ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ ᠠᠭᠤᠷ ᠠᠮᠢᠰᠬᠤᠯ ᠦᠨᠢᠷ ᠦᠳᠭᠡᠨ ᠪᠠᠶᠢᠨ᠎ᠠ
ᠨᠡᠶᠢᠲᠡᠯᠡᠭᠰᠡᠨ ᠴᠠᠭ᠄
2022/11/14
   ᠨᠠᠮ ᠤᠨ ᠬᠤᠷᠢᠳᠤᠭᠠᠷ ᠶᠡᠭᠡ ᠬᠤᠷᠠᠯ ᠤᠨ ᠳᠠᠷᠠᠭ᠎ᠠ᠂ ᠬᠤᠰᠢᠭᠤ ᠳᠠᠶᠠᠭᠠᠷ ᠰᠤᠷᠤᠯᠴᠠᠭᠠᠨ ᠤ ᠬᠠᠯᠠᠭᠤᠨ ᠠᠭᠤᠷ ᠠᠮᠢᠰᠬᠤᠯ ᠪᠢᠯᠬᠠᠨ᠂ ᠡᠯ᠎ᠡ ᠱᠠᠳᠤᠨ ᠤ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠨᠢᠮᠪᠠᠶ  ᠲᠦᠯᠦᠪᠯᠡᠨ ᠵᠣᠬᠢᠶᠠᠨ ᠪᠠᠶᠢᠭᠤᠯᠵᠤ᠂ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠵᠦᠶᠯ ᠤᠨ ᠡᠭᠦᠷᠭᠡ ᠶᠢ ᠪᠡᠶᠡᠯᠡᠭᠦᠯᠬᠦ ᠳᠡᠭᠡᠷ᠎ᠡ  ᠬᠦᠴᠦᠨ  ᠢᠶᠠᠨ ᠨᠢᠭᠲᠠᠷᠠᠭᠤᠯᠵᠤ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠦᠨᠢᠳ ᠤᠨ ᠨᠤᠲᠤᠭ ᠲᠤ ᠤᠯᠠᠮᠵᠢᠯᠠᠨ᠂ ᠪᠤᠳᠠᠳᠤ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ ᠪᠠᠶᠢᠨ᠎ᠠ᠃
   ᠰᠠᠩᠪᠤᠯᠠᠭ ᠰᠤᠮᠤᠨ ᠤ ᠪᠠᠶᠠᠨᠴᠡᠭᠡᠯ ᠭᠠᠴᠠᠭᠠᠨ ᠤ ᠮᠤᠩᠭᠤᠯ ᠭᠡᠷ ᠲᠤ ᠮᠠᠯᠴᠢᠳ ᠴᠤᠭᠯᠠᠷᠠᠨ᠂ ᠶᠡᠭᠡ ᠬᠤᠷᠠᠯ  ᠤᠨ ᠵᠣᠷᠢᠭ ᠰᠠᠨᠠᠭᠠᠨ ᠤ ᠳᠤᠬᠠᠢ ᠨᠠᠷᠢᠯᠢᠭ ᠳᠠᠶᠢᠯᠤᠮᠵᠢ ᠶᠢ ᠰᠤᠨᠤᠰᠤᠨ᠎ᠠ᠃      ᠬᠤᠰᠢᠭᠤ ᠡᠪᠯᠡᠯ ᠤᠨ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠰᠠᠩᠪᠤᠯᠠᠭ ᠰᠤᠮᠤᠨ ᠤ ᠺᠠᠳ᠋ᠷ ᠲᠠᠢ ᠬᠠᠮᠲᠤᠷᠠᠨ ᠮᠠᠯᠴᠢᠨ ᠲᠦᠮᠡᠨ ᠳᠤ ᠤᠶᠢᠷ᠎ᠠ ᠶᠢᠨ ᠬᠤᠭᠤᠴᠠᠭᠠᠨ ᠤ ᠲᠥᠪᠯᠡᠷᠡᠩᠭᠦᠢ  ᠰᠤᠷᠤᠯᠴᠠᠯᠭ᠎ᠠ ᠶᠢᠨ ᠠᠭᠤᠯᠭ᠎ᠠ  ᠶᠢ ᠤᠯᠠᠮᠵᠢᠯᠠᠨ᠎ᠠ᠃ ᠰᠠᠩᠪᠤᠯᠠᠭ ᠰᠤᠮᠤ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ  ︽ᠬᠥᠳᠡᠭᠡ ᠠᠵᠤ ᠠᠬᠤᠶ ᠬᠥᠳᠡᠭᠡ ᠲᠣᠰᠬᠤᠨ ᠮᠠᠯᠴᠢᠨ ᠲᠠᠷᠢᠶᠠᠴᠢᠨ︾ ᠤ ᠠᠵᠢᠯ ᠤᠨ ᠲᠤᠬᠠᠶ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠣᠨᠣᠪᠴᠢᠲᠠᠶ ᠡᠵᠡᠮᠳᠡᠵᠦ᠂ ᠰᠣᠷᠣᠭᠰᠠᠨ ᠢᠶᠠᠨ ᠬᠡᠷᠡᠭᠯᠡᠵᠦ ᠬᠠᠷᠢᠭᠤᠴᠠᠯᠭ᠎ᠠ ᠡᠭᠦᠷᠭᠡᠯᠡᠨ᠂ ᠡᠷᠡᠮᠡᠬᠡᠶᠢᠯᠡᠨ ᠤᠷᠤᠭᠰᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠰᠢᠰᠲ᠋ᠧᠮ ᠲᠠᠢ ᠲᠥᠯᠥᠪᠵᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠤᠨᠴᠠᠯᠢᠬᠳᠤ ᠠᠵᠤ ᠦᠶᠯᠡᠰ ᠢ ᠶᠡᠭᠡ ᠪᠠᠷ ᠬᠥᠭᠵᠢᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠠᠷᠭ᠎ᠠ ᠵᠠᠮ ᠢ ᠥᠷᠭᠡᠳᠬᠡᠵᠦ᠂ ᠠᠷᠠᠳ ᠣᠯᠠᠨ ᠤ ᠠᠮᠢᠳᠤᠷᠠᠯ ᠢ ᠨᠠᠩ ᠵᠣᠯ ᠵᠢᠷᠭᠠᠯ ᠲᠠᠢ ᠨᠠᠩ ᠰᠠᠶᠢᠨ ᠰᠠᠶᠢᠬᠠᠨ ᠪᠤᠯᠭᠠᠬᠤ ᠪᠠᠷ ᠴᠢᠷᠮᠠᠶᠢᠵᠤ ᠪᠠᠶᠢᠨ᠎ᠠ᠃
   ᠳᠠᠷᠠᠭᠠᠴᠢ ᠶᠢᠨ ᠠᠯᠬᠤᠮ ᠳᠤ ᠰᠠᠩᠪᠤᠯᠠᠭ ᠰᠤᠮᠤ ᠡᠬᠢ ᠪᠠᠶᠠᠯᠢᠭ ᠤᠨ ᠳᠠᠪᠠᠭᠤᠯᠢᠭ ᠪᠠ ᠡᠯ᠎ᠡ ᠭᠠᠴᠠᠭᠠᠨ ᠤ ᠣᠨᠴᠠᠯᠢᠭ ᠢ ᠦᠨᠳᠦᠰᠦᠯᠡᠨ᠂ ᠮᠠᠯ ᠠᠵᠤ ᠠᠬᠤᠢ ᠶᠢᠨ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠳᠤᠤᠱᠯᠠᠭᠤᠯᠵᠤ᠂  ︽ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠮᠡᠷᠭᠡᠵᠢᠯ︾ ᠢᠶᠠᠷ ᠦᠬᠡᠷ ᠤᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠦᠨ᠂ ᠰᠥᠨᠢᠳ ᠬᠤᠨᠢᠨ ᠤ  ᠡᠭᠦᠯᠳᠡᠷ ᠴᠡᠪᠡᠷᠰᠢᠭᠦᠯᠬᠦ ᠪᠠᠷ ᠳᠠᠮᠵᠢᠨ ᠴᠢᠨᠠᠷ ᠴᠢᠨᠰᠠᠭ᠎ᠠ ᠶᠢ ᠰᠠᠶᠢᠵᠢᠷᠠᠭᠤᠯᠤᠨ᠂ ᠲᠡᠮᠡᠭᠡᠨ ᠤ ᠠᠰᠢᠭ ᠰᠢᠮ᠎ᠡ ᠶᠢᠨ ᠪᠦᠲᠦᠭᠡᠭᠳᠡᠬᠦᠨ   ᠢ ᠨᠠᠷᠢᠯᠢᠭᠵᠢᠭᠤᠯᠤᠨ ᠨᠡᠭᠡᠭᠡᠨ ᠬᠥᠭᠵᠢᠭᠦᠯᠬᠦ ᠪᠠᠷ ᠳᠠᠮᠵᠢᠭᠤᠯᠤᠨ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠦᠷᠭᠡᠳᠬᠡᠨ᠂ ᠮᠠᠯ ᠤᠨ ᠠᠰᠢᠭ ᠰᠢᠮ᠎ᠡ ᠶᠢᠨ ᠥᠷᠲᠡᠭ ᠢ  ᠳᠡᠭᠡᠭᠰᠢᠯᠡᠬᠦᠯᠵᠦ᠂ ︽ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ︾ ᠵᠣᠷᠢᠯᠭ᠎ᠠ ᠳᠤ ᠪᠠᠨ ᠬᠦᠷᠴᠦ᠂ ᠣᠳᠣ ᠦᠶ᠎ᠡ ᠶᠢᠨ ᠮᠠᠯ ᠠᠵᠤ ᠠᠬᠤᠶ ᠶᠢ ᠬᠦᠭᠵᠢᠬᠦᠯᠬᠦ ᠪᠠᠷ ᠪᠠᠶᠢᠨ᠎ᠠ᠃    ᠶᠡᠷᠦᠩᠬᠡᠢ ᠱᠦᠵᠢ ᠰᠢ ᠶᠢᠨ ᠫᠢᠩ ᠤᠨ ᠬᠢᠭᠰᠡᠨ ᠵᠠᠯᠠᠭᠤᠴᠤᠳ ᠪᠣᠯᠤᠨ ᠵᠠᠯᠠᠭᠤᠴᠤᠳ ᠤᠨ ᠠᠵᠢᠯ ᠤᠨ ᠲᠤᠬᠠᠢ ᠥᠭᠦᠯᠡᠯᠲᠡ ᠶᠢ ᠳᠤᠤᠱᠯᠠᠭᠤᠯᠤᠨ᠂ ᠨᠠᠮ ᠤᠨ ᠰᠢᠨᠵᠢᠯᠡᠬᠦ ᠤᠬᠠᠭᠠᠨᠴᠢ ᠤᠨᠤᠯ ᠪᠣᠯᠤᠨ ᠨᠠᠮ ᠤᠨ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠵᠠᠯᠠᠭᠤᠴᠤᠳ ᠤᠨ ᠰᠡᠳᠬᠢᠯ ᠵᠢᠷᠦᠬᠡᠨ ᠳᠤ ᠬᠠᠳᠠᠩᠰᠢᠭᠤᠯᠵᠤ ᠪᠠᠶᠢᠨ᠎ᠠ᠃
   ᠬᠤᠰᠢᠭᠤ ᠡᠪᠯᠡᠯ ᠤᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠡᠪ ᠬᠠᠮᠲᠤ ᠵᠠᠯᠠᠭᠤᠴᠤᠳ ᠤᠨ ᠡᠪᠯᠡᠯ ᠤᠨ ᠵᠠᠯᠠᠭᠤᠴᠤᠳ ᠪᠠᠭᠠᠴᠤᠳ ᠲᠤ ᠦᠵᠡᠭᠦᠯᠬᠦ ᠬᠥᠲᠥᠯᠥᠨ ᠳᠠᠭᠠᠭᠤᠯᠬᠤ ᠦᠶᠯᠡᠳᠦᠯ ᠢ ᠪᠠᠳᠠᠷᠠᠭᠤᠯᠤᠨ᠂ ᠳᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ ᠤᠨ ᠬᠠᠪᠰᠤᠷᠤᠨ ᠲᠡᠳᠬᠦᠬᠦ ᠲᠥᠷᠥᠯ ᠵᠦᠶᠯ ᠢ  ᠦᠷᠬᠦᠯᠵᠢᠯᠡᠨ ᠰᠠᠶᠢᠲᠤᠷ ᠬᠢᠵᠦ᠂  ︽ᠵᠠᠯᠠᠭᠤ ᠺᠠᠳ᠋ᠷ︾᠂  ︽ᠪᠠᠶᠠᠵᠢᠯ ᠤᠨ ᠳᠠᠭᠠᠭᠤᠯᠤᠭᠴᠢ︾ ᠶᠢᠨ ᠰᠤᠷᠭᠠᠯᠳᠠ ᠥᠷᠨᠢᠭᠦᠯᠵᠦ᠂ ᠤᠬᠠᠭᠤᠯᠤᠨ ᠲᠠᠶᠢᠯᠪᠤᠷᠢᠯᠠᠬᠤ ᠪᠦᠯᠬᠦᠮ ᠳᠤ ᠲᠦᠰᠢᠭᠯᠡᠨ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠶᠢ ᠬᠥᠲᠥᠯᠥᠨ ᠳᠠᠭᠠᠭᠤᠯᠵᠤ ᠣᠶᠢᠯᠠᠭᠠᠬᠤ ᠲᠠᠯ᠎ᠠ ᠶᠢᠨ ᠠᠵᠢᠯ ᠢ ᠰᠠᠶᠢᠲᠤᠷ ᠬᠢᠵᠦ᠂ ᠵᠠᠯᠠᠭᠤᠴᠤᠳ ᠤᠨ ᠠᠵᠢᠯ ᠣᠯᠭᠤᠯᠲᠠ᠂ ᠦᠶᠯᠡᠰ ᠪᠤᠰᠬᠠᠬᠤ᠂ ᠣᠷᠤᠭ ᠬᠤᠷᠢᠮ ᠢᠨᠠᠭ ᠳᠤᠷᠠᠯᠠᠯ ᠢ ᠦᠷᠭᠦᠯᠵᠢᠯᠡᠨ ᠠᠩᠬᠠᠷᠴᠤ᠂ ᠪᠠᠰᠠ ᠵᠠᠷᠢᠮ ᠰᠠᠶᠢᠨ ᠳᠤᠷ᠎ᠠ ᠶᠢᠨ ᠦᠶᠯᠡᠴᠢᠯᠡᠭᠡ ᠶᠢ ᠪᠠᠭᠲᠠᠭᠠᠵᠤ᠂ ᠨᠠᠮ ᠤᠨ ᠲᠥᠯᠥᠭᠡ ᠬᠥᠮᠦᠨ ᠬᠥᠮᠦᠵᠢᠭᠦᠯᠬᠦ ᠴᠢᠳᠠᠮᠵᠢ ᠶᠢ ᠭᠦᠶᠴᠡᠳ  ᠪᠠᠳᠠᠷᠠᠭᠤᠯᠬᠤ ᠪᠤᠯᠤᠨ᠎ᠠ᠃    ᠪᠦᠬᠦᠶᠢᠯᠡ ᠠᠵᠢᠯᠯᠠᠭ᠎ᠠ ᠨᠢ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠮᠠᠯᠴᠢᠨ ᠲᠦᠮᠡᠨ ᠳᠤ ᠳᠠᠶᠢᠯᠤᠮᠵᠢ ᠬᠢᠵᠦ᠂  ᠮᠠᠯᠴᠢᠨ ᠲᠦᠮᠡᠨ ᠤ ᠬᠠᠮᠤᠭ ᠠᠴᠠ ᠢᠯᠡᠬᠦᠦ ᠠᠩᠬᠠᠷᠤᠨ ᠬᠠᠯᠠᠮᠵᠢᠯᠠᠳᠠᠭ ᠠᠰᠠᠭᠤᠳᠠᠯ ᠳᠤ ᠬᠠᠨᠳᠤᠭᠤᠯᠤᠨ  ᠬᠥᠭᠵᠢᠯᠲᠡ ᠶᠢᠨ ᠰᠡᠳᠬᠢᠮᠵᠢ ᠶᠢ ᠨᠢ ᠲᠣᠳᠣᠷᠬᠠᠶ ᠪᠣᠯᠭᠠᠪᠠ᠃ ᠳᠠᠷᠠᠭ᠎ᠠ ᠠᠯᠬᠤᠮ ᠳᠤ᠂ ᠬᠤᠰᠢᠭᠤ ᠡᠪᠯᠡᠯ ᠤᠨ ᠬᠤᠷᠢᠶ᠎ᠠ ᠦᠷᠭᠦᠯᠵᠢᠯᠡᠨ ᠡᠯ᠎ᠡ ᠰᠤᠮᠤ ᠪᠠᠯᠭᠠᠰᠤᠨ ᠤ ᠵᠠᠯᠠᠭᠤ ᠺᠠᠳ᠋ᠷ ᠲᠠᠢ ᠬᠠᠮᠳᠤᠷᠠᠯᠴᠠᠨ ᠣᠯᠠᠨ ᠶᠠᠩᠵᠤ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠣᠶᠤᠨ ᠤᠬᠠᠭᠠᠨ ᠪᠠ ᠬᠦᠴᠦᠨ ᠴᠢᠳᠠᠯ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠳᠡᠭᠡᠷ᠎ᠡ ᠨᠢᠭᠲᠠᠷᠠᠭᠤᠯᠵᠤ᠂ ᠢᠯᠡᠳᠬᠡᠯ ᠤᠨ ᠵᠣᠷᠢᠭ ᠰᠠᠨᠠᠭ᠎ᠠ ᠶᠢ ᠪᠣᠳᠠᠲᠤ ᠠᠵᠢᠯᠯᠠᠭ᠎ᠠ ᠳᠤᠮᠳᠠ ᠪᠠᠨ ᠢᠯᠡᠷᠡᠭᠦᠯᠵᠦ᠂ ᠣᠯᠠᠨ ᠲᠠᠢ ᠬᠠᠮᠲᠤ ᠦᠨᠡᠨᠬᠦ ᠠᠳᠬᠤᠨ ᠪᠣᠳᠠᠲᠠᠶ ᠠᠵᠢᠯᠯᠠᠵᠤ᠂  ᠲᠦᠷᠭᠡᠳᠬᠡᠨ ᠠᠬᠢᠭᠤᠯᠬᠤ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号