ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠢᠴᠢᠶᠡᠯ ᠤᠨ ᠳᠠᠩᠭᠢᠮ ᠳᠤ ᠤᠷᠤᠭᠤᠯᠤᠨ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠦᠷ᠎ᠡ ᠪᠦᠲᠦᠮᠵᠢ ᠶᠢ ᠳᠡᠭᠡᠭᠰᠢᠯᠡᠬᠦᠯᠦᠨ᠎ᠡ
ᠨᠡᠶᠢᠲᠡᠯᠡᠭᠰᠡᠨ ᠴᠠᠭ᠄
2022/11/3
    ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠡ ᠪᠢᠴᠢᠭ ᠤᠨ ᠪᠠᠭᠰᠢ ᠰᠦᠨ ᠵᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠣᠨᠣᠯ ᠢ ᠭᠦᠨᠵᠡᠭᠡᠶ ᠣᠶᠢᠯᠠᠭᠠᠵᠤ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠴᠢᠶᠡᠯ ᠤᠨ ᠳᠠᠩᠭᠢᠮ ᠳᠤ ᠤᠷᠤᠭᠤᠯᠤᠯ᠎ᠠ᠃    ︽ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠭᠰᠠᠨ ᠪᠦᠳᠦᠭᠡᠨ ᠪᠠᠶᠢᠭᠤᠯᠤᠯᠲᠠ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠦᠵᠡᠭᠦᠯᠦᠭᠰᠡᠨ ᠠᠴᠢ ᠬᠤᠯᠪᠣᠭᠳᠠᠯ ᠨᠢ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠡ ᠶᠢᠨ ᠨᠠᠮ ᠤᠨ ᠳᠣᠯᠣᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠬᠤᠪᠢᠰᠬᠠᠯ ᠤᠨ ᠢᠯᠠᠯᠲᠠ ᠳᠤ ᠦᠵᠡᠭᠦᠯᠦᠭᠰᠡᠨ ᠠᠴᠢ ᠬᠤᠯᠪᠣᠭᠳᠠᠯ ᠲᠠᠢ ᠲᠡᠦᠬᠡ ᠶᠢᠨ ᠴᠠᠭ ᠣᠷᠣᠨ ᠵᠠᠢ ᠲᠠᠢ ᠨᠡᠶᠢᠴᠡᠵᠦ ᠪᠤᠯᠤᠨ᠎ᠠ︾ ᠰᠦᠨ ᠵᠢᠶᠠᠨ ᠬᠢᠴᠢᠶᠡᠯ ᠳᠠᠶᠢᠯᠪᠤᠷᠢᠯᠠᠨ ᠰᠤᠷᠤᠭᠴᠢᠳ ᠤᠨ ᠢᠶᠠᠨ ᠠᠩᠬᠠᠷᠤᠯ ᠢ ᠳᠠᠳᠠᠨ ᠤᠷᠮ᠎ᠠ ᠶᠢ ᠨᠢ ᠬᠦᠭᠵᠢᠬᠡᠨ᠎ᠡ᠃
   ᠰᠤᠷᠪᠤᠯᠵᠢᠯᠠᠭ᠎ᠠ᠄ ᠬᠤᠰᠢᠭᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ᠰᠦᠨ ᠵᠢᠶᠠᠨ ︵ᠨᠠᠮ  ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠳᠤ ᠰᠤᠷᠤᠭᠴᠢᠳ ᠲᠤ ᠣᠶᠢᠯᠠᠭᠠᠭᠤᠯᠬᠤ᠂ ᠨᠠᠶᠢᠳᠠᠪᠤᠷᠢᠵᠢᠭᠤᠯᠬᠤ ᠪᠣᠯ ᠬᠠᠮᠤᠭ ᠤᠨ ᠴᠢᠬᠤᠯᠠ ᠶᠤᠮ᠃ ᠨᠠᠮ ᠤᠨ ᠠᠮᠢᠳᠤᠯᠢᠭ ᠬᠢᠴᠢᠶᠡᠯ ᠢ ᠬᠡᠷᠡᠭᠯᠡᠵᠦ᠂ ᠰᠢᠨ᠎ᠡ ᠰᠣᠷᠭᠤᠭ ᠠᠷᠭ᠎ᠠ ᠬᠡᠯᠪᠡᠷᠢ ᠪᠠᠷ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠭᠴᠢᠳ ᠤᠨ ᠰᠡᠳᠬᠢᠯ ᠳᠤ ᠬᠠᠳᠠᠩᠰᠢᠭᠤᠯᠤᠶ᠎ᠠ᠃  ︶    ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠡᠭᠡᠨ ᠵᠠᠯᠠᠭᠤ ᠨᠢᠭᠡ ᠦᠶ᠎ᠡ ᠶᠢᠨ ᠬᠢᠨ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠳᠠᠯᠪᠢᠭᠰᠠᠨ ᠨᠢ ᠰᠦᠨ ᠵᠢᠶᠠᠨ ᠢ ᠶᠡᠬᠡᠳᠡ ᠳᠤᠭᠳᠤᠯᠤᠭᠤᠯᠤᠨ ᠤᠷᠮᠠᠰᠢᠭᠤᠯᠵᠠᠢ᠃ ᠬᠢᠴᠢᠶᠡᠯ ᠳᠡᠭᠡᠷ᠎ᠡ᠂ ᠲᠡᠷᠡ ᠤᠷᠢᠳ ᠢᠶᠠᠷ ᠤᠯᠠᠨ ᠢ ᠳᠠᠭᠠᠭᠤᠯᠤᠨ ᠤᠯᠤᠰ  ᠤᠨ ᠰᠦᠯᠳᠡ ᠳᠠᠭᠤᠤ ᠳᠠᠭᠤᠯᠠᠵᠤ᠂ ᠲᠠᠷᠠᠭ᠎ᠠ ᠨᠢ ︽ᠬᠠᠮᠲᠤ ᠪᠠᠷ ᠰᠤᠷᠤᠯᠴᠠᠬᠤ᠂ ᠭᠦᠨᠵᠡᠭᠡᠢ ᠲᠠᠶᠢᠯᠪᠤᠷᠢᠯᠠᠬᠤ᠂ ᠪᠣᠳᠠᠲᠤ ᠠᠵᠢᠯᠯᠠᠭ᠎ᠠ ᠲᠠᠢ ᠲᠠᠨᠢᠯᠴᠠᠬᠤ︾ ᠭᠤᠷᠪᠠᠨ ᠲᠠᠯ᠎ᠠ ᠠᠴᠠ ᠰᠤᠷᠤᠭᠴᠢᠳ ᠲᠤ ᠨᠠᠷᠢᠨ ᠬᠢᠨᠠᠮᠠᠭᠠᠢ ᠳᠠᠶᠢᠯᠤᠮᠵᠢ ᠬᠢᠵᠦ  ᠂ ᠰᠤᠷᠤᠭᠴᠢᠳ ᠢ ᠦᠢᠯᠡᠳᠦᠯᠭᠡ ᠶᠢᠨ ᠳᠤᠮᠳᠠ ᠠᠴᠠ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯ ᠢ ᠤᠶᠢᠯᠠᠭᠠᠭᠤᠯᠵᠤ᠂ ᠰᠤᠷᠤᠭᠴᠢ  ᠪᠤᠯᠭᠠᠨ ᠳᠤ ᠬᠦᠨ ᠲᠦᠷᠦᠭᠳᠡᠯ ᠦᠯᠡᠳᠡᠭᠡᠭᠰᠡᠨ ᠪᠠᠶᠢᠨ᠎ᠠ᠃
   ᠰᠤᠷᠪᠤᠯᠵᠢᠯᠠᠭ᠎ᠠ᠄ ᠰᠣᠷᠣᠭᠴᠢ  ᠯᠢ ᠯᠦ ︵ᠰᠤᠷᠤᠯᠴᠠᠯᠭ᠎ᠠ ᠪᠠᠷ ᠳᠡᠮᠵᠢᠨ ᠪᠢ ᠶᠡᠷᠦᠩᠬᠡᠶ ᠱᠦᠵᠢ ᠰᠢ ᠶᠢᠨ ᠫᠢᠩ  ᠤᠨ ᠶᠠᠷᠢᠶᠠᠨ ᠤ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠤᠶᠢᠯᠠᠭᠠᠵᠤ᠂ ᠵᠠᠯᠠᠭᠤ ᠬᠠᠯᠠᠭᠤᠨ ᠨᠠᠰᠤᠨ ᠳᠤ ᠪᠠᠨ ᠬᠦᠨᠳᠦ ᠡᠭᠦᠷᠭᠡ ᠶᠢ ᠡᠭᠦᠷᠬᠡᠯᠡᠬᠦ ᠬᠡᠷᠡᠭᠳᠡᠢ᠂  ᠪᠢᠳᠡᠨ ᠤ ᠬᠤᠪᠢ ᠵᠠᠶᠠᠭ᠎ᠠ᠂ ᠨᠠᠮ ᠪᠣᠯᠤᠨ ᠤᠯᠤᠰ ᠤᠨ ᠬᠤᠪᠢ ᠵᠠᠶᠠᠭ᠎ᠠ ᠲᠠᠢ ᠨᠢᠭᠲᠠ ᠬᠤᠯᠪᠤᠭ᠎ᠠ ᠲᠠᠢ ᠭᠡᠳᠡᠭ ᠢ ᠤᠯᠠᠮ ᠤᠶᠢᠯᠠᠭᠠᠭᠰᠠᠨ᠂ ᠬᠤᠶᠢᠰᠢᠳᠠ ᠪᠢ ᠰᠢᠷᠭᠠᠭᠤ ᠰᠤᠷᠤᠯᠴᠠᠵᠤ ᠬᠠᠲᠠᠭᠤᠵᠢᠯᠲᠠᠶ ᠪᠣᠯᠪᠠᠰᠤᠷᠠᠵᠤ᠂ ᠴᠠᠭ ᠦᠶ᠎ᠡ ᠶᠢᠨ ᠳᠠᠮᠵᠢᠭᠤᠯᠤᠭᠴᠢ ᠪᠤᠯᠤᠨ᠎ᠠ︾    ᠰᠦᠨ ᠵᠢᠶᠠᠨ ᠨᠠᠰᠤ ᠵᠠᠯᠠᠭᠤ ᠴᠦ ᠮᠠᠰᠢ ᠴᠢᠩᠭ᠎ᠠ ᠠᠵᠢᠯ ᠣᠶᠢᠯᠠᠰᠴᠢ ᠰᠡᠳᠬᠢᠯᠭᠡ ᠲᠠᠢ ᠪᠠᠶᠢᠵᠤ᠂ ᠠᠵᠢᠯ ᠳᠤ ᠭᠠᠷᠤᠭᠰᠠᠨ ᠠᠴᠠ ᠨᠠᠰᠢ᠂ ᠬᠡᠯᠡ ᠪᠢᠴᠢᠭ ᠤᠨ ᠵᠢᠭᠠᠨ ᠰᠤᠷᠭᠠᠯᠲᠠ ᠪᠠ ᠠᠩᠭᠢ ᠶᠢᠨ ᠡᠷᠬᠢᠯᠡᠭᠴᠢ ᠶᠢᠨ ᠠᠵᠢᠯ ᠢ ᠬᠠᠪᠰᠤᠷᠭᠠᠨ ᠬᠢᠭᠰᠡᠭᠡᠷ ᠢᠷᠡᠵᠡᠢ᠃ ᠲᠡᠷᠡ᠂ ᠨᠠᠮ ᠠᠷᠠᠳ ᠲᠦᠮᠡᠨ ᠢᠶᠠᠨ ᠭᠡᠰᠡᠨ ᠬᠢᠵᠠᠭᠠᠯᠠᠰᠢ ᠦᠭᠡᠢ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠡᠪᠦᠷᠯᠡᠨ᠂ ᠪᠦᠬᠦ ᠤᠶᠤᠨ ᠴᠢᠳᠠᠯ ᠢᠶᠠᠨ ᠨᠠᠮ ᠤᠨ ᠰᠤᠷᠭᠠᠨ ᠬᠥᠮᠦᠵᠢᠯ ᠤᠨ ᠦᠢᠯᠡᠰ ᠲᠤ ᠡᠷᠭᠦᠵᠦ ᠶᠠᠪᠤᠨ᠎ᠠ᠃ ᠲᠡᠷᠡ ᠢᠮᠠᠭᠲᠠ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠲᠤ ᠵᠢᠳᠬᠦᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠵᠢᠭᠠᠬᠤ ᠶᠢ ᠰᠤᠳᠤᠯᠬᠤ᠂ ᠵᠢᠭᠠᠨ ᠰᠤᠷᠭᠠᠯᠲᠠ ᠶᠢᠨ ᠥᠭᠡᠷᠡᠴᠢᠯᠡᠯᠲᠡ᠂ ᠡᠯ᠎ᠡ ᠲᠦᠷᠦᠯ ᠤᠨ ᠤᠷᠤᠯᠳᠤᠭᠠᠨ ᠳᠤ ᠣᠮᠣᠭᠰᠢᠮ᠎ᠠ ᠠᠮᠵᠢᠯᠲᠠ ᠣᠯᠵᠤ᠂ ᠰᠤᠷᠭᠠᠭᠤᠯᠢ ᠶᠢᠨ ᠲᠡᠰ ᠤᠨ ᠰᠢᠯᠢᠳᠡᠭ ᠪᠠᠭᠰᠢ ᠪᠠ ᠬᠤᠰᠢᠭᠤ ᠲᠡᠰ ᠤᠨ ︽ᠰᠢᠯᠢᠳᠡᠭ ᠠᠩᠬᠢ ᠶᠢᠨ ᠡᠷᠬᠢᠯᠡᠭᠴᠢ︾ ᠪᠠᠷ ᠣᠯᠠᠨᠲᠠ ᠦᠨᠡᠯᠡᠭᠳᠡᠭᠰᠡᠨ ᠤ ᠬᠠᠮᠳᠤ  ᠪᠦᠬᠦ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠳᠡᠷᠭᠡᠳᠡᠬᠢ ᠰᠠᠶᠢᠨ ᠬᠥᠮᠦᠨ ᠤ ᠢᠷᠠᠭᠤ ᠠᠯᠳᠠᠷ ᠢ ᠬᠦᠷᠳᠡᠵᠡᠢ᠃ ᠡᠩ ᠤᠨ ᠦᠶ᠎ᠡ ᠳᠤ ᠥᠪᠡᠷ ᠤᠨ ᠵᠢᠭᠠᠬᠤ ᠬᠢᠴᠢᠶᠡᠯ ᠢᠶᠠᠨ ᠰᠤᠳᠤᠯᠬᠤ ᠠᠴᠠ ᠭᠠᠳᠠᠨ᠎ᠠ᠂ ᠡᠯ᠎ᠡ ᠵᠦᠢᠯ  ᠤᠨ ᠵᠢᠭᠠᠬᠤ ᠶᠢ ᠰᠤᠳᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠬᠢᠴᠢᠶᠡᠯ ᠤᠨ ᠲᠠᠩᠬᠢᠮ ᠪᠠ ᠬᠢᠴᠢᠶᠡᠯ  ᠤᠨ ᠭᠠᠳᠠᠨᠠᠬᠢ ᠶᠢ ᠤᠶᠠᠯᠳᠤᠭᠤᠯᠵᠤ᠂ ᠤᠨᠤᠯ ᠪᠠ ᠦᠢᠯᠡᠳᠦᠯᠭᠡ ᠶᠢ ᠤᠶᠠᠯᠳᠤᠭᠤᠯᠳᠠᠭ ᠠᠴᠠ ᠭᠠᠳᠠᠨ᠎ᠠ ᠪᠠᠰᠠ ᠰᠤᠷᠤᠭᠴᠢᠳ ᠤᠨ ᠰᠢᠨ᠎ᠡ ᠮᠡᠳᠡᠯᠭᠡ ᠶᠢ ᠢᠳᠡᠪᠬᠢᠲᠡᠶ ᠰᠦᠪᠡᠭᠴᠢᠯᠡᠬᠦ ᠶᠢ ᠬᠥᠲᠥᠯᠥᠨ ᠵᠢᠯᠣᠭᠤᠳᠬᠤ ᠶᠢ ᠴᠢᠬᠤᠯᠠᠴᠢᠯᠠᠵᠤ᠂ ᠰᠤᠷᠤᠭᠴᠢᠳ ᠤᠨ ᠪᠡᠶ᠎ᠡ ᠪᠠᠨ ᠳᠠᠭᠠᠭᠠᠵᠤ ᠰᠦᠪᠡᠭᠴᠢᠯᠡᠬᠦ ᠴᠢᠳᠠᠪᠤᠷᠢ ᠪᠠ ᠬᠠᠮᠲᠤᠷᠠᠨ ᠠᠵᠢᠯᠯᠠᠬᠤ ᠵᠣᠷᠢᠭ ᠰᠠᠨᠠᠭ᠎ᠠ ᠶᠢ ᠬᠦᠮᠦᠵᠢᠬᠦᠯᠳᠡᠭ᠃ ᠬᠢᠴᠢᠶᠡᠯ ᠳᠡᠭᠡᠷ᠎ᠡ᠂ ᠰᠦᠨ ᠵᠢᠶᠠᠨ ᠪᠠᠰᠠ  ᠱᠤᠭ ᠶᠦᠮᠦᠷᠯᠢᠭ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠪᠠᠷ ᠰᠤᠷᠤᠭᠴᠢᠳ ᠤᠨ ᠢᠳᠡᠪᠬᠢᠵᠢᠯ ᠢ ᠭᠦᠢᠴᠡᠳ ᠳᠠᠶᠢᠴᠢᠯᠠᠨ᠂ ᠬᠢᠴᠢᠶᠡᠯ ᠤᠨ ᠳᠠᠷᠠᠭ᠎ᠠ ᠦᠷᠭᠦᠯᠵᠢ ᠬᠠᠮᠲᠤ ᠠᠵᠢᠯᠲᠠᠳ ᠲᠠᠢ ᠪᠠᠨ ᠵᠢᠭᠠᠨ ᠰᠤᠷᠭᠠᠯᠲᠠ ᠶᠢᠨ ᠲᠤᠷᠰᠢᠯᠭ᠎ᠠ ᠪᠠᠨ ᠰᠣᠯᠢᠯᠴᠠᠵᠤ᠂ ᠴᠠᠭ ᠦᠶ᠎ᠡ ᠶᠢ ᠰᠠᠯᠤᠯ ᠥᠬᠡᠶ ᠳᠠᠭᠠᠵᠤ᠂ ᠪᠣᠳᠠᠲᠤ ᠠᠬᠤᠶ ᠶᠢ ᠲᠤᠰᠬᠠᠵᠤ᠂  ᠮᠡᠳᠡᠯᠭᠡ ᠮᠡᠷᠭᠡᠵᠢᠯ ᠢᠶᠠᠨ ᠪᠤᠳᠠᠳᠤ ᠠᠵᠢᠯ  ᠲᠠᠢ ᠪᠠᠨ ᠴᠢᠳᠠᠮᠠᠭᠠᠢ ᠤᠶᠠᠯᠳᠤᠭᠤᠯᠤᠨ᠂ ︽ᠪᠢᠳᠡ ᠴᠠᠭ ᠦᠶ᠎ᠡ ᠲᠠᠢ ᠵᠡᠷᠭᠡᠪᠡᠷ ᠤᠷᠤᠭᠰᠢᠯᠠᠵᠤ᠂ ᠡᠬᠡ ᠤᠯᠤᠰ ᠲᠠᠢ  ᠪᠠᠨ ᠰᠡᠳᠬᠢᠯ ᠨᠢᠭᠡᠳᠦᠨ ᠬᠦᠴᠦᠨ ᠢᠶᠠᠨ ᠬᠠᠮᠲᠤᠳᠬᠠᠬᠤ ᠬᠡᠷᠡᠭᠲᠡᠶ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠬᠤ ᠪᠣᠯ ᠳᠠᠷᠤᠶ ᠬᠠᠮᠤᠭ ᠤᠨ ᠰᠠᠶᠢᠨ ᠬᠥᠮᠦᠵᠢᠯ ᠶᠤᠮ︾ ᠬᠡᠮᠡᠨ ᠦᠢᠯᠡᠰ ᠲᠤ ᠪᠠᠨ ᠵᠢᠳᠬᠦᠵᠦ ᠰᠤᠷᠤᠭᠴᠢᠳ ᠲᠤ ᠪᠠᠨ ᠳᠠᠭᠤᠷᠢᠶᠠᠯ ᠪᠤᠯᠵᠤ ᠶᠠᠪᠤᠳᠠᠭ ᠪᠢᠯᠡ᠃
   ᠰᠤᠷᠪᠤᠯᠵᠢᠯᠠᠭ᠎ᠠ᠄ ᠬᠤᠰᠢᠭᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ  ᠰᠦᠨ ᠵᠢᠶᠠᠨ  ︵ᠪᠢ ᠨᠠᠮ ᠤᠨ ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠵᠣ᠂ ᠦᠭᠡ ᠶᠠᠷᠢᠶ᠎ᠠ ᠦᠶᠯᠡ ᠠᠵᠢᠯᠯᠠᠭ᠎ᠠ ᠪᠠᠷ ᠢᠶᠠᠨ ᠵᠢᠭᠠᠨ ᠰᠤᠷᠭᠠᠵᠤ᠂ ᠰᠤᠷᠤᠭᠴᠢᠳ ᠤᠨ ᠵᠠᠮᠴᠢᠯᠠᠭᠴᠢ ᠪᠣᠯᠵᠣ᠂ ᠨᠠᠮ ᠤᠨ ᠲᠥᠯᠥᠭᠡ ᠰᠠᠶᠢᠨ ᠬᠥᠮᠦᠨ ᠬᠥᠮᠦᠵᠢᠭᠦᠯᠵᠦ᠂ ᠤᠯᠤᠰ ᠤᠨ ᠲᠥᠯᠥᠭᠡ ᠰᠠᠶᠢᠨ ᠴᠢᠳᠠᠪᠤᠷᠢᠲᠠᠨ ᠬᠥᠮᠦᠵᠢᠭᠦᠯᠦᠨ᠎ᠡ  ᠃︶
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号