᠭ ᠬᠢᠷᠢ ᠪᠦᠲᠦᠮᠵᠢ ᠪᠠᠷ ᠢᠶᠠᠨ ᠪᠦᠬᠦ ᠬᠤᠰᠢᠭᠤᠨ ᠤ ᠠᠷᠠᠳ ᠲᠦᠮᠡᠨ ᠳᠤ ᠬᠠᠨᠣᠮᠵᠢᠳᠠᠢ ᠬᠠᠷᠢᠭᠤᠯᠳᠠ ᠦᠭᠬᠦ ᠪᠣᠯᠣᠨ᠎ᠠ᠃      ᠬᠤᠶᠢᠰᠢᠳᠠ ᠶᠢᠨ ᠲᠠᠪᠣᠨ ᠵᠢᠯ ᠳᠤ᠂ ᠮᠠᠨ ᠤ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠶᠡᠷᠦᠩᠭᠡᠢ ᠰᠡᠳᠬᠢᠴᠡ ᠪᠣᠯ᠄ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠠᠭᠤᠣ ᠶᠡᠭᠡ ᠲᠤᠭ ᠢ ᠦᠨᠳᠦᠷ ᠮᠠᠨᠳᠣᠭᠤᠯᠵᠣ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠣᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠲᠣᠣᠱᠯᠠᠭᠤᠯᠵᠣ᠂ ᠰᠢ ᠶᠢᠨ ᠫᠢᠩ ᠶᠡᠷᠦᠩᠭᠡᠢ ᠱᠦᠵᠢ ᠶᠢᠨ ᠳᠣᠮᠳᠠᠳᠣ ᠣᠯᠣᠰ ᠤᠨ ᠡᠪ ᠬᠠᠮᠳᠣ ᠨᠠᠮ ᠪᠠᠶᠢᠭᠤᠯᠣᠭᠳᠠᠭᠰᠠᠨ 100 ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠦᠪᠦᠷ ᠮᠣᠩᠭᠤᠯ ᠤᠨ ᠠᠵᠢᠯ ᠤᠨ ᠲᠣᠬᠠᠢ ᠴᠢᠬᠤᠯᠠ ᠶᠠᠷᠢᠶ᠎ᠠ ᠴᠢᠬᠤᠯᠠ ᠵᠢᠭᠠᠪᠣᠷᠢ ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠲᠦᠪ ᠬᠤᠷᠢᠶ᠎ᠠ᠂ ᠦᠪᠡᠷᠳᠡᠭᠡᠨ ᠵᠠᠰᠠᠬᠤ ᠣᠷᠣᠨ ᠪᠣᠯᠣᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠵᠢᠴᠢ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠲᠣᠭᠳᠠᠭᠤᠨ ᠤ ᠳᠣᠮᠳᠠ ᠣᠷᠣᠭᠰᠢᠯᠠᠬᠤ ᠠᠵᠢᠯ ᠤᠨ ᠶᠡᠷᠦᠩᠭᠡᠢ ᠭᠦᠭ ᠠᠶᠠᠰ ᠢ ᠪᠠᠷᠢᠮᠳᠠᠯᠠᠵᠣ᠂ ᠬᠦᠭᠵᠢᠯᠳᠡ ᠪᠣᠯᠣᠨ ᠠᠮᠣᠷ ᠲᠦᠪᠰᠢᠨ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠳᠠᠯᠠᠵᠣ᠂ ᠰᠢᠨ᠎ᠡ ᠬᠦᠭᠵᠢᠯᠳᠡ ᠶᠢᠨ ᠱᠠᠳᠣ ᠦᠶ᠎ᠡ ᠳᠤ ᠰᠠᠭᠤᠷᠢᠯᠠᠨ᠂ ᠰᠢᠨ᠎ᠡ ᠬᠦᠭᠵᠢᠯᠳᠡ ᠶᠢᠨ ᠦᠵᠡᠯᠳᠡ ᠶᠢ ᠪᠦᠷᠢᠨ ᠭᠦᠢᠴᠡᠳ᠂ ᠣᠨᠣᠪᠴᠢᠳᠠᠢ᠂ ᠪᠦᠬᠦ ᠲᠠᠯ᠎ᠠ ᠪᠠᠷ ᠲᠣᠣᠱᠯᠠᠭᠤᠯᠵᠣ᠂ ᠰᠢᠨ᠎ᠡ ᠬᠦᠭᠵᠢᠯᠳᠡ ᠶᠢᠨ ᠬᠡᠪ ᠪᠠᠶᠢᠳᠠᠯ ᠳᠤ ᠴᠢᠷᠮᠠᠶᠢᠨ ᠦᠢᠯᠡᠴᠢᠯᠡᠬᠦ ᠪᠠ ᠠᠭᠤᠰᠣᠯᠴᠠᠭᠤᠯᠵᠣ᠂ ᠴᠢᠨᠠᠷᠯᠢᠭ ᠬᠦᠭᠵᠢᠯᠳᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠣ᠂ ᠬᠠᠩᠭᠠᠯᠭ᠎ᠠ ᠶᠢᠨ ᠪᠦᠳᠦᠴᠠ ᠶᠢᠨ ᠴᠢᠨᠠᠷᠳᠠᠢ ᠦᠭᠡᠷᠡᠴᠢᠯᠡᠯᠳᠡ ᠪᠠᠷ ᠭᠤᠣᠯ ᠱᠣᠭᠤᠮ ᠪᠣᠯᠭᠠᠬᠤ ᠶᠢ ᠬᠦᠨᠵᠡᠭᠡᠶᠢᠷᠡᠭᠦᠯᠵᠦ᠂ ᠦᠭᠡᠷᠡᠴᠢᠯᠡᠯᠳᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠦᠳᠡᠯᠭᠡᠬᠦ ᠬᠦᠴᠦᠨ ᠪᠣᠯᠭᠠᠵᠣ᠂ ᠠᠷᠠᠳ ᠲᠦᠮᠡᠨ ᠤ ᠡᠳᠦᠷ ᠢᠷᠡᠭᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠣᠷᠠᠯ ᠤᠨ ᠱᠠᠭᠠᠷᠳᠠᠯᠭ᠎ᠠ ᠶᠢ ᠬᠠᠩᠭᠠᠬᠤ ᠪᠠᠷ ᠦᠨᠳᠦᠰᠦᠨ ᠵᠣᠷᠢᠯᠳᠠ ᠪᠣᠯᠭᠠᠵᠣ᠂ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠬᠤ᠂ ᠪᠣᠬᠢᠷᠳᠣᠯ ᠦᠭᠡᠢ ᠬᠦᠭᠵᠢᠭᠦᠯᠬᠦ ᠪᠠᠷ ᠵᠢᠯᠣᠭᠤᠳᠣᠮᠵᠢ ᠪᠣᠯᠭᠠᠭᠰᠠᠨ ᠴᠢᠨᠠᠷᠯᠢᠭ ᠬᠦᠭᠵᠢᠯᠳᠡ  ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠣ᠂ ︽ᠬᠤᠶᠠᠷ ᠬᠠᠯᠬᠠᠪᠴᠢ︾ ᠶᠢᠨ ᠪᠦᠲᠦᠭᠡᠨ ᠪᠠᠶᠢᠭᠤᠯᠣᠯᠳᠠ ᠶᠢ ᠯᠠᠪᠳᠠᠭᠤᠨ ᠪᠠᠳᠣᠳᠠᠢ ᠠᠬᠢᠭᠤᠯᠵᠣ᠂ ︽ᠲᠠᠪᠣᠨ ᠣᠷᠣᠨ ᠨᠢᠭᠡ ᠲᠣᠯᠭᠠᠭᠤᠷᠢᠯᠠᠬᠤ ᠴᠡᠭ︾ 18 ᠢ ᠴᠢᠷᠮᠠᠶᠢᠨ ᠡᠭᠦᠳᠴᠦ᠂ ︽ᠵᠢᠷᠭᠤᠭ᠎ᠠ ᠶᠢ ᠲᠣᠭᠳᠠᠭᠤᠨ ᠪᠠᠶᠢᠯᠭᠠᠬᠤ︾ ︽ᠵᠢᠷᠭᠤᠭ᠎ᠠ ᠶᠢ ᠪᠠᠳᠣᠯᠠᠬᠤ︾ ᠠᠵᠢᠯ ᠢ ᠪᠦᠬᠦ ᠲᠠᠯ᠎ᠠ ᠪᠠᠷ ᠰᠠᠶᠢᠳᠣᠷ ᠬᠢᠵᠦ᠂ ᠠᠵᠣ ᠠᠬᠤᠢ ᠶᠢᠨ ᠡᠷᠬᠢᠯᠳᠡ ᠶᠢ ᠵᠦᠢ ᠵᠣᠬᠢᠰᠳᠠᠢ ᠣᠷᠣᠨ ᠳᠤ ᠪᠠᠶᠢᠯᠭᠠᠬᠤ ᠶᠢ ᠴᠢᠷᠮᠠᠶᠢᠨ ᠪᠠᠷᠢᠮᠳᠠᠯᠠᠵᠣ᠂ ᠳᠣᠮᠳᠠᠳᠣ ᠶᠢᠨ ᠦᠨᠳᠦᠰᠦᠳᠡᠨ ᠤ ᠬᠠᠮᠳᠣ ᠶᠢᠨ ᠴᠣᠭᠴᠠ ᠶᠢᠨ ᠣᠬᠠᠮᠰᠠᠷ ᠢ ᠲᠠᠰᠣᠷᠠᠯᠳᠠ ᠦᠭᠡᠢ ᠪᠠᠳᠣ ᠴᠣᠭᠴᠠᠯᠠᠵᠣ᠂ ᠵᠠᠰᠠᠯᠳᠠ ᠶᠢᠨ ᠲᠣᠭᠳᠠᠯᠴᠠᠭ᠎ᠠ ᠪᠣᠯᠣᠨ ᠵᠠᠰᠠᠯᠳᠠ ᠶᠢᠨ ᠴᠢᠳᠠᠪᠣᠷᠢ ᠶᠢᠨ ᠣᠳᠣᠬᠢᠴᠢᠯᠠᠯᠳᠠ ᠶᠢ ᠲᠦᠷᠭᠡᠨ ᠠᠬᠢᠭᠤᠯᠵᠣ᠂ ︽ᠠᠷᠪᠠᠨ ᠳᠦᠷᠪᠡᠳᠦᠭᠡᠷ ᠲᠠᠪᠣᠨ ᠵᠢᠯ︾ ᠤᠨ ᠲᠦᠯᠦᠪᠵᠢᠭᠦᠯᠭᠡ  ᠶᠢᠨ ᠬᠠᠷᠠᠯᠳᠠ ᠡᠭᠦᠷᠭᠡ ᠶᠢ ᠠᠮᠵᠢᠯᠳᠠᠳᠠᠢ ᠪᠡᠶᠡᠯᠡᠭᠦᠯᠵᠦ᠂ ᠨᠡᠶᠢᠭᠡᠮ ᠵᠢᠷᠣᠮ ᠤᠨ ᠣᠳᠣᠬᠢᠴᠢᠯᠠᠭᠰᠠᠨ ᠣᠯᠣᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠰᠦᠨᠢᠳ ᠪᠠᠷᠠᠭᠤᠨ ᠬᠤᠰᠢᠭᠤᠨ ᠤ ᠴᠢᠨᠠᠷᠯᠢᠭ ᠬᠦᠭᠵᠢᠯᠳᠡ  ᠶᠢᠨ ᠰᠢᠨ᠎ᠡ ᠬᠠᠭᠤᠳᠠᠰᠣ ᠶᠢ ᠪᠢᠴᠢᠭᠯᠡᠬᠦ ᠪᠣᠯᠣᠨ᠎ᠠ᠃ᠬᠤᠶᠢᠰᠢᠳᠠ ᠶᠢᠨ ᠲᠠᠪᠣᠨ ᠵᠢᠯ ᠳᠤ᠂ ᠮᠠᠨ ᠤ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠵᠢᠱᠢᠭᠰᠡᠨ ᠬᠠᠷᠠᠯᠳᠠ ᠪᠣᠯ᠄  ᠪᠦᠬᠦ ᠬᠤᠰᠢᠭᠤᠨ ᠤ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ  ᠢ ᠵᠢᠯ ᠳᠣᠮᠳᠠᠴᠢ 5% ᠣᠷᠴᠢᠮ ᠨᠡᠮᠡᠭᠳᠡᠭᠦᠯᠦᠨ᠎ᠡ︔ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠶᠢ ᠵᠢᠯ ᠳᠣᠮᠳᠠᠴᠢ 5.5% ᠣᠷᠴᠢᠮ  ᠨᠡᠮᠡᠭᠳᠡᠭᠦᠯᠦᠨ᠎ᠡ︔ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ  ᠶᠢ ᠵᠢᠯ ᠳᠣᠮᠳᠠᠴᠢ 3.5% ᠣᠷᠴᠢᠮ ᠨᠡᠮᠡᠭᠳᠡᠭᠦᠯᠦᠨ᠎ᠡ︔ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠲᠣᠬᠢᠷᠠᠭᠤᠯᠵᠣ ᠪᠣᠯᠬᠤᠶᠢᠴᠠ ᠣᠷᠣᠯᠭ᠎ᠠ ᠶᠢ ᠵᠢᠯ ᠳᠣᠮᠳᠠᠴᠢ 3% ᠪᠠ 8.5% ᠣᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠣᠭᠰᠠᠨ ᠶᠡᠷᠦᠩᠭᠡᠢ ᠬᠡᠮᠵᠢᠶ᠎ᠡ ᠶᠢ ᠵᠢᠯ ᠳᠣᠮᠳᠠᠴᠢ 7% ᠣᠷᠴᠢᠮ ᠨᠡᠮᠡᠭᠳᠡᠭᠦᠯᠵᠦ᠂ ᠳᠡᠭᠡᠲᠦ ᠱᠠᠳᠣᠨ ᠤ ᠪᠠᠭᠤᠯᠭᠠᠭᠰᠠᠨ ᠡᠯ᠎ᠡ ᠲᠦᠷᠦᠯ ᠤᠨ ᠬᠢᠵᠠᠭᠠᠷᠯᠠᠯ ᠤᠨ ᠴᠢᠨᠠᠷᠳᠠᠢ ᠭᠦᠢᠴᠡᠳᠭᠡᠬᠦ ᠲᠤᠭ᠎ᠠ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃      ᠳᠡᠭᠡᠷ᠎ᠡ ᠲᠣᠷᠠᠳᠣᠭᠰᠠᠨ ᠬᠦᠭᠵᠢᠯᠳᠡ ᠶᠢᠨ ᠬᠠᠷᠠᠯᠳᠠ ᠶᠢ ᠪᠡᠶᠡᠯᠡᠭᠦᠯᠬᠦ ᠳᠤ᠂ ᠬᠤᠶᠢᠰᠢᠳᠠ ᠶᠢᠨ ᠲᠠᠪᠣᠨ ᠵᠢᠯ  ᠳᠤ ᠪᠢᠳᠡ ᠲᠣᠣᠷᠠᠬᠢ ᠲᠠᠪᠣᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ   ᠠᠳᠬᠤᠨ᠎ᠠ᠄      ︵ᠨᠢᠭᠡ︶ ᠠᠮᠢ ᠠᠬᠤᠢ ᠶᠢ ᠲᠡᠷᠢᠭᠦᠨ ᠳᠤ ᠲᠠᠯᠪᠢᠬᠤ ᠪᠠᠶᠢᠯᠳᠣᠬᠤ ᠪᠣᠳᠣᠯᠭ᠎ᠠ ᠶᠢ ᠦᠢᠯᠡᠳᠦᠯᠭᠡᠵᠢᠭᠦᠯᠵᠦ᠂ ᠴᠢᠨᠠᠷᠯᠢᠭ ᠬᠦᠭᠵᠢᠯᠳᠡ ᠶᠢᠨ ᠪᠣᠬᠢᠷᠳᠣᠯ ᠦᠭᠡᠢ ᠠᠭᠤᠯᠣᠭᠳᠠᠬᠤᠨ ᠢ ᠪᠠᠬᠢᠵᠢᠭᠦᠯᠦᠨ᠎ᠡ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠣᠨ ᠤ ᠦᠵᠡᠯ ᠰᠠᠨᠠᠭ᠎ᠠ ᠶᠢ ᠡᠷᠡᠰ ᠭᠤᠶᠢᠪᠢᠰᠢ ᠦᠭᠡᠢ ᠲᠣᠣᠱᠯᠠᠭᠤᠯᠵᠣ᠂ ᠨᠡᠭᠦᠷᠡᠰᠦᠳᠦ᠋ᠷᠦᠭᠴᠢ  ᠶᠢᠨ ᠲᠠᠪᠬᠤᠷ ᠢᠰᠦᠯ ᠤᠨ ᠭᠠᠳᠠᠭᠰᠢᠯᠠᠭᠤᠯᠣᠯᠳᠠ ᠶᠢ ᠪᠠᠷᠢᠮᠵᠢᠶᠠᠨ ᠳᠤ ᠬᠦᠷᠬᠡᠬᠦ ᠶᠢ ᠠᠮᠢ ᠠᠬᠤᠢ ᠶᠢᠨ ᠪᠣᠯᠪᠠᠰᠣᠨ  ᠤ ᠪᠦᠲᠦᠭᠡᠨ ᠪᠠᠶᠢᠭᠤᠯᠣᠯᠳᠠ ᠶᠢᠨ ᠪᠦᠬᠦᠯᠢ ᠴᠣᠭᠴᠠ ᠶᠢᠨ ᠪᠠᠶᠢᠷᠢᠯᠠᠭᠤᠯᠣᠯᠳᠠ ᠳᠤ ᠣᠷᠣᠭᠤᠯᠵᠣ᠂ ᠰᠢᠯᠢ ᠶᠢᠨ ᠭᠤᠣᠯ ᠤᠨ ᠲᠠᠴᠢᠷᠳᠠᠭᠰᠠᠨ ᠲᠠᠯ᠎ᠠ ᠨᠣᠳᠤᠭ ᠢ ᠦᠨᠳᠦᠷ ᠦᠷ᠎ᠡ ᠠᠰᠢᠭᠳᠠᠢ ᠵᠠᠰᠠᠬᠤ ᠣᠷᠣᠨ ᠢ ᠡᠭᠦᠳᠬᠦ ᠠᠴᠠ ᠭᠠᠷᠳᠠᠵᠣ᠂ ᠪᠣᠬᠢᠷᠳᠣᠯ ᠤᠨ ᠭᠠᠳᠠᠭᠰᠢᠯᠠᠭᠤᠯᠣᠯᠳᠠ ᠶᠢ ᠪᠠᠭᠠᠰᠬᠠᠬᠤ᠂ ᠠᠵᠣ ᠦᠢᠯᠡᠰ ᠤᠨ ᠬᠦᠭᠵᠢᠯᠳᠡ ᠶᠢᠨ ᠨᠡᠭᠦᠷᠡᠰᠦᠳᠦ᠋ᠷᠦᠭᠴᠢ ᠶᠢᠨ ᠲᠠᠪᠬᠤᠷ ᠢᠰᠦᠯ ᠤᠨ ᠭᠠᠳᠠᠭᠰᠢᠯᠠᠭᠤᠯᠣᠯᠳᠠ ᠶᠢ ᠪᠠᠭᠠᠰᠬᠠᠬᠤ᠂ ᠠᠮᠢ ᠠᠬᠤᠢ ᠶᠢᠨ ᠪᠦᠲᠦᠭᠡᠨ ᠪᠠᠶᠢᠭᠤᠯᠣᠯᠳᠠ ᠶᠢ ᠴᠢᠨᠠᠷᠯᠢᠭ ᠪᠣᠯᠭᠠᠬᠤ᠂ ᠰᠠᠭᠤᠷᠢᠰᠢᠬᠤ ᠣᠷᠴᠢᠨ ᠲᠣᠭᠤᠷᠢᠨ ᠢ ᠠᠷᠢᠭᠤᠨ ᠴᠡᠪᠡᠷ ᠪᠠᠶᠢᠯᠭᠠᠬᠤ᠂ ᠠᠮᠢ ᠠᠬᠤᠢ ᠶᠢᠨ ᠳᠠᠪᠠᠭᠤᠯᠢᠭ ᠢ ᠠᠵᠣ ᠠᠬᠤᠶᠢᠵᠢᠯᠠᠯᠳᠠ ᠶᠢ ᠨᠢᠭᠡᠳᠦᠯᠳᠠᠢ ᠲᠦᠯᠦᠪᠯᠡᠨ ᠠᠬᠢᠭᠤᠯᠵᠣ᠂ ᠬᠦᠮᠦᠨ ᠪᠠ ᠪᠠᠶᠢᠭᠠᠯᠢ ᠶᠢ ᠡᠶ᠎ᠡ ᠵᠣᠬᠢᠴᠠᠯ ᠲᠠᠢ ᠬᠦᠭᠵᠢᠭᠦᠯᠬᠦ ᠣᠳᠣᠬᠢᠴᠢᠯᠠᠭᠰᠠᠨ ᠪᠦᠲᠦᠭᠡᠨ ᠪᠠᠶᠢᠭᠤᠯᠣᠯᠳᠠ ᠶᠢᠨ ᠰᠢᠨ᠎ᠡ ᠬᠡᠪ ᠪᠠᠶᠢᠳᠠᠯ ᠢ ᠴᠢᠷᠮᠠᠶᠢᠨ ᠪᠦᠷᠢᠯᠳᠦᠭᠦᠯᠵᠦ᠂ ᠮᠠᠨ ᠤ ᠣᠯᠣᠰ ᠤᠨ ᠣᠮᠠᠷᠠᠳᠣ ᠶᠢᠨ ᠴᠢᠬᠤᠯᠠ ᠠᠮᠢ ᠠᠬᠤᠢ  ᠶᠢᠨ ᠠᠮᠣᠷ ᠲᠦᠪᠰᠢᠨ ᠤ ᠬᠠᠯᠬᠠᠪᠴᠢ ᠶᠢ ᠪᠠᠳᠣ ᠴᠣᠭᠴᠠᠯᠠᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ ᠠᠭᠤᠯᠠ ᠣᠰᠣ ᠣᠢ ᠲᠠᠷᠢᠶ᠎ᠠ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠣᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠳᠠᠯᠠᠵᠣ᠂ ᠴᠢᠬᠤᠯᠠ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠳᠠ ᠪᠣᠯᠣᠨ ᠰᠡᠷᠭᠦᠭᠡᠬᠦ ᠢᠨᠵᠧᠨᠧᠷᠢᠩ ᠢ ᠯᠠᠪᠳᠠᠭᠤᠨ ᠪᠠᠳᠣᠳᠠᠢ ᠠᠬᠢᠭᠤᠯᠵᠣ᠂ 50 ᠲᠦᠮᠡᠨ ᠮᠣ᠋ ᠡᠯᠡᠰᠦᠷᠭᠡᠭᠵᠢᠭᠰᠡᠨ ᠨᠣᠳᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ᠂ 5 ᠲᠦᠮᠡᠨ ᠮᠣ᠋ ᠭᠠᠵᠠᠷ ᠢ ᠪᠢᠳᠡᠭᠦᠮᠵᠢᠯᠡᠨ ᠣᠶᠢᠵᠢᠭᠤᠯᠬᠤ᠂ 40 ᠳᠡᠭᠰᠢ ᠲᠦᠷᠪᠡᠯᠵᠢᠨ ᠺᠢᠯᠣᠮᠧᠲᠷ ᠤᠨ ᠵᠢᠵᠢᠭ ᠣᠷᠣᠰᠬᠠᠯ ᠢ ᠵᠠᠰᠠᠬᠤ ᠶᠢ ᠪᠡᠶᠡᠯᠡᠭᠦᠯᠵᠦ᠂ ᠣᠢ ᠰᠢᠭᠤᠢ ᠶᠢᠨ ᠪᠦᠷᠬᠦᠴᠠ ᠶᠢᠨ ᠨᠣᠷᠮ᠎ᠠ ᠶᠢ 8.2% ᠲᠣᠳᠣᠷ᠎ᠠ ᠲᠣᠭᠳᠠᠪᠣᠷᠢᠵᠢᠭᠤᠯᠵᠣ᠂ ᠲᠠᠯ᠎ᠠ ᠨᠣᠳᠤᠭ ᠤᠨ ᠣᠷᠭᠤᠮᠠᠯ ᠤᠨ ᠪᠦᠷᠬᠦᠴᠡ ᠶᠢᠨ ᠨᠣᠷᠮ᠎ᠠ ᠶᠢ 25% ᠳᠤ ᠬᠦᠷᠭᠡᠨ᠎ᠡ᠃ ᠪᠣᠬᠢᠷᠳᠦᠯ ᠦᠭᠡᠢ ᠬᠦᠭᠵᠢᠭᠦᠯᠪᠡᠯ ᠦᠯᠡᠳᠡᠭᠡᠵᠦ᠂ ᠪᠣᠬᠢᠷᠳᠣᠯ ᠲᠠᠢ ᠪᠣᠯ ᠲᠠᠶᠠᠭᠳᠠᠬᠤ ᠵᠠᠷᠴᠢᠮ ᠢ ᠪᠠᠷᠢᠮᠳᠠᠯᠠᠵᠣ᠂ 2023 ᠣᠨ ᠤ ᠰᠡᠭᠦᠯᠴᠢ ᠪᠣᠯᠬᠤ ᠳᠤ᠂ ᠪᠦᠬᠦ ᠬᠤᠰᠢᠭᠤᠨ ᠤ ᠡᠯ᠎ᠡ ᠲᠦᠷᠦᠯ ᠤᠨ ᠠᠭᠤᠷᠬᠠᠢ ᠶᠢᠨ ᠠᠵᠣ ᠠᠬᠤᠶᠢᠯᠠᠯ ᠢ ᠪᠦᠬᠦᠨ ᠢ ᠦᠪᠡᠷᠳᠡᠭᠡᠨ ᠵᠠᠰᠠᠬᠤ ᠣᠷᠣᠨ ᠤ ᠳᠡᠰ ᠤᠨ ᠪᠣᠬᠢᠷᠳᠣᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠣᠯᠳᠠ ᠶᠢᠨ ᠪᠠᠷᠢᠮᠵᠢᠶᠠᠨ ᠳᠤ ᠬᠦᠷᠭᠡᠨ᠎ᠡ᠃ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠪᠠ  ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠲᠦᠷᠢᠮ︾ ᠢ ᠴᠢᠩᠭ᠎ᠠ ᠬᠡᠷᠡᠭᠵᠢᠭᠦᠯᠵᠦ᠂ ᠭᠤᠣᠯ ︵ᠨᠠᠭᠤᠷ︶ ᠤᠨ ᠳᠠᠷᠤᠭ᠎ᠠ ᠪᠣᠯᠣᠨ ᠣᠢ ᠰᠢᠭᠤᠢ ︵ᠡᠪᠡᠰᠦ︶ ᠶᠢᠨ ᠳᠠᠷᠤᠭ᠎ᠠ ᠶᠢᠨ ᠲᠦᠷᠢᠮ ᠢ ᠰᠠᠶᠢᠳᠣᠷ ᠨᠠᠶᠢᠳᠠᠪᠣᠷᠢᠵᠢᠭᠤᠯᠣᠨ᠎ᠠ᠃ ᠣᠯᠣᠰ ᠤᠨ ᠠᠮᠢ ᠠᠬᠤᠢ ᠶᠢᠨ ᠪᠣᠯᠪᠠᠰᠣᠨ ᠤ ᠪᠦᠲᠦᠭᠡᠨ ᠪᠠᠶᠢᠭᠤᠯᠣᠯᠳᠠ ᠶᠢᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠪᠠᠷ ᠲᠣᠬᠢᠶᠠᠯ ᠪᠣᠯᠭᠠᠵᠣ᠂ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠣᠭᠤᠮ᠂ ᠣᠷᠴᠢᠨ ᠲᠣᠭᠤᠷᠢᠨ ᠤ ᠶᠠᠰᠣ ᠴᠢᠨᠠᠷ ᠤᠨ ᠲᠣᠣᠷ᠎ᠠ ᠬᠢᠵᠠᠭᠠᠷ ᠪᠣᠯᠣᠨ ᠡᠬᠢ ᠪᠠᠶᠠᠯᠢᠭ ᠤᠨ ᠠᠰᠢᠭᠯᠠᠯᠳᠠ  ᠶᠢᠨ ᠳᠡᠭᠡᠲᠦ ᠬᠢᠵᠠᠭᠠᠷ ᠢ ᠪᠠᠳᠣ ᠰᠠᠬᠢᠵᠣ᠂ ᠪᠣᠬᠢᠷᠳᠣᠯ ᠢ ᠨᠠᠷᠢᠯᠢᠭ ᠣᠨᠣᠪᠴᠢᠳᠠᠢ᠂ ᠰᠢᠨᠵᠢᠯᠡᠬᠦ ᠣᠬᠠᠭᠠᠨᠴᠢ᠂ ᠬᠠᠣᠯᠢ ᠶᠣᠰᠣᠭᠠᠷ ᠵᠠᠰᠠᠬᠤ ᠶᠢ ᠪᠠᠷᠢᠮᠳᠠᠯᠠᠵᠣ᠂ ᠨᠡᠩ ᠦᠨᠳᠦᠷ ᠪᠠᠷᠢᠮᠵᠢᠶ᠎ᠠ ᠪᠠᠷ ᠬᠦᠭᠡ ᠣᠭᠳᠠᠷᠭᠤᠢ᠂ ᠴᠡᠩᠭᠡᠭ ᠣᠰᠣ᠂ ᠠᠷᠢᠭᠤᠨ ᠬᠦᠷᠦᠰᠦ ᠶᠢᠨ ᠬᠠᠮᠠᠭᠠᠯᠠᠯᠳᠠ ᠶᠢᠨ ᠠᠵᠢᠯ ᠢ ᠰᠠᠶᠢᠳᠣᠷ ᠪᠡᠶᠡᠯᠡᠭᠦᠯᠦᠨ᠎ᠡ᠃ ᠠᠮᠢ ᠠᠬᠤᠢ ᠶᠢᠨ ᠪᠦᠲᠦᠭᠡᠭᠳᠡᠭᠦᠨ ᠤ ᠦᠨ᠎ᠡ ᠦᠷᠳᠡᠭ ᠢ ᠬᠤᠪᠢᠷᠠᠭᠤᠯᠬᠤ ᠵᠠᠮ ᠢ ᠬᠠᠶᠢᠨ ᠰᠦᠪᠡᠭᠴᠢᠯᠡᠵᠦ᠂ ᠨᠡᠭᠦᠷᠡᠰᠦᠳᠦ᠋ᠷᠦᠭᠴᠢ  ᠶᠢᠨ ᠲᠠᠪᠬᠤᠷ ᠢᠰᠦᠯ ᠢ ᠭᠠᠳᠠᠭᠰᠢᠯᠠᠭᠤᠯᠬᠤ ᠡᠷᠭᠡ ᠶᠢᠨ ᠵᠠᠬ᠎ᠠ ᠳᠡᠯᠭᠡᠭᠦᠷᠴᠢᠯᠡᠭᠰᠡᠨ ᠠᠷᠠᠯᠵᠢᠶ᠎ᠠ ᠶᠢ ᠠᠬᠢᠭᠤᠯᠬᠤ ᠳᠤ ᠣᠷᠣᠯᠴᠠᠬᠤ ᠶᠢᠨ ᠬᠠᠮᠳᠣ᠂ ᠮᠠᠨ ᠤ ᠬᠤᠰᠢᠭᠤᠨ ᠤ ᠨᠡᠭᠦᠷᠡᠰᠦᠳᠦ᠋ᠷᠦᠭᠴᠢ ᠶᠢᠨ ᠲᠠᠪᠬᠤᠷ ᠢᠰᠦᠯ ᠤᠨ ᠭᠠᠳᠠᠭᠰᠢᠯᠠᠭᠤᠯᠣᠯᠳᠠ ᠶᠢᠨ ᠪᠠᠷᠢᠮᠵᠢᠶ᠎ᠠ ᠳᠤ ᠬᠦᠷᠭᠡᠬᠦ ᠠᠵᠢᠯᠯᠠᠭᠠᠨ ᠤ ᠲᠦᠰᠦᠯ ᠢ ᠵᠣᠬᠢᠰᠳᠠᠢ ᠴᠠᠭ ᠲᠤ ᠡᠬᠢᠯᠡᠭᠦᠯᠦᠨ᠎ᠡ᠃      ︵ᠬᠤᠶᠠᠷ︶ ᠰᠢᠨ᠎ᠡ ᠶᠢ ᠡᠭᠦᠳᠦᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠣ᠂ ᠴᠢᠨᠠᠷᠯᠢᠭ ᠬᠦᠭᠵᠢᠯᠳᠡ  ᠶᠢᠨ ᠠᠵᠣ ᠦᠢᠯᠡᠰ ᠤᠨ ᠲᠣᠯᠭᠠᠭᠤᠷᠢᠯᠠᠯ ᠢ ᠴᠢᠩᠭᠠᠳᠬᠠᠨ᠎ᠠ᠃ ᠪᠣᠳᠠᠳᠣ ᠴᠣᠭᠴᠠ ᠶᠢᠨ ᠠᠵᠣ ᠠᠬᠤᠢ ᠶᠢ ᠬᠦᠭᠵᠢᠭᠦᠯᠦᠨ ᠪᠣᠵᠠᠭᠠᠶᠢᠷᠠᠭᠤᠯᠵᠣ᠂ ᠣᠯᠠᠮᠵᠢᠯᠠᠯᠳᠣ ᠠᠵᠣ ᠦᠢᠯᠡᠰ ᠤᠨ ᠬᠡᠯᠪᠡᠷᠢ ᠶᠢ ᠬᠤᠪᠢᠷᠠᠭᠤᠯᠣᠨ ᠳᠡᠰ ᠳᠡᠪᠰᠢᠭᠦᠯᠬᠦ ᠪᠣᠯᠣᠨ ᠳᠠᠪᠠᠭᠤᠯᠢᠭ ᠢᠶᠠᠨ ᠳᠠᠬᠢᠨ ᠪᠠᠳᠠᠷᠠᠭᠤᠯᠬᠤ ᠶᠢ ᠵᠣᠷᠢᠭᠵᠢᠭᠤᠯᠵᠣ᠂ ᠰᠢᠨ᠎ᠡ ᠪᠠᠷ ᠬᠦᠭᠵᠢᠵᠦ ᠪᠠᠶᠢᠭ᠎ᠠ ᠠᠵᠣ ᠦᠢᠯᠡᠰ ᠤᠨ ᠪᠠᠶᠢᠷᠢᠯᠠᠭᠤᠯᠣᠯᠳᠠ ᠪᠣᠯᠣᠨ ᠰᠦᠷᠦᠭᠵᠢᠯ ᠤᠨ ᠬᠦᠭᠵᠢᠯᠳᠡ ᠶᠢ ᠲᠦᠷᠭᠡᠳᠭᠡᠵᠦ᠂ ᠰᠢᠨ᠎ᠡ ᠶᠢ ᠡᠭᠦᠳᠦᠨ ᠠᠬᠢᠭᠤᠯᠬᠤ᠂ ᠰᠢᠯᠢᠳᠡᠭ ᠣᠨᠴᠠᠯᠢᠭᠳᠣ ᠪᠠᠷ ᠲᠣᠯᠭᠠᠭᠤᠷᠢᠯᠠᠬᠤ᠂ ᠬᠡᠯᠬᠢᠶ᠎ᠡ ᠶᠢ ᠣᠷᠳᠣᠳᠬᠠᠨ ᠬᠦᠭᠵᠢᠭᠦᠯᠬᠦ᠂ ᠪᠣᠬᠢᠷᠳᠣᠯ ᠦᠭᠡᠢ ᠡᠷᠬᠢᠯᠳᠦᠭᠦᠯᠬᠦ ᠣᠳᠣᠬᠢᠴᠢᠯᠠᠭᠰᠠᠨ ᠠᠵᠣ ᠦᠢᠯᠡᠰ ᠤᠨ ᠰᠢᠰᠲ᠋ᠧᠮ ᠢ ᠪᠠᠶᠢᠭᠤᠯᠵᠣ ᠂ ᠠᠵᠣ ᠠᠬᠤᠢ ᠶᠢᠨ ᠶᠠᠰᠣ ᠴᠢᠨᠠᠷ ᠢ ᠦᠨᠡᠨᠬᠦ ᠳᠡᠭᠡᠭᠰᠢᠯᠡᠭᠦᠯᠵᠦ᠂ ᠠᠷᠠᠳ ᠢᠶᠠᠨ ᠪᠠᠶᠠᠵᠢᠭᠤᠯᠣᠨ ᠬᠤᠰᠢᠭᠤ ᠪᠠᠨ ᠬᠦᠴᠦᠷᠭᠡᠭᠵᠢᠭᠦᠯᠬᠦ ᠬᠠᠷᠠᠯᠳᠠ ᠶᠢ ᠪᠡᠶᠡᠯᠡᠭᠦᠯᠦᠨ᠎ᠡ᠃ ᠮᠠᠯ ᠠᠵᠣ ᠠᠬᠤᠢ ᠶᠢᠨ ᠴᠢᠨᠠᠷ ᠴᠢᠨᠰᠠᠭ᠎ᠠ ᠶᠢ ᠲᠣᠭᠳᠠᠭᠤᠨ  ᠢᠶᠠᠷ ᠳᠡᠭᠡᠭᠰᠢᠯᠡᠭᠦᠯᠬᠦ ᠶᠢ ᠠᠬᠢᠭᠤᠯᠣᠨ᠎ᠠ᠃ ︽ᠨᠢᠭᠡ ᠭᠤᠣᠯ ᠴᠦᠮ᠎ᠡ᠂ ᠬᠤᠶᠠᠷ ᠲᠡᠩᠭᠡᠯᠢᠭ᠂ ᠭᠤᠷᠪᠠᠨ ᠣᠷᠣᠨ ᠲᠣᠭᠤᠷᠢᠭ︾19 ᠤᠨ ᠪᠠᠶᠢᠷᠢᠯᠠᠭᠤᠯᠣᠯᠳᠠ ᠶᠣᠰᠣᠭᠠᠷ᠂ ᠣᠳᠣᠬᠢᠴᠢᠯᠠᠭᠰᠠᠨ ᠮᠠᠯ ᠠᠵᠣ ᠠᠬᠤᠢ ᠶᠢᠨ ᠬᠦᠭᠵᠢᠯᠳᠡ  ᠶᠢ ᠲᠦᠷᠭᠡᠨ ᠠᠬᠢᠭᠤᠯᠵᠣ᠂ ᠬᠤᠨᠢᠨ ᠤ ᠠᠵᠣ ᠦᠢᠯᠡᠰ ᠢ ᠰᠢᠯᠢᠳᠡᠭᠵᠢᠭᠦᠯᠦᠨ᠂ ᠦᠭᠡᠷ ᠤᠨ ᠠᠵᠣ ᠦᠢᠯᠡᠰ ᠢ ᠬᠦᠴᠦᠷᠭᠡᠭᠵᠢᠭᠦᠯᠵᠦ᠂ ᠲᠡᠮᠡᠭᠡᠨ ᠤ ᠠᠵᠣ ᠦᠢᠯᠡᠰ ᠢ ᠨᠠᠷᠢᠯᠢᠭᠵᠢᠭᠤᠯᠣᠨ᠎ᠠ᠃ ᠦᠪᠦᠷ ᠮᠣᠩᠭᠤᠯ ᠤᠨ ᠰᠦᠨᠢᠳ ᠮᠠᠯ  ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠲᠦᠷᠦᠯ ᠲᠡᠮᠳᠡᠭ ᠤᠨ ᠣᠷᠣᠨ ᠢ ᠡᠭᠦᠳᠬᠦ ᠠᠴᠠ ᠭᠠᠷᠳᠠᠵᠣ᠂ ᠲᠦᠷᠦᠯ ᠲᠡᠮᠳᠡᠭ ᠤᠨ ᠪᠠᠶᠢᠭᠤᠯᠣᠯᠳᠠ ᠶᠢ ᠴᠢᠩᠭᠠᠳᠬᠠᠵᠣ᠂ ᠣᠷᠣᠨ ᠲᠣᠭᠤᠷᠢᠭ ᠤᠨ ᠨᠡᠶᠢᠳᠡ ᠶᠢᠨ ᠬᠡᠷᠡᠭᠯᠡᠭᠡᠨ ᠤ ᠲᠦᠷᠦᠯ ᠲᠡᠮᠳᠡᠭ ᠢᠶᠠᠷ ᠭᠤᠣᠯ ᠪᠣᠯᠭᠠᠭᠰᠠᠨ᠂ ᠠᠵᠣ ᠠᠬᠤᠶᠢᠯᠠᠯ ᠤᠨ ᠲᠦᠷᠦᠯ ᠲᠡᠮᠳᠡᠭ ᠢᠶᠠᠷ ᠲᠣᠯᠭᠠᠭᠤᠷᠢᠯᠠᠭᠰᠠᠨ᠂ ᠪᠦᠲᠦᠭᠡᠭᠳᠡᠭᠦᠨ ᠤ ᠲᠦᠷᠦᠯ ᠲᠡᠮᠳᠡᠭ ᠢᠶᠠᠷ ᠰᠠᠭᠤᠷᠢ ᠪᠣᠯᠭᠠᠭᠰᠠᠨ ᠮᠠᠯ ᠠᠵᠣ ᠠᠬᠤᠢ ᠶᠢᠨ ᠲᠦᠷᠦᠯ ᠲᠡᠮᠳᠡᠭ ᠤᠨ ᠰᠢᠰᠲ᠋ᠧᠮ ᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠣᠯ ᠴᠣᠭᠴᠠ ᠶᠢ ᠶᠡᠬᠡᠪᠡᠷ ᠬᠦᠭᠵᠢᠭᠦᠯᠵᠦ᠂ ᠠᠰᠢᠭ ᠲᠣᠰᠠ ᠶᠢᠨ ᠬᠤᠯᠪᠣᠭᠠᠳᠣ ᠵᠣᠬᠢᠴᠠᠮᠵᠢ ᠶᠢ ᠨᠢᠭᠳᠠᠷᠠᠭᠤᠯᠵᠣ᠂ ᠵᠣᠬᠢᠶᠠᠨ ᠪᠠᠶᠢᠭᠤᠯᠣᠯᠴᠠᠭᠰᠠᠨ᠂ ᠬᠡᠪᠴᠢᠶᠡᠵᠢᠭᠰᠡᠨ ᠦᠢᠯᠡᠳᠪᠦᠷᠢᠯᠡᠯ ᠤᠨ ᠬᠢᠷᠢ ᠲᠦᠪᠰᠢᠨ ᠢ ᠲᠣᠭᠳᠠᠭᠤᠨ ᠢᠶᠠᠷ ᠳᠡᠭᠡᠭᠰᠢᠯᠡᠭᠦᠯᠦᠨ᠎ᠡ᠃ ᠲᠠᠪᠣᠨ ᠵᠢᠯ ᠤᠨ ᠲᠣᠳᠣᠷ᠎ᠠ᠂ ᠮᠠᠯᠵᠢᠯ ᠤᠨ ᠣᠨ ᠤ ᠰᠦᠨᠢᠳ ᠬᠤᠨᠢ ᠶᠢ 80 ᠲᠦᠮᠡ ᠶᠢᠨ ᠲᠣᠳᠣᠷ᠎ᠠ ᠲᠣᠭᠳᠠᠪᠣᠷᠢᠵᠢᠭᠤᠯᠵᠣ᠂ ᠢᠳᠡᠰᠢᠨ ᠤ ᠦᠭᠡᠷ ᠢ 8 ᠲᠦᠮᠡ ᠠᠴᠠ ᠳᠡᠭᠡᠭᠰᠢ ᠪᠠᠶᠢᠯᠭᠠᠵᠣ᠂ ᠰᠦᠨᠢᠳ ᠬᠤᠣᠰ ᠪᠦᠬᠦᠲᠦ ᠲᠡᠮᠡᠭᠡ ᠶᠢ 1 ᠲᠦᠮᠡ ᠠᠴᠠ ᠳᠡᠭᠡᠭᠰᠢ ᠳᠤ ᠬᠦᠷᠭᠡᠨ᠎ᠡ᠃ 2026 ᠣᠨ ᠪᠣᠯᠬᠤ ᠳᠤ᠂ ᠨᠢᠭᠡᠳᠦᠭᠡᠷ ᠠᠵᠣ ᠦᠢᠯᠡᠰ ᠤᠨ ᠨᠡᠮᠡᠭᠳᠡᠯ ᠦᠷᠳᠡᠭ ᠢ ᠵᠢᠯ ᠲᠣᠮᠳᠠᠴᠢ 3% ᠣᠷᠴᠢᠮ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠠᠵᠣ ᠦᠢᠯᠡᠳᠪᠦᠷᠢ ᠶᠢᠨ ᠠᠵᠣ ᠠᠬᠤᠢ ᠶᠢᠨ ᠬᠡᠯᠪᠡᠷᠢ ᠶᠢ ᠬᠤᠪᠢᠷᠠᠭᠤᠯᠣᠨ ᠳᠡᠰ ᠳᠡᠪᠰᠢᠭᠦᠯᠬᠦ ᠶᠢ ᠠᠬᠢᠭᠤᠯᠣᠨ᠎ᠠ᠃ ᠣᠯᠣᠰ ᠤᠨ ᠡᠨᠧᠷᠬᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠪᠠᠶᠢᠯᠳᠣᠬᠤ ᠪᠣᠳᠣᠯᠭ᠎ᠠ ᠶᠢ ᠡᠷᠡᠰ ᠪᠠᠳᠣ ᠨᠠᠶᠢᠳᠠᠪᠣᠷᠢᠵᠢᠭᠤᠯᠵᠣ᠂ ᠠᠵᠣ ᠦᠢᠯᠡᠳᠪᠦᠷᠢ ᠶᠢᠨ ᠲᠣᠭᠤᠷᠢᠭ ᠢ ᠲᠦᠪᠯᠡᠷᠡᠭᠦᠯᠦᠨ ᠬᠦᠭᠵᠢᠭᠦᠯᠬᠦ ᠶᠢ ᠴᠢᠩᠭᠠᠳᠬᠠᠵᠣ᠂ ᠠᠵᠣ ᠠᠬᠤᠶᠢᠯᠠᠯ ᠤᠨ ᠬᠡᠯᠪᠡᠷᠢ ᠶᠢ ᠬᠤᠪᠢᠷᠠᠭᠤᠯᠣᠨ ᠳᠡᠰ ᠳᠡᠪᠰᠢᠭᠦᠯᠬᠦ ᠠᠯᠬᠤᠮ ᠢ ᠲᠦᠷᠭᠡᠳᠭᠡᠵᠦ ᠂ ︽ᠮᠣ᠋ ᠶᠢᠨ ᠣᠨᠠᠯᠳᠠ ᠶᠢᠨ ᠦᠷ᠎ᠡ ᠠᠰᠢᠭ ᠢ ᠳᠡᠭᠡᠭᠰᠢᠯᠡᠭᠦᠯᠬᠦ︾ ᠵᠢᠯᠣᠭᠤᠳᠣᠮᠵᠢ ᠶᠢ ᠪᠣᠢ ᠪᠣᠯᠭᠠᠵᠣ᠂ ᠪᠦᠬᠦ ᠬᠤᠰᠢᠭᠤᠨ ᠤ ᠠᠵᠣ ᠦᠢᠯᠡᠳᠪᠦᠷᠢ ᠶᠢ ︽ᠡᠬᠢ ᠪᠠᠶᠠᠯᠢᠭ ᠤᠨ ᠠᠵᠣ ᠦᠢᠯᠡᠰ︾ ᠠᠴᠠ ︽ᠣᠳᠣ ᠦᠶ᠎ᠡ ᠶᠢᠨ ᠠᠵᠣ ᠦᠢᠯᠡᠳᠪᠦᠷᠢ︾ ᠳᠡᠰᠢ ᠬᠤᠪᠢᠷᠠᠭᠤᠯᠬᠤ ᠶᠢ ᠠᠬᠢᠭᠤᠯᠣᠨ᠎ᠠ᠃ ᠰᠢᠯᠢ ᠶᠢᠨ ᠭᠤᠣᠯ ᠤᠨ ᠰᠢᠨ᠎ᠡ ᠡᠨᠧᠷᠬᠢ ᠶᠢᠨ ᠠᠵᠣ ᠠᠬᠤᠢ ᠶᠢᠨ ᠰᠢᠨ᠎ᠡ ᠶᠢ ᠡᠭᠦᠳᠦᠨ ᠬᠦᠭᠵᠢᠭᠦᠯᠬᠦ ᠲᠣᠭᠤᠷᠢᠭ ᠢ ᠡᠭᠦᠳᠬᠦ ᠬᠦᠭᠵᠢᠯᠳᠡ ᠶᠢᠨ ᠪᠠᠶᠢᠷᠢ ᠲᠣᠭᠳᠠᠭᠠᠯᠳᠠ ᠶᠢᠨ ᠲᠣᠭᠤᠷᠢᠨ ᠳᠤ᠂ ᠴᠡᠪᠡᠷ ᠡᠨᠧᠷᠬᠢ ᠶᠢᠨ ᠠᠵᠣ ᠦᠢᠯᠡᠰ ᠤᠨ ᠬᠦᠭᠵᠢᠯᠳᠡ ᠶᠢ ᠭᠤᠣᠯ ᠰᠢᠪᠳᠣᠯᠬᠤ ᠴᠢᠭᠯᠡᠯ ᠪᠣᠯᠭᠠᠵᠣ᠂ ᠦᠪᠡᠷᠳᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠬᠢᠯᠢ ᠬᠢᠵᠠᠭᠠᠷ ᠳᠠᠭᠠᠣ ᠲᠠᠴᠢᠷᠳᠠᠭᠰᠠᠨ ᠭᠠᠵᠠᠷ ᠣᠷᠣᠨ ᠳᠤ ᠰᠢᠨ᠎ᠡ ᠡᠨᠧᠷᠬᠢ ᠶᠢ ᠬᠦᠭᠵᠢᠭᠦᠯᠬᠦ ᠪᠣᠯᠣᠨ ᠠᠮᠢ ᠠᠬᠤᠢ ᠶᠢ ᠰᠡᠷᠭᠦᠭᠡᠨ ᠠᠭᠤᠰᠣᠯᠴᠠᠭᠤᠯᠣᠨ ᠬᠦᠭᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠬᠦ ᠠᠰᠢᠭᠳᠠᠢ ᠲᠣᠬᠢᠶᠠᠯ ᠳᠤ ᠲᠦᠰᠢᠭᠯᠡᠵᠦ᠂ ᠰᠠᠯᠬᠢᠨ᠂ ᠭᠡᠷᠡᠯ᠂ ᠬᠠᠳᠠᠭᠠᠯᠠᠬᠤ ᠭᠤᠷᠪᠠᠨ ᠶᠡᠭᠡ ᠠᠵᠣ ᠦᠢᠯᠡᠰ ᠤᠨ ᠰᠦᠷᠦᠭᠵᠢᠯ ᠢ ᠶᠡᠬᠡᠪᠡᠷ ᠬᠦᠭᠵᠢᠭᠦᠯᠵᠦ᠂ ᠰᠠᠯᠬᠢᠨ ᠴᠠᠬᠢᠯᠭᠠᠨ ᠤ ᠭᠤᠣᠯ ᠮᠠᠰᠢᠨ᠂ ᠰᠡᠩᠰᠡ᠂ ᠬᠡᠷᠡᠯ ᠤᠨ ᠡᠨᠧᠷᠬᠢ ᠶᠢᠨ ᠲᠣᠨᠣᠭᠯᠠᠯ ᠢ ᠦᠢᠯᠡᠳᠬᠦ ᠵᠢᠴᠢ ᠰᠠᠯᠬᠢᠨ ᠬᠦᠴᠦᠨ ᠤ ᠴᠠᠬᠢᠯᠭᠠᠨ ᠭᠠᠷᠭᠠᠬᠤ ᠶᠡᠭᠡ ᠲᠤᠭ᠎ᠠ ᠪᠠᠷᠢᠮᠳᠠ ᠶᠢᠨ ᠬᠡᠷᠡᠭᠯᠡᠭᠡ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ ᠬᠠᠭᠤᠴᠢᠨ ᠬᠠᠶᠠᠭᠳᠠᠮᠠᠯ ᠲᠦᠬᠦᠭᠡᠷᠦᠮᠵᠢ ᠶᠢ ᠬᠤᠷᠢᠶᠠᠨ ᠰᠢᠢᠳᠪᠦᠷᠢᠯᠡᠬᠦ ᠵᠡᠷᠭᠡ ᠲᠦᠷᠦᠯ ᠵᠦᠢᠯ ᠢ ᠰᠠᠭᠤᠷᠢᠰᠢᠭᠤᠯᠵᠣ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ ᠪᠦᠬᠦ ᠠᠵᠣ ᠦᠢᠯᠡᠰ ᠤᠨ ᠬᠡᠯᠬᠢᠶ᠎ᠡ ᠶᠢ ᠬᠦᠭᠵᠢᠭᠦᠯᠵᠦ᠂ ᠰᠢᠨ᠎ᠡ ᠠᠵᠣ ᠠᠬᠤᠢ ᠶᠢᠨ ᠨᠡᠮᠡᠭᠳᠡᠯ ᠢ ᠡᠭᠦᠳᠦᠨ᠎ᠡ᠃ 2026 ᠣᠨ ᠪᠣᠯᠬᠤ ᠳᠤ᠂ ᠬᠤᠶᠠᠳᠣᠭᠠᠷ ᠠᠵᠣ ᠦᠢᠯᠡᠰ ᠤᠨ ᠨᠡᠮᠡᠭᠳᠡᠯ ᠦᠷᠳᠡᠭ ᠢ ᠵᠢᠯ ᠳᠣᠮᠳᠠᠴᠢ 6% ᠣᠷᠴᠢᠮ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠦᠢᠯᠡᠴᠢᠯᠡᠭᠡᠨ ᠤ ᠦᠢᠯᠡᠰ ᠤᠨ ᠲᠦᠷᠭᠡᠨ ᠬᠦᠭᠵᠢᠯᠳᠡ ᠶᠢ ᠠᠬᠢᠭᠤᠯᠣᠨ᠎ᠠ᠃ ᠪᠦᠬᠦ ᠣᠯᠣᠰ ᠤᠨ ᠣᠣᠭᠠᠨ ᠣᠯᠠᠭᠠᠠᠮᠦ᠋ᠴᠢᠷ ᠤᠨ ᠦᠯᠦᠭᠡᠢ᠂ ᠵᠢᠷᠦᠭᠡ ᠴᠡᠷᠢᠭ ᠤᠨ ᠪᠣᠯᠪᠠᠰᠣᠷᠠᠯ ᠤᠨ ᠰᠠᠭᠤᠷᠢᠨ ᠭᠠᠵᠠᠷ ᠤᠨ ᠲᠠᠶᠢᠨ ᠤ ᠲᠠᠯᠠᠪᠣᠷ ᠤᠨ ᠴᠡᠷᠢᠭ ᠢ ᠰᠢᠯᠭᠠᠨ ᠦᠵᠡᠬᠦ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠳᠠᠮᠵᠢᠨ ᠦᠩᠭᠡᠷᠡᠬᠦ ᠭᠠᠵᠠᠷ ᠵᠡᠷᠭᠡ ᠳᠠᠪᠠᠭᠤᠯᠢᠭ ᠡᠬᠢ ᠪᠠᠶᠠᠯᠢᠭ ᠢ ᠬᠦᠨᠵᠡᠭᠡᠢ ᠠᠭᠤᠳᠠᠯᠯᠠᠵᠣ᠂ ᠣᠷᠣᠨ ᠲᠣᠭᠤᠷᠢᠭ ᠤᠨ ᠬᠤᠭᠤᠷᠣᠨᠳᠣᠬᠢ ᠡᠬᠢ ᠪᠠᠶᠠᠯᠢᠭ ᠢ ᠬᠠᠮᠳᠣᠪᠡᠷ ᠡᠳ᠋ᠯᠡᠬᠦ ᠪᠣᠯᠣᠨ ᠪᠠᠶᠢᠯᠳᠣᠬᠤ ᠪᠣᠳᠣᠯᠭ᠎ᠠ ᠶᠢᠨ ᠬᠠᠮᠳᠣᠷᠠᠯᠴᠠᠭ᠎ᠠ ᠶᠢ ᠴᠢᠩᠭᠠᠳᠬᠠᠵᠣ᠂ ᠵᠢᠭᠤᠯᠴᠢᠯᠠᠯ ᠤᠨ ᠲᠦᠬᠦᠭᠡᠷᠦᠮᠵᠢ ᠶᠢ ᠲᠡᠭᠦᠯᠳᠡᠷᠵᠢᠭᠦᠯᠵᠦ᠂ ᠵᠢᠭᠤᠯᠴᠢᠯᠠᠯ ᠤᠨ ᠡᠵᠡᠩᠨᠡᠯᠳᠡ ᠶᠢᠨ ᠬᠡᠯᠪᠡᠷᠢ ᠶᠢ ᠪᠠᠶᠠᠯᠢᠭᠵᠢᠭᠤᠯᠵᠣ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠦᠷᠭᠡᠳᠭᠡᠨ᠂ ᠪᠦᠬᠦ ᠣᠷᠣᠨ ᠲᠣᠭᠤᠷᠢᠭ ᠤᠨ ᠵᠢᠭᠤᠯᠴᠢᠯᠠᠯ ᠪᠣᠯᠣᠨ ︽ᠰᠣᠶᠣᠯ ᠵᠢᠭᠤᠯᠴᠢᠯᠠᠯ +︾ ︽ᠪᠡᠶ᠎ᠡ ᠲᠠᠮᠢᠷ +︾ ᠢ ᠠᠭᠤᠰᠣᠯᠴᠠᠭᠤᠯᠣᠨ ᠬᠦᠭᠵᠢᠭᠦᠯᠬᠦ  ᠶᠢ ᠪᠦᠬᠦ ᠲᠠᠯ᠎ᠠ ᠪᠠᠷ ᠠᠬᠢᠭᠤᠯᠣᠨ᠎ᠠ᠃ 2026 ᠣᠨ ᠪᠣᠯᠬᠤ ᠳᠤ᠂ ᠵᠢᠭᠤᠯᠴᠢᠯᠠᠭᠰᠠᠳ ᠤᠨ ᠲᠤᠭ᠎ᠠ ᠪᠣᠯᠣᠨ ᠵᠢᠭᠤᠯᠴᠢᠯᠠᠯ ᠤᠨ ᠣᠷᠣᠯᠭ᠎ᠠ ᠶᠢ ᠲᠣᠰᠪᠦᠷᠢ 70 ᠲᠦᠮᠡᠨ ᠬᠦᠮᠦᠨ ᠣᠳᠠᠭ᠎ᠠ ᠪᠣᠯᠣᠨ 2.5 ᠳ᠋ᠦᠩᠰᠢᠭᠤᠷ ᠲᠦᠭᠦᠷᠢᠭ ᠢ ᠳᠠᠪᠠᠭᠤᠯᠬᠤ ᠶᠢ ᠴᠢᠷᠮᠠᠶᠢᠨ ᠪᠡᠶᠡᠯᠡᠭᠦᠯᠦᠨ᠎ᠡ᠃ ᠲᠣᠰᠬᠠᠢ ᠵᠠᠬ᠎ᠠ ᠳᠡᠯᠭᠡᠭᠦᠷ ᠢ ᠬᠦᠭᠵᠢᠭᠦᠯᠦᠨ ᠬᠦᠴᠦᠷᠭᠡᠭᠵᠢᠭᠦᠯᠵᠦ᠂ ᠡᠯᠧᠺᠲᠷᠣᠨ ᠬᠤᠳᠠᠯᠳᠣᠭᠠᠨ ᠤ ᠭᠦᠢᠯᠭᠡᠭᠡ᠂ ᠬᠦᠢᠳᠡᠨ ᠬᠡᠯᠬᠢᠶᠡᠳᠦ ᠲᠣᠬᠢᠷᠠᠭᠤᠯᠣᠨ ᠬᠦᠷᠭᠡᠬᠦ ᠂ ᠮᠡᠳᠡᠭᠡ ᠵᠠᠩᠭᠢ ᠶᠢᠨ ᠲᠠᠪᠴᠠᠩ ᠤᠨ ᠪᠦᠲᠦᠭᠡᠨ ᠪᠠᠶᠢᠭᠤᠯᠣᠯᠳᠠ ᠶᠢ ᠲᠦᠷᠭᠡᠨ ᠠᠬᠢᠭᠤᠯᠵᠣ᠂ ᠶᠡᠭᠡ ᠲᠤᠭ᠎ᠠ ᠪᠠᠷᠢᠮᠳᠠ᠂ ᠡᠭᠦᠯᠡᠨ ᠪᠣᠳᠣᠯᠳᠠ᠂ ︽ᠢᠨᠲ᠋ᠧᠷᠨᠧᠲ ᠰᠦᠯᠵᠢᠶ᠎ᠡ +︾  ᠵᠡᠷᠭᠡ ᠣᠳᠣ ᠦᠶ᠎ᠡ ᠶᠢᠨ ᠮᠡᠳᠡᠭᠡ ᠵᠠᠩᠭᠢ  ᠶᠢᠨ ᠮᠡᠷᠭᠡᠵᠢᠯ ᠢ ᠠᠰᠢᠭᠯᠠᠵᠣ᠂ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠪᠣᠯᠣᠨ ᠰᠢᠨ᠎ᠡ ᠬᠡᠯᠪᠡᠷᠢ ᠶᠢᠨ ᠠᠵᠣ ᠦᠢᠯᠡᠳᠪᠦᠷᠢ ᠶᠢᠨ ᠬᠠᠷᠢᠯᠴᠠᠨ ᠠᠭᠤᠰᠣᠯᠴᠠᠬᠤ ᠶᠢ ᠠᠬᠢᠭᠤᠯᠣᠨ᠎ᠠ᠃ 2026 ᠣᠨ ᠪᠣᠯᠬᠤ ᠳᠤ᠂ ᠭᠤᠷᠪᠠᠳᠣᠭᠠᠷ ᠠᠵᠣ ᠦᠢᠯᠡᠰ ᠤᠨ ᠨᠡᠮᠡᠭᠳᠡᠯ ᠦᠷᠳᠡᠭ ᠢ ᠵᠢᠯ ᠳᠣᠮᠳᠠᠴᠢ 6% ᠣᠷᠴᠢᠮ ᠨᠡᠮᠡᠭᠳᠡᠭᠦᠯᠬᠦ ᠶᠢ ᠪᠡᠶᠡᠯᠡᠭᠦᠯᠦᠨ᠎ᠡ᠃      ︵ᠭᠤᠷᠪᠡ︶ ᠬᠤᠳᠠ ᠬᠦᠳᠡᠭᠡ ᠶᠢᠨ ᠵᠤᠬᠢᠴᠠᠩᠭᠤᠢ ᠬᠦᠭᠵᠢᠯᠳᠠ ᠶᠢ ᠪᠠᠳᠤᠯᠠᠵᠦ᠂ ᠴᠢᠨᠠᠷᠯᠢᠭ ᠬᠦᠭᠵᠢᠯᠳᠡ  ᠶᠢᠨ ᠠᠴᠢᠶᠠᠯᠠᠪᠤᠷᠢ ᠶᠢᠨ ᠴᠢᠳᠠᠪᠬᠢ ᠶᠢ ᠲᠡᠭᠡᠭᠰᠢᠯᠡᠬᠦᠯᠦᠨ᠎ᠡ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠤᠯᠤᠨ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠬᠠᠷᠢᠴᠠᠭ᠎ᠠ ᠶᠢ ᠤᠨᠤᠪᠴᠢᠳᠠᠢ ᠡᠵᠡᠮᠰᠢᠵᠦ᠂ ᠬᠤᠳᠠ ᠪᠠᠯᠭᠠᠰᠤᠨ ᠤ ᠨᠠᠷᠢᠯᠢᠭᠵᠢᠭᠰᠠᠨ ᠬᠠᠮᠢᠶᠠᠷᠤᠯᠳᠠ ᠶᠢᠨ ᠬᠢᠷᠢ ᠲᠦᠪᠰᠢᠨ ᠢ ᠦᠨᠡᠨᠬᠦ ᠲᠡᠭᠡᠭᠰᠢᠯᠡᠬᠦᠯᠵᠦ᠂ ᠬᠤᠳᠠ ᠬᠦᠳᠡᠭᠡ ᠶᠢᠨ ᠰᠠᠭᠤᠷᠢ ᠲᠦᠬᠦᠭᠡᠷᠤᠮᠵᠢ ᠶᠢ ᠲᠡᠰ ᠲᠡᠪᠰᠢᠬᠦᠯᠦᠨ ᠦᠭᠡᠷᠡᠴᠢᠯᠠᠬᠦ ᠢᠨᠵᠧᠨᠧᠷᠢᠩ ᠢ ᠬᠦᠨᠵᠡᠬᠡᠢ ᠭᠡᠷᠡᠭᠵᠢᠬᠦᠯᠵᠦ᠂ ᠤᠯᠠᠨ ᠨᠠᠶᠢᠳᠠ ᠶᠢᠨ ᠦᠢᠯᠡᠴᠢᠯᠠᠭᠡᠨ ᠤ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠨ᠂ ᠬᠤᠳᠠ ᠬᠦᠳᠡᠭᠡ ᠶᠢᠨ ᠠᠭᠤᠰᠤᠯᠴᠠᠯ ᠬᠦᠭᠵᠢᠯᠳᠡ᠂ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢᠨ ᠰᠢᠨ᠎ᠡ ᠭᠡᠪ ᠪᠠᠶᠢᠳᠠᠯ ᠢ ᠪᠦᠷᠢᠯᠳᠤᠬᠦᠯᠵᠦ᠂ ᠤᠷᠤᠰᠢᠨ ᠠᠮᠢᠳᠤᠷᠠᠬᠤ᠂ ᠦᠢᠯᠡᠰ ᠪᠦᠳᠤᠭᠡᠬᠦ᠂ ᠵᠢᠭᠤᠯᠴᠢᠯᠠᠬᠤ ᠳᠤ ᠲᠤᠬᠢᠷᠠᠮᠵᠢᠳᠠᠢ ᠰᠠᠶᠢᠨ ᠰᠠᠶᠢᠬᠠᠨ ᠤᠷᠴᠢᠨ ᠢ ᠡᠬᠦᠳᠴᠦ᠂ ᠠᠷᠠᠳ ᠤᠯᠠᠨ ᠤ ᠠᠮᠢᠳᠤᠷᠠᠯ ᠤᠨ ᠴᠢᠨᠡᠷ ᠴᠢᠨᠰᠠᠭ᠎ᠠ ᠶᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠬᠤᠳᠠ ᠪᠠᠯᠭᠠᠰᠤᠨ ᠤ ᠴᠢᠨᠡᠷ ᠴᠢᠨᠰᠠᠭ᠎ᠠ ᠶᠢ ᠲᠡᠭᠡᠭᠰᠢᠯᠡᠬᠦᠯᠦᠨ᠎ᠡ᠃ ︽ᠬᠤᠳᠠ ᠪᠠᠯᠭᠠᠰᠤ ᠶᠢ ᠡᠵᠡᠩᠨᠡᠬᠦ︾ ᠤᠶᠢᠯᠠᠭᠠᠭᠳᠠᠬᠤᠨ ᠢ ᠬᠤᠳᠠ ᠪᠠᠯᠭᠠᠰᠤᠨ ᠤ ᠲᠦᠯᠦᠪᠵᠢᠬᠦᠯᠬᠡ᠂ ᠪᠦᠳᠤᠭᠡᠨ ᠪᠠᠶᠢᠭᠤᠯᠤᠯᠳᠠ᠂ ᠬᠠᠮᠢᠶᠠᠷᠤᠯᠳᠠ ᠶᠢᠨ ᠪᠦᠬᠦ ᠶᠠᠪᠤᠴᠠ ᠳᠤ ᠲᠤᠤᠱᠯᠠᠭᠤᠯᠵᠦ᠂ ᠬᠤᠳᠠ ᠶᠢ ᠰᠢᠨᠡᠴᠢᠯᠠᠬᠦ ᠠᠵᠢᠯᠯᠠᠭ᠎ᠠ  ᠶᠢ ᠬᠦᠨᠵᠡᠬᠡᠢ ᠭᠡᠷᠡᠭᠵᠢᠬᠦᠯᠵᠦ᠂ ᠬᠤᠳᠠ ᠪᠠᠯᠭᠠᠰᠤᠨ ᠤ ᠵᠡᠬᠡᠯᠢ ᠵᠡᠮ᠂ ᠬᠤᠭᠤᠯᠠᠢ ᠲᠤᠤᠷ᠂ ᠬᠤᠭ ᠨᠤᠪᠰᠢ ᠪᠡ ᠪᠤᠬᠢᠷ ᠤᠰᠤ ᠶᠢ ᠰᠢᠢᠳᠪᠤᠷᠢᠯᠡᠬᠦ᠂ ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠤᠨ ᠦᠬᠡᠷᠡᠴᠢᠯᠠᠯᠳᠠ᠂ ᠬᠤᠳᠠ  ᠶᠢᠨ ᠨᠤᠭᠤᠭᠠᠷᠠᠭᠤᠯᠤᠯᠳᠠ ᠭᠤᠸᠠᠯᠢᠭᠵᠢᠭᠤᠯᠤᠯᠳᠠ ᠵᠡᠷᠭᠡ ᠬᠤᠳᠠ ᠶᠢᠨ ᠶᠠᠪᠤᠳᠠᠯ ᠤᠨ ᠢᠨᠵᠧᠨᠧᠷᠢᠩ ᠢ ᠨᠢᠭᠡᠳᠤᠯᠳᠠᠢ ᠲᠦᠯᠦᠪᠯᠡᠨ ᠠᠬᠢᠭᠤᠯᠵᠦ᠂ ᠬᠤᠳᠠ ᠪᠠᠯᠭᠠᠰᠤᠨ ᠤ ᠤᠷᠤᠨ ᠵᠠᠢ ᠶᠢ ᠲᠠᠰᠤᠷᠠᠯᠳᠠ ᠦᠬᠡᠢ ᠰᠢᠯᠢᠳᠡᠭᠵᠢᠬᠦᠯᠦᠨ᠂ ᠬᠤᠳᠠ ᠪᠠᠯᠭᠠᠰᠤᠨ ᠤ ᠴᠢᠳᠠᠪᠤᠷᠢ ᠶᠢ ᠦᠷᠬᠦᠯᠵᠢᠯᠠᠨ ᠲᠡᠬᠦᠯᠳᠡᠷᠵᠢᠬᠦᠯᠦᠨ᠎ᠡ᠃ ᠭᠤᠤᠯᠳᠠᠯᠭ᠎ᠠ ᠲᠠᠢ ᠰᠢᠪᠳᠤᠯᠤᠯᠳᠠ ᠬᠢᠬᠦ ᠪᠠᠷ ᠲᠡᠮᠵᠢᠨ ᠪᠦᠬᠦᠯᠢ ᠴᠤᠭᠴᠠ ᠶᠢᠨ ᠠᠬᠢᠭᠤᠯᠤᠯᠳᠠ ᠶᠢ ᠲᠠᠶᠢᠴᠢᠯᠠᠵᠦ᠂ ᠰᠠᠶᠢᠬᠠᠨᠳᠠᠯ᠎ᠠ ᠪᠠᠯᠭᠠᠰᠤᠨ ᠤ ᠦᠢᠷ᠎ᠡ ᠬᠠᠪᠢ ᠶᠢᠨ ᠤᠷᠴᠢᠨ ᠲᠤᠭᠤᠷᠢᠨ ᠢ ᠶᠡᠷᠦᠩᠭᠡᠶᠢᠯᠡᠨ ᠴᠡᠭᠴᠡᠯᠡᠨ ᠵᠠᠰᠠᠬᠤ ᠪᠡ ᠲᠡᠮᠤᠷ ᠵᠡᠮ ᠤᠨ ᠬᠠᠪᠢ ᠳᠠᠬᠢ ᠪᠠᠶᠢᠰᠢᠩ ᠭᠡᠷ ᠤᠨ ᠲᠤᠭᠤᠷᠢᠭ ᠤᠨ ᠦᠬᠡᠷᠡᠴᠢᠯᠠᠯᠳᠠ ᠶᠢ ᠠᠯᠬᠤᠮ ᠬᠤᠪᠢᠶᠠᠨ ᠠᠬᠢᠭᠤᠯᠤᠨ᠎ᠠ᠃ ᠤᠶᠤᠨᠳᠤ ᠬᠤᠳᠠ  ᠶᠢᠨ ᠬᠠᠮᠢᠶᠠᠷᠤᠯᠳᠠ᠂ ᠤᠶᠤᠨᠳᠤ ᠲᠤᠳᠤᠭᠠᠳᠤ ᠶᠢ ᠬᠠᠮᠠᠭᠠᠯᠠᠬᠤ ᠵᠡᠷᠭᠡ ᠭᠡᠷᠡᠭᠯᠡᠭᠡᠨ ᠤ ᠪᠠᠶᠢᠭᠤᠯᠤᠯᠳᠠ ᠶᠢ ᠲᠦᠷᠭᠡᠳᠭᠡᠵᠦ᠂ ᠲᠤᠭ᠎ᠠ ᠪᠡᠷᠢᠮᠳᠠ ᠶᠢᠨ ︽ᠬᠤᠷᠢᠶᠠᠨ ᠴᠤᠭᠯᠠᠭᠤᠯᠵᠦ ᠨᠠᠶᠢᠳᠠᠮ ᠭᠡᠷᠡᠭᠯᠡᠬᠦ︾ ᠭᠡᠯᠬᠢᠶ᠎ᠠ ᠶᠢ ᠨᠡᠪᠳᠡᠷᠡᠬᠦᠯᠵᠦ᠂ ᠡᠷᠴᠢᠮᠵᠢᠭᠰᠡᠨ ᠦᠨᠳᠤᠷ ᠪᠦᠳᠤᠮᠵᠢᠳᠡᠢ᠂ ᠨᠡᠭᠡᠭᠡᠯᠳᠡ ᠬᠢᠵᠦ ᠬᠠᠮᠳᠤᠪᠡᠷ ᠡᠳ᠋ᠯᠡᠬᠦ᠂ ᠠᠮᠤᠷ ᠲᠦᠪᠰᠢᠨ ᠨᠠᠶᠢᠳᠠᠪᠤᠷᠢᠳᠠᠢ ᠤᠶᠤᠨᠳᠤ ᠬᠤᠳᠠ ᠪᠠᠯᠭᠠᠰᠤᠨ ᠤ ᠲᠤᠯᠭᠠᠭᠤᠷᠢᠯᠠᠬᠤ ᠲᠤᠭᠳᠠᠯᠴᠠᠭ᠎ᠠ ᠶᠢ ᠪᠦᠷᠢᠯᠳᠤᠬᠦᠯᠵᠦ ᠂ ᠨᠠᠷᠢᠯᠢᠭᠵᠢᠭᠰᠠᠨ ᠬᠠᠮᠢᠶᠠᠷᠤᠯᠳᠠ ᠶᠢᠨ ᠬᠢᠷᠢ ᠲᠦᠪᠰᠢᠨ ᠢ ᠪᠦᠬᠦ ᠬᠦᠴᠦ ᠪᠠᠷ ᠢᠶᠠᠨ ᠲᠡᠭᠡᠭᠰᠢᠯᠡᠬᠦᠯᠦᠨ᠎ᠡ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠬᠦ ᠬᠦᠴᠦ ᠪᠠᠷ ᠢᠶᠠᠨ ᠠᠬᠢᠭᠤᠯᠤᠨ᠎ᠠ᠃ ᠲᠠᠪᠤᠨ ᠵᠢᠯ ᠤᠨ ᠰᠢᠯᠵᠢᠯᠳᠠ ᠶᠢᠨ ᠬᠤᠭᠤᠴᠠᠭᠠᠨ ᠤ ᠬᠠᠷᠠᠯᠳᠠᠳᠤ ᠡᠬᠦᠷᠭᠡ ᠳᠤ ᠲᠦᠪᠯᠡᠷᠡᠬᠦᠯᠵᠦ᠂ ︽ᠲᠦᠷᠪᠡ ᠶᠢ ᠦᠯᠦ ᠲᠠᠶᠠᠭᠳᠠᠬᠤ ︾20 ᠶᠢ ᠴᠢᠩᠭ᠎ᠠ ᠨᠠᠶᠢᠳᠠᠪᠤᠷᠢᠵᠢᠭᠤᠯᠵᠦ᠂ ᠭᠤᠤᠯ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢᠨ ᠶᠡᠷᠦᠩᠭᠡᠢ  ᠳᠡᠭᠡᠨ ᠲᠤᠭᠳᠠᠭᠤᠨ ᠪᠠᠶᠢᠬᠤ ᠶᠢ ᠪᠠᠳᠤᠯᠠᠵᠦ᠂ ᠲᠠᠬᠢᠨ ᠶᠠᠳᠠᠭᠤᠷᠠᠬᠤ ᠶᠢ ᠬᠢᠨᠠᠨ ᠲᠦᠰᠦᠭᠡᠯᠡᠬᠦ ᠪᠡ ᠬᠠᠪᠰᠤᠷᠤᠨ ᠲᠡᠳᠬᠦᠬᠦ ᠵᠤᠬᠢᠴᠠᠮᠵᠢ ᠶᠢ ᠪᠦᠷᠢᠯᠳᠤᠬᠦᠯᠵᠦ᠂ ᠶᠠᠳᠠᠭᠤ ᠠᠴᠠ ᠠᠩᠬᠢᠵᠢᠷᠠᠭᠤᠯᠬᠤ ᠴᠢᠨᠡᠷ ᠴᠢᠨᠰᠠᠭ᠎ᠠ ᠶᠢ ᠪᠦᠬᠦ ᠲᠠᠯ᠎ᠠ  ᠪᠠᠷ ᠪᠠᠬᠢᠵᠢᠬᠦᠯᠦᠨ ᠲᠡᠭᠡᠭᠰᠢᠯᠡᠬᠦᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠶᠡᠭᠡᠪᠡᠷ ᠭᠡᠷᠡᠭᠵᠢᠬᠦᠯᠵᠦ᠂ ︽ᠠᠵᠦ ᠦᠢᠯᠡᠰ ᠬᠦᠭᠵᠢᠨ ᠮᠠᠨᠳᠤᠭᠰᠠᠨ᠂ ᠠᠮᠢ ᠠᠬᠤᠢ ᠰᠠᠶᠢᠵᠢᠷᠠᠭᠰᠠᠨ᠂ ᠬᠦᠳᠡᠭᠡ ᠶᠢᠨ ᠰᠤᠷᠳᠠᠯ ᠪᠤᠯᠪᠠᠰᠤᠨ᠂ ᠵᠠᠰᠠᠯᠳᠠ ᠦᠷ᠎ᠡ ᠪᠦᠳᠤᠮᠵᠢᠳᠠᠢ᠂ ᠠᠮᠢᠳᠤᠷᠠᠯ ᠴᠢᠨᠡᠭᠡᠯᠢᠭ ᠪᠠᠶᠢᠬᠤ︾ ᠨᠡᠶᠢᠬᠡᠮ ᠵᠢᠷᠤᠮᠳᠤ ᠤᠳᠤᠬᠢᠴᠢᠯᠠᠭᠰᠠᠨ ᠮᠠᠯᠵᠢᠬᠤ ᠲᠠᠷᠢᠶᠠᠯᠠᠬᠤ ᠤᠷᠤᠨ ᠢ ᠪᠦᠳᠤᠭᠡᠨ ᠪᠠᠶᠢᠭᠤᠯᠵᠦ᠂ ᠪᠦᠬᠦ ᠤᠷᠤᠨ ᠤ ᠮᠠᠯᠵᠢᠬᠤ ᠬᠤᠰᠢᠭᠤ ᠰᠢᠶᠠᠨ ᠤ ︽ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠵᠢᠱᠢᠶᠠᠴᠢ ᠬᠤᠰᠢᠭᠤ︾ ᠶᠢ ᠡᠬᠦᠳᠤᠨ ᠪᠠᠶᠢᠭᠤᠯᠬᠤ ᠳᠤ ᠪᠠᠳᠤ ᠪᠠᠬᠢ ᠰᠠᠭᠤᠷᠢ ᠲᠠᠯᠪᠢᠨ᠎ᠡ᠃ ᠠᠶᠢᠮᠠᠭ ᠤᠨ ᠲᠠᠰ ᠤᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠲᠤᠷᠰᠢᠯᠳᠠ ᠶᠢᠨ ᠴᠡᠭ ᠤᠨ ᠵᠢᠱᠢᠶ᠎ᠠ ᠦᠵᠡᠬᠦᠯᠬᠦ ᠭᠠᠴᠠᠭᠠᠨ ᠤ ᠲᠦᠷᠦ ᠶᠢᠨ ᠪᠤᠳᠤᠯᠭ᠎ᠠ ᠶᠢᠨ ᠠᠵᠠ ᠲᠤᠬᠢᠶᠠᠯ ᠢ ᠴᠢᠩᠭ᠎ᠠ ᠠᠳᠬᠤᠵᠦ᠂ ︽ᠠᠵᠢᠯ ᠪᠤᠯᠭᠠᠨ ᠢᠶᠠᠨ ᠴᠢᠷᠮᠠᠶᠢᠨ ᠪᠡᠶᠡᠯᠡᠬᠦᠯᠵᠦ᠂ ᠨᠡᠶᠢᠳᠡᠮ ᠳᠡᠭᠡᠨ ᠰᠠᠶᠢᠨ ᠪᠠᠶᠢᠳᠠᠯ ᠢ ᠪᠦᠷᠢᠯᠳᠤᠬᠦᠯᠵᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ︾ ᠠᠵᠢᠯ ᠤᠨ ᠰᠡᠳᠬᠢᠴᠠ ᠶᠤᠰᠤᠭᠠᠷ᠂ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠯᠳᠠ ᠶᠢᠨ ᠪᠦᠳᠤᠭᠡᠨ ᠪᠠᠶᠢᠭᠤᠯᠤᠯᠳᠠ ᠪᠠᠷ ᠠᠴᠢᠶᠠᠯᠠᠪᠤᠷᠢ ᠪᠤᠯᠭᠠᠵᠦ᠂ ᠠᠮᠢ ᠠᠬᠤᠢ ᠶᠢᠨ ᠮᠠᠯ ᠠᠵᠦ ᠠᠬᠤᠢ᠂ ᠤᠨᠴᠠᠯᠢᠭᠳᠤ ᠲᠠᠷᠢᠵᠦ ᠲᠡᠵᠢᠭᠡᠬᠦ᠂ ᠤᠯᠠᠮᠵᠢᠯᠠᠯᠳᠤ ᠴᠠᠭᠠᠨ ᠢᠳᠡᠭᠡᠨ ᠵᠡᠷᠭᠡ ᠲᠠᠪᠠᠭᠤᠯᠢᠭ ᠠᠵᠦ ᠦᠢᠯᠠᠰ ᠪᠡ ᠴᠢᠳᠠᠪᠤᠷᠢᠳᠠᠨ ᠢ ᠬᠦᠮᠦᠵᠢᠬᠦᠯᠬᠦ ᠪᠠᠷ ᠪᠦᠳᠤᠮᠵᠢᠳᠡᠢ ᠭᠠᠷᠳᠠᠴᠠ ᠪᠤᠯᠭᠠᠵᠦ᠂ ᠭᠠᠴᠠᠭ᠎ᠠ ᠲᠤᠰᠬᠤᠨ ᠤ ᠬᠠᠮᠳᠤ ᠶᠢᠨ ᠠᠵᠦ ᠠᠬᠤᠢ ᠶᠢ ᠶᠡᠭᠡᠪᠡᠷ ᠬᠦᠭᠵᠢᠬᠦᠯᠵᠦ᠂ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠶᠢᠭᠤᠯᠤᠯᠳᠠ ᠪᠡ ᠤᠯᠠᠨ ᠨᠠᠶᠢᠳᠠ ᠶᠢᠨ ᠢᠵᠢ ᠪᠦᠷᠢᠨ ᠦᠢᠯᠡᠴᠢᠯᠡᠭᠡ ᠶᠢ ᠲᠠᠰᠤᠷᠠᠯᠳᠠ ᠦᠬᠡᠢ ᠲᠡᠬᠦᠯᠳᠡᠷᠵᠢᠬᠦᠯᠵᠦ᠂ ᠭᠠᠴᠠᠭ᠎ᠠ ᠲᠤᠰᠬᠤᠨ ᠤ ᠠᠵᠦ ᠠᠬᠤᠢ ᠶᠢᠨ ᠬᠦᠭᠵᠢᠯᠳᠡ ᠶᠢᠨ ᠲᠤᠳᠤᠭᠠᠳᠤ ᠬᠦᠳᠡᠯᠭᠡᠭᠴᠢ ᠬᠦᠴᠦᠨ ᠢ ᠬᠦᠭᠵᠢᠬᠡᠨ᠎ᠡ᠃ ᠠᠷᠠᠳ ᠤᠯᠠᠨ ᠤ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠵᠦ ᠰᠠᠶᠢᠵᠢᠷᠠᠭᠤᠯᠬᠤ ᠠᠵᠢᠯᠯᠠᠭ᠎ᠠ ᠶᠢ ᠦᠷᠬᠦᠯᠵᠢᠯᠠᠨ ᠠᠬᠢᠭᠤᠯᠵᠦ᠂ ᠰᠢᠨ᠎ᠡ ᠴᠠᠭ ᠦᠶ᠎ᠠ ᠶᠢᠨ ᠪᠤᠯᠪᠠᠰᠤᠨ ᠦᠢᠯᠡᠳᠤᠯᠬᠡ ᠶᠢ ᠬᠦᠨᠵᠡᠬᠡᠢ ᠦᠷᠨᠢᠬᠦᠯᠵᠦ᠂ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠨᠡᠶᠢᠬᠡᠮ ᠤᠨ ᠬᠠᠮᠢᠶᠠᠷᠤᠯᠳᠠ ᠪᠡ ᠦᠢᠯᠡᠴᠢᠯᠠᠭᠡᠨ ᠤ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠤᠨᠴᠠᠯᠢᠭᠳᠤ ᠲᠦᠷᠦᠯ ᠲᠡᠮᠳᠡᠭ ᠢ ᠡᠬᠦᠳᠤᠨ᠎ᠡ       ︵ᠲᠦᠷᠪᠡ︶ ᠦᠬᠡᠷᠡᠴᠢᠯᠠᠯᠳᠠ ᠶᠢᠨ ᠰᠢᠨᠵᠢᠯᠡᠭᠡ ᠮᠡᠷᠭᠡᠵᠢᠯ ᠤᠨ ᠰᠡᠳᠬᠢᠬᠦᠢ ᠶᠢ ᠪᠡᠷᠢᠮᠳᠠᠯᠠᠵᠦ᠂ ᠴᠢᠨᠠᠷᠯᠢᠭ ᠬᠦᠭᠵᠢᠯᠳᠡ ᠶᠢᠨ ᠴᠤ᠋ ᠰᠢᠨ᠎ᠡ ᠬᠦᠳᠡᠯᠭᠡᠭᠴᠢ ᠬᠦᠴᠦᠨ ᠢ ᠬᠦᠭᠵᠢᠬᠡᠨ᠎ᠡ᠃ ᠦᠵᠡᠯ ᠰᠠᠨᠠᠭ᠎ᠠ ᠪᠠᠨ ᠦᠬᠡᠷᠡᠴᠢᠯᠠᠨ ᠰᠢᠨᠡᠴᠢᠯᠠᠬᠦ ᠪᠠᠷ ᠲᠠᠮᠵᠢᠭᠤᠯᠤᠨ ᠦᠢᠯᠡ ᠠᠵᠢᠯᠯᠠᠭ᠎ᠠ ᠪᠠᠨ ᠬᠦᠳᠤᠯᠤᠨ ᠲᠠᠭᠠᠭᠤᠯᠵᠦ᠂ ︽ᠬᠤᠤᠰ ᠡᠷᠬᠢᠯᠳᠡᠳᠤ︾ ᠰᠢᠨ᠎ᠡ ᠬᠦᠭᠵᠢᠯᠳᠡ ᠶᠢᠨ ᠭᠡᠪ ᠪᠠᠶᠢᠳᠠᠯ ᠳᠤ ᠪᠦᠬᠦ ᠲᠠᠯ᠎ᠠ ᠪᠠᠷ ᠠᠭᠤᠰᠤᠯᠴᠠᠵᠦ᠂ ᠬᠦᠭᠵᠢᠯᠳᠡ ᠶᠢᠨ ᠠᠮᠢᠵᠢᠷᠠᠯ ᠤᠨ ᠬᠦᠴᠦᠨ ᠪᠡ ᠲᠤᠳᠤᠭᠠᠳᠤ ᠬᠦᠳᠡᠯᠭᠡᠭᠴᠢ ᠬᠦᠴᠦᠨ ᠢ ᠲᠠᠰᠤᠷᠠᠯᠳᠠ ᠦᠬᠡᠢ ᠨᠡᠮᠡᠭᠳᠡᠬᠦᠯᠵᠦ᠂ ᠦᠬᠡᠷᠡᠴᠢᠯᠠᠯᠳᠠ ᠰᠢᠨᠡᠴᠢᠯᠠᠯᠳᠠ ᠶᠢᠨ ᠨᠠᠩ ᠤᠯᠠᠨ ᠦᠷ᠎ᠡ ᠪᠦᠳᠤᠭᠡᠯ ᠢ ᠠᠷᠠᠳ ᠤᠯᠠᠨ ᠳᠤ ᠡᠷᠭᠡ ᠲᠡᠭᠰᠢ ᠪᠠᠷ ᠡᠳ᠋ᠯᠡᠬᠦᠯᠦᠨ᠎ᠡ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠬᠦᠳᠬᠦ ᠡᠷᠴᠢᠮ ᠢᠶᠠᠨ ᠴᠢᠩᠭᠠᠷᠠᠭᠤᠯᠤᠨ᠎ᠠ᠃ ᠰᠢᠨ᠎ᠡ ᠶᠢ ᠡᠬᠦᠳᠬᠦ ᠪᠠᠷ ᠬᠦᠳᠡᠯᠭᠡᠬᠦᠷ ᠪᠤᠯᠭᠠᠬᠤ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠭᠡᠷᠡᠭᠵᠢᠬᠦᠯᠵᠦ᠂ ︽ᠲᠦᠷᠪᠡ ᠳᠤ ᠬᠠᠨᠳᠤᠬᠤ︾21 ᠶᠢ ᠪᠠᠷᠢᠮᠳᠠᠯᠠᠵᠦ᠂ ︽ᠰᠢᠨᠵᠢᠯᠡᠭᠡ ᠮᠡᠷᠭᠡᠵᠢᠯ ᠢᠶᠠᠷ ᠦᠪᠤᠷ ᠮᠤᠩᠭᠤᠯ ᠢ ᠬᠦᠭᠵᠢᠬᠦᠯᠬᠦ︾ ᠠᠵᠢᠯᠯᠠᠭ᠎ᠠ ᠶᠢ ᠯᠠᠪᠳᠠᠭᠤᠨ ᠪᠠᠳᠤᠳᠠᠢ ᠠᠬᠢᠭᠤᠯᠵᠦ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠬᠦᠳᠬᠦ ᠴᠢᠳᠠᠪᠤᠷᠢ ᠶᠢ ᠲᠡᠭᠡᠭᠰᠢᠯᠡᠬᠦᠯᠬᠦ ᠰᠢᠪᠳᠤᠯᠤᠯᠳᠠ ᠶᠢᠨ ᠠᠵᠢᠯ ᠢ ᠡᠷᠡᠰ ᠰᠠᠶᠢᠳᠤᠷ ᠬᠢᠨ᠎ᠡ᠃ ᠪᠡᠭᠡᠵᠢᠩ᠂ ᠦᠪᠡᠷᠳᠡᠭᠡᠨ ᠵᠠᠰᠠᠬᠤ ᠤᠷᠤᠨ ᠤ ᠨᠡᠷᠡᠳᠤ ᠶᠡᠭᠡ ᠲᠡᠭᠡᠳᠤ ᠰᠤᠷᠭᠠᠭᠤᠯᠢ᠂ ᠡᠷᠳᠡᠮ ᠰᠢᠨᠵᠢᠯᠡᠬᠡᠨ ᠤ ᠬᠦᠷᠢᠶᠠᠯᠠᠩ᠂ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ ᠯᠤᠭ᠎ᠠ ᠶᠢᠨ ᠬᠠᠮᠳᠤᠷᠠᠯᠴᠠᠭ᠎ᠠ ᠰᠤᠯᠢᠯᠴᠠᠭ᠎ᠠ ᠶᠢ ᠬᠦᠨᠵᠡᠬᠡᠶᠢᠷᠡᠬᠦᠯᠵᠦ᠂ ᠮᠡᠷᠭᠡᠵᠢᠯ ᠤᠨ ᠰᠢᠨ᠎ᠡ ᠶᠢ ᠡᠬᠦᠳᠬᠦ ᠰᠤᠳᠤᠯᠭᠠᠨ ᠤ ᠲᠦᠪ ᠤᠨ ᠲᠠᠪᠴᠠᠩ ᠢ ᠪᠠᠶᠢᠭᠤᠯᠵᠦ᠂ ᠰᠦᠨᠢᠳ ᠬᠤᠨᠢ ᠪᠡ ᠰᠦᠨᠢᠳ ᠬᠤᠤᠰ ᠪᠦᠬᠦᠳᠤ ᠲᠡᠮᠡᠭᠡ ᠶᠢ ᠬᠠᠮᠠᠭᠠᠯᠠᠨ ᠦᠰᠭᠡᠬᠦ᠂ ᠮᠠᠯ ᠤᠨ ᠠᠰᠢᠭ ᠰᠢᠮ᠎ᠡ ᠶᠢᠨ ᠪᠦᠳᠤᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ᠂ ᠠᠮᠢ ᠠᠬᠤᠢ ᠶᠢ ᠬᠠᠮᠠᠭᠠᠯᠠᠨ ᠰᠡᠷᠬᠦᠭᠡᠬᠦ᠂ ᠬᠠᠳᠠᠭᠤ ᠪᠡᠶᠡᠳᠤ ᠬᠠᠶᠠᠭᠳᠠᠮᠠᠯ ᠪᠤᠳᠠᠰ ᠢ ᠶᠡᠷᠦᠩᠭᠡᠶᠢᠯᠡᠨ ᠠᠰᠢᠭᠯᠠᠬᠤ᠂ ᠤᠳᠤ ᠦᠶ᠎ᠠ ᠶᠢᠨ ᠮᠠᠯ ᠲᠠᠷᠢᠶᠠᠯᠠᠩ ᠤᠨ ᠮᠠᠰᠢᠨ ᠮᠧᠬᠠᠨᠢᠭ ᠤᠨ ᠲᠤᠨᠤᠭᠯᠠᠯ ᠢ ᠦᠢᠯᠡᠳᠬᠦ᠂ ᠮᠤᠩᠭᠤᠯ ᠡᠮ ᠡᠮᠨᠡᠯᠬᠡ᠂ ᠬᠤᠯᠤᠭᠠᠨ᠎ᠠ ᠶᠢᠨ ᠬᠢᠵᠢᠭ ᠪᠡ ᠬᠤᠷᠤᠬᠠᠢ ᠶᠢᠨ ᠭᠠᠮᠰᠢᠭ ᠢ ᠰᠡᠷᠭᠡᠶᠢᠯᠡᠨ ᠵᠠᠰᠠᠬᠤ ᠵᠡᠷᠭᠡ ᠵᠠᠩᠬᠢᠯᠠᠭ᠎ᠠ ᠶᠢᠨ ᠬᠦᠷᠢᠶ᠎ᠠ ᠴᠡᠷ᠎ᠡ ᠳᠠᠬᠢ ᠮᠡᠷᠭᠡᠵᠢᠯ ᠤᠨ ᠰᠤᠳᠤᠯᠭᠠᠨ ᠢ ᠭᠤᠤᠯᠳᠠᠯᠭ᠎ᠠ ᠲᠠᠢ ᠭᠡᠷᠡᠭᠵᠢᠬᠦᠯᠵᠦ᠂ ᠰᠢᠨᠵᠢᠯᠡᠭᠡ ᠮᠡᠷᠭᠡᠵᠢᠯ ᠤᠨ ᠦᠷ᠎ᠡ ᠪᠦᠳᠤᠭᠡᠯ ᠢ ᠪᠤᠳᠠᠳᠠᠶᠢᠵᠢᠭᠤᠯᠤᠨ ᠠᠰᠢᠭᠯᠠᠬᠤ ᠶᠢ ᠠᠬᠢᠭᠤᠯᠤᠨ᠎ᠠ ᠃ ᠤᠰᠤ ᠠᠷᠪᠢᠯᠠᠬᠤ ᠮᠡᠷᠭᠡᠵᠢᠯ ᠤᠨ ᠰᠢᠨᠵᠢᠯᠡᠬᠦ ᠤᠬᠠᠭᠠᠨᠴᠢ ᠭᠡᠷᠡᠭᠯᠡᠭᠡ ᠶᠢ ᠢᠳᠡᠪᠬᠢᠳᠡᠢ ᠠᠬᠢᠭᠤᠯᠵᠦ᠂ ᠡᠪᠡᠰᠤ ᠪᠤᠷᠳᠤᠭᠠᠨ ᠤ ᠭᠠᠵᠡᠷ ᠤᠨ ᠨᠢᠬᠡᠴᠢ ᠤᠨᠠᠯᠳᠠ ᠶᠢᠨ ᠭᠡᠮᠵᠢᠶ᠎ᠠ ᠶᠢ ᠪᠦᠳᠤᠮᠵᠢᠳᠡᠢ ᠲᠡᠭᠡᠭᠰᠢᠯᠡᠬᠦᠯᠵᠦ᠂ ᠲᠤᠤᠷ᠎ᠡ ᠤᠨᠠᠯᠳᠠ ᠲᠠᠢ ᠡᠪᠡᠰᠤ ᠪᠤᠷᠳᠤᠭᠠᠨ ᠤ ᠭᠠᠵᠡᠷ ᠢ ᠡᠮᠬᠢ ᠵᠢᠷᠤᠮ ᠲᠠᠢ ᠪᠠᠷ ᠵᠠᠬ᠎ᠠ ᠠᠴᠠ ᠭᠠᠷᠭᠠᠵᠦ᠂ ᠤᠰᠤᠨ ᠤ ᠡᠬᠢ ᠪᠠᠶᠠᠯᠢᠭ ᠢ ᠡᠷᠴᠢᠮᠵᠢᠬᠦᠯᠦᠨ ᠠᠷᠪᠢᠯᠠᠨ ᠠᠰᠢᠭᠯᠠᠬᠤ ᠬᠢᠷᠢ ᠲᠦᠪᠰᠢᠨ ᠢ ᠴᠢᠷᠮᠡᠶᠢᠨ ᠲᠡᠭᠡᠭᠰᠢᠯᠡᠬᠦᠯᠦᠨ᠎ᠡ᠃ ︽ᠬᠤᠤᠰ ᠡᠷᠬᠢᠯᠳᠡᠳᠤ︾ ᠳᠤ ᠢᠳᠡᠪᠬᠢᠳᠡᠢ ᠪᠠᠷ ᠠᠭᠤᠰᠤᠯᠴᠠᠭᠤᠯᠤᠨ᠎ᠠ᠃ ᠲᠤᠮᠳᠠᠳᠤ ᠮᠤᠩᠭᠤᠯ ᠤᠷᠤᠰ ᠤᠨ ᠠᠵᠦ ᠠᠬᠤᠢ  ᠶᠢᠨ ᠬᠤᠩᠬᠢᠯ ᠤᠨ ᠴᠢᠬᠤᠯᠠ ᠲᠤᠯᠭᠠᠭᠤᠷᠢᠯᠠᠬᠤ ᠴᠡᠭ ᠢᠶᠠᠷ ᠭᠠᠷᠳᠠᠴᠠ ᠪᠤᠯᠭᠠᠵᠦ᠂ ᠵᠡᠬᠦᠨ ᠬᠤᠶᠢᠳᠤ ᠤᠷᠤᠨ ᠢ ᠬᠦᠭᠵᠢᠬᠦᠯᠦᠨ ᠮᠠᠨᠳᠤᠭᠤᠯᠬᠤ ᠪᠡ ᠪᠠᠷᠠᠭᠤᠨ ᠤᠷᠤᠨ ᠢ ᠨᠡᠭᠡᠭᠡᠨ ᠬᠦᠭᠵᠢᠬᠦᠯᠬᠦ ᠵᠡᠷᠭᠡ ᠤᠯᠤᠰ ᠤᠨ ᠪᠠᠶᠢᠯᠳᠤᠬᠤ ᠪᠤᠳᠤᠯᠭ᠎ᠠ ᠲᠠᠢ ᠢᠳᠡᠪᠬᠢᠳᠡᠢ ᠠᠭᠤᠰᠤᠯᠴᠠᠭᠤᠯᠵᠦ᠂ ᠦᠪᠡᠷᠳᠡᠭᠡᠨ ᠵᠠᠰᠠᠬᠤ ᠤᠷᠤᠨ ᠤ ᠪᠤᠭᠤᠮᠳᠠ ᠶᠢᠨ ᠠᠵᠦ ᠠᠬᠤᠢ  ᠶᠢ ᠬᠦᠭᠵᠢᠬᠦᠯᠬᠦ ᠠᠵᠠ ᠲᠤᠬᠢᠶᠠᠯ ᠢ ᠴᠢᠩᠭ᠎ᠠ ᠠᠳᠬᠤᠵᠦ᠂ ︽ᠲᠡᠮᠵᠢᠨ ᠦᠩᠭᠡᠷᠡᠬᠦ ᠠᠵᠦ ᠠᠬᠤᠢ︾ ᠶᠢᠨ ᠬᠦᠭᠵᠢᠯᠳᠡ ᠶᠢ ᠬᠦᠨᠵᠡᠬᠡᠢ ᠠᠬᠢᠭᠤᠯᠵᠦ᠂ 2026 ᠤᠨ ᠳᠤ ︽ᠰᠠᠭᠤᠷᠢᠰᠢᠮᠠᠯ ᠠᠵᠦ ᠠᠬᠤᠢ︾ ᠲᠠᠰᠢ ᠭᠡᠯᠪᠡᠷᠢ  ᠶᠢ ᠨᠢ ᠬᠤᠪᠢᠷᠠᠭᠤᠯᠬᠤ ᠶᠢ ᠪᠡᠶᠡᠯᠡᠬᠦᠯᠦᠨ᠎ᠡ᠃ ᠤᠯᠤᠰ᠂ ᠦᠪᠡᠷᠳᠡᠭᠡᠨ ᠵᠠᠰᠠᠬᠤ ᠤᠷᠤᠨ ᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠡ ᠪᠦᠬᠦ ᠠᠶᠢᠮᠠᠭ ᠤᠨ ᠠᠵᠢᠯ ᠤᠨ ᠭᠤᠤᠯᠳᠠᠯᠭ᠎ᠠ ᠳᠤ ᠲᠦᠪᠯᠡᠷᠡᠬᠦᠯᠵᠦ᠂ ᠪᠡᠭᠡᠵᠢᠩ ᠤᠨ ᠠᠵᠦ ᠠᠬᠤᠢ ᠶᠢᠨ ᠮᠡᠷᠭᠡᠵᠢᠯ ᠤᠨ ᠨᠡᠭᠡᠭᠡᠯᠳᠡ ᠶᠢᠨ ᠤᠷᠤᠨ ᠤ ᠡᠬᠢ ᠪᠠᠶᠠᠯᠢᠭ ᠤᠨ ᠲᠠᠪᠠᠭᠤᠯᠢᠭ ᠲᠤ ᠲᠦᠰᠢᠭᠯᠡᠵᠦ᠂ ︽ᠠᠷᠪᠡᠨ ᠲᠦᠷᠪᠡᠳᠤᠭᠡᠷ ᠲᠠᠪᠤᠨ ᠵᠢᠯ︾ ᠤᠨ ᠲᠦᠯᠦᠪᠵᠢᠬᠦᠯᠬᠡ ᠶᠢᠨ ᠭᠡᠷᠡᠭᠵᠢᠬᠦᠯᠦᠯᠳᠡ ᠶᠢᠨ ᠲᠤᠭᠤᠷᠢᠨ ᠳᠤ᠂ ᠠᠵᠦ ᠦᠢᠯᠡᠰ ᠤᠨ ᠰᠢᠯᠵᠢᠬᠦᠯᠦᠯᠳᠡ ᠲᠠᠢ ᠵᠤᠯᠭᠠᠭᠤᠯᠬᠤ᠂ ᠭᠤᠤᠯ ᠪᠤᠯᠬᠤ ᠠᠵᠦ ᠦᠢᠯᠡᠰ ᠤᠨ ᠭᠡᠯᠬᠢᠶ᠎ᠠ ᠶᠢ ᠤᠷᠳᠤᠳᠬᠠᠬᠤ ᠪᠡ ᠨᠦᠬᠦᠪᠤᠷᠢᠯᠡᠬᠦ᠂ ᠰᠢᠨ᠎ᠡ ᠭᠡᠯᠪᠡᠷᠢ ᠶᠢᠨ ᠠᠵᠦ ᠦᠢᠯᠡᠰ ᠤᠨ ᠬᠦᠭᠵᠢᠯᠳᠡ ᠶᠢᠨ ᠲᠤᠭᠤᠷᠢᠨ ᠳᠤ ᠲᠤᠮᠤ ᠬᠦᠴᠦᠷᠭᠡᠭ ᠠᠵᠦ ᠠᠬᠤᠶᠢᠯᠠᠯ ᠢ ᠲᠠᠳᠠᠨ ᠤᠷᠤᠭᠤᠯᠵᠦ᠂ ᠬᠤᠰᠢᠭᠤ ᠰᠢᠶᠠᠨ ᠤ ᠭᠡᠪᠴᠢᠶᠠᠨ ᠤ ᠠᠵᠦ ᠠᠬᠤᠢ  ᠶᠢᠨ ᠴᠢᠨᠠᠷᠯᠢᠭ ᠬᠦᠭᠵᠢᠯᠳᠡ ᠶᠢᠨ ᠱᠠᠭᠠᠷᠳᠠᠯᠭ᠎ᠠ ᠳᠤ ᠨᠡᠶᠢᠴᠡᠭᠰᠡᠨ ᠨᠢᠬᠡ ᠪᠦᠯᠦᠭ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠭᠤᠶᠤᠴᠢᠯᠠᠨ ᠨᠦᠬᠡᠴᠠᠯᠠᠬᠦ ᠶᠢ ᠢᠳᠡᠪᠬᠢᠳᠡᠢ ᠰᠦᠪᠡᠭᠴᠢᠯᠠᠵᠦ᠂ ᠠᠵᠦ ᠦᠢᠯᠡᠰ ᠤᠨ ᠬᠡᠯᠬᠢᠶ᠎ᠠ ᠶᠢ ᠲᠡᠬᠦᠯᠳᠡᠷᠵᠢᠬᠦᠯᠵᠦ᠂ ᠬᠠᠩᠭᠠᠯᠭ᠎ᠠ ᠶᠢᠨ ᠬᠡᠯᠬᠢᠶ᠎ᠠ ᠶᠢ ᠰᠢᠯᠤᠭᠤᠳᠬᠠᠨ᠂ ᠦᠨ᠎ᠡ ᠬᠠᠩᠰᠢ ᠶᠢᠨ ᠬᠡᠯᠬᠢᠶ᠎ᠠ ᠶᠢ ᠲᠡᠭᠡᠭᠰᠢᠯᠡᠬᠦᠯᠦᠨ᠎ᠡ᠃ ᠦᠢᠷ᠎ᠡ ᠬᠠᠪᠢ ᠶᠢᠨ ᠬᠤᠰᠢᠭᠤ ᠰᠢᠶᠠᠨ ᠯᠤᠭ᠎ᠠ ᠶᠢᠨ ᠬᠠᠮᠳᠤ ᠶᠢᠨ ᠬᠦᠭᠵᠢᠯᠳᠡ ᠶᠢ ᠴᠢᠩᠭᠠᠳᠬᠠᠵᠦ᠂ ᠰᠢᠨᠵᠢᠯᠡᠭᠡ ᠮᠡᠷᠭᠡᠵᠢᠯ ᠰᠤᠶᠤᠯ ᠤᠨ ᠰᠤᠯᠢᠯᠴᠠᠭ᠎ᠠ᠂ ᠠᠵᠦ ᠦᠢᠯᠡᠰ ᠤᠨ ᠭᠡᠯᠬᠢᠶᠠᠨ ᠤ ᠬᠠᠮᠵᠢᠯᠴᠠᠭ᠎ᠠ ᠵᠡᠷᠭᠡ ᠬᠦᠷᠢᠶ᠎ᠠ ᠴᠡᠷ᠎ᠡ ᠳᠤ ᠬᠦᠨᠵᠡᠬᠡᠢ ᠬᠠᠮᠳᠤᠷᠠᠯᠴᠠᠵᠦ᠂ ᠬᠦᠭᠵᠢᠯᠳᠡ ᠶᠢᠨ ᠤᠷᠤᠨ ᠵᠠᠢ ᠶᠢ ᠦᠷᠭᠡᠳᠭᠡᠨ᠎ᠡ᠃ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠠᠯ ᠢ ᠰᠢᠯᠢᠳᠡᠭᠵᠢᠬᠦᠯᠦᠨ ᠲᠡᠭᠡᠭᠰᠢᠯᠡᠬᠦᠯᠦᠨ᠎ᠡ᠃ ︽ᠬᠤᠳᠠᠯᠳᠤᠭ᠎ᠠ ᠡᠵᠡᠩᠨᠡᠬᠦ ᠤᠷᠴᠢᠨ ᠨᠦᠬᠦᠴᠠᠯ ᠢ ᠰᠢᠯᠢᠳᠡᠭᠵᠢᠬᠦᠯᠬᠦ ᠲᠦᠷᠢᠮ︾ ᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ︽ᠵᠠᠰᠠᠭ ᠤᠨ ᠡᠷᠭᠡ ᠶᠢ ᠴᠤᠮᠬᠠᠳᠬᠠᠵᠦ ᠡᠷᠭᠡ ᠶᠢ ᠲᠡᠯᠪᠢᠬᠤ᠂ ᠲᠠᠯᠪᠢᠵᠦ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠪᠠᠨ ᠰᠢᠯᠢᠳᠡᠭᠵᠢᠬᠦᠯᠬᠦ︾ ᠦᠬᠡᠷᠡᠴᠢᠯᠠᠯᠳᠠ ᠶᠢ ᠬᠦᠨᠵᠡᠬᠡᠶᠢᠷᠡᠬᠦᠯᠵᠦ᠂ ︽ᠨᠢᠬᠡ ᠰᠦᠯᠵᠢᠶᠠᠨ ᠲᠡᠭᠡᠷ᠎ᠡ ᠪᠦᠬᠦᠨ ᠢ ᠬᠦᠢᠴᠡᠳᠭᠡᠬᠦ︾᠂ ︽ᠨᠢᠬᠡ ᠰᠦᠯᠵᠢᠶᠠᠨ ᠲᠡᠭᠡᠷ᠎ᠡ ᠨᠢᠭᠡᠳᠤᠯᠳᠠᠢ ᠬᠠᠮᠢᠶᠠᠷᠬᠤ︾ ᠶᠢ ᠪᠦᠬᠦ ᠲᠠᠯ᠎ᠠ ᠪᠠᠷ ᠭᠡᠷᠡᠭᠵᠢᠬᠦᠯᠵᠦ᠂ ᠲᠦᠬᠦᠮ ᠲᠦᠳᠡ᠂ ᠦᠨᠳᠤᠷ ᠪᠦᠳᠤᠮᠵᠢᠳᠡᠢ᠂ ᠲᠤᠭᠠᠴᠢᠯᠠᠭᠰᠠᠨ ᠦᠢᠯᠡᠴᠢᠯᠠᠭᠡᠨ  ᠤ ᠤᠷᠴᠢᠨ ᠢ ᠡᠬᠦᠳᠤᠨ᠎ᠡ᠃ ᠵᠠᠬ᠎ᠠ ᠲᠡᠯᠬᠡᠬᠦᠷ ᠤᠨ ᠭᠤᠤᠯ ᠴᠤᠭᠴᠠ ᠶᠢᠨ ᠭᠡᠷᠡᠭᠴᠡᠭᠡ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠦ᠂ ᠠᠵᠦ ᠠᠬᠤᠶᠢᠯᠠᠯᠳᠠᠳ ᠤᠨ ᠦᠢᠯᠡᠰ ᠡᠷᠬᠢᠯᠡᠬᠦ ᠵᠤᠷᠢᠭ ᠰᠠᠨᠠᠭ᠎ᠠ ᠶᠢ ᠶᠡᠭᠡᠪᠡᠷ ᠪᠠᠳᠠᠷᠠᠭᠤᠯᠤᠨ᠂ ᠵᠠᠰᠠᠭ ᠤᠨ ᠤᠷᠳᠤᠨ ᠭᠤᠤᠯᠯᠠᠵᠦ ᠪᠠᠶᠢᠭᠰᠠᠨ ᠠᠴᠠ ᠪᠠᠨ ᠠᠵᠦ ᠠᠬᠤᠶᠢᠯᠠᠯ ᠡᠵᠡᠨ ᠮᠡᠳᠡᠬᠦ ᠪᠤᠯᠭᠠᠨ ᠬᠤᠪᠢᠷᠠᠭᠤᠯᠵᠦ᠂ ᠠᠵᠦ ᠠᠬᠤᠶᠢᠯᠠᠯ ᠢ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠢᠳᠡᠪᠬᠢᠳᠡᠢ ᠨᠠᠶᠢᠳᠠᠪᠤᠷᠢᠵᠢᠭᠤᠯᠤᠨ᠂ ᠵᠠᠰᠠᠭ ᠤᠨ ᠤᠷᠳᠤᠨ ᠪᠤᠯᠤᠨ ᠠᠵᠦ ᠠᠬᠤᠶᠢᠯᠠᠯ ᠤᠨ ᠬᠤᠭᠤᠷᠤᠨᠳᠤᠬᠢ ᠲᠤᠳᠤᠨᠤ ᠨᠦᠬᠦᠷᠰᠡᠭ ᠮᠦᠷᠳᠡᠭᠡᠨ ᠡᠷᠭᠡ ᠡᠬᠦᠷᠭᠡ ᠲᠤᠳᠤᠷᠬᠠᠢ ᠪᠠᠶᠢᠬᠤ ᠬᠠᠷᠢᠴᠠᠭ᠎ᠠ ᠶᠢ ᠪᠦᠷᠢᠯᠳᠤᠬᠦᠯᠦᠨ᠎ᠡ᠃       ︵ᠲᠠᠪᠤ︶ ᠬᠠᠮᠳᠤᠪᠡᠷ ᠪᠠᠶᠢᠭᠤᠯᠬᠤ ᠬᠠᠮᠳᠤᠪᠡᠷ ᠡᠳ᠋ᠯᠡᠬᠦ ᠤᠶᠢᠯᠠᠭᠠᠭᠳᠠᠬᠤᠨ ᠢ ᠪᠡᠳᠤ ᠪᠤᠢ ᠪᠤᠯᠭᠠᠵᠦ᠂ ᠴᠢᠨᠠᠷᠯᠢᠭ ᠬᠦᠭᠵᠢᠯᠳᠡ ᠶᠢᠨ ᠦᠷ᠎ᠡ ᠠᠰᠢᠭ ᠢ ᠤᠯᠠᠨ ᠲᠦᠮᠡᠨ ᠳᠤ ᠡᠳ᠋ᠯᠡᠬᠦᠯᠦᠨ᠎ᠡ᠃ ᠢᠮᠠᠭᠳᠠ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠲᠡᠮᠡᠴᠠᠬᠦ ᠬᠠᠷᠠᠯᠳᠠ ᠪᠠᠨ ᠪᠤᠯᠭᠠᠵᠦ᠂ ᠤᠯᠠᠨ ᠨᠠᠶᠢᠳᠠ  ᠶᠢᠨ ᠦᠨᠳᠤᠰᠤᠨ ᠤᠶᠢᠯᠠᠴᠢᠯᠡᠭᠡ ᠶᠢ ᠲᠡᠩᠴᠡᠬᠦᠷᠢᠰᠢᠬᠦᠯᠬᠦ᠂ ᠠᠷᠠᠳ ᠤᠨ ᠠᠮᠢᠳᠤᠷᠠᠯ ᠤᠨ ᠪᠠᠳᠤᠯᠠᠭ᠎ᠠ ᠶᠢ ᠤᠨᠤᠪᠴᠢᠳᠠᠢ ᠪᠤᠯᠭᠠᠬᠤ᠂ ᠨᠡᠶᠢᠬᠡᠮ ᠤᠨ ᠵᠠᠰᠠᠯᠳᠠ ᠶᠢ ᠤᠳᠤᠬᠢᠴᠢᠯᠠᠬᠤ ᠵᠡᠷᠭᠡ ᠲᠠᠯ᠎ᠠ ᠪᠠᠷ ᠬᠦᠴᠦᠯᠠᠵᠦ᠂ ᠠᠷᠠᠳ ᠲᠦᠮᠡᠨ ᠳᠤ ᠠᠮᠤᠷ ᠲᠦᠪᠰᠢᠨ᠂ ᠵᠤᠯ ᠵᠢᠷᠭᠠᠯᠳᠤ ᠠᠮᠢᠳᠤᠷᠠᠯ ᠢ ᠡᠳ᠋ᠯᠡᠬᠦᠯᠦᠨ᠎ᠡ᠃ ᠨᠡᠶᠢᠭᠡᠮ ᠤᠨ ᠠᠵᠢᠯ ᠦᠢᠯᠡᠰ ᠢ ᠬᠦᠭᠵᠢᠬᠦᠯᠦᠨ᠎ᠡ᠃ ᠰᠤᠷᠭᠠᠨ ᠬᠦᠮᠦᠵᠢᠯ ᠢ ᠡᠩ ᠲᠡᠷᠢᠬᠦᠨ ᠳᠤ ᠬᠦᠭᠵᠢᠬᠦᠯᠬᠦ ᠶᠢ ᠲᠤᠪᠤᠶᠢᠯᠭᠠᠵᠦ᠂ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠨᠢᠬᠡᠳᠤᠯᠳᠠᠢ ᠲᠦᠯᠦᠪᠵᠢᠬᠦᠯᠵᠦ᠂ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠦᠵᠢᠯ ᠢ ᠨᠡᠶᠢᠳᠡᠮ  ᠬᠠᠷᠠᠭᠠᠯᠵᠠᠬᠤ᠂ ᠠᠯᠪᠡᠨ ᠵᠢᠷᠤᠮ ᠤᠨ ᠰᠤᠷᠭᠠᠨ ᠬᠦᠮᠦᠵᠢᠯ ᠢ ᠲᠡᠩᠴᠡᠬᠦᠷᠢᠰᠢᠬᠦᠯᠬᠦ᠂ ᠡᠩ ᠤᠨ ᠦᠨᠳᠤᠷ ᠵᠡᠷᠭᠡ ᠶᠢᠨ ᠲᠤᠮᠳᠠᠳᠤ ᠰᠤᠷᠭᠠᠭᠤᠯᠢ ᠶᠢ ᠰᠢᠯᠢᠳᠡᠭᠵᠢᠬᠦᠯᠬᠦ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠤᠨᠴᠠᠯᠢᠭᠵᠢᠭᠤᠯᠤᠨ ᠬᠦᠭᠵᠢᠬᠦᠯᠬᠦ ᠶᠢ ᠠᠬᠢᠭᠤᠯᠤᠨ᠎ᠠ᠃ ᠤᠯᠤᠰ ᠤᠨ ᠨᠡᠶᠢᠳᠡᠮ ᠭᠡᠷᠡᠭᠯᠡᠬᠦ ᠦᠬᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠦ᠂ ︽ᠬᠤᠶᠠᠷ ᠢ ᠬᠦᠩᠭᠡᠷᠡᠬᠦᠯᠬᠦ︾22 ᠠᠵᠢᠯ ᠢ ᠦᠷᠬᠦᠯᠵᠢᠯᠡᠨ ᠰᠠᠶᠢᠲᠤᠷ ᠠᠳᠬᠤᠵᠤ᠂ ᠪᠡᠭᠡᠵᠢᠩ ᠤᠨ ᠠᠵᠦ ᠠᠬᠤᠢ ᠶᠢᠨ ᠮᠡᠷᠭᠡᠵᠢᠯ ᠤᠨ ᠨᠡᠭᠡᠭᠡᠯᠳᠡ ᠶᠢᠨ ᠤᠷᠤᠨ ᠤ ᠲᠠᠪᠠᠭᠤᠯᠢᠭ ᠡᠬᠢ ᠪᠠᠶᠠᠯᠢᠭ ᠲᠤ ᠲᠦᠰᠢᠭᠯᠡᠨ ᠪᠦᠬᠦ ᠪᠠᠭᠰᠢ ᠨᠡᠷ ᠤᠨ ᠡᠬᠡᠯᠵᠢᠯᠡᠯᠳᠤ ᠪᠤᠯᠪᠠᠰᠤᠷᠠᠯ ᠢ ᠪᠡᠶᠡᠯᠡᠬᠦᠯᠦᠨ᠎ᠡ᠃ ᠡᠮ ᠡᠮᠨᠡᠯᠬᠡ  ᠶᠢᠨ ᠬᠤᠯᠪᠤᠭᠠᠳᠤ ᠴᠤᠭᠴᠠ᠂ ᠡᠮ ᠡᠮᠨᠡᠯᠭᠡ ᠶᠢᠨ ᠬᠠᠮᠳᠤ ᠶᠢᠨ ᠴᠤᠭᠴᠠ ᠶᠢᠨ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠵᠦ᠂ ᠪᠡᠭᠡᠵᠢᠩ ᠤᠨ ᠠᠵᠦ ᠠᠬᠤᠢ ᠶᠢᠨ ᠮᠡᠷᠭᠡᠵᠢᠯ ᠤᠨ ᠨᠡᠭᠡᠭᠡᠯᠳᠡ ᠶᠢᠨ ᠤᠷᠤᠨ ᠯᠤᠭ᠎ᠠ ᠠᠵᠢᠯ ᠵᠤᠯᠭᠠᠭᠤᠯᠬᠤ ᠡᠷᠴᠢᠮ ᠢᠶᠠᠨ ᠴᠢᠩᠭᠠᠷᠠᠭᠤᠯᠵᠦ᠂ ᠡᠮ ᠡᠮᠨᠡᠯᠬᠡ ᠶᠢᠨ ᠡᠬᠢ ᠪᠠᠶᠠᠯᠢᠭ ᠤᠨ ᠬᠠᠮᠳᠤᠷᠠᠯᠴᠠᠭᠠᠨ ᠤ ᠲᠤᠭᠳᠠᠴᠠ ᠶᠢ ᠰᠦᠪᠡᠭᠴᠢᠯᠠᠨ ᠪᠠᠶᠢᠭᠤᠯᠵᠦ᠂ ᠡᠮᠴᠢᠯᠠᠬᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠬᠦᠯᠦᠨ᠂ ᠬᠤᠰᠢᠭᠤᠨ ᠳᠠᠭᠠᠨ ᠡᠮᠨᠡᠬᠦᠯᠬᠦ ᠨᠤᠷᠮ᠎ᠡ ᠶᠢ ᠴᠢᠷᠮᠡᠶᠢᠨ ᠲᠡᠭᠡᠭᠰᠢᠯᠡᠬᠦᠯᠦᠨ᠎ᠡ᠃ ᠮᠤᠩᠭᠤᠯ ᠬᠢᠳᠡᠳ ᠡᠮ ᠡᠮᠨᠡᠯᠬᠡ ᠶᠢᠨ ᠦᠢᠯᠡᠰ ᠢ ᠶᠡᠭᠡᠪᠡᠷ ᠬᠦᠭᠵᠢᠬᠦᠯᠵᠦ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠨ ᠡᠵᠡᠮᠳᠡᠬᠦ ᠪᠠ ᠡᠭᠡ ᠨᠢᠯᠬᠠᠰ ᠤᠨ ᠡᠷᠡᠬᠦᠯᠵᠢᠯ ᠤᠨ ᠠᠵᠢᠯ ᠢ ᠴᠢᠩᠭᠠᠳᠬᠠᠨ᠎ᠠ᠃ ᠡᠭᠡ ᠤᠷᠤᠨᠴᠢ ᠡᠷᠡᠬᠦᠯ ᠬᠠᠮᠠᠭᠠᠯᠠᠯ ᠤᠨ ᠬᠦᠳᠡᠯᠭᠡᠭᠡᠨ ᠢ ᠯᠠᠪᠳᠠᠭᠤᠨ ᠪᠠᠳᠤᠳᠠᠢ ᠦᠷᠨᠢᠬᠦᠯᠵᠦ᠂ ᠤᠯᠤᠰ ᠤᠨ ᠲᠠᠰ ᠤᠨ ᠠᠷᠢᠭᠤᠨ ᠴᠡᠪᠡᠷ ᠰᠢᠶᠠᠨ ᠬᠤᠳᠠ ᠶᠢ ᠡᠬᠦᠳᠤᠨ ᠪᠠᠶᠢᠭᠤᠯᠤᠭᠰᠠᠨ ᠦᠷ᠎ᠡ ᠪᠦᠳᠤᠭᠡᠯ ᠢ ᠪᠠᠬᠢᠵᠢᠬᠦᠯᠦᠨ᠎ᠡ᠃ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠭᠠᠨᠮᠥ᠋ᠴᠢᠷ ᠤᠨ ᠲᠦᠷᠢᠮ︾ ᠢ ᠬᠦᠨᠵᠡᠬᠡᠢ ᠰᠤᠷᠤᠯᠴᠠᠨ ᠲᠤᠤᠱᠯᠠᠭᠤᠯᠵᠦ᠂ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠤᠯᠠᠮᠵᠢᠯᠠᠬᠤ ᠤᠷᠤᠨ ᠢ ᠡᠬᠦᠳᠬᠦ ᠪᠠᠷ ᠭᠠᠷᠳᠠᠴᠠ ᠪᠤᠯᠭᠠᠵᠦ᠂ ᠤᠯᠠᠭᠠᠠᠮᠦ᠋ᠴᠢᠷ ᠤᠨ ᠺᠡᠳ᠋ᠷ ᠤᠨ ᠪᠤᠯᠪᠠᠰᠤᠷᠠᠯ ᠤᠨ ᠰᠠᠭᠤᠷᠢᠨ ᠭᠠᠵᠡᠷ ᠤᠨ ᠪᠦᠳᠤᠭᠡᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠵᠦ᠂ ᠤᠳᠬ᠎ᠠ ᠤᠷᠠᠯᠢᠭ ᠤᠨ ᠤᠷᠠᠨ ᠪᠦᠳᠤᠭᠡᠯ ᠤᠨ ᠴᠢᠨᠡᠷ ᠴᠢᠨᠰᠠᠭ᠎ᠠ ᠶᠢ ᠲᠡᠭᠡᠭᠰᠢᠯᠡᠬᠦᠯᠬᠦ ᠢᠨᠵᠧᠨᠧᠷᠢᠩ ᠢ ᠭᠡᠷᠡᠭᠵᠢᠬᠦᠯᠦᠨ᠂ ᠤᠯᠠᠭᠠᠠᠮᠦ᠋ᠴᠢᠷ ᠤᠨ ᠦᠢᠯᠡᠰ ᠤᠨ ᠦᠷᠨᠢᠬᠦᠨ ᠬᠦᠭᠵᠢᠯᠳᠡ ᠶᠢ ᠠᠬᠢᠭᠤᠯᠤᠨ᠎ᠠ᠃ ᠨᠡᠶᠢᠬᠡᠮ ᠵᠢᠷᠤᠮ  ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠵᠦ᠂ ᠬᠤᠳᠠ ᠬᠦᠳᠡᠭᠡ ᠶᠢᠨ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ ᠲᠦᠬᠦᠭᠡᠷᠤᠮᠵᠢ ᠶᠢ ᠲᠡᠬᠦᠯᠳᠡᠷᠵᠢᠬᠦᠯᠦᠨ᠎ᠡ᠃ ᠪᠦᠬᠦ ᠠᠷᠠᠳ ᠤᠨ ᠪᠠᠶ᠎ᠠ ᠴᠢᠬᠢᠷᠠᠭᠵᠢᠭᠤᠯᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠨᠠᠩ ᠦᠨᠳᠤᠷ ᠬᠢᠷᠢ ᠲᠦᠪᠰᠢᠨ ᠪᠦᠬᠦᠢ ᠪᠦᠬᠦ ᠠᠷᠠᠳ ᠤᠨ ᠪᠠᠶ᠎ᠠ ᠴᠢᠬᠢᠷᠠᠭᠵᠢᠭᠤᠯᠬᠤ ᠦᠢᠯᠡᠴᠢᠯᠠᠭᠡᠨ ᠤ ᠲᠤᠭᠳᠠᠯᠴᠠᠭ᠎ᠠ ᠶᠢ ᠪᠦᠷᠢᠯᠳᠤᠬᠦᠯᠦᠨ᠎ᠡ᠃ ᠠᠷᠠᠳ ᠤᠨ ᠠᠮᠢᠳᠤᠷᠠᠯ ᠤᠨ ᠪᠠᠳᠤᠯᠠᠭ᠎ᠠ ᠶᠢ ᠴᠢᠩᠭᠠᠳᠬᠠᠨ᠎ᠠ᠃ ᠠᠵᠢᠯ ᠤᠯᠭᠤᠯᠳᠠ ᠪᠠ ᠦᠢᠯᠡᠰ ᠪᠤᠰᠬᠠᠯᠳᠠ ᠶᠢᠨ ᠲᠦᠷᠦ ᠶᠢᠨ ᠪᠤᠳᠤᠯᠭ᠎ᠠ ᠶᠢᠨ ᠠᠷᠭ᠎ᠠ ᠪᠡᠷᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠭᠤᠤᠯᠳᠠᠯᠭ᠎ᠠ ᠲᠠᠢ ᠬᠦᠮᠦᠰ ᠪᠡ ︽4050︾ ᠬᠦᠮᠦᠰ23 ᠲᠤ ᠠᠵᠢᠯ ᠤᠯᠭᠤᠬᠤ ᠪᠡ ᠦᠢᠯᠡᠰ ᠪᠤᠰᠬᠠᠬᠤ ᠦᠢᠯᠡᠴᠢᠯᠡᠭᠡ ᠶᠢ ᠰᠠᠶᠢᠳᠤᠷ ᠠᠳᠬᠤᠵᠦ᠂ ᠠᠵᠢᠯ ᠤᠯᠭᠤᠯᠳᠠ ᠶᠢᠨ ᠰᠢᠨ᠎ᠡ ᠭᠡᠯᠪᠡᠷᠢ ᠪᠡᠶᠢᠳᠡᠯ ᠤᠨ ᠬᠦᠭᠵᠢᠯᠳᠡ ᠶᠢ ᠲᠡᠮᠵᠢᠬᠦ ᠶᠢᠨ ᠬᠠᠮᠳᠤ ᠲᠦᠷᠢᠮᠵᠢᠬᠦᠯᠦᠨ᠎ᠡ᠃ ᠠᠵᠢᠯ ᠮᠡᠷᠭᠡᠵᠢᠯ ᠤᠨ ᠪᠤᠯᠪᠠᠰᠤᠷᠠᠯ ᠢ ᠪᠠᠶᠢᠩᠭᠤ ᠦᠷᠨᠢᠬᠦᠯᠵᠦ᠂ ᠨᠤᠳᠤᠭ ᠲᠠᠭᠠᠨ ᠪᠤᠴᠠᠵᠦ ᠤᠶᠢᠯᠠᠰ ᠪᠤᠰᠬᠠᠬᠤ ᠪᠡ ᠬᠦᠳᠡᠭᠡ ᠳᠤ ᠦᠢᠯᠡᠰ ᠪᠤᠰᠬᠠᠬᠤ ᠶᠢ ᠠᠬᠢᠭᠤᠯᠵᠦ᠂ ᠤᠯᠠᠨ ᠨᠠᠶᠢᠳᠠ ᠶᠢᠨ ᠠᠵᠢᠯ ᠤᠯᠭᠤᠯᠳᠠ ᠶᠢᠨ ᠦᠢᠯᠡᠴᠢᠯᠠᠬᠡᠨ ᠤ ᠲᠤᠭᠳᠠᠯᠴᠠᠭ᠎ᠠ ᠪᠠᠷ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠳ ᠲᠤ ᠨᠠᠩ ᠰᠠᠶᠢᠳᠤᠷ ᠦᠢᠯᠡᠴᠢᠯᠠᠬᠦ ᠶᠢ ᠠᠬᠢᠭᠤᠯᠤᠨ᠎ᠡ᠃ ᠤᠯᠠᠨ ᠲᠡᠰ ᠲᠠᠪᠬᠤᠷᠭ᠎ᠠ ᠶᠢᠨ ᠨᠡᠶᠢᠭᠡᠮ ᠤᠨ ᠪᠠᠳᠤᠯᠠᠭ᠎ᠠ ᠶᠢᠨ ᠲᠤᠭᠳᠠᠯᠴᠠᠭ᠎ᠠ ᠶᠢ ᠪᠦᠷᠢᠨᠰᠢᠬᠦᠯᠵᠦ᠂ ᠪᠦᠬᠦ ᠠᠷᠠᠳ ᠤᠨ ᠲᠠᠭᠠᠳᠬᠠᠯ ᠳᠤ ᠤᠷᠤᠯᠴᠠᠬᠤ ᠲᠦᠯᠦᠪᠯᠡᠭᠡ ᠶᠢ ᠬᠦᠨᠵᠡᠬᠡᠢ ᠭᠡᠷᠡᠭᠵᠢᠬᠦᠯᠦᠨ᠂ ᠬᠠᠤᠯᠢ ᠳᠤ ᠲᠤᠭᠳᠠᠭᠠᠭᠰᠠᠨ ᠬᠦᠮᠦᠰ ᠪᠦᠬᠦᠨ ᠢᠶᠠᠷ  ᠢᠶᠠᠨ ᠲᠠᠭᠠᠳᠬᠠᠯ ᠳᠤ ᠤᠷᠤᠯᠴᠠᠬᠤ ᠶᠢ ᠪᠡᠶᠡᠯᠡᠬᠦᠯᠦᠨ᠎ᠡ᠃ ᠨᠡᠶᠢᠭᠡᠮ ᠤᠨ ᠲᠠᠭᠠᠳᠬᠠᠯ ᠤᠨ ᠭᠡᠪᠴᠢᠶ᠎ᠠ ᠶᠢ ᠦᠷᠭᠡᠳᠭᠡᠨ ᠲᠠᠳᠠᠪᠤᠷᠢᠯᠠᠨ ᠬᠤᠷᠢᠶᠠᠬᠤ᠂ ᠰᠠᠭᠤᠷᠢ ᠮᠦᠩᠬᠦᠨ ᠤ ᠬᠠᠮᠢᠶᠠᠷᠤᠯᠳᠠ ᠪᠡ ᠨᠡᠶᠢᠬᠡᠮ ᠤᠨ ᠲᠠᠭᠠᠳᠬᠠᠯ ᠤᠨ ᠰᠢᠯᠵᠢᠬᠦᠯᠦᠨ ᠦᠷᠬᠦᠯᠵᠢᠯᠡᠬᠦᠯᠬᠦ ᠠᠵᠢᠯ ᠢ ᠰᠠᠶᠢᠳᠤᠷ ᠬᠢᠨ᠎ᠡ︔ ᠬᠦᠨᠳᠤ ᠡᠪᠡᠳᠴᠢᠨ ᠤ ᠡᠮ ᠡᠮᠨᠡᠯᠬᠡ ᠶᠢᠨ ᠲᠠᠭᠠᠳᠬᠠᠯ ᠪᠡ ᠠᠪᠤᠷᠠᠨ ᠲᠤᠰᠠᠯᠠᠯᠳᠠ ᠶᠢᠨ ᠲᠦᠷᠢᠮ ᠢ ᠪᠦᠷᠢᠨᠰᠢᠬᠦᠯᠵᠦ᠂ ᠬᠤᠳᠠ ᠬᠦᠳᠡᠭᠡ ᠶᠢᠨ ᠲᠤᠤᠷ᠎ᠡ ᠤᠷᠤᠯᠭ᠎ᠠ ᠲᠠᠢ ᠭᠡᠷ ᠪᠦᠯᠢ᠂ ᠤᠨᠴᠠ ᠬᠦᠴᠢᠷᠳᠡᠯᠳᠡᠢ ᠬᠦᠮᠦᠰ ᠪᠡ ᠵᠡᠮᠳᠡᠭᠴᠤᠳ ᠵᠡᠷᠭᠡ ᠬᠦᠮᠦᠰ ᠤᠨ ᠠᠮᠢᠳᠤᠷᠠᠯ ᠢ ᠪᠠᠳᠤᠯᠠᠬᠤ ᠡᠷᠴᠢᠮ ᠢᠶᠠᠨ ᠴᠢᠩᠭᠠᠷᠠᠭᠤᠯᠤᠨ᠎ᠠ︔ ᠨᠠᠰᠤᠳᠠᠶᠢᠴᠤᠳ ᠢ ᠠᠰᠠᠷᠠᠬᠤ ᠵᠠᠬ᠎ᠠ ᠲᠡᠯᠬᠡᠬᠦᠷᠴᠢᠯᠡᠭᠰᠡᠨ ᠦᠢᠯᠡᠴᠢᠯᠡᠭᠡ ᠪᠡ ᠨᠠᠰᠤᠳᠠᠶᠢᠴᠤᠳ ᠢ ᠭᠡᠷ ᠲᠤᠨᠢ ᠠᠰᠠᠷᠠᠬᠤ᠂ ᠨᠡᠶᠢᠭᠡᠮ ᠲᠤᠭᠤᠷᠢᠭ ᠲᠤᠨᠢ ᠠᠰᠠᠷᠠᠬᠤ ᠨᠠᠶᠢᠳᠠ ᠶᠢᠨ ᠠᠰᠠᠷᠠᠮᠵᠢ ᠶᠢᠨ ᠦᠢᠯᠡᠴᠢᠯᠡᠭᠡ ᠶᠢ ᠶᠡᠬᠡᠪᠡᠷ ᠬᠦᠭᠵᠢᠬᠦᠯᠵᠦ᠂ ᠨᠠᠰᠤᠳᠠᠶᠢᠴᠤᠳ ᠢ ᠠᠰᠠᠷᠠᠬᠤ ᠪᠠᠶᠢᠭᠤᠯᠤᠮᠵᠢ ᠶᠢᠨ ᠦᠢᠯᠡᠴᠢᠯᠠᠭᠡᠨ ᠤ ᠶᠠᠰᠤ ᠴᠢᠨᠡᠷ ᠤᠨ ᠪᠡᠷᠢᠮᠵᠢᠶ᠎ᠠ ᠶᠢ ᠲᠦᠷᠢᠮᠵᠢᠬᠦᠯᠵᠦ᠂ ᠨᠠᠰᠤᠳᠠᠶᠢᠴᠤᠳ ᠢ ᠠᠰᠠᠷᠠᠬᠤ ᠦᠢᠯᠡᠴᠢᠯᠠᠭᠡᠨ ᠤ ᠬᠢᠷᠢ ᠲᠦᠪᠰᠢᠨ ᠢ ᠦᠨᠡᠨᠬᠦ ᠲᠡᠭᠡᠭᠰᠢᠯᠡᠬᠦᠯᠦᠨ᠎ᠡ᠃ ᠠᠮᠤᠷ ᠲᠦᠪᠰᠢᠨ ᠤ ᠬᠤᠷᠢᠭ᠎ᠠ ᠱᠤᠭᠤᠮ ᠢ ᠪᠡᠳᠤ ᠰᠠᠬᠢᠨ᠎ᠠ᠃ ᠤᠯᠤᠰ ᠤᠨ ᠪᠦᠬᠦ ᠲᠠᠯ᠎ᠠ ᠶᠢᠨ ᠠᠮᠤᠷ ᠲᠦᠪᠰᠢᠨ ᠤ ᠦᠵᠡᠯᠳᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠤᠷᠤᠨ ᠪᠦᠰᠡ ᠶᠢᠨ ᠴᠢᠨᠡᠷᠳᠡᠢ᠂ ᠰᠢᠰᠲ᠋ᠧᠮ ᠤᠨ ᠴᠢᠨᠡᠷᠳᠡᠢ ᠲᠦᠭᠰᠢᠬᠦᠷᠢ ᠶᠢ ᠡᠬᠦᠰᠭᠡᠬᠦ ᠦᠬᠡᠢ ᠪᠠᠶᠢᠬᠤ ᠬᠤᠷᠢᠭ᠎ᠠ ᠱᠤᠭᠤᠮ ᠢ ᠡᠷᠡᠰ ᠪᠠᠳᠤ ᠰᠠᠬᠢᠨ᠎ᠡ᠃ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠠᠵᠢᠯ ᠢ ᠦᠷᠬᠦᠯᠵᠢᠯᠡᠨ ᠰᠠᠶᠢᠳᠤᠷ ᠬᠢᠵᠦ᠂ ᠡᠮᠨᠡᠯᠬᠡ ᠶᠢᠨ ᠬᠤᠷᠢᠶᠠᠨ ᠤ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠬᠤᠷᠢᠭ᠎ᠠ ᠱᠤᠭᠤᠮ ᠢ ᠴᠢᠩᠭ᠎ᠠ ᠰᠡᠬᠢᠵᠦ᠂ ᠪᠦᠬᠦ ᠠᠷᠠᠳ ᠤᠨ ᠰᠡᠷᠭᠡᠶᠢᠯᠡᠨ ᠬᠠᠮᠠᠭᠠᠯᠠᠬᠤ ᠤᠬᠠᠮᠰᠠᠷ ᠢ ᠨᠡᠮᠡᠭᠳᠡᠬᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠳᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠬᠦᠯᠦᠨ᠎ᠡ᠃ ᠰᠢᠨ᠎ᠡ ︽ᠠᠶᠤᠯᠬᠦᠢ ᠦᠢᠯᠡᠳᠪᠤᠷᠢᠯᠡᠯ ᠤᠨ ᠬᠠᠤᠯᠢ︾ ᠶᠢ ᠨᠡᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠠᠶᠤᠯᠬᠦᠢ ᠦᠢᠯᠡᠳᠪᠤᠷᠢᠯᠡᠯ ᠤᠨ ᠲᠦᠭᠰᠢᠬᠦᠷᠢ ᠶᠢ ᠰᠡᠷᠭᠡᠶᠢᠯᠡᠨ ᠡᠵᠡᠮᠳᠡᠬᠦ ᠲᠤᠭᠳᠠᠯᠴᠠᠭ᠎ᠠ  ᠶᠢᠨ ᠪᠠᠶᠢᠭᠤᠯᠤᠯᠳᠠ ᠶᠢ ᠴᠢᠩᠭᠠᠳᠬᠠᠨ᠂ ᠭᠤᠤᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠠ ᠴᠡᠷ᠎ᠡ ᠳᠠᠬᠢ ᠠᠮᠤᠷ ᠲᠦᠪᠰᠢᠨ ᠤ ᠲᠠᠯᠳᠠ ᠬᠡᠮ ᠢ ᠪᠠᠶᠢᠴᠠᠭᠠᠨ ᠴᠡᠭᠴᠡᠯᠠᠬᠦ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠦ᠂ ᠠᠶᠤᠯᠬᠦᠢ ᠦᠢᠯᠡᠳᠪᠤᠷᠢᠯᠡᠯ ᠤᠨ ᠪᠠᠶᠢᠳᠠᠯ ᠤᠨ ᠲᠤᠭᠳᠠᠭᠤᠨ ᠢᠶᠠᠷ ᠰᠠᠶᠢᠵᠢᠷᠠᠬᠤ ᠶᠢ ᠪᠠᠳᠤᠯᠠᠨ᠎ᠠ᠃ ᠢᠳᠡᠭᠡᠨ ᠤ ᠵᠦᠢᠯ ᠤᠨ ᠪᠦᠬᠦ ᠭᠡᠯᠬᠢᠶᠠᠨ ᠤ ᠶᠠᠰᠤ ᠴᠢᠨᠡᠷ ᠤᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠵᠦ᠂ ᠡᠮ ᠤᠨ ᠵᠦᠢᠯ ᠤᠨ ᠠᠮᠤᠷ ᠲᠦᠪᠰᠢᠨ ᠤ ᠪᠦᠬᠦ ᠡᠵᠡᠩᠨᠡᠯᠳᠡ ᠶᠢᠨ ᠬᠤᠭᠤᠴᠠᠭᠠᠨ ᠤ ᠬᠠᠮᠢᠶᠠᠷᠤᠯᠳᠠ ᠶᠢᠨ ᠲᠤᠭᠳᠠᠴᠠ ᠶᠢ ᠪᠦᠷᠢᠯᠳᠤᠬᠦᠯᠦᠨ᠂ ᠠᠷᠠᠳ ᠤᠯᠠᠨ ᠤ ᠡᠷᠡᠬᠦᠯ ᠮᠠᠨᠳᠤ ᠠᠮᠤᠷ ᠲᠦᠪᠰᠢᠨ ᠢ ᠰᠠᠶᠢᠳᠤᠷ ᠬᠠᠮᠠᠭᠠᠯᠠᠨ᠎ᠠ᠃ ᠪᠦᠬᠦ ᠤᠯᠤᠰ  ᠤᠨ ᠠᠩᠬᠠᠳᠤᠭᠠᠷ ᠤᠳᠠᠭᠠᠨ ᠤ ᠪᠠᠶᠢᠭᠠᠯᠢ ᠶᠢᠨ ᠭᠠᠮᠰᠢᠭ ᠤᠨ ᠶᠡᠷᠦᠩᠭᠡᠢ ᠲᠦᠭᠰᠢᠬᠦᠷᠢ ᠶᠢ ᠨᠠᠶᠢᠳᠠᠮ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠦᠷᠨᠢᠬᠦᠯᠵᠦ᠂ ᠭᠠᠮᠰᠢᠭ ᠢ ᠰᠡᠷᠭᠡᠶᠢᠯᠠᠨ ᠭᠠᠮᠰᠢᠭ ᠢ ᠪᠠᠭᠠᠰᠬᠠᠬᠤ᠂ ᠭᠠᠮᠰᠢᠭ ᠠᠴᠠ ᠠᠪᠤᠷᠠᠬᠤ ᠲᠤᠭᠳᠠᠯᠴᠠᠭ᠎ᠠ ᠪᠡ ᠪᠡᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠯᠳᠠ ᠶᠢᠨ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠨ᠂ ᠭᠠᠵᠡᠷ ᠬᠦᠳᠡᠯᠤᠯᠳᠠ ᠶᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠨᠤᠳᠤᠭ ᠪᠡᠯᠴᠢᠬᠡᠷ ᠤᠨ ᠲᠦᠢᠮᠡᠷ ᠢ ᠰᠡᠷᠭᠡᠶᠢᠯᠡᠬᠦ ᠪᠡ ᠤᠨᠳᠠᠷᠠᠭᠠᠬᠤ᠂ ᠤᠨᠴᠠ ᠶᠡᠭᠡ ᠭᠠᠮᠰᠢᠭ ᠤᠨ ᠴᠢᠨᠡᠷᠳᠡᠢ ᠴᠠᠭ ᠠᠭᠤᠷ ᠢ ᠠᠷᠭᠠᠴᠠᠭᠠᠬᠤ ᠵᠡᠷᠭᠡ ᠠᠵᠢᠯ ᠢ ᠰᠠᠶᠢᠳᠤᠷ ᠠᠳᠬᠤᠵᠦ᠂ ᠭᠠᠮᠰᠢᠭ ᠠᠴᠠ ᠪᠤᠯᠤᠭᠰᠠᠨ ᠭᠡᠨᠡᠳᠡᠯ ᠤᠨ ᠲᠦᠭᠰᠢᠬᠦᠷᠢ ᠪᠡ ᠬᠤᠬᠢᠷᠠᠯ ᠢ ᠬᠠᠮᠤᠭ ᠶᠡᠭᠡ ᠬᠡᠮᠵᠢᠶ᠎ᠠ ᠪᠠᠷ ᠪᠠᠭᠠᠰᠬᠠᠨ᠎ᠠ᠃ ᠶᠡᠭᠡ ᠲᠠᠯ᠎ᠠ ᠶᠢᠨ ᠲᠤᠭᠳᠠᠭᠤᠨ ᠢ ᠬᠠᠮᠠᠭᠠᠯᠠᠨ᠎ᠠ᠃ ᠡᠬᠡ ᠤᠯᠤᠰ ᠤᠨ ᠤᠮᠠᠷᠠᠳᠤ ᠬᠢᠯᠢ ᠶᠢᠨ ᠴᠡᠷᠢᠭ ᠠᠷᠠᠳ ᠠᠭᠤᠰᠤᠯᠴᠠᠭᠰᠠᠨ ᠠᠮᠤᠷ ᠲᠦᠪᠰᠢᠨ ᠲᠤᠭᠳᠠᠭᠤᠨ ᠤᠷᠤᠨ ᠢ ᠡᠬᠦᠳᠬᠦ ᠪᠠᠷ ᠭᠠᠷᠳᠠᠴᠠ ᠪᠤᠯᠭᠠᠵᠦ᠂ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠡᠳᠤ ᠴᠤᠭᠴᠠᠯᠠᠬᠤ ᠪᠠᠷ ᠭᠤᠤᠯ ᠰᠢᠵᠢᠮ ᠪᠤᠯᠭᠠᠨ᠂ ᠡᠭᠡ ᠤᠷᠤᠨᠴᠢ ᠦᠵᠡᠯ ᠪᠡ ᠦᠨᠳᠤᠰᠤᠳᠠᠨ ᠤ ᠪᠦᠯᠬᠦᠮᠳᠡᠯ ᠲᠠᠪᠰᠢᠯᠳᠠ ᠶᠢᠨ ᠬᠦᠮᠦᠵᠢᠯ ᠢ ᠬᠦᠨᠵᠡᠬᠡᠢ ᠦᠷᠨᠢᠬᠦᠯᠦᠨ᠂ ᠴᠡᠷᠢᠭ ᠪᠡ ᠤᠷᠤᠨ ᠨᠤᠳᠤᠭ ᠤᠨ ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠵᠦ᠂ ᠴᠡᠷᠢᠭ ᠠᠷᠠᠳ ᠤᠨ ᠠᠭᠤᠰᠤᠯᠴᠠᠭᠰᠠᠨ ᠬᠦᠭᠵᠢᠯᠳᠡ ᠶᠢ ᠠᠬᠢᠭᠤᠯᠤᠨ᠎ᠠ᠃ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠡᠮᠡᠴᠠᠯ ᠢ ᠪᠠᠶᠢᠩᠭᠤ ᠦᠷᠨᠢᠬᠦᠯᠵᠦ᠂ ︽ᠠᠮᠤᠭᠤᠯᠠᠩᠳᠤ ᠪᠠᠷᠠᠭᠤᠨ ᠰᠦᠨᠢᠳ︾ ︽ᠬᠠᠤᠯᠢᠳᠤ ᠪᠠᠷᠠᠭᠤᠨ ᠰᠦᠨᠢᠳ︾ ᠤᠨ ᠪᠦᠳᠤᠭᠡᠨ ᠪᠠᠶᠢᠭᠤᠯᠤᠯᠳᠠ ᠶᠢ ᠦᠷᠬᠦᠯᠵᠢᠯᠡᠨ ᠬᠦᠨᠵᠡᠬᠡᠶᠢᠷᠡᠬᠦᠯᠵᠦ᠂ ᠰᠢᠨ᠎ᠡ ᠴᠠᠭ ᠦᠶ᠎ᠠ ᠶᠢᠨ ︽ᠹᠧᠩ ᠴᠢᠶᠤᠤ ᠪᠠᠯᠭᠠᠰᠤᠨ ᠤ ᠲᠤᠷᠰᠢᠯᠭ᠎ᠠ︾ ᠶᠢ ᠪᠡᠷᠢᠮᠳᠠᠯᠠᠨ ᠬᠦᠭᠵᠢᠬᠦᠯᠵᠦ᠂ ᠵᠠᠬᠢᠳᠠᠯ ᠰᠤᠷᠪᠤᠯᠵᠢᠯᠠᠭ᠎ᠠ ᠵᠦᠷᠢᠴᠠᠯ ᠵᠢᠭᠤᠷᠠᠯᠳᠤᠭᠠᠨ ᠤ ᠲᠠᠷᠤᠭᠳᠠᠮᠠᠯ ᠭᠡᠷᠡᠭ ᠢ ᠪᠠᠭᠠᠰᠬᠠᠨ᠂ ᠰᠢᠨ᠎ᠡ ᠪᠠᠷ ᠨᠡᠮᠡᠭᠳᠡᠬᠦ ᠶᠢ ᠬᠢᠵᠠᠭᠠᠷᠯᠠᠵᠦ᠂ ᠤᠯᠠᠨ ᠲᠦᠮᠡᠨ ᠤ ︽ᠬᠦᠴᠢᠷ᠂ ᠲᠦᠪᠡᠭᠳᠡᠢ᠂ ᠪᠡᠴᠢᠮ᠂ ᠰᠠᠨᠠᠭᠠᠰᠢᠷᠡᠵᠦ ᠪᠠᠶᠢᠭ᠎ᠠ︾ ᠠᠰᠠᠭᠤᠳᠠᠯ ᠢ ᠤᠯᠠᠨ ᠠᠷᠭ᠎ᠠ ᠵᠡᠮ ᠢᠶᠠᠷ ᠰᠢᠢᠳᠪᠤᠷᠢᠯᠡᠨ᠂ ᠨᠡᠶᠢᠭᠡᠮ ᠤᠨ ᠡᠶ᠎ᠡ ᠵᠤᠬᠢᠴᠠᠯᠳᠤ ᠲᠤᠭᠳᠠᠭᠤᠨ ᠢ ᠬᠠᠮᠠᠭᠠᠯᠠᠵᠦ᠂ ᠡᠭᠡ ᠤᠯᠤᠰ ᠤᠨ ᠤᠮᠠᠷᠠᠳᠤ ᠬᠢᠯᠢ ᠶᠢᠨ ᠠᠮᠤᠷ ᠲᠦᠪᠰᠢᠨ ᠲᠤᠭᠳᠠᠭᠤᠨ ᠤ ᠬᠠᠯᠬᠠᠪᠴᠢ ᠶᠢ ᠲᠠᠰᠤᠷᠠᠯᠳᠠ ᠦᠬᠡᠢ ᠪᠠᠬᠢᠵᠢᠬᠦᠯᠦᠨ᠎ᠡ᠃      ᠭᠤᠷᠪᠡ᠂ 2022 ᠤᠨ ᠤ ᠭᠤᠤᠯ ᠬᠠᠷᠠᠯᠳᠠ ᠪᠡ ᠡᠬᠦᠷᠭᠡ      2022 ᠤᠨ ᠪᠤᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠤᠷᠳᠤᠨ ᠤ ᠡᠬᠢᠯᠡᠯᠳᠡ ᠶᠢᠨ ᠵᠢᠯ᠂ ᠮᠦᠨᠴᠦ ︽ᠠᠷᠪᠡᠨ ᠲᠦᠷᠪᠡᠳᠤᠭᠡᠷ ᠲᠠᠪᠤᠨ ᠵᠢᠯ︾ ᠤᠨ ᠲᠦᠯᠦᠪᠵᠢᠬᠦᠯᠬᠡ ᠶᠢ ᠭᠡᠷᠡᠭᠵᠢᠬᠦᠯᠬᠦ ᠵᠠᠩᠬᠢᠯᠠᠭ᠎ᠠ ᠶᠢᠨ ᠵᠢᠯ ᠪᠤᠯᠤᠨ᠎ᠠ᠂ ᠦᠨᠦ ᠵᠢᠯ ᠤᠨ ᠠᠵᠢᠯ ᠢ ᠰᠠᠶᠢᠳᠤᠷ ᠬᠢᠬᠦ ᠨᠢ ᠴᠢᠬᠤᠯᠠ ᠶᠡᠭᠡ ᠠᠴᠢ ᠬᠤᠯᠪᠤᠭᠳᠠᠯ ᠲᠠᠢ ᠪᠦᠭᠡᠳ ᠠᠯᠤᠰ ᠭᠡᠳᠣ ᠶᠢᠨ ᠨᠦᠯᠦᠬᠡ ᠲᠠᠢ ᠶᠤᠮ᠃ ᠦᠨᠦ ᠵᠢᠯ ᠤᠨ ᠪᠦᠬᠦ ᠬᠤᠰᠢᠭᠤᠨ ᠤ ᠠᠵᠦ ᠠᠬᠤᠢ ᠨᠡᠶᠢᠭᠡᠮ ᠤᠨ ᠬᠦᠭᠵᠢᠯᠳᠡ  ᠶᠢᠨ ᠭᠤᠤᠯ ᠵᠢᠱᠢᠭᠰᠡᠨ ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠦᠩᠭᠡᠢ ᠦᠷᠳᠡᠭ ᠢ 42.7 ᠳ᠋ᠦᠩᠰᠢᠭᠤᠷ ᠲᠦᠬᠦᠷᠢᠭ ᠪᠠᠶᠠᠯᠠᠬᠦᠯᠵᠦ᠂ 6% ᠪᠠᠷ ᠨᠡᠮᠡᠭᠳᠡᠬᠦᠯᠦᠨ᠎ᠡ︔ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 2.05 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠡᠬᠦᠨ ᠳᠤ ᠭᠠᠶᠢᠯᠢ ᠶᠢᠨ ᠤᠷᠤᠯᠭ᠎ᠠ  ᠶᠢ 1.52 ᠳ᠋ᠦᠩᠰᠢᠭᠤᠷ ᠲᠦᠬᠦᠷᠢᠭ ᠪᠡᠶᠡᠯᠡᠬᠦᠯᠵᠦ᠂ 7.7% ᠪᠠᠷ ᠨᠡᠮᠡᠭᠳᠡᠬᠦᠯᠦᠨ᠎ᠡ︔ ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 14.9 ᠳ᠋ᠦᠩᠰᠢᠭᠤᠷ ᠲᠦᠬᠦᠷᠢᠭ ᠪᠡᠶᠡᠯᠡᠬᠦᠯᠵᠦ᠂ 8% ᠪᠠᠷ ᠨᠡᠮᠡᠭᠳᠡᠬᠦᠯᠦᠨ᠎ᠡ︔ ᠨᠡᠶᠢᠬᠡᠮ ᠤᠨ ᠭᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠭᠡᠢ ᠭᠡᠮᠵᠢᠶ᠎ᠠ ᠶᠢ 9.5 ᠳ᠋ᠦᠩᠰᠢᠭᠤᠷ ᠲᠦᠬᠦᠷᠢᠭ ᠪᠡᠶᠡᠯᠡᠬᠦᠯᠵᠦ᠂ 6% ᠪᠠᠷ ᠨᠡᠮᠡᠭᠳᠡᠬᠦᠯᠦᠨ᠎ᠡ᠃ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠲᠤᠬᠢᠷᠠᠭᠤᠯᠵᠦ ᠪᠤᠯᠬᠤᠶᠢᠴᠠ ᠤᠷᠤᠯᠭ᠎ᠠ ᠶᠢ 43600 ᠲᠦᠬᠦᠷᠢᠭ ᠪᠤᠯᠤᠨ 17200 ᠲᠦᠬᠦᠷᠢᠭ ᠪᠡᠶᠡᠯᠡᠬᠦᠯᠵᠦ᠂ ᠲᠤᠰᠪᠤᠷᠢ 4% ᠪᠡ 10% ᠪᠠᠷ ᠨᠡᠮᠡᠭᠳᠡᠬᠦᠯᠦᠨ᠎ᠡ︔ ᠨᠢᠬᠡᠴᠠ GDP ᠤᠨ ᠡᠨᠧᠷᠬᠢ ᠶᠢᠨ ᠬᠤᠷᠤᠭᠳᠠᠯ ᠢ ᠲᠡᠭᠡᠳᠤ ᠱᠠᠳᠤᠨ ᠤ ᠱᠠᠭᠠᠷᠳᠠᠯᠭ᠎ᠠ ᠳᠤ ᠬᠦᠷᠭᠡᠵᠦ᠂ ᠭᠤᠤᠯ ᠪᠤᠯᠬᠤ ᠪᠤᠬᠢᠷᠳᠤᠯ ᠪᠤᠳᠠᠰ ᠤᠨ ᠭᠠᠳᠠᠭᠰᠢᠯᠠᠭᠤᠯᠤᠯᠳᠠ ᠶᠢᠨ ᠭᠡᠮᠵᠢᠶ᠎ᠠ ᠶᠢ ᠦᠷᠬᠦᠯᠵᠢᠯᠡᠨ ᠪᠡᠭᠤᠷᠠᠭᠤᠯᠤᠨ᠎ᠠ᠃ᠲᠡᠭᠡᠷ᠎ᠡ ᠲᠤᠷᠠᠳᠤᠭᠰᠠᠨ ᠬᠠᠷᠠᠯᠳᠠ ᠶᠢᠨ ᠲᠤᠭᠤᠷᠢᠨ ᠳᠤ᠂ ᠪᠢᠳᠠ ᠲᠤᠤᠷᠡᠬᠢ ᠵᠢᠷᠭᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠠᠳᠬᠤᠨ᠎ᠡ᠄    ︵ᠨᠢᠬᠡ︶ ᠪᠤᠬᠢᠷᠳᠤᠯ ᠦᠬᠡᠢ ᠬᠦᠭᠵᠢᠯᠳᠡ ᠳᠤ ᠲᠦᠪᠯᠡᠷᠡᠬᠦᠯᠵᠦ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢ ᠪᠤᠳᠠᠳᠠᠢ ᠰᠠᠶᠢᠳᠤᠷ ᠠᠳᠬᠤᠨ᠎ᠡ᠃ ᠠᠮᠢ ᠠᠬᠤᠢ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠤᠯᠤᠰ ᠤᠨ ᠲᠠᠰ ᠤᠨ ᠠᠮᠢ ᠠᠬᠤᠢ ᠶᠢᠨ ᠪᠤᠯᠪᠠᠰᠤᠨ ᠤ ᠵᠢᠱᠢᠶ᠎ᠠ ᠦᠵᠡᠬᠦᠯᠬᠦ ᠬᠤᠰᠢᠭᠤ  ᠶᠢ ᠡᠬᠦᠳᠤᠨ ᠪᠠᠶᠢᠭᠤᠯᠬᠤ ᠠᠵᠢᠯ ᠢ ᠬᠦᠨᠵᠡᠬᠡᠢ ᠠᠬᠢᠭᠤᠯᠵᠦ᠂ ᠠᠮᠢ ᠠᠬᠤᠢ ᠶᠢ ᠬᠠᠮᠠᠭᠠᠯᠠᠬᠤ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠮᠢ ᠠᠬᠤᠢ ᠶᠢᠨ ᠬᠢᠨᠡᠨ ᠰᠢᠯᠭᠠᠵᠦ ᠦᠨᠡᠯᠡᠬᠦ ᠪᠡ ᠬᠠᠷᠢᠭᠤᠴᠠᠯᠭ᠎ᠠ ᠨᠡᠭᠡᠮᠵᠢᠯᠡᠬᠦ ᠲᠦᠷᠢᠮ ᠢ ᠴᠢᠩᠭᠠᠳᠬᠠᠵᠦ᠂ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠭᠰᠡᠨ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠡᠷᠡᠰ ᠴᠤᠬᠢᠯᠳᠠ ᠦᠭᠬᠦᠨ᠎ᠡ᠃ ᠤᠯᠤᠰ ᠤᠨ ᠭᠠᠵᠡᠷ ᠰᠢᠷᠦᠢ  ᠶᠢᠨ ᠤᠷᠤᠨ ᠵᠠᠢ ᠶᠢ ᠨᠡᠭᠡᠭᠡᠨ ᠬᠦᠭᠵᠢᠬᠦᠯᠬᠦ ᠭᠡᠪ ᠪᠠᠶᠢᠳᠠᠯ ᠢ ᠰᠢᠯᠢᠳᠡᠭᠵᠢᠬᠦᠯᠦᠨ᠂ ︽ᠭᠤᠷᠪᠡᠨ ᠬᠤᠷᠢᠭ᠎ᠠ ᠱᠤᠭᠤᠮ᠂ ᠨᠢᠭᠡ ᠨᠠᠷᠢᠨ ᠲᠠᠩᠰᠠ︾24 ᠪᠠᠷ ᠭᠤᠤᠯ ᠪᠤᠯᠭᠠᠭᠰᠠᠨ ᠠᠮᠢ ᠠᠬᠤᠢ ᠶᠢᠨ ᠤᠷᠴᠢᠨ ᠲᠤᠭᠤᠷᠢᠨ ᠢ ᠲᠤᠭᠤᠷᠢᠭ ᠬᠤᠪᠢᠶᠠᠨ ᠬᠠᠮᠢᠶᠠᠷᠤᠨ ᠡᠵᠡᠮᠳᠡᠬᠦ ᠲᠤᠭᠳᠠᠯᠴᠠᠭ᠎ᠠ ᠶᠢ ᠪᠠᠶᠢᠭᠤᠯᠵᠦ᠂ ᠡᠯ᠎ᠡ ᠤᠷᠴᠢᠨ ᠲᠤᠭᠤᠷᠢᠨ ᠤ ᠬᠠᠮᠢᠶᠠᠷᠤᠯᠳᠠ  ᠶᠢᠨ ᠨᠢᠭᠡᠴᠠ ᠶᠢᠨ ᠨᠡᠭᠡᠭᠡᠨ ᠬᠦᠭᠵᠢᠬᠦᠯᠬᠦ ᠦᠢᠯᠡ ᠠᠵᠢᠯᠯᠠᠭ᠎ᠠ ᠪᠡ ᠵᠦᠪᠰᠢᠶᠡᠷᠡᠬᠦ ᠱᠠᠭᠠᠷᠳᠠᠯᠭ᠎ᠠ ᠶᠢ ᠲᠦᠷᠢᠮᠵᠢᠬᠦᠯᠵᠦ ᠂ ᠠᠮᠢ ᠠᠬᠤᠢ ᠶᠢᠨ ᠤᠷᠴᠢᠨ ᠲᠤᠭᠤᠷᠢᠨ ᠤ ᠵᠠᠰᠠᠯᠳᠠ ᠶᠢᠨ ᠲᠤᠭᠳᠠᠯᠴᠠᠭ᠎ᠠ ᠪᠡ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠮᠠᠯ ᠪᠡᠯᠴᠢᠬᠡᠷ ᠤᠨ ᠲᠡᠩᠴᠡᠬᠦᠷᠢ ᠶᠢ ᠪᠠᠳᠤᠯᠠᠬᠤ ᠪᠡ ᠪᠡᠯᠴᠢᠭᠡᠷᠯᠡᠬᠦᠯᠬᠦ ᠶᠢ ᠵᠤᠭᠰᠤᠭᠠᠨ ᠪᠡᠯᠴᠢᠭᠡᠷ ᠢ ᠰᠡᠷᠬᠦᠭᠡᠬᠦ ᠲᠦᠷᠢᠮ ᠢ ᠬᠠᠤᠯᠢ ᠶᠤᠰᠤᠭᠠᠷ ᠴᠢᠩᠭ᠎ᠠ ᠭᠡᠷᠡᠭᠵᠢᠬᠦᠯᠦᠨ᠂ ᠬᠠᠪᠤᠷ ᠤᠨ ᠤᠯᠠᠷᠢᠯ ᠤᠨ ᠤᠷᠭᠤᠯᠳᠠ ᠶᠢᠨ ᠬᠤᠭᠤᠴᠠᠭᠠᠨ ᠳᠤ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠠᠵᠢᠯ ᠢ ᠯᠠᠪᠳᠠᠭᠤᠨ ᠪᠠᠳᠤᠳᠠᠢ ᠦᠷᠨᠢᠬᠦᠯᠦᠨ᠎ᠡ᠃ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠨ᠎ᠠ᠃ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠬᠦᠨᠵᠡᠬᠡᠢ ᠠᠬᠢᠭᠤᠯᠵᠦ᠂ ᠵᠠᠳᠠᠭᠠᠢ ᠠᠭᠤᠷᠬᠠᠢ ᠶᠢᠨ ᠲᠤᠭᠤᠷᠢᠭ ᠤᠨ ᠲᠤᠭᠤᠰᠤ ᠰᠢᠷᠦᠢ ᠶᠢᠨ ᠪᠤᠬᠢᠷᠳᠤᠯ ᠪᠡ ᠠᠵᠦ ᠠᠬᠤᠶᠢᠯᠠᠯ ᠤᠨ ︽ᠭᠤᠷᠪᠡᠨ ᠬᠠᠶᠠᠭᠳᠠᠮᠠᠯ︾25 ᠢ ᠲᠤᠭᠳᠠᠭᠠᠯ ᠠᠴᠠ ᠵᠦᠷᠢᠴᠠᠨ ᠭᠠᠳᠠᠭᠰᠢᠯᠠᠭᠤᠯᠬᠤ ᠶᠢ ᠲᠤᠰᠬᠠᠢ ᠲᠦᠷᠦᠯ ᠢᠶᠠᠷ ᠵᠠᠰᠠᠨ ᠴᠡᠭᠴᠡᠯᠡᠵᠦ᠂ ᠪᠦᠬᠦ ᠵᠢᠯ ᠤᠨ ᠠᠭᠠᠷ ᠮᠠᠨᠳᠠᠯ ᠤᠨ ᠶᠡᠰᠤ ᠴᠢᠨᠡᠷ ᠤᠨ ᠪᠡᠷᠢᠮᠵᠢᠶ᠎ᠠ ᠶᠢ 96% ᠠᠴᠠ ᠲᠡᠭᠡᠭᠰᠢ ᠳᠤ ᠲᠤᠭᠳᠠᠪᠤᠷᠢᠵᠢᠭᠤᠯᠤᠨ᠎ᠠ᠃ ᠲᠦᠪᠯᠡᠷᠡᠭᠰᠡᠨ ᠤᠰᠤᠨ ᠰᠤᠷᠪᠤᠯᠵᠢ ᠶᠢᠨ ᠭᠠᠵᠡᠷ ᠤᠨ ᠬᠠᠮᠠᠭᠠᠯᠠᠯᠳᠠ ᠶᠢ ᠴᠢᠩᠭᠠᠳᠬᠠᠵᠦ ᠂ 3 ᠲᠦᠪᠯᠡᠷᠡᠭᠰᠡᠨ ᠤᠤᠭᠤᠬᠤ ᠤᠰᠤᠨ ᠤ ᠰᠤᠷᠪᠤᠯᠵᠢ ᠶᠢᠨ ᠭᠠᠵᠡᠷ ᠤᠨ ᠲᠦᠷᠢᠮᠵᠢᠭᠰᠡᠨ ᠪᠦᠳᠤᠭᠡᠨ ᠪᠠᠶᠢᠭᠤᠯᠤᠯᠳᠠ  ᠶᠢ ᠪᠡᠶᠡᠯᠡᠬᠦᠯᠵᠦ᠂ ᠰᠠᠭᠤᠭᠠᠯᠢ ᠠᠷᠠᠳ ᠤᠨ ᠤᠤᠭᠤᠬᠤ ᠤᠰᠤᠨ ᠤ ᠠᠮᠤᠷ ᠲᠦᠪᠰᠢᠨ ᠢ ᠪᠠᠳᠤᠯᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠬᠠᠶᠠᠭᠳᠠᠮᠠᠯ ᠪᠤᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠵᠦ᠂ ᠮᠠᠯ ᠲᠡᠵᠢᠭᠡᠪᠤᠷᠢ ᠶᠢᠨ ᠢᠯᠭᠠᠳᠠᠰᠤ ᠶᠢ ᠶᠡᠷᠦᠩᠭᠡᠶᠢᠯᠡᠨ ᠠᠰᠢᠭᠯᠠᠬᠤ ᠨᠤᠷᠮ᠎ᠡ ᠶᠢ 98% ᠳᠤ ᠬᠦᠷᠭᠡᠨ᠎ᠡ᠃ ᠦᠪᠡᠷᠳᠡᠭᠡᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠦᠷᠨᠢᠬᠦᠯᠵᠦ᠂ ᠡᠯ᠎ᠡ ᠱᠠᠳᠤᠨ ᠤ ᠡᠯ᠎ᠡ ᠲᠦᠷᠦᠯ ᠤᠨ ᠤᠷᠴᠢᠨ ᠲᠤᠭᠤᠷᠢᠨ  ᠢ ᠬᠠᠮᠠᠭᠠᠯᠠᠭᠰᠠᠨ ᠪᠠᠶᠢᠳᠠᠯ ᠢ ᠱᠠᠭᠠᠷᠳᠠᠨ ᠪᠠᠶᠢᠴᠠᠭᠠᠵᠦ ᠲᠤᠰᠬᠠᠭᠰᠠᠨ ᠠᠰᠠᠭᠤᠳᠠᠯ ᠢ ᠵᠠᠰᠠᠨ ᠴᠡᠭᠴᠡᠯᠡᠭᠰᠡᠨ ᠦᠷ᠎ᠡ ᠪᠦᠳᠤᠭᠡᠯ ᠢ ᠪᠠᠬᠢᠵᠢᠬᠦᠯᠦᠨ ᠲᠡᠭᠡᠭᠰᠢᠯᠡᠬᠦᠯᠵᠦ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠯᠳᠠ ᠶᠢᠨ ᠲᠤᠭᠤᠶᠢᠯᠠᠩ ᠤᠨ ᠪᠠᠶᠢᠴᠠᠭᠠᠯᠳᠠ ᠶᠢ ᠤᠭᠳᠤᠬᠤ ᠪᠡᠯᠡᠳᠭᠡᠯ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠨ᠎ᠡ᠃ ᠪᠡᠭᠡᠵᠢᠩ ᠲᠢᠶᠠᠨᠵᠢᠨ ᠤ ᠡᠯᠡᠰᠤᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠭᠤᠤᠯᠳᠠᠯᠭ᠎ᠠ ᠲᠠᠢ ᠤᠷᠤᠨ ᠪᠦᠰᠡ ᠶᠢᠨ ᠨᠤᠭᠤᠭᠠᠷᠠᠭᠤᠯᠤᠯᠳᠠ ᠵᠡᠷᠭᠡ ᠠᠮᠢ ᠠᠬᠤᠢ ᠶᠢᠨ ᠰᠡᠷᠬᠦᠭᠡᠯᠳᠡ ᠶᠢᠨ ᠢᠨᠵᠧᠨᠧᠷᠢᠩ ᠢ ᠵᠤᠬᠢᠶᠠᠨ ᠪᠠᠶᠢᠭᠤᠯᠤᠨ ᠰᠠᠶᠢᠳᠤᠷ ᠪᠠᠶᠠᠯᠠᠬᠦᠯᠵᠦ᠂ ᠵᠢᠯ ᠤᠨ ᠲᠤᠳᠤᠷ᠎ᠡ 12 ᠲᠦᠮᠡᠨ ᠮᠤ᠋ ᠨᠤᠳᠤᠭ ᠪᠡᠯᠴᠢᠭᠡᠷ ᠤᠨ ᠠᠮᠢ ᠠᠬᠤᠢ ᠶᠢ ᠰᠡᠷᠬᠦᠭᠡᠨ ᠵᠠᠰᠠᠵᠦ᠂ 1 ᠲᠦᠮᠡᠨ ᠮᠤ᠋ ᠡᠯᠡᠰᠤ ᠶᠢ ᠪᠢᠳᠡᠬᠦᠮᠵᠢᠯᠠᠨ ᠤᠶᠢᠵᠢᠭᠤᠯᠵᠦ᠂ 12 ᠲᠡᠭᠰᠢ ᠲᠦᠷᠪᠡᠯᠵᠢᠨ ᠺᠢᠯᠦᠮᠧᠲᠷ ᠤᠨ ᠵᠢᠵᠢᠭ ᠤᠷᠤᠰᠬᠠᠯ ᠢ ᠵᠠᠰᠠᠨ᠎ᠠ᠃ ᠪᠤᠬᠢᠷᠳᠤᠯ ᠦᠬᠡᠢ ᠠᠭᠤᠷᠬᠠᠢ ᠶᠢᠨ ᠪᠦᠳᠤᠭᠡᠨ ᠪᠠᠶᠢᠭᠤᠯᠤᠯᠳᠠ ᠶᠢᠨ ᠦᠷ᠎ᠡ ᠪᠦᠳᠤᠭᠡᠯ ᠢ ᠪᠠᠬᠢᠵᠢᠬᠦᠯᠵᠦ᠂ ᠠᠭᠤᠷᠬᠠᠢ  ᠶᠢᠨ ᠭᠠᠵᠡᠷ ᠰᠢᠨᠵᠢᠯᠡᠭᠡᠨ ᠤ ᠤᠷᠴᠢᠨ ᠲᠤᠭᠤᠷᠢᠨ ᠤ ᠶᠡᠷᠦᠩᠭᠡᠶᠢᠯᠡᠭᠰᠡᠨ ᠵᠠᠰᠠᠯᠳᠠ ᠶᠢ ᠯᠠᠪᠳᠠᠭᠤᠨ ᠪᠠᠳᠤᠳᠠᠢ ᠠᠬᠢᠭᠤᠯᠵᠦ᠂ 0.8 ᠲᠡᠭᠰᠢ ᠲᠦᠷᠪᠡᠯᠵᠢᠨ ᠺᠢᠯᠦᠮᠧᠲᠷ ᠤᠨ ᠬᠠᠶᠠᠭᠳᠠᠮᠠᠯ ᠠᠭᠤᠷᠬᠠᠢ ᠶᠢᠨ ᠨᠦᠭᠡ ᠶᠢ ᠪᠤᠯᠠᠬᠤ ᠠᠵᠢᠯ  ᠢ ᠪᠠᠶᠠᠯᠠᠬᠦᠯᠵᠦ᠂ ᠬᠠᠶᠠᠭᠳᠠᠮᠠᠯ ᠠᠭᠤᠷᠬᠠᠢ ᠶᠢᠨ ᠨᠦᠬᠡ ᠶᠢ ᠪᠦᠬᠦᠨ ᠢ ᠴᠡᠪᠡᠷᠯᠡᠬᠦ ᠠᠵᠢᠯ ᠢ ᠪᠡᠶᠡᠯᠡᠬᠦᠯᠦᠨ᠎ᠡ᠃ ᠪᠤᠬᠢᠷᠳᠤᠯ ᠦᠬᠡᠢ ᠬᠦᠭᠵᠢᠯᠳᠡ ᠶᠢ ᠠᠬᠢᠭᠤᠯᠤᠨ᠎ᠠ᠃ ᠡᠨᠧᠷᠬᠢ ᠶᠢᠨ ᠬᠤᠷᠤᠭᠳᠠᠯ ᠤᠨ ᠬᠤᠶᠠᠷ ᠢ ᠡᠵᠡᠮᠳᠡᠬᠦ ᠬᠤᠷᠢᠭ᠎ᠠ ᠱᠤᠭᠤᠮ ᠢ ᠴᠢᠩᠭ᠎ᠠ ᠰᠠᠬᠢᠵᠦ᠂ ᠡᠨᠧᠷᠬᠢ ᠭᠡᠷᠡᠭᠯᠡᠬᠦ ᠭᠤᠤᠯᠳᠠᠯᠭ᠎ᠠ ᠲᠠᠢ ᠠᠵᠦ ᠠᠬᠤᠶᠢᠯᠠᠯ ᠢ ᠰᠢᠨ᠎ᠡ ᠡᠨᠧᠷᠬᠢ ᠯᠦᠭᠡ ᠰᠢᠯᠢᠳᠡᠭᠵᠢᠬᠦᠯᠦᠨ ᠨᠡᠶᠢᠯᠡᠬᠦᠯᠬᠦ ᠶᠢ ᠠᠬᠢᠭᠤᠯᠵᠦ᠂ ᠠᠵᠦ ᠠᠬᠤᠶᠢᠯᠠᠯ ᠤᠨ ᠡᠨᠧᠷᠬᠢ ᠠᠷᠪᠢᠯᠠᠬᠤ ᠮᠡᠷᠭᠡᠵᠢᠯ ᠤᠨ ᠦᠬᠡᠷᠡᠴᠢᠯᠠᠯᠳᠠ ᠶᠢ ᠲᠡᠮᠵᠢᠵᠦ᠂ ᠬᠤᠸᠠ ᠰᠢᠩ ᠠᠵᠦ ᠠᠬᠤᠶᠢᠯᠠᠯ᠂ ᠰᠢᠨ ᠮᠧᠩ ᠰᠢᠨ ᠮᠡᠲ᠋ᠧᠷᠢᠶᠠᠯ ᠪᠤᠯᠤᠨ ᠰᠦᠨᠢᠳ ᠬᠤᠵᠢᠷ ᠤᠨ ᠠᠭᠤᠷᠬᠠᠢ ᠶᠢᠨ ᠺᠤᠮᠫᠠᠨᠢ ᠶᠢᠨ ᠰᠦᠯᠵᠢᠶᠠᠨ ᠲᠡᠭᠡᠷᠡᠬᠢ ᠬᠢᠨᠡᠨ  ᠬᠡᠮᠵᠢᠯᠳᠠ ᠳᠤ ᠤᠷᠤᠭᠤᠯᠬᠤ ᠰᠢᠰᠲ᠋ᠧᠮ ᠤᠨ ᠪᠠᠶᠢᠭᠤᠯᠤᠯᠳᠠ ᠶᠢ ᠰᠢᠯᠭᠠᠨ ᠬᠤᠷᠢᠶᠠᠬᠤ ᠠᠵᠢᠯ ᠢ ᠪᠡᠶᠡᠯᠡᠬᠦᠯᠦᠨ᠎ᠡ᠃ ᠠᠮᠢ ᠠᠬᠤᠢ ᠶᠢᠨ ᠪᠤᠯᠪᠠᠰᠤᠨ  ᠤ ᠤᠬᠠᠭᠤᠯᠭ᠎ᠠ ᠬᠦᠮᠦᠵᠢᠯ ᠢ ᠴᠢᠩᠭᠠᠳᠬᠠᠵᠦ᠂ ᠤᠯᠠᠨ ᠲᠦᠮᠡᠨ ᠤ ᠤᠷᠴᠢᠨ ᠲᠤᠭᠤᠷᠢᠨ ᠢ ᠬᠠᠮᠠᠭᠠᠯᠠᠬᠤ ᠤᠬᠠᠮᠰᠠᠷ  ᠢ ᠴᠢᠩᠭᠠᠳᠬᠠᠨ᠂ ᠠᠷᠪᠢᠴᠢ ᠭᠠᠮᠳᠠᠢ᠂ ᠪᠤᠬᠢᠷᠳᠤᠯ ᠦᠬᠡᠢ᠂ ᠡᠷᠡᠬᠦᠯ ᠪᠤᠯᠪᠠᠰᠤᠨ ᠠᠮᠢᠳᠤᠷᠠᠯ ᠤᠨ ᠠᠷᠭ᠎ᠠ ᠭᠡᠯᠪᠡᠷᠢ ᠪᠡ ᠭᠡᠷᠡᠭᠯᠡᠭᠡᠨ ᠤ ᠵᠠᠭᠪᠤᠷ ᠢ ᠪᠦᠷᠢᠯᠳᠤᠬᠦᠯᠬᠦ ᠶᠢ ᠠᠬᠢᠭᠤᠯᠵᠦ᠂ ᠪᠦᠬᠦ ᠨᠡᠶᠢᠬᠡᠮ ᠢᠶᠠᠷ ᠢᠶᠠᠨ ᠤᠷᠤᠯᠴᠠᠬᠤ ᠰᠠᠶᠢᠨ ᠰᠠᠶᠢᠬᠠᠨ ᠭᠡᠪ ᠰᠤᠷᠳᠠᠯ ᠢ ᠪᠦᠷᠢᠯᠳᠤᠬᠦᠯᠤᠨ᠎ᠡ᠃ ︵ᠬᠤᠶᠠᠷ︶ ᠲᠤᠭᠳᠠᠭᠤᠨ ᠪᠠᠶᠢᠯᠭᠠᠬᠤ ᠳᠤ ᠲᠦᠪᠯᠡᠷᠡᠬᠦᠯᠵᠦ᠂ ᠤᠯᠠᠨ ᠴᠡᠭ ᠤᠯᠠᠨ ᠲᠠᠰ ᠢᠶᠠᠷ ᠠᠵᠦ ᠠᠬᠤᠢ ᠶᠢᠨ ᠬᠦᠭᠵᠢᠯᠳᠡ ᠶᠢᠨ ᠰᠠᠭᠤᠷᠢ ᠶᠢ ᠪᠠᠬᠢᠵᠢᠬᠦᠯᠦᠨ᠎ᠡ᠃ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠨᠠᠩ ᠬᠦᠴᠦᠳᠠᠢ ᠴᠢᠩᠭᠠᠳᠬᠠᠨ᠎ᠠ᠃ ᠲᠦᠷᠦᠯ ᠵᠦᠢᠯ ᠢ ᠠᠳᠬᠤᠬᠤ᠂ ᠠᠷᠠᠯᠵᠢᠶᠠᠴᠢᠨ ᠤᠷᠢᠬᠤ ᠶᠢ ᠠᠳᠬᠤᠬᠤ ᠶᠢ ᠪᠡᠯᠡ ᠤᠷᠤᠭᠤᠯᠤᠯᠳᠠ ᠶᠢ ᠲᠤᠭᠳᠠᠪᠤᠷᠢᠵᠢᠭᠤᠯᠬᠤ᠂  ᠨᠡᠮᠡᠭᠳᠡᠯ ᠢ ᠲᠤᠭᠳᠠᠪᠤᠷᠢᠵᠢᠭᠤᠯᠬᠤ ᠶᠢᠨ ︽ᠲᠤᠭᠳᠠᠪᠤᠷᠢᠵᠢᠭᠤᠯᠤᠭᠴᠢ ︾ ᠪᠤᠯᠭᠠᠨ᠎ᠠ᠃ ᠭᠤᠤᠯᠳᠠᠯᠭ᠎ᠠ ᠲᠠᠢ ᠲᠦᠷᠦᠯ ᠵᠦᠢᠯ ᠢ ᠬᠠᠪᠰᠤᠷᠤᠨ ᠤᠷᠤᠯᠠᠨ ᠬᠦᠢᠴᠡᠳᠭᠡᠬᠦ ᠦᠢᠯᠡᠴᠢᠯᠡᠭᠡ ᠶᠢ ᠦᠷᠬᠦᠯᠵᠢᠯᠡᠨ ᠠᠬᠢᠭᠤᠯᠵᠦ᠂ ᠲᠦᠷᠦᠯ ᠵᠦᠢᠯ ᠤᠨ ︽ᠲᠠᠪᠤᠨ ᠨᠢᠭᠡ︾26 ᠲᠦᠷᠢᠮ ᠢ ᠨᠠᠶᠢᠳᠠᠪᠤᠷᠢᠵᠢᠭᠤᠯᠵᠦ᠂ 46 ᠭᠤᠤᠯᠳᠠᠯᠭ᠎ᠠ ᠲᠠᠢ ᠲᠦᠷᠦᠯ ᠵᠦᠢᠯ ᠢ ᠠᠵᠢᠯ ᠡᠬᠢᠯᠡᠬᠦᠯᠬᠦ ᠶᠢ ᠪᠦᠬᠦ ᠬᠦᠴᠦ ᠪᠠᠷ ᠢᠶᠠᠨ ᠪᠠᠳᠤᠯᠠᠨ᠎ᠠ᠃ ︽ᠠᠷᠠᠯᠵᠢᠶᠠᠴᠢᠨ ᠤᠷᠢᠵᠦ ᠪᠡᠯᠡ ᠤᠷᠤᠭᠤᠯᠬᠤ ᠰᠢᠪᠳᠤᠯᠤᠯᠳᠠ ᠶᠢᠨ ᠤᠨ︾ ᠤ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠮᠠᠯ ᠤᠨ ᠠᠰᠢᠭ ᠰᠢᠮ᠎ᠡ ᠪᠡ ᠲᠠᠷᠢᠶᠠᠯᠠᠩ ᠤᠨ ᠪᠦᠳᠤᠭᠡᠭᠳᠡᠬᠦᠨ ᠢ ᠨᠠᠷᠢᠯᠢᠭ ᠡᠳ᠋ᠰᠢᠯᠡᠬᠦᠯᠦᠨ ᠪᠤᠯᠪᠠᠰᠤᠷᠠᠭᠤᠯᠬᠤ ᠵᠢᠴᠢ ᠮᠠᠯ ᠤᠨ ᠠᠰᠢᠭ ᠰᠢᠮ᠎ᠡ ᠶᠢᠨ ᠪᠦᠳᠤᠭᠡᠭᠳᠡᠬᠦᠨ ᠤ ᠲᠦᠷᠦᠯ ᠲᠡᠮᠳᠡᠭ ᠢ ᠡᠬᠦᠳᠬᠦ᠂ ᠰᠢᠨ᠎ᠡ ᠡᠨᠧᠷᠬᠢ ᠶᠢᠨ ᠲᠤᠨᠤᠭᠯᠠᠯ ᠦᠢᠯᠡᠳᠬᠦ᠂ ᠬᠦᠮᠦᠷᠭᠡᠯᠡᠨ ᠬᠠᠳᠠᠭᠠᠯᠠᠬᠤ ᠪᠠᠷᠠᠭᠠᠨ ᠤ ᠬᠦᠢᠯᠬᠡᠬᠡ᠂ ᠲᠠᠯ᠎ᠠ ᠨᠤᠳᠤᠭ ᠤᠨ ᠰᠤᠶᠤᠯ ᠵᠢᠭᠤᠯᠴᠢᠯᠠᠯ ᠢ ᠨᠡᠭᠡᠭᠡᠨ ᠬᠦᠭᠵᠢᠬᠦᠯᠬᠦ ᠵᠡᠷᠭᠡ ᠬᠦᠷᠢᠶ᠎ᠠ ᠴᠡᠷ᠎ᠡ ᠳᠤ ᠠᠷᠠᠯᠵᠢᠶᠠᠴᠢᠨ ᠢ ᠤᠨᠤᠪᠴᠢᠳᠠᠢ ᠤᠷᠢᠵᠦ ᠂ ︽ᠪᠤᠯᠭᠤᠮᠵᠢᠳᠠᠢ ᠠᠮᠠᠯᠳᠠᠵᠦ᠂ ᠴᠢᠩᠭ᠎ᠠ ᠬᠦᠢᠴᠡᠳᠭᠡᠬᠦ︾ ᠶᠢ ᠪᠡᠷᠢᠮᠳᠠᠯᠠᠨ᠂ ᠲᠦᠷᠦᠯ ᠵᠦᠢᠯ ᠢ ᠬᠢᠨᠠᠨ ᠲᠤᠭᠳᠠᠭᠠᠬᠤ᠂ ᠭᠠᠵᠡᠷ ᠰᠢᠷᠦᠢ ᠬᠠᠩᠭᠠᠬᠤ᠂ ᠬᠢᠨᠠᠨ ᠵᠦᠪᠰᠢᠶᠡᠷᠡᠬᠦ᠂ ᠵᠠᠬ᠎ᠠ ᠠᠴᠠ ᠤᠬᠤᠷᠢᠭᠤᠯᠤᠨ ᠭᠠᠷᠭᠠᠬᠤ᠂ ᠪᠦᠷᠢᠳᠭᠡᠯ ᠳᠤ ᠤᠷᠤᠭᠤᠯᠬᠤ ᠵᠤᠬᠢᠴᠠᠮᠵᠢ ᠶᠢ ᠲᠡᠬᠦᠯᠳᠡᠷᠵᠢᠬᠦᠯᠵᠦ᠂ ᠠᠮᠤᠷ ᠲᠦᠪᠰᠢᠨ᠂ ᠪᠤᠬᠢᠷᠳᠤᠯ ᠦᠬᠡᠢ᠂ ᠡᠨᠧᠷᠬᠢ ᠶᠢᠨ ᠬᠤᠷᠤᠭᠳᠠᠯ ᠵᠡᠷᠭᠡ ᠲᠠᠯ᠎ᠠ ᠪᠠᠷ ︽ᠠᠷᠠᠯᠵᠢᠶᠠᠴᠢᠨ ᠤᠷᠢᠵᠦ ᠪᠡᠯᠡ ᠤᠷᠤᠭᠤᠯᠬᠤ ᠪᠤᠭᠤᠮᠳᠠ︾ ᠶᠢ ᠴᠢᠩᠭ᠎ᠠ ᠠᠳᠬᠤᠵᠦ᠂ ᠠᠷᠠᠯᠵᠢᠶᠠᠴᠢᠨ ᠤᠷᠢᠬᠤ ᠲᠦᠷᠦᠯ ᠵᠦᠢᠯ ᠤᠨ ︽ᠦᠨ᠎ᠡ ᠦᠷᠳᠡᠭ ᠲᠠᠢ᠂ ᠰᠢᠨ᠎ᠡ ᠡᠨᠧᠷᠬᠢ  ᠶᠢᠨ᠂ ᠪᠤᠬᠢᠷᠳᠤᠯ ᠦᠬᠡᠢ︾ ᠪᠠᠶᠢᠬᠤ ᠪᠡᠷᠢᠮᠵᠢᠶ᠎ᠠ ᠶᠢ ᠲᠡᠭᠡᠭᠰᠢᠯᠡᠬᠦᠯᠦᠨ᠎ᠡ᠃ ᠪᠦᠬᠦ ᠵᠢᠯ ᠳᠤ 5 ᠠᠴᠠ ᠲᠡᠭᠡᠭᠰᠢ ᠪᠦᠳᠤᠭᠡᠨ ᠪᠠᠶᠢᠭᠤᠯᠤᠯᠳᠠ ᠶᠢᠨ ᠲᠦᠷᠦᠯ ᠵᠦᠢᠯ ᠢ ᠭᠡᠷ᠎ᠡ ᠲᠤᠭᠳᠠᠨ ᠰᠠᠭᠤᠷᠢᠰᠢᠭᠤᠯᠬᠤ ᠪᠠᠷ ᠴᠢᠷᠮᠡᠶᠢᠵᠦ᠂ ᠡᠬᠦᠨ  ᠳᠤ ᠳ᠋ᠦᠩᠰᠢᠭᠤᠷ ᠲᠦᠬᠦᠷᠢᠭ ᠠᠴᠠ ᠲᠡᠭᠡᠭᠰᠢᠬᠢ ᠲᠦᠷᠦᠯ ᠵᠦᠢᠯ ᠢ ᠠᠳᠠᠭ ᠲᠠᠭᠠᠨ 2 ᠪᠠᠶᠢᠯᠭᠠᠵᠦ᠂ 8.5 ᠳ᠋ᠦᠩᠰᠢᠭᠤᠷ ᠲᠦᠬᠦᠷᠢᠭ ᠠᠴᠠ ᠲᠡᠭᠡᠭᠰᠢ ᠪᠡᠯᠡ ᠮᠦᠩᠬᠦ ᠶᠢ ᠨᠠᠶᠢᠳᠠᠪᠤᠷᠢᠵᠢᠭᠤᠯᠤᠨ᠎ᠠ᠃ ᠦᠬᠡᠷᠡᠴᠢᠯᠠᠯᠳᠠ ᠨᠡᠭᠡᠭᠡᠯᠳᠡ  ᠶᠢ ᠨᠡᠩ ᠬᠦᠴᠦᠳᠡᠢ ᠠᠬᠢᠭᠤᠯᠤᠨ᠎ᠠ᠃ ᠦᠬᠡᠷᠡᠴᠢᠯᠠᠯᠳᠠ ᠬᠢᠵᠦ ᠰᠢᠨ᠎ᠡ ᠶᠢ ᠡᠬᠦᠳᠴᠦ ᠨᠡᠭᠡᠭᠡᠯᠳᠡ ᠬᠢᠬᠦ ᠶᠢ ᠬᠦᠨᠵᠡᠬᠡᠶᠢᠷᠡᠬᠦᠯᠬᠦ ᠶᠢ ᠵᠠᠬ᠎ᠠ ᠲᠡᠯᠭᠡᠬᠦᠷ ᠤᠨ ᠭᠤᠤᠯ ᠴᠤᠭᠴᠠ ᠶᠢᠨ ᠠᠮᠢᠵᠢᠷᠠᠯ ᠤᠨ ᠬᠦᠴᠦᠨ ᠢ ᠬᠦᠭᠵᠢᠬᠡᠬᠦ᠂ ᠠᠵᠦ ᠠᠬᠤᠢ ᠶᠢᠨ ᠡᠷᠬᠢᠯᠳᠡ ᠶᠢ ᠲᠤᠭᠳᠠᠪᠤᠷᠢᠵᠢᠭᠤᠯᠬᠤ ︽ᠰᠠᠭᠤᠷᠢ ᠴᠢᠯᠠᠭᠤ︾ ᠪᠤᠯᠭᠠᠨ᠎ᠠ᠃ ᠡᠳ᠋ ᠤᠨ ᠵᠠᠰᠠᠭ ᠭᠠᠶᠢᠯᠢ  ᠶᠢᠨ ᠶᠠᠪᠤᠳᠠᠯ᠂ ᠡᠮ ᠡᠮᠨᠡᠯᠬᠡ ᠡᠷᠡᠬᠦᠯ ᠬᠠᠮᠠᠭᠠᠯᠠᠯ᠂ ᠮᠠᠯ ᠲᠠᠷᠢᠶᠠᠯᠠᠩ ᠪᠡ ᠮᠠᠯᠵᠢᠬᠤ ᠲᠠᠷᠢᠶᠠᠯᠠᠬᠤ ᠤᠷᠤᠨ ᠵᠡᠷᠭᠡ ᠬᠦᠷᠢᠶ᠎ᠠ ᠴᠡᠷ᠎ᠡ ᠳᠠᠬᠢ ᠦᠬᠡᠷᠡᠴᠢᠯᠠᠯᠳᠠ ᠶᠢ ᠦᠷᠬᠦᠯᠵᠢᠯᠡᠨ ᠠᠬᠢᠭᠤᠯᠵᠦ᠂ ᠬᠦᠭᠵᠢᠯᠳᠡ ᠶᠢᠨ ᠬᠦᠯᠢᠶᠠᠰᠤᠯᠠᠯ ᠢ ᠰᠤᠯᠠᠷᠠᠭᠤᠯᠵᠦ᠂ ᠬᠠᠷᠰᠢ ᠰᠠᠭᠠᠳ ᠢ ᠠᠷᠢᠯᠭᠠᠬᠤ ᠪᠠᠷ ᠴᠢᠷᠮᠡᠶᠢᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶ᠎ᠠ ᠴᠡᠷ᠎ᠡ ᠳᠠᠬᠢ ᠦᠬᠡᠷᠡᠴᠢᠯᠠᠯᠳᠠ ᠶᠢ ᠬᠦᠨᠵᠡᠬᠡᠶᠢᠷᠡᠬᠦᠯᠵᠦ᠂ ᠲᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠬᠦᠷᠢᠶᠠᠯᠠᠩ ᠤᠨ ᠲᠡᠵᠢᠭᠡᠯ ᠪᠤᠷᠳᠤᠭᠠᠨ ᠤ ᠰᠤᠳᠤᠯᠭᠠᠨ ᠤ ᠭᠠᠵᠡᠷ ᠤᠨ ᠳ᠋ᠤᠺᠲ᠋ᠤᠷ ᠤᠨ ᠨᠡᠬᠦᠳᠡᠯ ᠠᠵᠢᠯᠯᠠᠬᠤ ᠦᠷᠳᠡᠭᠡ ᠪᠡ ᠤᠢ ᠰᠢᠭᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠠᠯᠠᠩ ᠤᠨ ᠤᠯᠤᠰ ᠤᠨ ᠨᠤᠳᠤᠭ ᠪᠡᠯᠴᠢᠬᠡᠷ ᠤᠨ ᠰᠤᠳᠤᠯᠭᠠᠨ ᠤ ᠲᠦᠪ ᠤᠨ ᠦᠢᠯᠡᠳᠤᠯ ᠢ ᠬᠦᠢᠴᠡᠳ ᠪᠠᠳᠠᠷᠠᠭᠤᠯᠵᠦ᠂ ᠰᠢᠨᠵᠢᠯᠡᠭᠡ ᠮᠡᠷᠭᠡᠵᠢᠯ ᠤᠨ ᠦᠷ᠎ᠡ ᠪᠦᠳᠤᠭᠡᠯ ᠢ ᠪᠤᠳᠠᠳᠠᠶᠢᠵᠢᠭᠤᠯᠬᠤ ᠶᠢ ᠠᠬᠢᠭᠤᠯᠤᠨ᠎ᠠ᠃ ᠤᠯᠤᠰ ᠤᠨ ᠦᠮᠴᠢᠯᠠᠯᠳᠤ ᠠᠵᠦ ᠠᠬᠤᠶᠢᠯᠠᠯ ᠤᠨ ᠦᠬᠡᠷᠡᠴᠢᠯᠠᠯᠳᠠ ᠶᠢᠨ ᠭᠤᠷᠪᠡᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠳᠤᠳᠠᠢ ᠠᠬᠢᠭᠤᠯᠵᠦ ᠂ ᠵᠠᠰᠠᠯᠳᠠ ᠶᠢᠨ ᠲᠤᠭᠳᠠᠯᠴᠠᠭ᠎ᠠ ᠶᠢ ᠰᠢᠯᠢᠳᠡᠭᠵᠢᠬᠦᠯᠦᠨ ᠲᠡᠬᠦᠯᠳᠡᠷᠵᠢᠬᠦᠯᠵᠦ᠂ ᠬᠠᠮᠢᠶᠠᠷᠤᠯᠳᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠬᠦᠯᠦᠨ᠂ ᠤᠯᠤᠰ ᠤᠨ ᠦᠮᠴᠢᠯᠠᠯᠳᠤ ᠠᠵᠦ ᠠᠬᠤᠶᠢᠯᠠᠯ ᠤᠨ ᠡᠷᠡᠬᠦᠯ ᠬᠦᠭᠵᠢᠯᠳᠡ ᠶᠢ ᠠᠬᠢᠭᠤᠯᠤᠨ᠎ᠠ᠃ ᠠᠵᠦ ᠠᠬᠤᠶᠢᠯᠠᠯ ᠤᠨ ᠮᠡᠷᠭᠡᠵᠢᠯ ᠤᠨ ᠰᠤᠳᠤᠯᠤᠨ ᠨᠡᠭᠡᠭᠡᠬᠦ ᠠᠵᠢᠯ ᠦᠷᠨᠢᠬᠦᠯᠬᠦ ᠶᠢ ᠵᠤᠷᠢᠭᠵᠢᠭᠤᠯᠤᠨ ᠲᠡᠮᠵᠢᠨ᠎ᠡ᠃ ᠵᠢᠯ ᠤᠨ ᠲᠤᠳᠤᠷ᠎ᠡ᠂ ᠲᠡᠭᠡᠳᠤ ᠰᠢᠨ᠎ᠡ ᠮᠡᠷᠭᠡᠵᠢᠯ ᠤᠨ 1 ᠠᠵᠦ ᠠᠬᠤᠶᠢᠯᠠᠯ᠂ ᠰᠢᠨᠵᠢᠯᠡᠭᠡ ᠮᠡᠷᠭᠡᠵᠢᠯ ᠤᠨ ᠭᠡᠯᠪᠡᠷᠢ ᠶᠢᠨ ᠲᠤᠮᠳᠠ ᠪᠠᠭ᠎ᠠ 2 ᠠᠵᠦ ᠠᠬᠤᠶᠢᠯᠠᠯ ᠢ ᠪᠤᠶᠢᠵᠢᠭᠤᠯᠤᠨ᠎ᠠ᠃ ᠤᠯᠤᠰ ᠤᠨ ᠨᠡᠭᠡᠭᠡᠯᠳᠡ ᠬᠢᠬᠦ ᠶᠡᠷᠦᠩᠭᠡᠢ ᠪᠠᠶᠢᠷᠢᠯᠠᠭᠤᠯᠤᠯᠳᠠ ᠲᠠᠢ ᠢᠳᠡᠪᠬᠢᠳᠡᠢ ᠠᠭᠤᠰᠤᠯᠴᠠᠭᠤᠯᠵᠦ᠂ ᠦᠪᠡᠷᠳᠡᠭᠡᠨ ᠵᠠᠰᠠᠬᠤ ᠤᠷᠤᠨ ᠤ ᠤᠮᠠᠷᠠᠰᠢ ᠨᠡᠭᠡᠭᠡᠯᠳᠡ ᠬᠢᠬᠦ ᠴᠢᠬᠤᠯᠠ  ᠪᠠᠬᠢᠯᠡᠯᠳᠡ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠠ ᠪᠡ ᠪᠦᠬᠦ ᠠᠶᠢᠮᠠᠭ ᠤᠨ ᠪᠠᠷᠠᠭᠤᠨ ᠭᠡᠰᠡᠭ ᠬᠤᠰᠢᠭᠤ ᠰᠢᠶᠠᠨ ᠢ ᠬᠦᠭᠵᠢᠬᠦᠯᠬᠦ ᠪᠠᠶᠢᠷᠢᠯᠠᠭᠤᠯᠤᠯᠳᠠ ᠳᠤ ᠲᠦᠰᠢᠭᠯᠡᠨ᠂ ᠪᠡᠭᠡᠵᠢᠩ ᠤᠨ ᠠᠵᠦ ᠠᠬᠤᠢ ᠶᠢᠨ ᠮᠡᠷᠭᠡᠵᠢᠯ ᠤᠨ ᠨᠡᠭᠡᠭᠡᠯᠳᠡ ᠶᠢᠨ ᠤᠷᠤᠨ᠂ ᠲᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠠᠯ ᠤᠨ ᠬᠠᠪᠰᠤᠷᠤᠨ ᠲᠡᠳᠬᠦᠬᠦ ᠠᠵᠠ ᠲᠤᠬᠢᠶᠠᠯ ᠢ ᠴᠢᠩᠭ᠎ᠠ ᠠᠳᠬᠤᠵᠦ᠂ ᠬᠦᠴᠦᠨ ᠢ ᠠᠰᠢᠭᠯᠠᠨ ᠬᠦᠭᠵᠢᠬᠦᠯᠵᠦ᠂ ᠪᠠᠶᠢᠳᠠᠯ ᠢ ᠠᠰᠢᠭᠯᠠᠨ ᠲᠡᠭᠡᠭᠰᠢᠯᠡᠬᠦᠯᠵᠦ᠂ ᠮᠡᠨ ᠤ ᠬᠤᠰᠢᠭᠤᠨ ᠤ ᠤᠷᠤᠨ ᠪᠠᠶᠢᠷᠢᠰᠢᠯ ᠪᠡ ᠡᠬᠢ ᠪᠠᠶᠠᠯᠢᠭ ᠤᠨ ᠲᠠᠪᠠᠭᠤᠯᠢᠭ ᠲᠤ ᠰᠠᠭᠤᠷᠢᠯᠠᠨ᠂ ᠭᠠᠳᠠᠭᠰᠢ ᠤᠬᠠᠭᠤᠯᠤᠨ ᠲᠠᠨᠢᠯᠴᠠᠭᠤᠯᠬᠤ ᠪᠡ ᠠᠵᠦ ᠠᠬᠤᠢ ᠠᠷᠠᠯᠵᠢᠶ᠎ᠠ ᠰᠤᠶᠤᠯ ᠤᠨ ᠰᠤᠯᠢᠯᠴᠠᠭ᠎ᠠ ᠶᠢ ᠴᠢᠩᠭᠠᠳᠬᠠᠵᠦ᠂ ᠮᠡᠨ ᠤ ᠬᠤᠰᠢᠭᠤᠨ ᠤ ᠨᠦᠯᠦᠬᠡᠯᠡᠯ ᠤᠨ ᠬᠦᠴᠦᠨ ᠪᠡ ᠠᠯᠳᠠᠷᠰᠢᠯ ᠤᠨ ᠭᠡᠮᠵᠢᠶ᠎ᠠ ᠶᠢ ᠲᠡᠰᠤᠷᠠᠯᠳᠠ ᠦᠬᠡᠢ ᠦᠷᠭᠡᠳᠭᠡᠨ᠂ ᠨᠡᠩ ᠤᠯᠠᠨ ᠨᠤᠳᠤᠭ ᠤᠨ ᠠᠵᠦ ᠠᠬᠤᠶᠢᠯᠠᠯ ᠪᠡ ᠲᠦᠷᠦᠯ ᠲᠡᠮᠳᠡᠭ ᠢ ᠪᠦᠬᠦ ᠤᠯᠤᠰ ᠤᠨ ᠵᠠᠬ᠎ᠠ ᠳᠤ ᠭᠠᠷᠭᠠᠵᠦ᠂ ᠨᠠᠩ ᠤᠯᠠᠨ ᠠᠵᠦ ᠠᠬᠤᠶᠢᠯᠠᠯ ᠢ ᠲᠡᠳᠡᠨ ᠤᠷᠤᠭᠤᠯᠵᠦ ᠮᠡᠨ ᠤ ᠬᠤᠰᠢᠭᠤᠨ ᠳᠤ ᠪᠡᠯᠡ ᠤᠷᠤᠭᠤᠯᠤᠨ ᠦᠢᠯᠡᠰ ᠪᠤᠰᠬᠠᠬᠤ ᠶᠢ ᠨᠢ ᠲᠡᠮᠵᠢᠨ᠎ᠡ᠃ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠠᠯ ᠢ ᠨᠡᠩ ᠬᠦᠴᠦᠳᠠᠢ ᠰᠢᠯᠢᠳᠡᠭᠵᠢᠬᠦᠯᠦᠨ᠎ᠡ᠃ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠠᠯ ᠢ ᠦᠷᠬᠦᠯᠵᠢᠯᠡᠨ ᠰᠢᠯᠢᠳᠡᠭᠵᠢᠬᠦᠯᠬᠦ ᠶᠢ ᠠᠵᠦ ᠦᠢᠯᠡᠰ ᠤᠨ ᠢᠳᠡᠭᠡᠯ ᠢ ᠨᠡᠮᠡᠭᠳᠡᠬᠦᠯᠬᠦ᠂ ᠠᠵᠦ ᠠᠬᠤᠢ  ᠶᠢᠨ ᠬᠦᠭᠵᠢᠯᠳᠡ ᠶᠢᠨ ᠬᠦᠳᠡᠯᠭᠡᠭᠴᠢ ᠬᠦᠴᠦᠨ ᠢ ᠬᠤᠷᠠᠮᠳᠤᠭᠤᠯᠬᠤ ︽ᠲᠦᠷᠭᠡᠳᠭᠡᠬᠦᠷ︾ ᠪᠤᠯᠭᠠᠨ᠎ᠠ᠃ ︽ᠵᠠᠰᠠᠭ  ᠤᠨ ᠡᠷᠭᠡ ᠶᠢ ᠴᠤᠮᠬᠠᠳᠬᠠᠵᠦ ᠡᠷᠭᠡ ᠶᠢ ᠲᠠᠯᠪᠢᠬᠤ᠂ ᠲᠠᠯᠪᠢᠵᠦ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ  ᠶᠢ ᠰᠢᠯᠢᠳᠡᠭᠵᠢᠬᠦᠯᠬᠦ︾ ᠦᠬᠡᠷᠡᠴᠢᠯᠠᠯᠳᠠ ᠶᠢ ᠬᠦᠨᠵᠡᠬᠡᠶᠢᠷᠡᠬᠦᠯᠵᠦ᠂ ︽ᠲᠦᠷᠪᠡᠨ ᠬᠦᠢᠴᠡᠳᠭᠡᠬᠦ︾ ᠠᠵᠢᠯ ᠢ ᠦᠨᠳᠤᠷ ᠪᠡᠷᠢᠮᠵᠢᠶ᠎ᠠ᠂ ᠦᠨᠳᠤᠷ ᠦᠷ᠎ᠡ ᠠᠰᠢᠭ᠂ ᠦᠨᠳᠤᠷ ᠶᠡᠰᠤ ᠴᠢᠨᠠᠷ ᠲᠠᠢ ᠪᠠᠷ ᠦᠷᠬᠦᠯᠵᠢᠯᠡᠨ ᠠᠬᠢᠭᠤᠯᠵᠦ᠂ ︽12345︾ ᠵᠠᠰᠠᠭ ᠤᠨ ᠶᠠᠪᠤᠳᠠᠯ ᠤᠨ ᠦᠢᠯᠡᠴᠢᠯᠠᠭᠡᠨ ᠤ ᠤᠳᠠᠰᠤᠨ ᠤ ᠲᠡᠪᠴᠠᠩ ᠤᠨ ᠪᠠᠶᠢᠭᠤᠯᠤᠯᠳᠠ ᠶᠢ ᠴᠢᠩᠭᠠᠳᠬᠠᠵᠦ᠂ ᠦᠨᠡᠯᠡᠯᠳᠡ ᠶᠢᠨ ᠰᠢᠰᠲ᠋ᠧᠮ ᠤᠨ ᠭᠡᠷᠡᠭᠯᠡᠯᠳᠡ ᠶᠢ ᠶᠡᠭᠡᠪᠡᠷ ᠠᠬᠢᠭᠤᠯᠵᠦ᠂ ᠠᠵᠦ ᠠᠬᠤᠶᠢᠯᠠᠯ ᠪᠡ ᠤᠯᠠᠨ ᠲᠦᠮᠡᠨ ᠤ ᠬᠠᠨᠤᠮᠵᠢ ᠶᠢᠨ ᠭᠡᠮᠵᠢᠶ᠎ᠠ ᠪᠤᠯᠤᠨ ᠵᠤᠯ ᠵᠢᠷᠭᠠᠯᠳᠤ ᠰᠡᠳᠬᠢᠯᠭᠡ ᠶᠢ ᠪᠦᠬᠦ ᠲᠠᠯ᠎ᠠ ᠪᠠᠷ ᠨᠡᠮᠡᠭᠳᠡᠬᠦᠯᠦᠨ᠎ᠡ᠃ ᠡᠯᠧᠮᠧᠨ᠋ᠲ ᠤᠨ ᠪᠠᠳᠤᠯᠠᠭ᠎ᠠ ᠳᠤ ᠲᠦᠪᠯᠡᠷᠡᠬᠦᠯᠵᠦ᠂ ᠠᠵᠦ ᠠᠬᠤᠶᠢᠯᠠᠯ ᠤᠨ ︽ᠪᠦᠬᠦ ᠡᠵᠡᠩᠨᠡᠯᠳᠡ  ᠶᠢᠨ ᠬᠤᠭᠤᠴᠠᠭ᠎ᠠ︾ ᠳᠤ ᠦᠢᠯᠡᠴᠢᠯᠠᠵᠦ᠂ ᠵᠠᠰᠠᠭ ᠤᠨ ᠤᠷᠳᠤᠨ᠂ ᠪᠠᠩᠬᠢ ᠪᠡ ᠠᠵᠦ ᠠᠬᠤᠶᠢᠯᠠᠯ ᠤᠨ ᠠᠵᠢᠯ ᠢ ᠵᠤᠯᠭᠠᠯᠳᠤᠭᠤᠯᠬᠤ ᠠᠵᠢᠯ ᠢ ᠴᠢᠩᠭᠠᠳᠬᠠᠵᠦ᠂ ᠪᠡᠯᠡ ᠮᠦᠩᠬᠦ ᠨᠡᠶᠢᠯᠡᠬᠦᠯᠬᠦ ᠳᠤ ᠬᠦᠴᠢᠷ᠂ ᠰᠠᠭᠤᠷᠢᠰᠢᠬᠤ ᠳᠤ ᠬᠦᠴᠢᠷ ᠵᠡᠷᠭᠡ ᠠᠰᠠᠭᠤᠳᠠᠯ ᠢ ᠴᠢᠷᠮᠠᠶᠢᠨ ᠰᠢᠢᠳᠪᠤᠷᠢᠯᠡᠨ᠎ᠡ᠃ ᠠᠵᠦ ᠠᠬᠤᠶᠢᠯᠠᠯ ᠢ ᠬᠠᠷᠠᠭᠠᠯᠵᠠᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠲᠤᠮᠳᠠ ᠪᠠᠭ᠎ᠠ ᠵᠢᠵᠢᠭ ᠠᠵᠦ ᠠᠬᠤᠶᠢᠯᠠᠯ ᠢ ᠲᠤᠰᠠᠯᠠᠨ ᠬᠦᠭᠵᠢᠯᠳᠡ ᠳᠠᠬᠢ ᠬᠦᠴᠢᠷᠳᠡᠯ ᠢ ᠨᠢ ᠰᠢᠢᠳᠪᠤᠷᠢᠯᠡᠨ᠎ᠡ᠃ ᠲᠤᠰᠬᠠᠢ ᠠᠰᠢᠭ ᠤᠨ ᠡᠷᠭᠡ᠂ ᠲᠠᠸᠡᠷ ᠤᠨ ᠲᠡᠮᠳᠡᠭ ᠤᠨ ᠡᠷᠭᠡ ᠵᠡᠷᠭᠡ ᠮᠡᠳᠡᠯᠬᠡ ᠶᠢᠨ ᠦᠮᠴᠢᠯᠠᠯ ᠤᠨ ᠡᠷᠭᠡ ᠶᠢᠨ ᠠᠰᠢᠭᠯᠠᠯᠳᠠ ᠪᠡ ᠬᠠᠮᠠᠭᠠᠯᠠᠯᠳᠠ ᠶᠢ ᠲᠠᠰᠤᠷᠠᠯᠳᠠ ᠦᠬᠡᠢ ᠴᠢᠩᠭᠠᠳᠬᠠᠵᠦ᠂ ᠶᠠᠩ ᠶᠠᠩ ᠮᠠᠯᠵᠢᠯ ᠤᠨ ᠦᠢᠯᠡᠰ ᠢ ᠮᠡᠳᠡᠯᠭᠡ ᠶᠢᠨ ᠦᠮᠴᠢᠯᠠᠯ ᠤᠨ ᠡᠷᠭᠡ ᠶᠢ ᠲᠡᠨᠵᠢᠯᠡᠵᠦ ᠪᠡᠯᠡ ᠨᠡᠶᠢᠯᠡᠬᠦᠯᠬᠦ ᠠᠵᠦ ᠠᠬᠤᠶᠢᠯᠠᠯ ᠪᠤᠯᠭᠠᠬᠤ ᠶᠢ ᠪᠦᠬᠦ ᠬᠦᠴᠦ ᠪᠠᠷ ᠢᠶᠠᠨ ᠠᠬᠢᠭᠤᠯᠬᠤ ᠶᠢᠨ ᠬᠠᠮᠳᠤ᠂ ᠠᠵᠦ ᠠᠬᠤᠶᠢᠯᠠᠯ  ᠢ ᠬᠠᠪᠰᠤᠷᠴᠦ ᠪᠠᠶᠢᠭᠠᠳ ᠪᠡᠭᠡᠵᠢᠩ ᠤᠨ ᠰᠲ᠋ᠤᠺ ᠤᠨ ᠠᠷᠠᠯᠵᠢᠶᠠᠨ ᠤ ᠵᠠᠬ᠎ᠠ ᠳᠤ ᠤᠷᠤᠭᠤᠯᠬᠤ ᠠᠯᠬᠤᠴᠠ ᠶᠢ ᠨᠢ ᠲᠦᠷᠭᠡᠳᠭᠡᠨ᠎ᠡ᠃ ᠨᠡᠭᠡᠭᠡᠯᠳᠡ ᠶᠢᠨ ᠤᠷᠤᠨ ᠤ ᠭᠡᠷᠡᠭ ᠢᠶᠠᠷ ᠦᠬᠡᠷᠡᠴᠢᠯᠠᠯᠳᠠ ᠶᠢ ᠠᠬᠢᠭᠤᠯᠬᠤ ᠠᠵᠢᠯ ᠢ ᠯᠠᠪᠳᠠᠭᠤᠨ ᠪᠠᠳᠤᠳᠠᠢ ᠦᠷᠨᠢᠬᠦᠯᠵᠦ᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠠᠯ ᠢ ᠡᠪᠳᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠠᠯ ᠢ ᠡᠪᠳᠡᠭᠰᠡᠨ᠂ ᠪᠦᠬᠦ  ᠬᠤᠰᠢᠭᠤᠨ ᠤ ᠬᠦᠭᠵᠢᠯᠳᠡ ᠶᠢ ᠨᠦᠯᠦᠬᠡᠯᠡᠭᠰᠠᠨ ᠦᠢᠯᠡ ᠠᠵᠢᠯᠯᠠᠭ᠎ᠠ ᠶᠢ ᠦᠴᠦᠬᠡᠨ ᠴᠦ ᠠᠭᠤᠴᠢᠯᠠᠬᠤ ᠦᠬᠡᠢ᠃︵ᠭᠤᠷᠪᠡ︶ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠳᠤ ᠲᠦᠪᠯᠡᠷᠡᠬᠦᠯᠵᠦ᠂ ᠤᠳᠤ ᠦᠶ᠎ᠠ ᠶᠢᠨ ᠠᠵᠦ ᠦᠢᠯᠡᠰ ᠤᠨ ᠲᠤᠭᠳᠠᠯᠴᠠᠭ᠎ᠠ ᠶᠢ ᠡᠷᠡᠰ ᠭᠤᠶᠢᠪᠢᠰᠢ ᠦᠬᠡᠢ ᠪᠦᠷᠢᠯᠳᠤᠬᠦᠯᠦᠨ᠎ᠡ᠃ ᠤᠳᠤ ᠦᠶ᠎ᠠ ᠶᠢᠨ ᠮᠠᠯ ᠠᠵᠦ ᠠᠬᠤᠢ ᠶᠢᠨ ᠲᠦᠷᠭᠡᠨ ᠬᠦᠭᠵᠢᠯᠳᠡ ᠶᠢ ᠠᠬᠢᠭᠤᠯᠤᠨ᠎ᠠ᠃ ᠪᠡᠯᠴᠢᠬᠡᠷ ᠤᠨ ᠲᠠᠯᠠᠪᠡᠢ ᠪᠠᠷ ᠮᠡᠯ ᠤᠨ ᠲᠤᠭ᠎ᠠ ᠶᠢ ᠲᠤᠭᠳᠠᠭᠠᠬᠤ᠂ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠠ ᠶᠢ ᠪᠡᠷᠢᠮᠳᠠᠯᠠᠵᠦ᠂ ᠮᠠᠯᠴᠢᠨ ᠲᠠᠷᠢᠶᠠᠴᠢᠳ ᠤᠨ ᠨᠡᠷᠢᠨ ᠲᠡᠩᠰᠡ ᠪᠤᠳᠤᠵᠦ ᠠᠮᠢᠳᠤᠷᠠᠬᠤ ᠶᠢ ᠨᠢ ᠵᠢᠯᠤᠭᠤᠳᠴᠦ᠂ ︽  ᠪᠡᠯᠴᠢᠬᠡᠷᠯᠡᠬᠦᠯᠦᠨ ᠮᠠᠯᠵᠢᠬᠤ ᠶᠢ ᠨᠠᠷᠢᠯᠢᠭ ᠮᠠᠯᠵᠢᠬᠤ ᠪᠤᠯᠭᠠᠨ ᠬᠤᠪᠢᠷᠠᠭᠤᠯᠬᠤ᠂ ᠬᠠᠰᠢᠶᠠᠯᠠᠨ ᠮᠠᠯᠵᠢᠬᠤ ᠪᠡ ᠬᠠᠰᠢᠶᠠᠯᠠᠵᠦ ᠪᠡᠯᠴᠢᠭᠡᠷᠯᠡᠬᠦᠯᠬᠦ ᠶᠢ ᠤᠶᠠᠯᠳᠤᠭᠤᠯᠬᠤ︾ ᠤᠬᠠᠮᠰᠠᠷ ᠢ ᠪᠤᠢ ᠪᠤᠯᠭᠠᠵᠦ᠂ ᠤᠳᠤ ᠦᠶ᠎ᠠ  ᠶᠢᠨ ᠮᠠᠯ ᠠᠵᠦ ᠠᠬᠤᠢ ᠶᠢᠨ ᠰᠢᠨ᠎ᠡ ᠭᠡᠪ ᠪᠠᠶᠢᠳᠠᠯ ᠢ ᠡᠬᠦᠳᠤᠨ᠎ᠡ᠃ ᠰᠦᠨᠢᠳ ᠬᠤᠨᠢᠨ ᠤ ᠡᠬᠦᠯᠳᠡᠷ ᠢ ᠰᠠᠶᠢᠵᠢᠷᠠᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠬᠦᠯᠵᠦ᠂ ᠰᠦᠨᠢᠳ ᠬᠤᠨᠢᠨ ᠤ ᠭᠤᠤᠯ ᠡᠬᠦᠯᠳᠡᠷ ᠤᠨ ᠲᠠᠯᠠᠪᠠᠢ ᠶᠢᠨ ᠶᠠᠰᠤ ᠴᠢᠨᠡᠷ ᠢ ᠲᠡᠭᠡᠭᠰᠢᠯᠡᠬᠦᠯᠦᠨ ᠦᠷ᠎ᠡ ᠠᠰᠢᠭ ᠢ ᠨᠡᠮᠡᠭᠳᠡᠬᠦᠯᠬᠦ ᠪᠡ ᠲᠠᠯ᠎ᠠ ᠨᠤᠳᠤᠭ ᠤᠨ ᠢᠳᠡᠰᠢᠨ  ᠤ ᠬᠤᠨᠢᠨ ᠤ ᠠᠵᠦ ᠦᠢᠯᠡᠰ ᠤᠨ ᠰᠦᠷᠦᠭᠵᠢᠯ ᠤᠨ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠵᠦ᠂ ︽ᠦᠷ᠎ᠡ ᠶᠢᠨ ᠮᠠᠯ ᠤᠨ ᠲᠠᠯᠠᠪᠠᠢ + ᠦᠷᠡᠵᠢᠬᠦᠯᠦᠨ ᠪᠤᠶᠢᠵᠢᠭᠤᠯᠬᠤ ᠲᠠᠯᠠᠪᠠᠢ + ᠭᠤᠤᠯ ᠰᠦᠷᠦᠭ︾ ᠤᠨ ᠨᠢᠬᠡ ᠴᠤᠭᠴᠠᠵᠢᠭᠤᠯᠤᠭᠰᠠᠨ ᠦᠷᠡᠵᠢᠬᠦᠯᠦᠨ ᠪᠤᠶᠢᠵᠢᠭᠤᠯᠬᠤ ᠲᠤᠭᠳᠠᠯᠴᠠᠭ᠎ᠠ ᠶᠢᠨ ᠪᠠᠶᠢᠭᠤᠯᠤᠯᠳᠠ ᠶᠢ ᠦᠷᠬᠦᠯᠵᠢᠯᠡᠨ ᠪᠠᠬᠢᠵᠢᠬᠦᠯᠦᠨ᠎ᠡ᠃ ᠵᠢᠯ ᠤᠨ ᠲᠤᠳᠤᠷ᠎ᠡ᠂ ᠰᠠᠭᠤᠷᠢ ᠡᠭᠡ ᠮᠡᠯ ᠤᠨ ᠬᠢᠷᠢ ᠲᠡᠩᠴᠠᠯᠳᠠ ᠶᠢᠨ ᠨᠤᠷᠮ᠎ᠡ  ᠶᠢ 100% ᠳᠤ ᠬᠦᠷᠭᠡᠵᠦ᠂ ᠬᠠᠷᠢᠴᠠᠯ ᠢ 85% ᠠᠴᠠ ᠲᠡᠭᠡᠭᠰᠢ ᠳᠤ ᠲᠤᠭᠳᠠᠪᠤᠷᠢᠵᠢᠭᠤᠯᠤᠨ᠎ᠠ᠃ ᠮᠠᠯᠵᠢᠬᠤ ᠡᠷᠦᠭᠡ ᠶᠢᠨ ᠲᠡᠵᠢᠬᠡᠨ ᠮᠠᠯᠵᠢᠬᠤ ᠬᠠᠮᠢᠶᠠᠷᠤᠯᠳᠠ ᠶᠢᠨ ᠭᠡᠯᠪᠡᠷᠢ ᠪᠠᠨ ᠰᠠᠶᠢᠵᠢᠷᠠᠭᠤᠯᠬᠤ ᠶᠢ ᠨᠢ ᠵᠤᠷᠢᠭᠵᠢᠭᠤᠯᠵᠦ᠂ ᠭᠠᠷᠭᠠᠯᠳᠠ ᠶᠢᠨ ᠪᠤᠰᠤ ᠤᠯᠠᠷᠢᠯ ᠳᠤ ᠮᠠᠯ ᠢᠶᠠᠨ ᠬᠤᠳᠠᠯᠳᠤᠬᠤ᠂ ᠲᠡᠩᠴᠡᠬᠦᠷᠢ ᠲᠠᠢ ᠪᠠᠷ ᠭᠠᠷᠭᠠᠯᠳᠠ ᠬᠢᠬᠦ ᠶᠢ ᠠᠭᠠᠵᠢᠮ ᠢᠶᠠᠷ ᠪᠡᠶᠡᠯᠡᠬᠦᠯᠦᠨ᠎ᠡ᠃ ᠤᠳᠤ ᠦᠶ᠎ᠠ ᠶᠢᠨ ᠢᠳᠡᠰᠢᠨ ᠤ ᠦᠬᠡᠷ ᠤᠨ ᠠᠵᠦ ᠦᠢᠯᠡᠰ ᠢ ᠪᠤᠶᠢᠵᠢᠭᠤᠯᠬᠤ ᠲᠤᠭᠳᠠᠯᠴᠠᠭ᠎ᠠ ᠶᠢ ᠪᠦᠷᠢᠨᠰᠢᠬᠦᠯᠦᠨ ᠲᠡᠬᠦᠯᠳᠡᠷᠵᠢᠬᠦᠯᠵᠦ᠂ ᠰᠢᠯᠢᠳᠡᠭ ᠡᠬᠦᠯᠳᠡᠷ ᠢ ᠦᠷᠡᠵᠢᠬᠦᠯᠦᠨ ᠪᠤᠶᠢᠵᠢᠭᠤᠯᠬᠤ᠂ ᠰᠢᠨᠵᠢᠯᠡᠬᠦ ᠤᠬᠠᠭᠠᠨᠴᠢ ᠪᠠᠷ ᠮᠠᠯᠵᠢᠬᠤ᠂ ᠪᠤᠷᠳᠤᠨ ᠲᠠᠷᠭᠤᠯᠠᠭᠤᠯᠬᠤ᠂ ᠨᠠᠷᠢᠯᠢᠭ ᠪᠤᠯᠪᠠᠰᠤᠷᠠᠭᠤᠯᠬᠤ ᠠᠵᠢᠯ ᠢ ᠰᠠᠶᠢᠳᠤᠷ ᠠᠳᠬᠤᠵᠦ᠂ ᠢᠳᠡᠰᠢᠨ ᠤ ᠦᠬᠡᠷ ᠤᠨ ᠠᠵᠦ ᠦᠢᠯᠡᠰ ᠤᠨ ᠪᠦᠬᠦᠯᠢ ᠴᠤᠭᠴᠠ ᠶᠢᠨ ᠶᠡᠰᠤ ᠴᠢᠨᠡᠷ ᠪᠡ ᠦᠷ᠎ᠡ ᠠᠰᠢᠭ ᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠵᠢᠯ ᠤᠨ ᠲᠤᠳᠤᠷ᠎ᠡ᠂ ᠢᠳᠡᠰᠢᠨ ᠤ ᠦᠬᠡᠷ ᠤᠨ 2 ᠭᠤᠤᠯ ᠰᠦᠷᠦᠭ᠂ ᠭᠤᠤᠯ ᠰᠦᠷᠦᠭ ᠤᠨ ᠲᠤᠭᠤᠯᠯᠠᠬᠤ ᠦᠨᠢᠶ᠎ᠠ ᠶᠢ 300 ᠳᠤ ᠬᠦᠷᠭᠡᠵᠦ᠂ ᠰᠢᠯᠢᠳᠡᠭ ᠡᠬᠦᠯᠳᠡᠷ  ᠤᠨ 500 ᠦᠬᠡᠷ ᠤᠷᠤᠭᠤᠯᠵᠦ᠂ 3 ᠲᠦᠮᠡᠨ ᠨᠤᠳᠤᠭ ᠤᠨ ᠦᠬᠡᠷ ᠤᠨ ᠡᠬᠦᠯᠳᠡᠷ ᠢ ᠰᠠᠶᠢᠵᠢᠷᠠᠭᠤᠯᠤᠨ᠎ᠠ᠃ ︽ᠢᠩᠬᠡᠨ ᠰᠦ︾ ᠶᠢ ᠤᠯᠤᠰ ᠤᠨ ᠭᠠᠵᠡᠷ ᠵᠦᠢ ᠶᠢᠨ ᠪᠠᠶᠢᠷᠢᠰᠢᠯ ᠤᠨ ᠲᠡᠸᠡᠷ ᠤᠨ ᠲᠡᠮᠳᠡᠭᠳᠤ ᠪᠠᠷ ᠢᠳᠡᠪᠬᠢᠳᠡᠢ ᠭᠤᠶᠤᠴᠢᠯᠠᠵᠦ᠂ ᠢᠩᠭᠡᠨ ᠰᠦ ᠬᠤᠳᠠᠯᠳᠤᠨ ᠠᠪᠬᠤ ᠳᠤ ᠨᠦᠬᠦᠪᠤᠷᠢ ᠦᠭᠬᠦ ᠲᠦᠷᠦ ᠶᠢᠨ ᠪᠤᠳᠤᠯᠭ᠎ᠠ ᠶᠢ ᠴᠢᠩᠭ᠎ᠠ ᠨᠡᠶᠢᠳᠡᠪᠤᠷᠢᠵᠢᠭᠤᠯᠵᠦ᠂ ᠤᠯᠠᠨ ᠵᠦᠢᠯ ᠤᠨ ᠡᠵᠡᠩᠨᠡᠯᠳᠡ ᠶᠢᠨ ᠭᠡᠯᠪᠡᠷᠢ ᠳᠤ ᠨᠠᠶᠢᠴᠡᠭᠰᠡᠨ ᠲᠡᠮᠵᠢᠯᠬᠡ ᠶᠢᠨ ᠲᠦᠷᠦ  ᠶᠢᠨ ᠪᠤᠳᠤᠯᠭ᠎ᠠ ᠶᠢ ᠰᠤᠳᠤᠯᠤᠨ ᠲᠤᠭᠳᠠᠭᠠᠵᠦ᠂ ᠤᠳᠤ ᠶᠢᠨ ᠪᠠᠶᠢᠭ᠎ᠠ ᠲᠡᠮᠡᠭᠡ ᠮᠠᠯᠵᠢᠬᠤ ᠰᠠᠭᠤᠷᠢᠨ ᠭᠠᠵᠡᠷ ᠤᠨ ᠲᠠᠶᠢᠴᠢᠯᠠᠨ ᠲᠠᠭᠠᠭᠤᠯᠬᠤ ᠦᠢᠯᠡᠳᠤᠯ ᠳᠤ ᠲᠦᠰᠢᠭᠯᠡᠵᠦ᠂ ᠲᠦᠪᠯᠡᠷᠡᠬᠦᠯᠤᠨ ᠨᠡᠶᠢᠳᠡᠨ ᠮᠠᠯᠵᠢᠭᠤᠯᠬᠤ᠂ ᠲᠦᠪᠯᠡᠷᠡᠬᠦᠯᠦᠨ ᠬᠤᠷᠢᠶᠠᠨ  ᠦᠯᠡᠳᠡᠭᠡᠬᠦ᠂ ᠲᠦᠪᠯᠡᠷᠡᠬᠦᠯᠦᠨ ᠦᠰᠭᠡᠬᠦ ᠲᠡᠮᠡᠭᠡᠨ ᠤ ᠠᠵᠦ ᠤᠶᠢᠯᠠᠰ ᠤᠨ ᠭᠡᠪ ᠪᠠᠶᠢᠳᠠᠯ ᠢ ᠢᠳᠡᠪᠬᠢᠳᠡᠢ ᠪᠦᠷᠢᠯᠳᠤᠬᠦᠯᠵᠦ᠂ ᠪᠠᠷᠢᠮᠵᠢᠶᠠᠵᠢᠭᠰᠠᠨ᠂ ᠠᠵᠦ ᠦᠢᠯᠡᠰᠵᠢᠭᠰᠡᠨ᠂ ᠬᠠᠮᠳᠤᠷᠠᠯᠴᠠᠭᠰᠠᠨ ᠬᠦᠭᠵᠢᠯᠳᠡ ᠶᠢ ᠪᠡᠶᠡᠯᠡᠬᠦᠯᠦᠨ᠎ᠡ᠃ ᠵᠢᠯ ᠤᠨ ᠲᠤᠳᠤᠷ᠎ᠡ᠂ ᠰᠦᠨᠢᠳ ᠬᠤᠤᠰ ᠪᠦᠬᠦᠳᠤ ᠲᠡᠮᠡᠭᠡ ᠶᠢ ᠮᠠᠯᠵᠢᠬᠤ 10 ᠲᠤᠰᠬᠠᠢ ᠡᠷᠦᠬᠡ ᠶᠢ ᠪᠤᠶᠢᠵᠢᠭᠤᠯᠤᠨ᠂ ᠪᠦᠬᠦ ᠬᠤᠰᠢᠭᠤᠨ ᠤ ᠲᠦᠪᠯᠡᠷᠡᠬᠦᠯᠦᠨ ᠮᠠᠯᠵᠢᠬᠤ ᠲᠡᠮᠡᠭᠡᠨ ᠤ ᠲᠤᠭ᠎ᠠ ᠶᠢ 2000 ᠳᠤ ᠬᠦᠷᠭᠡᠵᠦ᠂ ᠵᠢᠯ ᠤᠨ ᠰᠦᠨ ᠤ ᠭᠠᠷᠤᠯᠳᠠ ᠶᠢ 360 ᠲᠤᠨ ᠳᠤ ᠬᠦᠷᠭᠡᠨ᠎ᠡ᠃ ᠠᠵᠦ ᠦᠢᠯᠡᠳᠪᠤᠷᠢ  ᠶᠢᠨ ᠠᠵᠦ ᠠᠬᠤᠢ ᠶᠢᠨ ᠲᠤᠭᠳᠠᠭᠤᠨ ᠢ ᠪᠠᠳᠤᠯᠠᠵᠦ ᠨᠡᠮᠡᠭᠳᠡᠯ ᠢ ᠲᠡᠭᠡᠭᠰᠢᠯᠠᠬᠦᠯᠬᠦ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ ᠠᠵᠦ ᠦᠢᠯᠡᠳᠪᠤᠷᠢᠵᠢᠯᠳᠠ ᠪᠠᠷ ᠭᠤᠤᠯ ᠴᠢᠭᠯᠡᠯ ᠢᠶᠠᠨ ᠪᠤᠯᠭᠠᠵᠦ᠂ ᠲᠤᠯᠤᠭᠠᠶᠢᠯᠠᠭᠴᠢ ᠠᠵᠦ ᠠᠬᠤᠶᠢᠯᠠᠯ ᠢ ᠬᠦᠴᠦᠷᠭᠡᠭᠵᠢᠬᠦᠯᠤᠨ᠂ ᠠᠵᠦ ᠦᠢᠯᠡᠰ ᠤᠨ ᠭᠡᠯᠬᠢᠶ᠎ᠠ ᠶᠢ ᠨᠦᠬᠦᠪᠤᠷᠢᠯᠡᠵᠦ᠂ ᠠᠵᠦ ᠠᠬᠤᠶᠢᠯᠠᠯ ᠤᠨ ᠪᠦᠯᠦᠭᠯᠡᠯ ᠢ ᠲᠦᠪᠯᠡᠷᠡᠬᠦᠯᠵᠦ᠂ ᠤᠯᠠᠮᠵᠢᠯᠠᠯᠳᠤ ᠠᠵᠦ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ  ᠶᠢ ᠠᠬᠢᠭᠤᠯᠵᠦ᠂ ᠰᠢᠨ᠎ᠡ ᠡᠨᠧᠷᠬᠢ ᠶᠢᠨ ᠲᠤᠨᠤᠭᠯᠠᠯ ᠦᠢᠯᠡᠳᠬᠦ ᠦᠢᠯᠡᠰ ᠢ ᠶᠡᠭᠡᠪᠡᠷ ᠬᠦᠭᠵᠢᠬᠦᠯᠵᠦ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠠ ᠳᠤ ᠨᠡᠶᠢᠴᠡᠭᠰᠡᠨ᠂ ᠮᠡᠨ ᠤ ᠬᠤᠰᠢᠭᠤᠨ ᠤ ᠤᠨᠴᠠᠯᠢᠭ ᠢ ᠬᠠᠷᠠᠭᠤᠯᠤᠭᠰᠠᠨ᠂ ᠠᠮᠢ ᠠᠬᠤᠢ ᠶᠢ ᠲᠡᠷᠢᠬᠦᠨ ᠪᠠᠶᠢᠷᠢᠨ ᠳᠤ ᠲᠠᠯᠪᠢᠬᠤ ᠪᠡ ᠪᠤᠬᠢᠷᠳᠤᠯ ᠦᠬᠡᠢ ᠬᠦᠭᠵᠢᠯᠳᠡ ᠪᠠᠷ ᠤᠳᠤᠷᠢᠳᠤᠮᠵᠢ ᠪᠤᠯᠭᠠᠭᠰᠠᠨ ᠴᠢᠨᠠᠷᠯᠢᠭ ᠬᠦᠭᠵᠢᠯᠳᠡ ᠶᠢᠨ ᠰᠢᠨ᠎ᠡ ᠵᠡᠮ ᠢᠶᠠᠷ ᠴᠢᠷᠮᠡᠶᠢᠨ ᠵᠠᠮᠨᠠᠨ᠎ᠠ᠃ ᠪᠦᠦ ᠳ᠋ᠧ ᠯᠢ ᠬᠠᠶᠢᠯᠤᠭᠤᠷ ᠵᠤᠩᠰᠢ ᠶᠢᠨ ᠠᠭᠤᠷᠬᠠᠶ ᠶᠢᠨ ᠵᠢᠯ ᠤᠨ ᠭᠠᠷᠤᠯᠳᠠ 30 ᠲᠦᠮᠡᠨ ᠲᠣᠨ ᠤ ᠬᠦᠳᠡᠷ ᠰᠤᠩᠭᠤᠬᠤ ᠢᠨᠵᠧᠨᠧᠷᠢᠩ ᠤᠨ ᠥᠷᠭᠡᠳᠬᠡᠨ ᠪᠠᠶᠢᠭᠤᠯᠬᠤ ᠲᠦᠷᠦᠯ ᠵᠦᠢᠯ ᠢ ᠵᠢᠯ ᠤᠨ ᠲᠤᠳᠤᠷ᠎ᠡ ᠠᠵᠢᠯ ᠡᠬᠢᠯᠡᠬᠦᠯᠦᠨ ᠪᠦᠳᠤᠭᠡᠨ ᠪᠠᠶᠢᠭᠤᠯᠵᠦ᠂ ᠰᠢᠨ ᠮᠧᠩ ᠰᠢᠨ ᠮᠡᠲ᠋ᠧᠷᠢᠶᠠᠯ ᠤᠨ ᠬᠢᠵᠠᠭᠠᠷᠳᠤ ᠺᠤᠮᠫᠠᠨᠢ᠂ ᠬᠤᠸᠠ ᠰᠢᠩ ᠠᠵᠦ ᠦᠢᠯᠡᠰ ᠤᠨ ᠬᠢᠵᠠᠭᠠᠷᠳᠤ ᠺᠤᠮᠫᠠᠨᠢ  ᠶᠢᠨ ᠠᠭᠤᠷᠬᠠᠢ ᠶᠢᠨ ᠵᠤᠤᠬ᠎ᠠ ᠶᠢᠨ ᠡᠨᠧᠷᠬᠢ ᠠᠷᠪᠢᠯᠠᠬᠤ ᠮᠡᠷᠭᠡᠵᠢᠯ ᠤᠨ ᠦᠬᠡᠷᠡᠴᠢᠯᠠᠯᠳᠠ ᠶᠢᠨ ᠢᠨᠵᠧᠨᠧᠷᠢᠩ ᠢ ᠭᠤᠤᠯᠳᠠᠯᠭ᠎ᠠ ᠲᠠᠢ ᠠᠬᠢᠭᠤᠯᠵᠦ᠂ ᠲᠦᠬᠦᠭᠡᠷᠤᠮᠵᠢ ᠶᠢᠨ ᠮᠡᠷᠭᠡᠵᠢᠯ ᠢ ᠦᠬᠡᠷᠡᠴᠢᠯᠠᠨ ᠲᠡᠰ ᠲᠡᠪᠰᠢᠬᠦᠯᠬᠦ ᠪᠡ ᠰᠢᠯᠢᠳᠡᠭᠵᠢᠬᠦᠯᠦᠨ ᠲᠤᠬᠢᠷᠠᠭᠤᠯᠬᠤ ᠶᠢ ᠲᠦᠷᠭᠡᠳᠭᠡᠵᠦ᠂ ᠪᠤᠬᠢᠷᠳᠤᠯ ᠦᠬᠡᠢ ᠡᠷᠬᠢᠯᠳᠡᠳᠤ ᠬᠦᠭᠵᠢᠯᠳᠡ ᠶᠢ ᠪᠡᠶᠡᠯᠡᠬᠦᠯᠦᠨ᠎ᠡ᠃ ᠶᠠᠩ ᠶᠠᠩ ᠮᠠᠯᠵᠢᠯ ᠤᠨ ᠦᠢᠯᠡᠰ᠂ ᠮᠧᠩ ᠭᠥᠸᠧ ᠯᠧ ᠮᠢᠬᠠᠨ ᠤ ᠦᠢᠯᠡᠰ ᠵᠡᠷᠭᠡ ᠲᠤᠯᠤᠭᠠᠶᠢᠯᠠᠭᠴᠢ ᠠᠵᠦ ᠠᠬᠤᠶᠢᠯᠠᠯ ᠢᠶᠠᠷ ᠭᠤᠤᠯᠳᠠᠯᠭ᠎ᠠ ᠪᠤᠯᠭᠠᠵᠦ᠂ ᠲᠡᠵᠢᠭᠡᠨ ᠦᠷᠡᠵᠢᠬᠦᠯᠬᠦ᠂ ᠠᠯᠠᠵᠦ ᠨᠢᠳᠤᠯᠬᠤ᠂ ᠨᠠᠷᠢᠯᠢᠭ ᠪᠤᠯᠪᠠᠰᠤᠷᠠᠭᠤᠯᠬᠤ ᠶᠢ ᠨᠢᠭᠡ ᠴᠤᠭᠴᠠᠵᠢᠭᠤᠯᠤᠭᠰᠠᠨ ᠲᠤᠭᠳᠠᠯᠴᠠᠭ᠎ᠠ ᠶᠢᠨ ᠪᠠᠶᠢᠭᠤᠯᠤᠯᠳᠠ ᠶᠢ ᠠᠬᠢᠭᠤᠯᠵᠦ᠂ ᠮᠠᠯ ᠤᠨ ᠠᠰᠢᠭ ᠰᠢᠮ᠎ᠡ ᠪᠡ ᠲᠠᠷᠢᠶᠠᠯᠠᠩ ᠤᠨ ᠪᠦᠳᠤᠭᠡᠭᠳᠡᠬᠦᠨ ᠢ ᠪᠤᠯᠪᠠᠰᠤᠷᠠᠭᠤᠯᠬᠤ ᠨᠤᠷᠮ᠎ᠡ ᠪᠡ ᠪᠦᠳᠤᠭᠡᠭᠳᠡᠬᠦᠨ ᠤ ᠨᠡᠮᠡᠯᠳᠡ ᠦᠷᠳᠡᠭ ᠢ ᠤᠯᠠᠮ ᠨᠢᠭᠡ ᠠᠯᠬᠤᠮ ᠲᠡᠭᠡᠭᠰᠢᠯᠡᠬᠦᠯᠦᠨ᠎ᠡ᠃ ᠲᠤᠨᠤᠭ ᠲᠦᠬᠦᠭᠡᠷᠤᠮᠵᠢ ᠶᠢ ᠡᠨᠧᠷᠬᠢ ᠳᠤ ᠦᠢᠯᠡᠴᠢᠯᠠᠬᠦᠯᠬᠦ᠂ ᠭᠤᠤᠯ ᠠᠵᠢᠯ ᠢᠶᠠᠨ ᠢᠵᠢ ᠪᠦᠷᠢᠳᠤᠬᠦᠯᠬᠦ᠂ ᠵᠠᠬ᠎ᠠ ᠲᠡᠯᠬᠡᠬᠦᠷ ᠤᠨ ᠲᠤᠭᠤᠷᠢᠨ ᠳᠤ ᠲᠦᠷᠦᠯ ᠵᠦᠢᠯ ᠢ ᠲᠦᠯᠦᠪᠯᠡᠬᠦ ᠶᠢ ᠪᠠᠷᠢᠮᠳᠠᠯᠠᠵᠦ᠂ ︽ᠲᠠᠭᠠᠭᠠᠴᠠ — ᠴᠠᠬᠢᠯᠭᠠᠨ ᠡᠬᠦᠰᠭᠡᠭᠴᠢ — ᠠᠵᠦ ᠦᠢᠯᠡᠰ ᠤᠨ ᠭᠡᠯᠬᠢᠶ᠎ᠠ︾ ᠶᠢᠨ ᠡᠷᠬᠢᠯᠳᠡᠳᠤ ᠠᠵᠦ ᠠᠬᠤᠢ ᠶᠢ ᠠᠯᠬᠤᠮ ᠠᠯᠬᠤᠮ ᠢᠶᠠᠷ ᠪᠠᠶᠢᠭᠤᠯᠵᠦ᠂ ᠰᠢᠨᠵᠢᠯᠡᠭᠡ ᠮᠡᠷᠭᠡᠵᠢᠯ ᠤᠨ ᠰᠤᠳᠤᠯᠭᠠᠨ ᠬᠢᠬᠦ᠂ ᠲᠤᠨᠤᠭᠯᠠᠯ ᠦᠢᠯᠡᠳᠬᠦ᠂ ᠰᠠᠯᠪᠢᠨ ᠵᠠᠰᠠᠬᠤ ᠦᠢᠯᠡᠴᠢᠯᠡᠭᠡ ᠵᠡᠷᠭᠡ ᠴᠢᠳᠠᠮᠵᠢ ᠶᠢ ᠨᠢᠬᠡ ᠴᠤᠭᠴᠠᠵᠢᠭᠤᠯᠤᠭᠰᠠᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠤᠨᠤᠭ ᠲᠦᠬᠦᠭᠡᠷᠤᠮᠵᠢ ᠦᠢᠯᠡᠳᠬᠦ ᠰᠠᠭᠤᠷᠢᠨ ᠭᠠᠵᠡᠷ ᠢ ᠡᠬᠦᠳᠤᠨ᠎ᠡ᠃ ᠵᠢᠩ ᠳ᠋ᠦᠩ ᠹᠠᠩ ᠡᠨᠧᠷᠬᠢ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠳᠤ ᠺᠤᠮᠫᠠᠨᠢ ᠶᠢᠨ 20 ᠲᠦᠮᠡᠨ ᠺᠢᠯᠤᠸᠡᠲ ᠤᠨ ᠮᠠᠯᠵᠢᠬᠤ ᠤᠷᠤᠨ ᠤ ᠨᠡᠷᠡᠨ ᠤ ᠡᠨᠧᠷᠬᠢ ᠶᠢᠨ ᠴᠠᠬᠢᠯᠭᠠᠨ ᠢ ᠨᠦᠬᠡᠴᠠᠯᠠᠬᠦ ᠶᠡᠷᠦᠩᠭᠡᠶᠢᠯᠡᠭᠰᠡᠨ ᠵᠢᠱᠢᠶ᠎ᠠ ᠦᠵᠡᠬᠦᠯᠬᠦ ᠲᠦᠷᠦᠯ ᠵᠦᠢᠯ ᠪᠤᠯᠤᠨ ᠰᠢᠩ ᠴᠢ ᠶᠤᠸᠠᠨ ᠲᠠᠷᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠢ ᠵᠢᠯ ᠤᠨ ᠲᠤᠳᠤᠷ᠎ᠡ ᠠᠵᠢᠯ ᠡᠬᠢᠯᠡᠬᠦᠯᠬᠦ ᠶᠢᠨ ᠬᠠᠮᠳᠤ᠂ ᠠᠰᠢᠭᠯᠠᠯᠳᠠ  ᠳᠤ ᠤᠷᠤᠭᠤᠯᠬᠤ ᠶᠢ ᠠᠬᠢᠭᠤᠯᠤᠨ᠎ᠠ︔ ᠬᠠᠷᠪᠢᠨ ᠤ ᠴᠠᠬᠢᠯᠭᠠᠨᠵᠢᠯᠳᠠ ᠶᠢᠨ ᠪᠦᠯᠦᠭᠯᠡᠯ ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠭᠤᠤᠯ ᠮᠠᠰᠢᠨ ᠤ ᠲᠦᠷᠦᠯ ᠵᠦᠢᠯ ᠤᠨ ᠭᠠᠷᠳᠠᠮ ᠬᠦᠢᠴᠡᠳᠭᠡᠬᠦ ᠠᠵᠢᠯ ᠢ ᠵᠤᠬᠢᠴᠠᠭᠤᠯᠤᠨ ᠠᠬᠢᠭᠤᠯᠵᠦ᠂ ᠵᠢᠯ ᠤᠨ ᠲᠤᠳᠤᠷ᠎ᠡ ᠠᠵᠢᠯ ᠡᠬᠢᠯᠡᠬᠦᠯᠬᠦ ᠪᠠᠷ ᠴᠢᠷᠮᠡᠶᠢᠨ᠎ᠡ᠃ ︽ᠨᠦᠬᠦᠴᠠᠯ ᠪᠦᠷᠢᠯᠳᠤᠬᠦᠯᠦᠨ ᠠᠵᠦ ᠠᠬᠤᠶᠢᠯᠠᠯ ᠢ ᠲᠠᠳᠠᠬᠤ︾ ᠤᠬᠠᠮᠰᠠᠷ ᠢ ᠨᠡᠮᠡᠭᠳᠡᠬᠦᠯᠵᠦ᠂ ᠠᠵᠦ ᠦᠢᠯᠡᠳᠪᠤᠷᠢ ᠶᠢᠨ ᠲᠤᠭᠤᠷᠢᠭ ᠤᠨ ᠢᠵᠢ ᠪᠦᠷᠢᠨ ᠲᠦᠬᠦᠭᠡᠷᠤᠮᠵᠢ ᠶᠢ ᠰᠢᠯᠢᠳᠡᠭᠵᠢᠬᠦᠯᠦᠨ ᠲᠡᠭᠡᠭᠰᠢᠯᠡᠬᠦᠯᠵᠦ᠂ ᠤᠶᠤᠨᠳᠤ ᠲᠤᠭᠤᠷᠢᠭ᠂ ᠴᠡᠪᠡᠷᠰᠢᠬᠦᠯᠦᠭᠰᠡᠨ ᠤᠰᠤ ᠶᠢ ᠲᠠᠮᠵᠢᠭᠤᠯᠤᠨ ᠬᠦᠷᠭᠡᠬᠦ᠂ ᠪᠡᠷᠢᠮᠵᠢᠶᠠᠵᠢᠭᠰᠠᠨ ᠦᠢᠯᠡᠳᠪᠤᠷᠢ ᠶᠢᠨ ᠲᠠᠰᠤᠭ᠂ ᠬᠠᠳᠠᠭᠤ ᠪᠠᠶᠠᠳᠤ ᠬᠠᠶᠠᠭᠳᠠᠮᠠᠯ ᠪᠤᠳᠠᠰ  ᠤᠨ ᠲᠠᠯᠠᠪᠠᠢ ᠶᠢᠨ ᠬᠤᠶᠠᠳᠤᠭᠠᠷ ᠬᠤᠭᠤᠴᠠᠭᠠᠨ ᠤ ᠪᠦᠳᠤᠭᠡᠨ ᠪᠠᠶᠢᠭᠤᠯᠤᠯᠳᠠ ᠶᠢ ᠠᠬᠢᠭᠤᠯᠤᠨ᠎ᠠ᠃ ᠭᠡᠪᠴᠢᠶᠠᠵᠢᠯ  ᠠᠴᠠ ᠲᠡᠭᠡᠭᠰᠢᠬᠢ ᠠᠵᠦ ᠦᠢᠯᠡᠳᠪᠤᠷᠢ ᠶᠢᠨ 4 ᠠᠵᠦ ᠠᠬᠤᠶᠢᠯᠠᠯ ᠢ ᠰᠢᠨ᠎ᠡ ᠪᠠᠷ ᠨᠡᠮᠡᠭᠳᠡᠬᠦᠯᠵᠦ᠂ ᠠᠵᠦ ᠦᠢᠯᠡᠳᠪᠤᠷᠢ ᠶᠢᠨ ᠨᠡᠮᠡᠭᠳᠡᠯ ᠦᠷᠳᠡᠭ ᠢ ᠠᠳᠠᠯᠢ ᠬᠤᠭᠤᠴᠠᠭᠠᠨ ᠤ ᠬᠢ ᠠᠴᠠ 3.5% ᠪᠠᠷ ᠨᠡᠮᠡᠭᠳᠡᠬᠦᠯᠦᠨ᠎ᠡ᠃ ᠦᠢᠯᠡᠴᠢᠯᠠᠭᠡᠨ ᠤ ᠦᠢᠯᠡᠰ ᠤᠨ ᠰᠢᠨ᠎ᠡ ᠰᠢᠪᠳᠤᠯᠤᠯᠳᠠ ᠶᠢ ᠪᠡᠶᠡᠯᠡᠬᠦᠯᠬᠦ ᠶᠢ ᠠᠬᠢᠭᠤᠯᠤᠨ᠎ᠠ᠃ ᠰᠤᠶᠤᠯ ᠵᠢᠭᠤᠯᠴᠢᠯᠠᠯ  ᠤᠨ ᠬᠦᠨᠵᠡᠬᠡᠢ ᠠᠭᠤᠰᠤᠯᠴᠠᠯ ᠢ ᠠᠬᠢᠭᠤᠯᠵᠦ᠂ ᠤᠯᠠᠭᠠᠨᠮᠦ᠋ᠴᠢᠷ ᠤᠨ ᠵᠤᠷᠢᠭ ᠰᠠᠨᠠᠭ᠎ᠠ᠂ ᠠᠷᠠᠳ ᠤᠨ ᠵᠠᠩ ᠦᠢᠯᠡ᠂ ᠴᠡᠷᠢᠭ ᠠᠷᠠᠳ ᠬᠠᠮᠳᠤᠪᠡᠷ ᠪᠠᠶᠢᠭᠤᠯᠬᠤ᠂ ᠬᠠᠭᠤᠴᠢ ᠰᠤᠶᠤᠯ ᠵᠡᠷᠭᠡ ᠤᠨᠴᠠᠯᠢᠭᠳᠤ ᠡᠬᠢ ᠪᠠᠶᠠᠯᠢᠭ ᠢ ᠨᠠᠶᠢᠯᠡᠬᠦᠯᠵᠦ᠂ ᠬᠤᠪᠢᠰᠬᠠᠯᠳᠤ ᠰᠤᠶᠤᠯ ᠤᠨ ᠰᠤᠳᠤᠯᠤᠨ ᠰᠤᠷᠤᠯᠴᠠᠬᠤ ᠵᠢᠭᠤᠯᠴᠢᠯᠠᠯ᠂ ᠰᠤᠶᠤᠯ ᠤᠨ ᠪᠠᠶᠠᠴᠢᠯᠠᠨ ᠤᠶᠢᠯᠠᠭᠠᠬᠤ ᠵᠢᠭᠤᠯᠴᠢᠯᠠᠯ ᠵᠡᠷᠭᠡ ᠵᠢᠭᠤᠯᠴᠢᠯᠠᠯ ᠤᠨ ᠱᠤᠭᠤᠮ ᠤᠨ ᠴᠢᠨᠡᠷ ᠴᠢᠨᠰᠠᠭ᠎ᠠ ᠶᠢ ᠬᠦᠴᠦᠯᠠᠨ ᠲᠡᠭᠡᠭᠰᠢᠯᠡᠬᠦᠯᠦᠨ᠎ᠡ᠃ ᠶᠡᠷᠦᠩᠭᠡᠢ ᠱᠦᠵᠢ ᠶᠢᠨ ᠮᠡᠨ ᠤ ᠬᠤᠰᠢᠭᠤᠨ ᠤ ᠤᠯᠠᠭᠠᠨᠮᠦ᠋ᠴᠢᠷ ᠲᠤ ᠬᠠᠷᠢᠭᠤ ᠵᠠᠬᠢᠳᠠᠯ ᠢᠯᠡᠭᠡᠭᠰᠡᠨ 5 ᠵᠢᠯ ᠤᠨ ᠤᠢ ᠶᠢ ᠲᠤᠷᠠᠰᠬᠠᠬᠤ ᠰᠢᠷᠢᠰ ᠠᠵᠢᠯᠯᠠᠭ᠎ᠠ ᠶᠢ ᠨᠠᠷᠢᠯᠢᠭ ᠲᠦᠰᠦᠪᠯᠡᠨ ᠪᠡᠯᠡᠳᠭᠡᠵᠦ᠂ ᠤᠯᠠᠭᠠᠨᠮᠦ᠋ᠴᠢᠷ ᠤᠨ ᠪᠤᠯᠪᠠᠰᠤᠷᠠᠯ ᠤᠨ ᠲᠢᠩᠬᠢᠮ ᠤᠨ ᠪᠦᠳᠤᠭᠡᠨ ᠪᠠᠶᠢᠭᠤᠯᠤᠯᠳᠠ ᠶᠢ ᠪᠡᠶᠡᠯᠡᠬᠦᠯᠦᠨ᠎ᠡ᠃ ᠵᠢᠯ ᠤᠨ ᠲᠤᠳᠤᠷ᠎ᠡ ᠦᠪᠡᠷᠳᠡᠭᠡᠨ ᠵᠠᠰᠠᠬᠤ ᠤᠷᠤᠨ ᠤ ᠲᠠᠰ ᠤᠨ ᠬᠦᠳᠡᠭᠡ ᠲᠤᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠭᠠᠴᠠᠭ᠎ᠠ ᠲᠤᠰᠬᠤᠨ ᠪᠡ ᠲᠠᠪᠤᠨ ᠤᠳᠤᠨ ᠲᠠᠰ ᠤᠨ ᠬᠦᠳᠡᠭᠡ ᠲᠤᠰᠬᠤᠨ ︵ᠮᠠᠯᠵᠢᠬᠤ ᠤᠷᠤᠨ︶ ᠤ ᠵᠢᠭᠤᠯᠴᠢᠯᠠᠯ ᠤᠨ ᠬᠦᠯᠢᠶᠠᠨ ᠵᠤᠴᠢᠯᠠᠬᠤ ᠡᠷᠦᠬᠡ ᠶᠢ ᠡᠬᠦᠳᠬᠦ ᠠᠵᠢᠯ ᠢ ᠦᠷᠨᠢᠬᠦᠯᠦᠨ᠎ᠡ᠃ ᠠᠷᠠᠯᠵᠢᠶ᠎ᠠ ᠬᠤᠳᠠᠯᠳᠤᠭᠠᠨ ᠤ ᠬᠦᠢᠯᠭᠡᠭᠡ᠂ ᠡᠯᠧᠺᠲᠷᠤᠨ ᠬᠤᠳᠠᠯᠳᠤᠭ᠎ᠠ ᠵᠡᠷᠭᠡ ᠤᠳᠤ ᠦᠶ᠎ᠠ ᠶᠢᠨ ᠦᠢᠯᠡᠴᠢᠯᠠᠭᠡᠨ ᠤ ᠦᠢᠯᠡᠰ ᠢ ᠲᠦᠷᠭᠡᠨ ᠬᠦᠭᠵᠢᠬᠦᠯᠵᠦ᠂ ᠬᠤᠨᠤᠭ ᠪᠠᠭᠤᠳᠠᠯ᠂ ᠢᠳᠡᠭᠡᠨ ᠤᠮᠳᠠᠭᠠᠨ᠂ ᠪᠦᠬᠡᠮ ᠢᠶᠠᠷ ᠬᠤᠳᠠᠯᠳᠤᠬᠤ᠂ ᠵᠢᠵᠢᠭᠯᠡᠨ ᠪᠤᠷᠤᠯᠠᠭᠤᠯᠬᠤ ᠵᠡᠷᠭᠡ ᠤᠯᠠᠮᠵᠢᠯᠠᠯᠳᠤ ᠦᠢᠯᠡᠴᠢᠯᠠᠭᠡᠨ ᠤ ᠦᠢᠯᠡᠰ ᠤᠨ ᠲᠤᠭᠳᠠᠭᠤᠨ ᠨᠡᠮᠡᠭᠳᠡᠯ ᠢ ᠪᠠᠳᠤᠯᠠᠨ᠎ᠠ᠃ ᠤᠯᠤᠰ ᠤᠨ ᠲᠡᠰ ᠤᠨ ᠡᠯᠧᠺᠲᠷᠤᠨ ᠬᠤᠳᠠᠯᠳᠤᠭᠠᠨ ᠤ ᠵᠢᠱᠢᠶ᠎ᠠ ᠦᠵᠡᠬᠦᠯᠬᠦ ᠬᠤᠰᠢᠭᠤ ᠰᠢᠶᠠᠨ ᠤ ᠪᠦᠳᠤᠭᠡᠨ ᠪᠠᠶᠢᠭᠤᠯᠤᠯᠳᠠ ᠶᠢᠨ ᠦᠷ᠎ᠡ ᠪᠦᠳᠤᠭᠡᠯ ᠢ ᠪᠠᠬᠢᠵᠢᠬᠦᠯᠵᠦ᠂ ︽ᠢᠨᠲ᠋ᠧᠷᠨᠧᠲ ᠰᠦᠯᠵᠢᠶ᠎ᠠ +︾ ᠭᠡᠷᠡᠭᠯᠡᠭᠡᠨ ᠤ ᠲᠤᠭᠳᠠᠯᠴᠠᠭ᠎ᠠ ᠶᠢ ᠡᠬᠦᠳᠴᠦ᠂ ᠤᠯᠠᠮᠵᠢᠯᠠᠯᠳᠤ ᠠᠷᠠᠯᠵᠢᠶ᠎ᠠ ᠬᠤᠳᠠᠯᠳᠤᠭᠠᠨ ᠤ ᠠᠵᠦ ᠠᠬᠤᠶᠢᠯᠠᠯ ᠤᠨ ᠰᠦᠨᠢᠳ ᠰᠢᠯᠢᠳᠡᠭ ᠲᠡᠸᠡᠷ᠂ ᠵᠢᠩ ᠳ᠋ᠦᠩ ᠵᠡᠷᠭᠡ ᠡᠯ᠎ᠡ ᠲᠦᠷᠦᠯ ᠤᠨ ᠡᠯᠧᠺᠲᠷᠤᠨ ᠬᠤᠳᠠᠯᠳᠤᠭᠠᠨ ᠤ ᠲᠠᠪᠴᠠᠩ ᠢ ᠠᠰᠢᠭᠯᠠᠵᠦ᠂ ᠰᠦᠯᠵᠢᠶᠠᠨ ᠲᠡᠭᠡᠷᠡᠬᠢ ᠭᠡᠷᠡᠭᠯᠡᠭᠡᠨ ᠤ ᠭᠡᠯᠪᠡᠷᠢ ᠶᠢ ᠢᠳᠡᠪᠬᠢᠳᠡᠢ ᠬᠦᠭᠵᠢᠬᠦᠯᠵᠦ᠂ ᠵᠢᠯ ᠤᠨ ᠲᠤᠳᠤᠷ᠎ᠡ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠮᠦᠩᠬᠦ ᠶᠢ 8.3 ᠳ᠋ᠦᠩᠰᠢᠭᠤᠷ ᠲᠦᠬᠦᠷᠢᠭ ᠲᠤ ᠬᠦᠷᠭᠡᠬᠦ ᠪᠠᠷ ᠴᠢᠷᠮᠡᠶᠢᠵᠦ᠂ ᠠᠵᠦ ᠠᠬᠤᠢ ᠶᠢᠨ ᠬᠦᠭᠵᠢᠯᠳᠡ ᠶᠢᠨ ᠰᠢᠨ᠎ᠡ ᠨᠡᠮᠡᠭᠳᠡᠯ ᠴᠡᠭ ᠢ ᠪᠤᠶᠢᠵᠢᠭᠤᠯᠤᠨ᠎ᠠ᠃      ︵ᠲᠦᠷᠪᠡ︶ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠲᠦᠪᠯᠡᠷᠡᠬᠦᠯᠵᠦ᠂ ︽ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠠᠵᠢᠯ ᠢ ᠡᠷᠡᠰ ᠭᠤᠶᠢᠪᠢᠰᠢ ᠦᠬᠡᠢ ᠰᠠᠶᠢᠳᠤᠷ ᠬᠢᠨ᠎ᠡ᠃ ᠲᠠᠪᠤᠨ ᠵᠢᠯ ᠤᠨ ᠰᠢᠯᠵᠢᠯᠳᠠ ᠶᠢᠨ ᠬᠤᠭᠤᠴᠠᠭᠠᠨ ᠤ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠲᠦᠷᠦᠯ ᠬᠤᠪᠢᠶᠠᠨ ᠰᠢᠯᠢᠳᠡᠭᠵᠢᠬᠦᠯᠦᠨ ᠲᠤᠬᠢᠷᠠᠭᠤᠯᠵᠦ᠂ ᠪᠡᠭᠡᠵᠢᠩ ᠦᠪᠤᠷ ᠮᠤᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭ᠎ᠠ ᠪᠡ ᠲᠤᠮᠳᠠᠳᠤ ᠤᠯᠤᠰ  ᠤᠨ ᠠᠭᠠᠷ ᠠᠶᠠᠯᠠᠯ ᠤᠨ ᠪᠦᠯᠦᠭᠯᠡᠯ ᠤᠨ ᠲᠤᠭᠳᠠᠭᠰᠠᠨ ᠴᠡᠭ ᠲᠤ ᠬᠠᠪᠰᠤᠷᠤᠨ ᠲᠡᠳᠬᠦᠬᠦ ᠠᠵᠢᠯ ᠢ ᠬᠦᠨᠵᠡᠬᠡᠶᠢᠷᠡᠬᠦᠯᠵᠦ᠂ ᠲᠡᠬᠢᠨ ᠶᠠᠳᠠᠭᠤᠷᠠᠬᠤ ᠶᠢ ᠬᠢᠨᠠᠨ ᠲᠦᠰᠦᠭᠡᠯᠡᠬᠦ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂  ᠶᠡᠭᠡ ᠭᠡᠪᠴᠢᠶ᠎ᠠ ᠪᠠᠷ ᠲᠡᠬᠢᠨ ᠶᠠᠳᠠᠭᠤᠷᠠᠬᠤ ᠶᠢ ᠰᠡᠷᠭᠡᠶᠢᠯᠡᠨ᠎ᠡ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠲᠠᠢ ᠵᠤᠯᠭᠠᠭᠤᠯᠬᠤ ᠠᠵᠢᠯ ᠢ ᠨᠢᠭᠡᠳᠤᠯᠳᠠᠢ ᠲᠦᠯᠦᠪᠵᠢᠬᠦᠯᠦᠨ ᠠᠬᠢᠭᠤᠯᠵᠦ᠂ ᠵᠢᠯ ᠤᠨ ᠲᠤᠳᠤᠷ᠎ᠡ ᠡᠯ᠎ᠡ ᠱᠠᠳᠤᠨ ᠤ ᠡᠯ᠎ᠡ ᠲᠦᠷᠦᠯ ᠤᠨ ᠵᠤᠯᠭᠠᠭᠤᠯᠬᠤ ᠠᠵᠢᠯ  ᠤᠨ ᠬᠠᠪᠰᠤᠷᠤᠨ ᠲᠡᠳᠬᠦᠬᠦ ᠪᠡᠯᠡ ᠮᠦᠩᠬᠦ ᠶᠢ 1 ᠳ᠋ᠦᠩᠰᠢᠭᠤᠷ ᠲᠦᠬᠦᠷᠢᠭ ᠤᠷᠤᠭᠤᠯᠬᠤ ᠪᠠᠷ ᠲᠦᠯᠦᠪᠯᠡᠵᠦ᠂ ᠠᠵᠦ ᠦᠢᠯᠡᠰ ᠤᠨ ᠬᠦᠭᠵᠢᠯᠳᠡ᠂ ᠭᠠᠮᠰᠢᠭ ᠢ ᠡᠰᠡᠷᠬᠦᠴᠠᠨ ᠭᠠᠮᠰᠢᠭ ᠠᠴᠠ ᠠᠪᠤᠷᠠᠬᠤ᠂ ᠰᠠᠭᠤᠷᠢ ᠲᠦᠬᠦᠭᠡᠷᠤᠮᠵᠢ ᠵᠡᠷᠭᠡ ᠬᠦᠷᠢᠶ᠎ᠠ ᠴᠡᠷ᠎ᠡ ᠳᠠᠬᠢ 60 ᠲᠦᠷᠦᠯ ᠵᠦᠢᠯ ᠢ ᠭᠡᠷᠡᠭᠵᠢᠬᠦᠯᠦᠨ᠎ᠡ᠃ ᠠᠵᠦ ᠦᠢᠯᠡᠰ ᠤᠨ ᠪᠦᠳᠤᠴᠠ ᠶᠢ ᠦᠷᠬᠦᠯᠵᠢᠯᠡᠨ ᠰᠢᠯᠢᠳᠡᠭᠵᠢᠬᠦᠯᠵᠦ᠂ ᠮᠠᠯ ᠠᠵᠦ ᠠᠬᠤᠢ ᠶᠢᠨ ᠭᠤᠤᠯᠯᠠᠬᠤ ᠠᠵᠦ ᠦᠢᠯᠡᠰ ᠢ ᠠᠬᠢᠭᠤᠯᠬᠤ ᠰᠠᠭᠤᠷᠢᠨ ᠲᠡᠭᠡᠷ᠎ᠡ᠂ ᠤᠯᠠᠨ ᠵᠦᠢᠯ ᠤᠨ ᠭᠡᠯᠪᠡᠷᠢ ᠶᠢᠨ ᠰᠢᠨ᠎ᠡ ᠠᠵᠦ ᠦᠢᠯᠡᠰ ᠢ ᠵᠤᠷᠢᠭᠵᠢᠭᠤᠯᠤᠨ ᠲᠡᠮᠵᠢᠵᠦ᠂ ᠰᠠᠶᠢᠬᠠᠨᠳᠠᠯ᠎ᠠ ᠪᠡᠯᠭᠠᠰᠤᠨ ᠤ ᠢᠳᠡᠰᠢᠨ ᠨᠤᠭᠤᠭᠠᠨ ᠤ ᠠᠵᠦ ᠦᠢᠯᠡᠰ ᠤᠨ ᠰᠠᠭᠤᠷᠢᠨ ᠭᠠᠵᠡᠷ ᠤᠨ ᠪᠦᠳᠤᠭᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠰᠠᠶᠢᠳᠤᠷ ᠠᠳᠬᠤᠵᠦ᠂ ᠤᠯᠤᠰ ᠤᠨ ᠲᠠᠰ ᠤᠨ ᠲᠠᠷᠢᠶᠠᠯᠠᠩ ᠤᠨ ᠤᠳᠤᠬᠢᠴᠢᠯᠠᠯᠳᠠ ᠶᠢᠨ ᠵᠢᠱᠢᠶ᠎ᠠ ᠦᠵᠡᠬᠦᠯᠬᠦ ᠲᠤᠭᠤᠷᠢᠭ ᠢ ᠡᠬᠦᠳᠤᠨ ᠪᠠᠶᠢᠭᠤᠯᠬᠤ ᠠᠵᠢᠯ ᠢ ᠢᠳᠡᠪᠬᠢᠳᠡᠢ ᠦᠷᠨᠢᠬᠦᠯᠦᠨ᠎ᠡ᠃ ᠠᠶᠢᠮᠠᠭ ᠤᠨ ᠲᠠᠰ ᠤᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠲᠤᠷᠰᠢᠯᠳᠠ ᠶᠢᠨ ᠴᠡᠭ ᠤᠨ ᠵᠢᠱᠢᠶ᠎ᠠ ᠦᠵᠡᠬᠦᠯᠬᠦ 2 ᠭᠠᠴᠠᠭ᠎ᠠ ᠪᠡ ᠬᠤᠰᠢᠭᠤ ᠲᠠᠰ ᠤᠨ ᠭᠤᠤᠯᠳᠠᠯᠭ᠎ᠠ ᠲᠠᠢ ᠬᠠᠪᠰᠤᠷᠤᠨ ᠲᠡᠳᠬᠦᠬᠦ 6 ᠭᠠᠴᠠᠭ᠎ᠠ ᠲᠤᠰᠬᠤᠨ ᠢ ᠡᠬᠦᠳᠤᠨ ᠲᠡᠰ ᠲᠡᠪᠰᠢᠬᠦᠯᠬᠦ ᠠᠵᠢᠯ ᠢ ᠪᠦᠬᠦ ᠬᠦᠴᠦ ᠪᠠᠷ ᠢᠶᠠᠨ ᠠᠬᠢᠭᠤᠯᠵᠦ᠂ ︽ᠴᠡᠭ ᠢᠶᠠᠷ ᠵᠢᠱᠢᠶ᠎ᠠ ᠦᠵᠡᠬᠦᠯᠬᠦ︾ ᠠᠴᠠ ᠪᠠᠨ ︽ᠪᠦᠬᠦ ᠲᠠᠯ᠎ᠠ ᠪᠠᠷ ᠲᠦᠬᠡᠮᠡᠯᠵᠢᠬᠦᠯᠬᠦ︾ ᠲᠠᠰᠢ ᠬᠤᠪᠢᠷᠠᠭᠤᠯᠬᠤ ᠶᠢ ᠠᠯᠬᠤᠮ ᠠᠯᠬᠤᠮ ᠢᠶᠠᠷ ᠠᠬᠢᠭᠤᠯᠤᠨ᠎ᠠ᠃ ︽ᠬᠦᠳᠡᠭᠡ ᠲᠤᠰᠬᠤᠨ ᠤ ᠤᠷᠤᠰᠢᠨ ᠠᠮᠢᠳᠤᠷᠠᠬᠤ ᠤᠷᠴᠢᠨ ᠲᠤᠭᠤᠷᠢᠨ ᠢ ᠴᠡᠭᠴᠡᠯᠡᠨ ᠵᠠᠰᠠᠵᠦ ᠲᠡᠭᠡᠭᠰᠢᠯᠡᠬᠦᠯᠬᠦ ᠲᠠᠪᠤᠨ ᠵᠢᠯ ᠤᠨ ᠠᠵᠢᠯᠯᠠᠭᠠᠨ ᠤ ᠲᠦᠰᠦᠯ ︵2021 — 2025 ᠤᠨ︶︾ ᠢᠶᠠᠷ ᠬᠦᠳᠤᠯᠪᠤᠷᠢ ᠪᠤᠯᠭᠠᠵᠦ᠂ ᠪᠦᠳᠤᠭᠡᠨ ᠪᠠᠶᠢᠭᠤᠯᠤᠯᠳᠠ᠂ ᠬᠠᠮᠢᠶᠠᠷᠤᠯᠳᠠ᠂ ᠠᠰᠢᠭᠯᠠᠯᠳᠠ ᠶᠢ ᠵᠡᠷᠭᠡᠪᠡᠷ ᠴᠢᠬᠤᠯᠠᠴᠢᠯᠠᠬᠤ ᠶᠢ ᠪᠡᠷᠢᠮᠳᠠᠯᠠᠵᠦ᠂ ︽ᠵᠤᠷᠯᠤᠩ ᠤᠨ ᠦᠬᠡᠷᠡᠴᠢᠯᠠᠯᠳᠠ︾ ᠶᠢᠨ ᠠᠵᠢᠯ ᠳᠤ ᠤᠷᠤᠰᠢᠵᠦ ᠪᠠᠶᠢᠭ᠎ᠠ ᠠᠰᠠᠭᠤᠳᠠᠯ ᠢ ᠴᠡᠭᠴᠠᠯᠠᠨ ᠵᠠᠰᠠᠬᠤ ᠠᠵᠢᠯ  ᠢ ᠯᠠᠪᠳᠠᠭᠤᠨ ᠪᠠᠳᠤᠳᠠᠢ ᠠᠬᠢᠭᠤᠯᠵᠦ᠂ ᠵᠢᠷᠦᠬᠡ ᠪᠠᠯᠭᠠᠰᠤᠨ ᠤ ᠪᠤᠬᠢᠷ ᠤᠰᠤ ᠶᠢ ᠰᠢᠢᠳᠪᠤᠷᠢᠯᠡᠬᠦ ᠦᠷᠳᠡᠭᠡ ᠵᠢᠴᠢ ᠬᠤᠭᠤᠯᠠᠢ ᠲᠤᠤᠷ ᠢ ᠢᠵᠢ ᠪᠦᠷᠢᠳᠤᠬᠦᠯᠬᠦ᠂ ᠦᠷᠬᠡᠨᠳᠡᠯ᠎ᠡ ᠪᠠᠯᠭᠠᠰᠤᠨ ᠤ ᠠᠮᠢᠳᠤᠷᠠᠯ ᠤᠨ ᠬᠤᠭ ᠨᠤᠪᠰᠢ ᠶᠢ ᠵᠦᠭᠡᠭᠡᠪᠤᠷᠢᠯᠠᠬᠦ ᠦᠷᠳᠡᠭᠡ ᠪᠡ 4 ᠰᠤᠮᠤ ᠪᠠᠯᠭᠠᠰᠤᠨ ᠤ ᠬᠤᠭ ᠨᠤᠪᠰᠢ ᠶᠢ ᠰᠢᠢᠳᠪᠤᠷᠢᠯᠡᠬᠦ ᠴᠡᠭ ᠤᠨ ᠪᠦᠳᠤᠭᠡᠨ ᠪᠠᠶᠢᠭᠤᠯᠤᠯᠳᠠ ᠶᠢ ᠪᠠᠶᠠᠯᠠᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠲᠤᠭᠤᠷᠢᠨ  ᠢ ᠦᠨᠡᠨᠬᠦ ᠰᠠᠶᠢᠵᠢᠷᠠᠭᠤᠯᠤᠨ ᠲᠡᠭᠡᠭᠰᠢᠯᠡᠬᠦᠯᠦᠨ᠎ᠡ᠃ ᠬᠦᠳᠡᠭᠡ ᠶᠢᠨ ᠪᠤᠯᠪᠠᠰᠤᠨ ᠰᠤᠷᠳᠠᠯ᠂ ᠭᠡᠷ ᠤᠨ ᠰᠢᠯᠢᠳᠡᠭ ᠰᠤᠷᠳᠠᠯ᠂ ᠠᠷᠠᠳ ᠤᠨ ᠪᠤᠷᠤᠭᠵᠢᠭᠤᠨ ᠰᠤᠷᠳᠠᠯ ᠢ ᠢᠳᠡᠪᠬᠢᠳᠡᠢ ᠪᠤᠶᠢᠵᠢᠭᠤᠯᠵᠦ᠂ ᠵᠢᠱᠢᠶ᠎ᠠ ᠦᠵᠡᠬᠦᠯᠦᠨ ᠬᠦᠳᠤᠯᠤᠨ ᠲᠠᠭᠠᠭᠤᠯᠬᠤ ᠦᠢᠯᠡᠳᠤᠯ ᠢ ᠴᠢᠩᠭᠠᠳᠬᠠᠨ᠂ ᠪᠤᠯᠪᠡᠰᠤᠨ ᠭᠠᠴᠠᠭ᠎ᠠ ᠲᠤᠰᠬᠤᠨ ᠪᠠᠯᠭᠠᠰᠤ᠂ ᠪᠤᠯᠪᠠᠰᠤᠨ ᠭᠡᠷ ᠪᠦᠯᠢ᠂ ᠶᠤᠰᠤ ᠮᠤᠷᠠᠯ ᠤᠨ ᠵᠢᠱᠢᠶᠠᠴᠢ᠂ ︽ᠬᠠᠮᠤᠭ ᠤᠨ ᠰᠠᠶᠢᠬᠠᠨ︾ ᠢ ᠰᠢᠯᠭᠠᠷᠠᠭᠤᠯᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠦᠨ᠎ᠡ᠃ ᠭᠠᠴᠠᠭ᠎ᠠ ᠲᠤᠰᠬᠤᠨ ᠳᠤ ᠰᠠᠭᠤᠬᠤ ᠠᠵᠢᠯ ᠤᠨ ᠵᠤᠬᠢᠴᠠᠮᠵᠢ ᠶᠢ ᠪᠦᠷᠢᠨᠰᠢᠬᠦᠯᠦᠨ᠂ ᠭᠠᠴᠠᠭ᠎ᠠ ᠲᠤᠰᠬᠤᠨ ᠤ ︽ᠬᠤᠶᠠᠷ ᠵᠦᠪᠯᠡᠯ︾ ᠤᠨ ᠡᠩᠨᠡᠭᠡᠨ ᠤ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠵᠦ᠂ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠲᠠᠶᠢᠴᠢᠨ ᠪᠠᠬᠢᠯᠡᠯᠳᠡ ᠶᠢᠨ ᠦᠢᠯᠡᠳᠤᠯ ᠢ ᠴᠢᠩᠭᠠᠳᠬᠠᠨ᠎ᠠ᠃      ︵ᠲᠠᠪᠤ︶ ᠠᠭᠤᠰᠤᠯᠴᠠᠯ ᠬᠦᠭᠵᠢᠯᠳᠡ ᠳᠤ ᠲᠦᠪᠯᠡᠷᠡᠬᠦᠯᠵᠦ᠂ ᠬᠤᠳᠠ ᠬᠦᠳᠡᠭᠡ ᠶᠢᠨ ᠶᠡᠰᠤ ᠴᠢᠨᠡᠷ ᠢ ᠢᠮᠠᠭᠳᠠ ᠲᠡᠭᠡᠭᠰᠢᠯᠡᠬᠦᠯᠦᠨ᠎ᠡ᠃ ᠤᠷᠤᠨ ᠵᠠᠢ ᠶᠢᠨ ᠪᠠᠶᠢᠷᠢᠯᠠᠭᠤᠯᠤᠯᠳᠠ ᠶᠢ ᠰᠢᠯᠢᠳᠡᠭᠵᠢᠬᠦᠯᠦᠨ᠎ᠡ᠃ ᠲᠦᠯᠦᠪᠵᠢᠬᠦᠯᠬᠡ  ᠪᠠᠷ ᠬᠦᠳᠤᠯᠤᠨ ᠲᠠᠭᠠᠭᠤᠯᠬᠤ ᠶᠢ ᠪᠡᠷᠢᠮᠳᠠᠯᠠᠵᠦ᠂ ᠬᠦᠭᠵᠢᠯᠳᠡ ᠶᠢᠨ ᠤᠷᠤᠨ ᠵᠠᠢ ᠶᠢ ᠵᠤᠬᠢᠰᠳᠡᠢ ᠪᠠᠶᠢᠷᠢᠯᠠᠭᠤᠯᠵᠦ᠂ ︽ᠤᠯᠠᠨ ᠲᠦᠯᠦᠪᠵᠢᠬᠦᠯᠬᠡ ᠶᠢ  ᠨᠢᠬᠡᠳᠭᠡᠬᠦ︾ ᠶᠢ ᠢᠳᠡᠪᠬᠢᠳᠡᠢ ᠭᠡᠷᠡᠭᠵᠢᠬᠦᠯᠵᠦ᠂ ᠤᠯᠤᠰ ᠤᠨ ᠭᠠᠵᠡᠷ ᠰᠢᠷᠦᠢ  ᠶᠢᠨ ᠤᠷᠤᠨ ᠵᠠᠢ ᠶᠢᠨ ᠶᠡᠷᠦᠩᠭᠡᠢ ᠲᠦᠯᠦᠪᠵᠢᠬᠦᠯᠬᠡ ᠶᠢ ᠴᠢᠨᠠᠷᠯᠢᠭ ᠨᠠᠶᠢᠷᠠᠭᠤᠯᠵᠦ᠂ ᠭᠡᠷᠡᠭᠯᠡᠭᠡᠨ ᠤ ᠴᠢᠨᠠᠷᠳᠡᠢ ᠠᠶᠢᠯ ᠲᠤᠰᠬᠤᠨ ᠤ ᠲᠦᠯᠦᠪᠵᠢᠬᠦᠯᠬᠡ ᠶᠢ ᠪᠦᠬᠦ ᠲᠠᠯ᠎ᠠ ᠪᠠᠷ ᠭᠡᠷᠡᠭᠵᠢᠬᠦᠯᠵᠦ᠂ ᠪᠠᠶᠢᠷᠢᠯᠠᠭᠤᠯᠤᠯᠳᠠ ᠵᠤᠬᠢᠰᠳᠡᠢ᠂ ᠡᠷᠴᠢᠮᠯᠢᠭ ᠪᠦᠭᠡᠳ ᠦᠨᠳᠤᠷ ᠦᠷ᠎ᠡ ᠪᠦᠳᠤᠮᠵᠢᠳᠡᠢ᠂ ᠲᠤᠯᠭᠠᠭᠤᠷᠢᠯᠠᠬᠤ ᠬᠦᠴᠦᠨ ᠲᠡᠬᠦᠯᠳᠡᠷ᠂ ᠵᠤᠬᠢᠴᠠᠩᠭᠤᠢ ᠪᠦᠭᠡᠳ ᠦᠷᠬᠦᠯᠵᠢᠯᠡᠨ ᠬᠦᠭᠵᠢᠬᠦ ᠰᠢᠶᠠᠨ ᠤ ᠬᠡᠪᠴᠢᠶᠠᠨ ᠤ ᠤᠷᠤᠨ ᠵᠠᠢ ᠶᠢᠨ ᠭᠡᠪ ᠪᠠᠶᠢᠳᠠᠯ ᠢ ᠠᠯᠬᠤᠮ ᠠᠯᠬᠤᠮ ᠢᠶᠠᠷ ᠪᠦᠷᠢᠯᠳᠤᠬᠦᠯᠦᠨ᠎ᠡ᠃ ᠬᠤᠳᠠ ᠪᠠᠯᠭᠠᠰᠤᠨ ᠤ ᠶᠠᠰᠤ ᠴᠢᠨᠡᠷ ᠢ ᠲᠡᠭᠡᠭᠰᠢᠯᠡᠬᠦᠯᠦᠨ᠎ᠡ᠃ ᠬᠤᠳᠠ ᠪᠠᠯᠭᠠᠰᠤ ᠶᠢ ᠰᠢᠨᠡᠴᠢᠯᠠᠬᠦ ᠠᠵᠢᠯᠯᠠᠭ᠎ᠠ ᠶᠢ ᠯᠠᠪᠳᠠᠭᠤᠨ ᠪᠠᠳᠤᠳᠠᠢ ᠦᠷᠨᠢᠬᠦᠯᠵᠦ᠂ ᠲᠦᠷᠦᠯ ᠵᠦᠢᠯ ᠢ ᠭᠤᠶᠤᠴᠢᠯᠠᠨ ᠮᠡᠳᠡᠬᠦᠯᠬᠦ ᠡᠷᠴᠢᠮ ᠢᠶᠠᠨ ᠴᠢᠩᠭᠠᠷᠠᠭᠤᠯᠵᠦ᠂ ᠬᠤᠳᠠ ᠶᠢᠨ ᠶᠠᠪᠤᠳᠠᠯ ᠤᠨ ᠬᠤᠭᠤᠯᠠᠢ ᠲᠤᠤᠷ ᠤᠨ ᠦᠬᠡᠷᠡᠴᠢᠯᠠᠯᠳᠠ ᠶᠢᠨ ᠢᠨᠵᠧᠨᠧᠷᠢᠩ ᠢ ᠦᠨᠡᠨᠬᠦ ᠰᠠᠶᠢᠳᠤᠷ ᠬᠢᠵᠦ᠂ ᠪᠤᠷᠤ ᠭᠡᠷ ᠤᠨ ᠲᠤᠭᠤᠷᠢᠭ ᠤᠨ 300 ᠭᠡᠷ ᠪᠠᠶᠢᠰᠢᠩ ᠢ  ᠦᠬᠡᠷᠡᠴᠢᠯᠠᠨ᠂ 8 ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠢ ᠦᠭᠡᠷᠡᠴᠢᠯᠠᠵᠦ᠂ ᠰᠠᠶᠢᠬᠠᠨᠳᠠᠯ᠎ᠠ ᠪᠠᠯᠭᠠᠰᠤᠨ  ᠤ ᠠᠮᠢᠳᠤᠷᠠᠯ ᠤᠨ ᠪᠤᠬᠢᠷ ᠤᠰᠤ ᠶᠢ ᠰᠢᠢᠳᠪᠤᠷᠢᠯᠡᠬᠦ ᠦᠢᠯᠡᠳᠪᠤᠷᠢ ᠶᠢ ᠦᠷᠭᠡᠳᠭᠡᠨ ᠪᠠᠶᠢᠭᠤᠯᠬᠤ᠂ ᠠᠮᠢᠳᠤᠷᠠᠯ ᠤᠨ ᠬᠤᠭ ᠨᠤᠪᠰᠢ ᠵᠢᠴᠢ ᠬᠤᠭᠤᠯᠠᠨ ᠭᠡᠷ ᠤᠨ ᠬᠤᠭ ᠨᠤᠪᠰᠢ ᠶᠢ ᠪᠤᠬᠢᠷᠳᠤᠯ ᠦᠬᠡᠢ ᠪᠠᠷ ᠰᠢᠢᠳᠪᠤᠷᠢᠯᠡᠬᠦ ᠪᠡ ᠪᠡᠷᠢᠯᠭ᠎ᠠ  ᠶᠢᠨ ᠬᠤᠭ ᠨᠤᠪᠰᠢ ᠶᠢ ᠰᠢᠢᠳᠪᠤᠷᠢᠯᠡᠬᠦ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠵᠦ᠂ ᠬᠤᠳᠠ ᠪᠠᠯᠭᠠᠰᠤᠨ ᠤ ᠶᠡᠷᠦᠩᠭᠡᠶᠢᠯᠡᠭᠰᠡᠨ ᠲᠠᠭᠠᠭᠠᠴᠠ ᠶᠢᠨ ᠬᠡᠮᠵᠢᠶ᠎ᠠ ᠶᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠬᠤᠳᠠ ᠪᠠᠯᠭᠠᠰᠤᠨ ᠤ ᠨᠠᠷᠢᠯᠢᠭᠵᠢᠭᠰᠠᠨ ᠬᠠᠮᠢᠶᠠᠷᠤᠯᠳᠠ ᠶᠢᠨ ᠠᠵᠢᠯᠯᠠᠭ᠎ᠠ ᠶᠢ ᠦᠷᠬᠦᠯᠵᠢᠯᠠᠨ ᠦᠷᠨᠢᠬᠦᠯᠵᠦ᠂ ᠤᠶᠤᠨᠳᠤ ᠬᠤᠳᠠ ᠶᠢᠨ ᠬᠠᠮᠢᠶᠠᠷᠤᠯᠳᠠ ᠶᠢᠨ ᠲᠠᠪᠴᠠᠩ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠵᠦ᠂ ᠬᠤᠳᠠ ᠶᠢᠨ ᠲᠦᠷᠢ ᠲᠦᠷᠬᠦ ᠶᠢᠨ ᠶᠡᠷᠦᠩᠭᠡᠶᠢᠯᠡᠭᠰᠡᠨ ᠴᠡᠭᠴᠡᠯᠠᠯᠳᠠ ᠶᠢ ᠬᠦᠴᠦᠳᠠᠢ ᠦᠷᠨᠢᠬᠦᠯᠵᠦ᠂ ᠨᠠᠶᠢᠳᠠ ᠶᠢᠨ ᠮᠠᠰᠢᠨ ᠲᠡᠷᠭᠡᠨ ᠤ ᠬᠠᠮᠢᠶᠠᠷᠤᠯᠳᠠ ᠪᠡ ᠭᠡᠷ ᠠᠬᠤᠢ ᠶᠢᠨ ᠬᠠᠮᠢᠶᠠᠷᠤᠯᠳᠠ ᠶᠢᠨ ᠲᠦᠪᠰᠢᠨ ᠢ ᠲᠡᠭᠡᠭᠰᠢᠯᠡᠬᠦᠯᠵᠦ᠂ ᠠᠷᠠᠳ ᠤᠯᠠᠨ ᠳᠤ ᠶᠠᠪᠤᠵᠦ ᠰᠠᠭᠤᠬᠤ ᠳᠤ ᠲᠠᠭᠠᠳᠠᠢ᠂ ᠴᠡᠪᠡᠷ ᠴᠡᠮᠴᠡᠭᠡᠷ ᠠᠮᠢᠳᠤᠷᠠᠯ ᠤᠨ ᠤᠷᠴᠢᠨ ᠢ ᠬᠠᠩᠭᠠᠨ᠎ᠠ᠃ ᠬᠤᠳᠠ ᠬᠦᠳᠡᠭᠡ  ᠶᠢᠨ ᠠᠭᠤᠰᠤᠯᠴᠠᠯ ᠢ ᠲᠡᠬᠦᠯᠳᠡᠷᠵᠢᠬᠦᠯᠦᠨ᠎ᠡ᠃ ᠬᠢᠯᠢ ᠬᠢᠵᠠᠭᠠᠷ ᠮᠠᠯᠵᠢᠬᠤ ᠤᠷᠤᠨ ᠤ ᠬᠤᠯᠠ ᠭᠠᠵᠡᠷ ᠠᠴᠠ ᠤᠰᠤ ᠲᠡᠭᠡᠭᠡᠵᠦ ᠪᠠᠶᠢᠭ᠎ᠠ ᠮᠠᠯᠴᠢᠨ ᠡᠷᠦᠬᠡ ᠳᠤ ᠤᠰᠤ ᠬᠠᠩᠭᠠᠬᠤ ᠪᠠᠳᠤᠯᠠᠭ᠎ᠠ ᠶᠢᠨ ᠢᠨᠵᠧᠨᠧᠷᠢᠩ ᠢ ᠭᠡᠷᠡᠭᠵᠢᠬᠦᠯᠵᠦ᠂ ᠰᠢᠨ᠎ᠡ ᠪᠠᠷ 40 ᠬᠤᠳᠳᠤᠭ᠂ 140 ᠬᠠᠭᠤᠷᠡᠢ ᠬᠤᠳᠳᠤᠭ ᠮᠠᠯᠳᠠᠵᠦ᠂ ᠲᠦᠪᠯᠡᠷᠡᠬᠦᠯᠦᠨ ᠤᠰᠤ ᠬᠠᠩᠭᠠᠬᠤ ᠢᠨᠵᠧᠨᠧᠷᠢᠩ 1 ᠶᠢ ᠭᠡᠷᠡᠭᠵᠢᠬᠦᠯᠤᠨ᠎ᠡ᠃ ᠬᠦᠳᠡᠭᠡ ᠲᠤᠰᠬᠤᠨ ᠤ ᠴᠠᠬᠢᠯᠭᠠᠨ ᠲᠤᠤᠷ ᠢ ᠦᠬᠡᠷᠡᠴᠢᠯᠠᠨ ᠲᠡᠰ ᠲᠡᠪᠰᠢᠬᠦᠯᠬᠦ ᠶᠢ ᠠᠬᠢᠭᠤᠯᠵᠦ᠂ 463.3 ᠺᠢᠯᠦᠮᠧᠲᠷ ᠤᠨ ᠴᠠᠬᠢᠯᠭᠠᠨ ᠤᠳᠠᠰᠤ ᠶᠢ ᠦᠬᠡᠷᠡᠴᠢᠯᠠᠬᠦ ᠪᠤᠶᠤ ᠰᠢᠨ᠎ᠡ ᠪᠠᠷ ᠲᠠᠳᠠᠵᠦ᠂ 708 ᠮᠠᠯᠴᠢᠨ ᠡᠷᠦᠬᠡ ᠳᠤ ᠴᠠᠬᠢᠯᠭᠠᠨ ᠨᠡᠪᠳᠡᠷᠡᠬᠦᠯᠦᠨ᠎ᠡ᠃ ︽ᠲᠦᠷᠪᠡᠨ ᠰᠠᠶᠢᠳᠠᠢ ᠬᠦᠳᠡᠭᠡ ᠲᠤᠰᠬᠤᠨ  ᠤ ᠵᠡᠮ︾27 ᠤᠨ ᠪᠦᠳᠤᠭᠡᠨ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠵᠦ᠂ ᠲᠦᠷᠦᠯ ᠵᠦᠢᠯ ᠤᠨ ᠪᠡᠯᠡ ᠮᠦᠩᠬᠦ  ᠶᠢ ᠢᠳᠡᠪᠬᠢᠳᠡᠢ ᠭᠤᠶᠤᠴᠢᠯᠠᠵᠦ᠂ ᠮᠠᠯᠵᠢᠬᠤ ᠲᠠᠷᠢᠶᠠᠯᠠᠬᠤ ᠤᠷᠤᠨ ᠤ ᠶᠠᠪᠤᠵᠦ ᠰᠠᠭᠤᠬᠤ ᠨᠦᠬᠦᠴᠠᠯ ᠢ ᠲᠡᠭᠡᠭᠰᠢᠯᠡᠬᠦᠯᠦᠨ᠂ ᠵᠢᠯ ᠤᠨ ᠲᠤᠳᠤᠷ᠎ᠡ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠡᠮ ᠢ 59 ᠺᠢᠯᠦᠮᠧᠲᠷ ᠵᠠᠰᠠᠬᠤ  ᠪᠠᠷ ᠲᠦᠯᠦᠪᠯᠡᠵᠦ ᠪᠤᠢ᠃ 4G ᠴᠢᠮᠡᠭᠡ ᠨᠡᠪᠳᠡᠷᠡᠯᠬᠡ ᠶᠢᠨ 10 ᠰᠠᠭᠤᠷᠢ ᠦᠷᠳᠡᠭᠡ᠂ 5G ᠴᠢᠮᠡᠭᠡ ᠨᠡᠪᠳᠡᠷᠡᠯᠬᠡ  ᠶᠢᠨ 30 ᠰᠠᠭᠤᠷᠢ ᠦᠷᠳᠡᠭᠡ ᠶᠢ ᠰᠢᠨ᠎ᠡ ᠪᠠᠷ ᠪᠠᠶᠢᠭᠤᠯᠵᠦ᠂ ᠪᠤᠶᠢᠳᠠ ᠪᠦᠭᠯᠡᠬᠦᠦ ᠮᠠᠯᠵᠢᠬᠤ ᠤᠷᠤᠨ ᠤ ᠴᠢᠮᠡᠭᠡ ᠨᠡᠪᠳᠡᠷᠡᠯᠬᠡ ᠶᠢᠨ ᠲᠤᠬᠢᠶᠠᠨ ᠤ ᠪᠦᠷᠬᠦᠴᠠ ᠶᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃      ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠠᠳᠤᠯᠠᠭ᠎ᠠ ᠳᠤ ᠲᠦᠪᠯᠡᠷᠡᠬᠦᠯᠵᠦ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠢ ᠪᠦᠬᠦ ᠬᠦᠴᠦ ᠪᠠᠷ ᠢᠶᠠᠨ ᠬᠠᠩᠭᠠᠨ᠎ᠠ᠃ ᠪᠠᠳᠤᠯᠠᠭ᠎ᠠ ᠶᠢᠨ ᠬᠢᠷᠢ ᠲᠦᠪᠰᠢᠨ ᠢ ᠪᠦᠬᠦ ᠬᠦᠴᠦ  ᠪᠠᠷ ᠢᠶᠠᠨ ᠲᠡᠭᠡᠭᠰᠢᠯᠡᠬᠦᠯᠦᠨ᠎ᠡ᠃ ᠠᠵᠢᠯ ᠤᠯᠭᠤᠯᠳᠠ ᠶᠢ ᠡᠩ ᠲᠡᠷᠢᠬᠦᠨ ᠳᠤ ᠪᠠᠶᠢᠯᠭᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠬᠦᠴᠢᠷᠳᠡᠯᠳᠡᠢ ᠤᠯᠠᠨ ᠲᠦᠮᠡᠨ᠂ ᠬᠦᠯᠦᠰᠦᠨ ᠠᠵᠢᠯᠴᠢᠨ᠂ ᠶᠡᠭᠡ ᠲᠡᠭᠡᠳᠤ ᠰᠤᠷᠭᠠᠭᠤᠯᠢ  ᠠᠴᠠ ᠲᠡᠬᠦᠰᠦᠭᠰᠡᠨ ᠤᠶᠤᠳᠠᠳ᠂ ᠴᠡᠷᠢᠭ ᠠᠴᠠ ᠬᠠᠯᠠᠭᠳᠠᠭᠰᠠᠳ ᠵᠡᠷᠭᠡ ᠬᠦᠮᠦᠰ ᠤᠨ ᠤᠯᠠᠨ ᠠᠷᠭ᠎ᠠ ᠵᠡᠮ ᠢᠶᠠᠷ ᠠᠵᠢᠯ ᠤᠯᠬᠤ ᠶᠢ ᠠᠬᠢᠭᠤᠯᠤᠨ᠎ᠠ᠃ ᠦᠢᠯᠡᠰ ᠪᠤᠰᠬᠠᠬᠤ ᠶᠢ ᠲᠡᠮᠵᠢᠬᠦ ᠬᠦᠴᠦᠯᠠᠴᠠ ᠪᠠᠨ ᠨᠡᠮᠡᠭᠳᠡᠬᠦᠯᠵᠦ᠂ ᠤᠯᠠᠨ ᠨᠠᠶᠢᠳᠠ ᠶᠢᠨ ᠲᠠᠳᠤᠯᠭ᠎ᠠ ᠶᠢᠨ ᠰᠠᠭᠤᠷᠢᠨ ᠭᠠᠵᠡᠷ ᠤᠨ ᠪᠦᠳᠤᠭᠡᠨ ᠪᠠᠶᠢᠭᠤᠯᠤᠯᠳᠠ ᠶᠢ  ᠲᠦᠷᠭᠡᠳᠭᠡᠵᠦ᠂ ᠵᠢᠯ ᠤᠨ ᠲᠤᠳᠤᠷ᠎ᠡ 7000 ᠠᠵᠢᠯ ᠤᠨ ᠪᠠᠶᠢᠷᠢ ᠴᠤᠭᠯᠠᠭᠤᠯᠵᠦ᠂ ᠬᠤᠳᠠ ᠪᠠᠯᠭᠠᠰᠤᠨ ᠤ 700 ᠬᠦᠮᠦᠨ ᠳᠤ ᠰᠢᠨ᠎ᠡ ᠪᠠᠷ ᠠᠵᠢᠯ ᠤᠯᠭᠤᠵᠦ᠂ 500 ᠲᠦᠮᠡᠨ ᠲᠦᠬᠦᠷᠢᠭ ᠤᠨ ᠦᠢᠯᠡᠰ ᠪᠤᠰᠬᠠᠬᠤ ᠪᠠᠳᠤᠯᠠᠭᠠᠳᠤ ᠵᠢᠭᠡᠯᠡᠯᠭᠡ ᠲᠠᠷᠬᠠᠭᠠᠵᠦ᠂ ᠬᠤᠳᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠳᠠᠯᠳᠠ ᠶᠢᠨ ᠨᠤᠷᠮ᠎ᠡ ᠶᠢ 4.5% ᠶᠢᠨ ᠲᠤᠳᠤᠷ᠎ᠡ ᠬᠢᠵᠠᠭᠠᠷᠯᠠᠨ᠎ᠠ᠃ ᠡᠮ ᠡᠮᠨᠡᠯᠬᠡ ᠶᠢᠨ ᠲᠠᠭᠠᠳᠬᠠᠯ᠂ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠳᠤ ᠤᠷᠤᠯᠴᠠᠬᠤ ᠭᠡᠪᠴᠢᠶ᠎ᠠ ᠶᠢ ᠦᠷᠬᠦᠯᠵᠢᠯᠡᠨ ᠦᠷᠭᠡᠳᠭᠡᠵᠦ᠂ ᠦᠨᠳᠤᠰᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠤᠷᠮ᠎ᠠ ᠶᠢ 95% ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠢᠶᠠᠷ ᠪᠠᠳᠤᠯᠠᠬᠤ ᠵᠤᠬᠢᠰᠳᠡᠢ ᠶᠢ ᠨᠢ ᠴᠦᠮ ᠪᠠᠳᠤᠯᠠᠬᠤ ᠶᠢ ᠪᠠᠶᠠᠯᠠᠬᠦᠯᠦᠨ᠎ᠡ᠃ ᠠᠵᠦ ᠠᠬᠤᠶᠢᠯᠠᠯ ᠤᠨ ᠠᠵᠢᠯᠴᠢᠨ ᠭᠡᠷᠡᠭᠯᠡᠬᠦ ᠪᠡ ᠬᠦᠯᠦᠰᠦᠨ ᠠᠵᠢᠯᠴᠢᠨ ᠤ ᠴᠠᠯᠢᠩ ᠤᠯᠭᠤᠯᠳᠠ ᠶᠢ ᠲᠦᠷᠢᠮᠵᠢᠬᠦᠯᠵᠦ᠂ ᠬᠦᠯᠦᠰᠦᠨ ᠠᠵᠢᠯᠴᠢᠳ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠨ᠎ᠠ᠃ ᠨᠡᠶᠢᠬᠡᠮ ᠤᠨ ᠠᠪᠤᠷᠠᠨ ᠲᠤᠰᠠᠯᠠᠯᠳᠠ ᠶᠢᠨ ᠲᠤᠭᠳᠠᠯᠴᠠᠭ᠎ᠠ ᠶᠢ ᠲᠡᠬᠦᠯᠳᠡᠷᠵᠢᠬᠦᠯᠵᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ᠂ ᠤᠨᠴᠠ ᠬᠦᠴᠢᠷᠳᠡᠯᠳᠡᠢ ᠬᠦᠮᠦᠰ ᠤᠨ ᠬᠦᠳᠡᠯᠤᠩᠬᠦᠢ ᠬᠠᠮᠢᠶᠠᠷᠤᠯᠳᠠ ᠶᠢ ᠭᠡᠷᠡᠭᠵᠢᠬᠦᠯᠵᠦ᠂ ᠲᠦᠷ ᠴᠠᠭ  ᠤᠨ ᠠᠪᠤᠷᠠᠨ ᠲᠤᠰᠠᠯᠠᠯᠳᠠ ᠶᠢ ᠲᠦᠷᠢᠮᠵᠢᠬᠦᠯᠦᠨ ᠰᠢᠯᠢᠳᠡᠭᠵᠢᠬᠦᠯᠵᠦ᠂ ᠲᠤᠤᠷ᠎ᠠ ᠤᠷᠤᠯᠭ᠎ᠠ ᠲᠠᠢ ᠬᠦᠮᠦᠰ ᠤᠨ ᠠᠮᠢᠳᠤᠷᠠᠯ ᠢ ᠪᠠᠳᠤᠯᠠᠨ᠎ᠠ᠃ ᠣᠷᠣᠰᠢᠭᠤᠯᠭ᠎ᠠ ᠶᠢᠨ ᠶᠠᠪᠤᠳᠠᠯ ᠤᠨ ᠥᠭᠡᠷᠡᠴᠢᠯᠡᠯᠲᠡ ᠶᠢ ᠡᠮᠬᠢ ᠴᠡᠭᠴᠠ ᠲᠠᠢ ᠠᠬᠢᠭᠤᠯᠵᠦ᠂ ᠬᠤᠰᠢᠭᠤ ᠤᠷᠤᠰᠢᠭᠤᠯᠭ᠎ᠠ ᠶᠢᠨ ᠶᠤᠰᠤᠯᠠᠯ ᠤᠨ ᠭᠠᠵᠡᠷ ᠤᠨ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠤᠨ᠎ᠠ᠃ ᠠᠷᠠᠳ ᠲᠦᠮᠡᠨ ᠤ ᠬᠠᠨᠤᠮᠵᠢᠳᠡᠢ ᠰᠤᠷᠭᠠᠨ ᠬᠦᠮᠦᠵᠢᠯ ᠢ ᠰᠠᠶᠢᠳᠤᠷ ᠡᠷᠬᠢᠯᠡᠨ᠎ᠡ᠃ ᠠᠯᠪᠡᠨ ᠵᠢᠷᠤᠮ ᠤᠨ ᠰᠤᠷᠭᠠᠨ ᠬᠦᠮᠦᠵᠢᠯ ᠤᠨ ︽ᠬᠤᠶᠠᠷ ᠢ ᠬᠦᠩᠭᠡᠷᠡᠬᠦᠯᠬᠦ︾ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢ ᠴᠡᠭᠴᠡᠯᠡᠬᠦ ᠡᠷᠴᠢᠮ ᠢᠶᠠᠨ ᠴᠢᠩᠭᠠᠷᠠᠭᠤᠯᠵᠦ᠂ ᠰᠤᠷᠤᠭᠴᠢᠳ ᠤᠨ ᠪᠦᠬᠦ ᠲᠠᠯ᠎ᠠ ᠶᠢᠨ ᠡᠷᠡᠬᠦᠯ ᠦᠰᠦᠯᠳᠡ ᠶᠢ ᠨᠢ ᠰᠠᠶᠢᠳᠤᠷ ᠪᠠᠳᠤᠯᠠᠨ᠎ᠠ᠃ ᠰᠠᠶᠢᠬᠠᠨᠳᠠᠯ᠎ᠠ ᠬᠡᠤᠭᠡᠳ ᠤᠨ ᠴᠡᠴᠡᠷᠯᠢᠭ ᠪᠡ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠬᠤᠭᠤᠯᠠᠨ ᠭᠡᠷ ᠤᠨ ᠪᠦᠳᠤᠭᠡᠨ ᠪᠡᠶᠢᠭᠤᠯᠤᠯᠳᠠ ᠶᠢ ᠠᠬᠢᠭᠤᠯᠵᠦ᠂ ᠨᠢᠬᠡᠳᠤᠭᠡᠷ ᠲᠤᠮᠳᠠᠳᠤ ᠰᠤᠷᠭᠠᠭᠤᠯᠢ ᠶᠢᠨ ᠬᠤᠭᠤᠯᠠᠨ ᠭᠡᠷ  ᠤᠨ ᠪᠦᠳᠤᠭᠡᠨ ᠪᠠᠶᠢᠭᠤᠯᠤᠯᠳᠠ ᠶᠢ ᠪᠠᠶᠡᠯᠡᠬᠦᠯᠵᠦ᠂ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢᠨ ᠨᠦᠬᠦᠴᠠᠯ ᠢ ᠦᠷᠬᠦᠯᠵᠢᠯᠡᠨ ᠰᠠᠶᠢᠵᠢᠷᠠᠭᠤᠯᠤᠨ᠎ᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠲᠤᠰᠬᠠᠶ ᠪᠠᠭᠰᠢ ᠶᠢᠨ ᠪᠤᠯᠪᠠᠰᠤᠷᠠᠯ ᠤᠨ ᠡᠷᠴᠢᠮ ᠢ ᠦᠨᠡᠨᠬᠦ ᠴᠢᠩᠭᠠᠳᠬᠠᠵᠤ᠂ 2022 ᠣᠨ ᠳᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠦᠬᠡᠮᠡᠯᠵᠢᠬᠦᠯᠦᠨ ᠬᠡᠷᠡᠭᠯᠡᠬᠦ ᠠᠵᠢᠯ ᠢ ᠤᠷᠤᠭᠰᠢᠲᠠᠶ ᠠᠬᠢᠭᠤᠯᠬᠤ ᠶᠢ ᠪᠠᠲᠤᠯᠠᠨ᠎ᠠ᠃ ᠡᠷᠡᠬᠦᠯ ᠮᠠᠨᠳᠤ ᠶᠢᠨ ᠦᠢᠯᠡᠴᠢᠯᠠᠭᠡᠨ ᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠬᠡᠷᠡᠴᠢᠯᠠᠯᠳᠠ ᠶᠢ ᠬᠦᠨᠵᠡᠬᠡᠶᠢᠷᠡᠬᠦᠯᠵᠦ᠂ ᠲᠡᠷᠢᠬᠦᠨ ᠤ ᠭᠠᠵᠡᠷ ᠤᠷᠤᠨ ᠤ ᠰᠢᠯᠢᠳᠡᠭ ᠡᠮᠴᠢᠯᠡᠭᠡᠨ ᠤ ᠡᠬᠢ ᠪᠠᠶᠠᠯᠢᠭ ᠲᠠᠢ ᠣᠷᠳᠣ ᠬᠤᠭᠤᠴᠠᠭ᠎ᠠ ᠪᠠᠷ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ ᠶᠢ ᠪᠦᠬᠦᠯᠢ ᠴᠤᠭᠴᠠ ᠪᠠᠷ ᠨᠢ ᠨᠡᠭᠦᠯᠭᠡᠬᠦ ᠠᠵᠢᠯ ᠢ ᠪᠡᠶᠡᠯᠡᠭᠦᠯᠵᠦ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠯ ᠤᠨ ᠲᠥᠪ ᠤᠨ ᠪᠦᠳᠤᠭᠡᠨ ᠪᠠᠶᠢᠭᠤᠯᠤᠯᠳᠠ ᠶᠢᠨ ᠲᠦᠷᠦᠯ ᠵᠦᠢᠯ ᠢ ᠭᠡᠷᠡᠭᠵᠢᠬᠦᠯᠵᠦ᠂ ᠡᠮ ᠡᠮᠨᠡᠯᠬᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠦᠷᠬᠦᠯᠵᠢᠯᠡᠨ ᠳᠡᠭᠡᠭᠰᠢᠯᠡᠭᠦᠯᠦᠨ᠎ᠡ᠃ ᠬᠤᠰᠢᠭᠤ ᠠᠷᠠᠳ ᠤᠨ ᠡᠮᠨᠡᠯᠬᠡ ᠶᠢᠨ ᠬᠤᠷᠢᠶᠠᠨ ᠤ ᠬᠠᠯᠠᠭᠤᠷᠠᠭᠰᠠᠳ ᠤᠨ ᠡᠬᠦᠳᠡᠨ ᠡᠮᠨᠡᠯᠬᠡ ᠪᠡ ᠭᠡᠭᠡᠷ᠎ᠡ ᠭᠠᠳᠠᠨᠠᠬᠢ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠴᠡᠭ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠵᠦ᠂ ᠤᠯᠠᠨ ᠨᠠᠶᠢᠳᠠ ᠶᠢᠨ ᠡᠮ ᠡᠮᠨᠡᠯᠬᠡ ᠡᠷᠡᠬᠦᠯ ᠬᠠᠮᠠᠭᠠᠯᠠᠯ ᠤᠨ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠬᠦᠯᠦᠨ᠎ᠡ᠃ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠠᠵᠢᠯ ᠢ ᠢᠮᠠᠭᠳᠠ ᠰᠠᠶᠢᠳᠤᠷ ᠠᠳᠬᠤᠵᠦ᠂ ᠤᠯᠠᠨ ᠲᠠᠯ᠎ᠠ  ᠠᠴᠠ ᠰᠠᠨᠠᠭᠤᠯᠬᠤ ᠲᠤᠭᠳᠠᠴᠠ ᠶᠢ ᠪᠠᠷᠢᠮᠳᠠᠯᠠᠵᠦ᠂ ᠸᠡᠺᠼᠢᠨ ᠤ ᠲᠠᠷᠢᠯᠭ᠎ᠠ ᠲᠠᠷᠢᠬᠤ ᠠᠵᠢᠯ ᠢ ᠡᠮᠬᠢ ᠴᠡᠭᠴᠡ ᠲᠠᠢ ᠠᠬᠢᠭᠤᠯᠵᠦ᠂ ᠪᠦᠬᠦ ᠠᠷᠠᠳ ᠤᠨ ᠦᠯᠦ ᠬᠠᠯᠳᠠᠭᠠᠬᠤ ᠴᠢᠳᠠᠪᠤᠷᠢ ᠶᠢ ᠲᠡᠭᠡᠭᠰᠢᠯᠡᠬᠦᠯᠦᠨ᠎ᠡ᠃ ᠰᠤᠶᠤᠯ ᠲᠠᠮᠢᠷ ᠤᠨ ᠦᠢᠯᠡᠰ ᠢ ᠶᠡᠬᠡᠪᠡᠷ ᠬᠦᠭᠵᠢᠬᠦᠯᠦᠨ᠎ᠡ᠃ ᠰᠤᠶᠤᠯ ᠢ ᠦᠪᠯᠡᠨ ᠬᠠᠮᠠᠭᠠᠯᠠᠬᠤ᠂ ᠤᠳᠬ᠎ᠠ ᠤᠷᠠᠯᠢᠭ ᠤᠨ ᠰᠤᠳᠤᠨ ᠪᠦᠳᠤᠭᠡᠯ ᠢ ᠡᠬᠦᠳᠬᠦ᠂ ᠰᠤᠶᠤᠯ ᠤᠨ ᠲᠦᠷᠦᠯ ᠲᠡᠮᠳᠡᠭᠳᠤ ᠶᠢ ᠡᠬᠦᠳᠬᠦ ᠵᠡᠷᠭᠡ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠤᠯᠠᠭᠠᠨᠮᠦ᠋ᠴᠢᠷ ᠤᠨ ᠦᠢᠯᠡᠰ ᠤᠨ ᠡᠷᠡᠬᠦᠯ ᠬᠦᠭᠵᠢᠯᠳᠡ ᠶᠢ ᠬᠦᠨᠵᠡᠬᠡᠢ ᠠᠬᠢᠭᠤᠯᠤᠨ᠎ᠠ᠃ ᠰᠤᠶᠤᠯ  ᠢᠶᠠᠷ ᠠᠷᠠᠳ ᠢ ᠬᠠᠷᠠᠭᠠᠯᠵᠠᠬᠤ ᠢᠨᠵᠧᠨᠧᠷᠢᠩ ᠢ ᠬᠦᠨᠵᠡᠬᠡᠢ ᠭᠡᠷᠡᠭᠵᠢᠬᠦᠯᠵᠦ᠂ ︽ᠲᠤᠭᠠᠴᠢᠯᠠᠭᠰᠠᠨ ᠰᠣᠶᠣᠯ ᠢ ᠮᠣᠩᠭᠤᠯ ᠬᠡᠷ ᠲᠤ ᠣᠷᠣᠭᠤᠯᠬᠤ︾ ᠦᠨᠳᠦᠰᠦᠨ ᠱᠠᠲᠤᠨ ᠤ ᠦᠢᠯᠡᠴᠢᠯᠡᠭᠡᠨ ᠤ ᠴᠢᠭ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠤᠳᠠ ᠬᠦᠳᠡᠭᠡ ᠶᠢᠨ ᠤᠯᠠᠨ ᠨᠠᠶᠢᠳᠠ ᠶᠢᠨ ᠰᠤᠶᠤᠯ ᠤᠨ ᠦᠢᠯᠡᠴᠢᠯᠠᠭᠡᠨ ᠤ ᠲᠤᠭᠳᠠᠯᠴᠠᠭ᠎ᠠ ᠶᠢᠨ ᠪᠠᠶᠢᠭᠤᠯᠤᠯᠳᠠ ᠶᠢ ᠴᠢᠩᠭᠠᠳᠬᠠᠵᠦ᠂ ᠤᠯᠠᠨ ᠲᠦᠮᠡᠨᠴᠢ ᠴᠢᠨᠡᠷᠳᠡᠢ ᠰᠤᠶᠤᠯ ᠤᠨ ᠠᠵᠢᠯᠯᠠᠭ᠎ᠠ ᠶᠢ ᠦᠷᠭᠡᠨ ᠢᠶᠠᠷ ᠦᠷᠨᠢᠬᠦᠯᠦᠨ᠎ᠡ᠃ ᠲᠠᠤᠭᠡ ᠶᠢᠨ ᠲᠤᠷᠡᠰᠬᠠᠯᠳᠤ ᠵᠦᠢᠯ ᠢ ᠬᠠᠮᠠᠭᠠᠯᠠᠨ ᠠᠰᠢᠭᠯᠠᠬᠤ ᠠᠵᠢᠯ ᠢ ᠦᠷᠬᠦᠯᠵᠢᠯᠡᠨ ᠴᠢᠩᠭᠠᠳᠬᠠᠵᠦ᠂ ᠪᠢᠯᠡᠬᠦᠳᠤ ᠰᠦᠮ᠎ᠡ ᠶᠢ ᠰᠠᠯᠪᠢᠨ ᠵᠠᠰᠠᠬᠤ ᠠᠵᠢᠯ  ᠢ ᠪᠡᠶᠡᠯᠡᠬᠦᠯᠦᠨ᠂ ᠵᠢᠪᠬᠤᠯᠠᠩᠳᠤ ᠶᠢᠨ ᠡᠾᠦ᠋ᠩᠨᠤ ᠶᠢᠨ ᠦᠶ᠎ᠠ ᠶᠢᠨ ᠪᠤᠯᠠᠰᠢ ᠨᠤᠭᠤᠳ ᠤᠨ ᠬᠠᠭᠤᠴᠢ ᠮᠠᠯᠳᠠᠮᠠᠯ ᠤᠨ ᠠᠵᠢᠯ ᠢ ᠬᠠᠮᠵᠢᠯᠴᠠᠨ ᠰᠠᠶᠢᠳᠤᠷ ᠬᠢᠨ᠎ᠡ᠃ ᠪᠦᠬᠦ ᠤᠷᠤᠨ᠂ ᠪᠦᠬᠦ ᠠᠶᠢᠮᠠᠭ ᠤᠨ ᠪᠠᠶ᠎ᠠ ᠲᠠᠮᠢᠷ ᠤᠨ ᠤᠷᠤᠯᠳᠤᠭᠠᠨ ᠢ ᠢᠳᠡᠪᠬᠢᠳᠡᠢ ᠲᠠᠭᠠᠭᠠᠴᠢᠯᠠᠨ ᠡᠷᠬᠢᠯᠡᠵᠦ᠂ ᠤᠯᠠᠨ ᠲᠦᠮᠡᠨ ᠤ ᠰᠤᠶᠤᠯ ᠲᠠᠮᠢᠷ ᠤᠨ ᠠᠵᠢᠯᠯᠠᠭ᠎ᠠ ᠶᠢ ᠪᠡᠶᠡᠯᠢᠭ᠌ᠵᠢᠭᠤᠯᠤᠨ᠎ᠠ᠃ ᠨᠡᠶᠢᠬᠡᠮ ᠤᠨ ᠶᠡᠭᠡ ᠲᠠᠯ᠎ᠠ ᠶᠢᠨ ᠲᠤᠭᠳᠠᠭᠤᠨ ᠢ ᠬᠠᠮᠠᠭᠠᠯᠠᠨ᠎ᠠ᠃ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠡᠳᠤ ᠴᠤᠭᠴᠠᠯᠠᠬᠤ ᠪᠠᠷ ᠭᠤᠤᠯ ᠰᠢᠵᠢᠮ ᠪᠤᠯᠭᠠᠵᠦ᠂ ᠨᠡᠮ ᠤᠨ ᠦᠨᠳᠤᠰᠤᠳᠠᠨ ᠤ ᠲᠤᠬᠠᠢ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠰᠢᠨ᠎ᠡ ᠨᠢᠬᠡ ᠡᠬᠡᠯᠵᠢ ᠶᠢᠨ ᠦᠪᠡᠷᠳᠡᠭᠡᠨ ᠵᠠᠰᠠᠬᠤ ᠤᠷᠤᠨ ᠤ ᠦᠨᠳᠤᠰᠤᠳᠠᠨ ᠤ ᠪᠦᠯᠬᠦᠮᠳᠡᠯ ᠲᠡᠪᠰᠢᠯᠳᠠ ᠶᠢᠨ ᠵᠢᠱᠢᠶ᠎ᠠ ᠦᠵᠡᠬᠦᠯᠬᠦ ᠬᠤᠰᠢᠭᠤ ᠶᠢ ᠡᠬᠦᠳᠤᠨ ᠪᠠᠶᠢᠭᠤᠯᠬᠤ ᠠᠵᠢᠯ ᠢ ᠰᠠᠶᠢᠳᠤᠷ ᠬᠢᠵᠦ᠂ ᠦᠨᠳᠤᠰᠤᠳᠠᠨ ᠤ ᠪᠦᠯᠬᠦᠮᠳᠡᠯ ᠲᠡᠪᠰᠢᠯᠳᠠ ᠶᠢᠨ ᠰᠠᠶᠢᠨ ᠰᠠᠶᠢᠬᠠᠨ ᠪᠠᠶᠢᠳᠠᠯ ᠢ ᠲᠡᠰᠤᠷᠠᠯᠳᠠ ᠦᠬᠡᠢ ᠪᠠᠬᠢᠵᠢᠬᠦᠯᠦᠨ᠎ᠡ᠃ ᠤᠷᠤᠨ ᠨᠤᠳᠤᠭ ᠤᠨ ᠵᠠᠰᠠᠭ ᠤᠨ ᠤᠷᠳᠤᠨ ᠤ ᠦᠷᠢ ᠰᠢᠷᠢ ᠶᠢᠨ ᠲᠦᠭᠰᠢᠬᠦᠷᠢ ᠶᠢ ᠰᠡᠷᠭᠡᠶᠢᠯᠡᠨ ᠨᠠᠮᠳᠠᠭᠠᠵᠦ᠂ ᠦᠷᠢ ᠰᠢᠷᠢ ᠪᠠᠨ ᠪᠤᠴᠠᠭᠠᠨ ᠂ ᠦᠷᠢ ᠰᠢᠷᠢ ᠲᠠᠬᠢᠨ ᠨᠡᠮᠡᠭᠳᠡᠬᠦ ᠶᠢ ᠬᠤᠷᠢᠭᠯᠠᠵᠦ᠂ ᠦᠷᠢ ᠰᠢᠷᠢ ᠶᠢᠨ ᠬᠤᠪᠢᠷᠠᠯᠳᠠ ᠶᠢ ᠰᠡᠷᠭᠡᠶᠢᠯᠡᠵᠦ᠂ ᠠᠷᠠᠳ  ᠠᠴᠠ ᠡᠵᠡᠩᠨᠡᠭᠰᠡᠨ ᠠᠵᠦ ᠠᠬᠤᠶᠢᠯᠠᠯ ᠪᠡ ᠲᠤᠮᠳᠠ ᠪᠠᠭ᠎ᠠ ᠠᠵᠦ ᠠᠬᠤᠶᠢᠯᠠᠯ ᠳᠤ ᠦᠷᠢᠳᠤᠵᠦ ᠪᠠᠶᠢᠭᠰᠠᠨ ᠮᠦᠩᠬᠦ ᠶᠢ ᠲᠠᠰ ᠲᠠᠷᠠᠭᠠᠯᠠᠯ ᠲᠠᠢ ᠪᠤᠴᠠᠭᠠᠵᠦ᠂ 1.71 ᠳ᠋ᠦᠩᠰᠢᠭᠤᠷ ᠲᠥᠭᠦᠷᠢᠭ ᠤᠨ ᠥᠷᠢ ᠪᠤᠴᠠᠭᠠᠬᠤ ᠣᠨ ᠤ ᠡᠭᠦᠷᠭᠡ ᠶᠢ ᠪᠡᠶᠡᠯᠡᠭᠦᠯᠦᠨ᠎ᠡ᠃ ︽ᠠᠷᠠᠳ ᠲᠦᠮᠡᠨ ᠢ ᠲᠡᠭᠡᠳᠤᠯᠠᠬᠦ᠂ ᠠᠮᠢ ᠨᠠᠰᠤ ᠶᠢ ᠡᠷᠬᠢᠮᠯᠠᠬᠦ︾ ᠤᠶᠢᠯᠠᠭᠠᠭᠳᠠᠬᠤᠨ ᠢ ᠦᠢᠯᠡᠳᠤᠯᠭᠡᠵᠢᠬᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠲᠤᠭᠳᠠᠯᠴᠠᠭ᠎ᠠ ᠪᠡ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠵᠦ᠂ ᠠᠶᠤᠯᠬᠦᠢ ᠦᠢᠯᠡᠳᠪᠤᠷᠢᠯᠡᠯ ᠤᠨ ᠲᠤᠰᠬᠠᠢ ᠲᠦᠷᠦᠯ ᠤᠨ ᠴᠡᠭᠴᠡᠯᠠᠯᠳᠠ ᠶᠢᠨ ᠭᠤᠷᠪᠡᠨ ᠵᠢᠯ ᠤᠨ ᠠᠵᠢᠯᠯᠠᠭ᠎ᠠ ᠶᠢ ᠠᠮᠵᠢᠯᠳᠠᠳᠠᠢ ᠪᠡᠶᠡᠯᠡᠬᠦᠯᠵᠦ᠂ ᠢᠳᠡᠭᠡᠨ ᠪᠡ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢ ᠲᠠᠰᠤᠷᠠᠯᠳᠠ ᠦᠬᠡᠢ ᠴᠢᠩᠭᠠᠳᠬᠠᠵᠦ᠂ ᠠᠶᠤᠯᠬᠦᠢ ᠦᠢᠯᠡᠳᠪᠤᠷᠢᠯᠡᠯ  ᠢ ᠪᠠᠳᠤᠯᠠᠨ᠂ ᠠᠷᠠᠳ ᠲᠦᠮᠡᠨ ᠤ ᠠᠮᠢ ᠨᠠᠰᠤ ᠶᠢ ᠬᠠᠮᠠᠭᠠᠯᠠᠨ᠎ᠠ᠃ ᠶᠠᠰᠤ ᠴᠢᠨᠡᠷ ᠢᠶᠠᠷ ᠬᠤᠰᠢᠭᠤ ᠪᠠᠨ ᠬᠦᠴᠦᠷᠭᠡᠭᠵᠢᠬᠦᠯᠬᠦ ᠠᠯᠬᠤᠴᠠ ᠶᠢ ᠲᠦᠷᠭᠡᠳᠭᠡᠵᠦ᠂ ᠪᠦᠬᠦ ᠬᠤᠰᠢᠭᠤᠨ ᠤ ᠡᠯ᠎ᠡ ᠠᠵᠢᠯ ᠲᠦᠷᠦᠯ ᠢ ᠬᠦᠳᠤᠯᠤᠨ ᠵᠢᠯᠤᠭᠤᠳᠴᠦ ᠵᠤᠷᠢᠭᠵᠢᠭᠤᠯᠵᠦ ᠪᠠᠶᠢᠭᠠᠳ ᠶᠠᠰᠤ ᠴᠢᠨᠡᠷ ᠢ ᠪᠠᠳᠤᠯᠠᠬᠤ ᠤᠬᠠᠮᠰᠠᠷ ᠢ ᠨᠢ ᠲᠠᠰᠤᠷᠠᠯᠳᠠ ᠦᠬᠡᠢ ᠨᠡᠮᠡᠭᠳᠡᠬᠦᠯᠵᠦ᠂ ᠶᠠᠰᠤ ᠴᠢᠨᠡᠷ ᠤᠨ ᠬᠠᠮᠢᠶᠠᠷᠤᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠤᠨ᠎ᠡ᠃ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ᠂ ᠡᠷᠦᠬᠡ ᠶᠢᠨ ᠴᠡᠷᠢᠭ ᠤᠨ ᠪᠡᠯᠡᠳᠭᠡᠯ ᠠᠯᠪᠡ ᠶᠢᠨ ᠪᠠᠶᠢᠭᠤᠯᠤᠯᠳᠠ ᠪᠡ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠬᠠᠮᠢᠶᠠᠷᠤᠯᠳᠠ ᠶᠢ ᠴᠢᠩᠭᠠᠳᠬᠠᠵᠦ᠂ ᠴᠡᠷᠢᠭ ᠠᠷᠠᠳ ᠤᠨ ᠠᠭᠤᠰᠤᠯᠴᠠᠭᠰᠠᠨ ᠬᠦᠭᠵᠢᠯᠳᠡ ᠶᠢ ᠬᠦᠨᠵᠡᠬᠡᠢ ᠠᠬᠢᠭᠤᠯᠤᠨ᠎ᠠ᠃ ᠬᠠᠷ᠎ᠡ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠠᠯ ᠤᠨ ᠦᠷ᠎ᠡ ᠪᠦᠳᠤᠭᠡᠯ ᠢ ᠪᠠᠬᠢᠵᠢᠬᠦᠯᠦᠨ ᠦᠷᠭᠡᠳᠭᠡᠵᠦ᠂ ᠵᠦᠷᠢᠴᠠᠯ ᠢ ᠪᠠᠶᠢᠴᠠᠭᠠᠨ ᠨᠠᠮᠳᠠᠭᠠᠬᠤ ᠲᠤᠭᠳᠠᠴᠠ ᠪᠡ ᠨᠡᠶᠢᠬᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠤᠭᠳᠠᠯᠴᠠᠭ᠎ᠠ ᠶᠢᠨ ᠪᠠᠶᠢᠭᠤᠯᠤᠯᠳᠠ ᠶᠢ ᠦᠷᠬᠦᠯᠵᠢᠯᠡᠨ ᠲᠡᠬᠦᠯᠳᠡᠷᠵᠢᠬᠦᠯᠵᠦ᠂ ᠨᠡᠶᠢᠬᠡᠮ ᠤᠨ ᠶᠡᠭᠡ ᠲᠠᠯ᠎ᠠ ᠶᠢᠨ ᠲᠤᠭᠳᠠᠭᠤᠨ ᠢ ᠲᠠᠰᠤᠷᠠᠯᠳᠠ ᠦᠬᠡᠢ ᠬᠠᠮᠠᠭᠠᠯᠠᠨ᠎ᠠ᠃      ᠲᠦᠷᠪᠡ᠂ ᠵᠠᠰᠠᠭ ᠤᠨ ᠤᠷᠳᠤᠨ ᠤ ᠲᠤᠰ ᠪᠠᠶ᠎ᠠ ᠶᠢᠨ ᠪᠠᠶᠢᠭᠤᠯᠤᠯᠳᠠ ᠶᠢ ᠴᠢᠩᠭᠠᠳᠬᠠᠨ᠎ᠠ      ᠴᠠᠭ ᠦᠶ᠎ᠠ ᠶᠢᠨ ᠱᠠᠭᠠᠷᠳᠠᠯᠭ᠎ᠠ᠂ ᠬᠦᠭᠵᠢᠯᠳᠡ ᠶᠢᠨ ᠬᠦᠨᠳᠤ ᠡᠬᠦᠷᠭᠡ᠂ ᠤᠯᠠᠨ ᠲᠦᠮᠡᠨ ᠤ ᠬᠦᠰᠡᠯ ᠡᠷᠡᠮᠡᠯᠵᠡᠯ ᠤᠨ ᠡᠮᠤᠨ᠎ᠡ᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠤᠷᠳᠤᠨ ᠨᠢ ︽ᠠᠷᠠᠳ ᠲᠦᠮᠡᠨ ᠬᠠᠨᠤᠮᠵᠢᠳᠠᠢ ᠪᠠᠶᠢᠬᠤ︾ ᠬᠠᠷᠠᠯᠳᠠ ᠶᠢᠨ ᠲᠤᠭᠤᠷᠢᠨ ᠳᠤ᠂ ᠦᠨᠡᠨᠴᠢ ᠰᠢᠳᠤᠷᠭᠤ᠂ ᠪᠤᠳᠠᠳᠠᠢ ᠶᠢ ᠡᠷᠬᠢᠮᠯᠠᠬᠦ᠂ ᠬᠠᠤᠯᠢ ᠶᠤᠰᠤᠭᠠᠷ ᠵᠠᠰᠠᠭ ᠶᠠᠪᠤᠭᠤᠯᠬᠤ᠂ ᠠᠷᠢᠭᠤᠨ ᠴᠢᠭᠡᠴᠢ ᠰᠤᠷᠳᠠᠯ ᠢ ᠪᠤᠢ ᠪᠤᠯᠭᠠᠨ᠂ ᠠᠷᠠᠳ ᠲᠦᠮᠡᠨ ᠬᠠᠨᠤᠮᠵᠢᠳᠠᠢ ᠦᠢᠯᠡᠴᠢᠯᠡᠭᠡᠨ ᠤ ᠭᠡᠯᠪᠡᠷᠢ ᠶᠢᠨ ᠵᠠᠰᠠᠭ ᠤᠨ ᠤᠷᠳᠤᠨ ᠢ ᠪᠦᠬᠦ ᠬᠦᠴᠦ ᠪᠠᠷ ᠢᠶᠠᠨ ᠡᠬᠦᠳᠤᠨ᠎ᠡ᠃      ᠦᠨᠡᠨᠴᠢ ᠰᠢᠳᠤᠷᠭᠤ ᠪᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠦ᠂ ᠤᠯᠤᠰ ᠲᠦᠷᠦ ᠶᠢ ᠡᠷᠬᠢᠮᠯᠠᠨ᠎ᠠ ᠃ ᠤᠬᠠᠮᠰᠠᠷ ᠠᠴᠠ ᠪᠠᠨ ᠨᠡᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠤᠷᠳᠤᠨ ᠤ ᠠᠵᠢᠯ ᠤᠨ ᠪᠦᠬᠦ ᠶᠠᠪᠤᠴᠠ᠂ ᠡᠯ᠎ᠡ ᠭᠤᠭᠴᠤᠭᠠᠨ ᠳᠤ ᠲᠤᠤᠱᠯᠠᠭᠤᠯᠵᠦ᠂ ᠴᠠᠭ ᠢᠮᠠᠭᠳᠠ ᠪᠦᠬᠦ ᠲᠠᠯ᠎ᠠ ᠶᠢ ᠪᠤᠳᠤᠯᠬᠢᠯᠠᠨ᠂ ︽ᠲᠦᠷᠪᠡᠨ ᠤᠬᠠᠮᠰᠠᠷ︾ ᠢ ᠪᠤᠢ ᠪᠤᠯᠭᠠᠵᠦ᠂ ︽ᠲᠦᠷᠪᠡᠨ ᠢᠳᠡᠭᠡᠯ︾ ᠢᠶᠠᠨ ᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ ᠪᠠᠶᠠᠯᠠᠬᠦᠯᠵᠦ᠂ ᠨᠡᠮ ᠪᠠᠶᠢᠭᠤᠯᠬᠤ ᠠᠭᠤᠤ ᠶᠡᠭᠡ ᠵᠤᠷᠢᠭ ᠰᠠᠨᠠᠭ᠎ᠠ ᠶᠢ ᠪᠠᠳᠠᠷᠠᠭᠤᠯᠤᠨ᠂ ︽ᠲᠦᠷᠦ  ᠶᠢᠨ ᠲᠤᠮᠤ ᠶᠠᠪᠤᠳᠠᠯ︾ ᠢ ᠰᠡᠳᠬᠢᠯ ᠳᠡᠭᠡᠨ ᠪᠤᠳᠤᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠦᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠡᠷᠡᠭᠵᠢᠬᠦᠯᠬᠦ ᠴᠢᠳᠠᠪᠤᠷᠢ ᠶᠢ ᠲᠠᠰᠤᠷᠠᠯᠳᠠ ᠦᠬᠡᠢ ᠲᠡᠭᠡᠭᠰᠢᠯᠡᠬᠦᠯᠵᠦ᠂ ᠨᠡᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠡ ᠦᠪᠡᠷᠳᠡᠭᠡᠨ ᠵᠠᠰᠠᠬᠤ ᠤᠷᠤᠨ ᠤ ᠨᠡᠮ ᠤᠨ ᠬᠤᠷᠢᠶ᠎ᠠ ᠪᠡ ᠵᠠᠰᠠᠭ ᠤᠨ ᠤᠷᠳᠤᠨ᠂ ᠠᠶᠢᠮᠠᠭ ᠤᠨ ᠨᠡᠮ ᠤᠨ ᠬᠤᠷᠢᠶ᠎ᠠ ᠪᠡ ᠵᠠᠬᠢᠷᠭ᠎ᠠ᠂ ᠬᠤᠰᠢᠭᠤ ᠨᠡᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ ᠭᠤᠶᠢᠪᠢᠰᠢ ᠦᠬᠡᠢ ᠨᠠᠶᠢᠳᠠᠪᠤᠷᠢᠵᠢᠭᠤᠯᠵᠦ᠂ ᠵᠠᠰᠠᠭ ᠤᠨ ᠤᠷᠳᠤᠨ ᠤ ᠰᠢᠰᠲ᠋ᠧᠮ ᠤᠨ ᠨᠡᠮ ᠤᠨ ᠲᠠᠤᠭᠡ ᠶᠢᠨ ᠰᠤᠷᠤᠯᠴᠠᠯᠭ᠎ᠠ ᠬᠦᠮᠦᠵᠢᠯ ᠢ ᠦᠷᠬᠦᠯᠵᠢᠯᠡᠨ ᠬᠦᠨᠵᠡᠬᠡᠢ ᠠᠬᠢᠭᠤᠯᠵᠦ᠂ ᠡᠯ᠎ᠡ ᠵᠦᠢᠯ ᠤᠨ ᠠᠵᠢᠯ ᠦᠢᠯᠡᠰ ᠢᠮᠠᠭᠳᠠ ᠵᠦᠪ ᠴᠢᠭᠯᠡᠯ ᠢᠶᠠᠷ ᠤᠷᠤᠭᠰᠢᠯᠠᠬᠤ ᠶᠢ ᠪᠠᠳᠤᠯᠠᠵᠦ᠂ ᠪᠤᠳᠠᠳᠤ ᠠᠵᠢᠯᠯᠠᠭ᠎ᠠ ᠪᠡ ᠪᠤᠳᠠᠳᠤ ᠦᠷ᠎ᠡ ᠪᠦᠳᠤᠮᠵᠢ ᠪᠠᠷ ᠢᠶᠠᠨ ᠨᠡᠮ ᠳᠠᠭᠠᠨ ᠬᠠᠷᠢᠴᠠᠯᠠᠰᠢᠬᠦᠢ ᠦᠨᠠᠨᠴᠢ ᠰᠢᠳᠤᠷᠭᠤ ᠪᠠᠶᠢᠬᠤ ᠪᠠᠨ ᠬᠠᠷᠠᠭᠤᠯᠤᠨ᠎ᠠ᠃      ᠲᠤᠰᠢᠶᠠᠯ ᠬᠠᠷᠢᠭᠤᠴᠠᠯᠭ᠎ᠠ ᠪᠠᠨ ᠰᠠᠳᠬᠢᠯ ᠲᠠᠯᠪᠢᠨ ᠬᠦᠢᠴᠡᠳᠭᠡᠵᠦ᠂ ᠬᠠᠷᠢᠭᠤᠴᠠᠯᠭᠠᠳᠤ ᠰᠡᠳᠬᠢᠯᠬᠡ ᠪᠠᠨ ᠴᠢᠩᠭᠠᠳᠬᠠᠨ᠎ᠠ᠃ ᠨᠠᠶᠢᠳᠠᠪᠤᠷᠢᠵᠢᠭᠤᠯᠤᠯᠳᠠ ᠶᠢ ᠠᠳᠬᠤᠬᠤ ᠶᠢ ᠵᠠᠰᠠᠭ ᠤᠨ ᠤᠷᠳᠤᠨ ᠤ ᠠᠵᠢᠯ ᠤᠨ ᠠᠮᠢᠨ ᠰᠤᠳᠠᠰᠤ ᠪᠤᠯᠭᠠᠵᠦ᠂ ᠠᠵᠦ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠪᠠᠷ ᠡᠬᠦᠷᠭᠡ ᠪᠠᠨ ᠪᠤᠯᠭᠠᠵᠦ᠂ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ᠂ ᠬᠤᠷᠢᠭ᠎ᠠ ᠱᠤᠭᠤᠮ ᠤᠨ ᠰᠡᠳᠬᠢᠬᠦᠢ ᠶᠢ ᠪᠤᠢ ᠪᠤᠯᠭᠠᠨ᠂ ᠤᠷᠤᠭᠰᠢ ᠲᠡᠪᠰᠢᠬᠤ ᠤᠬᠠᠮᠰᠠᠷ ᠢᠶᠠᠨ ᠴᠢᠩᠭᠠᠳᠬᠠᠵᠦ᠂ ︽ᠭᠡᠪ ᠤᠨ ᠠᠵᠢᠯ ᠳᠤ ᠲᠦᠷᠢᠮᠵᠢᠯ ᠢ ᠴᠢᠬᠤᠯᠠᠴᠢᠯᠠᠵᠦ᠂ ᠭᠤᠤᠯᠳᠠᠯᠭ᠎ᠠ ᠲᠠᠢ ᠠᠵᠢᠯ ᠳᠤ ᠬᠢᠯᠠᠰ ᠴᠡᠭ ᠭᠠᠷᠭᠠᠵᠦ᠂ ᠤᠨᠴᠠᠯᠢᠭᠳᠤ ᠠᠵᠢᠯ ᠳᠤ ᠡᠬᠦᠳᠤᠯᠳᠠ ᠲᠠᠢ ᠪᠠᠶᠢᠬᠤ︾ ᠶᠢ ᠠᠬᠢᠭᠤᠯᠤᠨ᠎ᠠ᠃ ᠤᠯᠤᠰ ᠲᠦᠷᠦ ᠶᠢᠨ ᠤᠨᠤᠯ ᠪᠡ ᠲᠤᠬᠠᠶᠢᠯᠠᠭᠰᠠᠨ ᠠᠵᠢᠯ ᠤᠨ ᠮᠠᠳᠠᠯᠭᠡ ᠶᠢᠨ ᠰᠤᠷᠤᠯᠴᠠᠯᠭ᠎ᠠ ᠶᠢ ᠴᠢᠩᠭᠠᠳᠬᠠᠵᠦ᠂ ᠲᠦᠷᠦ ᠶᠢᠨ ᠪᠤᠳᠤᠯᠭ᠎ᠠ ᠶᠢ ᠰᠤᠳᠤᠯᠬᠤ ᠶᠢ ᠴᠢᠬᠤᠯᠠᠴᠢᠯᠠᠵᠦ᠂ ᠠᠵᠦ ᠠᠬᠤᠢ ᠶᠢᠨ ᠠᠵᠢᠯ ᠢ ᠵᠢᠯᠤᠭᠤᠳᠬᠤ ᠪᠡ ᠪᠤᠳᠠᠳᠤ ᠠᠰᠠᠭᠤᠳᠠᠯ ᠢ ᠰᠢᠢᠳᠪᠤᠷᠢᠯᠡᠬᠦ ᠴᠢᠳᠠᠪᠤᠷᠢ ᠪᠠᠨ ᠦᠨᠡᠨᠬᠦ ᠲᠡᠭᠡᠭᠰᠢᠯᠡᠬᠦᠯᠦᠨ᠎ᠡ᠃ ᠴᠢᠩᠭ᠎ᠠ ᠱᠠᠭᠠᠷᠳᠠᠨ ᠪᠠᠶᠢᠴᠠᠭᠠᠵᠦ ᠦᠷ᠎ᠡ ᠪᠦᠳᠤᠮᠵᠢ ᠶᠢ ᠠᠰᠠᠭᠤᠬᠤ᠂ ᠲᠤᠭᠳᠠᠮᠠᠯ ᠬᠤᠭᠤᠴᠠᠭ᠎ᠠ ᠲᠠᠢ ᠪᠠᠷ ᠵᠦᠪᠳᠡᠯᠴᠠᠬᠦ᠂ ᠨᠠᠷᠢᠨ ᠲᠠᠩᠰᠠ ᠪᠠᠷ ᠬᠠᠮᠢᠶᠠᠷᠬᠤ᠂ ᠱᠠᠳᠤ ᠱᠠᠳᠤ ᠪᠠᠷ ᠬᠠᠷᠢᠭᠤᠴᠠᠬᠤ ᠠᠵᠢᠯ ᠢ ᠴᠢᠩᠭᠠᠳᠬᠠᠵᠦ᠂ ᠲᠤᠭᠳᠠᠭᠰᠠᠨ ᠴᠠᠭ ᠲᠠᠭᠠᠨ ᠠᠵᠢᠯ ᠢᠶᠠᠨ ᠪᠡᠶᠡᠯᠡᠬᠦᠯᠵᠦ᠂ ︽ᠭᠡᠯᠡᠭᠰᠡᠨ ᠢᠶᠠᠨ ᠬᠢᠭᠰᠡᠨ ᠢᠶᠠᠷ ᠪᠤᠳᠤᠬᠤ᠂ ᠬᠢᠭᠰᠡᠨ ᠢᠶᠠᠨ ᠰᠠᠶᠢᠨ ᠬᠢᠭᠰᠡᠨ ᠢᠶᠠᠷ ᠪᠤᠳᠤᠬᠤ︾ ᠶᠢ ᠡᠷᠡᠰ ᠲᠡᠪᠴᠢᠨ᠎ᠡ᠃ ᠵᠦᠪ ᠴᠢᠭᠯᠡᠯ ᠢᠶᠠᠷ ᠤᠷᠮᠠᠰᠢᠭᠤᠯᠬᠤ᠂ ᠠᠯᠳᠠᠭ᠎ᠠ ᠪᠤᠷᠤᠭᠤ ᠶᠢ  ᠨᠢ ᠠᠭᠤᠴᠢᠯᠠᠬᠤ ᠪᠠ ᠵᠠᠯᠠᠷᠠᠭᠤᠯᠬᠤ ᠲᠤᠭᠳᠠᠴᠠ ᠶᠢᠨ ᠦᠢᠯᠡᠳᠤᠯ ᠢ ᠬᠦᠢᠴᠡᠳ ᠪᠠᠳᠠᠷᠠᠭᠤᠯᠵᠦ᠂ ᠦᠬᠡᠷᠡᠴᠢᠯᠡᠭᠴᠢ  ᠳᠤ ᠬᠠᠷᠢᠭᠤᠴᠠᠬᠤ᠂ ᠪᠤᠳᠠᠳᠠᠢ ᠠᠵᠢᠯᠯᠠᠭᠴᠢ ᠳᠤ ᠬᠠᠷᠢᠭᠤᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠤᠬᠦᠯᠵᠦ᠂ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠡᠯ᠎ᠡ ᠵᠦᠢᠯ ᠤᠨ ᠡᠬᠦᠷᠭᠡ ᠶᠢᠨ ᠪᠤᠳᠠᠳᠠᠢ ᠨᠠᠶᠢᠳᠠᠪᠤᠷᠢᠵᠢᠭᠤᠯᠤᠯᠳᠠ ᠶᠢ ᠦᠨᠡᠨᠬᠦ ᠠᠬᠢᠭᠤᠯᠤᠨ᠎ᠠ᠃      ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠦ᠂ ᠲᠦᠷᠢᠮᠵᠢᠯ ᠢ ᠴᠢᠬᠤᠯᠠᠴᠢᠯᠡᠨ᠎ᠡ᠃ ᠰᠢ  ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠬᠦᠨᠵᠡᠬᠡᠢ ᠲᠤᠤᠱᠯᠠᠭᠤᠯᠵᠦ᠂  ᠬᠠᠤᠯᠢᠳᠤ ᠵᠠᠰᠠᠭ ᠤᠨ ᠤᠷᠳᠤᠨ ᠤ ᠪᠠᠶᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠵᠦ᠂ ᠬᠠᠤᠯᠢ ᠪᠠᠷ ᠲᠤᠭᠳᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠡᠷᠭᠡᠪᠰᠢ ᠬᠦᠢᠴᠡᠳᠭᠡᠵᠦ᠂ ᠬᠠᠤᠯᠢ ᠠᠴᠠ ᠡᠷᠭᠡ ᠤᠯᠭᠤᠭᠰᠠᠨ ᠦᠬᠡᠢ ᠵᠦᠢᠯ ᠢ ᠬᠢᠬᠦ ᠦᠬᠡᠢ᠃ ᠠᠷᠠᠳ ᠤᠨ ᠪᠠᠶᠢᠩᠭᠤ ᠶᠢᠨ ᠬᠤᠷᠢᠶᠠᠨ ᠤ ᠬᠠᠤᠯᠢ ᠶᠤᠰᠤᠭᠠᠷ ᠬᠢᠨᠡᠯᠳᠠ ᠲᠡᠯᠪᠢᠬᠤ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠲᠡᠯᠪᠢᠬᠤ ᠶᠢ ᠤᠬᠠᠮᠰᠠᠷ ᠠᠴᠠ ᠪᠠᠨ ᠬᠦᠯᠢᠶᠠᠨ ᠠᠪᠴᠦ᠂ ᠠᠷᠠᠳ ᠤᠯᠠᠨ ᠪᠡ ᠨᠡᠶᠢᠬᠡᠮ ᠤᠨ ᠡᠯ᠎ᠡ ᠡᠳᠡᠭᠡᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠨᠤᠰᠴᠦ᠂ ᠰᠠᠨᠠᠭᠤᠯᠭ᠎ᠠ ᠲᠤᠷᠠᠳᠤᠯᠭ᠎ᠠ ᠶᠢ ᠰᠠᠶᠢᠳᠤᠷ ᠬᠦᠢᠴᠡᠳᠭᠡᠨ᠎ᠡ᠃ ᠵᠠᠰᠠᠭ ᠵᠠᠬᠢᠷᠭᠠᠨ ᠤ ᠲᠦᠷᠢᠮᠵᠢᠯ ᠤᠨ ᠴᠢᠨᠡᠷᠳᠡᠢ ᠪᠢᠴᠢᠭ ᠮᠡᠲ᠋ᠧᠷᠢᠶᠠᠯ  ᠢ ᠲᠤᠭᠳᠠᠭᠠᠬᠤ ᠪᠡ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠦ᠂ ︽ᠨᠡᠢᠮᠠᠳᠤᠭᠠᠷ ᠲᠡᠪᠤᠨ ᠵᠢᠯ︾ ᠤᠨ ᠬᠠᠤᠯᠢ ᠲᠦᠬᠡᠮᠡᠯᠵᠢᠬᠦᠯᠬᠦ ᠠᠵᠢᠯ ᠢ ᠬᠦᠨᠵᠡᠬᠡᠢ ᠦᠷᠨᠢᠬᠦᠯᠵᠦ᠂ ᠵᠠᠰᠠᠭ ᠵᠡᠬᠢᠷᠭᠠᠨ ᠤ ᠬᠠᠤᠯᠢ ᠭᠡᠷᠡᠭᠵᠢᠬᠦᠯᠬᠦ ︽ᠭᠤᠷᠪᠡᠨ ᠵᠦᠢᠯ ᠤᠨ ᠲᠦᠷᠢᠮ︾ ᠢ ᠪᠦᠬᠦ ᠲᠠᠯ᠎ᠠ ᠪᠠᠷ ᠠᠬᠢᠭᠤᠯᠵᠦ᠂ ᠬᠠᠤᠯᠢ ᠶᠤᠰᠤᠭᠠᠷ ᠵᠠᠰᠠᠭ ᠶᠠᠪᠤᠭᠤᠯᠬᠤ ᠬᠢᠷᠢ ᠲᠦᠪᠰᠢᠨ  ᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠭᠡᠷᠡᠭᠵᠢᠬᠦᠯᠦᠯᠳᠡ ᠶᠢᠨ ᠴᠢᠳᠠᠪᠤᠷᠢ᠂ ᠨᠠᠶᠢᠳᠠᠪᠤᠷᠢᠵᠢᠭᠤᠯᠤᠯᠳᠠ ᠶᠢᠨ ᠴᠢᠳᠠᠪᠤᠷᠢ ᠶᠢ ᠲᠡᠭᠡᠭᠰᠢᠯᠡᠬᠦᠯᠬᠦ ᠶᠢ ᠵᠠᠰᠠᠭ ᠤᠨ ᠤᠷᠳᠤᠨ ᠤ ᠠᠵᠢᠯ ᠤᠨ ᠭᠤᠤᠯᠳᠠᠯᠭ᠎ᠠ ᠶᠢᠨ ᠭᠤᠤᠯᠳᠠᠯᠭ᠎ᠠ ᠪᠤᠯᠭᠠᠬᠤ  ᠶᠢ ᠪᠡᠷᠢᠮᠳᠡᠯᠡᠵᠦ᠂ ᠡᠯ᠎ᠡ ᠵᠦᠢᠯ ᠤᠨ ᠲᠦᠷᠢᠮ ᠢ ᠭᠡᠷᠡᠭᠵᠢᠬᠦᠯᠦᠨ ᠨᠠᠶᠢᠳᠠᠪᠤᠷᠢᠵᠢᠭᠤᠯᠬᠤ ᠠᠵᠢᠯ ᠢ ᠴᠢᠩᠭᠠᠳᠬᠠᠨ ᠲᠦᠷᠢᠮᠵᠢᠬᠦᠯᠵᠦ᠂ ᠵᠠᠰᠠᠭ ᠤᠨ ᠤᠷᠳᠤᠨ ᠤ ᠭᠡᠷᠡᠭᠵᠢᠬᠦᠯᠬᠦ ᠴᠢᠳᠠᠪᠤᠷᠢ ᠪᠡ ᠨᠡᠶᠢᠳᠡ ᠶᠢᠨ ᠢᠳᠡᠭᠡᠮᠵᠢ ᠶᠢᠨ ᠭᠡᠮᠵᠢᠶ᠎ᠠ  ᠶᠢ ᠦᠨᠡᠨᠬᠦ ᠲᠡᠭᠡᠭᠰᠢᠯᠡᠬᠦᠯᠦᠨ᠎ᠡ᠃      ᠠᠷᠢᠭᠤᠨ ᠴᠢᠭᠡᠴᠢ ᠪᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠦ᠂ ᠬᠤᠷᠢᠭ᠎ᠠ ᠱᠤᠭᠤᠮ ᠢ ᠰᠠᠬᠢᠨ᠎ᠠ᠃ ᠰᠠᠬᠢᠯᠭ᠎ᠠ ᠪᠡᠳᠤ ᠶᠢᠨ ᠲᠦᠷᠢᠮ ᠲᠤᠭᠳᠠᠭᠠᠯ ᠢ ᠴᠠᠭ ᠢᠮᠠᠭᠳᠠ ᠰᠠᠬᠢᠵᠦ᠂ ︽ᠨᠢᠬᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠬᠦᠢᠴᠡᠳᠭᠡᠵᠦ᠂ ᠲᠦᠪ ᠤᠨ ᠨᠡᠢᠮᠠᠨ ᠵᠤᠷᠪᠤᠰ ᠲᠤᠭᠳᠠᠭᠠᠯ ᠵᠢᠴᠢ ᠭᠡᠷᠡᠭᠵᠢᠬᠦᠯᠬᠦ ᠨᠡᠷᠢᠨ ᠲᠦᠷᠢᠮ ᠢ ᠴᠢᠩᠭ᠎ᠠ  ᠨᠠᠶᠢᠳᠠᠪᠤᠷᠢᠵᠢᠭᠤᠯᠤᠨ᠂ ︽ᠲᠦᠷᠪᠡᠨ ᠰᠤᠷᠳᠠᠯ︾ ᠢ ᠴᠦᠬᠦᠷᠡᠰᠢ ᠦᠬᠡᠢ ᠵᠠᠯᠠᠷᠠᠭᠤᠯᠵᠦ᠂ ᠭᠡᠯᠪᠡᠷᠢ ᠶᠢᠨ ᠦᠵᠡᠯ᠂ ᠨᠤᠶᠠᠨᠴᠢ ᠰᠤᠷᠳᠠᠯ ᠤᠨ ᠲᠤᠪᠤᠶᠢᠮ᠎ᠡ ᠠᠰᠠᠭᠤᠳᠠᠯ ᠢ ᠬᠦᠴᠦ ᠲᠠᠯᠪᠢᠨ ᠴᠡᠭᠴᠡᠯᠡᠨ᠎ᠡ᠃ ᠵᠠᠰᠠᠭ ᠤᠨ ᠤᠷᠳᠤᠨ ᠤ ︽ᠠᠷᠪᠢᠴᠢ ᠭᠠᠮᠳᠠᠢ ᠪᠠᠶᠢᠬᠤ︾ ᠦᠵᠡᠯ ᠰᠠᠨᠠᠭ᠎ᠠ ᠶᠢ ᠴᠢᠩᠭᠠᠳᠬᠠᠵᠦ᠂ ᠡᠳ᠋ ᠤᠨ ᠵᠠᠰᠠᠭ ᠤᠨ ᠪᠡᠯᠡ ᠮᠦᠩᠬᠦ ᠶᠢ ᠰᠠᠶᠢᠳᠤᠷ ᠬᠠᠮᠢᠶᠠᠷᠤᠨ ᠭᠡᠷᠡᠭᠯᠡᠨ᠎ᠡ᠃ ᠵᠠᠩᠬᠢᠯᠠᠭ᠎ᠠ ᠶᠢᠨ ᠠᠵᠢᠯ ᠤᠨ ᠪᠠᠶᠢᠷᠢ ᠪᠡ ᠭᠤᠤᠯᠳᠠᠯᠭ᠎ᠠ ᠲᠠᠢ ᠬᠦᠷᠢᠶ᠎ᠠ ᠴᠡᠷ᠎ᠡ ᠳᠠᠬᠢ ᠴᠢᠭᠡᠴᠢ ᠵᠠᠰᠠᠭ ᠤᠨ ᠲᠦᠭᠰᠢᠬᠦᠷᠢ ᠶᠢ ᠴᠢᠩᠭ᠎ᠠ ᠰᠡᠷᠭᠡᠶᠢᠯᠡᠵᠦ᠂ ᠡᠯ᠎ᠡ ᠲᠦᠷᠦᠯ ᠤᠨ ᠬᠠᠤᠯᠢ ᠰᠠᠬᠢᠯᠭ᠎ᠠ ᠶᠢ ᠵᠦᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠳᠭᠡᠵᠦ᠂ ᠠᠮᠤ ᠪᠤᠳᠠᠭ᠎ᠠ ᠬᠤᠳᠠᠯᠳᠤᠨ ᠠᠪᠬᠤ ᠪᠡ ᠪᠤᠷᠤᠯᠠᠭᠤᠯᠬᠤ ᠬᠦᠷᠢᠶ᠎ᠠ ᠴᠡᠷ᠎ᠡ ᠳᠠᠬᠢ ᠢᠯᠵᠢᠷᠠᠮᠠᠯ ᠠᠰᠠᠭᠤᠳᠠᠯ ᠤᠨ ᠲᠤᠰᠬᠠᠢ ᠲᠦᠷᠦᠯ ᠤᠨ ᠴᠡᠭᠴᠡᠯᠡᠯᠳᠠ ᠶᠢ ᠪᠦᠬᠦ ᠬᠦᠴᠦ ᠪᠠᠷ ᠢᠶᠠᠨ ᠰᠠᠶᠢᠳᠤᠷ ᠠᠳᠬᠤᠵᠦ᠂ ᠤᠯᠠᠨ ᠲᠦᠮᠡᠨ ᠪᠡ ᠠᠵᠦ ᠠᠬᠤᠶᠢᠯᠠᠯ ᠤᠨ ᠠᠰᠢᠭ ᠲᠤᠰᠠ ᠶᠢ ᠬᠤᠬᠢᠷᠠᠭᠤᠯᠤᠭᠰᠠᠨ ᠲᠦᠪ ᠪᠤᠰᠤ ᠰᠤᠷᠳᠠᠯ ᠢ ᠡᠷᠡᠰ ᠵᠠᠯᠠᠷᠠᠭᠤᠯᠤᠨ ᠵᠠᠰᠠᠵᠦ᠂ ︽ᠦᠴᠦᠭᠡᠨ ᠴᠦ ᠠᠭᠤᠴᠢᠯᠠᠬᠤ ᠦᠬᠡᠢ︾ ᠤᠪᠤᠷ ᠢᠶᠠᠷ ᠢᠯᠵᠢᠷᠠᠮᠠᠯ ᠢ ᠵᠠᠯᠬᠠᠭᠠᠨ ᠰᠢᠳᠭᠡᠵᠦ᠂ ᠭᠡᠪ ᠰᠤᠷᠳᠠᠯ ᠠᠷᠢᠭᠤᠨ ᠴᠢᠬᠡᠴᠢ ᠪᠠᠶᠢᠬᠤ ᠤᠯᠤᠰ ᠲᠦᠷᠦ ᠶᠢᠨ ᠤᠷᠴᠢᠨ ᠪᠤᠯᠤᠨ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠤᠷᠴᠢᠨ ᠨᠦᠬᠦᠴᠠᠯ ᠢ ᠴᠢᠷᠮᠡᠶᠢᠨ ᠡᠬᠦᠳᠤᠨ᠎ᠡ᠃      ᠲᠦᠯᠦᠬᠡᠯᠡᠭᠴᠢᠳ ᠡ︕ ᠠᠯᠤᠰ ᠭᠡᠳᠤ ᠶᠢᠨ ᠲᠦᠯᠦᠪᠯᠡᠭᠡ ᠨᠢᠭᠡᠨᠳᠡ ᠲᠤᠭᠳᠠᠭᠰᠠᠨ ᠪᠤᠯᠬᠤᠷ ᠴᠢᠷᠮᠠᠶᠢᠬᠤ ᠯᠠ ᠭᠡᠷᠡᠭᠳᠡᠢ᠃ ᠪᠢᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠡᠮ ᠤᠨ ᠲᠦᠪ ᠬᠤᠷᠢᠶᠠᠨ ᠤ ᠲᠤᠭᠤᠷᠢᠨ ᠳᠤ ᠨᠢᠭᠳᠠᠷᠠᠨ ᠪᠦᠯᠬᠦᠮᠳᠠᠵᠦ᠂ ᠲᠡᠭᠡᠳᠤ ᠱᠠᠳᠤᠨ ᠤ ᠨᠡᠮ ᠤᠨ ᠬᠤᠷᠢᠶ᠎ᠠ᠂ ᠵᠠᠰᠠᠭ ᠤᠨ ᠤᠷᠳᠤᠨ ᠪᠡ ᠬᠤᠰᠢᠭᠤ ᠨᠡᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠡ᠂ ᠵᠤᠷᠢᠭᠳᠠᠢ ᠠᠵᠢᠯᠯᠠᠬᠤ ᠰᠤᠷᠳᠠᠯ  ᠢᠶᠠᠨ ᠡᠬᠦᠷᠢᠳᠡ ᠪᠡᠷᠢᠮᠳᠠᠯᠠᠵᠦ᠂ ᠪᠦᠬᠦ ᠬᠤᠰᠢᠭᠤᠨ ᠤ ᠠᠷᠠᠳ ᠲᠦᠮᠡᠨ ᠳᠤ ᠨᠢᠭᠳᠠ ᠲᠦᠰᠢᠭᠯᠡᠵᠦ᠂ ᠡᠷᠴᠢ ᠵᠤᠷᠢᠭ  ᠢᠶᠠᠨ ᠬᠦᠪᠴᠢᠯᠠᠨ᠂ ᠦᠨᠡᠨᠴᠢ ᠰᠢᠳᠤᠷᠭᠤ ᠪᠠᠷ ᠠᠵᠢᠯᠯᠠᠵᠦ᠂ ᠨᠡᠶᠢᠬᠡᠮ ᠵᠢᠷᠤᠮ ᠤᠨ ᠤᠳᠤᠬᠢᠴᠢᠯᠠᠯᠳᠠ ᠶᠢ ᠪᠦᠬᠦ ᠲᠠᠯ᠎ᠠ ᠪᠠᠷ ᠪᠦᠳᠤᠭᠡᠨ ᠪᠠᠶᠢᠭᠤᠯᠬᠤ ᠰᠢᠨ᠎ᠡ ᠠᠶᠠᠨ ᠢ ᠡᠬᠢᠯᠡᠬᠦᠯᠬᠦ ᠪᠠᠷ ᠴᠦᠬᠦᠷᠠᠰᠢ ᠦᠬᠡᠢ ᠲᠡᠮᠡᠴᠠᠰᠤᠭᠡᠢ︕ ᠨᠡᠷᠡᠰ ᠤᠨ ᠳᠠᠶᠢᠯᠪᠣᠷᠢ᠄1. ︽ᠬᠤᠶᠠᠷ ᠬᠠᠯᠬᠠᠪᠴᠢ᠂ ᠬᠤᠶᠠᠷ ᠰᠠᠭᠤᠷᠢᠨ ᠭᠠᠵᠠᠷ᠂ ᠨᠢᠭᠡ ᠪᠠᠬᠢᠯᠡᠯᠳᠡ︾᠄ ︽ᠬᠤᠶᠠᠷ ᠬᠠᠯᠬᠠᠪᠴᠢ︾ ᠮᠠᠨ  ᠤ ᠣᠯᠣᠰ ᠤᠨ ᠣᠮᠠᠷᠠᠳᠣ ᠶᠢᠨ ᠴᠢᠬᠤᠯᠠ ᠠᠮᠢ ᠠᠬᠤᠢ ᠶᠢᠨ ᠠᠮᠣᠷ ᠲᠦᠪᠰᠢᠨ ᠤ ᠬᠠᠯᠬᠠᠪᠴᠢ ᠪᠣᠯᠣᠨ ᠡᠬᠡ ᠣᠯᠣᠰ  ᠤᠨ ᠣᠮᠠᠷᠠᠳᠣ ᠬᠢᠯᠢ ᠶᠢᠨ ᠠᠮᠣᠷ ᠲᠦᠪᠰᠢᠨ ᠲᠣᠭᠳᠠᠭᠤᠨ ᠤ ᠬᠠᠯᠬᠠᠪᠴᠢ︔ ︽ᠬᠤᠶᠠᠷ ᠰᠠᠭᠤᠷᠢᠨ ᠭᠠᠵᠠᠷ︾ ᠣᠯᠣᠰ ᠤᠨ ᠴᠢᠬᠤᠯᠠ ᠡᠨᠧᠷᠬᠢ ᠪᠣᠯᠣᠨ ᠪᠠᠶᠢᠯᠳᠣᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠲᠠᠷᠢᠶᠠᠯᠠᠩ ᠤᠨ ᠪᠦᠲᠦᠭᠡᠭᠳᠡᠭᠦᠨ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠦᠢᠯᠡᠳᠪᠦᠷᠢᠯᠡᠬᠦ ᠰᠠᠭᠤᠷᠢᠨ ᠭᠠᠵᠠᠷ︔ ︽ᠨᠢᠭᠡ ᠪᠠᠬᠢᠯᠡᠯᠳᠡ︾ ᠮᠠᠨ ᠤ ᠣᠯᠣᠰ ᠤᠨ ᠣᠮᠠᠷᠠᠰᠢ ᠨᠡᠭᠡᠭᠡᠯᠳᠡ ᠬᠢᠬᠦ ᠴᠢᠬᠤᠯᠠ ᠪᠠᠬᠢᠯᠡᠯᠳᠡ᠃2. ︽ᠲᠠᠪᠣᠨ ᠨᠢᠭᠡ ᠪᠦᠯᠦᠭ︾᠄ ᠦᠢᠯᠡᠳᠪᠦᠷᠢᠯᠡᠯ ᠢ ᠬᠦᠭᠵᠢᠭᠦᠯᠦᠨ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠵᠣ᠂ ᠣᠨᠳᠣᠣ ᠭᠠᠵᠠᠷ ᠲᠤ ᠨᠡᠭᠦᠯᠭᠡᠨ ᠰᠢᠯᠵᠢᠭᠦᠯᠵᠦ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠵᠣ᠂ ᠠᠮᠢ ᠠᠬᠤᠢ ᠶᠢᠨ ᠨᠦᠬᠦᠪᠦᠷᠢ ᠦᠭᠴᠦ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠵᠣ᠂ ᠰᠣᠷᠭᠠᠨ ᠬᠦᠮᠦᠵᠢᠯ ᠢ ᠬᠦᠭᠵᠢᠭᠦᠯᠦᠨ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠵᠣ᠂ ᠨᠡᠶᠢᠭᠡᠮ ᠤᠨ ᠪᠠᠳᠣᠯᠠᠭ᠎ᠠ ᠪᠠᠷ ᠳᠠᠮᠵᠢᠨ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠣᠨ᠎ᠠ᠃3. ︽ᠵᠢᠷᠭᠤᠭᠠᠨ ᠨᠠᠷᠢᠯᠢᠭ ᠣᠨᠣᠪᠴᠢᠳᠠᠢ︾᠄ ᠲᠡᠳᠭᠦᠪᠦᠷᠢ ᠬᠦᠷᠳᠡᠭᠰᠡᠨ ᠡᠳᠡᠭᠡᠳ ᠨᠢ ᠣᠨᠣᠪᠴᠢᠳᠠᠢ᠂ ᠲᠡᠳᠭᠦᠭᠰᠡᠨ ᠠᠷᠭ᠎ᠠ ᠬᠡᠮᠵᠢᠶ᠎ᠡ ᠨᠢ ᠨᠠᠷᠢᠯᠢᠭ ᠮᠦᠷᠳᠡᠭᠡᠨ ᠣᠨᠣᠪᠴᠢᠳᠠᠢ᠂ ᠲᠦᠷᠦᠯ ᠵᠦᠢᠯ ᠤᠨ ᠲᠣᠬᠢᠷᠠᠭᠤᠯᠣᠯᠳᠠ ᠨᠢ ᠨᠠᠷᠢᠯᠢᠭ ᠮᠦᠷᠳᠡᠭᠡᠨ ᠣᠨᠣᠪᠴᠢᠳᠠᠢ᠂ ᠪᠡᠯᠡ ᠮᠦᠩᠭᠦ ᠶᠢᠨ ᠠᠰᠢᠭᠯᠠᠯᠳᠠ ᠨᠢ ᠨᠠᠷᠢᠯᠢᠭ ᠮᠦᠷᠳᠡᠭᠡᠨ ᠣᠨᠣᠪᠴᠢᠳᠠᠢ᠂ ᠭᠠᠴᠠᠭ᠎ᠠ ᠲᠣᠰᠬᠤᠨ ᠳᠤ ᠲᠣᠮᠢᠯᠠᠬᠤ ᠬᠦᠮᠦᠨ ᠨᠢ ᠣᠨᠣᠪᠴᠢᠳᠠᠢ᠂ ᠶᠠᠳᠠᠭᠤ ᠠᠴᠠ ᠠᠩᠭᠢᠵᠢᠷᠠᠭᠤᠯᠣᠭᠰᠠᠨ ᠦᠷ᠎ᠡ ᠪᠦᠲᠦᠮᠵᠢ ᠨᠢ ᠨᠠᠷᠢᠯᠢᠭ ᠣᠨᠣᠪᠴᠢᠳᠠᠢ᠃4. ︽ᠬᠤᠶᠠᠷ ᠲᠤ ᠵᠣᠪᠠᠭ᠋ᠣ ᠦᠭᠡᠢ᠂ ᠭᠤᠷᠪᠠᠨ ᠪᠠᠳᠣᠯᠠᠭ᠎ᠠ ᠲᠠᠢ ᠪᠠᠶᠢᠬᠤ︾᠄ ᠢᠳᠡᠵᠦ ᠡᠮᠦᠰᠬᠦ ᠳᠡᠭᠡᠨ ᠵᠦᠪ᠂ ᠠᠯᠪᠠᠨ ᠵᠢᠷᠣᠮ ᠤᠨ ᠰᠣᠷᠭᠠᠨ ᠬᠦᠮᠦᠵᠢᠯ᠂ ᠦᠨᠳᠦᠰᠦᠨ ᠡᠮ ᠡᠮᠨᠡᠯᠭᠡ ᠪᠣᠯᠣᠨ ᠣᠷᠣᠨ ᠰᠠᠭᠤᠴᠠ ᠶᠢᠨ ᠪᠠᠳᠣᠯᠠᠭ᠎ᠠ  ᠲᠠᠢ ᠪᠠᠶᠢᠬᠤ᠃5.︽ᠭᠤᠷᠪᠠᠨ ᠣᠷᠣᠨ ᠭᠤᠷᠪᠠᠨ ᠱᠣᠭᠤᠮ︾᠄ ︽ᠭᠤᠷᠪᠠᠨ ᠣᠷᠣᠨ︾ ᠬᠤᠳᠠ ᠪᠠᠯᠭᠠᠰᠣᠨ ᠤ ᠣᠷᠣᠨ ᠵᠠᠢ᠂ ᠲᠠᠷᠢᠶᠠᠯᠠᠩ ᠤᠨ ᠣᠷᠣᠨ ᠵᠠᠢ᠂ ᠠᠮᠢ ᠠᠬᠤᠢ ᠶᠢᠨ ᠣᠷᠣᠨ ᠵᠠᠢ ᠭᠤᠷᠪᠠᠨ ᠲᠦᠷᠦᠯ ᠤᠨ ᠣᠯᠣᠰ ᠤᠨ ᠭᠠᠵᠠᠷ ᠰᠢᠷᠦᠢ  ᠶᠢᠨ ᠣᠷᠣᠨ ᠵᠠᠢ︔ ︽ᠭᠤᠷᠪᠠᠨ ᠱᠣᠭᠤᠮ︾ ᠬᠤᠳᠠ ᠪᠠᠯᠭᠠᠰᠣ ᠶᠢ ᠨᠡᠭᠡᠭᠡᠨ ᠬᠦᠭᠵᠢᠭᠦᠯᠬᠦ ᠵᠠᠭᠠᠭ᠂ ᠡᠭᠦᠷᠢᠳᠡ  ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠣᠭᠤᠮ ᠤᠨ ᠭᠤᠷᠪᠠᠨ ᠵᠣᠷᠪᠣᠰ ᠡᠵᠡᠮᠳᠡᠬᠦ ᠱᠣᠭᠤᠮ᠃6. ︽ᠬᠤᠶᠠᠷ ᠦᠨᠳᠦᠷ︾᠄ ᠡᠨᠧᠷᠬᠢ ᠶᠢᠨ ᠬᠤᠷᠣᠭᠳᠠᠯ ᠦᠨᠳᠦᠷ᠂ ᠪᠣᠬᠢᠷᠳᠣᠯ ᠦᠨᠳᠦᠷ᠃7. ︽ᠲᠠᠪᠣᠨ ᠬᠦᠮᠦᠵᠢᠯ︾᠄ ᠶᠣᠰᠣ ᠮᠣᠷᠠᠯ ᠤᠨ ᠬᠦᠮᠦᠵᠢᠯ᠂ ᠣᠶᠣᠨ ᠣᠬᠠᠭᠠᠨ ᠤ ᠬᠦᠮᠦᠵᠢᠯ᠂ ᠪᠡᠶ᠎ᠡ ᠲᠠᠮᠢᠷ ᠤᠨ ᠬᠦᠮᠦᠵᠢᠯ᠂ ᠭᠤᠸ᠎ᠠ ᠰᠠᠶᠢᠬᠠᠨ ᠤ ᠬᠦᠮᠦᠵᠢᠯ᠂ ᠬᠦᠳᠡᠯᠮᠦᠷᠢ ᠶᠢᠨ ᠬᠦᠮᠦᠵᠢᠯ᠃8. ︽ᠬᠤᠶᠠᠷ ᠢ ᠰᠣᠷᠣᠯᠴᠠᠵᠣ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾᠄ ᠨᠠᠮ ᠤᠨ ᠲᠦᠷᠢᠮ ᠲᠣᠭᠳᠠᠭᠠᠯ  ᠢ ᠰᠣᠷᠣᠯᠴᠠᠵᠣ᠂ ᠴᠢᠬᠤᠯᠠ ᠶᠠᠷᠢᠶ᠎ᠠ ᠨᠤᠭᠤᠳ ᠤᠨ ᠵᠣᠷᠢᠭ ᠰᠠᠨᠠᠭ᠎ᠠ ᠶᠢ ᠰᠣᠷᠣᠯᠴᠠᠵᠣ᠂ ᠬᠢᠷᠢ ᠲᠡᠩᠴᠡᠭᠰᠡᠨ ᠨᠠᠮ  ᠤᠨ ᠭᠡᠰᠢᠭᠦᠨ ᠪᠣᠯᠬᠤ᠃9. ︽ᠳᠦᠷᠪᠡᠨ ᠣᠬᠠᠮᠰᠠᠷ︾᠄ ᠣᠯᠣᠰ ᠲᠦᠷᠦ ᠶᠢᠨ ᠣᠬᠠᠮᠰᠠᠷ᠂ ᠶᠡᠭᠡ ᠲᠠᠯ᠎ᠠ ᠶᠢᠨ ᠣᠬᠠᠮᠰᠠᠷ᠂ ᠭᠤᠣᠯᠯᠠᠬᠤ ᠣᠬᠠᠮᠰᠠᠷ᠂ ᠨᠢᠭᠡᠳᠦᠯᠳᠠᠢ ᠪᠠᠶᠢᠬᠤ ᠣᠬᠠᠮᠰᠠᠷ᠃10.︽ᠲᠦᠷᠪᠡᠨ ᠢᠳᠡᠭᠡᠯ︾᠄ ᠵᠠᠮ ᠤᠨ ᠢᠳᠡᠭᠡᠯ᠂ ᠣᠨᠣᠯ ᠤᠨ ᠢᠳᠡᠭᠡᠯ᠂ ᠲᠦᠷᠢᠮ ᠤᠨ ᠢᠳᠡᠭᠡᠯ ᠪᠠ ᠰᠣᠶᠣᠯ  ᠤᠨ ᠢᠳᠡᠭᠡᠯ᠃11. ︽ᠬᠤᠶᠠᠷ ᠢ ᠬᠠᠮᠠᠭᠠᠯᠠᠬᠤ︾᠄ ᠰᠢ ᠶᠢᠨ ᠫᠢᠩ ᠶᠡᠷᠦᠩᠭᠡᠢ ᠱᠦᠵᠢ ᠶᠢᠨ ᠨᠠᠮ ᠤᠨ ᠲᠦᠪ ᠬᠤᠷᠢᠶᠠᠨ ᠤ ᠭᠤᠣᠯ ᠪᠠᠶᠢᠷᠢ ᠰᠠᠭᠤᠷᠢ᠂ ᠪᠦᠬᠦ ᠨᠠᠮ ᠤᠨ ᠭᠤᠣᠯ ᠪᠠᠶᠢᠷᠢ ᠰᠠᠭᠤᠷᠢ ᠶᠢ ᠬᠠᠮᠠᠭᠠᠯᠠᠬᠤ᠂ ᠨᠠᠮ ᠤᠨ ᠲᠦᠪ ᠬᠤᠷᠢᠶᠠᠨ  ᠤ ᠡᠷᠭᠡ ᠰᠦᠷ ᠪᠠ ᠲᠦᠪᠯᠡᠷᠡᠩᠭᠦᠢ ᠨᠢᠭᠡᠳᠦᠯᠳᠠᠢ ᠣᠳᠣᠷᠢᠳᠣᠯᠭ᠎ᠠ ᠶᠢ ᠬᠠᠮᠠᠭᠠᠯᠠᠬᠤ ᠶᠢ ᠪᠠᠷᠢᠮᠳᠠᠯᠠᠨ᠎ᠠ᠃ 12. ︽ᠭᠤᠷᠪᠠᠨ ᠴᠢᠬᠤᠯᠠ ᠨᠢᠭᠡ ᠶᠡᠭᠡ︾᠄ ᠴᠢᠬᠤᠯᠠ ᠶᠡᠭᠡ ᠵᠦᠢᠯ ᠤᠨ ᠰᠢᠢᠳᠪᠦᠷᠢᠲᠦ ᠪᠣᠳᠣᠯᠭ᠎ᠠ᠂ ᠴᠢᠬᠤᠯᠠ ᠺᠠᠳ᠋ᠷ ᠢ ᠲᠣᠮᠢᠯᠠᠨ ᠪᠠᠭᠤᠯᠭᠠᠬᠤ᠂ ᠴᠢᠬᠤᠯᠠ ᠶᠡᠭᠡ ᠲᠦᠷᠦᠯ ᠵᠦᠢᠯ ᠤᠨ ᠪᠡᠯᠡ ᠣᠷᠣᠭᠤᠯᠣᠯᠳᠠ ᠶᠢᠨ ᠰᠢᠢᠳᠪᠦᠷᠢᠲᠦ ᠪᠣᠳᠣᠯᠭ᠎ᠠ ᠪᠣᠯᠣᠨ ᠶᠡᠭᠡ ᠬᠡᠮᠵᠢᠶᠡᠨ ᠤ ᠪᠡᠯᠡ ᠮᠦᠩᠭᠦᠨ ᠤ ᠬᠡᠷᠡᠭᠯᠡᠯᠳᠡ᠃     13. ︽ᠲᠠᠯᠪᠢᠬᠤ᠂ ᠬᠠᠮᠢᠶᠠᠷᠬᠤ᠂ ᠦᠢᠯᠡᠴᠢᠯᠠᠬᠦ︾᠄ ᠵᠠᠰᠠᠭ ᠤᠨ ᠡᠷᠭᠡ ᠶᠢ ᠴᠤᠮᠬᠠᠳᠬᠠᠵᠦ ᠡᠷᠭᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠬᠦᠯᠬᠦ᠃14. ︽ᠲᠦᠷᠪᠡᠨ ᠬᠦᠢᠴᠡᠳᠭᠡᠬᠦ︾᠄ ᠨᠢᠬᠡ ᠰᠦᠯᠵᠢᠶᠠᠨ ᠲᠡᠭᠡᠷ᠎ᠡ ᠬᠦᠢᠴᠡᠳᠭᠡᠬᠦ᠂ ᠭᠠᠷ ᠤᠳᠠᠰᠤᠨ ᠲᠡᠭᠡᠷ᠎ᠡ ᠬᠦᠢᠴᠡᠳᠭᠡᠬᠦ᠂ ᠬᠠᠪᠰᠤᠷᠤᠨ ᠬᠦᠢᠴᠡᠳᠭᠡᠬᠦ᠂ ᠨᠢᠬᠡᠯᠡ ᠤᠳᠠᠭ᠎ᠠ ᠲᠡᠭᠡᠷ᠎ᠡ ᠬᠦᠢᠴᠡᠳᠭᠡᠬᠦ᠃15. ︽ᠵᠢᠷᠭᠤᠭ᠎ᠠ ᠶᠢ ᠲᠤᠭᠳᠠᠭᠤᠨ ᠪᠠᠶᠢᠯᠭᠠᠬᠤ︾᠄ ᠠᠵᠢᠯ ᠤᠯᠭᠤᠯᠳᠠ ᠶᠢ ᠲᠤᠭᠳᠠᠭᠤᠨ ᠪᠠᠶᠢᠯᠭᠠᠬᠤ᠂ ᠮᠦᠩᠬᠦᠨ ᠬᠦᠢᠯᠬᠡᠬᠡ ᠶᠢ ᠲᠤᠭᠳᠠᠭᠤᠨ ᠪᠠᠶᠢᠯᠭᠠᠬᠤ᠂ ᠭᠠᠳᠠᠭᠠᠳᠤ ᠠᠷᠠᠯᠵᠢᠶ᠎ᠠ ᠶᠢ ᠲᠤᠭᠳᠠᠭᠤᠨ ᠪᠠᠶᠢᠯᠭᠠᠬᠤ᠂ ᠭᠠᠳᠠᠭᠠᠳᠤ ᠪᠡᠯᠡ  ᠶᠢ ᠲᠤᠭᠳᠠᠭᠤᠨ ᠪᠠᠶᠢᠯᠭᠠᠬᠤ᠂ ᠪᠠᠯᠠ ᠤᠷᠤᠭᠤᠯᠤᠯᠳᠠ ᠶᠢ ᠲᠤᠭᠳᠠᠭᠤᠨ ᠪᠠᠶᠢᠯᠭᠠᠬᠤ᠂ ᠵᠢᠱᠢᠯᠳᠠ ᠶᠢ ᠲᠤᠭᠳᠠᠭᠤᠨ ᠪᠠᠶᠢᠯᠭᠠᠬᠤ᠃ 16. ︽ᠵᠢᠷᠭᠤᠭ᠎ᠠ ᠶᠢ ᠪᠠᠳᠤᠯᠠᠬᠤ︾᠄ ᠰᠠᠭᠤᠭᠠᠯᠢ ᠠᠷᠠᠳ ᠤᠨ ᠠᠵᠢᠯ ᠤᠯᠭᠤᠯᠳᠠ ᠶᠢ ᠪᠠᠳᠤᠯᠠᠬᠤ᠂ ᠦᠨᠳᠤᠰᠤᠨ ᠠᠷᠠᠳ ᠤᠨ ᠠᠮᠢᠳᠤᠷᠠᠯ ᠢ ᠪᠠᠳᠤᠯᠠᠬᠤ᠂ ᠵᠠᠬ᠎ᠠ ᠲᠡᠯᠬᠡᠬᠦᠷ ᠤᠨ ᠭᠤᠤᠯ ᠴᠤᠭᠴᠠ ᠶᠢ ᠪᠠᠳᠤᠯᠠᠬᠤ᠂ ᠠᠮᠤ ᠪᠤᠳᠠᠭ᠎ᠠ ᠡᠨᠧᠷᠬᠢ ᠶᠢᠨ ᠠᠮᠤᠷ ᠲᠦᠪᠰᠢᠨ ᠢ ᠪᠠᠳᠤᠯᠠᠬᠤ᠂ ᠠᠵᠦ ᠦᠢᠯᠡᠰ ᠤᠨ ᠭᠡᠯᠬᠢᠶ᠎ᠠ ᠪᠡ ᠬᠠᠩᠭᠠᠯᠭ᠎ᠠ ᠶᠢᠨ ᠬᠡᠯᠬᠢᠶᠠᠨ ᠤ ᠲᠤᠭᠳᠠᠭᠤᠨ ᠢ ᠪᠠᠳᠤᠯᠠᠬᠤ᠂ ᠦᠨᠳᠤᠰᠤᠨ ᠱᠠᠳᠤᠨ ᠤ ᠡᠷᠬᠢᠯᠳᠠ ᠶᠢ ᠪᠠᠳᠤᠯᠠᠬᠤ᠃17. ︽ᠲᠦᠷᠪᠡᠨ ᠬᠤᠭᠤᠴᠠᠭ᠎ᠠ︾᠄ ᠤᠳᠤᠬᠢᠴᠢᠯᠠᠯᠳᠠ ᠶᠢᠨ ᠰᠢᠨ᠎ᠡ ᠠᠶᠠᠨ ᠢ ᠡᠬᠢᠯᠡᠬᠦᠯᠬᠦ ᠵᠠᠩᠬᠢᠯᠠᠭ᠎ᠠ ᠶᠢᠨ ᠬᠤᠭᠤᠴᠠᠭ᠎ᠠ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠦᠷ᠎ᠡ ᠪᠦᠳᠤᠭᠡᠯ ᠢ ᠪᠠᠳᠤᠳᠬᠠᠨ ᠦᠷᠭᠡᠳᠭᠡᠬᠦ ᠶᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠯᠤᠭ᠎ᠠ ᠪᠦᠳᠤᠮᠵᠢᠳᠠᠢ ᠵᠤᠯᠭᠠᠭᠤᠯᠬᠤ ᠪᠠᠶᠢᠯᠳᠤᠬᠤ ᠪᠤᠳᠤᠯᠭ᠎ᠠ ᠶᠢᠨ ᠬᠤᠭᠤᠴᠠᠭ᠎ᠠ᠂ ︽ᠠᠷᠪᠡᠨ ᠲᠦᠷᠪᠡᠳᠤᠭᠡᠷ ᠲᠠᠪᠤᠨ ᠵᠢᠯ︾ ᠤᠨ ᠲᠦᠯᠦᠪᠵᠢᠬᠦᠯᠬᠡ ᠶᠢ ᠪᠡᠶᠡᠯᠡᠬᠦᠯᠬᠦ ᠬᠤᠭᠤᠴᠠᠭ᠎ᠠ᠂ ᠴᠢᠨᠠᠷᠯᠢᠭ ᠬᠦᠭᠵᠢᠯᠳᠡ ᠶᠢ ᠠᠬᠢᠭᠤᠯᠬᠤ ᠴᠤᠩᠬᠤᠪᠴᠢ ᠶᠢᠨ ᠬᠤᠭᠤᠴᠠᠭ᠎ᠠ᠃18. ︽ᠲᠠᠪᠣᠨ ᠣᠷᠣᠨ ᠨᠢᠭᠡ ᠲᠣᠯᠭᠠᠭᠤᠷᠢᠯᠠᠬᠤ ᠴᠡᠭ︾᠄ ᠰᠢᠯᠢ ᠶᠢᠨ ᠭᠤᠣᠯ ᠤᠨ ᠲᠠᠴᠢᠷᠳᠠᠭᠰᠠᠨ ᠨᠣᠳᠤᠭ ᠪᠡᠯᠴᠢᠭᠡᠷ ᠢ ᠦᠨᠳᠦᠷ ᠦᠷ᠎ᠡ ᠠᠰᠢᠭᠳᠠᠢ ᠵᠠᠰᠠᠬᠤ ᠣᠷᠣᠨ᠂ ᠰᠢᠯᠢ ᠶᠢᠨ ᠭᠤᠣᠯ ᠤᠨ ᠰᠢᠨ᠎ᠡ ᠡᠨᠧᠷᠬᠢ ᠶᠢᠨ ᠠᠵᠣ ᠠᠬᠤᠢ ᠶᠢᠨ ᠰᠢᠨ᠎ᠡ ᠶᠢ ᠡᠭᠦᠳᠬᠦ ᠬᠦᠭᠵᠢᠯᠳᠡ ᠶᠢᠨ ᠣᠷᠣᠨ᠂ ᠦᠪᠦᠷ ᠮᠣᠩᠭᠤᠯ ᠤᠨ ᠮᠠᠯ ᠤᠨ ᠠᠰᠢᠭ ᠰᠢᠮ᠎ᠡ ᠶᠢᠨ ᠭᠠᠷᠣᠯᠳᠠ ᠶᠢᠨ ᠰᠦᠨᠢᠳ ᠨᠡᠷᠡᠲᠦ ᠲᠡᠮᠳᠡᠭᠲᠦ ᠣᠷᠣᠨ᠂ ᠳᠣᠮᠳᠠᠳᠣ ᠣᠯᠣᠰ ᠤᠨ ᠣᠯᠠᠭᠠᠠᠮᠦ᠋ᠴᠢᠷ ᠤᠨ ᠵᠣᠷᠢᠭ ᠰᠠᠨᠠᠭ᠎ᠠ ᠶᠢ ᠣᠯᠠᠮᠵᠢᠯᠠᠬᠤ ᠣᠷᠣᠨ᠂ ᠣᠮᠠᠷᠠᠳᠣ ᠬᠢᠯᠢ ᠬᠢᠵᠠᠭᠠᠷ ᠤᠨ ᠴᠡᠷᠢᠭ ᠠᠷᠠᠳ ᠠᠭᠤᠰᠣᠯᠴᠠᠭᠰᠠᠨ ᠠᠮᠣᠷ ᠲᠦᠪᠰᠢᠨ ᠲᠣᠭᠳᠠᠭᠤᠨ ᠤ ᠣᠷᠣᠨ᠂ ᠳᠣᠮᠳᠠᠳᠣ ᠮᠣᠩᠭᠤᠯ ᠣᠷᠣᠰ ᠤᠨ ᠠᠵᠣ ᠠᠬᠤᠢ ᠶᠢᠨ ᠬᠤᠩᠭᠢᠯ ᠤᠨ ᠭᠤᠣᠯ ᠳᠣᠯᠭᠠᠭᠤᠷᠢᠯᠠᠬᠤ ᠴᠡᠭ᠃19. ︽ᠨᠢᠭᠡ ᠭᠤᠣᠯ ᠴᠦᠮ᠎ᠡ᠂ ᠬᠤᠶᠠᠷ ᠲᠡᠩᠭᠡᠯᠢᠭ᠂ ᠭᠤᠷᠪᠠᠨ ᠣᠷᠣᠨ ᠲᠣᠭᠤᠷᠢᠭ︾᠄ ︽ᠨᠢᠬᠡ ᠭᠤᠤᠯ ᠴᠦᠮ᠎ᠡ︾ ᠭᠡᠳᠡᠭ ᠨᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠪᠣᠯᠪᠠᠰᠣᠷᠠᠭᠤᠯᠬᠤ ᠠᠷᠠᠯᠵᠢᠶ᠎ᠠ ᠬᠤᠳᠠᠯᠳᠣᠭᠠᠨ ᠤ ᠭᠤᠣᠯ ᠴᠦᠮ᠎ᠡ︔ ︽ᠬᠤᠶᠠᠷ ᠲᠡᠩᠭᠡᠯᠢᠭ︾ ᠭᠡᠳᠡᠭ ᠨᠢ ᠢᠳᠡᠰᠢᠨ ᠤ ᠬᠤᠨᠢ ᠶᠢ ᠦᠰᠭᠡᠬᠦ᠂ ᠢᠳᠡᠰᠢᠨ ᠤ ᠦᠭᠡᠷ ᠢ ᠦᠰᠭᠡᠬᠦ ᠪᠠᠷ ᠲᠡᠩᠭᠡᠯᠢᠭ ᠪᠣᠯᠭᠠᠬᠤ︔ ︽ᠭᠤᠷᠪᠡᠨ ᠤᠷᠤᠨ ᠲᠤᠭᠤᠷᠢᠭ︾ ᠭᠡᠳᠡᠭ ᠨᠢ ᠲᠠᠷᠢᠶᠠᠯᠠᠩ ᠮᠠᠯ ᠠᠵᠣ ᠠᠬᠤᠢ ᠶᠢᠨ ᠰᠢᠨᠵᠢᠯᠡᠭᠡ ᠮᠡᠷᠭᠡᠵᠢᠯ ᠤᠨ ᠬᠦᠳᠦᠯᠦᠨ ᠳᠠᠭᠠᠭᠤᠯᠵᠣ ᠵᠢᠱᠢᠶ᠎ᠡ ᠦᠵᠡᠭᠦᠯᠬᠦ ᠣᠷᠣᠨ᠂ ᠮᠠᠯ ᠤᠨ ᠡᠭᠦᠯᠳᠡᠷ ᠤᠨ ᠡᠬᠢ ᠪᠠᠶᠠᠯᠢᠭ ᠤᠨ ᠬᠠᠮᠠᠭᠠᠯᠠᠯᠳᠠ ᠶᠢᠨ ᠣᠷᠣᠨ᠂ ᠲᠠᠷᠢᠵᠣ ᠲᠡᠵᠢᠭᠡᠬᠦ ᠡᠷᠬᠢᠯᠳᠡᠳᠦ ᠬᠦᠭᠵᠢᠯᠳᠡ ᠶᠢᠨ ᠣᠷᠣᠨ ᠢ ᠭᠡᠯᠡᠵᠦ ᠪᠤᠢ᠃20. ︽ᠲᠦᠷᠪᠡ ᠶᠢ ᠦᠯᠦ ᠲᠠᠶᠠᠭᠳᠠᠬᠤ︾᠄ ᠶᠠᠳᠠᠭᠤ ᠠᠴᠠ ᠠᠩᠬᠢᠵᠢᠷᠠᠭᠤᠯᠤᠭᠰᠠᠨ ᠴᠦ ᠬᠠᠷᠢᠭᠤᠴᠠᠯᠭ᠎ᠠ ᠪᠠᠨ ᠠᠯᠳᠠᠬᠤ ᠦᠬᠡᠢ᠂ ᠬᠠᠪᠰᠤᠷᠤᠨ ᠲᠡᠳᠬᠦᠬᠦ ᠪᠠᠨ ᠵᠤᠭᠰᠤᠬᠤ ᠦᠬᠡᠢ᠂ ᠲᠦᠷᠦ ᠶᠢᠨ ᠪᠤᠳᠤᠯᠭ᠎ᠠ ᠶᠢ ᠬᠤᠪᠢᠷᠠᠭᠤᠯᠬᠤ ᠦᠬᠡᠢ᠂ ᠬᠢᠨᠡᠯᠳᠠ ᠬᠠᠮᠢᠶᠠᠷᠤᠯᠳᠠ ᠪᠠᠨ ᠰᠤᠯᠠᠷᠠᠭᠤᠯᠬᠤ ᠦᠬᠡᠢ᠃21. ︽ᠲᠦᠷᠪᠡ ᠳᠤ ᠬᠠᠨᠳᠤᠬᠤ︾᠄ ᠲᠡᠯᠡᠭᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ  ᠳᠤ ᠬᠠᠨᠳᠤᠬᠤ᠂ ᠠᠵᠦ ᠠᠬᠤᠢ ᠶᠢᠨ ᠭᠤᠤᠯ ᠬᠠᠨᠳᠤᠰᠢ ᠳᠤ ᠬᠠᠨᠳᠤᠬᠤ᠂ ᠤᠯᠤᠰ ᠤᠨ ᠴᠢᠬᠤᠯᠠ ᠶᠡᠭᠡ ᠭᠡᠷᠡᠭᠴᠡᠭᠡ ᠱᠠᠭᠠᠷᠳᠠᠯᠭ᠎ᠠ ᠳᠤ ᠬᠠᠨᠳᠤᠬᠤ᠂ ᠠᠷᠠᠳ ᠲᠦᠮᠡᠨ ᠤ ᠠᠮᠢ ᠨᠠᠰᠤ ᠡᠷᠡᠬᠦᠯ ᠮᠠᠨᠳᠤ ᠳᠤ ᠬᠠᠨᠳᠤᠬᠤ᠃22. ︽ᠬᠤᠶᠠᠷ ᠢ ᠬᠦᠩᠭᠡᠷᠡᠬᠦᠯᠬᠦ︾᠄ ᠠᠯᠪᠡᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠰᠤᠷᠤᠭᠴᠢᠳ  ᠤᠨ ᠲᠠᠰᠬᠠᠯ ᠤᠨ ᠲᠠᠷᠤᠭᠠᠰᠤ ᠶᠢ ᠬᠦᠩᠭᠡᠷᠡᠬᠦᠯᠬᠦ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠲᠠᠷᠤᠭᠠᠰᠤ ᠶᠢ ᠬᠦᠩᠭᠡᠷᠡᠬᠦᠯᠬᠦ᠃23. ︽4050︾ ᠬᠦᠮᠦᠰ᠄ ᠲᠠᠷᠤᠢ ᠬᠦᠳᠡᠯᠮᠤᠷᠢᠯᠠᠬᠦ ᠨᠠᠰᠤᠨ ᠳᠠᠭᠠᠨ ᠪᠠᠶᠢᠭ᠎ᠠ 40 ᠨᠠᠰᠤᠨ ᠠᠴᠠ ᠲᠡᠭᠡᠭᠰᠢ ᠡᠮᠡᠭᠳᠡᠶᠢᠴᠤᠳ᠂ 50 ᠨᠠᠰᠤᠨ ᠠᠴᠠ ᠲᠡᠭᠡᠭᠰᠢ ᠡᠷᠡᠭᠳᠡᠶᠢᠴᠤᠳ ᠲᠤᠰ ᠪᠠᠶ᠎ᠠ ᠶᠢᠨ ᠠᠵᠢᠯ ᠤᠯᠬᠤ ᠨᠦᠬᠦᠴᠠᠯ ᠨᠢ ᠪᠠᠷᠤᠭᠳᠠᠢ᠂ ᠤᠷ᠎ᠡ ᠴᠢᠳᠠᠪᠤᠷᠢ ᠨᠢ ᠳ᠋ᠠᠩ ᠴᠤᠯᠭᠤᠢ ᠵᠡᠷᠭᠡ ᠰᠢᠯᠳᠠᠭᠠᠨ ᠠᠴᠠ ᠪᠤᠯᠵᠦ ᠬᠦᠳᠡᠯᠮᠤᠷᠢ ᠬᠦᠴᠦᠨ ᠤ ᠵᠠᠬ᠎ᠠ ᠲᠡᠯᠭᠡᠬᠦᠷ ᠲᠤ ᠦᠷᠢᠰᠤᠯᠳᠤᠨ ᠠᠵᠢᠯ ᠤᠯᠬᠤ ᠳᠤ ᠬᠦᠴᠢᠷᠳᠡᠢ ᠬᠦᠳᠡᠯᠮᠤᠷᠢᠯᠡᠭᠴᠢᠳ ᠢ ᠭᠡᠯᠡᠵᠦ ᠪᠤᠢ᠃24. ︽ᠭᠤᠷᠪᠡᠨ ᠬᠤᠷᠢᠭ᠎ᠠ ᠱᠤᠭᠤᠮ᠂ ᠨᠢᠬᠡ ᠨᠠᠷᠢᠨ ᠲᠠᠩᠰᠠ︾᠄ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠤᠭᠤᠮ᠂ ᠤᠷᠴᠢᠨ ᠲᠤᠭᠤᠷᠢᠨ ᠤ ᠶᠡᠰᠤ ᠴᠢᠨᠡᠷ ᠤᠨ ᠲᠤᠤᠷ᠎ᠡ ᠬᠢᠵᠠᠭᠠᠷ᠂ ᠡᠬᠢ ᠪᠠᠶᠠᠯᠢᠭ ᠤᠨ ᠠᠰᠢᠭᠯᠠᠯᠳᠠ ᠶᠢᠨ ᠲᠡᠭᠡᠳᠤ ᠬᠢᠵᠠᠭᠠᠷ ᠪᠡ ᠠᠵᠦ ᠠᠬᠤᠶᠢᠯᠠᠯ ᠤᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠳᠤ ᠬᠠᠨᠳᠤᠭᠰᠠᠨ ᠨᠠᠷᠢᠨ ᠲᠡᠩᠰᠡ᠃ 25. ︽ᠭᠤᠷᠪᠡᠨ ᠬᠠᠶᠠᠭᠳᠠᠮᠠᠯ︾᠄ ᠬᠠᠶᠠᠭᠳᠠᠮᠠᠯ ᠤᠰᠤ᠂ ᠬᠠᠶᠠᠭᠳᠠᠮᠠᠯ ᠬᠡᠢ ᠪᠡ ᠬᠠᠳᠠᠭᠤ ᠪᠡᠶᠠᠳᠤ ᠬᠠᠶᠠᠭᠳᠠᠮᠠᠯ ᠪᠤᠳᠠᠰ᠃26. ︽ᠲᠠᠪᠤᠨ ᠨᠢᠭᠡ︾᠄ ᠨᠢᠬᠡ ᠲᠦᠷᠦᠯ ᠵᠦᠢᠯ ᠢ ᠨᠢᠭᠡ ᠤᠳᠤᠷᠢᠳᠤᠯᠭ᠎ᠠ ᠲᠠᠭᠠᠭᠤᠯᠬᠤ᠂ ᠨᠢᠬᠡ ᠰᠠᠯᠠᠭ᠎ᠠ ᠮᠦᠴᠢᠷ ᠲᠠᠭᠠᠭᠠᠴᠢᠯᠠᠨ ᠠᠳᠬᠤᠬᠤ᠂ ᠨᠢᠬᠡ ᠪᠠᠭ ᠦᠢᠯᠡᠴᠢᠯᠠᠬᠦ᠂ ᠨᠢᠭᠡ ᠲᠦᠰᠦᠯ ᠢ ᠠᠬᠢᠭᠤᠯᠬᠤ᠂ ᠨᠢᠭᠡ ᠢᠵᠢ ᠪᠦᠷᠢᠨ ᠵᠤᠬᠢᠴᠠᠮᠵᠢ ᠶᠢ ᠪᠠᠳᠤᠯᠠᠬᠤ᠃27.︽ᠲᠦᠷᠪᠡᠨ ᠰᠠᠶᠢᠳᠠᠢ ᠬᠦᠳᠡᠭᠡ ᠲᠤᠰᠬᠤᠨ ᠤ ᠵᠡᠮ︾᠄ ᠬᠦᠳᠡᠭᠡ ᠲᠤᠰᠬᠤᠨ ᠤ ᠵᠡᠮ ᠢ ᠰᠠᠶᠢᠨ ᠲᠠᠪᠢᠰᠬᠦ᠂ ᠰᠠᠶᠢᠨ ᠬᠠᠮᠢᠶᠠᠷᠬᠤ᠂ ᠰᠠᠶᠢᠨ ᠬᠠᠮᠠᠭᠠᠯᠠᠬᠤ᠂ ᠰᠠᠶᠢᠳᠤᠷ ᠠᠰᠢᠭᠯᠠᠬᠤ ᠶᠢ ᠭᠡᠯᠡᠵᠦ ᠪᠤᠢ᠃             ᠰᠦᠨᠢᠳ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ[2022.1]                                                                                     ᠠᠷᠪᠠᠨ ᠵᠢᠷᠭᠤᠭ᠎ᠠ                  ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠤ ᠮᠠᠲ᠋ᠧᠷᠢᠶᠠᠯ                                                              ᠵᠠᠰᠠᠭ ᠤᠨ ᠣᠷᠳᠣᠨ ᠤ ᠠᠵᠢᠯ ᠤᠨ ᠢᠯᠡᠳᠭᠡᠯ                                                                                     — 2022 ᠣᠨ ᠤ 1 ᠰᠠᠷ᠎ᠠ ᠶᠢᠨ 6 ᠤ ᠡᠳᠦᠷ ᠰᠦᠨᠢᠳ ᠪᠠᠷᠠᠭᠤᠨ ᠬᠤᠰᠢᠭᠤᠨ ᠤ ᠠᠷᠪᠠᠨ ᠵᠢᠷᠭᠤᠳᠣᠭᠠᠷ                                         ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠣᠭᠠᠷ ᠣᠳᠠᠭᠠᠨ ᠤ ᠬᠤᠷᠠᠯᠳᠣᠭᠠᠨ ᠳᠡᠭᠡᠷ᠎ᠡ                                                                                        ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ     ᠸᠠᠩ ᠵᠠᠨ ᠴᠢ ᠲᠦᠯᠦᠭᠡᠯᠡᠭᠴᠢᠳ ᠡ᠄ᠣᠳᠣ᠂ ᠪᠢ ᠬᠤᠰᠢᠭᠤ ᠠᠷᠪᠠᠨ ᠳᠠᠪᠣᠳᠣᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠠᠨ ᠵᠦᠪᠯᠡᠬᠦ ᠪᠣᠯᠪᠠᠣ᠂ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠪᠣᠯᠣᠨ ᠬᠤᠷᠠᠯ ᠳᠤ ᠰᠣᠯᠠ ᠣᠷᠣᠯᠴᠠᠭᠰᠠᠨ ᠨᠦᠬᠦᠳ ᠴᠦ ᠰᠠᠨᠠᠯ ᠢᠶᠠᠨ ᠳᠣᠷᠠᠳᠬᠤ ᠪᠣᠯᠪᠠᠣ᠃ᠨᠢᠭᠡ᠂ ᠦᠩᠭᠡᠷᠡᠭᠰᠡᠨ ᠳᠦᠷᠪᠡᠨ ᠵᠢᠯ ᠤᠨ ᠠᠵᠢᠯ ᠤᠨ ᠡᠷᠬᠢᠴᠡᠭᠦᠯᠦᠯᠬᠤᠰᠢᠭᠤ ᠠᠷᠪᠠᠨ ᠳᠠᠪᠣᠳᠣᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠡᠭᠦᠷᠭᠡ ᠲᠣᠰᠢᠶᠠᠯ ᠢᠶᠠᠨ ᠭᠦᠢᠴᠡᠳᠭᠡᠭᠰᠡᠨ ᠳᠦᠷᠪᠡᠨ ᠵᠢᠯ ᠪᠣᠯ ᠶᠡᠷᠦ ᠪᠣᠰᠣ ᠶᠢᠨ ᠮᠦᠷᠳᠡᠭᠡᠨ ᠲᠣᠶᠢᠯ ᠤᠨ ᠬᠢᠯᠪᠠᠷ ᠪᠣᠰᠣ ᠳᠦᠷᠪᠡᠨ ᠵᠢᠯ ᠪᠣᠯᠣᠨ᠎ᠠ᠃ ᠪᠢᠳᠡ ᠦᠭᠡᠷᠡᠴᠢᠯᠡᠯᠳᠡ ᠨᠡᠭᠡᠭᠡᠯᠳᠡ ᠶᠢᠨ 40 ᠵᠢᠯ ᠤᠨ ᠣᠢ᠂ ᠣᠯᠣᠰ ᠪᠠᠶᠢᠭᠤᠯᠣᠭᠳᠠᠭᠰᠠᠨ 70 ᠵᠢᠯ  ᠤᠨ ᠣᠢ ᠪᠣᠯᠣᠨ ᠨᠠᠮ ᠪᠠᠶᠢᠭᠤᠯᠣᠭᠳᠠᠭᠰᠠᠨ 100 ᠵᠢᠯ ᠤᠨ ᠣᠢ ᠵᠡᠷᠭᠡ ᠠᠭᠤᠣ ᠶᠡᠭᠡ ᠲᠡᠣᠭᠡᠨ ᠴᠠᠭ ᠮᠦᠴᠡ ᠶᠢ ᠬᠡᠷᠡᠴᠢᠯᠡᠵᠦ᠂ ᠣᠯᠣᠰ ᠤᠨ ᠲᠣᠳᠣᠭᠠᠳᠣ ᠭᠠᠳᠠᠭᠠᠳᠣ ᠶᠢᠨ ᠲᠦᠪᠡᠭ ᠪᠣᠳᠣᠯᠢᠶᠠᠨᠳᠠᠢ ᠣᠷᠴᠢᠨ ᠪᠠᠶᠢᠳᠠᠯ ᠪᠣᠯᠣᠨ ᠭᠡᠨᠡᠳᠳᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠴᠣᠬᠢᠯᠳᠠ ᠳᠤ ᠬᠠᠨᠳᠣᠵᠣ᠂ ᠬᠤᠰᠢᠭᠤ ᠠᠷᠠᠳ ᠤᠨ ᠵᠠᠰᠠᠭ ᠤᠨ ᠣᠷᠳᠣᠨ ᠨᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠣᠯᠣᠨ ᠬᠤᠰᠢᠭᠤ ᠨᠠᠮ ᠤᠨ ᠬᠤᠷᠢᠶᠠᠨ ᠤ ᠵᠦᠪ ᠣᠨᠣᠪᠴᠢᠳᠠᠢ ᠣᠳᠣᠷᠢᠳᠣᠯᠭ᠎ᠠ ᠲᠣᠣᠷ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠣᠯᠣᠨ ᠣᠯᠣᠰ ᠲᠦᠷᠦ ᠶᠢᠨ ᠵᠦᠪᠯᠡᠯᠭᠡᠨ ᠤ ᠬᠢᠨᠠᠯᠳᠠ ᠲᠡᠮᠵᠢᠯᠭᠡ ᠲᠣᠣᠷ᠎ᠠ᠂ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠬᠦ ᠪᠠ ᠲᠦᠰᠢᠭᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠣᠳᠠᠭ᠎ᠠ ᠪᠦᠷᠢ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠰᠢ ᠶᠢᠨ ᠫᠢᠩ ᠶᠡᠷᠦᠩᠭᠡᠢ ᠱᠦᠵᠢ ᠶᠢᠨ ᠦᠪᠦᠷ ᠮᠣᠩᠭᠤᠯ ᠤᠨ ᠠᠵᠢᠯ ᠤᠨ ᠲᠣᠬᠠᠢ ᠴᠢᠬᠤᠯᠠ ᠶᠠᠷᠢᠶ᠎ᠠ ᠴᠢᠬᠤᠯᠠ ᠵᠢᠭᠠᠪᠣᠷᠢ ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠬᠦᠨᠵᠡᠭᠡᠢ ᠰᠣᠷᠣᠯᠴᠠᠨ ᠲᠣᠣᠱᠯᠠᠭᠤᠯᠵᠣ᠂ ᠦᠪᠡᠷᠳᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ᠂ ᠬᠤᠶᠠᠷ ᠰᠠᠭᠤᠷᠢᠨ ᠭᠠᠵᠠᠷ᠂ ᠨᠢᠭᠡ ᠪᠠᠬᠢᠯᠡᠯᠳᠡ︾1 ᠶᠢ ᠪᠦᠲᠦᠭᠡᠨ ᠪᠠᠶᠢᠭᠤᠯᠬᠤ ᠪᠠᠶᠢᠯᠳᠣᠬᠤ ᠪᠣᠳᠣᠯᠭ᠎ᠠ ᠶᠢᠨ ᠣᠷᠣᠨ ᠲᠣᠭᠳᠠᠭᠠᠯᠳᠠ ᠶᠢᠨ ᠲᠣᠭᠤᠷᠢᠨ  ᠳᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠳᠣ ᠪᠠᠬᠢ ᠪᠣᠢ ᠪᠣᠯᠭᠠᠵᠣ᠂ ᠴᠢᠨᠠᠷᠯᠢᠭ ᠬᠦᠭᠵᠢᠯᠳᠡ ᠶᠢᠨ ᠭᠤᠣᠯ ᠰᠡᠳᠦᠪ ᠢ ᠴᠢᠩᠭ᠎ᠠ ᠠᠳᠬᠤᠵᠣ᠂ ᠰᠡᠳᠬᠢᠯ ᠢᠶᠠᠨ ᠨᠢᠭᠡᠳᠭᠡᠨ ᠬᠦᠴᠦᠨ ᠢᠶᠠᠨ ᠬᠠᠮᠳᠣᠳᠬᠠᠵᠣ ᠬᠦᠭᠵᠢᠯᠳᠡ ᠶᠢ ᠡᠷᠢᠯᠬᠢᠯᠡᠨ᠂ ᠡᠷᠡᠮᠡᠭᠡᠶᠢᠯᠡᠨ ᠣᠷᠣᠭᠰᠢᠯᠠᠵᠣ ᠰᠢᠨ᠎ᠡ ᠬᠠᠭᠤᠳᠠᠰᠣ ᠶᠢ ᠪᠢᠴᠢᠭᠯᠡᠨ᠂ ᠬᠤᠰᠢᠭᠤ ᠠᠷᠪᠠᠨ ᠲᠠᠪᠣᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠣᠳᠠᠭ᠎ᠠ ᠪᠦᠷᠢ ᠶᠢᠨ ᠬᠤᠷᠠᠯᠳᠣᠭᠠᠨ ᠤ ᠲᠣᠭᠳᠠᠭᠠᠭᠰᠠᠨ ᠭᠤᠣᠯ ᠬᠠᠷᠠᠯᠳᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠠᠵᠢᠯ ᠪᠦᠬᠦ ᠲᠠᠯ᠎ᠠ ᠶᠢᠨ ᠠᠮᠵᠢᠯᠳᠠ ᠣᠯᠵᠣ᠂ ᠪᠦᠬᠦ ᠣᠯᠣᠰ  ᠲᠠᠢ ᠵᠡᠷᠭᠡᠪᠡᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠣ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠰᠢᠨ᠎ᠡ ᠠᠶᠠᠨ ᠢ ᠡᠬᠢᠯᠡᠭᠦᠯᠪᠡ᠃ ᠵᠢᠱᠢᠯᠳᠡ ᠪᠠᠷ ᠪᠦᠬᠦ ᠬᠤᠰᠢᠭᠤᠨ ᠤ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ 2017 ᠣᠨ ᠤ 37.8 ᠳ᠋ᠦᠩᠰᠢᠭᠤᠷ ᠲᠦᠭᠦᠷᠢᠭ ᠪᠠᠶᠢᠭᠰᠠᠨ ᠠᠴᠠ 2021 ᠣᠨ ᠳᠤ 40.3 ᠳ᠋ᠦᠩᠰᠢᠭᠤᠷ ᠲᠦᠭᠦᠷᠢᠭ ᠪᠣᠯᠣᠨ ᠦᠰᠴᠦ᠂ ᠵᠢᠯ ᠳᠣᠮᠳᠠᠴᠢ 1.6%  ᠪᠠᠷ ᠨᠡᠮᠡᠭᠳᠡᠪᠡ︔ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠲᠣᠬᠢᠷᠠᠭᠤᠯᠵᠣ ᠪᠣᠯᠬᠤᠶᠢᠴᠠ ᠣᠷᠣᠯᠭ᠎ᠠ 34754 ᠲᠦᠭᠦᠷᠢᠭ ᠪᠠ 10615 ᠲᠦᠭᠦᠷᠢᠭ ᠪᠠᠶᠢᠭᠰᠠᠨ ᠠᠴᠠ 41930 ᠲᠦᠭᠦᠷᠢᠭ ᠪᠠ 15630 ᠲᠦᠭᠦᠷᠢᠭ ᠪᠣᠯᠣᠨ ᠦᠰᠴᠦ᠂ ᠵᠢᠯ ᠳᠣᠮᠳᠠᠴᠢ 4.8% ᠪᠠ 10.2%  ᠢᠶᠠᠷ ᠨᠡᠮᠡᠭᠳᠡᠪᠡ︔ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠨᠡᠶᠢᠳᠡ 8.6 ᠳ᠋ᠦᠩᠰᠢᠭᠤᠷ ᠲᠦᠭᠦᠷᠢᠭ ᠲᠤ ᠬᠦᠷᠴᠦ᠂ ᠵᠢᠯ ᠳᠣᠮᠳᠠᠴᠢ 1.08% ᠪᠠᠷ ᠨᠡᠮᠡᠭᠳᠡᠪᠡ︔ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠨᠡᠶᠢᠳᠡ 47.3 ᠳ᠋ᠦᠩᠰᠢᠭᠤᠷ ᠲᠦᠭᠦᠷᠢᠭ ᠪᠡᠶᠡᠯᠡᠭᠦᠯᠵᠦ᠂ ᠵᠢᠯ ᠳᠣᠮᠳᠠᠴᠢ 8.1% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠣᠷᠣᠯᠠᠭᠤᠯᠭ᠎ᠠ ᠶᠢᠨ ᠶᠡᠷᠦᠩᠭᠡᠢ ᠦᠨ᠎ᠡ ᠨᠡᠶᠢᠳᠡ 34 ᠳ᠋ᠦᠩᠰᠢᠭᠤᠷ ᠲᠦᠭᠦᠷᠢᠭ ᠪᠡᠶᠡᠯᠡᠭᠦᠯᠵᠦ᠂ ᠵᠢᠯ ᠳᠣᠮᠳᠠᠴᠢ 2.4% ᠪᠠᠷ ᠨᠡᠮᠡᠭᠳᠡᠵᠦ᠂ ᠭᠤᠣᠯ ᠪᠣᠯᠬᠤ ᠠᠵᠣ ᠠᠬᠤᠢ ᠶᠢᠨ ᠭᠦᠢᠴᠡᠳᠭᠡᠯ ᠲᠤᠭ᠎ᠠ ᠵᠢᠱᠢᠭᠰᠡᠨ ᠬᠠᠷᠠᠯᠳᠠ ᠪᠠᠨ ᠣᠷᠢᠳᠴᠢᠯᠠᠨ ᠪᠡᠶᠡᠯᠡᠭᠦᠯᠵᠦ᠂ ︽ᠠᠷᠪᠠᠨ ᠲᠦᠷᠪᠡᠳᠦᠭᠡᠷ ᠲᠠᠪᠣᠨ ᠵᠢᠯ︾ ᠤᠨ ᠲᠦᠯᠦᠪᠵᠢᠭᠦᠯᠭᠡ ᠶᠢᠨ ᠰᠠᠶᠢᠨ ᠡᠬᠢᠯᠡᠯᠳᠡ ᠶᠢ ᠪᠡᠶᠡᠯᠡᠭᠦᠯᠪᠡ᠃ᠳᠦᠷᠪᠡᠨ ᠵᠢᠯ ᠤᠨ ᠲᠣᠷᠰᠢ᠂ ᠪᠢᠳᠡ ᠬᠤᠷᠢᠭ᠎ᠠ ᠱᠣᠭᠤᠮ ᠤᠨ ᠰᠡᠳᠬᠢᠴᠡ ᠶᠢ ᠪᠠᠷᠢᠮᠳᠠᠯᠠᠵᠣ᠂ ᠣᠷᠣᠨ ᠨᠣᠳᠤᠭ  ᠢᠶᠠᠨ ᠬᠠᠮᠠᠭᠠᠯᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠭᠤᠷᠪᠠᠨ ᠶᠡᠭᠡ ᠰᠢᠪᠳᠣᠯᠣᠳᠠ ᠶᠢᠨ ᠠᠵᠢᠯ ᠪᠦᠬᠦ ᠲᠠᠯ᠎ᠠ ᠶᠢᠨ ᠠᠮᠵᠢᠯᠳᠠ ᠣᠯᠪᠠ᠃ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠠᠵᠢᠯ ᠢᠶᠠᠷ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠪᠦᠬᠦ ᠲᠠᠯ᠎ᠠ ᠶᠢ ᠶᠡᠷᠦᠩᠭᠡᠶᠢᠯᠡᠨ ᠵᠢᠯᠣᠭᠤᠳᠣᠭᠤᠯᠵᠣ᠂ ︽ᠲᠠᠪᠣᠨ ᠨᠢᠭᠡ ᠪᠦᠯᠦᠭ︾2 ᠲᠤ ᠲᠦᠪᠯᠡᠷᠡᠭᠦᠯᠦᠨ ᠲᠦᠷᠦ ᠶᠢᠨ ᠪᠣᠳᠣᠯᠭ᠎ᠠ ᠶᠢ ᠨᠠᠷᠢᠯᠢᠭ ᠣᠨᠣᠪᠴᠢᠳᠠᠢ ᠬᠡᠷᠡᠭᠵᠢᠭᠦᠯᠵᠦ᠂ ︽ᠵᠢᠷᠭᠤᠭᠠᠨ ᠨᠠᠷᠢᠯᠢᠭ ᠣᠨᠣᠪᠴᠢᠳᠠᠢ︾3 ᠳᠤ ᠬᠠᠨᠳᠣᠭᠤᠯᠣᠭᠰᠠᠨ ᠰᠢᠪᠳᠣᠯᠣᠯᠳᠠ ᠶᠢᠨ ᠠᠵᠢᠯ ᠤᠨ ᠲᠣᠭᠤᠷᠢᠨ ᠳᠤ᠂ 3.5 ᠳ᠋ᠦᠩᠰᠢᠭᠤᠷ ᠲᠦᠭᠦᠷᠢᠭ ᠤᠨ ᠶᠠᠳᠠᠭᠤ ᠶᠢ ᠳᠡᠳᠭᠦᠬᠦ ᠪᠡᠯᠡ ᠮᠦᠩᠭᠦ ᠣᠷᠣᠭᠤᠯᠵᠣ᠂ ᠶᠠᠳᠠᠭᠤ ᠶᠢ ᠳᠡᠳᠭᠦᠬᠦ 221 ᠲᠦᠷᠦᠯ ᠵᠦᠢᠯ ᠢ ᠬᠡᠷᠡᠭᠵᠢᠭᠦᠯᠵᠦ᠂ ︽ᠬᠤᠶᠠᠷ ᠲᠤ ᠵᠣᠪᠠᠭ᠋ᠣ ᠦᠭᠡᠢ᠂ ᠭᠤᠷᠪᠠᠨ ᠪᠠᠳᠣᠯᠠᠭ᠎ᠠ ᠲᠠᠢ ᠪᠠᠶᠢᠬᠤ︾4 ᠶᠢ ᠪᠦᠬᠦ ᠲᠠᠯ᠎ᠠ ᠪᠠᠷ ᠪᠠᠷᠢᠮᠵᠢᠶᠠᠨ ᠳᠤ ᠬᠦᠷᠭᠡᠵᠦ᠂ ᠣᠣᠭᠤᠬᠤ ᠣᠰᠣᠨ ᠤ ᠠᠮᠣᠷ ᠲᠦᠪᠰᠢᠨ ᠢ ᠨᠡᠶᠢᠳᠡᠮ ᠲᠦᠭᠡᠮᠡᠯᠵᠢᠭᠦᠯᠬᠦ ᠶᠢ ᠪᠡᠶᠡᠯᠡᠭᠦᠯᠵᠦ᠂ 2036 ᠡᠷᠦᠭᠡ ᠶᠢᠨ 5102 ᠶᠠᠳᠠᠭᠤ ᠬᠦᠴᠢᠷᠳᠡᠯᠳᠠᠢ ᠬᠦᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠣ᠂ 34 ᠶᠠᠳᠠᠭᠤ ᠬᠦᠴᠢᠷᠳᠠᠯᠳᠠᠢ ᠭᠠᠴᠠᠭ᠎ᠠ ᠲᠣᠰᠬᠤᠨ ᠢ ᠴᠦᠮ ᠶᠠᠳᠠᠭᠤ ᠠᠴᠠ ᠭᠠᠷᠭᠠᠵᠣ᠂ ᠣᠯᠣᠰ ᠤᠨ ᠳᠡᠰ ᠤᠨ ᠶᠠᠳᠠᠭᠤ ᠬᠤᠰᠢᠭᠤ ᠶᠢᠨ ᠮᠠᠯᠠᠭᠠᠢ ᠪᠠᠨ ᠪᠦᠬᠦ ᠣᠷᠣᠨ ᠳᠤ ᠬᠠᠮᠤᠭ ᠲᠡᠷᠢᠭᠦᠨ ᠳᠤ ᠠᠪᠴᠣ ᠬᠠᠶᠠᠭᠰᠠᠨ ᠮᠠᠯᠵᠢᠯ ᠤᠨ ᠬᠤᠰᠢᠭᠤ ᠰᠢᠶᠠᠨ ᠪᠣᠯᠪᠠ᠃ ᠪᠡᠭᠡᠵᠢᠩ ᠬᠤᠳᠠ᠂ ᠲᠣᠭᠤᠷᠢᠭ ᠤᠨ ᠬᠤᠶᠠᠷ ᠱᠠᠳᠣ ᠪᠣᠯᠣᠨ ᠳᠣᠮᠳᠠᠳᠣ ᠣᠯᠣᠰ ᠤᠨ ᠠᠭᠠᠷ ᠠᠶᠠᠯᠠᠯ ᠤᠨ ᠪᠦᠯᠦᠭᠯᠡᠯ  ᠪᠦᠬᠦ ᠬᠦᠴᠦ ᠪᠠᠷ  ᠢᠶᠠᠨ ᠬᠠᠪᠰᠣᠷᠣᠨ ᠳᠡᠳᠭᠦᠵᠦ᠂ ᠠᠵᠣ ᠦᠢᠯᠡᠰ ᠤᠨ ᠬᠦᠭᠵᠢᠯᠳᠡ᠂ ᠬᠤᠳᠠᠯᠳᠣᠭᠠᠨ ᠤ ᠶᠠᠪᠣᠳᠠᠯ ᠤᠨ ᠬᠠᠷᠢᠯᠴᠠᠭ᠎ᠠ᠂ ᠣᠶᠣᠨ ᠣᠬᠠᠭᠠᠨ ᠢ ᠨᠢ ᠳᠡᠳᠭᠦᠬᠦ᠂ ᠠᠮᠢ ᠠᠬᠤᠢ ᠶᠢᠨ ᠪᠦᠲᠦᠭᠡᠨ ᠪᠠᠶᠢᠭᠤᠯᠣᠯᠳᠠ ᠵᠡᠷᠭᠡ ᠲᠠᠯ᠎ᠠ ᠳᠤ᠂ ᠪᠦᠬᠦ ᠲᠠᠯ᠎ᠠ  ᠶᠢᠨ ᠳᠡᠮᠵᠢᠯᠭᠡ ᠦᠵᠡᠭᠦᠯᠵᠦ᠂ ᠨᠡᠶᠢᠳᠡ 1.25 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ 99 ᠬᠠᠪᠰᠣᠷᠣᠨ ᠳᠡᠳᠭᠦᠬᠦ ᠲᠦᠷᠦᠯ ᠵᠦᠢᠯ ᠢ ᠬᠡᠷᠡᠭᠵᠢᠭᠦᠯᠵᠦ᠂ ᠠᠵᠣ ᠦᠢᠯᠡᠰᠵᠢᠭᠰᠡᠨ ᠲᠦᠷᠦᠯ ᠵᠦᠢᠯ ᠤᠨ ᠠᠵᠣ ᠠᠬᠤᠢ ᠶᠢᠨ ᠦᠷ᠎ᠡ ᠠᠰᠢᠭ 1028 ᠲᠦᠮᠡᠨ ᠲᠦᠭᠦᠷᠢᠭ ᠲᠤ ᠬᠦᠷᠴᠦ᠂ ᠮᠠᠨ ᠤ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠪᠣᠯᠣᠨ ᠣᠨᠴᠠᠯᠢᠭᠳᠣ ᠪᠦᠲᠦᠭᠡᠭᠳᠡᠭᠦᠨ ᠢ ᠪᠡᠭᠡᠵᠢᠩ  ᠤᠨ ᠵᠠᠬ᠎ᠠ ᠳᠤ ᠭᠠᠷᠭᠠᠬᠤ ᠵᠠᠮ ᠢ ᠰᠢᠯᠣᠭᠤᠳᠬᠠᠨ᠂  ᠶᠠᠳᠠᠭᠤ ᠬᠦᠴᠢᠷᠳᠡᠯᠳᠠᠢ ᠭᠡᠷ ᠪᠦᠯᠢ ᠶᠢᠨ 24 ᠦᠷ᠎ᠡ ᠭᠡᠣᠭᠡᠳ ᠤᠨ ︽ᠠᠭᠠᠷ ᠠᠶᠠᠯᠠᠯ ᠤᠨ ᠦᠢᠯᠡᠴᠢᠯᠡᠭᠴᠢ︾ ᠪᠣᠯᠬᠤ ᠬᠦᠰᠡᠯ ᠢ ᠪᠡᠶᠡᠯᠡᠭᠦᠯᠵᠦ᠂ 4282 ᠶᠠᠳᠠᠭᠤ ᠬᠦᠴᠢᠷᠳᠡᠯᠳᠠᠢ ᠬᠦᠮᠦᠨ ᠠᠮᠠ ᠶᠢᠨ ᠦᠨᠳᠦᠰᠦᠨ ᠦᠢᠯᠡᠳᠪᠦᠷᠢᠯᠡᠯ ᠠᠮᠢᠳᠣᠷᠠᠯ ᠤᠨ ᠨᠦᠬᠦᠴᠡᠯ ᠢ ᠨᠢ ᠰᠠᠶᠢᠵᠢᠷᠠᠭᠤᠯᠵᠣ᠂ ᠪᠦᠬᠦ ᠬᠤᠰᠢᠭᠤᠨ ᠤ ᠣᠯᠠᠨ ᠲᠦᠮᠡᠨ ᠡᠮ ᠡᠮᠨᠡᠯᠭᠡ᠂ ᠰᠣᠷᠭᠠᠨ ᠬᠦᠮᠦᠵᠢᠯ ᠵᠡᠷᠭᠡ ᠲᠠᠯ᠎ᠠ ᠳᠤ ᠦᠨᠡᠨ ᠪᠣᠳᠠᠳᠠᠢ ᠬᠠᠷᠠᠭᠠᠯᠵᠠᠯ ᠬᠦᠷᠳᠡᠪᠡ᠃ ᠪᠢᠳᠡ ᠬᠠᠷᠢᠴᠠᠯᠠᠰᠢᠭᠦᠢ ᠶᠠᠳᠠᠭᠤ ᠬᠦᠴᠢᠷᠳᠡᠯᠳᠠᠢ ᠪᠠᠶᠢᠳᠠᠯ ᠢ ᠲᠡᠣᠭᠡᠳᠦ ᠴᠢᠨᠠᠷᠳᠠᠢ ᠪᠠᠷ ᠦᠭᠡᠶᠢᠰᠭᠡᠵᠦ᠂ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠣᠯᠠᠨ ᠲᠦᠮᠡᠨ ᠳᠤ ᠠᠮᠠᠯᠳᠠᠭᠰᠠᠨ ᠲᠦᠪ ᠴᠢᠩᠭ᠎ᠠ ᠠᠮᠠᠯᠠᠯᠳᠠ ᠪᠠᠨ ᠪᠡᠶᠡᠯᠡᠭᠦᠯᠪᠡ᠃ ᠡᠭᠦᠨ ᠤ ᠬᠠᠮᠳᠣ᠂ ᠪᠢᠳᠡ ᠲᠠᠷᠣᠯᠳᠠ ᠪᠠᠨ ᠰᠣᠯᠠᠷᠠᠭᠤᠯᠬᠤ ᠦᠭᠡᠢ᠂ ᠡᠷᠴᠢ ᠵᠣᠷᠢᠭ ᠢᠶᠠᠨ ᠪᠠᠭᠤᠷᠠᠭᠤᠯᠬᠤ ᠦᠭᠡᠢ ᠪᠠᠶᠢᠬᠤ ᠶᠢ ᠪᠠᠷᠢᠮᠳᠠᠯᠠᠵᠣ᠂ ᠶᠠᠳᠠᠭᠤ ᠠᠴᠠ ᠠᠩᠭᠢᠵᠢᠷᠠᠭᠤᠯᠣᠭᠰᠠᠨ ᠰᠢᠪᠳᠣᠯᠣᠯᠳᠠ ᠶᠢᠨ ᠦᠷ᠎ᠡ ᠪᠦᠲᠦᠮᠵᠢ ᠶᠢ ᠪᠠᠳᠣᠳᠬᠠᠨ ᠦᠷᠭᠡᠳᠭᠡᠬᠦ ᠶᠢ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠯᠤᠭ᠎ᠠ ᠪᠦᠲᠦᠮᠵᠢᠳᠠᠢ ᠵᠣᠯᠭᠠᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠵᠣ᠂ 1.07 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ ᠠᠷᠠᠳ ᠤᠨ ᠠᠮᠢᠳᠣᠷᠠᠯ ᠪᠣᠯᠣᠨ ᠣᠨᠴᠠᠯᠢᠭᠳᠣ ᠠᠵᠣ ᠦᠢᠯᠡᠰ ᠤᠨ 26 ᠲᠦᠷᠦᠯ ᠵᠦᠢᠯ᠂ ᠪᠡᠭᠡᠵᠢᠩ ᠦᠪᠦᠷ ᠮᠣᠩᠭᠤᠯ ᠤᠨ ᠬᠠᠮᠵᠢᠯᠴᠠᠭᠠᠨ ᠤ 22 ᠲᠦᠷᠦᠯ ᠵᠦᠢᠯ᠂ ᠳᠣᠮᠳᠠᠳᠣ ᠣᠯᠣᠰ ᠤᠨ ᠠᠭᠠᠷ ᠠᠶᠠᠯᠠᠯ ᠤᠨ ᠪᠦᠯᠦᠭᠯᠡᠯ ᠤᠨ ᠲᠣᠭᠳᠠᠭᠰᠠᠨ ᠴᠡᠭ ᠤᠨ ᠬᠠᠪᠰᠣᠷᠣᠨ ᠳᠡᠳᠭᠦᠬᠦ 14 ᠲᠦᠷᠦᠯ ᠵᠦᠢᠯ ᠢ ᠲᠦᠯᠦᠪᠯᠡᠨ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠣᠭᠰᠠᠨ ᠰᠠᠭᠤᠷᠢ ᠶᠢ ᠨᠡᠩ ᠪᠠᠳᠣᠳᠬᠠᠨ᠂ ᠦᠷ᠎ᠡ ᠪᠦᠲᠦᠮᠵᠢ ᠶᠢ ᠨᠡᠩ ᠢᠯᠡᠭᠦᠦ ᠦᠷᠭᠦᠯᠵᠢᠯᠡᠭᠦᠶᠢᠴᠡ ᠪᠣᠯᠭᠠᠬᠤ ᠶᠢ ᠪᠠᠳᠣᠯᠠᠪᠠ᠃ ᠪᠣᠬᠢᠷᠳᠣᠯ ᠢ ᠰᠡᠷᠭᠡᠶᠢᠯᠡᠨ ᠵᠠᠰᠠᠬᠤ ᠰᠢᠪᠳᠣᠯᠣᠯᠳᠠ ᠶᠢᠨ ᠠᠵᠢᠯ ᠢᠶᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠣᠬᠢᠷᠳᠣᠯ ᠦᠭᠡᠢ ᠪᠦᠲᠦᠭᠡᠨ ᠪᠠᠶᠢᠭᠤᠯᠬᠤ ᠶᠢ ᠪᠡᠶᠡᠯᠡᠭᠦᠯᠵᠦ᠂ ᠪᠣᠬᠢᠷᠳᠣᠯ ᠢ ᠰᠡᠷᠭᠡᠶᠢᠯᠡᠨ ᠵᠠᠰᠠᠬᠤ ︽ᠭᠤᠷᠪᠠᠨ ᠵᠢᠯ  ᠤᠨ ᠠᠵᠢᠯᠯᠠᠭ᠎ᠠ ᠶᠢᠨ ᠲᠦᠯᠦᠪᠯᠡᠭᠡ︾ ᠶᠢ ᠲᠡᠭᠦᠰ ᠠᠮᠵᠢᠯᠳᠠᠳᠠᠢ ᠪᠡᠶᠡᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢ ᠨᠦᠯᠦᠭᠡᠯᠡᠨ ᠡᠪᠳᠡᠭᠰᠡᠨ ᠨᠢᠭᠡ ᠪᠦᠯᠦᠭ ᠳᠣᠪᠣᠶᠢᠮ᠎ᠠ ᠠᠰᠠᠭᠤᠳᠠᠯ ᠢ ᠪᠦᠲᠦᠮᠵᠢᠳᠠᠢ ᠰᠢᠢᠳᠪᠦᠷᠢᠯᠡᠵᠦ᠂ ᠪᠦᠬᠦ ᠬᠤᠰᠢᠭᠤᠨ ᠤ ᠠᠭᠠᠷ ᠮᠠᠨᠳᠠᠯ ᠤᠨ ᠶᠠᠰᠣ ᠴᠢᠨᠠᠷ ᠤᠨ ᠪᠠᠷᠢᠮᠵᠢᠶᠠᠨ ᠳᠤ ᠬᠦᠷᠦᠭᠰᠡᠨ ᠡᠳᠦᠷ ᠤᠨ ᠲᠤᠭ᠎ᠠ ᠶᠢᠨ ᠬᠠᠷᠢᠴᠠᠯ ᠨᠢ 94% ᠳᠤ ᠬᠦᠷᠴᠦ᠂ ᠪᠣᠬᠢᠷ ᠣᠰᠣ ᠶᠢ ᠬᠤᠷᠢᠶᠠᠨ ᠴᠣᠭᠯᠠᠭᠤᠯᠬᠤ ᠨᠣᠷᠮ᠎ᠠ 96% ᠳᠤ ᠬᠦᠷᠴᠦ᠂ ᠴᠡᠪᠡᠷᠰᠢᠭᠦᠯᠦᠭᠰᠡᠨ ᠣᠰᠣ ᠶᠢ ᠲᠠᠬᠢᠨ ᠠᠰᠢᠭᠯᠠᠭᠰᠠᠨ ᠨᠣᠷᠮ᠎ᠠ 85% ᠳᠤ ᠬᠦᠷᠴᠦ᠂ ᠬᠦᠷᠦᠰᠦ ᠰᠢᠷᠣᠢ ᠶᠢᠨ ᠣᠷᠴᠢᠨ ᠲᠣᠭᠤᠷᠢᠨ ᠤ ᠶᠠᠰᠣ ᠴᠢᠨᠠᠷ ᠶᠡᠷᠦᠩᠭᠡᠢ ᠳᠡᠭᠡᠨ ᠨᠡᠯᠢᠶᠡᠳ ᠰᠠᠶᠢᠨ ᠪᠠᠶᠢᠵᠣ᠂ ᠮᠠᠨ ᠤ ᠬᠤᠰᠢᠭᠤᠨ ᠤ ᠰᠢᠶᠠᠨ  ᠤ ᠬᠡᠪᠴᠢᠶᠡᠨ ᠳᠠᠬᠢ ᠠᠮᠢ ᠠᠬᠤᠢ ᠶᠢᠨ ᠲᠡᠷᠢᠭᠦᠨ ᠤ ᠦᠢᠯᠡ ᠶᠠᠪᠣᠳᠠᠯ ᠨᠢ ᠣᠯᠣᠰ ᠤᠨ ᠣᠷᠴᠢᠨ ᠲᠣᠭᠤᠷᠢᠨ ᠤ ᠶᠠᠰᠣ ᠴᠢᠨᠠᠷ ᠤᠨ ᠬᠢᠨᠠᠨ ᠬᠡᠮᠵᠢᠯᠳᠡ ᠶᠢᠨ ᠦᠨᠡᠯᠡᠯᠳᠡ ᠪᠣᠯᠣᠨ ᠬᠢᠨᠠᠨ ᠰᠢᠯᠭᠠᠬᠤ ᠨᠡᠶᠢᠳᠡᠯᠢᠭ ᠵᠢᠱᠢᠶ᠎ᠡ ᠶᠢᠨ ᠬᠤᠷᠢᠶᠠᠩᠭᠤᠶᠢᠯᠠᠯ ᠳᠤ ᠰᠣᠩᠭᠤᠭᠳᠠᠪᠠ᠃ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠷ ᠡᠷᠡᠭᠦᠯ ᠬᠦᠭᠵᠢᠯᠳᠡ ᠶᠢᠨ ᠬᠤᠷᠢᠭ᠎ᠠ ᠱᠣᠭᠤᠮ ᠢ ᠪᠠᠳᠣ ᠰᠠᠬᠢᠵᠣ᠂ ᠣᠷᠣᠯᠭ᠎ᠠ ᠪᠠᠨ ᠨᠡᠮᠡᠭᠳᠡᠭᠦᠯᠦᠨ ᠵᠠᠷᠣᠯᠭ᠎ᠠ ᠪᠠᠨ ᠪᠠᠭᠠᠰᠬᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠳᠠᠯᠠᠵᠣ᠂ ᠡᠳ᠋ ᠤᠨ ᠵᠠᠰᠠᠭ ᠤᠨ ᠬᠠᠳᠠᠭᠠᠯᠠᠮᠵᠢ ᠪᠡᠯᠡ ᠮᠦᠩᠭᠦ ᠶᠢ ᠡᠷᠬᠢᠯᠳᠡ ᠳᠤ ᠣᠷᠣᠭᠤᠯᠬᠤ᠂ ᠣᠯᠣᠰ ᠤᠨ ᠦᠮᠴᠢᠯᠡᠯᠳᠦ ᠡᠳ᠋ ᠬᠦᠷᠦᠩᠭᠡ ᠶᠢ ᠨᠠᠷᠢᠨ ᠨᠢᠭᠳᠠ ᠮᠦᠷᠳᠡᠨ ᠪᠠᠶᠢᠴᠠᠭᠠᠬᠤ᠂ ᠡᠳ᠋ ᠤᠨ ᠵᠠᠰᠠᠭ ᠤᠨ ᠪᠡᠯᠡ ᠮᠦᠩᠭᠦ ᠪᠣᠯᠣᠨ ᠭᠠᠶᠢᠯᠢ ᠶᠢᠨ ᠰᠦᠢᠳᠭᠡᠯ ᠢ ᠰᠢᠯᠭᠠᠨ ᠪᠠᠶᠢᠴᠠᠭᠠᠵᠣ ᠦᠷᠢ ᠰᠢᠷᠢ ᠶᠢ ᠢᠯᠭᠠᠷᠠᠭᠤᠯᠣᠨ ᠪᠣᠳᠣᠬᠤ ᠵᠢᠴᠢ ᠬᠠᠷᠢᠯᠴᠠᠭᠠᠨ ᠤ ᠵᠣᠭᠤᠰ ᠢ ᠴᠡᠪᠡᠷᠯᠡᠬᠦ ᠭᠤᠷᠪᠠᠨ ᠲᠣᠰᠬᠠᠢ ᠲᠦᠷᠦᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠭᠦᠯᠵᠦ᠂ ᠡᠳ᠋ ᠤᠨ ᠵᠠᠰᠠᠭ ᠤᠨ ᠪᠡᠯᠡ ᠣᠷᠣᠭᠤᠯᠬᠤ ᠬᠢᠨᠠᠨ ᠦᠨᠡᠯᠡᠯᠳᠡ ᠪᠠᠷ ᠳᠠᠮᠵᠢᠨ᠂ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶᠠᠨ ᠤ ᠮᠦᠩᠭᠦ ᠶᠢ 0.97 ᠳ᠋ᠦᠩᠰᠢᠭᠤᠷ ᠲᠦᠭᠦᠷᠢᠭ ᠠᠷᠪᠢᠯᠠᠵᠣ᠂ ᠳᠡᠭᠡᠲᠦ ᠱᠠᠳᠣᠨ ᠤ ᠲᠣᠰᠬᠠᠢ ᠲᠦᠷᠦᠯ ᠤᠨ ᠪᠡᠯᠡ ᠮᠦᠩᠭᠦ ᠵᠢᠴᠢ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠳᠦ ᠶᠢ 37.9 ᠳ᠋ᠦᠩᠰᠢᠭᠤᠷ ᠲᠦᠭᠦᠷᠢᠭ ᠲᠡᠮᠡᠴᠡᠨ ᠣᠯᠵᠣ᠂ 16.9 ᠳ᠋ᠦᠩᠰᠢᠭᠤᠷ ᠲᠦᠭᠦᠷᠢᠭ ᠤᠨ ᠵᠠᠰᠠᠭ ᠤᠨ ᠣᠷᠳᠣᠨ ᠤ ᠦᠷᠢ ᠰᠢᠷᠢ ᠶᠢ ᠰᠢᠢᠳᠪᠦᠷᠢᠯᠡᠵᠦ᠂ ᠦᠷᠢ ᠰᠢᠷᠢ ᠶᠢᠨ ᠨᠣᠷᠮ᠎ᠠ 290.3% ᠪᠠᠶᠢᠭᠰᠠᠨ ᠠᠴᠠ 224% ᠪᠣᠯᠣᠨ ᠪᠠᠭᠤᠷᠠᠪᠠ᠃ᠳᠦᠷᠪᠡᠨ ᠵᠢᠯ ᠤᠨ ᠲᠣᠷᠰᠢ᠂ ᠪᠢᠳᠡ ᠬᠡᠯᠪᠡᠷᠢ ᠶᠢ ᠬᠤᠪᠢᠷᠠᠭᠤᠯᠣᠨ ᠳᠡᠰ ᠳᠡᠪᠰᠢᠭᠦᠯᠬᠦ ᠶᠢ ᠪᠠᠷᠢᠮᠳᠠᠯᠠᠵᠣ᠂ ᠬᠦᠴᠢᠷ ᠪᠡᠷᠭᠡ ᠶᠢ ᠢᠯᠠᠨ ᠳᠠᠪᠠᠵᠣ᠂ ᠠᠵᠣ ᠠᠬᠤᠢ ᠶᠢᠨ ᠪᠦᠲᠦᠭᠡᠨ ᠪᠠᠶᠢᠭᠤᠯᠣᠯᠳᠠ ᠶᠢᠨ ᠦᠷ᠎ᠡ ᠠᠰᠢᠭ ᠢ ᠲᠦᠪᠯᠡᠷᠡᠭᠦᠯᠪᠡ᠃ ᠣᠳᠣ ᠦᠶ᠎ᠡ ᠶᠢᠨ ᠮᠠᠯ ᠠᠵᠣ ᠠᠬᠤᠢ ᠦᠨᠳᠦᠷ ᠦᠷ᠎ᠡ ᠪᠦᠲᠦᠮᠵᠢᠳᠠᠢ ᠬᠦᠭᠵᠢᠪᠡ᠃ ︽ᠬᠤᠨᠢᠨ ᠤ ᠡᠭᠦᠯᠳᠡᠷ ᠢ ᠰᠢᠯᠢᠳᠡᠭᠵᠢᠭᠦᠯᠦᠨ ᠦᠭᠡᠷ ᠦᠰᠭᠡᠬᠦ︾ ︽ᠬᠤᠨᠢᠨ ᠤ ᠡᠭᠦᠯᠳᠡᠷ ᠢ ᠰᠢᠯᠢᠳᠡᠭᠵᠢᠭᠦᠯᠦᠨ ᠲᠡᠮᠡᠭᠡ ᠦᠰᠭᠡᠬᠦ︾ ᠪᠠᠷ ᠭᠤᠣᠯᠳᠠᠯᠭ᠎ᠠ ᠪᠣᠯᠭᠠᠭᠰᠠᠨ ᠮᠠᠯ ᠠᠵᠣ ᠠᠬᠤᠢ ᠶᠢᠨ ᠪᠦᠲᠦᠴᠡ ᠶᠢᠨ ᠲᠣᠬᠢᠷᠠᠭᠤᠯᠣᠯᠳᠠ ᠡᠬᠢᠯᠡᠨ ᠦᠷ᠎ᠡ ᠪᠦᠲᠦᠮᠵᠢ ᠣᠯᠵᠣ᠂ ᠣᠯᠠᠨ ᠲᠠᠯ᠎ᠠ ᠪᠠᠷ ᠬᠦᠭᠵᠢᠭᠦᠯᠬᠦ᠂ ᠣᠯᠠᠨ ᠳᠡᠰ ᠲᠣᠯᠭᠠᠭᠤᠷᠢᠯᠠᠬᠤ ᠣᠳᠣᠬᠢᠴᠢᠯᠠᠭᠰᠠᠨ ᠮᠠᠯ ᠠᠵᠣ ᠠᠬᠤᠢ  ᠶᠢᠨ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠵᠦ᠂ ᠰᠦᠨᠢᠳ ᠬᠤᠨᠢ᠂ ᠰᠦᠨᠢᠳ ᠬᠤᠣᠰ ᠪᠦᠬᠦᠲᠦ ᠲᠡᠮᠡᠭᠡ ᠶᠢ ᠣᠯᠣᠰ ᠤᠨ ᠭᠠᠵᠠᠷ ᠵᠦᠢ ᠶᠢᠨ ᠪᠠᠶᠢᠷᠢᠰᠢᠯ ᠤᠨ ᠲᠠᠸᠠᠷ ᠤᠨ ᠲᠡᠮᠳᠡᠭᠲᠦ ᠪᠠᠷ ᠠᠮᠵᠢᠯᠳᠠᠳᠠᠢ ᠳᠠᠩᠰᠠᠯᠠᠭᠤᠯᠪᠠ᠃ ᠬᠤᠨᠢᠨ ᠤ ᠠᠵᠣ ᠦᠢᠯᠡᠰ ᠤᠨ ᠶᠠᠰᠣ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠯᠣᠰ ᠤᠨ ᠳᠡᠰ ᠤᠨ ᠢᠳᠡᠰᠢᠨ ᠤ ᠬᠤᠨᠢᠨ ᠤ ᠭᠤᠣᠯ ᠰᠦᠷᠦᠭ ᠢ ᠮᠠᠯᠵᠢᠬᠤ ᠲᠠᠯᠠᠪᠠᠢ 1᠂ ᠰᠦᠨᠢᠳ ᠬᠤᠨᠢᠨ ᠤ ᠦᠷᠭᠡᠳᠭᠡᠭᠰᠡᠨ ᠮᠠᠯᠵᠢᠯ  ᠤᠨ ᠲᠠᠯᠠᠪᠠᠢ 10᠂ ᠭᠤᠣᠯ ᠰᠦᠷᠦᠭ ᠢ 140 ᠶᠢ ᠪᠠᠶᠢᠭᠤᠯᠵᠣ᠂ ᠡᠭᠦᠯᠳᠡᠷ ᠢ ᠬᠠᠮᠠᠭᠠᠯᠠᠬᠤ᠂ ᠰᠢᠯᠢᠳᠡᠭ ᠡᠭᠦᠯᠳᠡᠷ  ᠢ ᠦᠷᠡᠵᠢᠭᠦᠯᠬᠦ᠂ ᠬᠢᠵᠢᠭ ᠢ ᠰᠡᠷᠭᠡᠶᠢᠯᠡᠬᠦ ᠳᠠᠭᠠᠳᠬᠠᠯ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠨ᠂ ᠰᠦᠨᠢᠳ ᠬᠤᠨᠢᠨ ᠤ ᠰᠢᠯᠢᠳᠡᠭ ᠡᠭᠦᠯᠳᠡᠷ ᠤᠨ ᠨᠣᠷᠮ᠎ᠠ ᠶᠢ 80%᠂ ᠣᠨᠳᠣᠷᠣᠯᠳᠠ ᠶᠢᠨ ᠨᠣᠷᠮ᠎ᠠ ᠶᠢ 100%  ᠳᠤ ᠬᠦᠷᠭᠡᠵᠦ᠂ ᠮᠠᠨ ᠤ ᠬᠤᠰᠢᠭᠤ ᠶᠢ ᠬᠦᠳᠡᠭᠡ ᠠᠵᠣ ᠠᠬᠤᠢ ᠶᠢᠨ ᠶᠠᠮᠣᠨ ᠠᠴᠠ ᠦᠪᠦᠷ ᠮᠣᠩᠭᠤᠯ ᠤᠨ ᠲᠠᠯ᠎ᠠ ᠨᠣᠳᠤᠭ ᠤᠨ ᠢᠳᠡᠰᠢᠨ ᠤ ᠬᠤᠨᠢᠨ ᠤ ᠠᠵᠣ ᠦᠢᠯᠡᠰ ᠤᠨ ᠰᠦᠷᠦᠭᠵᠢᠯ ᠤᠨ ᠲᠦᠷᠦᠯ ᠵᠦᠢᠯ ᠤᠨ ᠬᠤᠰᠢᠭᠤ ᠰᠢᠶᠠᠨ ᠳᠤ ᠣᠷᠣᠭᠤᠯᠵᠣ᠂ ᠰᠦᠨᠢᠳ ᠬᠤᠨᠢᠨ ᠤ ᠮᠢᠬ᠎ᠠ ᠨᠢ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ  ᠤ ᠣᠨᠴᠠ ᠰᠢᠯᠢᠳᠡᠭ ᠳᠡᠰ ᠤᠨ ᠠᠭᠤᠷ ᠠᠮᠢᠰᠬᠤᠯ ᠤᠨ ᠰᠠᠶᠢᠨ ᠪᠦᠲᠦᠭᠡᠭᠳᠡᠭᠦᠨ ᠢᠶᠠᠷ ᠦᠨᠡᠯᠡᠭᠳᠡᠪᠡ︔ ᠦᠭᠡᠷ ᠤᠨ ᠠᠵᠣ ᠦᠢᠯᠡᠰ ᠢ ᠦᠷᠭᠦᠯᠵᠢᠯᠡᠨ ᠪᠣᠵᠠᠭᠠᠶᠢᠷᠠᠭᠤᠯᠵᠣ᠂ ︽ᠣᠷᠢᠵᠣ ᠣᠷᠣᠭᠤᠯᠣᠨ ᠦᠷᠭᠡᠳᠭᠡᠨ ᠮᠠᠯᠵᠢᠬᠤ᠂ ᠡᠭᠦᠯᠳᠡᠷ  ᠢ ᠨᠢ ᠰᠢᠯᠢᠳᠡᠭᠵᠢᠭᠦᠯᠬᠦ︾ ᠵᠡᠷᠭᠡ ᠮᠡᠷᠭᠡᠵᠢᠯ ᠢ ᠠᠰᠢᠭᠯᠠᠬᠤ ᠶᠢ ᠪᠠᠷᠢᠮᠳᠠᠯᠠᠵᠣ᠂ 3370 ᠰᠢᠯᠢᠳᠡᠭ ᠡᠭᠦᠯᠳᠡᠷ ᠤᠨ ᠢᠳᠡᠰᠢᠨ ᠤ ᠦᠭᠡᠷ ᠣᠷᠣᠭᠤᠯᠵᠣ᠂ 10.9 ᠲᠦᠮᠡᠨ ᠨᠣᠳᠤᠭ ᠤᠨ ᠦᠭᠡᠷ ᠤᠨ ᠡᠭᠦᠯᠳᠡᠷ ᠢ ᠰᠠᠶᠢᠵᠢᠷᠠᠭᠤᠯᠬᠤ ᠶᠢ ᠪᠡᠶᠡᠯᠡᠭᠦᠯᠵᠦ᠂ ᠦᠷ᠎ᠡ ᠶᠢᠨ ᠮᠠᠯ ᠤᠨ ᠲᠠᠯᠠᠪᠠᠢ 1᠂ ᠢᠳᠡᠰᠢᠨ ᠤ ᠦᠭᠡᠷ ᠤᠨ ᠭᠤᠣᠯ ᠰᠦᠷᠦᠭ 2 ᠪᠣᠯᠣᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ 7 ᠶᠢ ᠭᠤᠣᠯᠳᠠᠯᠭ᠎ᠠ ᠲᠠᠢ ᠡᠭᠦᠳᠴᠦ᠂ ᠢᠳᠡᠰᠢᠨ ᠤ ᠦᠭᠡᠷ ᠤᠨ ᠡᠭᠦᠯᠳᠡᠷ ᠢ ᠰᠠᠶᠢᠵᠢᠷᠠᠭᠤᠯᠣᠭᠰᠠᠨ ᠨᠣᠷᠮ᠎ᠠ ᠶᠢ 100%᠂ ᠬᠤᠶᠠᠳᠣᠭᠠᠷ ᠦᠶ᠎ᠡ ᠠᠴᠠ ᠳᠡᠭᠡᠭᠰᠢᠬᠢ ᠰᠢᠯᠢᠳᠡᠭ ᠡᠭᠦᠯᠳᠡᠷ ᠤᠨ ᠦᠨᠢᠶᠡᠨ ᠤ ᠬᠠᠷᠢᠴᠠᠯ ᠢ 45% ᠳᠤ ᠬᠦᠷᠭᠡᠵᠦ᠂ ᠰᠢᠯᠢᠳᠡᠭ ᠡᠭᠦᠯᠳᠡᠷ ᠢ ᠮᠠᠯᠵᠢᠬᠤ ᠬᠢᠷᠢ ᠲᠦᠪᠰᠢᠨ ᠪᠣᠯᠣᠨ ᠨᠠᠰᠣ ᠭᠦᠢᠴᠡᠭᠰᠡᠨ ᠦᠭᠡᠷ ᠬᠠᠩᠭᠠᠬᠤ ᠴᠢᠳᠠᠪᠣᠷᠢ ᠶᠢ ᠢᠯᠡᠳᠳᠡ ᠳᠡᠭᠡᠭᠰᠢᠯᠡᠭᠦᠯᠪᠡ︔ ᠲᠡᠮᠡᠭᠡᠨ ᠤ ᠠᠵᠣ ᠦᠢᠯᠡᠰ ᠤᠨ ᠳᠠᠪᠠᠭᠤᠯᠢᠭ ᠢᠯᠡᠷᠭᠡᠢ ᠪᠣᠯᠵᠣ᠂ ᠲᠡᠮᠡᠭᠡᠨ ᠤ ᠠᠮᠢᠳᠣ ᠪᠣᠳᠠᠰ ᠤᠨ ᠰᠢᠨᠵᠢᠯᠡᠭᠡ ᠮᠡᠷᠭᠡᠵᠢᠯ ᠤᠨ 1 ᠠᠵᠣ ᠠᠬᠤᠶᠢᠯᠠᠯ ᠢ ᠣᠷᠢᠨ ᠣᠷᠣᠭᠤᠯᠵᠣ᠂ ᠰᠦᠨᠢᠳ ᠬᠤᠣᠰ ᠪᠦᠬᠦᠲᠦ ᠲᠡᠮᠡᠭᠡ ᠶᠢ ᠦᠰᠭᠡᠨ ᠮᠠᠯᠵᠢᠬᠤ 2 ᠰᠠᠭᠤᠷᠢᠨ ᠭᠠᠵᠠᠷ ᠢ ᠪᠠᠶᠢᠭᠤᠯᠵᠣ᠂ ᠢᠩᠭᠡᠨ ᠰᠦ ᠬᠤᠳᠠᠯᠳᠣᠨ ᠠᠪᠬᠤ ᠨᠦᠬᠦᠪᠦᠷᠢ ᠶᠢᠨ ᠲᠦᠷᠦ ᠶᠢᠨ ᠪᠣᠳᠣᠯᠭ᠎ᠠ ᠶᠢ ᠲᠣᠭᠳᠠᠭᠠᠵᠣ᠂ ︽ᠵᠠᠬ᠎ᠠ ᠳᠡᠯᠭᠡᠭᠦᠷ + ᠲᠣᠯᠣᠭᠠᠶᠢᠯᠠᠭᠴᠢ ᠠᠵᠣ ᠠᠬᠤᠶᠢᠯᠠᠯ + ᠰᠠᠭᠤᠷᠢᠨ ᠭᠠᠵᠠᠷ ︵ᠬᠤᠷᠰᠢᠶᠠᠵᠢᠯ ︶ + ᠮᠠᠯᠵᠢᠬᠤ ᠡᠷᠦᠭᠡ ︵ᠭᠡᠷ ᠪᠦᠯᠢ ᠶᠢᠨ ᠮᠠᠯᠵᠢᠯ ᠤᠨ ᠳᠠᠯᠠᠪᠠᠢ︶︾ ᠶᠢᠨ ᠬᠠᠮᠳᠣᠪᠡᠷ ᠠᠰᠢᠭ ᠬᠦᠷᠳᠡᠬᠦ ᠬᠦᠭᠵᠢᠯᠳᠡ ᠶᠢᠨ ᠰᠢᠨ᠎ᠡ ᠵᠠᠮ ᠢ ᠨᠡᠭᠡᠭᠡᠵᠦ᠂ ᠲᠡᠮᠡᠭᠡᠨ ᠤ ᠠᠵᠣ ᠦᠢᠯᠡᠰ ᠨᠢ ᠨᠢᠭᠡᠨᠳᠡ ᠠᠯᠬᠤᠮ ᠠᠯᠬᠤᠮ ᠢᠶᠠᠷ ᠮᠠᠯᠴᠢᠨ ᠲᠠᠷᠢᠶᠠᠴᠢᠳ ᠤᠨ ᠪᠠᠶᠠᠵᠢᠯ ᠤᠨ ᠰᠢᠨ᠎ᠡ ᠠᠷᠭ᠎ᠠ ᠵᠠᠮ ᠪᠣᠯᠪᠠ᠃ ᠠᠵᠣ ᠦᠢᠯᠡᠳᠪᠦᠷᠢ ᠶᠢᠨ ᠠᠵᠣ ᠠᠬᠤᠢ  ᠶᠢᠨ ᠬᠡᠯᠪᠡᠷᠢ ᠶᠢ ᠬᠤᠪᠢᠷᠠᠭᠤᠯᠣᠨ ᠬᠦᠭᠵᠢᠭᠦᠯᠪᠡ᠃ ᠡᠬᠢ ᠪᠠᠶᠠᠯᠢᠭ ᠤᠨ ᠳᠠᠪᠠᠭᠤᠯᠢᠭ ᠪᠣᠯᠣᠨ ᠠᠵᠣ ᠦᠢᠯᠡᠰ ᠤᠨ ᠰᠠᠭᠤᠷᠢ ᠶᠢᠨ ᠲᠣᠭᠤᠷᠢᠨ ᠳᠤ᠂ ᠪᠢᠳᠡ ᠦᠪᠡᠷᠳᠡᠭᠡᠨ ᠳᠠᠷᠣᠯᠳᠠ ᠨᠡᠮᠡᠵᠦ᠂ ᠬᠤᠴᠣᠷᠣᠩᠭᠤᠢ ᠦᠢᠯᠡᠳᠪᠦᠷᠢᠡᠯᠡᠯ ᠤᠨ ᠴᠢᠳᠠᠪᠣᠷᠢ᠂ ︽ᠦᠬᠦᠰᠢᠷᠡᠮᠡᠯ︾ ︽ᠢᠳᠡᠭᠡᠯ ᠦᠭᠡᠢ︾ ᠠᠵᠣ ᠠᠬᠤᠶᠢᠯᠠᠯ ᠢ ᠶᠡᠭᠡ ᠬᠦᠴᠦ ᠭᠠᠷᠭᠠᠨ ᠳᠠᠶᠠᠭᠳᠠᠨ ᠴᠡᠪᠡᠷᠯᠡᠵᠦ᠂ ᠬᠦᠭᠵᠢᠯᠳᠡ ᠶᠢᠨ ᠳᠠᠪᠠᠭᠤᠯᠢᠭ᠂ ᠣᠨᠴᠠᠯᠢᠭᠳᠣ ᠠᠵᠣ ᠦᠢᠯᠡᠰ ᠪᠣᠯᠣᠨ ᠰᠢᠨ᠎ᠡ ᠪᠠᠷ ᠬᠦᠭᠵᠢᠵᠦ ᠪᠠᠶᠢᠭ᠎ᠠ ᠠᠵᠣ ᠦᠢᠯᠡᠰ ᠢ ᠢᠳᠡᠪᠬᠢᠳᠠᠢ ᠪᠣᠶᠢᠵᠢᠭᠤᠯᠣᠨ᠂ ᠠᠵᠣ ᠠᠬᠤᠢ ᠶᠢᠨ ᠪᠦᠲᠦᠴᠡ ᠶᠢᠨ ᠲᠣᠬᠢᠷᠠᠭᠤᠯᠣᠯᠳᠠ ᠶᠢ ᠠᠬᠢᠭᠤᠯᠵᠣ᠂ ᠠᠵᠣ ᠠᠬᠤᠢ ᠶᠢᠨ ᠬᠦᠭᠵᠢᠯᠳᠡ ᠶᠢᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠭᠡᠪᠡ᠃ ᠣᠣ ᠰᠢᠤᠸᠠᠢ ᠴᠦᠨ᠂ ᠴᠢᠶᠠᠨ ᠢ ᠵᠡᠷᠭᠡ ᠨᠢᠭᠡ ᠪᠦᠯᠦᠭ ᠨᠣᠣᠰᠣ ᠨᠣᠯᠣᠣᠷ ᠤᠨ ᠠᠵᠣ ᠦᠢᠯᠡᠰ ᠤᠨ ᠬᠡᠯᠬᠢᠶ᠎ᠡ ᠶᠢ ᠣᠷᠳᠣᠳᠬᠠᠨ ᠨᠦᠬᠦᠪᠦᠷᠢᠯᠡᠬᠦ ᠲᠦᠷᠦᠯ ᠵᠦᠢᠯ ᠢ ᠵᠣᠯᠭᠠᠭᠤᠯᠵᠣ᠂ ᠰᠦᠨᠢᠳ ᠲᠡᠮᠡᠭᠡᠨ ᠤ ᠦᠢᠯᠡᠰ᠂ ᠶᠠᠩ ᠶᠠᠩ ᠮᠠᠯᠵᠢᠯ ᠤᠨ ᠦᠢᠯᠡᠰ ᠤᠨ ᠵᠡᠷᠭᠡ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠨᠠᠷᠢᠯᠢᠭ ᠪᠣᠯᠪᠠᠰᠣᠷᠠᠭᠤᠯᠬᠤ ᠨᠢᠭᠡ ᠪᠦᠯᠦᠭ ᠠᠵᠣ ᠠᠬᠤᠶᠢᠯᠠᠯ ᠢ ᠣᠷᠢᠵᠣ ᠣᠷᠣᠭᠤᠯᠬᠤ ᠶᠢᠨ ᠬᠠᠮᠳᠣ ᠬᠦᠭᠵᠢᠭᠦᠯᠦᠨ ᠪᠣᠵᠠᠭᠠᠶᠢᠷᠠᠭᠤᠯᠵᠣ᠂ ᠮᠠᠯ  ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠪᠣᠯᠪᠠᠰᠣᠷᠠᠭᠤᠯᠣᠯᠳᠠ ᠶᠢ ᠬᠤᠪᠢᠷᠠᠭᠤᠯᠣᠭᠰᠠᠨ ᠨᠣᠷᠮ᠎ᠠ 75% ᠳᠤ ᠬᠦᠷᠴᠦ᠂ ᠮᠢᠬ᠎ᠠ᠂ ᠰᠦ᠂ ᠨᠣᠣᠰᠣ᠂ ᠨᠣᠯᠣᠣᠷ ᠵᠡᠷᠭᠡ ᠶᠢᠨ ᠪᠦᠲᠦᠭᠡᠭᠳᠡᠭᠦᠨ 100 ᠭᠠᠷᠣᠢ ᠲᠦᠷᠦᠯ ᠳᠤ ᠬᠦᠷᠪᠡ︔ ᠲᠢᠶᠠᠨ ᠷᠦᠨ᠂ ᠵᠦᠩ ᠳ᠋ᠢᠶᠠᠨ ᠺᠧ ᠶᠣᠣ᠂ ᠵᠦᠩ ᠺᠧ ᠯᠢᠩ ᠱᠧᠩ ᠵᠡᠷᠭᠡ ᠰᠢᠨ᠎ᠡ ᠡᠨᠧᠷᠬᠢ ᠪᠣᠯᠣᠨ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ‍ ᠨᠢᠭᠡ ᠪᠦᠯᠦᠭ ᠠᠵᠣ ᠠᠬᠤᠶᠢᠯᠠᠯ ᠢ ᠰᠠᠭᠤᠷᠢᠰᠢᠭᠤᠯᠵᠣ᠂ ᠰᠠᠯᠬᠢᠨ ᠬᠦᠴᠦᠨ ᠤ ᠴᠠᠬᠢᠯᠭᠠᠨ ᠤ ᠬᠢᠨᠠᠨ ᠵᠦᠪᠰᠢᠶᠡᠷᠡᠭᠰᠡᠨ ᠪᠠᠭᠳᠠᠭᠠᠮᠵᠢ ᠪᠣᠯᠣᠨ ᠨᠠᠷᠠᠨ ᠤ ᠡᠨᠧᠷᠬᠢ ᠶᠢᠨ ᠳᠠᠩᠰᠠᠯᠠᠭᠰᠠᠨ ᠪᠠᠭᠳᠠᠭᠠᠮᠵᠢ ᠲᠣᠰᠪᠦᠷᠢ 74.2 ᠲᠦᠮᠡᠨ ᠺᠢᠯᠣᠸᠠᠲ ᠪᠣᠯᠣᠨ 31.8 ᠲᠦᠮᠡᠨ ᠺᠢᠯᠣᠸᠠᠲ ᠲᠤ ᠬᠦᠷᠴᠦ᠂ ᠨᠡᠶᠢᠳᠡ 59.2 ᠳ᠋ᠦᠩᠰᠢᠭᠤᠷ ᠺᠢᠯᠣᠸᠠᠲ ᠴᠠᠭ ᠴᠠᠬᠢᠯᠭᠠᠨ ᠬᠠᠩᠭᠠᠵᠣ᠂ ᠰᠢᠨ᠎ᠡ ᠡᠨᠧᠷᠬᠢ ᠶᠢᠨ ᠠᠵᠣ ᠦᠢᠯᠡᠰ ᠤᠨ ᠦᠢᠯᠡᠳᠪᠦᠷᠢᠯᠡᠯ ᠤᠨ ᠦᠷᠳᠡᠭ ᠤᠨ ᠠᠵᠣ ᠦᠢᠯᠡᠳᠪᠦᠷᠢ ᠶᠢᠨ ᠠᠵᠣ ᠠᠬᠤᠢ ᠳᠤ ᠡᠵᠡᠯᠡᠬᠦ ᠬᠠᠷᠢᠴᠠᠯ ᠨᠢ 15%  ᠠᠴᠠ ᠳᠡᠭᠡᠭᠰᠢ ᠳᠤ ᠬᠦᠷᠪᠡ᠃ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠠᠵᠣ  ᠠᠬᠤᠶᠢᠯᠠᠯ ᠨᠡᠶᠢᠳᠡ 147.7 ᠳ᠋ᠦᠩᠰᠢᠭᠤᠷ ᠲᠦᠭᠦᠷᠢᠭ ᠤᠨ ᠦᠢᠯᠡᠳᠪᠦᠷᠢᠯᠡᠯ ᠤᠨ ᠦᠷᠳᠡᠭ ᠢ ᠪᠡᠶᠡᠯᠡᠭᠦᠯᠵᠦ᠂ ᠠᠵᠣ ᠦᠢᠯᠡᠳᠪᠦᠷᠢ ᠶᠢᠨ ᠭᠠᠶᠢᠯᠢ ᠶᠢᠨ ᠣᠷᠣᠯᠭ᠎ᠠ ᠵᠢᠯ ᠳᠣᠮᠳᠠᠴᠢ 0.8% ᠪᠠᠷ ᠨᠡᠮᠡᠭᠳᠡᠪᠡ᠃ ᠠᠷᠠᠯᠵᠢᠶᠠᠴᠢᠨ ᠣᠷᠢᠵᠣ ᠪᠡᠯᠡ ᠣᠷᠣᠭᠤᠯᠬᠤ 13 ᠠᠵᠣ ᠠᠬᠤᠶᠢᠯᠠᠯ ᠢ ᠰᠠᠭᠤᠷᠢᠰᠢᠭᠤᠯᠵᠣ᠂ 12 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠶᠢ ᠨᠠᠶᠢᠳᠠᠪᠣᠷᠢᠵᠢᠭᠤᠯᠪᠠ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠣᠯᠠᠨ ᠲᠦᠷᠦᠯ ᠵᠦᠢᠯ ᠢᠶᠠᠷ ᠬᠦᠭᠵᠢᠪᠡ᠃ ᠡᠯᠧᠺᠲᠷᠣᠨ ᠬᠤᠳᠠᠯᠳᠣᠭᠠᠨ ᠤ ᠶᠠᠪᠣᠳᠠᠯ᠂ ᠣᠳᠣ ᠦᠶ᠎ᠡ ᠶᠢᠨ ᠪᠠᠷᠠᠭᠠᠨ ᠤ ᠭᠦᠢᠯᠭᠡᠭᠡ᠂ ᠡᠷᠡᠭᠦᠯᠵᠢᠯ ᠨᠠᠰᠣᠵᠢᠯ ᠵᠡᠷᠭᠡ ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠦᠢᠯᠡᠰ ᠦᠷᠨᠢᠭᠦᠨ ᠬᠦᠭᠵᠢᠵᠦ᠂ ᠣᠯᠣᠰ ᠤᠨ ᠳᠡᠰ ᠤᠨ ᠡᠯᠧᠺᠲᠷᠣᠨ ᠬᠤᠳᠠᠯᠳᠣᠭᠠᠨ ᠤ ᠶᠠᠪᠣᠳᠠᠯ ᠢ ᠬᠦᠳᠡᠭᠡ ᠲᠣᠰᠬᠤᠨ ᠳᠤ ᠣᠷᠣᠭᠤᠯᠬᠤ ᠶᠡᠷᠦᠩᠭᠡᠶᠢᠯᠡᠭᠰᠡᠨ ᠵᠢᠱᠢᠶᠡᠴᠢ ᠬᠤᠰᠢᠭᠤ ᠪᠠᠷ ᠰᠣᠩᠭᠤᠭᠳᠠᠵᠣ᠂ ᠬᠤᠰᠢᠭᠤᠨ ᠤ ᠡᠯᠧᠺᠲᠷᠣᠨ ᠬᠤᠳᠠᠯᠳᠣᠭᠠᠨ ᠤ ᠶᠠᠪᠣᠳᠠᠯ ᠤᠨ ᠨᠡᠶᠢᠳᠡ ᠶᠢᠨ ᠦᠢᠯᠡᠴᠢᠯᠡᠭᠡᠨ ᠤ ᠲᠦᠪ᠂ ᠡᠯᠧᠺᠲᠷᠣᠨ ᠬᠤᠳᠠᠯᠳᠣᠭᠠᠨ ᠤ ᠶᠠᠪᠣᠳᠠᠯ ᠤᠨ ᠬᠠᠩᠭᠠᠯᠭ᠎ᠠ  ᠶᠢᠨ ᠬᠡᠯᠬᠢᠶᠡᠨ ᠤ ᠦᠢᠯᠡᠴᠢᠯᠡᠭᠡᠨ ᠤ ᠰᠠᠭᠤᠷᠢᠨ ᠭᠠᠵᠠᠷ ᠠᠰᠢᠭᠯᠠᠯᠳᠠ ᠳᠤ ᠣᠷᠣᠵᠣ᠂ ᠪᠦᠬᠦ ᠣᠷᠣᠨ ᠳᠤ ᠬᠠᠮᠤᠭ ᠲᠡᠷᠢᠭᠦᠨ ᠳᠤ ᠮᠠᠯᠵᠢᠬᠤ ᠲᠠᠷᠢᠶᠠᠯᠠᠬᠤ ᠣᠷᠣᠨ ᠤ ᠲᠦᠷᠭᠡᠨ ᠭᠤᠪᠢᠭᠤᠯᠭ᠎ᠠ ᠶᠢᠨ ᠦᠢᠯᠡᠴᠢᠯᠡᠭᠡ ᠶᠢ ᠲᠦᠭᠡᠮᠡᠯᠵᠢᠭᠦᠯᠵᠦ ᠂ ᠬᠤᠳᠠ ᠬᠦᠳᠡᠭᠡ ᠶᠢᠨ ᠬᠤᠶᠠᠷ ᠴᠢᠭᠯᠡᠯ ᠳᠡᠰᠢ ᠨᠡᠪᠳᠡᠷᠡᠬᠦ ᠦᠢᠯᠡᠴᠢᠯᠡᠭᠡᠨ ᠤ ᠲᠣᠣᠷ ᠰᠦᠯᠵᠢᠶᠡᠨ ᠤ ᠰᠢᠰᠲ᠋ᠧᠮ ᠢ ᠪᠠᠶᠢᠭᠤᠯᠵᠣ᠂ ᠡᠯᠧᠺᠲᠷᠣᠨ ᠬᠤᠳᠠᠯᠳᠣᠭᠠᠨ ᠤ ᠶᠠᠪᠣᠳᠠᠯ ᠤᠨ ᠠᠷᠠᠯᠵᠢᠶᠠᠨ ᠤ ᠮᠦᠩᠭᠦ ᠨᠡᠶᠢᠳᠡ 27.2 ᠳ᠋ᠦᠩᠰᠢᠭᠤᠷ ᠲᠦᠭᠦᠷᠢᠭ ᠲᠤ ᠬᠦᠷᠴᠦ᠂ ᠵᠢᠯ ᠳᠣᠮᠳᠠᠴᠢ 16.8% ᠪᠠᠷ ᠨᠡᠮᠡᠭᠳᠡᠪᠡ᠃ ᠪᠦᠬᠦ ᠬᠦᠷᠢᠶ᠎ᠡ ᠴᠠᠷ᠎ᠠ ᠶᠢᠨ ᠵᠢᠭᠤᠯᠴᠢᠯᠠᠯ ᠪᠣᠯᠣᠨ ︽ᠰᠣᠶᠣᠯ ᠤᠨ ᠵᠢᠭᠤᠯᠴᠢᠯᠠᠯ +︾ ᠢ ᠠᠭᠤᠰᠣᠯᠴᠠᠭᠤᠯᠣᠨ ᠬᠦᠭᠵᠢᠭᠦᠯᠵᠦ᠂ ᠵᠢᠭᠤᠯᠴᠢᠯᠠᠯ ᠤᠨ ᠵᠠᠰᠠᠮᠠᠯ ᠵᠠᠮ ᠢ 23.3 ᠺᠢᠯᠣᠮᠧᠲᠷ ᠲᠡᠪᠢᠰᠴᠦ᠂  ᠵᠢᠭᠤᠯᠴᠢᠯᠠᠯ ᠤᠨ ᠵᠣᠷᠯᠣᠩ 42 ᠢ ᠪᠠᠶᠢᠭᠤᠯᠵᠣ᠂ ᠦᠵᠡᠮᠵᠢ ᠶᠢᠨ ᠣᠷᠣᠨ ᠳᠤ 25 ᠵᠢᠭᠠᠯᠳᠠ ᠲᠡᠮᠳᠡᠭ ᠲᠣᠬᠢᠷᠠᠭᠤᠯᠵᠣ᠂ ᠮᠢᠩᠭᠠᠨ ᠭᠠᠵᠠᠷ ᠤᠨ ᠲᠠᠯ᠎ᠠ ᠨᠣᠳᠤᠭ ᠤᠨ ᠦᠵᠡᠮᠵᠢ ᠶᠢᠨ ᠵᠠᠮ ᠤᠨ ᠱᠣᠭᠤᠮᠠᠯ᠂ ᠦᠨᠳᠦᠰᠦᠳᠡᠨ ᠤ ᠪᠦᠯᠬᠦᠮᠳᠡᠯ ᠤᠨ ᠦᠵᠡᠰᠭᠦᠯᠡᠩ ᠵᠡᠷᠭᠡ ᠨᠢᠭᠡ ᠪᠦᠯᠦᠭ ᠵᠢᠭᠤᠯᠴᠢᠯᠠᠯ ᠤᠨ ᠲᠦᠷᠦᠯ ᠵᠦᠢᠯ ᠢ ᠬᠡᠷᠡᠭᠵᠢᠭᠦᠯᠵᠦ᠂ ᠣᠯᠠᠭᠠᠠᠮᠦ᠋ᠴᠢᠷ ᠲᠠᠯ᠎ᠠ ᠨᠣᠳᠤᠭ ᠤᠨ ᠬᠤᠪᠢ ᠶᠢᠨ ᠮᠠᠰᠢᠨ ᠪᠠᠷ ᠵᠣᠭᠠᠴᠠᠬᠤ᠂ ᠭᠤᠪᠢ ᠲᠣᠭᠤᠯᠬᠤ ᠪᠡᠶᠡᠴᠢᠯᠡᠨ ᠣᠶᠢᠯᠠᠭᠠᠬᠤ ᠵᠣᠭᠠᠴᠠᠯ ᠵᠡᠷᠭᠡ ᠨᠢᠭᠡ ᠪᠦᠯᠦᠭ ᠰᠣᠶᠣᠯ ᠤᠨ ᠵᠢᠭᠤᠯᠴᠢᠯᠠᠯ ᠤᠨ ᠱᠣᠭᠤᠮ ᠢ ᠡᠭᠦᠳᠴᠦ᠂ ᠪᠦᠬᠦ ᠬᠤᠰᠢᠭᠤᠨ ᠤ ᠠᠷᠪᠠᠨ ᠳᠦᠷᠪᠡᠳᠦᠭᠡᠷ ᠬᠤᠭᠤᠴᠠᠭᠠᠨ ᠤ ᠨᠠᠭᠠᠳᠣᠮ ᠤᠨ ᠶᠡᠭᠡ ᠬᠤᠷᠠᠯ ᠢ ᠠᠮᠵᠢᠯᠳᠠᠳᠠᠢ ᠶᠠᠪᠣᠭᠳᠠᠭᠤᠯᠵᠣ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ  ᠤᠨ ᠨᠦᠯᠦᠭᠡ ᠶᠢ ᠢᠯᠠᠨ ᠳᠠᠪᠠᠵᠣ᠂ ᠵᠢᠭᠤᠯᠴᠢᠯᠠᠭᠰᠠᠳ ᠤᠨ ᠲᠤᠭ᠎ᠠ ᠪᠣᠯᠣᠨ ᠵᠢᠭᠤᠯᠴᠢᠯᠠᠯ ᠤᠨ ᠣᠷᠣᠯᠭ᠎ᠠ 2017 ᠣᠨ ᠤ ᠬᠢ ᠲᠠᠢ ᠠᠳᠠᠯᠢᠳᠬᠠᠪᠠᠯ ᠲᠣᠰᠪᠦᠷᠢ 2% ᠪᠣᠯᠣᠨ 5% ᠪᠠᠷ ᠨᠡᠮᠡᠭᠳᠡᠪᠡ᠃ ᠬᠤᠳᠠ ᠬᠦᠳᠡᠭᠡ ᠶᠢᠨ ᠲᠦᠷᠢ ᠲᠦᠷᠬᠦ ᠶᠡᠬᠡᠪᠡᠷ ᠳᠡᠭᠡᠭᠰᠢᠯᠡᠪᠡ᠃ ᠪᠦᠬᠦ ᠣᠯᠣᠰ ᠤᠨ ᠠᠷᠢᠭᠤᠨ ᠴᠡᠪᠡᠷ ᠬᠤᠳᠠ᠂ ᠦᠪᠡᠷᠳᠡᠭᠡᠨ ᠵᠠᠰᠠᠬᠤ ᠣᠷᠣᠨ ᠤ ᠳᠡᠰ ᠤᠨ ᠪᠣᠯᠪᠠᠰᠣᠨ ᠬᠤᠰᠢᠭᠤ ᠰᠢᠶᠠᠨ ᠢ ᠡᠭᠦᠳᠦᠨ ᠪᠠᠶᠢᠭᠤᠯᠣᠭᠰᠠᠨ ᠦᠷ᠎ᠡ ᠪᠦᠲᠦᠮᠵᠢ ᠶᠢ ᠪᠠᠳᠣᠳᠬᠠᠨ ᠳᠡᠭᠡᠭᠰᠢᠯᠡᠭᠦᠯᠬᠦ ᠪᠠᠷ ᠵᠢᠯᠣᠭᠤᠳᠣᠮᠵᠢ ᠪᠣᠯᠭᠠᠵᠣ᠂ ᠨᠡᠶᠢᠳᠡ 2.2 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ ᠰᠠᠶᠢᠬᠠᠨᠳᠠᠯ᠎ᠠ ᠪᠠᠯᠭᠠᠰᠣᠨ ᠤ ᠣᠰᠣ ᠴᠡᠪᠡᠷᠰᠢᠭᠦᠯᠬᠦ ᠦᠢᠯᠡᠳᠪᠦᠷᠢ ᠶᠢ ᠦᠷᠭᠡᠳᠭᠡᠨ ᠪᠠᠶᠢᠭᠤᠯᠬᠤ᠂ ᠪᠣᠬᠢᠷ ᠣᠰᠣ ᠰᠢᠢᠳᠪᠦᠷᠢᠯᠡᠬᠦ ᠦᠢᠯᠡᠳᠪᠦᠷᠢ ᠶᠢᠨ ᠠᠽᠤᠲ ᠹᠣᠰᠹᠣᠷ ᠤᠨ ᠲᠦᠬᠦᠭᠡᠷᠦᠮᠵᠢ ᠶᠢ ᠦᠭᠡᠷᠡᠴᠢᠯᠡᠬᠦ ᠪᠣᠯᠣᠨ ᠬᠠᠯᠠᠭᠤᠨ ᠷᠠᠰᠢᠶᠠᠨ ᠤ ᠪᠣᠬᠢᠷ ᠣᠰᠣ ᠶᠢ ᠰᠢᠢᠳᠪᠦᠷᠢᠯᠡᠬᠦ ᠦᠢᠯᠡᠳᠪᠦᠷᠢ ᠵᠡᠷᠭᠡ 3 ᠰᠠᠭᠤᠷᠢ ᠨᠡᠶᠢᠳᠡ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠣᠯᠳᠠ ᠶᠢ ᠪᠡᠶᠡᠯᠡᠭᠦᠯᠵᠦ᠂ ᠬᠠᠳᠠᠭᠤᠷᠠᠭᠤᠯᠬᠤ᠂ ᠬᠡᠷᠡᠯᠳᠦᠭᠦᠯᠬᠦ᠂ ᠭᠤᠸᠠᠯᠢᠭᠵᠢᠭᠤᠯᠬᠤ᠂ ᠨᠣᠭᠤᠭᠠᠷᠠᠭᠤᠯᠬᠤ᠂ ᠬᠤᠭᠤᠯᠠᠢ ᠲᠣᠣᠷ ᠢ ᠦᠭᠡᠷᠡᠴᠢᠯᠡᠨ ᠵᠠᠰᠠᠬᠤ ᠪᠠ 14 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠦᠭᠡᠷᠡᠴᠢᠯᠡᠨ ᠵᠠᠰᠠᠬᠤ᠂ ᠬᠤᠳᠠ ᠪᠠᠯᠭᠠᠰᠣᠨ ᠤ ᠣᠰᠣ ᠪᠠᠷ ᠴᠡᠪᠡᠷᠯᠡᠬᠦ 5 ᠵᠣᠷᠯᠣᠩ ᠢ ᠦᠭᠡᠷᠡᠴᠢᠯᠡᠨ ᠵᠠᠰᠠᠬᠤ ᠵᠡᠷᠭᠡ ᠬᠤᠳᠠ ᠪᠠᠯᠭᠠᠰᠣᠨ ᠤ ᠴᠢᠳᠠᠪᠬᠢ ᠶᠢ ᠰᠢᠯᠢᠳᠡᠭᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ 5.7 ᠲᠦᠮᠡᠨ ᠰᠠᠭᠤᠷᠢ ᠪᠣᠳᠠ ᠮᠣᠳᠣ ᠲᠠᠷᠢᠵᠣ᠂ 15 ᠲᠦᠮᠡᠨ ᠺᠦᠸᠠᠳ᠋ ᠮᠧᠲᠷ ᠤᠨ ᠵᠠᠮ ᠤᠨ ᠭᠠᠳᠠᠷᠭᠤ ᠶᠢ ᠵᠠᠰᠠᠵᠣ᠂ 7 ᠲᠦᠮᠡᠨ ᠺᠦᠸᠠᠳ᠋ ᠮᠧᠲᠷ ᠤᠨ ᠶᠠᠪᠠᠭᠠᠨ ᠤ ᠵᠠᠮ ᠢ ᠦᠭᠡᠷᠡᠴᠢᠯᠡᠨ ᠵᠠᠰᠠᠵᠣ᠂ 23.5 ᠺᠢᠯᠣᠮᠧᠲᠷ ᠤᠨ ᠬᠤᠭᠤᠯᠠᠢ ᠲᠣᠣᠷ ᠢ ᠦᠭᠡᠷᠡᠴᠢᠯᠡᠨ ᠵᠠᠰᠠᠵᠣ᠂ ᠬᠤᠳᠠ ᠪᠠᠯᠭᠠᠰᠣᠨ ᠤ ᠵᠠᠮ ᠢ ᠬᠠᠳᠠᠭᠤᠷᠠᠭᠤᠯᠣᠭᠰᠠᠨ ᠲᠠᠯᠠᠪᠠᠢ 44.3 ᠲᠦᠮᠡᠨ ᠳᠡᠭᠰᠢ ᠳᠦᠷᠪᠡᠯᠵᠢᠨ ᠮᠧᠲᠷ ᠲᠤ ᠬᠦᠷᠴᠦ᠂ ᠨᠣᠭᠤᠭᠠᠷᠠᠭᠤᠯᠣᠯᠳᠠ ᠶᠢᠨ ᠨᠣᠷᠮ᠎ᠠ 21.2% ᠲᠤ ᠬᠦᠷᠴᠦ᠂ ᠰᠠᠶᠢᠬᠠᠨᠳᠠᠯ᠎ᠠ ᠪᠠᠯᠭᠠᠰᠣᠨ ᠤ ᠣᠰᠣ ᠬᠠᠩᠭᠠᠵᠣ ᠭᠠᠳᠠᠭᠰᠢᠯᠠᠭᠤᠯᠬᠤ ᠬᠤᠭᠤᠯᠠᠢ ᠪᠣᠯᠣᠨ ᠳᠣᠯᠠᠭᠠᠯᠭ᠎ᠠ ᠬᠠᠩᠭᠠᠬᠤ ᠬᠤᠭᠤᠯᠠᠢ ᠲᠣᠣᠷ ᠲᠣᠰᠪᠦᠷᠢ 162 ᠺᠢᠯᠣᠮᠧᠲᠷ ᠪᠣᠯᠣᠨ 72.8 ᠺᠢᠯᠣᠮᠧᠲᠷ ᠲᠤ ᠬᠦᠷᠪᠡ︔ ᠦᠮᠴᠢᠯᠡᠬᠦ ᠡᠷᠭᠡ ᠶᠢ ᠰᠣᠯᠢᠬᠤ ᠪᠠ ᠵᠣᠭᠤᠰ ᠢᠶᠠᠷ ᠲᠦᠪᠬᠢᠨᠡᠭᠦᠯᠬᠦ ᠬᠡᠯᠪᠡᠷᠢ ᠪᠠᠷ 1388 ᠡᠷᠦᠭᠡ ᠶᠢᠨ ᠪᠣᠷᠣ ᠭᠡᠷ  ᠤᠨ ᠲᠣᠭᠤᠷᠢᠭ ᠢ ᠦᠭᠡᠷᠡᠴᠢᠯᠡᠨ ᠵᠠᠰᠠᠬᠤ ᠶᠢ ᠪᠡᠶᠡᠯᠡᠭᠦᠯᠵᠦ᠂ ᠭᠡᠷ ᠬᠦᠷᠦᠩᠭᠡ ᠶᠢ ᠨᠡᠭᠡᠭᠡᠨ ᠠᠰᠢᠭᠯᠠᠬᠤ 16 ᠲᠦᠷᠦᠯ ᠵᠦᠢᠯ ᠢ ᠬᠡᠷᠡᠭᠵᠢᠭᠦᠯᠵᠦ᠂ ᠪᠠᠷᠢᠯᠭ᠎ᠠ ᠶᠢᠨ ᠲᠠᠯᠠᠪᠠᠢ 50 ᠲᠦᠮᠡᠨ ᠳᠡᠭᠰᠢ ᠳᠦᠷᠪᠡᠯᠵᠢᠨ ᠮᠧᠲᠷ ᠲᠤ ᠬᠦᠷᠴᠦ᠂ ᠬᠤᠳᠠ ᠪᠠᠯᠭᠠᠰᠣᠵᠢᠯᠳᠠ ᠶᠢᠨ ᠨᠣᠷᠮ᠎ᠠ 76% ᠳᠤ ᠬᠦᠷᠴᠦ᠂ ᠬᠤᠳᠠ ᠪᠠᠯᠭᠠᠰᠣᠨ ᠤ ᠬᠦᠮᠦᠨ ᠳᠣᠮᠳᠠᠴᠢ ᠶᠢᠨ ᠣᠷᠣᠨ ᠰᠠᠭᠤᠴᠠ ᠶᠢᠨ ᠲᠠᠯᠠᠪᠠᠢ 39.5 ᠳᠡᠭᠰᠢ ᠳᠦᠷᠪᠡᠯᠵᠢᠨ ᠮᠧᠲᠷ ᠲᠤ ᠬᠦᠷᠪᠡ︔ ᠰᠠᠶᠢᠬᠠᠨᠳᠠᠯ᠎ᠠ ᠪᠠᠯᠭᠠᠰᠣᠨ ᠤ ᠲᠣᠳᠣᠷᠠᠬᠢ ᠨᠡᠶᠢᠳᠡ ᠶᠢᠨ ᠮᠠᠰᠢᠨ ᠲᠡᠷᠭᠡᠨ ᠤ ᠵᠠᠮ ᠱᠣᠭᠤᠮ ᠪᠣᠯᠣᠨ ᠰᠠᠶᠢᠬᠠᠨᠳᠠᠯ᠎ᠠ ᠪᠠᠯᠭᠠᠰᠣᠨ ᠠᠴᠠ ᠵᠢᠷᠦᠭᠡ ᠪᠠᠯᠭᠠᠰᠣ ᠬᠦᠷᠬᠦ ᠬᠤᠣᠰ ᠴᠢᠭᠯᠡᠯᠲᠦ ᠬᠤᠳᠠ ᠬᠦᠳᠡᠭᠡ ᠶᠢᠨ ᠨᠡᠶᠢᠳᠡ ᠶᠢᠨ ᠮᠠᠰᠢᠨ ᠲᠡᠷᠭᠡᠨ ᠤ ᠵᠠᠮ ᠱᠣᠭᠤᠮ ᠢ ᠠᠰᠢᠭᠯᠠᠯᠳᠠ ᠳᠤ ᠣᠷᠣᠭᠤᠯᠵᠣ᠂ ᠪᠠᠷᠠᠭᠤᠨ ᠰᠦᠨᠢᠳ ᠠᠴᠠ ᠬᠤᠸᠠᠳᠧ ᠬᠦᠷᠬᠦ ᠦᠨᠳᠦᠷ ᠬᠤᠷᠳᠣᠴᠠᠳᠣ ᠵᠠᠰᠠᠮᠠᠯ ᠵᠠᠮ ᠨᠡᠪᠳᠡᠷᠡᠵᠦ᠂ ᠬᠤᠳᠠ ᠪᠠᠯᠭᠠᠰᠣᠨ ᠤ ᠲᠦᠷᠢ ᠲᠦᠷᠭᠦ ᠡᠳᠦᠷ ᠢᠷᠡᠭᠦᠶ᠎ᠡ ᠰᠢᠨᠡᠴᠢᠯᠡᠭᠳᠡᠵᠦ ᠪᠠᠶᠢᠨ᠎ᠠ᠃ ᠬᠦᠳᠡᠭᠡ ᠲᠣᠰᠬᠤᠨ ᠮᠠᠯᠵᠢᠬᠤ ᠣᠷᠣᠨ ᠤ ᠰᠠᠭᠤᠷᠢᠰᠢᠬᠤ ᠣᠷᠴᠢᠨ ᠲᠣᠭᠤᠷᠢᠨ ᠢ ᠵᠠᠰᠠᠨ ᠴᠡᠭᠴᠡᠯᠡᠬᠦ ᠭᠤᠷᠪᠠᠨ ᠵᠢᠯ ᠤᠨ ᠠᠵᠢᠯᠯᠠᠭ᠎ᠠ ᠶᠢ ᠲᠡᠭᠦᠰ ᠠᠮᠵᠢᠯᠳᠠᠳᠠᠢ ᠪᠡᠶᠡᠯᠡᠭᠦᠯᠵᠦ᠂ 5.6 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ ᠨᠡᠶᠢᠳᠡ 608 ᠨᠣᠷᠠᠬᠤ ᠠᠶᠣᠯᠳᠠᠢ ᠭᠡᠷ ᠪᠠᠶᠢᠰᠢᠩ ᠢ ᠦᠭᠡᠷᠡᠴᠢᠯᠡᠨ ᠵᠠᠰᠠᠬᠤ ᠠᠵᠢᠯ ᠢ ᠪᠡᠶᠡᠯᠡᠭᠦᠯᠪᠡ︔ 350 ᠣᠰᠣᠨ ᠰᠣᠷᠪᠣᠯᠵᠢ ᠶᠢᠨ ᠬᠤᠳᠳᠤᠭ᠂ 798 ᠣᠰᠣ ᠬᠠᠳᠠᠭᠠᠯᠠᠬᠤ ᠵᠣᠭᠤᠷᠢ ᠶᠢ ᠰᠢᠨ᠎ᠡ ᠪᠠᠷ ᠮᠠᠯᠳᠠᠵᠣ᠂ 3916 ᠢᠵᠢ ᠣᠰᠣ ᠴᠡᠪᠡᠷᠰᠢᠭᠦᠯᠬᠦ ᠲᠦᠬᠦᠭᠡᠷᠦᠮᠵᠢ᠂ 556 ᠣᠰᠣ ᠳᠡᠭᠡᠭᠡᠬᠦ ᠲᠡᠷᠭᠡ ᠶᠢ ᠲᠠᠷᠬᠠᠭᠠᠨ ᠦᠭᠴᠦ᠂ ᠲᠦᠪᠯᠡᠷᠡᠭᠦᠯᠦᠨ ᠣᠰᠣ ᠬᠠᠩᠭᠠᠬᠤ 9 ᠢᠨᠵᠧᠨᠧᠷᠢᠩ ᠢ ᠬᠡᠷᠡᠭᠵᠢᠭᠦᠯᠪᠡ︔ ᠬᠦᠳᠡᠭᠡ ᠲᠣᠰᠬᠤᠨ ᠮᠠᠯᠵᠢᠬᠤ ᠣᠷᠣᠨ ᠳᠤ 616.5 ᠺᠢᠯᠣᠮᠧᠲᠷ ᠤᠨ ᠵᠠᠮ ᠢ ᠰᠢᠨ᠎ᠡ ᠪᠠᠷ ᠲᠡᠪᠢᠰᠴᠦ᠂ 235.2 ᠺᠢᠯᠣᠮᠧᠲᠷ  ᠤᠨ ᠭᠠᠴᠠᠭ᠎ᠠ ᠲᠣᠰᠬᠤᠨ ᠳᠤ ᠨᠡᠪᠳᠡᠷᠡᠬᠦ ᠬᠠᠶᠢᠷ ᠴᠢᠯᠠᠭᠤᠨ ᠵᠠᠮ ᠢ ᠳᠡᠪᠢᠰᠪᠡ︔ 851 ᠺᠢᠯᠣᠮᠧᠲᠷ ᠤᠨ ᠬᠦᠳᠡᠭᠡ ᠲᠣᠰᠬᠤᠨ ᠤ ᠴᠠᠬᠢᠯᠭᠠᠨ ᠲᠣᠣᠷ ᠢ ᠰᠢᠨ᠎ᠡ ᠪᠠᠷ ᠳᠠᠳᠠᠵᠣ᠂ 708 ᠮᠠᠯᠵᠢᠬᠤ ᠡᠷᠦᠭᠡ ᠳᠤ ᠴᠠᠬᠢᠯᠭᠠᠨ ᠲᠣᠣᠷ ᠨᠡᠪᠳᠡᠷᠡᠭᠦᠯᠪᠡ︔ ᠬᠤᠰᠢᠭᠤᠨ ᠤ ᠦᠪᠡᠷᠳᠡᠭᠡᠨ ᠦᠢᠯᠡᠳᠦᠭᠰᠡᠨ ᠷᠠᠳᠢᠤ᠋᠂ ᠲᠧᠯᠸᠢᠰ ᠫᠷᠣᠭ᠍ᠷᠠᠮ ᠢ ᠬᠦᠳᠡᠭᠡ ᠲᠣᠰᠬᠤᠨ  ᠳᠤ ᠪᠦᠷᠬᠦᠭᠦᠯᠬᠦ ᠨᠣᠷᠮ᠎ᠠ ᠶᠢ 99% ᠠᠴᠠ ᠳᠡᠭᠡᠭᠰᠢ ᠳᠤ ᠬᠦᠷᠭᠡᠵᠦ᠂ ᠴᠢᠮᠡᠭᠡ ᠬᠤᠯᠪᠣᠭᠠᠨ ᠤ ᠲᠣᠬᠢᠶ᠎ᠠ ᠨᠡᠪᠳᠡᠷᠡᠭᠰᠡᠨ ᠨᠣᠷᠮ᠎ᠠ 86.5% ᠳᠤ ᠬᠦᠷᠴᠦ᠂ 63 ᠭᠠᠴᠠᠭ᠎ᠠ ᠲᠣᠰᠬᠤᠨ ᠳᠤ ᠦᠷᠭᠡᠨ ᠪᠦᠰᠡᠳᠦ ᠰᠦᠯᠵᠢᠶ᠎ᠡ ᠨᠡᠪᠳᠡᠷᠡᠵᠦ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠳᠤ ᠪᠠᠳᠣ ᠪᠠᠬᠢ ᠰᠠᠭᠤᠷᠢ ᠪᠣᠯᠣᠨ ᠳᠠᠪᠠᠭᠤᠯᠢᠭ ᠨᠦᠬᠦᠴᠡᠯ ᠢ ᠬᠠᠩᠭᠠᠪᠠ᠃ᠳᠦᠷᠪᠡᠨ ᠵᠢᠯ ᠤᠨ ᠲᠣᠷᠰᠢ᠂ ᠪᠢᠳᠡ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠬᠤ᠂ ᠪᠣᠬᠢᠷᠳᠣᠯ ᠦᠭᠡᠢ ᠬᠦᠭᠵᠢᠭᠦᠯᠬᠦ ᠶᠢ ᠪᠠᠷᠢᠮᠳᠠᠯᠠᠵᠣ᠂ ᠠᠮᠢ ᠠᠬᠤᠢ ᠶᠢᠨ ᠪᠣᠯᠪᠠᠰᠣᠨ ᠤ ᠪᠦᠲᠦᠭᠡᠨ ᠪᠠᠶᠢᠭᠤᠯᠣᠯᠳᠠ ᠶᠢ ᠲᠣᠭᠳᠠᠭᠤᠨ ᠢᠶᠠᠷ ᠠᠬᠢᠭᠤᠯᠪᠠ᠃ ᠣᠯᠣᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠦᠯᠦᠪᠵᠢᠭᠦᠯᠭᠡ ᠶᠢ ᠴᠢᠨᠠᠷᠯᠢᠭ ᠨᠠᠶᠢᠷᠠᠭᠤᠯᠬᠤ ᠠᠵᠢᠯ ᠢ ᠰᠠᠶᠢᠳᠣᠷ ᠬᠢᠵᠦ᠂ ︽ᠭᠤᠷᠪᠠᠨ ᠣᠷᠣᠨ ᠭᠤᠷᠪᠠᠨ ᠱᠣᠭᠤᠮ︾5 ᠢ ᠲᠣᠭᠳᠠᠭᠠᠬᠤ ᠠᠵᠢᠯ ᠢ ᠪᠡᠶᠡᠯᠡᠭᠦᠯᠵᠦ᠂ ᠬᠤᠰᠢᠭᠤᠨ ᠤ ᠬᠦᠷᠢᠶ᠎ᠡ ᠴᠠᠷ᠎ᠠ ᠳᠠᠬᠢ ᠣᠯᠣᠰ ᠤᠨ ᠭᠠᠵᠠᠷ ᠰᠢᠷᠣᠢ ᠶᠢᠨ 68.42% ᠲᠠᠯᠠᠪᠠᠢ ᠶᠢ ᠠᠮᠢ ᠠᠬᠤᠢ  ᠶᠢᠨ ᠬᠠᠮᠠᠭᠠᠯᠠᠯᠳᠠ ᠶᠢᠨ ᠬᠤᠷᠢᠭ᠎ᠠ ᠱᠣᠭᠤᠮ ᠤᠨ ᠬᠡᠪᠴᠢᠶᠡᠨ ᠳᠤ ᠣᠷᠣᠭᠤᠯᠪᠠ᠃ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠶᠡᠷᠦᠩᠭᠡᠶᠢᠯᠡᠨ ᠵᠠᠰᠠᠬᠤ ︽ᠣᠷᠣᠯᠠᠨ ᠭᠦᠢᠴᠡᠳᠭᠡᠬᠦ︾ ᠠᠷᠭ᠎ᠠ ᠶᠢ ᠪᠦᠬᠦ ᠠᠶᠢᠮᠠᠭ ᠲᠤ ᠲᠦᠭᠡᠮᠡᠯᠵᠢᠭᠦᠯᠦᠨ ᠬᠡᠷᠡᠭᠯᠡᠵᠦ᠂ ᠨᠡᠶᠢᠳᠡ 2.3 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ 16.9 ᠳᠡᠭᠰᠢ ᠲᠦᠷᠪᠡᠯᠵᠢᠨ ᠺᠢᠯᠣᠮᠧᠲᠷ ᠤᠨ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠨ ᠴᠡᠭᠴᠡᠯᠡᠵᠦ᠂ 2 ᠠᠵᠣ ᠠᠬᠤᠶᠢᠯᠠᠯ ᠢ ᠣᠯᠣᠰ ᠤᠨ ᠳᠡᠰ ᠤᠨ ᠪᠣᠬᠢᠷᠳᠣᠯ ᠦᠭᠡᠢ ᠠᠭᠤᠷᠬᠠᠢ ᠶᠢᠨ ᠨᠡᠷᠡᠰ ᠤᠨ ᠬᠦᠮᠦᠷᠭᠡ ᠳᠤ ᠣᠷᠣᠭᠤᠯᠵᠣ᠂ 9 ᠠᠵᠣ ᠠᠬᠤᠶᠢᠯᠠᠯ ᠨᠢ ᠦᠪᠡᠷᠳᠡᠭᠡᠨ ᠵᠠᠰᠠᠬᠤ ᠣᠷᠣᠨ ᠤ ᠳᠡᠰ ᠤᠨ ᠪᠣᠬᠢᠷᠳᠣᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠣᠯᠳᠠ ᠶᠢᠨ ᠪᠠᠷᠢᠮᠵᠢᠶᠠᠨ ᠳᠤ ᠬᠦᠷᠪᠡ᠃ ᠲᠠᠯ᠎ᠠ ᠨᠣᠳᠤᠭ ᠤᠨ ᠠᠮᠢ ᠠᠬᠤᠢ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠣᠳᠣᠯᠭ᠎ᠠ ᠪᠣᠯᠣᠨ ᠬᠠᠪᠣᠷ ᠤᠨ ᠣᠯᠠᠷᠢᠯ ᠤᠨ ᠰᠡᠯᠬᠦᠨ ᠮᠠᠯᠵᠢᠬᠤ ᠲᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ 3.4 ᠳ᠋ᠦᠩᠰᠢᠭᠤᠷ ᠲᠦᠭᠦᠷᠢᠭ ᠤᠨ ᠱᠠᠩᠨᠠᠯ ᠨᠦᠬᠦᠪᠦᠷᠢ ᠶᠢᠨ ᠪᠡᠯᠡ ᠮᠦᠩᠭᠦ ᠪᠣᠯᠣᠨ ᠨᠦᠬᠦᠪᠦᠷᠢ ᠶᠢᠨ ᠪᠡᠯᠡ ᠮᠦᠩᠭᠦ ᠶᠢ ᠲᠠᠷᠬᠠᠭᠠᠨ ᠦᠭᠴᠦ᠂ 1.26 ᠲᠦᠮᠡ ᠭᠠᠷᠣᠢ ᠮᠠᠯᠵᠢᠬᠤ ᠡᠷᠦᠭᠡ ᠶᠢᠨ 4.5 ᠲᠦᠮᠡᠨ ᠬᠦᠮᠦᠨ ᠳᠤ ᠬᠠᠷᠠᠭᠠᠯᠵᠠᠯ ᠬᠦᠷᠳᠡᠭᠡᠪᠡ᠃ ᠰᠢᠨ᠎ᠡ ᠡᠭᠡᠯᠵᠢ ᠶᠢᠨ ᠲᠠᠯ᠎ᠠ ᠨᠣᠳᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠣᠳᠣᠯᠭ᠎ᠠ ᠶᠢᠨ ᠵᠢᠯᠣᠭᠤᠳᠬᠤ ᠰᠠᠨᠠᠯ ᠲᠠᠢ ᠣᠶᠠᠯᠳᠣᠭᠤᠯᠣᠨ᠂ 256.97 ᠲᠦᠮᠡᠨ ᠮᠣ᠋ ᠭᠠᠵᠠᠷ ᠤᠨ ᠮᠠᠯᠵᠢᠬᠤ ᠶᠢ ᠵᠣᠭᠰᠣᠭᠠᠬᠤ ᠣᠷᠣᠨ ᠪᠣᠯᠣᠨ 3032.54 ᠲᠦᠮᠡᠨ ᠮᠣ᠋ ᠭᠠᠵᠠᠷ ᠤᠨ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠬᠠᠣ ᠣᠷᠣᠨ ᠢ ᠬᠤᠪᠢᠶᠠᠷᠢᠯᠠᠨ ᠲᠣᠭᠳᠠᠭᠠᠪᠠ᠃ ᠭᠤᠣᠯ ︵ᠨᠠᠭᠤᠷ︶ ᠤᠨ ᠳᠠᠷᠤᠭ᠎ᠠ ᠶᠢᠨ ᠲᠦᠷᠢᠮ ᠢ ᠬᠦᠨᠵᠡᠭᠡᠢ ᠠᠬᠢᠭᠤᠯᠵᠣ᠂ ᠭᠤᠣᠯ ᠨᠠᠭᠤᠷ ᠢ ᠲᠣᠭᠤᠷᠢᠨ ᠪᠠᠶᠢᠴᠠᠭᠠᠵᠣ ᠵᠠᠰᠠᠨ ᠴᠡᠭᠴᠡᠯᠡᠵᠦ ᠬᠠᠮᠠᠭᠠᠯᠠᠬᠤ ᠬᠦᠴᠦᠨ ᠢ ᠦᠷᠭᠦᠯᠵᠢᠯᠡᠨ ᠨᠡᠮᠡᠭᠳᠡᠭᠦᠯᠵᠦ᠂ ᠭᠤᠣᠯ ᠨᠠᠭᠤᠷ ᠢ ᠬᠠᠮᠠᠭᠠᠯᠠᠬᠤ ᠬᠠᠮᠢᠶᠠᠷᠣᠯᠳᠠ ᠶᠢᠨ ᠬᠢᠷᠢ ᠲᠦᠪᠰᠢᠨ ᠢ ᠪᠦᠲᠦᠮᠵᠢᠳᠠᠢ ᠳᠡᠭᠡᠭᠰᠢᠯᠡᠭᠦᠯᠪᠡ᠃ ᠣᠢ ᠰᠢᠭᠤᠢ ︵ᠡᠪᠡᠰᠦ ᠪᠡᠯᠴᠢᠭᠡᠷ︶ ᠶᠢᠨ ᠲᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠠᠬᠢᠭᠤᠯᠵᠣ᠂ ᠣᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ᠂ ᠠᠮᠢ ᠠᠬᠤᠢ ᠶᠢᠨ ᠣᠢ ᠰᠢᠭᠤᠢ ᠶᠢᠨ ᠬᠠᠮᠠᠭᠠᠯᠠᠭᠴᠢ᠂ ᠨᠣᠳᠤᠭ ᠪᠡᠯᠴᠢᠭᠡᠷ ᠢ ᠬᠠᠮᠢᠶᠠᠷᠣᠨ ᠬᠠᠮᠠᠭᠠᠯᠠᠭᠴᠢ ︽ᠭᠤᠷᠪᠠ ᠶᠢ ᠨᠢᠭᠡ ᠴᠣᠭᠴᠠᠵᠢᠭᠤᠯᠬᠤ︾ ᠲᠣᠣᠷᠴᠢᠯᠠᠭᠰᠠᠨ ᠬᠠᠮᠢᠶᠠᠷᠣᠯᠳᠠ ᠶᠢᠨ ᠬᠡᠯᠪᠡᠷᠢ ᠶᠢ ᠪᠠᠶᠢᠭᠤᠯᠪᠠ᠃ ᠨᠡᠭᠦᠷᠡᠰᠦᠳᠦ᠋ᠷᠦᠭᠴᠢ ᠶᠢᠨ ᠲᠠᠪᠬᠤᠷ ᠢᠰᠦᠯ ᠤᠨ ᠭᠠᠳᠠᠭᠰᠢᠯᠠᠭᠤᠯᠣᠯᠳᠠ ᠶᠢ ᠪᠠᠷᠢᠮᠵᠢᠶ᠎ᠠ ᠳᠤ ᠬᠦᠷᠭᠡᠬᠦ ᠪᠠᠶᠢᠷᠢᠯᠠᠭᠤᠯᠣᠯᠳᠠ ᠶᠢ ᠴᠢᠩᠭ᠎ᠠ ᠨᠠᠶᠢᠳᠠᠪᠣᠷᠢᠵᠢᠭᠤᠯᠵᠣ᠂ ︽ᠬᠤᠶᠠᠷ ᠦᠨᠳᠦᠷ︾6 ᠲᠦᠷᠦᠯ ᠵᠦᠢᠯ ᠢ ᠴᠡᠭᠴᠡᠯᠡᠨ ᠴᠡᠪᠡᠷᠯᠡᠬᠦ ᠬᠦᠴᠦᠨ ᠢᠶᠠᠨ ᠴᠢᠩᠭᠠᠳᠬᠠᠵᠣ᠂ ᠡᠨᠧᠷᠬᠢ ᠠᠷᠪᠢᠯᠠᠨ ᠬᠤᠷᠣᠭᠳᠠᠯ ᠢ ᠪᠠᠭᠠᠰᠬᠠᠬᠤ ᠬᠠᠷᠠᠯᠳᠠ ᠡᠭᠦᠷᠭᠡ ᠶᠢ ᠲᠡᠭᠦᠰ ᠠᠮᠵᠢᠯᠳᠠᠳᠠᠢ ᠪᠡᠶᠡᠯᠡᠭᠦᠯᠪᠡ᠃ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠣᠯᠳᠠ ᠶᠢ ᠦᠷᠭᠦᠯᠵᠢᠯᠡᠨ ᠠᠬᠢᠭᠤᠯᠵᠣ᠂ ᠨᠡᠶᠢᠳᠡ 1.58 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ 50 ᠲᠦᠮᠡᠨ ᠮᠣ᠋ ᠡᠯᠡᠰᠦᠷᠭᠡᠭᠵᠢᠭᠰᠡᠨ ᠨᠣᠳᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ᠂ 12 ᠲᠦᠮᠡᠨ ᠮᠣ᠋ ᠭᠠᠵᠠᠷ ᠢ ᠪᠢᠳᠡᠭᠦᠮᠵᠢᠯᠡᠨ ᠣᠶᠢᠵᠢᠭᠤᠯᠬᠤ᠂ 1690 ᠮᠣ᠋ ᠲᠠᠯᠠᠪᠠᠢ ᠶᠢ ᠬᠦᠮᠦᠨ ᠤ ᠬᠦᠴᠦ ᠪᠠᠷ ᠣᠶᠢᠵᠢᠭᠤᠯᠬᠤ᠂ 26 ᠳᠡᠭᠰᠢ ᠲᠦᠷᠪᠡᠯᠵᠢᠨ ᠺᠢᠯᠣᠮᠧᠲᠷ ᠤᠨ ᠵᠢᠵᠢᠭ ᠣᠷᠣᠰᠬᠠᠯ ᠢ ᠵᠠᠰᠠᠬᠤ ᠢᠨᠵᠧᠨᠧᠷᠢᠩ ᠢ ᠪᠡᠶᠡᠯᠡᠭᠦᠯᠵᠦ᠂ ᠣᠢ ᠰᠢᠭᠤᠢ ᠶᠢᠨ ᠪᠦᠷᠬᠦᠴᠡ ᠶᠢᠨ ᠨᠣᠷᠮ᠎ᠠ ᠪᠣᠯᠣᠨ ᠲᠠᠯ᠎ᠠ ᠨᠣᠳᠤᠭ ᠤᠨ ᠣᠷᠭᠤᠮᠠᠯ ᠤᠨ ᠬᠤᠴᠢᠯᠭ᠎ᠠ ᠲᠣᠰᠪᠦᠷᠢ 8.2% ᠪᠣᠯᠣᠨ 24.7% ᠳᠤ ᠬᠦᠷᠴᠦ᠂ ︽ᠬᠤᠣᠰ ᠳᠡᠭᠡᠭᠰᠢᠯᠡᠭᠦᠯᠦᠯᠳᠡ︾ ᠶᠢ ᠪᠡᠶᠡᠯᠡᠭᠦᠯᠪᠡ᠃ᠳᠦᠷᠪᠡᠨ ᠵᠢᠯ ᠤᠨ ᠲᠣᠷᠰᠢ᠂ ᠪᠢᠳᠡ ᠦᠨᠳᠦᠰᠦ ᠰᠠᠭᠤᠷᠢ ᠪᠠᠨ ᠪᠠᠬᠢᠵᠢᠭᠦᠯᠦᠨ ᠢᠳᠡᠭᠡᠯ ᠵᠣᠷᠢᠭ ᠢᠶᠠᠨ ᠬᠦᠪᠴᠢᠯᠡᠬᠦ᠂ ᠲᠦᠪ ᠭᠤᠣᠯᠴᠢ ᠶᠢ ᠡᠷᠬᠢᠮᠯᠡᠨ ᠰᠢᠨ᠎ᠡ ᠶᠢ ᠡᠭᠦᠳᠬᠦ ᠶᠢ ᠪᠠᠷᠢᠮᠳᠠᠯᠠᠵᠣ᠂ ᠰᠣᠶᠣᠯ ᠤᠨ ᠪᠠᠶᠢᠭᠤᠯᠣᠯᠳᠠ ᠶᠢ ᠦᠷᠭᠦᠯᠵᠢᠯᠡᠨ ᠠᠬᠢᠭᠤᠯᠪᠠ᠃ ᠰᠢ ᠶᠢᠨ ᠫᠢᠩ ᠶᠡᠷᠦᠩᠭᠡᠢ ᠱᠦᠵᠢ ᠶᠢᠨ ᠨᠠᠨᠳᠢᠨ ᠨᠠᠶᠢᠳᠠᠯᠭ᠎ᠠ ᠶᠢ ᠪᠠᠳᠣ ᠴᠡᠭᠡᠵᠢᠯᠡᠵᠦ᠂ ᠬᠠᠷᠢᠭᠤ ᠵᠠᠬᠢᠳᠠᠯ ᠠᠴᠠ ᠡᠷᠴᠢ ᠬᠦᠴᠦ ᠣᠯᠵᠣ᠂ ᠣᠷᠬᠢᠯᠣᠮ᠎ᠠ ᠬᠠᠯᠠᠭᠤᠨ ᠰᠡᠳᠬᠢᠯᠭᠡ ᠪᠠᠨ ᠬᠦᠭᠵᠢᠭᠡᠵᠦ᠂ ᠣᠯᠠᠭᠠᠠᠮᠦ᠋ᠴᠢᠷ ᠤᠨ ᠰᠢᠯᠢᠳᠡᠭ ᠣᠯᠠᠮᠵᠢᠯᠠᠯ ᠢ ᠶᠡᠬᠡᠪᠡᠷ ᠪᠠᠳᠠᠷᠠᠭᠤᠯᠵᠣ᠂ ᠬᠤᠪᠢᠰᠬᠠᠯ ᠤᠨ ᠵᠣᠷᠢᠭ ᠰᠠᠨᠠᠭ᠎ᠠ ᠶᠢ ᠣᠯᠠᠮᠵᠢᠯᠠᠵᠣ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠦᠭᠡᠷᠡᠴᠢᠯᠡᠯᠳᠡ ᠰᠢᠨᠡᠴᠢᠯᠡᠯᠳᠡ  ᠶᠢ ᠠᠬᠢᠭᠤᠯᠵᠣ᠂ ᠣᠷᠢᠳ ᠬᠤᠵᠢᠳ ︽ᠣᠭ ᠰᠠᠨᠠᠭ᠎ᠠ ᠪᠠᠨ ᠦᠯᠦ ᠮᠠᠷᠳᠠᠨ ᠦᠨᠡᠨᠴᠢ ᠰᠢᠳᠣᠷᠭᠤ ᠪᠠᠷ ᠬᠠᠷᠢᠭᠤᠴᠠᠯᠭ᠎ᠠ ᠪᠠᠨ ᠭᠦᠢᠴᠡᠳᠭᠡᠵᠦ᠂ ᠬᠠᠶᠢᠷ᠎ᠠ ᠪᠢᠯᠬᠠᠭᠰᠠᠨ ᠲᠠᠯ᠎ᠠ ᠨᠣᠳᠤᠭ ᠲᠠᠢ ᠪᠠᠨ ᠡᠭᠦᠷᠢᠳᠡ ᠬᠠᠮᠳᠣ ᠪᠠᠶᠢᠬᠤ︾ ︽ᠡᠭᠦᠷᠢᠳᠡ ᠲᠠᠯ᠎ᠠ ᠨᠣᠳᠤᠭ ᠤᠨ ᠬᠤᠪᠢᠰᠬᠠᠯᠳᠣ ᠣᠳᠬ᠎ᠠ ᠣᠷᠠᠯᠢᠭ ᠤᠨ ᠬᠦᠩᠭᠡᠨ ᠮᠣᠷᠢᠳᠣ ᠴᠡᠷᠢᠭ ᠪᠣᠯᠬᠤ︾ ᠵᠡᠷᠭᠡ ᠣᠯᠠᠨ ᠬᠡᠯᠪᠡᠷᠢ ᠮᠠᠶ᠋ᠢᠭ ᠤᠨ ᠭᠤᠣᠯ ᠰᠡᠳᠦᠪᠳᠦ ᠠᠵᠢᠯᠯᠠᠭ᠎ᠠ ᠶᠢ ᠦᠷᠨᠢᠭᠦᠯᠵᠦ᠂ ᠣᠯᠠᠭᠠᠠᠮᠦ᠋ᠴᠢᠷ ᠤᠨ ᠠᠷᠠᠳ  ᠲᠤ ᠦᠢᠯᠡᠴᠢᠯᠡᠬᠦ 522 ᠲᠠᠯᠠᠪᠠᠢ ᠣᠳᠬ᠎ᠠ ᠣᠷᠠᠯᠢᠭ ᠤᠨ ᠲᠣᠭᠯᠠᠯᠳᠠ ᠭᠠᠷᠭᠠᠵᠣ᠂ ︽ᠵᠢᠷᠦᠭᠡ ᠶᠢᠨ ᠬᠠᠶᠢᠷ᠎ᠠ︾ ︽ᠪᠠᠭ᠎ᠠ ᠡᠩᠨᠡᠭᠡ᠂ ᠲᠣᠮᠣ ᠡᠭᠦᠷᠭᠡ ᠬᠠᠷᠢᠭᠤᠴᠠᠯᠭ᠎ᠠ︾ ᠵᠡᠷᠭᠡ ᠮᠠᠯᠴᠢᠨ ᠲᠠᠷᠢᠶᠠᠴᠢᠳ ᠤᠨ ᠪᠠᠬ᠎ᠠ ᠶᠢ ᠳᠠᠳᠠᠭᠰᠠᠨ 40 ᠭᠠᠷᠣᠢ ᠣᠳᠬ᠎ᠠ ᠣᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ︽ᠣᠯᠠᠭᠠᠠᠮᠦ᠋ᠴᠢᠷ +︾ ᠢᠶᠠᠷ ᠭᠤᠣᠯ ᠠᠭᠤᠯᠭ᠎ᠠ ᠪᠣᠯᠭᠠᠭᠰᠠᠨ ᠮᠠᠯᠵᠢᠬᠤ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠣᠨ ᠦᠢᠯᠡᠳᠦᠯᠭᠡ ᠶᠢᠨ ᠨᠡᠭᠦᠳᠡᠯ ᠰᠠᠶᠢᠨ ᠲᠣᠷ᠎ᠠ ᠶᠢᠨ ᠦᠢᠯᠡᠴᠢᠯᠡᠭᠡᠨ ᠤ ᠰᠢᠰᠲ᠋ᠧᠮ ᠢ ᠡᠭᠦᠳᠴᠦ᠂ ᠨᠠᠮ ᠤᠨ ᠳᠠᠭᠤᠨ ᠬᠤᠭᠤᠯᠠᠢ ᠪᠣᠯᠣᠨ ᠬᠠᠶᠢᠷ᠎ᠠ ᠬᠠᠯᠠᠮᠵᠢ ᠶᠢ ᠲᠦᠭ ᠲᠦᠮᠡᠨ ᠡᠷᠦᠭᠡ ᠳᠤ ᠲᠦᠭᠡᠭᠡᠪᠡ᠃ ᠣᠯᠠᠭᠠᠠᠮᠦ᠋ᠴᠢᠷ ᠦᠵᠡᠭᠦᠯᠦᠯᠭᠡ ᠶᠢᠨ ᠲᠠᠩᠭᠢᠮ ᠤᠨ ᠪᠦᠲᠦᠭᠡᠨ ᠪᠠᠶᠢᠭᠤᠯᠣᠯᠳᠠ ᠶᠢ ᠪᠡᠶᠡᠯᠡᠭᠦᠯᠵᠦ᠂ ᠨᠡᠶᠢᠳᠡ 675 ᠣᠳᠠᠭᠠᠨ ᠤ 1.2 ᠲᠦᠮᠡ ᠭᠠᠷᠣᠢ ᠰᠣᠷᠣᠯᠴᠠᠨ ᠪᠠᠶᠢᠴᠠᠭᠠᠨ ᠰᠣᠳᠣᠯᠬᠤ ᠪᠠᠷ ᠢᠷᠡᠭᠰᠡᠨ ᠬᠦᠮᠦᠰ ᠢ ᠬᠦᠯᠢᠶᠡᠨ ᠵᠣᠴᠢᠯᠠᠪᠠ᠃ ᠣᠯᠠᠭᠠᠠᠮᠦ᠋ᠴᠢᠷ ᠨᠢ ᠣᠷᠢᠳ ᠬᠤᠵᠢᠳ ︽ᠪᠦᠬᠦ ᠣᠯᠣᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶᠡᠴᠢ ᠬᠠᠮᠳᠣ ᠨᠢᠭᠡᠴᠡ︾ ︽ᠪᠦᠬᠦ ᠣᠯᠣᠰ ᠤᠨ ᠰᠢᠷᠭᠠᠭᠤ ᠲᠡᠮᠡᠴᠡᠭᠴᠢ ᠶᠢᠨ ᠲᠡᠷᠢᠭᠦᠨ ᠤ ᠬᠠᠮᠳᠣ ᠨᠢᠭᠡᠴᠠ︾ ︽ᠣᠮᠠᠷᠠᠳᠣ ᠬᠢᠯᠢ ᠶᠢᠨ ᠵᠢᠱᠢᠶᠡᠴᠢ︾ ᠵᠡᠷᠭᠡ ᠣᠯᠠᠨ ᠲᠦᠷᠦᠯ ᠤᠨ ᠢᠷᠠᠭᠤ ᠠᠯᠳᠠᠷ ᠢ ᠬᠦᠷᠳᠡᠪᠡ᠃ ᠨᠡᠶᠢᠭᠡᠮ ᠵᠢᠷᠣᠮ ᠤᠨ ᠭᠤᠣᠯᠯᠠᠭᠴᠢ ᠦᠷᠳᠡᠭ ᠤᠨ ᠦᠵᠡᠯᠳᠡ ᠪᠠᠷ ᠵᠢᠯᠣᠭᠤᠳᠣᠯᠭ᠎ᠠ ᠪᠣᠯᠭᠠᠵᠣ᠂ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠰᠣᠶᠣᠯ ᠤᠨ ᠣᠷᠳᠣᠨ᠂ ᠨᠣᠮ ᠤ ᠰᠠᠩ ᠤᠨ ᠴᠢᠳᠠᠪᠬᠢ ᠶᠢ ᠨᠡᠩ ᠢᠯᠡᠭᠦᠦ ᠲᠡᠭᠦᠯᠳᠡᠷᠵᠢᠭᠦᠯᠵᠦ᠂ ᠦᠨᠳᠦᠰᠦᠨ ᠱᠠᠳᠣᠨ ᠤ ᠶᠡᠷᠦᠩᠭᠡᠶᠢᠯᠡᠭᠰᠡᠨ ᠴᠢᠨᠠᠷᠳᠠᠢ ᠰᠣᠶᠣᠯ ᠤᠨ ᠦᠢᠯᠡᠴᠢᠯᠡᠭᠡᠨ ᠤ ᠲᠦᠪ  ᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠦ᠂ ᠬᠤᠰᠢᠭᠤ ᠰᠣᠶᠣᠯ ᠤᠨ ᠣᠷᠳᠣᠨ ᠨᠢ ᠣᠯᠣᠰ ᠤᠨ ᠭᠤᠷᠪᠠᠳᠣᠭᠠᠷ ᠳᠡᠰ  ᠤᠨ ᠰᠣᠶᠣᠯ ᠤᠨ ᠣᠷᠳᠣᠨ ᠢᠶᠠᠷ ᠦᠨᠡᠯᠡᠭᠳᠡᠪᠡ᠃ ᠬᠤᠰᠢᠭᠤᠨ ᠤ ᠪᠠᠶᠢᠳᠠᠯ ᠳᠠᠭᠠᠨ ᠰᠠᠭᠤᠷᠢᠯᠠᠵᠣ᠂ ᠬᠤᠳᠠ ᠬᠦᠳᠡᠭᠡ ᠶᠢ ᠪᠦᠷᠬᠦᠭᠰᠡᠨ᠂ ᠬᠡᠷᠡᠭᠴᠡᠭᠡ ᠶᠣᠰᠣᠭᠠᠷ ᠬᠠᠩᠭᠠᠬᠤ᠂ ᠦᠷᠭᠡᠨ ᠢᠶᠠᠷ ᠣᠷᠣᠯᠴᠠᠬᠤ ᠨᠡᠶᠢᠳᠡ ᠶᠢᠨ ᠰᠣᠶᠣᠯ  ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠪᠠ᠃ ᠲᠣᠯᠣᠭᠠᠨ ᠬᠦᠮᠦᠨ ᠤ ᠲᠦᠷᠢᠮᠳᠦ ᠬᠦᠯ ᠪᠦᠮᠪᠦᠭᠡᠨ ᠲᠠᠯᠠᠪᠠᠢ᠂ ᠲᠠᠪᠣᠨ ᠬᠦᠮᠦᠨ ᠤ ᠲᠦᠷᠢᠮᠳᠦ ᠬᠦᠯ ᠪᠦᠮᠪᠦᠭᠡᠨ ᠲᠠᠯᠠᠪᠠᠢ᠂ ᠨᠡᠶᠢᠳᠡ ᠶᠢᠨ ᠰᠠᠭᠰᠣᠨ ᠪᠦᠮᠪᠦᠭᠡᠨ ᠲᠠᠯᠠᠪᠠᠢ ᠪᠣᠯᠣᠨ ᠨᠡᠶᠢᠳᠡ ᠶᠢᠨ ᠪᠡᠶ᠎ᠡ ᠲᠠᠮᠢᠷ ᠤᠨ ᠲᠠᠯᠠᠪᠠᠢ ᠶᠢ ᠴᠦᠮ ᠠᠰᠢᠭᠯᠠᠯᠳᠠ ᠳᠤ ᠣᠷᠣᠭᠤᠯᠵᠣ᠂ ᠣᠯᠠᠨ ᠲᠦᠮᠡᠨᠴᠢ ᠴᠢᠨᠠᠷᠳᠠᠢ ᠰᠣᠶᠣᠯ ᠲᠠᠮᠢᠷ ᠤᠨ ᠠᠵᠢᠯᠯᠠᠭ᠎ᠠ ᠶᠢ ᠦᠷᠭᠡᠨ ᠢᠶᠠᠷ ᠦᠷᠨᠢᠭᠦᠯᠪᠡ᠃ ᠲᠡᠣᠭᠡ ᠶᠢᠨ ᠲᠣᠷᠠᠰᠬᠠᠯᠳᠣ ᠪᠣᠳᠠᠰ ᠢ ᠬᠠᠮᠠᠭᠠᠯᠠᠬᠤ ᠪᠣᠯᠣᠨ ᠦᠨᠳᠦᠰᠦᠳᠡᠨ ᠤ ᠰᠣᠶᠣᠯ ᠢ ᠣᠯᠠᠮᠵᠢᠯᠠᠬᠤ ᠶᠢ ᠴᠢᠩᠭᠠᠳᠬᠠᠵᠣ᠂ ᠵᠢᠪᠬᠤᠯᠠᠩᠳᠣ ᠶᠢᠨ ᠡᠾᠦ᠋ᠩᠨᠣ ᠶᠢᠨ ᠦᠶ᠎ᠡ ᠶᠢᠨ ᠪᠣᠯᠠᠰᠢ ᠨᠤᠭᠤᠳ ᠤᠨ ᠬᠠᠭᠤᠴᠢ ᠮᠠᠯᠳᠠᠮᠠᠯ ᠤᠨ ᠠᠵᠢᠯ ᠳᠤ ᠢᠳᠡᠪᠬᠢᠳᠠᠢ ᠬᠠᠮᠵᠢᠯᠴᠠᠵᠣ ᠂ ᠰᠦᠨᠢᠳ ᠢᠷᠦᠭᠡᠯ ᠮᠠᠭᠳᠠᠭᠠᠯ᠂ ᠮᠣᠩᠭᠤᠯ ᠭᠡᠷ ᠦᠢᠯᠡᠳᠬᠦ ᠮᠡᠷᠭᠡᠵᠢᠯ ᠵᠡᠷᠭᠡ 10 ᠲᠦᠷᠦᠯ ᠤᠨ ᠪᠣᠳᠠᠰ ᠤᠨ ᠪᠣᠰᠣ ᠰᠣᠶᠣᠯ ᠤᠨ ᠦᠪ ᠤᠨ ᠲᠦᠷᠦᠯ ᠵᠦᠢᠯ ᠨᠢ ᠦᠪᠡᠷᠳᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠣᠰᠣ ᠰᠣᠶᠣᠯ ᠤᠨ ᠦᠪ ᠤᠨ ᠲᠦᠯᠦᠭᠡᠯᠡᠬᠦ ᠴᠢᠨᠠᠷᠳᠠᠢ ᠲᠦᠷᠦᠯ ᠵᠦᠢᠯ ᠤᠨ ᠨᠡᠷᠡᠰ ᠤᠨ ᠪᠦᠷᠢᠳᠭᠡᠯ ᠳᠤ ᠣᠷᠣᠵᠣ᠂ 5 ᠬᠦᠮᠦᠨ ᠢ ᠦᠪᠡᠷᠳᠡᠭᠡᠨ ᠵᠠᠰᠠᠬᠤ ᠣᠷᠣᠨ ᠤ ᠪᠣᠳᠠᠰ ᠤᠨ ᠪᠣᠰᠣ ᠰᠣᠶᠣᠯ ᠤᠨ ᠦᠪ   ᠤᠨ ᠲᠦᠷᠦᠯ ᠵᠦᠢᠯ ᠤᠨ ᠲᠦᠯᠦᠭᠡᠯᠡᠬᠦ ᠴᠢᠨᠠᠷᠳᠠᠢ ᠦᠪᠯᠡᠨ ᠣᠯᠠᠮᠵᠢᠯᠠᠭᠴᠢ ᠪᠠᠷ ᠨᠡᠷᠡᠶᠢᠳᠦᠪᠡ᠃ ᠳᠦᠷᠪᠡᠨ ᠵᠢᠯ ᠤᠨ ᠲᠣᠷᠰᠢ᠂ ᠪᠢᠳᠡ ᠠᠷᠠᠳ ᠲᠦᠮᠡᠨ ᠢ ᠲᠡᠭᠡᠳᠦᠯᠡᠬᠦ᠂ ᠲᠦᠭᠡᠮᠡᠯ ᠬᠠᠷᠠᠭᠠᠯᠵᠠᠯ ᠢ ᠬᠠᠮᠳᠣᠪᠡᠷ ᠡᠳ᠋ᠯᠡᠬᠦ  ᠶᠢ ᠪᠠᠷᠢᠮᠳᠠᠯᠠᠵᠣ᠂ ᠨᠡᠶᠢᠭᠡᠮ ᠤᠨ ᠪᠦᠲᠦᠭᠡᠨ ᠪᠠᠶᠢᠭᠤᠯᠣᠯᠳᠠ ᠠᠮᠵᠢᠯᠳᠠ  ᠣᠯᠪᠠ᠃ ᠰᠣᠷᠭᠠᠨ ᠬᠦᠮᠦᠵᠢᠯ ᠤᠨ ᠠᠵᠢᠯ ᠦᠢᠯᠡᠰ ᠢ ᠡᠩ ᠲᠡᠷᠢᠭᠦᠨ ᠳᠤ ᠬᠦᠭᠵᠢᠭᠦᠯᠪᠡ᠃ ︽ᠲᠠᠪᠣᠨ ᠬᠦᠮᠦᠵᠢᠯ︾ 7 ᠢ ᠵᠡᠷᠭᠡᠪᠡᠷ ᠴᠢᠬᠤᠯᠠᠴᠢᠯᠠᠬᠤ ᠶᠢ ᠪᠠᠷᠢᠮᠳᠠᠯᠠᠵᠣ᠂ ᠰᠣᠷᠭᠠᠨ ᠬᠦᠮᠦᠵᠢᠯ ᠤᠨ ᠶᠠᠰᠣ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠲᠡᠭᠦᠰ ᠠᠮᠵᠢᠯᠳᠠᠳᠠᠢ ᠪᠡᠶᠡᠯᠡᠭᠦᠯᠵᠦ᠂ ︽ᠨᠣᠮ ᠰᠣᠶᠣᠯ︾ ᠤᠨ ᠲᠦᠷᠦᠯ ᠲᠡᠮᠳᠡᠭᠲᠦ ᠶᠢᠨ ᠪᠠᠶᠢᠭᠤᠯᠣᠯᠳᠠ ᠶᠢᠨ ᠲᠣᠷᠰᠢᠯᠭ᠎ᠠ  ᠶᠢ ᠪᠦᠬᠦ ᠠᠶᠢᠮᠠᠭ ᠲᠤ ᠲᠦᠭᠡᠮᠡᠯᠵᠢᠭᠦᠯᠪᠡ᠃ ᠰᠣᠷᠭᠠᠭᠤᠯᠢ ᠶᠢᠨ ᠬᠦᠷᠢᠶᠡᠨ ᠤ ᠬᠦᠮᠦᠨ ᠤ ᠰᠡᠷᠭᠡᠶᠢᠯᠡᠯᠳᠡ᠂ ᠪᠣᠳᠠᠰ  ᠤᠨ ᠰᠡᠷᠭᠡᠶᠢᠯᠡᠯᠳᠡ᠂ ᠮᠡᠷᠭᠡᠵᠢᠯ ᠤᠨ ᠰᠡᠷᠭᠡᠶᠢᠯᠡᠯᠳᠡ ᠶᠢᠨ ᠪᠠᠶᠢᠭᠤᠯᠣᠯᠳᠠ ᠶᠢ ᠴᠢᠩᠭᠠᠳᠬᠠᠵᠣ᠂ ᠰᠣᠷᠭᠠᠭᠤᠯᠢ ᠶᠢᠨ ᠬᠦᠷᠢᠶ᠎ᠡ ᠵᠢᠴᠢ ᠣᠶᠢᠷ᠎ᠠ ᠬᠠᠪᠢ ᠶᠢᠨ ᠣᠷᠴᠢᠨ ᠲᠣᠭᠤᠷᠢᠨ ᠢ ᠶᠡᠷᠦᠩᠭᠡᠶᠢᠯᠡᠨ ᠵᠠᠰᠠᠨ ᠴᠡᠭᠴᠡᠯᠡᠬᠦ ᠶᠢ ᠯᠠᠪᠳᠠᠭᠤᠨ ᠢᠶᠠᠷ ᠦᠷᠨᠢᠭᠦᠯᠵᠦ᠂ ᠰᠣᠷᠭᠠᠭᠤᠯᠢ ᠶᠢᠨ ᠬᠦᠷᠢᠶᠡᠨ ᠤ ᠠᠮᠣᠷ ᠲᠦᠪᠰᠢᠨ ᠤ ᠰᠡᠷᠭᠡᠶᠢᠯᠡᠯᠳᠡ ᠶᠢᠨ ᠱᠣᠭᠤᠮ ᠢ ᠪᠦᠬᠦ ᠲᠠᠯ᠎ᠠ  ᠪᠠᠷ ᠪᠠᠳᠣ ᠴᠣᠭᠴᠠᠯᠠᠪᠠ᠃ ᠨᠠᠷᠠᠠᠪᠣᠯᠠᠭ ᠮᠣᠩᠭᠤᠯ ᠦᠨᠳᠦᠰᠦᠳᠡᠨ ᠤ ᠭᠡᠣᠭᠡᠳ ᠤᠨ ᠴᠡᠴᠡᠷᠯᠢᠭ᠂ ᠮᠣᠩᠭᠤᠯ ᠦᠨᠳᠦᠰᠦᠳᠡᠨ ᠤ ᠳᠣᠮᠳᠠᠳᠣ ᠰᠣᠷᠭᠠᠭᠤᠯᠢ ᠶᠢᠨ ᠰᠢᠨ᠎ᠡ ᠰᠣᠷᠭᠠᠭᠤᠯᠢ ᠶᠢᠨ ᠲᠣᠭᠤᠷᠢᠭ ᠢ ᠠᠰᠢᠭᠯᠠᠯᠳᠠ ᠳᠤ ᠣᠷᠣᠭᠤᠯᠵᠣ᠂ ᠦᠨᠳᠦᠰᠦᠳᠡᠨ ᠤ ᠬᠡᠯᠡ ᠪᠠᠷ ᠬᠢᠴᠢᠶᠡᠯᠯᠡᠬᠦ 3 ᠰᠣᠷᠭᠠᠭᠤᠯᠢ ᠳᠤ ᠣᠯᠣᠰ ᠤᠨ ᠨᠢᠭᠡᠳᠦᠯᠳᠠᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠲᠣᠭᠳᠠᠭᠤᠨ ᠢᠶᠠᠷ ᠡᠮᠬᠢ ᠳᠢᠭᠯᠢᠮ ᠲᠠᠢ ᠪᠠᠷ ᠲᠦᠭᠡᠮᠡᠯᠵᠢᠭᠦᠯᠦᠨ ᠬᠡᠷᠡᠭᠯᠡᠵᠦ᠂ ᠨᠡᠶᠢᠳᠡ 84 ᠪᠠᠭᠰᠢ ᠶᠢ ᠣᠷᠢᠵᠣ ᠣᠷᠣᠭᠤᠯᠣᠨ᠂ ᠦᠨᠳᠦᠷ ᠳᠣᠮᠳᠠᠳᠣ ᠳᠤ ᠳᠠᠪᠰᠢᠬᠤ ᠰᠢᠯᠭᠠᠯᠳᠠ  ᠶᠢᠨ ᠶᠡᠷᠦᠩᠭᠡᠶᠢᠯᠡᠭᠰᠡᠨ ᠬᠢᠷᠢ ᠪᠦᠲᠦᠮᠵᠢ ᠪᠦᠬᠦ ᠠᠶᠢᠮᠠᠭ ᠲᠤ ᠲᠡᠷᠢᠭᠦᠨ ᠳᠤ ᠵᠢᠭᠰᠠᠭᠠᠭᠳᠠᠵᠣ᠂ ᠶᠡᠭᠡ ᠳᠡᠭᠡᠲᠦ ᠰᠣᠷᠭᠠᠭᠤᠯᠢ ᠳᠤ ᠳᠠᠪᠰᠢᠬᠤ ᠰᠢᠯᠭᠠᠯᠳᠠ ᠶᠢᠨ ᠵᠢᠩᠭᠢᠨᠢ ᠠᠩᠭᠢ ᠶᠢᠨ ᠬᠤᠪᠢ ᠳᠤ ᠬᠦᠷᠦᠭᠰᠡᠨ ᠨᠣᠷᠮ᠎ᠠ 2017 ᠣᠨ ᠤ ᠬᠢ ᠠᠴᠠ 9 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠰᠣᠷᠭᠠᠨ ᠬᠦᠮᠦᠵᠢᠯ ᠤᠨ ᠵᠢᠭᠠᠨ  ᠰᠣᠷᠭᠠᠯᠳᠠ  ᠶᠢᠨ ᠶᠠᠰᠣ ᠴᠢᠨᠠᠷ ᠪᠦᠬᠦ ᠲᠠᠯ᠎ᠠ ᠪᠠᠷ ᠳᠡᠭᠡᠭᠰᠢᠯᠡᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠡᠷᠡᠭᠦᠯ ᠢᠶᠠᠷ ᠬᠦᠭᠵᠢᠪᠡ᠃ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠡᠷᠡᠭᠦᠯ ᠮᠡᠨᠳᠣ ᠶᠢ ᠠᠬᠢᠭᠤᠯᠬᠤ ᠬᠤᠰᠢᠭᠤ︾ ︽ᠦᠪᠡᠷᠳᠡᠭᠡᠨ ᠵᠠᠰᠠᠬᠤ ᠣᠷᠣᠨ ᠤ ᠠᠷᠬᠠᠭ ᠡᠪᠡᠳᠴᠢᠨ ᠢ ᠶᠡᠷᠦᠩᠭᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠲᠣᠭᠤᠷᠢᠭ︾ ᠢ ᠡᠭᠦᠳᠦᠨ ᠪᠠᠶᠢᠭᠤᠯᠣᠭᠰᠠᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠪᠠᠳᠣᠳᠬᠠᠵᠣ᠂ ᠨᠡᠶᠢᠳᠡ 2.8 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ ᠬᠤᠰᠢᠭᠤ ᠠᠷᠠᠳ ᠤᠨ ᠡᠮᠨᠡᠯᠭᠡ  ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠬᠤ ᠢᠨᠵᠧᠨᠧᠷᠢᠩ᠂ ᠡᠬᠡ ᠨᠢᠯᠬᠠᠰ ᠤᠨ ᠡᠷᠡᠭᠦᠯᠵᠢᠯ ᠪᠠ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠦᠪ᠂ ᠬᠢᠵᠢᠭ ᠢ ᠰᠡᠷᠭᠡᠶᠢᠯᠡᠨ ᠡᠵᠡᠮᠳᠡᠬᠦ ᠲᠦᠪ ᠢ ᠦᠷᠭᠡᠳᠭᠡᠨ ᠪᠠᠶᠢᠭᠤᠯᠬᠤ ᠢᠨᠵᠧᠨᠧᠷᠢᠩ ᠢ ᠪᠠᠶᠢᠭᠤᠯᠵᠣ ᠳᠠᠭᠤᠰᠬᠠᠨ ᠠᠰᠢᠭᠯᠠᠯᠳᠠ ᠳᠤ ᠣᠷᠣᠭᠤᠯᠵᠣ᠂ ᠮᠣᠩᠭᠤᠯ ᠬᠢᠳᠠᠳ ᠡᠮᠨᠡᠯᠭᠡ ᠶᠢᠨ ᠦᠷᠦᠭᠡ ᠶᠢ ᠦᠨᠳᠦᠰᠦᠨ ᠱᠠᠳᠣᠨ ᠤ ᠡᠷᠡᠭᠦᠯ ᠬᠠᠮᠠᠭᠠᠯᠠᠯ ᠤᠨ ᠪᠠᠶᠢᠭᠤᠯᠣᠮᠵᠢ ᠳᠤ ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠦ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ ᠶᠢ ᠠᠮᠵᠢᠯᠳᠠᠳᠠᠢ  ᠪᠠᠷ ᠬᠤᠶᠠᠳᠣᠭᠠᠷ ᠵᠡᠷᠭᠡ ᠶᠢᠨ ᠬᠦᠭᠡ ᠳᠡᠰ ᠤᠨ ᠡᠮᠨᠡᠯᠭᠡ ᠶᠢᠨ ᠬᠤᠷᠢᠶ᠎ᠠ ᠪᠣᠯᠭᠠᠨ ᠡᠭᠦᠳᠦᠨ ᠪᠠᠶᠢᠭᠤᠯᠵᠣ᠂ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠣᠷᠢ ᠣᠯᠠᠮ ᠨᠢᠭᠡ ᠠᠯᠬᠤᠮ ᠳᠡᠭᠡᠭᠰᠢᠯᠡᠪᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠤᠯᠣᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠬᠢᠨᠠᠮᠠᠭᠠᠢ ᠰᠠᠶᠢᠳᠣᠷ ᠠᠳᠬᠤᠵᠣ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ ᠪᠣᠯᠣᠨ ᠬᠢᠵᠢᠭ ᠢ ᠰᠡᠷᠭᠡᠶᠢᠯᠡᠨ ᠡᠵᠡᠮᠳᠡᠬᠦ ᠲᠦᠪ ᠤᠨ PCR ᠲᠣᠷᠰᠢᠯᠳᠠ ᠶᠢᠨ ᠲᠠᠰᠤᠭ ᠤᠨ ᠪᠦᠲᠦᠭᠡᠨ ᠪᠠᠶᠢᠭᠤᠯᠣᠯᠳᠠ ᠶᠢ ᠪᠡᠶᠡᠯᠡᠭᠦᠯᠵᠦ᠂ ᠬᠦᠮᠦᠨ᠂ ᠪᠣᠳᠠᠰ᠂ ᠣᠷᠴᠢᠨ ᠲᠣᠭᠤᠷᠢᠨ ᠢ ᠵᠡᠷᠭᠡᠪᠡᠷ ᠰᠡᠷᠭᠡᠶᠢᠯᠡᠬᠦ ᠪᠠ ᠣᠯᠠᠨ ᠴᠡᠭ ᠲᠤ ᠰᠡᠷᠭᠡᠶᠢᠯᠡᠨ ᠡᠵᠡᠮᠳᠡᠬᠦ ᠲᠣᠭᠳᠠᠴᠠ ᠶᠢ ᠴᠢᠩᠭ᠎ᠠ ᠨᠠᠶᠢᠳᠠᠪᠣᠷᠢᠵᠢᠭᠤᠯᠵᠣ᠂ ᠬᠢᠵᠢᠭ ᠬᠠᠯᠳᠠᠪᠣᠷᠢᠯᠠᠨ ᠲᠠᠷᠬᠠᠭᠰᠠᠨ ᠦᠭᠡᠢ ᠬᠠᠷᠠᠯᠳᠠ ᠡᠭᠦᠷᠭᠡ ᠶᠢ ᠪᠡᠶᠡᠯᠡᠭᠦᠯᠪᠡ᠃ ᠠᠵᠢᠯ ᠣᠯᠭᠤᠵᠣ ᠦᠢᠯᠡᠰ ᠪᠣᠰᠬᠠᠬᠤ ᠣᠯᠠᠨ ᠠᠷᠭ᠎ᠠ ᠪᠠᠷᠢᠯ ᠢ ᠵᠡᠷᠭᠡᠪᠡᠷ ᠬᠡᠷᠡᠭᠵᠢᠭᠦᠯᠪᠡ᠃ ᠦᠢᠯᠡᠰ ᠪᠣᠰᠬᠠᠨ ᠰᠢᠨ᠎ᠡ ᠶᠢ ᠡᠭᠦᠳᠬᠦ ᠶᠢ ᠵᠢᠯᠣᠭᠤᠳᠬᠤ ᠦᠢᠯᠡᠴᠢᠯᠡᠭᠡᠨ ᠤ ᠲᠦᠪ ᠢ ᠠᠰᠢᠭᠯᠠᠯᠳᠠ ᠳᠤ ᠣᠷᠣᠭᠤᠯᠵᠣ᠂ ᠦᠨᠳᠦᠰᠦᠳᠡᠨ ᠤ ᠣᠨᠴᠠᠯᠢᠭᠳᠣ ᠦᠢᠯᠡᠰ ᠪᠣᠰᠬᠠᠬᠤ ᠵᠡᠭᠡᠯᠢ ᠶᠢᠨ ᠦᠷ᠎ᠡ ᠪᠦᠲᠦᠮᠵᠢ ᠢᠯᠡᠷᠭᠡᠢ ᠪᠠᠶᠢᠵᠣ᠂ 2.97 ᠲᠦᠮᠡᠨ ᠠᠵᠢᠯ ᠤᠨ ᠪᠠᠶᠢᠷᠢ ᠶᠢ ᠴᠣᠭᠯᠠᠭᠤᠯᠵᠣ᠂ ᠬᠤᠳᠠ ᠪᠠᠯᠭᠠᠰᠣᠨ ᠳᠤ 4679 ᠬᠦᠮᠦᠨ ᠳᠤ ᠰᠢᠨ᠎ᠡ ᠪᠠᠷ ᠠᠵᠢᠯ ᠣᠯᠭᠤᠵᠣ᠂ 271 ᠬᠤᠪᠢ ᠶᠢᠨ ᠦᠢᠯᠡᠳᠪᠦᠷᠢ ᠬᠤᠳᠠᠯᠳᠣᠭᠠᠨ ᠤ ᠡᠷᠦᠭᠡ ᠳᠤ 3226 ᠲᠦᠮᠡᠨ ᠲᠦᠭᠦᠷᠢᠭ ᠤᠨ ᠦᠢᠯᠡᠰ ᠪᠣᠰᠬᠠᠬᠤ ᠪᠠᠳᠣᠯᠠᠭᠠᠳᠣ ᠵᠢᠭᠡᠯᠡᠯᠭᠡ ᠲᠠᠷᠬᠠᠭᠠᠵᠣ᠂ ᠬᠤᠳᠠ ᠪᠠᠯᠭᠠᠰᠣᠨ ᠤ ᠳᠠᠩᠰᠠᠯᠠᠭᠰᠠᠨ ᠠᠵᠢᠯ ᠠᠯᠳᠠᠯᠳᠠ ᠶᠢᠨ ᠨᠣᠷᠮ᠎ᠠ ᠶᠢ 2.63% ᠳᠤ ᠬᠢᠵᠠᠭᠠᠷᠯᠠᠪᠠ᠃ 105 ᠠᠵᠢᠯ ᠠᠯᠳᠠᠭᠰᠠᠨ ᠴᠡᠷᠢᠭ ᠠᠴᠠ ᠬᠠᠯᠠᠭᠳᠠᠭᠰᠠᠳ ᠪᠣᠯᠣᠨ 157 ᠨᠦᠬᠦᠴᠡᠯ ᠳᠤ ᠨᠡᠶᠢᠴᠡᠬᠦ ᠳᠡᠭᠡᠲᠦ ᠳᠣᠮᠳᠠ ᠵᠡᠷᠭᠡ ᠶᠢᠨ ᠲᠣᠰᠬᠠᠢ ᠮᠡᠷᠭᠡᠵᠢᠯ ᠤᠨ ᠰᠣᠷᠭᠠᠭᠤᠯᠢ᠂ ᠮᠡᠷᠭᠡᠵᠢᠯ ᠤᠨ ᠠᠵᠢᠯᠴᠢᠨ ᠤ ᠰᠣᠷᠭᠠᠭᠤᠯᠢ  ᠠᠴᠠ ᠲᠡᠭᠦᠰᠦᠭᠰᠡᠨ ᠣᠶᠣᠳᠠᠨ ᠤ ᠠᠵᠢᠯ ᠣᠯᠭᠤᠯᠳᠠ ᠶᠢᠨ ᠠᠰᠠᠭᠤᠳᠠᠯ ᠢ ᠰᠢᠢᠳᠪᠦᠷᠢᠯᠡᠪᠡ᠃ ᠵᠠᠰᠠᠭ ᠤᠨ ᠣᠷᠳᠣᠨ ᠬᠤᠳᠠᠯᠳᠣᠨ ᠠᠪᠣᠭᠰᠠᠨ ᠦᠢᠯᠡᠴᠢᠯᠡᠭᠡᠨ ᠤ ᠬᠡᠯᠪᠡᠷᠢ ᠪᠠᠷ 26 ᠨᠣᠳᠤᠭ ᠪᠣᠴᠠᠭᠰᠠᠨ ᠣᠶᠣᠳᠠᠨ ᠳᠤ ᠠᠵᠢᠯ ᠣᠯᠭᠤᠬᠤ ᠦᠷ᠎ᠡ ᠪᠦᠲᠦᠮᠵᠢ ᠶᠢ ᠪᠦᠲᠦᠮᠵᠢᠳᠠᠢ ᠳᠡᠭᠡᠭᠰᠢᠯᠡᠭᠦᠯᠪᠡ᠃ ᠨᠡᠶᠢᠭᠡᠮ ᠤᠨ ᠪᠠᠳᠣᠯᠠᠭ᠎ᠠ ᠶᠢ ᠲᠠᠰᠣᠷᠠᠯᠳᠠ ᠦᠭᠡᠢ ᠴᠢᠩᠭᠠᠳᠬᠠᠪᠠ᠃ ᠨᠠᠰᠣᠳᠠᠨ ᠢ ᠠᠰᠠᠷᠠᠬᠤ ᠬᠦᠷᠳᠡᠭᠡᠮᠵᠢ ᠶᠢᠨ ᠬᠢᠷᠢ ᠲᠦᠪᠰᠢᠨ ᠢ ᠲᠣᠭᠳᠠᠭᠤᠨ ᠢᠶᠠᠷ ᠳᠡᠭᠡᠭᠰᠢᠯᠡᠭᠦᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠣᠵᠢᠯ ᠤᠨ ᠠᠰᠠᠷᠠᠮᠵᠢ ᠶᠢᠨ ᠮᠦᠩᠭᠦ ᠶᠢ 2017 ᠣᠨ ᠤ 110 ᠲᠦᠭᠦᠷᠢᠭ ᠪᠠᠶᠢᠭᠰᠠᠨ ᠠᠴᠠ 140 ᠲᠦᠭᠦᠷᠢᠭ ᠪᠣᠯᠭᠠᠨ ᠳᠡᠭᠡᠭᠰᠢᠯᠡᠭᠦᠯᠪᠡ᠃ ᠠᠵᠣ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ 1738 ᠲᠦᠮᠡᠨ ᠲᠦᠭᠦᠷᠢᠭ ᠤᠨ ᠰᠦᠢᠳᠭᠡᠯ ᠢ ᠱᠠᠳᠣᠴᠢ ᠴᠢᠨᠠᠷᠳᠠᠢ ᠪᠠᠷ ᠬᠠᠰᠣᠵᠣ ᠬᠡᠯᠳᠦᠷᠢᠭᠦᠯᠪᠡ᠃ ᠬᠤᠳᠠ ᠬᠦᠳᠡᠭᠡ ᠶᠢᠨ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ  ᠶᠢ ᠨᠢᠭᠡᠳᠦᠯᠳᠠᠢ ᠲᠦᠯᠦᠪᠯᠡᠬᠦ ᠶᠢ ᠪᠡᠶᠡᠯᠡᠭᠦᠯᠵᠦ᠂ ᠪᠠᠷᠢᠮᠵᠢᠶ᠎ᠠ ᠨᠢ 2017 ᠣᠨ ᠤ 7680 ᠲᠦᠭᠦᠷᠢᠭ ᠪᠣᠯᠣᠨ 5760 ᠲᠦᠭᠦᠷᠢᠭ ᠪᠠᠶᠢᠭᠰᠠᠨ ᠢ ᠳᠡᠭᠡᠭᠰᠢᠯᠡᠭᠦᠯᠦᠨ 8592 ᠲᠦᠭᠦᠷᠢᠭ ᠪᠣᠯᠭᠠᠪᠠ︔ ᠲᠠᠪᠣᠨ ᠪᠠᠳᠣᠯᠠᠭᠠᠳᠣ ᠡᠳᠡᠭᠡᠳ ᠢ ᠲᠦᠪᠯᠡᠷᠡᠭᠦᠯᠦᠨ ᠠᠰᠠᠷᠠᠨ ᠲᠡᠵᠢᠭᠡᠬᠦ ᠪᠠ ᠠᠰᠳᠠᠭᠠᠨ ᠠᠰᠠᠷᠠᠨ ᠳᠡᠵᠢᠭᠡᠬᠦ ᠨᠦᠬᠦᠪᠦᠷᠢ ᠶᠢᠨ ᠪᠠᠷᠢᠮᠵᠢᠶ᠎ᠠ ᠶᠢ 2017 ᠣᠨ ᠤ 1000 ᠲᠦᠭᠦᠷᠢᠭ ᠪᠠᠶᠢᠭᠰᠠᠨ ᠠᠴᠠ 1300 ᠲᠦᠭᠦᠷᠢᠭ ᠪᠣᠯᠭᠠᠨ ᠨᠡᠮᠡᠭᠳᠡᠭᠦᠯᠪᠡ᠃ ᠡᠮ ᠡᠮᠨᠡᠯᠭᠡ ᠶᠢᠨ ᠠᠪᠣᠷᠠᠨ ᠳᠣᠰᠠᠯᠠᠯᠳᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠨᠡᠶᠢᠭᠡᠮ ᠤᠨ ᠳᠠᠭᠠᠳᠬᠠᠯ ᠤᠨ ᠲᠦᠭᠡᠮᠡᠯᠵᠢᠭᠦᠯᠦᠯᠳᠡ ᠶᠢ ᠲᠠᠰᠣᠷᠠᠯᠳᠠ ᠦᠭᠡᠢ ᠦᠷᠭᠡᠳᠭᠡᠵᠦ᠂ ᠬᠤᠳᠠ ᠬᠦᠳᠡᠭᠡ ᠶᠢᠨ ᠨᠠᠰᠣᠵᠢᠯ ᠤᠨ ᠳᠠᠭᠠᠳᠬᠠᠯ  ᠳᠤ ᠪᠠᠶᠢᠩᠭᠤ ᠰᠠᠭᠤᠭ᠎ᠠ ᠬᠦᠮᠦᠨ ᠠᠮᠠ ᠶᠢᠨ ᠣᠷᠣᠯᠴᠠᠭᠰᠠᠨ ᠨᠣᠷᠮ᠎ᠠ ᠪᠣᠯᠣᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠴᠦᠮ 95% ᠠᠴᠠ ᠳᠡᠭᠡᠭᠰᠢ ᠳᠤ ᠬᠦᠷᠪᠡ᠃ ᠪᠠᠳᠣᠯᠠᠭ᠎ᠠ ᠶᠢᠨ ᠴᠢᠨᠠᠷᠳᠠᠢ ᠣᠷᠣᠨ ᠰᠠᠭᠤᠴᠠ ᠶᠢᠨ ᠢᠨᠵᠧᠨᠧᠷᠢᠩ ᠢ ᠬᠦᠨᠵᠡᠭᠡᠢ ᠲᠦᠯᠬᠢᠨ ᠠᠬᠢᠭᠤᠯᠵᠣ᠂ 1700 ᠣᠯᠠᠨ ᠨᠡᠶᠢᠳᠡ ᠶᠢᠨ ᠬᠢᠮᠳᠠ ᠲᠦᠷᠢᠶᠡᠰᠦᠨ ᠣᠷᠣᠨ ᠰᠠᠭᠤᠴᠠ ᠶᠢ ᠬᠤᠪᠢᠶᠠᠷᠢᠯᠠᠪᠠ᠃ ᠨᠡᠶᠢᠭᠡᠮ ᠤᠨ ᠶᠡᠭᠡ ᠪᠠᠶᠢᠳᠠᠯ ᠡᠶ᠎ᠡ ᠵᠣᠬᠢᠴᠠᠯᠳᠣ ᠲᠣᠭᠳᠠᠭᠤᠨ ᠪᠠᠶᠢᠳᠠᠯ ᠢᠶᠠᠨ ᠪᠠᠳᠣᠯᠠᠪᠠ᠃ ᠠᠮᠣᠷ ᠲᠦᠪᠰᠢᠨ ᠪᠣᠯᠣᠨ ᠲᠣᠭᠳᠠᠭᠤᠨ ᠢ ᠦᠷᠭᠦᠯᠵᠢ ᠴᠢᠩᠭ᠎ᠠ ᠠᠳᠬᠤᠨ᠂ ᠳᠣᠳᠠᠭᠤᠳᠠᠯ ᠢᠶᠠᠨ ᠨᠦᠬᠦᠪᠦᠷᠢᠯᠡᠨ᠂ ᠪᠠᠭᠤᠷᠠᠢ ᠲᠠᠯ᠎ᠠ ᠪᠠᠨ ᠴᠢᠩᠭᠠᠳᠬᠠᠵᠣ᠂ ᠡᠯ᠎ᠡ ᠲᠦᠷᠦᠯ ᠤᠨ ᠠᠶᠣᠯ ᠲᠦᠭᠰᠢᠭᠦᠷᠢ ᠪᠣᠯᠣᠨ ᠦᠷᠢᠰᠦᠯᠳᠦᠭᠡᠨ ᠢ ᠪᠦᠲᠦᠮᠵᠢᠳᠠᠢ ᠰᠡᠷᠭᠡᠶᠢᠯᠡᠨ ᠰᠢᠢᠳᠪᠦᠷᠢᠯᠡᠵᠦ᠂ ᠣᠯᠣᠰ ᠲᠦᠷᠦ᠂ ᠠᠵᠣ ᠠᠬᠤᠢ᠂ ᠨᠡᠶᠢᠭᠡᠮ ᠵᠡᠷᠭᠡ ᠶᠢᠰᠦᠨ ᠶᠡᠭᠡ ᠭᠤᠣᠯᠳᠠᠯᠭ᠎ᠠ ᠲᠠᠢ ᠬᠦᠷᠢᠶ᠎ᠡ ᠴᠠᠷ᠎ᠠ ᠳᠤ ᠰᠢᠰᠲ᠋ᠧᠮᠳᠣ ᠴᠢᠨᠠᠷᠳᠠᠢ ᠠᠶᠣᠯ ᠲᠦᠭᠰᠢᠭᠦᠷᠢ ᠡᠭᠦᠰᠦᠭᠰᠡᠨ ᠦᠭᠡᠢ᠃ ︽ᠳᠣᠯᠣᠳᠣᠭᠠᠷ ᠲᠠᠪᠣᠨ ᠵᠢᠯ︾  ᠤᠨ ᠬᠠᠣᠯᠢ ᠲᠦᠭᠡᠮᠡᠯᠵᠢᠭᠦᠯᠬᠦ ᠠᠵᠢᠯ ᠢ ᠲᠡᠭᠦᠰ ᠠᠮᠵᠢᠯᠳᠠᠳᠠᠢ ᠪᠡᠶᠡᠯᠡᠭᠦᠯᠪᠡ᠃ ︽ᠠᠮᠣᠭᠤᠯᠠᠩᠳᠣ ᠪᠠᠷᠠᠭᠤᠨ ᠰᠦᠨᠢᠳ︾ ᠤᠨ ᠪᠦᠲᠦᠭᠡᠨ ᠪᠠᠶᠢᠭᠤᠯᠣᠯᠳᠠ ᠶᠢ ᠬᠦᠨᠵᠡᠭᠡᠢ ᠠᠬᠢᠭᠤᠯᠵᠣ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠣᠰᠬᠠᠢ ᠲᠦᠷᠦᠯ ᠤᠨ ᠲᠡᠮᠡᠴᠡᠯ ᠤᠨ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠠᠮᠵᠢᠯᠳᠠᠳᠠᠢ ᠪᠡᠶᠡᠯᠡᠭᠦᠯᠵᠦ᠂ ᠬᠠᠷᠬᠢᠰ ᠬᠦᠴᠦᠨ ᠳᠤ ᠬᠤᠯᠪᠣᠭᠳᠠᠭᠰᠠᠨ 41 ᠭᠡᠷᠡᠭ ᠤᠨ 16 ᠬᠦᠮᠦᠨ ᠢ ᠪᠠᠶᠢᠴᠠᠭᠠᠨ ᠰᠢᠳᠭᠡᠵᠦ᠂ ᠠᠮᠣᠷ ᠢ ᠬᠠᠮᠠᠭᠠᠯᠠᠬᠤ ᠬᠡᠷᠡᠭ ᠠᠳᠠᠯᠢ ᠬᠤᠭᠤᠴᠠᠭᠠᠨ ᠤ ᠬᠢ ᠠᠴᠠ 6% ᠪᠠᠷ ᠪᠠᠭᠤᠷᠠᠵᠣ᠂ ᠠᠷᠠᠳ ᠣᠯᠠᠨ ᠤ ᠠᠮᠣᠷ ᠲᠦᠪᠰᠢᠨ ᠤ ᠲᠦᠷᠦᠭᠳᠡᠯ ᠪᠣᠯᠣᠨ ᠬᠠᠨᠣᠮᠵᠢ ᠶᠢᠨ ᠬᠡᠮᠵᠢᠶ᠎ᠡ ᠢᠯᠡᠳᠳᠡ ᠳᠡᠭᠡᠭᠰᠢᠯᠡᠪᠡ᠃ ᠵᠦᠷᠢᠴᠡᠯ ᠵᠢᠭᠤᠷᠠᠯᠳᠣᠭᠠᠨ ᠢ ᠪᠠᠶᠢᠴᠠᠭᠠᠨ ᠰᠢᠢᠳᠪᠦᠷᠢᠯᠡᠬᠦ ᠬᠦᠴᠦᠨ ᠢᠶᠠᠨ ᠴᠢᠩᠭᠠᠳᠬᠠᠵᠣ᠂ ᠡᠯ᠎ᠡ ᠲᠦᠷᠦᠯ ᠤᠨ ᠵᠦᠷᠢᠴᠡᠯ ᠵᠢᠭᠤᠷᠠᠯᠳᠣᠭᠠᠨ ᠢ 318 ᠬᠤᠪᠢ ᠰᠢᠢᠳᠪᠦᠷᠢᠯᠡᠵᠦ᠂ ᠰᠢᠢᠳᠪᠦᠷᠢᠯᠡᠭᠰᠡᠨ ᠨᠣᠷᠮ᠎ᠠ 95% ᠳᠤ ᠬᠦᠷᠪᠡ᠃ ᠵᠠᠬᠢᠳᠠᠯ ᠰᠣᠷᠪᠣᠯᠵᠢᠯᠠᠭ᠎ᠠ ᠶᠢ ᠣᠳᠣᠷᠢᠳᠣᠯᠭ᠎ᠠ ᠳᠠᠭᠠᠭᠠᠴᠢᠯᠠᠬᠤ ᠲᠦᠷᠢᠮ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠰᠢᠢᠳᠪᠦᠷᠢᠯᠡᠭᠰᠡᠨ ᠨᠣᠷᠮ᠎ᠠ 100% ᠳᠤ ᠬᠦᠷᠪᠡ᠃ ᠠᠶᠣᠯᠭᠦᠢ ᠦᠢᠯᠡᠳᠪᠦᠷᠢᠯᠡᠯ ᠤᠨ ᠬᠠᠷᠢᠭᠤᠴᠠᠯᠭᠠᠳᠣ ᠲᠦᠷᠢᠮ ᠪᠣᠯᠣᠨ ᠣᠷᠣᠨ ᠨᠣᠳᠤᠭ ᠤᠨ ᠨᠠᠮ ᠵᠠᠰᠠᠭ ᠤᠨ ᠣᠳᠣᠷᠢᠳᠬᠤ ᠺᠠᠳ᠋ᠷ ᠤᠨ ᠢᠳᠡᠭᠡᠨ ᠤ ᠵᠦᠢᠯ ᠤᠨ ᠠᠮᠣᠷ ᠲᠦᠪᠰᠢᠨ  ᠤ ᠬᠠᠷᠢᠭᠤᠴᠠᠯᠭᠠᠳᠣ ᠲᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠠᠶᠣᠯᠭᠦᠢ ᠦᠢᠯᠡᠳᠪᠦᠷᠢᠯᠡᠯ ᠤᠨ ᠲᠣᠰᠬᠠᠢ ᠲᠦᠷᠦᠯ ᠤᠨ ᠴᠡᠭᠴᠡᠯᠡᠯᠳᠡ ᠶᠢᠨ ᠭᠤᠷᠪᠠᠨ ᠵᠢᠯ ᠤᠨ ᠠᠵᠢᠯᠯᠠᠭ᠎ᠠ ᠪᠣᠯᠣᠨ ᠢᠳᠡᠭᠡᠨ ᠤ ᠵᠦᠢᠯ ᠡᠮ ᠤᠨ ᠵᠦᠢᠯ ᠤᠨ ᠠᠮᠣᠷ ᠲᠦᠪᠰᠢᠨ ᠤ ᠬᠢᠨᠠᠨ ᠬᠠᠮᠢᠶᠠᠷᠣᠯᠳᠠ ᠶᠢ ᠯᠠᠪᠳᠠᠭᠤᠨ ᠪᠠᠳᠣᠳᠠᠢ ᠦᠷᠨᠢᠭᠦᠯᠵᠦ᠂ 7121 ᠠᠵᠣ ᠠᠬᠤᠶᠢᠯᠠᠯ ᠢ ᠪᠠᠶᠢᠴᠠᠭᠠᠵᠣ᠂ 2029 ᠲᠦᠷᠦᠯ ᠤᠨ ᠡᠯ᠎ᠡ ᠵᠦᠢᠯ ᠤᠨ ᠠᠰᠠᠭᠤᠳᠠᠯ ᠤᠨ ᠳᠠᠯᠳᠠ ᠭᠡᠮ ᠢ ᠪᠠᠶᠢᠴᠠᠭᠠᠨ ᠴᠡᠭᠴᠡᠯᠡᠵᠦ᠂ ᠣᠯᠠᠨ ᠲᠦᠮᠡᠨ ᠤ ᠦᠢᠯᠡᠳᠪᠦᠷᠢᠯᠡᠯ ᠠᠮᠢᠳᠣᠷᠠᠯ ᠪᠣᠯᠣᠨ ᠢᠳᠡᠭᠡᠨ ᠣᠮᠳᠠᠭᠠᠨ ᠡᠮ ᠤᠨ ᠵᠦᠢᠯ ᠤᠨ ᠠᠮᠣᠷ ᠲᠦᠪᠰᠢᠨ ᠢ ᠪᠦᠲᠦᠮᠵᠢᠳᠠᠢ ᠪᠠᠳᠣᠯᠠᠵᠣ᠂ ᠮᠠᠨ ᠤ ᠬᠤᠰᠢᠭᠤ ᠨᠢ 2020 ᠣᠨ ᠤ ᠪᠦᠬᠦ ᠣᠷᠣᠨ ᠤ ︽ᠠᠮᠣᠷ ᠲᠦᠪᠰᠢᠨ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭᠠᠨ ᠤ ᠲᠡᠷᠢᠭᠦᠨ ᠤ ᠭᠠᠵᠠᠷ ᠣᠷᠣᠨ ᠢᠶᠠᠷ ᠦᠨᠡᠯᠡᠭᠳᠡᠪᠡ᠃ ᠶᠠᠰᠣ ᠴᠢᠨᠠᠷ ᠤᠨ ᠬᠦᠴᠦᠷᠭᠡᠭ ᠬᠤᠰᠢᠭᠤ ᠶᠢ ᠡᠭᠦᠳᠦᠨ ᠪᠠᠶᠢᠭᠤᠯᠬᠤ ᠪᠠᠶᠢᠯᠳᠣᠬᠤ ᠪᠣᠳᠣᠯᠭ᠎ᠠ ᠶᠢ ᠬᠦᠨᠵᠡᠭᠡᠢ ᠬᠡᠷᠡᠭᠵᠢᠭᠦᠯᠵᠦ᠂ ᠶᠠᠩ ᠶᠠᠩ ᠮᠠᠯᠵᠢᠯ ᠤᠨ ᠦᠢᠯᠡᠰ ᠨᠢ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠣ ᠴᠢᠨᠠᠷ ᠤᠨ ᠱᠠᠩᠨᠠᠯ︾ ᠢ ᠬᠦᠷᠳᠡᠪᠡ᠃ ᠪᠦᠬᠦ ᠠᠷᠠᠳ ᠤᠨ ᠣᠯᠣᠰ ᠤᠨ ᠪᠠᠳᠣᠯᠠᠨ ᠬᠠᠮᠠᠭᠠᠯᠠᠯᠳᠠ ᠶᠢᠨ ᠬᠦᠮᠦᠵᠢᠯ ᠢ ᠴᠢᠩᠭᠠᠳᠬᠠᠵᠣ᠂ ᠴᠡᠷᠢᠭ ᠵᠠᠰᠠᠭ᠂ ᠴᠡᠷᠢᠭ ᠠᠷᠠᠳ ᠤᠨ ᠪᠦᠯᠬᠦᠮᠳᠡᠯ ᠢ ᠪᠠᠳᠣᠳᠬᠠᠵᠣ᠂ ᠦᠪᠡᠷᠳᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠶᠢᠨ ︽ᠲᠠᠪᠤ ᠳᠠᠷᠠᠭᠠᠯᠠᠨ ᠲᠡᠷᠢᠭᠦᠨ ᠳᠤ ᠣᠷᠣᠬᠤ︾ ᠶᠢ ᠪᠡᠶᠡᠯᠡᠭᠦᠯᠵᠦ᠂ ᠬᠢᠯᠢ ᠬᠢᠵᠠᠭᠠᠷ ᠣᠷᠣᠨ ᠤ ᠠᠬᠠᠮᠠᠳ ᠡᠷᠦᠭᠡ ᠶᠢᠨ ᠴᠡᠷᠢᠭ ᠤᠨ ᠣᠭ ᠲᠦᠷᠢ ᠪᠠᠷ ᠵᠣᠬᠢᠶᠠᠨ ᠪᠦᠲᠦᠭᠡᠭᠰᠡᠨ ︽ᠴᠡᠷᠢᠭ ᠠᠷᠠᠳ ᠬᠠᠮᠳᠣᠪᠡᠷ ᠵᠣᠯ  ᠵᠢᠷᠭᠠᠯᠳᠣ ᠠᠮᠢᠳᠣᠷᠠᠯ  ᠢᠶᠠᠨ ᠴᠣᠭᠴᠠᠯᠠᠶ᠎ᠠ︾ ᠭᠡᠬᠦ ᠲᠣᠭᠯᠠᠯᠳᠠ ᠨᠢ ᠦᠪᠦᠷ ᠮᠣᠩᠭᠤᠯ ᠤᠨ ᠴᠡᠷᠢᠭ ᠤᠨ ᠲᠣᠭᠤᠷᠢᠭ ᠤᠨ ᠶᠢᠰᠦᠳᠦᠭᠡᠷ ᠣᠳᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠷᠢᠭᠤ ᠮᠡᠳᠡᠭᠦᠯᠦᠯᠳᠡ ᠶᠢᠨ ᠲᠣᠭᠯᠠᠯᠳᠠ ᠶᠢᠨ ᠳᠠᠭᠤᠷᠢᠯᠢᠭ ᠤᠨ ᠨᠢᠭᠡᠳᠦᠭᠡᠷ ᠳᠡᠰ ᠤᠨ ᠱᠠᠩᠨᠠᠯ ᠢ ᠬᠦᠷᠳᠡᠪᠡ᠃ ᠳᠣᠮᠳᠠᠳᠣ ᠶᠢᠨ ᠦᠨᠳᠦᠰᠦᠳᠡᠨ ᠤ ᠬᠠᠮᠳᠣ ᠶᠢᠨ ᠴᠣᠭᠴᠠ ᠶᠢᠨ ᠣᠬᠠᠮᠰᠠᠷ ᠢ ᠪᠠᠳᠣ ᠴᠣᠭᠴᠠᠯᠠᠬᠤ ᠲᠣᠭᠤᠷᠢᠨ ᠳᠤ ᠦᠨᠳᠦᠰᠦᠳᠡᠨ ᠤ ᠠᠵᠢᠯ ᠢ ᠰᠠᠶᠢᠳᠣᠷ ᠬᠢᠵᠦ᠂ ᠮᠠᠨ ᠤ ᠬᠤᠰᠢᠭᠤ ᠨᠢ ︽ᠪᠦᠬᠦ ᠣᠷᠣᠨ ᠤ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶᠡᠴᠢ ᠬᠤᠰᠢᠭᠤ︾  ᠪᠠᠷ ᠨᠡᠷᠡᠶᠢᠳᠦᠭᠳᠡᠵᠦ᠂ ᠣᠯᠠᠭᠠᠠᠮᠦ᠋ᠴᠢᠷ ᠨᠢ ᠵᠢᠷᠭᠤᠳᠣᠭᠠᠷ ᠪᠦᠯᠦᠭ ᠤᠨ ᠪᠦᠬᠦ ᠣᠯᠣᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠬᠦᠮᠦᠵᠢᠯ ᠤᠨ ᠰᠠᠭᠤᠷᠢᠨ ᠭᠠᠵᠠᠷ ᠢᠶᠠᠷ ᠨᠡᠷᠡᠶᠢᠳᠦᠭᠳᠡᠵᠦ᠂ ᠦᠨᠳᠦᠰᠦᠳᠡᠨ ᠨᠦᠭᠦᠳ ᠪᠦᠯᠬᠦᠮᠳᠡᠨ ᠳᠠᠪᠰᠢᠭᠰᠠᠨ ᠰᠠᠶᠢᠨ ᠰᠠᠶᠢᠬᠠᠨ ᠪᠠᠶᠢᠳᠠᠯ ᠢ ᠲᠠᠰᠣᠷᠠᠯᠳᠠ ᠦᠭᠡᠢ ᠪᠠᠳᠣᠳᠬᠠᠨ ᠬᠦᠭᠵᠢᠭᠦᠯᠪᠡ᠃ᠳᠦᠷᠪᠡᠨ ᠵᠢᠯ ᠤᠨ ᠲᠣᠷᠰᠢ᠂ ᠪᠢᠳᠡ ᠦᠨᠳᠦᠰᠦ ᠪᠠᠨ ᠪᠠᠳᠣᠳᠬᠠᠨ ᠰᠠᠭᠤᠷᠢ ᠪᠠᠨ ᠪᠠᠬᠢᠵᠢᠭᠦᠯᠬᠦ᠂ ᠦᠨᠡᠨᠬᠦ ᠠᠵᠢᠯᠯᠠᠨ ᠵᠣᠷᠢᠭᠳᠠᠢ ᠡᠭᠦᠷᠭᠡᠯᠡᠬᠦ ᠶᠢ ᠪᠠᠷᠢᠮᠳᠠᠯᠠᠭᠰᠠᠨ ᠠᠴᠠ ᠣᠯᠣᠰ ᠲᠦᠷᠦ ᠶᠢᠨ ᠪᠦᠲᠦᠭᠡᠨ ᠪᠠᠶᠢᠭᠤᠯᠣᠯᠳᠠ ᠬᠦᠴᠦᠷᠭᠡᠭᠵᠢᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠶᠢ ᠬᠦᠨᠵᠡᠭᠡᠢ ᠰᠣᠷᠣᠯᠴᠠᠨ᠂ ︽ᠬᠤᠶᠠᠷ ᠢ ᠰᠣᠷᠣᠯᠴᠠᠵᠣ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾8 ᠰᠣᠷᠣᠯᠴᠠᠯᠭ᠎ᠠ ᠬᠦᠮᠦᠵᠢᠯ᠂ ︽ᠣᠭ ᠰᠠᠨᠠᠭ᠎ᠠ ᠪᠠᠨ ᠦᠯᠦ ᠮᠡᠷᠳᠡᠨ᠂ ᠡᠭᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠬᠦ︾ ᠭᠤᠣᠯ ᠰᠡᠳᠦᠪᠳᠦ ᠬᠦᠮᠦᠵᠢᠯ ᠪᠣᠯᠣᠨ ᠨᠠᠮ ᠤᠨ ᠲᠡᠣᠭᠡ ᠶᠢᠨ ᠰᠣᠷᠣᠯᠴᠠᠯᠭ᠎ᠠ ᠬᠦᠮᠦᠵᠢᠯ ᠢ ᠯᠠᠪᠳᠠᠭᠤᠨ ᠪᠠᠳᠣᠳᠠᠢ ᠦᠷᠨᠢᠭᠦᠯᠵᠦ᠂ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠣᠯᠳᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠭᠡᠵᠦ᠂ ᠦᠵᠡᠯ ᠣᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠳᠡᠭᠡᠲᠦ ᠱᠠᠳᠣᠨ ᠤ ᠲᠣᠭᠤᠷᠢᠨ ᠪᠠᠶᠢᠴᠠᠭᠠᠯᠳᠠ  ᠶᠢᠨ ᠲᠣᠰᠬᠠᠭᠰᠠᠨ ᠠᠰᠠᠭᠤᠳᠠᠯ ᠢ ᠨᠠᠷᠢᠨ ᠬᠢᠨᠠᠮᠠᠭᠠᠢ ᠴᠡᠭᠴᠡᠯᠡᠨ ᠵᠠᠰᠠᠵᠣ᠂ ᠨᠡᠭᠦᠷᠡᠰᠦᠨ ᠤ ᠡᠬᠢ ᠪᠠᠶᠠᠯᠢᠭ᠂ ᠲᠠᠯ᠎ᠠ ᠨᠣᠳᠤᠭ ᠣᠶᠢᠳᠣ ᠭᠠᠵᠠᠷ᠂ ᠬᠠᠩᠭᠠᠨ ᠪᠣᠷᠣᠯᠠᠭᠤᠯᠭ᠎ᠠ ᠶᠢᠨ ᠰᠢᠰᠲ᠋ᠧᠮ᠂ ᠠᠮᠣ ᠪᠣᠳᠠᠭᠠᠨ ᠤ ᠰᠢᠰᠲ᠋ᠧᠮ ᠪᠣᠯᠣᠨ ᠨᠡᠭᠡᠭᠡᠯᠳᠡ ᠶᠢᠨ ᠣᠷᠣᠨ ᠵᠡᠷᠭᠡ ᠬᠦᠷᠢᠶ᠎ᠡ ᠴᠡᠷ᠎ᠠ ᠳᠠᠬᠢ ᠬᠠᠣᠯᠢ ᠲᠦᠷᠢᠮ ᠢ ᠵᠦᠷᠢᠴᠡᠭᠰᠡᠨ ᠠᠵᠢᠯᠯᠠᠭ᠎ᠠ ᠶᠢᠨ ᠲᠣᠰᠬᠠᠢ ᠲᠦᠷᠦᠯ ᠤᠨ ᠵᠠᠰᠠᠨ ᠴᠡᠭᠴᠡᠯᠡᠯᠳᠡ ᠶᠢ ᠯᠠᠪᠳᠠᠭᠤᠨ ᠪᠠᠳᠣᠳᠠᠢ ᠦᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ  ᠤᠨ ︽ᠳᠦᠷᠪᠡᠨ ᠣᠬᠠᠮᠰᠠᠷ︾9 ᠢ ᠨᠡᠮᠡᠭᠳᠡᠭᠦᠯᠦᠨ᠂ ︽ᠳᠦᠷᠪᠡᠨ ᠢᠳᠡᠭᠡᠯ︾10 ᠢ ᠪᠠᠳᠣᠳᠬᠠᠨ᠂ ︽ᠬᠤᠶᠠᠷ ᠢ ᠬᠠᠮᠠᠭᠠᠯᠠᠬᠤ︾11 ᠶᠢ ᠪᠡᠶᠡᠯᠡᠭᠦᠯᠪᠡ᠃ ᠬᠤᠰᠢᠭᠤ ᠨᠠᠮ ᠤᠨ ᠬᠤᠷᠢᠶᠠᠨ ᠤ ᠣᠳᠣᠷᠢᠳᠣᠯᠭ᠎ᠠ ᠶᠢ ᠢᠮᠠᠭᠳᠠ ᠪᠠᠷᠢᠮᠳᠠᠯᠠᠵᠣ᠂ ᠬᠠᠣᠯᠢ ᠶᠣᠰᠣᠭᠠᠷ ᠴᠢᠩᠭ᠎ᠠ ᠵᠠᠰᠠᠭ ᠶᠠᠪᠣᠭᠤᠯᠵᠣ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠳᠠᠭᠠᠯ ᠢ ᠴᠢᠩᠭ᠎ᠠ ᠬᠡᠷᠡᠭᠵᠢᠭᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠪᠣᠯᠣᠨ ᠨᠡᠶᠢᠭᠡᠮ ᠤᠨ ᠬᠢᠨᠠᠯᠳᠠ ᠲᠠᠯᠪᠢᠬᠤ  ᠶᠢ ᠣᠬᠠᠮᠰᠠᠷ ᠠᠴᠠ ᠪᠠᠨ ᠬᠦᠯᠢᠶᠡᠨ ᠠᠪᠴᠣ᠂ 395 ᠬᠤᠪᠢ ᠠᠷᠠᠳ ᠤᠨ ᠲᠦᠯᠦᠭᠡᠯᠡᠭᠴᠢᠳ ᠤᠨ ᠰᠠᠨᠠᠯ ᠰᠠᠨᠠᠭᠤᠯᠭ᠎ᠠ ᠪᠣᠯᠣᠨ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠳᠣᠷᠠᠳᠣᠯᠭ᠎ᠠ ᠶᠢ ᠭᠦᠢᠴᠡᠳᠭᠡᠨ ᠳᠠᠭᠤᠰᠬᠠᠵᠣ᠂ ᠭᠦᠢᠴᠡᠳᠭᠡᠨ ᠬᠠᠷᠢᠭᠤ ᠦᠭᠭᠦᠭᠰᠡᠨ ᠨᠣᠷᠮ᠎ᠠ 100% ᠳᠤ ᠬᠦᠷᠪᠡ᠃ ᠰᠠᠬᠢᠯᠭ᠎ᠠ ᠪᠠᠳᠣ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠠᠵᠢᠯ ᠢ ᠪᠦᠬᠦ ᠬᠦᠴᠦ ᠪᠠᠷ ᠢᠶᠠᠨ ᠳᠡᠮᠵᠢᠵᠦ᠂ ᠵᠠᠰᠠᠭ ᠤᠨ ᠰᠣᠷᠳᠠᠯ ᠤᠨ ᠪᠠᠶᠢᠭᠤᠯᠣᠯᠳᠠ ᠶᠢ ᠴᠢᠷᠮᠠᠶᠢᠨ ᠠᠬᠢᠭᠤᠯᠵᠣ᠂ ᠳᠦᠪ ᠤᠨ ᠨᠠᠢᠮᠠᠨ ᠵᠣᠷᠪᠣᠰ ᠲᠣᠭᠳᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠣᠷᠢᠵᠢᠭᠤᠯᠵᠣ᠂ ᠬᠢᠨᠠᠨ ᠪᠣᠳᠣᠯᠳᠠ ᠶᠢᠨ ᠬᠢᠨᠠᠯᠳᠠ ᠲᠠᠯᠪᠢᠬᠤ ᠪᠣᠯᠣᠨ ᠵᠠᠰᠠᠨ ᠴᠡᠭᠴᠡᠯᠡᠯᠳᠡ ᠶᠢ ᠴᠢᠩᠭᠠᠳᠬᠠᠵᠣ᠂ ᠠᠷᠢᠭᠤᠨ ᠴᠢᠭᠡᠴᠢ ᠵᠠᠰᠠᠭ ᠤᠨ ᠣᠷᠳᠣᠨ ᠪᠣᠯᠣᠨ ᠦᠢᠯᠡᠴᠢᠯᠡᠭᠡᠨ  ᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠣᠯᠳᠠ ᠶᠢ ᠲᠠᠰᠣᠷᠠᠯᠳᠠ ᠦᠭᠡᠢ ᠭᠦᠨᠵᠡᠭᠡᠶᠢᠷᠡᠭᠦᠯᠪᠡ᠃ ᠬᠠᠣᠯᠢ ᠶᠣᠰᠣᠭᠠᠷ ᠴᠢᠩᠭ᠎ᠠ ᠵᠠᠰᠠᠭ ᠶᠠᠪᠣᠭᠤᠯᠵᠣ ᠠᠷᠠᠳᠴᠢᠯᠠᠯ ᠲᠦᠪᠯᠡᠷᠡᠯ ᠤᠨ ᠶᠣᠰᠣ ᠪᠣᠯᠣᠨ ︽ᠭᠤᠷᠪᠠᠨ ᠴᠢᠬᠤᠯᠠ ᠨᠢᠭᠡ ᠶᠡᠭᠡ︾12 ᠰᠢᠢᠳᠪᠦᠷᠢ ᠲᠣᠭᠳᠠᠭᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠰᠢᠢᠳᠪᠦᠷᠢ ᠲᠣᠭᠳᠠᠭᠠᠬᠤ ᠠᠵᠢᠯᠯᠠᠭ᠎ᠠ ᠶᠢ ᠲᠠᠰᠣᠷᠠᠯᠳᠠ ᠦᠭᠡᠢ ᠲᠦᠷᠢᠮᠵᠢᠭᠦᠯᠵᠦ᠂ ᠬᠠᠣᠯᠢ ᠶᠣᠰᠣᠭᠠᠷ ᠵᠠᠰᠠᠭ ᠶᠠᠪᠣᠭᠤᠯᠬᠤ ᠴᠢᠳᠠᠪᠣᠷᠢ ᠶᠢ ᠦᠷᠭᠦᠯᠵᠢᠯᠡᠨ ᠳᠡᠭᠡᠭᠰᠢᠯᠡᠭᠦᠯᠪᠡ᠃ ︽ᠵᠠᠰᠠᠭ ᠤᠨ ᠡᠷᠭᠡ ᠶᠢ ᠴᠣᠮᠬᠠᠳᠬᠠᠵᠣ ᠡᠷᠭᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠣᠶᠠᠯᠳᠣᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ︾13 ᠦᠭᠡᠷᠡᠴᠢᠯᠡᠯᠳᠡ ᠶᠢ ᠦᠷᠭᠦᠯᠵᠢᠯᠡᠨ ᠬᠦᠨᠵᠡᠭᠡᠶᠢᠷᠡᠭᠦᠯᠵᠦ᠂ ︽ᠲᠦᠷᠪᠡᠨ ᠭᠦᠢᠴᠡᠳᠭᠡᠬᠦ︾14 ᠠᠵᠢᠯ ᠢ ᠯᠠᠪᠳᠠᠭᠤᠨ ᠪᠣᠳᠠᠳᠠᠢ ᠠᠬᠢᠭᠤᠯᠵᠣ ᠂ ᠰᠦᠯᠵᠢᠶᠡᠨ ᠳᠡᠭᠡᠷ᠎ᠡ ᠭᠦᠢᠴᠡᠳᠭᠡᠬᠦ ᠨᠣᠷᠮ᠎ᠠ ᠶᠢ 100% ᠳᠤ ᠬᠦᠷᠭᠡᠵᠦ᠂ ᠡᠮᠨᠡᠯᠭᠡ ᠶᠢᠨ ᠬᠤᠷᠢᠶᠠᠨ ᠤ ᠣᠷᠢᠳᠴᠢᠯᠠᠨ ᠳ᠋ᠣᠭᠠᠷ ᠠᠪᠬᠤ᠂ ᠳᠣᠯᠠᠭᠠᠯᠭ᠎ᠠ ᠶᠢᠨ ᠰᠦᠢᠳᠭᠡᠯ ᠲᠣᠰᠢᠶᠠᠬᠤ ᠵᠡᠷᠭᠡ ᠠᠰᠢᠭᠯᠠᠬᠤ ᠨᠣᠷᠮ᠎ᠠ ᠦᠨᠳᠦᠷ 6  ᠬᠡᠷᠡᠭᠯᠡᠭᠡ ᠶᠢ ︽ᠭᠠᠷ ᠣᠳᠠᠰᠣ ᠪᠠᠷ ᠭᠦᠢᠴᠡᠳᠭᠡᠬᠦ︾ ᠶᠢ ᠪᠡᠶᠡᠯᠡᠭᠦᠯᠵᠦ᠂ ᠠᠰᠢᠭᠯᠠᠬᠤ ᠨᠣᠷᠮ᠎ᠠ ᠪᠠᠷ ᠦᠨᠳᠦᠷ 101 ᠭᠦᠢᠴᠡᠳᠭᠡᠬᠦ ᠵᠦᠢᠯᠡᠰ ᠢ ︽ᠨᠢᠭᠡ ᠯᠡ ᠣᠳᠠᠭ᠎ᠠ ᠳᠤ ᠭᠦᠢᠴᠡᠳᠭᠡᠬᠦ︾ ᠶᠢ ᠪᠡᠶᠡᠯᠡᠭᠦᠯᠵᠦ᠂ 40 ᠲᠦᠷᠦᠯ  ᠤᠨ ᠭᠦᠢᠴᠡᠳᠭᠡᠬᠦ ᠵᠦᠢᠯᠡᠰ ᠢ ︽ᠲᠠᠨ ᠢ ᠬᠠᠪᠰᠣᠷᠣᠨ ᠭᠦᠢᠴᠡᠳᠭᠡᠬᠦ︾ ᠪᠠᠷ ᠳᠠᠮᠵᠢᠨ ᠪᠡᠶᠡᠯᠡᠭᠦᠯᠵᠦ᠂ ︽12345︾ ᠦᠢᠯᠡᠴᠢᠯᠡᠭᠡᠨ ᠤ ᠣᠳᠠᠰᠣ ᠪᠠᠷ ᠭᠦᠢᠴᠡᠳᠭᠡᠭᠰᠡᠨ ᠬᠠᠨᠣᠮᠵᠢ ᠶᠢᠨ ᠬᠡᠮᠵᠢᠶ᠎ᠡ ᠨᠢ 99.2% ᠲᠤ ᠬᠦᠷᠪᠡ᠃ ᠠᠵᠣ ᠠᠬᠤᠢ᠂ ᠨᠡᠶᠢᠭᠡᠮ᠂ ᠠᠮᠢ ᠠᠬᠤᠢ ᠵᠡᠷᠭᠡ ᠡᠯ᠎ᠡ ᠬᠦᠷᠢᠶ᠎ᠡ ᠴᠠᠷ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠠᠬᠢᠭᠤᠯᠵᠣ᠂ ᠨᠡᠶᠢᠳᠡ 380 ᠦᠭᠡᠷᠡᠴᠢᠯᠡᠯᠳᠡ ᠶᠢᠨ ᠦᠷ᠎ᠡ ᠪᠦᠲᠦᠮᠵᠢ ᠶᠢ ᠪᠦᠷᠢᠯᠳᠦᠭᠦᠯᠪᠡ᠃ ᠡᠭᠦᠨ  ᠤ ᠬᠠᠮᠳᠣ᠂ ᠠᠷᠠᠳ ᠤᠨ ᠵᠡᠪᠰᠡᠭᠲᠦ ᠬᠦᠴᠦᠨ᠂ ᠳᠠᠩᠰᠠ ᠡᠪᠬᠡᠮᠡᠯ ᠲᠡᠣᠭᠡ ᠴᠠᠳᠢᠭ᠂ ᠭᠠᠳᠠᠭᠠᠳᠣ ᠶᠠᠪᠣᠳᠠᠯ ᠬᠠᠷᠢᠶᠠᠳᠣ ᠶᠢᠨ ᠶᠠᠪᠣᠳᠠᠯ᠂ ᠴᠠᠭ ᠠᠭᠤᠷ ᠭᠠᠵᠠᠷ ᠬᠦᠳᠡᠯᠦᠯᠳᠡ᠂ ᠠᠷᠠᠳ ᠤᠨ ᠠᠭᠠᠷ ᠤᠨ ᠰᠡᠷᠭᠡᠶᠢᠯᠡᠯᠳᠡ ᠭᠠᠯ ᠣᠨᠳᠠᠷᠠᠭᠠᠬᠤ ᠵᠡᠷᠭᠡ ᠠᠵᠢᠯ ᠢ ᠴᠢᠩᠭᠠᠳᠬᠠᠵᠣ᠂ ᠠᠵᠢᠯᠴᠢᠨ ᠤ ᠶᠡᠷᠦᠩᠭᠡᠢ ᠡᠪᠯᠡᠯ᠂ ᠡᠪ ᠬᠠᠮᠳᠣ ᠵᠠᠯᠠᠭᠤᠴᠣᠳ ᠤᠨ ᠡᠪᠯᠡᠯ᠂ ᠡᠮᠡᠭᠳᠡᠶᠢᠴᠣᠳ ᠭᠡᠣᠭᠡᠳ ᠪᠠᠭᠠᠴᠣᠳ᠂ ᠨᠠᠰᠣᠳᠠᠶᠢᠴᠣᠳ᠂ ᠣᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠵᠡᠮᠳᠡᠭᠴᠣᠳ᠂ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠵᠡᠷᠭᠡ ᠠᠵᠢᠯ ᠦᠢᠯᠡᠰ ᠴᠦᠮ ᠰᠢᠨ᠎ᠡ ᠠᠬᠢᠯᠳᠠ ᠲᠠᠢ ᠪᠣᠯᠪᠠ᠃ᠲᠦᠯᠦᠭᠡᠯᠡᠭᠴᠢᠳ ᠡ︕ ᠦᠩᠭᠡᠷᠡᠭᠰᠡᠨ ᠳᠦᠷᠪᠡᠨ ᠵᠢᠯ ᠳᠤ᠂ ᠪᠢᠳᠡ ᠲᠣᠶᠢᠯ ᠤᠨ ᠬᠦᠴᠢᠷ ᠪᠡᠷᠭᠡᠰᠢᠶᠡᠯ ᠲᠠᠢ ᠪᠠᠶᠢᠳᠠᠯ ᠲᠣᠣᠷ᠎ᠠ ᠢᠳᠡᠪᠬᠢᠳᠠᠢ ᠬᠤᠪᠢᠷᠠᠯᠳᠠ ᠭᠠᠷᠭᠠᠨ᠂ ᠬᠡᠯᠪᠡᠷᠢ ᠶᠢ  ᠬᠤᠪᠢᠷᠠᠭᠤᠯᠬᠤ ᠳᠣᠮᠳᠠ ᠵᠣᠷᠢᠭᠳᠠᠢ ᠪᠠᠷ ᠰᠢᠨ᠎ᠡ ᠶᠢ ᠡᠭᠦᠳᠴᠦ᠂ ᠡᠯ᠎ᠡ ᠵᠦᠢᠯ ᠤᠨ ᠪᠠᠶᠢᠯᠳᠣᠬᠤ ᠪᠣᠳᠣᠯᠭ᠎ᠠ ᠶᠢᠨ ᠲᠣᠬᠢᠶᠠᠯ ᠢ ᠵᠠᠪᠳᠣᠨ ᠠᠳᠬᠤᠵᠣ᠂ ᠲᠣᠰ ᠪᠡᠶ᠎ᠡ ᠶᠢᠨ ᠳᠠᠪᠠᠭᠤᠯᠢᠭ ᠢᠶᠠᠨ ᠢᠳᠡᠪᠬᠢᠳᠠᠢ ᠠᠭᠤᠳᠠᠯᠯᠠᠨ ᠴᠢᠯᠦᠭᠡᠯᠡᠵᠦ᠂ ᠠᠯᠣᠰ ᠭᠡᠲᠦ ᠶᠢᠨ ᠬᠦᠭᠵᠢᠯᠳᠡ ᠲᠠᠢ᠂ ᠬᠦᠭᠵᠢᠯᠳᠡ ᠶᠢᠨ ᠬᠦᠴᠦᠨ ᠢ ᠬᠠᠳᠠᠭᠠᠯᠠᠭᠰᠠᠨ ᠨᠢᠭᠡ ᠪᠦᠯᠦᠭ ᠰᠠᠶᠢᠨ ᠲᠦᠷᠦᠯ ᠵᠦᠢᠯ᠂ ᠲᠣᠮᠣ ᠲᠦᠷᠦᠯ ᠵᠦᠢᠯ ᠢ ᠣᠷᠢᠨ ᠣᠷᠣᠭᠤᠯᠵᠣ᠂ ᠣᠯᠠᠮᠵᠢᠯᠠᠯᠳᠣ ᠠᠵᠣ ᠦᠢᠯᠡᠰ ᠤᠨ ᠬᠡᠯᠪᠡᠷᠢ ᠶᠢ ᠬᠤᠪᠢᠷᠠᠭᠤᠯᠣᠨ ᠳᠡᠰ ᠳᠡᠪᠰᠢᠭᠦᠯᠬᠦ ᠪᠣᠯᠣᠨ ᠰᠢᠨ᠎ᠡ ᠪᠠᠷ ᠬᠦᠭᠵᠢᠵᠦ ᠪᠠᠶᠢᠭ᠎ᠠ ᠠᠵᠣ ᠦᠢᠯᠡᠰ ᠢ ᠲᠦᠪᠯᠡᠷᠡᠭᠦᠯᠦᠨ ᠪᠣᠵᠠᠭᠠᠶᠢᠷᠠᠭᠤᠯᠬᠤ ᠶᠢ ᠪᠡᠶᠡᠯᠡᠭᠦᠯᠵᠦ᠂ ᠠᠵᠣ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠪᠠᠳᠣᠯᠠᠪᠠ᠃ ᠪᠢᠳᠡ ᠬᠤᠰᠢᠭᠤ ᠳᠠᠶᠠᠭᠠᠷ ᠤᠨ ᠬᠦᠴᠦᠨ ᠴᠢᠳᠠᠯ ᠢ ᠬᠠᠮᠳᠣᠷᠠᠭᠤᠯᠣᠨ᠂ ᠴᠢᠷᠮᠠᠶᠢᠨ ᠲᠡᠮᠡᠴᠡᠬᠦ᠂ ᠬᠠᠮᠳᠣᠪᠡᠷ ᠰᠢᠪᠳᠣᠯᠣᠯᠳᠠ ᠬᠢᠬᠦ ᠭᠡᠪ ᠪᠠᠶᠢᠳᠠᠯ ᠢ ᠢᠮᠠᠭᠳᠠ ᠪᠠᠷᠢᠮᠳᠠᠯᠠᠵᠣ᠂ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ᠂ ᠪᠣᠬᠢᠷᠳᠣᠯ ᠢ ᠰᠡᠷᠭᠡᠶᠢᠯᠡᠨ ᠵᠠᠰᠠᠬᠤ᠂ ᠠᠶᠣᠯ ᠲᠦᠭᠰᠢᠭᠦᠷᠢ ᠶᠢ ᠰᠡᠷᠭᠡᠶᠢᠯᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠬᠠᠳᠠᠭᠤ ᠪᠡᠷᠭᠡ ᠠᠵᠢᠯ ᠤᠨ ᠠᠮᠵᠢᠯᠳᠠ ᠶᠢ ᠣᠯᠵᠣ᠂ ᠺᠠᠳ᠋ᠷ ᠣᠯᠠᠨ ᠲᠦᠮᠡᠨ ᠤ ᠨᠢᠭᠳᠠᠷᠠᠯ ᠤᠨ ᠬᠦᠴᠦᠨ᠂ ᠪᠠᠶᠢᠯᠳᠣᠬᠤ ᠬᠦᠴᠦᠨ ᠪᠣᠯᠣᠨ ᠬᠡᠷᠡᠭᠵᠢᠭᠦᠯᠬᠦ ᠬᠦᠴᠦᠨ ᠢ ᠭᠦᠢᠴᠡᠳ ᠪᠠᠳᠠᠷᠠᠭᠤᠯᠵᠣ᠂ ᠪᠦᠬᠦ ᠬᠤᠰᠢᠭᠤᠨ ᠤ ᠴᠢᠨᠠᠷᠯᠢᠭ ᠬᠦᠭᠵᠢᠯᠳᠡ ᠶᠢ ᠠᠬᠢᠭᠤᠯᠬᠤ ᠬᠦᠴᠦᠷᠭᠡᠭ ᠶᠡᠭᠡ ᠬᠦᠴᠦᠨ ᠴᠢᠳᠠᠯ ᠢ ᠲᠦᠪᠯᠡᠷᠡᠭᠦᠯᠪᠡ᠃ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ᠂ ᠬᠦᠰᠡᠯ ᠡᠷᠡᠮᠡᠯᠵᠡᠯ᠂ ᠪᠣᠳᠣᠵᠣ ᠰᠡᠳᠬᠢᠵᠦ ᠪᠠᠶᠢᠭ᠎ᠠ ᠵᠦᠢᠯ ᠤᠨ ᠲᠣᠭᠤᠷᠢᠨ ᠳᠤ᠂ ᠬᠢᠵᠠᠭᠠᠷᠳᠠᠢ ᠡᠳ᠋  ᠤᠨ ᠬᠦᠴᠦᠨ ᠲᠣᠳᠣᠷ᠎ᠠ ᠠᠷᠠᠳ ᠤᠨ ᠠᠮᠢᠳᠣᠷᠠᠯ ᠢ ᠪᠠᠳᠣᠯᠠᠨ ᠰᠠᠶᠢᠵᠢᠷᠠᠭᠤᠯᠵᠣ᠂ ᠰᠣᠷᠭᠠᠨ ᠬᠦᠮᠦᠵᠢᠯ ᠢ ᠲᠡᠩᠴᠡᠭᠦᠷᠢᠳᠠᠢ ᠬᠦᠭᠵᠢᠭᠦᠯᠬᠦ᠂ ᠡᠮ ᠡᠮᠨᠡᠯᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠣᠯᠣᠨ ᠬᠤᠳᠠ ᠬᠦᠳᠡᠭᠡ  ᠶᠢᠨ ᠲᠦᠷᠢ ᠲᠦᠷᠬᠦ ᠶᠢ ᠰᠠᠶᠢᠵᠢᠷᠠᠭᠤᠯᠬᠤ ᠠᠵᠢᠯ ᠢ ᠲᠦᠯᠬᠢᠨ ᠠᠬᠢᠭᠤᠯᠵᠣ᠂ ᠨᠡᠶᠢᠳᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠡᠳᠦᠷ ᠢᠷᠡᠭᠦᠶ᠎ᠡ ᠲᠡᠭᠦᠯᠳᠡᠷᠵᠢᠭᠦᠯᠵᠦ᠂ ᠠᠷᠠᠳ ᠲᠦᠮᠡᠨ ᠤ ᠰᠠᠨᠠᠭᠠᠰᠢᠷᠠᠵᠣ ᠪᠠᠶᠢᠭᠰᠠᠨ ᠨᠢᠭᠡ ᠪᠦᠯᠦᠭ ᠲᠡᠣᠭᠡᠨ ᠦᠯᠡᠳᠡᠭᠳᠡᠯ ᠠᠰᠠᠭᠤᠳᠠᠯ ᠢ ᠪᠦᠲᠦᠮᠵᠢᠳᠠᠢ ᠰᠢᠢᠳᠪᠦᠷᠢᠯᠡᠵᠦ᠂ ᠬᠦᠭᠵᠢᠯᠳᠡ ᠶᠢᠨ ᠪᠣᠳᠠᠳᠣ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠷᠠᠳ ᠤᠨ ᠠᠮᠢᠳᠣᠷᠠᠯ ᠤᠨ ᠠᠰᠠᠭᠤᠳᠠᠯ ᠳᠤ ᠬᠠᠨᠣᠮᠵᠢᠳᠠᠢ ᠬᠠᠷᠢᠭᠤᠯᠳᠠ ᠦᠭᠪᠡ᠃ ᠡᠳᠡᠭᠡᠷ ᠠᠮᠵᠢᠯᠳᠠ ᠪᠦᠲᠦᠮᠵᠢ ᠶᠢ ᠣᠯᠣᠭᠰᠠᠨ ᠨᠢ᠂ ᠬᠤᠰᠢᠭᠤ ᠨᠠᠮ ᠤᠨ ᠬᠤᠷᠢᠶᠠᠨ ᠤ ᠪᠦᠬᠦ ᠲᠠᠯ᠎ᠠ ᠶᠢ ᠬᠠᠮᠣᠷᠴᠣ᠂ ᠰᠢᠨᠵᠢᠯᠡᠬᠦ ᠣᠬᠠᠭᠠᠨᠴᠢ ᠪᠠᠷ ᠰᠢᠢᠳᠪᠦᠷᠢ ᠲᠣᠭᠳᠠᠭᠠᠭᠰᠠᠨ ᠤ ᠦᠷ᠎ᠡ ᠳ᠋ᠦᠩ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠤ ᠪᠦᠲᠦᠮᠵᠢᠳᠠᠢ ᠬᠢᠨᠠᠯᠳᠠ ᠲᠠᠯᠪᠢᠵᠣ᠂ ᠬᠦᠴᠦᠨ ᠲᠠᠯᠪᠢᠨ ᠲᠡᠮᠵᠢᠭᠰᠡᠨ ᠤ ᠦᠷ᠎ᠡ ᠳ᠋ᠦᠩ᠂ ᠮᠦᠨᠴᠦ ᠪᠦᠬᠦ ᠬᠤᠰᠢᠭᠤᠨ ᠤ ᠺᠠᠳ᠋ᠷ ᠣᠯᠠᠨ ᠲᠦᠮᠡᠨ ᠤ ᠬᠠᠮᠳᠣᠪᠡᠷ ᠴᠢᠷᠮᠠᠶᠢᠵᠣ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠦᠨ᠃ ᠠᠳᠡ ᠪᠢ᠂ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠲᠦᠯᠦᠭᠡᠯᠡᠭᠴᠢᠳ᠂ ᠭᠡᠰᠢᠭᠦᠳ᠂ ᠡᠯ᠎ᠡ ᠡᠳᠡᠭᠡᠳ  ᠤᠨ ᠨᠠᠶᠢᠵᠠ ᠨᠦᠬᠦᠳ ᠪᠣᠯᠣᠨ ᠡᠯ᠎ᠡ ᠠᠵᠢᠯ ᠤᠨ ᠹᠷᠣᠨᠲ ᠳᠡᠭᠡᠷ᠎ᠡ ᠰᠢᠷᠭᠠᠭᠤ ᠠᠵᠢᠯᠯᠠᠵᠣ ᠪᠠᠶᠢᠭ᠎ᠠ ᠺᠠᠳ᠋ᠷ ᠣᠯᠠᠨ ᠲᠦᠮᠡᠨ ᠳᠤ ᠴᠢᠩ ᠰᠡᠳᠬᠢᠯ ᠤᠨ ᠳᠠᠯᠠᠷᠬᠠᠯ ᠪᠣᠯᠣᠨ ᠡᠷᠬᠢᠮ ᠳᠡᠭᠡᠲᠦ ᠬᠦᠨᠳᠦᠳᠭᠡᠯ ᠢᠶᠠᠨ ᠳᠡᠪᠰᠢᠭᠦᠯᠦᠶ᠎ᠡ︕ᠲᠦᠯᠦᠭᠡᠯᠡᠭᠴᠢᠳ ᠡ︕ ᠣᠯᠣᠭᠰᠠᠨ ᠦᠷ᠎ᠡ ᠪᠦᠲᠦᠮᠵᠢ ᠬᠢᠯᠪᠡᠷ ᠪᠣᠰᠣ ᠮᠦᠷᠳᠡᠭᠡᠨ ᠬᠤᠷᠠᠮᠳᠣᠭᠤᠯᠣᠭᠰᠠᠨ ᠲᠣᠷᠰᠢᠯᠭ᠎ᠠ ᠴᠦ ᠲᠣᠶᠢᠯ ᠤᠨ ᠬᠤᠪᠣᠷ ᠨᠠᠨᠳᠢᠨ ᠶᠣᠮ᠃ ᠦᠩᠭᠡᠷᠡᠭᠰᠡᠨ ᠲᠠᠪᠣᠨ ᠵᠢᠯ ᠤᠨ ᠬᠦᠭᠵᠢᠯᠳᠡ ᠪᠠᠷ ᠳᠠᠮᠵᠢᠨ ᠂ ᠴᠠᠭ ᠦᠶ᠎ᠡ ᠭᠡᠷᠭᠢᠨ ᠬᠤᠪᠢᠷᠠᠭᠰᠠᠨ ᠴᠣ᠋᠂ ᠨᠠᠮ ᠤᠨ ᠣᠳᠣᠷᠢᠳᠣᠯᠭ᠎ᠠ ᠶᠢ ᠪᠠᠷᠢᠮᠳᠠᠯᠠᠬᠤ ᠪᠣᠯ ᠪᠢᠳᠡᠨ ᠤ ᠠᠵᠢᠯ ᠦᠢᠯᠡᠰ ᠤᠨ ᠦᠨᠳᠦᠰᠦ ᠰᠠᠭᠤᠷᠢ᠂ ᠡᠷᠭᠡᠪᠰᠢ ᠲᠤᠭ ᠳᠡᠮᠳᠡᠭ ᠲᠣᠳᠣᠷᠬᠠᠢ ᠪᠠᠷ ᠣᠯᠣᠰ ᠲᠦᠷᠦ ᠶᠢ ᠡᠷᠬᠢᠮᠯᠡᠵᠦ᠂ ᠨᠠᠮ ᠤᠨ ᠲᠦᠪ ᠬᠤᠷᠢᠶᠠᠨ ᠤ ᠡᠷᠭᠡ ᠰᠦᠷ ᠢ ᠡᠷᠡᠰ ᠪᠠᠳᠣ ᠬᠠᠮᠠᠭᠠᠯᠠᠵᠣ᠂ ᠣᠯᠣᠰ ᠲᠦᠷᠦ ᠶᠢᠨ ᠰᠠᠬᠢᠯᠭ᠎ᠠ ᠪᠠᠳᠣ  ᠶᠢ ᠴᠢᠩᠭ᠎ᠠ ᠰᠠᠬᠢᠵᠣ᠂ ᠣᠯᠣᠰ ᠲᠦᠷᠦ ᠶᠢᠨ ᠴᠢᠳᠠᠪᠣᠷᠢ ᠪᠠᠨ ᠳᠡᠭᠡᠭᠰᠢᠯᠡᠭᠦᠯᠦᠨ᠂ ᠣᠯᠣᠰ ᠲᠦᠷᠦ ᠶᠢᠨ ᠡᠭᠦᠷᠭᠡᠯᠡᠯ  ᠢᠶᠠᠨ ᠴᠢᠩᠭᠠᠳᠬᠠᠪᠠᠯ ᠰᠠᠶ᠋ᠢ ᠰᠡᠳᠬᠢᠯ ᠵᠢᠷᠦᠭᠡ ᠪᠠᠨ ᠬᠠᠮᠳᠣᠳᠬᠠᠨ᠂ ᠲᠣᠭᠳᠠᠭᠤᠨ ᠢᠶᠠᠷ ᠣᠷᠣᠭᠰᠢᠯᠠᠵᠣ ᠴᠢᠳᠠᠨ᠎ᠠ᠃ ᠦᠨᠡᠨ ᠢ ᠡᠷᠬᠢᠮᠯᠡᠨ ᠵᠣᠷᠢᠭᠳᠠᠢ ᠡᠭᠦᠷᠭᠡᠯᠡᠬᠦ ᠶᠢ ᠪᠠᠷᠢᠮᠳᠠᠯᠠᠬᠤ ᠪᠣᠯ ᠪᠢᠳᠡᠨ ᠤ ᠠᠵᠢᠯ ᠦᠢᠯᠡᠰ ᠤᠨ ᠦᠨᠳᠦᠰᠦ᠂ ᠡᠷᠭᠡᠪᠰᠢ ᠲᠣᠶᠢᠯᠪᠣᠷᠢᠳᠠᠢ ᠠᠵᠢᠯᠯᠠᠨ᠂ ᠪᠣᠳᠠᠳᠣ ᠬᠢᠷᠢ ᠪᠦᠳᠦᠮᠵᠢ ᠪᠠᠷ ᠢᠶᠠᠨ ᠴᠢᠳᠠᠪᠣᠷᠢ ᠪᠠᠨ ᠢᠯᠡᠷᠡᠭᠦᠯᠪᠡᠯ ᠰᠠᠶ᠋ᠢ ᠠᠮᠵᠢᠯᠳᠠ ᠪᠦᠲᠦᠮᠵᠢ ᠣᠯᠵᠣ ᠴᠢᠳᠠᠨ᠎ᠠ᠃ ᠦᠭᠡᠷᠡᠴᠢᠯᠡᠯᠳᠡ ᠬᠢᠵᠦ ᠰᠢᠨ᠎ᠡ ᠶᠢ ᠡᠭᠦᠳᠬᠦ ᠶᠢ ᠪᠠᠷᠢᠮᠳᠠᠯᠠᠬᠤ ᠪᠣᠯ ᠪᠢᠳᠡᠨ ᠤ ᠠᠵᠢᠯ ᠦᠢᠯᠡᠰ ᠤᠨ ᠡᠭᠢ ᠰᠣᠷᠪᠣᠯᠵᠢ᠂ ᠡᠷᠭᠡᠪᠰᠢ ᠦᠭᠡᠷᠡᠴᠢᠯᠡᠯᠳᠡ ᠶᠢᠨ ᠠᠷᠭ᠎ᠠ ᠠᠪᠴᠠᠯ ᠢᠶᠠᠷ ᠵᠦᠷᠢᠴᠡᠯ ᠮᠦᠷᠭᠦᠯᠳᠦᠭᠡᠨ ᠢ ᠰᠢᠢᠳᠪᠦᠷᠢᠯᠡᠵᠦ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠬᠦᠭᠵᠢᠯᠳᠡ ᠶᠢ ᠠᠬᠢᠭᠤᠯᠪᠠᠯ ᠰᠠᠶ᠋ᠢ ᠦᠰᠦᠷᠦᠩᠭᠦᠢ ᠬᠦᠭᠵᠢᠯᠳᠡ ᠶᠢ ᠪᠡᠶᠡᠯᠡᠭᠦᠯᠵᠦ ᠴᠢᠳᠠᠨ᠎ᠠ᠃ ᠠᠷᠠᠳ ᠤᠨ ᠲᠦᠯᠦᠭᠡ ᠵᠠᠰᠠᠭ ᠶᠠᠪᠣᠭᠤᠯᠬᠤ ᠶᠢ ᠪᠠᠷᠢᠮᠳᠠᠯᠠᠬᠤ ᠪᠣᠯ ᠪᠢᠳᠡᠨ ᠤ ᠠᠵᠢᠯ ᠦᠢᠯᠡᠰ ᠤᠨ ᠦᠨᠳᠦᠰᠦ  ᠰᠠᠭᠤᠷᠢ᠂ ᠡᠷᠭᠡᠪᠰᠢ ᠠᠷᠠᠳ ᠤᠨ ᠠᠮᠢᠳᠣᠷᠠᠯ ᠳᠤ ᠬᠠᠷᠠᠭᠠᠯᠵᠠᠯ ᠬᠦᠷᠳᠡᠭᠡᠵᠦ᠂ ᠠᠷᠠᠳ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠪᠠᠷ ᠵᠠᠰᠠᠭ ᠶᠠᠪᠣᠭᠤᠯᠵᠣ ᠂ ᠠᠷᠠᠳ ᠤᠨ ᠲᠦᠯᠦᠭᠡ ᠴᠢᠬᠤᠯᠠ ᠶᠡᠭᠡ ᠰᠢᠢᠳᠪᠦᠷᠢ ᠲᠣᠭᠳᠠᠭᠠᠵᠣ᠂ ᠠᠯᠢᠪᠠ ᠪᠦᠬᠦᠨ ᠢ ᠠᠷᠠᠳ ᠤᠨ ᠲᠦᠯᠦᠭᠡ ᠪᠣᠳᠣᠯᠬᠢᠯᠠᠪᠠᠯ ᠰᠠᠶ᠋ᠢ ᠠᠷᠠᠳ ᠤᠨ ᠰᠡᠳᠬᠢᠯ ᠢ ᠨᠢᠭᠳᠠᠷᠠᠭᠤᠯᠣᠨ᠂ ᠬᠦᠴᠦᠨ ᠴᠢᠳᠠᠯ ᠢ ᠲᠦᠪᠯᠡᠷᠡᠭᠦᠯᠵᠦ ᠴᠢᠳᠠᠨ᠎ᠠ᠃ ᠲᠣᠰ ᠪᠡᠶ᠎ᠡ ᠶᠢᠨ ᠪᠠᠶᠢᠭᠤᠯᠣᠯᠳᠠ ᠪᠠᠨ ᠪᠠᠷᠢᠮᠳᠠᠯᠠᠬᠤ ᠪᠣᠯ ᠪᠢᠳᠡᠨ ᠤ ᠠᠵᠢᠯ ᠦᠢᠯᠡᠰ ᠤᠨ ᠦᠨᠳᠦᠰᠦ ᠰᠣᠷᠪᠣᠯᠵᠢ᠂ ᠡᠷᠭᠡᠪᠰᠢ ᠠᠷᠢᠭᠤᠨ ᠴᠢᠭᠡᠴᠢ ᠣᠯᠣᠰ ᠲᠦᠷᠦ ᠶᠢᠨ ᠣᠭ ᠴᠢᠨᠠᠷ ᠢ ᠢᠮᠠᠭᠳᠠ ᠪᠠᠷᠢᠮᠳᠠᠯᠠᠵᠣ᠂ ᠦᠵᠡᠯ ᠰᠠᠨᠠᠭ᠎ᠠ ᠣᠨᠣᠯ  ᠤᠨ ᠵᠡᠪᠰᠡᠭᠯᠡᠯ ᠢ ᠴᠢᠩᠭᠠᠳᠬᠠᠵᠣ᠂ ᠬᠤᠷᠢᠭ᠎ᠠ ᠱᠣᠭᠤᠮ ᠢ ᠴᠢᠩᠭ᠎ᠠ ᠠᠳᠬᠤᠵᠣ᠂ ᠠᠷᠢᠭᠤᠨ ᠴᠢᠭᠡᠴᠢ ᠶᠢ ᠡᠷᠬᠢᠮᠯᠡᠪᠡᠯ ᠰᠠᠶ᠋ᠢ ᠣᠭ ᠰᠠᠨᠠᠭ᠎ᠠ ᠪᠠᠨ ᠦᠯᠦ ᠮᠠᠷᠳᠠᠨ᠂ ᠵᠣᠷᠢᠭᠳᠠᠢ ᠣᠷᠣᠭᠰᠢᠯᠠᠵᠣ ᠴᠢᠳᠠᠨ᠎ᠠ ᠭᠡᠳᠡᠭ ᠢ ᠬᠦᠨᠵᠡᠭᠡᠢ ᠣᠶᠢᠯᠠᠭᠠᠪᠠ᠃ᠲᠦᠯᠦᠭᠡᠯᠡᠭᠴᠢᠳ ᠡ︕ ᠲᠦᠭᠰᠢᠭᠦᠷᠢᠲᠦ ᠰᠡᠳᠬᠢᠯᠭᠡ ᠲᠠᠢ ᠪᠠᠶᠢᠪᠠᠯ ᠰᠠᠶ᠋ᠢ ᠠᠮᠣᠷ ᠲᠣᠭᠳᠠᠭᠤᠨ ᠪᠠᠶᠢᠵᠣ᠂ ᠰᠠᠨᠠᠭᠠᠰᠢᠷᠠᠬᠤ ᠰᠡᠳᠬᠢᠯᠭᠡ ᠲᠠᠢ ᠪᠠᠶᠢᠪᠠᠯ ᠰᠠᠶ᠋ᠢ ᠬᠦᠴᠢᠷ ᠪᠡᠷᠭᠡ ᠶᠢ ᠢᠯᠠᠨ ᠳᠠᠪᠠᠵᠣ ᠴᠢᠳᠠᠨ᠎ᠠ᠃ ᠠᠮᠵᠢᠯᠳᠠ ᠪᠦᠲᠦᠮᠵᠢ ᠪᠠᠨ ᠳ᠋ᠦᠩᠨᠡᠬᠦ ᠶᠢᠨ ᠬᠠᠮᠳᠣ᠂ ᠮᠠᠨ ᠤ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠳᠤ ᠨᠡᠯᠢᠶᠡᠳ ᠣᠯᠠᠨ ᠬᠦᠴᠢᠷᠳᠡᠯ ᠪᠣᠯᠣᠨ ᠠᠰᠠᠭᠤᠳᠠᠯ ᠣᠷᠣᠰᠢᠵᠣ ᠪᠠᠶᠢᠬᠤ ᠶᠢ ᠪᠢᠳᠡ ᠰᠡᠷᠭᠡᠭ ᠢᠶᠠᠷ ᠣᠯᠵᠣ ᠲᠠᠨᠢᠪᠠ᠄ ᠠᠵᠣ ᠠᠬᠤᠢ ᠶᠢᠨ ᠶᠡᠷᠦᠩᠭᠡᠢ ᠬᠡᠮᠵᠢᠶ᠎ᠡ ᠪᠠᠭ᠎ᠠ᠂ ᠰᠠᠭᠤᠷᠢ ᠬᠦᠴᠦᠨ ᠪᠠᠭᠤᠷᠠᠢ ᠪᠠᠶᠢᠬᠤ ᠬᠤᠰᠢᠭᠤᠨ ᠤ ᠦᠨᠳᠦᠰᠦᠨ ᠪᠠᠶᠢᠳᠠᠯ  ᠬᠠᠷᠠᠬᠠᠨ ᠦᠨᠳᠦᠰᠦᠨ ᠠᠴᠠ ᠪᠠᠨ ᠦᠭᠡᠷᠡᠴᠢᠯᠡᠭᠳᠡᠭᠡᠳᠦᠢ᠂ ︽ᠲᠤᠭ᠎ᠠ ᠬᠡᠮᠵᠢᠶ᠎ᠡ︾ ᠪᠣᠯᠣᠨ ︽ᠶᠠᠰᠣ ᠴᠢᠨᠠᠷ︾ ᠤᠨ ᠬᠤᠣᠰ ᠦᠷᠢᠰᠦᠯᠳᠦᠭᠡᠨ ᠳᠤ ᠲᠣᠯᠭᠠᠷᠠᠵᠣ ᠪᠣᠢ︔ ᠠᠵᠣ ᠦᠢᠯᠡᠳᠪᠦᠷᠢ ᠶᠢᠨ ᠬᠦᠭᠵᠢᠯᠳᠡ ᠶᠢᠨ ᠬᠦᠴᠦᠨ ᠬᠦᠷᠦᠯᠴᠡᠬᠦ ᠦᠭᠡᠢ᠂ ᠠᠷᠠᠯᠵᠢᠶᠠᠴᠢᠨ ᠣᠷᠢᠬᠤ ᠶᠠᠰᠣ ᠴᠢᠨᠠᠷ ᠦᠷ᠎ᠡ ᠪᠦᠲᠦᠮᠵᠢ ᠠᠨᠠᠢ᠂ ᠲᠦᠷᠦᠯ ᠵᠦᠢᠯ  ᠤᠨ ᠳᠣᠯᠭᠠᠭᠤᠷᠢᠯᠠᠬᠤ ᠬᠦᠴᠦᠨ ᠬᠦᠷᠦᠯᠴᠡᠬᠦ ᠦᠭᠡᠢ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠴᠢᠬᠤᠯᠠᠳᠠᠢ︔ ᠡᠳ᠋ ᠤᠨ ᠵᠠᠰᠠᠭ ᠤᠨ ᠭᠠᠶᠢᠯᠢ ᠶᠢᠨ ᠣᠷᠣᠯᠭ᠎ᠠ ᠶᠢᠨ ᠨᠡᠮᠡᠭᠳᠡᠯ ᠬᠦᠴᠦᠨ ᠬᠦᠷᠦᠯᠴᠡᠬᠦ ᠦᠭᠡᠢ᠂ ︽ᠵᠢᠷᠭᠤᠭ᠎ᠠ ᠶᠢ ᠲᠣᠭᠳᠠᠭᠤᠨ ᠪᠠᠶᠢᠯᠭᠠᠬᠤ︾15 ︽ᠵᠢᠷᠭᠤᠭ᠎ᠠ ᠶᠢ ᠪᠠᠳᠣᠯᠠᠬᠤ︾16 ᠵᠡᠷᠭᠡ ᠡᠷᠭᠡᠪᠰᠢ ᠵᠠᠷᠣᠬᠤ ᠵᠠᠷᠣᠯᠭ᠎ᠠ ᠵᠢᠯ ᠳᠠᠷᠠᠭᠠᠯᠠᠨ ᠨᠡᠮᠡᠭᠳᠡᠵᠦ᠂ ᠦᠷᠢ ᠲᠦᠯᠦᠬᠦ ᠲᠠᠷᠣᠯᠳᠠ ᠲᠣᠶᠢᠯ ᠤᠨ ᠶᠡᠭᠡ ᠪᠠᠶᠢᠵᠣ᠂ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ ᠲᠣᠪᠣᠶᠢᠮ᠎ᠠ ᠪᠠᠶᠢᠨ᠎ᠠ︔ ᠠᠮᠢ ᠠᠬᠤᠢ  ᠶᠢᠨ ᠣᠷᠴᠢᠨ ᠲᠣᠭᠤᠷᠢᠨ ᠮᠦᠨᠬᠦ ᠬᠡᠪᠡᠷᠡᠭ ᠪᠠᠶᠢᠵᠣ᠂ ᠠᠮᠢ ᠠᠬᠤᠢ ᠶᠢ ᠰᠡᠷᠭᠦᠭᠡᠬᠦ ᠪᠠ ᠪᠣᠬᠢᠷᠳᠣᠯ ᠢ ᠪᠠᠭᠠᠰᠬᠠᠨ ᠨᠡᠭᠦᠷᠡᠰᠦᠳᠦ᠋ᠷᠦᠭᠴᠢ ᠶᠢᠨ ᠲᠠᠪᠬᠤᠷ ᠢᠰᠦᠯ ᠤᠨ ᠭᠠᠳᠠᠭᠰᠢᠯᠠᠭᠤᠯᠣᠯᠳᠠ ᠶᠢ ᠪᠠᠭᠠᠰᠬᠠᠬᠤ ᠡᠭᠦᠷᠭᠡ ᠬᠦᠨᠳᠦ ᠭᠡᠴᠡᠭᠦᠦ ᠪᠠᠶᠢᠨ᠎ᠠ︔ ᠰᠣᠷᠭᠠᠨ ᠬᠦᠮᠦᠵᠢᠯ᠂ ᠡᠮ ᠡᠮᠨᠡᠯᠭᠡ᠂ ᠰᠣᠶᠣᠯ ᠲᠠᠮᠢᠷ᠂ ᠨᠠᠰᠣᠵᠢᠯ ᠤᠨ ᠠᠰᠠᠷᠠᠮᠵᠢ ᠠᠵᠢᠯ ᠣᠯᠭᠤᠯᠳᠠ᠂ ᠰᠠᠭᠤᠷᠢ ᠲᠦᠬᠦᠭᠡᠷᠦᠮᠵᠢ ᠵᠡᠷᠭᠡ ᠠᠷᠠᠳ ᠤᠨ ᠠᠮᠢᠳᠣᠷᠠᠯ ᠤᠨ ᠬᠦᠷᠢᠶ᠎ᠡ ᠴᠠᠷ᠎ᠠ ᠳᠤ ᠮᠦᠨᠬᠦ ᠳᠣᠳᠠᠭᠤᠳᠠᠯ ᠪᠣᠯᠣᠨ ᠪᠠᠭᠤᠷᠠᠢ ᠲᠠᠯ᠎ᠠ ᠣᠷᠣᠰᠢᠵᠣ᠂ ᠠᠶᠣᠯᠭᠦᠢ ᠦᠢᠯᠡᠳᠪᠦᠷᠢᠯᠡᠯ᠂ ᠪᠠᠶᠢᠭᠠᠯᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ᠂ ᠨᠡᠶᠢᠭᠡᠮ ᠤᠨ ᠵᠠᠰᠠᠯᠳᠠ ᠵᠡᠷᠭᠡ ᠬᠦᠷᠢᠶ᠎ᠡ ᠴᠠᠷ᠎ᠠ ᠳᠤ ᠪᠠᠭᠤᠷᠠᠢ ᠭᠤᠭᠴᠤᠭ᠎ᠠ ᠣᠷᠣᠰᠢᠵᠣ ᠪᠣᠢ︔  ᠺᠠᠳ᠋ᠷ ᠤᠨ ᠡᠩᠨᠡᠭᠡᠨ ᠤ ᠴᠢᠳᠠᠪᠣᠷᠢ ᠪᠣᠯᠣᠨ ᠰᠣᠷᠳᠠᠯ ᠨᠢ ᠰᠢᠨ᠎ᠡ ᠱᠠᠳᠣ ᠦᠶ᠎ᠡ ᠰᠢᠨ᠎ᠠ ᠱᠠᠭᠠᠷᠳᠠᠯᠭ᠎ᠠ ᠲᠠᠢ ᠬᠠᠷᠠᠬᠠᠨ ᠵᠣᠬᠢᠴᠠᠬᠤ ᠦᠭᠡᠢ ᠪᠠᠶᠢᠵᠣ᠂ ᠵᠠᠰᠠᠭ ᠤᠨ ᠣᠷᠳᠣᠨ ᠤ ᠵᠠᠰᠠᠯᠳᠠ ᠶᠢᠨ ᠰᠢᠰᠲ᠋ᠧᠮ ᠪᠣᠯᠣᠨ ᠵᠠᠰᠠᠯᠳᠠ ᠶᠢᠨ ᠴᠢᠳᠠᠪᠣᠷᠢ ᠶᠢ ᠣᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠳᠠᠢ ᠪᠠᠶᠢᠨ᠎ᠠ᠃ ᠡᠳᠡᠭᠡᠷ ᠪᠠᠶᠢᠳᠠᠯ ᠳᠤ ᠬᠠᠨᠳᠣᠭᠤᠯᠵᠣ᠂ ᠪᠢᠳᠡ ᠡᠷᠭᠡᠪᠰᠢ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠣ᠂ ᠴᠢᠷᠮᠠᠶᠢᠨ ᠰᠢᠢᠳᠪᠦᠷᠢᠯᠡᠵᠦ᠂ ᠠᠷᠠᠳ ᠲᠦᠮᠡᠨ ᠤ ᠬᠦᠰᠡᠯ ᠡᠷᠡᠮᠡᠯᠵᠡᠯ  ᠢ ᠬᠦᠰᠡᠷᠳᠡᠭᠦᠯᠬᠦ ᠦᠭᠡᠢ ᠪᠠᠷ ᠴᠢᠷᠮᠠᠶᠢᠬᠤ ᠬᠡᠷᠡᠭᠳᠠᠢ᠃ᠬᠤᠶᠠᠷ᠂ ᠬᠤᠶᠢᠰᠢᠳᠠ ᠶᠢᠨ ᠲᠠᠪᠣᠨ ᠵᠢᠯ ᠤᠨ ᠶᠡᠷᠦᠩᠭᠡᠢ ᠰᠡᠳᠬᠢᠴᠠ ᠪᠣᠯᠣᠨ ᠲᠡᠮᠡᠴᠡᠬᠦ ᠬᠠᠷᠠᠯᠳᠠᠬᠤᠶᠢᠰᠢᠳᠠ ᠶᠢᠨ ᠲᠠᠪᠣᠨ ᠵᠢᠯ ᠳᠤ᠂ ᠶᠠᠭ ᠰᠠᠶᠢᠬᠠᠨ ︽ᠳᠦᠷᠪᠡᠨ ᠬᠤᠭᠤᠴᠠᠭᠠᠨ︾17 ᠤ ᠠᠭᠤᠯᠵᠠᠷ ᠴᠡᠭ ᠲᠤ ᠪᠠᠶᠢᠵᠣ᠂ ᠦᠪᠡᠷᠳᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠣᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠳᠤ ᠢᠷᠡᠭᠡᠳᠦᠢ ᠶᠢᠨ ᠲᠠᠪᠣᠨ ᠵᠢᠯ ᠤᠨ ᠦᠵᠡᠰᠭᠦᠯᠡᠩᠲᠦ ᠰᠠᠶᠢᠬᠠᠨ ᠦᠪᠦᠷ ᠮᠣᠩᠭᠤᠯ ᠢ ᠪᠦᠲᠦᠭᠡᠨ ᠪᠠᠶᠢᠭᠤᠯᠬᠤ ᠵᠢᠷᠤᠭ ᠲᠦᠯᠦᠪᠯᠡᠭᠡ ᠶᠢ ᠰᠢᠨᠵᠢᠯᠡᠬᠦ ᠣᠬᠠᠭᠠᠨᠴᠢ ᠪᠠᠷ ᠵᠢᠷᠣᠭᠯᠠᠨ ᠲᠦᠰᠦᠪᠯᠡᠵᠦ᠂ ᠬᠤᠰᠢᠭᠤ ᠠᠷᠪᠠᠨ ᠭᠤᠷᠪᠠᠳᠣᠭᠠᠷ ᠣᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠳᠤ ᠮᠠᠨ ᠤ ᠬᠤᠰᠢᠭᠤᠨ ᠤ ᠬᠤᠶᠢᠰᠢᠳᠠ ᠶᠢᠨ ᠲᠠᠪᠣᠨ ᠵᠢᠯ ᠤᠨ ᠬᠦᠭᠵᠢᠯᠳᠡ ᠶᠢᠨ ᠬᠠᠷᠠᠯᠳᠠ ᠡᠭᠦᠷᠭᠡ ᠶᠢ ᠲᠣᠳᠣᠷᠬᠠᠶᠢᠯᠠᠪᠠ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠨᠢ ᠦᠵᠡᠯ ᠰᠠᠨᠠᠭ᠎ᠠ ᠪᠣᠯᠣᠨ ᠠᠵᠢᠯᠯᠠᠭ᠎ᠠ ᠪᠠᠨ ᠳᠡᠭᠡᠲᠦ ᠱᠠᠳᠣᠨ ᠤ ᠰᠢᠢᠳᠪᠦᠷᠢᠲᠦ ᠪᠣᠳᠣᠯᠭ᠎ᠠ  ᠶᠢᠨ ᠪᠠᠶᠢᠷᠢᠯᠠᠭᠤᠯᠣᠯᠳᠠ ᠪᠣᠯᠣᠨ ᠬᠤᠰᠢᠭᠤ ᠨᠠᠮ ᠤᠨ ᠬᠤᠷᠢᠶᠠᠨ ᠤ ᠲᠣᠬᠢᠷᠠᠭᠤᠯᠣᠯᠳᠠ ᠱᠠᠭᠠᠷᠳᠠᠯᠭ᠎ᠠ ᠲᠠᠢ ᠨᠢᠭᠡᠳᠦᠯᠳᠠᠢ ᠪᠠᠶᠢᠯᠭᠠᠬᠤ ᠶᠢ ᠪᠠᠷᠢᠮᠳᠠᠯᠠᠵᠣ᠂ ᠲᠣᠬᠢᠶᠠᠯ ᠢ ᠠᠳᠬᠤᠨ᠂ ᠵᠣᠷᠢᠭᠳᠠᠢ ᠡᠭᠦᠷᠭᠡᠯᠡᠨ ᠪᠣᠳᠠᠳᠠᠢ ᠠᠵᠢᠯᠯᠠᠵᠣ᠂ ᠰᠦᠨᠢᠳ ᠪᠠᠷᠠᠭᠤᠨ ᠬᠤᠰᠢᠭᠤᠨ ᠤ ᠬᠦᠭᠵᠢᠯᠳᠡ ᠶᠢᠨ ᠰᠠᠶᠢᠨ ᠰᠠᠶᠢᠬᠠᠨ ᠬᠦᠰᠡᠯ ᠡᠷᠡᠮᠡᠯᠵᠡᠯ ᠢ ᠪᠡᠶᠡᠯᠡᠭᠦᠯᠬᠦ ᠪᠠᠷ ᠴᠢᠷᠮᠠᠶᠢᠵᠣ᠂ ᠰᠢᠯᠢᠳᠡᠭ ᠬᠢᠷᠢ ᠪᠦᠲᠦᠮᠵᠢ ᠪᠠᠷ ᠢᠶᠠᠨ ᠪᠦᠬᠦ ᠬᠤᠰᠢᠭᠤᠨ ᠤ ᠠᠷᠠᠳ ᠲᠦᠮᠡᠨ ᠳᠤ ᠬᠠᠨᠣᠮᠵᠢᠳᠠᠢ ᠬᠠᠷᠢᠭᠤᠯᠳᠠ ᠦᠭᠬᠦ ᠪᠣᠯᠣᠨ᠎ᠠ᠃ᠬᠤᠶᠢᠰᠢᠳᠠ ᠶᠢᠨ ᠲᠠᠪᠣᠨ ᠵᠢᠯ ᠳᠤ᠂ ᠮᠠᠨ ᠤ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠶᠡᠷᠦᠩᠭᠡᠢ ᠰᠡᠳᠬᠢᠴᠡ ᠪᠣᠯ᠄ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠠᠭᠤᠣ ᠶᠡᠭᠡ ᠲᠤᠭ ᠢ ᠦᠨᠳᠦᠷ ᠮᠠᠨᠳᠣᠭᠤᠯᠵᠣ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠣᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠲᠣᠣᠱᠯᠠᠭᠤᠯᠵᠣ᠂ ᠰᠢ ᠶᠢᠨ ᠫᠢᠩ ᠶᠡᠷᠦᠩᠭᠡᠢ ᠱᠦᠵᠢ ᠶᠢᠨ ᠳᠣᠮᠳᠠᠳᠣ ᠣᠯᠣᠰ ᠤᠨ ᠡᠪ ᠬᠠᠮᠳᠣ ᠨᠠᠮ ᠪᠠᠶᠢᠭᠤᠯᠣᠭᠳᠠᠭᠰᠠᠨ 100 ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠦᠪᠦᠷ ᠮᠣᠩᠭᠤᠯ ᠤᠨ ᠠᠵᠢᠯ ᠤᠨ ᠲᠣᠬᠠᠢ ᠴᠢᠬᠤᠯᠠ ᠶᠠᠷᠢᠶ᠎ᠠ ᠴᠢᠬᠤᠯᠠ ᠵᠢᠭᠠᠪᠣᠷᠢ ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠲᠦᠪ ᠬᠤᠷᠢᠶ᠎ᠠ᠂ ᠦᠪᠡᠷᠳᠡᠭᠡᠨ ᠵᠠᠰᠠᠬᠤ ᠣᠷᠣᠨ ᠪᠣᠯᠣᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠵᠢᠴᠢ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠲᠣᠭᠳᠠᠭᠤᠨ ᠤ ᠳᠣᠮᠳᠠ ᠣᠷᠣᠭᠰᠢᠯᠠᠬᠤ ᠠᠵᠢᠯ ᠤᠨ ᠶᠡᠷᠦᠩᠭᠡᠢ ᠭᠦᠭ ᠠᠶᠠᠰ ᠢ ᠪᠠᠷᠢᠮᠳᠠᠯᠠᠵᠣ᠂ ᠬᠦᠭᠵᠢᠯᠳᠡ ᠪᠣᠯᠣᠨ ᠠᠮᠣᠷ ᠲᠦᠪᠰᠢᠨ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠳᠠᠯᠠᠵᠣ᠂ ᠰᠢᠨ᠎ᠡ ᠬᠦᠭᠵᠢᠯᠳᠡ ᠶᠢᠨ ᠱᠠᠳᠣ ᠦᠶ᠎ᠡ ᠳᠤ ᠰᠠᠭᠤᠷᠢᠯᠠᠨ᠂ ᠰᠢᠨ᠎ᠡ ᠬᠦᠭᠵᠢᠯᠳᠡ ᠶᠢᠨ ᠦᠵᠡᠯᠳᠡ ᠶᠢ ᠪᠦᠷᠢᠨ ᠭᠦᠢᠴᠡᠳ᠂ ᠣᠨᠣᠪᠴᠢᠳᠠᠢ᠂ ᠪᠦᠬᠦ ᠲᠠᠯ᠎ᠠ ᠪᠠᠷ ᠲᠣᠣᠱᠯᠠᠭᠤᠯᠵᠣ᠂ ᠰᠢᠨ᠎ᠡ ᠬᠦᠭᠵᠢᠯᠳᠡ ᠶᠢᠨ ᠬᠡᠪ ᠪᠠᠶᠢᠳᠠᠯ ᠳᠤ ᠴᠢᠷᠮᠠᠶᠢᠨ ᠦᠢᠯᠡᠴᠢᠯᠡᠬᠦ ᠪᠠ ᠠᠭᠤᠰᠣᠯᠴᠠᠭᠤᠯᠵᠣ᠂ ᠴᠢᠨᠠᠷᠯᠢᠭ ᠬᠦᠭᠵᠢᠯᠳᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠣ᠂ ᠬᠠᠩᠭᠠᠯᠭ᠎ᠠ ᠶᠢᠨ ᠪᠦᠳᠦᠴᠠ ᠶᠢᠨ ᠴᠢᠨᠠᠷᠳᠠᠢ ᠦᠭᠡᠷᠡᠴᠢᠯᠡᠯᠳᠡ ᠪᠠᠷ ᠭᠤᠣᠯ ᠱᠣᠭᠤᠮ ᠪᠣᠯᠭᠠᠬᠤ ᠶᠢ ᠬᠦᠨᠵᠡᠭᠡᠶᠢᠷᠡᠭᠦᠯᠵᠦ᠂ ᠦᠭᠡᠷᠡᠴᠢᠯᠡᠯᠳᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠦᠳᠡᠯᠭᠡᠬᠦ ᠬᠦᠴᠦᠨ ᠪᠣᠯᠭᠠᠵᠣ᠂ ᠠᠷᠠᠳ ᠲᠦᠮᠡᠨ ᠤ ᠡᠳᠦᠷ ᠢᠷᠡᠭᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠣᠷᠠᠯ ᠤᠨ ᠱᠠᠭᠠᠷᠳᠠᠯᠭ᠎ᠠ ᠶᠢ ᠬᠠᠩᠭᠠᠬᠤ ᠪᠠᠷ ᠦᠨᠳᠦᠰᠦᠨ ᠵᠣᠷᠢᠯᠳᠠ ᠪᠣᠯᠭᠠᠵᠣ᠂ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠬᠤ᠂ ᠪᠣᠬᠢᠷᠳᠣᠯ ᠦᠭᠡᠢ ᠬᠦᠭᠵᠢᠭᠦᠯᠬᠦ ᠪᠠᠷ ᠵᠢᠯᠣᠭᠤᠳᠣᠮᠵᠢ ᠪᠣᠯᠭᠠᠭᠰᠠᠨ ᠴᠢᠨᠠᠷᠯᠢᠭ ᠬᠦᠭᠵᠢᠯᠳᠡ  ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠣ᠂ ︽ᠬᠤᠶᠠᠷ ᠬᠠᠯᠬᠠᠪᠴᠢ︾ ᠶᠢᠨ ᠪᠦᠲᠦᠭᠡᠨ ᠪᠠᠶᠢᠭᠤᠯᠣᠯᠳᠠ ᠶᠢ ᠯᠠᠪᠳᠠᠭᠤᠨ ᠪᠠᠳᠣᠳᠠᠢ ᠠᠬᠢᠭᠤᠯᠵᠣ᠂ ︽ᠲᠠᠪᠣᠨ ᠣᠷᠣᠨ ᠨᠢᠭᠡ ᠲᠣᠯᠭᠠᠭᠤᠷᠢᠯᠠᠬᠤ ᠴᠡᠭ︾ 18 ᠢ ᠴᠢᠷᠮᠠᠶᠢᠨ ᠡᠭᠦᠳᠴᠦ᠂ ︽ᠵᠢᠷᠭᠤᠭ᠎ᠠ ᠶᠢ ᠲᠣᠭᠳᠠᠭᠤᠨ ᠪᠠᠶᠢᠯᠭᠠᠬᠤ︾ ︽ᠵᠢᠷᠭᠤᠭ᠎ᠠ ᠶᠢ ᠪᠠᠳᠣᠯᠠᠬᠤ︾ ᠠᠵᠢᠯ ᠢ ᠪᠦᠬᠦ ᠲᠠᠯ᠎ᠠ ᠪᠠᠷ ᠰᠠᠶᠢᠳᠣᠷ ᠬᠢᠵᠦ᠂ ᠠᠵᠣ ᠠᠬᠤᠢ ᠶᠢᠨ ᠡᠷᠬᠢᠯᠳᠡ ᠶᠢ ᠵᠦᠢ ᠵᠣᠬᠢᠰᠳᠠᠢ ᠣᠷᠣᠨ ᠳᠤ ᠪᠠᠶᠢᠯᠭᠠᠬᠤ ᠶᠢ ᠴᠢᠷᠮᠠᠶᠢᠨ ᠪᠠᠷᠢᠮᠳᠠᠯᠠᠵᠣ᠂ ᠳᠣᠮᠳᠠᠳᠣ ᠶᠢᠨ ᠦᠨᠳᠦᠰᠦᠳᠡᠨ ᠤ ᠬᠠᠮᠳᠣ ᠶᠢᠨ ᠴᠣᠭᠴᠠ ᠶᠢᠨ ᠣᠬᠠᠮᠰᠠᠷ ᠢ ᠲᠠᠰᠣᠷᠠᠯᠳᠠ ᠦᠭᠡᠢ ᠪᠠᠳᠣ ᠴᠣᠭᠴᠠᠯᠠᠵᠣ᠂ ᠵᠠᠰᠠᠯᠳᠠ ᠶᠢᠨ ᠲᠣᠭᠳᠠᠯᠴᠠᠭ᠎ᠠ ᠪᠣᠯᠣᠨ ᠵᠠᠰᠠᠯᠳᠠ ᠶᠢᠨ ᠴᠢᠳᠠᠪᠣᠷᠢ ᠶᠢᠨ ᠣᠳᠣᠬᠢᠴᠢᠯᠠᠯᠳᠠ ᠶᠢ ᠲᠦᠷᠭᠡᠨ ᠠᠬᠢᠭᠤᠯᠵᠣ᠂ ︽ᠠᠷᠪᠠᠨ ᠳᠦᠷᠪᠡᠳᠦᠭᠡᠷ ᠲᠠᠪᠣᠨ ᠵᠢᠯ︾ ᠤᠨ ᠲᠦᠯᠦᠪᠵᠢᠭᠦᠯᠭᠡ  ᠶᠢᠨ ᠬᠠᠷᠠᠯᠳᠠ ᠡᠭᠦᠷᠭᠡ ᠶᠢ ᠠᠮᠵᠢᠯᠳᠠᠳᠠᠢ ᠪᠡᠶᠡᠯᠡᠭᠦᠯᠵᠦ᠂ ᠨᠡᠶᠢᠭᠡᠮ ᠵᠢᠷᠣᠮ ᠤᠨ ᠣᠳᠣᠬᠢᠴᠢᠯᠠᠭᠰᠠᠨ ᠣᠯᠣᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠰᠦᠨᠢᠳ ᠪᠠᠷᠠᠭᠤᠨ ᠬᠤᠰᠢᠭᠤᠨ ᠤ ᠴᠢᠨᠠᠷᠯᠢᠭ ᠬᠦᠭᠵᠢᠯᠳᠡ  ᠶᠢᠨ ᠰᠢᠨ᠎ᠡ ᠬᠠᠭᠤᠳᠠᠰᠣ ᠶᠢ ᠪᠢᠴᠢᠭᠯᠡᠬᠦ ᠪᠣᠯᠣᠨ᠎ᠠ᠃ᠬᠤᠶᠢᠰᠢᠳᠠ ᠶᠢᠨ ᠲᠠᠪᠣᠨ ᠵᠢᠯ ᠳᠤ᠂ ᠮᠠᠨ ᠤ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠵᠢᠱᠢᠭᠰᠡᠨ ᠬᠠᠷᠠᠯᠳᠠ ᠪᠣᠯ᠄  ᠪᠦᠬᠦ ᠬᠤᠰᠢᠭᠤᠨ ᠤ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ  ᠢ ᠵᠢᠯ ᠳᠣᠮᠳᠠᠴᠢ 5% ᠣᠷᠴᠢᠮ ᠨᠡᠮᠡᠭᠳᠡᠭᠦᠯᠦᠨ᠎ᠡ︔ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠶᠢ ᠵᠢᠯ ᠳᠣᠮᠳᠠᠴᠢ 5.5% ᠣᠷᠴᠢᠮ  ᠨᠡᠮᠡᠭᠳᠡᠭᠦᠯᠦᠨ᠎ᠡ︔ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ  ᠶᠢ ᠵᠢᠯ ᠳᠣᠮᠳᠠᠴᠢ 3.5% ᠣᠷᠴᠢᠮ ᠨᠡᠮᠡᠭᠳᠡᠭᠦᠯᠦᠨ᠎ᠡ︔ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠲᠣᠬᠢᠷᠠᠭᠤᠯᠵᠣ ᠪᠣᠯᠬᠤᠶᠢᠴᠠ ᠣᠷᠣᠯᠭ᠎ᠠ ᠶᠢ ᠵᠢᠯ ᠳᠣᠮᠳᠠᠴᠢ 3% ᠪᠠ 8.5% ᠣᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠣᠭᠰᠠᠨ ᠶᠡᠷᠦᠩᠭᠡᠢ ᠬᠡᠮᠵᠢᠶ᠎ᠡ ᠶᠢ ᠵᠢᠯ ᠳᠣᠮᠳᠠᠴᠢ 7% ᠣᠷᠴᠢᠮ ᠨᠡᠮᠡᠭᠳᠡᠭᠦᠯᠵᠦ᠂ ᠳᠡᠭᠡᠲᠦ ᠱᠠᠳᠣᠨ ᠤ ᠪᠠᠭᠤᠯᠭᠠᠭᠰᠠᠨ ᠡᠯ᠎ᠡ ᠲᠦᠷᠦᠯ ᠤᠨ ᠬᠢᠵᠠᠭᠠᠷᠯᠠᠯ ᠤᠨ ᠴᠢᠨᠠᠷᠳᠠᠢ ᠭᠦᠢᠴᠡᠳᠭᠡᠬᠦ ᠲᠤᠭ᠎ᠠ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ᠳᠡᠭᠡᠷ᠎ᠡ ᠲᠣᠷᠠᠳᠣᠭᠰᠠᠨ ᠬᠦᠭᠵᠢᠯᠳᠡ ᠶᠢᠨ ᠬᠠᠷᠠᠯᠳᠠ ᠶᠢ ᠪᠡᠶᠡᠯᠡᠭᠦᠯᠬᠦ ᠳᠤ᠂ ᠬᠤᠶᠢᠰᠢᠳᠠ ᠶᠢᠨ ᠲᠠᠪᠣᠨ ᠵᠢᠯ ᠳᠤ ᠪᠢᠳᠡ ᠲᠣᠣᠷᠠᠬᠢ ᠲᠠᠪᠣᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ   ᠠᠳᠬᠤᠨ᠎ᠠ᠄︵ᠨᠢᠭᠡ︶ ᠠᠮᠢ ᠠᠬᠤᠢ ᠶᠢ ᠲᠡᠷᠢᠭᠦᠨ ᠳᠤ ᠲᠠᠯᠪᠢᠬᠤ ᠪᠠᠶᠢᠯᠳᠣᠬᠤ ᠪᠣᠳᠣᠯᠭ᠎ᠠ ᠶᠢ ᠦᠢᠯᠡᠳᠦᠯᠭᠡᠵᠢᠭᠦᠯᠵᠦ᠂ ᠴᠢᠨᠠᠷᠯᠢᠭ ᠬᠦᠭᠵᠢᠯᠳᠡ ᠶᠢᠨ ᠪᠣᠬᠢᠷᠳᠣᠯ ᠦᠭᠡᠢ ᠠᠭᠤᠯᠣᠭᠳᠠᠬᠤᠨ ᠢ ᠪᠠᠬᠢᠵᠢᠭᠦᠯᠦᠨ᠎ᠡ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠣᠨ ᠤ ᠦᠵᠡᠯ ᠰᠠᠨᠠᠭ᠎ᠠ ᠶᠢ ᠡᠷᠡᠰ ᠭᠤᠶᠢᠪᠢᠰᠢ ᠦᠭᠡᠢ ᠲᠣᠣᠱᠯᠠᠭᠤᠯᠵᠣ᠂ ᠨᠡᠭᠦᠷᠡᠰᠦᠳᠦ᠋ᠷᠦᠭᠴᠢ ᠶᠢᠨ ᠲᠠᠪᠬᠤᠷ ᠢᠰᠦᠯ ᠤᠨ ᠭᠠᠳᠠᠭᠰᠢᠯᠠᠭᠤᠯᠣᠯᠳᠠ ᠶᠢ ᠪᠠᠷᠢᠮᠵᠢᠶᠠᠨ ᠳᠤ ᠬᠦᠷᠬᠡᠬᠦ ᠶᠢ ᠠᠮᠢ ᠠᠬᠤᠢ ᠶᠢᠨ ᠪᠣᠯᠪᠠᠰᠣᠨ ᠤ ᠪᠦᠲᠦᠭᠡᠨ ᠪᠠᠶᠢᠭᠤᠯᠣᠯᠳᠠ ᠶᠢᠨ ᠪᠦᠬᠦᠯᠢ ᠴᠣᠭᠴᠠ ᠶᠢᠨ ᠪᠠᠶᠢᠷᠢᠯᠠᠭᠤᠯᠣᠯᠳᠠ ᠳᠤ ᠣᠷᠣᠭᠤᠯᠵᠣ᠂ ᠰᠢᠯᠢ ᠶᠢᠨ ᠭᠤᠣᠯ  ᠤᠨ ᠲᠠᠴᠢᠷᠳᠠᠭᠰᠠᠨ ᠲᠠᠯ᠎ᠠ ᠨᠣᠳᠤᠭ ᠢ ᠦᠨᠳᠦᠷ ᠦᠷ᠎ᠡ ᠠᠰᠢᠭᠳᠠᠢ ᠵᠠᠰᠠᠬᠤ ᠣᠷᠣᠨ ᠢ ᠡᠭᠦᠳᠬᠦ ᠠᠴᠠ ᠭᠠᠷᠳᠠᠵᠣ᠂ ᠪᠣᠬᠢᠷᠳᠣᠯ ᠤᠨ ᠭᠠᠳᠠᠭᠰᠢᠯᠠᠭᠤᠯᠣᠯᠳᠠ ᠶᠢ ᠪᠠᠭᠠᠰᠬᠠᠬᠤ᠂ ᠠᠵᠣ ᠦᠢᠯᠡᠰ ᠤᠨ ᠬᠦᠭᠵᠢᠯᠳᠡ ᠶᠢᠨ ᠨᠡᠭᠦᠷᠡᠰᠦᠳᠦ᠋ᠷᠦᠭᠴᠢ ᠶᠢᠨ ᠲᠠᠪᠬᠤᠷ ᠢᠰᠦᠯ ᠤᠨ ᠭᠠᠳᠠᠭᠰᠢᠯᠠᠭᠤᠯᠣᠯᠳᠠ ᠶᠢ ᠪᠠᠭᠠᠰᠬᠠᠬᠤ᠂ ᠠᠮᠢ ᠠᠬᠤᠢ ᠶᠢᠨ ᠪᠦᠲᠦᠭᠡᠨ ᠪᠠᠶᠢᠭᠤᠯᠣᠯᠳᠠ ᠶᠢ ᠴᠢᠨᠠᠷᠯᠢᠭ ᠪᠣᠯᠭᠠᠬᠤ᠂ ᠰᠠᠭᠤᠷᠢᠰᠢᠬᠤ ᠣᠷᠴᠢᠨ ᠲᠣᠭᠤᠷᠢᠨ ᠢ ᠠᠷᠢᠭᠤᠨ ᠴᠡᠪᠡᠷ ᠪᠠᠶᠢᠯᠭᠠᠬᠤ᠂ ᠠᠮᠢ ᠠᠬᠤᠢ ᠶᠢᠨ ᠳᠠᠪᠠᠭᠤᠯᠢᠭ ᠢ ᠠᠵᠣ ᠠᠬᠤᠶᠢᠵᠢᠯᠠᠯᠳᠠ ᠶᠢ ᠨᠢᠭᠡᠳᠦᠯᠳᠠᠢ ᠲᠦᠯᠦᠪᠯᠡᠨ ᠠᠬᠢᠭᠤᠯᠵᠣ᠂ ᠬᠦᠮᠦᠨ ᠪᠠ ᠪᠠᠶᠢᠭᠠᠯᠢ ᠶᠢ ᠡᠶ᠎ᠡ ᠵᠣᠬᠢᠴᠠᠯ ᠲᠠᠢ ᠬᠦᠭᠵᠢᠭᠦᠯᠬᠦ ᠣᠳᠣᠬᠢᠴᠢᠯᠠᠭᠰᠠᠨ ᠪᠦᠲᠦᠭᠡᠨ ᠪᠠᠶᠢᠭᠤᠯᠣᠯᠳᠠ ᠶᠢᠨ ᠰᠢᠨ᠎ᠡ ᠬᠡᠪ ᠪᠠᠶᠢᠳᠠᠯ ᠢ ᠴᠢᠷᠮᠠᠶᠢᠨ ᠪᠦᠷᠢᠯᠳᠦᠭᠦᠯᠵᠦ᠂ ᠮᠠᠨ ᠤ ᠣᠯᠣᠰ ᠤᠨ ᠣᠮᠠᠷᠠᠳᠣ ᠶᠢᠨ ᠴᠢᠬᠤᠯᠠ ᠠᠮᠢ ᠠᠬᠤᠢ  ᠶᠢᠨ ᠠᠮᠣᠷ ᠲᠦᠪᠰᠢᠨ ᠤ ᠬᠠᠯᠬᠠᠪᠴᠢ ᠶᠢ ᠪᠠᠳᠣ ᠴᠣᠭᠴᠠᠯᠠᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ ᠠᠭᠤᠯᠠ ᠣᠰᠣ ᠣᠢ ᠲᠠᠷᠢᠶ᠎ᠠ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠣᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠳᠠᠯᠠᠵᠣ᠂ ᠴᠢᠬᠤᠯᠠ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠳᠠ ᠪᠣᠯᠣᠨ ᠰᠡᠷᠭᠦᠭᠡᠬᠦ ᠢᠨᠵᠧᠨᠧᠷᠢᠩ ᠢ ᠯᠠᠪᠳᠠᠭᠤᠨ ᠪᠠᠳᠣᠳᠠᠢ ᠠᠬᠢᠭᠤᠯᠵᠣ᠂ 50 ᠲᠦᠮᠡᠨ ᠮᠣ᠋ ᠡᠯᠡᠰᠦᠷᠭᠡᠭᠵᠢᠭᠰᠡᠨ ᠨᠣᠳᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ᠂ 5 ᠲᠦᠮᠡᠨ ᠮᠣ᠋ ᠭᠠᠵᠠᠷ ᠢ ᠪᠢᠳᠡᠭᠦᠮᠵᠢᠯᠡᠨ ᠣᠶᠢᠵᠢᠭᠤᠯᠬᠤ᠂ 40 ᠳᠡᠭᠰᠢ ᠲᠦᠷᠪᠡᠯᠵᠢᠨ ᠺᠢᠯᠣᠮᠧᠲᠷ ᠤᠨ ᠵᠢᠵᠢᠭ ᠣᠷᠣᠰᠬᠠᠯ ᠢ ᠵᠠᠰᠠᠬᠤ ᠶᠢ ᠪᠡᠶᠡᠯᠡᠭᠦᠯᠵᠦ᠂ ᠣᠢ ᠰᠢᠭᠤᠢ ᠶᠢᠨ ᠪᠦᠷᠬᠦᠴᠠ ᠶᠢᠨ ᠨᠣᠷᠮ᠎ᠠ ᠶᠢ 8.2% ᠲᠣᠳᠣᠷ᠎ᠠ ᠲᠣᠭᠳᠠᠪᠣᠷᠢᠵᠢᠭᠤᠯᠵᠣ᠂ ᠲᠠᠯ᠎ᠠ ᠨᠣᠳᠤᠭ ᠤᠨ ᠣᠷᠭᠤᠮᠠᠯ ᠤᠨ ᠪᠦᠷᠬᠦᠴᠡ ᠶᠢᠨ ᠨᠣᠷᠮ᠎ᠠ ᠶᠢ 25% ᠳᠤ ᠬᠦᠷᠭᠡᠨ᠎ᠡ᠃ ᠪᠣᠬᠢᠷᠳᠦᠯ ᠦᠭᠡᠢ ᠬᠦᠭᠵᠢᠭᠦᠯᠪᠡᠯ ᠦᠯᠡᠳᠡᠭᠡᠵᠦ᠂ ᠪᠣᠬᠢᠷᠳᠣᠯ ᠲᠠᠢ ᠪᠣᠯ ᠲᠠᠶᠠᠭᠳᠠᠬᠤ ᠵᠠᠷᠴᠢᠮ ᠢ ᠪᠠᠷᠢᠮᠳᠠᠯᠠᠵᠣ᠂ 2023 ᠣᠨ ᠤ ᠰᠡᠭᠦᠯᠴᠢ ᠪᠣᠯᠬᠤ ᠳᠤ᠂ ᠪᠦᠬᠦ ᠬᠤᠰᠢᠭᠤᠨ ᠤ ᠡᠯ᠎ᠡ ᠲᠦᠷᠦᠯ ᠤᠨ ᠠᠭᠤᠷᠬᠠᠢ ᠶᠢᠨ ᠠᠵᠣ ᠠᠬᠤᠶᠢᠯᠠᠯ ᠢ ᠪᠦᠬᠦᠨ ᠢ ᠦᠪᠡᠷᠳᠡᠭᠡᠨ ᠵᠠᠰᠠᠬᠤ ᠣᠷᠣᠨ ᠤ ᠳᠡᠰ ᠤᠨ ᠪᠣᠬᠢᠷᠳᠣᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠣᠯᠳᠠ ᠶᠢᠨ ᠪᠠᠷᠢᠮᠵᠢᠶᠠᠨ ᠳᠤ ᠬᠦᠷᠭᠡᠨ᠎ᠡ᠃ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠪᠠ  ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠲᠦᠷᠢᠮ︾ ᠢ ᠴᠢᠩᠭ᠎ᠠ ᠬᠡᠷᠡᠭᠵᠢᠭᠦᠯᠵᠦ᠂ ᠭᠤᠣᠯ ︵ᠨᠠᠭᠤᠷ︶ ᠤᠨ ᠳᠠᠷᠤᠭ᠎ᠠ ᠪᠣᠯᠣᠨ ᠣᠢ ᠰᠢᠭᠤᠢ ︵ᠡᠪᠡᠰᠦ︶ ᠶᠢᠨ ᠳᠠᠷᠤᠭ᠎ᠠ ᠶᠢᠨ ᠲᠦᠷᠢᠮ ᠢ ᠰᠠᠶᠢᠳᠣᠷ ᠨᠠᠶᠢᠳᠠᠪᠣᠷᠢᠵᠢᠭᠤᠯᠣᠨ᠎ᠠ᠃ ᠣᠯᠣᠰ ᠤᠨ ᠠᠮᠢ ᠠᠬᠤᠢ ᠶᠢᠨ ᠪᠣᠯᠪᠠᠰᠣᠨ ᠤ ᠪᠦᠲᠦᠭᠡᠨ ᠪᠠᠶᠢᠭᠤᠯᠣᠯᠳᠠ ᠶᠢᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠪᠠᠷ ᠲᠣᠬᠢᠶᠠᠯ ᠪᠣᠯᠭᠠᠵᠣ᠂ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠣᠭᠤᠮ᠂ ᠣᠷᠴᠢᠨ ᠲᠣᠭᠤᠷᠢᠨ ᠤ ᠶᠠᠰᠣ ᠴᠢᠨᠠᠷ ᠤᠨ ᠲᠣᠣᠷ᠎ᠠ ᠬᠢᠵᠠᠭᠠᠷ ᠪᠣᠯᠣᠨ ᠡᠬᠢ ᠪᠠᠶᠠᠯᠢᠭ ᠤᠨ ᠠᠰᠢᠭᠯᠠᠯᠳᠠ  ᠶᠢᠨ ᠳᠡᠭᠡᠲᠦ ᠬᠢᠵᠠᠭᠠᠷ ᠢ ᠪᠠᠳᠣ ᠰᠠᠬᠢᠵᠣ᠂ ᠪᠣᠬᠢᠷᠳᠣᠯ ᠢ ᠨᠠᠷᠢᠯᠢᠭ ᠣᠨᠣᠪᠴᠢᠳᠠᠢ᠂ ᠰᠢᠨᠵᠢᠯᠡᠬᠦ ᠣᠬᠠᠭᠠᠨᠴᠢ᠂ ᠬᠠᠣᠯᠢ ᠶᠣᠰᠣᠭᠠᠷ ᠵᠠᠰᠠᠬᠤ ᠶᠢ ᠪᠠᠷᠢᠮᠳᠠᠯᠠᠵᠣ᠂ ᠨᠡᠩ ᠦᠨᠳᠦᠷ ᠪᠠᠷᠢᠮᠵᠢᠶ᠎ᠠ ᠪᠠᠷ ᠬᠦᠭᠡ ᠣᠭᠳᠠᠷᠭᠤᠢ᠂ ᠴᠡᠩᠭᠡᠭ ᠣᠰᠣ᠂ ᠠᠷᠢᠭᠤᠨ ᠬᠦᠷᠦᠰᠦ ᠶᠢᠨ ᠬᠠᠮᠠᠭᠠᠯᠠᠯᠳᠠ ᠶᠢᠨ ᠠᠵᠢᠯ ᠢ ᠰᠠᠶᠢᠳᠣᠷ ᠪᠡᠶᠡᠯᠡᠭᠦᠯᠦᠨ᠎ᠡ᠃ ᠠᠮᠢ ᠠᠬᠤᠢ ᠶᠢᠨ ᠪᠦᠲᠦᠭᠡᠭᠳᠡᠭᠦᠨ ᠤ ᠦᠨ᠎ᠡ ᠦᠷᠳᠡᠭ ᠢ ᠬᠤᠪᠢᠷᠠᠭᠤᠯᠬᠤ ᠵᠠᠮ ᠢ ᠬᠠᠶᠢᠨ ᠰᠦᠪᠡᠭᠴᠢᠯᠡᠵᠦ᠂ ᠨᠡᠭᠦᠷᠡᠰᠦᠳᠦ᠋ᠷᠦᠭᠴᠢ  ᠶᠢᠨ ᠲᠠᠪᠬᠤᠷ ᠢᠰᠦᠯ ᠢ ᠭᠠᠳᠠᠭᠰᠢᠯᠠᠭᠤᠯᠬᠤ ᠡᠷᠭᠡ ᠶᠢᠨ ᠵᠠᠬ᠎ᠠ ᠳᠡᠯᠭᠡᠭᠦᠷᠴᠢᠯᠡᠭᠰᠡᠨ ᠠᠷᠠᠯᠵᠢᠶ᠎ᠠ ᠶᠢ ᠠᠬᠢᠭᠤᠯᠬᠤ ᠳᠤ ᠣᠷᠣᠯᠴᠠᠬᠤ ᠶᠢᠨ ᠬᠠᠮᠳᠣ᠂ ᠮᠠᠨ ᠤ ᠬᠤᠰᠢᠭᠤᠨ ᠤ ᠨᠡᠭᠦᠷᠡᠰᠦᠳᠦ᠋ᠷᠦᠭᠴᠢ ᠶᠢᠨ ᠲᠠᠪᠬᠤᠷ ᠢᠰᠦᠯ ᠤᠨ ᠭᠠᠳᠠᠭᠰᠢᠯᠠᠭᠤᠯᠣᠯᠳᠠ ᠶᠢᠨ ᠪᠠᠷᠢᠮᠵᠢᠶ᠎ᠠ ᠳᠤ ᠬᠦᠷᠭᠡᠬᠦ ᠠᠵᠢᠯᠯᠠᠭᠠᠨ ᠤ ᠲᠦᠰᠦᠯ ᠢ ᠵᠣᠬᠢᠰᠳᠠᠢ ᠴᠠᠭ ᠲᠤ ᠡᠬᠢᠯᠡᠭᠦᠯᠦᠨ᠎ᠡ᠃︵ᠬᠤᠶᠠᠷ︶ ᠰᠢᠨ᠎ᠡ ᠶᠢ ᠡᠭᠦᠳᠦᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠣ᠂ ᠴᠢᠨᠠᠷᠯᠢᠭ ᠬᠦᠭᠵᠢᠯᠳᠡ ᠶᠢᠨ ᠠᠵᠣ ᠦᠢᠯᠡᠰ ᠤᠨ ᠲᠣᠯᠭᠠᠭᠤᠷᠢᠯᠠᠯ ᠢ ᠴᠢᠩᠭᠠᠳᠬᠠᠨ᠎ᠠ᠃ ᠪᠣᠳᠠᠳᠣ ᠴᠣᠭᠴᠠ ᠶᠢᠨ ᠠᠵᠣ ᠠᠬᠤᠢ ᠶᠢ ᠬᠦᠭᠵᠢᠭᠦᠯᠦᠨ ᠪᠣᠵᠠᠭᠠᠶᠢᠷᠠᠭᠤᠯᠵᠣ᠂ ᠣᠯᠠᠮᠵᠢᠯᠠᠯᠳᠣ ᠠᠵᠣ ᠦᠢᠯᠡᠰ ᠤᠨ ᠬᠡᠯᠪᠡᠷᠢ ᠶᠢ ᠬᠤᠪᠢᠷᠠᠭᠤᠯᠣᠨ ᠳᠡᠰ ᠳᠡᠪᠰᠢᠭᠦᠯᠬᠦ ᠪᠣᠯᠣᠨ ᠳᠠᠪᠠᠭᠤᠯᠢᠭ ᠢᠶᠠᠨ ᠳᠠᠬᠢᠨ ᠪᠠᠳᠠᠷᠠᠭᠤᠯᠬᠤ ᠶᠢ ᠵᠣᠷᠢᠭᠵᠢᠭᠤᠯᠵᠣ᠂ ᠰᠢᠨ᠎ᠡ ᠪᠠᠷ ᠬᠦᠭᠵᠢᠵᠦ ᠪᠠᠶᠢᠭ᠎ᠠ ᠠᠵᠣ ᠦᠢᠯᠡᠰ  ᠤᠨ ᠪᠠᠶᠢᠷᠢᠯᠠᠭᠤᠯᠣᠯᠳᠠ ᠪᠣᠯᠣᠨ ᠰᠦᠷᠦᠭᠵᠢᠯ ᠤᠨ ᠬᠦᠭᠵᠢᠯᠳᠡ ᠶᠢ ᠲᠦᠷᠭᠡᠳᠭᠡᠵᠦ᠂ ᠰᠢᠨ᠎ᠡ ᠶᠢ ᠡᠭᠦᠳᠦᠨ ᠠᠬᠢᠭᠤᠯᠬᠤ᠂ ᠰᠢᠯᠢᠳᠡᠭ ᠣᠨᠴᠠᠯᠢᠭᠳᠣ ᠪᠠᠷ ᠲᠣᠯᠭᠠᠭᠤᠷᠢᠯᠠᠬᠤ᠂ ᠬᠡᠯᠬᠢᠶ᠎ᠡ ᠶᠢ ᠣᠷᠳᠣᠳᠬᠠᠨ ᠬᠦᠭᠵᠢᠭᠦᠯᠬᠦ᠂ ᠪᠣᠬᠢᠷᠳᠣᠯ ᠦᠭᠡᠢ ᠡᠷᠬᠢᠯᠳᠦᠭᠦᠯᠬᠦ ᠣᠳᠣᠬᠢᠴᠢᠯᠠᠭᠰᠠᠨ ᠠᠵᠣ ᠦᠢᠯᠡᠰ ᠤᠨ ᠰᠢᠰᠲ᠋ᠧᠮ ᠢ ᠪᠠᠶᠢᠭᠤᠯᠵᠣ᠂ ᠠᠵᠣ ᠠᠬᠤᠢ  ᠶᠢᠨ ᠶᠠᠰᠣ ᠴᠢᠨᠠᠷ ᠢ ᠦᠨᠡᠨᠬᠦ ᠳᠡᠭᠡᠭᠰᠢᠯᠡᠭᠦᠯᠵᠦ᠂ ᠠᠷᠠᠳ ᠢᠶᠠᠨ ᠪᠠᠶᠠᠵᠢᠭᠤᠯᠣᠨ ᠬᠤᠰᠢᠭᠤ ᠪᠠᠨ ᠬᠦᠴᠦᠷᠭᠡᠭᠵᠢᠭᠦᠯᠬᠦ ᠬᠠᠷᠠᠯᠳᠠ ᠶᠢ ᠪᠡᠶᠡᠯᠡᠭᠦᠯᠦᠨ᠎ᠡ᠃ ᠮᠠᠯ ᠠᠵᠣ ᠠᠬᠤᠢ ᠶᠢᠨ ᠴᠢᠨᠠᠷ ᠴᠢᠨᠰᠠᠭ᠎ᠠ ᠶᠢ ᠲᠣᠭᠳᠠᠭᠤᠨ ᠢᠶᠠᠷ ᠳᠡᠭᠡᠭᠰᠢᠯᠡᠭᠦᠯᠬᠦ  ᠶᠢ ᠠᠬᠢᠭᠤᠯᠣᠨ᠎ᠠ᠃ ︽ᠨᠢᠭᠡ ᠭᠤᠣᠯ ᠴᠦᠮ᠎ᠡ᠂ ᠬᠤᠶᠠᠷ ᠲᠡᠩᠭᠡᠯᠢᠭ᠂ ᠭᠤᠷᠪᠠᠨ ᠣᠷᠣᠨ ᠲᠣᠭᠤᠷᠢᠭ︾19 ᠤᠨ ᠪᠠᠶᠢᠷᠢᠯᠠᠭᠤᠯᠣᠯᠳᠠ ᠶᠣᠰᠣᠭᠠᠷ᠂ ᠣᠳᠣᠬᠢᠴᠢᠯᠠᠭᠰᠠᠨ ᠮᠠᠯ ᠠᠵᠣ ᠠᠬᠤᠢ ᠶᠢᠨ ᠬᠦᠭᠵᠢᠯᠳᠡ ᠶᠢ ᠲᠦᠷᠭᠡᠨ ᠠᠬᠢᠭᠤᠯᠵᠣ ᠂ ᠬᠤᠨᠢᠨ ᠤ ᠠᠵᠣ ᠦᠢᠯᠡᠰ ᠢ ᠰᠢᠯᠢᠳᠡᠭᠵᠢᠭᠦᠯᠦᠨ᠂ ᠦᠭᠡᠷ ᠤᠨ ᠠᠵᠣ ᠦᠢᠯᠡᠰ ᠢ ᠬᠦᠴᠦᠷᠭᠡᠭᠵᠢᠭᠦᠯᠵᠦ᠂ ᠲᠡᠮᠡᠭᠡᠨ  ᠤ ᠠᠵᠣ ᠦᠢᠯᠡᠰ ᠢ ᠨᠠᠷᠢᠯᠢᠭᠵᠢᠭᠤᠯᠣᠨ᠎ᠠ᠃ ᠦᠪᠦᠷ ᠮᠣᠩᠭᠤᠯ ᠤᠨ ᠰᠦᠨᠢᠳ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠲᠦᠷᠦᠯ ᠲᠡᠮᠳᠡᠭ ᠤᠨ ᠣᠷᠣᠨ ᠢ ᠡᠭᠦᠳᠬᠦ ᠠᠴᠠ ᠭᠠᠷᠳᠠᠵᠣ᠂ ᠲᠦᠷᠦᠯ ᠲᠡᠮᠳᠡᠭ ᠤᠨ ᠪᠠᠶᠢᠭᠤᠯᠣᠯᠳᠠ ᠶᠢ ᠴᠢᠩᠭᠠᠳᠬᠠᠵᠣ᠂ ᠣᠷᠣᠨ ᠲᠣᠭᠤᠷᠢᠭ ᠤᠨ ᠨᠡᠶᠢᠳᠡ ᠶᠢᠨ ᠬᠡᠷᠡᠭᠯᠡᠭᠡᠨ ᠤ ᠲᠦᠷᠦᠯ ᠲᠡᠮᠳᠡᠭ ᠢᠶᠠᠷ ᠭᠤᠣᠯ ᠪᠣᠯᠭᠠᠭᠰᠠᠨ᠂ ᠠᠵᠣ ᠠᠬᠤᠶᠢᠯᠠᠯ ᠤᠨ ᠲᠦᠷᠦᠯ ᠲᠡᠮᠳᠡᠭ ᠢᠶᠠᠷ ᠲᠣᠯᠭᠠᠭᠤᠷᠢᠯᠠᠭᠰᠠᠨ᠂ ᠪᠦᠲᠦᠭᠡᠭᠳᠡᠭᠦᠨ ᠤ ᠲᠦᠷᠦᠯ ᠲᠡᠮᠳᠡᠭ ᠢᠶᠠᠷ ᠰᠠᠭᠤᠷᠢ ᠪᠣᠯᠭᠠᠭᠰᠠᠨ ᠮᠠᠯ ᠠᠵᠣ ᠠᠬᠤᠢ ᠶᠢᠨ ᠲᠦᠷᠦᠯ ᠲᠡᠮᠳᠡᠭ ᠤᠨ ᠰᠢᠰᠲ᠋ᠧᠮ ᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠣᠯ ᠴᠣᠭᠴᠠ ᠶᠢ ᠶᠡᠬᠡᠪᠡᠷ ᠬᠦᠭᠵᠢᠭᠦᠯᠵᠦ᠂ ᠠᠰᠢᠭ ᠲᠣᠰᠠ ᠶᠢᠨ ᠬᠤᠯᠪᠣᠭᠠᠳᠣ ᠵᠣᠬᠢᠴᠠᠮᠵᠢ ᠶᠢ ᠨᠢᠭᠳᠠᠷᠠᠭᠤᠯᠵᠣ᠂ ᠵᠣᠬᠢᠶᠠᠨ ᠪᠠᠶᠢᠭᠤᠯᠣᠯᠴᠠᠭᠰᠠᠨ᠂ ᠬᠡᠪᠴᠢᠶᠡᠵᠢᠭᠰᠡᠨ ᠦᠢᠯᠡᠳᠪᠦᠷᠢᠯᠡᠯ ᠤᠨ ᠬᠢᠷᠢ ᠲᠦᠪᠰᠢᠨ ᠢ ᠲᠣᠭᠳᠠᠭᠤᠨ ᠢᠶᠠᠷ ᠳᠡᠭᠡᠭᠰᠢᠯᠡᠭᠦᠯᠦᠨ᠎ᠡ᠃ ᠲᠠᠪᠣᠨ ᠵᠢᠯ ᠤᠨ ᠲᠣᠳᠣᠷ᠎ᠠ᠂ ᠮᠠᠯᠵᠢᠯ ᠤᠨ ᠣᠨ ᠤ ᠰᠦᠨᠢᠳ ᠬᠤᠨᠢ ᠶᠢ 80 ᠲᠦᠮᠡ ᠶᠢᠨ ᠲᠣᠳᠣᠷ᠎ᠠ ᠲᠣᠭᠳᠠᠪᠣᠷᠢᠵᠢᠭᠤᠯᠵᠣ᠂ ᠢᠳᠡᠰᠢᠨ ᠤ ᠦᠭᠡᠷ ᠢ 8 ᠲᠦᠮᠡ ᠠᠴᠠ ᠳᠡᠭᠡᠭᠰᠢ ᠪᠠᠶᠢᠯᠭᠠᠵᠣ᠂ ᠰᠦᠨᠢᠳ ᠬᠤᠣᠰ ᠪᠦᠬᠦᠲᠦ ᠲᠡᠮᠡᠭᠡ ᠶᠢ 1 ᠲᠦᠮᠡ ᠠᠴᠠ ᠳᠡᠭᠡᠭᠰᠢ ᠳᠤ ᠬᠦᠷᠭᠡᠨ᠎ᠡ᠃ 2026 ᠣᠨ ᠪᠣᠯᠬᠤ ᠳᠤ᠂ ᠨᠢᠭᠡᠳᠦᠭᠡᠷ ᠠᠵᠣ ᠦᠢᠯᠡᠰ ᠤᠨ ᠨᠡᠮᠡᠭᠳᠡᠯ ᠦᠷᠳᠡᠭ ᠢ ᠵᠢᠯ ᠲᠣᠮᠳᠠᠴᠢ 3% ᠣᠷᠴᠢᠮ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠠᠵᠣ ᠦᠢᠯᠡᠳᠪᠦᠷᠢ ᠶᠢᠨ ᠠᠵᠣ ᠠᠬᠤᠢ ᠶᠢᠨ ᠬᠡᠯᠪᠡᠷᠢ ᠶᠢ ᠬᠤᠪᠢᠷᠠᠭᠤᠯᠣᠨ ᠳᠡᠰ ᠳᠡᠪᠰᠢᠭᠦᠯᠬᠦ ᠶᠢ ᠠᠬᠢᠭᠤᠯᠣᠨ᠎ᠠ᠃ ᠣᠯᠣᠰ ᠤᠨ ᠡᠨᠧᠷᠬᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠪᠠᠶᠢᠯᠳᠣᠬᠤ ᠪᠣᠳᠣᠯᠭ᠎ᠠ ᠶᠢ ᠡᠷᠡᠰ ᠪᠠᠳᠣ ᠨᠠᠶᠢᠳᠠᠪᠣᠷᠢᠵᠢᠭᠤᠯᠵᠣ᠂ ᠠᠵᠣ ᠦᠢᠯᠡᠳᠪᠦᠷᠢ ᠶᠢᠨ ᠲᠣᠭᠤᠷᠢᠭ ᠢ ᠲᠦᠪᠯᠡᠷᠡᠭᠦᠯᠦᠨ ᠬᠦᠭᠵᠢᠭᠦᠯᠬᠦ ᠶᠢ ᠴᠢᠩᠭᠠᠳᠬᠠᠵᠣ᠂ ᠠᠵᠣ ᠠᠬᠤᠶᠢᠯᠠᠯ ᠤᠨ ᠬᠡᠯᠪᠡᠷᠢ ᠶᠢ ᠬᠤᠪᠢᠷᠠᠭᠤᠯᠣᠨ ᠳᠡᠰ ᠳᠡᠪᠰᠢᠭᠦᠯᠬᠦ ᠠᠯᠬᠤᠮ ᠢ ᠲᠦᠷᠭᠡᠳᠭᠡᠵᠦ ᠂ ︽ᠮᠣ᠋ ᠶᠢᠨ ᠣᠨᠠᠯᠳᠠ ᠶᠢᠨ ᠦᠷ᠎ᠡ ᠠᠰᠢᠭ ᠢ ᠳᠡᠭᠡᠭᠰᠢᠯᠡᠭᠦᠯᠬᠦ︾ ᠵᠢᠯᠣᠭᠤᠳᠣᠮᠵᠢ ᠶᠢ ᠪᠣᠢ ᠪᠣᠯᠭᠠᠵᠣ᠂ ᠪᠦᠬᠦ ᠬᠤᠰᠢᠭᠤᠨ ᠤ ᠠᠵᠣ ᠦᠢᠯᠡᠳᠪᠦᠷᠢ ᠶᠢ ︽ᠡᠬᠢ ᠪᠠᠶᠠᠯᠢᠭ ᠤᠨ ᠠᠵᠣ ᠦᠢᠯᠡᠰ︾ ᠠᠴᠠ ︽ᠣᠳᠣ ᠦᠶ᠎ᠡ ᠶᠢᠨ ᠠᠵᠣ ᠦᠢᠯᠡᠳᠪᠦᠷᠢ︾ ᠳᠡᠰᠢ ᠬᠤᠪᠢᠷᠠᠭᠤᠯᠬᠤ ᠶᠢ ᠠᠬᠢᠭᠤᠯᠣᠨ᠎ᠠ᠃ ᠰᠢᠯᠢ ᠶᠢᠨ ᠭᠤᠣᠯ ᠤᠨ ᠰᠢᠨ᠎ᠡ ᠡᠨᠧᠷᠬᠢ ᠶᠢᠨ ᠠᠵᠣ ᠠᠬᠤᠢ ᠶᠢᠨ ᠰᠢᠨ᠎ᠡ ᠶᠢ ᠡᠭᠦᠳᠦᠨ ᠬᠦᠭᠵᠢᠭᠦᠯᠬᠦ ᠲᠣᠭᠤᠷᠢᠭ ᠢ ᠡᠭᠦᠳᠬᠦ ᠬᠦᠭᠵᠢᠯᠳᠡ ᠶᠢᠨ ᠪᠠᠶᠢᠷᠢ ᠲᠣᠭᠳᠠᠭᠠᠯᠳᠠ ᠶᠢᠨ ᠲᠣᠭᠤᠷᠢᠨ ᠳᠤ᠂ ᠴᠡᠪᠡᠷ ᠡᠨᠧᠷᠬᠢ ᠶᠢᠨ ᠠᠵᠣ ᠦᠢᠯᠡᠰ ᠤᠨ ᠬᠦᠭᠵᠢᠯᠳᠡ ᠶᠢ ᠭᠤᠣᠯ ᠰᠢᠪᠳᠣᠯᠬᠤ ᠴᠢᠭᠯᠡᠯ ᠪᠣᠯᠭᠠᠵᠣ᠂ ᠦᠪᠡᠷᠳᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠬᠢᠯᠢ ᠬᠢᠵᠠᠭᠠᠷ ᠳᠠᠭᠠᠣ ᠲᠠᠴᠢᠷᠳᠠᠭᠰᠠᠨ ᠭᠠᠵᠠᠷ ᠣᠷᠣᠨ ᠳᠤ ᠰᠢᠨ᠎ᠡ ᠡᠨᠧᠷᠬᠢ ᠶᠢ ᠬᠦᠭᠵᠢᠭᠦᠯᠬᠦ ᠪᠣᠯᠣᠨ ᠠᠮᠢ ᠠᠬᠤᠢ ᠶᠢ ᠰᠡᠷᠭᠦᠭᠡᠨ ᠠᠭᠤᠰᠣᠯᠴᠠᠭᠤᠯᠣᠨ ᠬᠦᠭᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠬᠦ ᠠᠰᠢᠭᠳᠠᠢ ᠲᠣᠬᠢᠶᠠᠯ ᠳᠤ ᠲᠦᠰᠢᠭᠯᠡᠵᠦ᠂ ᠰᠠᠯᠬᠢᠨ᠂ ᠭᠡᠷᠡᠯ᠂ ᠬᠠᠳᠠᠭᠠᠯᠠᠬᠤ ᠭᠤᠷᠪᠠᠨ ᠶᠡᠭᠡ ᠠᠵᠣ ᠦᠢᠯᠡᠰ ᠤᠨ ᠰᠦᠷᠦᠭᠵᠢᠯ ᠢ ᠶᠡᠬᠡᠪᠡᠷ ᠬᠦᠭᠵᠢᠭᠦᠯᠵᠦ᠂ ᠰᠠᠯᠬᠢᠨ ᠴᠠᠬᠢᠯᠭᠠᠨ ᠤ ᠭᠤᠣᠯ ᠮᠠᠰᠢᠨ᠂ ᠰᠡᠩᠰᠡ᠂ ᠬᠡᠷᠡᠯ ᠤᠨ ᠡᠨᠧᠷᠬᠢ ᠶᠢᠨ ᠲᠣᠨᠣᠭᠯᠠᠯ ᠢ ᠦᠢᠯᠡᠳᠬᠦ ᠵᠢᠴᠢ ᠰᠠᠯᠬᠢᠨ ᠬᠦᠴᠦᠨ ᠤ ᠴᠠᠬᠢᠯᠭᠠᠨ ᠭᠠᠷᠭᠠᠬᠤ ᠶᠡᠭᠡ ᠲᠤᠭ᠎ᠠ ᠪᠠᠷᠢᠮᠳᠠ ᠶᠢᠨ ᠬᠡᠷᠡᠭᠯᠡᠭᠡ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ ᠬᠠᠭᠤᠴᠢᠨ ᠬᠠᠶᠠᠭᠳᠠᠮᠠᠯ ᠲᠦᠬᠦᠭᠡᠷᠦᠮᠵᠢ ᠶᠢ ᠬᠤᠷᠢᠶᠠᠨ ᠰᠢᠢᠳᠪᠦᠷᠢᠯᠡᠬᠦ ᠵᠡᠷᠭᠡ ᠲᠦᠷᠦᠯ ᠵᠦᠢᠯ ᠢ ᠰᠠᠭᠤᠷᠢᠰᠢᠭᠤᠯᠵᠣ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ ᠪᠦᠬᠦ ᠠᠵᠣ ᠦᠢᠯᠡᠰ ᠤᠨ ᠬᠡᠯᠬᠢᠶ᠎ᠡ ᠶᠢ ᠬᠦᠭᠵᠢᠭᠦᠯᠵᠦ᠂ ᠰᠢᠨ᠎ᠡ ᠠᠵᠣ ᠠᠬᠤᠢ ᠶᠢᠨ ᠨᠡᠮᠡᠭᠳᠡᠯ ᠢ ᠡᠭᠦᠳᠦᠨ᠎ᠡ᠃ 2026 ᠣᠨ ᠪᠣᠯᠬᠤ ᠳᠤ᠂ ᠬᠤᠶᠠᠳᠣᠭᠠᠷ ᠠᠵᠣ ᠦᠢᠯᠡᠰ ᠤᠨ ᠨᠡᠮᠡᠭᠳᠡᠯ ᠦᠷᠳᠡᠭ ᠢ ᠵᠢᠯ ᠳᠣᠮᠳᠠᠴᠢ 6% ᠣᠷᠴᠢᠮ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠦᠢᠯᠡᠴᠢᠯᠡᠭᠡᠨ ᠤ ᠦᠢᠯᠡᠰ ᠤᠨ ᠲᠦᠷᠭᠡᠨ ᠬᠦᠭᠵᠢᠯᠳᠡ ᠶᠢ ᠠᠬᠢᠭᠤᠯᠣᠨ᠎ᠠ᠃ ᠪᠦᠬᠦ ᠣᠯᠣᠰ ᠤᠨ ᠣᠣᠭᠠᠨ ᠣᠯᠠᠭᠠᠠᠮᠦ᠋ᠴᠢᠷ ᠤᠨ ᠦᠯᠦᠭᠡᠢ᠂ ᠵᠢᠷᠦᠭᠡ ᠴᠡᠷᠢᠭ ᠤᠨ ᠪᠣᠯᠪᠠᠰᠣᠷᠠᠯ ᠤᠨ ᠰᠠᠭᠤᠷᠢᠨ ᠭᠠᠵᠠᠷ ᠤᠨ ᠲᠠᠶᠢᠨ ᠤ ᠲᠠᠯᠠᠪᠣᠷ ᠤᠨ ᠴᠡᠷᠢᠭ ᠢ ᠰᠢᠯᠭᠠᠨ ᠦᠵᠡᠬᠦ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠳᠠᠮᠵᠢᠨ ᠦᠩᠭᠡᠷᠡᠬᠦ ᠭᠠᠵᠠᠷ ᠵᠡᠷᠭᠡ ᠳᠠᠪᠠᠭᠤᠯᠢᠭ ᠡᠬᠢ ᠪᠠᠶᠠᠯᠢᠭ ᠢ ᠬᠦᠨᠵᠡᠭᠡᠢ ᠠᠭᠤᠳᠠᠯᠯᠠᠵᠣ᠂ ᠣᠷᠣᠨ ᠲᠣᠭᠤᠷᠢᠭ ᠤᠨ ᠬᠤᠭᠤᠷᠣᠨᠳᠣᠬᠢ ᠡᠬᠢ ᠪᠠᠶᠠᠯᠢᠭ ᠢ ᠬᠠᠮᠳᠣᠪᠡᠷ ᠡᠳ᠋ᠯᠡᠬᠦ ᠪᠣᠯᠣᠨ ᠪᠠᠶᠢᠯᠳᠣᠬᠤ ᠪᠣᠳᠣᠯᠭ᠎ᠠ ᠶᠢᠨ ᠬᠠᠮᠳᠣᠷᠠᠯᠴᠠᠭ᠎ᠠ ᠶᠢ ᠴᠢᠩᠭᠠᠳᠬᠠᠵᠣ᠂ ᠵᠢᠭᠤᠯᠴᠢᠯᠠᠯ ᠤᠨ ᠲᠦᠬᠦᠭᠡᠷᠦᠮᠵᠢ ᠶᠢ ᠲᠡᠭᠦᠯᠳᠡᠷᠵᠢᠭᠦᠯᠵᠦ᠂ ᠵᠢᠭᠤᠯᠴᠢᠯᠠᠯ ᠤᠨ ᠡᠵᠡᠩᠨᠡᠯᠳᠡ ᠶᠢᠨ ᠬᠡᠯᠪᠡᠷᠢ ᠶᠢ ᠪᠠᠶᠠᠯᠢᠭᠵᠢᠭᠤᠯᠵᠣ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠦᠷᠭᠡᠳᠭᠡᠨ᠂ ᠪᠦᠬᠦ ᠣᠷᠣᠨ ᠲᠣᠭᠤᠷᠢᠭ ᠤᠨ ᠵᠢᠭᠤᠯᠴᠢᠯᠠᠯ ᠪᠣᠯᠣᠨ ︽ᠰᠣᠶᠣᠯ ᠵᠢᠭᠤᠯᠴᠢᠯᠠᠯ +︾ ︽ᠪᠡᠶ᠎ᠡ ᠲᠠᠮᠢᠷ +︾ ᠢ ᠠᠭᠤᠰᠣᠯᠴᠠᠭᠤᠯᠣᠨ ᠬᠦᠭᠵᠢᠭᠦᠯᠬᠦ  ᠶᠢ ᠪᠦᠬᠦ ᠲᠠᠯ᠎ᠠ ᠪᠠᠷ ᠠᠬᠢᠭᠤᠯᠣᠨ᠎ᠠ᠃ 2026 ᠣᠨ ᠪᠣᠯᠬᠤ ᠳᠤ᠂ ᠵᠢᠭᠤᠯᠴᠢᠯᠠᠭᠰᠠᠳ ᠤᠨ ᠲᠤᠭ᠎ᠠ ᠪᠣᠯᠣᠨ ᠵᠢᠭᠤᠯᠴᠢᠯᠠᠯ ᠤᠨ ᠣᠷᠣᠯᠭ᠎ᠠ ᠶᠢ ᠲᠣᠰᠪᠦᠷᠢ 70 ᠲᠦᠮᠡᠨ ᠬᠦᠮᠦᠨ ᠣᠳᠠᠭ᠎ᠠ ᠪᠣᠯᠣᠨ 2.5 ᠳ᠋ᠦᠩᠰᠢᠭᠤᠷ ᠲᠦᠭᠦᠷᠢᠭ ᠢ ᠳᠠᠪᠠᠭᠤᠯᠬᠤ ᠶᠢ ᠴᠢᠷᠮᠠᠶᠢᠨ ᠪᠡᠶᠡᠯᠡᠭᠦᠯᠦᠨ᠎ᠡ᠃ ᠲᠣᠰᠬᠠᠢ ᠵᠠᠬ᠎ᠠ ᠳᠡᠯᠭᠡᠭᠦᠷ ᠢ ᠬᠦᠭᠵᠢᠭᠦᠯᠦᠨ ᠬᠦᠴᠦᠷᠭᠡᠭᠵᠢᠭᠦᠯᠵᠦ᠂ ᠡᠯᠧᠺᠲᠷᠣᠨ ᠬᠤᠳᠠᠯᠳᠣᠭᠠᠨ ᠤ ᠭᠦᠢᠯᠭᠡᠭᠡ᠂ ᠬᠦᠢᠳᠡᠨ ᠬᠡᠯᠬᠢᠶᠡᠳᠦ ᠲᠣᠬᠢᠷᠠᠭᠤᠯᠣᠨ ᠬᠦᠷᠭᠡᠬᠦ ᠂ ᠮᠡᠳᠡᠭᠡ ᠵᠠᠩᠭᠢ ᠶᠢᠨ ᠲᠠᠪᠴᠠᠩ ᠤᠨ ᠪᠦᠲᠦᠭᠡᠨ ᠪᠠᠶᠢᠭᠤᠯᠣᠯᠳᠠ ᠶᠢ ᠲᠦᠷᠭᠡᠨ ᠠᠬᠢᠭᠤᠯᠵᠣ᠂ ᠶᠡᠭᠡ ᠲᠤᠭ᠎ᠠ ᠪᠠᠷᠢᠮᠳᠠ᠂ ᠡᠭᠦᠯᠡᠨ ᠪᠣᠳᠣᠯᠳᠠ᠂ ︽ᠢᠨᠲ᠋ᠧᠷᠨᠧᠲ ᠰᠦᠯᠵᠢᠶ᠎ᠡ +︾  ᠵᠡᠷᠭᠡ ᠣᠳᠣ ᠦᠶ᠎ᠡ ᠶᠢᠨ ᠮᠡᠳᠡᠭᠡ ᠵᠠᠩᠭᠢ  ᠶᠢᠨ ᠮᠡᠷᠭᠡᠵᠢᠯ ᠢ ᠠᠰᠢᠭᠯᠠᠵᠣ᠂ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠪᠣᠯᠣᠨ ᠰᠢᠨ᠎ᠡ ᠬᠡᠯᠪᠡᠷᠢ ᠶᠢᠨ ᠠᠵᠣ ᠦᠢᠯᠡᠳᠪᠦᠷᠢ ᠶᠢᠨ ᠬᠠᠷᠢᠯᠴᠠᠨ ᠠᠭᠤᠰᠣᠯᠴᠠᠬᠤ ᠶᠢ ᠠᠬᠢᠭᠤᠯᠣᠨ᠎ᠠ᠃ 2026 ᠣᠨ ᠪᠣᠯᠬᠤ ᠳᠤ᠂ ᠭᠤᠷᠪᠠᠳᠣᠭᠠᠷ ᠠᠵᠣ ᠦᠢᠯᠡᠰ ᠤᠨ ᠨᠡᠮᠡᠭᠳᠡᠯ ᠦᠷᠳᠡᠭ ᠢ ᠵᠢᠯ ᠳᠣᠮᠳᠠᠴᠢ 6% ᠣᠷᠴᠢᠮ ᠨᠡᠮᠡᠭᠳᠡᠭᠦᠯᠬᠦ ᠶᠢ ᠪᠡᠶᠡᠯᠡᠭᠦᠯᠦᠨ᠎ᠡ᠃︵ᠭᠤᠷᠪᠡ︶ ᠬᠤᠳᠠ ᠬᠦᠳᠡᠭᠡ ᠶᠢᠨ ᠵᠤᠬᠢᠴᠠᠩᠭᠤᠢ ᠬᠦᠭᠵᠢᠯᠳᠠ ᠶᠢ ᠪᠠᠳᠤᠯᠠᠵᠦ᠂ ᠴᠢᠨᠠᠷᠯᠢᠭ ᠬᠦᠭᠵᠢᠯᠳᠡ ᠶᠢᠨ ᠠᠴᠢᠶᠠᠯᠠᠪᠤᠷᠢ ᠶᠢᠨ ᠴᠢᠳᠠᠪᠬᠢ ᠶᠢ ᠲᠡᠭᠡᠭᠰᠢᠯᠡᠬᠦᠯᠦᠨ᠎ᠡ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠤᠯᠤᠨ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠬᠠᠷᠢᠴᠠᠭ᠎ᠠ ᠶᠢ ᠤᠨᠤᠪᠴᠢᠳᠠᠢ ᠡᠵᠡᠮᠰᠢᠵᠦ᠂ ᠬᠤᠳᠠ ᠪᠠᠯᠭᠠᠰᠤᠨ ᠤ ᠨᠠᠷᠢᠯᠢᠭᠵᠢᠭᠰᠠᠨ ᠬᠠᠮᠢᠶᠠᠷᠤᠯᠳᠠ ᠶᠢᠨ ᠬᠢᠷᠢ ᠲᠦᠪᠰᠢᠨ ᠢ ᠦᠨᠡᠨᠬᠦ ᠲᠡᠭᠡᠭᠰᠢᠯᠡᠬᠦᠯᠵᠦ᠂ ᠬᠤᠳᠠ ᠬᠦᠳᠡᠭᠡ ᠶᠢᠨ ᠰᠠᠭᠤᠷᠢ ᠲᠦᠬᠦᠭᠡᠷᠤᠮᠵᠢ ᠶᠢ ᠲᠡᠰ ᠲᠡᠪᠰᠢᠬᠦᠯᠦᠨ ᠦᠭᠡᠷᠡᠴᠢᠯᠠᠬᠦ ᠢᠨᠵᠧᠨᠧᠷᠢᠩ ᠢ ᠬᠦᠨᠵᠡᠬᠡᠢ ᠭᠡᠷᠡᠭᠵᠢᠬᠦᠯᠵᠦ᠂ ᠤᠯᠠᠨ ᠨᠠᠶᠢᠳᠠ ᠶᠢᠨ ᠦᠢᠯᠡᠴᠢᠯᠠᠭᠡᠨ ᠤ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠨ᠂ ᠬᠤᠳᠠ ᠬᠦᠳᠡᠭᠡ ᠶᠢᠨ ᠠᠭᠤᠰᠤᠯᠴᠠᠯ ᠬᠦᠭᠵᠢᠯᠳᠡ᠂ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢᠨ ᠰᠢᠨ᠎ᠡ ᠭᠡᠪ ᠪᠠᠶᠢᠳᠠᠯ ᠢ ᠪᠦᠷᠢᠯᠳᠤᠬᠦᠯᠵᠦ᠂ ᠤᠷᠤᠰᠢᠨ ᠠᠮᠢᠳᠤᠷᠠᠬᠤ᠂ ᠦᠢᠯᠡᠰ ᠪᠦᠳᠤᠭᠡᠬᠦ᠂ ᠵᠢᠭᠤᠯᠴᠢᠯᠠᠬᠤ ᠳᠤ ᠲᠤᠬᠢᠷᠠᠮᠵᠢᠳᠠᠢ ᠰᠠᠶᠢᠨ ᠰᠠᠶᠢᠬᠠᠨ ᠤᠷᠴᠢᠨ ᠢ ᠡᠬᠦᠳᠴᠦ᠂ ᠠᠷᠠᠳ ᠤᠯᠠᠨ ᠤ ᠠᠮᠢᠳᠤᠷᠠᠯ ᠤᠨ ᠴᠢᠨᠡᠷ ᠴᠢᠨᠰᠠᠭ᠎ᠠ ᠶᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠬᠤᠳᠠ ᠪᠠᠯᠭᠠᠰᠤᠨ ᠤ ᠴᠢᠨᠡᠷ ᠴᠢᠨᠰᠠᠭ᠎ᠠ ᠶᠢ ᠲᠡᠭᠡᠭᠰᠢᠯᠡᠬᠦᠯᠦᠨ᠎ᠡ᠃ ︽ᠬᠤᠳᠠ ᠪᠠᠯᠭᠠᠰᠤ ᠶᠢ ᠡᠵᠡᠩᠨᠡᠬᠦ︾ ᠤᠶᠢᠯᠠᠭᠠᠭᠳᠠᠬᠤᠨ ᠢ ᠬᠤᠳᠠ ᠪᠠᠯᠭᠠᠰᠤᠨ ᠤ ᠲᠦᠯᠦᠪᠵᠢᠬᠦᠯᠬᠡ᠂ ᠪᠦᠳᠤᠭᠡᠨ ᠪᠠᠶᠢᠭᠤᠯᠤᠯᠳᠠ᠂ ᠬᠠᠮᠢᠶᠠᠷᠤᠯᠳᠠ ᠶᠢᠨ ᠪᠦᠬᠦ ᠶᠠᠪᠤᠴᠠ ᠳᠤ ᠲᠤᠤᠱᠯᠠᠭᠤᠯᠵᠦ᠂ ᠬᠤᠳᠠ ᠶᠢ ᠰᠢᠨᠡᠴᠢᠯᠠᠬᠦ ᠠᠵᠢᠯᠯᠠᠭ᠎ᠠ  ᠶᠢ ᠬᠦᠨᠵᠡᠬᠡᠢ ᠭᠡᠷᠡᠭᠵᠢᠬᠦᠯᠵᠦ᠂ ᠬᠤᠳᠠ ᠪᠠᠯᠭᠠᠰᠤᠨ ᠤ ᠵᠡᠬᠡᠯᠢ ᠵᠡᠮ᠂ ᠬᠤᠭᠤᠯᠠᠢ ᠲᠤᠤᠷ᠂ ᠬᠤᠭ ᠨᠤᠪᠰᠢ ᠪᠡ ᠪᠤᠬᠢᠷ ᠤᠰᠤ ᠶᠢ ᠰᠢᠢᠳᠪᠤᠷᠢᠯᠡᠬᠦ᠂ ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠤᠨ ᠦᠬᠡᠷᠡᠴᠢᠯᠠᠯᠳᠠ᠂ ᠬᠤᠳᠠ  ᠶᠢᠨ ᠨᠤᠭᠤᠭᠠᠷᠠᠭᠤᠯᠤᠯᠳᠠ ᠭᠤᠸᠠᠯᠢᠭᠵᠢᠭᠤᠯᠤᠯᠳᠠ ᠵᠡᠷᠭᠡ ᠬᠤᠳᠠ ᠶᠢᠨ ᠶᠠᠪᠤᠳᠠᠯ ᠤᠨ ᠢᠨᠵᠧᠨᠧᠷᠢᠩ ᠢ ᠨᠢᠭᠡᠳᠤᠯᠳᠠᠢ ᠲᠦᠯᠦᠪᠯᠡᠨ ᠠᠬᠢᠭᠤᠯᠵᠦ᠂ ᠬᠤᠳᠠ ᠪᠠᠯᠭᠠᠰᠤᠨ ᠤ ᠤᠷᠤᠨ ᠵᠠᠢ ᠶᠢ ᠲᠠᠰᠤᠷᠠᠯᠳᠠ ᠦᠬᠡᠢ ᠰᠢᠯᠢᠳᠡᠭᠵᠢᠬᠦᠯᠦᠨ᠂ ᠬᠤᠳᠠ ᠪᠠᠯᠭᠠᠰᠤᠨ ᠤ ᠴᠢᠳᠠᠪᠤᠷᠢ ᠶᠢ ᠦᠷᠬᠦᠯᠵᠢᠯᠠᠨ ᠲᠡᠬᠦᠯᠳᠡᠷᠵᠢᠬᠦᠯᠦᠨ᠎ᠡ᠃ ᠭᠤᠤᠯᠳᠠᠯᠭ᠎ᠠ ᠲᠠᠢ ᠰᠢᠪᠳᠤᠯᠤᠯᠳᠠ ᠬᠢᠬᠦ ᠪᠠᠷ ᠲᠡᠮᠵᠢᠨ ᠪᠦᠬᠦᠯᠢ ᠴᠤᠭᠴᠠ ᠶᠢᠨ ᠠᠬᠢᠭᠤᠯᠤᠯᠳᠠ ᠶᠢ ᠲᠠᠶᠢᠴᠢᠯᠠᠵᠦ᠂ ᠰᠠᠶᠢᠬᠠᠨᠳᠠᠯ᠎ᠠ ᠪᠠᠯᠭᠠᠰᠤᠨ ᠤ ᠦᠢᠷ᠎ᠡ ᠬᠠᠪᠢ ᠶᠢᠨ ᠤᠷᠴᠢᠨ ᠲᠤᠭᠤᠷᠢᠨ ᠢ ᠶᠡᠷᠦᠩᠭᠡᠶᠢᠯᠡᠨ ᠴᠡᠭᠴᠡᠯᠡᠨ ᠵᠠᠰᠠᠬᠤ ᠪᠡ ᠲᠡᠮᠤᠷ ᠵᠡᠮ ᠤᠨ ᠬᠠᠪᠢ ᠳᠠᠬᠢ ᠪᠠᠶᠢᠰᠢᠩ ᠭᠡᠷ ᠤᠨ ᠲᠤᠭᠤᠷᠢᠭ ᠤᠨ ᠦᠬᠡᠷᠡᠴᠢᠯᠠᠯᠳᠠ ᠶᠢ ᠠᠯᠬᠤᠮ ᠬᠤᠪᠢᠶᠠᠨ ᠠᠬᠢᠭᠤᠯᠤᠨ᠎ᠠ᠃ ᠤᠶᠤᠨᠳᠤ ᠬᠤᠳᠠ  ᠶᠢᠨ ᠬᠠᠮᠢᠶᠠᠷᠤᠯᠳᠠ᠂ ᠤᠶᠤᠨᠳᠤ ᠲᠤᠳᠤᠭᠠᠳᠤ ᠶᠢ ᠬᠠᠮᠠᠭᠠᠯᠠᠬᠤ ᠵᠡᠷᠭᠡ ᠭᠡᠷᠡᠭᠯᠡᠭᠡᠨ ᠤ ᠪᠠᠶᠢᠭᠤᠯᠤᠯᠳᠠ ᠶᠢ ᠲᠦᠷᠭᠡᠳᠭᠡᠵᠦ᠂ ᠲᠤᠭ᠎ᠠ ᠪᠡᠷᠢᠮᠳᠠ ᠶᠢᠨ ︽ᠬᠤᠷᠢᠶᠠᠨ ᠴᠤᠭᠯᠠᠭᠤᠯᠵᠦ ᠨᠠᠶᠢᠳᠠᠮ ᠭᠡᠷᠡᠭᠯᠡᠬᠦ︾ ᠭᠡᠯᠬᠢᠶ᠎ᠠ ᠶᠢ ᠨᠡᠪᠳᠡᠷᠡᠬᠦᠯᠵᠦ᠂ ᠡᠷᠴᠢᠮᠵᠢᠭᠰᠡᠨ ᠦᠨᠳᠤᠷ ᠪᠦᠳᠤᠮᠵᠢᠳᠡᠢ᠂ ᠨᠡᠭᠡᠭᠡᠯᠳᠡ ᠬᠢᠵᠦ ᠬᠠᠮᠳᠤᠪᠡᠷ ᠡᠳ᠋ᠯᠡᠬᠦ᠂ ᠠᠮᠤᠷ ᠲᠦᠪᠰᠢᠨ ᠨᠠᠶᠢᠳᠠᠪᠤᠷᠢᠳᠠᠢ ᠤᠶᠤᠨᠳᠤ ᠬᠤᠳᠠ ᠪᠠᠯᠭᠠᠰᠤᠨ ᠤ ᠲᠤᠯᠭᠠᠭᠤᠷᠢᠯᠠᠬᠤ ᠲᠤᠭᠳᠠᠯᠴᠠᠭ᠎ᠠ ᠶᠢ ᠪᠦᠷᠢᠯᠳᠤᠬᠦᠯᠵᠦ ᠂ ᠨᠠᠷᠢᠯᠢᠭᠵᠢᠭᠰᠠᠨ ᠬᠠᠮᠢᠶᠠᠷᠤᠯᠳᠠ ᠶᠢᠨ ᠬᠢᠷᠢ ᠲᠦᠪᠰᠢᠨ ᠢ ᠪᠦᠬᠦ ᠬᠦᠴᠦ ᠪᠠᠷ ᠢᠶᠠᠨ ᠲᠡᠭᠡᠭᠰᠢᠯᠡᠬᠦᠯᠦᠨ᠎ᠡ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠬᠦ ᠬᠦᠴᠦ ᠪᠠᠷ ᠢᠶᠠᠨ ᠠᠬᠢᠭᠤᠯᠤᠨ᠎ᠠ᠃ ᠲᠠᠪᠤᠨ ᠵᠢᠯ ᠤᠨ ᠰᠢᠯᠵᠢᠯᠳᠠ ᠶᠢᠨ ᠬᠤᠭᠤᠴᠠᠭᠠᠨ ᠤ ᠬᠠᠷᠠᠯᠳᠠᠳᠤ ᠡᠬᠦᠷᠭᠡ ᠳᠤ ᠲᠦᠪᠯᠡᠷᠡᠬᠦᠯᠵᠦ᠂ ︽ᠲᠦᠷᠪᠡ ᠶᠢ ᠦᠯᠦ ᠲᠠᠶᠠᠭᠳᠠᠬᠤ ︾20 ᠶᠢ ᠴᠢᠩᠭ᠎ᠠ ᠨᠠᠶᠢᠳᠠᠪᠤᠷᠢᠵᠢᠭᠤᠯᠵᠦ᠂ ᠭᠤᠤᠯ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢᠨ ᠶᠡᠷᠦᠩᠭᠡᠢ  ᠳᠡᠭᠡᠨ ᠲᠤᠭᠳᠠᠭᠤᠨ ᠪᠠᠶᠢᠬᠤ ᠶᠢ ᠪᠠᠳᠤᠯᠠᠵᠦ᠂ ᠲᠠᠬᠢᠨ ᠶᠠᠳᠠᠭᠤᠷᠠᠬᠤ ᠶᠢ ᠬᠢᠨᠠᠨ ᠲᠦᠰᠦᠭᠡᠯᠡᠬᠦ ᠪᠡ ᠬᠠᠪᠰᠤᠷᠤᠨ ᠲᠡᠳᠬᠦᠬᠦ ᠵᠤᠬᠢᠴᠠᠮᠵᠢ ᠶᠢ ᠪᠦᠷᠢᠯᠳᠤᠬᠦᠯᠵᠦ᠂ ᠶᠠᠳᠠᠭᠤ ᠠᠴᠠ ᠠᠩᠬᠢᠵᠢᠷᠠᠭᠤᠯᠬᠤ ᠴᠢᠨᠡᠷ ᠴᠢᠨᠰᠠᠭ᠎ᠠ ᠶᠢ ᠪᠦᠬᠦ ᠲᠠᠯ᠎ᠠ  ᠪᠠᠷ ᠪᠠᠬᠢᠵᠢᠬᠦᠯᠦᠨ ᠲᠡᠭᠡᠭᠰᠢᠯᠡᠬᠦᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠶᠡᠭᠡᠪᠡᠷ ᠭᠡᠷᠡᠭᠵᠢᠬᠦᠯᠵᠦ᠂ ︽ᠠᠵᠦ ᠦᠢᠯᠡᠰ ᠬᠦᠭᠵᠢᠨ ᠮᠠᠨᠳᠤᠭᠰᠠᠨ᠂ ᠠᠮᠢ ᠠᠬᠤᠢ ᠰᠠᠶᠢᠵᠢᠷᠠᠭᠰᠠᠨ᠂ ᠬᠦᠳᠡᠭᠡ ᠶᠢᠨ ᠰᠤᠷᠳᠠᠯ ᠪᠤᠯᠪᠠᠰᠤᠨ᠂ ᠵᠠᠰᠠᠯᠳᠠ ᠦᠷ᠎ᠡ ᠪᠦᠳᠤᠮᠵᠢᠳᠠᠢ᠂ ᠠᠮᠢᠳᠤᠷᠠᠯ ᠴᠢᠨᠡᠭᠡᠯᠢᠭ ᠪᠠᠶᠢᠬᠤ︾ ᠨᠡᠶᠢᠬᠡᠮ ᠵᠢᠷᠤᠮᠳᠤ ᠤᠳᠤᠬᠢᠴᠢᠯᠠᠭᠰᠠᠨ ᠮᠠᠯᠵᠢᠬᠤ ᠲᠠᠷᠢᠶᠠᠯᠠᠬᠤ ᠤᠷᠤᠨ ᠢ ᠪᠦᠳᠤᠭᠡᠨ ᠪᠠᠶᠢᠭᠤᠯᠵᠦ᠂ ᠪᠦᠬᠦ ᠤᠷᠤᠨ ᠤ ᠮᠠᠯᠵᠢᠬᠤ ᠬᠤᠰᠢᠭᠤ ᠰᠢᠶᠠᠨ ᠤ ︽ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠵᠢᠱᠢᠶᠠᠴᠢ ᠬᠤᠰᠢᠭᠤ︾ ᠶᠢ ᠡᠬᠦᠳᠤᠨ ᠪᠠᠶᠢᠭᠤᠯᠬᠤ ᠳᠤ ᠪᠠᠳᠤ ᠪᠠᠬᠢ ᠰᠠᠭᠤᠷᠢ ᠲᠠᠯᠪᠢᠨ᠎ᠡ᠃ ᠠᠶᠢᠮᠠᠭ ᠤᠨ ᠲᠠᠰ ᠤᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠲᠤᠷᠰᠢᠯᠳᠠ ᠶᠢᠨ ᠴᠡᠭ ᠤᠨ ᠵᠢᠱᠢᠶ᠎ᠠ ᠦᠵᠡᠬᠦᠯᠬᠦ ᠭᠠᠴᠠᠭᠠᠨ ᠤ ᠲᠦᠷᠦ ᠶᠢᠨ ᠪᠤᠳᠤᠯᠭ᠎ᠠ ᠶᠢᠨ ᠠᠵᠠ ᠲᠤᠬᠢᠶᠠᠯ ᠢ ᠴᠢᠩᠭ᠎ᠠ ᠠᠳᠬᠤᠵᠦ᠂ ︽ᠠᠵᠢᠯ ᠪᠤᠯᠭᠠᠨ ᠢᠶᠠᠨ ᠴᠢᠷᠮᠠᠶᠢᠨ ᠪᠡᠶᠡᠯᠡᠬᠦᠯᠵᠦ᠂ ᠨᠡᠶᠢᠳᠡᠮ ᠳᠡᠭᠡᠨ ᠰᠠᠶᠢᠨ ᠪᠠᠶᠢᠳᠠᠯ ᠢ ᠪᠦᠷᠢᠯᠳᠤᠬᠦᠯᠵᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ︾ ᠠᠵᠢᠯ ᠤᠨ ᠰᠡᠳᠬᠢᠴᠠ ᠶᠤᠰᠤᠭᠠᠷ᠂ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠯᠳᠠ ᠶᠢᠨ ᠪᠦᠳᠤᠭᠡᠨ ᠪᠠᠶᠢᠭᠤᠯᠤᠯᠳᠠ ᠪᠠᠷ ᠠᠴᠢᠶᠠᠯᠠᠪᠤᠷᠢ ᠪᠤᠯᠭᠠᠵᠦ᠂ ᠠᠮᠢ ᠠᠬᠤᠢ ᠶᠢᠨ ᠮᠠᠯ ᠠᠵᠦ ᠠᠬᠤᠢ᠂ ᠤᠨᠴᠠᠯᠢᠭᠳᠤ ᠲᠠᠷᠢᠵᠦ ᠲᠡᠵᠢᠭᠡᠬᠦ᠂ ᠤᠯᠠᠮᠵᠢᠯᠠᠯᠳᠤ ᠴᠠᠭᠠᠨ ᠢᠳᠡᠭᠡᠨ ᠵᠡᠷᠭᠡ ᠲᠠᠪᠠᠭᠤᠯᠢᠭ ᠠᠵᠦ ᠦᠢᠯᠠᠰ ᠪᠡ ᠴᠢᠳᠠᠪᠤᠷᠢᠳᠠᠨ ᠢ ᠬᠦᠮᠦᠵᠢᠬᠦᠯᠬᠦ ᠪᠠᠷ ᠪᠦᠳᠤᠮᠵᠢᠳᠡᠢ ᠭᠠᠷᠳᠠᠴᠠ ᠪᠤᠯᠭᠠᠵᠦ᠂ ᠭᠠᠴᠠᠭ᠎ᠠ ᠲᠤᠰᠬᠤᠨ ᠤ ᠬᠠᠮᠳᠤ ᠶᠢᠨ ᠠᠵᠦ ᠠᠬᠤᠢ ᠶᠢ ᠶᠡᠭᠡᠪᠡᠷ ᠬᠦᠭᠵᠢᠬᠦᠯᠵᠦ᠂ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠶᠢᠭᠤᠯᠤᠯᠳᠠ ᠪᠡ ᠤᠯᠠᠨ ᠨᠠᠶᠢᠳᠠ ᠶᠢᠨ ᠢᠵᠢ ᠪᠦᠷᠢᠨ ᠦᠢᠯᠡᠴᠢᠯᠡᠭᠡ ᠶᠢ ᠲᠠᠰᠤᠷᠠᠯᠳᠠ ᠦᠬᠡᠢ ᠲᠡᠬᠦᠯᠳᠡᠷᠵᠢᠬᠦᠯᠵᠦ᠂ ᠭᠠᠴᠠᠭ᠎ᠠ ᠲᠤᠰᠬᠤᠨ ᠤ ᠠᠵᠦ ᠠᠬᠤᠢ ᠶᠢᠨ ᠬᠦᠭᠵᠢᠯᠳᠡ ᠶᠢᠨ ᠲᠤᠳᠤᠭᠠᠳᠤ ᠬᠦᠳᠡᠯᠭᠡᠭᠴᠢ ᠬᠦᠴᠦᠨ ᠢ ᠬᠦᠭᠵᠢᠬᠡᠨ᠎ᠡ᠃ ᠠᠷᠠᠳ ᠤᠯᠠᠨ ᠤ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠵᠦ ᠰᠠᠶᠢᠵᠢᠷᠠᠭᠤᠯᠬᠤ ᠠᠵᠢᠯᠯᠠᠭ᠎ᠠ ᠶᠢ ᠦᠷᠬᠦᠯᠵᠢᠯᠠᠨ ᠠᠬᠢᠭᠤᠯᠵᠦ᠂ ᠰᠢᠨ᠎ᠡ ᠴᠠᠭ ᠦᠶ᠎ᠠ ᠶᠢᠨ ᠪᠤᠯᠪᠠᠰᠤᠨ ᠦᠢᠯᠡᠳᠤᠯᠬᠡ ᠶᠢ ᠬᠦᠨᠵᠡᠬᠡᠢ ᠦᠷᠨᠢᠬᠦᠯᠵᠦ᠂ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠨᠡᠶᠢᠬᠡᠮ ᠤᠨ ᠬᠠᠮᠢᠶᠠᠷᠤᠯᠳᠠ ᠪᠡ ᠦᠢᠯᠡᠴᠢᠯᠠᠭᠡᠨ ᠤ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠤᠨᠴᠠᠯᠢᠭᠳᠤ ᠲᠦᠷᠦᠯ ᠲᠡᠮᠳᠡᠭ ᠢ ᠡᠬᠦᠳᠤᠨ᠎ᠡ ︵ᠲᠦᠷᠪᠡ︶ ᠦᠬᠡᠷᠡᠴᠢᠯᠠᠯᠳᠠ ᠶᠢᠨ ᠰᠢᠨᠵᠢᠯᠡᠭᠡ ᠮᠡᠷᠭᠡᠵᠢᠯ ᠤᠨ ᠰᠡᠳᠬᠢᠬᠦᠢ ᠶᠢ ᠪᠡᠷᠢᠮᠳᠠᠯᠠᠵᠦ᠂ ᠴᠢᠨᠠᠷᠯᠢᠭ ᠬᠦᠭᠵᠢᠯᠳᠡ ᠶᠢᠨ ᠴᠤ᠋ ᠰᠢᠨ᠎ᠡ ᠬᠦᠳᠡᠯᠭᠡᠭᠴᠢ ᠬᠦᠴᠦᠨ ᠢ ᠬᠦᠭᠵᠢᠬᠡᠨ᠎ᠡ᠃ ᠦᠵᠡᠯ ᠰᠠᠨᠠᠭ᠎ᠠ ᠪᠠᠨ ᠦᠬᠡᠷᠡᠴᠢᠯᠠᠨ ᠰᠢᠨᠡᠴᠢᠯᠠᠬᠦ ᠪᠠᠷ ᠲᠠᠮᠵᠢᠭᠤᠯᠤᠨ ᠦᠢᠯᠡ ᠠᠵᠢᠯᠯᠠᠭ᠎ᠠ ᠪᠠᠨ ᠬᠦᠳᠤᠯᠤᠨ ᠲᠠᠭᠠᠭᠤᠯᠵᠦ᠂ ︽ᠬᠤᠤᠰ ᠡᠷᠬᠢᠯᠳᠡᠳᠤ︾ ᠰᠢᠨ᠎ᠡ ᠬᠦᠭᠵᠢᠯᠳᠡ ᠶᠢᠨ ᠭᠡᠪ ᠪᠠᠶᠢᠳᠠᠯ ᠳᠤ ᠪᠦᠬᠦ ᠲᠠᠯ᠎ᠠ ᠪᠠᠷ ᠠᠭᠤᠰᠤᠯᠴᠠᠵᠦ᠂ ᠬᠦᠭᠵᠢᠯᠳᠡ ᠶᠢᠨ ᠠᠮᠢᠵᠢᠷᠠᠯ ᠤᠨ ᠬᠦᠴᠦᠨ ᠪᠡ ᠲᠤᠳᠤᠭᠠᠳᠤ ᠬᠦᠳᠡᠯᠭᠡᠭᠴᠢ ᠬᠦᠴᠦᠨ ᠢ ᠲᠠᠰᠤᠷᠠᠯᠳᠠ ᠦᠬᠡᠢ ᠨᠡᠮᠡᠭᠳᠡᠬᠦᠯᠵᠦ᠂ ᠦᠬᠡᠷᠡᠴᠢᠯᠠᠯᠳᠠ ᠰᠢᠨᠡᠴᠢᠯᠠᠯᠳᠠ ᠶᠢᠨ ᠨᠠᠩ ᠤᠯᠠᠨ ᠦᠷ᠎ᠡ ᠪᠦᠳᠤᠭᠡᠯ ᠢ ᠠᠷᠠᠳ ᠤᠯᠠᠨ ᠳᠤ ᠡᠷᠭᠡ ᠲᠡᠭᠰᠢ ᠪᠠᠷ ᠡᠳ᠋ᠯᠡᠬᠦᠯᠦᠨ᠎ᠡ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠬᠦᠳᠬᠦ ᠡᠷᠴᠢᠮ ᠢᠶᠠᠨ ᠴᠢᠩᠭᠠᠷᠠᠭᠤᠯᠤᠨ᠎ᠠ᠃ ᠰᠢᠨ᠎ᠡ ᠶᠢ ᠡᠬᠦᠳᠬᠦ ᠪᠠᠷ ᠬᠦᠳᠡᠯᠭᠡᠬᠦᠷ ᠪᠤᠯᠭᠠᠬᠤ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠭᠡᠷᠡᠭᠵᠢᠬᠦᠯᠵᠦ᠂ ︽ᠲᠦᠷᠪᠡ ᠳᠤ ᠬᠠᠨᠳᠤᠬᠤ︾21 ᠶᠢ ᠪᠠᠷᠢᠮᠳᠠᠯᠠᠵᠦ᠂ ︽ᠰᠢᠨᠵᠢᠯᠡᠭᠡ ᠮᠡᠷᠭᠡᠵᠢᠯ ᠢᠶᠠᠷ ᠦᠪᠤᠷ ᠮᠤᠩᠭᠤᠯ ᠢ ᠬᠦᠭᠵᠢᠬᠦᠯᠬᠦ︾ ᠠᠵᠢᠯᠯᠠᠭ᠎ᠠ ᠶᠢ ᠯᠠᠪᠳᠠᠭᠤᠨ ᠪᠠᠳᠤᠳᠠᠢ ᠠᠬᠢᠭᠤᠯᠵᠦ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠬᠦᠳᠬᠦ ᠴᠢᠳᠠᠪᠤᠷᠢ ᠶᠢ ᠲᠡᠭᠡᠭᠰᠢᠯᠡᠬᠦᠯᠬᠦ ᠰᠢᠪᠳᠤᠯᠤᠯᠳᠠ ᠶᠢᠨ ᠠᠵᠢᠯ ᠢ ᠡᠷᠡᠰ ᠰᠠᠶᠢᠳᠤᠷ ᠬᠢᠨ᠎ᠡ᠃ ᠪᠡᠭᠡᠵᠢᠩ᠂ ᠦᠪᠡᠷᠳᠡᠭᠡᠨ ᠵᠠᠰᠠᠬᠤ ᠤᠷᠤᠨ ᠤ ᠨᠡᠷᠡᠳᠤ ᠶᠡᠭᠡ ᠲᠡᠭᠡᠳᠤ ᠰᠤᠷᠭᠠᠭᠤᠯᠢ᠂ ᠡᠷᠳᠡᠮ ᠰᠢᠨᠵᠢᠯᠡᠬᠡᠨ ᠤ ᠬᠦᠷᠢᠶᠠᠯᠠᠩ᠂ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ ᠯᠤᠭ᠎ᠠ ᠶᠢᠨ ᠬᠠᠮᠳᠤᠷᠠᠯᠴᠠᠭ᠎ᠠ ᠰᠤᠯᠢᠯᠴᠠᠭ᠎ᠠ ᠶᠢ ᠬᠦᠨᠵᠡᠬᠡᠶᠢᠷᠡᠬᠦᠯᠵᠦ᠂ ᠮᠡᠷᠭᠡᠵᠢᠯ ᠤᠨ ᠰᠢᠨ᠎ᠡ ᠶᠢ ᠡᠬᠦᠳᠬᠦ ᠰᠤᠳᠤᠯᠭᠠᠨ ᠤ ᠲᠦᠪ ᠤᠨ ᠲᠠᠪᠴᠠᠩ ᠢ ᠪᠠᠶᠢᠭᠤᠯᠵᠦ᠂ ᠰᠦᠨᠢᠳ ᠬᠤᠨᠢ ᠪᠡ ᠰᠦᠨᠢᠳ ᠬᠤᠤᠰ ᠪᠦᠬᠦᠳᠤ ᠲᠡᠮᠡᠭᠡ ᠶᠢ ᠬᠠᠮᠠᠭᠠᠯᠠᠨ ᠦᠰᠭᠡᠬᠦ᠂ ᠮᠠᠯ ᠤᠨ ᠠᠰᠢᠭ ᠰᠢᠮ᠎ᠡ ᠶᠢᠨ ᠪᠦᠳᠤᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ᠂ ᠠᠮᠢ ᠠᠬᠤᠢ ᠶᠢ ᠬᠠᠮᠠᠭᠠᠯᠠᠨ ᠰᠡᠷᠬᠦᠭᠡᠬᠦ᠂ ᠬᠠᠳᠠᠭᠤ ᠪᠡᠶᠡᠳᠤ ᠬᠠᠶᠠᠭᠳᠠᠮᠠᠯ ᠪᠤᠳᠠᠰ ᠢ ᠶᠡᠷᠦᠩᠭᠡᠶᠢᠯᠡᠨ ᠠᠰᠢᠭᠯᠠᠬᠤ᠂ ᠤᠳᠤ ᠦᠶ᠎ᠠ ᠶᠢᠨ ᠮᠠᠯ ᠲᠠᠷᠢᠶᠠᠯᠠᠩ ᠤᠨ ᠮᠠᠰᠢᠨ ᠮᠧᠬᠠᠨᠢᠭ ᠤᠨ ᠲᠤᠨᠤᠭᠯᠠᠯ ᠢ ᠦᠢᠯᠡᠳᠬᠦ᠂ ᠮᠤᠩᠭᠤᠯ ᠡᠮ ᠡᠮᠨᠡᠯᠬᠡ᠂ ᠬᠤᠯᠤᠭᠠᠨ᠎ᠠ ᠶᠢᠨ ᠬᠢᠵᠢᠭ ᠪᠡ ᠬᠤᠷᠤᠬᠠᠢ ᠶᠢᠨ ᠭᠠᠮᠰᠢᠭ ᠢ ᠰᠡᠷᠭᠡᠶᠢᠯᠡᠨ ᠵᠠᠰᠠᠬᠤ ᠵᠡᠷᠭᠡ ᠵᠠᠩᠬᠢᠯᠠᠭ᠎ᠠ ᠶᠢᠨ ᠬᠦᠷᠢᠶ᠎ᠠ ᠴᠡᠷ᠎ᠡ ᠳᠠᠬᠢ ᠮᠡᠷᠭᠡᠵᠢᠯ ᠤᠨ ᠰᠤᠳᠤᠯᠭᠠᠨ ᠢ ᠭᠤᠤᠯᠳᠠᠯᠭ᠎ᠠ ᠲᠠᠢ ᠭᠡᠷᠡᠭᠵᠢᠬᠦᠯᠵᠦ᠂ ᠰᠢᠨᠵᠢᠯᠡᠭᠡ ᠮᠡᠷᠭᠡᠵᠢᠯ ᠤᠨ ᠦᠷ᠎ᠡ ᠪᠦᠳᠤᠭᠡᠯ ᠢ ᠪᠤᠳᠠᠳᠠᠶᠢᠵᠢᠭᠤᠯᠤᠨ ᠠᠰᠢᠭᠯᠠᠬᠤ ᠶᠢ ᠠᠬᠢᠭᠤᠯᠤᠨ᠎ᠠ ᠃ ᠤᠰᠤ ᠠᠷᠪᠢᠯᠠᠬᠤ ᠮᠡᠷᠭᠡᠵᠢᠯ ᠤᠨ ᠰᠢᠨᠵᠢᠯᠡᠬᠦ ᠤᠬᠠᠭᠠᠨᠴᠢ ᠭᠡᠷᠡᠭᠯᠡᠭᠡ ᠶᠢ ᠢᠳᠡᠪᠬᠢᠳᠡᠢ ᠠᠬᠢᠭᠤᠯᠵᠦ᠂ ᠡᠪᠡᠰᠤ ᠪᠤᠷᠳᠤᠭᠠᠨ ᠤ ᠭᠠᠵᠡᠷ ᠤᠨ ᠨᠢᠬᠡᠴᠢ ᠤᠨᠠᠯᠳᠠ ᠶᠢᠨ ᠭᠡᠮᠵᠢᠶ᠎ᠠ ᠶᠢ ᠪᠦᠳᠤᠮᠵᠢᠳᠡᠢ ᠲᠡᠭᠡᠭᠰᠢᠯᠡᠬᠦᠯᠵᠦ᠂ ᠲᠤᠤᠷ᠎ᠡ ᠤᠨᠠᠯᠳᠠ ᠲᠠᠢ ᠡᠪᠡᠰᠤ ᠪᠤᠷᠳᠤᠭᠠᠨ ᠤ ᠭᠠᠵᠡᠷ ᠢ ᠡᠮᠬᠢ ᠵᠢᠷᠤᠮ ᠲᠠᠢ ᠪᠠᠷ ᠵᠠᠬ᠎ᠠ ᠠᠴᠠ ᠭᠠᠷᠭᠠᠵᠦ᠂ ᠤᠰᠤᠨ ᠤ ᠡᠬᠢ ᠪᠠᠶᠠᠯᠢᠭ ᠢ ᠡᠷᠴᠢᠮᠵᠢᠬᠦᠯᠦᠨ ᠠᠷᠪᠢᠯᠠᠨ ᠠᠰᠢᠭᠯᠠᠬᠤ ᠬᠢᠷᠢ ᠲᠦᠪᠰᠢᠨ ᠢ ᠴᠢᠷᠮᠡᠶᠢᠨ ᠲᠡᠭᠡᠭᠰᠢᠯᠡᠬᠦᠯᠦᠨ᠎ᠡ᠃ ︽ᠬᠤᠤᠰ ᠡᠷᠬᠢᠯᠳᠡᠳᠤ︾ ᠳᠤ ᠢᠳᠡᠪᠬᠢᠳᠡᠢ ᠪᠠᠷ ᠠᠭᠤᠰᠤᠯᠴᠠᠭᠤᠯᠤᠨ᠎ᠠ᠃ ᠲᠤᠮᠳᠠᠳᠤ ᠮᠤᠩᠭᠤᠯ ᠤᠷᠤᠰ ᠤᠨ ᠠᠵᠦ ᠠᠬᠤᠢ  ᠶᠢᠨ ᠬᠤᠩᠬᠢᠯ ᠤᠨ ᠴᠢᠬᠤᠯᠠ ᠲᠤᠯᠭᠠᠭᠤᠷᠢᠯᠠᠬᠤ ᠴᠡᠭ ᠢᠶᠠᠷ ᠭᠠᠷᠳᠠᠴᠠ ᠪᠤᠯᠭᠠᠵᠦ᠂ ᠵᠡᠬᠦᠨ ᠬᠤᠶᠢᠳᠤ ᠤᠷᠤᠨ ᠢ ᠬᠦᠭᠵᠢᠬᠦᠯᠦᠨ ᠮᠠᠨᠳᠤᠭᠤᠯᠬᠤ ᠪᠡ ᠪᠠᠷᠠᠭᠤᠨ ᠤᠷᠤᠨ ᠢ ᠨᠡᠭᠡᠭᠡᠨ ᠬᠦᠭᠵᠢᠬᠦᠯᠬᠦ ᠵᠡᠷᠭᠡ ᠤᠯᠤᠰ ᠤᠨ ᠪᠠᠶᠢᠯᠳᠤᠬᠤ ᠪᠤᠳᠤᠯᠭ᠎ᠠ ᠲᠠᠢ ᠢᠳᠡᠪᠬᠢᠳᠡᠢ ᠠᠭᠤᠰᠤᠯᠴᠠᠭᠤᠯᠵᠦ᠂ ᠦᠪᠡᠷᠳᠡᠭᠡᠨ ᠵᠠᠰᠠᠬᠤ ᠤᠷᠤᠨ ᠤ ᠪᠤᠭᠤᠮᠳᠠ ᠶᠢᠨ ᠠᠵᠦ ᠠᠬᠤᠢ  ᠶᠢ ᠬᠦᠭᠵᠢᠬᠦᠯᠬᠦ ᠠᠵᠠ ᠲᠤᠬᠢᠶᠠᠯ ᠢ ᠴᠢᠩᠭ᠎ᠠ ᠠᠳᠬᠤᠵᠦ᠂ ︽ᠲᠡᠮᠵᠢᠨ ᠦᠩᠭᠡᠷᠡᠬᠦ ᠠᠵᠦ ᠠᠬᠤᠢ︾ ᠶᠢᠨ ᠬᠦᠭᠵᠢᠯᠳᠡ ᠶᠢ ᠬᠦᠨᠵᠡᠬᠡᠢ ᠠᠬᠢᠭᠤᠯᠵᠦ᠂ 2026 ᠤᠨ ᠳᠤ ︽ᠰᠠᠭᠤᠷᠢᠰᠢᠮᠠᠯ ᠠᠵᠦ ᠠᠬᠤᠢ︾ ᠲᠠᠰᠢ ᠭᠡᠯᠪᠡᠷᠢ  ᠶᠢ ᠨᠢ ᠬᠤᠪᠢᠷᠠᠭᠤᠯᠬᠤ ᠶᠢ ᠪᠡᠶᠡᠯᠡᠬᠦᠯᠦᠨ᠎ᠡ᠃ ᠤᠯᠤᠰ᠂ ᠦᠪᠡᠷᠳᠡᠭᠡᠨ ᠵᠠᠰᠠᠬᠤ ᠤᠷᠤᠨ ᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠡ ᠪᠦᠬᠦ ᠠᠶᠢᠮᠠᠭ ᠤᠨ ᠠᠵᠢᠯ ᠤᠨ ᠭᠤᠤᠯᠳᠠᠯᠭ᠎ᠠ ᠳᠤ ᠲᠦᠪᠯᠡᠷᠡᠬᠦᠯᠵᠦ᠂ ᠪᠡᠭᠡᠵᠢᠩ ᠤᠨ ᠠᠵᠦ ᠠᠬᠤᠢ ᠶᠢᠨ ᠮᠡᠷᠭᠡᠵᠢᠯ ᠤᠨ ᠨᠡᠭᠡᠭᠡᠯᠳᠡ ᠶᠢᠨ ᠤᠷᠤᠨ ᠤ ᠡᠬᠢ ᠪᠠᠶᠠᠯᠢᠭ ᠤᠨ ᠲᠠᠪᠠᠭᠤᠯᠢᠭ ᠲᠤ ᠲᠦᠰᠢᠭᠯᠡᠵᠦ᠂ ︽ᠠᠷᠪᠡᠨ ᠲᠦᠷᠪᠡᠳᠤᠭᠡᠷ ᠲᠠᠪᠤᠨ ᠵᠢᠯ︾ ᠤᠨ ᠲᠦᠯᠦᠪᠵᠢᠬᠦᠯᠬᠡ ᠶᠢᠨ ᠭᠡᠷᠡᠭᠵᠢᠬᠦᠯᠦᠯᠳᠡ ᠶᠢᠨ ᠲᠤᠭᠤᠷᠢᠨ ᠳᠤ᠂ ᠠᠵᠦ ᠦᠢᠯᠡᠰ ᠤᠨ ᠰᠢᠯᠵᠢᠬᠦᠯᠦᠯᠳᠡ ᠲᠠᠢ ᠵᠤᠯᠭᠠᠭᠤᠯᠬᠤ᠂ ᠭᠤᠤᠯ ᠪᠤᠯᠬᠤ ᠠᠵᠦ ᠦᠢᠯᠡᠰ ᠤᠨ ᠭᠡᠯᠬᠢᠶ᠎ᠠ ᠶᠢ ᠤᠷᠳᠤᠳᠬᠠᠬᠤ ᠪᠡ ᠨᠦᠬᠦᠪᠤᠷᠢᠯᠡᠬᠦ᠂ ᠰᠢᠨ᠎ᠡ ᠭᠡᠯᠪᠡᠷᠢ ᠶᠢᠨ ᠠᠵᠦ ᠦᠢᠯᠡᠰ ᠤᠨ ᠬᠦᠭᠵᠢᠯᠳᠡ ᠶᠢᠨ ᠲᠤᠭᠤᠷᠢᠨ ᠳᠤ ᠲᠤᠮᠤ ᠬᠦᠴᠦᠷᠭᠡᠭ ᠠᠵᠦ ᠠᠬᠤᠶᠢᠯᠠᠯ ᠢ ᠲᠠᠳᠠᠨ ᠤᠷᠤᠭᠤᠯᠵᠦ᠂ ᠬᠤᠰᠢᠭᠤ ᠰᠢᠶᠠᠨ ᠤ ᠭᠡᠪᠴᠢᠶᠠᠨ ᠤ ᠠᠵᠦ ᠠᠬᠤᠢ  ᠶᠢᠨ ᠴᠢᠨᠠᠷᠯᠢᠭ ᠬᠦᠭᠵᠢᠯᠳᠡ ᠶᠢᠨ ᠱᠠᠭᠠᠷᠳᠠᠯᠭ᠎ᠠ ᠳᠤ ᠨᠡᠶᠢᠴᠡᠭᠰᠡᠨ ᠨᠢᠬᠡ ᠪᠦᠯᠦᠭ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠭᠤᠶᠤᠴᠢᠯᠠᠨ ᠨᠦᠬᠡᠴᠠᠯᠠᠬᠦ ᠶᠢ ᠢᠳᠡᠪᠬᠢᠳᠡᠢ ᠰᠦᠪᠡᠭᠴᠢᠯᠠᠵᠦ᠂ ᠠᠵᠦ ᠦᠢᠯᠡᠰ ᠤᠨ ᠬᠡᠯᠬᠢᠶ᠎ᠠ ᠶᠢ ᠲᠡᠬᠦᠯᠳᠡᠷᠵᠢᠬᠦᠯᠵᠦ᠂ ᠬᠠᠩᠭᠠᠯᠭ᠎ᠠ ᠶᠢᠨ ᠬᠡᠯᠬᠢᠶ᠎ᠠ ᠶᠢ ᠰᠢᠯᠤᠭᠤᠳᠬᠠᠨ᠂ ᠦᠨ᠎ᠡ ᠬᠠᠩᠰᠢ ᠶᠢᠨ ᠬᠡᠯᠬᠢᠶ᠎ᠠ ᠶᠢ ᠲᠡᠭᠡᠭᠰᠢᠯᠡᠬᠦᠯᠦᠨ᠎ᠡ᠃ ᠦᠢᠷ᠎ᠡ ᠬᠠᠪᠢ ᠶᠢᠨ ᠬᠤᠰᠢᠭᠤ ᠰᠢᠶᠠᠨ ᠯᠤᠭ᠎ᠠ ᠶᠢᠨ ᠬᠠᠮᠳᠤ ᠶᠢᠨ ᠬᠦᠭᠵᠢᠯᠳᠡ ᠶᠢ ᠴᠢᠩᠭᠠᠳᠬᠠᠵᠦ᠂ ᠰᠢᠨᠵᠢᠯᠡᠭᠡ ᠮᠡᠷᠭᠡᠵᠢᠯ ᠰᠤᠶᠤᠯ ᠤᠨ ᠰᠤᠯᠢᠯᠴᠠᠭ᠎ᠠ᠂ ᠠᠵᠦ ᠦᠢᠯᠡᠰ ᠤᠨ ᠭᠡᠯᠬᠢᠶᠠᠨ ᠤ ᠬᠠᠮᠵᠢᠯᠴᠠᠭ᠎ᠠ ᠵᠡᠷᠭᠡ ᠬᠦᠷᠢᠶ᠎ᠠ ᠴᠡᠷ᠎ᠡ ᠳᠤ ᠬᠦᠨᠵᠡᠬᠡᠢ ᠬᠠᠮᠳᠤᠷᠠᠯᠴᠠᠵᠦ᠂ ᠬᠦᠭᠵᠢᠯᠳᠡ ᠶᠢᠨ ᠤᠷᠤᠨ ᠵᠠᠢ ᠶᠢ ᠦᠷᠭᠡᠳᠭᠡᠨ᠎ᠡ᠃ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠠᠯ ᠢ ᠰᠢᠯᠢᠳᠡᠭᠵᠢᠬᠦᠯᠦᠨ ᠲᠡᠭᠡᠭᠰᠢᠯᠡᠬᠦᠯᠦᠨ᠎ᠡ᠃ ︽ᠬᠤᠳᠠᠯᠳᠤᠭ᠎ᠠ ᠡᠵᠡᠩᠨᠡᠬᠦ ᠤᠷᠴᠢᠨ ᠨᠦᠬᠦᠴᠠᠯ ᠢ ᠰᠢᠯᠢᠳᠡᠭᠵᠢᠬᠦᠯᠬᠦ ᠲᠦᠷᠢᠮ︾ ᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ︽ᠵᠠᠰᠠᠭ ᠤᠨ ᠡᠷᠭᠡ ᠶᠢ ᠴᠤᠮᠬᠠᠳᠬᠠᠵᠦ ᠡᠷᠭᠡ ᠶᠢ ᠲᠡᠯᠪᠢᠬᠤ᠂ ᠲᠠᠯᠪᠢᠵᠦ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠪᠠᠨ ᠰᠢᠯᠢᠳᠡᠭᠵᠢᠬᠦᠯᠬᠦ︾ ᠦᠬᠡᠷᠡᠴᠢᠯᠠᠯᠳᠠ ᠶᠢ ᠬᠦᠨᠵᠡᠬᠡᠶᠢᠷᠡᠬᠦᠯᠵᠦ᠂ ︽ᠨᠢᠬᠡ ᠰᠦᠯᠵᠢᠶᠠᠨ ᠲᠡᠭᠡᠷ᠎ᠡ ᠪᠦᠬᠦᠨ ᠢ ᠬᠦᠢᠴᠡᠳᠭᠡᠬᠦ︾᠂ ︽ᠨᠢᠬᠡ ᠰᠦᠯᠵᠢᠶᠠᠨ ᠲᠡᠭᠡᠷ᠎ᠡ ᠨᠢᠭᠡᠳᠤᠯᠳᠠᠢ ᠬᠠᠮᠢᠶᠠᠷᠬᠤ︾ ᠶᠢ ᠪᠦᠬᠦ ᠲᠠᠯ᠎ᠠ ᠪᠠᠷ ᠭᠡᠷᠡᠭᠵᠢᠬᠦᠯᠵᠦ᠂ ᠲᠦᠬᠦᠮ ᠲᠦᠳᠡ᠂ ᠦᠨᠳᠤᠷ ᠪᠦᠳᠤᠮᠵᠢᠳᠡᠢ᠂ ᠲᠤᠭᠠᠴᠢᠯᠠᠭᠰᠠᠨ ᠦᠢᠯᠡᠴᠢᠯᠠᠭᠡᠨ  ᠤ ᠤᠷᠴᠢᠨ ᠢ ᠡᠬᠦᠳᠤᠨ᠎ᠡ᠃ ᠵᠠᠬ᠎ᠠ ᠲᠡᠯᠬᠡᠬᠦᠷ ᠤᠨ ᠭᠤᠤᠯ ᠴᠤᠭᠴᠠ ᠶᠢᠨ ᠭᠡᠷᠡᠭᠴᠡᠭᠡ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠦ᠂ ᠠᠵᠦ ᠠᠬᠤᠶᠢᠯᠠᠯᠳᠠᠳ ᠤᠨ ᠦᠢᠯᠡᠰ ᠡᠷᠬᠢᠯᠡᠬᠦ ᠵᠤᠷᠢᠭ ᠰᠠᠨᠠᠭ᠎ᠠ ᠶᠢ ᠶᠡᠭᠡᠪᠡᠷ ᠪᠠᠳᠠᠷᠠᠭᠤᠯᠤᠨ᠂ ᠵᠠᠰᠠᠭ ᠤᠨ ᠤᠷᠳᠤᠨ ᠭᠤᠤᠯᠯᠠᠵᠦ ᠪᠠᠶᠢᠭᠰᠠᠨ ᠠᠴᠠ ᠪᠠᠨ ᠠᠵᠦ ᠠᠬᠤᠶᠢᠯᠠᠯ ᠡᠵᠡᠨ ᠮᠡᠳᠡᠬᠦ ᠪᠤᠯᠭᠠᠨ ᠬᠤᠪᠢᠷᠠᠭᠤᠯᠵᠦ᠂ ᠠᠵᠦ ᠠᠬᠤᠶᠢᠯᠠᠯ ᠢ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠢᠳᠡᠪᠬᠢᠳᠡᠢ ᠨᠠᠶᠢᠳᠠᠪᠤᠷᠢᠵᠢᠭᠤᠯᠤᠨ᠂ ᠵᠠᠰᠠᠭ ᠤᠨ ᠤᠷᠳᠤᠨ ᠪᠤᠯᠤᠨ ᠠᠵᠦ ᠠᠬᠤᠶᠢᠯᠠᠯ ᠤᠨ ᠬᠤᠭᠤᠷᠤᠨᠳᠤᠬᠢ ᠲᠤᠳᠤᠨᠤ ᠨᠦᠬᠦᠷᠰᠡᠭ ᠮᠦᠷᠳᠡᠭᠡᠨ ᠡᠷᠭᠡ ᠡᠬᠦᠷᠭᠡ ᠲᠤᠳᠤᠷᠬᠠᠢ ᠪᠠᠶᠢᠬᠤ ᠬᠠᠷᠢᠴᠠᠭ᠎ᠠ ᠶᠢ ᠪᠦᠷᠢᠯᠳᠤᠬᠦᠯᠦᠨ᠎ᠡ᠃ ︵ᠲᠠᠪᠤ︶ ᠬᠠᠮᠳᠤᠪᠡᠷ ᠪᠠᠶᠢᠭᠤᠯᠬᠤ ᠬᠠᠮᠳᠤᠪᠡᠷ ᠡᠳ᠋ᠯᠡᠬᠦ ᠤᠶᠢᠯᠠᠭᠠᠭᠳᠠᠬᠤᠨ ᠢ ᠪᠡᠳᠤ ᠪᠤᠢ ᠪᠤᠯᠭᠠᠵᠦ᠂ ᠴᠢᠨᠠᠷᠯᠢᠭ ᠬᠦᠭᠵᠢᠯᠳᠡ ᠶᠢᠨ ᠦᠷ᠎ᠡ ᠠᠰᠢᠭ ᠢ ᠤᠯᠠᠨ ᠲᠦᠮᠡᠨ ᠳᠤ ᠡᠳ᠋ᠯᠡᠬᠦᠯᠦᠨ᠎ᠡ᠃ ᠢᠮᠠᠭᠳᠠ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠲᠡᠮᠡᠴᠠᠬᠦ ᠬᠠᠷᠠᠯᠳᠠ ᠪᠠᠨ ᠪᠤᠯᠭᠠᠵᠦ᠂ ᠤᠯᠠᠨ ᠨᠠᠶᠢᠳᠠ ᠶᠢᠨ ᠦᠨᠳᠤᠰᠤᠨ ᠤᠶᠢᠯᠠᠴᠢᠯᠡᠭᠡ ᠶᠢ ᠲᠡᠩᠴᠡᠬᠦᠷᠢᠰᠢᠬᠦᠯᠬᠦ᠂ ᠠᠷᠠᠳ ᠤᠨ ᠠᠮᠢᠳᠤᠷᠠᠯ ᠤᠨ ᠪᠠᠳᠤᠯᠠᠭ᠎ᠠ ᠶᠢ ᠤᠨᠤᠪᠴᠢᠳᠠᠢ ᠪᠤᠯᠭᠠᠬᠤ᠂ ᠨᠡᠶᠢᠬᠡᠮ ᠤᠨ ᠵᠠᠰᠠᠯᠳᠠ ᠶᠢ ᠤᠳᠤᠬᠢᠴᠢᠯᠠᠬᠤ ᠵᠡᠷᠭᠡ ᠲᠠᠯ᠎ᠠ ᠪᠠᠷ ᠬᠦᠴᠦᠯᠠᠵᠦ᠂ ᠠᠷᠠᠳ ᠲᠦᠮᠡᠨ ᠳᠤ ᠠᠮᠤᠷ ᠲᠦᠪᠰᠢᠨ᠂ ᠵᠤᠯ ᠵᠢᠷᠭᠠᠯᠳᠤ ᠠᠮᠢᠳᠤᠷᠠᠯ ᠢ ᠡᠳ᠋ᠯᠡᠬᠦᠯᠦᠨ᠎ᠡ᠃ ᠨᠡᠶᠢᠭᠡᠮ ᠤᠨ ᠠᠵᠢᠯ ᠦᠢᠯᠡᠰ ᠢ ᠬᠦᠭᠵᠢᠬᠦᠯᠦᠨ᠎ᠡ᠃ ᠰᠤᠷᠭᠠᠨ ᠬᠦᠮᠦᠵᠢᠯ ᠢ ᠡᠩ ᠲᠡᠷᠢᠬᠦᠨ ᠳᠤ ᠬᠦᠭᠵᠢᠬᠦᠯᠬᠦ ᠶᠢ ᠲᠤᠪᠤᠶᠢᠯᠭᠠᠵᠦ᠂ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠨᠢᠬᠡᠳᠤᠯᠳᠠᠢ ᠲᠦᠯᠦᠪᠵᠢᠬᠦᠯᠵᠦ᠂ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠦᠵᠢᠯ ᠢ ᠨᠡᠶᠢᠳᠡᠮ  ᠬᠠᠷᠠᠭᠠᠯᠵᠠᠬᠤ᠂ ᠠᠯᠪᠡᠨ ᠵᠢᠷᠤᠮ ᠤᠨ ᠰᠤᠷᠭᠠᠨ ᠬᠦᠮᠦᠵᠢᠯ ᠢ ᠲᠡᠩᠴᠡᠬᠦᠷᠢᠰᠢᠬᠦᠯᠬᠦ᠂ ᠡᠩ ᠤᠨ ᠦᠨᠳᠤᠷ ᠵᠡᠷᠭᠡ ᠶᠢᠨ ᠲᠤᠮᠳᠠᠳᠤ ᠰᠤᠷᠭᠠᠭᠤᠯᠢ ᠶᠢ ᠰᠢᠯᠢᠳᠡᠭᠵᠢᠬᠦᠯᠬᠦ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠤᠨᠴᠠᠯᠢᠭᠵᠢᠭᠤᠯᠤᠨ ᠬᠦᠭᠵᠢᠬᠦᠯᠬᠦ ᠶᠢ ᠠᠬᠢᠭᠤᠯᠤᠨ᠎ᠠ᠃ ᠤᠯᠤᠰ ᠤᠨ ᠨᠡᠶᠢᠳᠡᠮ ᠭᠡᠷᠡᠭᠯᠡᠬᠦ ᠦᠬᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠦ᠂ ︽ᠬᠤᠶᠠᠷ ᠢ ᠬᠦᠩᠭᠡᠷᠡᠬᠦᠯᠬᠦ︾22 ᠠᠵᠢᠯ ᠢ ᠦᠷᠬᠦᠯᠵᠢᠯᠡᠨ ᠰᠠᠶᠢᠲᠤᠷ ᠠᠳᠬᠤᠵᠤ᠂ ᠪᠡᠭᠡᠵᠢᠩ ᠤᠨ ᠠᠵᠦ ᠠᠬᠤᠢ ᠶᠢᠨ ᠮᠡᠷᠭᠡᠵᠢᠯ ᠤᠨ ᠨᠡᠭᠡᠭᠡᠯᠳᠡ ᠶᠢᠨ ᠤᠷᠤᠨ ᠤ ᠲᠠᠪᠠᠭᠤᠯᠢᠭ ᠡᠬᠢ ᠪᠠᠶᠠᠯᠢᠭ ᠲᠤ ᠲᠦᠰᠢᠭᠯᠡᠨ ᠪᠦᠬᠦ ᠪᠠᠭᠰᠢ ᠨᠡᠷ ᠤᠨ ᠡᠬᠡᠯᠵᠢᠯᠡᠯᠳᠤ ᠪᠤᠯᠪᠠᠰᠤᠷᠠᠯ ᠢ ᠪᠡᠶᠡᠯᠡᠬᠦᠯᠦᠨ᠎ᠡ᠃ ᠡᠮ ᠡᠮᠨᠡᠯᠬᠡ  ᠶᠢᠨ ᠬᠤᠯᠪᠤᠭᠠᠳᠤ ᠴᠤᠭᠴᠠ᠂ ᠡᠮ ᠡᠮᠨᠡᠯᠭᠡ ᠶᠢᠨ ᠬᠠᠮᠳᠤ ᠶᠢᠨ ᠴᠤᠭᠴᠠ ᠶᠢᠨ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠵᠦ᠂ ᠪᠡᠭᠡᠵᠢᠩ ᠤᠨ ᠠᠵᠦ ᠠᠬᠤᠢ ᠶᠢᠨ ᠮᠡᠷᠭᠡᠵᠢᠯ ᠤᠨ ᠨᠡᠭᠡᠭᠡᠯᠳᠡ ᠶᠢᠨ ᠤᠷᠤᠨ ᠯᠤᠭ᠎ᠠ ᠠᠵᠢᠯ ᠵᠤᠯᠭᠠᠭᠤᠯᠬᠤ ᠡᠷᠴᠢᠮ ᠢᠶᠠᠨ ᠴᠢᠩᠭᠠᠷᠠᠭᠤᠯᠵᠦ᠂ ᠡᠮ ᠡᠮᠨᠡᠯᠬᠡ ᠶᠢᠨ ᠡᠬᠢ ᠪᠠᠶᠠᠯᠢᠭ ᠤᠨ ᠬᠠᠮᠳᠤᠷᠠᠯᠴᠠᠭᠠᠨ ᠤ ᠲᠤᠭᠳᠠᠴᠠ ᠶᠢ ᠰᠦᠪᠡᠭᠴᠢᠯᠠᠨ ᠪᠠᠶᠢᠭᠤᠯᠵᠦ᠂ ᠡᠮᠴᠢᠯᠠᠬᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠬᠦᠯᠦᠨ᠂ ᠬᠤᠰᠢᠭᠤᠨ ᠳᠠᠭᠠᠨ ᠡᠮᠨᠡᠬᠦᠯᠬᠦ ᠨᠤᠷᠮ᠎ᠡ ᠶᠢ ᠴᠢᠷᠮᠡᠶᠢᠨ ᠲᠡᠭᠡᠭᠰᠢᠯᠡᠬᠦᠯᠦᠨ᠎ᠡ᠃ ᠮᠤᠩᠭᠤᠯ ᠬᠢᠳᠡᠳ ᠡᠮ ᠡᠮᠨᠡᠯᠬᠡ ᠶᠢᠨ ᠦᠢᠯᠡᠰ ᠢ ᠶᠡᠭᠡᠪᠡᠷ ᠬᠦᠭᠵᠢᠬᠦᠯᠵᠦ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠨ ᠡᠵᠡᠮᠳᠡᠬᠦ ᠪᠠ ᠡᠭᠡ ᠨᠢᠯᠬᠠᠰ ᠤᠨ ᠡᠷᠡᠬᠦᠯᠵᠢᠯ ᠤᠨ ᠠᠵᠢᠯ ᠢ ᠴᠢᠩᠭᠠᠳᠬᠠᠨ᠎ᠠ᠃ ᠡᠭᠡ ᠤᠷᠤᠨᠴᠢ ᠡᠷᠡᠬᠦᠯ ᠬᠠᠮᠠᠭᠠᠯᠠᠯ ᠤᠨ ᠬᠦᠳᠡᠯᠭᠡᠭᠡᠨ ᠢ ᠯᠠᠪᠳᠠᠭᠤᠨ ᠪᠠᠳᠤᠳᠠᠢ ᠦᠷᠨᠢᠬᠦᠯᠵᠦ᠂ ᠤᠯᠤᠰ ᠤᠨ ᠲᠠᠰ ᠤᠨ ᠠᠷᠢᠭᠤᠨ ᠴᠡᠪᠡᠷ ᠰᠢᠶᠠᠨ ᠬᠤᠳᠠ ᠶᠢ ᠡᠬᠦᠳᠤᠨ ᠪᠠᠶᠢᠭᠤᠯᠤᠭᠰᠠᠨ ᠦᠷ᠎ᠡ ᠪᠦᠳᠤᠭᠡᠯ ᠢ ᠪᠠᠬᠢᠵᠢᠬᠦᠯᠦᠨ᠎ᠡ᠃ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠭᠠᠨᠮᠥ᠋ᠴᠢᠷ ᠤᠨ ᠲᠦᠷᠢᠮ︾ ᠢ ᠬᠦᠨᠵᠡᠬᠡᠢ ᠰᠤᠷᠤᠯᠴᠠᠨ ᠲᠤᠤᠱᠯᠠᠭᠤᠯᠵᠦ᠂ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠤᠯᠠᠮᠵᠢᠯᠠᠬᠤ ᠤᠷᠤᠨ ᠢ ᠡᠬᠦᠳᠬᠦ ᠪᠠᠷ ᠭᠠᠷᠳᠠᠴᠠ ᠪᠤᠯᠭᠠᠵᠦ᠂ ᠤᠯᠠᠭᠠᠠᠮᠦ᠋ᠴᠢᠷ ᠤᠨ ᠺᠡᠳ᠋ᠷ ᠤᠨ ᠪᠤᠯᠪᠠᠰᠤᠷᠠᠯ ᠤᠨ ᠰᠠᠭᠤᠷᠢᠨ ᠭᠠᠵᠡᠷ ᠤᠨ ᠪᠦᠳᠤᠭᠡᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠵᠦ᠂ ᠤᠳᠬ᠎ᠠ ᠤᠷᠠᠯᠢᠭ ᠤᠨ ᠤᠷᠠᠨ ᠪᠦᠳᠤᠭᠡᠯ ᠤᠨ ᠴᠢᠨᠡᠷ ᠴᠢᠨᠰᠠᠭ᠎ᠠ ᠶᠢ ᠲᠡᠭᠡᠭᠰᠢᠯᠡᠬᠦᠯᠬᠦ ᠢᠨᠵᠧᠨᠧᠷᠢᠩ ᠢ ᠭᠡᠷᠡᠭᠵᠢᠬᠦᠯᠦᠨ᠂ ᠤᠯᠠᠭᠠᠠᠮᠦ᠋ᠴᠢᠷ ᠤᠨ ᠦᠢᠯᠡᠰ ᠤᠨ ᠦᠷᠨᠢᠬᠦᠨ ᠬᠦᠭᠵᠢᠯᠳᠡ ᠶᠢ ᠠᠬᠢᠭᠤᠯᠤᠨ᠎ᠠ᠃ ᠨᠡᠶᠢᠬᠡᠮ ᠵᠢᠷᠤᠮ  ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠵᠦ᠂ ᠬᠤᠳᠠ ᠬᠦᠳᠡᠭᠡ ᠶᠢᠨ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ ᠲᠦᠬᠦᠭᠡᠷᠤᠮᠵᠢ ᠶᠢ ᠲᠡᠬᠦᠯᠳᠡᠷᠵᠢᠬᠦᠯᠦᠨ᠎ᠡ᠃ ᠪᠦᠬᠦ ᠠᠷᠠᠳ ᠤᠨ ᠪᠠᠶ᠎ᠠ ᠴᠢᠬᠢᠷᠠᠭᠵᠢᠭᠤᠯᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠨᠠᠩ ᠦᠨᠳᠤᠷ ᠬᠢᠷᠢ ᠲᠦᠪᠰᠢᠨ ᠪᠦᠬᠦᠢ ᠪᠦᠬᠦ ᠠᠷᠠᠳ ᠤᠨ ᠪᠠᠶ᠎ᠠ ᠴᠢᠬᠢᠷᠠᠭᠵᠢᠭᠤᠯᠬᠤ ᠦᠢᠯᠡᠴᠢᠯᠠᠭᠡᠨ ᠤ ᠲᠤᠭᠳᠠᠯᠴᠠᠭ᠎ᠠ ᠶᠢ ᠪᠦᠷᠢᠯᠳᠤᠬᠦᠯᠦᠨ᠎ᠡ᠃ ᠠᠷᠠᠳ ᠤᠨ ᠠᠮᠢᠳᠤᠷᠠᠯ ᠤᠨ ᠪᠠᠳᠤᠯᠠᠭ᠎ᠠ ᠶᠢ ᠴᠢᠩᠭᠠᠳᠬᠠᠨ᠎ᠠ᠃ ᠠᠵᠢᠯ ᠤᠯᠭᠤᠯᠳᠠ ᠪᠠ ᠦᠢᠯᠡᠰ ᠪᠤᠰᠬᠠᠯᠳᠠ ᠶᠢᠨ ᠲᠦᠷᠦ ᠶᠢᠨ ᠪᠤᠳᠤᠯᠭ᠎ᠠ ᠶᠢᠨ ᠠᠷᠭ᠎ᠠ ᠪᠡᠷᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠭᠤᠤᠯᠳᠠᠯᠭ᠎ᠠ ᠲᠠᠢ ᠬᠦᠮᠦᠰ ᠪᠡ ︽4050︾ ᠬᠦᠮᠦᠰ23 ᠲᠤ ᠠᠵᠢᠯ ᠤᠯᠭᠤᠬᠤ ᠪᠡ ᠦᠢᠯᠡᠰ ᠪᠤᠰᠬᠠᠬᠤ ᠦᠢᠯᠡᠴᠢᠯᠡᠭᠡ ᠶᠢ ᠰᠠᠶᠢᠳᠤᠷ ᠠᠳᠬᠤᠵᠦ᠂ ᠠᠵᠢᠯ ᠤᠯᠭᠤᠯᠳᠠ ᠶᠢᠨ ᠰᠢᠨ᠎ᠡ ᠭᠡᠯᠪᠡᠷᠢ ᠪᠡᠶᠢᠳᠡᠯ ᠤᠨ ᠬᠦᠭᠵᠢᠯᠳᠡ ᠶᠢ ᠲᠡᠮᠵᠢᠬᠦ ᠶᠢᠨ ᠬᠠᠮᠳᠤ ᠲᠦᠷᠢᠮᠵᠢᠬᠦᠯᠦᠨ᠎ᠡ᠃ ᠠᠵᠢᠯ ᠮᠡᠷᠭᠡᠵᠢᠯ ᠤᠨ ᠪᠤᠯᠪᠠᠰᠤᠷᠠᠯ ᠢ ᠪᠠᠶᠢᠩᠭᠤ ᠦᠷᠨᠢᠬᠦᠯᠵᠦ᠂ ᠨᠤᠳᠤᠭ ᠲᠠᠭᠠᠨ ᠪᠤᠴᠠᠵᠦ ᠤᠶᠢᠯᠠᠰ ᠪᠤᠰᠬᠠᠬᠤ ᠪᠡ ᠬᠦᠳᠡᠭᠡ ᠳᠤ ᠦᠢᠯᠡᠰ ᠪᠤᠰᠬᠠᠬᠤ ᠶᠢ ᠠᠬᠢᠭᠤᠯᠵᠦ᠂ ᠤᠯᠠᠨ ᠨᠠᠶᠢᠳᠠ ᠶᠢᠨ ᠠᠵᠢᠯ ᠤᠯᠭᠤᠯᠳᠠ ᠶᠢᠨ ᠦᠢᠯᠡᠴᠢᠯᠠᠬᠡᠨ ᠤ ᠲᠤᠭᠳᠠᠯᠴᠠᠭ᠎ᠠ ᠪᠠᠷ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠳ ᠲᠤ ᠨᠠᠩ ᠰᠠᠶᠢᠳᠤᠷ ᠦᠢᠯᠡᠴᠢᠯᠠᠬᠦ ᠶᠢ ᠠᠬᠢᠭᠤᠯᠤᠨ᠎ᠡ᠃ ᠤᠯᠠᠨ ᠲᠡᠰ ᠲᠠᠪᠬᠤᠷᠭ᠎ᠠ ᠶᠢᠨ ᠨᠡᠶᠢᠭᠡᠮ ᠤᠨ ᠪᠠᠳᠤᠯᠠᠭ᠎ᠠ ᠶᠢᠨ ᠲᠤᠭᠳᠠᠯᠴᠠᠭ᠎ᠠ ᠶᠢ ᠪᠦᠷᠢᠨᠰᠢᠬᠦᠯᠵᠦ᠂ ᠪᠦᠬᠦ ᠠᠷᠠᠳ ᠤᠨ ᠲᠠᠭᠠᠳᠬᠠᠯ ᠳᠤ ᠤᠷᠤᠯᠴᠠᠬᠤ ᠲᠦᠯᠦᠪᠯᠡᠭᠡ ᠶᠢ ᠬᠦᠨᠵᠡᠬᠡᠢ ᠭᠡᠷᠡᠭᠵᠢᠬᠦᠯᠦᠨ᠂ ᠬᠠᠤᠯᠢ ᠳᠤ ᠲᠤᠭᠳᠠᠭᠠᠭᠰᠠᠨ ᠬᠦᠮᠦᠰ ᠪᠦᠬᠦᠨ ᠢᠶᠠᠷ  ᠢᠶᠠᠨ ᠲᠠᠭᠠᠳᠬᠠᠯ ᠳᠤ ᠤᠷᠤᠯᠴᠠᠬᠤ ᠶᠢ ᠪᠡᠶᠡᠯᠡᠬᠦᠯᠦᠨ᠎ᠡ᠃ ᠨᠡᠶᠢᠭᠡᠮ ᠤᠨ ᠲᠠᠭᠠᠳᠬᠠᠯ ᠤᠨ ᠭᠡᠪᠴᠢᠶ᠎ᠠ ᠶᠢ ᠦᠷᠭᠡᠳᠭᠡᠨ ᠲᠠᠳᠠᠪᠤᠷᠢᠯᠠᠨ ᠬᠤᠷᠢᠶᠠᠬᠤ᠂ ᠰᠠᠭᠤᠷᠢ ᠮᠦᠩᠬᠦᠨ ᠤ ᠬᠠᠮᠢᠶᠠᠷᠤᠯᠳᠠ ᠪᠡ ᠨᠡᠶᠢᠬᠡᠮ ᠤᠨ ᠲᠠᠭᠠᠳᠬᠠᠯ ᠤᠨ ᠰᠢᠯᠵᠢᠬᠦᠯᠦᠨ ᠦᠷᠬᠦᠯᠵᠢᠯᠡᠬᠦᠯᠬᠦ ᠠᠵᠢᠯ ᠢ ᠰᠠᠶᠢᠳᠤᠷ ᠬᠢᠨ᠎ᠡ︔ ᠬᠦᠨᠳᠤ ᠡᠪᠡᠳᠴᠢᠨ ᠤ ᠡᠮ ᠡᠮᠨᠡᠯᠬᠡ ᠶᠢᠨ ᠲᠠᠭᠠᠳᠬᠠᠯ ᠪᠡ ᠠᠪᠤᠷᠠᠨ ᠲᠤᠰᠠᠯᠠᠯᠳᠠ ᠶᠢᠨ ᠲᠦᠷᠢᠮ ᠢ ᠪᠦᠷᠢᠨᠰᠢᠬᠦᠯᠵᠦ᠂ ᠬᠤᠳᠠ ᠬᠦᠳᠡᠭᠡ ᠶᠢᠨ ᠲᠤᠤᠷ᠎ᠡ ᠤᠷᠤᠯᠭ᠎ᠠ ᠲᠠᠢ ᠭᠡᠷ ᠪᠦᠯᠢ᠂ ᠤᠨᠴᠠ ᠬᠦᠴᠢᠷᠳᠡᠯᠳᠡᠢ ᠬᠦᠮᠦᠰ ᠪᠡ ᠵᠡᠮᠳᠡᠭᠴᠤᠳ ᠵᠡᠷᠭᠡ ᠬᠦᠮᠦᠰ ᠤᠨ ᠠᠮᠢᠳᠤᠷᠠᠯ ᠢ ᠪᠠᠳᠤᠯᠠᠬᠤ ᠡᠷᠴᠢᠮ ᠢᠶᠠᠨ ᠴᠢᠩᠭᠠᠷᠠᠭᠤᠯᠤᠨ᠎ᠠ︔ ᠨᠠᠰᠤᠳᠠᠶᠢᠴᠤᠳ ᠢ ᠠᠰᠠᠷᠠᠬᠤ ᠵᠠᠬ᠎ᠠ ᠲᠡᠯᠬᠡᠬᠦᠷᠴᠢᠯᠡᠭᠰᠡᠨ ᠦᠢᠯᠡᠴᠢᠯᠡᠭᠡ ᠪᠡ ᠨᠠᠰᠤᠳᠠᠶᠢᠴᠤᠳ ᠢ ᠭᠡᠷ ᠲᠤᠨᠢ ᠠᠰᠠᠷᠠᠬᠤ᠂ ᠨᠡᠶᠢᠭᠡᠮ ᠲᠤᠭᠤᠷᠢᠭ ᠲᠤᠨᠢ ᠠᠰᠠᠷᠠᠬᠤ ᠨᠠᠶᠢᠳᠠ ᠶᠢᠨ ᠠᠰᠠᠷᠠᠮᠵᠢ ᠶᠢᠨ ᠦᠢᠯᠡᠴᠢᠯᠡᠭᠡ ᠶᠢ ᠶᠡᠬᠡᠪᠡᠷ ᠬᠦᠭᠵᠢᠬᠦᠯᠵᠦ᠂ ᠨᠠᠰᠤᠳᠠᠶᠢᠴᠤᠳ ᠢ ᠠᠰᠠᠷᠠᠬᠤ ᠪᠠᠶᠢᠭᠤᠯᠤᠮᠵᠢ ᠶᠢᠨ ᠦᠢᠯᠡᠴᠢᠯᠠᠭᠡᠨ ᠤ ᠶᠠᠰᠤ ᠴᠢᠨᠡᠷ ᠤᠨ ᠪᠡᠷᠢᠮᠵᠢᠶ᠎ᠠ ᠶᠢ ᠲᠦᠷᠢᠮᠵᠢᠬᠦᠯᠵᠦ᠂ ᠨᠠᠰᠤᠳᠠᠶᠢᠴᠤᠳ ᠢ ᠠᠰᠠᠷᠠᠬᠤ ᠦᠢᠯᠡᠴᠢᠯᠠᠭᠡᠨ ᠤ ᠬᠢᠷᠢ ᠲᠦᠪᠰᠢᠨ ᠢ ᠦᠨᠡᠨᠬᠦ ᠲᠡᠭᠡᠭᠰᠢᠯᠡᠬᠦᠯᠦᠨ᠎ᠡ᠃ ᠠᠮᠤᠷ ᠲᠦᠪᠰᠢᠨ ᠤ ᠬᠤᠷᠢᠭ᠎ᠠ ᠱᠤᠭᠤᠮ ᠢ ᠪᠡᠳᠤ ᠰᠠᠬᠢᠨ᠎ᠠ᠃ ᠤᠯᠤᠰ ᠤᠨ ᠪᠦᠬᠦ ᠲᠠᠯ᠎ᠠ ᠶᠢᠨ ᠠᠮᠤᠷ ᠲᠦᠪᠰᠢᠨ ᠤ ᠦᠵᠡᠯᠳᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠤᠷᠤᠨ ᠪᠦᠰᠡ ᠶᠢᠨ ᠴᠢᠨᠡᠷᠳᠡᠢ᠂ ᠰᠢᠰᠲ᠋ᠧᠮ ᠤᠨ ᠴᠢᠨᠡᠷᠳᠡᠢ ᠲᠦᠭᠰᠢᠬᠦᠷᠢ ᠶᠢ ᠡᠬᠦᠰᠭᠡᠬᠦ ᠦᠬᠡᠢ ᠪᠠᠶᠢᠬᠤ ᠬᠤᠷᠢᠭ᠎ᠠ ᠱᠤᠭᠤᠮ ᠢ ᠡᠷᠡᠰ ᠪᠠᠳᠤ ᠰᠠᠬᠢᠨ᠎ᠡ᠃ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠠᠵᠢᠯ ᠢ ᠦᠷᠬᠦᠯᠵᠢᠯᠡᠨ ᠰᠠᠶᠢᠳᠤᠷ ᠬᠢᠵᠦ᠂ ᠡᠮᠨᠡᠯᠬᠡ ᠶᠢᠨ ᠬᠤᠷᠢᠶᠠᠨ ᠤ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠬᠤᠷᠢᠭ᠎ᠠ ᠱᠤᠭᠤᠮ ᠢ ᠴᠢᠩᠭ᠎ᠠ ᠰᠡᠬᠢᠵᠦ᠂ ᠪᠦᠬᠦ ᠠᠷᠠᠳ ᠤᠨ ᠰᠡᠷᠭᠡᠶᠢᠯᠡᠨ ᠬᠠᠮᠠᠭᠠᠯᠠᠬᠤ ᠤᠬᠠᠮᠰᠠᠷ ᠢ ᠨᠡᠮᠡᠭᠳᠡᠬᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠳᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠬᠦᠯᠦᠨ᠎ᠡ᠃ ᠰᠢᠨ᠎ᠡ ︽ᠠᠶᠤᠯᠬᠦᠢ ᠦᠢᠯᠡᠳᠪᠤᠷᠢᠯᠡᠯ ᠤᠨ ᠬᠠᠤᠯᠢ︾ ᠶᠢ ᠨᠡᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠠᠶᠤᠯᠬᠦᠢ ᠦᠢᠯᠡᠳᠪᠤᠷᠢᠯᠡᠯ ᠤᠨ ᠲᠦᠭᠰᠢᠬᠦᠷᠢ ᠶᠢ ᠰᠡᠷᠭᠡᠶᠢᠯᠡᠨ ᠡᠵᠡᠮᠳᠡᠬᠦ ᠲᠤᠭᠳᠠᠯᠴᠠᠭ᠎ᠠ  ᠶᠢᠨ ᠪᠠᠶᠢᠭᠤᠯᠤᠯᠳᠠ ᠶᠢ ᠴᠢᠩᠭᠠᠳᠬᠠᠨ᠂ ᠭᠤᠤᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠠ ᠴᠡᠷ᠎ᠡ ᠳᠠᠬᠢ ᠠᠮᠤᠷ ᠲᠦᠪᠰᠢᠨ ᠤ ᠲᠠᠯᠳᠠ ᠬᠡᠮ ᠢ ᠪᠠᠶᠢᠴᠠᠭᠠᠨ ᠴᠡᠭᠴᠡᠯᠠᠬᠦ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠦ᠂ ᠠᠶᠤᠯᠬᠦᠢ ᠦᠢᠯᠡᠳᠪᠤᠷᠢᠯᠡᠯ ᠤᠨ ᠪᠠᠶᠢᠳᠠᠯ ᠤᠨ ᠲᠤᠭᠳᠠᠭᠤᠨ ᠢᠶᠠᠷ ᠰᠠᠶᠢᠵᠢᠷᠠᠬᠤ ᠶᠢ ᠪᠠᠳᠤᠯᠠᠨ᠎ᠠ᠃ ᠢᠳᠡᠭᠡᠨ ᠤ ᠵᠦᠢᠯ ᠤᠨ ᠪᠦᠬᠦ ᠭᠡᠯᠬᠢᠶᠠᠨ ᠤ ᠶᠠᠰᠤ ᠴᠢᠨᠡᠷ ᠤᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠵᠦ᠂ ᠡᠮ ᠤᠨ ᠵᠦᠢᠯ ᠤᠨ ᠠᠮᠤᠷ ᠲᠦᠪᠰᠢᠨ ᠤ ᠪᠦᠬᠦ ᠡᠵᠡᠩᠨᠡᠯᠳᠡ ᠶᠢᠨ ᠬᠤᠭᠤᠴᠠᠭᠠᠨ ᠤ ᠬᠠᠮᠢᠶᠠᠷᠤᠯᠳᠠ ᠶᠢᠨ ᠲᠤᠭᠳᠠᠴᠠ ᠶᠢ ᠪᠦᠷᠢᠯᠳᠤᠬᠦᠯᠦᠨ᠂ ᠠᠷᠠᠳ ᠤᠯᠠᠨ ᠤ ᠡᠷᠡᠬᠦᠯ ᠮᠠᠨᠳᠤ ᠠᠮᠤᠷ ᠲᠦᠪᠰᠢᠨ ᠢ ᠰᠠᠶᠢᠳᠤᠷ ᠬᠠᠮᠠᠭᠠᠯᠠᠨ᠎ᠠ᠃ ᠪᠦᠬᠦ ᠤᠯᠤᠰ  ᠤᠨ ᠠᠩᠬᠠᠳᠤᠭᠠᠷ ᠤᠳᠠᠭᠠᠨ ᠤ ᠪᠠᠶᠢᠭᠠᠯᠢ ᠶᠢᠨ ᠭᠠᠮᠰᠢᠭ ᠤᠨ ᠶᠡᠷᠦᠩᠭᠡᠢ ᠲᠦᠭᠰᠢᠬᠦᠷᠢ ᠶᠢ ᠨᠠᠶᠢᠳᠠᠮ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠦᠷᠨᠢᠬᠦᠯᠵᠦ᠂ ᠭᠠᠮᠰᠢᠭ ᠢ ᠰᠡᠷᠭᠡᠶᠢᠯᠠᠨ ᠭᠠᠮᠰᠢᠭ ᠢ ᠪᠠᠭᠠᠰᠬᠠᠬᠤ᠂ ᠭᠠᠮᠰᠢᠭ ᠠᠴᠠ ᠠᠪᠤᠷᠠᠬᠤ ᠲᠤᠭᠳᠠᠯᠴᠠᠭ᠎ᠠ ᠪᠡ ᠪᠡᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠯᠳᠠ ᠶᠢᠨ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠨ᠂ ᠭᠠᠵᠡᠷ ᠬᠦᠳᠡᠯᠤᠯᠳᠠ ᠶᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠨᠤᠳᠤᠭ ᠪᠡᠯᠴᠢᠬᠡᠷ ᠤᠨ ᠲᠦᠢᠮᠡᠷ ᠢ ᠰᠡᠷᠭᠡᠶᠢᠯᠡᠬᠦ ᠪᠡ ᠤᠨᠳᠠᠷᠠᠭᠠᠬᠤ᠂ ᠤᠨᠴᠠ ᠶᠡᠭᠡ ᠭᠠᠮᠰᠢᠭ ᠤᠨ ᠴᠢᠨᠡᠷᠳᠡᠢ ᠴᠠᠭ ᠠᠭᠤᠷ ᠢ ᠠᠷᠭᠠᠴᠠᠭᠠᠬᠤ ᠵᠡᠷᠭᠡ ᠠᠵᠢᠯ ᠢ ᠰᠠᠶᠢᠳᠤᠷ ᠠᠳᠬᠤᠵᠦ᠂ ᠭᠠᠮᠰᠢᠭ ᠠᠴᠠ ᠪᠤᠯᠤᠭᠰᠠᠨ ᠭᠡᠨᠡᠳᠡᠯ ᠤᠨ ᠲᠦᠭᠰᠢᠬᠦᠷᠢ ᠪᠡ ᠬᠤᠬᠢᠷᠠᠯ ᠢ ᠬᠠᠮᠤᠭ ᠶᠡᠭᠡ ᠬᠡᠮᠵᠢᠶ᠎ᠠ ᠪᠠᠷ ᠪᠠᠭᠠᠰᠬᠠᠨ᠎ᠠ᠃ ᠶᠡᠭᠡ ᠲᠠᠯ᠎ᠠ ᠶᠢᠨ ᠲᠤᠭᠳᠠᠭᠤᠨ ᠢ ᠬᠠᠮᠠᠭᠠᠯᠠᠨ᠎ᠠ᠃ ᠡᠬᠡ ᠤᠯᠤᠰ ᠤᠨ ᠤᠮᠠᠷᠠᠳᠤ ᠬᠢᠯᠢ ᠶᠢᠨ ᠴᠡᠷᠢᠭ ᠠᠷᠠᠳ ᠠᠭᠤᠰᠤᠯᠴᠠᠭᠰᠠᠨ ᠠᠮᠤᠷ ᠲᠦᠪᠰᠢᠨ ᠲᠤᠭᠳᠠᠭᠤᠨ ᠤᠷᠤᠨ ᠢ ᠡᠬᠦᠳᠬᠦ ᠪᠠᠷ ᠭᠠᠷᠳᠠᠴᠠ ᠪᠤᠯᠭᠠᠵᠦ᠂ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠡᠳᠤ ᠴᠤᠭᠴᠠᠯᠠᠬᠤ ᠪᠠᠷ ᠭᠤᠤᠯ ᠰᠢᠵᠢᠮ ᠪᠤᠯᠭᠠᠨ᠂ ᠡᠭᠡ ᠤᠷᠤᠨᠴᠢ ᠦᠵᠡᠯ ᠪᠡ ᠦᠨᠳᠤᠰᠤᠳᠠᠨ ᠤ ᠪᠦᠯᠬᠦᠮᠳᠡᠯ ᠲᠠᠪᠰᠢᠯᠳᠠ ᠶᠢᠨ ᠬᠦᠮᠦᠵᠢᠯ ᠢ ᠬᠦᠨᠵᠡᠬᠡᠢ ᠦᠷᠨᠢᠬᠦᠯᠦᠨ᠂ ᠴᠡᠷᠢᠭ ᠪᠡ ᠤᠷᠤᠨ ᠨᠤᠳᠤᠭ ᠤᠨ ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠵᠦ᠂ ᠴᠡᠷᠢᠭ ᠠᠷᠠᠳ ᠤᠨ ᠠᠭᠤᠰᠤᠯᠴᠠᠭᠰᠠᠨ ᠬᠦᠭᠵᠢᠯᠳᠡ ᠶᠢ ᠠᠬᠢᠭᠤᠯᠤᠨ᠎ᠠ᠃ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠡᠮᠡᠴᠠᠯ ᠢ ᠪᠠᠶᠢᠩᠭᠤ ᠦᠷᠨᠢᠬᠦᠯᠵᠦ᠂ ︽ᠠᠮᠤᠭᠤᠯᠠᠩᠳᠤ ᠪᠠᠷᠠᠭᠤᠨ ᠰᠦᠨᠢᠳ︾ ︽ᠬᠠᠤᠯᠢᠳᠤ ᠪᠠᠷᠠᠭᠤᠨ ᠰᠦᠨᠢᠳ︾ ᠤᠨ ᠪᠦᠳᠤᠭᠡᠨ ᠪᠠᠶᠢᠭᠤᠯᠤᠯᠳᠠ ᠶᠢ ᠦᠷᠬᠦᠯᠵᠢᠯᠡᠨ ᠬᠦᠨᠵᠡᠬᠡᠶᠢᠷᠡᠬᠦᠯᠵᠦ᠂ ᠰᠢᠨ᠎ᠡ ᠴᠠᠭ ᠦᠶ᠎ᠠ ᠶᠢᠨ ︽ᠹᠧᠩ ᠴᠢᠶᠤᠤ ᠪᠠᠯᠭᠠᠰᠤᠨ ᠤ ᠲᠤᠷᠰᠢᠯᠭ᠎ᠠ︾ ᠶᠢ ᠪᠡᠷᠢᠮᠳᠠᠯᠠᠨ ᠬᠦᠭᠵᠢᠬᠦᠯᠵᠦ᠂ ᠵᠠᠬᠢᠳᠠᠯ ᠰᠤᠷᠪᠤᠯᠵᠢᠯᠠᠭ᠎ᠠ ᠵᠦᠷᠢᠴᠠᠯ ᠵᠢᠭᠤᠷᠠᠯᠳᠤᠭᠠᠨ ᠤ ᠲᠠᠷᠤᠭᠳᠠᠮᠠᠯ ᠭᠡᠷᠡᠭ ᠢ ᠪᠠᠭᠠᠰᠬᠠᠨ᠂ ᠰᠢᠨ᠎ᠡ ᠪᠠᠷ ᠨᠡᠮᠡᠭᠳᠡᠬᠦ ᠶᠢ ᠬᠢᠵᠠᠭᠠᠷᠯᠠᠵᠦ᠂ ᠤᠯᠠᠨ ᠲᠦᠮᠡᠨ ᠤ ︽ᠬᠦᠴᠢᠷ᠂ ᠲᠦᠪᠡᠭᠳᠡᠢ᠂ ᠪᠡᠴᠢᠮ᠂ ᠰᠠᠨᠠᠭᠠᠰᠢᠷᠡᠵᠦ ᠪᠠᠶᠢᠭ᠎ᠠ︾ ᠠᠰᠠᠭᠤᠳᠠᠯ ᠢ ᠤᠯᠠᠨ ᠠᠷᠭ᠎ᠠ ᠵᠡᠮ ᠢᠶᠠᠷ ᠰᠢᠢᠳᠪᠤᠷᠢᠯᠡᠨ᠂ ᠨᠡᠶᠢᠭᠡᠮ ᠤᠨ ᠡᠶ᠎ᠡ ᠵᠤᠬᠢᠴᠠᠯᠳᠤ ᠲᠤᠭᠳᠠᠭᠤᠨ ᠢ ᠬᠠᠮᠠᠭᠠᠯᠠᠵᠦ᠂ ᠡᠭᠡ ᠤᠯᠤᠰ ᠤᠨ ᠤᠮᠠᠷᠠᠳᠤ ᠬᠢᠯᠢ ᠶᠢᠨ ᠠᠮᠤᠷ ᠲᠦᠪᠰᠢᠨ ᠲᠤᠭᠳᠠᠭᠤᠨ ᠤ ᠬᠠᠯᠬᠠᠪᠴᠢ ᠶᠢ ᠲᠠᠰᠤᠷᠠᠯᠳᠠ ᠦᠬᠡᠢ ᠪᠠᠬᠢᠵᠢᠬᠦᠯᠦᠨ᠎ᠡ᠃      ᠭᠤᠷᠪᠡ᠂ 2022 ᠤᠨ ᠤ ᠭᠤᠤᠯ ᠬᠠᠷᠠᠯᠳᠠ ᠪᠡ ᠡᠬᠦᠷᠭᠡ    2022 ᠤᠨ ᠪᠤᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠤᠷᠳᠤᠨ ᠤ ᠡᠬᠢᠯᠡᠯᠳᠡ ᠶᠢᠨ ᠵᠢᠯ᠂ ᠮᠦᠨᠴᠦ ︽ᠠᠷᠪᠡᠨ ᠲᠦᠷᠪᠡᠳᠤᠭᠡᠷ ᠲᠠᠪᠤᠨ ᠵᠢᠯ︾ ᠤᠨ ᠲᠦᠯᠦᠪᠵᠢᠬᠦᠯᠬᠡ ᠶᠢ ᠭᠡᠷᠡᠭᠵᠢᠬᠦᠯᠬᠦ ᠵᠠᠩᠬᠢᠯᠠᠭ᠎ᠠ ᠶᠢᠨ ᠵᠢᠯ ᠪᠤᠯᠤᠨ᠎ᠠ᠂ ᠦᠨᠦ ᠵᠢᠯ ᠤᠨ ᠠᠵᠢᠯ ᠢ ᠰᠠᠶᠢᠳᠤᠷ ᠬᠢᠬᠦ ᠨᠢ ᠴᠢᠬᠤᠯᠠ ᠶᠡᠭᠡ ᠠᠴᠢ ᠬᠤᠯᠪᠤᠭᠳᠠᠯ ᠲᠠᠢ ᠪᠦᠭᠡᠳ ᠠᠯᠤᠰ ᠭᠡᠳᠣ  ᠶᠢᠨ ᠨᠦᠯᠦᠬᠡ ᠲᠠᠢ ᠶᠤᠮ᠃ ᠦᠨᠦ ᠵᠢᠯ ᠤᠨ ᠪᠦᠬᠦ ᠬᠤᠰᠢᠭᠤᠨ ᠤ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠭᠤᠤᠯ ᠵᠢᠱᠢᠭᠰᠡᠨ ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠦᠩᠭᠡᠢ ᠦᠷᠳᠡᠭ ᠢ 42.7 ᠳ᠋ᠦᠩᠰᠢᠭᠤᠷ ᠲᠦᠬᠦᠷᠢᠭ ᠪᠠᠶᠠᠯᠠᠬᠦᠯᠵᠦ᠂ 6% ᠪᠠᠷ ᠨᠡᠮᠡᠭᠳᠡᠬᠦᠯᠦᠨ᠎ᠡ︔ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 2.05 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠡᠬᠦᠨ ᠳᠤ ᠭᠠᠶᠢᠯᠢ ᠶᠢᠨ ᠤᠷᠤᠯᠭ᠎ᠠ  ᠶᠢ 1.52 ᠳ᠋ᠦᠩᠰᠢᠭᠤᠷ ᠲᠦᠬᠦᠷᠢᠭ ᠪᠡᠶᠡᠯᠡᠬᠦᠯᠵᠦ᠂ 7.7% ᠪᠠᠷ ᠨᠡᠮᠡᠭᠳᠡᠬᠦᠯᠦᠨ᠎ᠡ︔ ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 14.9 ᠳ᠋ᠦᠩᠰᠢᠭᠤᠷ ᠲᠦᠬᠦᠷᠢᠭ ᠪᠡᠶᠡᠯᠡᠬᠦᠯᠵᠦ᠂ 8% ᠪᠠᠷ ᠨᠡᠮᠡᠭᠳᠡᠬᠦᠯᠦᠨ᠎ᠡ︔ ᠨᠡᠶᠢᠬᠡᠮ ᠤᠨ ᠭᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠭᠡᠢ ᠭᠡᠮᠵᠢᠶ᠎ᠠ ᠶᠢ 9.5 ᠳ᠋ᠦᠩᠰᠢᠭᠤᠷ ᠲᠦᠬᠦᠷᠢᠭ ᠪᠡᠶᠡᠯᠡᠬᠦᠯᠵᠦ᠂ 6% ᠪᠠᠷ ᠨᠡᠮᠡᠭᠳᠡᠬᠦᠯᠦᠨ᠎ᠡ᠃ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠲᠤᠬᠢᠷᠠᠭᠤᠯᠵᠦ ᠪᠤᠯᠬᠤᠶᠢᠴᠠ ᠤᠷᠤᠯᠭ᠎ᠠ ᠶᠢ 43600 ᠲᠦᠬᠦᠷᠢᠭ ᠪᠤᠯᠤᠨ 17200 ᠲᠦᠬᠦᠷᠢᠭ ᠪᠡᠶᠡᠯᠡᠬᠦᠯᠵᠦ᠂ ᠲᠤᠰᠪᠤᠷᠢ 4% ᠪᠡ 10% ᠪᠠᠷ ᠨᠡᠮᠡᠭᠳᠡᠬᠦᠯᠦᠨ᠎ᠡ︔ ᠨᠢᠬᠡᠴᠠ GDP ᠤᠨ ᠡᠨᠧᠷᠬᠢ ᠶᠢᠨ ᠬᠤᠷᠤᠭᠳᠠᠯ ᠢ ᠲᠡᠭᠡᠳᠤ ᠱᠠᠳᠤᠨ ᠤ ᠱᠠᠭᠠᠷᠳᠠᠯᠭ᠎ᠠ ᠳᠤ ᠬᠦᠷᠭᠡᠵᠦ᠂ ᠭᠤᠤᠯ ᠪᠤᠯᠬᠤ ᠪᠤᠬᠢᠷᠳᠤᠯ ᠪᠤᠳᠠᠰ ᠤᠨ ᠭᠠᠳᠠᠭᠰᠢᠯᠠᠭᠤᠯᠤᠯᠳᠠ ᠶᠢᠨ ᠭᠡᠮᠵᠢᠶ᠎ᠠ ᠶᠢ ᠦᠷᠬᠦᠯᠵᠢᠯᠡᠨ ᠪᠡᠭᠤᠷᠠᠭᠤᠯᠤᠨ᠎ᠠ᠃ᠲᠡᠭᠡᠷ᠎ᠡ ᠲᠤᠷᠠᠳᠤᠭᠰᠠᠨ ᠬᠠᠷᠠᠯᠳᠠ ᠶᠢᠨ ᠲᠤᠭᠤᠷᠢᠨ ᠳᠤ᠂ ᠪᠢᠳᠠ ᠲᠤᠤᠷᠡᠬᠢ ᠵᠢᠷᠭᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠠᠳᠬᠤᠨ᠎ᠡ᠄︵ᠨᠢᠬᠡ︶ ᠪᠤᠬᠢᠷᠳᠤᠯ ᠦᠬᠡᠢ ᠬᠦᠭᠵᠢᠯᠳᠡ ᠳᠤ ᠲᠦᠪᠯᠡᠷᠡᠬᠦᠯᠵᠦ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢ ᠪᠤᠳᠠᠳᠠᠢ ᠰᠠᠶᠢᠳᠤᠷ ᠠᠳᠬᠤᠨ᠎ᠡ᠃ ᠠᠮᠢ ᠠᠬᠤᠢ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠤᠯᠤᠰ ᠤᠨ ᠲᠠᠰ ᠤᠨ ᠠᠮᠢ ᠠᠬᠤᠢ ᠶᠢᠨ ᠪᠤᠯᠪᠠᠰᠤᠨ ᠤ ᠵᠢᠱᠢᠶ᠎ᠠ ᠦᠵᠡᠬᠦᠯᠬᠦ ᠬᠤᠰᠢᠭᠤ  ᠶᠢ ᠡᠬᠦᠳᠤᠨ ᠪᠠᠶᠢᠭᠤᠯᠬᠤ ᠠᠵᠢᠯ ᠢ ᠬᠦᠨᠵᠡᠬᠡᠢ ᠠᠬᠢᠭᠤᠯᠵᠦ᠂ ᠠᠮᠢ ᠠᠬᠤᠢ ᠶᠢ ᠬᠠᠮᠠᠭᠠᠯᠠᠬᠤ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠮᠢ ᠠᠬᠤᠢ ᠶᠢᠨ ᠬᠢᠨᠡᠨ ᠰᠢᠯᠭᠠᠵᠦ ᠦᠨᠡᠯᠡᠬᠦ ᠪᠡ ᠬᠠᠷᠢᠭᠤᠴᠠᠯᠭ᠎ᠠ ᠨᠡᠭᠡᠮᠵᠢᠯᠡᠬᠦ ᠲᠦᠷᠢᠮ ᠢ ᠴᠢᠩᠭᠠᠳᠬᠠᠵᠦ᠂ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠭᠰᠡᠨ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠡᠷᠡᠰ ᠴᠤᠬᠢᠯᠳᠠ ᠦᠭᠬᠦᠨ᠎ᠡ᠃ ᠤᠯᠤᠰ ᠤᠨ ᠭᠠᠵᠡᠷ ᠰᠢᠷᠦᠢ  ᠶᠢᠨ ᠤᠷᠤᠨ ᠵᠠᠢ ᠶᠢ ᠨᠡᠭᠡᠭᠡᠨ ᠬᠦᠭᠵᠢᠬᠦᠯᠬᠦ ᠭᠡᠪ ᠪᠠᠶᠢᠳᠠᠯ ᠢ ᠰᠢᠯᠢᠳᠡᠭᠵᠢᠬᠦᠯᠦᠨ᠂ ︽ᠭᠤᠷᠪᠡᠨ ᠬᠤᠷᠢᠭ᠎ᠠ ᠱᠤᠭᠤᠮ᠂ ᠨᠢᠭᠡ ᠨᠠᠷᠢᠨ ᠲᠠᠩᠰᠠ︾24 ᠪᠠᠷ ᠭᠤᠤᠯ ᠪᠤᠯᠭᠠᠭᠰᠠᠨ ᠠᠮᠢ ᠠᠬᠤᠢ ᠶᠢᠨ ᠤᠷᠴᠢᠨ ᠲᠤᠭᠤᠷᠢᠨ ᠢ ᠲᠤᠭᠤᠷᠢᠭ ᠬᠤᠪᠢᠶᠠᠨ ᠬᠠᠮᠢᠶᠠᠷᠤᠨ ᠡᠵᠡᠮᠳᠡᠬᠦ ᠲᠤᠭᠳᠠᠯᠴᠠᠭ᠎ᠠ ᠶᠢ ᠪᠠᠶᠢᠭᠤᠯᠵᠦ᠂ ᠡᠯ᠎ᠡ ᠤᠷᠴᠢᠨ ᠲᠤᠭᠤᠷᠢᠨ ᠤ ᠬᠠᠮᠢᠶᠠᠷᠤᠯᠳᠠ  ᠶᠢᠨ ᠨᠢᠭᠡᠴᠠ ᠶᠢᠨ ᠨᠡᠭᠡᠭᠡᠨ ᠬᠦᠭᠵᠢᠬᠦᠯᠬᠦ ᠦᠢᠯᠡ ᠠᠵᠢᠯᠯᠠᠭ᠎ᠠ ᠪᠡ ᠵᠦᠪᠰᠢᠶᠡᠷᠡᠬᠦ ᠱᠠᠭᠠᠷᠳᠠᠯᠭ᠎ᠠ ᠶᠢ ᠲᠦᠷᠢᠮᠵᠢᠬᠦᠯᠵᠦ ᠂ ᠠᠮᠢ ᠠᠬᠤᠢ ᠶᠢᠨ ᠤᠷᠴᠢᠨ ᠲᠤᠭᠤᠷᠢᠨ ᠤ ᠵᠠᠰᠠᠯᠳᠠ ᠶᠢᠨ ᠲᠤᠭᠳᠠᠯᠴᠠᠭ᠎ᠠ ᠪᠡ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠮᠠᠯ ᠪᠡᠯᠴᠢᠬᠡᠷ ᠤᠨ ᠲᠡᠩᠴᠡᠬᠦᠷᠢ ᠶᠢ ᠪᠠᠳᠤᠯᠠᠬᠤ ᠪᠡ ᠪᠡᠯᠴᠢᠭᠡᠷᠯᠡᠬᠦᠯᠬᠦ ᠶᠢ ᠵᠤᠭᠰᠤᠭᠠᠨ ᠪᠡᠯᠴᠢᠭᠡᠷ ᠢ ᠰᠡᠷᠬᠦᠭᠡᠬᠦ ᠲᠦᠷᠢᠮ ᠢ ᠬᠠᠤᠯᠢ ᠶᠤᠰᠤᠭᠠᠷ ᠴᠢᠩᠭ᠎ᠠ ᠭᠡᠷᠡᠭᠵᠢᠬᠦᠯᠦᠨ᠂ ᠬᠠᠪᠤᠷ ᠤᠨ ᠤᠯᠠᠷᠢᠯ ᠤᠨ ᠤᠷᠭᠤᠯᠳᠠ ᠶᠢᠨ ᠬᠤᠭᠤᠴᠠᠭᠠᠨ ᠳᠤ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠠᠵᠢᠯ ᠢ ᠯᠠᠪᠳᠠᠭᠤᠨ ᠪᠠᠳᠤᠳᠠᠢ ᠦᠷᠨᠢᠬᠦᠯᠦᠨ᠎ᠡ᠃ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠨ᠎ᠠ᠃ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠬᠦᠨᠵᠡᠬᠡᠢ ᠠᠬᠢᠭᠤᠯᠵᠦ᠂ ᠵᠠᠳᠠᠭᠠᠢ ᠠᠭᠤᠷᠬᠠᠢ ᠶᠢᠨ ᠲᠤᠭᠤᠷᠢᠭ ᠤᠨ ᠲᠤᠭᠤᠰᠤ ᠰᠢᠷᠦᠢ ᠶᠢᠨ ᠪᠤᠬᠢᠷᠳᠤᠯ ᠪᠡ ᠠᠵᠦ ᠠᠬᠤᠶᠢᠯᠠᠯ ᠤᠨ ︽ᠭᠤᠷᠪᠡᠨ ᠬᠠᠶᠠᠭᠳᠠᠮᠠᠯ︾25 ᠢ ᠲᠤᠭᠳᠠᠭᠠᠯ ᠠᠴᠠ ᠵᠦᠷᠢᠴᠠᠨ ᠭᠠᠳᠠᠭᠰᠢᠯᠠᠭᠤᠯᠬᠤ ᠶᠢ ᠲᠤᠰᠬᠠᠢ ᠲᠦᠷᠦᠯ ᠢᠶᠠᠷ ᠵᠠᠰᠠᠨ ᠴᠡᠭᠴᠡᠯᠡᠵᠦ᠂ ᠪᠦᠬᠦ ᠵᠢᠯ ᠤᠨ ᠠᠭᠠᠷ ᠮᠠᠨᠳᠠᠯ ᠤᠨ ᠶᠡᠰᠤ ᠴᠢᠨᠡᠷ ᠤᠨ ᠪᠡᠷᠢᠮᠵᠢᠶ᠎ᠠ ᠶᠢ 96% ᠠᠴᠠ ᠲᠡᠭᠡᠭᠰᠢ ᠳᠤ ᠲᠤᠭᠳᠠᠪᠤᠷᠢᠵᠢᠭᠤᠯᠤᠨ᠎ᠠ᠃ ᠲᠦᠪᠯᠡᠷᠡᠭᠰᠡᠨ ᠤᠰᠤᠨ ᠰᠤᠷᠪᠤᠯᠵᠢ ᠶᠢᠨ ᠭᠠᠵᠡᠷ ᠤᠨ ᠬᠠᠮᠠᠭᠠᠯᠠᠯᠳᠠ ᠶᠢ ᠴᠢᠩᠭᠠᠳᠬᠠᠵᠦ ᠂ 3 ᠲᠦᠪᠯᠡᠷᠡᠭᠰᠡᠨ ᠤᠤᠭᠤᠬᠤ ᠤᠰᠤᠨ ᠤ ᠰᠤᠷᠪᠤᠯᠵᠢ ᠶᠢᠨ ᠭᠠᠵᠡᠷ ᠤᠨ ᠲᠦᠷᠢᠮᠵᠢᠭᠰᠡᠨ ᠪᠦᠳᠤᠭᠡᠨ ᠪᠠᠶᠢᠭᠤᠯᠤᠯᠳᠠ  ᠶᠢ ᠪᠡᠶᠡᠯᠡᠬᠦᠯᠵᠦ᠂ ᠰᠠᠭᠤᠭᠠᠯᠢ ᠠᠷᠠᠳ ᠤᠨ ᠤᠤᠭᠤᠬᠤ ᠤᠰᠤᠨ ᠤ ᠠᠮᠤᠷ ᠲᠦᠪᠰᠢᠨ ᠢ ᠪᠠᠳᠤᠯᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠬᠠᠶᠠᠭᠳᠠᠮᠠᠯ ᠪᠤᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠵᠦ᠂ ᠮᠠᠯ ᠲᠡᠵᠢᠭᠡᠪᠤᠷᠢ ᠶᠢᠨ ᠢᠯᠭᠠᠳᠠᠰᠤ ᠶᠢ ᠶᠡᠷᠦᠩᠭᠡᠶᠢᠯᠡᠨ ᠠᠰᠢᠭᠯᠠᠬᠤ ᠨᠤᠷᠮ᠎ᠡ ᠶᠢ 98% ᠳᠤ ᠬᠦᠷᠭᠡᠨ᠎ᠡ᠃ ᠦᠪᠡᠷᠳᠡᠭᠡᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠦᠷᠨᠢᠬᠦᠯᠵᠦ᠂ ᠡᠯ᠎ᠡ ᠱᠠᠳᠤᠨ ᠤ ᠡᠯ᠎ᠡ ᠲᠦᠷᠦᠯ ᠤᠨ ᠤᠷᠴᠢᠨ ᠲᠤᠭᠤᠷᠢᠨ  ᠢ ᠬᠠᠮᠠᠭᠠᠯᠠᠭᠰᠠᠨ ᠪᠠᠶᠢᠳᠠᠯ ᠢ ᠱᠠᠭᠠᠷᠳᠠᠨ ᠪᠠᠶᠢᠴᠠᠭᠠᠵᠦ ᠲᠤᠰᠬᠠᠭᠰᠠᠨ ᠠᠰᠠᠭᠤᠳᠠᠯ ᠢ ᠵᠠᠰᠠᠨ ᠴᠡᠭᠴᠡᠯᠡᠭᠰᠡᠨ ᠦᠷ᠎ᠡ ᠪᠦᠳᠤᠭᠡᠯ ᠢ ᠪᠠᠬᠢᠵᠢᠬᠦᠯᠦᠨ ᠲᠡᠭᠡᠭᠰᠢᠯᠡᠬᠦᠯᠵᠦ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠯᠳᠠ ᠶᠢᠨ ᠲᠤᠭᠤᠶᠢᠯᠠᠩ ᠤᠨ ᠪᠠᠶᠢᠴᠠᠭᠠᠯᠳᠠ ᠶᠢ ᠤᠭᠳᠤᠬᠤ ᠪᠡᠯᠡᠳᠭᠡᠯ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠨ᠎ᠡ᠃ ᠪᠡᠭᠡᠵᠢᠩ ᠲᠢᠶᠠᠨᠵᠢᠨ ᠤ ᠡᠯᠡᠰᠤᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠭᠤᠤᠯᠳᠠᠯᠭ᠎ᠠ ᠲᠠᠢ ᠤᠷᠤᠨ ᠪᠦᠰᠡ ᠶᠢᠨ ᠨᠤᠭᠤᠭᠠᠷᠠᠭᠤᠯᠤᠯᠳᠠ ᠵᠡᠷᠭᠡ ᠠᠮᠢ ᠠᠬᠤᠢ ᠶᠢᠨ ᠰᠡᠷᠬᠦᠭᠡᠯᠳᠡ ᠶᠢᠨ ᠢᠨᠵᠧᠨᠧᠷᠢᠩ ᠢ ᠵᠤᠬᠢᠶᠠᠨ ᠪᠠᠶᠢᠭᠤᠯᠤᠨ ᠰᠠᠶᠢᠳᠤᠷ ᠪᠠᠶᠠᠯᠠᠬᠦᠯᠵᠦ᠂ ᠵᠢᠯ ᠤᠨ ᠲᠤᠳᠤᠷ᠎ᠡ 12 ᠲᠦᠮᠡᠨ ᠮᠤ᠋ ᠨᠤᠳᠤᠭ ᠪᠡᠯᠴᠢᠭᠡᠷ ᠤᠨ ᠠᠮᠢ ᠠᠬᠤᠢ ᠶᠢ ᠰᠡᠷᠬᠦᠭᠡᠨ ᠵᠠᠰᠠᠵᠦ᠂ 1 ᠲᠦᠮᠡᠨ ᠮᠤ᠋ ᠡᠯᠡᠰᠤ ᠶᠢ ᠪᠢᠳᠡᠬᠦᠮᠵᠢᠯᠠᠨ ᠤᠶᠢᠵᠢᠭᠤᠯᠵᠦ᠂ 12 ᠲᠡᠭᠰᠢ ᠲᠦᠷᠪᠡᠯᠵᠢᠨ ᠺᠢᠯᠦᠮᠧᠲᠷ ᠤᠨ ᠵᠢᠵᠢᠭ ᠤᠷᠤᠰᠬᠠᠯ ᠢ ᠵᠠᠰᠠᠨ᠎ᠠ᠃ ᠪᠤᠬᠢᠷᠳᠤᠯ ᠦᠬᠡᠢ ᠠᠭᠤᠷᠬᠠᠢ ᠶᠢᠨ ᠪᠦᠳᠤᠭᠡᠨ ᠪᠠᠶᠢᠭᠤᠯᠤᠯᠳᠠ ᠶᠢᠨ ᠦᠷ᠎ᠡ ᠪᠦᠳᠤᠭᠡᠯ ᠢ ᠪᠠᠬᠢᠵᠢᠬᠦᠯᠵᠦ᠂ ᠠᠭᠤᠷᠬᠠᠢ  ᠶᠢᠨ ᠭᠠᠵᠡᠷ ᠰᠢᠨᠵᠢᠯᠡᠭᠡᠨ ᠤ ᠤᠷᠴᠢᠨ ᠲᠤᠭᠤᠷᠢᠨ ᠤ ᠶᠡᠷᠦᠩᠭᠡᠶᠢᠯᠡᠭᠰᠡᠨ ᠵᠠᠰᠠᠯᠳᠠ ᠶᠢ ᠯᠠᠪᠳᠠᠭᠤᠨ ᠪᠠᠳᠤᠳᠠᠢ ᠠᠬᠢᠭᠤᠯᠵᠦ᠂ 0.8 ᠲᠡᠭᠰᠢ ᠲᠦᠷᠪᠡᠯᠵᠢᠨ ᠺᠢᠯᠦᠮᠧᠲᠷ ᠤᠨ ᠬᠠᠶᠠᠭᠳᠠᠮᠠᠯ ᠠᠭᠤᠷᠬᠠᠢ ᠶᠢᠨ ᠨᠦᠭᠡ ᠶᠢ ᠪᠤᠯᠠᠬᠤ ᠠᠵᠢᠯ  ᠢ ᠪᠠᠶᠠᠯᠠᠬᠦᠯᠵᠦ᠂ ᠬᠠᠶᠠᠭᠳᠠᠮᠠᠯ ᠠᠭᠤᠷᠬᠠᠢ ᠶᠢᠨ ᠨᠦᠬᠡ ᠶᠢ ᠪᠦᠬᠦᠨ ᠢ ᠴᠡᠪᠡᠷᠯᠡᠬᠦ ᠠᠵᠢᠯ ᠢ ᠪᠡᠶᠡᠯᠡᠬᠦᠯᠦᠨ᠎ᠡ᠃ ᠪᠤᠬᠢᠷᠳᠤᠯ ᠦᠬᠡᠢ ᠬᠦᠭᠵᠢᠯᠳᠡ ᠶᠢ ᠠᠬᠢᠭᠤᠯᠤᠨ᠎ᠠ᠃ ᠡᠨᠧᠷᠬᠢ ᠶᠢᠨ ᠬᠤᠷᠤᠭᠳᠠᠯ ᠤᠨ ᠬᠤᠶᠠᠷ ᠢ ᠡᠵᠡᠮᠳᠡᠬᠦ ᠬᠤᠷᠢᠭ᠎ᠠ ᠱᠤᠭᠤᠮ ᠢ ᠴᠢᠩᠭ᠎ᠠ ᠰᠠᠬᠢᠵᠦ᠂ ᠡᠨᠧᠷᠬᠢ ᠭᠡᠷᠡᠭᠯᠡᠬᠦ ᠭᠤᠤᠯᠳᠠᠯᠭ᠎ᠠ ᠲᠠᠢ ᠠᠵᠦ ᠠᠬᠤᠶᠢᠯᠠᠯ ᠢ ᠰᠢᠨ᠎ᠡ ᠡᠨᠧᠷᠬᠢ ᠯᠦᠭᠡ ᠰᠢᠯᠢᠳᠡᠭᠵᠢᠬᠦᠯᠦᠨ ᠨᠡᠶᠢᠯᠡᠬᠦᠯᠬᠦ ᠶᠢ ᠠᠬᠢᠭᠤᠯᠵᠦ᠂ ᠠᠵᠦ ᠠᠬᠤᠶᠢᠯᠠᠯ ᠤᠨ ᠡᠨᠧᠷᠬᠢ ᠠᠷᠪᠢᠯᠠᠬᠤ ᠮᠡᠷᠭᠡᠵᠢᠯ ᠤᠨ ᠦᠬᠡᠷᠡᠴᠢᠯᠠᠯᠳᠠ ᠶᠢ ᠲᠡᠮᠵᠢᠵᠦ᠂ ᠬᠤᠸᠠ ᠰᠢᠩ ᠠᠵᠦ ᠠᠬᠤᠶᠢᠯᠠᠯ᠂ ᠰᠢᠨ ᠮᠧᠩ ᠰᠢᠨ ᠮᠡᠲ᠋ᠧᠷᠢᠶᠠᠯ ᠪᠤᠯᠤᠨ ᠰᠦᠨᠢᠳ ᠬᠤᠵᠢᠷ ᠤᠨ ᠠᠭᠤᠷᠬᠠᠢ ᠶᠢᠨ ᠺᠤᠮᠫᠠᠨᠢ ᠶᠢᠨ ᠰᠦᠯᠵᠢᠶᠠᠨ ᠲᠡᠭᠡᠷᠡᠬᠢ ᠬᠢᠨᠡᠨ  ᠬᠡᠮᠵᠢᠯᠳᠠ ᠳᠤ ᠤᠷᠤᠭᠤᠯᠬᠤ ᠰᠢᠰᠲ᠋ᠧᠮ ᠤᠨ ᠪᠠᠶᠢᠭᠤᠯᠤᠯᠳᠠ ᠶᠢ ᠰᠢᠯᠭᠠᠨ ᠬᠤᠷᠢᠶᠠᠬᠤ ᠠᠵᠢᠯ ᠢ ᠪᠡᠶᠡᠯᠡᠬᠦᠯᠦᠨ᠎ᠡ᠃ ᠠᠮᠢ ᠠᠬᠤᠢ ᠶᠢᠨ ᠪᠤᠯᠪᠠᠰᠤᠨ  ᠤ ᠤᠬᠠᠭᠤᠯᠭ᠎ᠠ ᠬᠦᠮᠦᠵᠢᠯ ᠢ ᠴᠢᠩᠭᠠᠳᠬᠠᠵᠦ᠂ ᠤᠯᠠᠨ ᠲᠦᠮᠡᠨ ᠤ ᠤᠷᠴᠢᠨ ᠲᠤᠭᠤᠷᠢᠨ ᠢ ᠬᠠᠮᠠᠭᠠᠯᠠᠬᠤ ᠤᠬᠠᠮᠰᠠᠷ  ᠢ ᠴᠢᠩᠭᠠᠳᠬᠠᠨ᠂ ᠠᠷᠪᠢᠴᠢ ᠭᠠᠮᠳᠠᠢ᠂ ᠪᠤᠬᠢᠷᠳᠤᠯ ᠦᠬᠡᠢ᠂ ᠡᠷᠡᠬᠦᠯ ᠪᠤᠯᠪᠠᠰᠤᠨ ᠠᠮᠢᠳᠤᠷᠠᠯ ᠤᠨ ᠠᠷᠭ᠎ᠠ ᠭᠡᠯᠪᠡᠷᠢ ᠪᠡ ᠭᠡᠷᠡᠭᠯᠡᠭᠡᠨ ᠤ ᠵᠠᠭᠪᠤᠷ ᠢ ᠪᠦᠷᠢᠯᠳᠤᠬᠦᠯᠬᠦ ᠶᠢ ᠠᠬᠢᠭᠤᠯᠵᠦ᠂ ᠪᠦᠬᠦ ᠨᠡᠶᠢᠬᠡᠮ ᠢᠶᠠᠷ ᠢᠶᠠᠨ ᠤᠷᠤᠯᠴᠠᠬᠤ ᠰᠠᠶᠢᠨ ᠰᠠᠶᠢᠬᠠᠨ ᠭᠡᠪ ᠰᠤᠷᠳᠠᠯ ᠢ ᠪᠦᠷᠢᠯᠳᠤᠬᠦᠯᠤᠨ᠎ᠡ᠃ ︵ᠬᠤᠶᠠᠷ︶ ᠲᠤᠭᠳᠠᠭᠤᠨ ᠪᠠᠶᠢᠯᠭᠠᠬᠤ ᠳᠤ ᠲᠦᠪᠯᠡᠷᠡᠬᠦᠯᠵᠦ᠂ ᠤᠯᠠᠨ ᠴᠡᠭ ᠤᠯᠠᠨ ᠲᠠᠰ ᠢᠶᠠᠷ ᠠᠵᠦ ᠠᠬᠤᠢ ᠶᠢᠨ ᠬᠦᠭᠵᠢᠯᠳᠡ ᠶᠢᠨ ᠰᠠᠭᠤᠷᠢ ᠶᠢ ᠪᠠᠬᠢᠵᠢᠬᠦᠯᠦᠨ᠎ᠡ᠃ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠨᠠᠩ ᠬᠦᠴᠦᠳᠠᠢ ᠴᠢᠩᠭᠠᠳᠬᠠᠨ᠎ᠠ᠃ ᠲᠦᠷᠦᠯ ᠵᠦᠢᠯ ᠢ ᠠᠳᠬᠤᠬᠤ᠂ ᠠᠷᠠᠯᠵᠢᠶᠠᠴᠢᠨ ᠤᠷᠢᠬᠤ ᠶᠢ ᠠᠳᠬᠤᠬᠤ ᠶᠢ ᠪᠡᠯᠡ ᠤᠷᠤᠭᠤᠯᠤᠯᠳᠠ ᠶᠢ ᠲᠤᠭᠳᠠᠪᠤᠷᠢᠵᠢᠭᠤᠯᠬᠤ᠂  ᠨᠡᠮᠡᠭᠳᠡᠯ ᠢ ᠲᠤᠭᠳᠠᠪᠤᠷᠢᠵᠢᠭᠤᠯᠬᠤ ᠶᠢᠨ ︽ᠲᠤᠭᠳᠠᠪᠤᠷᠢᠵᠢᠭᠤᠯᠤᠭᠴᠢ ︾ ᠪᠤᠯᠭᠠᠨ᠎ᠠ᠃ ᠭᠤᠤᠯᠳᠠᠯᠭ᠎ᠠ ᠲᠠᠢ ᠲᠦᠷᠦᠯ ᠵᠦᠢᠯ ᠢ ᠬᠠᠪᠰᠤᠷᠤᠨ ᠤᠷᠤᠯᠠᠨ ᠬᠦᠢᠴᠡᠳᠭᠡᠬᠦ ᠦᠢᠯᠡᠴᠢᠯᠡᠭᠡ ᠶᠢ ᠦᠷᠬᠦᠯᠵᠢᠯᠡᠨ ᠠᠬᠢᠭᠤᠯᠵᠦ᠂ ᠲᠦᠷᠦᠯ ᠵᠦᠢᠯ ᠤᠨ ︽ᠲᠠᠪᠤᠨ ᠨᠢᠭᠡ︾26 ᠲᠦᠷᠢᠮ ᠢ ᠨᠠᠶᠢᠳᠠᠪᠤᠷᠢᠵᠢᠭᠤᠯᠵᠦ᠂ 46 ᠭᠤᠤᠯᠳᠠᠯᠭ᠎ᠠ ᠲᠠᠢ ᠲᠦᠷᠦᠯ ᠵᠦᠢᠯ ᠢ ᠠᠵᠢᠯ ᠡᠬᠢᠯᠡᠬᠦᠯᠬᠦ ᠶᠢ ᠪᠦᠬᠦ ᠬᠦᠴᠦ ᠪᠠᠷ ᠢᠶᠠᠨ ᠪᠠᠳᠤᠯᠠᠨ᠎ᠠ᠃ ︽ᠠᠷᠠᠯᠵᠢᠶᠠᠴᠢᠨ ᠤᠷᠢᠵᠦ ᠪᠡᠯᠡ ᠤᠷᠤᠭᠤᠯᠬᠤ ᠰᠢᠪᠳᠤᠯᠤᠯᠳᠠ ᠶᠢᠨ ᠤᠨ︾ ᠤ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠮᠠᠯ ᠤᠨ ᠠᠰᠢᠭ ᠰᠢᠮ᠎ᠡ ᠪᠡ ᠲᠠᠷᠢᠶᠠᠯᠠᠩ ᠤᠨ ᠪᠦᠳᠤᠭᠡᠭᠳᠡᠬᠦᠨ ᠢ ᠨᠠᠷᠢᠯᠢᠭ ᠡᠳ᠋ᠰᠢᠯᠡᠬᠦᠯᠦᠨ ᠪᠤᠯᠪᠠᠰᠤᠷᠠᠭᠤᠯᠬᠤ ᠵᠢᠴᠢ ᠮᠠᠯ ᠤᠨ ᠠᠰᠢᠭ ᠰᠢᠮ᠎ᠡ ᠶᠢᠨ ᠪᠦᠳᠤᠭᠡᠭᠳᠡᠬᠦᠨ ᠤ ᠲᠦᠷᠦᠯ ᠲᠡᠮᠳᠡᠭ ᠢ ᠡᠬᠦᠳᠬᠦ᠂ ᠰᠢᠨ᠎ᠡ ᠡᠨᠧᠷᠬᠢ ᠶᠢᠨ ᠲᠤᠨᠤᠭᠯᠠᠯ ᠦᠢᠯᠡᠳᠬᠦ᠂ ᠬᠦᠮᠦᠷᠭᠡᠯᠡᠨ ᠬᠠᠳᠠᠭᠠᠯᠠᠬᠤ ᠪᠠᠷᠠᠭᠠᠨ ᠤ ᠬᠦᠢᠯᠬᠡᠬᠡ᠂ ᠲᠠᠯ᠎ᠠ ᠨᠤᠳᠤᠭ ᠤᠨ ᠰᠤᠶᠤᠯ ᠵᠢᠭᠤᠯᠴᠢᠯᠠᠯ ᠢ ᠨᠡᠭᠡᠭᠡᠨ ᠬᠦᠭᠵᠢᠬᠦᠯᠬᠦ ᠵᠡᠷᠭᠡ ᠬᠦᠷᠢᠶ᠎ᠠ ᠴᠡᠷ᠎ᠡ ᠳᠤ ᠠᠷᠠᠯᠵᠢᠶᠠᠴᠢᠨ ᠢ ᠤᠨᠤᠪᠴᠢᠳᠠᠢ ᠤᠷᠢᠵᠦ ᠂ ︽ᠪᠤᠯᠭᠤᠮᠵᠢᠳᠠᠢ ᠠᠮᠠᠯᠳᠠᠵᠦ᠂ ᠴᠢᠩᠭ᠎ᠠ ᠬᠦᠢᠴᠡᠳᠭᠡᠬᠦ︾ ᠶᠢ ᠪᠡᠷᠢᠮᠳᠠᠯᠠᠨ᠂ ᠲᠦᠷᠦᠯ ᠵᠦᠢᠯ ᠢ ᠬᠢᠨᠠᠨ ᠲᠤᠭᠳᠠᠭᠠᠬᠤ᠂ ᠭᠠᠵᠡᠷ ᠰᠢᠷᠦᠢ ᠬᠠᠩᠭᠠᠬᠤ᠂ ᠬᠢᠨᠠᠨ ᠵᠦᠪᠰᠢᠶᠡᠷᠡᠬᠦ᠂ ᠵᠠᠬ᠎ᠠ ᠠᠴᠠ ᠤᠬᠤᠷᠢᠭᠤᠯᠤᠨ ᠭᠠᠷᠭᠠᠬᠤ᠂ ᠪᠦᠷᠢᠳᠭᠡᠯ ᠳᠤ ᠤᠷᠤᠭᠤᠯᠬᠤ ᠵᠤᠬᠢᠴᠠᠮᠵᠢ ᠶᠢ ᠲᠡᠬᠦᠯᠳᠡᠷᠵᠢᠬᠦᠯᠵᠦ᠂ ᠠᠮᠤᠷ ᠲᠦᠪᠰᠢᠨ᠂ ᠪᠤᠬᠢᠷᠳᠤᠯ ᠦᠬᠡᠢ᠂ ᠡᠨᠧᠷᠬᠢ ᠶᠢᠨ ᠬᠤᠷᠤᠭᠳᠠᠯ ᠵᠡᠷᠭᠡ ᠲᠠᠯ᠎ᠠ ᠪᠠᠷ ︽ᠠᠷᠠᠯᠵᠢᠶᠠᠴᠢᠨ ᠤᠷᠢᠵᠦ ᠪᠡᠯᠡ ᠤᠷᠤᠭᠤᠯᠬᠤ ᠪᠤᠭᠤᠮᠳᠠ︾ ᠶᠢ ᠴᠢᠩᠭ᠎ᠠ ᠠᠳᠬᠤᠵᠦ᠂ ᠠᠷᠠᠯᠵᠢᠶᠠᠴᠢᠨ ᠤᠷᠢᠬᠤ ᠲᠦᠷᠦᠯ ᠵᠦᠢᠯ ᠤᠨ ︽ᠦᠨ᠎ᠡ ᠦᠷᠳᠡᠭ ᠲᠠᠢ᠂ ᠰᠢᠨ᠎ᠡ ᠡᠨᠧᠷᠬᠢ  ᠶᠢᠨ᠂ ᠪᠤᠬᠢᠷᠳᠤᠯ ᠦᠬᠡᠢ︾ ᠪᠠᠶᠢᠬᠤ ᠪᠡᠷᠢᠮᠵᠢᠶ᠎ᠠ ᠶᠢ ᠲᠡᠭᠡᠭᠰᠢᠯᠡᠬᠦᠯᠦᠨ᠎ᠡ᠃ ᠪᠦᠬᠦ ᠵᠢᠯ ᠳᠤ 5 ᠠᠴᠠ ᠲᠡᠭᠡᠭᠰᠢ ᠪᠦᠳᠤᠭᠡᠨ ᠪᠠᠶᠢᠭᠤᠯᠤᠯᠳᠠ ᠶᠢᠨ ᠲᠦᠷᠦᠯ ᠵᠦᠢᠯ ᠢ ᠭᠡᠷ᠎ᠡ ᠲᠤᠭᠳᠠᠨ ᠰᠠᠭᠤᠷᠢᠰᠢᠭᠤᠯᠬᠤ ᠪᠠᠷ ᠴᠢᠷᠮᠡᠶᠢᠵᠦ᠂ ᠡᠬᠦᠨ  ᠳᠤ ᠳ᠋ᠦᠩᠰᠢᠭᠤᠷ ᠲᠦᠬᠦᠷᠢᠭ ᠠᠴᠠ ᠲᠡᠭᠡᠭᠰᠢᠬᠢ ᠲᠦᠷᠦᠯ ᠵᠦᠢᠯ ᠢ ᠠᠳᠠᠭ ᠲᠠᠭᠠᠨ 2 ᠪᠠᠶᠢᠯᠭᠠᠵᠦ᠂ 8.5 ᠳ᠋ᠦᠩᠰᠢᠭᠤᠷ ᠲᠦᠬᠦᠷᠢᠭ ᠠᠴᠠ ᠲᠡᠭᠡᠭᠰᠢ ᠪᠡᠯᠡ ᠮᠦᠩᠬᠦ ᠶᠢ ᠨᠠᠶᠢᠳᠠᠪᠤᠷᠢᠵᠢᠭᠤᠯᠤᠨ᠎ᠠ᠃ ᠦᠬᠡᠷᠡᠴᠢᠯᠠᠯᠳᠠ ᠨᠡᠭᠡᠭᠡᠯᠳᠡ  ᠶᠢ ᠨᠡᠩ ᠬᠦᠴᠦᠳᠡᠢ ᠠᠬᠢᠭᠤᠯᠤᠨ᠎ᠠ᠃ ᠦᠬᠡᠷᠡᠴᠢᠯᠠᠯᠳᠠ ᠬᠢᠵᠦ ᠰᠢᠨ᠎ᠡ ᠶᠢ ᠡᠬᠦᠳᠴᠦ ᠨᠡᠭᠡᠭᠡᠯᠳᠡ ᠬᠢᠬᠦ ᠶᠢ ᠬᠦᠨᠵᠡᠬᠡᠶᠢᠷᠡᠬᠦᠯᠬᠦ ᠶᠢ ᠵᠠᠬ᠎ᠠ ᠲᠡᠯᠭᠡᠬᠦᠷ ᠤᠨ ᠭᠤᠤᠯ ᠴᠤᠭᠴᠠ ᠶᠢᠨ ᠠᠮᠢᠵᠢᠷᠠᠯ ᠤᠨ ᠬᠦᠴᠦᠨ ᠢ ᠬᠦᠭᠵᠢᠬᠡᠬᠦ᠂ ᠠᠵᠦ ᠠᠬᠤᠢ ᠶᠢᠨ ᠡᠷᠬᠢᠯᠳᠡ ᠶᠢ ᠲᠤᠭᠳᠠᠪᠤᠷᠢᠵᠢᠭᠤᠯᠬᠤ ︽ᠰᠠᠭᠤᠷᠢ ᠴᠢᠯᠠᠭᠤ︾ ᠪᠤᠯᠭᠠᠨ᠎ᠠ᠃ ᠡᠳ᠋ ᠤᠨ ᠵᠠᠰᠠᠭ ᠭᠠᠶᠢᠯᠢ  ᠶᠢᠨ ᠶᠠᠪᠤᠳᠠᠯ᠂ ᠡᠮ ᠡᠮᠨᠡᠯᠬᠡ ᠡᠷᠡᠬᠦᠯ ᠬᠠᠮᠠᠭᠠᠯᠠᠯ᠂ ᠮᠠᠯ ᠲᠠᠷᠢᠶᠠᠯᠠᠩ ᠪᠡ ᠮᠠᠯᠵᠢᠬᠤ ᠲᠠᠷᠢᠶᠠᠯᠠᠬᠤ ᠤᠷᠤᠨ ᠵᠡᠷᠭᠡ ᠬᠦᠷᠢᠶ᠎ᠠ ᠴᠡᠷ᠎ᠡ ᠳᠠᠬᠢ ᠦᠬᠡᠷᠡᠴᠢᠯᠠᠯᠳᠠ ᠶᠢ ᠦᠷᠬᠦᠯᠵᠢᠯᠡᠨ ᠠᠬᠢᠭᠤᠯᠵᠦ᠂ ᠬᠦᠭᠵᠢᠯᠳᠡ ᠶᠢᠨ ᠬᠦᠯᠢᠶᠠᠰᠤᠯᠠᠯ ᠢ ᠰᠤᠯᠠᠷᠠᠭᠤᠯᠵᠦ᠂ ᠬᠠᠷᠰᠢ ᠰᠠᠭᠠᠳ ᠢ ᠠᠷᠢᠯᠭᠠᠬᠤ ᠪᠠᠷ ᠴᠢᠷᠮᠡᠶᠢᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶ᠎ᠠ ᠴᠡᠷ᠎ᠡ ᠳᠠᠬᠢ ᠦᠬᠡᠷᠡᠴᠢᠯᠠᠯᠳᠠ ᠶᠢ ᠬᠦᠨᠵᠡᠬᠡᠶᠢᠷᠡᠬᠦᠯᠵᠦ᠂ ᠲᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠬᠦᠷᠢᠶᠠᠯᠠᠩ ᠤᠨ ᠲᠡᠵᠢᠭᠡᠯ ᠪᠤᠷᠳᠤᠭᠠᠨ ᠤ ᠰᠤᠳᠤᠯᠭᠠᠨ ᠤ ᠭᠠᠵᠡᠷ ᠤᠨ ᠳ᠋ᠤᠺᠲ᠋ᠤᠷ ᠤᠨ ᠨᠡᠬᠦᠳᠡᠯ ᠠᠵᠢᠯᠯᠠᠬᠤ ᠦᠷᠳᠡᠭᠡ ᠪᠡ ᠤᠢ ᠰᠢᠭᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠠᠯᠠᠩ ᠤᠨ ᠤᠯᠤᠰ ᠤᠨ ᠨᠤᠳᠤᠭ ᠪᠡᠯᠴᠢᠬᠡᠷ ᠤᠨ ᠰᠤᠳᠤᠯᠭᠠᠨ ᠤ ᠲᠦᠪ ᠤᠨ ᠦᠢᠯᠡᠳᠤᠯ ᠢ ᠬᠦᠢᠴᠡᠳ ᠪᠠᠳᠠᠷᠠᠭᠤᠯᠵᠦ᠂ ᠰᠢᠨᠵᠢᠯᠡᠭᠡ ᠮᠡᠷᠭᠡᠵᠢᠯ ᠤᠨ ᠦᠷ᠎ᠡ ᠪᠦᠳᠤᠭᠡᠯ ᠢ ᠪᠤᠳᠠᠳᠠᠶᠢᠵᠢᠭᠤᠯᠬᠤ ᠶᠢ ᠠᠬᠢᠭᠤᠯᠤᠨ᠎ᠠ᠃ ᠤᠯᠤᠰ ᠤᠨ ᠦᠮᠴᠢᠯᠠᠯᠳᠤ ᠠᠵᠦ ᠠᠬᠤᠶᠢᠯᠠᠯ ᠤᠨ ᠦᠬᠡᠷᠡᠴᠢᠯᠠᠯᠳᠠ ᠶᠢᠨ ᠭᠤᠷᠪᠡᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠳᠤᠳᠠᠢ ᠠᠬᠢᠭᠤᠯᠵᠦ ᠂ ᠵᠠᠰᠠᠯᠳᠠ ᠶᠢᠨ ᠲᠤᠭᠳᠠᠯᠴᠠᠭ᠎ᠠ ᠶᠢ ᠰᠢᠯᠢᠳᠡᠭᠵᠢᠬᠦᠯᠦᠨ ᠲᠡᠬᠦᠯᠳᠡᠷᠵᠢᠬᠦᠯᠵᠦ᠂ ᠬᠠᠮᠢᠶᠠᠷᠤᠯᠳᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠬᠦᠯᠦᠨ᠂ ᠤᠯᠤᠰ ᠤᠨ ᠦᠮᠴᠢᠯᠠᠯᠳᠤ ᠠᠵᠦ ᠠᠬᠤᠶᠢᠯᠠᠯ ᠤᠨ ᠡᠷᠡᠬᠦᠯ ᠬᠦᠭᠵᠢᠯᠳᠡ ᠶᠢ ᠠᠬᠢᠭᠤᠯᠤᠨ᠎ᠠ᠃ ᠠᠵᠦ ᠠᠬᠤᠶᠢᠯᠠᠯ ᠤᠨ ᠮᠡᠷᠭᠡᠵᠢᠯ ᠤᠨ ᠰᠤᠳᠤᠯᠤᠨ ᠨᠡᠭᠡᠭᠡᠬᠦ ᠠᠵᠢᠯ ᠦᠷᠨᠢᠬᠦᠯᠬᠦ ᠶᠢ ᠵᠤᠷᠢᠭᠵᠢᠭᠤᠯᠤᠨ ᠲᠡᠮᠵᠢᠨ᠎ᠡ᠃ ᠵᠢᠯ ᠤᠨ ᠲᠤᠳᠤᠷ᠎ᠡ᠂ ᠲᠡᠭᠡᠳᠤ ᠰᠢᠨ᠎ᠡ ᠮᠡᠷᠭᠡᠵᠢᠯ ᠤᠨ 1 ᠠᠵᠦ ᠠᠬᠤᠶᠢᠯᠠᠯ᠂ ᠰᠢᠨᠵᠢᠯᠡᠭᠡ ᠮᠡᠷᠭᠡᠵᠢᠯ ᠤᠨ ᠭᠡᠯᠪᠡᠷᠢ ᠶᠢᠨ ᠲᠤᠮᠳᠠ ᠪᠠᠭ᠎ᠠ 2 ᠠᠵᠦ ᠠᠬᠤᠶᠢᠯᠠᠯ ᠢ ᠪᠤᠶᠢᠵᠢᠭᠤᠯᠤᠨ᠎ᠠ᠃ ᠤᠯᠤᠰ ᠤᠨ ᠨᠡᠭᠡᠭᠡᠯᠳᠡ ᠬᠢᠬᠦ ᠶᠡᠷᠦᠩᠭᠡᠢ ᠪᠠᠶᠢᠷᠢᠯᠠᠭᠤᠯᠤᠯᠳᠠ ᠲᠠᠢ ᠢᠳᠡᠪᠬᠢᠳᠡᠢ ᠠᠭᠤᠰᠤᠯᠴᠠᠭᠤᠯᠵᠦ᠂ ᠦᠪᠡᠷᠳᠡᠭᠡᠨ ᠵᠠᠰᠠᠬᠤ ᠤᠷᠤᠨ ᠤ ᠤᠮᠠᠷᠠᠰᠢ ᠨᠡᠭᠡᠭᠡᠯᠳᠡ ᠬᠢᠬᠦ ᠴᠢᠬᠤᠯᠠ  ᠪᠠᠬᠢᠯᠡᠯᠳᠡ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠠ ᠪᠡ ᠪᠦᠬᠦ ᠠᠶᠢᠮᠠᠭ ᠤᠨ ᠪᠠᠷᠠᠭᠤᠨ ᠭᠡᠰᠡᠭ ᠬᠤᠰᠢᠭᠤ ᠰᠢᠶᠠᠨ ᠢ ᠬᠦᠭᠵᠢᠬᠦᠯᠬᠦ ᠪᠠᠶᠢᠷᠢᠯᠠᠭᠤᠯᠤᠯᠳᠠ ᠳᠤ ᠲᠦᠰᠢᠭᠯᠡᠨ᠂ ᠪᠡᠭᠡᠵᠢᠩ ᠤᠨ ᠠᠵᠦ ᠠᠬᠤᠢ ᠶᠢᠨ ᠮᠡᠷᠭᠡᠵᠢᠯ ᠤᠨ ᠨᠡᠭᠡᠭᠡᠯᠳᠡ ᠶᠢᠨ ᠤᠷᠤᠨ᠂ ᠲᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠠᠯ ᠤᠨ ᠬᠠᠪᠰᠤᠷᠤᠨ ᠲᠡᠳᠬᠦᠬᠦ ᠠᠵᠠ ᠲᠤᠬᠢᠶᠠᠯ ᠢ ᠴᠢᠩᠭ᠎ᠠ ᠠᠳᠬᠤᠵᠦ᠂ ᠬᠦᠴᠦᠨ ᠢ ᠠᠰᠢᠭᠯᠠᠨ ᠬᠦᠭᠵᠢᠬᠦᠯᠵᠦ᠂ ᠪᠠᠶᠢᠳᠠᠯ ᠢ ᠠᠰᠢᠭᠯᠠᠨ ᠲᠡᠭᠡᠭᠰᠢᠯᠡᠬᠦᠯᠵᠦ᠂ ᠮᠡᠨ ᠤ ᠬᠤᠰᠢᠭᠤᠨ ᠤ ᠤᠷᠤᠨ ᠪᠠᠶᠢᠷᠢᠰᠢᠯ ᠪᠡ ᠡᠬᠢ ᠪᠠᠶᠠᠯᠢᠭ ᠤᠨ ᠲᠠᠪᠠᠭᠤᠯᠢᠭ ᠲᠤ ᠰᠠᠭᠤᠷᠢᠯᠠᠨ᠂ ᠭᠠᠳᠠᠭᠰᠢ ᠤᠬᠠᠭᠤᠯᠤᠨ ᠲᠠᠨᠢᠯᠴᠠᠭᠤᠯᠬᠤ ᠪᠡ ᠠᠵᠦ ᠠᠬᠤᠢ ᠠᠷᠠᠯᠵᠢᠶ᠎ᠠ ᠰᠤᠶᠤᠯ ᠤᠨ ᠰᠤᠯᠢᠯᠴᠠᠭ᠎ᠠ ᠶᠢ ᠴᠢᠩᠭᠠᠳᠬᠠᠵᠦ᠂ ᠮᠡᠨ ᠤ ᠬᠤᠰᠢᠭᠤᠨ ᠤ ᠨᠦᠯᠦᠬᠡᠯᠡᠯ ᠤᠨ ᠬᠦᠴᠦᠨ ᠪᠡ ᠠᠯᠳᠠᠷᠰᠢᠯ ᠤᠨ ᠭᠡᠮᠵᠢᠶ᠎ᠠ ᠶᠢ ᠲᠡᠰᠤᠷᠠᠯᠳᠠ ᠦᠬᠡᠢ ᠦᠷᠭᠡᠳᠭᠡᠨ᠂ ᠨᠡᠩ ᠤᠯᠠᠨ ᠨᠤᠳᠤᠭ ᠤᠨ ᠠᠵᠦ ᠠᠬᠤᠶᠢᠯᠠᠯ ᠪᠡ ᠲᠦᠷᠦᠯ ᠲᠡᠮᠳᠡᠭ ᠢ ᠪᠦᠬᠦ ᠤᠯᠤᠰ ᠤᠨ ᠵᠠᠬ᠎ᠠ ᠳᠤ ᠭᠠᠷᠭᠠᠵᠦ᠂ ᠨᠠᠩ ᠤᠯᠠᠨ ᠠᠵᠦ ᠠᠬᠤᠶᠢᠯᠠᠯ ᠢ ᠲᠡᠳᠡᠨ ᠤᠷᠤᠭᠤᠯᠵᠦ ᠮᠡᠨ ᠤ ᠬᠤᠰᠢᠭᠤᠨ ᠳᠤ ᠪᠡᠯᠡ ᠤᠷᠤᠭᠤᠯᠤᠨ ᠦᠢᠯᠡᠰ ᠪᠤᠰᠬᠠᠬᠤ ᠶᠢ ᠨᠢ ᠲᠡᠮᠵᠢᠨ᠎ᠡ᠃ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠠᠯ ᠢ ᠨᠡᠩ ᠬᠦᠴᠦᠳᠠᠢ ᠰᠢᠯᠢᠳᠡᠭᠵᠢᠬᠦᠯᠦᠨ᠎ᠡ᠃ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠠᠯ ᠢ ᠦᠷᠬᠦᠯᠵᠢᠯᠡᠨ ᠰᠢᠯᠢᠳᠡᠭᠵᠢᠬᠦᠯᠬᠦ ᠶᠢ ᠠᠵᠦ ᠦᠢᠯᠡᠰ ᠤᠨ ᠢᠳᠡᠭᠡᠯ ᠢ ᠨᠡᠮᠡᠭᠳᠡᠬᠦᠯᠬᠦ᠂ ᠠᠵᠦ ᠠᠬᠤᠢ  ᠶᠢᠨ ᠬᠦᠭᠵᠢᠯᠳᠡ ᠶᠢᠨ ᠬᠦᠳᠡᠯᠭᠡᠭᠴᠢ ᠬᠦᠴᠦᠨ ᠢ ᠬᠤᠷᠠᠮᠳᠤᠭᠤᠯᠬᠤ ︽ᠲᠦᠷᠭᠡᠳᠭᠡᠬᠦᠷ︾ ᠪᠤᠯᠭᠠᠨ᠎ᠠ᠃ ︽ᠵᠠᠰᠠᠭ  ᠤᠨ ᠡᠷᠭᠡ ᠶᠢ ᠴᠤᠮᠬᠠᠳᠬᠠᠵᠦ ᠡᠷᠭᠡ ᠶᠢ ᠲᠠᠯᠪᠢᠬᠤ᠂ ᠲᠠᠯᠪᠢᠵᠦ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ  ᠶᠢ ᠰᠢᠯᠢᠳᠡᠭᠵᠢᠬᠦᠯᠬᠦ︾ ᠦᠬᠡᠷᠡᠴᠢᠯᠠᠯᠳᠠ ᠶᠢ ᠬᠦᠨᠵᠡᠬᠡᠶᠢᠷᠡᠬᠦᠯᠵᠦ᠂ ︽ᠲᠦᠷᠪᠡᠨ ᠬᠦᠢᠴᠡᠳᠭᠡᠬᠦ︾ ᠠᠵᠢᠯ ᠢ ᠦᠨᠳᠤᠷ ᠪᠡᠷᠢᠮᠵᠢᠶ᠎ᠠ᠂ ᠦᠨᠳᠤᠷ ᠦᠷ᠎ᠡ ᠠᠰᠢᠭ᠂ ᠦᠨᠳᠤᠷ ᠶᠡᠰᠤ ᠴᠢᠨᠠᠷ ᠲᠠᠢ ᠪᠠᠷ ᠦᠷᠬᠦᠯᠵᠢᠯᠡᠨ ᠠᠬᠢᠭᠤᠯᠵᠦ᠂ ︽12345︾ ᠵᠠᠰᠠᠭ ᠤᠨ ᠶᠠᠪᠤᠳᠠᠯ ᠤᠨ ᠦᠢᠯᠡᠴᠢᠯᠠᠭᠡᠨ ᠤ ᠤᠳᠠᠰᠤᠨ ᠤ ᠲᠡᠪᠴᠠᠩ ᠤᠨ ᠪᠠᠶᠢᠭᠤᠯᠤᠯᠳᠠ ᠶᠢ ᠴᠢᠩᠭᠠᠳᠬᠠᠵᠦ᠂ ᠦᠨᠡᠯᠡᠯᠳᠡ ᠶᠢᠨ ᠰᠢᠰᠲ᠋ᠧᠮ ᠤᠨ ᠭᠡᠷᠡᠭᠯᠡᠯᠳᠡ ᠶᠢ ᠶᠡᠭᠡᠪᠡᠷ ᠠᠬᠢᠭᠤᠯᠵᠦ᠂ ᠠᠵᠦ ᠠᠬᠤᠶᠢᠯᠠᠯ ᠪᠡ ᠤᠯᠠᠨ ᠲᠦᠮᠡᠨ ᠤ ᠬᠠᠨᠤᠮᠵᠢ ᠶᠢᠨ ᠭᠡᠮᠵᠢᠶ᠎ᠠ ᠪᠤᠯᠤᠨ ᠵᠤᠯ ᠵᠢᠷᠭᠠᠯᠳᠤ ᠰᠡᠳᠬᠢᠯᠭᠡ ᠶᠢ ᠪᠦᠬᠦ ᠲᠠᠯ᠎ᠠ ᠪᠠᠷ ᠨᠡᠮᠡᠭᠳᠡᠬᠦᠯᠦᠨ᠎ᠡ᠃ ᠡᠯᠧᠮᠧᠨ᠋ᠲ ᠤᠨ ᠪᠠᠳᠤᠯᠠᠭ᠎ᠠ ᠳᠤ ᠲᠦᠪᠯᠡᠷᠡᠬᠦᠯᠵᠦ᠂ ᠠᠵᠦ ᠠᠬᠤᠶᠢᠯᠠᠯ ᠤᠨ ︽ᠪᠦᠬᠦ ᠡᠵᠡᠩᠨᠡᠯᠳᠡ  ᠶᠢᠨ ᠬᠤᠭᠤᠴᠠᠭ᠎ᠠ︾ ᠳᠤ ᠦᠢᠯᠡᠴᠢᠯᠠᠵᠦ᠂ ᠵᠠᠰᠠᠭ ᠤᠨ ᠤᠷᠳᠤᠨ᠂ ᠪᠠᠩᠬᠢ ᠪᠡ ᠠᠵᠦ ᠠᠬᠤᠶᠢᠯᠠᠯ ᠤᠨ ᠠᠵᠢᠯ ᠢ ᠵᠤᠯᠭᠠᠯᠳᠤᠭᠤᠯᠬᠤ ᠠᠵᠢᠯ ᠢ ᠴᠢᠩᠭᠠᠳᠬᠠᠵᠦ᠂ ᠪᠡᠯᠡ ᠮᠦᠩᠬᠦ ᠨᠡᠶᠢᠯᠡᠬᠦᠯᠬᠦ ᠳᠤ ᠬᠦᠴᠢᠷ᠂ ᠰᠠᠭᠤᠷᠢᠰᠢᠬᠤ ᠳᠤ ᠬᠦᠴᠢᠷ ᠵᠡᠷᠭᠡ ᠠᠰᠠᠭᠤᠳᠠᠯ ᠢ ᠴᠢᠷᠮᠠᠶᠢᠨ ᠰᠢᠢᠳᠪᠤᠷᠢᠯᠡᠨ᠎ᠡ᠃ ᠠᠵᠦ ᠠᠬᠤᠶᠢᠯᠠᠯ ᠢ ᠬᠠᠷᠠᠭᠠᠯᠵᠠᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠲᠤᠮᠳᠠ ᠪᠠᠭ᠎ᠠ ᠵᠢᠵᠢᠭ ᠠᠵᠦ ᠠᠬᠤᠶᠢᠯᠠᠯ ᠢ ᠲᠤᠰᠠᠯᠠᠨ ᠬᠦᠭᠵᠢᠯᠳᠡ ᠳᠠᠬᠢ ᠬᠦᠴᠢᠷᠳᠡᠯ ᠢ ᠨᠢ ᠰᠢᠢᠳᠪᠤᠷᠢᠯᠡᠨ᠎ᠡ᠃ ᠲᠤᠰᠬᠠᠢ ᠠᠰᠢᠭ ᠤᠨ ᠡᠷᠭᠡ᠂ ᠲᠠᠸᠡᠷ ᠤᠨ ᠲᠡᠮᠳᠡᠭ ᠤᠨ ᠡᠷᠭᠡ ᠵᠡᠷᠭᠡ ᠮᠡᠳᠡᠯᠬᠡ ᠶᠢᠨ ᠦᠮᠴᠢᠯᠠᠯ ᠤᠨ ᠡᠷᠭᠡ ᠶᠢᠨ ᠠᠰᠢᠭᠯᠠᠯᠳᠠ ᠪᠡ ᠬᠠᠮᠠᠭᠠᠯᠠᠯᠳᠠ ᠶᠢ ᠲᠠᠰᠤᠷᠠᠯᠳᠠ ᠦᠬᠡᠢ ᠴᠢᠩᠭᠠᠳᠬᠠᠵᠦ᠂ ᠶᠠᠩ ᠶᠠᠩ ᠮᠠᠯᠵᠢᠯ ᠤᠨ ᠦᠢᠯᠡᠰ ᠢ ᠮᠡᠳᠡᠯᠭᠡ ᠶᠢᠨ ᠦᠮᠴᠢᠯᠠᠯ ᠤᠨ ᠡᠷᠭᠡ ᠶᠢ ᠲᠡᠨᠵᠢᠯᠡᠵᠦ ᠪᠡᠯᠡ ᠨᠡᠶᠢᠯᠡᠬᠦᠯᠬᠦ ᠠᠵᠦ ᠠᠬᠤᠶᠢᠯᠠᠯ ᠪᠤᠯᠭᠠᠬᠤ ᠶᠢ ᠪᠦᠬᠦ ᠬᠦᠴᠦ ᠪᠠᠷ ᠢᠶᠠᠨ ᠠᠬᠢᠭᠤᠯᠬᠤ ᠶᠢᠨ ᠬᠠᠮᠳᠤ᠂ ᠠᠵᠦ ᠠᠬᠤᠶᠢᠯᠠᠯ  ᠢ ᠬᠠᠪᠰᠤᠷᠴᠦ ᠪᠠᠶᠢᠭᠠᠳ ᠪᠡᠭᠡᠵᠢᠩ ᠤᠨ ᠰᠲ᠋ᠤᠺ ᠤᠨ ᠠᠷᠠᠯᠵᠢᠶᠠᠨ ᠤ ᠵᠠᠬ᠎ᠠ ᠳᠤ ᠤᠷᠤᠭᠤᠯᠬᠤ ᠠᠯᠬᠤᠴᠠ ᠶᠢ ᠨᠢ ᠲᠦᠷᠭᠡᠳᠭᠡᠨ᠎ᠡ᠃ ᠨᠡᠭᠡᠭᠡᠯᠳᠡ ᠶᠢᠨ ᠤᠷᠤᠨ ᠤ ᠭᠡᠷᠡᠭ ᠢᠶᠠᠷ ᠦᠬᠡᠷᠡᠴᠢᠯᠠᠯᠳᠠ ᠶᠢ ᠠᠬᠢᠭᠤᠯᠬᠤ ᠠᠵᠢᠯ ᠢ ᠯᠠᠪᠳᠠᠭᠤᠨ ᠪᠠᠳᠤᠳᠠᠢ ᠦᠷᠨᠢᠬᠦᠯᠵᠦ᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠠᠯ ᠢ ᠡᠪᠳᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠠᠯ ᠢ ᠡᠪᠳᠡᠭᠰᠡᠨ᠂ ᠪᠦᠬᠦ  ᠬᠤᠰᠢᠭᠤᠨ ᠤ ᠬᠦᠭᠵᠢᠯᠳᠡ ᠶᠢ ᠨᠦᠯᠦᠬᠡᠯᠡᠭᠰᠠᠨ ᠦᠢᠯᠡ ᠠᠵᠢᠯᠯᠠᠭ᠎ᠠ ᠶᠢ ᠦᠴᠦᠬᠡᠨ ᠴᠦ ᠠᠭᠤᠴᠢᠯᠠᠬᠤ ᠦᠬᠡᠢ᠃︵ᠭᠤᠷᠪᠡ︶ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠳᠤ ᠲᠦᠪᠯᠡᠷᠡᠬᠦᠯᠵᠦ᠂ ᠤᠳᠤ ᠦᠶ᠎ᠠ ᠶᠢᠨ ᠠᠵᠦ ᠦᠢᠯᠡᠰ ᠤᠨ ᠲᠤᠭᠳᠠᠯᠴᠠᠭ᠎ᠠ ᠶᠢ ᠡᠷᠡᠰ ᠭᠤᠶᠢᠪᠢᠰᠢ ᠦᠬᠡᠢ ᠪᠦᠷᠢᠯᠳᠤᠬᠦᠯᠦᠨ᠎ᠡ᠃ ᠤᠳᠤ ᠦᠶ᠎ᠠ ᠶᠢᠨ ᠮᠠᠯ ᠠᠵᠦ ᠠᠬᠤᠢ ᠶᠢᠨ ᠲᠦᠷᠭᠡᠨ ᠬᠦᠭᠵᠢᠯᠳᠡ ᠶᠢ ᠠᠬᠢᠭᠤᠯᠤᠨ᠎ᠠ᠃ ᠪᠡᠯᠴᠢᠬᠡᠷ ᠤᠨ ᠲᠠᠯᠠᠪᠡᠢ ᠪᠠᠷ ᠮᠡᠯ ᠤᠨ ᠲᠤᠭ᠎ᠠ ᠶᠢ ᠲᠤᠭᠳᠠᠭᠠᠬᠤ᠂ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠠ ᠶᠢ ᠪᠡᠷᠢᠮᠳᠠᠯᠠᠵᠦ᠂ ᠮᠠᠯᠴᠢᠨ ᠲᠠᠷᠢᠶᠠᠴᠢᠳ ᠤᠨ ᠨᠡᠷᠢᠨ ᠲᠡᠩᠰᠡ ᠪᠤᠳᠤᠵᠦ ᠠᠮᠢᠳᠤᠷᠠᠬᠤ ᠶᠢ ᠨᠢ ᠵᠢᠯᠤᠭᠤᠳᠴᠦ᠂ ︽  ᠪᠡᠯᠴᠢᠬᠡᠷᠯᠡᠬᠦᠯᠦᠨ ᠮᠠᠯᠵᠢᠬᠤ ᠶᠢ ᠨᠠᠷᠢᠯᠢᠭ ᠮᠠᠯᠵᠢᠬᠤ ᠪᠤᠯᠭᠠᠨ ᠬᠤᠪᠢᠷᠠᠭᠤᠯᠬᠤ᠂ ᠬᠠᠰᠢᠶᠠᠯᠠᠨ ᠮᠠᠯᠵᠢᠬᠤ ᠪᠡ ᠬᠠᠰᠢᠶᠠᠯᠠᠵᠦ ᠪᠡᠯᠴᠢᠭᠡᠷᠯᠡᠬᠦᠯᠬᠦ ᠶᠢ ᠤᠶᠠᠯᠳᠤᠭᠤᠯᠬᠤ︾ ᠤᠬᠠᠮᠰᠠᠷ ᠢ ᠪᠤᠢ ᠪᠤᠯᠭᠠᠵᠦ᠂ ᠤᠳᠤ ᠦᠶ᠎ᠠ  ᠶᠢᠨ ᠮᠠᠯ ᠠᠵᠦ ᠠᠬᠤᠢ ᠶᠢᠨ ᠰᠢᠨ᠎ᠡ ᠭᠡᠪ ᠪᠠᠶᠢᠳᠠᠯ ᠢ ᠡᠬᠦᠳᠤᠨ᠎ᠡ᠃ ᠰᠦᠨᠢᠳ ᠬᠤᠨᠢᠨ ᠤ ᠡᠬᠦᠯᠳᠡᠷ ᠢ ᠰᠠᠶᠢᠵᠢᠷᠠᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠬᠦᠯᠵᠦ᠂ ᠰᠦᠨᠢᠳ ᠬᠤᠨᠢᠨ ᠤ ᠭᠤᠤᠯ ᠡᠬᠦᠯᠳᠡᠷ ᠤᠨ ᠲᠠᠯᠠᠪᠠᠢ ᠶᠢᠨ ᠶᠠᠰᠤ ᠴᠢᠨᠡᠷ ᠢ ᠲᠡᠭᠡᠭᠰᠢᠯᠡᠬᠦᠯᠦᠨ ᠦᠷ᠎ᠡ ᠠᠰᠢᠭ ᠢ ᠨᠡᠮᠡᠭᠳᠡᠬᠦᠯᠬᠦ ᠪᠡ ᠲᠠᠯ᠎ᠠ ᠨᠤᠳᠤᠭ ᠤᠨ ᠢᠳᠡᠰᠢᠨ  ᠤ ᠬᠤᠨᠢᠨ ᠤ ᠠᠵᠦ ᠦᠢᠯᠡᠰ ᠤᠨ ᠰᠦᠷᠦᠭᠵᠢᠯ ᠤᠨ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠵᠦ᠂ ︽ᠦᠷ᠎ᠡ ᠶᠢᠨ ᠮᠠᠯ ᠤᠨ ᠲᠠᠯᠠᠪᠠᠢ + ᠦᠷᠡᠵᠢᠬᠦᠯᠦᠨ ᠪᠤᠶᠢᠵᠢᠭᠤᠯᠬᠤ ᠲᠠᠯᠠᠪᠠᠢ + ᠭᠤᠤᠯ ᠰᠦᠷᠦᠭ︾ ᠤᠨ ᠨᠢᠬᠡ ᠴᠤᠭᠴᠠᠵᠢᠭᠤᠯᠤᠭᠰᠠᠨ ᠦᠷᠡᠵᠢᠬᠦᠯᠦᠨ ᠪᠤᠶᠢᠵᠢᠭᠤᠯᠬᠤ ᠲᠤᠭᠳᠠᠯᠴᠠᠭ᠎ᠠ ᠶᠢᠨ ᠪᠠᠶᠢᠭᠤᠯᠤᠯᠳᠠ ᠶᠢ ᠦᠷᠬᠦᠯᠵᠢᠯᠡᠨ ᠪᠠᠬᠢᠵᠢᠬᠦᠯᠦᠨ᠎ᠡ᠃ ᠵᠢᠯ ᠤᠨ ᠲᠤᠳᠤᠷ᠎ᠡ᠂ ᠰᠠᠭᠤᠷᠢ ᠡᠭᠡ ᠮᠡᠯ ᠤᠨ ᠬᠢᠷᠢ ᠲᠡᠩᠴᠠᠯᠳᠠ ᠶᠢᠨ ᠨᠤᠷᠮ᠎ᠡ  ᠶᠢ 100% ᠳᠤ ᠬᠦᠷᠭᠡᠵᠦ᠂ ᠬᠠᠷᠢᠴᠠᠯ ᠢ 85% ᠠᠴᠠ ᠲᠡᠭᠡᠭᠰᠢ ᠳᠤ ᠲᠤᠭᠳᠠᠪᠤᠷᠢᠵᠢᠭᠤᠯᠤᠨ᠎ᠠ᠃ ᠮᠠᠯᠵᠢᠬᠤ ᠡᠷᠦᠭᠡ ᠶᠢᠨ ᠲᠡᠵᠢᠬᠡᠨ ᠮᠠᠯᠵᠢᠬᠤ ᠬᠠᠮᠢᠶᠠᠷᠤᠯᠳᠠ ᠶᠢᠨ ᠭᠡᠯᠪᠡᠷᠢ ᠪᠠᠨ ᠰᠠᠶᠢᠵᠢᠷᠠᠭᠤᠯᠬᠤ ᠶᠢ ᠨᠢ ᠵᠤᠷᠢᠭᠵᠢᠭᠤᠯᠵᠦ᠂ ᠭᠠᠷᠭᠠᠯᠳᠠ ᠶᠢᠨ ᠪᠤᠰᠤ ᠤᠯᠠᠷᠢᠯ ᠳᠤ ᠮᠠᠯ ᠢᠶᠠᠨ ᠬᠤᠳᠠᠯᠳᠤᠬᠤ᠂ ᠲᠡᠩᠴᠡᠬᠦᠷᠢ ᠲᠠᠢ ᠪᠠᠷ ᠭᠠᠷᠭᠠᠯᠳᠠ ᠬᠢᠬᠦ ᠶᠢ ᠠᠭᠠᠵᠢᠮ ᠢᠶᠠᠷ ᠪᠡᠶᠡᠯᠡᠬᠦᠯᠦᠨ᠎ᠡ᠃ ᠤᠳᠤ ᠦᠶ᠎ᠠ ᠶᠢᠨ ᠢᠳᠡᠰᠢᠨ ᠤ ᠦᠬᠡᠷ ᠤᠨ ᠠᠵᠦ ᠦᠢᠯᠡᠰ ᠢ ᠪᠤᠶᠢᠵᠢᠭᠤᠯᠬᠤ ᠲᠤᠭᠳᠠᠯᠴᠠᠭ᠎ᠠ ᠶᠢ ᠪᠦᠷᠢᠨᠰᠢᠬᠦᠯᠦᠨ ᠲᠡᠬᠦᠯᠳᠡᠷᠵᠢᠬᠦᠯᠵᠦ᠂ ᠰᠢᠯᠢᠳᠡᠭ ᠡᠬᠦᠯᠳᠡᠷ ᠢ ᠦᠷᠡᠵᠢᠬᠦᠯᠦᠨ ᠪᠤᠶᠢᠵᠢᠭᠤᠯᠬᠤ᠂ ᠰᠢᠨᠵᠢᠯᠡᠬᠦ ᠤᠬᠠᠭᠠᠨᠴᠢ ᠪᠠᠷ ᠮᠠᠯᠵᠢᠬᠤ᠂ ᠪᠤᠷᠳᠤᠨ ᠲᠠᠷᠭᠤᠯᠠᠭᠤᠯᠬᠤ᠂ ᠨᠠᠷᠢᠯᠢᠭ ᠪᠤᠯᠪᠠᠰᠤᠷᠠᠭᠤᠯᠬᠤ ᠠᠵᠢᠯ ᠢ ᠰᠠᠶᠢᠳᠤᠷ ᠠᠳᠬᠤᠵᠦ᠂ ᠢᠳᠡᠰᠢᠨ ᠤ ᠦᠬᠡᠷ ᠤᠨ ᠠᠵᠦ ᠦᠢᠯᠡᠰ ᠤᠨ ᠪᠦᠬᠦᠯᠢ ᠴᠤᠭᠴᠠ ᠶᠢᠨ ᠶᠡᠰᠤ ᠴᠢᠨᠡᠷ ᠪᠡ ᠦᠷ᠎ᠡ ᠠᠰᠢᠭ ᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠵᠢᠯ ᠤᠨ ᠲᠤᠳᠤᠷ᠎ᠡ᠂ ᠢᠳᠡᠰᠢᠨ ᠤ ᠦᠬᠡᠷ ᠤᠨ 2 ᠭᠤᠤᠯ ᠰᠦᠷᠦᠭ᠂ ᠭᠤᠤᠯ ᠰᠦᠷᠦᠭ ᠤᠨ ᠲᠤᠭᠤᠯᠯᠠᠬᠤ ᠦᠨᠢᠶ᠎ᠠ ᠶᠢ 300 ᠳᠤ ᠬᠦᠷᠭᠡᠵᠦ᠂ ᠰᠢᠯᠢᠳᠡᠭ ᠡᠬᠦᠯᠳᠡᠷ  ᠤᠨ 500 ᠦᠬᠡᠷ ᠤᠷᠤᠭᠤᠯᠵᠦ᠂ 3 ᠲᠦᠮᠡᠨ ᠨᠤᠳᠤᠭ ᠤᠨ ᠦᠬᠡᠷ ᠤᠨ ᠡᠬᠦᠯᠳᠡᠷ ᠢ ᠰᠠᠶᠢᠵᠢᠷᠠᠭᠤᠯᠤᠨ᠎ᠠ᠃ ︽ᠢᠩᠬᠡᠨ ᠰᠦ︾ ᠶᠢ ᠤᠯᠤᠰ ᠤᠨ ᠭᠠᠵᠡᠷ ᠵᠦᠢ ᠶᠢᠨ ᠪᠠᠶᠢᠷᠢᠰᠢᠯ ᠤᠨ ᠲᠡᠸᠡᠷ ᠤᠨ ᠲᠡᠮᠳᠡᠭᠳᠤ ᠪᠠᠷ ᠢᠳᠡᠪᠬᠢᠳᠡᠢ ᠭᠤᠶᠤᠴᠢᠯᠠᠵᠦ᠂ ᠢᠩᠭᠡᠨ ᠰᠦ ᠬᠤᠳᠠᠯᠳᠤᠨ ᠠᠪᠬᠤ ᠳᠤ ᠨᠦᠬᠦᠪᠤᠷᠢ ᠦᠭᠬᠦ ᠲᠦᠷᠦ ᠶᠢᠨ ᠪᠤᠳᠤᠯᠭ᠎ᠠ ᠶᠢ ᠴᠢᠩᠭ᠎ᠠ ᠨᠡᠶᠢᠳᠡᠪᠤᠷᠢᠵᠢᠭᠤᠯᠵᠦ᠂ ᠤᠯᠠᠨ ᠵᠦᠢᠯ ᠤᠨ ᠡᠵᠡᠩᠨᠡᠯᠳᠡ ᠶᠢᠨ ᠭᠡᠯᠪᠡᠷᠢ ᠳᠤ ᠨᠠᠶᠢᠴᠡᠭᠰᠡᠨ ᠲᠡᠮᠵᠢᠯᠬᠡ ᠶᠢᠨ ᠲᠦᠷᠦ  ᠶᠢᠨ ᠪᠤᠳᠤᠯᠭ᠎ᠠ ᠶᠢ ᠰᠤᠳᠤᠯᠤᠨ ᠲᠤᠭᠳᠠᠭᠠᠵᠦ᠂ ᠤᠳᠤ ᠶᠢᠨ ᠪᠠᠶᠢᠭ᠎ᠠ ᠲᠡᠮᠡᠭᠡ ᠮᠠᠯᠵᠢᠬᠤ ᠰᠠᠭᠤᠷᠢᠨ ᠭᠠᠵᠡᠷ ᠤᠨ ᠲᠠᠶᠢᠴᠢᠯᠠᠨ ᠲᠠᠭᠠᠭᠤᠯᠬᠤ ᠦᠢᠯᠡᠳᠤᠯ ᠳᠤ ᠲᠦᠰᠢᠭᠯᠡᠵᠦ᠂ ᠲᠦᠪᠯᠡᠷᠡᠬᠦᠯᠤᠨ ᠨᠡᠶᠢᠳᠡᠨ ᠮᠠᠯᠵᠢᠭᠤᠯᠬᠤ᠂ ᠲᠦᠪᠯᠡᠷᠡᠬᠦᠯᠦᠨ ᠬᠤᠷᠢᠶᠠᠨ  ᠦᠯᠡᠳᠡᠭᠡᠬᠦ᠂ ᠲᠦᠪᠯᠡᠷᠡᠬᠦᠯᠦᠨ ᠦᠰᠭᠡᠬᠦ ᠲᠡᠮᠡᠭᠡᠨ ᠤ ᠠᠵᠦ ᠤᠶᠢᠯᠠᠰ ᠤᠨ ᠭᠡᠪ ᠪᠠᠶᠢᠳᠠᠯ ᠢ ᠢᠳᠡᠪᠬᠢᠳᠡᠢ ᠪᠦᠷᠢᠯᠳᠤᠬᠦᠯᠵᠦ᠂ ᠪᠠᠷᠢᠮᠵᠢᠶᠠᠵᠢᠭᠰᠠᠨ᠂ ᠠᠵᠦ ᠦᠢᠯᠡᠰᠵᠢᠭᠰᠡᠨ᠂ ᠬᠠᠮᠳᠤᠷᠠᠯᠴᠠᠭᠰᠠᠨ ᠬᠦᠭᠵᠢᠯᠳᠡ ᠶᠢ ᠪᠡᠶᠡᠯᠡᠬᠦᠯᠦᠨ᠎ᠡ᠃ ᠵᠢᠯ ᠤᠨ ᠲᠤᠳᠤᠷ᠎ᠡ᠂ ᠰᠦᠨᠢᠳ ᠬᠤᠤᠰ ᠪᠦᠬᠦᠳᠤ ᠲᠡᠮᠡᠭᠡ ᠶᠢ ᠮᠠᠯᠵᠢᠬᠤ 10 ᠲᠤᠰᠬᠠᠢ ᠡᠷᠦᠬᠡ ᠶᠢ ᠪᠤᠶᠢᠵᠢᠭᠤᠯᠤᠨ᠂ ᠪᠦᠬᠦ ᠬᠤᠰᠢᠭᠤᠨ ᠤ ᠲᠦᠪᠯᠡᠷᠡᠬᠦᠯᠦᠨ ᠮᠠᠯᠵᠢᠬᠤ ᠲᠡᠮᠡᠭᠡᠨ ᠤ ᠲᠤᠭ᠎ᠠ ᠶᠢ 2000 ᠳᠤ ᠬᠦᠷᠭᠡᠵᠦ᠂ ᠵᠢᠯ ᠤᠨ ᠰᠦᠨ ᠤ ᠭᠠᠷᠤᠯᠳᠠ ᠶᠢ 360 ᠲᠤᠨ ᠳᠤ ᠬᠦᠷᠭᠡᠨ᠎ᠡ᠃ ᠠᠵᠦ ᠦᠢᠯᠡᠳᠪᠤᠷᠢ  ᠶᠢᠨ ᠠᠵᠦ ᠠᠬᠤᠢ ᠶᠢᠨ ᠲᠤᠭᠳᠠᠭᠤᠨ ᠢ ᠪᠠᠳᠤᠯᠠᠵᠦ ᠨᠡᠮᠡᠭᠳᠡᠯ ᠢ ᠲᠡᠭᠡᠭᠰᠢᠯᠠᠬᠦᠯᠬᠦ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ ᠠᠵᠦ ᠦᠢᠯᠡᠳᠪᠤᠷᠢᠵᠢᠯᠳᠠ ᠪᠠᠷ ᠭᠤᠤᠯ ᠴᠢᠭᠯᠡᠯ ᠢᠶᠠᠨ ᠪᠤᠯᠭᠠᠵᠦ᠂ ᠲᠤᠯᠤᠭᠠᠶᠢᠯᠠᠭᠴᠢ ᠠᠵᠦ ᠠᠬᠤᠶᠢᠯᠠᠯ ᠢ ᠬᠦᠴᠦᠷᠭᠡᠭᠵᠢᠬᠦᠯᠤᠨ᠂ ᠠᠵᠦ ᠦᠢᠯᠡᠰ ᠤᠨ ᠭᠡᠯᠬᠢᠶ᠎ᠠ ᠶᠢ ᠨᠦᠬᠦᠪᠤᠷᠢᠯᠡᠵᠦ᠂ ᠠᠵᠦ ᠠᠬᠤᠶᠢᠯᠠᠯ ᠤᠨ ᠪᠦᠯᠦᠭᠯᠡᠯ ᠢ ᠲᠦᠪᠯᠡᠷᠡᠬᠦᠯᠵᠦ᠂ ᠤᠯᠠᠮᠵᠢᠯᠠᠯᠳᠤ ᠠᠵᠦ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ  ᠶᠢ ᠠᠬᠢᠭᠤᠯᠵᠦ᠂ ᠰᠢᠨ᠎ᠡ ᠡᠨᠧᠷᠬᠢ ᠶᠢᠨ ᠲᠤᠨᠤᠭᠯᠠᠯ ᠦᠢᠯᠡᠳᠬᠦ ᠦᠢᠯᠡᠰ ᠢ ᠶᠡᠭᠡᠪᠡᠷ ᠬᠦᠭᠵᠢᠬᠦᠯᠵᠦ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠠ ᠳᠤ ᠨᠡᠶᠢᠴᠡᠭᠰᠡᠨ᠂ ᠮᠡᠨ ᠤ ᠬᠤᠰᠢᠭᠤᠨ ᠤ ᠤᠨᠴᠠᠯᠢᠭ ᠢ ᠬᠠᠷᠠᠭᠤᠯᠤᠭᠰᠠᠨ᠂ ᠠᠮᠢ ᠠᠬᠤᠢ ᠶᠢ ᠲᠡᠷᠢᠬᠦᠨ ᠪᠠᠶᠢᠷᠢᠨ ᠳᠤ ᠲᠠᠯᠪᠢᠬᠤ ᠪᠡ ᠪᠤᠬᠢᠷᠳᠤᠯ ᠦᠬᠡᠢ ᠬᠦᠭᠵᠢᠯᠳᠡ ᠪᠠᠷ ᠤᠳᠤᠷᠢᠳᠤᠮᠵᠢ ᠪᠤᠯᠭᠠᠭᠰᠠᠨ ᠴᠢᠨᠠᠷᠯᠢᠭ ᠬᠦᠭᠵᠢᠯᠳᠡ ᠶᠢᠨ ᠰᠢᠨ᠎ᠡ ᠵᠡᠮ ᠢᠶᠠᠷ ᠴᠢᠷᠮᠡᠶᠢᠨ ᠵᠠᠮᠨᠠᠨ᠎ᠠ᠃ ᠪᠦᠦ ᠳ᠋ᠧ ᠯᠢ ᠬᠠᠶᠢᠯᠤᠭᠤᠷ ᠵᠤᠩᠰᠢ ᠶᠢᠨ ᠠᠭᠤᠷᠬᠠᠶ ᠶᠢᠨ ᠵᠢᠯ ᠤᠨ ᠭᠠᠷᠤᠯᠳᠠ 30 ᠲᠦᠮᠡᠨ ᠲᠣᠨ ᠤ ᠬᠦᠳᠡᠷ ᠰᠤᠩᠭᠤᠬᠤ ᠢᠨᠵᠧᠨᠧᠷᠢᠩ ᠤᠨ ᠥᠷᠭᠡᠳᠬᠡᠨ ᠪᠠᠶᠢᠭᠤᠯᠬᠤ ᠲᠦᠷᠦᠯ ᠵᠦᠢᠯ ᠢ ᠵᠢᠯ ᠤᠨ ᠲᠤᠳᠤᠷ᠎ᠡ ᠠᠵᠢᠯ ᠡᠬᠢᠯᠡᠬᠦᠯᠦᠨ ᠪᠦᠳᠤᠭᠡᠨ ᠪᠠᠶᠢᠭᠤᠯᠵᠦ᠂ ᠰᠢᠨ ᠮᠧᠩ ᠰᠢᠨ ᠮᠡᠲ᠋ᠧᠷᠢᠶᠠᠯ ᠤᠨ ᠬᠢᠵᠠᠭᠠᠷᠳᠤ ᠺᠤᠮᠫᠠᠨᠢ᠂ ᠬᠤᠸᠠ ᠰᠢᠩ ᠠᠵᠦ ᠦᠢᠯᠡᠰ ᠤᠨ ᠬᠢᠵᠠᠭᠠᠷᠳᠤ ᠺᠤᠮᠫᠠᠨᠢ  ᠶᠢᠨ ᠠᠭᠤᠷᠬᠠᠢ ᠶᠢᠨ ᠵᠤᠤᠬ᠎ᠠ ᠶᠢᠨ ᠡᠨᠧᠷᠬᠢ ᠠᠷᠪᠢᠯᠠᠬᠤ ᠮᠡᠷᠭᠡᠵᠢᠯ ᠤᠨ ᠦᠬᠡᠷᠡᠴᠢᠯᠠᠯᠳᠠ ᠶᠢᠨ ᠢᠨᠵᠧᠨᠧᠷᠢᠩ ᠢ ᠭᠤᠤᠯᠳᠠᠯᠭ᠎ᠠ ᠲᠠᠢ ᠠᠬᠢᠭᠤᠯᠵᠦ᠂ ᠲᠦᠬᠦᠭᠡᠷᠤᠮᠵᠢ ᠶᠢᠨ ᠮᠡᠷᠭᠡᠵᠢᠯ ᠢ ᠦᠬᠡᠷᠡᠴᠢᠯᠠᠨ ᠲᠡᠰ ᠲᠡᠪᠰᠢᠬᠦᠯᠬᠦ ᠪᠡ ᠰᠢᠯᠢᠳᠡᠭᠵᠢᠬᠦᠯᠦᠨ ᠲᠤᠬᠢᠷᠠᠭᠤᠯᠬᠤ ᠶᠢ ᠲᠦᠷᠭᠡᠳᠭᠡᠵᠦ᠂ ᠪᠤᠬᠢᠷᠳᠤᠯ ᠦᠬᠡᠢ ᠡᠷᠬᠢᠯᠳᠡᠳᠤ ᠬᠦᠭᠵᠢᠯᠳᠡ ᠶᠢ ᠪᠡᠶᠡᠯᠡᠬᠦᠯᠦᠨ᠎ᠡ᠃ ᠶᠠᠩ ᠶᠠᠩ ᠮᠠᠯᠵᠢᠯ ᠤᠨ ᠦᠢᠯᠡᠰ᠂ ᠮᠧᠩ ᠭᠥᠸᠧ ᠯᠧ ᠮᠢᠬᠠᠨ ᠤ ᠦᠢᠯᠡᠰ ᠵᠡᠷᠭᠡ ᠲᠤᠯᠤᠭᠠᠶᠢᠯᠠᠭᠴᠢ ᠠᠵᠦ ᠠᠬᠤᠶᠢᠯᠠᠯ ᠢᠶᠠᠷ ᠭᠤᠤᠯᠳᠠᠯᠭ᠎ᠠ ᠪᠤᠯᠭᠠᠵᠦ᠂ ᠲᠡᠵᠢᠭᠡᠨ ᠦᠷᠡᠵᠢᠬᠦᠯᠬᠦ᠂ ᠠᠯᠠᠵᠦ ᠨᠢᠳᠤᠯᠬᠤ᠂ ᠨᠠᠷᠢᠯᠢᠭ ᠪᠤᠯᠪᠠᠰᠤᠷᠠᠭᠤᠯᠬᠤ ᠶᠢ ᠨᠢᠭᠡ ᠴᠤᠭᠴᠠᠵᠢᠭᠤᠯᠤᠭᠰᠠᠨ ᠲᠤᠭᠳᠠᠯᠴᠠᠭ᠎ᠠ ᠶᠢᠨ ᠪᠠᠶᠢᠭᠤᠯᠤᠯᠳᠠ ᠶᠢ ᠠᠬᠢᠭᠤᠯᠵᠦ᠂ ᠮᠠᠯ ᠤᠨ ᠠᠰᠢᠭ ᠰᠢᠮ᠎ᠡ ᠪᠡ ᠲᠠᠷᠢᠶᠠᠯᠠᠩ ᠤᠨ ᠪᠦᠳᠤᠭᠡᠭᠳᠡᠬᠦᠨ ᠢ ᠪᠤᠯᠪᠠᠰᠤᠷᠠᠭᠤᠯᠬᠤ ᠨᠤᠷᠮ᠎ᠡ ᠪᠡ ᠪᠦᠳᠤᠭᠡᠭᠳᠡᠬᠦᠨ ᠤ ᠨᠡᠮᠡᠯᠳᠡ ᠦᠷᠳᠡᠭ ᠢ ᠤᠯᠠᠮ ᠨᠢᠭᠡ ᠠᠯᠬᠤᠮ ᠲᠡᠭᠡᠭᠰᠢᠯᠡᠬᠦᠯᠦᠨ᠎ᠡ᠃ ᠲᠤᠨᠤᠭ ᠲᠦᠬᠦᠭᠡᠷᠤᠮᠵᠢ ᠶᠢ ᠡᠨᠧᠷᠬᠢ ᠳᠤ ᠦᠢᠯᠡᠴᠢᠯᠠᠬᠦᠯᠬᠦ᠂ ᠭᠤᠤᠯ ᠠᠵᠢᠯ ᠢᠶᠠᠨ ᠢᠵᠢ ᠪᠦᠷᠢᠳᠤᠬᠦᠯᠬᠦ᠂ ᠵᠠᠬ᠎ᠠ ᠲᠡᠯᠬᠡᠬᠦᠷ ᠤᠨ ᠲᠤᠭᠤᠷᠢᠨ ᠳᠤ ᠲᠦᠷᠦᠯ ᠵᠦᠢᠯ ᠢ ᠲᠦᠯᠦᠪᠯᠡᠬᠦ ᠶᠢ ᠪᠠᠷᠢᠮᠳᠠᠯᠠᠵᠦ᠂ ︽ᠲᠠᠭᠠᠭᠠᠴᠠ — ᠴᠠᠬᠢᠯᠭᠠᠨ ᠡᠬᠦᠰᠭᠡᠭᠴᠢ — ᠠᠵᠦ ᠦᠢᠯᠡᠰ ᠤᠨ ᠭᠡᠯᠬᠢᠶ᠎ᠠ︾ ᠶᠢᠨ ᠡᠷᠬᠢᠯᠳᠡᠳᠤ ᠠᠵᠦ ᠠᠬᠤᠢ ᠶᠢ ᠠᠯᠬᠤᠮ ᠠᠯᠬᠤᠮ ᠢᠶᠠᠷ ᠪᠠᠶᠢᠭᠤᠯᠵᠦ᠂ ᠰᠢᠨᠵᠢᠯᠡᠭᠡ ᠮᠡᠷᠭᠡᠵᠢᠯ ᠤᠨ ᠰᠤᠳᠤᠯᠭᠠᠨ ᠬᠢᠬᠦ᠂ ᠲᠤᠨᠤᠭᠯᠠᠯ ᠦᠢᠯᠡᠳᠬᠦ᠂ ᠰᠠᠯᠪᠢᠨ ᠵᠠᠰᠠᠬᠤ ᠦᠢᠯᠡᠴᠢᠯᠡᠭᠡ ᠵᠡᠷᠭᠡ ᠴᠢᠳᠠᠮᠵᠢ ᠶᠢ ᠨᠢᠬᠡ ᠴᠤᠭᠴᠠᠵᠢᠭᠤᠯᠤᠭᠰᠠᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠤᠨᠤᠭ ᠲᠦᠬᠦᠭᠡᠷᠤᠮᠵᠢ ᠦᠢᠯᠡᠳᠬᠦ ᠰᠠᠭᠤᠷᠢᠨ ᠭᠠᠵᠡᠷ ᠢ ᠡᠬᠦᠳᠤᠨ᠎ᠡ᠃ ᠵᠢᠩ ᠳ᠋ᠦᠩ ᠹᠠᠩ ᠡᠨᠧᠷᠬᠢ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠳᠤ ᠺᠤᠮᠫᠠᠨᠢ ᠶᠢᠨ 20 ᠲᠦᠮᠡᠨ ᠺᠢᠯᠤᠸᠡᠲ ᠤᠨ ᠮᠠᠯᠵᠢᠬᠤ ᠤᠷᠤᠨ ᠤ ᠨᠡᠷᠡᠨ ᠤ ᠡᠨᠧᠷᠬᠢ ᠶᠢᠨ ᠴᠠᠬᠢᠯᠭᠠᠨ ᠢ ᠨᠦᠬᠡᠴᠠᠯᠠᠬᠦ ᠶᠡᠷᠦᠩᠭᠡᠶᠢᠯᠡᠭᠰᠡᠨ ᠵᠢᠱᠢᠶ᠎ᠠ ᠦᠵᠡᠬᠦᠯᠬᠦ ᠲᠦᠷᠦᠯ ᠵᠦᠢᠯ ᠪᠤᠯᠤᠨ ᠰᠢᠩ ᠴᠢ ᠶᠤᠸᠠᠨ ᠲᠠᠷᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠢ ᠵᠢᠯ ᠤᠨ ᠲᠤᠳᠤᠷ᠎ᠡ ᠠᠵᠢᠯ ᠡᠬᠢᠯᠡᠬᠦᠯᠬᠦ ᠶᠢᠨ ᠬᠠᠮᠳᠤ᠂ ᠠᠰᠢᠭᠯᠠᠯᠳᠠ  ᠳᠤ ᠤᠷᠤᠭᠤᠯᠬᠤ ᠶᠢ ᠠᠬᠢᠭᠤᠯᠤᠨ᠎ᠠ︔ ᠬᠠᠷᠪᠢᠨ ᠤ ᠴᠠᠬᠢᠯᠭᠠᠨᠵᠢᠯᠳᠠ ᠶᠢᠨ ᠪᠦᠯᠦᠭᠯᠡᠯ ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠭᠤᠤᠯ ᠮᠠᠰᠢᠨ ᠤ ᠲᠦᠷᠦᠯ ᠵᠦᠢᠯ ᠤᠨ ᠭᠠᠷᠳᠠᠮ ᠬᠦᠢᠴᠡᠳᠭᠡᠬᠦ ᠠᠵᠢᠯ ᠢ ᠵᠤᠬᠢᠴᠠᠭᠤᠯᠤᠨ ᠠᠬᠢᠭᠤᠯᠵᠦ᠂ ᠵᠢᠯ ᠤᠨ ᠲᠤᠳᠤᠷ᠎ᠡ ᠠᠵᠢᠯ ᠡᠬᠢᠯᠡᠬᠦᠯᠬᠦ ᠪᠠᠷ ᠴᠢᠷᠮᠡᠶᠢᠨ᠎ᠡ᠃ ︽ᠨᠦᠬᠦᠴᠠᠯ ᠪᠦᠷᠢᠯᠳᠤᠬᠦᠯᠦᠨ ᠠᠵᠦ ᠠᠬᠤᠶᠢᠯᠠᠯ ᠢ ᠲᠠᠳᠠᠬᠤ︾ ᠤᠬᠠᠮᠰᠠᠷ ᠢ ᠨᠡᠮᠡᠭᠳᠡᠬᠦᠯᠵᠦ᠂ ᠠᠵᠦ ᠦᠢᠯᠡᠳᠪᠤᠷᠢ ᠶᠢᠨ ᠲᠤᠭᠤᠷᠢᠭ ᠤᠨ ᠢᠵᠢ ᠪᠦᠷᠢᠨ ᠲᠦᠬᠦᠭᠡᠷᠤᠮᠵᠢ ᠶᠢ ᠰᠢᠯᠢᠳᠡᠭᠵᠢᠬᠦᠯᠦᠨ ᠲᠡᠭᠡᠭᠰᠢᠯᠡᠬᠦᠯᠵᠦ᠂ ᠤᠶᠤᠨᠳᠤ ᠲᠤᠭᠤᠷᠢᠭ᠂ ᠴᠡᠪᠡᠷᠰᠢᠬᠦᠯᠦᠭᠰᠡᠨ ᠤᠰᠤ ᠶᠢ ᠲᠠᠮᠵᠢᠭᠤᠯᠤᠨ ᠬᠦᠷᠭᠡᠬᠦ᠂ ᠪᠡᠷᠢᠮᠵᠢᠶᠠᠵᠢᠭᠰᠠᠨ ᠦᠢᠯᠡᠳᠪᠤᠷᠢ ᠶᠢᠨ ᠲᠠᠰᠤᠭ᠂ ᠬᠠᠳᠠᠭᠤ ᠪᠠᠶᠠᠳᠤ ᠬᠠᠶᠠᠭᠳᠠᠮᠠᠯ ᠪᠤᠳᠠᠰ  ᠤᠨ ᠲᠠᠯᠠᠪᠠᠢ ᠶᠢᠨ ᠬᠤᠶᠠᠳᠤᠭᠠᠷ ᠬᠤᠭᠤᠴᠠᠭᠠᠨ ᠤ ᠪᠦᠳᠤᠭᠡᠨ ᠪᠠᠶᠢᠭᠤᠯᠤᠯᠳᠠ ᠶᠢ ᠠᠬᠢᠭᠤᠯᠤᠨ᠎ᠠ᠃ ᠭᠡᠪᠴᠢᠶᠠᠵᠢᠯ  ᠠᠴᠠ ᠲᠡᠭᠡᠭᠰᠢᠬᠢ ᠠᠵᠦ ᠦᠢᠯᠡᠳᠪᠤᠷᠢ ᠶᠢᠨ 4 ᠠᠵᠦ ᠠᠬᠤᠶᠢᠯᠠᠯ ᠢ ᠰᠢᠨ᠎ᠡ ᠪᠠᠷ ᠨᠡᠮᠡᠭᠳᠡᠬᠦᠯᠵᠦ᠂ ᠠᠵᠦ ᠦᠢᠯᠡᠳᠪᠤᠷᠢ ᠶᠢᠨ ᠨᠡᠮᠡᠭᠳᠡᠯ ᠦᠷᠳᠡᠭ ᠢ ᠠᠳᠠᠯᠢ ᠬᠤᠭᠤᠴᠠᠭᠠᠨ ᠤ ᠬᠢ ᠠᠴᠠ 3.5% ᠪᠠᠷ ᠨᠡᠮᠡᠭᠳᠡᠬᠦᠯᠦᠨ᠎ᠡ᠃ ᠦᠢᠯᠡᠴᠢᠯᠠᠭᠡᠨ ᠤ ᠦᠢᠯᠡᠰ ᠤᠨ ᠰᠢᠨ᠎ᠡ ᠰᠢᠪᠳᠤᠯᠤᠯᠳᠠ ᠶᠢ ᠪᠡᠶᠡᠯᠡᠬᠦᠯᠬᠦ ᠶᠢ ᠠᠬᠢᠭᠤᠯᠤᠨ᠎ᠠ᠃ ᠰᠤᠶᠤᠯ ᠵᠢᠭᠤᠯᠴᠢᠯᠠᠯ  ᠤᠨ ᠬᠦᠨᠵᠡᠬᠡᠢ ᠠᠭᠤᠰᠤᠯᠴᠠᠯ ᠢ ᠠᠬᠢᠭᠤᠯᠵᠦ᠂ ᠤᠯᠠᠭᠠᠨᠮᠦ᠋ᠴᠢᠷ ᠤᠨ ᠵᠤᠷᠢᠭ ᠰᠠᠨᠠᠭ᠎ᠠ᠂ ᠠᠷᠠᠳ ᠤᠨ ᠵᠠᠩ ᠦᠢᠯᠡ᠂ ᠴᠡᠷᠢᠭ ᠠᠷᠠᠳ ᠬᠠᠮᠳᠤᠪᠡᠷ ᠪᠠᠶᠢᠭᠤᠯᠬᠤ᠂ ᠬᠠᠭᠤᠴᠢ ᠰᠤᠶᠤᠯ ᠵᠡᠷᠭᠡ ᠤᠨᠴᠠᠯᠢᠭᠳᠤ ᠡᠬᠢ ᠪᠠᠶᠠᠯᠢᠭ ᠢ ᠨᠠᠶᠢᠯᠡᠬᠦᠯᠵᠦ᠂ ᠬᠤᠪᠢᠰᠬᠠᠯᠳᠤ ᠰᠤᠶᠤᠯ ᠤᠨ ᠰᠤᠳᠤᠯᠤᠨ ᠰᠤᠷᠤᠯᠴᠠᠬᠤ ᠵᠢᠭᠤᠯᠴᠢᠯᠠᠯ᠂ ᠰᠤᠶᠤᠯ ᠤᠨ ᠪᠠᠶᠠᠴᠢᠯᠠᠨ ᠤᠶᠢᠯᠠᠭᠠᠬᠤ ᠵᠢᠭᠤᠯᠴᠢᠯᠠᠯ ᠵᠡᠷᠭᠡ ᠵᠢᠭᠤᠯᠴᠢᠯᠠᠯ ᠤᠨ ᠱᠤᠭᠤᠮ ᠤᠨ ᠴᠢᠨᠡᠷ ᠴᠢᠨᠰᠠᠭ᠎ᠠ ᠶᠢ ᠬᠦᠴᠦᠯᠠᠨ ᠲᠡᠭᠡᠭᠰᠢᠯᠡᠬᠦᠯᠦᠨ᠎ᠡ᠃ ᠶᠡᠷᠦᠩᠭᠡᠢ ᠱᠦᠵᠢ ᠶᠢᠨ ᠮᠡᠨ ᠤ ᠬᠤᠰᠢᠭᠤᠨ ᠤ ᠤᠯᠠᠭᠠᠨᠮᠦ᠋ᠴᠢᠷ ᠲᠤ ᠬᠠᠷᠢᠭᠤ ᠵᠠᠬᠢᠳᠠᠯ ᠢᠯᠡᠭᠡᠭᠰᠡᠨ 5 ᠵᠢᠯ ᠤᠨ ᠤᠢ ᠶᠢ ᠲᠤᠷᠠᠰᠬᠠᠬᠤ ᠰᠢᠷᠢᠰ ᠠᠵᠢᠯᠯᠠᠭ᠎ᠠ ᠶᠢ ᠨᠠᠷᠢᠯᠢᠭ ᠲᠦᠰᠦᠪᠯᠡᠨ ᠪᠡᠯᠡᠳᠭᠡᠵᠦ᠂ ᠤᠯᠠᠭᠠᠨᠮᠦ᠋ᠴᠢᠷ ᠤᠨ ᠪᠤᠯᠪᠠᠰᠤᠷᠠᠯ ᠤᠨ ᠲᠢᠩᠬᠢᠮ ᠤᠨ ᠪᠦᠳᠤᠭᠡᠨ ᠪᠠᠶᠢᠭᠤᠯᠤᠯᠳᠠ ᠶᠢ ᠪᠡᠶᠡᠯᠡᠬᠦᠯᠦᠨ᠎ᠡ᠃ ᠵᠢᠯ ᠤᠨ ᠲᠤᠳᠤᠷ᠎ᠡ ᠦᠪᠡᠷᠳᠡᠭᠡᠨ ᠵᠠᠰᠠᠬᠤ ᠤᠷᠤᠨ ᠤ ᠲᠠᠰ ᠤᠨ ᠬᠦᠳᠡᠭᠡ ᠲᠤᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠭᠠᠴᠠᠭ᠎ᠠ ᠲᠤᠰᠬᠤᠨ ᠪᠡ ᠲᠠᠪᠤᠨ ᠤᠳᠤᠨ ᠲᠠᠰ ᠤᠨ ᠬᠦᠳᠡᠭᠡ ᠲᠤᠰᠬᠤᠨ ︵ᠮᠠᠯᠵᠢᠬᠤ ᠤᠷᠤᠨ︶ ᠤ ᠵᠢᠭᠤᠯᠴᠢᠯᠠᠯ ᠤᠨ ᠬᠦᠯᠢᠶᠠᠨ ᠵᠤᠴᠢᠯᠠᠬᠤ ᠡᠷᠦᠬᠡ ᠶᠢ ᠡᠬᠦᠳᠬᠦ ᠠᠵᠢᠯ ᠢ ᠦᠷᠨᠢᠬᠦᠯᠦᠨ᠎ᠡ᠃ ᠠᠷᠠᠯᠵᠢᠶ᠎ᠠ ᠬᠤᠳᠠᠯᠳᠤᠭᠠᠨ ᠤ ᠬᠦᠢᠯᠭᠡᠭᠡ᠂ ᠡᠯᠧᠺᠲᠷᠤᠨ ᠬᠤᠳᠠᠯᠳᠤᠭ᠎ᠠ ᠵᠡᠷᠭᠡ ᠤᠳᠤ ᠦᠶ᠎ᠠ ᠶᠢᠨ ᠦᠢᠯᠡᠴᠢᠯᠠᠭᠡᠨ ᠤ ᠦᠢᠯᠡᠰ ᠢ ᠲᠦᠷᠭᠡᠨ ᠬᠦᠭᠵᠢᠬᠦᠯᠵᠦ᠂ ᠬᠤᠨᠤᠭ ᠪᠠᠭᠤᠳᠠᠯ᠂ ᠢᠳᠡᠭᠡᠨ ᠤᠮᠳᠠᠭᠠᠨ᠂ ᠪᠦᠬᠡᠮ ᠢᠶᠠᠷ ᠬᠤᠳᠠᠯᠳᠤᠬᠤ᠂ ᠵᠢᠵᠢᠭᠯᠡᠨ ᠪᠤᠷᠤᠯᠠᠭᠤᠯᠬᠤ ᠵᠡᠷᠭᠡ ᠤᠯᠠᠮᠵᠢᠯᠠᠯᠳᠤ ᠦᠢᠯᠡᠴᠢᠯᠠᠭᠡᠨ ᠤ ᠦᠢᠯᠡᠰ ᠤᠨ ᠲᠤᠭᠳᠠᠭᠤᠨ ᠨᠡᠮᠡᠭᠳᠡᠯ ᠢ ᠪᠠᠳᠤᠯᠠᠨ᠎ᠠ᠃ ᠤᠯᠤᠰ ᠤᠨ ᠲᠡᠰ ᠤᠨ ᠡᠯᠧᠺᠲᠷᠤᠨ ᠬᠤᠳᠠᠯᠳᠤᠭᠠᠨ ᠤ ᠵᠢᠱᠢᠶ᠎ᠠ ᠦᠵᠡᠬᠦᠯᠬᠦ ᠬᠤᠰᠢᠭᠤ ᠰᠢᠶᠠᠨ ᠤ ᠪᠦᠳᠤᠭᠡᠨ ᠪᠠᠶᠢᠭᠤᠯᠤᠯᠳᠠ ᠶᠢᠨ ᠦᠷ᠎ᠡ ᠪᠦᠳᠤᠭᠡᠯ ᠢ ᠪᠠᠬᠢᠵᠢᠬᠦᠯᠵᠦ᠂ ︽ᠢᠨᠲ᠋ᠧᠷᠨᠧᠲ ᠰᠦᠯᠵᠢᠶ᠎ᠠ +︾ ᠭᠡᠷᠡᠭᠯᠡᠭᠡᠨ ᠤ ᠲᠤᠭᠳᠠᠯᠴᠠᠭ᠎ᠠ ᠶᠢ ᠡᠬᠦᠳᠴᠦ᠂ ᠤᠯᠠᠮᠵᠢᠯᠠᠯᠳᠤ ᠠᠷᠠᠯᠵᠢᠶ᠎ᠠ ᠬᠤᠳᠠᠯᠳᠤᠭᠠᠨ ᠤ ᠠᠵᠦ ᠠᠬᠤᠶᠢᠯᠠᠯ ᠤᠨ ᠰᠦᠨᠢᠳ ᠰᠢᠯᠢᠳᠡᠭ ᠲᠡᠸᠡᠷ᠂ ᠵᠢᠩ ᠳ᠋ᠦᠩ ᠵᠡᠷᠭᠡ ᠡᠯ᠎ᠡ ᠲᠦᠷᠦᠯ ᠤᠨ ᠡᠯᠧᠺᠲᠷᠤᠨ ᠬᠤᠳᠠᠯᠳᠤᠭᠠᠨ ᠤ ᠲᠠᠪᠴᠠᠩ ᠢ ᠠᠰᠢᠭᠯᠠᠵᠦ᠂ ᠰᠦᠯᠵᠢᠶᠠᠨ ᠲᠡᠭᠡᠷᠡᠬᠢ ᠭᠡᠷᠡᠭᠯᠡᠭᠡᠨ ᠤ ᠭᠡᠯᠪᠡᠷᠢ ᠶᠢ ᠢᠳᠡᠪᠬᠢᠳᠡᠢ ᠬᠦᠭᠵᠢᠬᠦᠯᠵᠦ᠂ ᠵᠢᠯ ᠤᠨ ᠲᠤᠳᠤᠷ᠎ᠡ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠮᠦᠩᠬᠦ ᠶᠢ 8.3 ᠳ᠋ᠦᠩᠰᠢᠭᠤᠷ ᠲᠦᠬᠦᠷᠢᠭ ᠲᠤ ᠬᠦᠷᠭᠡᠬᠦ ᠪᠠᠷ ᠴᠢᠷᠮᠡᠶᠢᠵᠦ᠂ ᠠᠵᠦ ᠠᠬᠤᠢ ᠶᠢᠨ ᠬᠦᠭᠵᠢᠯᠳᠡ ᠶᠢᠨ ᠰᠢᠨ᠎ᠡ ᠨᠡᠮᠡᠭᠳᠡᠯ ᠴᠡᠭ ᠢ ᠪᠤᠶᠢᠵᠢᠭᠤᠯᠤᠨ᠎ᠠ᠃︵ᠲᠦᠷᠪᠡ︶ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠲᠦᠪᠯᠡᠷᠡᠬᠦᠯᠵᠦ᠂ ︽ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠠᠵᠢᠯ ᠢ ᠡᠷᠡᠰ ᠭᠤᠶᠢᠪᠢᠰᠢ ᠦᠬᠡᠢ ᠰᠠᠶᠢᠳᠤᠷ ᠬᠢᠨ᠎ᠡ᠃ ᠲᠠᠪᠤᠨ ᠵᠢᠯ ᠤᠨ ᠰᠢᠯᠵᠢᠯᠳᠠ ᠶᠢᠨ ᠬᠤᠭᠤᠴᠠᠭᠠᠨ ᠤ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠲᠦᠷᠦᠯ ᠬᠤᠪᠢᠶᠠᠨ ᠰᠢᠯᠢᠳᠡᠭᠵᠢᠬᠦᠯᠦᠨ ᠲᠤᠬᠢᠷᠠᠭᠤᠯᠵᠦ᠂ ᠪᠡᠭᠡᠵᠢᠩ ᠦᠪᠤᠷ ᠮᠤᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭ᠎ᠠ ᠪᠡ ᠲᠤᠮᠳᠠᠳᠤ ᠤᠯᠤᠰ ᠤᠨ ᠠᠭᠠᠷ ᠠᠶᠠᠯᠠᠯ  ᠤᠨ ᠪᠦᠯᠦᠭᠯᠡᠯ ᠤᠨ ᠲᠤᠭᠳᠠᠭᠰᠠᠨ ᠴᠡᠭ ᠲᠤ ᠬᠠᠪᠰᠤᠷᠤᠨ ᠲᠡᠳᠬᠦᠬᠦ ᠠᠵᠢᠯ ᠢ ᠬᠦᠨᠵᠡᠬᠡᠶᠢᠷᠡᠬᠦᠯᠵᠦ᠂ ᠲᠡᠬᠢᠨ ᠶᠠᠳᠠᠭᠤᠷᠠᠬᠤ ᠶᠢ ᠬᠢᠨᠠᠨ ᠲᠦᠰᠦᠭᠡᠯᠡᠬᠦ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂  ᠶᠡᠭᠡ ᠭᠡᠪᠴᠢᠶ᠎ᠠ ᠪᠠᠷ ᠲᠡᠬᠢᠨ ᠶᠠᠳᠠᠭᠤᠷᠠᠬᠤ ᠶᠢ ᠰᠡᠷᠭᠡᠶᠢᠯᠡᠨ᠎ᠡ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠲᠦᠷᠦᠯ ᠵᠦᠢᠯ  ᠤᠨ ᠪᠦᠳᠤᠭᠡᠨ ᠪᠠᠶᠢᠭᠤᠯᠤᠯᠳᠠ ᠲᠠᠢ ᠵᠤᠯᠭᠠᠭᠤᠯᠬᠤ ᠠᠵᠢᠯ ᠢ ᠨᠢᠭᠡᠳᠤᠯᠳᠠᠢ ᠲᠦᠯᠦᠪᠵᠢᠬᠦᠯᠦᠨ ᠠᠬᠢᠭᠤᠯᠵᠦ᠂ ᠵᠢᠯ  ᠤᠨ ᠲᠤᠳᠤᠷ᠎ᠡ ᠡᠯ᠎ᠡ ᠱᠠᠳᠤᠨ ᠤ ᠡᠯ᠎ᠡ ᠲᠦᠷᠦᠯ ᠤᠨ ᠵᠤᠯᠭᠠᠭᠤᠯᠬᠤ ᠠᠵᠢᠯ ᠤᠨ ᠬᠠᠪᠰᠤᠷᠤᠨ ᠲᠡᠳᠬᠦᠬᠦ ᠪᠡᠯᠡ ᠮᠦᠩᠬᠦ ᠶᠢ 1 ᠳ᠋ᠦᠩᠰᠢᠭᠤᠷ ᠲᠦᠬᠦᠷᠢᠭ ᠤᠷᠤᠭᠤᠯᠬᠤ ᠪᠠᠷ ᠲᠦᠯᠦᠪᠯᠡᠵᠦ᠂ ᠠᠵᠦ ᠦᠢᠯᠡᠰ ᠤᠨ ᠬᠦᠭᠵᠢᠯᠳᠡ᠂ ᠭᠠᠮᠰᠢᠭ ᠢ ᠡᠰᠡᠷᠬᠦᠴᠠᠨ ᠭᠠᠮᠰᠢᠭ ᠠᠴᠠ ᠠᠪᠤᠷᠠᠬᠤ᠂ ᠰᠠᠭᠤᠷᠢ ᠲᠦᠬᠦᠭᠡᠷᠤᠮᠵᠢ ᠵᠡᠷᠭᠡ ᠬᠦᠷᠢᠶ᠎ᠠ ᠴᠡᠷ᠎ᠡ ᠳᠠᠬᠢ 60 ᠲᠦᠷᠦᠯ ᠵᠦᠢᠯ ᠢ ᠭᠡᠷᠡᠭᠵᠢᠬᠦᠯᠦᠨ᠎ᠡ᠃ ᠠᠵᠦ ᠦᠢᠯᠡᠰ ᠤᠨ ᠪᠦᠳᠤᠴᠠ ᠶᠢ ᠦᠷᠬᠦᠯᠵᠢᠯᠡᠨ ᠰᠢᠯᠢᠳᠡᠭᠵᠢᠬᠦᠯᠵᠦ᠂ ᠮᠠᠯ ᠠᠵᠦ ᠠᠬᠤᠢ ᠶᠢᠨ ᠭᠤᠤᠯᠯᠠᠬᠤ ᠠᠵᠦ ᠦᠢᠯᠡᠰ ᠢ ᠠᠬᠢᠭᠤᠯᠬᠤ ᠰᠠᠭᠤᠷᠢᠨ ᠲᠡᠭᠡᠷ᠎ᠡ᠂ ᠤᠯᠠᠨ ᠵᠦᠢᠯ ᠤᠨ ᠭᠡᠯᠪᠡᠷᠢ  ᠶᠢᠨ ᠰᠢᠨ᠎ᠡ ᠠᠵᠦ ᠦᠢᠯᠡᠰ ᠢ ᠵᠤᠷᠢᠭᠵᠢᠭᠤᠯᠤᠨ ᠲᠡᠮᠵᠢᠵᠦ᠂ ᠰᠠᠶᠢᠬᠠᠨᠳᠠᠯ᠎ᠠ ᠪᠡᠯᠭᠠᠰᠤᠨ ᠤ ᠢᠳᠡᠰᠢᠨ ᠨᠤᠭᠤᠭᠠᠨ ᠤ ᠠᠵᠦ ᠦᠢᠯᠡᠰ ᠤᠨ ᠰᠠᠭᠤᠷᠢᠨ ᠭᠠᠵᠡᠷ ᠤᠨ ᠪᠦᠳᠤᠭᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠰᠠᠶᠢᠳᠤᠷ ᠠᠳᠬᠤᠵᠦ ᠂ ᠤᠯᠤᠰ ᠤᠨ ᠲᠠᠰ ᠤᠨ ᠲᠠᠷᠢᠶᠠᠯᠠᠩ ᠤᠨ ᠤᠳᠤᠬᠢᠴᠢᠯᠠᠯᠳᠠ ᠶᠢᠨ ᠵᠢᠱᠢᠶ᠎ᠠ ᠦᠵᠡᠬᠦᠯᠬᠦ ᠲᠤᠭᠤᠷᠢᠭ ᠢ ᠡᠬᠦᠳᠤᠨ ᠪᠠᠶᠢᠭᠤᠯᠬᠤ ᠠᠵᠢᠯ ᠢ ᠢᠳᠡᠪᠬᠢᠳᠡᠢ ᠦᠷᠨᠢᠬᠦᠯᠦᠨ᠎ᠡ᠃ ᠠᠶᠢᠮᠠᠭ ᠤᠨ ᠲᠠᠰ ᠤᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠲᠤᠷᠰᠢᠯᠳᠠ ᠶᠢᠨ ᠴᠡᠭ ᠤᠨ ᠵᠢᠱᠢᠶ᠎ᠠ ᠦᠵᠡᠬᠦᠯᠬᠦ 2 ᠭᠠᠴᠠᠭ᠎ᠠ ᠪᠡ ᠬᠤᠰᠢᠭᠤ ᠲᠠᠰ  ᠤᠨ ᠭᠤᠤᠯᠳᠠᠯᠭ᠎ᠠ ᠲᠠᠢ ᠬᠠᠪᠰᠤᠷᠤᠨ ᠲᠡᠳᠬᠦᠬᠦ 6 ᠭᠠᠴᠠᠭ᠎ᠠ ᠲᠤᠰᠬᠤᠨ ᠢ ᠡᠬᠦᠳᠤᠨ ᠲᠡᠰ ᠲᠡᠪᠰᠢᠬᠦᠯᠬᠦ ᠠᠵᠢᠯ ᠢ ᠪᠦᠬᠦ ᠬᠦᠴᠦ ᠪᠠᠷ ᠢᠶᠠᠨ ᠠᠬᠢᠭᠤᠯᠵᠦ᠂ ︽ᠴᠡᠭ ᠢᠶᠠᠷ ᠵᠢᠱᠢᠶ᠎ᠠ ᠦᠵᠡᠬᠦᠯᠬᠦ︾ ᠠᠴᠠ ᠪᠠᠨ ︽ᠪᠦᠬᠦ ᠲᠠᠯ᠎ᠠ ᠪᠠᠷ ᠲᠦᠬᠡᠮᠡᠯᠵᠢᠬᠦᠯᠬᠦ︾ ᠲᠠᠰᠢ ᠬᠤᠪᠢᠷᠠᠭᠤᠯᠬᠤ ᠶᠢ ᠠᠯᠬᠤᠮ ᠠᠯᠬᠤᠮ ᠢᠶᠠᠷ ᠠᠬᠢᠭᠤᠯᠤᠨ᠎ᠠ᠃ ︽ᠬᠦᠳᠡᠭᠡ ᠲᠤᠰᠬᠤᠨ ᠤ ᠤᠷᠤᠰᠢᠨ ᠠᠮᠢᠳᠤᠷᠠᠬᠤ ᠤᠷᠴᠢᠨ ᠲᠤᠭᠤᠷᠢᠨ ᠢ ᠴᠡᠭᠴᠡᠯᠡᠨ ᠵᠠᠰᠠᠵᠦ ᠲᠡᠭᠡᠭᠰᠢᠯᠡᠬᠦᠯᠬᠦ ᠲᠠᠪᠤᠨ ᠵᠢᠯ ᠤᠨ ᠠᠵᠢᠯᠯᠠᠭᠠᠨ  ᠤ ᠲᠦᠰᠦᠯ ︵2021 — 2025 ᠤᠨ︶︾ ᠢᠶᠠᠷ ᠬᠦᠳᠤᠯᠪᠤᠷᠢ ᠪᠤᠯᠭᠠᠵᠦ᠂ ᠪᠦᠳᠤᠭᠡᠨ ᠪᠠᠶᠢᠭᠤᠯᠤᠯᠳᠠ᠂ ᠬᠠᠮᠢᠶᠠᠷᠤᠯᠳᠠ᠂ ᠠᠰᠢᠭᠯᠠᠯᠳᠠ ᠶᠢ ᠵᠡᠷᠭᠡᠪᠡᠷ ᠴᠢᠬᠤᠯᠠᠴᠢᠯᠠᠬᠤ ᠶᠢ ᠪᠡᠷᠢᠮᠳᠠᠯᠠᠵᠦ᠂ ︽ᠵᠤᠷᠯᠤᠩ ᠤᠨ ᠦᠬᠡᠷᠡᠴᠢᠯᠠᠯᠳᠠ︾ ᠶᠢᠨ ᠠᠵᠢᠯ ᠳᠤ ᠤᠷᠤᠰᠢᠵᠦ ᠪᠠᠶᠢᠭ᠎ᠠ ᠠᠰᠠᠭᠤᠳᠠᠯ ᠢ ᠴᠡᠭᠴᠠᠯᠠᠨ ᠵᠠᠰᠠᠬᠤ ᠠᠵᠢᠯ ᠢ ᠯᠠᠪᠳᠠᠭᠤᠨ ᠪᠠᠳᠤᠳᠠᠢ ᠠᠬᠢᠭᠤᠯᠵᠦ᠂ ᠵᠢᠷᠦᠬᠡ ᠪᠠᠯᠭᠠᠰᠤᠨ ᠤ ᠪᠤᠬᠢᠷ ᠤᠰᠤ ᠶᠢ ᠰᠢᠢᠳᠪᠤᠷᠢᠯᠡᠬᠦ ᠦᠷᠳᠡᠭᠡ ᠵᠢᠴᠢ ᠬᠤᠭᠤᠯᠠᠢ ᠲᠤᠤᠷ ᠢ ᠢᠵᠢ ᠪᠦᠷᠢᠳᠤᠬᠦᠯᠬᠦ᠂ ᠦᠷᠬᠡᠨᠳᠡᠯ᠎ᠡ ᠪᠠᠯᠭᠠᠰᠤᠨ ᠤ ᠠᠮᠢᠳᠤᠷᠠᠯ ᠤᠨ ᠬᠤᠭ ᠨᠤᠪᠰᠢ ᠶᠢ ᠵᠦᠭᠡᠭᠡᠪᠤᠷᠢᠯᠠᠬᠦ ᠦᠷᠳᠡᠭᠡ ᠪᠡ 4 ᠰᠤᠮᠤ ᠪᠠᠯᠭᠠᠰᠤᠨ ᠤ ᠬᠤᠭ ᠨᠤᠪᠰᠢ ᠶᠢ ᠰᠢᠢᠳᠪᠤᠷᠢᠯᠡᠬᠦ ᠴᠡᠭ ᠤᠨ ᠪᠦᠳᠤᠭᠡᠨ ᠪᠠᠶᠢᠭᠤᠯᠤᠯᠳᠠ ᠶᠢ ᠪᠠᠶᠠᠯᠠᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠲᠤᠭᠤᠷᠢᠨ ᠢ ᠦᠨᠡᠨᠬᠦ ᠰᠠᠶᠢᠵᠢᠷᠠᠭᠤᠯᠤᠨ ᠲᠡᠭᠡᠭᠰᠢᠯᠡᠬᠦᠯᠦᠨ᠎ᠡ᠃ ᠬᠦᠳᠡᠭᠡ ᠶᠢᠨ ᠪᠤᠯᠪᠠᠰᠤᠨ ᠰᠤᠷᠳᠠᠯ᠂ ᠭᠡᠷ ᠤᠨ ᠰᠢᠯᠢᠳᠡᠭ ᠰᠤᠷᠳᠠᠯ᠂ ᠠᠷᠠᠳ ᠤᠨ ᠪᠤᠷᠤᠭᠵᠢᠭᠤᠨ ᠰᠤᠷᠳᠠᠯ ᠢ ᠢᠳᠡᠪᠬᠢᠳᠡᠢ ᠪᠤᠶᠢᠵᠢᠭᠤᠯᠵᠦ᠂ ᠵᠢᠱᠢᠶ᠎ᠠ ᠦᠵᠡᠬᠦᠯᠦᠨ ᠬᠦᠳᠤᠯᠤᠨ ᠲᠠᠭᠠᠭᠤᠯᠬᠤ ᠦᠢᠯᠡᠳᠤᠯ ᠢ ᠴᠢᠩᠭᠠᠳᠬᠠᠨ᠂ ᠪᠤᠯᠪᠡᠰᠤᠨ ᠭᠠᠴᠠᠭ᠎ᠠ ᠲᠤᠰᠬᠤᠨ ᠪᠠᠯᠭᠠᠰᠤ᠂ ᠪᠤᠯᠪᠠᠰᠤᠨ ᠭᠡᠷ ᠪᠦᠯᠢ᠂ ᠶᠤᠰᠤ ᠮᠤᠷᠠᠯ  ᠤᠨ ᠵᠢᠱᠢᠶᠠᠴᠢ᠂ ︽ᠬᠠᠮᠤᠭ ᠤᠨ ᠰᠠᠶᠢᠬᠠᠨ︾ ᠢ ᠰᠢᠯᠭᠠᠷᠠᠭᠤᠯᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠦᠨ᠎ᠡ᠃ ᠭᠠᠴᠠᠭ᠎ᠠ ᠲᠤᠰᠬᠤᠨ ᠳᠤ ᠰᠠᠭᠤᠬᠤ ᠠᠵᠢᠯ ᠤᠨ ᠵᠤᠬᠢᠴᠠᠮᠵᠢ ᠶᠢ ᠪᠦᠷᠢᠨᠰᠢᠬᠦᠯᠦᠨ᠂ ᠭᠠᠴᠠᠭ᠎ᠠ ᠲᠤᠰᠬᠤᠨ ᠤ ︽ᠬᠤᠶᠠᠷ ᠵᠦᠪᠯᠡᠯ︾ ᠤᠨ ᠡᠩᠨᠡᠭᠡᠨ ᠤ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠵᠦ᠂ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠲᠠᠶᠢᠴᠢᠨ ᠪᠠᠬᠢᠯᠡᠯᠳᠡ ᠶᠢᠨ ᠦᠢᠯᠡᠳᠤᠯ ᠢ ᠴᠢᠩᠭᠠᠳᠬᠠᠨ᠎ᠠ᠃︵ᠲᠠᠪᠤ︶ ᠠᠭᠤᠰᠤᠯᠴᠠᠯ ᠬᠦᠭᠵᠢᠯᠳᠡ ᠳᠤ ᠲᠦᠪᠯᠡᠷᠡᠬᠦᠯᠵᠦ᠂ ᠬᠤᠳᠠ ᠬᠦᠳᠡᠭᠡ ᠶᠢᠨ ᠶᠡᠰᠤ ᠴᠢᠨᠡᠷ ᠢ ᠢᠮᠠᠭᠳᠠ ᠲᠡᠭᠡᠭᠰᠢᠯᠡᠬᠦᠯᠦᠨ᠎ᠡ᠃ ᠤᠷᠤᠨ ᠵᠠᠢ ᠶᠢᠨ ᠪᠠᠶᠢᠷᠢᠯᠠᠭᠤᠯᠤᠯᠳᠠ ᠶᠢ ᠰᠢᠯᠢᠳᠡᠭᠵᠢᠬᠦᠯᠦᠨ᠎ᠡ᠃ ᠲᠦᠯᠦᠪᠵᠢᠬᠦᠯᠬᠡ ᠪᠠᠷ ᠬᠦᠳᠤᠯᠤᠨ ᠲᠠᠭᠠᠭᠤᠯᠬᠤ ᠶᠢ ᠪᠡᠷᠢᠮᠳᠠᠯᠠᠵᠦ᠂ ᠬᠦᠭᠵᠢᠯᠳᠡ ᠶᠢᠨ ᠤᠷᠤᠨ ᠵᠠᠢ ᠶᠢ ᠵᠤᠬᠢᠰᠳᠡᠢ ᠪᠠᠶᠢᠷᠢᠯᠠᠭᠤᠯᠵᠦ᠂ ︽ᠤᠯᠠᠨ ᠲᠦᠯᠦᠪᠵᠢᠬᠦᠯᠬᠡ ᠶᠢ  ᠨᠢᠬᠡᠳᠭᠡᠬᠦ︾ ᠶᠢ ᠢᠳᠡᠪᠬᠢᠳᠡᠢ ᠭᠡᠷᠡᠭᠵᠢᠬᠦᠯᠵᠦ᠂ ᠤᠯᠤᠰ ᠤᠨ ᠭᠠᠵᠡᠷ ᠰᠢᠷᠦᠢ ᠶᠢᠨ ᠤᠷᠤᠨ ᠵᠠᠢ ᠶᠢᠨ ᠶᠡᠷᠦᠩᠭᠡᠢ ᠲᠦᠯᠦᠪᠵᠢᠬᠦᠯᠬᠡ ᠶᠢ ᠴᠢᠨᠠᠷᠯᠢᠭ ᠨᠠᠶᠢᠷᠠᠭᠤᠯᠵᠦ᠂ ᠭᠡᠷᠡᠭᠯᠡᠭᠡᠨ ᠤ ᠴᠢᠨᠠᠷᠳᠡᠢ ᠠᠶᠢᠯ ᠲᠤᠰᠬᠤᠨ ᠤ ᠲᠦᠯᠦᠪᠵᠢᠬᠦᠯᠬᠡ ᠶᠢ ᠪᠦᠬᠦ ᠲᠠᠯ᠎ᠠ ᠪᠠᠷ ᠭᠡᠷᠡᠭᠵᠢᠬᠦᠯᠵᠦ᠂ ᠪᠠᠶᠢᠷᠢᠯᠠᠭᠤᠯᠤᠯᠳᠠ ᠵᠤᠬᠢᠰᠳᠡᠢ᠂ ᠡᠷᠴᠢᠮᠯᠢᠭ ᠪᠦᠭᠡᠳ ᠦᠨᠳᠤᠷ ᠦᠷ᠎ᠡ ᠪᠦᠳᠤᠮᠵᠢᠳᠡᠢ᠂ ᠲᠤᠯᠭᠠᠭᠤᠷᠢᠯᠠᠬᠤ ᠬᠦᠴᠦᠨ ᠲᠡᠬᠦᠯᠳᠡᠷ᠂ ᠵᠤᠬᠢᠴᠠᠩᠭᠤᠢ ᠪᠦᠭᠡᠳ ᠦᠷᠬᠦᠯᠵᠢᠯᠡᠨ ᠬᠦᠭᠵᠢᠬᠦ ᠰᠢᠶᠠᠨ ᠤ ᠬᠡᠪᠴᠢᠶᠠᠨ ᠤ ᠤᠷᠤᠨ ᠵᠠᠢ ᠶᠢᠨ ᠭᠡᠪ ᠪᠠᠶᠢᠳᠠᠯ ᠢ ᠠᠯᠬᠤᠮ ᠠᠯᠬᠤᠮ ᠢᠶᠠᠷ ᠪᠦᠷᠢᠯᠳᠤᠬᠦᠯᠦᠨ᠎ᠡ᠃ ᠬᠤᠳᠠ ᠪᠠᠯᠭᠠᠰᠤᠨ ᠤ ᠶᠠᠰᠤ ᠴᠢᠨᠡᠷ ᠢ ᠲᠡᠭᠡᠭᠰᠢᠯᠡᠬᠦᠯᠦᠨ᠎ᠡ᠃ ᠬᠤᠳᠠ ᠪᠠᠯᠭᠠᠰᠤ ᠶᠢ ᠰᠢᠨᠡᠴᠢᠯᠠᠬᠦ ᠠᠵᠢᠯᠯᠠᠭ᠎ᠠ ᠶᠢ ᠯᠠᠪᠳᠠᠭᠤᠨ ᠪᠠᠳᠤᠳᠠᠢ ᠦᠷᠨᠢᠬᠦᠯᠵᠦ᠂ ᠲᠦᠷᠦᠯ ᠵᠦᠢᠯ ᠢ ᠭᠤᠶᠤᠴᠢᠯᠠᠨ ᠮᠡᠳᠡᠬᠦᠯᠬᠦ ᠡᠷᠴᠢᠮ ᠢᠶᠠᠨ ᠴᠢᠩᠭᠠᠷᠠᠭᠤᠯᠵᠦ᠂ ᠬᠤᠳᠠ ᠶᠢᠨ ᠶᠠᠪᠤᠳᠠᠯ ᠤᠨ ᠬᠤᠭᠤᠯᠠᠢ ᠲᠤᠤᠷ ᠤᠨ ᠦᠬᠡᠷᠡᠴᠢᠯᠠᠯᠳᠠ ᠶᠢᠨ ᠢᠨᠵᠧᠨᠧᠷᠢᠩ ᠢ ᠦᠨᠡᠨᠬᠦ ᠰᠠᠶᠢᠳᠤᠷ ᠬᠢᠵᠦ᠂ ᠪᠤᠷᠤ ᠭᠡᠷ ᠤᠨ ᠲᠤᠭᠤᠷᠢᠭ ᠤᠨ 300 ᠭᠡᠷ ᠪᠠᠶᠢᠰᠢᠩ ᠢ  ᠦᠬᠡᠷᠡᠴᠢᠯᠠᠨ᠂ 8 ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠢ ᠦᠭᠡᠷᠡᠴᠢᠯᠠᠵᠦ᠂ ᠰᠠᠶᠢᠬᠠᠨᠳᠠᠯ᠎ᠠ ᠪᠠᠯᠭᠠᠰᠤᠨ  ᠤ ᠠᠮᠢᠳᠤᠷᠠᠯ ᠤᠨ ᠪᠤᠬᠢᠷ ᠤᠰᠤ ᠶᠢ ᠰᠢᠢᠳᠪᠤᠷᠢᠯᠡᠬᠦ ᠦᠢᠯᠡᠳᠪᠤᠷᠢ ᠶᠢ ᠦᠷᠭᠡᠳᠭᠡᠨ ᠪᠠᠶᠢᠭᠤᠯᠬᠤ᠂ ᠠᠮᠢᠳᠤᠷᠠᠯ ᠤᠨ ᠬᠤᠭ ᠨᠤᠪᠰᠢ ᠵᠢᠴᠢ ᠬᠤᠭᠤᠯᠠᠨ ᠭᠡᠷ ᠤᠨ ᠬᠤᠭ ᠨᠤᠪᠰᠢ ᠶᠢ ᠪᠤᠬᠢᠷᠳᠤᠯ ᠦᠬᠡᠢ ᠪᠠᠷ ᠰᠢᠢᠳᠪᠤᠷᠢᠯᠡᠬᠦ ᠪᠡ ᠪᠡᠷᠢᠯᠭ᠎ᠠ  ᠶᠢᠨ ᠬᠤᠭ ᠨᠤᠪᠰᠢ ᠶᠢ ᠰᠢᠢᠳᠪᠤᠷᠢᠯᠡᠬᠦ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠵᠦ᠂ ᠬᠤᠳᠠ ᠪᠠᠯᠭᠠᠰᠤᠨ ᠤ ᠶᠡᠷᠦᠩᠭᠡᠶᠢᠯᠡᠭᠰᠡᠨ ᠲᠠᠭᠠᠭᠠᠴᠠ ᠶᠢᠨ ᠬᠡᠮᠵᠢᠶ᠎ᠠ ᠶᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠬᠤᠳᠠ ᠪᠠᠯᠭᠠᠰᠤᠨ ᠤ ᠨᠠᠷᠢᠯᠢᠭᠵᠢᠭᠰᠠᠨ ᠬᠠᠮᠢᠶᠠᠷᠤᠯᠳᠠ ᠶᠢᠨ ᠠᠵᠢᠯᠯᠠᠭ᠎ᠠ ᠶᠢ ᠦᠷᠬᠦᠯᠵᠢᠯᠠᠨ ᠦᠷᠨᠢᠬᠦᠯᠵᠦ᠂ ᠤᠶᠤᠨᠳᠤ ᠬᠤᠳᠠ ᠶᠢᠨ ᠬᠠᠮᠢᠶᠠᠷᠤᠯᠳᠠ ᠶᠢᠨ ᠲᠠᠪᠴᠠᠩ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠵᠦ᠂ ᠬᠤᠳᠠ ᠶᠢᠨ ᠲᠦᠷᠢ ᠲᠦᠷᠬᠦ ᠶᠢᠨ ᠶᠡᠷᠦᠩᠭᠡᠶᠢᠯᠡᠭᠰᠡᠨ ᠴᠡᠭᠴᠡᠯᠠᠯᠳᠠ ᠶᠢ ᠬᠦᠴᠦᠳᠠᠢ ᠦᠷᠨᠢᠬᠦᠯᠵᠦ᠂ ᠨᠠᠶᠢᠳᠠ ᠶᠢᠨ ᠮᠠᠰᠢᠨ ᠲᠡᠷᠭᠡᠨ ᠤ ᠬᠠᠮᠢᠶᠠᠷᠤᠯᠳᠠ ᠪᠡ ᠭᠡᠷ ᠠᠬᠤᠢ ᠶᠢᠨ ᠬᠠᠮᠢᠶᠠᠷᠤᠯᠳᠠ ᠶᠢᠨ ᠲᠦᠪᠰᠢᠨ ᠢ ᠲᠡᠭᠡᠭᠰᠢᠯᠡᠬᠦᠯᠵᠦ᠂ ᠠᠷᠠᠳ ᠤᠯᠠᠨ ᠳᠤ ᠶᠠᠪᠤᠵᠦ ᠰᠠᠭᠤᠬᠤ ᠳᠤ ᠲᠠᠭᠠᠳᠠᠢ᠂ ᠴᠡᠪᠡᠷ ᠴᠡᠮᠴᠡᠭᠡᠷ ᠠᠮᠢᠳᠤᠷᠠᠯ ᠤᠨ ᠤᠷᠴᠢᠨ ᠢ ᠬᠠᠩᠭᠠᠨ᠎ᠠ᠃ ᠬᠤᠳᠠ ᠬᠦᠳᠡᠭᠡ  ᠶᠢᠨ ᠠᠭᠤᠰᠤᠯᠴᠠᠯ ᠢ ᠲᠡᠬᠦᠯᠳᠡᠷᠵᠢᠬᠦᠯᠦᠨ᠎ᠡ᠃ ᠬᠢᠯᠢ ᠬᠢᠵᠠᠭᠠᠷ ᠮᠠᠯᠵᠢᠬᠤ ᠤᠷᠤᠨ ᠤ ᠬᠤᠯᠠ ᠭᠠᠵᠡᠷ ᠠᠴᠠ ᠤᠰᠤ ᠲᠡᠭᠡᠭᠡᠵᠦ ᠪᠠᠶᠢᠭ᠎ᠠ ᠮᠠᠯᠴᠢᠨ ᠡᠷᠦᠬᠡ ᠳᠤ ᠤᠰᠤ ᠬᠠᠩᠭᠠᠬᠤ ᠪᠠᠳᠤᠯᠠᠭ᠎ᠠ ᠶᠢᠨ ᠢᠨᠵᠧᠨᠧᠷᠢᠩ ᠢ ᠭᠡᠷᠡᠭᠵᠢᠬᠦᠯᠵᠦ᠂ ᠰᠢᠨ᠎ᠡ ᠪᠠᠷ 40 ᠬᠤᠳᠳᠤᠭ᠂ 140 ᠬᠠᠭᠤᠷᠡᠢ ᠬᠤᠳᠳᠤᠭ ᠮᠠᠯᠳᠠᠵᠦ᠂ ᠲᠦᠪᠯᠡᠷᠡᠬᠦᠯᠦᠨ ᠤᠰᠤ ᠬᠠᠩᠭᠠᠬᠤ ᠢᠨᠵᠧᠨᠧᠷᠢᠩ 1 ᠶᠢ ᠭᠡᠷᠡᠭᠵᠢᠬᠦᠯᠤᠨ᠎ᠡ᠃ ᠬᠦᠳᠡᠭᠡ ᠲᠤᠰᠬᠤᠨ ᠤ ᠴᠠᠬᠢᠯᠭᠠᠨ ᠲᠤᠤᠷ ᠢ ᠦᠬᠡᠷᠡᠴᠢᠯᠠᠨ ᠲᠡᠰ ᠲᠡᠪᠰᠢᠬᠦᠯᠬᠦ ᠶᠢ ᠠᠬᠢᠭᠤᠯᠵᠦ᠂ 463.3 ᠺᠢᠯᠦᠮᠧᠲᠷ ᠤᠨ ᠴᠠᠬᠢᠯᠭᠠᠨ ᠤᠳᠠᠰᠤ ᠶᠢ ᠦᠬᠡᠷᠡᠴᠢᠯᠠᠬᠦ ᠪᠤᠶᠤ ᠰᠢᠨ᠎ᠡ ᠪᠠᠷ ᠲᠠᠳᠠᠵᠦ᠂ 708 ᠮᠠᠯᠴᠢᠨ ᠡᠷᠦᠬᠡ ᠳᠤ ᠴᠠᠬᠢᠯᠭᠠᠨ ᠨᠡᠪᠳᠡᠷᠡᠬᠦᠯᠦᠨ᠎ᠡ᠃ ︽ᠲᠦᠷᠪᠡᠨ ᠰᠠᠶᠢᠳᠠᠢ ᠬᠦᠳᠡᠭᠡ ᠲᠤᠰᠬᠤᠨ  ᠤ ᠵᠡᠮ︾27 ᠤᠨ ᠪᠦᠳᠤᠭᠡᠨ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠵᠦ᠂ ᠲᠦᠷᠦᠯ ᠵᠦᠢᠯ ᠤᠨ ᠪᠡᠯᠡ ᠮᠦᠩᠬᠦ  ᠶᠢ ᠢᠳᠡᠪᠬᠢᠳᠡᠢ ᠭᠤᠶᠤᠴᠢᠯᠠᠵᠦ᠂ ᠮᠠᠯᠵᠢᠬᠤ ᠲᠠᠷᠢᠶᠠᠯᠠᠬᠤ ᠤᠷᠤᠨ ᠤ ᠶᠠᠪᠤᠵᠦ ᠰᠠᠭᠤᠬᠤ ᠨᠦᠬᠦᠴᠠᠯ ᠢ ᠲᠡᠭᠡᠭᠰᠢᠯᠡᠬᠦᠯᠦᠨ᠂ ᠵᠢᠯ ᠤᠨ ᠲᠤᠳᠤᠷ᠎ᠡ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠡᠮ ᠢ 59 ᠺᠢᠯᠦᠮᠧᠲᠷ ᠵᠠᠰᠠᠬᠤ  ᠪᠠᠷ ᠲᠦᠯᠦᠪᠯᠡᠵᠦ ᠪᠤᠢ᠃ 4G ᠴᠢᠮᠡᠭᠡ ᠨᠡᠪᠳᠡᠷᠡᠯᠬᠡ ᠶᠢᠨ 10 ᠰᠠᠭᠤᠷᠢ ᠦᠷᠳᠡᠭᠡ᠂ 5G ᠴᠢᠮᠡᠭᠡ ᠨᠡᠪᠳᠡᠷᠡᠯᠬᠡ  ᠶᠢᠨ 30 ᠰᠠᠭᠤᠷᠢ ᠦᠷᠳᠡᠭᠡ ᠶᠢ ᠰᠢᠨ᠎ᠡ ᠪᠠᠷ ᠪᠠᠶᠢᠭᠤᠯᠵᠦ᠂ ᠪᠤᠶᠢᠳᠠ ᠪᠦᠭᠯᠡᠬᠦᠦ ᠮᠠᠯᠵᠢᠬᠤ ᠤᠷᠤᠨ ᠤ ᠴᠢᠮᠡᠭᠡ ᠨᠡᠪᠳᠡᠷᠡᠯᠬᠡ ᠶᠢᠨ ᠲᠤᠬᠢᠶᠠᠨ ᠤ ᠪᠦᠷᠬᠦᠴᠠ ᠶᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃︵ᠵᠢᠷᠭᠤᠭ᠎ᠠ︶ ᠠᠷᠠᠳ ᠤᠨ ᠠᠮᠢᠳᠤᠷᠠᠯ ᠤᠨ ᠪᠠᠳᠤᠯᠠᠭ᠎ᠠ ᠳᠤ ᠲᠦᠪᠯᠡᠷᠡᠬᠦᠯᠵᠦ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠢ ᠪᠦᠬᠦ ᠬᠦᠴᠦ ᠪᠠᠷ ᠢᠶᠠᠨ ᠬᠠᠩᠭᠠᠨ᠎ᠠ᠃ ᠪᠠᠳᠤᠯᠠᠭ᠎ᠠ ᠶᠢᠨ ᠬᠢᠷᠢ ᠲᠦᠪᠰᠢᠨ ᠢ ᠪᠦᠬᠦ ᠬᠦᠴᠦ ᠪᠠᠷ ᠢᠶᠠᠨ ᠲᠡᠭᠡᠭᠰᠢᠯᠡᠬᠦᠯᠦᠨ᠎ᠡ᠃ ᠠᠵᠢᠯ ᠤᠯᠭᠤᠯᠳᠠ ᠶᠢ ᠡᠩ ᠲᠡᠷᠢᠬᠦᠨ ᠳᠤ ᠪᠠᠶᠢᠯᠭᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠬᠦᠴᠢᠷᠳᠡᠯᠳᠡᠢ ᠤᠯᠠᠨ ᠲᠦᠮᠡᠨ᠂ ᠬᠦᠯᠦᠰᠦᠨ ᠠᠵᠢᠯᠴᠢᠨ᠂ ᠶᠡᠭᠡ ᠲᠡᠭᠡᠳᠤ ᠰᠤᠷᠭᠠᠭᠤᠯᠢ  ᠠᠴᠠ ᠲᠡᠬᠦᠰᠦᠭᠰᠡᠨ ᠤᠶᠤᠳᠠᠳ᠂ ᠴᠡᠷᠢᠭ ᠠᠴᠠ ᠬᠠᠯᠠᠭᠳᠠᠭᠰᠠᠳ ᠵᠡᠷᠭᠡ ᠬᠦᠮᠦᠰ ᠤᠨ ᠤᠯᠠᠨ ᠠᠷᠭ᠎ᠠ ᠵᠡᠮ ᠢᠶᠠᠷ ᠠᠵᠢᠯ ᠤᠯᠬᠤ ᠶᠢ ᠠᠬᠢᠭᠤᠯᠤᠨ᠎ᠠ᠃ ᠦᠢᠯᠡᠰ ᠪᠤᠰᠬᠠᠬᠤ ᠶᠢ ᠲᠡᠮᠵᠢᠬᠦ ᠬᠦᠴᠦᠯᠠᠴᠠ ᠪᠠᠨ ᠨᠡᠮᠡᠭᠳᠡᠬᠦᠯᠵᠦ᠂ ᠤᠯᠠᠨ ᠨᠠᠶᠢᠳᠠ ᠶᠢᠨ ᠲᠠᠳᠤᠯᠭ᠎ᠠ ᠶᠢᠨ ᠰᠠᠭᠤᠷᠢᠨ ᠭᠠᠵᠡᠷ ᠤᠨ ᠪᠦᠳᠤᠭᠡᠨ ᠪᠠᠶᠢᠭᠤᠯᠤᠯᠳᠠ ᠶᠢ  ᠲᠦᠷᠭᠡᠳᠭᠡᠵᠦ᠂ ᠵᠢᠯ ᠤᠨ ᠲᠤᠳᠤᠷ᠎ᠡ 7000 ᠠᠵᠢᠯ ᠤᠨ ᠪᠠᠶᠢᠷᠢ ᠴᠤᠭᠯᠠᠭᠤᠯᠵᠦ᠂ ᠬᠤᠳᠠ ᠪᠠᠯᠭᠠᠰᠤᠨ ᠤ 700 ᠬᠦᠮᠦᠨ ᠳᠤ ᠰᠢᠨ᠎ᠡ ᠪᠠᠷ ᠠᠵᠢᠯ ᠤᠯᠭᠤᠵᠦ᠂ 500 ᠲᠦᠮᠡᠨ ᠲᠦᠬᠦᠷᠢᠭ ᠤᠨ ᠦᠢᠯᠡᠰ ᠪᠤᠰᠬᠠᠬᠤ ᠪᠠᠳᠤᠯᠠᠭᠠᠳᠤ ᠵᠢᠭᠡᠯᠡᠯᠭᠡ ᠲᠠᠷᠬᠠᠭᠠᠵᠦ᠂ ᠬᠤᠳᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠳᠠᠯᠳᠠ ᠶᠢᠨ ᠨᠤᠷᠮ᠎ᠡ ᠶᠢ 4.5% ᠶᠢᠨ ᠲᠤᠳᠤᠷ᠎ᠡ ᠬᠢᠵᠠᠭᠠᠷᠯᠠᠨ᠎ᠠ᠃ ᠡᠮ ᠡᠮᠨᠡᠯᠬᠡ ᠶᠢᠨ ᠲᠠᠭᠠᠳᠬᠠᠯ᠂ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠳᠤ ᠤᠷᠤᠯᠴᠠᠬᠤ ᠭᠡᠪᠴᠢᠶ᠎ᠠ ᠶᠢ ᠦᠷᠬᠦᠯᠵᠢᠯᠡᠨ ᠦᠷᠭᠡᠳᠭᠡᠵᠦ᠂ ᠦᠨᠳᠤᠰᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠤᠷᠮ᠎ᠠ ᠶᠢ 95% ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠢᠶᠠᠷ ᠪᠠᠳᠤᠯᠠᠬᠤ ᠵᠤᠬᠢᠰᠳᠡᠢ ᠶᠢ ᠨᠢ ᠴᠦᠮ ᠪᠠᠳᠤᠯᠠᠬᠤ ᠶᠢ ᠪᠠᠶᠠᠯᠠᠬᠦᠯᠦᠨ᠎ᠡ᠃ ᠠᠵᠦ ᠠᠬᠤᠶᠢᠯᠠᠯ ᠤᠨ ᠠᠵᠢᠯᠴᠢᠨ ᠭᠡᠷᠡᠭᠯᠡᠬᠦ ᠪᠡ ᠬᠦᠯᠦᠰᠦᠨ ᠠᠵᠢᠯᠴᠢᠨ ᠤ ᠴᠠᠯᠢᠩ ᠤᠯᠭᠤᠯᠳᠠ ᠶᠢ ᠲᠦᠷᠢᠮᠵᠢᠬᠦᠯᠵᠦ᠂ ᠬᠦᠯᠦᠰᠦᠨ ᠠᠵᠢᠯᠴᠢᠳ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠨ᠎ᠠ᠃ ᠨᠡᠶᠢᠬᠡᠮ ᠤᠨ ᠠᠪᠤᠷᠠᠨ ᠲᠤᠰᠠᠯᠠᠯᠳᠠ ᠶᠢᠨ ᠲᠤᠭᠳᠠᠯᠴᠠᠭ᠎ᠠ ᠶᠢ ᠲᠡᠬᠦᠯᠳᠡᠷᠵᠢᠬᠦᠯᠵᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ᠂ ᠤᠨᠴᠠ ᠬᠦᠴᠢᠷᠳᠡᠯᠳᠡᠢ ᠬᠦᠮᠦᠰ ᠤᠨ ᠬᠦᠳᠡᠯᠤᠩᠬᠦᠢ ᠬᠠᠮᠢᠶᠠᠷᠤᠯᠳᠠ ᠶᠢ ᠭᠡᠷᠡᠭᠵᠢᠬᠦᠯᠵᠦ᠂ ᠲᠦᠷ ᠴᠠᠭ  ᠤᠨ ᠠᠪᠤᠷᠠᠨ ᠲᠤᠰᠠᠯᠠᠯᠳᠠ ᠶᠢ ᠲᠦᠷᠢᠮᠵᠢᠬᠦᠯᠦᠨ ᠰᠢᠯᠢᠳᠡᠭᠵᠢᠬᠦᠯᠵᠦ᠂ ᠲᠤᠤᠷ᠎ᠠ ᠤᠷᠤᠯᠭ᠎ᠠ ᠲᠠᠢ ᠬᠦᠮᠦᠰ ᠤᠨ ᠠᠮᠢᠳᠤᠷᠠᠯ ᠢ ᠪᠠᠳᠤᠯᠠᠨ᠎ᠠ᠃ ᠣᠷᠣᠰᠢᠭᠤᠯᠭ᠎ᠠ ᠶᠢᠨ ᠶᠠᠪᠤᠳᠠᠯ ᠤᠨ ᠥᠭᠡᠷᠡᠴᠢᠯᠡᠯᠲᠡ ᠶᠢ ᠡᠮᠬᠢ ᠴᠡᠭᠴᠠ ᠲᠠᠢ ᠠᠬᠢᠭᠤᠯᠵᠦ᠂ ᠬᠤᠰᠢᠭᠤ ᠤᠷᠤᠰᠢᠭᠤᠯᠭ᠎ᠠ ᠶᠢᠨ ᠶᠤᠰᠤᠯᠠᠯ ᠤᠨ ᠭᠠᠵᠡᠷ ᠤᠨ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠤᠨ᠎ᠠ᠃ ᠠᠷᠠᠳ ᠲᠦᠮᠡᠨ ᠤ ᠬᠠᠨᠤᠮᠵᠢᠳᠡᠢ ᠰᠤᠷᠭᠠᠨ ᠬᠦᠮᠦᠵᠢᠯ ᠢ ᠰᠠᠶᠢᠳᠤᠷ ᠡᠷᠬᠢᠯᠡᠨ᠎ᠡ᠃ ᠠᠯᠪᠡᠨ ᠵᠢᠷᠤᠮ ᠤᠨ ᠰᠤᠷᠭᠠᠨ ᠬᠦᠮᠦᠵᠢᠯ ᠤᠨ ︽ᠬᠤᠶᠠᠷ ᠢ ᠬᠦᠩᠭᠡᠷᠡᠬᠦᠯᠬᠦ︾ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢ ᠴᠡᠭᠴᠡᠯᠡᠬᠦ ᠡᠷᠴᠢᠮ ᠢᠶᠠᠨ ᠴᠢᠩᠭᠠᠷᠠᠭᠤᠯᠵᠦ᠂ ᠰᠤᠷᠤᠭᠴᠢᠳ ᠤᠨ ᠪᠦᠬᠦ ᠲᠠᠯ᠎ᠠ ᠶᠢᠨ ᠡᠷᠡᠬᠦᠯ ᠦᠰᠦᠯᠳᠡ ᠶᠢ ᠨᠢ ᠰᠠᠶᠢᠳᠤᠷ ᠪᠠᠳᠤᠯᠠᠨ᠎ᠠ᠃ ᠰᠠᠶᠢᠬᠠᠨᠳᠠᠯ᠎ᠠ ᠬᠡᠤᠭᠡᠳ ᠤᠨ ᠴᠡᠴᠡᠷᠯᠢᠭ ᠪᠡ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠬᠤᠭᠤᠯᠠᠨ ᠭᠡᠷ ᠤᠨ ᠪᠦᠳᠤᠭᠡᠨ ᠪᠡᠶᠢᠭᠤᠯᠤᠯᠳᠠ ᠶᠢ ᠠᠬᠢᠭᠤᠯᠵᠦ᠂ ᠨᠢᠬᠡᠳᠤᠭᠡᠷ ᠲᠤᠮᠳᠠᠳᠤ ᠰᠤᠷᠭᠠᠭᠤᠯᠢ ᠶᠢᠨ ᠬᠤᠭᠤᠯᠠᠨ ᠭᠡᠷ  ᠤᠨ ᠪᠦᠳᠤᠭᠡᠨ ᠪᠠᠶᠢᠭᠤᠯᠤᠯᠳᠠ ᠶᠢ ᠪᠠᠶᠡᠯᠡᠬᠦᠯᠵᠦ᠂ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢᠨ ᠨᠦᠬᠦᠴᠠᠯ ᠢ ᠦᠷᠬᠦᠯᠵᠢᠯᠡᠨ ᠰᠠᠶᠢᠵᠢᠷᠠᠭᠤᠯᠤᠨ᠎ᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠲᠤᠰᠬᠠᠶ ᠪᠠᠭᠰᠢ ᠶᠢᠨ ᠪᠤᠯᠪᠠᠰᠤᠷᠠᠯ ᠤᠨ ᠡᠷᠴᠢᠮ ᠢ ᠦᠨᠡᠨᠬᠦ ᠴᠢᠩᠭᠠᠳᠬᠠᠵᠤ᠂ 2022 ᠣᠨ ᠳᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠦᠬᠡᠮᠡᠯᠵᠢᠬᠦᠯᠦᠨ ᠬᠡᠷᠡᠭᠯᠡᠬᠦ ᠠᠵᠢᠯ ᠢ ᠤᠷᠤᠭᠰᠢᠲᠠᠶ ᠠᠬᠢᠭᠤᠯᠬᠤ ᠶᠢ ᠪᠠᠲᠤᠯᠠᠨ᠎ᠠ᠃ ᠡᠷᠡᠬᠦᠯ ᠮᠠᠨᠳᠤ ᠶᠢᠨ ᠦᠢᠯᠡᠴᠢᠯᠠᠭᠡᠨ ᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠬᠡᠷᠡᠴᠢᠯᠠᠯᠳᠠ ᠶᠢ ᠬᠦᠨᠵᠡᠬᠡᠶᠢᠷᠡᠬᠦᠯᠵᠦ᠂ ᠲᠡᠷᠢᠬᠦᠨ ᠤ ᠭᠠᠵᠡᠷ ᠤᠷᠤᠨ ᠤ ᠰᠢᠯᠢᠳᠡᠭ ᠡᠮᠴᠢᠯᠡᠭᠡᠨ ᠤ ᠡᠬᠢ ᠪᠠᠶᠠᠯᠢᠭ ᠲᠠᠢ ᠣᠷᠳᠣ ᠬᠤᠭᠤᠴᠠᠭ᠎ᠠ ᠪᠠᠷ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ ᠶᠢ ᠪᠦᠬᠦᠯᠢ ᠴᠤᠭᠴᠠ ᠪᠠᠷ ᠨᠢ ᠨᠡᠭᠦᠯᠭᠡᠬᠦ ᠠᠵᠢᠯ ᠢ ᠪᠡᠶᠡᠯᠡᠭᠦᠯᠵᠦ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠯ ᠤᠨ ᠲᠥᠪ ᠤᠨ ᠪᠦᠳᠤᠭᠡᠨ ᠪᠠᠶᠢᠭᠤᠯᠤᠯᠳᠠ ᠶᠢᠨ ᠲᠦᠷᠦᠯ ᠵᠦᠢᠯ ᠢ ᠭᠡᠷᠡᠭᠵᠢᠬᠦᠯᠵᠦ᠂ ᠡᠮ ᠡᠮᠨᠡᠯᠬᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠦᠷᠬᠦᠯᠵᠢᠯᠡᠨ ᠳᠡᠭᠡᠭᠰᠢᠯᠡᠭᠦᠯᠦᠨ᠎ᠡ᠃ ᠬᠤᠰᠢᠭᠤ ᠠᠷᠠᠳ ᠤᠨ ᠡᠮᠨᠡᠯᠬᠡ ᠶᠢᠨ ᠬᠤᠷᠢᠶᠠᠨ ᠤ ᠬᠠᠯᠠᠭᠤᠷᠠᠭᠰᠠᠳ ᠤᠨ ᠡᠬᠦᠳᠡᠨ ᠡᠮᠨᠡᠯᠬᠡ ᠪᠡ ᠭᠡᠭᠡᠷ᠎ᠡ ᠭᠠᠳᠠᠨᠠᠬᠢ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠴᠡᠭ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠵᠦ᠂ ᠤᠯᠠᠨ ᠨᠠᠶᠢᠳᠠ ᠶᠢᠨ ᠡᠮ ᠡᠮᠨᠡᠯᠬᠡ ᠡᠷᠡᠬᠦᠯ ᠬᠠᠮᠠᠭᠠᠯᠠᠯ ᠤᠨ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠬᠦᠯᠦᠨ᠎ᠡ᠃ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠠᠵᠢᠯ ᠢ ᠢᠮᠠᠭᠳᠠ ᠰᠠᠶᠢᠳᠤᠷ ᠠᠳᠬᠤᠵᠦ᠂ ᠤᠯᠠᠨ ᠲᠠᠯ᠎ᠠ  ᠠᠴᠠ ᠰᠠᠨᠠᠭᠤᠯᠬᠤ ᠲᠤᠭᠳᠠᠴᠠ ᠶᠢ ᠪᠠᠷᠢᠮᠳᠠᠯᠠᠵᠦ᠂ ᠸᠡᠺᠼᠢᠨ ᠤ ᠲᠠᠷᠢᠯᠭ᠎ᠠ ᠲᠠᠷᠢᠬᠤ ᠠᠵᠢᠯ ᠢ ᠡᠮᠬᠢ ᠴᠡᠭᠴᠡ ᠲᠠᠢ ᠠᠬᠢᠭᠤᠯᠵᠦ᠂ ᠪᠦᠬᠦ ᠠᠷᠠᠳ ᠤᠨ ᠦᠯᠦ ᠬᠠᠯᠳᠠᠭᠠᠬᠤ ᠴᠢᠳᠠᠪᠤᠷᠢ ᠶᠢ ᠲᠡᠭᠡᠭᠰᠢᠯᠡᠬᠦᠯᠦᠨ᠎ᠡ᠃ ᠰᠤᠶᠤᠯ ᠲᠠᠮᠢᠷ ᠤᠨ ᠦᠢᠯᠡᠰ ᠢ ᠶᠡᠬᠡᠪᠡᠷ ᠬᠦᠭᠵᠢᠬᠦᠯᠦᠨ᠎ᠡ᠃ ᠰᠤᠶᠤᠯ ᠢ ᠦᠪᠯᠡᠨ ᠬᠠᠮᠠᠭᠠᠯᠠᠬᠤ᠂ ᠤᠳᠬ᠎ᠠ ᠤᠷᠠᠯᠢᠭ ᠤᠨ ᠰᠤᠳᠤᠨ ᠪᠦᠳᠤᠭᠡᠯ ᠢ ᠡᠬᠦᠳᠬᠦ᠂ ᠰᠤᠶᠤᠯ ᠤᠨ ᠲᠦᠷᠦᠯ ᠲᠡᠮᠳᠡᠭᠳᠤ ᠶᠢ ᠡᠬᠦᠳᠬᠦ ᠵᠡᠷᠭᠡ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠤᠯᠠᠭᠠᠨᠮᠦ᠋ᠴᠢᠷ ᠤᠨ ᠦᠢᠯᠡᠰ ᠤᠨ ᠡᠷᠡᠬᠦᠯ ᠬᠦᠭᠵᠢᠯᠳᠡ ᠶᠢ ᠬᠦᠨᠵᠡᠬᠡᠢ ᠠᠬᠢᠭᠤᠯᠤᠨ᠎ᠠ᠃ ᠰᠤᠶᠤᠯ  ᠢᠶᠠᠷ ᠠᠷᠠᠳ ᠢ ᠬᠠᠷᠠᠭᠠᠯᠵᠠᠬᠤ ᠢᠨᠵᠧᠨᠧᠷᠢᠩ ᠢ ᠬᠦᠨᠵᠡᠬᠡᠢ ᠭᠡᠷᠡᠭᠵᠢᠬᠦᠯᠵᠦ᠂ ︽ᠲᠤᠭᠠᠴᠢᠯᠠᠭᠰᠠᠨ ᠰᠣᠶᠣᠯ ᠢ ᠮᠣᠩᠭᠤᠯ ᠬᠡᠷ ᠲᠤ ᠣᠷᠣᠭᠤᠯᠬᠤ︾ ᠦᠨᠳᠦᠰᠦᠨ ᠱᠠᠲᠤᠨ ᠤ ᠦᠢᠯᠡᠴᠢᠯᠡᠭᠡᠨ ᠤ ᠴᠢᠭ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠤᠳᠠ ᠬᠦᠳᠡᠭᠡ ᠶᠢᠨ ᠤᠯᠠᠨ ᠨᠠᠶᠢᠳᠠ ᠶᠢᠨ ᠰᠤᠶᠤᠯ ᠤᠨ ᠦᠢᠯᠡᠴᠢᠯᠠᠭᠡᠨ ᠤ ᠲᠤᠭᠳᠠᠯᠴᠠᠭ᠎ᠠ ᠶᠢᠨ ᠪᠠᠶᠢᠭᠤᠯᠤᠯᠳᠠ ᠶᠢ ᠴᠢᠩᠭᠠᠳᠬᠠᠵᠦ᠂ ᠤᠯᠠᠨ ᠲᠦᠮᠡᠨᠴᠢ ᠴᠢᠨᠡᠷᠳᠡᠢ ᠰᠤᠶᠤᠯ ᠤᠨ ᠠᠵᠢᠯᠯᠠᠭ᠎ᠠ ᠶᠢ ᠦᠷᠭᠡᠨ ᠢᠶᠠᠷ ᠦᠷᠨᠢᠬᠦᠯᠦᠨ᠎ᠡ᠃ ᠲᠠᠤᠭᠡ ᠶᠢᠨ ᠲᠤᠷᠡᠰᠬᠠᠯᠳᠤ ᠵᠦᠢᠯ ᠢ ᠬᠠᠮᠠᠭᠠᠯᠠᠨ ᠠᠰᠢᠭᠯᠠᠬᠤ ᠠᠵᠢᠯ ᠢ ᠦᠷᠬᠦᠯᠵᠢᠯᠡᠨ ᠴᠢᠩᠭᠠᠳᠬᠠᠵᠦ᠂ ᠪᠢᠯᠡᠬᠦᠳᠤ ᠰᠦᠮ᠎ᠡ ᠶᠢ ᠰᠠᠯᠪᠢᠨ ᠵᠠᠰᠠᠬᠤ ᠠᠵᠢᠯ  ᠢ ᠪᠡᠶᠡᠯᠡᠬᠦᠯᠦᠨ᠂ ᠵᠢᠪᠬᠤᠯᠠᠩᠳᠤ ᠶᠢᠨ ᠡᠾᠦ᠋ᠩᠨᠤ ᠶᠢᠨ ᠦᠶ᠎ᠠ ᠶᠢᠨ ᠪᠤᠯᠠᠰᠢ ᠨᠤᠭᠤᠳ ᠤᠨ ᠬᠠᠭᠤᠴᠢ ᠮᠠᠯᠳᠠᠮᠠᠯ ᠤᠨ ᠠᠵᠢᠯ ᠢ ᠬᠠᠮᠵᠢᠯᠴᠠᠨ ᠰᠠᠶᠢᠳᠤᠷ ᠬᠢᠨ᠎ᠡ᠃ ᠪᠦᠬᠦ ᠤᠷᠤᠨ᠂ ᠪᠦᠬᠦ ᠠᠶᠢᠮᠠᠭ ᠤᠨ ᠪᠠᠶ᠎ᠠ ᠲᠠᠮᠢᠷ ᠤᠨ ᠤᠷᠤᠯᠳᠤᠭᠠᠨ ᠢ ᠢᠳᠡᠪᠬᠢᠳᠡᠢ ᠲᠠᠭᠠᠭᠠᠴᠢᠯᠠᠨ ᠡᠷᠬᠢᠯᠡᠵᠦ᠂ ᠤᠯᠠᠨ ᠲᠦᠮᠡᠨ ᠤ ᠰᠤᠶᠤᠯ ᠲᠠᠮᠢᠷ ᠤᠨ ᠠᠵᠢᠯᠯᠠᠭ᠎ᠠ ᠶᠢ ᠪᠡᠶᠡᠯᠢᠭ᠌ᠵᠢᠭᠤᠯᠤᠨ᠎ᠠ᠃ ᠨᠡᠶᠢᠬᠡᠮ ᠤᠨ ᠶᠡᠭᠡ ᠲᠠᠯ᠎ᠠ ᠶᠢᠨ ᠲᠤᠭᠳᠠᠭᠤᠨ ᠢ ᠬᠠᠮᠠᠭᠠᠯᠠᠨ᠎ᠠ᠃ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠡᠳᠤ ᠴᠤᠭᠴᠠᠯᠠᠬᠤ ᠪᠠᠷ ᠭᠤᠤᠯ ᠰᠢᠵᠢᠮ ᠪᠤᠯᠭᠠᠵᠦ᠂ ᠨᠡᠮ ᠤᠨ ᠦᠨᠳᠤᠰᠤᠳᠠᠨ ᠤ ᠲᠤᠬᠠᠢ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠰᠢᠨ᠎ᠡ ᠨᠢᠬᠡ ᠡᠬᠡᠯᠵᠢ ᠶᠢᠨ ᠦᠪᠡᠷᠳᠡᠭᠡᠨ ᠵᠠᠰᠠᠬᠤ ᠤᠷᠤᠨ ᠤ ᠦᠨᠳᠤᠰᠤᠳᠠᠨ ᠤ ᠪᠦᠯᠬᠦᠮᠳᠡᠯ ᠲᠡᠪᠰᠢᠯᠳᠠ ᠶᠢᠨ ᠵᠢᠱᠢᠶ᠎ᠠ ᠦᠵᠡᠬᠦᠯᠬᠦ ᠬᠤᠰᠢᠭᠤ ᠶᠢ ᠡᠬᠦᠳᠤᠨ ᠪᠠᠶᠢᠭᠤᠯᠬᠤ ᠠᠵᠢᠯ ᠢ ᠰᠠᠶᠢᠳᠤᠷ ᠬᠢᠵᠦ᠂ ᠦᠨᠳᠤᠰᠤᠳᠠᠨ ᠤ ᠪᠦᠯᠬᠦᠮᠳᠡᠯ ᠲᠡᠪᠰᠢᠯᠳᠠ ᠶᠢᠨ ᠰᠠᠶᠢᠨ ᠰᠠᠶᠢᠬᠠᠨ ᠪᠠᠶᠢᠳᠠᠯ ᠢ ᠲᠡᠰᠤᠷᠠᠯᠳᠠ ᠦᠬᠡᠢ ᠪᠠᠬᠢᠵᠢᠬᠦᠯᠦᠨ᠎ᠡ᠃ ᠤᠷᠤᠨ ᠨᠤᠳᠤᠭ ᠤᠨ ᠵᠠᠰᠠᠭ ᠤᠨ ᠤᠷᠳᠤᠨ ᠤ ᠦᠷᠢ ᠰᠢᠷᠢ ᠶᠢᠨ ᠲᠦᠭᠰᠢᠬᠦᠷᠢ ᠶᠢ ᠰᠡᠷᠭᠡᠶᠢᠯᠡᠨ ᠨᠠᠮᠳᠠᠭᠠᠵᠦ᠂ ᠦᠷᠢ ᠰᠢᠷᠢ ᠪᠠᠨ ᠪᠤᠴᠠᠭᠠᠨ ᠂ ᠦᠷᠢ ᠰᠢᠷᠢ ᠲᠠᠬᠢᠨ ᠨᠡᠮᠡᠭᠳᠡᠬᠦ ᠶᠢ ᠬᠤᠷᠢᠭᠯᠠᠵᠦ᠂ ᠦᠷᠢ ᠰᠢᠷᠢ ᠶᠢᠨ ᠬᠤᠪᠢᠷᠠᠯᠳᠠ ᠶᠢ ᠰᠡᠷᠭᠡᠶᠢᠯᠡᠵᠦ᠂ ᠠᠷᠠᠳ  ᠠᠴᠠ ᠡᠵᠡᠩᠨᠡᠭᠰᠡᠨ ᠠᠵᠦ ᠠᠬᠤᠶᠢᠯᠠᠯ ᠪᠡ ᠲᠤᠮᠳᠠ ᠪᠠᠭ᠎ᠠ ᠠᠵᠦ ᠠᠬᠤᠶᠢᠯᠠᠯ ᠳᠤ ᠦᠷᠢᠳᠤᠵᠦ ᠪᠠᠶᠢᠭᠰᠠᠨ ᠮᠦᠩᠬᠦ ᠶᠢ ᠲᠠᠰ ᠲᠠᠷᠠᠭᠠᠯᠠᠯ ᠲᠠᠢ ᠪᠤᠴᠠᠭᠠᠵᠦ᠂ 1.71 ᠳ᠋ᠦᠩᠰᠢᠭᠤᠷ ᠲᠥᠭᠦᠷᠢᠭ ᠤᠨ ᠥᠷᠢ ᠪᠤᠴᠠᠭᠠᠬᠤ ᠣᠨ ᠤ ᠡᠭᠦᠷᠭᠡ ᠶᠢ ᠪᠡᠶᠡᠯᠡᠭᠦᠯᠦᠨ᠎ᠡ᠃ ︽ᠠᠷᠠᠳ ᠲᠦᠮᠡᠨ ᠢ ᠲᠡᠭᠡᠳᠤᠯᠠᠬᠦ᠂ ᠠᠮᠢ ᠨᠠᠰᠤ ᠶᠢ ᠡᠷᠬᠢᠮᠯᠠᠬᠦ︾ ᠤᠶᠢᠯᠠᠭᠠᠭᠳᠠᠬᠤᠨ ᠢ ᠦᠢᠯᠡᠳᠤᠯᠭᠡᠵᠢᠬᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠲᠤᠭᠳᠠᠯᠴᠠᠭ᠎ᠠ ᠪᠡ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠵᠦ᠂ ᠠᠶᠤᠯᠬᠦᠢ ᠦᠢᠯᠡᠳᠪᠤᠷᠢᠯᠡᠯ ᠤᠨ ᠲᠤᠰᠬᠠᠢ ᠲᠦᠷᠦᠯ ᠤᠨ ᠴᠡᠭᠴᠡᠯᠠᠯᠳᠠ ᠶᠢᠨ ᠭᠤᠷᠪᠡᠨ ᠵᠢᠯ ᠤᠨ ᠠᠵᠢᠯᠯᠠᠭ᠎ᠠ ᠶᠢ ᠠᠮᠵᠢᠯᠳᠠᠳᠠᠢ ᠪᠡᠶᠡᠯᠡᠬᠦᠯᠵᠦ᠂ ᠢᠳᠡᠭᠡᠨ ᠪᠡ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢ ᠲᠠᠰᠤᠷᠠᠯᠳᠠ ᠦᠬᠡᠢ ᠴᠢᠩᠭᠠᠳᠬᠠᠵᠦ᠂ ᠠᠶᠤᠯᠬᠦᠢ ᠦᠢᠯᠡᠳᠪᠤᠷᠢᠯᠡᠯ  ᠢ ᠪᠠᠳᠤᠯᠠᠨ᠂ ᠠᠷᠠᠳ ᠲᠦᠮᠡᠨ ᠤ ᠠᠮᠢ ᠨᠠᠰᠤ ᠶᠢ ᠬᠠᠮᠠᠭᠠᠯᠠᠨ᠎ᠠ᠃ ᠶᠠᠰᠤ ᠴᠢᠨᠡᠷ ᠢᠶᠠᠷ ᠬᠤᠰᠢᠭᠤ ᠪᠠᠨ ᠬᠦᠴᠦᠷᠭᠡᠭᠵᠢᠬᠦᠯᠬᠦ ᠠᠯᠬᠤᠴᠠ ᠶᠢ ᠲᠦᠷᠭᠡᠳᠭᠡᠵᠦ᠂ ᠪᠦᠬᠦ ᠬᠤᠰᠢᠭᠤᠨ ᠤ ᠡᠯ᠎ᠡ ᠠᠵᠢᠯ ᠲᠦᠷᠦᠯ ᠢ ᠬᠦᠳᠤᠯᠤᠨ ᠵᠢᠯᠤᠭᠤᠳᠴᠦ ᠵᠤᠷᠢᠭᠵᠢᠭᠤᠯᠵᠦ ᠪᠠᠶᠢᠭᠠᠳ ᠶᠠᠰᠤ ᠴᠢᠨᠡᠷ ᠢ ᠪᠠᠳᠤᠯᠠᠬᠤ ᠤᠬᠠᠮᠰᠠᠷ ᠢ ᠨᠢ ᠲᠠᠰᠤᠷᠠᠯᠳᠠ ᠦᠬᠡᠢ ᠨᠡᠮᠡᠭᠳᠡᠬᠦᠯᠵᠦ᠂ ᠶᠠᠰᠤ ᠴᠢᠨᠡᠷ ᠤᠨ ᠬᠠᠮᠢᠶᠠᠷᠤᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠤᠨ᠎ᠡ᠃ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ᠂ ᠡᠷᠦᠬᠡ ᠶᠢᠨ ᠴᠡᠷᠢᠭ ᠤᠨ ᠪᠡᠯᠡᠳᠭᠡᠯ ᠠᠯᠪᠡ ᠶᠢᠨ ᠪᠠᠶᠢᠭᠤᠯᠤᠯᠳᠠ ᠪᠡ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠬᠠᠮᠢᠶᠠᠷᠤᠯᠳᠠ ᠶᠢ ᠴᠢᠩᠭᠠᠳᠬᠠᠵᠦ᠂ ᠴᠡᠷᠢᠭ ᠠᠷᠠᠳ ᠤᠨ ᠠᠭᠤᠰᠤᠯᠴᠠᠭᠰᠠᠨ ᠬᠦᠭᠵᠢᠯᠳᠡ ᠶᠢ ᠬᠦᠨᠵᠡᠬᠡᠢ ᠠᠬᠢᠭᠤᠯᠤᠨ᠎ᠠ᠃ ᠬᠠᠷ᠎ᠡ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠠᠯ ᠤᠨ ᠦᠷ᠎ᠡ ᠪᠦᠳᠤᠭᠡᠯ ᠢ ᠪᠠᠬᠢᠵᠢᠬᠦᠯᠦᠨ ᠦᠷᠭᠡᠳᠭᠡᠵᠦ᠂ ᠵᠦᠷᠢᠴᠠᠯ ᠢ ᠪᠠᠶᠢᠴᠠᠭᠠᠨ ᠨᠠᠮᠳᠠᠭᠠᠬᠤ ᠲᠤᠭᠳᠠᠴᠠ ᠪᠡ ᠨᠡᠶᠢᠬᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠤᠭᠳᠠᠯᠴᠠᠭ᠎ᠠ ᠶᠢᠨ ᠪᠠᠶᠢᠭᠤᠯᠤᠯᠳᠠ ᠶᠢ ᠦᠷᠬᠦᠯᠵᠢᠯᠡᠨ ᠲᠡᠬᠦᠯᠳᠡᠷᠵᠢᠬᠦᠯᠵᠦ᠂ ᠨᠡᠶᠢᠬᠡᠮ ᠤᠨ ᠶᠡᠭᠡ ᠲᠠᠯ᠎ᠠ ᠶᠢᠨ ᠲᠤᠭᠳᠠᠭᠤᠨ ᠢ ᠲᠠᠰᠤᠷᠠᠯᠳᠠ ᠦᠬᠡᠢ ᠬᠠᠮᠠᠭᠠᠯᠠᠨ᠎ᠠ᠃ᠲᠦᠷᠪᠡ᠂ ᠵᠠᠰᠠᠭ ᠤᠨ ᠤᠷᠳᠤᠨ ᠤ ᠲᠤᠰ ᠪᠠᠶ᠎ᠠ ᠶᠢᠨ ᠪᠠᠶᠢᠭᠤᠯᠤᠯᠳᠠ ᠶᠢ ᠴᠢᠩᠭᠠᠳᠬᠠᠨ᠎ᠠᠴᠠᠭ ᠦᠶ᠎ᠠ ᠶᠢᠨ ᠱᠠᠭᠠᠷᠳᠠᠯᠭ᠎ᠠ᠂ ᠬᠦᠭᠵᠢᠯᠳᠡ ᠶᠢᠨ ᠬᠦᠨᠳᠤ ᠡᠬᠦᠷᠭᠡ᠂ ᠤᠯᠠᠨ ᠲᠦᠮᠡᠨ ᠤ ᠬᠦᠰᠡᠯ ᠡᠷᠡᠮᠡᠯᠵᠡᠯ ᠤᠨ ᠡᠮᠤᠨ᠎ᠡ᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠤᠷᠳᠤᠨ ᠨᠢ ︽ᠠᠷᠠᠳ ᠲᠦᠮᠡᠨ ᠬᠠᠨᠤᠮᠵᠢᠳᠠᠢ ᠪᠠᠶᠢᠬᠤ︾ ᠬᠠᠷᠠᠯᠳᠠ ᠶᠢᠨ ᠲᠤᠭᠤᠷᠢᠨ ᠳᠤ᠂ ᠦᠨᠡᠨᠴᠢ ᠰᠢᠳᠤᠷᠭᠤ᠂ ᠪᠤᠳᠠᠳᠠᠢ ᠶᠢ ᠡᠷᠬᠢᠮᠯᠠᠬᠦ᠂ ᠬᠠᠤᠯᠢ ᠶᠤᠰᠤᠭᠠᠷ ᠵᠠᠰᠠᠭ ᠶᠠᠪᠤᠭᠤᠯᠬᠤ᠂ ᠠᠷᠢᠭᠤᠨ ᠴᠢᠭᠡᠴᠢ ᠰᠤᠷᠳᠠᠯ ᠢ ᠪᠤᠢ ᠪᠤᠯᠭᠠᠨ᠂ ᠠᠷᠠᠳ ᠲᠦᠮᠡᠨ ᠬᠠᠨᠤᠮᠵᠢᠳᠠᠢ ᠦᠢᠯᠡᠴᠢᠯᠡᠭᠡᠨ ᠤ ᠭᠡᠯᠪᠡᠷᠢ ᠶᠢᠨ ᠵᠠᠰᠠᠭ ᠤᠨ ᠤᠷᠳᠤᠨ ᠢ ᠪᠦᠬᠦ ᠬᠦᠴᠦ ᠪᠠᠷ ᠢᠶᠠᠨ ᠡᠬᠦᠳᠤᠨ᠎ᠡ᠃ᠦᠨᠡᠨᠴᠢ ᠰᠢᠳᠤᠷᠭᠤ ᠪᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠦ᠂ ᠤᠯᠤᠰ ᠲᠦᠷᠦ ᠶᠢ ᠡᠷᠬᠢᠮᠯᠠᠨ᠎ᠠ᠃ ᠤᠬᠠᠮᠰᠠᠷ ᠠᠴᠠ ᠪᠠᠨ ᠨᠡᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠤᠷᠳᠤᠨ ᠤ ᠠᠵᠢᠯ ᠤᠨ ᠪᠦᠬᠦ ᠶᠠᠪᠤᠴᠠ᠂ ᠡᠯ᠎ᠡ ᠭᠤᠭᠴᠤᠭᠠᠨ ᠳᠤ ᠲᠤᠤᠱᠯᠠᠭᠤᠯᠵᠦ᠂ ᠴᠠᠭ ᠢᠮᠠᠭᠳᠠ ᠪᠦᠬᠦ ᠲᠠᠯ᠎ᠠ ᠶᠢ ᠪᠤᠳᠤᠯᠬᠢᠯᠠᠨ᠂ ︽ᠲᠦᠷᠪᠡᠨ ᠤᠬᠠᠮᠰᠠᠷ︾ ᠢ ᠪᠤᠢ ᠪᠤᠯᠭᠠᠵᠦ᠂ ︽ᠲᠦᠷᠪᠡᠨ ᠢᠳᠡᠭᠡᠯ︾ ᠢᠶᠠᠨ ᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ ᠪᠠᠶᠠᠯᠠᠬᠦᠯᠵᠦ᠂ ᠨᠡᠮ ᠪᠠᠶᠢᠭᠤᠯᠬᠤ ᠠᠭᠤᠤ ᠶᠡᠭᠡ ᠵᠤᠷᠢᠭ ᠰᠠᠨᠠᠭ᠎ᠠ ᠶᠢ ᠪᠠᠳᠠᠷᠠᠭᠤᠯᠤᠨ᠂ ︽ᠲᠦᠷᠦ ᠶᠢᠨ ᠲᠤᠮᠤ ᠶᠠᠪᠤᠳᠠᠯ︾ ᠢ ᠰᠡᠳᠬᠢᠯ ᠳᠡᠭᠡᠨ ᠪᠤᠳᠤᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠦᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠡᠷᠡᠭᠵᠢᠬᠦᠯᠬᠦ ᠴᠢᠳᠠᠪᠤᠷᠢ ᠶᠢ ᠲᠠᠰᠤᠷᠠᠯᠳᠠ ᠦᠬᠡᠢ ᠲᠡᠭᠡᠭᠰᠢᠯᠡᠬᠦᠯᠵᠦ᠂ ᠨᠡᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠡ ᠦᠪᠡᠷᠳᠡᠭᠡᠨ ᠵᠠᠰᠠᠬᠤ ᠤᠷᠤᠨ ᠤ ᠨᠡᠮ ᠤᠨ ᠬᠤᠷᠢᠶ᠎ᠠ ᠪᠡ ᠵᠠᠰᠠᠭ ᠤᠨ ᠤᠷᠳᠤᠨ᠂ ᠠᠶᠢᠮᠠᠭ ᠤᠨ ᠨᠡᠮ ᠤᠨ ᠬᠤᠷᠢᠶ᠎ᠠ ᠪᠡ ᠵᠠᠬᠢᠷᠭ᠎ᠠ᠂ ᠬᠤᠰᠢᠭᠤ ᠨᠡᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ ᠭᠤᠶᠢᠪᠢᠰᠢ ᠦᠬᠡᠢ ᠨᠠᠶᠢᠳᠠᠪᠤᠷᠢᠵᠢᠭᠤᠯᠵᠦ᠂ ᠵᠠᠰᠠᠭ ᠤᠨ ᠤᠷᠳᠤᠨ ᠤ ᠰᠢᠰᠲ᠋ᠧᠮ ᠤᠨ ᠨᠡᠮ ᠤᠨ ᠲᠠᠤᠭᠡ ᠶᠢᠨ ᠰᠤᠷᠤᠯᠴᠠᠯᠭ᠎ᠠ ᠬᠦᠮᠦᠵᠢᠯ ᠢ ᠦᠷᠬᠦᠯᠵᠢᠯᠡᠨ ᠬᠦᠨᠵᠡᠬᠡᠢ ᠠᠬᠢᠭᠤᠯᠵᠦ᠂ ᠡᠯ᠎ᠡ ᠵᠦᠢᠯ ᠤᠨ ᠠᠵᠢᠯ ᠦᠢᠯᠡᠰ ᠢᠮᠠᠭᠳᠠ ᠵᠦᠪ ᠴᠢᠭᠯᠡᠯ ᠢᠶᠠᠷ ᠤᠷᠤᠭᠰᠢᠯᠠᠬᠤ ᠶᠢ ᠪᠠᠳᠤᠯᠠᠵᠦ᠂ ᠪᠤᠳᠠᠳᠤ ᠠᠵᠢᠯᠯᠠᠭ᠎ᠠ ᠪᠡ ᠪᠤᠳᠠᠳᠤ ᠦᠷ᠎ᠡ ᠪᠦᠳᠤᠮᠵᠢ ᠪᠠᠷ ᠢᠶᠠᠨ ᠨᠡᠮ ᠳᠠᠭᠠᠨ ᠬᠠᠷᠢᠴᠠᠯᠠᠰᠢᠬᠦᠢ ᠦᠨᠠᠨᠴᠢ ᠰᠢᠳᠤᠷᠭᠤ ᠪᠠᠶᠢᠬᠤ ᠪᠠᠨ ᠬᠠᠷᠠᠭᠤᠯᠤᠨ᠎ᠠ᠃ᠲᠤᠰᠢᠶᠠᠯ ᠬᠠᠷᠢᠭᠤᠴᠠᠯᠭ᠎ᠠ ᠪᠠᠨ ᠰᠠᠳᠬᠢᠯ ᠲᠠᠯᠪᠢᠨ ᠬᠦᠢᠴᠡᠳᠭᠡᠵᠦ᠂ ᠬᠠᠷᠢᠭᠤᠴᠠᠯᠭᠠᠳᠤ ᠰᠡᠳᠬᠢᠯᠬᠡ ᠪᠠᠨ ᠴᠢᠩᠭᠠᠳᠬᠠᠨ᠎ᠠ᠃ ᠨᠠᠶᠢᠳᠠᠪᠤᠷᠢᠵᠢᠭᠤᠯᠤᠯᠳᠠ ᠶᠢ ᠠᠳᠬᠤᠬᠤ ᠶᠢ ᠵᠠᠰᠠᠭ ᠤᠨ ᠤᠷᠳᠤᠨ ᠤ ᠠᠵᠢᠯ ᠤᠨ ᠠᠮᠢᠨ ᠰᠤᠳᠠᠰᠤ ᠪᠤᠯᠭᠠᠵᠦ᠂ ᠠᠵᠦ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠪᠠᠷ ᠡᠬᠦᠷᠭᠡ ᠪᠠᠨ ᠪᠤᠯᠭᠠᠵᠦ᠂ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ᠂ ᠬᠤᠷᠢᠭ᠎ᠠ ᠱᠤᠭᠤᠮ ᠤᠨ ᠰᠡᠳᠬᠢᠬᠦᠢ ᠶᠢ ᠪᠤᠢ ᠪᠤᠯᠭᠠᠨ᠂ ᠤᠷᠤᠭᠰᠢ ᠲᠡᠪᠰᠢᠬᠤ ᠤᠬᠠᠮᠰᠠᠷ ᠢᠶᠠᠨ ᠴᠢᠩᠭᠠᠳᠬᠠᠵᠦ᠂ ︽ᠭᠡᠪ ᠤᠨ ᠠᠵᠢᠯ ᠳᠤ ᠲᠦᠷᠢᠮᠵᠢᠯ ᠢ ᠴᠢᠬᠤᠯᠠᠴᠢᠯᠠᠵᠦ᠂ ᠭᠤᠤᠯᠳᠠᠯᠭ᠎ᠠ ᠲᠠᠢ ᠠᠵᠢᠯ ᠳᠤ ᠬᠢᠯᠠᠰ ᠴᠡᠭ ᠭᠠᠷᠭᠠᠵᠦ᠂ ᠤᠨᠴᠠᠯᠢᠭᠳᠤ ᠠᠵᠢᠯ ᠳᠤ ᠡᠬᠦᠳᠤᠯᠳᠠ ᠲᠠᠢ ᠪᠠᠶᠢᠬᠤ︾ ᠶᠢ ᠠᠬᠢᠭᠤᠯᠤᠨ᠎ᠠ᠃ ᠤᠯᠤᠰ ᠲᠦᠷᠦ ᠶᠢᠨ ᠤᠨᠤᠯ ᠪᠡ ᠲᠤᠬᠠᠶᠢᠯᠠᠭᠰᠠᠨ ᠠᠵᠢᠯ ᠤᠨ ᠮᠠᠳᠠᠯᠭᠡ ᠶᠢᠨ ᠰᠤᠷᠤᠯᠴᠠᠯᠭ᠎ᠠ ᠶᠢ ᠴᠢᠩᠭᠠᠳᠬᠠᠵᠦ᠂ ᠲᠦᠷᠦ ᠶᠢᠨ ᠪᠤᠳᠤᠯᠭ᠎ᠠ ᠶᠢ ᠰᠤᠳᠤᠯᠬᠤ ᠶᠢ ᠴᠢᠬᠤᠯᠠᠴᠢᠯᠠᠵᠦ᠂ ᠠᠵᠦ ᠠᠬᠤᠢ ᠶᠢᠨ ᠠᠵᠢᠯ ᠢ ᠵᠢᠯᠤᠭᠤᠳᠬᠤ ᠪᠡ ᠪᠤᠳᠠᠳᠤ ᠠᠰᠠᠭᠤᠳᠠᠯ ᠢ ᠰᠢᠢᠳᠪᠤᠷᠢᠯᠡᠬᠦ ᠴᠢᠳᠠᠪᠤᠷᠢ ᠪᠠᠨ ᠦᠨᠡᠨᠬᠦ ᠲᠡᠭᠡᠭᠰᠢᠯᠡᠬᠦᠯᠦᠨ᠎ᠡ᠃ ᠴᠢᠩᠭ᠎ᠠ ᠱᠠᠭᠠᠷᠳᠠᠨ ᠪᠠᠶᠢᠴᠠᠭᠠᠵᠦ ᠦᠷ᠎ᠡ ᠪᠦᠳᠤᠮᠵᠢ ᠶᠢ ᠠᠰᠠᠭᠤᠬᠤ᠂ ᠲᠤᠭᠳᠠᠮᠠᠯ ᠬᠤᠭᠤᠴᠠᠭ᠎ᠠ ᠲᠠᠢ ᠪᠠᠷ ᠵᠦᠪᠳᠡᠯᠴᠠᠬᠦ᠂ ᠨᠠᠷᠢᠨ ᠲᠠᠩᠰᠠ ᠪᠠᠷ ᠬᠠᠮᠢᠶᠠᠷᠬᠤ᠂ ᠱᠠᠳᠤ ᠱᠠᠳᠤ ᠪᠠᠷ ᠬᠠᠷᠢᠭᠤᠴᠠᠬᠤ ᠠᠵᠢᠯ ᠢ ᠴᠢᠩᠭᠠᠳᠬᠠᠵᠦ᠂ ᠲᠤᠭᠳᠠᠭᠰᠠᠨ ᠴᠠᠭ ᠲᠠᠭᠠᠨ ᠠᠵᠢᠯ ᠢᠶᠠᠨ ᠪᠡᠶᠡᠯᠡᠬᠦᠯᠵᠦ᠂ ︽ᠭᠡᠯᠡᠭᠰᠡᠨ ᠢᠶᠠᠨ ᠬᠢᠭᠰᠡᠨ ᠢᠶᠠᠷ ᠪᠤᠳᠤᠬᠤ᠂ ᠬᠢᠭᠰᠡᠨ ᠢᠶᠠᠨ ᠰᠠᠶᠢᠨ ᠬᠢᠭᠰᠡᠨ ᠢᠶᠠᠷ ᠪᠤᠳᠤᠬᠤ︾ ᠶᠢ ᠡᠷᠡᠰ ᠲᠡᠪᠴᠢᠨ᠎ᠡ᠃ ᠵᠦᠪ ᠴᠢᠭᠯᠡᠯ ᠢᠶᠠᠷ ᠤᠷᠮᠠᠰᠢᠭᠤᠯᠬᠤ᠂ ᠠᠯᠳᠠᠭ᠎ᠠ ᠪᠤᠷᠤᠭᠤ ᠶᠢ  ᠨᠢ ᠠᠭᠤᠴᠢᠯᠠᠬᠤ ᠪᠠ ᠵᠠᠯᠠᠷᠠᠭᠤᠯᠬᠤ ᠲᠤᠭᠳᠠᠴᠠ ᠶᠢᠨ ᠦᠢᠯᠡᠳᠤᠯ ᠢ ᠬᠦᠢᠴᠡᠳ ᠪᠠᠳᠠᠷᠠᠭᠤᠯᠵᠦ᠂ ᠦᠬᠡᠷᠡᠴᠢᠯᠡᠭᠴᠢ  ᠳᠤ ᠬᠠᠷᠢᠭᠤᠴᠠᠬᠤ᠂ ᠪᠤᠳᠠᠳᠠᠢ ᠠᠵᠢᠯᠯᠠᠭᠴᠢ ᠳᠤ ᠬᠠᠷᠢᠭᠤᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠤᠬᠦᠯᠵᠦ᠂ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠡᠯ᠎ᠡ ᠵᠦᠢᠯ ᠤᠨ ᠡᠬᠦᠷᠭᠡ ᠶᠢᠨ ᠪᠤᠳᠠᠳᠠᠢ ᠨᠠᠶᠢᠳᠠᠪᠤᠷᠢᠵᠢᠭᠤᠯᠤᠯᠳᠠ ᠶᠢ ᠦᠨᠡᠨᠬᠦ ᠠᠬᠢᠭᠤᠯᠤᠨ᠎ᠠ᠃ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠦ᠂ ᠲᠦᠷᠢᠮᠵᠢᠯ ᠢ ᠴᠢᠬᠤᠯᠠᠴᠢᠯᠡᠨ᠎ᠡ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠬᠦᠨᠵᠡᠬᠡᠢ ᠲᠤᠤᠱᠯᠠᠭᠤᠯᠵᠦ᠂  ᠬᠠᠤᠯᠢᠳᠤ ᠵᠠᠰᠠᠭ ᠤᠨ ᠤᠷᠳᠤᠨ ᠤ ᠪᠠᠶᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠵᠦ᠂ ᠬᠠᠤᠯᠢ ᠪᠠᠷ ᠲᠤᠭᠳᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠡᠷᠭᠡᠪᠰᠢ ᠬᠦᠢᠴᠡᠳᠭᠡᠵᠦ᠂ ᠬᠠᠤᠯᠢ ᠠᠴᠠ ᠡᠷᠭᠡ ᠤᠯᠭᠤᠭᠰᠠᠨ ᠦᠬᠡᠢ ᠵᠦᠢᠯ ᠢ ᠬᠢᠬᠦ ᠦᠬᠡᠢ᠃ ᠠᠷᠠᠳ ᠤᠨ ᠪᠠᠶᠢᠩᠭᠤ ᠶᠢᠨ ᠬᠤᠷᠢᠶᠠᠨ ᠤ ᠬᠠᠤᠯᠢ ᠶᠤᠰᠤᠭᠠᠷ ᠬᠢᠨᠡᠯᠳᠠ ᠲᠡᠯᠪᠢᠬᠤ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠲᠡᠯᠪᠢᠬᠤ ᠶᠢ ᠤᠬᠠᠮᠰᠠᠷ ᠠᠴᠠ ᠪᠠᠨ ᠬᠦᠯᠢᠶᠠᠨ ᠠᠪᠴᠦ᠂ ᠠᠷᠠᠳ ᠤᠯᠠᠨ ᠪᠡ ᠨᠡᠶᠢᠬᠡᠮ ᠤᠨ ᠡᠯ᠎ᠡ ᠡᠳᠡᠭᠡᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠨᠤᠰᠴᠦ᠂ ᠰᠠᠨᠠᠭᠤᠯᠭ᠎ᠠ ᠲᠤᠷᠠᠳᠤᠯᠭ᠎ᠠ ᠶᠢ ᠰᠠᠶᠢᠳᠤᠷ ᠬᠦᠢᠴᠡᠳᠭᠡᠨ᠎ᠡ᠃ ᠵᠠᠰᠠᠭ ᠵᠠᠬᠢᠷᠭᠠᠨ ᠤ ᠲᠦᠷᠢᠮᠵᠢᠯ ᠤᠨ ᠴᠢᠨᠡᠷᠳᠡᠢ ᠪᠢᠴᠢᠭ ᠮᠡᠲ᠋ᠧᠷᠢᠶᠠᠯ  ᠢ ᠲᠤᠭᠳᠠᠭᠠᠬᠤ ᠪᠡ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠦ᠂ ︽ᠨᠡᠢᠮᠠᠳᠤᠭᠠᠷ ᠲᠡᠪᠤᠨ ᠵᠢᠯ︾ ᠤᠨ ᠬᠠᠤᠯᠢ ᠲᠦᠬᠡᠮᠡᠯᠵᠢᠬᠦᠯᠬᠦ ᠠᠵᠢᠯ ᠢ ᠬᠦᠨᠵᠡᠬᠡᠢ ᠦᠷᠨᠢᠬᠦᠯᠵᠦ᠂ ᠵᠠᠰᠠᠭ ᠵᠡᠬᠢᠷᠭᠠᠨ ᠤ ᠬᠠᠤᠯᠢ ᠭᠡᠷᠡᠭᠵᠢᠬᠦᠯᠬᠦ ︽ᠭᠤᠷᠪᠡᠨ ᠵᠦᠢᠯ ᠤᠨ ᠲᠦᠷᠢᠮ︾ ᠢ ᠪᠦᠬᠦ ᠲᠠᠯ᠎ᠠ ᠪᠠᠷ ᠠᠬᠢᠭᠤᠯᠵᠦ᠂ ᠬᠠᠤᠯᠢ ᠶᠤᠰᠤᠭᠠᠷ ᠵᠠᠰᠠᠭ ᠶᠠᠪᠤᠭᠤᠯᠬᠤ ᠬᠢᠷᠢ ᠲᠦᠪᠰᠢᠨ  ᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠭᠡᠷᠡᠭᠵᠢᠬᠦᠯᠦᠯᠳᠡ ᠶᠢᠨ ᠴᠢᠳᠠᠪᠤᠷᠢ᠂ ᠨᠠᠶᠢᠳᠠᠪᠤᠷᠢᠵᠢᠭᠤᠯᠤᠯᠳᠠ ᠶᠢᠨ ᠴᠢᠳᠠᠪᠤᠷᠢ ᠶᠢ ᠲᠡᠭᠡᠭᠰᠢᠯᠡᠬᠦᠯᠬᠦ ᠶᠢ ᠵᠠᠰᠠᠭ ᠤᠨ ᠤᠷᠳᠤᠨ ᠤ ᠠᠵᠢᠯ ᠤᠨ ᠭᠤᠤᠯᠳᠠᠯᠭ᠎ᠠ ᠶᠢᠨ ᠭᠤᠤᠯᠳᠠᠯᠭ᠎ᠠ ᠪᠤᠯᠭᠠᠬᠤ  ᠶᠢ ᠪᠡᠷᠢᠮᠳᠡᠯᠡᠵᠦ᠂ ᠡᠯ᠎ᠡ ᠵᠦᠢᠯ ᠤᠨ ᠲᠦᠷᠢᠮ ᠢ ᠭᠡᠷᠡᠭᠵᠢᠬᠦᠯᠦᠨ ᠨᠠᠶᠢᠳᠠᠪᠤᠷᠢᠵᠢᠭᠤᠯᠬᠤ ᠠᠵᠢᠯ ᠢ ᠴᠢᠩᠭᠠᠳᠬᠠᠨ ᠲᠦᠷᠢᠮᠵᠢᠬᠦᠯᠵᠦ᠂ ᠵᠠᠰᠠᠭ ᠤᠨ ᠤᠷᠳᠤᠨ ᠤ ᠭᠡᠷᠡᠭᠵᠢᠬᠦᠯᠬᠦ ᠴᠢᠳᠠᠪᠤᠷᠢ ᠪᠡ ᠨᠡᠶᠢᠳᠡ ᠶᠢᠨ ᠢᠳᠡᠭᠡᠮᠵᠢ ᠶᠢᠨ ᠭᠡᠮᠵᠢᠶ᠎ᠠ  ᠶᠢ ᠦᠨᠡᠨᠬᠦ ᠲᠡᠭᠡᠭᠰᠢᠯᠡᠬᠦᠯᠦᠨ᠎ᠡ᠃ᠠᠷᠢᠭᠤᠨ ᠴᠢᠭᠡᠴᠢ ᠪᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠦ᠂ ᠬᠤᠷᠢᠭ᠎ᠠ ᠱᠤᠭᠤᠮ ᠢ ᠰᠠᠬᠢᠨ᠎ᠠ᠃ ᠰᠠᠬᠢᠯᠭ᠎ᠠ ᠪᠡᠳᠤ ᠶᠢᠨ ᠲᠦᠷᠢᠮ ᠲᠤᠭᠳᠠᠭᠠᠯ ᠢ ᠴᠠᠭ ᠢᠮᠠᠭᠳᠠ ᠰᠠᠬᠢᠵᠦ᠂ ︽ᠨᠢᠬᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠬᠦᠢᠴᠡᠳᠭᠡᠵᠦ᠂ ᠲᠦᠪ ᠤᠨ ᠨᠡᠢᠮᠠᠨ ᠵᠤᠷᠪᠤᠰ ᠲᠤᠭᠳᠠᠭᠠᠯ ᠵᠢᠴᠢ ᠭᠡᠷᠡᠭᠵᠢᠬᠦᠯᠬᠦ ᠨᠡᠷᠢᠨ ᠲᠦᠷᠢᠮ ᠢ ᠴᠢᠩᠭ᠎ᠠ  ᠨᠠᠶᠢᠳᠠᠪᠤᠷᠢᠵᠢᠭᠤᠯᠤᠨ᠂ ︽ᠲᠦᠷᠪᠡᠨ ᠰᠤᠷᠳᠠᠯ︾ ᠢ ᠴᠦᠬᠦᠷᠡᠰᠢ ᠦᠬᠡᠢ ᠵᠠᠯᠠᠷᠠᠭᠤᠯᠵᠦ᠂ ᠭᠡᠯᠪᠡᠷᠢ ᠶᠢᠨ ᠦᠵᠡᠯ᠂ ᠨᠤᠶᠠᠨᠴᠢ ᠰᠤᠷᠳᠠᠯ ᠤᠨ ᠲᠤᠪᠤᠶᠢᠮ᠎ᠡ ᠠᠰᠠᠭᠤᠳᠠᠯ ᠢ ᠬᠦᠴᠦ ᠲᠠᠯᠪᠢᠨ ᠴᠡᠭᠴᠡᠯᠡᠨ᠎ᠡ᠃ ᠵᠠᠰᠠᠭ ᠤᠨ ᠤᠷᠳᠤᠨ ᠤ ︽ᠠᠷᠪᠢᠴᠢ ᠭᠠᠮᠳᠠᠢ ᠪᠠᠶᠢᠬᠤ︾ ᠦᠵᠡᠯ ᠰᠠᠨᠠᠭ᠎ᠠ ᠶᠢ ᠴᠢᠩᠭᠠᠳᠬᠠᠵᠦ᠂ ᠡᠳ᠋ ᠤᠨ ᠵᠠᠰᠠᠭ ᠤᠨ ᠪᠡᠯᠡ ᠮᠦᠩᠬᠦ ᠶᠢ ᠰᠠᠶᠢᠳᠤᠷ ᠬᠠᠮᠢᠶᠠᠷᠤᠨ ᠭᠡᠷᠡᠭᠯᠡᠨ᠎ᠡ᠃ ᠵᠠᠩᠬᠢᠯᠠᠭ᠎ᠠ ᠶᠢᠨ ᠠᠵᠢᠯ ᠤᠨ ᠪᠠᠶᠢᠷᠢ ᠪᠡ ᠭᠤᠤᠯᠳᠠᠯᠭ᠎ᠠ ᠲᠠᠢ ᠬᠦᠷᠢᠶ᠎ᠠ ᠴᠡᠷ᠎ᠡ ᠳᠠᠬᠢ ᠴᠢᠭᠡᠴᠢ ᠵᠠᠰᠠᠭ ᠤᠨ ᠲᠦᠭᠰᠢᠬᠦᠷᠢ ᠶᠢ ᠴᠢᠩᠭ᠎ᠠ ᠰᠡᠷᠭᠡᠶᠢᠯᠡᠵᠦ᠂ ᠡᠯ᠎ᠡ ᠲᠦᠷᠦᠯ ᠤᠨ ᠬᠠᠤᠯᠢ ᠰᠠᠬᠢᠯᠭ᠎ᠠ ᠶᠢ ᠵᠦᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠳᠭᠡᠵᠦ᠂ ᠠᠮᠤ ᠪᠤᠳᠠᠭ᠎ᠠ ᠬᠤᠳᠠᠯᠳᠤᠨ ᠠᠪᠬᠤ ᠪᠡ ᠪᠤᠷᠤᠯᠠᠭᠤᠯᠬᠤ ᠬᠦᠷᠢᠶ᠎ᠠ ᠴᠡᠷ᠎ᠡ ᠳᠠᠬᠢ ᠢᠯᠵᠢᠷᠠᠮᠠᠯ ᠠᠰᠠᠭᠤᠳᠠᠯ ᠤᠨ ᠲᠤᠰᠬᠠᠢ ᠲᠦᠷᠦᠯ ᠤᠨ ᠴᠡᠭᠴᠡᠯᠡᠯᠳᠠ ᠶᠢ ᠪᠦᠬᠦ ᠬᠦᠴᠦ ᠪᠠᠷ ᠢᠶᠠᠨ ᠰᠠᠶᠢᠳᠤᠷ ᠠᠳᠬᠤᠵᠦ᠂ ᠤᠯᠠᠨ ᠲᠦᠮᠡᠨ ᠪᠡ ᠠᠵᠦ ᠠᠬᠤᠶᠢᠯᠠᠯ ᠤᠨ ᠠᠰᠢᠭ ᠲᠤᠰᠠ ᠶᠢ ᠬᠤᠬᠢᠷᠠᠭᠤᠯᠤᠭᠰᠠᠨ ᠲᠦᠪ ᠪᠤᠰᠤ ᠰᠤᠷᠳᠠᠯ ᠢ ᠡᠷᠡᠰ ᠵᠠᠯᠠᠷᠠᠭᠤᠯᠤᠨ ᠵᠠᠰᠠᠵᠦ᠂ ︽ᠦᠴᠦᠭᠡᠨ ᠴᠦ ᠠᠭᠤᠴᠢᠯᠠᠬᠤ ᠦᠬᠡᠢ︾ ᠤᠪᠤᠷ ᠢᠶᠠᠷ ᠢᠯᠵᠢᠷᠠᠮᠠᠯ ᠢ ᠵᠠᠯᠬᠠᠭᠠᠨ ᠰᠢᠳᠭᠡᠵᠦ᠂ ᠭᠡᠪ ᠰᠤᠷᠳᠠᠯ ᠠᠷᠢᠭᠤᠨ ᠴᠢᠬᠡᠴᠢ ᠪᠠᠶᠢᠬᠤ ᠤᠯᠤᠰ ᠲᠦᠷᠦ ᠶᠢᠨ ᠤᠷᠴᠢᠨ ᠪᠤᠯᠤᠨ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠤᠷᠴᠢᠨ ᠨᠦᠬᠦᠴᠠᠯ ᠢ ᠴᠢᠷᠮᠡᠶᠢᠨ ᠡᠬᠦᠳᠤᠨ᠎ᠡ᠃ᠲᠦᠯᠦᠬᠡᠯᠡᠭᠴᠢᠳ ᠡ︕ ᠠᠯᠤᠰ ᠭᠡᠳᠤ ᠶᠢᠨ ᠲᠦᠯᠦᠪᠯᠡᠭᠡ ᠨᠢᠭᠡᠨᠳᠡ ᠲᠤᠭᠳᠠᠭᠰᠠᠨ ᠪᠤᠯᠬᠤᠷ ᠴᠢᠷᠮᠠᠶᠢᠬᠤ ᠯᠠ ᠭᠡᠷᠡᠭᠳᠡᠢ᠃ ᠪᠢᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠡᠮ ᠤᠨ ᠲᠦᠪ ᠬᠤᠷᠢᠶᠠᠨ ᠤ ᠲᠤᠭᠤᠷᠢᠨ  ᠳᠤ ᠨᠢᠭᠳᠠᠷᠠᠨ ᠪᠦᠯᠬᠦᠮᠳᠠᠵᠦ᠂ ᠲᠡᠭᠡᠳᠤ ᠱᠠᠳᠤᠨ ᠤ ᠨᠡᠮ ᠤᠨ ᠬᠤᠷᠢᠶ᠎ᠠ᠂ ᠵᠠᠰᠠᠭ ᠤᠨ ᠤᠷᠳᠤᠨ ᠪᠡ ᠬᠤᠰᠢᠭᠤ ᠨᠡᠮ  ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠡ᠂ ᠵᠤᠷᠢᠭᠳᠠᠢ ᠠᠵᠢᠯᠯᠠᠬᠤ ᠰᠤᠷᠳᠠᠯ ᠢᠶᠠᠨ ᠡᠬᠦᠷᠢᠳᠡ ᠪᠡᠷᠢᠮᠳᠠᠯᠠᠵᠦ᠂ ᠪᠦᠬᠦ ᠬᠤᠰᠢᠭᠤᠨ ᠤ ᠠᠷᠠᠳ ᠲᠦᠮᠡᠨ ᠳᠤ ᠨᠢᠭᠳᠠ ᠲᠦᠰᠢᠭᠯᠡᠵᠦ᠂ ᠡᠷᠴᠢ ᠵᠤᠷᠢᠭ ᠢᠶᠠᠨ ᠬᠦᠪᠴᠢᠯᠠᠨ᠂ ᠦᠨᠡᠨᠴᠢ ᠰᠢᠳᠤᠷᠭᠤ ᠪᠠᠷ ᠠᠵᠢᠯᠯᠠᠵᠦ᠂ ᠨᠡᠶᠢᠬᠡᠮ ᠵᠢᠷᠤᠮ ᠤᠨ ᠤᠳᠤᠬᠢᠴᠢᠯᠠᠯᠳᠠ ᠶᠢ ᠪᠦᠬᠦ ᠲᠠᠯ᠎ᠠ ᠪᠠᠷ ᠪᠦᠳᠤᠭᠡᠨ ᠪᠠᠶᠢᠭᠤᠯᠬᠤ ᠰᠢᠨ᠎ᠡ ᠠᠶᠠᠨ ᠢ ᠡᠬᠢᠯᠡᠬᠦᠯᠬᠦ ᠪᠠᠷ ᠴᠦᠬᠦᠷᠠᠰᠢ ᠦᠬᠡᠢ ᠲᠡᠮᠡᠴᠠᠰᠤᠭᠡᠢ︕ ᠨᠡᠷᠡᠰ ᠤᠨ ᠳᠠᠶᠢᠯᠪᠣᠷᠢ᠄1. ︽ᠬᠤᠶᠠᠷ ᠬᠠᠯᠬᠠᠪᠴᠢ᠂ ᠬᠤᠶᠠᠷ ᠰᠠᠭᠤᠷᠢᠨ ᠭᠠᠵᠠᠷ᠂ ᠨᠢᠭᠡ ᠪᠠᠬᠢᠯᠡᠯᠳᠡ︾᠄ ︽ᠬᠤᠶᠠᠷ ᠬᠠᠯᠬᠠᠪᠴᠢ︾ ᠮᠠᠨ  ᠤ ᠣᠯᠣᠰ ᠤᠨ ᠣᠮᠠᠷᠠᠳᠣ ᠶᠢᠨ ᠴᠢᠬᠤᠯᠠ ᠠᠮᠢ ᠠᠬᠤᠢ ᠶᠢᠨ ᠠᠮᠣᠷ ᠲᠦᠪᠰᠢᠨ ᠤ ᠬᠠᠯᠬᠠᠪᠴᠢ ᠪᠣᠯᠣᠨ ᠡᠬᠡ ᠣᠯᠣᠰ  ᠤᠨ ᠣᠮᠠᠷᠠᠳᠣ ᠬᠢᠯᠢ ᠶᠢᠨ ᠠᠮᠣᠷ ᠲᠦᠪᠰᠢᠨ ᠲᠣᠭᠳᠠᠭᠤᠨ ᠤ ᠬᠠᠯᠬᠠᠪᠴᠢ︔ ︽ᠬᠤᠶᠠᠷ ᠰᠠᠭᠤᠷᠢᠨ ᠭᠠᠵᠠᠷ︾ ᠣᠯᠣᠰ ᠤᠨ ᠴᠢᠬᠤᠯᠠ ᠡᠨᠧᠷᠬᠢ ᠪᠣᠯᠣᠨ ᠪᠠᠶᠢᠯᠳᠣᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠲᠠᠷᠢᠶᠠᠯᠠᠩ ᠤᠨ ᠪᠦᠲᠦᠭᠡᠭᠳᠡᠭᠦᠨ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠦᠢᠯᠡᠳᠪᠦᠷᠢᠯᠡᠬᠦ ᠰᠠᠭᠤᠷᠢᠨ ᠭᠠᠵᠠᠷ︔ ︽ᠨᠢᠭᠡ ᠪᠠᠬᠢᠯᠡᠯᠳᠡ︾ ᠮᠠᠨ ᠤ ᠣᠯᠣᠰ ᠤᠨ ᠣᠮᠠᠷᠠᠰᠢ ᠨᠡᠭᠡᠭᠡᠯᠳᠡ ᠬᠢᠬᠦ ᠴᠢᠬᠤᠯᠠ ᠪᠠᠬᠢᠯᠡᠯᠳᠡ᠃2. ︽ᠲᠠᠪᠣᠨ ᠨᠢᠭᠡ ᠪᠦᠯᠦᠭ︾᠄ ᠦᠢᠯᠡᠳᠪᠦᠷᠢᠯᠡᠯ ᠢ ᠬᠦᠭᠵᠢᠭᠦᠯᠦᠨ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠵᠣ᠂ ᠣᠨᠳᠣᠣ ᠭᠠᠵᠠᠷ ᠲᠤ ᠨᠡᠭᠦᠯᠭᠡᠨ ᠰᠢᠯᠵᠢᠭᠦᠯᠵᠦ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠵᠣ᠂ ᠠᠮᠢ ᠠᠬᠤᠢ ᠶᠢᠨ ᠨᠦᠬᠦᠪᠦᠷᠢ ᠦᠭᠴᠦ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠵᠣ᠂ ᠰᠣᠷᠭᠠᠨ ᠬᠦᠮᠦᠵᠢᠯ ᠢ ᠬᠦᠭᠵᠢᠭᠦᠯᠦᠨ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠵᠣ᠂ ᠨᠡᠶᠢᠭᠡᠮ ᠤᠨ ᠪᠠᠳᠣᠯᠠᠭ᠎ᠠ ᠪᠠᠷ ᠳᠠᠮᠵᠢᠨ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠣᠨ᠎ᠠ᠃3. ︽ᠵᠢᠷᠭᠤᠭᠠᠨ ᠨᠠᠷᠢᠯᠢᠭ ᠣᠨᠣᠪᠴᠢᠳᠠᠢ︾᠄ ᠲᠡᠳᠭᠦᠪᠦᠷᠢ ᠬᠦᠷᠳᠡᠭᠰᠡᠨ ᠡᠳᠡᠭᠡᠳ ᠨᠢ ᠣᠨᠣᠪᠴᠢᠳᠠᠢ᠂ ᠲᠡᠳᠭᠦᠭᠰᠡᠨ ᠠᠷᠭ᠎ᠠ ᠬᠡᠮᠵᠢᠶ᠎ᠡ ᠨᠢ ᠨᠠᠷᠢᠯᠢᠭ ᠮᠦᠷᠳᠡᠭᠡᠨ ᠣᠨᠣᠪᠴᠢᠳᠠᠢ᠂ ᠲᠦᠷᠦᠯ ᠵᠦᠢᠯ ᠤᠨ ᠲᠣᠬᠢᠷᠠᠭᠤᠯᠣᠯᠳᠠ ᠨᠢ ᠨᠠᠷᠢᠯᠢᠭ ᠮᠦᠷᠳᠡᠭᠡᠨ ᠣᠨᠣᠪᠴᠢᠳᠠᠢ᠂ ᠪᠡᠯᠡ ᠮᠦᠩᠭᠦ ᠶᠢᠨ ᠠᠰᠢᠭᠯᠠᠯᠳᠠ ᠨᠢ ᠨᠠᠷᠢᠯᠢᠭ ᠮᠦᠷᠳᠡᠭᠡᠨ ᠣᠨᠣᠪᠴᠢᠳᠠᠢ᠂ ᠭᠠᠴᠠᠭ᠎ᠠ ᠲᠣᠰᠬᠤᠨ ᠳᠤ ᠲᠣᠮᠢᠯᠠᠬᠤ ᠬᠦᠮᠦᠨ ᠨᠢ ᠣᠨᠣᠪᠴᠢᠳᠠᠢ᠂ ᠶᠠᠳᠠᠭᠤ ᠠᠴᠠ ᠠᠩᠭᠢᠵᠢᠷᠠᠭᠤᠯᠣᠭᠰᠠᠨ ᠦᠷ᠎ᠡ ᠪᠦᠲᠦᠮᠵᠢ ᠨᠢ ᠨᠠᠷᠢᠯᠢᠭ ᠣᠨᠣᠪᠴᠢᠳᠠᠢ᠃4. ︽ᠬᠤᠶᠠᠷ ᠲᠤ ᠵᠣᠪᠠᠭ᠋ᠣ ᠦᠭᠡᠢ᠂ ᠭᠤᠷᠪᠠᠨ ᠪᠠᠳᠣᠯᠠᠭ᠎ᠠ ᠲᠠᠢ ᠪᠠᠶᠢᠬᠤ︾᠄ ᠢᠳᠡᠵᠦ ᠡᠮᠦᠰᠬᠦ ᠳᠡᠭᠡᠨ ᠵᠦᠪ᠂ ᠠᠯᠪᠠᠨ ᠵᠢᠷᠣᠮ ᠤᠨ ᠰᠣᠷᠭᠠᠨ ᠬᠦᠮᠦᠵᠢᠯ᠂ ᠦᠨᠳᠦᠰᠦᠨ ᠡᠮ ᠡᠮᠨᠡᠯᠭᠡ ᠪᠣᠯᠣᠨ ᠣᠷᠣᠨ ᠰᠠᠭᠤᠴᠠ ᠶᠢᠨ ᠪᠠᠳᠣᠯᠠᠭ᠎ᠠ  ᠲᠠᠢ ᠪᠠᠶᠢᠬᠤ᠃5.︽ᠭᠤᠷᠪᠠᠨ ᠣᠷᠣᠨ ᠭᠤᠷᠪᠠᠨ ᠱᠣᠭᠤᠮ︾᠄ ︽ᠭᠤᠷᠪᠠᠨ ᠣᠷᠣᠨ︾ ᠬᠤᠳᠠ ᠪᠠᠯᠭᠠᠰᠣᠨ ᠤ ᠣᠷᠣᠨ ᠵᠠᠢ᠂ ᠲᠠᠷᠢᠶᠠᠯᠠᠩ ᠤᠨ ᠣᠷᠣᠨ ᠵᠠᠢ᠂ ᠠᠮᠢ ᠠᠬᠤᠢ ᠶᠢᠨ ᠣᠷᠣᠨ ᠵᠠᠢ ᠭᠤᠷᠪᠠᠨ ᠲᠦᠷᠦᠯ ᠤᠨ ᠣᠯᠣᠰ ᠤᠨ ᠭᠠᠵᠠᠷ ᠰᠢᠷᠦᠢ  ᠶᠢᠨ ᠣᠷᠣᠨ ᠵᠠᠢ︔ ︽ᠭᠤᠷᠪᠠᠨ ᠱᠣᠭᠤᠮ︾ ᠬᠤᠳᠠ ᠪᠠᠯᠭᠠᠰᠣ ᠶᠢ ᠨᠡᠭᠡᠭᠡᠨ ᠬᠦᠭᠵᠢᠭᠦᠯᠬᠦ ᠵᠠᠭᠠᠭ᠂ ᠡᠭᠦᠷᠢᠳᠡ  ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠣᠭᠤᠮ ᠤᠨ ᠭᠤᠷᠪᠠᠨ ᠵᠣᠷᠪᠣᠰ ᠡᠵᠡᠮᠳᠡᠬᠦ ᠱᠣᠭᠤᠮ᠃6. ︽ᠬᠤᠶᠠᠷ ᠦᠨᠳᠦᠷ︾᠄ ᠡᠨᠧᠷᠬᠢ ᠶᠢᠨ ᠬᠤᠷᠣᠭᠳᠠᠯ ᠦᠨᠳᠦᠷ᠂ ᠪᠣᠬᠢᠷᠳᠣᠯ ᠦᠨᠳᠦᠷ᠃7. ︽ᠲᠠᠪᠣᠨ ᠬᠦᠮᠦᠵᠢᠯ︾᠄ ᠶᠣᠰᠣ ᠮᠣᠷᠠᠯ ᠤᠨ ᠬᠦᠮᠦᠵᠢᠯ᠂ ᠣᠶᠣᠨ ᠣᠬᠠᠭᠠᠨ ᠤ ᠬᠦᠮᠦᠵᠢᠯ᠂ ᠪᠡᠶ᠎ᠡ ᠲᠠᠮᠢᠷ ᠤᠨ ᠬᠦᠮᠦᠵᠢᠯ᠂ ᠭᠤᠸ᠎ᠠ ᠰᠠᠶᠢᠬᠠᠨ ᠤ ᠬᠦᠮᠦᠵᠢᠯ᠂ ᠬᠦᠳᠡᠯᠮᠦᠷᠢ ᠶᠢᠨ ᠬᠦᠮᠦᠵᠢᠯ᠃8. ︽ᠬᠤᠶᠠᠷ ᠢ ᠰᠣᠷᠣᠯᠴᠠᠵᠣ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾᠄ ᠨᠠᠮ ᠤᠨ ᠲᠦᠷᠢᠮ ᠲᠣᠭᠳᠠᠭᠠᠯ  ᠢ ᠰᠣᠷᠣᠯᠴᠠᠵᠣ᠂ ᠴᠢᠬᠤᠯᠠ ᠶᠠᠷᠢᠶ᠎ᠠ ᠨᠤᠭᠤᠳ ᠤᠨ ᠵᠣᠷᠢᠭ ᠰᠠᠨᠠᠭ᠎ᠠ ᠶᠢ ᠰᠣᠷᠣᠯᠴᠠᠵᠣ᠂ ᠬᠢᠷᠢ ᠲᠡᠩᠴᠡᠭᠰᠡᠨ ᠨᠠᠮ  ᠤᠨ ᠭᠡᠰᠢᠭᠦᠨ ᠪᠣᠯᠬᠤ᠃9. ︽ᠳᠦᠷᠪᠡᠨ ᠣᠬᠠᠮᠰᠠᠷ︾᠄ ᠣᠯᠣᠰ ᠲᠦᠷᠦ ᠶᠢᠨ ᠣᠬᠠᠮᠰᠠᠷ᠂ ᠶᠡᠭᠡ ᠲᠠᠯ᠎ᠠ ᠶᠢᠨ ᠣᠬᠠᠮᠰᠠᠷ᠂ ᠭᠤᠣᠯᠯᠠᠬᠤ ᠣᠬᠠᠮᠰᠠᠷ᠂ ᠨᠢᠭᠡᠳᠦᠯᠳᠠᠢ ᠪᠠᠶᠢᠬᠤ ᠣᠬᠠᠮᠰᠠᠷ᠃10.︽ᠲᠦᠷᠪᠡᠨ ᠢᠳᠡᠭᠡᠯ︾᠄ ᠵᠠᠮ ᠤᠨ ᠢᠳᠡᠭᠡᠯ᠂ ᠣᠨᠣᠯ ᠤᠨ ᠢᠳᠡᠭᠡᠯ᠂ ᠲᠦᠷᠢᠮ ᠤᠨ ᠢᠳᠡᠭᠡᠯ ᠪᠠ ᠰᠣᠶᠣᠯ  ᠤᠨ ᠢᠳᠡᠭᠡᠯ᠃11. ︽ᠬᠤᠶᠠᠷ ᠢ ᠬᠠᠮᠠᠭᠠᠯᠠᠬᠤ︾᠄ ᠰᠢ ᠶᠢᠨ ᠫᠢᠩ ᠶᠡᠷᠦᠩᠭᠡᠢ ᠱᠦᠵᠢ ᠶᠢᠨ ᠨᠠᠮ ᠤᠨ ᠲᠦᠪ ᠬᠤᠷᠢᠶᠠᠨ ᠤ ᠭᠤᠣᠯ ᠪᠠᠶᠢᠷᠢ ᠰᠠᠭᠤᠷᠢ᠂ ᠪᠦᠬᠦ ᠨᠠᠮ ᠤᠨ ᠭᠤᠣᠯ ᠪᠠᠶᠢᠷᠢ ᠰᠠᠭᠤᠷᠢ ᠶᠢ ᠬᠠᠮᠠᠭᠠᠯᠠᠬᠤ᠂ ᠨᠠᠮ ᠤᠨ ᠲᠦᠪ ᠬᠤᠷᠢᠶᠠᠨ  ᠤ ᠡᠷᠭᠡ ᠰᠦᠷ ᠪᠠ ᠲᠦᠪᠯᠡᠷᠡᠩᠭᠦᠢ ᠨᠢᠭᠡᠳᠦᠯᠳᠠᠢ ᠣᠳᠣᠷᠢᠳᠣᠯᠭ᠎ᠠ ᠶᠢ ᠬᠠᠮᠠᠭᠠᠯᠠᠬᠤ ᠶᠢ ᠪᠠᠷᠢᠮᠳᠠᠯᠠᠨ᠎ᠠ᠃ 12. ︽ᠭᠤᠷᠪᠠᠨ ᠴᠢᠬᠤᠯᠠ ᠨᠢᠭᠡ ᠶᠡᠭᠡ︾᠄ ᠴᠢᠬᠤᠯᠠ ᠶᠡᠭᠡ ᠵᠦᠢᠯ ᠤᠨ ᠰᠢᠢᠳᠪᠦᠷᠢᠲᠦ ᠪᠣᠳᠣᠯᠭ᠎ᠠ᠂ ᠴᠢᠬᠤᠯᠠ ᠺᠠᠳ᠋ᠷ ᠢ ᠲᠣᠮᠢᠯᠠᠨ ᠪᠠᠭᠤᠯᠭᠠᠬᠤ᠂ ᠴᠢᠬᠤᠯᠠ ᠶᠡᠭᠡ ᠲᠦᠷᠦᠯ ᠵᠦᠢᠯ ᠤᠨ ᠪᠡᠯᠡ ᠣᠷᠣᠭᠤᠯᠣᠯᠳᠠ ᠶᠢᠨ ᠰᠢᠢᠳᠪᠦᠷᠢᠲᠦ ᠪᠣᠳᠣᠯᠭ᠎ᠠ ᠪᠣᠯᠣᠨ ᠶᠡᠭᠡ ᠬᠡᠮᠵᠢᠶᠡᠨ ᠤ ᠪᠡᠯᠡ ᠮᠦᠩᠭᠦᠨ ᠤ ᠬᠡᠷᠡᠭᠯᠡᠯᠳᠡ᠃     13. ︽ᠲᠠᠯᠪᠢᠬᠤ᠂ ᠬᠠᠮᠢᠶᠠᠷᠬᠤ᠂ ᠦᠢᠯᠡᠴᠢᠯᠠᠬᠦ︾᠄ ᠵᠠᠰᠠᠭ ᠤᠨ ᠡᠷᠭᠡ ᠶᠢ ᠴᠤᠮᠬᠠᠳᠬᠠᠵᠦ ᠡᠷᠭᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠬᠦᠯᠬᠦ᠃14. ︽ᠲᠦᠷᠪᠡᠨ ᠬᠦᠢᠴᠡᠳᠭᠡᠬᠦ︾᠄ ᠨᠢᠬᠡ ᠰᠦᠯᠵᠢᠶᠠᠨ ᠲᠡᠭᠡᠷ᠎ᠡ ᠬᠦᠢᠴᠡᠳᠭᠡᠬᠦ᠂ ᠭᠠᠷ ᠤᠳᠠᠰᠤᠨ ᠲᠡᠭᠡᠷ᠎ᠡ ᠬᠦᠢᠴᠡᠳᠭᠡᠬᠦ᠂ ᠬᠠᠪᠰᠤᠷᠤᠨ ᠬᠦᠢᠴᠡᠳᠭᠡᠬᠦ᠂ ᠨᠢᠬᠡᠯᠡ ᠤᠳᠠᠭ᠎ᠠ ᠲᠡᠭᠡᠷ᠎ᠡ ᠬᠦᠢᠴᠡᠳᠭᠡᠬᠦ᠃15. ︽ᠵᠢᠷᠭᠤᠭ᠎ᠠ ᠶᠢ ᠲᠤᠭᠳᠠᠭᠤᠨ ᠪᠠᠶᠢᠯᠭᠠᠬᠤ︾᠄ ᠠᠵᠢᠯ ᠤᠯᠭᠤᠯᠳᠠ ᠶᠢ ᠲᠤᠭᠳᠠᠭᠤᠨ ᠪᠠᠶᠢᠯᠭᠠᠬᠤ᠂ ᠮᠦᠩᠬᠦᠨ ᠬᠦᠢᠯᠬᠡᠬᠡ ᠶᠢ ᠲᠤᠭᠳᠠᠭᠤᠨ ᠪᠠᠶᠢᠯᠭᠠᠬᠤ᠂ ᠭᠠᠳᠠᠭᠠᠳᠤ ᠠᠷᠠᠯᠵᠢᠶ᠎ᠠ ᠶᠢ ᠲᠤᠭᠳᠠᠭᠤᠨ ᠪᠠᠶᠢᠯᠭᠠᠬᠤ᠂ ᠭᠠᠳᠠᠭᠠᠳᠤ ᠪᠡᠯᠡ  ᠶᠢ ᠲᠤᠭᠳᠠᠭᠤᠨ ᠪᠠᠶᠢᠯᠭᠠᠬᠤ᠂ ᠪᠠᠯᠠ ᠤᠷᠤᠭᠤᠯᠤᠯᠳᠠ ᠶᠢ ᠲᠤᠭᠳᠠᠭᠤᠨ ᠪᠠᠶᠢᠯᠭᠠᠬᠤ᠂ ᠵᠢᠱᠢᠯᠳᠠ ᠶᠢ ᠲᠤᠭᠳᠠᠭᠤᠨ ᠪᠠᠶᠢᠯᠭᠠᠬᠤ᠃ 16. ︽ᠵᠢᠷᠭᠤᠭ᠎ᠠ ᠶᠢ ᠪᠠᠳᠤᠯᠠᠬᠤ︾᠄ ᠰᠠᠭᠤᠭᠠᠯᠢ ᠠᠷᠠᠳ ᠤᠨ ᠠᠵᠢᠯ ᠤᠯᠭᠤᠯᠳᠠ ᠶᠢ ᠪᠠᠳᠤᠯᠠᠬᠤ᠂ ᠦᠨᠳᠤᠰᠤᠨ ᠠᠷᠠᠳ ᠤᠨ ᠠᠮᠢᠳᠤᠷᠠᠯ ᠢ ᠪᠠᠳᠤᠯᠠᠬᠤ᠂ ᠵᠠᠬ᠎ᠠ ᠲᠡᠯᠬᠡᠬᠦᠷ ᠤᠨ ᠭᠤᠤᠯ ᠴᠤᠭᠴᠠ ᠶᠢ ᠪᠠᠳᠤᠯᠠᠬᠤ᠂ ᠠᠮᠤ ᠪᠤᠳᠠᠭ᠎ᠠ ᠡᠨᠧᠷᠬᠢ ᠶᠢᠨ ᠠᠮᠤᠷ ᠲᠦᠪᠰᠢᠨ ᠢ ᠪᠠᠳᠤᠯᠠᠬᠤ᠂ ᠠᠵᠦ ᠦᠢᠯᠡᠰ ᠤᠨ ᠭᠡᠯᠬᠢᠶ᠎ᠠ ᠪᠡ ᠬᠠᠩᠭᠠᠯᠭ᠎ᠠ ᠶᠢᠨ ᠬᠡᠯᠬᠢᠶᠠᠨ ᠤ ᠲᠤᠭᠳᠠᠭᠤᠨ ᠢ ᠪᠠᠳᠤᠯᠠᠬᠤ᠂ ᠦᠨᠳᠤᠰᠤᠨ ᠱᠠᠳᠤᠨ ᠤ ᠡᠷᠬᠢᠯᠳᠠ ᠶᠢ ᠪᠠᠳᠤᠯᠠᠬᠤ᠃17. ︽ᠲᠦᠷᠪᠡᠨ ᠬᠤᠭᠤᠴᠠᠭ᠎ᠠ︾᠄ ᠤᠳᠤᠬᠢᠴᠢᠯᠠᠯᠳᠠ ᠶᠢᠨ ᠰᠢᠨ᠎ᠡ ᠠᠶᠠᠨ ᠢ ᠡᠬᠢᠯᠡᠬᠦᠯᠬᠦ ᠵᠠᠩᠬᠢᠯᠠᠭ᠎ᠠ ᠶᠢᠨ ᠬᠤᠭᠤᠴᠠᠭ᠎ᠠ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠦᠷ᠎ᠡ ᠪᠦᠳᠤᠭᠡᠯ ᠢ ᠪᠠᠳᠤᠳᠬᠠᠨ ᠦᠷᠭᠡᠳᠭᠡᠬᠦ ᠶᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠯᠤᠭ᠎ᠠ ᠪᠦᠳᠤᠮᠵᠢᠳᠠᠢ ᠵᠤᠯᠭᠠᠭᠤᠯᠬᠤ ᠪᠠᠶᠢᠯᠳᠤᠬᠤ ᠪᠤᠳᠤᠯᠭ᠎ᠠ ᠶᠢᠨ ᠬᠤᠭᠤᠴᠠᠭ᠎ᠠ᠂ ︽ᠠᠷᠪᠡᠨ ᠲᠦᠷᠪᠡᠳᠤᠭᠡᠷ ᠲᠠᠪᠤᠨ ᠵᠢᠯ︾ ᠤᠨ ᠲᠦᠯᠦᠪᠵᠢᠬᠦᠯᠬᠡ ᠶᠢ ᠪᠡᠶᠡᠯᠡᠬᠦᠯᠬᠦ ᠬᠤᠭᠤᠴᠠᠭ᠎ᠠ᠂ ᠴᠢᠨᠠᠷᠯᠢᠭ ᠬᠦᠭᠵᠢᠯᠳᠡ ᠶᠢ ᠠᠬᠢᠭᠤᠯᠬᠤ ᠴᠤᠩᠬᠤᠪᠴᠢ ᠶᠢᠨ ᠬᠤᠭᠤᠴᠠᠭ᠎ᠠ᠃18. ︽ᠲᠠᠪᠣᠨ ᠣᠷᠣᠨ ᠨᠢᠭᠡ ᠲᠣᠯᠭᠠᠭᠤᠷᠢᠯᠠᠬᠤ ᠴᠡᠭ︾᠄ ᠰᠢᠯᠢ ᠶᠢᠨ ᠭᠤᠣᠯ ᠤᠨ ᠲᠠᠴᠢᠷᠳᠠᠭᠰᠠᠨ ᠨᠣᠳᠤᠭ ᠪᠡᠯᠴᠢᠭᠡᠷ ᠢ ᠦᠨᠳᠦᠷ ᠦᠷ᠎ᠡ ᠠᠰᠢᠭᠳᠠᠢ ᠵᠠᠰᠠᠬᠤ ᠣᠷᠣᠨ᠂ ᠰᠢᠯᠢ ᠶᠢᠨ ᠭᠤᠣᠯ ᠤᠨ ᠰᠢᠨ᠎ᠡ ᠡᠨᠧᠷᠬᠢ ᠶᠢᠨ ᠠᠵᠣ ᠠᠬᠤᠢ ᠶᠢᠨ ᠰᠢᠨ᠎ᠡ ᠶᠢ ᠡᠭᠦᠳᠬᠦ ᠬᠦᠭᠵᠢᠯᠳᠡ ᠶᠢᠨ ᠣᠷᠣᠨ᠂ ᠦᠪᠦᠷ ᠮᠣᠩᠭᠤᠯ ᠤᠨ ᠮᠠᠯ ᠤᠨ ᠠᠰᠢᠭ ᠰᠢᠮ᠎ᠡ ᠶᠢᠨ ᠭᠠᠷᠣᠯᠳᠠ ᠶᠢᠨ ᠰᠦᠨᠢᠳ ᠨᠡᠷᠡᠲᠦ ᠲᠡᠮᠳᠡᠭᠲᠦ ᠣᠷᠣᠨ᠂ ᠳᠣᠮᠳᠠᠳᠣ ᠣᠯᠣᠰ ᠤᠨ ᠣᠯᠠᠭᠠᠠᠮᠦ᠋ᠴᠢᠷ ᠤᠨ ᠵᠣᠷᠢᠭ ᠰᠠᠨᠠᠭ᠎ᠠ ᠶᠢ ᠣᠯᠠᠮᠵᠢᠯᠠᠬᠤ ᠣᠷᠣᠨ᠂ ᠣᠮᠠᠷᠠᠳᠣ ᠬᠢᠯᠢ ᠬᠢᠵᠠᠭᠠᠷ ᠤᠨ ᠴᠡᠷᠢᠭ ᠠᠷᠠᠳ ᠠᠭᠤᠰᠣᠯᠴᠠᠭᠰᠠᠨ ᠠᠮᠣᠷ ᠲᠦᠪᠰᠢᠨ ᠲᠣᠭᠳᠠᠭᠤᠨ ᠤ ᠣᠷᠣᠨ᠂ ᠳᠣᠮᠳᠠᠳᠣ ᠮᠣᠩᠭᠤᠯ ᠣᠷᠣᠰ ᠤᠨ ᠠᠵᠣ ᠠᠬᠤᠢ ᠶᠢᠨ ᠬᠤᠩᠭᠢᠯ ᠤᠨ ᠭᠤᠣᠯ ᠳᠣᠯᠭᠠᠭᠤᠷᠢᠯᠠᠬᠤ ᠴᠡᠭ᠃19. ︽ᠨᠢᠭᠡ ᠭᠤᠣᠯ ᠴᠦᠮ᠎ᠡ᠂ ᠬᠤᠶᠠᠷ ᠲᠡᠩᠭᠡᠯᠢᠭ᠂ ᠭᠤᠷᠪᠠᠨ ᠣᠷᠣᠨ ᠲᠣᠭᠤᠷᠢᠭ︾᠄ ︽ᠨᠢᠬᠡ ᠭᠤᠤᠯ ᠴᠦᠮ᠎ᠡ︾ ᠭᠡᠳᠡᠭ ᠨᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠪᠣᠯᠪᠠᠰᠣᠷᠠᠭᠤᠯᠬᠤ ᠠᠷᠠᠯᠵᠢᠶ᠎ᠠ ᠬᠤᠳᠠᠯᠳᠣᠭᠠᠨ ᠤ ᠭᠤᠣᠯ ᠴᠦᠮ᠎ᠡ︔ ︽ᠬᠤᠶᠠᠷ ᠲᠡᠩᠭᠡᠯᠢᠭ︾ ᠭᠡᠳᠡᠭ ᠨᠢ ᠢᠳᠡᠰᠢᠨ ᠤ ᠬᠤᠨᠢ ᠶᠢ ᠦᠰᠭᠡᠬᠦ᠂ ᠢᠳᠡᠰᠢᠨ ᠤ ᠦᠭᠡᠷ ᠢ ᠦᠰᠭᠡᠬᠦ ᠪᠠᠷ ᠲᠡᠩᠭᠡᠯᠢᠭ ᠪᠣᠯᠭᠠᠬᠤ︔ ︽ᠭᠤᠷᠪᠡᠨ ᠤᠷᠤᠨ ᠲᠤᠭᠤᠷᠢᠭ︾ ᠭᠡᠳᠡᠭ ᠨᠢ ᠲᠠᠷᠢᠶᠠᠯᠠᠩ ᠮᠠᠯ ᠠᠵᠣ ᠠᠬᠤᠢ ᠶᠢᠨ ᠰᠢᠨᠵᠢᠯᠡᠭᠡ ᠮᠡᠷᠭᠡᠵᠢᠯ ᠤᠨ ᠬᠦᠳᠦᠯᠦᠨ ᠳᠠᠭᠠᠭᠤᠯᠵᠣ ᠵᠢᠱᠢᠶ᠎ᠡ ᠦᠵᠡᠭᠦᠯᠬᠦ ᠣᠷᠣᠨ᠂ ᠮᠠᠯ ᠤᠨ ᠡᠭᠦᠯᠳᠡᠷ ᠤᠨ ᠡᠬᠢ ᠪᠠᠶᠠᠯᠢᠭ ᠤᠨ ᠬᠠᠮᠠᠭᠠᠯᠠᠯᠳᠠ ᠶᠢᠨ ᠣᠷᠣᠨ᠂ ᠲᠠᠷᠢᠵᠣ ᠲᠡᠵᠢᠭᠡᠬᠦ ᠡᠷᠬᠢᠯᠳᠡᠳᠦ ᠬᠦᠭᠵᠢᠯᠳᠡ ᠶᠢᠨ ᠣᠷᠣᠨ ᠢ ᠭᠡᠯᠡᠵᠦ ᠪᠤᠢ᠃20. ︽ᠲᠦᠷᠪᠡ ᠶᠢ ᠦᠯᠦ ᠲᠠᠶᠠᠭᠳᠠᠬᠤ︾᠄ ᠶᠠᠳᠠᠭᠤ ᠠᠴᠠ ᠠᠩᠬᠢᠵᠢᠷᠠᠭᠤᠯᠤᠭᠰᠠᠨ ᠴᠦ ᠬᠠᠷᠢᠭᠤᠴᠠᠯᠭ᠎ᠠ ᠪᠠᠨ ᠠᠯᠳᠠᠬᠤ ᠦᠬᠡᠢ᠂ ᠬᠠᠪᠰᠤᠷᠤᠨ ᠲᠡᠳᠬᠦᠬᠦ ᠪᠠᠨ ᠵᠤᠭᠰᠤᠬᠤ ᠦᠬᠡᠢ᠂ ᠲᠦᠷᠦ ᠶᠢᠨ ᠪᠤᠳᠤᠯᠭ᠎ᠠ ᠶᠢ ᠬᠤᠪᠢᠷᠠᠭᠤᠯᠬᠤ ᠦᠬᠡᠢ᠂ ᠬᠢᠨᠡᠯᠳᠠ ᠬᠠᠮᠢᠶᠠᠷᠤᠯᠳᠠ ᠪᠠᠨ ᠰᠤᠯᠠᠷᠠᠭᠤᠯᠬᠤ ᠦᠬᠡᠢ᠃21. ︽ᠲᠦᠷᠪᠡ ᠳᠤ ᠬᠠᠨᠳᠤᠬᠤ︾᠄ ᠲᠡᠯᠡᠭᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ  ᠳᠤ ᠬᠠᠨᠳᠤᠬᠤ᠂ ᠠᠵᠦ ᠠᠬᠤᠢ ᠶᠢᠨ ᠭᠤᠤᠯ ᠬᠠᠨᠳᠤᠰᠢ ᠳᠤ ᠬᠠᠨᠳᠤᠬᠤ᠂ ᠤᠯᠤᠰ ᠤᠨ ᠴᠢᠬᠤᠯᠠ ᠶᠡᠭᠡ ᠭᠡᠷᠡᠭᠴᠡᠭᠡ ᠱᠠᠭᠠᠷᠳᠠᠯᠭ᠎ᠠ ᠳᠤ ᠬᠠᠨᠳᠤᠬᠤ᠂ ᠠᠷᠠᠳ ᠲᠦᠮᠡᠨ ᠤ ᠠᠮᠢ ᠨᠠᠰᠤ ᠡᠷᠡᠬᠦᠯ ᠮᠠᠨᠳᠤ ᠳᠤ ᠬᠠᠨᠳᠤᠬᠤ᠃22. ︽ᠬᠤᠶᠠᠷ ᠢ ᠬᠦᠩᠭᠡᠷᠡᠬᠦᠯᠬᠦ︾᠄ ᠠᠯᠪᠡᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠰᠤᠷᠤᠭᠴᠢᠳ  ᠤᠨ ᠲᠠᠰᠬᠠᠯ ᠤᠨ ᠲᠠᠷᠤᠭᠠᠰᠤ ᠶᠢ ᠬᠦᠩᠭᠡᠷᠡᠬᠦᠯᠬᠦ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠲᠠᠷᠤᠭᠠᠰᠤ ᠶᠢ ᠬᠦᠩᠭᠡᠷᠡᠬᠦᠯᠬᠦ᠃23. ︽4050︾ ᠬᠦᠮᠦᠰ᠄ ᠲᠠᠷᠤᠢ ᠬᠦᠳᠡᠯᠮᠤᠷᠢᠯᠠᠬᠦ ᠨᠠᠰᠤᠨ ᠳᠠᠭᠠᠨ ᠪᠠᠶᠢᠭ᠎ᠠ 40 ᠨᠠᠰᠤᠨ ᠠᠴᠠ ᠲᠡᠭᠡᠭᠰᠢ ᠡᠮᠡᠭᠳᠡᠶᠢᠴᠤᠳ᠂ 50 ᠨᠠᠰᠤᠨ ᠠᠴᠠ ᠲᠡᠭᠡᠭᠰᠢ ᠡᠷᠡᠭᠳᠡᠶᠢᠴᠤᠳ ᠲᠤᠰ ᠪᠠᠶ᠎ᠠ ᠶᠢᠨ ᠠᠵᠢᠯ ᠤᠯᠬᠤ ᠨᠦᠬᠦᠴᠠᠯ ᠨᠢ ᠪᠠᠷᠤᠭᠳᠠᠢ᠂ ᠤᠷ᠎ᠡ ᠴᠢᠳᠠᠪᠤᠷᠢ ᠨᠢ ᠳ᠋ᠠᠩ ᠴᠤᠯᠭᠤᠢ ᠵᠡᠷᠭᠡ ᠰᠢᠯᠳᠠᠭᠠᠨ ᠠᠴᠠ ᠪᠤᠯᠵᠦ ᠬᠦᠳᠡᠯᠮᠤᠷᠢ ᠬᠦᠴᠦᠨ ᠤ ᠵᠠᠬ᠎ᠠ ᠲᠡᠯᠭᠡᠬᠦᠷ ᠲᠤ ᠦᠷᠢᠰᠤᠯᠳᠤᠨ ᠠᠵᠢᠯ ᠤᠯᠬᠤ ᠳᠤ ᠬᠦᠴᠢᠷᠳᠡᠢ ᠬᠦᠳᠡᠯᠮᠤᠷᠢᠯᠡᠭᠴᠢᠳ ᠢ ᠭᠡᠯᠡᠵᠦ ᠪᠤᠢ᠃24. ︽ᠭᠤᠷᠪᠡᠨ ᠬᠤᠷᠢᠭ᠎ᠠ ᠱᠤᠭᠤᠮ᠂ ᠨᠢᠬᠡ ᠨᠠᠷᠢᠨ ᠲᠠᠩᠰᠠ︾᠄ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠤᠭᠤᠮ᠂ ᠤᠷᠴᠢᠨ ᠲᠤᠭᠤᠷᠢᠨ ᠤ ᠶᠡᠰᠤ ᠴᠢᠨᠡᠷ ᠤᠨ ᠲᠤᠤᠷ᠎ᠡ ᠬᠢᠵᠠᠭᠠᠷ᠂ ᠡᠬᠢ ᠪᠠᠶᠠᠯᠢᠭ ᠤᠨ ᠠᠰᠢᠭᠯᠠᠯᠳᠠ ᠶᠢᠨ ᠲᠡᠭᠡᠳᠤ ᠬᠢᠵᠠᠭᠠᠷ ᠪᠡ ᠠᠵᠦ ᠠᠬᠤᠶᠢᠯᠠᠯ ᠤᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠳᠤ ᠬᠠᠨᠳᠤᠭᠰᠠᠨ ᠨᠠᠷᠢᠨ ᠲᠡᠩᠰᠡ᠃ 25. ︽ᠭᠤᠷᠪᠡᠨ ᠬᠠᠶᠠᠭᠳᠠᠮᠠᠯ︾᠄ ᠬᠠᠶᠠᠭᠳᠠᠮᠠᠯ ᠤᠰᠤ᠂ ᠬᠠᠶᠠᠭᠳᠠᠮᠠᠯ ᠬᠡᠢ ᠪᠡ ᠬᠠᠳᠠᠭᠤ ᠪᠡᠶᠠᠳᠤ ᠬᠠᠶᠠᠭᠳᠠᠮᠠᠯ ᠪᠤᠳᠠᠰ᠃26. ︽ᠲᠠᠪᠤᠨ ᠨᠢᠭᠡ︾᠄ ᠨᠢᠬᠡ ᠲᠦᠷᠦᠯ ᠵᠦᠢᠯ ᠢ ᠨᠢᠭᠡ ᠤᠳᠤᠷᠢᠳᠤᠯᠭ᠎ᠠ ᠲᠠᠭᠠᠭᠤᠯᠬᠤ᠂ ᠨᠢᠬᠡ ᠰᠠᠯᠠᠭ᠎ᠠ ᠮᠦᠴᠢᠷ ᠲᠠᠭᠠᠭᠠᠴᠢᠯᠠᠨ ᠠᠳᠬᠤᠬᠤ᠂ ᠨᠢᠬᠡ ᠪᠠᠭ ᠦᠢᠯᠡᠴᠢᠯᠠᠬᠦ᠂ ᠨᠢᠭᠡ ᠲᠦᠰᠦᠯ ᠢ ᠠᠬᠢᠭᠤᠯᠬᠤ᠂ ᠨᠢᠭᠡ ᠢᠵᠢ ᠪᠦᠷᠢᠨ ᠵᠤᠬᠢᠴᠠᠮᠵᠢ ᠶᠢ ᠪᠠᠳᠤᠯᠠᠬᠤ᠃27.︽ᠲᠦᠷᠪᠡᠨ ᠰᠠᠶᠢᠳᠠᠢ ᠬᠦᠳᠡᠭᠡ ᠲᠤᠰᠬᠤᠨ ᠤ ᠵᠡᠮ︾᠄ ᠬᠦᠳᠡᠭᠡ ᠲᠤᠰᠬᠤᠨ ᠤ ᠵᠡᠮ ᠢ ᠰᠠᠶᠢᠨ ᠲᠠᠪᠢᠰᠬᠦ᠂ ᠰᠠᠶᠢᠨ ᠬᠠᠮᠢᠶᠠᠷᠬᠤ᠂ ᠰᠠᠶᠢᠨ ᠬᠠᠮᠠᠭᠠᠯᠠᠬᠤ᠂ ᠰᠠᠶᠢᠳᠤᠷ ᠠᠰᠢᠭᠯᠠᠬᠤ ᠶᠢ ᠭᠡᠯᠡᠵᠦ ᠪᠤᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号