ᠰᠤᠷᠪᠤᠯᠵᠢᠯᠠᠭᠴᠢ᠄ ᠰᠤᠷᠤᠶ᠎ᠠ ᠳ᠋ᠦ᠋ ᠰᠢᠶᠤᠤ | ᠯᠦᠩ | ᠰᠠᠶᠢᠬᠠᠨᠲᠠᠯ᠎ᠠ ᠪᠠᠯᠭᠠᠰᠤᠨ ᠤ ᠲᠥᠬᠦᠮ ᠭᠠᠴᠠᠭ᠎ᠠ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠭᠤᠤᠯᠯᠠᠭᠴᠢ ᠶᠢᠨ ᠪᠠᠶᠢᠷᠢ ᠰᠠᠭᠤᠷᠢ ᠶᠢ ᠪᠠᠷᠢᠮᠲᠠᠯᠠᠨ ᠴᠢᠩᠭᠠᠳᠬᠠᠵᠤ᠂ | ᠭᠠᠴᠠᠭᠠᠨ ᠤ ᠬᠠᠮᠲᠤ ᠶᠢᠨ ᠠᠵᠤ ᠠᠬᠤᠶ ᠶᠢ ᠨᠢᠭᠡᠳᠦᠯᠲᠡᠶ ᠲᠥᠯᠥᠪᠵᠢᠭᠦᠯᠦᠨ᠂ ᠬᠥᠭᠵᠢᠯᠲᠡ ᠶᠢᠨ ᠬᠡᠪ ᠵᠠᠭᠪᠤᠷ ᠢ | ᠲᠠᠰᠤᠷᠠᠯᠲᠠ ᠥᠬᠡᠶ ᠰᠢᠨᠡᠴᠢᠯᠡᠵᠦ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠵᠠᠢ᠃ | ᠰᠠᠶᠢᠬᠠᠨᠲᠠᠯ᠎ᠠ ᠪᠠᠯᠭᠠᠰᠤᠨ ᠤ ᠲᠥᠬᠦᠮ ᠭᠠᠴᠠᠭ᠎ᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ | ᠲᠥᠯᠥᠪᠵᠢᠭᠦᠯᠭᠡ ᠶᠢ ᠤᠷᠢᠳᠠᠪᠠᠷ ᠬᠢᠬᠦ ᠶᠢ ᠪᠠᠷᠢᠮᠲᠠᠯᠠᠵᠤ᠂ ᠭᠠᠵᠠᠷ ᠰᠢᠷᠣᠶ ᠪᠠᠷ ᠬᠤᠪᠢ ᠣᠷᠣᠭᠤᠯᠬᠤ ᠵᠡᠷᠭᠡ ᠠᠷᠭ᠎ᠠ | ᠬᠡᠯᠪᠡᠷᠢ ᠪᠠᠷ ᠳᠠᠮᠵᠢᠭᠤᠯᠤᠨ ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠵᠦ᠂ ᠳᠡᠭᠡᠳᠦ ᠱᠠᠲᠤᠨ ᠤ | ᠲᠥᠷᠥ ᠶᠢᠨ ᠪᠣᠳᠣᠯᠭ᠎ᠠ ᠶᠢᠨ ᠲᠥᠷᠥᠯ ᠵᠦᠢᠯ ᠢ ᠢᠳᠡᠪᠬᠢᠲᠡᠶ ᠭᠤᠶᠤᠴᠢᠯᠠᠵᠤ᠂ ᠨᠢᠭᠡ ᠪᠦᠯᠦᠭ ᠠᠵᠤ ᠦᠢᠯᠡᠰ ᠤᠨ | ᠬᠥᠭᠵᠢᠯᠲᠡ ᠶᠢᠨ ᠲᠥᠷᠥᠯ ᠵᠦᠢᠯ ᠢ ᠲᠥᠯᠦᠪᠯᠡᠨ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠶ ᠵᠣᠯᠭᠠᠭᠤᠯᠬᠤ ᠠᠵᠢᠯ ᠢ ᠪᠦᠲᠦᠮᠵᠢᠲᠡᠶ ᠠᠬᠢᠭᠤᠯᠵᠠᠢ᠃ | | ᠲᠥᠬᠦᠮ ᠭᠠᠴᠠᠭ᠎ᠠ ᠨᠢ ᠪᠥᠬᠦ ᠠᠶᠢᠮᠠᠭ ᠤᠨ ︽ᠬᠤᠨᠢ ᠶᠢ ᠰᠢᠯᠢᠳᠡᠭᠵᠢᠭᠦᠯᠦᠨ ᠦᠬᠡᠷ ᠥᠰᠭᠡᠬᠦ︾ ᠪᠠᠶᠢᠯᠳᠤᠬᠤ | ᠪᠣᠳᠣᠯᠭ᠎ᠠ ᠶᠢ ᠴᠤᠤᠷᠢᠶᠠᠲᠤᠨ ᠳᠠᠭᠠᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠤᠳᠤᠷᠢᠳᠤᠮᠵᠢ | ᠪᠣᠯᠭᠠᠵᠤ᠂ ᠣᠨᠴᠠᠯᠢᠭᠲᠤ ᠠᠵᠤ ᠦᠢᠯᠡᠰ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠤᠶᠢᠵᠢᠭᠤᠯᠵᠤ᠂ | 2021 ᠣᠨ ᠤ 12 ᠰᠠᠷ᠎ᠠ ᠳᠤ᠂ ᠰᠢᠮᠧᠨ᠋ᠲ᠋ᠧᠷ ᠦᠬᠡᠷ ᠲᠡᠵᠢᠭᠡᠨ ᠦᠷᠡᠵᠢᠭᠦᠯᠬᠦ ᠦᠢᠯᠡᠰ ᠤᠨ ᠲᠥᠷᠥᠯ ᠵᠦᠢᠯ ᠢ | ᠬᠡᠷᠡᠭᠵᠢᠭᠦᠯᠵᠦ᠂ 281.8 ᠲᠦᠮᠡᠨ ᠲᠥᠭᠦᠷᠢᠭ ᠤᠨ ᠪᠠᠯᠠ ᠣᠷᠣᠭᠤᠯᠵᠤ᠂ 100 ᠲᠣᠯᠣᠭᠠᠶ ᠰᠢᠮᠧᠨ᠋ᠲ᠋ᠧᠷ ᠦᠬᠡᠷ | ᠬᠤᠳᠠᠯᠳᠤᠨ ᠠᠪᠴᠤ᠂ ᠣᠲᠣ ᠨᠢᠭᠡᠨᠲᠡ 76 ᠲᠣᠯᠣᠭᠠᠶ ᠲᠤᠭᠤᠯ ᠳᠤᠰᠤᠭᠰᠠᠨ ᠪᠠᠶᠢᠨ᠎ᠠ᠃ ᠲᠤᠰ ᠵᠢᠯ ᠤᠨ 12 | ᠰᠠᠷ᠎ᠠ ᠳᠤ᠂ ᠰᠠᠶᠢᠨ ᠡᠭᠦᠯᠳᠡᠷ ᠤᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠦᠷᠦᠯ ᠵᠦᠢᠯ ᠢ ᠪᠡᠶᠡᠯᠡᠭᠦᠯᠵᠦ᠂ | 109 ᠲᠦᠮᠡᠨ ᠲᠥᠭᠦᠷᠢᠭ ᠤᠨ ᠪᠡᠯᠡ ᠣᠷᠣᠭᠤᠯᠵᠤ᠂ 40 ᠲᠣᠯᠣᠭᠠᠢ ᠰᠠᠶᠢᠨ ᠡᠭᠦᠯᠳᠡᠷ ᠤᠨ ᠮᠢᠬᠠᠨ ᠤ ᠦᠬᠡᠷ | ᠬᠤᠳᠠᠯᠳᠤᠨ ᠠᠪᠴᠤ᠂ ᠲᠡᠵᠢᠭᠡᠨ ᠦᠷᠡᠵᠢᠭᠦᠯᠬᠦ ᠲᠤᠷᠰᠢᠯᠭ᠎ᠠ ᠲᠠᠢ ᠮᠠᠯᠵᠢᠬᠤ ᠡᠷᠦᠭᠡ ᠳᠤ ᠳᠠᠭᠠᠭᠠᠴᠢᠯᠠᠭᠤᠯᠤᠨ | ᠥᠭᠴᠦ᠂ 2022 ᠣᠨ ᠳᠤ ᠡᠵᠡᠩᠨᠡᠯᠲᠡ ᠶᠢᠨ ᠴᠢᠨᠠᠷᠲᠠᠢ ᠣᠷᠣᠯᠭ᠎ᠠ 25 ᠲᠦᠮᠡᠨ ᠲᠥᠭᠦᠷᠢᠭ ᠣᠷᠴᠢᠮ | ᠪᠡᠶᠡᠯᠡᠭᠦᠯᠬᠦ ᠪᠣᠯᠤᠨ᠎ᠠ᠃ | | | ᠭᠠᠴᠠᠭ᠎ᠠ ᠨᠢ ᠭᠠᠵᠠᠷ ᠰᠢᠷᠣᠶ ᠲᠦᠷᠢᠶᠡᠰᠦᠯᠡᠬᠦ ᠪᠠ ᠬᠤᠪᠢ ᠣᠷᠣᠭᠤᠯᠬᠤ ᠬᠡᠯᠪᠡᠷᠢ ᠪᠠᠷ ᠮᠠᠯ ᠤᠨ ᠢᠯᠭᠠᠳᠠᠰᠤ ᠶᠢ | ᠬᠤᠣᠷ ᠦᠭᠡᠶᠢᠳᠡᠭᠦᠯᠦᠨ ᠰᠢᠢᠳᠪᠦᠷᠢᠯᠡᠬᠦ ᠲᠠᠯᠠᠪᠠᠶ ᠪᠠᠶᠢᠭᠤᠯᠵᠤ᠂ ᠡᠳᠦᠷ ᠪᠦᠷᠢ ᠶᠢᠨ ᠮᠠᠯ ᠤᠨ ᠢᠯᠭᠠᠳᠠᠰᠤ ᠶᠢ | ᠮᠡᠷᠭᠡᠵᠢᠯ ᠢᠶᠠᠷ ᠰᠢᠢᠳᠪᠦᠷᠢᠯᠡᠬᠦ ᠪᠠᠷ ᠳᠠᠮᠵᠢᠭᠤᠯᠤᠨ ᠣᠷᠭᠠᠨᠢᠭ ᠪᠣᠷᠳᠣᠭᠤᠷ ᠪᠣᠯᠭᠠᠨ ᠬᠤᠪᠢᠷᠠᠭᠤᠯᠵᠤ᠂ ᠮᠠᠯ ᠤᠨ | ᠢᠯᠭᠠᠳᠠᠰᠤ ᠶᠢ ᠬᠤᠣᠷ ᠦᠭᠡᠶᠢᠳᠡᠭᠦᠯᠦᠨ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠡᠶᠡᠯᠡᠭᠦᠯᠵᠦ᠂ ᠬᠤᠭ ᠨᠣᠪᠰᠢ | ᠴᠤᠭᠯᠠᠭᠤᠯᠬᠤ ᠴᠡᠭ ᠪᠠᠶᠢᠭᠤᠯᠵᠤ᠂ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠲᠡᠷᠭᠡ ᠪᠠ ᠲᠡᠭᠡᠭᠡᠵᠦ | ᠪᠠᠭᠤᠯᠭᠠᠬᠤ ᠮᠠᠰᠢᠨ ᠢ ᠢᠵᠢ ᠪᠦᠷᠢᠳᠦᠭᠦᠯᠦᠨ᠂ ᠭᠠᠴᠠᠭᠠᠨ ᠤ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ | ᠴᠤᠭᠯᠠᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠠᠶᠢᠵᠢᠷᠠᠭᠤᠯᠵᠠᠢ᠃ ᠡᠭᠦᠨ ᠤ ᠬᠠᠮᠲᠤ ᠭᠠᠴᠠᠭᠠᠨ ᠤ | ᠰᠤᠯᠠ ᠪᠠᠶᠢᠭ᠎ᠠ ᠭᠠᠵᠠᠷ ᠢ ᠠᠰᠢᠭᠯᠠᠨ᠂ ᠪᠤᠶᠢᠵᠢᠭᠤᠯᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠠᠷ | ᠭᠤᠤᠯᠳᠠᠯᠭ᠎ᠠ ᠪᠤᠯᠭᠠᠨ᠂ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠬᠥᠮᠥᠷᠭᠡ᠂ ᠠᠮᠢᠳᠤ ᠮᠠᠯ ᠤᠨ ᠵᠠᠬ᠎ᠠ ᠳᠡᠯᠭᠡᠭᠦᠷ᠂ | ᠮᠠᠯ ᠡᠮᠨᠡᠯᠭᠡ ᠶᠢᠨ ᠦᠢᠯᠡᠴᠢᠯᠡᠭᠡᠨ ᠤ ᠲᠥᠪ᠂ ᠴᠠᠭᠠᠨ ᠢᠳᠡᠭᠡ ᠪᠣᠯᠪᠠᠰᠤᠷᠠᠭᠤᠯᠬᠤ ᠦᠢᠯᠡᠳᠪᠦᠷᠢ ᠶᠢᠨ ᠲᠠᠰᠤᠭ᠂ | ᠮᠠᠯ ᠤᠨ ᠢᠯᠭᠠᠳᠠᠰᠤ ᠶᠢᠨ ᠪᠣᠬᠢᠷᠲᠤᠯ ᠢ ᠰᠢᠢᠳᠪᠦᠷᠢᠯᠡᠬᠦ ᠵᠡᠷᠭᠡ ᠦᠢᠯᠡᠴᠢᠯᠡᠭᠡ ᠬᠠᠩᠭᠠᠬᠤ ᠡᠵᠡᠩᠨᠡᠯᠲᠡ ᠶᠢᠨ | ᠴᠢᠨᠠᠷᠲᠠᠶ ᠲᠥᠷᠥᠯ ᠵᠦᠢᠯ ᠢ ᠬᠡᠷᠡᠭᠵᠢᠭᠦᠯᠵᠦ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠠᠢ᠃ | | | | ᠪᠥᠬᠦ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠶᠢᠨ ᠭᠠᠴᠠᠭ᠎ᠠ | ᠪᠣᠯᠤᠭᠰᠠᠨ ᠤ ᠬᠤᠪᠢ ᠳᠤ᠂ ᠭᠠᠴᠠᠭᠠᠨ ᠤ ︽ᠬᠤᠶᠠᠷ ᠵᠥᠪᠯᠡᠯ︾ ᠤᠨ ᠪᠠᠭ ᠤᠨ ᠭᠡᠰᠢᠭᠦᠨ 6 ᠪᠠᠶᠢᠵᠤ ︵ᠳᠤᠮᠳᠠᠴᠢ | ᠨᠠᠰᠤ ᠨᠢ 33︶᠂ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠰᠢᠭᠤ | ᠰᠤᠷᠭᠠᠨ ᠬᠥᠮᠦᠵᠢᠯ ᠤᠨ ᠲᠤᠪᠴᠢᠶᠠᠨ ᠤ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠨ 4 ᠪᠠᠶᠢᠵᠤ᠂ | ᠴᠥᠮ ᠤᠯᠤᠰ ᠲᠥᠷᠥ ᠶᠢᠨ ᠬᠡᠪ ᠴᠢᠨᠠᠷ ᠰᠠᠶᠢᠨ᠂ ᠰᠣᠶᠣᠯ ᠤᠨ ᠬᠢᠷᠢ ᠲᠦᠪᠰᠢᠨ ᠥᠨᠳᠥᠷ᠂ ᠠᠵᠢᠯ ᠤᠨ | ᠴᠢᠳᠠᠪᠤᠷᠢ ᠴᠢᠩᠭ᠎ᠠ ᠰᠢᠯᠢᠳᠡᠭ ᠴᠢᠳᠠᠪᠤᠷᠢᠲᠠᠨ ᠪᠣᠯᠤᠨ᠎ᠠ᠃ ᠨᠠᠮ ᠤᠨ ᠡᠭᠦᠷ ᠲᠤ ᠣᠲᠣ 25 ᠨᠠᠮ ᠤᠨ ᠭᠡᠰᠢᠭᠦᠨ | ᠲᠠᠢ᠂ ᠨᠠᠮ ᠤᠨ ᠭᠡᠰᠢᠭᠦᠨ ᠭᠤᠤᠯᠳᠠᠯᠭᠠᠲᠤ ᠡᠷᠦᠬᠡ 3 ᠪᠠᠶᠢᠵᠤ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠠᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠤᠶᠠᠯᠳᠤᠭᠤᠯᠬᠤ ᠴᠡᠭ ᠢ ᠢᠳᠡᠪᠬᠢᠲᠡᠶ ᠡᠷᠢᠯᠬᠢᠯᠡᠵᠦ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ ᠪᠠᠶᠢᠨ᠎ᠠ᠃ | | ᠰᠤᠷᠪᠤᠯᠵᠢᠯᠠᠭ᠎ᠠ᠄ ᠰᠠᠶᠢᠬᠠᠨᠲᠠᠯ᠎ᠠ ᠪᠠᠯᠭᠠᠰᠤᠨ ᠤ ᠲᠥᠬᠦᠮ ᠭᠠᠴᠠᠭᠠᠨ ᠤ ᠨᠢᠭᠡᠳᠦᠭᠡᠷ ᠱᠦᠵᠢ ᠠᠯᠮᠠᠰ᠄ | ᠬᠠᠮᠲᠤ ᠶᠢᠨ ᠠᠵᠤ ᠠᠬᠤᠢ ᠶᠢᠨ ᠬᠥᠭᠵᠢᠯᠲᠡ ᠪᠠᠷ ᠲᠠᠮᠵᠢᠨ ᠮᠠᠯᠴᠢᠳ ᠤᠨ ᠦᠢᠯᠡᠳᠪᠦᠷᠢᠯᠡᠯ ᠤᠨ ᠢᠳᠡᠪᠬᠢᠵᠢᠯ ᠢ | ᠲᠠᠶᠢᠴᠢᠯᠠᠵᠤ᠂ ᠣᠷᠣᠯᠭ᠎ᠠ ᠶᠢ ᠨᠢ ᠨᠡᠩ ᠰᠠᠶᠢᠨ ᠨᠡᠮᠡᠭᠳᠡᠭᠦᠯᠵᠦ ᠪᠣᠯᠤᠨ᠎ᠠ᠃ | |