ᠰᠥᠨᠢᠳ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠽᠢᠨ ᠤ ᠲᠠᠷᠢᠯᠭ᠎ᠠ ᠶᠢᠨ ᠠᠵᠢᠯ  ᠢ ᠰᠡᠷᠭᠦᠭᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/11/14
ᠪᠥᠬᠦ ᠬᠤᠰᠢᠭᠤᠨ ᠤ ᠥᠷᠭᠡᠨ ᠣᠯᠠᠨ ᠰᠠᠭᠤᠭᠠᠯᠢ ᠠᠷᠠᠳ᠄    ᠰᠥᠨᠢᠳ ᠪᠠᠷᠠᠭᠤᠨ ᠬᠤᠰᠢᠭᠤᠨ ᠤ ᠬᠠᠭᠤᠴᠢᠨ ᠮᠣᠩᠭᠤᠯ ᠡᠮᠨᠡᠯᠭᠡ ᠶᠢᠨ ᠬᠤᠷᠢᠶ᠎ᠠ ᠥᠨᠦᠳᠦᠷ ᠠᠴᠠ ᠡᠬᠢᠯᠡᠨ ︵ᠭᠠᠷᠠᠭ ᠤᠨ ᠨᠢᠭᠡᠨ᠂ ᠭᠠᠷᠠᠭ ᠤᠨ ᠳᠥᠷᠪᠡᠨ ᠳᠤ ᠲᠠᠷᠢᠯᠭ᠎ᠠ ᠬᠢᠨ᠎ᠡ︶ ᠰᠢᠨ᠎ᠡ ᠲᠢᠲᠢᠮᠯᠢᠭ ᠸᠢᠷᠦ᠋ᠰ ᠤᠨ ᠸᠠᠺᠽᠢᠨ ᠤ ᠲᠠᠷᠢᠯᠭ᠎ᠠ ᠶᠢᠨ ᠠᠵᠢᠯ ᠢᠶᠠᠨ ᠰᠡᠷᠭᠦᠭᠡᠨ᠎ᠡ᠃ ᠣᠯᠠᠨ ᠢᠶᠠᠷ ᠢᠶᠠᠨ ᠬᠠᠷᠢᠯᠴᠠᠨ ᠳᠠᠮᠵᠢᠭᠤᠯᠤᠭᠠᠷᠠᠶ᠃    ᠲᠠᠷᠢᠯᠭ᠎ᠠ ᠬᠢᠬᠦ ᠴᠠᠭ᠄ ᠦᠳᠡ ᠶᠢᠨ ᠡᠮᠦᠨ᠎ᠡ 8᠄ 30-11᠄ 30᠂ ᠦᠳᠡ ᠶᠢᠨ ᠬᠤᠶᠢᠨ᠎ᠠ 14᠄ 30-17᠄ 30᠃ᠠᠩᠬᠠᠷᠬᠤ ᠵᠦᠢᠯ᠄    ᠣᠳᠣᠬᠠᠨ ᠳᠤ ᠰᠢᠨ᠎ᠡ ᠲᠢᠲᠢᠮᠯᠢᠭ ᠸᠢᠷᠦ᠋ᠰ ᠤᠨ ᠸᠠᠺᠽᠢᠨ ᠤ ᠲᠠᠷᠢᠯᠭ᠎ᠠ ᠬᠢᠯᠭᠡᠬᠦ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠬᠠᠮᠤᠭ ᠤᠨ ᠪᠦᠲᠦᠮᠵᠢᠲᠡᠶ ᠠᠷᠭ᠎ᠠ ᠬᠡᠮᠵᠢᠶ᠎ᠡ ᠮᠥᠨ᠂ ᠲᠠᠷᠢᠯᠭ᠎ᠠ ᠬᠢᠬᠦ ᠨᠥᠬᠦᠴᠡᠯ ᠳᠤ ᠨᠡᠶᠢᠴᠡᠬᠦ ᠬᠥᠮᠦᠰ᠂ ᠢᠯᠠᠩᠭᠤᠶ᠎ᠠ 60 ᠨᠠᠰᠤᠨ ᠠᠴᠠ ᠳᠡᠭᠡᠭᠰᠢᠬᠢ ᠲᠠᠷᠢᠯᠭ᠎ᠠ ᠬᠢᠯᠭᠡᠬᠦ ᠨᠥᠬᠦᠴᠡᠯ ᠳᠤ ᠨᠡᠶᠢᠴᠡᠭᠰᠡᠨ ᠨᠠᠰᠤᠲᠠᠶᠢᠴᠤᠳ ᠲᠦᠷᠭᠡᠬᠡᠨ ᠪᠥᠬᠦ ᠶᠠᠪᠤᠴᠠ ᠶᠢᠨ ᠡᠭᠡᠯᠢᠯᠡᠭᠡ ᠶᠢᠨ ᠲᠠᠷᠢᠯᠭ᠎ᠠ ᠬᠢᠯᠭᠡᠵᠦ ᠂ ᠪᠥᠬᠦ ᠠᠷᠠᠳ ᠤᠨ ᠡᠷᠡᠭᠦᠯ ᠮᠡᠨᠳᠦ ᠶᠢᠨ ᠬᠠᠯᠬᠠᠪᠴᠢ ᠶᠢ ᠬᠠᠮᠲᠤ ᠪᠠᠷ ᠴᠣᠭᠴᠠᠯᠠᠭᠠᠷᠠᠶ᠃                                       ᠰᠥᠨᠢᠳ ᠪᠠᠷᠠᠭᠤᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ                                                     2022 ᠣᠨ ᠤ 11 ᠰᠠᠷ᠎ᠠ ᠶᠢᠨ 14 ᠤ ᠡᠳᠦᠷ
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号