︽wifi ᠰᠦᠯᠵᠢᠶ᠎ᠡ︾ ᠵᠠᠮ ᠬᠠᠷᠢᠯᠴᠠᠭᠠᠨ ᠤ ᠪᠤᠭᠤᠮᠲᠠ ᠶᠢᠨ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠰᠠᠭᠠᠳ ᠥᠬᠡᠢ ᠨᠡᠪᠲᠡᠷᠡᠬᠦ ᠶᠢ ᠪᠠᠲᠤᠯᠠᠨ᠎ᠠ
ᠨᠡᠶᠢᠲᠡᠯᠡᠭᠰᠡᠨ ᠴᠠᠭ᠄
2022/10/31
   ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠤᠨ ᠥᠷᠨᠢᠯᠲᠡ ᠶᠢᠨ ᠳᠣᠣᠷ᠎ᠠ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠢᠵᠢᠭ ᠢ ᠰᠡᠷᠭᠡᠶᠢᠯᠡᠬᠦ ᠡᠩᠨᠡᠭᠡᠨ ᠳᠤ ᠢᠳᠡᠪᠬᠢᠲᠡᠢ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦᠨ ᠨᠡᠮᠡᠷᠢᠯᠡᠨ᠎ᠡ᠃ ᠵᠠᠮ ᠬᠠᠷᠢᠯᠴᠠᠭᠠᠨ ᠤ ᠪᠣᠭᠤᠮᠲᠠ ᠪᠣᠯ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾  ᠨᠢᠭᠡᠳᠦᠭᠡᠷ ᠪᠣᠭᠤᠮᠲᠠ ᠪᠣᠯᠤᠨ᠎ᠠ᠃ ᠵᠠᠮ ᠬᠠᠷᠢᠯᠴᠠᠭᠠᠨ ᠤ ᠰᠠᠭᠠᠳ ᠥᠬᠡᠢ ᠨᠡᠪᠲᠡᠷᠡᠬᠦ ᠶᠢ ᠪᠠᠲᠤᠯᠠᠬᠤ ᠶᠢᠨ ᠲᠥᠯᠥᠭᠡ ᠂ ᠰᠥᠨᠢᠳ ᠪᠠᠷᠠᠭᠤᠨ ᠬᠤᠰᠢᠭᠤᠨ ᠤ ᠷᠠᠳᠢᠤ᠋ ᠲᠧᠯᠸᠢᠰ ᠤᠨ ᠰᠦᠯᠵᠢᠶᠡᠨ ᠤ ᠺᠣᠮᠫᠠᠨᠢ ᠨᠡᠶᠢᠭᠡᠮ ᠤᠨ ᠬᠠᠷᠢᠭᠤᠴᠠᠯᠭ᠎ᠠ  ᠪᠠᠨ ᠢᠳᠡᠪᠬᠢᠲᠡᠢ ᠭᠦᠢᠴᠡᠳᠬᠡᠵᠦ᠂ ᠪᠦᠬᠦ ᠬᠤᠰᠢᠭᠤᠨ ᠤ ᠡᠯ᠎ᠡ ᠵᠠᠮ ᠬᠠᠷᠢᠯᠴᠠᠭᠠᠨ ᠤ ᠪᠣᠭᠤᠮᠲᠠ ᠳᠤ wifi ᠰᠦᠯᠵᠢᠶ᠎ᠡ ᠤᠭᠰᠠᠷᠠᠨ᠂ ᠵᠠᠮ ᠬᠠᠷᠢᠯᠴᠠᠭᠠᠨ ᠤ ᠪᠤᠭᠤᠮᠲᠠ ᠶᠢᠨ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠰᠠᠭᠠᠳ ᠥᠬᠡᠢ ᠨᠡᠪᠲᠡᠷᠡᠬᠦ ᠶᠢ ᠪᠠᠲᠤᠯᠠᠪᠠ᠃
   ᠣᠶᠢᠷ᠎ᠠ ᠶᠢᠨ ᠡᠳᠦᠷ ᠲᠤ᠂ ᠷᠠᠳᠢᠤ᠋ ᠲᠧᠯᠸᠢᠰ ᠤᠨ ᠰᠦᠯᠵᠢᠶᠡᠨ ᠤ ᠺᠣᠮᠫᠠᠨᠢ ᠶᠢᠨ ᠠᠵᠢᠯᠲᠠᠳ ᠡᠯ᠎ᠡ ᠪᠣᠭᠤᠮᠲᠠ ᠳᠤ ᠬᠦᠷᠴᠦ ᠰᠦᠯᠵᠢᠶᠡᠨ ᠤ ᠬᠠᠮᠠᠭᠠᠯᠠᠯᠲᠠ ᠪᠣᠯᠤᠨ ᠲᠥᠬᠦᠭᠡᠷᠦᠮᠵᠢ ᠶᠢᠨ ᠪᠠᠶᠢᠴᠠᠭᠠᠯᠲᠠ ᠬᠢᠵᠦ ᠶᠠᠭᠠᠷᠠᠵᠤ ᠪᠠᠶᠢᠯ᠎ᠠ᠃ ᠠᠵᠢᠯᠲᠠᠳ ︽ᠵᠠᠮ ᠬᠠᠷᠢᠯᠴᠠᠭᠠᠨ ᠤ ᠪᠤᠭᠤᠮᠲᠠ ᠶᠢᠨ ᠵᠢᠵᠢᠭᠦᠷᠯᠡᠭᠴᠢᠳ ᠰᠢᠷᠭᠠᠭᠤ ᠬᠠᠲᠠᠭᠤᠵᠢᠯᠲᠠᠢ ᠪᠠᠷ ᠠᠵᠢᠯᠯᠠᠵᠤ᠂ ᠬᠦᠮᠦᠰ ᠤᠨ ᠠᠮᠤᠷ ᠲᠥᠪᠰᠢᠨ ᠢ ᠰᠠᠬᠢᠨ ᠬᠠᠮᠠᠭᠠᠯᠠᠵᠤ ᠪᠠᠶᠢᠨ᠎ᠠ᠂ ᠲᠡᠳᠡᠨ ᠳᠤ ᠳᠥᠭᠦᠮ ᠦᠵᠡᠭᠦᠯᠵᠦ ᠲᠡᠳᠡᠨ ᠲᠠᠢ ᠬᠠᠮᠲᠤ ᠬᠢᠵᠢᠭ ᠲᠠᠢ ᠲᠡᠮᠡᠴᠡᠬᠦ ᠳᠤ ᠣᠷᠣᠯᠴᠠᠵᠤ ᠳᠡᠶᠢᠯᠦᠭᠰᠡᠨ ᠳᠡᠭᠡᠨ ᠲᠤᠩ ᠪᠠᠶᠠᠷᠲᠠᠢ ᠪᠠᠶᠢᠨ᠎ᠠ︾ ᠭᠡᠵᠦ ᠢᠯᠡᠷᠬᠡᠶᠢᠯᠡᠪᠡ᠃
   ᠥᠩᠭᠡᠷᠡᠭᠰᠡᠨ ᠳᠤ ᠪᠤᠭᠤᠮᠲᠠ ᠪᠠᠷ ᠥᠩᠭᠡᠷᠡᠬᠦ ᠲᠡᠷᠭᠡ ᠤᠨᠤᠭ᠎ᠠ ᠺᠣᠳ᠋ ᠰᠢᠷᠪᠢᠨ ᠳᠠᠩᠰᠠᠯᠠᠭᠤᠯᠬᠤ ᠳᠤ ᠰᠦᠯᠵᠢᠶ᠎ᠡ ᠠᠨᠠᠢ ᠠᠴᠠ ᠪᠤᠯᠵᠤ ᠴᠠᠭ ᠶᠡᠭᠡ ᠵᠠᠷᠤᠴᠠᠭᠤᠯᠤᠨ ᠵᠠᠮ ᠬᠠᠷᠢᠯᠴᠠᠭ᠎ᠠ ᠶᠢ ᠲᠦᠭᠵᠢᠷᠡᠭᠦᠯᠵᠦ᠂ ᠠᠵᠢᠯ ᠤᠨ ᠦᠷ᠎ᠡ ᠪᠦᠲᠦᠮᠵᠢ ᠳᠣᠣᠷ᠎ᠠ ᠪᠠᠶᠢᠳᠠᠭ᠃ ᠪᠣᠭᠤᠮᠲᠠ ᠳᠤ wifi ᠰᠦᠯᠵᠢᠶ᠎ᠡ ᠤᠭᠰᠠᠷᠠᠭᠰᠠᠨ ᠤ ᠳᠠᠷᠠᠭ᠎ᠠ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯᠲᠠᠳ ᠤᠨ ᠬᠠᠷᠭᠤᠭᠤᠯᠤᠨ ᠪᠠᠶᠢᠴᠠᠭᠠᠵᠤ ᠳᠠᠩᠰᠠᠯᠠᠬᠤ ᠳᠤ ᠠᠰᠢᠭᠲᠠᠢ ᠪᠤᠯᠤᠭᠰᠠᠨ ᠢᠶᠠᠷ ᠪᠠᠷᠠᠬᠤ ᠥᠬᠡᠢ ᠨᠡᠰᠢ ᠴᠠᠰᠢ ᠶᠠᠪᠤᠭᠰᠠᠳ ᠡᠷᠡᠭᠦᠯ ᠮᠡᠨᠳᠦ ᠶᠢᠨ ᠺᠤᠳ᠋᠂ ᠠᠶᠠᠯᠠᠯ ᠤᠨ ᠺᠤᠳ᠋ ᠵᠢᠴᠢ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠢᠶᠠᠨ ᠭᠠᠷᠭᠠᠨ ᠦᠵᠡᠭᠦᠯᠬᠦ ᠳᠤ ᠪᠠᠰᠠ ᠳᠥᠭᠦᠮ ᠪᠣᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠦᠨᠡᠨᠬᠦ ᠬᠦᠴᠦᠨ ᠨᠡᠮᠡᠷᠢᠯᠡᠵᠠᠢ᠃
    ︵ᠰᠤᠷᠪᠤᠯᠵᠢᠯᠠᠭ᠎ᠠ᠄ ᠬᠤᠰᠢᠭᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠤᠶᠠᠳᠤᠭᠠᠷ ᠳᠡᠰ ᠤᠨ ᠭᠠᠯ ᠤᠨᠲᠠᠷᠠᠭᠠᠭᠴᠢ ᠵᠣᠣ ᠲᠢᠶᠧ ᠵᠣ᠋᠄   ᠥᠩᠭᠡᠷᠡᠭᠰᠡᠨ ᠳᠤ ᠮᠠᠯᠴᠢᠳ ᠥᠪᠡᠷ ᠤᠨ ᠭᠠᠷ ᠤᠳᠠᠰᠤᠨ ᠤ ᠰᠦᠯᠵᠢᠶ᠎ᠡ ᠪᠠᠨ ᠬᠡᠷᠡᠭᠯᠡᠵᠦ ᠺᠤᠳ᠋ ᠰᠢᠷᠪᠢᠵᠦ ᠪᠠᠶᠢᠬᠤ ᠳᠤ ᠰᠦᠯᠵᠢᠶᠡᠨ ᠤ ᠬᠤᠷᠳᠤᠴᠠ ᠤᠳᠠᠭᠠᠨ ᠠᠴᠠ ᠵᠠᠮ ᠬᠠᠷᠢᠯᠴᠠᠭ᠎ᠠ ᠲᠦᠭᠵᠢᠷᠡᠳᠡᠭ᠃ wifi ᠰᠦᠯᠵᠢᠶ᠎ᠡ ᠤᠭᠰᠠᠷᠠᠭᠰᠠᠨ ᠤ ᠳᠠᠷᠠᠭ᠎ᠠ᠂ ᠰᠦᠯᠵᠢᠶᠡᠨ ᠤ ᠬᠤᠷᠳᠤᠴᠠ ᠲᠦᠷᠭᠡᠨ ᠪᠣᠯᠵᠤ᠂ ᠵᠠᠮ ᠬᠠᠷᠢᠯᠴᠠᠭ᠎ᠠ ᠲᠦᠭᠵᠢᠷᠡᠬᠦ ᠠᠰᠠᠭᠤᠳᠠᠯ ᠢ ᠰᠢᠢᠳᠪᠦᠷᠢᠯᠡᠵᠦ᠂ ᠪᠢᠳᠡᠨ ᠤ ᠠᠵᠢᠯ ᠤᠨ ᠦᠷ᠎ᠡ ᠪᠦᠲᠦᠮᠵᠢ ᠳᠡᠭᠡᠭᠰᠢᠯᠡᠭᠰᠡᠨ ᠶᠤᠮ᠃︶
   ᠣᠶᠢᠯᠠᠭᠠᠭᠰᠠᠨ ᠢᠶᠠᠷ᠂ 9 ᠰᠠᠷ᠎ᠠ ᠶᠢᠨ ᠡᠬᠢ ᠠᠴᠠ ᠡᠬᠢᠯᠡᠵᠦ ᠰᠥᠨᠢᠳ ᠪᠠᠷᠠᠭᠤᠨ ᠬᠤᠰᠢᠭᠤᠨ ᠤ ᠷᠠᠳᠢᠤ᠋ ᠲᠧᠯᠸᠢᠰ ᠤᠨ ᠰᠦᠯᠵᠢᠶᠡᠨ ᠤ ᠺᠣᠮᠫᠠᠨᠢ ᠤᠷᠢᠳ ᠬᠤᠵᠢᠳ 6 ᠵᠠᠮ ᠬᠠᠷᠢᠯᠴᠠᠭᠠᠨ ᠤ ᠪᠣᠭᠤᠮᠲᠠ ᠳᠤ wifi ᠰᠦᠯᠵᠢᠶ᠎ᠡ ᠤᠭᠰᠠᠷᠠᠵᠤ᠂ ᠰᠠᠭᠠᠳ ᠦᠭᠡᠢ ᠨᠡᠪᠲᠡᠷᠡᠬᠦ ᠰᠦᠯᠵᠢᠶᠡᠨ ᠤ ᠣᠷᠴᠢᠨ ᠲᠣᠭᠤᠷᠢᠨ ᠢ ᠪᠤᠢ ᠪᠤᠯᠭᠠᠵᠠᠢ᠃
   ︵ᠰᠤᠷᠪᠤᠯᠵᠢᠯᠠᠭ᠎ᠠ᠄ ᠰᠥᠨᠢᠳ ᠪᠠᠷᠠᠭᠤᠨ ᠬᠤᠰᠢᠭᠤᠨ ᠤ ᠷᠠᠳᠢᠤ᠋ ᠲᠧᠯᠸᠢᠰ ᠤᠨ ᠰᠦᠯᠵᠢᠶᠡᠨ ᠤ ᠺᠣᠮᠫᠠᠨᠢ ᠶᠢᠨ ᠳᠠᠭᠠᠭᠠᠮᠠᠯ ᠺᠠᠩ ᠧᠧᠨ ᠵᠢᠶᠦ᠋ᠨ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠵᠢᠭᠦᠷᠯᠡᠬᠦ ᠴᠡᠭ ᠤᠨ ᠰᠦᠯᠵᠢᠶ᠎ᠡ ᠠᠨᠠᠢ ᠠᠴᠠ ᠲᠡᠷᠭᠡ ᠤᠨᠤᠭ᠎ᠠ ᠶᠢ ᠳᠠᠩᠰᠠᠯᠠᠬᠤ ᠠᠵᠢᠯ ᠳᠤ ᠬᠦᠴᠢᠷᠳᠡᠯ ᠠᠪᠴᠢᠷᠠᠭᠰᠠᠨ ᠢ ᠤᠶᠢᠯᠠᠭᠠᠳ᠂ ᠮᠠᠨ ᠤ ᠬᠤᠪᠢᠶᠠᠷᠢ ᠺᠣᠮᠫᠠᠨᠢ ᠨᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠱᠠᠭᠠᠷᠳᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠦᠯᠵᠢᠶ᠎ᠡ ᠳᠤ ᠲᠦᠰᠢᠭᠯᠡᠨ ᠰᠠᠶᠢᠬᠠᠨᠲᠠᠯ᠎ᠠ ᠪᠠᠯᠭᠠᠰᠤ ᠵᠢᠴᠢ ᠡᠯ᠎ᠡ ᠰᠤᠮᠤᠨ ᠪᠠᠯᠭᠠᠰᠤᠨ ᠤ ᠵᠠᠮ ᠬᠠᠷᠢᠯᠴᠠᠭᠠᠨ ᠤ ᠪᠣᠭᠤᠮᠲᠠ ᠳᠤ ᠷᠠᠳᠢᠤ᠋ ᠲᠧᠯᠸᠢᠰ ᠤᠨ ᠰᠦᠯᠵᠢᠶ᠎ᠡ ᠤᠭᠰᠠᠷᠠᠨ᠂ ᠪᠣᠭᠤᠮᠲᠠ ᠶᠢᠨ ᠵᠢᠵᠢᠭᠦᠷᠯᠡᠬᠦ ᠴᠡᠭ ᠤᠨ ᠰᠦᠯᠵᠢᠶ᠎ᠡ ᠠᠨᠠᠢ ᠪᠠᠶᠢᠬᠤ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠭᠰᠡᠨ ᠪᠠᠶᠢᠨ᠎ᠠ᠃ ᠬᠢᠵᠢᠭ ᠤᠨ ᠪᠠᠶᠢᠳᠠᠯ ᠪᠣᠯ ᠵᠠᠷᠯᠢᠭ᠂ ᠰᠡᠷᠭᠡᠶᠢᠯᠡᠨ ᠬᠤᠷᠢᠭᠯᠠᠬᠤ ᠪᠣᠯ ᠬᠠᠷᠢᠭᠤᠴᠠᠯᠭ᠎ᠠ ᠮᠥᠨ᠂ ᠪᠢᠳᠡ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠬᠡᠯᠲᠡᠰ ᠤᠨ ᠪᠠᠶᠢᠷᠢᠯᠠᠭᠤᠯᠤᠭᠰᠠᠨ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠠᠵᠢᠯ ᠢ ᠡᠷᠡᠰ ᠴᠢᠩᠭ᠎ᠠ ᠨᠠᠶᠢᠳᠠᠪᠤᠷᠢᠵᠢᠭᠤᠯᠵᠤ᠂ ᠪᠢᠳᠡᠨ ᠤ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠡᠭᠦᠷᠭᠡ ᠪᠠᠨ ᠭᠦᠢᠴᠡᠳᠬᠡᠨ᠎ᠡ᠃︶
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号