ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠤᠪᠴᠢᠶ᠎ᠠ ᠤᠯᠠᠨ ᠲᠥᠮᠡᠨ ᠳᠤ ᠳᠥᠭᠦᠮ ᠲᠦᠳᠡ ᠦᠢᠯᠡᠴᠢᠯᠡᠭᠡ ᠬᠠᠩᠭᠠᠵᠤ ᠪᠠᠶᠢᠨ᠎ᠠ
ᠨᠡᠶᠢᠲᠡᠯᠡᠭᠰᠡᠨ ᠴᠠᠭ᠄
2022/11/7
   ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠡᠯ᠎ᠡ ᠵᠦᠢᠯ ᠤᠨ  ᠠᠵᠢᠯ ᠢ ᠰᠠᠶᠢᠲᠤᠷ ᠠᠳᠬᠤᠬᠤ ᠶᠢᠨ ᠬᠠᠮᠲᠤ᠂ ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠠᠵᠤ ᠠᠬᠤᠶᠢᠯᠠᠯ ᠵᠢᠴᠢ ᠤᠯᠠᠨ ᠲᠦᠮᠡᠨ ᠳᠤ ᠨᠡᠩ ᠥᠨᠳᠥᠷ ᠪᠦᠲᠦᠮᠵᠢᠲᠡᠢ᠂ ᠨᠡᠩ ᠳᠥᠭᠦᠮ ᠳᠥᠲᠡ᠂ ᠨᠡᠩ ᠰᠢᠯᠢᠳᠡᠭ ᠦᠢᠯᠡᠴᠢᠯᠡᠭᠡ ᠬᠠᠩᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠳᠤ ᠪᠡᠯᠡᠭ ᠪᠠᠷᠢᠯ᠎ᠠ᠃
   ᠵᠠᠰᠠᠭ ᠤᠨ ᠶᠠᠪᠤᠳᠠᠯ ᠤᠨ ᠲᠥᠪ ᠤᠨ ᠪᠥᠲᠦᠴᠡ ᠳᠤ ᠲᠤᠬᠢᠷᠠᠭᠤᠯᠤᠯᠲᠠ ᠬᠢᠵᠦ᠂ ᠨᠢᠭᠡᠳᠦᠭᠡᠷ ᠳᠠᠪᠬᠤᠷᠭ᠎ᠠ ᠶᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠭᠤᠷᠢᠭ᠂ ᠬᠤᠶᠠᠳᠤᠭᠠᠷ ᠳᠠᠪᠬᠤᠷᠭ᠎ᠠ ᠶᠢ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠲᠣᠭᠤᠷᠢᠭ᠂ ᠭᠤᠷᠪᠠᠳᠤᠭᠠᠷ ᠳᠠᠪᠬᠤᠷᠭ᠎ᠠ ᠶᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠭ ᠪᠤᠯᠭᠠᠭᠰᠠᠨ ᠤ ᠬᠠᠮᠲᠤ᠂ ᠠᠦ᠋ᠲ᠋ᠣ᠋ ᠦᠢᠯᠡᠴᠢᠯᠡᠭᠡᠨ ᠤ ᠪᠤᠯᠤᠩ᠂ ᠠᠦ᠋ᠲ᠋ᠣ᠋ ᠪᠠᠷᠠᠭ᠎ᠠ ᠬᠤᠳᠠᠯᠳᠤᠬᠤ ᠮᠠᠰᠢᠨ ᠵᠡᠷᠭᠡ ᠶᠢ ᠲᠣᠬᠢᠷᠠᠭᠤᠯᠵᠤ ᠣᠯᠠᠨ ᠲᠦᠮᠡᠨ ᠳᠤ ᠬᠡᠷᠡᠭᠯᠡᠭᠦᠯᠵᠦ ᠤᠯᠠᠨ ᠲᠥᠮᠡᠨ ᠳᠤ ᠨᠡᠩ ᠳᠥᠭᠦᠮ ᠲᠦᠳᠡ ᠨᠡᠩ ᠤᠶᠤᠨᠴᠢ ᠦᠢᠯᠡᠴᠢᠯᠡᠭᠡ ᠬᠠᠩᠭᠠᠵᠠᠢ᠃ ᠤᠷᠢᠳᠴᠢᠯᠠᠨ ᠪᠣᠯᠵᠣᠵᠤ ᠴᠠᠭ ᠨᠡᠮᠡᠵᠦ ᠭᠦᠢᠴᠡᠳᠬᠡᠬᠦ ᠦᠢᠯᠡᠴᠢᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠥᠷᠯᠦᠭᠡ ᠤᠷᠤᠢ ᠠᠮᠢᠳᠤᠯᠢᠭ ᠢᠶᠠᠷ ᠴᠠᠭ ᠨᠡᠮᠡᠵᠦ ᠠᠵᠢᠯᠯᠠᠬᠤ᠂ ᠦᠳᠡ ᠳᠤ ᠵᠠᠪᠰᠡᠷᠯᠠᠬᠤ ᠦᠭᠡᠢ᠂ ᠭᠠᠷᠠᠭ ᠤᠨ ᠰᠡᠭᠦᠯᠴᠢ ᠳᠤ ᠠᠮᠠᠷᠠᠬᠤ ᠦᠭᠡᠢ᠂ ᠪᠠᠶᠠᠷ ᠳᠤᠷᠠᠰᠬᠠᠯ ᠤᠨ ᠡᠳᠦᠷ ᠡᠭᠦᠳᠡ ᠪᠠᠨ ᠬᠠᠭᠠᠬᠤ ᠦᠭᠡᠢ ᠠᠵᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠤᠯᠠᠨ ᠲᠥᠮᠡᠨ ᠳᠤ ︽5+2︾ ᠤᠨ ᠪᠦᠬᠦ ᠡᠳᠦᠷ ᠤᠨ ᠦᠢᠯᠡᠴᠢᠯᠡᠭᠡ ᠬᠠᠩᠭᠠᠵᠤ ᠪᠠᠶᠢᠨ᠎ᠠ᠃ ︽ᠶᠡᠷᠦᠩᠬᠡᠶᠢᠯᠡᠭᠰᠡᠨ ᠴᠤᠩᠬᠤᠪᠴᠢ︾ ᠦᠢᠯᠡᠴᠢᠯᠡᠭᠡ ᠶᠢ ᠪᠦᠬᠦ ᠲᠠᠯ᠎ᠠ ᠪᠠᠷ ᠵᠢᠷᠤᠮᠵᠢᠭᠤᠯᠤᠨ᠂ 28 ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠯᠦᠭᠡ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠨᠠᠶᠢᠳᠠᠵᠤ ᠭᠥᠯᠢᠶᠡᠨ ᠠᠪᠴᠤ ᠰᠢᠶᠳᠪᠦᠷᠢᠯᠡᠬᠦ ᠡᠷᠬᠡ ᠣᠯᠭᠤᠬᠤ ᠵᠥᠪᠯᠡᠯᠴᠡᠭᠡᠷ ᠤᠨ ᠪᠢᠴᠢᠭ ᠪᠠ ᠦᠶᠯᠡᠴᠢᠯᠡᠭᠡᠨ ᠤ ᠠᠮᠠᠯᠠᠯᠲᠠ ᠶᠢᠨ ᠪᠢᠴᠢᠭ ᠳᠤᠭᠲᠠᠵᠠᠢ᠃ ᠪᠡᠭᠡᠵᠢᠩ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ︽ᠢ ᠵᠤᠸᠠᠩ︾ ᠵᠠᠭᠪᠤᠷ ᠢ ᠰᠤᠷᠤᠯᠴᠠᠨ᠂ ᠭᠤᠷᠪᠠᠳᠠᠬᠢ ᠡᠲᠡᠭᠡᠳ ᠢ ᠤᠷᠢᠵᠤ 10 ᠬᠥᠮᠦᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠤᠰᠠᠯᠠᠬᠤ ᠪᠦᠯᠬᠦᠮ ᠢ ᠪᠠᠶᠢᠭᠤᠯᠤᠨ᠂ 5 ᠶᠡᠷᠦᠩᠬᠡᠶᠢᠯᠡᠭᠰᠡᠨ ᠴᠣᠩᠬᠤᠪᠴᠢ ᠭᠠᠷᠭᠠᠵᠤ᠂ ︽ᠨᠢᠭᠡ ᠯᠡ ᠤᠳᠠᠭ᠎ᠠ ᠳᠤ ᠭᠦᠶᠴᠡᠳᠬᠡᠬᠦ︾ ︽ᠲᠠᠨ ᠢ ᠬᠠᠪᠰᠤᠷᠤᠨ ᠭᠦᠶᠴᠡᠳᠬᠡᠬᠦ︾ ᠵᠢᠴᠢ ᠵᠠᠷᠢᠮ ᠤᠨᠴᠠᠯᠢᠭᠲᠤ ᠲᠤᠬᠠᠶᠢᠯᠠᠭᠰᠠᠨ ᠠᠵᠢᠯ ᠢ ᠶᠡᠷᠦᠩᠬᠡᠶᠢᠯᠡᠭᠰᠡᠨ ᠴᠣᠩᠬᠤᠪᠴᠢ ᠳᠤ ᠣᠷᠣᠭᠤᠯᠤᠨ᠂ ᠮᠥᠷᠯᠡᠨ ᠳ᠋ᠤᠭᠠᠷᠯᠠᠬᠤ᠂ ᠨᠢᠭᠡ ᠴᠣᠩᠬᠤᠪᠴᠢ ᠪᠠᠷ ᠭᠥᠯᠢᠶᠡᠨ ᠠᠪᠬᠤ᠂ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠪᠢᠴᠢᠭ ᠮᠠᠲ᠋ᠧᠷᠢᠶᠠᠯ ᠭᠠᠷᠭᠠᠬᠤ ᠠᠴᠠ ᠦᠶᠯᠡᠴᠢᠯᠡᠭᠡᠨ ᠤ ᠦᠨᠡᠯᠡᠯᠲᠡ ᠬᠢᠬᠦ ᠬᠦᠷᠲᠡᠯᠡᠬᠢ ᠪᠥᠬᠦ ᠶᠠᠪᠤᠴᠠ ᠶᠢᠨ ᠦᠶᠯᠡᠴᠢᠯᠡᠭᠡ ᠬᠠᠩᠭᠠᠵᠠᠢ᠃ ᠪᠥᠬᠦ ᠠᠶᠢᠮᠠᠭ ᠤᠨ ᠠᠩᠬᠠᠳᠠᠭᠴᠢ ︽ᠬᠤᠲᠠ ᠠᠯᠤᠰᠯᠠᠨ ᠭᠦᠢᠴᠡᠳᠬᠡᠵᠦ ᠪᠤᠯᠬᠤ︾ ᠠᠵᠢᠯ ᠢ ᠡᠬᠢᠯᠡᠭᠦᠯᠵᠦ᠂ ᠤᠯᠠᠭᠠᠨᠴᠠᠪ ᠬᠤᠲᠠ ᠶᠢᠨ 9 ᠬᠤᠰᠢᠭᠤ ᠰᠢᠶᠠᠨ ᠲᠠᠢ ︽ᠬᠤᠲᠠ ᠠᠯᠤᠰᠯᠠᠨ ᠭᠦᠢᠴᠡᠳᠬᠡᠵᠦ ᠪᠤᠯᠬᠤ︾ ᠵᠥᠪᠯᠡᠯᠴᠡᠭᠡᠷ ᠲᠣᠭᠲᠠᠵᠤ᠂ ︽ᠣᠷᠣᠨ ᠪᠦᠰᠡ ᠠᠯᠤᠰᠯᠠᠨ ᠬᠠᠮᠲᠤᠷᠠᠨ ᠬᠥᠳᠡᠯᠦᠯᠴᠡᠵᠦ ᠣᠷᠣᠯᠠᠨ ᠭᠦᠶᠴᠡᠳᠬᠡᠬᠦ︾ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠬᠠᠮᠲᠤᠷᠠᠨ ᠭᠦᠶᠴᠡᠳᠬᠡᠬᠦ ᠵᠦᠶᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠬᠠᠮᠲᠤ ᠬᠥᠳᠡᠯᠦᠩᠭᠦᠶ ᠲᠣᠬᠢᠷᠠᠭᠤᠯᠤᠯᠲᠠ ᠬᠢᠵᠦ᠂ 129 ᠵᠦᠶᠯ ᠤᠨ ᠤᠯᠠᠨ ᠳᠠᠪᠲᠠᠮᠵᠢᠲᠤ ᠵᠦᠶᠯᠡᠰ ᠤᠨ ᠣᠷᠣᠨ ᠪᠦᠰᠡ ᠠᠯᠤᠰᠯᠠᠨ ᠬᠤᠯᠪᠣᠭᠠᠯᠠᠨ ᠬᠥᠳᠡᠯᠦᠯᠴᠡᠵᠦ᠂ ᠨᠢᠭᠡ ᠤᠴᠢᠷ ᠶᠠᠪᠤᠳᠠᠯ ᠢᠶᠠᠷ ᠬᠠᠮᠵᠢᠯᠴᠠᠬᠤ ᠶᠢ ᠪᠡᠶᠡᠯᠡᠭᠦᠯᠵᠦ᠂ ᠣᠨᠳᠣᠤ ᠭᠠᠵᠠᠷ ᠠᠵᠢᠯ ᠶᠠᠪᠤᠳᠠᠯ ᠭᠦᠶᠴᠡᠳᠬᠡᠬᠦ ᠬᠦᠴᠢᠷ ᠠᠰᠠᠭᠤᠳᠠᠯ ᠢ ᠰᠢᠢᠳᠪᠦᠷᠢᠯᠡᠵᠠᠢ᠃
   ᠬᠤᠰᠢᠭᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ︽ᠣᠯᠠᠨ ᠲᠦᠮᠡᠨ ᠤ ᠶᠠᠪᠤᠳᠠᠯ ᠳᠤ ᠪᠠᠭ᠎ᠠ ᠶᠠᠪᠤᠳᠠᠯ ᠭᠡᠵᠦ ᠥᠬᠡᠶ︾ ᠭᠡᠬᠦ ᠵᠣᠷᠢᠯᠲᠠ ᠶᠢ ᠪᠠᠷᠢᠮᠲᠠᠯᠠᠵᠤ᠂ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ  ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠲᠡᠷᠢᠭᠦᠨ ᠤ ᠨᠥᠬᠦᠴᠡᠯ ᠢ ᠪᠣᠶ ᠪᠣᠯᠭᠠᠵᠤ᠂ ᠨᠠᠮ ᠤᠨ ᠪᠠᠶᠢᠭᠤᠯᠤᠯᠲᠠ ᠪᠠᠷ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠵᠤ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号