ᠣᠶᠢᠷ᠎ᠠ ᠶᠢᠨ ᠵᠢᠯ ᠤᠳ ᠲᠤ᠂ ᠬᠤᠰᠢᠭᠤ ᠤᠯᠠᠭᠠᠨᠮᠥ᠋ᠴᠢᠷ ᠤᠨ ᠭᠡᠰᠢᠭᠦᠳ ᠤᠳᠬ᠎ᠠ ᠤᠷᠠᠯᠢᠭ ᠤᠨ ᠹᠷᠣᠨᠲ ᠤᠨ | ᠥᠪᠡᠷᠮᠢᠴᠡ ᠳᠠᠪᠠᠭᠤᠯᠢᠭ ᠦᠶᠯᠡᠳᠦᠯ ᠢᠶᠠᠨ ᠰᠠᠨᠠᠭᠠᠴᠢᠯᠠᠭ᠎ᠠ ᠠᠴᠠ ᠪᠠᠨ ᠪᠠᠳᠠᠷᠠᠭᠤᠯᠵᠤ᠂ ᠤᠷᠢᠳ ᠬᠤᠵᠢᠳ ᠮᠠᠰᠢ | ᠣᠯᠠᠨ ᠰᠢᠯᠢᠳᠡᠭ ᠪᠦᠲᠦᠭᠡᠯ ᠡᠭᠦᠳᠦᠨ ᠪᠦᠲᠦᠭᠡᠵᠦ᠂ ᠨᠡᠶᠢᠭᠡᠮ ᠤᠨ ᠡᠯ᠎ᠡ ᠡᠲᠡᠭᠡᠳ ᠤᠨ ᠬᠠᠯᠠᠭᠤᠨ ᠬᠦᠷᠢᠶᠡᠯᠡᠯ ᠢ | ᠤᠯᠤᠭᠰᠠᠨ ᠶᠤᠮ᠃ ᠲᠦᠷᠦᠭᠦᠬᠡᠨ᠂ ᠤᠯᠠᠭᠠᠨᠮᠥ᠋ᠴᠢᠷ ᠤᠨ ᠭᠡᠰᠢᠭᠦᠳ ︽ᠮᠤᠳᠤᠨ ᠬᠡᠦᠬᠡᠯᠳᠡᠢ︾ ᠵᠣᠬᠢᠶᠠᠨ | ᠪᠦᠲᠦᠭᠡᠵᠦ᠂ ᠠᠪᠢᠶ᠎ᠠ ᠳᠠᠭᠠᠷᠠᠭᠤᠯᠤᠭᠰᠠᠨ ᠵᠦᠴᠦᠭᠡ ᠪᠠᠨ ᠰᠦᠯᠵᠢᠶᠡᠨ ᠳᠤ ᠨᠡᠶᠢᠳᠡᠯᠡᠨ᠂ ᠬᠢᠵᠢᠭ ᠢ ᠰᠡᠷᠭᠡᠶᠢᠯᠡᠨ | ᠡᠵᠡᠮᠳᠡᠬᠦ ᠳᠤ ᠬᠤᠪᠢ ᠬᠦᠮᠦᠨ ᠤ ᠬᠠᠮᠢᠶᠠᠷᠤᠯᠲᠠ ᠪᠠᠨ ᠰᠠᠶᠢᠲᠤᠷ ᠬᠢᠬᠦ ᠶᠢ ᠤᠷᠢᠶᠠᠯᠠᠨ᠂ ᠤᠯᠠᠨ ᠲᠦᠮᠡᠨ ᠤ | ᠰᠤᠨᠢᠷᠬᠠᠯ ᠢ ᠳᠠᠳᠠᠭᠰᠠᠨ ᠤ ᠬᠠᠮᠳᠤ ᠬᠢᠵᠢᠭ ᠤᠨ ᠰᠡᠷᠭᠡᠶᠢᠯᠡᠯᠳᠡ ᠶᠢᠨ ᠮᠡᠳᠡᠯᠭᠡ ᠶᠢ ᠠᠮᠢᠳᠤᠯᠢᠭ ᠢᠶᠠᠷ | ᠤᠶᠢᠯᠠᠭᠠᠭᠤᠯᠤᠯ᠎ᠠ᠃ | | ︽ᠪᠢ ᠪᠣᠯ ᠬᠢᠵᠢᠭ ᠢ ᠰᠡᠷᠭᠡᠶᠢᠯᠡᠬᠦ ᠪᠢᠴᠢᠬᠠᠨ ᠤᠬᠠᠭᠤᠯᠤᠭᠴᠢ ᠮᠥᠨ᠂ ᠪᠢᠳᠡ ᠡᠷᠡᠭᠦᠯ ᠬᠠᠮᠠᠭᠠᠯᠠᠯ ᠢ | ᠡᠷᠬᠢᠮᠯᠡᠵᠦ᠂ ᠭᠠᠷ ᠢᠶᠠᠨ ᠦᠷᠭᠦᠯᠵᠢ ᠤᠬᠢᠶᠠᠵᠤ᠂ ᠠᠮᠠᠪᠴᠢ ᠵᠡᠭᠦᠬᠦ ᠬᠡᠷᠡᠭᠲᠡᠶ︾ — ᠬᠤᠰᠢᠭᠤ ᠤᠯᠠᠭᠠᠨᠮᠥ᠋ᠴᠢᠷ ᠤᠨ | ᠪᠣᠯᠪᠠᠰᠤᠷᠠᠯ ᠤᠨ ᠲᠢᠩᠬᠢᠮ ᠳᠤ᠂ ᠬᠡᠦᠬᠡᠯᠳᠡᠢ ᠤᠬᠠᠭᠤᠯᠤᠭᠴᠢ ᠯᠧ ᠯᠧ ᠪᠣᠯᠤᠨ ᠰᠢᠶᠤᠤ ᠰᠢᠶᠣᠤ ᠤᠯᠠᠭᠠᠨᠮᠦ᠋ᠴᠢᠷ | ᠤᠨ ᠳᠤᠭᠯᠠᠭᠴᠢ ᠶᠢᠨ ᠤᠷᠠᠨ ᠬᠦᠳᠡᠯᠦᠯ ᠤᠶᠠᠩᠭᠠᠳᠤ ᠬᠤᠭᠤᠯᠠᠢ ᠪᠠᠷ ᠠᠮᠢᠯᠠᠨ᠂ ᠬᠢᠵᠢᠭ ᠢ ᠰᠡᠷᠭᠡᠶᠢᠯᠡᠨ ᠡᠵᠡᠮᠳᠡᠬᠦ | ᠮᠡᠳᠡᠯᠭᠡ ᠶᠢ ᠤᠬᠠᠭᠤᠯᠵᠤ ᠪᠠᠶᠢᠯ᠎ᠠ᠃ ᠬᠡᠦᠬᠡᠯᠳᠡᠢ ᠵᠦᠴᠦᠭᠡ ᠵᠤᠬᠢᠶᠠᠨ ᠪᠦᠲᠦᠭᠡᠭᠰᠡᠨ ᠠᠴᠠ ᠨᠠᠰᠢ ᠤᠯᠠᠨ ᠲᠦᠮᠡᠨ ᠤ | ᠠᠩᠬᠠᠷᠤᠯ ᠳᠤ ᠬᠦᠷᠴᠦ᠂ ᠪᠢᠴᠢᠬᠠᠨ ᠨᠠᠶᠢᠵᠠ ᠨᠠᠷ ᠲᠤ ᠴᠦ ᠬᠢᠵᠢᠭ ᠢ ᠰᠡᠷᠭᠡᠶᠢᠯᠡᠬᠦ ᠮᠡᠳᠡᠯᠭᠡ ᠶᠢ ᠪᠠᠲᠤ | ᠴᠡᠭᠡᠵᠢᠯᠡᠭᠦᠯᠦᠭᠰᠡᠨ ᠢᠶᠠᠷ ᠪᠠᠷᠠᠬᠤ ᠦᠭᠡᠢ᠂ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠵᠤ᠂ ᠤᠬᠠᠭᠤᠯᠬᠤ ᠠᠷᠭ᠎ᠠ ᠬᠡᠯᠪᠡᠷᠢ ᠶᠢ ᠤᠯᠠᠨ ᠲᠦᠮᠡᠨ ᠲᠠᠢ ᠨᠡᠩ ᠤᠶᠢᠷᠠᠳᠤᠭᠤᠯᠵᠤ ᠴᠢᠳᠠᠭᠰᠠᠨ | ᠪᠠᠶᠢᠨ᠎ᠠ᠃ | | ᠰᠤᠷᠪᠤᠯᠵᠢᠯᠠᠭ᠎ᠠ᠄ ᠤᠯᠠᠭᠠᠨᠮᠥ᠋ᠴᠢᠷ ᠤᠨ ᠭᠡᠰᠢᠭᠦᠨ ᠯᠢᠦ ᠵᠢᠶᠠ ᠾᠦᠢ ︵ ᠬᠡᠦᠬᠡᠯᠳᠡᠶ ᠵᠦᠴᠦᠭᠡ ᠨᠢ ᠪᠠᠰᠠ ᠴᠤ | ᠮᠠᠨ ᠤ ᠤᠯᠠᠭᠠᠨᠮᠥ᠋ᠴᠢᠷ ᠤᠨ ᠨᠢᠭᠡ ᠶᠡᠭᠡ ᠣᠨᠴᠠᠯᠢᠭ ᠪᠣᠯᠤᠨ᠎ᠠ᠂ ᠨᠠᠶᠢᠷᠠᠭᠤᠯᠤᠨ ᠪᠦᠲᠦᠭᠡᠬᠦ ᠶᠢᠨ ᠬᠠᠮᠲᠤ ᠪᠢᠳᠡ | ᠬᠢᠵᠢᠭ ᠲᠠᠢ ᠲᠡᠮᠡᠴᠡᠬᠦ ᠪᠠᠷ ᠭᠤᠤᠯ ᠰᠡᠳᠦᠪ ᠪᠣᠯᠭᠠᠵᠤ᠂ ᠬᠡᠦᠬᠡᠯᠳᠡᠶ ᠵᠦᠴᠦᠭᠡ ᠶᠢᠨ ᠥᠪᠡᠷᠮᠢᠴᠡ ᠤᠷᠠᠯᠢᠭ ᠤᠨ | ᠷᠢᠳᠢ ᠰᠢᠳᠢ ᠶᠢ ᠢᠯᠡᠷᠡᠭᠦᠯᠬᠦ ᠶᠢ ᠪᠤᠳᠤᠵᠤ ᠪᠠᠶᠢᠨ᠎ᠠ᠃ ᠴᠣᠪᠣᠭᠤᠯᠢᠭ ᠬᠦᠭᠡᠷᠦᠬᠦᠨ ᠲᠦᠷᠢ ᠪᠠᠷ ᠤᠯᠠᠮᠵᠢᠯᠠᠨ | ᠲᠠᠷᠬᠠᠭᠠᠬᠤ ᠦᠷ᠎ᠡ ᠪᠦᠲᠦᠮᠵᠢ ᠶᠢ ᠨᠠᠩ ᠰᠠᠶᠢᠨ ᠪᠤᠯᠭᠠᠬᠤ ᠪᠥᠭᠡᠳ ᠪᠠᠰᠠ ᠠᠷᠠᠳ ᠣᠯᠠᠨ ᠤ ᠸᠢᠷᠦ᠋ᠰ ᠲᠠᠢ | ᠲᠡᠮᠡᠴᠡᠬᠦ ᠢᠲᠡᠭᠡᠯ ᠵᠣᠷᠢᠭ ᠢ ᠨᠡᠮᠡᠭᠳᠡᠭᠦᠯᠵᠦ᠂ ᠪᠥᠬᠦ ᠠᠷᠠᠳ ᠢᠶᠠᠷ ᠢᠶᠠᠨ ᠬᠢᠵᠢᠭ ᠲᠠᠢ ᠲᠡᠮᠡᠴᠡᠬᠦ ᠳᠤ ᠰᠡᠳᠬᠢᠯ | ᠨᠢᠭᠡᠳᠦᠨ ᠬᠦᠴᠦᠨ ᠢᠶᠠᠨ ᠬᠠᠮᠲᠤᠳᠬᠠᠬᠤ ᠪᠣᠯᠤᠨ᠎ᠠ ᠃ ︶ | ᠤᠶᠢᠯᠠᠭᠠᠭᠰᠠᠨ ᠢᠶᠠᠷ᠂ ᠭᠤᠤᠯ ᠵᠣᠬᠢᠶᠠᠨ ᠪᠦᠲᠦᠭᠡᠭᠴᠢ ᠯᠢᠦ ᠵᠢᠶᠠ ᠾᠦᠢ ᠳᠡᠭᠡᠷ᠎ᠡ ᠬᠠᠭᠠᠰ ᠵᠢᠯ ᠠᠴᠠ ᠡᠬᠢᠯᠡᠨ | ᠂ ᠵᠦᠴᠦᠭᠡ ᠶᠢᠨ ᠵᠤᠬᠢᠶᠠᠯ ᠪᠢᠴᠢᠬᠦ᠂ ᠳᠦᠷᠢ ᠲᠣᠭᠲᠠᠭᠠᠬᠤ᠂ ᠨᠠᠶᠢᠷᠠᠭᠤᠯᠬᠤ ᠵᠡᠷᠭᠡ ᠠᠵᠢᠯ ᠢᠶᠠᠨ ᠨᠢᠮᠪᠠᠢ | ᠪᠡᠯᠡᠳᠭᠡᠵᠦ ᠢᠷᠡᠭᠰᠡᠨ ᠤ ᠬᠠᠮᠳᠤ᠂ ᠨᠠᠶᠢᠷᠠᠭᠤᠯᠤᠨ ᠵᠣᠬᠢᠶᠠᠬᠤ ᠠᠵᠢᠯᠳᠠᠳ ᠤᠨ ᠰᠢᠷᠭᠠᠭᠤ ᠬᠦᠳᠡᠯᠮᠦᠷᠢ ᠨᠢᠭᠳᠠ | ᠬᠠᠮᠵᠢᠯᠴᠠᠭ᠎ᠠ ᠪᠠᠷ ᠳᠠᠮᠵᠢᠨ ᠤᠬᠠᠭᠤᠯᠭ᠎ᠠ ᠶᠢᠨ ᠭᠤᠤᠯ ᠰᠡᠳᠦᠪ ᠪᠠ ᠲᠣᠭᠯᠠᠯᠲᠠ ᠶᠢᠨ ᠬᠡᠯᠪᠡᠷᠢ ᠪᠠᠨ ᠰᠠᠶᠢᠲᠤᠷ | ᠳᠤᠭᠳᠠᠭᠠᠵᠤ᠂ ᠣᠯᠠᠨ ᠲᠦᠮᠡᠨ ᠲᠠᠢ ᠣᠶᠢᠷᠠᠲᠤᠭᠰᠠᠨ ᠦᠭᠡ ᠬᠡᠯᠡ ᠶᠢ ᠬᠡᠷᠡᠭᠯᠡᠵᠦ᠂ ᠰᠣᠨᠢᠷᠬᠠᠯᠲᠠᠶ᠂ ᠰᠢᠨ᠎ᠡ ᠶᠢ | ᠡᠭᠦᠳᠦᠭᠰᠡᠨ ᠪᠠᠶᠢᠬᠤ ᠶᠢ ᠬᠢᠴᠢᠶᠡᠵᠦ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠬᠦᠯᠬᠦ ᠶᠢ ᠵᠤᠷᠢᠵᠠᠢ᠃ | ᠳᠠᠷᠠᠭᠠᠴᠢ ᠶᠢᠨ ᠠᠯᠬᠤᠮ ᠳᠤ ᠬᠤᠶᠠᠷ ︽ᠬᠡᠦᠬᠡᠯᠳᠡᠢ ᠤᠬᠠᠭᠤᠯᠤᠭᠴᠢ︾ ᠮᠠᠨᠢ ᠨᠡᠩ ᠦᠷᠭᠡᠨ ᠰᠡᠳᠦᠪ ᠨᠡᠩ | ᠪᠠᠶᠠᠯᠢᠭ ᠠᠭᠤᠯᠭ᠎ᠠ ᠪᠠᠷ ᠳᠤᠭᠯᠠᠯᠳᠠ ᠤᠬᠠᠭᠤᠯᠭ᠎ᠠ ᠬᠢᠵᠦ ᠦᠷᠭᠡᠨ ᠤᠯᠠᠨ ᠲᠦᠮᠡᠨ ᠲᠠᠢ ᠪᠠᠨ ᠪᠠᠶᠢᠩᠭᠤ | ᠠᠭᠤᠯᠵᠠᠬᠤ ᠪᠤᠯᠤᠨ᠎ᠠ᠃ | | ᠰᠤᠷᠪᠤᠯᠵᠢᠯᠠᠭ᠎ᠠ᠄ ᠤᠯᠠᠭᠠᠨᠮᠥ᠋ᠴᠢᠷ ᠤᠨ ᠭᠡᠰᠢᠭᠦᠨ ᠯᠢᠦ ᠵᠢᠶᠠ ᠬᠤᠶ ︵ᠪᠢᠳᠡ ᠣᠲᠣ ᠬᠡᠳᠦᠨ ᠭᠤᠤᠯ ᠰᠡᠳᠦᠪ | ᠪᠤᠳᠤᠭᠠᠳ ᠪᠠᠶᠢᠨ᠎ᠠ᠂ ᠵᠢᠱᠢᠶᠡᠯᠡᠪᠡᠯ ᠬᠤᠭ ᠨᠣᠪᠰᠢ ᠶᠢ ᠲᠥᠷᠥᠯ ᠠᠩᠭᠢᠯᠠᠨ ᠬᠠᠶᠠᠬᠤ᠂ ᠬᠢᠵᠢᠭ ᠲᠠᠢ ᠲᠡᠮᠡᠴᠡᠬᠦ | ᠡᠮᠦᠨ᠎ᠡ ᠹᠷᠣᠨᠲ ᠤᠨ ᠬᠥᠮᠦᠰ ᠤᠨ ᠨᠡᠶᠢᠲᠡᠯᠢᠭ ᠵᠢᠱᠢᠶ᠎ᠡ᠂ ᠬᠡᠦᠬᠡᠳ ᠤᠨ ᠮᠡᠭᠡᠯᠡᠯ ᠢ ᠰᠡᠷᠭᠡᠶᠢᠯᠡᠬᠦ ᠵᠡᠷᠭᠡ ᠪᠣᠯᠤᠨ᠎ᠠ᠂ | ᠲᠠᠷᠠᠭᠠᠴᠢ ᠶᠢᠨ ᠠᠯᠬᠤᠮ ᠳᠤ᠂ ᠪᠢᠳᠡ ᠬᠡᠦᠬᠡᠯᠳᠡᠶ ᠵᠦᠴᠦᠭᠡ ᠶᠢᠨ ᠪᠦᠲᠦᠭᠡᠯ ᠵᠠᠯᠭᠠᠭ᠎ᠠ ᠪᠠᠷ ᠭᠠᠷᠭᠠᠵᠤ᠂ | ᠤᠯᠠᠭᠠᠨᠮᠥ᠋ᠴᠢᠷ ᠤᠨ ᠳᠠᠪᠠᠭᠤᠯᠢᠭ ᠦᠶᠯᠡᠳᠦᠯ ᠢ ᠪᠠᠳᠠᠷᠠᠭᠤᠯᠵᠤ᠂ ᠡᠨᠡ ᠬᠦ ᠣᠶᠤᠨ ᠰᠠᠨᠠᠭ᠎ᠠ ᠰᠣᠶᠣᠯ ᠤᠨ ᠠᠷᠭ᠎ᠠ | ᠬᠡᠯᠪᠡᠷᠢ ᠪᠠᠷ ᠨᠠᠩ ᠣᠯᠠᠨ ᠬᠦᠮᠦᠰ ᠲᠤ ᠠᠰᠢᠭ ᠬᠦᠷᠲᠡᠭᠡᠬᠦ ᠪᠣᠯᠤᠨ᠎ᠠ ᠃︶ |