ᠰᠥᠨᠢᠳ ᠪᠠᠷᠠᠭᠤᠨ ᠬᠤᠰᠢᠭᠤ ᠪᠠᠷ ᠥᠩᠭᠡᠷᠡᠭᠰᠡᠨ ᠰᠢᠨ᠎ᠡ ᠨᠡᠮᠡᠭᠳᠡᠭᠰᠡᠨ ᠠᠷᠭ᠎ᠠ ᠴᠢᠨᠠᠷ ᠢᠯᠡᠷᠡᠭᠰᠡᠨ ᠭᠠᠳᠠᠷ ᠮᠤᠵᠢ ᠶᠢᠨ ᠨᠢᠭᠡ ᠬᠦᠮᠦᠨ ᠤ ᠬᠠᠮᠢᠶ᠎ᠠ ᠪᠥᠬᠦᠢ ᠪᠠᠶᠢᠳᠠᠯ ᠤᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/11/3
 2022 ᠣᠨ ᠤ 11 ᠰᠠᠷ᠎ᠠ ᠶᠢᠨ 2 ᠤᠨ ᠡᠳᠦᠷ ᠤᠨ 16 ᠴᠠᠭ ᠤᠨ ᠦᠶ᠎ᠡ ᠪᠠᠷ᠂ ᠮᠠᠨ ᠤ ᠬᠤᠰᠢᠭᠤ ᠪᠠᠷ ᠥᠩᠭᠡᠷᠡᠭᠰᠡᠨ ᠭᠠᠳᠠᠷ ᠮᠤᠵᠢ ᠶᠢᠨ ᠨᠢᠭᠡ ᠬᠦᠮᠦᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠩᠬᠠᠨ ᠤ ᠰᠢᠭᠰᠢᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠠᠢ᠃ ᠲᠣᠰ ᠬᠦᠮᠦᠨ ᠨᠢ ᠪᠤᠭᠤᠲᠤ ᠬᠤᠲᠠ ᠶᠢᠨ ᠪᠠᠭᠤᠭᠰᠠᠨ ᠭᠠᠵᠠᠷ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠬᠤᠯᠢᠮᠠᠭ ᠭᠤᠤᠷᠰᠤ ᠶᠢᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠭᠰᠡᠨ ᠬᠦᠮᠦᠨ ᠪᠠᠶᠢᠵᠤ᠂ ᠮᠠᠨ ᠤ ᠬᠤᠰᠢᠭᠤ ᠬᠠᠮᠵᠢᠨ ᠪᠠᠶᠢᠴᠠᠭᠠᠬᠤ ᠵᠠᠬᠢᠳᠠᠯ ᠢ ᠣᠯᠤᠭᠰᠠᠨ ᠤ ᠳᠠᠷᠠᠭ᠎ᠠ ᠳᠠᠷᠤᠶ ᠲᠦᠷᠭᠡᠨ ᠬᠠᠮᠢᠶᠠᠷᠤᠨ ᠡᠵᠡᠮᠳᠡᠵᠦ᠂ ᠪᠥᠭᠡᠮ ᠬᠦᠴᠢᠯ ᠤᠨ ᠲᠠᠩ ᠭᠤᠤᠷᠰᠤ ᠶᠢᠨ ᠠᠩᠬᠠᠨ ᠤ ᠰᠢᠭᠰᠢᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠠᠢ᠂ ᠡᠨᠡ ᠬᠤᠭᠤᠴᠠᠭᠠᠨ ᠳᠤ ᠮᠠᠨ ᠤ ᠬᠤᠰᠢᠭᠤᠨ ᠤ ᠬᠥᠮᠦᠰ ᠲᠠᠢ ᠬᠦᠷᠦᠯᠴᠡᠭᠰᠡᠨ ᠥᠬᠡᠶ᠃  ᠲᠣᠰ ᠬᠦᠮᠦᠨ ᠤ ᠮᠠᠨ ᠤ ᠬᠤᠰᠢᠭᠤᠨ ᠳᠠᠬᠢ ᠠᠵᠢᠯᠯᠠᠭᠠᠨ ᠤ ᠵᠠᠮ ᠮᠥᠷ ᠨᠢ ᠳᠣᠤᠷᠠᠬᠢ ᠮᠡᠲᠦ᠄  11 ᠰᠠᠷ᠎ᠠ ᠶᠢᠨ 2 ᠤᠨ ᠡᠳᠦᠷ ᠤᠨ 13 ᠴᠠᠭ ᠤᠨ ᠦᠶ᠎ᠡ ᠪᠠᠷ G209 ᠤᠯᠤᠰ ᠤᠨ ᠵᠠᠮ ᠤᠨ ᠳᠥᠷᠪᠡᠳ ᠬᠤᠰᠢᠭᠤ ᠬᠦᠷᠬᠦ ᠵᠠᠮ ᠤᠨ ᠰᠠᠶᠢᠬᠠᠨᠲᠠᠯ᠎ᠠ ᠪᠠᠯᠭᠠᠰᠤ ᠠᠴᠠ 21 ᠺᠢᠯᠣᠮᠧᠲᠷ ᠵᠠᠶᠢᠲᠠᠶ ᠭᠠᠵᠠᠷ ᠲᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠮᠢᠶᠠᠷᠤᠨ ᠡᠵᠡᠮᠳᠡᠭᠰᠡᠨ ᠤ ᠬᠠᠮᠲᠤ ᠪᠥᠭᠡᠮ ᠬᠦᠴᠢᠯ ᠤᠨ ᠥᠯᠢᠭᠡᠷ ᠠᠪᠴᠠᠢ᠃  11 ᠰᠠᠷ᠎ᠠ ᠶᠢᠨ 2 ᠤᠨ ᠡᠳᠦᠷ ᠤᠨ 21 ᠴᠠᠭ ᠲᠤ ᠲᠦᠷᠭᠡᠨ ᠠᠪᠤᠷᠠᠯᠳᠠ ᠶᠢᠨ ᠲᠡᠷᠭᠡ ᠪᠠᠷ ᠪᠤᠰᠤᠳ ᠰᠢᠶᠠᠨ ᠬᠤᠲᠠ ᠶᠢᠨ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠬᠦᠷᠭᠡᠵᠡᠢ᠃  ᠲᠤᠰ ᠬᠦᠮᠦᠨ ᠤ ᠨᠢᠭᠡ ᠨᠢᠭᠲᠠ ᠣᠶᠢᠷᠠᠲᠤᠭᠰᠠᠳ ︵ᠲᠡᠷᠭᠡᠨ ᠳᠤ ᠬᠠᠮᠲᠤ ᠢᠷᠡᠭᠰᠡᠨ ᠬᠦᠮᠦᠨ︶ ᠢ ᠮᠠᠨ ᠤ ᠬᠤᠰᠢᠭᠤᠨ ᠤ ᠲᠥᠪᠯᠡᠷᠡᠭᠦᠯᠦᠨ ᠲᠤᠰᠠᠭᠠᠷᠯᠠᠬᠤ ᠭᠠᠵᠠᠷ ᠲᠤ ᠰᠢᠯᠵᠢᠭᠦᠯᠦᠨ ᠲᠤᠰᠠᠭᠠᠷᠯᠠᠪᠠ᠃  ᠣᠯᠠᠨ ᠲᠦᠮᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠳᠡᠭᠡᠭᠰᠢᠯᠡᠭᠦᠯᠦᠨ᠂ ᠳᠤᠮᠳᠠ ᠥᠨᠳᠥᠷ ᠵᠡᠷᠭᠡ ᠶᠢᠨ ᠲᠥᠭᠰᠢᠭᠦᠷᠢᠲᠦ ᠤᠷᠤᠨ ᠵᠢᠴᠢ ᠭᠤᠤᠯᠳᠠᠯᠭ᠎ᠠ ᠲᠠᠢ ᠭᠠᠵᠠᠷ ᠣᠷᠣᠨ ᠠᠴᠠ ᠪᠤᠴᠠᠵᠤ ᠢᠷᠡᠬᠦ ᠳᠤ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ 7 ᠡᠳᠦᠷ ᠤᠨ ᠳᠤᠲᠤᠷᠠᠬᠢ ᠬᠤᠪᠢ ᠬᠥᠮᠦᠨ ᠤ ᠵᠢᠭᠤᠯᠴᠢᠯᠠᠨ ᠰᠠᠭᠤᠭᠰᠠᠨ ᠲᠡᠦᠬᠡ ᠪᠠᠨ ᠦᠨᠡᠨ ᠮᠥᠨ ᠢᠶᠠᠷ ᠨᠢ ᠮᠡᠳᠡᠭᠦᠯᠵᠦ᠂ ᠰᠠᠨᠠᠭᠠᠴᠢᠯᠠᠭ᠎ᠠ  ᠠᠴᠠ ᠪᠠᠨ ᠨᠡᠶᠢᠭᠡᠮ ᠲᠣᠭᠤᠷᠢᠭ᠂ ᠭᠠᠴᠠᠭ᠎ᠠ᠂ ᠵᠣᠴᠢᠳ ᠤᠨ ᠪᠠᠭᠤᠳᠠᠯ ᠵᠡᠷᠭᠡ ᠳᠤ ᠬᠠᠮᠵᠢᠯᠴᠠᠨ ᠬᠠᠮᠢᠶ᠎ᠠ ᠪᠥᠬᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠲᠠᠯᠠᠪᠤᠷ ᠲᠤ ᠣᠷᠣᠵᠤ ᠭᠠᠷᠬᠤ ᠳᠤ ᠤᠬᠠᠮᠰᠠᠷ ᠠᠴᠠ ᠪᠠᠨ ︽ᠰᠢᠯᠢ ᠶᠢᠨ ᠡᠷᠡᠭᠦᠯ ᠮᠡᠨᠳᠦ ᠶᠢᠨ ᠴᠤᠬᠤᠷ︾ ᠢ ᠰᠢᠷᠪᠢᠨ ᠳᠠᠩᠰᠠᠯᠠᠭᠤᠯᠵᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠡᠷᠡᠭᠦᠯ ᠮᠡᠨᠳᠦ ᠶᠢᠨ ᠺᠣᠳ᠋ ᠵᠢᠴᠢ ᠠᠶᠠᠯᠠᠯ ᠤᠨ ᠺᠣᠳ᠋ ᠢ ᠪᠠᠶᠢᠴᠠᠭᠠᠨ ᠰᠢᠯᠭᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠬᠤ ᠳᠤ ᠬᠠᠮᠵᠢᠯᠴᠠᠨ᠂ ᠰᠢᠨ᠎ᠡ ᠲᠢᠲᠢᠮᠯᠢᠭ ᠸᠢᠷᠦ᠋ᠰ ᠤᠨ ᠸᠠᠺᠽᠢᠨ ᠢ ᠡᠷᠲᠡᠬᠡᠨ ᠲᠠᠷᠢᠭᠤᠯᠤᠭᠠᠷᠠᠢ᠃  ᠥᠷᠭᠡᠨ ᠣᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠳᠤᠭᠲᠠᠭᠠᠯ ᠢ ᠴᠢᠩᠭ᠎ᠠ ᠵᠢᠷᠤᠮᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠢ ᠬᠠᠮᠵᠢᠯᠴᠠᠭᠠᠷᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠬᠡᠷᠡᠭᠵᠢᠭᠦᠯᠬᠦ ᠥᠬᠡᠶ᠂ ᠪᠢᠲᠡᠭᠦᠮᠵᠢᠯᠡᠨ ᠬᠠᠮᠢᠶᠠᠷᠤᠨ ᠡᠵᠡᠮᠳᠡᠬᠦ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ᠂ ᠲᠤᠰᠠᠭᠠᠷᠯᠠᠨ ᠠᠵᠢᠭᠯᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠦᠯᠢᠶᠡᠬᠦ ᠥᠬᠡᠶ᠂ ᠴᠤᠤᠷᠬᠠᠯ ᠲᠠᠷᠬᠠᠭᠠᠬᠤ᠂ ᠬᠢᠵᠢᠭ ᠤᠨ ᠪᠠᠶᠢᠳᠠᠯ ᠢ ᠬᠤᠳᠠᠯ ᠢᠶᠠᠷ ᠮᠡᠳᠡᠭᠦᠯᠬᠦ ᠪᠤᠶᠤ ᠮᠡᠳᠡᠭᠦᠯᠬᠦ ᠥᠬᠡᠶ ᠨᠢᠭᠤᠨ ᠳᠠᠯᠳᠠᠯᠠᠬᠤ᠂ ᠦᠨᠡᠨ ᠪᠣᠳᠠᠲᠠᠶ ᠪᠤᠰᠤ ᠮᠡᠳᠡᠭᠡ ᠵᠠᠩᠭᠢ ᠨᠡᠶᠢᠲᠡᠯᠡᠬᠦ᠂ ᠪᠠᠷᠠᠭᠠᠨ ᠤ ᠦᠨ᠎ᠡ ᠶᠢ ᠳᠦᠷᠭᠢᠯᠳᠦᠨ ᠥᠰᠬᠡᠬᠦ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃            ᠰᠥᠨᠢᠳ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ             ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ                    2022 ᠣᠨ ᠤ 11 ᠰᠠᠷ᠎ᠠ ᠶᠢᠨ 3 ᠤ ᠡᠳᠦᠷ
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ‍ᠤ᠊
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号