ᠤᠶᠤᠨᠴᠢ ᠮᠠᠯᠵᠢᠯ ᠤᠨ ᠲᠠᠯᠠᠪᠠᠶ ᠶᠢᠨ ᠪᠠᠶᠢᠭᠤᠯᠤᠯᠳᠠ ᠰᠢᠨ᠎ᠡ ᠬᠦᠳᠡᠭᠡ ᠳᠤᠰᠬᠤᠨ ᠤ ᠬᠦᠭᠵᠢᠯ ᠮᠠᠨᠳᠤᠯ ᠢ ᠬᠠᠷᠠᠭᠤᠯᠤᠨ᠎ᠠ
ᠨᠡᠶᠢᠲᠡᠯᠡᠭᠰᠡᠨ ᠴᠠᠭ᠄
2022/10/25
    ᠣᠶᠢᠷ᠎ᠠ ᠳᠤ᠂ ᠡᠷᠢᠶᠠᠨᠨᠠᠭᠤᠷ ᠰᠤᠮᠤᠨ ᠤ ᠷᠠᠰᠢᠶᠠᠨᠲᠤ ᠭᠠᠴᠠᠭᠠᠨ ᠤ ᠰᠥᠨᠢᠳ ᠬᠤᠨᠢ ᠦᠰᠬᠡᠬᠦ ᠤᠶᠤᠨᠴᠢ ᠮᠠᠯᠵᠢᠯ ᠤᠨ ᠲᠠᠯᠠᠪᠠᠶ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠨ ᠢᠯᠡᠷᠭᠡᠶᠢᠯᠡᠯ ᠰᠡᠬᠦᠵᠦ᠂ ᠮᠠᠯᠵᠢᠬᠤ ᠣᠷᠣᠨ ᠤ ᠠᠵᠤ ᠦᠶᠯᠡᠰ ᠤᠨ ᠬᠥᠭᠵᠢᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃     ︽ᠪᠢᠳᠡᠨ ᠤ ᠬᠠᠷᠠᠯᠲᠠ ᠪᠣᠯ ᠣᠶᠤᠨᠴᠢ ᠮᠠᠯᠵᠢᠯ ᠤᠨ ᠲᠠᠯᠠᠪᠠᠢ ᠳᠤ ᠲᠤᠰᠬᠠᠶᠢᠵᠢᠭᠰᠠᠨ ᠲᠡᠵᠢᠭᠡᠨ ᠦᠷᠡᠵᠢᠭᠦᠯᠬᠦ ᠂ ᠡᠬᠦᠯᠡᠨᠴᠢᠷ ᠲᠡᠵᠢᠭᠡᠨ ᠦᠷᠡᠵᠢᠭᠦᠯᠬᠦ ᠬᠠᠮᠢᠶᠠᠷᠤᠯᠲᠠ᠂ ᠰᠢᠨᠵᠢᠯᠡᠬᠦ ᠤᠬᠠᠭᠠᠨᠴᠢ ᠪᠠᠷ ᠲᠡᠵᠢᠭᠡᠬᠦ ᠶᠢ ᠪᠦᠷᠢᠮᠦᠰᠦᠨ ᠪᠡᠶᠡᠯᠡᠭᠦᠯᠦᠨ᠎ᠡ︾ ᠭᠡᠮᠡᠨ ᠷᠠᠰᠢᠶᠠᠨᠲᠤ ᠭᠠᠴᠠᠭᠠᠨ ᠤ ᠱᠦᠵᠢ᠂ ᠡᠷᠬᠢᠯᠡᠭᠴᠢ ᠪᠤᠶᠠᠨᠬᠡᠰᠢᠭ ᠰᠢᠨ᠎ᠡ ᠣᠷᠣᠭᠤᠯᠤᠭᠰᠠᠨ ᠲᠣᠨᠤᠭ ᠲᠥᠬᠦᠭᠡᠷᠦᠮᠵᠢ ᠪᠠᠨ ᠵᠠᠳᠠᠯᠬᠤ ᠶᠢᠨ ᠳᠠᠭᠠᠤ ᠣᠶᠤᠨᠴᠢ ᠮᠠᠯᠵᠢᠯ ᠤᠨ ᠲᠠᠯᠠᠪᠠᠶ ᠶᠢᠨ ᠲᠣᠶᠢᠮᠣ ᠪᠠᠶᠢᠳᠠᠯ᠂ ᠵᠢᠷᠤᠭ ᠲᠥᠯᠥᠪᠯᠡᠭᠡ ᠠᠴᠠ ᠠᠪᠤᠭᠠᠳ᠂ ᠬᠥᠭᠵᠢᠯᠲᠡ ᠶᠢᠨ ᠲᠥᠯᠥᠪᠵᠢᠭᠦᠯᠭᠡ ᠪᠠ ᠦᠷ᠎ᠡ ᠠᠰᠢᠭ ᠲᠤ ᠬᠦᠷᠲᠡᠯ᠎ᠡ ᠤᠷᠮᠠᠳᠠᠶᠢᠬᠠᠨ ᠳᠠᠶᠢᠯᠪᠤᠷᠢᠯᠠᠯ᠎ᠠ᠃ ᠡᠳᠡᠭᠡᠷ ᠪᠣᠯ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ 248 ᠲᠦᠮᠡᠨ ᠲᠦᠭᠦᠷᠢᠭ ᠤᠨ ᠪᠡᠯᠡ ᠮᠦᠩᠭᠦ ᠪᠠᠷ ᠬᠤᠳᠠᠯᠳᠤᠨ ᠠᠪᠤᠭᠰᠠᠨ ᠢᠵᠢ ᠪᠥᠷᠢᠳᠦᠭᠰᠡᠨ ᠪᠤᠷᠳᠤᠭ᠎ᠠ ᠮᠥᠬᠦᠯᠢᠭᠵᠢᠭᠦᠯᠬᠦ ᠮᠠᠰᠢᠨ᠂ ᠬᠡᠮᠬᠡᠯᠬᠦ ᠮᠠᠰᠢᠨ ᠵᠡᠷᠭᠡ ᠤᠳᠤᠬᠢᠴᠢᠯᠠᠭᠰᠠᠨ ᠰᠢᠨ᠎ᠡ ᠲᠥᠬᠦᠭᠡᠷᠦᠮᠵᠢ ᠪᠠᠶᠢᠵᠤ᠂ ᠣᠳᠣᠬᠠᠨ ᠳᠤ ︽ᠣᠶᠤᠨᠴᠢ ᠮᠠᠯᠵᠢᠯ ᠤᠨ ᠲᠠᠯᠠᠪᠠᠶ︾ ᠶᠢᠨ ᠢᠵᠢ ᠪᠦᠷᠢᠳᠦᠭᠰᠡᠨ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠪᠠᠶᠢᠨ᠎ᠠ  ᠃
   ᠰᠤᠷᠪᠤᠯᠵᠢᠯᠠᠭ᠎ᠠ᠄ ᠷᠠᠰᠢᠶᠠᠨᠲᠤ ᠭᠠᠴᠠᠭᠠᠨ ᠤ ᠱᠦᠵᠢ᠂ ᠡᠷᠬᠢᠯᠡᠭᠴᠢ ᠪᠤᠶᠠᠨᠬᠡᠰᠢᠭ ︵ᠮᠠᠨ ᠤ ᠡᠨᠡᠬᠦ ᠲᠥᠷᠥᠯ ᠵᠦᠶᠯ ᠢ 2021 ᠣᠨ ᠤ 3 ᠳ᠋ᠤᠭᠠᠷ ᠰᠠᠷ᠎ᠠ ᠳᠤ ᠭᠤᠶᠤᠴᠢᠯᠠᠵᠤ᠂ 2022 ᠣᠨ ᠤ 10 ᠳ᠋ᠤᠭᠠᠷ ᠰᠠᠷ᠎ᠠ ᠳᠤ ᠪᠠᠶᠢᠭᠤᠯᠵᠤ ᠳᠠᠭᠤᠰᠬᠠᠪᠠ᠂ ᠣᠳᠣᠬᠠᠨ ᠳᠤ᠂ ᠰᠠᠭᠤᠷᠢ ᠡᠬᠡ ᠮᠠᠯ ᠬᠤᠳᠠᠯᠳᠤᠨ ᠠᠪᠬᠤ᠂ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ ᠣᠲᠣ ᠶᠠᠭ ᠡᠯ᠎ᠡ ᠲᠥᠷᠥᠯ ᠤᠨ ᠲᠥᠬᠦᠭᠡᠷᠦᠮᠵᠢ ᠶᠢ ᠤᠭᠰᠠᠷᠠᠵᠤ ᠲᠤᠷᠰᠢᠨ ᠬᠡᠷᠡᠭᠯᠡᠵᠦ ᠪᠠᠶᠢᠨ᠎ᠠ᠂ ᠪᠠᠷᠤᠭ 11 ᠳ᠋ᠦ᠋ᠭᠡᠷ ᠰᠠᠷ᠎ᠠ  ᠶᠢᠨ ᠰᠡᠭᠦᠯᠴᠢ ᠪᠠᠷ ᠵᠢᠩᠬᠢᠨᠢ ᠪᠠᠷ ᠠᠰᠢᠭᠯᠠᠯᠲᠠ ᠳᠤ  ᠤᠷᠤᠨ᠎ᠠ᠃︶
   ︽ᠤᠶᠤᠨᠴᠢ ᠮᠠᠯᠵᠢᠯ ᠤᠨ ᠲᠠᠯᠠᠪᠠᠢ︾ ᠶᠢᠨ ᠲᠥᠷᠥᠯ ᠵᠦᠢᠯ ᠢ 2021 ᠣᠨ ᠳᠤ ᠠᠶᠢᠮᠠᠭ ᠤᠨ ᠲᠡᠰ ᠤᠨ ᠲᠥᠷᠥᠯ ᠵᠦᠢᠯ ᠤᠨ ᠪᠡᠯᠡ ᠮᠥᠩᠭᠦ 251 ᠲᠦᠮᠡᠨ ᠲᠥᠭᠦᠷᠢᠭ ᠢ ᠨᠢᠭᠡᠳᠦᠯᠲᠡᠢ ᠲᠥᠯᠥᠪᠵᠢᠭᠦᠯᠦᠨ ᠬᠡᠷᠡᠭᠯᠡᠵᠦ᠂ 5230 ᠲᠡᠭᠰᠢ ᠳᠥᠷᠪᠡᠯᠵᠢᠨ ᠮᠧᠲᠷ ᠳᠠᠯᠠᠪᠠᠢ ᠳᠤ ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠢᠭᠰᠡᠨ ᠤ ᠬᠠᠮᠲᠤ 725 ᠰᠢᠯᠢᠳᠡᠭ ᠡᠭᠦᠯᠳᠡᠷ ᠤᠨ ᠰᠥᠨᠢᠳ ᠡᠮ᠎ᠡ ᠬᠤᠨᠢ ᠪᠠ 220 ᠰᠥᠨᠢᠳ ᠬᠤᠴᠠ ᠬᠤᠳᠠᠯᠳᠤᠨ ᠠᠪᠴᠤ ᠠᠵᠤ ᠦᠢᠯᠡᠰ ᠢᠶᠠᠨ ᠬᠦᠭᠵᠢᠬᠦᠯᠵᠡᠢ᠃ 2022 ᠣᠨ ᠳᠤ ᠲᠣᠰ ᠲᠥᠷᠥᠯ ᠵᠦᠶᠯ  ᠨᠢ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠦᠩᠭᠦ 396 ᠲᠦᠮᠡᠨ ᠲᠥᠭᠦᠷᠢᠭ ᠢᠶᠠᠷ ᠦᠶᠯᠡᠳᠪᠦᠷᠢᠯᠡᠯ ᠳᠤ ᠬᠡᠷᠡᠭᠯᠡᠬᠦ ᠬᠡᠷ ᠪᠠᠶᠢᠰᠢᠩ᠂ ᠵᠠᠮ ᠤᠨ ᠬᠠᠳᠠᠭᠤᠷᠠᠭᠤᠯᠤᠯᠳᠠ᠂ ᠳᠤᠯᠠᠭᠠᠯᠠᠭ᠎ᠠ ᠶᠢᠨ ᠵᠤᠤᠬ᠎ᠠ ᠶᠢᠨ ᠬᠡᠷ ᠪᠠᠶᠢᠰᠢᠩ᠂ ᠴᠠᠬᠢᠯᠭᠠᠨ ᠲᠦᠭᠡᠭᠡᠬᠦ ᠲᠠᠰᠤᠭ᠂ ᠡᠷᠡᠭᠦᠯ ᠬᠠᠮᠠᠭᠠᠯᠠᠯ ᠤᠨ ᠲᠠᠰᠤᠭ᠂ ᠠᠷᠢᠭᠤᠳᠬᠠᠬᠤ ᠲᠠᠰᠤᠭ᠂ ᠮᠠᠰᠢᠨ ᠤ ᠬᠥᠮᠥᠷᠭᠡ᠂ ᠡᠮ ᠤᠨ ᠵᠦᠶᠯ ᠤᠨ ᠬᠥᠮᠥᠷᠭᠡ᠂  ᠪᠠᠷᠢᠮᠵᠢᠶᠠᠵᠢᠭᠰᠠᠨ ᠬᠠᠰᠢᠶ᠎ᠠ ᠰᠠᠷᠠᠪᠴᠢ᠂ ᠲᠦᠯ ᠳᠤᠰᠬᠤ ᠂ ᠬᠡᠭᠡᠯᠲᠦᠭᠦᠯᠬᠦ ᠲᠠᠰᠤᠭ᠂ ᠡᠪᠡᠰᠦ ᠬᠠᠳᠠᠭᠠᠯᠠᠬᠤ ᠰᠠᠷᠠᠪᠴᠢ᠂ ᠲᠡᠵᠢᠭᠡᠯ ᠪᠣᠷᠳᠣᠭᠠᠨ ᠤ ᠬᠥᠮᠥᠷᠭᠡ᠂ ᠬᠡᠮᠳᠦᠭᠰᠡᠨ ᠬᠤᠨᠢᠨ ᠤ ᠬᠠᠰᠢᠶ᠎ᠠ ᠰᠠᠷᠠᠪᠴᠢ᠂ ᠬᠤᠨᠢ ᠤᠬᠢᠶᠠᠬᠤ ᠤᠩᠭᠤᠴᠠ᠂ ᠭᠡᠮᠳᠦᠵᠦ ᠦᠬᠦᠭᠰᠡᠨ ᠬᠤᠨᠢ ᠶᠢ ᠰᠢᠶᠳᠪᠦᠷᠢᠯᠡᠬᠦ ᠲᠣᠭᠤᠷᠢᠭ ᠵᠡᠷᠭᠡ ᠰᠠᠭᠤᠷᠢ ᠲᠥᠬᠦᠭᠡᠷᠦᠮᠵᠢ ᠪᠠ ᠬᠢᠵᠢᠭ ᠢ ᠰᠡᠷᠭᠡᠶᠢᠯᠡᠬᠦ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠦᠭᠰᠡᠨ ᠤ ᠬᠠᠮᠲᠤ 4.5 KM ᠰᠦᠯᠵᠢᠶᠡᠨ ᠤ ᠴᠠᠬᠢᠯᠭᠠᠨ ᠢ ᠨᠡᠪᠲᠡᠷᠡᠭᠦᠯᠪᠡ  ᠃
   ᠰᠤᠷᠪᠤᠯᠵᠢᠯᠠᠭ᠎ᠠ᠄ ᠷᠠᠰᠢᠶᠠᠨᠲᠤ ᠭᠠᠴᠠᠭᠠᠨ ᠤ ᠱᠦᠵᠢ᠂ ᠡᠷᠬᠢᠯᠡᠭᠴᠢ ᠪᠤᠶᠠᠨᠬᠡᠰᠢᠭ ︵ᠮᠠᠨ ᠤ ᠤᠶᠤᠨᠴᠢ ᠮᠠᠯᠵᠢᠯ  ᠤᠨ ᠲᠠᠯᠠᠪᠠᠶ ᠡᠯᠧᠺᠲᠷᠣᠨ ᠬᠢᠨᠠᠨ ᠡᠵᠡᠮᠰᠢᠯ ᠵᠢᠴᠢ ᠡᠯ᠎ᠡ ᠲᠥᠷᠥᠯ ᠤᠨ ᠣᠳᠣᠬᠢᠴᠢᠯᠠᠭᠰᠠᠨ ᠮᠠᠰᠢᠨ ᠲᠥᠬᠦᠭᠡᠷᠦᠮᠵᠢ  ᠶᠢ ᠣᠷᠣᠭᠤᠯᠤᠨ ᠠᠪᠴᠢᠷᠠᠵᠤ᠂ ᠮᠠᠰᠢᠨᠴᠢᠯᠠᠨ ᠲᠡᠵᠢᠭᠡᠨ ᠦᠷᠡᠵᠢᠭᠦᠯᠬᠦ ᠪᠠᠷ ᠳᠠᠮᠵᠢᠭᠤᠯᠤᠨ᠂ ᠬᠥᠮᠦᠨ ᠤ ᠬᠦᠴᠦ ᠪᠠᠷ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠠᠰᠬᠠᠵᠤ᠂ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠵᠦ᠂ ᠨᠠᠷᠢᠯᠢᠭᠵᠢᠭᠤᠯᠤᠨ ᠲᠡᠵᠢᠭᠡᠨ ᠦᠷᠡᠵᠢᠭᠦᠯᠬᠦ ᠪᠠ ᠬᠠᠮᠢᠶᠠᠷᠬᠤ ᠪᠠᠷ ᠳᠠᠮᠵᠢᠭᠤᠯᠤᠨ᠂ ᠰᠥᠨᠢᠳ ᠬᠤᠨᠢᠨ ᠤ ᠠᠵᠤ ᠦᠶᠯᠡᠰ ᠤᠨ ᠬᠥᠭᠵᠢᠯᠲᠡ ᠶᠢ ᠠᠬᠢᠭᠤᠯᠵᠤ ᠪᠠᠶᠢᠨ᠎ᠠ᠃ ᠡᠨᠡᠬᠦ ᠠᠵᠤ ᠦᠢᠯᠡᠰ ᠤᠨ ᠬᠥᠭᠵᠢᠯᠲᠡ  ᠪᠠᠷ ᠳᠠᠮᠵᠢᠨ᠂ ᠪᠦᠬᠦ ᠭᠠᠴᠠᠭᠠᠨ ᠤ ᠮᠠᠯᠴᠢᠨ ᠲᠦᠮᠡᠨ ᠢ ᠳᠠᠭᠠᠭᠤᠯᠤᠨ ᠰᠥᠨᠢᠳ ᠬᠤᠨᠢ ᠶᠢ ᠰᠢᠨᠵᠢᠯᠡᠬᠦ ᠤᠬᠠᠭᠠᠨᠴᠢ  ᠪᠠᠷ ᠲᠡᠵᠢᠭᠡᠨ ᠦᠷᠡᠵᠢᠭᠦᠯᠵᠦ᠂ ᠣᠳᠣᠬᠢᠴᠢᠯᠠᠭᠰᠠᠨ ᠮᠠᠯ ᠠᠵᠤ ᠠᠬᠤᠢ ᠶᠢ ᠬᠥᠭᠵᠢᠭᠦᠯᠬᠦ ᠪᠠᠷ ᠳᠠᠮᠵᠢᠨ᠂ ᠠᠵᠤ ᠦᠢᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯᠤᠨ᠎ᠠ  ᠃︶
   ᠠᠯᠢ ᠣᠯᠠᠨ ᠰᠠᠭᠤᠷᠢ ᠲᠥᠬᠦᠭᠡᠷᠦᠮᠵᠢ ᠪᠠ ᠢᠵᠢ ᠪᠦᠷᠢᠳᠦᠭᠰᠡᠨ ᠲᠥᠬᠦᠭᠡᠷᠦᠮᠵᠢ ᠠᠴᠠ ᠭᠠᠳᠠᠨ᠎ᠠ᠂ ᠲᠠᠯᠠᠪᠠᠶ  ᠶᠢᠨ ᠲᠣᠭᠤᠷᠢᠭ ᠲᠤ ᠪᠠᠰᠠ ᠰᠥᠨᠢᠳ ᠬᠤᠨᠢᠨ ᠤ ᠮᠥᠷᠳᠡᠨ ᠨᠡᠬᠡᠮᠵᠢᠯᠡᠬᠦ ᠰᠢᠰᠲ᠋ᠧᠮ ᠪᠠ ᠲᠥᠬᠦᠭᠡᠷᠦᠮᠵᠢ ᠶᠢ ᠢᠵᠢ ᠪᠦᠷᠢᠳᠦᠬᠦᠯᠬᠦ ᠪᠠᠷ ᠪᠤᠢ᠃ ᠡᠭᠦᠨ ᠳᠤ ᠡᠬᠡ ᠮᠠᠯ ᠢ ᠮᠥᠷᠳᠡᠨ ᠬᠢᠨᠠᠬᠤ ᠲᠠᠩᠰᠠ ᠡᠪᠬᠡᠮᠡᠯ ᠪᠠᠶᠢᠭᠤᠯᠬᠤ ᠵᠢᠴᠢ ᠡᠭᠦᠯᠳᠡᠷ ᠤᠨ ᠬᠤᠨᠢᠨ ᠤ ᠮᠢᠬᠠᠨ ᠤ ᠬᠠᠷᠢᠴᠠᠯ ᠢ ᠬᠢᠨᠠᠨ ᠲᠣᠭᠲᠠᠭᠠᠵᠤ ᠰᠢᠭᠰᠢᠭᠳᠡᠭᠦᠯᠬᠦ ᠬᠡᠮᠵᠢᠨ ᠲᠣᠭᠲᠠᠭᠠᠬᠤ ᠰᠢᠰᠲ᠋ᠧᠮ᠂  ᠠᠦ᠋ᠲ᠋ᠣᠴᠢᠯᠠᠭᠰᠠᠨ ᠬᠦᠨᠳᠦ ᠶᠢᠨ ᠬᠡᠮᠵᠢᠬᠦᠷ ᠵᠢᠴᠢ ᠰᠦᠷᠦᠭ ᠢᠯᠭᠠᠬᠤ ᠰᠢᠰᠲ᠋ᠧᠮ᠂ ᠡᠭᠦᠯᠡᠨᠴᠢᠷ ᠮᠥᠷᠳᠡᠨ ᠬᠠᠮᠢᠶᠠᠷᠬᠤ ᠰᠢᠰᠲ᠋ᠧᠮ ᠵᠡᠷᠭᠡ ᠨᠢ ᠰᠦᠨᠢᠳ ᠬᠤᠨᠢᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠮᠠᠯ ᠠᠵᠤ ᠠᠬᠤᠶ ᠶᠢᠨ ᠳᠡᠭᠡᠳᠦ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠪᠠ ᠮᠠᠰᠢᠨᠴᠢᠯᠠᠯᠲᠠ ᠶᠢᠨ ᠬᠠᠮᠢᠶᠠᠷᠤᠯᠲᠠ ᠳᠤ ᠪᠠᠲᠤ ᠪᠠᠬᠢ ᠰᠠᠭᠤᠷᠢ ᠲᠠᠯᠪᠢᠵᠤ᠂ ᠰᠤᠮᠤᠨ ᠤ ᠠᠵᠤ ᠠᠬᠤᠶ ᠵᠢᠴᠢ ᠮᠠᠯ ᠠᠵᠤ ᠠᠬᠤᠶ ᠶᠢᠨ ᠣᠶᠤᠨᠴᠢ ᠪᠠᠷ ᠲᠡᠵᠢᠭᠡᠨ ᠦᠷᠡᠵᠢᠭᠦᠯᠬᠦ ᠶᠢᠨ ᠦᠷᠭᠦᠯᠵᠢᠯᠡᠨ ᠬᠥᠭᠵᠢᠬᠦ ᠶᠢ ᠪᠥᠬᠦ ᠬᠦᠴᠦᠨ ᠢᠶᠠᠷ ᠳᠥᠯᠭᠢᠨ ᠠᠬᠢᠭᠤᠯᠬᠤ ᠪᠣᠯᠤᠨ᠎ᠠ᠃    ᠣᠶᠤᠨᠴᠢ ᠮᠠᠯᠵᠢᠯ ᠤᠨ ᠲᠠᠯᠠᠪᠠᠶ ᠪᠠᠶᠢᠭᠤᠯᠤᠭᠳᠠᠭᠰᠠᠨ ᠤ ᠳᠠᠷᠠᠭ᠎ᠠ 25600 ᠳᠤᠯᠤᠭᠠᠢ ᠡᠬᠡ ᠮᠠᠯ ᠢ ᠬᠠᠮᠤᠷᠴᠤ᠂ ᠴᠢᠨᠠᠷ ᠰᠠᠶᠢᠲᠠᠶ ᠮᠢᠬᠠᠨ ᠤ ᠬᠤᠨᠢ ᠶᠢ ᠥᠷᠭᠡᠳᠬᠡᠨ ᠦᠰᠬᠡᠵᠦ᠂ ᠡᠬᠦᠯᠳᠡᠷ ᠴᠡᠪᠡᠷᠵᠢᠭᠦᠯᠬᠦ ᠪᠠ ᠴᠢᠨᠠᠷᠵᠢᠭᠤᠯᠤᠨ ᠬᠥᠭᠵᠢᠭᠦᠯᠬᠦ ᠪᠣᠳᠠᠲᠠᠶ ᠠᠰᠠᠭᠤᠳᠠᠯ ᠢ ᠰᠢᠶᠳᠪᠦᠷᠢᠯᠡᠬᠦ ᠶᠢᠨ ᠬᠠᠮᠲᠤ ᠡᠷᠬᠢᠨ ᠲᠣᠭᠤᠷᠢᠨ ᠤ ᠭᠠᠴᠠᠭ᠎ᠠ  ᠶᠢ ᠳᠠᠶᠢᠴᠢᠯᠠᠨ ᠳᠠᠭᠠᠭᠤᠯᠬᠤ ᠪᠣᠯᠤᠨ᠎ᠠ᠃ ᠲᠣᠰ ᠲᠥᠷᠥᠯ ᠵᠦᠶᠯ ᠢ ᠭᠠᠴᠠᠭᠠᠨ ᠤ ᠬᠤᠶᠠᠷ ᠵᠥᠪᠯᠡᠯ ᠲᠦᠷᠦᠭᠦᠯᠡᠨ ᠡᠵᠡᠩᠨᠡᠪᠡᠯ᠂ 83 ᠡᠷᠦᠬᠡ ᠶᠢᠨ 244 ᠬᠥᠮᠦᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠵᠦ᠂ 6 ᠬᠥᠮᠦᠨ ᠤ ᠠᠵᠢᠯ ᠤᠯᠭᠤᠯᠳᠠ ᠶᠢ ᠪᠡᠶᠡᠯᠡᠬᠦᠯᠵᠦ᠂ ᠵᠢᠯ ᠪᠦᠷᠢ ᠶᠢᠨ 45 ᠲᠦᠮᠡᠨ ᠲᠦᠭᠦᠷᠢᠭ ᠤᠨ ᠠᠰᠢᠭ ᠣᠷᠣᠯᠭ᠎ᠠ ᠶᠢ ᠡᠬᠦᠳᠭᠦ ᠪᠤᠯᠤᠨ᠎ᠠ  ᠃
   ᠳᠠᠷᠠᠭᠠᠴᠢ ᠶᠢᠨ ᠠᠯᠬᠤᠮ ᠳᠤ᠂ ᠤᠶᠤᠨᠴᠢ ᠮᠠᠯᠵᠢᠯ ᠤᠨ ᠲᠠᠯᠠᠪᠠᠶ ᠨᠢ ᠰᠠᠭᠤᠷᠢ ᠲᠥᠬᠦᠭᠡᠷᠦᠮᠵᠢ ᠪᠠ ᠤᠶᠤᠨᠴᠢᠯᠠᠭᠰᠠᠨ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠠᠯᠵᠢᠬᠤ ᠣᠷᠣᠨ ᠤ ᠰᠢᠨ᠎ᠡ ᠮᠠᠶ᠋ᠢᠭ ᠤᠨ ᠠᠮᠢᠳᠤᠷᠠᠯ ᠤᠨ ᠠᠷᠭ᠎ᠠ ᠬᠡᠯᠪᠡᠷᠢ ᠶᠢ ᠪᠣᠶ ᠪᠣᠯᠭᠠᠵᠤ᠂ ︽ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠬᠡᠪᠴᠢᠶᠡᠵᠢᠭᠦᠯᠦᠨ ᠳᠡᠯᠭᠡᠷᠡᠭᠦᠯᠬᠦ︾ ᠵᠠᠭᠪᠤᠷ ᠢᠶᠠᠷ ᠤᠶᠤᠨᠴᠢ ᠮᠠᠯᠵᠢᠬᠤ ᠣᠷᠣᠨ ᠤ ᠪᠠᠶᠢᠭᠤᠯᠤᠯᠳᠠ  ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠳᠡᠯᠭᠡᠬᠦ ᠬᠦᠴᠦᠨ ᠪᠤᠯᠭᠠᠵᠤ᠂ ᠤᠳᠤᠬᠢᠴᠢᠯᠠᠭᠰᠠᠨ ᠮᠠᠯ ᠠᠵᠤ ᠠᠬᠤᠢ ᠶᠢᠨ ᠥᠨᠳᠥᠷ ᠲᠦᠪᠰᠢᠨ ᠢᠶᠠᠷ ᠡᠵᠡᠩᠨᠡᠬᠦ᠂ ᠥᠨᠳᠥᠷ ᠦᠷ᠎ᠡ ᠠᠰᠢᠭ ᠲᠠᠢ ᠪᠠᠷ ᠦᠶᠯᠡᠳᠪᠦᠷᠢᠯᠡᠬᠦ ᠴᠢᠭᠯᠡᠯ ᠲᠡᠶᠢᠰᠢ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ ᠠᠬᠢᠭᠤᠯᠬᠤ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号