ᠬᠥᠭᠵᠢᠶᠡᠨᠲᠡᠢ ᠠᠭᠤᠳᠠᠮ ᠲᠠᠯᠠᠪᠠᠢ ᠶᠢᠨ ᠪᠥᠵᠢᠭ ᠨᠠᠰᠤᠲᠠᠶᠢᠴᠤᠳ ᠲᠤ ᠪᠠᠶᠠᠷ ᠬᠥᠷ ᠠᠪᠴᠢᠷᠠᠯ᠎ᠠ
ᠨᠡᠶᠢᠲᠡᠯᠡᠭᠰᠡᠨ ᠴᠠᠭ᠄
2022/11/4
    ︽ᠥᠷᠢ ᠦᠭᠡᠢ ᠪᠤᠯ ᠪᠠᠶᠠᠨ᠂ ᠡᠪᠡᠳᠴᠢᠨ ᠦᠭᠡᠢ ᠪᠤᠯ ᠵᠢᠷᠭᠠᠯ︾ ᠭᠡᠳᠡᠭ ᠢᠶᠠᠷ ᠡᠪᠡᠳᠴᠢᠨ ᠵᠤᠪᠠᠯᠠᠩ ᠦᠭᠡᠢ ᠂ ᠡᠷᠡᠭᠦᠯ ᠴᠢᠬᠢᠷᠠᠭ ᠪᠠᠶᠢᠬᠤ ᠨᠢ ᠬᠦᠮᠦᠨ ᠤ ᠠᠮᠢᠳᠤᠷᠠᠯ ᠤᠨ ᠬᠠᠮᠤᠭ ᠶᠡᠭᠡ ᠠᠵᠠ ᠵᠢᠷᠭᠠᠯ ᠪᠤᠯᠤᠨ᠎ᠠ᠃ ᠪᠡᠶ᠎ᠡ ᠲᠠᠮᠢᠷ ᠤᠨ ᠪᠤᠯᠪᠠᠰᠤᠷᠠᠯ ᠬᠢᠬᠦ ᠨᠢ ᠬᠦᠮᠦᠰ ᠤᠨ ᠪᠡᠶ᠎ᠡ ᠮᠠᠬᠠᠪᠤᠳ ᠢ ᠳᠠᠪᠲᠠᠨ ᠪᠤᠯᠪᠠᠰᠤᠷᠠᠭᠤᠯᠵᠤ᠂ ᠤᠶᠤᠨ ᠤᠬᠠᠭᠠᠨ ᠢ ᠬᠤᠷᠴᠠᠯᠠᠳᠠᠭ᠃    ᠴᠢᠮᠡᠭ ᠵᠢᠷᠦᠬᠡ ᠪᠠᠯᠭᠠᠰᠤᠨ ᠤ ᠪᠠᠶ᠋ᠬᠠᠤᠷᠬᠢᠯ ᠭᠠᠴᠠᠭ᠎ᠠ ᠪᠠᠷ ᠨᠤᠲᠤᠭ ᠲᠠᠢ᠂ ᠤᠲᠤ ᠰᠠᠶᠢᠬᠠᠨᠲᠠᠯ᠎ᠠ ᠪᠠᠯᠭᠠᠰᠤᠨ ᠳᠤ ᠬᠡᠦᠬᠡᠳ ᠲᠠᠢ ᠪᠠᠨ ᠬᠠᠮᠲᠤ ᠰᠠᠭᠤᠵᠤ ᠪᠠᠶᠢᠨ᠎ᠠ᠃ ᠲᠡᠷᠡ ᠪᠥᠵᠢᠭ ᠲᠠᠮᠢᠷ ᠤᠨ ᠬᠥᠳᠡᠯᠭᠡᠭᠡᠨ ᠳᠤ ᠪᠠᠭ᠋ᠠᠲᠠᠢ ᠪᠠᠶᠢᠵᠤ᠂ ᠨᠠᠰᠤᠲᠠᠶᠢᠴᠤᠳ ᠤᠨ ᠢᠶᠠᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠡᠶ᠎ᠡ ᠲᠠᠮᠢᠷ ᠤᠨ ᠬᠥᠳᠡᠯᠭᠡᠭᠡᠨ ᠳᠤ ᠤᠷᠤᠯᠴᠠᠬᠤ ᠢᠳᠡᠪᠬᠢᠵᠢᠯ ᠢ ᠲᠠᠶᠢᠴᠢᠯᠠᠬᠤ ᠡᠭᠦᠳᠡᠨ ᠠᠴᠠ᠂ ᠡᠨᠡ ᠵᠢᠯ ᠤᠨ 5 ᠰᠠᠷ᠎ᠠ ᠠᠴᠠ ᠡᠬᠢᠯᠡᠨ᠂ ᠳᠠᠭᠤ ᠬᠥᠭᠵᠢᠮ ᠤᠨ ᠲᠥᠬᠦᠭᠡᠷᠦᠮᠵᠢ ᠬᠤᠳᠠᠯᠳᠤᠨ ᠠᠪᠴᠤ᠂ ᠸᠢᠴᠠᠲ ᠬᠤᠯᠪᠤᠭ᠎ᠠ ᠪᠠᠶᠢᠭᠤᠯᠤᠨ ᠨᠠᠰᠤᠲᠠᠶᠢᠴᠤᠳ ᠢ ᠵᠤᠬᠢᠶᠠᠨ ᠪᠠᠶᠢᠭᠤᠯᠵᠤ᠂ ᠠᠭᠤᠳᠠᠮ ᠲᠠᠯᠠᠪᠠᠢ ᠶᠢᠨ ᠪᠥᠵᠢᠭ ᠡᠷᠬᠢᠯᠡᠭᠰᠡᠨ ᠪᠠᠶᠢᠨ᠎ᠠ᠃
   ᠴᠢᠮᠡᠭ᠄ ︽ᠪᠢ ᠪᠤᠯ ᠡᠨᠡ ᠶᠢ ᠨᠠᠰᠤᠲᠠᠶᠢᠴᠤᠳ ᠲᠤ ᠪᠠᠨ ᠵᠤᠷᠢᠭᠤᠯᠵᠤ ᠡᠷᠬᠢᠯᠡᠭᠰᠡᠨ ᠶᠤᠮ᠂ ᠨᠠᠰᠤᠲᠠᠶᠢᠴᠤᠳ ᠮᠠᠨᠢ ᠳᠠᠨᠳᠠ ᠪᠠᠨ ᠭᠡᠷ ᠲᠤ ᠪᠠᠨ ᠰᠠᠭᠤᠭᠠᠳ ᠭᠡᠴᠡᠭᠦᠦ᠂ ᠤᠷᠤᠢ ᠶᠢᠨ ᠪᠠᠭ᠎ᠠ ᠰᠠᠭ᠎ᠠ ᠴᠠᠭ ᠢ ᠠᠰᠢᠭᠯᠠᠨ ᠲᠠᠮᠢᠷ ᠤᠨ ᠬᠥᠳᠡᠯᠭᠡᠭᠡᠨ ᠬᠢᠪᠡᠯ ᠪᠡᠶᠡᠨ ᠳᠤ ᠨᠢ ᠪᠠᠰᠠ ᠰᠠᠶᠢᠨ ᠭᠡᠵᠦ ᠪᠤᠳᠤᠭᠠᠳ ᠬᠢᠭᠰᠡᠨ᠂ ᠢᠩᠭᠢᠭᠡᠳ ᠬᠢᠭᠰᠡᠨ ᠴᠢᠨᠢ ᠬᠦᠮᠦᠨ ᠬᠠᠴᠢᠨ ᠤᠯᠠᠨ ᠴᠤᠭᠯᠠᠷᠠᠭᠰᠠᠨ᠂ ᠵᠤᠨ ᠤ ᠰᠠᠶᠢᠬᠠᠨ ᠤᠷᠤᠢ ᠪᠤᠯ 200 ᠰᠢᠬᠠᠮ ᠳᠤ ᠬᠦᠷᠴᠦ ᠪᠠᠶᠢᠭᠰᠠᠨ︾ ᠭᠡᠵᠦ ᠶᠠᠷᠢᠯ᠎ᠠ᠃
   ᠠᠭᠤᠳᠠᠮ ᠲᠠᠯᠠᠪᠠᠢ ᠶᠢᠨ ᠪᠥᠵᠢᠭ ᠨᠢ ᠨᠠᠰᠤᠲᠠᠶᠢᠴᠤᠳ ᠤᠨ ᠪᠠᠶ᠎ᠡ ᠪᠠᠨ ᠪᠤᠯᠪᠠᠰᠤᠷᠠᠭᠤᠯᠤᠨ᠂ ᠪᠠᠶᠠᠷ ᠪᠠᠶᠠᠰᠬᠤᠯᠠᠩ ᠲᠠᠢ ᠴᠠᠭ ᠮᠥᠴᠡ ᠶᠢ ᠬᠠᠮᠲᠤ ᠪᠠᠷ ᠥᠩᠭᠡᠷᠡᠭᠦᠯᠬᠦ ᠳᠤ ᠳᠠᠪᠴᠠᠩ ᠬᠠᠩᠭᠠᠵᠤ᠂ ᠤᠯᠠᠨ ᠤ ᠲᠠᠭᠠᠰᠢᠶᠠᠯ ᠢ ᠤᠯᠤᠭᠰᠠᠨ ᠪᠠᠶᠢᠨ᠎ᠠ᠃    ︽ᠳᠡᠭᠷᠢ ᠬᠦᠢᠲᠡᠷᠡᠭᠰᠡᠨ ᠠᠴᠠ 10 ᠰᠠᠷ᠎ᠠ ᠶᠢᠨ ᠡᠬᠢ ᠪᠠᠷ ᠬᠥᠳᠡᠯᠭᠡᠭᠡᠨ ᠢᠶᠠᠨ ᠵᠤᠭᠰᠤᠭᠰᠠᠨ᠂ ᠳᠠᠷᠠᠭ᠎ᠠ ᠵᠢᠯ ᠤᠨ 5 ᠰᠠᠷ᠎ᠠ ᠳᠤ ᠳᠠᠬᠢᠨ ᠡᠬᠢᠯᠡᠭᠦᠯᠦᠨ᠎ᠡ᠂ ᠤᠳᠤ ᠬᠡᠷᠪᠡ ᠳᠤᠬᠢᠷᠠᠮᠵᠢᠲᠠᠢ ᠭᠠᠵᠠᠷ ᠤᠯᠳᠠᠪᠠᠯ ᠦᠳᠡ ᠶᠢᠨ ᠬᠤᠶᠢᠨ᠎ᠠ ᠳᠤ ᠪᠠᠨ ᠡᠷᠬᠢᠯᠡᠬᠦ ᠰᠠᠨᠠᠭ᠎ᠠ ᠲᠠᠢ ᠪᠠᠶᠢᠨ᠎ᠠ︾ ᠭᠡᠵᠦ ᠴᠢᠮᠡᠭ ᠶᠠᠷᠢᠯ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号