ᠬᠤᠰᠢᠭᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠡᠷᠡᠮᠡᠬᠡᠶᠢᠯᠡᠨ ᠤᠷᠤᠭᠰᠢᠯᠠᠬᠤ ᠰᠢᠨ᠎ᠡ ᠠᠶᠠᠨ ᠳᠤ ᠪᠠᠨ ᠳᠠᠬᠢᠨ ᠮᠤᠷᠳᠠᠨ᠎ᠠ
ᠨᠡᠶᠢᠲᠡᠯᠡᠭᠰᠡᠨ ᠴᠠᠭ᠄
2022/11/2
 ᠤᠳᠤᠷᠢᠳᠬᠠᠯ᠄ ᠭᠠᠯ ᠵᠠᠯᠠᠭᠤ ᠨᠠᠰᠤ ᠪᠠᠨ ᠠᠪᠤᠷᠠᠯᠳᠠ ᠶᠢᠨ ᠦᠢᠯᠡᠰ ᠲᠤ ᠵᠤᠷᠢᠭᠤᠯᠵᠤ᠂ ᠠᠶᠤᠯ ᠲᠦᠭᠰᠢᠬᠦᠷᠢ ᠶᠢ ᠰᠦᠷᠦᠨ᠂ ᠬᠠᠯᠠᠭᠤᠨ ᠠᠮᠢ ᠪᠦᠯᠢᠶᠠᠨ ᠴᠢᠰᠤ ᠪᠠᠷ ᠢᠶᠠᠨ ᠠᠷᠠᠳ ᠲᠦᠮᠡᠨ ᠤ ᠪᠠᠨ ᠠᠮᠤᠭᠤᠯᠠᠩ ᠠᠮᠢᠳᠤᠷᠠᠯ ᠤᠨ ᠲᠦᠯᠦᠬᠡ ᠵᠢᠳᠬᠦᠳᠡᠭ ᠤᠨᠴᠠᠭᠠᠢ ᠨᠢᠭᠡᠨ ᠠᠩᠭᠢ ᠪᠠᠶᠢᠳᠠᠭ᠃ ᠬᠤᠰᠢᠭᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ᠂ ᠵᠤᠷᠢᠭ ᠬᠦᠴᠦ ᠪᠠᠨ ᠰᠡᠯᠭᠦᠨ᠂ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠬᠡᠵᠢᠬᠦᠯᠵᠦ ᠪᠠᠶᠢᠨ᠎ᠠ᠃  ᠲᠠᠶᠢᠯᠪᠤᠷᠢ᠄ ᠬᠤᠰᠢᠭᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠠᠯᠪᠠᠨ ᠠᠰᠠᠷ ᠲᠤ᠂ ᠨᠠᠮ ᠳᠤ ᠣᠷᠣᠬᠤ ᠲᠠᠩᠭᠠᠷᠢᠭ ᠤᠨ ᠦᠬᠡᠰ ᠴᠤᠤᠷᠢᠶᠠᠳᠤᠨ᠂ ᠠᠵᠢᠯᠲᠠᠳ ᠨᠠᠮ ᠳᠤ ᠪᠠᠨ ᠳᠠᠬᠢᠨᠳᠠ ᠲᠠᠩᠭᠠᠷᠢᠭ ᠡᠷᠭᠦᠵᠦ᠂ ᠶᠡᠭᠡ ᠠᠩᠭᠢ ᠶᠢᠨ ᠳᠠᠷᠤᠭ᠎ᠠ ᠯᠢᠦ ᠰᠢᠦ ᠹᠧᠩ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠰᠤᠷᠤᠯᠴᠠᠨ ᠶᠠᠷᠢᠯᠴᠠᠵᠤ᠂ ᠤᠯᠠᠨ ᠢᠶᠠᠷ ᠢᠶᠠᠨ ᠤᠬᠠᠮᠰᠠᠷ ᠠᠴᠠ ᠪᠠᠨ ᠰᠢᠨ᠎ᠡ ᠵᠢᠭᠠᠪᠤᠷᠢ ᠰᠢᠨ᠎ᠡ ᠱᠠᠭᠠᠷᠳᠠᠯᠭ᠎ᠠ ᠪᠠᠷ ᠪᠠᠷᠢᠮᠵᠢᠶ᠎ᠠ ᠪᠣᠯᠭᠠᠵᠤ᠂ ᠵᠥᠷᠢᠶ᠎ᠡ ᠪᠠᠨ ᠡᠷᠢᠵᠦ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠨᠠᠮ  ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠦᠵᠡᠯ ᠰᠠᠨᠠᠭ᠎ᠠ ᠦᠶᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ  ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠣᠶᠤᠨ ᠰᠠᠨᠠᠭᠠᠨ ᠤ ᠬᠠᠮᠲᠤᠷᠠᠯ ᠬᠦᠴᠦᠨ ᠢᠶᠠᠨ ᠨᠢᠭᠲᠠᠷᠠᠭᠤᠯᠵᠤ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢᠶᠠᠨ ᠬᠦᠭᠵᠢᠭᠡᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠪᠤᠢ ᠪᠤᠯᠭᠠᠯ᠎ᠠ᠃  ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠨᠠᠮ ᠪᠠ ᠤᠯᠤᠰ ᠤᠨ ᠠᠵᠢᠯ ᠦᠶᠯᠡᠰ ᠤᠨ ᠬᠥᠭᠵᠢᠯᠲᠡ ᠶᠢᠨ ᠤᠷᠤᠭᠰᠢᠯᠠᠯᠲᠠ ᠶᠢᠨ ᠴᠢᠭᠯᠡᠯ ᠢ ᠤᠯᠠᠮ ᠨᠢᠭᠡ ᠠᠯᠬᠤᠮ ᠲᠣᠳᠣᠷᠬᠠᠶ ᠵᠢᠭᠠᠨ ᠭᠠᠷᠭᠠᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡᠨ ᠤ ᠨᠠᠮ ᠪᠠ ᠠᠷᠠᠳ ᠲᠦᠮᠡᠨ ᠠᠴᠠ ᠳᠠᠭᠠᠭᠠᠯᠭᠠᠭᠰᠠᠨ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠨᠠᠩ ᠰᠠᠶᠢᠲᠤᠷ ᠭᠦᠶᠴᠡᠳᠬᠡᠵᠦ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠳᠤ ᠤᠷᠤᠭᠰᠢᠯᠠᠯᠲᠠ  ᠶᠢᠨ ᠴᠢᠭᠯᠡᠯ ᠢ ᠲᠣᠳᠣᠷᠬᠠᠶ ᠵᠢᠭᠠᠵᠤ ᠥᠭᠴᠡᠶ᠃ ᠤᠯᠠᠨ ᠢᠶᠠᠷ ᠢᠶᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠡᠷᠴᠢ ᠵᠣᠷᠢᠭ ᠢᠶᠠᠨ ᠬᠥᠪᠴᠢᠯᠡᠨ ᠡᠷᠡᠮᠡᠬᠡᠶᠢᠯᠡᠨ ᠤᠷᠤᠭᠰᠢᠯᠠᠵᠤ᠂ ᠮᠠᠨ ᠤ ᠬᠤᠰᠢᠭᠤᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠰᠠᠨᠠᠯ ᠨᠢᠭᠡᠲᠡᠢ ᠢᠯᠡᠷᠭᠡᠶᠢᠯᠡᠵᠡᠭᠡᠨ᠎ᠡ᠃  2022 ᠣᠨ ᠳᠤ ᠮᠠᠨ ᠤ ᠬᠤᠰᠢᠭᠤᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠰᠠᠯᠠᠭ᠎ᠠ ᠮᠥᠴᠢᠷ ᠪᠠᠶᠠᠷᠯᠠᠭᠤᠰᠢᠲᠠᠶ ᠠᠮᠵᠢᠯᠲᠠ ᠪᠦᠲᠦᠮᠵᠢ ᠭᠠᠷᠭᠠᠵᠤ᠂ ᠡᠯ᠎ᠡ ᠵᠦᠶᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ  ᠲᠠᠢ ᠪᠡᠶᠡᠯᠡᠬᠦᠯᠦᠨ᠂ ᠬᠤᠰᠢᠭᠤᠨ ᠤ ᠵᠠᠰᠠᠭ ᠤᠨ ᠣᠷᠳᠣᠨ ᠤ ︽ᠭᠤᠷᠪᠠᠨ ᠳᠠᠷᠤᠭ᠎ᠠ ᠪᠠᠳᠤᠯᠠᠨ ᠳᠠᠭᠠᠭᠠᠬᠤ︾ ᠬᠠᠷᠢᠭᠤᠴᠠᠯᠭ᠎ᠠ ᠶᠢᠨ ᠲᠦᠷᠢᠮ ᠤᠨ ᠠᠵᠢᠯ ᠤᠨ ᠵᠠᠭᠪᠤᠷ ᠲᠤ ᠲᠦᠰᠢᠭᠯᠡᠨ᠂ 7 ᠰᠤᠮᠤ ᠪᠠᠯᠭᠠᠰᠤ ᠶᠢ ᠵᠢᠯᠣᠭᠤᠳᠤᠨ ᠱᠠᠭᠠᠷᠳᠠᠵᠤ ︽ᠨᠢᠭᠡ ᠵᠥᠪᠯᠡᠯ ᠨᠢᠭᠡ ᠠᠩᠭᠢ ᠨᠢᠭᠡ ᠲᠥᠪ︾ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠬᠦᠯᠦᠨ᠂ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠤᠰᠤᠨ ᠤ ᠰᠤᠷᠪᠤᠯᠵᠢ ᠶᠢᠨ ᠬᠤᠭᠤᠰᠣᠨ ᠭᠠᠵᠠᠷ ᠢ ᠰᠢᠶᠳᠪᠦᠷᠢᠯᠡᠬᠦ ᠪᠠᠷ ᠭᠠᠷᠳᠠᠴᠠ ᠪᠣᠯᠭᠠᠵᠤ᠂ 4 ᠰᠤᠮᠤᠨ ᠳᠤ 6 ᠰᠠᠭᠤᠷᠢ ᠭᠠᠯ ᠤᠨᠲᠠᠷᠠᠭᠠᠬᠤ ᠤᠰᠤᠨ ᠰᠦᠷᠴᠢᠬᠦᠷ ᠰᠢᠨ᠎ᠡ ᠪᠠᠷ ᠪᠠᠶᠢᠭᠤᠯᠵᠠᠢ᠃ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢ ᠵᠣᠬᠢᠴᠠᠭᠤᠯᠵᠤ᠂ ᠦᠷᠭᠡᠨᠳᠡᠯ᠎ᠡ ᠪᠠᠯᠭᠠᠰᠤᠨ ᠤ ᠰᠠᠶᠢᠨ ᠳᠤᠷ᠎ᠠ ᠶᠢᠨ ᠭᠠᠯ ᠤᠨᠲᠠᠷᠠᠭᠠᠬᠤ ᠦᠷᠳᠡᠭᠡᠨ ᠤ ᠪᠥᠲᠥᠭᠡᠨ ᠪᠠᠶᠢᠭᠤᠯᠤᠯᠲᠠ ᠶᠢ 2023 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠥᠷᠥᠯ ᠵᠦᠶᠯ  ᠤᠨ ᠬᠥᠮᠥᠷᠭᠡ ᠳᠤ ᠤᠷᠤᠭᠤᠯᠬᠤ ᠪᠠᠷ ᠪᠤᠢ᠃  ᠭᠠᠯ ᠰᠡᠷᠭᠡᠶᠢᠯᠡᠯᠲᠡ ᠶᠢᠨ ᠬᠢᠨᠠᠯᠲᠠ ᠲᠠᠯᠪᠢᠬᠤ ᠪᠣᠯ ᠭᠠᠯ ᠤᠨᠲᠠᠷᠠᠭᠠᠬᠤ ᠠᠵᠢᠯ ᠤᠨ ᠳᠤᠮᠳᠠᠬᠢ ᠨᠢᠭᠡᠨ ᠵᠠᠩᠭᠢᠯᠠᠭ᠎ᠠ  ᠶᠢᠨ ᠡᠭᠦᠷᠭᠡ ᠪᠣᠯᠤᠨ᠎ᠠ᠂ ᠴᠠᠭ ᠪᠠ ᠥᠪᠡᠷ ᠤᠨ ᠥᠷᠲᠡᠭ ᠢ ᠠᠷᠪᠢᠯᠠᠵᠤ᠂ ᠠᠵᠤ ᠠᠬᠤᠶᠢᠯᠠᠯ ᠪᠠ ᠬᠡᠰᠡᠭ ᠭᠤᠤᠯᠳᠠᠯᠭ᠎ᠠ ᠲᠠᠢ ᠨᠢᠭᠡᠴᠡ ᠶᠢᠨ ᠭᠠᠯ ᠰᠡᠷᠭᠡᠶᠢᠯᠡᠬᠦ᠂ ᠰᠣᠷᠢᠯᠲᠠ ᠶᠢᠨ ᠪᠠᠶᠢᠳᠠᠯ ᠢ ᠨᠠᠩ ᠲᠥᠬᠦᠮ ᠢᠶᠠᠷ ᠡᠵᠡᠮᠰᠢᠬᠦ  ᠶᠢᠨ ᠲᠥᠯᠥᠭᠡ᠂ 2022 ᠣᠨ ᠳᠤ ᠬᠤᠰᠢᠭᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠤᠲᠠ  ᠶᠢᠨ ᠠᠯᠤᠰ ᠡᠵᠡᠮᠰᠢᠯᠲᠦ ᠬᠢᠨᠠᠨ ᠡᠵᠡᠮᠳᠡᠬᠦ ᠰᠢᠰᠲ᠋ᠧᠮ ᠢ ᠣᠷᠣᠭᠤᠯᠤᠨ ᠠᠪᠴᠢᠷᠠᠵᠤ᠂ ᠭᠠᠯ ᠤᠨᠲᠠᠷᠠᠭᠠᠬᠤ ᠪᠠᠶᠢᠯᠳᠤᠭᠠᠨ ᠤ ᠵᠢᠯᠣᠭᠤᠳᠬᠤ ᠲᠠᠰᠤᠭ ᠲᠤ ᠭᠠᠯ ᠤᠨᠲᠠᠷᠠᠭᠠᠭᠴᠢᠳ ᠨᠢᠭᠡ ᠲᠠᠯ᠎ᠠ ᠪᠠᠷ ᠺᠣᠮᠫᠢᠦ᠋ᠲ᠋ᠧᠷ ᠢᠶᠠᠷ ᠡᠵᠡᠮᠳᠡᠵᠦ᠂ ᠨᠥᠭᠦᠭᠡ ᠲᠠᠯ᠎ᠠ ᠪᠠᠷ ᠪᠠᠶᠢᠯᠳᠤᠭᠠᠨ ᠢ ᠵᠢᠯᠣᠭᠤᠳᠴᠤ᠂ ᠴᠠᠭ ᠲᠤᠬᠠᠶ ᠳᠤᠨᠢ ᠬᠢᠨᠠᠨ ᠡᠵᠡᠮᠳᠡᠵᠦ᠂ ᠡᠯ᠎ᠡ ᠠᠵᠤ ᠠᠬᠤᠶᠢᠯᠠᠯ ᠨᠢᠭᠡᠴᠡ ᠶᠢᠨ ᠭᠠᠯ ᠰᠡᠷᠭᠡᠶᠢᠯᠡᠬᠦ ᠪᠠᠶᠢᠳᠠᠯ ᠢ ᠴᠠᠭ ᠢᠮᠠᠭᠲᠠ ᠡᠵᠡᠮᠰᠢᠵᠦ᠂ ᠬᠥᠮᠦᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ ᠬᠦᠴᠦᠨ ᠢ ᠶᠡᠭᠡ ᠪᠠᠷ ᠪᠠᠭᠠᠰᠬᠠᠵᠠᠶ᠃  ᠰᠤᠷᠪᠤᠯᠵᠢᠯᠠᠭ᠎ᠠ᠄ ᠬᠤᠰᠢᠭᠤ ᠭᠠᠯ ᠰᠡᠷᠭᠡᠶᠢᠯᠡᠵᠦ ᠭᠠᠯ ᠤᠨᠳᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠳᠠᠷᠤᠭ᠎ᠠ ᠯᠢᠦ ᠰᠢᠦ ᠹᠧᠩ ︵ᠲᠠᠷᠠᠭᠠᠴᠢ ᠶᠢᠨ ᠠᠯᠬᠤᠮ ᠳᠤ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠤᠤᠱᠯᠠᠭᠤᠯᠵᠤ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠤᠨᠤᠰᠤᠨ᠂ ᠨᠠᠮ ᠢᠶᠠᠨ ᠳᠠᠭᠠᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠭᠤᠣᠯ ᠬᠦᠴᠦᠨ ᠴᠡᠷᠢᠭ ᠪᠠ ᠤᠯᠤᠰ ᠤᠨ ᠠᠩᠭᠢ ᠶᠢᠨ ᠳᠠᠷᠬᠠᠨ ᠡᠭᠦᠷᠭᠡ ᠶᠢ ᠨᠡᠩ ᠤᠬᠠᠮᠰᠠᠷ ᠠᠴᠠ ᠪᠠᠨ ᠡᠭᠦᠷᠭᠡᠯᠡᠨ᠂ ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠪᠠᠷᠢᠮᠳᠠᠯᠠᠨ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠦᠨᠡᠨ ᠬᠦ ᠪᠡᠶᠡᠯᠡᠬᠦᠯᠵᠦ᠂ ᠰᠠᠬᠢᠯᠭ᠎ᠠ ᠪᠠᠲᠤ ᠴᠢᠩᠭ᠎ᠠ᠂ ᠠᠶᠤᠯ ᠵᠣᠪᠠᠯᠠᠩ ᠠᠴᠠ ᠠᠶᠤᠬᠤ ᠦᠭᠡᠢ᠂ ᠦᠨᠡᠨ ᠰᠡᠳᠬᠢᠯ ᠠᠴᠠ ᠪᠠᠨ ᠠᠷᠠᠳ ᠲᠦᠮᠡᠨ ᠳᠤ ᠦᠢᠯᠡᠴᠢᠯᠡᠬᠦ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠡᠷᠡᠰ ᠡᠭᠦᠷᠭᠡᠯᠡᠨ᠂ ᠡᠯ᠎ᠡ ᠲᠥᠷᠥᠯ ᠤᠨ ᠭᠠᠶ ᠭᠠᠮᠰᠢᠭ ᠤᠨ ᠠᠳᠡᠯ ᠢ ᠠᠷᠭᠠᠴᠠᠭᠠᠨ ᠰᠢᠶᠳᠪᠦᠷᠢᠯᠡᠬᠦ ᠴᠢᠬᠤᠯᠠ ᠡᠭᠦᠷᠭᠡ ᠬᠠᠷᠢᠭᠤᠴᠠᠯᠭ᠎ᠠ᠂ ᠡᠯ᠎ᠡ ᠵᠦᠶᠯ ᠤᠨ ᠪᠠᠴᠢᠮ᠂ ᠬᠦᠴᠢᠷ᠂ ᠠᠶᠤᠯ ᠲᠠᠢ᠂ ᠬᠦᠨᠳᠦ ᠡᠭᠦᠷᠭᠡ ᠶᠢᠨ ᠡᠮᠦᠨ᠎ᠡ ᠬᠤᠰᠢᠭᠤᠴᠢ ᠪᠤᠯᠵᠤ᠂ ᠠᠷᠠᠳ ᠲᠦᠮᠡᠨ ᠳᠤ ᠦᠶᠯᠡᠴᠢᠯᠡᠬᠦ ᠦᠨᠳᠦᠰᠦᠨ ᠵᠣᠷᠢᠯᠲᠠ ᠪᠠᠨ ᠵᠢᠱᠢᠶᠡᠴᠢ ᠪᠠᠷ ᠦᠢᠯᠡᠳᠦᠯᠬᠡᠵᠢᠬᠦᠯᠦᠨ᠂ ᠨᠠᠮ ᠪᠣᠯᠤᠨ ᠠᠷᠠᠳ ᠲᠦᠮᠡᠨ ᠤ ︽ᠡᠩᠭᠡ ᠶᠢᠨ ᠮᠠᠨᠠᠭᠠᠴᠢ︾ ᠪᠤᠯᠬᠤ ᠶᠤᠮ᠃︶  ᠡᠨᠡ ᠵᠢᠯ ᠠᠴᠠ ᠨᠠᠰᠢ᠂ ᠬᠤᠰᠢᠭᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠨᠡᠶᠢᠲᠡ 58 ᠬᠡᠷᠡᠭ ᠢ ᠭᠥᠯᠢᠶᠡᠨ ᠠᠪᠴᠤ᠂ 443 ᠬᠥᠮᠦᠨ ᠤᠳᠠᠭ᠎ᠠ ᠬᠦᠳᠡᠯᠦᠯᠴᠡᠵᠦ᠂ 141 ᠭᠠᠯ ᠤᠨᠲᠠᠷᠠᠭᠠᠬᠤ ᠲᠡᠷᠭᠡ ᠬᠥᠳᠡᠯᠭᠡᠵᠦ᠂ 14 ᠬᠠᠰᠢᠭᠳᠠᠭᠰᠠᠨ ᠬᠥᠮᠦᠨ ᠢ ᠠᠪᠤᠷᠠᠵᠤ᠂ 33 ᠬᠥᠮᠦᠨ ᠢ ᠲᠠᠷᠬᠠᠭᠠᠵᠤ ᠵᠠᠶᠢᠯᠠᠭᠤᠯᠤᠨ᠂ ᠭᠠᠯ ᠤᠨ ᠠᠶᠤᠯ ᠠᠴᠠ ᠠᠪᠤᠷᠠᠭᠰᠠᠨ ᠡᠳ᠋ ᠬᠥᠷᠥᠩᠭᠡ ᠶᠢᠨ ᠬᠤᠬᠢᠷᠠᠯ 213.7 ᠲᠦᠮᠡᠨ ᠲᠥᠭᠦᠷᠢᠭ᠂ ᠠᠶᠤᠯ  ᠠᠴᠠ ᠬᠠᠮᠠᠭᠠᠯᠠᠭᠰᠠᠨ ᠡᠳ᠋ ᠬᠥᠷᠥᠩᠭᠡ ᠶᠢᠨ ᠬᠤᠬᠢᠷᠠᠯ 398.8 ᠲᠦᠮᠡᠨ ᠲᠥᠭᠦᠷᠢᠭ ᠲᠤ ᠬᠦᠷᠴᠦ᠂ ᠲᠣᠰ ᠵᠢᠯ  ᠳᠤ ᠶᠡᠭᠡ ᠭᠠᠯ ᠤᠨ ᠠᠳᠡᠯ ᠭᠠᠮᠰᠢᠭ ᠭᠠᠷᠤᠭᠰᠠᠨ ᠥᠬᠡᠶ᠂ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠨ᠎ᠠ᠃  
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号