ᠦᠢᠷ᠎ᠠ ᠳᠤ᠂ ᠬᠤᠰᠢᠭᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠯᠤᠰ | ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠦᠨᠳᠦᠰᠦᠨ | ᠱᠠᠲᠤᠨ ᠳᠤ ᠭᠦᠨᠵᠡᠭᠡᠶᠢᠷᠡᠨ᠂ 6 ᠲᠠᠯᠠᠪᠠᠢ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠰᠠᠶᠢᠨ ᠳᠤᠷ᠎ᠠ ᠶᠢᠨ | ᠦᠶᠯᠡᠴᠢᠯᠡᠭᠡᠨ ᠤ ᠠᠵᠢᠯᠯᠠᠭ᠎ᠠ ᠦᠷᠨᠢᠭᠦᠯᠵᠦ᠂ ᠠᠷᠠᠳ ᠣᠯᠠᠨ ᠤ ᠬᠠᠤᠯᠢ ᠶᠢ ᠬᠦᠨᠳᠦᠳᠬᠡᠨ᠂ ᠬᠠᠤᠯᠢ ᠶᠢ | ᠰᠤᠷᠤᠯᠴᠠᠵᠤ᠂ ᠬᠠᠤᠯᠢ ᠶᠢ ᠰᠠᠬᠢᠨ ᠬᠠᠤᠯᠢ ᠶᠢ ᠬᠡᠷᠡᠭᠯᠡᠬᠦ ᠶᠢ ᠳᠥᠯᠭᠢᠨ ᠠᠬᠢᠭᠤᠯᠵᠤ᠂ ᠠᠮᠤᠷ ᠠᠮᠤᠭᠤᠯᠠᠩ ᠪᠠᠷᠠᠭᠤᠨ | ᠰᠥᠨᠢᠳ᠂ ᠬᠠᠤᠯᠢᠵᠢᠯ ᠤᠨ ᠪᠠᠷᠠᠭᠤᠨ ᠰᠥᠨᠢᠳ ᠤᠨ ᠪᠥᠲᠥᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠣᠷᠴᠢᠨ | ᠨᠥᠬᠦᠴᠡᠯ ᠢ ᠪᠣᠶ ᠪᠤᠯᠭᠠᠵᠠᠢ᠃ | | ᠲᠤᠰ ᠤᠳᠠᠭᠠᠨ ᠤ ᠠᠵᠢᠯᠯᠠᠭ᠎ᠠ ᠨᠢ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ | ᠤᠬᠠᠭᠤᠯᠵᠤ ᠲᠤᠤᠱᠯᠠᠭᠤᠯᠬᠤ ᠪᠠᠷ ᠭᠤᠤᠯᠳᠠᠯᠭ᠎ᠠ ᠪᠣᠯᠭᠠᠵᠤ᠂ ︽ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ | ᠶᠢ ᠡᠰᠡᠷᠭᠦᠴᠡᠬᠦ ᠬᠠᠤᠯᠢ︾᠂ ︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾᠂ ︽ᠥᠪᠥᠷ ᠮᠣᠩᠭᠤᠯ | ᠤᠨ ᠥᠪᠡᠷᠲᠡᠭᠡᠨ ᠵᠠᠰᠠᠬᠤ ᠣᠷᠣᠨ ᠤ ᠬᠤᠣᠷ ᠴᠠᠭᠠᠵᠠᠯᠠᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠦᠷᠢᠮ ᠢ | ᠲᠠᠶᠢᠯᠪᠤᠷᠢᠯᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠳᠠᠮᠵᠢᠨ ᠬᠠᠤᠯᠢ ᠴᠠᠭᠠᠵᠠ ᠶᠢᠨ ᠮᠡᠳᠡᠯᠭᠡ ᠶᠢ ᠨᠡᠩ | ᠭᠦᠨᠵᠡᠭᠡᠢ ᠤᠬᠠᠭᠤᠯᠤᠨ᠂ ᠥᠷᠭᠡᠨ ᠤᠯᠠᠨ ᠲᠦᠮᠡᠨ ᠤ ᠬᠠᠤᠯᠢ ᠴᠠᠭᠠᠵᠠ ᠶᠢ ᠪᠢᠰᠢᠷᠡᠨ ᠵᠢᠷᠦᠬᠡᠰᠢᠶᠡᠬᠦ᠂ ᠬᠠᠤᠯᠢ | ᠴᠠᠭᠠᠵᠠ ᠶᠢ ᠣᠶᠢᠯᠠᠭᠠᠬᠤ᠂ ᠬᠠᠤᠯᠢ ᠴᠠᠭᠠᠵᠠ ᠶᠢ ᠡᠵᠡᠮᠰᠢᠬᠦ ᠶᠢ ᠬᠦᠳᠦᠯᠦᠨ ᠵᠢᠯᠣᠭᠤᠳᠴᠤ᠂ ᠬᠠᠤᠯᠢᠵᠢᠯ ᠤᠨ | ᠰᠡᠳᠬᠢᠬᠦᠢ ᠪᠣᠯᠤᠨ ᠬᠠᠤᠯᠢᠵᠢᠯ ᠤᠨ ᠠᠷᠭ᠎ᠠ ᠬᠡᠯᠪᠡᠷᠢ ᠪᠠᠷ ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠶᠢ | ᠳᠡᠭᠡᠭᠰᠢᠯᠡᠭᠦᠯᠬᠦ ᠶᠢ ᠵᠤᠷᠢᠵᠠᠢ᠃ | | ᠡᠨᠡ ᠵᠢᠯ ᠠᠴᠠ ᠨᠠᠭᠠᠰᠢ᠂ ᠮᠠᠨ ᠤ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ | ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠨᠡᠶᠢᠲᠡ 25 ᠲᠠᠯᠠᠪᠠᠢ ᠬᠠᠤᠯᠢ ᠴᠠᠭᠠᠵᠠ ᠶᠢᠨ | ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠬᠦᠨᠳᠦ ᠶᠡᠭᠡ ᠪᠤᠳᠤᠯᠢᠶᠠᠨᠲᠠᠶ ᠵᠥᠷᠢᠴᠡᠯ | ᠵᠢᠭᠤᠷᠠᠯᠳᠤᠭᠠᠨ ᠢ ᠠᠷᠢᠯᠭᠠᠬᠤ ᠠᠵᠢᠯ ᠳᠤ 16 ᠤᠳᠠᠭ᠎ᠠ ᠣᠷᠣᠯᠴᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ᠂ ᠴᠠᠬᠢᠯᠭᠠᠨ ᠬᠤᠯᠪᠣᠭᠠᠨ ᠤ ᠮᠡᠬᠡᠯᠡᠯ ᠢ ᠡᠰᠡᠷᠭᠦᠴᠡᠬᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠢᠷᠭᠡᠨ | ᠤ ᠬᠠᠤᠯᠢ ᠶᠢᠨ ᠪᠢᠴᠢᠭ ᠵᠡᠷᠭᠡ ᠲᠠᠯ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ 900 | ᠭᠠᠷᠤᠶ ᠬᠦᠮᠦᠨ ᠤᠳᠠᠭ᠎ᠠ ᠳᠤ ᠠᠰᠢᠭ ᠬᠦᠷᠲᠡᠭᠡᠵᠦ᠂ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ 6000 | ᠭᠠᠷᠤᠶ ᠬᠤᠪᠢ ᠲᠠᠷᠬᠠᠭᠠᠵᠤ᠂ ᠥᠷᠭᠡᠨ ᠣᠯᠠᠨ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠤᠬᠠᠮᠰᠠᠷ ᠪᠠ | ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠡᠢ᠃ |