ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠮ ᠬᠠᠷᠢᠯᠴᠠᠭᠠᠨ ᠤ ᠪᠤᠭᠤᠮᠲᠠ ᠶᠢᠨ ᠪᠠᠶᠢᠴᠠᠭᠠᠯᠲᠠ ᠠᠴᠠ ᠵᠣᠷᠢᠭᠤᠳᠠ ᠳᠤᠲᠠᠭᠠᠭᠠᠳ ᠵᠠᠰᠠᠭ ᠵᠠᠬᠢᠷᠭᠠᠨ ᠤ ᠰᠢᠢᠳᠬᠡᠯ ᠤᠯᠪᠠ
ᠨᠡᠶᠢᠲᠡᠯᠡᠭᠰᠡᠨ ᠴᠠᠭ᠄
2022/11/10
   2022 ᠣᠨ ᠤ 11 ᠰᠠᠷ᠎ᠠ ᠶᠢᠨ 9 ᠤ ᠣᠷᠣᠶ ᠶᠢᠨ 21 ᠴᠠᠭ ᠤᠨ ᠦᠶ᠎ᠡ ᠪᠠᠷ᠂ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠰᠠᠶᠢᠬᠠᠨᠲᠠᠯ᠎ᠠ ᠪᠠᠯᠭᠠᠰᠤᠨ ᠤ ᠲᠣᠮᠢᠯᠠᠭᠰᠠᠨ ᠰᠠᠯᠪᠤᠷᠢ ᠳᠡᠭᠡᠳᠦ ᠱᠠᠲᠤᠨ ᠤ ᠵᠢᠭᠠᠪᠤᠷᠢ ᠶᠢ ᠤᠯᠵᠤ᠂ ᠲᠦᠷᠢᠶᠡᠰᠦᠨ ᠮᠠᠰᠢᠨ ᠤ ᠵᠢᠯᠣᠭᠤᠴᠢ ᠤᠨᠳᠤᠤ ᠭᠠᠵᠠᠷ ᠠᠴᠠ ᠮᠠᠨ ᠤ ᠬᠤᠰᠢᠭᠤᠨ ᠳᠤ ᠪᠤᠴᠠᠬᠤ ᠬᠥᠮᠦᠰ ᠢ ᠲᠡᠭᠡᠭᠡᠪᠦᠷᠢᠯᠡᠨ ᠵᠠᠮ ᠬᠠᠷᠢᠯᠴᠠᠭᠠᠨ ᠤ ᠪᠤᠭᠤᠮᠲᠠ ᠶᠢ ᠲᠣᠭᠤᠷᠢᠨ ᠭᠠᠷᠴᠤ᠂ ᠵᠠᠮ ᠬᠠᠷᠢᠯᠴᠠᠭᠠᠨ ᠤ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠪᠤᠭᠤᠮᠲᠠ ᠶᠢᠨ ᠪᠠᠶᠢᠴᠠᠭᠠᠯᠲᠠ ᠠᠴᠠ ᠵᠠᠶᠢᠯᠠᠬᠤ ᠪᠠᠷ ᠤᠷᠤᠯᠳᠠᠭᠰᠠᠨ ᠢ ᠤᠯᠵᠤ ᠮᠡᠳᠡᠵᠡᠢ᠃    ᠬᠡᠷᠡᠭ ᠤᠨ ᠮᠡᠳᠡᠭᠦᠯᠦᠯᠲᠡ ᠶᠢ ᠳᠤᠰᠤᠭᠰᠠᠨ ᠤ ᠳᠠᠷᠠᠭ᠎ᠠ᠂ ᠰᠠᠶᠢᠬᠠᠨᠲᠠᠯ᠎ᠠ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠬᠢᠨ ᠳᠠᠷᠤᠢ ᠲᠦᠷᠭᠡᠨ ᠬᠥᠳᠦᠯᠦᠯᠴᠡᠵᠦ᠂ ᠪᠠᠶᠢᠴᠠᠭᠠᠯᠲᠠ ᠪᠠᠷ ᠳᠠᠮᠵᠢᠨ᠂ ᠵᠢᠯᠣᠭᠤᠴᠢ ᠸᠠᠩ ᠣᠪᠣᠭᠲᠤ ᠰᠢᠯᠢ ᠶᠢᠨ ᠭᠤᠣᠯ ᠠᠶᠢᠮᠠᠭ ᠠᠴᠠ ᠠᠶᠠᠨᠴᠢᠳ ᠳᠡᠭᠡᠭᠡᠵᠦ ᠰᠠᠶᠢᠬᠠᠨᠲᠠᠯ᠎ᠠ ᠪᠠᠯᠭᠠᠰᠤᠨ ᠳᠤ ᠢᠷᠡᠭᠡᠳ᠂ ᠥᠪᠡᠷ ᠢᠶᠠᠨ ᠨᠡᠶᠢᠭᠡᠮ ᠲᠤᠭᠤᠷᠢᠭ ᠤᠨ ᠲᠤᠰᠠᠭᠠᠷᠯᠠᠬᠤ ᠠᠷᠭ᠎ᠠ ᠬᠡᠮᠵᠢᠶ᠎ᠡ ᠠᠴᠠ ᠳᠤᠲᠠᠭᠠᠬᠤ ᠶᠢᠨ ᠲᠥᠯᠦᠭᠡ᠂ ᠠᠶᠠᠨᠴᠢᠳ ᠢ 208 ᠤᠯᠤᠰ ᠤᠨ ᠵᠠᠮ ᠤᠨ ᠵᠠᠮ ᠬᠠᠷᠢᠯᠴᠠᠭᠠᠨ ᠤ ᠲᠤᠭᠤᠷᠢᠭᠤᠯ ᠳᠤ ᠬᠦᠷᠭᠡᠨ ᠲᠦᠷᠢᠶᠡᠰᠦᠨ ᠲᠡᠷᠭᠡᠨ ᠤ ᠵᠢᠯᠣᠭᠤᠴᠢ ᠯᠢ ᠣᠪᠣᠭᠲᠤ ᠪᠠᠷ ᠳᠤᠰᠤᠭᠤᠯᠵᠠᠢ᠃ ᠳᠠᠷᠠᠭ᠎ᠠ ᠨᠢ᠂ ᠵᠢᠯᠣᠭᠤᠴᠢ ᠯᠢ ᠣᠪᠣᠭᠲᠤ ᠬᠢᠵᠢᠭ  ᠤᠨ ᠪᠠᠶᠢᠳᠠᠯ ᠢ ᠪᠠᠶᠢᠴᠠᠭᠠᠬᠤ ᠪᠣᠭᠤᠮᠲᠠ ᠠᠴᠠ ᠵᠠᠶᠢᠯᠠᠬᠤ ᠶᠢᠨ ᠲᠥᠯᠥᠭᠡ᠂ ᠠᠶᠠᠨᠴᠢᠳ ᠢ ᠲᠤᠰᠴᠤ ᠠᠪᠤᠭᠰᠠᠨ ᠤ ᠳᠠᠷᠠᠭ᠎ᠠ ᠰᠢᠷᠣᠶ ᠶᠢᠨ ᠵᠠᠮ ᠢᠶᠠᠷ ᠲᠣᠭᠤᠷᠢᠵᠤ ᠰᠠᠶᠢᠬᠠᠨᠲᠠᠯ᠎ᠠ ᠪᠠᠯᠭᠠᠰᠤᠨ ᠳᠤ ᠤᠷᠤᠭᠰᠠᠨ ᠢ ᠤᠯᠵᠤ ᠮᠡᠳᠡᠵᠠᠢ᠃    ᠸᠠᠩ ᠣᠪᠣᠭᠲᠤ᠂ ᠯᠢ ᠣᠪᠣᠭᠲᠤ ᠶᠢᠨ ᠬᠠᠷᠢᠯᠴᠠᠨ ᠬᠠᠮᠵᠢᠯᠴᠠᠵᠤ ᠬᠢᠵᠢᠭ ᠢ ᠰᠡᠷᠭᠡᠶᠢᠯᠡᠬᠦ ᠪᠤᠭᠤᠮᠲᠠ ᠶᠢ ᠲᠣᠭᠤᠷᠢᠵᠤ᠂ ᠪᠠᠶᠢᠴᠠᠭᠠᠯᠲᠠ ᠠᠴᠠ ᠳᠤᠲᠠᠭᠠᠭᠰᠠᠨ ᠦᠶᠯᠡ ᠠᠵᠢᠯᠯᠠᠭ᠎ᠠ ᠨᠢ ᠨᠢᠭᠡᠨᠲᠡ ᠰᠥᠨᠢᠳ ᠪᠠᠷᠠᠭᠤᠨ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠬᠡᠯᠲᠡᠰ ᠤᠨ ᠬᠠᠮᠢᠶ᠎ᠠ ᠪᠥᠬᠦᠶ ᠲᠥᠷᠥ  ᠶᠢᠨ ᠪᠣᠳᠣᠯᠭ᠎ᠠ ᠶᠢ ᠵᠥᠷᠢᠴᠡᠭᠰᠡᠨ ᠪᠠᠶᠢᠨ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠶᠳᠬᠡᠯ ᠤᠨ ᠬᠠᠤᠯᠢ︾ ᠶᠢᠨ ᠲᠠᠪᠢᠳᠤᠭᠠᠷ ᠵᠤᠷᠪᠤᠰ ᠲᠤᠭᠲᠠᠭᠠᠯ ᠢ ᠦᠨᠳᠦᠰᠦᠯᠡᠨ᠂ ᠰᠠᠶᠢᠬᠠᠨᠲᠠᠯ᠎ᠠ ᠪᠠᠯᠭᠠᠰᠤᠨ ᠤ ᠲᠣᠮᠢᠯᠠᠭᠰᠠᠨ ᠰᠠᠯᠪᠤᠷᠢ ᠠᠴᠠ ᠸᠠᠩ ᠣᠪᠣᠭᠲᠤ᠂ ᠯᠢ ᠣᠪᠣᠭᠲᠤ ᠳᠤ 10 ᠡᠳᠦᠷ ᠤᠨ ᠬᠤᠭᠤᠴᠠᠭ᠎ᠠ ᠲᠠᠢ ᠲᠦᠷ ᠬᠤᠷᠢᠬᠤ ᠵᠠᠰᠠᠭ ᠵᠠᠬᠢᠷᠭᠠᠨ ᠤ ᠰᠢᠶᠳᠬᠡᠯ ᠥᠭᠴᠡᠢ᠃    ᠠᠷᠠᠳ ᠤᠨ ᠴᠠᠭᠳᠠᠭ᠎ᠠ ᠠᠴᠠ ᠰᠠᠨᠠᠭᠤᠯᠤᠭᠰᠠᠨ ᠨᠢ᠂ ᠥᠷᠭᠡᠨ ᠣᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠨᠡᠶᠢᠭᠡᠮ ᠲᠣᠭᠤᠷᠢᠭ ᠲᠤ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠵᠤ᠂ ᠨᠡᠶᠢᠭᠡᠮ ᠲᠣᠭᠤᠷᠢᠭ ᠤᠨ ᠠᠵᠢᠯᠲᠠᠳ ᠲᠠᠢ ᠢᠳᠡᠪᠬᠢᠲᠡᠶ ᠬᠠᠮᠵᠢᠯᠴᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠠᠵᠢᠯ ᠢ ᠰᠠᠶᠢᠲᠤᠷ ᠬᠢᠵᠦ ᠬᠡᠷᠡᠭᠲᠡᠢ᠃ ᠵᠠᠮ ᠬᠠᠷᠢᠯᠴᠠᠭᠠᠨ ᠤ ᠬᠢᠵᠢᠭ ᠤᠨ ᠪᠠᠶᠢᠳᠠᠯ ᠢ ᠪᠠᠶᠢᠴᠠᠭᠠᠬᠤ ᠪᠣᠭᠤᠮᠲᠠ ᠪᠠᠷ ᠣᠷᠣᠵᠤ ᠭᠠᠷᠬᠤ ᠲᠡᠷᠭᠡ ᠤᠨᠤᠭ᠎ᠠ ᠵᠢᠴᠢ ᠬᠥᠮᠦᠰ ᠨᠢᠭᠤᠨ ᠳᠠᠯᠳᠠᠯᠠᠬᠤ᠂ ᠺᠣᠳ᠋ ᠰᠣᠯᠢᠬᠤ᠂ ᠭᠠᠷ ᠤᠲᠠᠰᠤᠨ ᠤ ᠺᠠᠷᠲ ᠰᠣᠯᠢᠬᠤ ᠵᠡᠷᠭᠡ ᠡᠯ᠎ᠡ ᠵᠦᠶᠯ  ᠤᠨ ᠠᠷᠭ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠶᠢᠨ ᠪᠠᠶᠢᠴᠠᠭᠠᠯᠲᠠ ᠠᠴᠠ ᠵᠠᠶᠢᠯᠠᠵᠤ ᠪᠣᠯᠬᠤ ᠥᠬᠡᠶ᠂ ᠨᠠᠩ ᠴᠤ ᠶᠠᠮᠠᠷᠪᠠ ᠠᠷᠭ᠎ᠠ ᠬᠡᠯᠪᠡᠷᠢ ᠪᠠᠷ ᠠᠶᠠᠯᠠᠯ ᠤᠨ ᠲᠡᠦᠬᠡ ᠪᠠᠨ ᠨᠢᠭᠤᠨ ᠳᠠᠯᠳᠠᠯᠠᠵᠤ ᠪᠣᠯᠬᠤ ᠥᠬᠡᠶ᠂ ᠳᠡᠭᠡᠷᠡᠬᠢ ᠠᠵᠢᠯᠯᠠᠭ᠎ᠠ ᠪᠠᠶᠢᠬᠤ ᠶᠢ ᠪᠠᠶᠢᠴᠠᠭᠠᠨ ᠲᠤᠳᠤᠯᠠᠪᠠᠯ᠂ ᠬᠠᠮᠢᠶ᠎ᠠ ᠪᠥᠬᠦᠶ ᠬᠠᠷᠢᠭᠤᠴᠠᠯᠭᠠᠲᠠᠨ ᠳᠤ ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠶᠳᠬᠡᠯ ᠤᠨ ᠬᠠᠤᠯᠢ︾ ᠶᠢ ᠦᠨᠳᠦᠰᠦᠯᠡᠨ ᠵᠠᠰᠠᠭ ᠵᠠᠬᠢᠷᠭᠠᠨ ᠤ ᠰᠢᠶᠳᠬᠡᠯ ᠥᠭᠴᠦ᠂ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠴᠥᠮ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号