ᠰᠥᠨᠢᠳ ᠪᠠᠷᠠᠭᠤᠨ ᠬᠤᠰᠢᠭᠤ᠄  ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠷᠪᠠᠨ ᠵᠢᠯ ᠤᠨ ᠬᠤᠪᠢᠷᠠᠯᠲᠠ
ᠨᠡᠶᠢᠲᠡᠯᠡᠭᠰᠡᠨ ᠴᠠᠭ᠄
2022/10/24
   ᠠᠷᠪᠠᠨ ᠵᠢᠯ ᠤᠨ ᠲᠤᠷᠰᠢ᠂ ᠮᠠᠨ ᠤ ᠬᠤᠰᠢᠭᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠣᠯᠭᠠᠵᠤ᠂ ᠠᠮᠢ ᠠᠬᠤᠶ ᠶᠢ ᠤᠷᠢᠳ  ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠠᠭᠤᠷᠬᠠᠶ ᠶᠢᠨ ᠦᠶᠯᠡᠰ ᠤᠨ ᠠᠮᠢ ᠠᠬᠤᠶ  ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠠᠰᠢᠭᠯᠠᠬᠤ ᠪᠠ ᠬᠠᠮᠠᠭᠠᠯᠠᠬᠤ ᠪᠥᠬᠦ ᠶᠠᠪᠤᠴᠠ ᠳᠤ ᠲᠤᠤᠱᠯᠠᠭᠤᠯᠵᠤ᠂ ᠠᠭᠤᠷᠬᠠᠶ ᠨᠡᠭᠡᠭᠡᠨ ᠮᠠᠯᠲᠠᠭᠰᠠᠨ ᠠᠮᠢ ᠠᠬᠤᠶ ᠶᠢᠨ ︽ᠰᠢᠷᠬ᠎ᠠ ᠰᠣᠷᠪᠢ︾ ᠶᠢ ᠪᠥᠬᠦ ᠲᠠᠯ᠎ᠠ ᠪᠠᠷ ᠵᠠᠰᠠᠨ ᠰᠡᠷᠭᠦᠭᠡᠵᠦ᠂ ᠲᠠᠯ᠎ᠠ ᠨᠤᠲᠤᠭ ᠤᠨ ᠨᠤᠮᠢᠨ ᠨᠤᠭᠤᠭᠠᠨ ᠥᠩᠭᠡ ᠶᠢ ᠰᠡᠷᠭᠦᠭᠡᠭᠰᠡᠨ ᠪᠠᠶᠢᠨ᠎ᠠ᠃
   ᠵᠢᠷᠤᠭ᠄ ᠰᠥᠨᠢᠳ ᠶᠢᠨ ᠰᠢ ᠠᠯᠲᠠᠨ ᠤ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ    ᠮᠠᠨ ᠤ ᠬᠤᠰᠢᠭᠤᠨ ᠤ ᠰᠥᠨᠢᠳ ᠶᠢᠨ ᠰᠢ ᠠᠯᠲᠠᠨ ᠤ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯ ᠮᠠᠯᠲᠠᠬᠤ᠂ ᠰᠢᠯᠢᠬᠦ᠂ ᠬᠠᠶᠢᠯᠤᠭᠤᠯᠬᠤ ᠶᠢ ᠨᠢᠭᠡ ᠴᠣᠭᠴᠠᠵᠢᠭᠤᠯᠤᠭᠰᠠᠨ ᠠᠦ᠋ᠲ᠋ᠣᠴᠢᠯᠠᠭᠰᠠᠨ ᠬᠡᠮᠵᠢᠶ᠎ᠡ ᠪᠠᠷ ᠨᠡᠯᠢᠶᠡᠳ ᠥᠨᠳᠥᠷ ᠲᠣᠮᠣ ᠬᠡᠯᠪᠡᠷᠢ ᠶᠢᠨ ᠠᠯᠲᠠᠨ ᠤ ᠦᠢᠯᠡᠳᠪᠦᠷᠢᠯᠡᠯ ᠤᠨ ᠠᠵᠤ ᠠᠬᠤᠶᠢᠯᠠᠯ ᠪᠣᠯᠤᠨ᠎ᠠ᠃ ᠲᠤᠰ ᠺᠣᠮᠫᠠᠨᠢ ᠪᠠᠶᠢᠭᠤᠯᠤᠭᠳᠠᠭᠰᠠᠨ ᠠᠴᠠ ᠪᠠᠨ ᠨᠠᠰᠢ ︽ᠬᠥᠬᠡᠮᠳᠦᠭ  ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ ᠂ ᠪᠣᠬᠢᠷᠲᠤᠯ ᠦᠭᠡᠢ ᠬᠥᠭᠵᠢᠯᠲᠡ ᠶᠢ ᠺᠣᠮᠫᠠᠨᠢ ᠶᠢᠨ ᠥᠭᠡᠷᠡᠴᠢᠯᠡᠯᠲᠡ ᠬᠥᠭᠵᠢᠯᠲᠡ ᠶᠢᠨ ᠪᠦᠬᠦ ᠶᠠᠪᠤᠴᠠ ᠳᠤ ᠠᠭᠤᠰᠤᠯᠴᠠᠭᠤᠯᠬᠤ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠪᠠ ᠺᠣᠮᠫᠠᠨᠢ ᠶᠢᠨ ᠬᠥᠭᠵᠢᠯᠲᠡ ᠶᠢ ᠬᠠᠮᠲᠤ ᠳᠤᠨᠢ ᠠᠬᠢᠭᠤᠯᠬᠤ ᠰᠢᠨ᠎ᠡ ᠵᠠᠮ ᠢ ᠢᠳᠡᠪᠬᠢᠲᠡᠢ ᠰᠥᠪᠡᠭᠴᠢᠯᠡᠵᠡᠢ᠃ 2021 ᠣᠨ ᠤ 1 ᠰᠠᠷ᠎ᠠ ᠳᠤ᠂ ᠲᠤᠰ ᠺᠣᠮᠫᠠᠨᠢ ᠶᠢᠨ ᠪᠢᠯᠢᠬᠢ ᠠᠭᠤᠷᠬᠠᠢ ᠪᠣᠯᠤᠨ ᠪᠠᠶᠠᠨᠬᠠᠷᠠ ᠠᠭᠤᠷᠬᠠᠢ ᠨᠢ ᠴᠥᠮ ᠪᠦᠬᠦ ᠤᠯᠤᠰ ᠤᠨ ᠪᠣᠬᠢᠷᠲᠤᠯ ᠦᠭᠡᠢ ᠠᠭᠤᠷᠬᠠᠢ ᠪᠠᠷ ᠰᠤᠩᠭᠤᠭᠳᠠᠵᠤ᠂ ᠪᠢᠯᠢᠬᠢ ᠠᠭᠤᠷᠬᠠᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠩᠭᠤᠨ ᠭᠠᠷᠭᠠᠭᠰᠠᠨ 15 ᠠᠭᠤᠷᠬᠠᠢ ᠶᠢᠨ ᠲᠡᠷᠢᠭᠦᠨ ᠳᠤ ᠪᠠᠶᠢᠷᠢᠯᠠᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤ ᠨᠢᠭᠡᠨ ᠬᠤᠪᠢ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠭᠰᠠᠨ ᠪᠠᠶᠢᠨ᠎ᠠ᠃    ᠠᠷᠪᠠᠨ ᠵᠢᠯ ᠤᠨ ᠲᠤᠷᠰᠢ᠂ ᠮᠠᠨ ᠤ ᠬᠤᠰᠢᠭᠤ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠂ ᠤᠭ ᠤᠨ ᠪᠠᠶᠢᠭᠰᠠᠨ ᠠᠰᠠᠭᠤᠳᠠᠯ ᠢ ᠬᠦᠴᠦᠯᠡᠨ ᠰᠢᠢᠳᠪᠦᠷᠢᠯᠡᠭᠰᠡᠨ ᠤ ᠬᠠᠮᠲᠤ᠂ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠠᠭᠤᠷᠬᠠᠶ ᠶᠢᠨ ᠠᠵᠤ ᠠᠬᠤᠶᠢᠯᠠᠯ ᠤᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠬᠠᠷᠢᠭᠤᠴᠠᠯᠭ᠎ᠠ ᠪᠠᠨ ᠭᠦᠶᠴᠡᠳᠬᠡᠬᠦ ᠶᠢ ᠱᠠᠯᠠᠪᠳᠠᠭᠤᠯᠤᠨ ᠱᠠᠭᠠᠷᠳᠠᠵᠤ᠂ ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠵᠠᠢ᠃ 2012 ᠣᠨ  ᠠᠴᠠ ᠨᠠᠰᠢ᠂ ᠮᠠᠨ ᠤ ᠬᠤᠰᠢᠭᠤ ᠬᠠᠶᠠᠭᠳᠠᠮᠠᠯ ᠠᠭᠤᠷᠬᠠᠢ ᠶᠢᠨ ᠨᠦᠬᠡ ᠶᠢ ᠵᠠᠰᠠᠬᠤ ᠲᠥᠷᠥᠯ ᠵᠦᠶᠯ 8 ᠶᠢ ᠬᠡᠷᠡᠭᠵᠢᠭᠦᠯᠵᠦ᠂ 1.4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 156 ᠵᠠᠰᠠᠯᠲᠠ ᠶᠢᠨ ᠣᠷᠣᠨ᠂ 300 ᠠᠭᠤᠷᠬᠠᠢ ᠶᠢᠨ ᠨᠦᠬᠡ ᠶᠢ ᠵᠠᠰᠠᠵᠤ᠂ ᠴᠡᠭᠴᠡᠯᠡᠨ ᠵᠠᠰᠠᠭᠰᠠᠨ ᠲᠠᠯᠠᠪᠠᠢ ᠨᠢ 10.25 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠠᠢ᠃    ᠮᠠᠨ ᠤ ᠬᠤᠰᠢᠭᠤ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠪᠥᠬᠦᠨ ᠢᠶᠠᠷ ᠢᠶᠠᠨ ᠪᠣᠬᠢᠷᠲᠤᠯ ᠦᠭᠡᠢ ᠠᠭᠤᠷᠬᠠᠢ ᠶᠢ ᠪᠠᠶᠢᠭᠤᠯᠵᠠᠢ᠃ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠢ ᠦᠷᠭᠦᠯᠵᠢᠯᠡᠭᠦᠯᠬᠦ ᠶᠢ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠲᠠᠢ ᠬᠠᠷᠢᠯᠴᠠᠨ ᠤᠶᠠᠯᠳᠤᠭᠤᠯᠬᠤ ᠠᠷᠭ᠎ᠠ ᠬᠡᠮᠵᠢᠶ᠎ᠡ ᠠᠪᠴᠤ᠂ ᠦᠢᠯᠡᠳᠪᠦᠷᠢᠯᠡᠵᠦ ᠪᠠᠶᠢᠭ᠎ᠠ ᠠᠭᠤᠷᠬᠠᠢ ᠶᠢᠨ ᠠᠵᠤ ᠠᠬᠤᠶᠢᠯᠠᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠵᠠᠰᠠᠨ ᠰᠡᠷᠭᠦᠭᠡᠬᠦ ᠡᠷᠴᠢᠮ ᠢᠶᠠᠨ ᠴᠢᠩᠭᠠᠳᠬᠠᠵᠤ᠂ ︽ᠦᠢᠯᠡᠳᠪᠦᠷᠢᠯᠡᠬᠦ ᠶᠢᠨ ᠳᠠᠭᠠᠤ ᠵᠠᠰᠠᠵᠤ ᠰᠡᠷᠭᠦᠭᠡᠬᠦ︾ ᠶᠢ ᠦᠨᠡᠨᠬᠦ ᠪᠡᠶᠡᠯᠡᠭᠦᠯᠬᠦ ᠶᠢ ᠱᠠᠭᠠᠷᠳᠠᠵᠠᠢ ᠃ ᠦᠢᠯᠡᠳᠪᠦᠷᠢᠯᠡᠯ ᠵᠣᠭᠰᠣᠭᠰᠠᠨ ᠠᠭᠤᠷᠬᠠᠶ ᠶᠢᠨ ᠠᠵᠤ ᠠᠬᠤᠶᠢᠯᠠᠯ ᠤᠨ ᠲᠠᠯ᠎ᠠ ᠪᠠᠷ᠂ ︽ᠦᠢᠯᠡᠳᠪᠦᠷᠢᠯᠡᠯ ᠵᠣᠭᠰᠣᠭᠰᠠᠨ ᠴᠤ ᠵᠠᠰᠠᠯᠲᠠ ᠶᠢ ᠵᠣᠭᠰᠣᠬᠤ ᠦᠭᠡᠶ︾ ᠪᠠᠶᠢᠬᠤ ᠱᠠᠭᠠᠷᠳᠠᠯᠭ᠎ᠠ ᠶᠣᠰᠣᠭᠠᠷ᠂ ᠦᠢᠯᠡᠳᠪᠦᠷᠢᠯᠡᠯ ᠵᠣᠭᠰᠣᠭᠰᠠᠨ ᠠᠭᠤᠷᠬᠠᠶ ᠶᠢ ᠵᠠᠰᠠᠬᠤ ᠣᠷᠣᠭᠤᠯᠤᠯᠲᠠ ᠶᠢ ᠨᠡᠮᠡᠭᠳᠡᠭᠦᠯᠵᠦ᠂ ᠢᠯᠠᠩᠭᠤᠶ᠎ᠠ ᠣᠯᠠᠨ ᠵᠢᠯ ᠦᠢᠯᠡᠳᠪᠦᠷᠢᠯᠡᠯ ᠵᠣᠭᠰᠣᠭᠰᠠᠨ ᠲᠡᠮᠦᠷ ᠤᠨ ᠠᠭᠤᠷᠬᠠᠶ ᠶᠢᠨ ᠠᠵᠤ ᠠᠬᠤᠶᠢᠯᠠᠯ ᠤᠨ ᠠᠭᠤᠷᠬᠠᠶ ᠶᠢᠨ ᠣᠷᠣᠨ ᠤ ᠳᠣᠲᠣᠷᠠᠬᠢ ᠮᠠᠯᠲᠠᠵᠤ ᠬᠥᠨᠳᠡᠶᠢᠷᠡᠭᠦᠯᠦᠭᠰᠡᠨ ᠣᠷᠣᠨ ᠵᠢᠴᠢ ᠵᠠᠳᠠᠭᠠᠶ ᠨᠦᠬᠡ ᠶᠢ ᠵᠠᠰᠠᠨ ᠰᠡᠷᠭᠦᠭᠡᠵᠡᠢ᠃ ᠵᠠᠰᠠᠨ ᠰᠡᠷᠭᠦᠭᠡᠬᠦ ᠡᠭᠦᠷᠭᠡ ᠪᠠᠨ ᠭᠦᠢᠴᠡᠳᠬᠡᠭᠰᠡᠨ ᠦᠭᠡᠶ ᠠᠭᠤᠷᠬᠠᠶ ᠶᠢᠨ ᠠᠵᠤ ᠠᠬᠤᠶᠢᠯᠠᠯ ᠳᠤ ᠴᠢᠭᠯᠡᠭᠦᠯᠦᠨ᠂ ︽ᠣᠷᠣᠯᠠᠨ ᠭᠦᠢᠴᠡᠳᠬᠡᠬᠦ︾ ᠠᠷᠭ᠎ᠠ ᠬᠡᠮᠵᠢᠶ᠎ᠡ ᠠᠪᠴᠤ᠂ ︽ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ︾ ᠪᠠᠭᠤᠯᠭᠠᠵᠤ᠂ ᠬᠢᠵᠠᠭᠠᠷᠯᠠᠭᠰᠠᠨ ᠬᠤᠭᠤᠴᠠᠭᠠᠨ ᠳᠣᠲᠣᠷ᠎ᠠ ᠡᠭᠦᠷᠭᠡ ᠪᠠᠨ ᠭᠦᠢᠴᠡᠳᠬᠡᠭᠰᠡᠨ ᠦᠭᠡᠶ ᠠᠵᠤ ᠠᠬᠤᠶᠢᠯᠠᠯ ᠢ ᠨᠡᠶᠢᠭᠡᠮ ᠳᠤ ᠢᠯᠡ ᠨᠡᠶᠢᠲᠡᠯᠡᠭᠰᠡᠨ ᠤ ᠬᠠᠮᠲᠤ ︽ᠵᠠᠰᠠᠭ ᠵᠠᠬᠢᠷᠭᠠᠨ ᠤ ᠣᠷᠣᠯᠠᠨ ᠭᠦᠢᠴᠡᠳᠬᠡᠬᠦ ᠲᠣᠭᠲᠠᠭᠠᠯ ᠤᠨ ᠪᠢᠴᠢᠭ︾ ᠪᠠᠭᠤᠯᠭᠠᠵᠠᠢ᠃ 10 ᠰᠠᠷ᠎ᠠ ᠶᠢᠨ ᠡᠬᠢ ᠪᠣᠯᠲᠠᠯ᠎ᠠ᠂  ᠮᠠᠨ ᠤ ᠬᠤᠰᠢᠭᠤ ᠨᠢᠭᠡᠨᠲᠡ 3 ᠠᠵᠤ ᠠᠬᠤᠶᠢᠯᠠᠯ ᠤᠨ 5 ᠠᠭᠤᠷᠬᠠᠶ ᠶᠢᠨ ᠣᠷᠣᠨ ᠳᠤ ︽ᠣᠷᠣᠯᠠᠨ ᠭᠦᠶᠴᠡᠳᠬᠡᠬᠦ︾ ᠠᠷᠭ᠎ᠠ ᠬᠡᠮᠵᠢᠶ᠎ᠡ ᠠᠪᠴᠠᠢ᠃ ᠵᠠᠰᠠᠨ ᠰᠡᠷᠭᠦᠭᠡᠬᠦ ᠪᠡᠯᠡ ᠮᠥᠩᠭᠦ 2654 ᠲᠦᠮᠡᠨ ᠲᠥᠭᠦᠷᠢᠭ ᠣᠷᠣᠭᠤᠯᠵᠤ᠂ 1.406 ᠲᠡᠭᠰᠢ ᠳᠥᠷᠪᠡᠯᠵᠢᠨ ᠺᠢᠯᠤᠮᠧᠲᠷ ᠲᠠᠯᠠᠪᠠᠢ ᠶᠢ ᠵᠠᠰᠠᠨ ᠰᠡᠷᠭᠦᠭᠡᠵᠡᠢ᠃ ᠣᠳᠣᠬᠠᠨ ᠳᠤ᠂ ᠨᠡᠭᠡᠭᠡᠯᠲᠡ ᠶᠢᠨ ᠬᠤᠭᠤᠴᠠᠭᠠᠨ ᠳᠤ ᠪᠠᠶᠢᠭ᠎ᠠ ᠠᠭᠤᠷᠬᠠᠶ ᠶᠢᠨ ᠠᠵᠤ ᠠᠬᠤᠶᠢᠯᠠᠯ ᠨᠡᠶᠢᠲᠡ 45 ᠪᠠᠶᠢᠵᠤ᠂ ᠡᠭᠦᠨ ᠳᠤ ᠵᠠᠳᠠᠭᠠᠶ ᠠᠭᠤᠷᠬᠠᠶ ᠶᠢᠨ ᠠᠵᠤ ᠠᠬᠤᠶᠢᠯᠠᠯ 23᠂ ᠦᠢᠯᠡᠳᠪᠦᠷᠢᠯᠡᠵᠦ ᠪᠠᠶᠢᠭ᠎ᠠ ᠠᠭᠤᠷᠬᠠᠢ ᠶᠢᠨ ᠠᠵᠤ ᠠᠬᠤᠶᠢᠯᠠᠯ 10᠂ ᠦᠢᠯᠡᠳᠪᠦᠷᠢᠯᠡᠯ ᠵᠣᠭᠰᠣᠭᠰᠠᠨ ᠠᠭᠤᠷᠬᠠᠶ ᠶᠢᠨ ᠠᠵᠤ ᠠᠬᠤᠶᠢᠯᠠᠯ 19᠂ ᠡᠭᠦᠳᠡ ᠪᠠᠨ ᠬᠠᠭᠠᠭᠰᠠᠨ ᠠᠭᠤᠷᠬᠠᠢ ᠶᠢᠨ ᠠᠵᠤ ᠠᠬᠤᠶᠢᠯᠠᠯ 5᠂ ᠦᠢᠯᠡᠳᠪᠦᠷᠢᠯᠡᠯ ᠬᠢᠭᠰᠡᠨ ᠦᠭᠡᠢ ᠡᠪᠳᠡᠭᠰᠡᠨ ᠦᠭᠡᠢ ᠠᠭᠤᠷᠬᠠᠶ ᠶᠢᠨ ᠠᠵᠤ ᠠᠬᠤᠶᠢᠯᠠᠯ 11 ᠪᠠᠶᠢᠨ᠎ᠠ᠃ 2016 ᠣᠨ ᠠᠴᠠ ᠨᠠᠰᠢ᠂ ᠪᠥᠬᠦ ᠬᠤᠰᠢᠭᠤᠨ ᠤ ᠡᠯ᠎ᠡ ᠲᠥᠷᠥᠯ ᠤᠨ ᠠᠭᠤᠷᠬᠠᠶ ᠶᠢᠨ ᠵᠠᠰᠠᠯᠲᠠ ᠶᠢᠨ ᠪᠠᠯᠠ ᠮᠥᠩᠭᠦ ᠨᠡᠶᠢᠲᠡ 6.48 ᠳ᠋ᠦᠩᠰᠢᠭᠤᠷ ᠲᠥᠭᠦᠷᠢᠭ ᠣᠷᠣᠭᠤᠯᠵᠤ᠂ ᠵᠠᠰᠠᠵᠤ ᠰᠡᠷᠭᠦᠭᠡᠭᠰᠡᠨ ᠲᠠᠯᠠᠪᠠᠶ ᠨᠢ 22.97 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠡᠶ᠃
   ᠮᠠᠨ ᠤ ᠬᠤᠰᠢᠭᠤ ᠨᠢᠭᠡᠨᠲᠡ 4 ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ ᠂ ᠡᠭᠦᠨ ᠳᠤ 2 ᠠᠭᠤᠷᠬᠠᠶ ᠨᠢ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ ᠪᠠᠷ ᠰᠤᠩᠭᠤᠭᠳᠠᠵᠤ᠂ ᠪᠥᠬᠦ ᠠᠶᠢᠮᠠᠭ ᠤᠨ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ ᠶᠢᠨ 40 % ᠶᠢ ᠡᠵᠡᠯᠡᠵᠦ᠂ 2 ᠠᠭᠤᠷᠬᠠᠶ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠥᠬᠡᠶ ᠠᠭᠤᠷᠬᠠᠶ ᠪᠣᠯᠤᠨ᠎ᠠ᠃ ᠡᠭᠦᠨ ᠤ ᠬᠠᠮᠲᠤ᠂ ᠪᠥᠬᠦ ᠬᠤᠰᠢᠭᠤᠨ ᠤ ᠪᠣᠬᠢᠷᠲᠤᠯ ᠥᠬᠡᠶ ᠠᠭᠤᠷᠬᠠᠶ ᠶᠢᠨ ᠵᠢᠱᠢᠶ᠎ᠡ ᠦᠵᠡᠭᠦᠯᠬᠦ ᠲᠥᠷᠥᠯ ᠵᠦᠶᠯ ᠢ ᠳᠥᠯᠭᠢᠨ ᠠᠬᠢᠭᠤᠯᠵᠤ᠂ ᠣᠳᠣᠬᠠᠨ ᠳᠤ ᠨᠢᠭᠡᠨᠲᠡ 1 ᠠᠭᠤᠷᠬᠠᠶ ᠶᠢᠨ ᠣᠷᠣᠨ ᠤ ᠵᠢᠱᠢᠶ᠎ᠡ ᠦᠵᠡᠭᠦᠯᠬᠦ ᠲᠥᠷᠥᠯ ᠵᠦᠶᠯ ᠤᠨ ᠠᠵᠢᠯ ᠢ ᠪᠡᠶᠡᠯᠡᠭᠦᠯᠪᠡ᠃ ᠦᠢᠯᠡᠳᠪᠦᠷᠢᠯᠡᠵᠦ ᠪᠠᠶᠢᠭ᠎ᠠ ᠠᠭᠤᠷᠬᠠᠶ ᠶᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠶᠢᠨ ᠬᠠᠮᠲᠤ᠂ ᠪᠠᠰᠠ ᠠᠭᠤᠷᠬᠠᠶ ᠬᠠᠶᠢᠬᠤ ᠠᠵᠤ ᠠᠬᠤᠶᠢᠯᠠᠯ ᠤᠨ ︽ᠪᠣᠬᠢᠷᠲᠤᠯ ᠥᠬᠡᠶ ᠬᠠᠶᠢᠨ ᠪᠠᠶᠢᠴᠠᠭᠠᠯᠲᠠ︾ ᠳᠠᠰᠢ ᠬᠡᠯᠪᠡᠷᠢ ᠪᠠᠨ ᠬᠤᠪᠢᠷᠠᠭᠤᠯᠬᠤ ᠠᠵᠢᠯ ᠢ ᠴᠢᠬᠤᠯᠠᠴᠢᠯᠠᠵᠤ᠂ 10 ᠰᠠᠷ᠎ᠠ ᠶᠢᠨ ᠡᠬᠢᠨ ᠪᠣᠯᠲᠠᠯ᠎ᠠ᠂ ᠨᠢᠭᠡᠨᠲᠡ 14 ᠠᠭᠤᠷᠬᠠᠶ ᠬᠠᠶᠢᠬᠤ ᠡᠷᠬᠡ ᠲᠠᠢ ᠪᠣᠯᠵᠣ᠂ ᠠᠭᠤᠷᠬᠠᠶ ᠶᠢᠨ ᠣᠷᠣᠨ ᠤ ᠬᠡᠪᠴᠢᠶᠡᠨ ᠳᠤ ᠲᠡᠦᠬᠡᠨ ᠠᠴᠠ ᠦᠯᠡᠳᠡᠭᠳᠡᠵᠦ ᠢᠷᠡᠭᠰᠡᠨ ᠮᠠᠯᠲᠠᠬᠤ ᠨᠦᠬᠡ ᠵᠢᠴᠢ ᠬᠠᠶᠢᠬᠤ ᠬᠤᠩᠭᠢᠯ᠂ ᠬᠠᠶᠢᠬᠤ ᠬᠤᠳᠳᠤᠭ ᠢ ᠵᠠᠰᠠᠬᠤ ᠠᠵᠢᠯ ᠢ ᠥᠷᠨᠢᠭᠦᠯᠵᠦ᠂ 1272.79 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ 2 . 93 ᠲᠡᠭᠰᠢ ᠳᠥᠷᠪᠡᠯᠵᠢᠨ ᠺᠢᠯᠣᠮᠧᠲᠷ ᠲᠠᠯᠠᠪᠠᠢ ᠶᠢ ᠵᠠᠰᠠᠵᠠᠢ᠃    ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠪᠥᠬᠦ ᠬᠤᠰᠢᠭᠤᠨ ᠤ ᠬᠠᠶᠠᠭᠳᠠᠮᠠᠯ ᠨᠦᠬᠡ ᠶᠢ ᠴᠡᠪᠡᠷᠯᠡᠬᠦ ᠬᠠᠷᠠᠯᠲᠠ ᠶᠢ ᠭᠤᠤᠯᠳᠠᠯᠭ᠎ᠠ ᠲᠠᠢ ᠳᠥᠯᠭᠢᠨ ᠠᠬᠢᠭᠤᠯᠬᠤ ᠪᠤᠯᠤᠨ᠎ᠠ᠃ ᠡᠭᠦᠨ ᠳᠤ᠂ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠲᠠᠯ᠎ᠠ ᠪᠠᠷ᠂ ᠰᠡᠷᠭᠦᠭᠡᠨ ᠵᠠᠰᠠᠬᠤ ᠡᠭᠦᠷᠭᠡ ᠪᠠᠨ ᠭᠦᠶᠴᠡᠳᠬᠡᠬᠦ ᠥᠬᠡᠶ᠂ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠰᠠᠭᠤᠷᠢ ᠮᠥᠩᠭᠦ ᠶᠢ ᠭᠦᠶᠴᠡᠳ ᠲᠤᠭ᠎ᠠ ᠪᠠᠷ ᠲᠤᠰᠢᠶᠠᠨ ᠬᠠᠳᠠᠭᠠᠯᠠᠭᠰᠠᠨ ᠥᠬᠡᠶ ᠠᠭᠤᠷᠬᠠᠶ ᠶᠢᠨ ᠠᠵᠤ ᠠᠬᠤᠶᠢᠯᠠᠯ ᠢ ᠠᠭᠤᠷᠬᠠᠶ ᠶᠢᠨ ᠦᠶᠯᠡᠰ ᠤᠨ ᠡᠷᠬᠡᠲᠦ ᠬᠥᠮᠦᠨ ᠤ ᠬᠡᠪ ᠤᠨ ᠪᠤᠰᠤ ᠨᠡᠷᠡᠰ ᠤᠨ ᠵᠢᠭᠰᠠᠭᠠᠯᠲᠠ ᠪᠤᠶᠤ ᠬᠦᠨᠳᠦ ᠨᠣᠴᠢᠲᠠᠶ ᠬᠠᠤᠯᠢ ᠠᠴᠠ ᠵᠥᠷᠢᠴᠡᠭᠰᠡᠨ ᠨᠡᠷᠡᠰ ᠲᠤ ᠵᠢᠭᠰᠠᠭᠠᠨ ᠣᠷᠣᠭᠤᠯᠵᠤ᠂ ᠠᠭᠤᠷᠬᠠᠶ ᠮᠠᠯᠲᠠᠬᠤ ᠡᠷᠬᠡ ᠶᠢ ᠨᠢ ᠦᠷᠭᠦᠯᠵᠢᠯᠡᠭᠦᠯᠬᠦ᠂ ᠬᠤᠪᠢᠷᠠᠭᠠᠬᠤ ᠪᠠ ᠭᠠᠵᠠᠷ ᠬᠡᠷᠡᠭᠯᠡᠬᠦ ᠭᠤᠶᠤᠴᠢᠯᠠᠯ ᠢ ᠨᠢ ᠭᠥᠯᠢᠶᠡᠨ ᠠᠪᠴᠤ ᠰᠢᠶᠳᠪᠦᠷᠢᠯᠡᠬᠦ ᠶᠢ ᠲᠦᠷ ᠵᠣᠭᠰᠣᠭᠠᠵᠤ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ  ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ᠂ ᠦᠶᠯᠡᠳᠪᠦᠷᠢᠯᠡᠯ ᠵᠣᠭᠰᠣᠭᠰᠠᠨ ᠠᠭᠤᠷᠬᠠᠶ ᠶᠢᠨ ᠠᠵᠤ ᠠᠬᠤᠶᠢᠯᠠᠯ ᠳᠤ ︽ᠰᠥᠨᠢᠳ ᠪᠠᠷᠠᠭᠤᠨ ᠬᠤᠰᠢᠭᠤᠨ ᠤ ᠠᠭᠤᠷᠬᠠᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠲᠥᠰᠦᠯ︾  ᠤᠨ ᠱᠠᠭᠠᠷᠳᠠᠯᠭ᠎ᠠ ᠶᠢ ᠦᠨᠳᠦᠰᠦᠯᠡᠨ᠂ ︽ᠦᠶᠯᠡᠳᠪᠦᠷᠢᠯᠡᠯ ᠢ ᠵᠣᠭᠰᠣᠭᠠᠭᠰᠠᠨ ᠴᠤ ᠵᠠᠰᠠᠯᠲᠠ ᠶᠢ ᠵᠤᠭᠰᠤᠭᠠᠬᠤ ᠥᠬᠡᠶ ᠪᠠᠶᠢᠬᠤ︾ ᠵᠠᠷᠴᠢᠮ ᠢ ᠴᠢᠩᠭ᠎ᠠ ᠬᠡᠷᠡᠭᠵᠢᠭᠦᠯᠵᠦ᠂ ᠠᠭᠤᠷᠬᠠᠶ ᠶᠢᠨ ᠲᠣᠭᠤᠷᠢᠭ ᠲᠤ ᠵᠠᠰᠠᠯᠲᠠ ᠬᠢᠵᠦ ᠴᠡᠭᠴᠡᠯᠡᠨ ᠰᠠᠶᠢᠵᠢᠷᠠᠭᠤᠯᠬᠤ ᠠᠵᠢᠯ ᠬᠢᠯᠭᠡᠨ᠎ᠡ᠃ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠨᠢ ᠮᠠᠭᠤ ᠠᠭᠤᠷᠬᠠᠢ ᠶᠢᠨ ᠠᠵᠤ ᠠᠬᠤᠶᠢᠯᠠᠯ ᠢ ᠠᠭᠤᠷᠬᠠᠢ ᠶᠢᠨ ᠦᠢᠯᠡᠰ ᠤᠨ ᠡᠷᠬᠡᠲᠦ ᠬᠥᠮᠦᠨ ᠤ ᠬᠡᠪ ᠤᠨ ᠪᠤᠰᠤ ᠨᠡᠷᠡᠰ ᠪᠤᠶᠤ ᠬᠠᠤᠯᠢ ᠠᠴᠠ ᠬᠦᠨᠳᠦ ᠨᠣᠴᠢᠲᠠᠢ ᠵᠥᠷᠢᠴᠡᠭᠰᠡᠨ ᠨᠡᠷᠡᠰ ᠲᠤ ᠵᠢᠭᠰᠠᠭᠠᠨ ᠣᠷᠣᠭᠤᠯᠤᠨ᠎ᠠ᠃ ᠡᠭᠦᠨ ᠤ ᠬᠠᠮᠲᠤ᠂ ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠬᠤ ᠦᠶ᠎ᠡ ᠳᠤ ᠨᠢᠭᠡ ᠪᠢᠯᠧᠲ ᠢᠶᠠᠷ ᠦᠭᠡᠶᠢᠰᠬᠡᠬᠦ ᠲᠦᠷᠢᠮ ᠢ ᠬᠡᠷᠡᠭᠵᠢᠭᠦᠯᠵᠦ᠂ ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠬᠤ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠭᠤᠶᠤᠴᠢᠯᠠᠯ ᠢ ᠭᠥᠯᠢᠶᠡᠨ ᠠᠪᠴᠤ ᠰᠢᠶᠳᠪᠦᠷᠢᠯᠡᠬᠦ ᠥᠬᠡᠶ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号