ᠰᠥᠨᠢᠳ ᠪᠠᠷᠠᠭᠤᠨ ᠬᠤᠰᠢᠭᠤᠨ ᠤ ᠬᠥᠬᠡᠬᠤᠲᠠ ᠠᠴᠠ ᠬᠤᠰᠢᠭᠤᠨ ᠳᠤ ᠪᠠᠨ ᠪᠤᠴᠠᠬᠤ ᠬᠦᠮᠦᠰ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2022/11/2
 ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠡᠷᠡᠭᠴᠡᠭᠡ ᠶᠢ ᠦᠨᠳᠦᠰᠦᠯᠡᠨ᠂ ᠲᠣᠰ ᠡᠳᠦᠷ ᠠᠴᠠ ᠡᠬᠢᠯᠡᠨ᠂ ᠬᠥᠬᠡᠬᠤᠲᠠ ᠪᠠᠷ ᠵᠢᠭᠤᠯᠴᠢᠯᠠᠨ ᠰᠠᠭᠤᠭᠰᠠᠨ ᠲᠡᠦᠬᠡ ᠲᠠᠢ ᠬᠦᠮᠦᠰ ᠮᠠᠨ ᠤ ᠬᠤᠰᠢᠭᠤᠨ ᠳᠤ ᠢᠷᠡᠪᠡᠯ ᠳᠣᠤᠷᠠᠬᠢ ᠮᠡᠲᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃  ᠨᠢᠭᠡ᠂ ᠬᠥᠬᠡᠬᠤᠲᠡ ᠪᠠᠷ ᠵᠢᠭᠤᠯᠴᠢᠯᠠᠨ ᠰᠠᠭᠤᠭᠰᠠᠨ ᠲᠡᠦᠬᠡ ᠲᠠᠢ ᠬᠦᠮᠦᠰ ᠮᠠᠨ ᠤ ᠬᠤᠰᠢᠭᠤᠨ ᠳᠤ ᠢᠷᠡᠪᠡᠯ ︽10 ᠡᠳᠦᠷ ᠬᠡᠷ ᠲᠡᠭᠡᠨ ᠲᠤᠰᠠᠭᠠᠷᠯᠠᠬᠤ ︵ᠬᠠᠮᠲᠤ ᠰᠠᠭᠤᠭ᠎ᠠ ᠬᠦᠮᠦᠰ ᠢ ᠪᠠᠭᠲᠠᠭᠠᠨ᠎ᠠ︶ + ᠲᠦᠷᠦᠭᠦᠦ 7 ᠡᠳᠦᠷ ᠡᠳᠦᠷ ᠪᠦᠷᠢ ᠪᠥᠭᠡᠮ ᠬᠦᠴᠢᠯ ᠤᠨ ᠪᠠᠶᠢᠴᠠᠭᠠᠯᠲᠠ ᠬᠢᠬᠦ + 10 ᠳ᠋ᠤᠭᠠᠷ ᠡᠳᠦᠷ ᠪᠥᠭᠡᠮ ᠬᠦᠴᠢᠯ ᠤᠨ ᠪᠠᠶᠢᠴᠠᠭᠠᠯᠲᠠ ᠬᠢᠬᠦ︾ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠲᠤᠰᠠᠭᠠᠷᠯᠠᠬᠤ ᠴᠠᠭ ᠢ ᠪᠤᠴᠠᠵᠤ ᠢᠷᠡᠭᠰᠡᠨ ᠡᠳᠦᠷ ᠠᠴᠠ ᠡᠬᠢᠯᠡᠵᠦ ᠪᠤᠳᠤᠨ᠎ᠠ᠃  ᠬᠤᠶᠠᠷ᠂ ᠮᠠᠨ ᠤ ᠬᠤᠰᠢᠭᠤᠨ ᠳᠤ ᠢᠷᠡᠬᠦ ᠬᠥᠮᠦᠰ ᠡᠷᠬᠡᠪᠰᠢ 2 ᠡᠳᠦᠷ ᠤᠨ ᠡᠮᠦᠨ᠎ᠡ ᠤᠷᠢᠳᠴᠢᠯᠠᠨ ᠪᠠᠶᠢᠭ᠎ᠠ ᠨᠡᠶᠢᠭᠡᠮ ᠲᠣᠭᠤᠷᠢᠭ᠂ ᠭᠠᠴᠠᠭ᠎ᠠ ᠵᠢᠴᠢ ᠬᠠᠮᠢᠶ᠎ᠠ ᠪᠥᠬᠦᠶ ᠪᠠᠶᠢᠭᠤᠯᠭ᠎ᠠ ᠨᠢᠭᠡᠴᠡ ᠳᠤ ᠪᠠᠨ ᠮᠡᠳᠡᠭᠦᠯᠦᠨ ᠳᠠᠩᠰᠠᠯᠠᠭᠤᠯᠵᠤ᠂ ᠵᠥᠪᠰᠢᠶᠡᠷᠡᠭᠦᠯᠦᠭᠰᠡᠨ ᠤ ᠳᠠᠷᠠᠭ᠎ᠠ ᠲᠠᠪᠤᠨ ᠡᠳᠦᠷ ᠲᠤ ᠭᠤᠷᠪᠠ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠬᠡᠷᠡᠴᠢ ᠪᠠᠨ ᠠᠪᠴᠤ ᠢᠷᠡᠬᠦ ᠬᠡᠷᠡᠭᠲᠡᠢ᠃ ᠳᠤᠮᠳᠠ ᠥᠨᠳᠥᠷ ᠵᠡᠷᠭᠡ ᠶᠢᠨ ᠲᠥᠭᠰᠢᠭᠦᠷᠢᠲᠦ ᠣᠷᠣᠨ ᠤ ᠪᠠᠶᠢᠭ᠎ᠠ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠣᠯᠠᠨ ᠲᠦᠮᠡᠨ ᠴᠢᠬᠤᠯᠠ ᠦᠭᠡᠢ ᠪᠤᠯ ᠮᠠᠨ ᠤ ᠬᠤᠰᠢᠭᠤᠨ ᠳᠤ ᠢᠷᠡᠬᠦ ᠥᠬᠡᠶ ᠪᠠᠶᠢᠵᠤ᠂ ᠦᠨᠡᠨ ᠬᠦ ᠢᠷᠡᠬᠦ ᠴᠢᠬᠤᠯᠠᠲᠠᠶ ᠪᠣᠯ ᠮᠣᠷᠳᠠᠬᠤ ᠭᠠᠵᠠᠷ ᠤᠨ ᠵᠢᠯᠣᠭᠤᠳᠬᠤ ᠬᠡᠯᠲᠡᠰ ᠤᠨ ᠬᠦᠷᠭᠡᠬᠦ ᠵᠠᠬᠢᠳᠠᠯ ᠵᠢᠴᠢ ᠨᠡᠶᠢᠭᠡᠮ ᠲᠣᠭᠤᠷᠢᠭ ᠤᠨ ᠭᠡᠷᠡᠴᠢ ᠲᠠᠢ ᠪᠠᠶᠢᠬᠤ ᠶᠢ ᠱᠠᠭᠠᠷᠳᠠᠨ᠎ᠠ᠃  ᠭᠤᠷᠪᠠ᠂ ᠬᠤᠰᠢᠭᠤ ᠳᠤ ᠪᠤᠴᠠᠬᠤ ᠬᠥᠮᠦᠰ ᠡᠷᠬᠡᠪᠰᠢ ︽ᠬᠤᠶᠠᠷ ᠥᠷᠲᠡᠭᠡ ᠨᠢᠭᠡ ᠲᠠᠯᠠᠪᠤᠷ︾ ᠵᠢᠴᠢ ᠵᠠᠰᠠᠮᠠᠯ ᠵᠠᠮ ᠤᠨ ᠪᠣᠭᠤᠮᠲᠠ ᠪᠠᠷ ᠳᠠᠮᠵᠢᠨ ᠬᠤᠰᠢᠭᠤᠨ ᠳᠤ ᠤᠷᠤᠵᠤ᠂ ᠬᠤᠰᠢᠭᠤᠨ ᠳᠤ ᠢᠷᠡᠭᠰᠡᠨ ᠡᠳᠦᠷ ᠲᠤ ᠪᠠᠨ ᠨᠡᠶᠢᠭᠡᠮ ᠲᠣᠭᠤᠷᠢᠭ᠂ ᠭᠠᠴᠠᠭ᠎ᠠ ᠲᠠᠢ ᠬᠠᠮᠤᠭ ᠤᠨ ᠲᠡᠷᠢᠭᠦᠨ ᠳᠤ ᠬᠠᠷᠢᠯᠴᠠᠵᠤ᠂ ᠨᠡᠶᠢᠭᠡᠮ ᠲᠣᠭᠤᠷᠢᠭ ᠵᠢᠴᠢ ᠭᠠᠴᠠᠭᠠᠨ ᠠᠴᠠ ᠲᠤᠰᠴᠤ ᠬᠦᠷᠭᠡᠬᠦ ᠶᠢᠨ ᠬᠠᠮᠲᠤ ᠲᠤᠰᠠᠭᠠᠷᠯᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠤᠨ᠎ᠠ᠃  ᠳᠥᠷᠪᠡ᠂ ᠠᠶᠠᠯᠠᠯ ᠤᠨ ᠮᠡᠳᠡᠭᠡ ᠵᠠᠩᠭᠢ ᠪᠠᠨ ᠨᠢᠭᠤᠨ ᠳᠠᠯᠳᠠᠯᠠᠬᠤ᠂ ᠣᠨᠣᠰᠢᠯᠠᠭᠳᠠᠭᠰᠠᠨ ᠡᠪᠡᠳᠴᠢᠲᠡᠨ ᠪᠤᠶᠤ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠲᠠᠢ ᠨᠢᠭᠲᠠ ᠣᠶᠢᠷᠠᠲᠤᠭᠰᠠᠨ ᠲᠡᠦᠬᠡ᠂ ᠠᠵᠢᠯᠯᠠᠭᠠᠨ ᠤ ᠵᠠᠮ ᠮᠥᠷ ᠳᠠᠪᠬᠤᠴᠠᠭᠰᠠᠨ ᠪᠠᠶᠢᠳᠠᠯ ᠢᠶᠠᠨ ᠨᠢᠭᠤᠨ ᠳᠠᠯᠳᠠᠯᠠᠬᠤ ᠵᠢᠴᠢ ᠪᠤᠰᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠠᠮᠵᠢᠯᠴᠠᠬᠤ ᠦᠭᠡᠢ ᠦᠶᠯᠡ ᠠᠵᠢᠯᠯᠠᠭ᠎ᠠ ᠪᠠᠶᠢᠪᠠᠯ᠂ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃  ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠬᠡᠯᠲᠡᠰ ᠤᠨ ᠬᠠᠷᠢᠯᠴᠠᠬᠤ ᠤᠲᠠᠰᠤ᠄    0479-7220880    0479 -7213649    0479-7220868    0479-7221886  ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠤᠨ ᠤᠲᠠᠰᠤ᠄ 0479 -7229015  ᠬᠤᠰᠢᠭᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ ᠤᠨ ᠤᠲᠠᠰᠤ᠄ 0479-7222218  ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ 0479 -7212810 ᠡᠯ᠎ᠡ ᠰᠤᠮᠤ ᠪᠠᠯᠭᠠᠰᠤ᠂ ᠨᠡᠶᠢᠭᠡᠮ ᠲᠣᠭᠤᠷᠢᠭ ᠤᠨ ᠮᠡᠳᠡᠭᠦᠯᠦᠨ ᠳᠠᠩᠰᠠᠯᠠᠭᠤᠯᠬᠤ ᠤᠲᠠᠰᠤ᠄ ᠰᠠᠶᠢᠬᠠᠨᠲᠠᠯ᠎ᠠ ᠪᠠᠯᠭᠠᠰᠤ      0479-7211115  13614893956ᠵᠢᠷᠦᠬᠡ ᠪᠠᠯᠭᠠᠰᠤ        0479-7480583  13604798365ᠥᠷᠭᠡᠨᠲᠠᠯ᠎ᠠ ᠪᠠᠯᠭᠠᠰᠤ      0479-7311188  15247973017ᠡᠷᠢᠶᠡᠨᠨᠠᠭᠤᠷ ᠰᠤᠮᠤ        0479-7496221  13644793323ᠰᠠᠩᠪᠤᠯᠠᠭ ᠰᠤᠮᠤ         13234793370ᠰᠠᠶᠢᠬᠠᠠᠠᠥ᠋ᠯᠵᠠᠢ ᠰᠤᠮᠤ       14747906129ᠠᠴᠢᠲᠦᠠᠠᠭᠤᠯᠠ ᠰᠤᠮᠤ       15247852960ᠷᠠᠰᠢᠶᠠᠨ ᠨᠡᠶᠢᠭᠡᠮ ᠲᠣᠭᠤᠷᠢᠭ    ᠲᠤᠶᠠᠭ᠎ᠠ         13644793965ᠤᠯᠠᠭᠠᠨ ᠨᠡᠶᠢᠭᠡᠮ ᠲᠣᠭᠤᠷᠢᠭ    ᠭᠦᠸᠧ ᠵᠢᠩ       15048930818ᠮᠠᠯᠴᠢᠨ ᠨᠡᠶᠢᠭᠡᠮ ᠲᠣᠭᠤᠷᠢᠭ          ᠤᠷᠭᠤᠭ᠎ᠠ   13947991179ᠪᠤᠯᠠᠭ ᠨᠡᠶᠢᠭᠡᠮ ᠲᠣᠭᠤᠷᠢᠭ           ᠲᠠᠢ ᠯᠢ ᠶᠢᠩ  15048930998ᠲᠡᠮᠦᠷ ᠵᠠᠮ ᠤᠨ ᠨᠡᠶᠢᠭᠡᠮ ᠲᠣᠭᠤᠷᠢᠭ       ᠵᠧᠦ ᠴᠢ    15947199374ᠰᠠᠢ ᠪᠧᠢ ᠴᠧᠩ ᠨᠡᠶᠢᠭᠡᠮ ᠲᠣᠭᠤᠷᠢᠭ       ᠲᠦᠩ ᠰᠢᠦ ᠴᠢᠨ 13674890685ᠬᠠᠩᠭᠠᠶ ᠵᠠᠮ ᠤᠨ ᠨᠡᠶᠢᠭᠡᠮ ᠲᠣᠭᠤᠷᠢᠭ      ᠴᠠᠩ ᠢᠦ᠋ᠶ ᠵᠧᠨ 13847906860ᠴᠠᠬᠢᠯᠭᠠᠨ ᠬᠦᠴᠦᠨ ᠤ ᠨᠡᠶᠢᠭᠡᠮ ᠲᠣᠭᠤᠷᠢᠭ    ᠸᠠᠩ ᠬᠤᠶ ᠶᠢᠩ  13947941669ᠪᠠᠶᠠᠨ ᠨᠡᠶᠢᠭᠡᠮ ᠲᠣᠭᠤᠷᠢᠭ          ᠪᠢᠯᠢᠭᠲᠦ    13947905760ᠰᠥᠨᠢᠳ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ         2022 ᠣᠨ ᠤ 11 ᠰᠠᠷ᠎ᠠ ᠶᠢᠨ 2 ᠤᠨ ᠡᠳᠦᠷ
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ‍ᠤ᠊
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号