ᠪᠥᠬᠦ ᠰᠡᠳᠬᠢᠯ ᠪᠥᠬᠦ ᠵᠤᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠦ ᠶᠠᠪᠤᠭ᠎ᠠ ︽ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠣᠷᠢᠲᠤ ᠴᠡᠷᠢᠭ︾-- ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ
ᠨᠡᠶᠢᠲᠡᠯᠡᠭᠰᠡᠨ ᠴᠠᠭ᠄
2022/10/12
     ︽ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠣᠷᠢᠲᠤ ᠴᠡᠷᠢᠭ︾ ᠬᠡᠮᠡᠭᠳᠡᠭᠰᠡᠨ ᠤᠯᠠᠭᠠᠨᠮᠥ᠋ᠴᠢᠷ ᠨᠢ ᠰᠤᠷᠲᠠᠯ ᠤᠬᠠᠭᠤᠯᠭ᠎ᠠ ᠰᠣᠶᠣᠯ ᠤᠨ ᠹᠷᠣᠨᠲ ᠤᠨ ᠬᠡᠪ ᠳᠠᠭᠤᠷᠢᠶᠠᠯ ᠪᠣᠯᠬᠤ ᠪᠠᠷ ᠪᠠᠷᠠᠬᠤ ᠥᠬᠡᠶ᠂ ᠪᠠᠰᠠ ᠴᠤ ᠪᠥᠬᠦ ᠤᠯᠤᠰ ᠤᠨ ᠡᠯ᠎ᠡ ᠠᠵᠢᠯ ᠲᠥᠷᠥᠯ ᠤᠨ ᠬᠢᠨ ᠤ ᠰᠤᠷᠤᠯᠴᠠᠪᠠᠰᠤ ᠵᠤᠬᠢᠬᠤ ᠥᠯᠢᠭᠡᠷ ᠳᠠᠭᠤᠷᠢᠶᠠᠯ ᠪᠣᠯᠤᠨ᠎ᠠ᠃ ᠰᠢᠨ᠎ᠡ ᠴᠠᠭ ᠦᠶ᠎ᠡ ᠳᠤ᠂ ᠤᠯᠠᠭᠠᠨᠮᠥ᠋ᠴᠢᠷ ᠨᠢ ᠦᠷᠭᠦᠯᠵᠢᠯᠡᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠦᠨᠳᠦᠰᠦᠨ ᠱᠠᠲᠤᠨ ᠳᠤ ᠦᠨᠳᠦᠰᠦ ᠬᠠᠳᠬᠤᠨ᠂ ᠮᠠᠯᠴᠢᠳ ᠲᠠᠷᠢᠶᠠᠴᠢᠳ ᠲᠤ ᠦᠶᠯᠡᠴᠢᠯᠡᠵᠦ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠨᠠᠩ ᠴᠤᠭ ᠪᠠᠳᠠᠷᠠᠩᠭᠤᠶ ᠲᠡᠮᠡᠴᠡᠯ ᠤᠨ ᠵᠣᠷᠢᠭ ᠢᠶᠠᠷ ᠨᠡᠶᠢᠭᠡᠮ ᠵᠢᠷᠤᠮ ᠤᠨ ᠤᠳᠬ᠎ᠠ ᠤᠷᠠᠯᠢᠭ ᠤᠨ ᠦᠶᠯᠡᠰ ᠤᠨ ᠴᠡᠴᠡᠭᠯᠡᠯᠲᠡ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠵᠦ᠂ ᠴᠢᠩ ᠰᠡᠳᠬᠢᠯ  ᠠᠴᠠ ᠪᠠᠨ ᠠᠷᠠᠳ ᠲᠦᠮᠡᠨ ᠳᠤ ᠦᠢᠯᠡᠴᠢᠯᠡᠭᠰᠡᠭᠡᠷ ᠪᠠᠶᠢᠨ᠎ᠠ᠃
   ᠡᠨᠡ ᠵᠢᠯ ᠠᠴᠠ ᠨᠠᠰᠢ᠂ ᠬᠤᠰᠢᠭᠤ ᠤᠯᠠᠭᠠᠨᠮᠥ᠋ᠴᠢᠷ ᠦᠨᠳᠦᠰᠦᠨ ᠱᠠᠲᠤᠨ ᠳᠤ ᠭᠦᠨᠵᠡᠭᠡᠶᠢᠷᠡᠨ᠂ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠢᠯᠯᠠᠭ᠎ᠠ ᠶᠢ ᠥᠷᠭᠡᠨ ᠳᠡᠯᠭᠡᠷ ᠦᠷᠨᠢᠭᠦᠯᠵᠦ᠂ ᠪᠠᠶᠠᠯᠢᠭ ᠰᠠᠶᠢᠬᠠᠨ ᠲᠤᠭᠯᠠᠯᠲᠠ ᠪᠠᠷ ᠢᠶᠠᠨ ᠠᠷᠠᠳ ᠲᠥᠮᠡᠨ ᠢᠶᠠᠨ ᠪᠠᠶᠠᠰᠬᠠᠵᠤ᠂ ᠨᠠᠮ ᠤᠨ ᠡᠯ᠎ᠡ ᠵᠦᠢᠯ ᠤᠨ ᠲᠥᠷᠦ ᠶᠢᠨ ᠪᠤᠳᠤᠯᠭ᠎ᠠ ᠶᠢ ᠦᠨᠳᠦᠰᠦᠨ ᠱᠠᠲᠤᠨ ᠤ ᠤᠯᠠᠨ ᠲᠥᠮᠡᠨ ᠳᠤ ᠤᠬᠠᠭᠤᠯᠤᠨ ᠰᠤᠷᠲᠠᠯᠴᠢᠯᠠᠭᠰᠠᠨ ᠪᠠᠶᠢᠨ᠎ᠠ᠃ ᠡᠮᠦᠨᠡᠬᠡᠨ᠂ ᠲᠡᠳᠡ ᠬᠤᠰᠢᠭᠤᠨ ᠲᠥᠪ ᠠᠴᠠ 60 ᠺᠢᠯᠣᠮᠧᠲᠷ ᠵᠠᠶᠢᠲᠠᠶ ᠲᠦᠷᠭᠡᠨ ᠤ ᠵᠠᠰᠠᠮᠠᠯ ᠵᠠᠮ ᠤᠨ ᠰᠦᠶᠳᠬᠡᠯ ᠬᠤᠷᠢᠶᠠᠬᠤ ᠥᠷᠲᠡᠭᠡᠨ ᠳᠤ ᠬᠦᠷᠴᠦ᠂ ᠬᠦᠢᠲᠡᠨ ᠰᠠᠯᠬᠢ ᠶᠢ ᠬᠠᠶᠢᠬᠤᠷᠤᠯ ᠦᠭᠡᠢ᠂ ︽ᠬᠥᠬᠡ ᠲᠡᠭᠷᠢ ᠪᠠᠷ ᠬᠥᠰᠢᠭᠡ ᠪᠤᠯᠭᠠᠨ᠂ ᠬᠥᠷᠦᠰᠦᠲᠦ ᠳᠡᠯᠡᠬᠡᠢ ᠪᠠᠷ ᠲᠠᠶᠢᠰᠠ ᠪᠤᠯᠭᠠᠨ︾᠂ ᠭᠤᠶᠢᠳᠠ ᠰᠠᠶᠢᠬᠠᠨ ᠲᠤᠭᠯᠠᠯᠲᠠ ᠪᠠᠷ ᠢᠶᠠᠨ ᠲᠦᠷᠭᠡᠨ ᠤ ᠵᠠᠰᠠᠮᠠᠯ ᠵᠠᠮ ᠤᠨ ᠰᠦᠢᠳᠬᠡᠯ ᠬᠤᠷᠢᠶᠠᠬᠤ ᠥᠷᠲᠡᠭᠡᠨ ᠤ ᠠᠵᠢᠯᠲᠠᠳ ᠤᠨ ᠰᠡᠳᠬᠢᠯ ᠢ ᠲᠤᠯᠠᠭᠠᠯᠠᠯ᠎ᠠ᠃ ︽ᠠᠷᠠᠳ ᠲᠦᠮᠡᠨ ᠬᠠᠮᠢᠭ᠎ᠠ ᠪᠠᠶᠢᠪᠠᠯ ᠤᠯᠠᠭᠠᠨᠮᠥ᠋ᠴᠢᠷ ᠤᠨ ᠲᠤᠭ ᠳᠠᠷᠤᠢ ᠲᠡᠨᠳᠡ ᠪᠠᠶᠢᠳᠠᠭ︾ ᠭᠡᠵᠦ ᠤᠯᠠᠭᠠᠨᠮᠥ᠋ᠴᠢᠷ ᠤᠨ ᠭᠡᠰᠢᠭᠦᠨ ᠸᠠᠩ ᠯᠧᠢ ᠤᠮᠤᠭ ᠲᠡᠭᠦᠯᠳᠡᠷ ᠶᠠᠷᠢᠯ᠎ᠠ᠃
    ︵ᠰᠤᠷᠪᠤᠯᠵᠢᠯᠠᠭ᠎ᠠ᠄ ᠬᠤᠰᠢᠭᠤ ᠤᠯᠠᠭᠠᠨᠮᠥ᠋ᠴᠢᠷ ᠤᠨ ᠭᠡᠰᠢᠭᠦᠨ ᠸᠠᠩ ᠯᠸᠢ     ᠴᠡᠭᠡᠵᠢᠯᠡᠵᠦ ᠪᠠᠶᠢᠬᠤ ᠪᠠᠷ᠂ ᠨᠢᠭᠡ ᠤᠳᠠᠭ᠎ᠠ ᠬᠢᠯᠢ ᠶᠢᠨ ᠭᠠᠴᠠᠭᠠᠨ ᠳᠤ ᠲᠣᠭᠯᠠᠯᠲᠠ ᠭᠠᠷᠭᠠᠭᠠᠳ ᠪᠤᠴᠠᠬᠤ ᠵᠠᠮ ᠳᠤ ᠲᠡᠷᠭᠡ ᠡᠪᠳᠡᠷᠡᠴᠢᠬᠡᠭᠰᠡᠨ᠂ ᠲᠡᠷᠡ ᠦᠶ᠎ᠡ ᠳᠤ ᠨᠢᠭᠡᠨᠲᠡ ᠰᠥᠨᠢ ᠶᠢᠨ 11 ᠴᠠᠭ ᠭᠠᠷᠤᠶ ᠪᠤᠯᠠᠴᠢᠬᠠᠭᠰᠠᠨ ᠪᠠᠶᠢᠭᠰᠠᠨ ᠴᠤ ᠲᠡᠷᠭᠡᠨ ᠳᠡᠭᠡᠷ᠎ᠡ ᠪᠠᠶᠢᠭᠰᠠᠨ 30 ᠭᠠᠷᠤᠶ ᠬᠡᠰᠢᠭᠦᠳ ᠲᠤ ᠭᠤᠮᠤᠳᠠᠯ ᠲᠤᠭᠠᠴᠢᠭᠰᠠᠨ ᠬᠦᠮᠦᠨ ᠦᠭᠡᠢ᠃ ᠠᠬᠠᠮᠠᠳ ᠭᠡᠰᠢᠭᠦᠳ ᠨᠢ ᠰᠢᠨ᠎ᠡ ᠭᠡᠰᠢᠭᠦᠳ ᠢᠶᠠᠨ ᠤᠷᠢᠳ ᠢᠶᠠᠷ ᠶᠠᠪᠤᠭᠤᠯᠵᠤ᠂ ᠳᠣᠯᠤᠭ᠎ᠠ ᠨᠠᠶᠮᠠᠨ ᠬᠥᠮᠦᠨ ᠦᠯᠡᠳᠡᠵᠦ ᠲᠣᠭᠯᠠᠯᠲᠠ ᠶᠢᠨ ᠲᠡᠷᠭᠡ ᠪᠠᠨ ᠬᠠᠷᠠᠵᠤ᠂ ᠬᠠᠮᠤᠭ ᠰᠡᠭᠦᠯ ᠳᠤ ᠦᠯᠡᠳᠡᠭᠰᠡᠨ ᠬᠡᠳᠦᠨ ᠠᠬᠠᠮᠠᠳ ᠭᠡᠰᠢᠭᠦᠨ 20 ᠭᠠᠷᠤᠶ ᠭᠠᠵᠠᠷ ᠠᠯᠬᠤᠵᠤ ᠶᠠᠪᠤᠭᠠᠳ ᠰᠠᠶ᠋ᠢ ᠭᠡᠷ ᠲᠡᠭᠡᠨ ᠬᠠᠷᠢᠭᠰᠠᠨ ᠪᠢᠯᠡ᠃ ᠲᠡᠷᠡ ᠦᠶ᠎ᠡ ᠳᠤ ᠪᠢ ᠠᠵᠢᠯᠯᠠᠭᠠᠳ ᠤᠳᠠᠭᠠᠳᠤᠢ ᠪᠠᠶᠢᠭᠰᠠᠨ᠂ ᠤᠯᠠᠨ ᠤ ᠵᠣᠪᠠᠭᠤᠷᠢ ᠵᠦᠳᠡᠭᠦᠷᠢ ᠶᠢ ᠬᠦᠯᠢᠴᠡᠨ ᠲᠡᠰᠪᠦᠷᠢᠯᠡᠵᠦ᠂ ᠳᠤᠷᠠᠲᠠᠶ᠎ᠠ ᠬᠤᠪᠢ ᠨᠡᠮᠡᠷᠢ ᠦᠵᠡᠭᠦᠯᠦᠭᠰᠡᠨ ᠶᠠᠪᠤᠳᠠᠯ ᠨᠠᠳᠠ ᠳᠤ ᠬᠠᠮᠤᠭ ᠤᠨ ᠭᠦᠨ ᠰᠠᠭᠤᠭᠳᠠᠯ ᠦᠯᠡᠳᠡᠭᠡᠭᠰᠡᠨ ᠶᠤᠮ᠃ ᠮᠢᠨᠦ ᠦᠵᠡᠬᠦ ᠪᠠᠷ᠂ ᠬᠦᠴᠢᠷ ᠠᠴᠠ ᠠᠶᠤᠬᠤ ᠥᠬᠡᠶ᠂ ᠶᠠᠳᠠᠷᠠᠬᠤ ᠠᠴᠠ ᠠᠶᠤᠬᠤ ᠥᠬᠡᠶ ᠪᠠᠶᠢᠬᠤ ᠨᠢ ᠲᠠᠷᠤᠢ ᠮᠠᠨ ᠤ ᠤᠯᠠᠭᠠᠨᠮᠥ᠋ᠴᠢᠷ  ᠤᠨ ᠰᠢᠯᠢᠳᠡᠭ ᠤᠯᠠᠮᠵᠢᠯᠠᠯ ᠮᠥᠨ᠂ ᠠᠬᠠᠮᠠᠳ ᠭᠡᠰᠢᠭᠦᠳ ᠤᠨ ᠦᠭᠡ ᠶᠠᠷᠢᠶ᠎ᠠ ᠦᠶᠯᠡ ᠠᠵᠢᠯᠯᠠᠭ᠎ᠠ ᠠᠴᠠ ᠤᠯᠠᠨ ᠲᠥᠮᠡᠨ ᠳᠤ ᠦᠢᠯᠡᠴᠢᠯᠡᠬᠦ ᠪᠠᠷ ᠭᠤᠤᠯ ᠪᠤᠯᠭᠠᠪᠠᠯ ᠵᠤᠬᠢᠨ᠎ᠠ ᠭᠡᠳᠡᠭ ᠢ ᠪᠢ ᠮᠡᠳᠡᠭᠰᠡᠨ᠂ ᠦᠨᠳᠦᠰᠦᠨ ᠱᠠᠲᠤᠨ ᠤ ᠤᠯᠠᠨ ᠲᠥᠮᠡᠨ ᠳᠤ ᠪᠠᠶᠠᠷ ᠪᠠᠭ᠋ᠠᠲᠤᠯ ᠬᠦᠷᠭᠡᠬᠦ ᠪᠠᠷ ᠬᠠᠷᠠᠯᠲᠠ ᠪᠠᠨ ᠪᠣᠯᠭᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠮᠠᠯᠴᠢᠳ ᠲᠤ ᠲᠣᠭᠯᠠᠯᠲᠠ ᠭᠠᠷᠭᠠᠵᠤ᠂ ᠬᠤᠳᠳᠤᠭ ᠮᠠᠯᠲᠠᠵᠤ᠂ ᠲᠥᠷᠥ ᠶᠢᠨ ᠪᠣᠳᠣᠯᠭ᠎ᠠ ᠤᠬᠠᠭᠤᠯᠵᠤ᠂ ᠮᠠᠯᠴᠢᠨ ᠲᠠᠷᠢᠶᠠᠴᠢᠨ ᠳᠤ ᠦᠨᠡᠨ ᠬᠦ ᠰᠠᠶᠢᠨ ᠶᠠᠪᠤᠳᠠᠯ ᠬᠢᠵᠦ ᠥᠭᠬᠦ ᠬᠡᠷᠡᠭᠲᠡᠶ᠃︶
   1957 ᠣᠨ ᠳᠤ ᠪᠥᠬᠦ ᠤᠯᠤᠰ ᠤᠨ ᠤᠤᠭᠠᠨ ᠤᠯᠠᠭᠠᠨᠮᠥ᠋ᠴᠢᠷ ᠰᠥᠨᠢᠳ ᠪᠠᠷᠠᠭᠤᠨ ᠬᠤᠰᠢᠭᠤᠨ ᠳᠤ ᠪᠠᠶᠢᠭᠤᠯᠤᠭᠳᠠᠭᠰᠠᠨ ᠠᠴᠠ ᠨᠠᠰᠢ᠂ ᠦᠶ᠎ᠡ ᠦᠶ᠎ᠡ ᠶᠢᠨ ᠤᠯᠠᠭᠠᠨᠮᠥ᠋ᠴᠢᠷ ᠤᠨ ᠭᠡᠰᠢᠭᠦᠳ ᠨᠡᠶᠢᠭᠡᠮ ᠵᠢᠷᠤᠮ ᠤᠨ ᠰᠣᠶᠣᠯ ᠤᠨ ᠴᠡᠴᠡᠭᠯᠡᠯ ᠬᠥᠭᠵᠢᠯ ᠢ ᠠᠬᠢᠭᠤᠯᠬᠤ᠂ ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠣᠷᠣᠯᠠᠭᠤᠯᠵᠤ ᠪᠣᠯᠤᠰᠢ ᠥᠬᠡᠶ ᠬᠤᠪᠢ ᠨᠡᠮᠡᠷᠢ ᠦᠵᠡᠭᠦᠯᠦᠭᠰᠡᠨ ᠶᠤᠮ᠃ 2017 ᠣᠨ ᠤᠯᠠᠭᠠᠨᠮᠥ᠋ᠴᠢᠷ ᠤᠨ ᠬᠡᠰᠢᠭᠦᠳ ᠲᠤ ᠠᠪᠴᠤ ᠬᠡᠯᠡᠪᠡᠯ ᠮᠠᠷᠲᠠᠭᠳᠠᠰᠢ ᠦᠭᠡᠢ ᠨᠢᠭᠡ ᠵᠢᠯ ᠪᠠᠶᠢᠭ᠎ᠠ  ᠂ ᠡᠨᠡ ᠵᠢᠯ ᠲᠡᠳᠡ ᠶᠡᠷᠦᠩᠬᠡᠢ ᠱᠦᠵᠢ ᠰᠢ ᠶᠢᠨ ᠫᠢᠩ ᠤᠨ ᠬᠠᠷᠢᠭᠤ ᠵᠠᠬᠢᠳᠠᠯ ᠢ ᠳᠤᠰᠤᠭᠰᠠᠨ ᠶᠤᠮ᠃ 5 ᠵᠢᠯ ᠤᠨ ᠲᠤᠷᠰᠢ ᠲᠡᠳᠡ ᠰᠢ ᠶᠢᠨ ᠫᠢᠩ ᠶᠡᠷᠦᠩᠬᠡᠢ ᠱᠦᠵᠢ ᠶᠢᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠢᠯᠢᠳᠡᠭ ᠤᠯᠠᠮᠵᠢᠯᠠᠯ ᠢᠶᠠᠨ ᠭᠦᠢᠴᠡᠳ ᠪᠠᠳᠠᠷᠠᠭᠤᠯᠵᠤ᠂ ᠨᠠᠮ ᠤᠨ ᠳᠠᠭᠤᠨ ᠪᠠ ᠬᠠᠶᠢᠷ᠎ᠠ ᠬᠠᠯᠠᠮᠵᠢ ᠶᠢ ᠥᠷᠭᠡᠨ ᠤᠯᠠᠨ ᠮᠠᠯᠴᠢᠳ ᠲᠠᠷᠢᠶᠠᠴᠢᠳ ᠤᠨ ᠰᠡᠳᠬᠢᠯ ᠳᠤ ᠳᠠᠮᠵᠢᠭᠤᠯᠵᠠᠢ᠃    ᠰᠢᠨ᠎ᠡ ᠠᠵᠠ ᠲᠣᠬᠢᠶᠠᠯ᠂ ᠰᠢᠨ᠎ᠡ ᠥᠷᠢᠰᠥᠯᠳᠦᠭᠡᠨ ᠤ ᠡᠮᠦᠨ᠎ᠡ ᠤᠯᠠᠭᠠᠨᠮᠥ᠋ᠴᠢᠷ ᠮᠠᠯᠴᠢᠨ ᠲᠦᠮᠡᠨ ᠳᠤ ᠦᠶᠯᠡᠴᠢᠯᠡᠬᠦ ᠠᠯᠬᠤᠭ᠎ᠠ ᠪᠠᠨ ᠵᠤᠭᠰᠤᠭ᠎ᠠ ᠦᠭᠡᠢ᠂ ︽ᠨᠢᠭᠡ ᠮᠣᠩᠭᠤᠯ ᠬᠡᠷ ᠢ ᠴᠦ ᠣᠷᠬᠢᠭᠳᠠᠭᠤᠯᠬᠤ ᠥᠬᠡᠶ᠂ ᠨᠢᠭᠡ ᠮᠠᠯᠴᠢᠨ ᠲᠠᠷᠢᠶᠠᠴᠢᠨ ᠢ ᠴᠤ ᠬᠤᠴᠣᠷᠤᠭᠤᠯᠬᠤ ᠥᠬᠡᠶ︾ ᠠᠵᠢᠯ ᠤᠨ ᠵᠤᠷᠢᠯᠲᠠ ᠪᠠᠨ ᠪᠠᠷᠢᠮᠲᠠᠯᠠᠨ ᠢᠳᠡᠪᠬᠢᠯᠡᠨ ᠠᠵᠢᠯᠯᠠᠭᠰᠠᠭᠠᠷ ᠪᠠᠶᠢᠨ᠎ᠠ᠃
    ︵ᠰᠤᠷᠪᠤᠯᠵᠢᠯᠠᠭ᠎ᠠ᠄ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠳᠡᠳ᠋ ᠳᠠᠷᠤᠭ᠎ᠠ     ᠬᠦᠰᠡᠯᠡᠩ᠄  ᠪᠢᠳᠡ ᠶᠡᠷᠦᠩᠬᠡᠶ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠠᠷᠠᠳ ᠲᠦᠮᠡᠨ ᠬᠠᠮᠢᠭ᠎ᠠ ᠪᠠᠶᠢᠪᠠᠯ ᠤᠯᠠᠭᠠᠨᠮᠦ᠋ᠴᠢᠷ ᠳᠠᠷᠤᠢ ᠲᠡᠨᠳᠡ ᠬᠦᠷᠴᠦ᠂ ᠨᠢᠭᠡ ᠮᠣᠩᠭᠤᠯ ᠬᠡᠷ ᠢ ᠴᠦ ᠣᠷᠬᠢᠭᠳᠠᠭᠤᠯᠬᠤ ᠥᠬᠡᠶ᠂ ᠨᠢᠭᠡ ᠮᠠᠯᠴᠢᠨ ᠲᠠᠷᠢᠶᠠᠴᠢᠨ ᠢ ᠴᠤ ᠣᠷᠬᠢᠭᠳᠠᠭᠤᠯᠬᠤ ᠥᠬᠡᠶ᠂ ᠦᠨᠳᠦᠰᠦᠨ ᠱᠠᠲᠤᠨ  ᠳᠤ ᠦᠨᠳᠦᠰᠦᠯᠡᠨ᠂ ᠣᠯᠠᠨ ᠲᠦᠮᠡᠨ ᠤ ᠳᠤᠮᠳᠠ ᠭᠦᠨᠵᠡᠭᠡᠶᠢᠷᠡᠨ᠂ ᠪᠠᠶᠠᠷ ᠪᠠᠶᠠᠰᠤᠯ᠂ ᠰᠣᠶᠣᠯ ᠪᠤᠯᠪᠠᠰᠤᠨ᠂ ᠦᠵᠡᠯ ᠰᠠᠨᠠᠭ᠎ᠠ ᠪᠤᠯᠤᠨ ᠦᠢᠯᠡᠴᠢᠯᠡᠭᠡ ᠬᠦᠷᠭᠡᠨ᠎ᠡ᠃︶
     ᠡᠳᠦᠭᠡ᠂ ᠬᠤᠰᠢᠭᠤ ᠤᠯᠠᠭᠠᠨᠮᠦ᠋ᠴᠢᠷ ᠲᠤᠭᠯᠠᠯᠲᠠ ᠭᠠᠷᠭᠠᠬᠤ᠂ ᠤᠬᠠᠭᠤᠯᠬᠤ᠂ ᠬᠠᠪᠰᠤᠷᠤᠨ ᠵᠢᠯᠤᠭᠤᠳᠬᠤ᠂ ᠦᠢᠯᠡᠴᠢᠯᠡᠬᠦ᠂ ᠵᠤᠬᠢᠶᠠᠨ ᠪᠥᠲᠦᠭᠡᠬᠦ᠂ ᠰᠢᠨ᠎ᠡ ᠶᠢ ᠡᠭᠦᠳᠬᠦ᠂ ᠤᠳᠬ᠎ᠠ ᠤᠷᠠᠯᠢᠭ ᠤᠨ ᠰᠤᠯᠢᠯᠴᠠᠭ᠎ᠠ ᠬᠢᠬᠦ᠂ ᠤᠯᠠᠮᠵᠢᠯᠠᠬᠤ ᠴᠢᠳᠠᠪᠬᠢ ᠪᠠᠨ ᠪᠠᠳᠠᠷᠠᠭᠤᠯᠵᠤ᠂ ︽ᠤᠯᠠᠭᠠᠨᠮᠥ᠋ᠴᠢᠷ +︾ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠠᠵᠢᠯ ᠤᠨ ᠰᠢᠰᠲ᠋ᠧᠮ ᠢ ᠬᠠᠶᠢᠨ ᠰᠥᠪᠡᠭᠴᠢᠯᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠲᠡᠨ ᠤ ᠪᠦᠯᠬᠦᠮᠳᠡᠯ᠂ ᠴᠡᠷᠢᠭ ᠠᠷᠠᠳ ᠤᠨ ᠬᠡᠷᠡᠭᠯᠡᠭᠡᠨ ᠤ ᠠᠭᠤᠰᠤᠯᠴᠠᠯ ᠵᠡᠷᠭᠡ ᠴᠢᠬᠤᠯᠠ ᠶᠡᠭᠡ ᠭᠤᠣᠯ ᠰᠡᠳᠦᠪ ᠤᠨ ᠲᠤᠭᠤᠷᠢᠨ ᠳᠤ ᠠᠵᠢᠯᠯᠠᠭ᠎ᠠ ᠦᠷᠨᠢᠭᠦᠯᠦᠨ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠵᠤ᠂ ᠪᠥᠬᠦ ᠰᠡᠳᠬᠢᠯ ᠪᠥᠬᠦ ᠵᠤᠷᠢᠭ ᠢᠶᠠᠷ ᠢᠶᠠᠨ ᠠᠷᠠᠳ ᠲᠦᠮᠡᠨ ᠳᠤ ᠪᠠᠨ ᠦᠢᠯᠡᠴᠢᠯᠡᠭᠰᠡᠭᠡᠷ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号