ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ ᠬᠥᠳᠡᠭᠡ ᠲᠤᠰᠬᠤᠨ ᠤ ᠬᠥᠭᠵᠢᠯᠲᠡ ᠶᠢ ᠨᠡᠩ ᠰᠠᠶᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/11/16
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠥᠷᠭᠡᠨ ᠠᠭᠤᠳᠠᠮ ᠲᠠᠯ᠎ᠠ ᠨᠤᠲᠤᠭ ᠲᠤ ᠤᠯᠠᠮᠵᠢᠯᠠᠭᠳᠠᠵᠤ᠂ ᠥᠷᠭᠡᠨᠲᠠᠯ᠎ᠠ ᠪᠠᠯᠭᠠᠰᠤᠨ ᠤ ᠪᠠᠶ᠋ᠬᠠᠤᠪᠤᠭ᠎ᠠ ᠭᠠᠴᠠᠭ᠎ᠠ ᠨᠢ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢ ᠪᠤᠵᠠᠭᠠᠶᠢᠷᠠᠭᠤᠯᠬᠤ ᠦᠶᠯᠡᠳᠦᠯᠭᠡ ᠳᠤᠮᠳᠠ ᠪᠠᠨ ᠪᠤᠳᠠᠲᠠᠶᠢᠵᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠳᠠᠪᠠᠭᠤᠯᠢᠭ ᠪᠣᠯᠤᠨ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶᠠᠵᠢᠯ ᠤᠨ ᠬᠥᠭᠵᠢᠯᠲᠡ ᠶᠢᠨ ᠳᠠᠪᠠᠭᠤᠯᠢᠭ ᠢ ᠨᠢᠭᠲᠠ ᠤᠶᠠᠯᠳᠤᠭᠤᠯᠤᠨ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠰᠡᠳᠬᠢᠮᠵᠢ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ ᠪᠠᠶᠢᠨ᠎ᠠ᠃
   ᠥᠷᠭᠡᠨᠲᠠᠯ᠎ᠠ ᠪᠠᠯᠭᠠᠰᠤᠨ ᠤ ᠪᠠᠶ᠋ᠬᠠᠤᠪᠤᠭ᠎ᠠ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶᠠᠵᠢᠯ ᠳᠤ᠂ ᠬᠠᠷᠢᠭᠤᠴᠠᠯᠭᠠᠲᠠᠨ ᠪᠠᠭᠠᠲᠤᠷᠰᠦ᠋ᠬᠡ ᠭᠠᠷ ᠤᠲᠠᠰᠤᠨ ᠳᠡᠭᠡᠷ᠎ᠡ ᠠᠴᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠬᠠᠮᠢᠶ᠎ᠠ ᠪᠥᠬᠦᠶ ᠰᠣᠨᠢᠨ ᠮᠡᠳᠡᠭᠡ ᠶᠢ ᠰᠤᠨᠤᠰᠬᠤ ᠶᠢᠨ ᠳᠠᠭᠠᠤ ᠨᠢᠭᠡ ᠡᠳᠦᠷ ᠤᠨ ᠠᠵᠢᠯ ᠢᠶᠠᠨ ᠡᠬᠢᠯᠡᠭᠦᠯᠦᠯ᠎ᠡ᠃
   ᠥᠷᠭᠡᠨᠲᠠᠯ᠎ᠠ ᠪᠠᠯᠭᠠᠰᠤᠨ ᠤ ᠪᠠᠶ᠋ᠬᠠᠤᠪᠤᠭ᠎ᠠ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶᠠᠵᠢᠯ ᠪᠤᠯ 2021 ᠣᠨ ᠳᠤ ᠳᠡᠭᠡᠳᠦ ᠱᠠᠲᠤᠨ ᠤ ᠪᠠᠯᠠ ᠮᠥᠩᠭᠦ ᠶᠢ ᠵᠣᠯᠭᠠᠭᠤᠯᠬᠤ ᠪᠠᠷ ᠭᠤᠶᠤᠴᠢᠯᠠᠵᠤ ᠪᠠᠶᠢᠭᠤᠯᠤᠭᠰᠠᠨ ᠰᠥᠨᠢᠳ ᠬᠤᠨᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠠᠶᠢᠵᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠨᠢᠭᠡ ᠪᠣᠯᠤᠨ᠎ᠠ᠂ 1.6 ᠲᠦᠮᠡᠨ ᠮᠥ ᠭᠠᠵᠠᠷ ᠡᠵᠡᠯᠡᠵᠦ᠂ ᠨᠡᠶᠢᠲᠡ 198 ᠲᠦᠮᠡᠨ ᠲᠥᠭᠦᠷᠢᠭ  ᠤᠨ ᠪᠠᠯᠠ ᠣᠷᠣᠭᠤᠯᠵᠤ᠂ 2021 ᠣᠨ ᠤ 11 ᠰᠠᠷ᠎ᠠ ᠳᠤ ᠠᠰᠢᠭᠯᠠᠯᠲᠠ ᠳᠤ ᠤᠷᠤᠵᠠᠢ᠃ ᠤᠳᠤ ᠪᠣᠯᠲᠠᠯ᠎ᠠ ᠠᠷᠪᠠᠨ ᠲᠦᠮᠡᠨ ᠲᠥᠭᠦᠷᠢᠭ ᠤᠨ ᠤᠷᠤᠯᠭ᠎ᠠ ᠤᠯᠵᠤ᠂ ᠵᠢᠱᠢᠯᠲᠡ ᠪᠠᠷ 2023 ᠣᠨ ᠳᠤ 20 ᠲᠦᠮᠡᠨ ᠲᠥᠭᠦᠷᠢᠭ  ᠤᠨ ᠴᠡᠪᠡᠷ ᠤᠷᠤᠯᠭ᠎ᠠ ᠡᠭᠦᠳᠴᠦ᠂  ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠳᠤ ᠬᠡᠷᠡᠭᠯᠡᠬᠦ ᠪᠠᠷ ᠲᠥᠯᠦᠪᠯᠡᠵᠦ ᠪᠠᠶᠢᠨ᠎ᠠ᠃    ᠪᠠᠶ᠋ᠬᠠᠤᠪᠤᠭ᠎ᠠ ᠭᠠᠴᠠᠭᠠᠨ ᠤ ᠭᠦᠨ ᠵᠤᠵᠠᠭᠠᠨ ᠰᠤᠷᠤᠯᠴᠠᠯᠭ᠎ᠠ ᠶᠢᠨ ᠠᠭᠤᠷ ᠠᠮᠢᠰᠬᠤᠯ ᠨᠢ ᠭᠠᠴᠠᠭᠠᠨ ᠤ ᠨᠠᠮ  ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ ᠴᠡᠩᠭᠡᠯᠳᠦ ᠶᠢᠨ ᠳᠠᠭᠠᠭᠤᠯᠭ᠎ᠠ ᠠᠴᠠ ᠰᠠᠯᠵᠤ ᠴᠢᠳᠠᠬᠤ ᠥᠬᠡᠶ ᠶᠤᠮ᠂ ᠲᠥᠷᠦᠭᠦᠬᠡᠨ ᠲᠡᠷᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠡᠷᠬᠢᠨ ᠲᠣᠭᠤᠷᠢᠨ ᠤ ᠮᠠᠯᠴᠢᠳ ᠢ ᠴᠤᠭᠯᠠᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠪᠠᠰᠠ ᠲᠡᠵᠢᠭᠡᠨ ᠦᠷᠡᠵᠢᠭᠦᠯᠬᠦ ᠲᠤᠷᠰᠢᠯᠭ᠎ᠠ ᠪᠠᠨ ᠰᠤᠯᠢᠯᠴᠠᠭᠰᠠᠨ ᠪᠠᠶᠢᠨ᠎ᠠ᠃
   ᠪᠠᠶ᠋ᠬᠠᠤᠪᠤᠭ᠎ᠠ ᠭᠠᠴᠠᠭᠠᠨ ᠤ ᠺᠠᠳ᠋ᠷ ᠣᠯᠠᠨ ᠲᠦᠮᠡᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠰᠤᠷᠤᠯᠴᠠᠨ ᠲᠤᠤᠱᠯᠠᠭᠤᠯᠬᠤ ᠪᠠᠷ ᠵᠢᠯᠣᠭᠤᠳᠣᠯᠭ᠎ᠠ ᠪᠣᠯᠭᠠᠵᠤ᠂ ᠠᠵᠤ ᠦᠶᠯᠡᠰ ᠢ ᠬᠥᠭᠵᠢᠭᠦᠯᠦᠨ ᠮᠠᠨᠳᠤᠭᠤᠯᠬᠤ  ᠪᠠᠷ ᠬᠠᠷᠠᠯᠲᠠ ᠪᠣᠯᠭᠠᠨ᠂ ᠲᠡᠵᠢᠭᠡᠨ ᠦᠷᠡᠵᠢᠭᠦᠯᠬᠦ ᠮᠡᠷᠭᠡᠵᠢᠯ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠯᠠᠪᠳᠠᠭᠤᠨ ᠪᠠᠲᠤᠲᠠᠶ ᠴᠢᠷᠮᠠᠶᠢᠯᠭ᠎ᠠ ᠪᠠ ᠪᠦᠯᠬᠦᠮᠳᠡᠨ ᠲᠡᠮᠡᠴᠡᠬᠦ ᠬᠦᠴᠦᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠵᠠᠮ ᠢᠶᠠᠷ ᠵᠠᠮᠨᠠᠵᠤ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号