ᠰᠥᠨᠢᠳ ᠪᠠᠷᠠᠭᠤᠨ ᠬᠤᠰᠢᠭᠤᠨ ᠤ ᠡᠳᠡᠭᠡᠷ ᠰᠠᠭᠤᠭᠠᠯᠢ ᠠᠷᠠᠳ ᠤᠨ ᠲᠤᠭᠤᠷᠢᠭ ᠳᠤᠭᠲᠠᠮᠠᠯ ᠬᠥᠷᠥᠩᠭᠡ  ᠶᠢᠨ ᠡᠷᠬᠡ ᠶᠢᠨ ᠦᠨᠡᠮᠯᠡᠯ ᠠᠪᠴᠤ ᠪᠤᠯᠬᠤ ᠪᠤᠯᠤᠯ᠎ᠠ
ᠨᠡᠶᠢᠲᠡᠯᠡᠭᠰᠡᠨ ᠴᠠᠭ᠄
2022/11/3
ᠬᠦᠨᠳᠦᠲᠦ ᠷᠦᠢ ᠽᠧ ᠰᠠᠭᠤᠭᠠᠯᠢ ᠠᠷᠠᠳ ᠤᠨ ᠲᠣᠭᠤᠷᠢᠭ᠂ ᠵᠠᠮ ᠬᠠᠷᠢᠯᠴᠠᠭᠠᠨ ᠤ ᠴᠠᠭᠳᠠᠭᠠᠨ ᠤ ᠰᠠᠭᠤᠭᠠᠯᠢ ᠲᠤᠭᠤᠷᠢᠭ ᠤᠨ 9 ᠳ᠋ᠦ᠋ᠭᠡᠷ ᠨᠣᠮᠧᠷᠲᠤ ᠠᠰᠠᠷ᠂ ᠬᠠᠭᠤᠴᠢᠨ ᠰᠢᠦᠳᠠᠨ ᠳᠤᠪᠴᠢᠶᠠᠨ ᠤ ᠰᠠᠭᠤᠭᠠᠯᠢ ᠠᠷᠠᠳ ᠤᠨ ᠲᠣᠭᠤᠷᠢᠭ᠂ ᠰᠠᠶᠢᠬᠠᠨ ᠰᠠᠭᠤᠭᠠᠯᠢ ᠠᠷᠠᠳ ᠤᠨ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠰᠠᠭᠤᠭᠠᠯᠢ ᠡᠷᠦᠬᠡ᠄    ᠲᠠᠨ ᠤ ᠪᠠᠶᠢᠭ᠎ᠠ ᠰᠠᠭᠤᠭᠠᠯᠢ ᠠᠷᠠᠳ ᠤᠨ ᠲᠤᠭᠤᠷᠢᠭ ᠨᠢᠭᠡᠨᠲᠡ ᠳᠤᠭᠲᠠᠮᠠᠯ ᠬᠥᠷᠥᠩᠭᠡ ᠶᠢᠨ ᠡᠷᠬᠡ ᠶᠢᠨ ᠦᠨᠡᠮᠯᠡᠯ ᠭᠦᠶᠴᠡᠳᠬᠡᠬᠦ ᠨᠥᠬᠦᠴᠡᠯ ᠢ ᠪᠥᠷᠢᠯᠳᠦᠭᠦᠯᠵᠡᠢ᠂ ᠬᠠᠮᠢᠶ᠎ᠠ ᠪᠥᠬᠦᠢ ᠦᠨᠡᠮᠯᠡᠯ ᠵᠢᠴᠢ ᠮᠠᠲ᠋ᠧᠷᠢᠶᠠᠯ ᠢᠶᠠᠨ ᠠᠪᠴᠤ ᠲᠤᠭᠲᠠᠮᠠᠯ ᠬᠥᠷᠥᠩᠭᠡ ᠶᠢᠨ ᠳᠠᠩᠰᠠᠯᠠᠯᠲᠠ ᠬᠢᠭᠡᠷᠡᠢ᠃    ᠨᠢᠭᠡ᠂ ᠭᠤᠶᠤᠴᠢᠯᠠᠬᠤ ᠮᠠᠲ᠋ᠧᠷᠢᠶᠠᠯ    1. ᠭᠤᠶᠤᠴᠢᠯᠠᠭᠴᠢ ᠶᠢᠨ ᠪᠡᠶ᠎ᠡ ᠶᠢᠨ ᠦᠨᠡᠮᠯᠡᠯ᠂ ᠤᠷᠤᠭᠯᠠᠭᠰᠠᠨ ᠪᠣᠯ ᠤᠷᠤᠭ ᠤᠨ ᠪᠠᠲᠤᠯᠠᠪᠦᠷᠢ ᠶᠢᠨ ᠪᠢᠴᠢᠭ᠂ ᠭᠠᠭᠴᠠ ᠪᠡᠶ᠎ᠡ ᠪᠣᠯ ᠡᠷᠦᠬᠡ ᠠᠮᠠ ᠶᠢᠨ ᠳᠡᠪᠲᠡᠷ ᠢᠶᠠᠨ ᠠᠪᠴᠤ ᠢᠷᠡᠨ᠎ᠡ    2. ᠲᠠᠸᠠᠷ ᠤᠨ ᠭᠡᠷ ᠪᠠᠶᠢᠰᠢᠩ ᠤᠨ ᠠᠷᠡᠯᠵᠢᠶᠠᠨ ᠤ ᠭᠡᠷ᠎ᠡ    3. ᠭᠠᠶᠢᠯᠢ ᠲᠤᠰᠢᠶᠠᠭᠰᠠᠨ ᠪᠤᠶᠤ ᠭᠠᠶᠢᠯᠢ ᠬᠠᠰᠤᠵᠤ ᠬᠡᠯᠲᠦᠷᠢᠭᠦᠯᠦᠭᠰᠡᠨ ᠭᠡᠷᠡᠴᠢ ᠪᠠᠷᠢᠮᠲᠠ    4. ᠭᠡᠷ ᠪᠠᠶᠢᠰᠢᠩ ᠤᠨ ᠡᠷᠦᠬᠡ ᠬᠤᠪᠢᠶᠠᠭᠰᠠᠨ ᠵᠢᠷᠤᠭ    ᠬᠤᠶᠠᠷ᠂ ᠰᠦᠢᠳᠬᠡᠯ ᠬᠤᠷᠢᠶᠠᠬᠤ ᠪᠠᠷᠢᠮᠵᠢᠶ᠎ᠠ    ᠳᠠᠩᠰᠠᠯᠠᠬᠤ ᠵᠠᠷᠤᠳᠠᠯ᠄ ᠣᠷᠣᠨ ᠰᠠᠭᠤᠴᠠ ᠪᠥᠷᠢ 80 ᠲᠥᠭᠦᠷᠢᠭ    ᠭᠤᠷᠪᠠ᠂ ᠭᠦᠶᠴᠡᠳᠬᠡᠬᠦ ᠴᠠᠭ ᠭᠠᠵᠠᠷ    2022 ᠣᠨ ᠤ 10 ᠰᠠᠷ᠎ᠠ ᠶᠢᠨ 30 ᠤ ᠡᠳᠦᠷ ᠠᠴᠠ 2022 ᠣᠨ ᠤ 11 ᠰᠠᠷ᠎ᠠ ᠶᠢᠨ 30 ᠤ ᠡᠳᠦᠷ ᠪᠣᠯᠲᠠᠯ᠎ᠠ᠂ ᠲᠣᠭᠲᠠᠭᠰᠠᠨ ᠴᠠᠭ ᠤᠨ ᠳᠣᠲᠣᠷ᠎ᠠ ᠳᠤᠭᠲᠠᠮᠠᠯ ᠬᠥᠷᠥᠩᠭᠡ ᠶᠢᠨ ᠳᠡᠩᠰᠡᠯᠡᠯᠲᠡ ᠬᠢᠯᠭᠡᠭᠰᠡᠨ ᠥᠬᠡᠶ ᠪᠣᠯ ᠲᠠᠩᠰᠠᠯᠠᠯᠲᠠ ᠬᠢᠯᠭᠡᠬᠦ ᠬᠦᠰᠡᠯ ᠥᠬᠡᠶ ᠭᠡᠵᠦ ᠦᠵᠡᠨ᠎ᠡ᠃    ᠮᠠᠲ᠋ᠧᠷᠢᠶᠠᠯ ᠲᠤᠰᠢᠶᠠᠬᠤ ᠭᠠᠵᠠᠷ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠤᠨ ᠭᠤᠷᠪᠠᠳᠤᠭᠠᠷ ᠳᠠᠪᠬᠤᠷᠭ᠎ᠠ ᠶᠢᠨ ᠳᠤᠭᠲᠠᠮᠠᠯ ᠬᠥᠷᠦᠩᠭᠡ ᠶᠢᠨ ᠴᠤᠩᠬᠤᠪᠴᠢ    ᠳᠥᠷᠪᠡ᠂ ᠠᠰᠠᠭᠤᠨ ᠯᠠᠪᠯᠠᠬᠤ ᠤᠲᠠᠰᠤ᠄    0479 - 7228486 ︵ᠳᠤᠭᠲᠠᠮᠠᠯ ᠬᠦᠷᠦᠩᠭᠡ ᠶᠢᠨ ᠲᠠᠨᠭᠰᠠᠯᠠᠯᠳᠠ︶    0479 - 7222021 ︵ᠭᠠᠶᠢᠯᠢ ᠶᠢᠨ ᠶᠠᠪᠤᠳᠠᠯ ᠤᠨ ᠲᠣᠪᠴᠢᠶ᠎ᠠ︶    0479 - 7213576 ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶                             ᠰᠥᠨᠢᠳ ᠪᠠᠷᠠᠭᠤᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ                             ᠰᠥᠨᠢᠳ ᠪᠠᠷᠠᠭᠤᠨ ᠬᠤᠰᠢᠭᠤᠨ ᠤ ᠣᠷᠣᠨ ᠰᠠᠭᠤᠴᠠ ᠪᠠ ᠬᠤᠲᠠ ᠬᠤᠳᠡᠭᠡ  ᠶᠢᠨ                             ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号