ᠵᠢᠷᠦᠬᠡ ᠪᠠᠯᠭᠠᠰᠤᠨ ᠤ ᠪᠠᠶᠠᠨᠪᠤᠯᠠᠭ ᠭᠠᠴᠠᠭ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠵᠢᠴᠢ ᠰᠤᠶᠤᠯ ᠤᠷᠠᠯᠢᠭ ᠤᠨ ᠠᠵᠢᠯᠯᠠᠭ᠎ᠠ ᠦᠷᠨᠢᠭᠦᠯᠦᠭᠰᠡᠨ
ᠨᠡᠶᠢᠲᠡᠯᠡᠭᠰᠡᠨ ᠴᠠᠭ᠄
2022/10/28
   10 ᠰᠠᠷ᠎ᠠ ᠶᠢᠨ 27 ᠤ ᠡᠳᠦᠷ᠂ ᠪᠠᠶᠠᠨᠪᠤᠯᠠᠭ ᠭᠠᠴᠠᠭᠠᠨ ᠤ ᠡᠮᠡᠭᠲᠡᠶᠢᠴᠦᠳ ᠤᠨ ᠬᠤᠪᠢᠶᠠᠷᠢ ᠬᠤᠷᠠᠯ ᠠᠯᠲᠠᠨ ᠨᠠᠮᠤᠷ ᠤᠨ ᠰᠠᠶᠢᠬᠠᠨ ᠤᠯᠠᠷᠢᠯ ᠢ ᠲᠤᠬᠢᠶᠠᠯᠳᠤᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠢᠶᠠᠨ ᠪᠠᠶᠠᠷᠯᠠᠨ ᠪᠡᠯᠭᠡᠯᠡᠵᠦ᠂ ︽ᠡᠮᠡᠭᠲᠡᠶᠢᠴᠦᠳ ᠨᠠᠮ ᠢᠶᠠᠨ ᠳᠠᠭᠠᠵᠤ᠂ ᠰᠢᠨ᠎ᠡ ᠡᠷᠡᠨ ᠳᠤ ᠡᠷᠢᠯᠬᠢᠯᠡᠨ ᠲᠡᠮᠡᠴᠡᠶ᠎ᠡ︾ ᠭᠡᠬᠦ ᠤᠯᠠᠨ ᠲᠥᠮᠡᠨᠴᠢ ᠰᠤᠷᠤᠯᠴᠠᠯᠭ᠎ᠠ ᠤᠬᠠᠭᠤᠯᠭ᠎ᠠ᠂ ᠰᠤᠶᠤᠯ ᠤᠷᠠᠯᠢᠭ ᠤᠨ ᠠᠵᠢᠯᠯᠠᠭ᠎ᠠ ᠦᠷᠨᠢᠭᠦᠯᠵᠡᠢ᠃
   ᠠᠵᠢᠯᠯᠠᠭ᠎ᠠ ᠳᠤ᠂ ᠬᠤᠰᠢᠭᠤ ᠡᠮᠡᠭᠲᠡᠶᠢᠴᠦᠳ ᠤᠨ ᠬᠤᠯᠪᠤᠭᠠᠲᠦ ᠬᠤᠷᠠᠯ ᠤᠨ ᠲᠡᠷᠢᠭᠦᠯᠡᠭᠴᠢ ᠰᠠᠷᠠᠭᠤᠯ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠤ᠂ ᠬᠤᠰᠢᠭᠤ ᠡᠮᠡᠭᠲᠡᠶᠢᠴᠦᠳ ᠤᠨ ᠬᠤᠯᠪᠤᠭᠠᠲᠦ ᠬᠤᠷᠠᠯ ᠤᠨ ᠳᠡᠳ᠋ ᠲᠡᠷᠢᠭᠦᠯᠡᠭᠴᠢ ᠰᠡᠷᠭᠦᠯᠡᠩ ︽ᠭᠡᠷ ᠪᠥᠯᠢ ᠶᠢᠨ ᠪᠥᠯᠬᠦᠮᠳᠡᠯ ᠨᠢᠭᠲᠠᠷᠠᠯ︾ ᠤᠨ ᠳᠤᠬᠠᠢ ᠰᠡᠳᠦᠪ ᠢᠶᠠᠷ ᠶᠠᠷᠢᠵᠤ᠂ ᠮᠠᠯᠴᠢᠨ ᠡᠮᠡᠭᠲᠡᠶᠢᠴᠦᠳ ᠢᠶᠠᠨ ᠲᠠᠶᠢᠴᠢᠯᠠᠨ ᠤᠬᠠᠭᠤᠯᠵᠠᠢ᠃ ᠳᠠᠷᠠᠭ᠎ᠠ ᠨᠢ ᠪᠠᠶᠠᠨᠪᠤᠯᠠᠭ ᠭᠠᠴᠠᠭᠠᠨ ᠤ ᠡᠮᠡᠭᠲᠡᠶᠢᠴᠦᠳ ᠤᠨ ᠬᠤᠪᠢᠶᠠᠷᠢ ᠬᠤᠷᠠᠯ ᠠᠴᠠ ︽3· 8 ᠶᠢᠨ ᠤᠯᠠᠭᠠᠨ ᠲᠤᠭᠴᠢ︾ ︽ᠰᠠᠶᠢᠨ ᠰᠠᠶᠢᠬᠠᠨ ᠭᠡᠷ ᠪᠥᠯᠢ︾ ︽ᠨᠠᠰᠤᠲᠠᠨ ᠢᠶᠠᠨ ᠠᠰᠠᠷᠠᠭᠰᠠᠨ ᠳᠠᠭᠤᠷᠢᠶᠠᠯ ᠡᠷᠦᠬᠡ︾ ︽ᠠᠷᠢᠭᠤᠨ ᠴᠡᠪᠡᠷᠴᠢ ᠭᠡᠷ ᠪᠥᠯᠢ ︾ ︽ᠳᠠᠩᠰᠠ ᠪᠤᠳᠤᠵᠤ ᠠᠶᠢᠯ ᠡᠷᠦᠬᠡ ᠪᠠᠨ ᠨᠢᠮᠪᠠᠢ ᠳᠤᠳᠤᠮᠳᠠᠭᠰᠠᠨ ᠡᠷᠦᠬᠡ︾ ︽ᠰᠢᠯᠢᠳᠡᠭ ᠵᠠᠯᠠᠭᠤ︾ ᠵᠡᠷᠭᠡ ᠰᠤᠶᠤᠯ ᠮᠤᠷᠠᠯ ᠬᠤᠤᠰᠯᠠᠭᠰᠠᠨ ᠬᠤᠪᠢ ᠬᠦᠮᠦᠨ ᠵᠢᠴᠢ ᠠᠶᠢᠯ ᠡᠷᠦᠬᠡ ᠶᠢ ᠱᠠᠩᠨᠠᠨ ᠬᠥᠬᠢᠭᠦᠯᠵᠦ ᠤᠷᠮᠠᠰᠢᠭᠤᠯᠤᠨ ᠵᠤᠷᠢᠭᠵᠢᠭᠤᠯᠵᠠᠢ᠃
   ᠠᠵᠢᠯᠯᠠᠭ᠎ᠠ ᠳᠤ ᠪᠠᠰᠠ ᠨᠠᠮ ᠤᠨ ᠲᠤᠬᠠᠢ ᠮᠡᠳᠡᠯᠭᠡ ᠶᠢᠨ ᠰᠡᠳᠦᠪ ᠤᠨ ᠤᠷᠤᠯᠳᠤᠭᠠᠨ᠂ ᠱᠠᠭ᠎ᠠ ᠬᠦᠵᠦᠷ ᠲᠤᠭᠯᠠᠭᠠᠮ ᠤᠨ ᠤᠷᠤᠯᠳᠤᠭᠠᠨ᠂ ᠳᠡᠭᠡᠰᠦ ᠳᠠᠲᠠᠬᠤ ᠤᠷᠤᠯᠳᠤᠭᠠᠨ ᠵᠡᠷᠭᠡ ᠶᠢ ᠡᠷᠬᠢᠯᠡᠨ ᠶᠠᠪᠤᠭᠳᠠᠭᠤᠯᠵᠤ᠂ ᠬᠤᠷᠠᠨ ᠴᠤᠭᠯᠠᠷᠠᠭᠰᠠᠨ ᠤᠯᠠᠨ ᠲᠥᠮᠡᠨ ᠢᠶᠠᠨ ᠪᠠᠶᠠᠰᠬᠠᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号