ᠮᠠᠨ ᠤ ᠬᠤᠰᠢᠭᠤ ᠴᠡᠷᠢᠭ ᠠᠴᠠ ᠬᠠᠯᠠᠭᠳᠠᠭᠰᠠᠳ ᠤᠨ ᠤᠨᠴᠠ ᠬᠠᠷᠠᠭᠠᠯᠵᠠᠯ ᠤᠨ ᠦᠨᠡᠮᠯᠡᠯ ᠭᠤᠶᠤᠴᠢᠯᠠᠬᠤ ᠪᠠ ᠣᠯᠭᠤᠬᠤ ᠠᠵᠢᠯ ᠢ ᠯᠠᠪᠳᠠᠭᠤᠨ ᠢᠶᠠᠷ ᠳᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/11/8
  ᠴᠡᠷᠢᠭ ᠠᠴᠠ ᠬᠠᠯᠠᠭᠳᠠᠭᠰᠠᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠢᠷᠠᠭᠤ ᠠᠯᠳᠠᠷᠲᠤ ᠲᠥᠷᠥᠭᠳᠡᠯ ᠢ ᠨᠡᠮᠡᠭᠳᠡᠭᠦᠯᠵᠦ᠂ ᠴᠡᠷᠢᠭ ᠠᠴᠠ ᠬᠠᠯᠠᠭᠳᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠴᠡᠷᠢᠭ ᠠᠴᠠ ᠬᠠᠯᠠᠭᠳᠠᠭᠰᠠᠳ ᠲᠤ ᠦᠶᠯᠡᠴᠢᠯᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠶᠢᠨ ᠲᠥᠯᠥᠭᠡ᠂  ᠬᠤᠰᠢᠭᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠥᠷᠭᠡᠨ ᠣᠯᠠᠨ ᠴᠡᠷᠢᠭ ᠠᠴᠠ ᠬᠠᠯᠠᠭᠳᠠᠭᠰᠠᠳ ᠵᠢᠴᠢ ᠪᠤᠰᠤᠳ ᠬᠠᠷᠠᠭᠠᠯᠵᠠᠯ ᠬᠦᠷᠲᠡᠬᠦ ᠡᠲᠡᠭᠡᠳ ᠤᠨ ᠤᠨᠴᠠ ᠬᠠᠷᠠᠭᠠᠯᠵᠠᠯ ᠤᠨ ᠦᠨᠡᠮᠯᠡᠯ ᠭᠤᠶᠤᠴᠢᠯᠠᠬᠤ ᠪᠠ ᠣᠯᠭᠤᠬᠤ ᠠᠵᠢᠯ ᠢ ᠯᠠᠪᠳᠠᠭᠤᠨ ᠢᠶᠠᠷ ᠳᠦᠯᠬᠢᠨ ᠠᠬᠢᠭᠤᠯᠵᠤ ᠪᠠᠶᠢᠨ᠎ᠠ᠃
   ᠬᠤᠰᠢᠭᠤ ᠴᠡᠷᠢᠭ ᠠᠴᠠ ᠬᠠᠯᠠᠭᠳᠠᠭᠰᠠᠳ ᠤᠨ ᠦᠶᠯᠡᠴᠢᠯᠡᠭᠡᠨ ᠤ ᠥᠷᠲᠡᠭᠡᠨ ᠤ ᠴᠤᠩᠬᠤᠪᠴᠢ ᠳᠤ᠂ ᠤᠨᠴᠠ ᠬᠠᠷᠠᠭᠠᠯᠵᠠᠯ ᠤᠨ ᠦᠨᠡᠮᠯᠡᠯ ᠭᠤᠶᠤᠴᠢᠯᠠᠬᠤ ᠪᠠᠷ ᠢᠷᠡᠭᠰᠡᠨ ᠬᠦᠮᠦᠰ ᠴᠤᠭᠯᠠᠷᠠᠵᠤ᠂ ᠠᠵᠢᠯᠲᠠᠳ ᠠᠰᠠᠭᠤᠨ ᠯᠠᠪᠯᠠᠬᠤ  ᠪᠠᠷ ᠢᠷᠡᠭᠰᠡᠨ ᠬᠦᠮᠦᠰ ᠲᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠲᠠᠶᠢᠯᠪᠤᠷᠢᠯᠠᠨ ᠥᠭᠴᠦ᠂ ᠮᠡᠳᠡᠭᠡ ᠵᠠᠩᠭᠢ ᠴᠤᠭᠯᠠᠭᠤᠯᠬᠤ ᠪᠠ ᠤᠨᠴᠠ ᠬᠠᠷᠠᠭᠠᠯᠵᠠᠯ ᠤᠨ ᠦᠨᠡᠮᠯᠡᠯ ᠭᠤᠶᠤᠴᠢᠯᠠᠬᠤ ᠠᠵᠢᠯ ᠢ ᠡᠮᠬᠢ ᠵᠢᠷᠤᠮ  ᠲᠠᠢ ᠳᠦᠯᠬᠢᠨ ᠠᠬᠢᠭᠤᠯᠵᠤ᠂ ᠦᠶᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠪᠠᠷ ᠴᠢᠷᠮᠠᠶᠢᠨ ᠠᠵᠢᠯᠯᠠᠵᠤ ᠪᠠᠶᠢᠨ᠎ᠠ᠃    ᠥᠨᠳᠦᠷ ᠨᠠᠰᠤᠲᠠᠢ᠂ ᠬᠥᠳᠡᠯᠵᠦ ᠪᠠᠷᠢᠬᠤ ᠳᠤ ᠳᠥᠭᠦᠮ ᠦᠭᠡᠢ ᠴᠡᠷᠢᠭ ᠠᠴᠠ ᠬᠠᠯᠠᠭᠳᠠᠭᠰᠠᠳ ᠵᠢᠴᠢ ᠦᠷᠡᠭᠳᠡᠭᠰᠡᠨ ᠪᠠᠭᠠᠲᠤᠷᠴᠤᠳ ᠤᠨ ᠬᠡᠷ ᠪᠦᠯᠢ ᠶᠢᠨ ᠬᠢᠨ ᠳᠤ᠂ ᠠᠵᠢᠯᠲᠠᠳ ᠪᠠᠰᠠ ᠬᠡᠷ ᠲᠤᠨᠢ ᠬᠦᠷᠴᠦ ᠦᠢᠯᠡᠴᠢᠯᠡᠭᠡ ᠬᠠᠩᠭᠠᠨ᠂ ᠠᠰᠠᠭᠤᠳᠠᠯ ᠬᠦᠴᠢᠷᠳᠡᠯ ᠢ ᠬᠦᠯᠢᠴᠡᠩᠭᠦᠢ ᠰᠢᠢᠳᠪᠦᠷᠢᠯᠡᠵᠦ᠂ ᠬᠠᠯᠠᠭᠤᠨ ᠳᠣᠲᠣᠨᠣ ᠦᠶᠯᠡᠴᠢᠯᠡᠭᠡ ᠬᠠᠩᠭᠠᠬᠤ ᠶᠢ ᠪᠠᠷᠢᠮᠲᠠᠯᠠᠵᠤ᠂ ᠮᠡᠳᠡᠭᠡ ᠵᠠᠩᠭᠢ ᠴᠤᠭᠯᠠᠭᠤᠯᠬᠤ ᠠᠵᠢᠯ ᠢ ᠪᠥᠬᠦᠨ ᠢ ᠪᠥᠷᠬᠦᠭᠦᠯᠬᠦ ᠶᠢ ᠪᠡᠶᠡᠯᠡᠭᠦᠯᠵᠦ᠂ ᠴᠡᠷᠢᠭ ᠠᠴᠠ ᠬᠠᠯᠠᠭᠳᠠᠭᠰᠠᠳ ᠲᠤ ᠦᠶᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠡᠢ᠃
   ᠰᠤᠷᠪᠤᠯᠵᠢᠯᠠᠭ᠎ᠠ᠄ ᠴᠡᠷᠢᠭ ᠠᠴᠠ ᠬᠠᠯᠠᠭᠳᠠᠭᠰᠠᠳ ᠸᠠᠩ ᠫᠧᠩ᠄ ᠤᠨᠴᠠ ᠬᠠᠷᠠᠭᠠᠯᠵᠠᠯ ᠤᠨ ᠦᠨᠡᠮᠯᠡᠯ ᠨᠢ ᠭᠠᠪᠢᠶᠠᠨ ᠲᠡᠮᠳᠡᠭ ᠰᠢᠭ ᠢᠷᠠᠭᠤ ᠠᠯᠳᠠᠷᠲᠠᠢ ᠰᠠᠨᠠᠭᠳᠠᠵᠣ ᠪᠠᠶᠢᠨ᠎ᠠ᠂ ᠡᠨᠡ ᠦᠨᠡᠮᠯᠡᠯ ᠨᠢ ᠨᠠᠮ ᠪᠣᠯᠤᠨ ᠤᠯᠤᠰ ᠤᠨ ᠮᠠᠨ ᠤ ᠴᠡᠷᠢᠭ ᠠᠴᠠ ᠬᠠᠯᠠᠭᠳᠠᠭᠰᠠᠳ ᠲᠤ ᠥᠭᠭᠦᠭᠰᠡᠨ ᠬᠠᠶᠢᠷ᠎ᠠ ᠬᠠᠯᠠᠮᠵᠢ ᠶᠢ ᠲᠥᠯᠥᠭᠡᠯᠡᠵᠦ᠂ ᠪᠢᠳᠡᠨ ᠤ ᠰᠡᠳᠬᠢᠯ  ᠳᠤ ᠲᠤᠩ ᠬᠠᠯᠠᠭᠤᠨ ᠳᠤᠯᠠᠭᠠᠨ ᠰᠠᠨᠠᠭᠳᠠᠵᠣ ᠪᠠᠶᠢᠨ᠎ᠠ᠃    ᠬᠤᠰᠢᠭᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ 2021 ᠣᠨ ᠤ ᠡᠴᠦᠰ  ᠠᠴᠠ ᠪᠡᠯᠡᠳᠬᠡᠯ ᠠᠵᠢᠯ ᠢᠶᠠᠨ ᠡᠬᠢᠯᠡᠭᠦᠯᠦᠨ᠂ 2022 ᠣᠨ ᠤ 5 ᠰᠠᠷ᠎ᠠ ᠳᠤ ᠦᠶᠯᠡᠳᠪᠦᠷᠢ ᠬᠤᠳᠠᠯᠳᠤᠭᠠᠨ ᠤ ᠪᠠᠩᠬᠢ᠂ ᠲᠠᠷᠢᠶᠠᠯᠠᠩ ᠤᠨ ᠪᠠᠩᠬᠢ᠂ ᠰᠢᠦᠳᠠᠨ ᠤ ᠬᠠᠳᠠᠭᠠᠯᠠᠮᠵᠢ ᠶᠢᠨ ᠪᠠᠩᠬᠢ ᠲᠠᠢ ᠬᠠᠮᠲᠤᠷᠠᠨ ᠠᠵᠢᠯᠯᠠᠬᠤ ᠬᠡᠯᠡᠯᠴᠡᠭᠡᠷ ᠲᠣᠭᠲᠠᠭᠰᠠᠨ ᠤ ᠳᠠᠷᠠᠭ᠎ᠠ᠂ ᠴᠡᠷᠢᠭ ᠠᠴᠠ ᠬᠠᠯᠠᠭᠳᠠᠭᠰᠠᠳ᠂ ᠪᠤᠰᠤᠳ ᠬᠠᠷᠠᠭᠠᠯᠵᠠᠯ ᠬᠦᠷᠲᠡᠬᠦ ᠬᠦᠮᠦᠰ  ᠤᠨ ᠤᠨᠴᠠ ᠬᠠᠷᠠᠭᠠᠯᠵᠠᠯ ᠤᠨ ᠦᠨᠡᠮᠯᠡᠯ ᠭᠤᠶᠤᠴᠢᠯᠠᠬᠤ ᠪᠠ ᠣᠯᠭᠤᠬᠤ ᠠᠵᠢᠯ ᠤᠨ ᠲᠤᠬᠠᠶ ᠨᠡᠪᠲᠡᠷᠡᠯᠴᠡᠨ ᠵᠤᠯᠭᠠᠭᠤᠯᠵᠤ᠂ ᠤᠨᠴᠠ ᠬᠠᠷᠠᠭᠠᠯᠵᠠᠯ ᠤᠨ ᠦᠨᠡᠮᠯᠡᠯ ᠢ ᠦᠢᠯᠡᠳᠦᠨ ᠲᠠᠷᠬᠠᠭᠠᠬᠤ ᠠᠵᠢᠯ ᠤᠨ ᠬᠠᠮᠢᠶ᠎ᠠ ᠪᠥᠬᠦᠶ ᠱᠠᠭᠠᠷᠳᠠᠯᠭ᠎ᠠ ᠪᠠ ᠠᠵᠢᠯ ᠤᠨ ᠶᠠᠪᠤᠴᠠ ᠶᠢ ᠤᠯᠠᠮ ᠨᠢᠭᠡ ᠠᠯᠬᠤᠮ ᠵᠥᠪᠳᠡᠯᠴᠡᠨ ᠶᠠᠷᠢᠯᠴᠠᠵᠤ᠂ ᠤᠨᠴᠠ ᠬᠠᠷᠠᠭᠠᠯᠵᠠᠯ  ᠤᠨ ᠦᠨᠡᠮᠯᠡᠯ ᠣᠯᠭᠤᠬᠤ ᠪᠠ ᠨᠠᠷᠢᠯᠢᠭᠵᠢᠭᠤᠯᠤᠨ ᠦᠶᠯᠡᠴᠢᠯᠡᠬᠦ ᠬᠠᠮᠢᠶᠠᠷᠤᠯᠲᠠ ᠶᠢᠨ ᠠᠵᠢᠯ ᠢ ᠬᠠᠮᠵᠢᠯᠴᠠᠨ ᠦᠷᠨᠢᠭᠦᠯᠵᠡᠢ᠃ ᠡᠮᠦᠨᠡᠬᠢ ᠬᠤᠭᠤᠴᠠᠭᠠᠨ ᠤ ᠤᠬᠠᠭᠤᠯᠭ᠎ᠠ ᠪᠠᠷ ᠳᠡᠮᠵᠢᠨ᠂ ᠣᠲᠣ ᠤᠨᠴᠠ ᠬᠠᠷᠠᠭᠠᠯᠵᠠᠯ ᠤᠨ ᠦᠨᠡᠮᠯᠡᠯ ᠭᠤᠶᠤᠴᠢᠯᠠᠨ ᠠᠪᠤᠭᠰᠠᠨ ᠬᠠᠷᠢᠴᠠᠯ ᠨᠢ ᠨᠢᠭᠡᠨᠲᠡ 95.6 % ᠳᠤ ᠬᠦᠷᠴᠦ᠂ ᠵᠢᠱᠢᠯᠲᠡ ᠪᠠᠷ 11 ᠰᠠᠷ᠎ᠠ  ᠶᠢᠨ ᠰᠡᠭᠦᠯᠴᠢ ᠪᠠᠷ ᠪᠦᠬᠦᠨ ᠢ ᠪᠡᠶᠡᠯᠡᠭᠦᠯᠦᠨ᠎ᠡ᠃ ᠤᠨᠴᠠ ᠬᠠᠷᠠᠭᠠᠯᠵᠠᠯ ᠤᠨ ᠦᠨᠡᠮᠯᠡᠯ ᠭᠤᠶᠤᠴᠢᠯᠠᠨ ᠤᠯᠤᠭᠰᠠᠨ ᠳᠠᠷᠠᠭ᠎ᠠ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠰᠣᠶᠣᠯ᠂ ᠵᠢᠭᠤᠯᠴᠢᠯᠠᠯ ᠵᠡᠷᠭᠡ ᠲᠠᠯ᠎ᠠ ᠶᠢᠨ ᠬᠠᠷᠠᠭᠠᠯᠵᠠᠯ ᠤᠨ ᠦᠶᠯᠡᠴᠢᠯᠡᠭᠡ ᠶᠢ ᠭᠥᠷᠳᠡᠵᠦ ᠪᠣᠯᠤᠨ᠎ᠠ᠂ ᠳᠠᠷᠠᠭ᠎ᠠ ᠪᠠᠷ ᠦᠨᠳᠦᠰᠦᠨ ᠬᠠᠷᠠᠭᠠᠯᠵᠠᠯ ᠤᠨ ᠭᠠᠷᠴᠠᠭ ᠤᠨ ᠨᠠᠷᠢᠨ ᠲᠠᠩᠰᠠ  ᠶᠢᠨ ᠲᠥᠷᠥᠯ ᠵᠦᠶᠯ ᠳᠤ ᠲᠠᠰᠤᠷᠠᠯᠲᠠ ᠥᠬᠡᠶ ᠲᠣᠬᠢᠷᠠᠭᠤᠯᠤᠯᠲᠠ ᠬᠢᠵᠦ᠂ ᠤᠨᠴᠠ ᠬᠠᠷᠠᠭᠠᠯᠵᠠᠯ ᠤᠨ ᠦᠨᠡᠮᠯᠡᠯ ᠤᠨ ᠦᠢᠯᠡᠴᠢᠯᠡᠭᠡ ᠬᠡᠷᠡᠭᠯᠡᠭᠡᠨ ᠤ ᠴᠢᠳᠠᠮᠵᠢ ᠶᠢ ᠭᠦᠶᠴᠡᠳ ᠪᠠᠳᠠᠷᠠᠭᠤᠯᠵᠤ᠂ ᠦᠨᠡᠮᠯᠡᠯ ᠭᠠᠷᠳᠠᠭᠴᠢ ᠳᠤ ᠨᠠᠩ ᠰᠠᠶᠢᠨ ᠦᠶᠯᠡᠴᠢᠯᠡᠬᠦ ᠪᠣᠯᠤᠨ᠎ᠠ᠃
   ᠰᠤᠷᠪᠤᠯᠵᠢᠯᠠᠭ᠎ᠠ᠄ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠦᠶᠯᠡᠴᠢᠯᠡᠭᠡᠨ ᠤ ᠲᠥᠪ ᠤᠨ ᠡᠷᠬᠢᠯᠡᠭᠴᠢ ᠰᠤᠶᠤᠯᠵᠢᠬᠤ᠄ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ︽ᠴᠡᠷᠢᠭ ᠠᠴᠠ ᠬᠠᠯᠠᠭᠳᠠᠭᠰᠠᠳ ᠤᠨ ᠦᠶᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ︾ ᠪᠠᠷ ᠭᠤᠤᠯᠳᠠᠯᠭ᠎ᠠ ᠪᠣᠯᠭᠠᠨ ᠦᠶᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠲᠠ ᠥᠬᠡᠶ ᠰᠢᠯᠢᠳᠡᠭᠵᠢᠭᠦᠯᠵᠦ᠂ ᠴᠡᠷᠢᠭ ᠠᠴᠠ ᠬᠠᠯᠠᠭᠳᠠᠭᠰᠠᠳ ᠤᠨ ᠪᠠᠴᠢᠮ ᠬᠦᠴᠢᠷᠳᠡᠯ ᠠᠰᠠᠭᠤᠳᠠᠯ ᠢ ᠰᠠᠶᠢᠲᠤᠷ ᠰᠢᠶᠳᠪᠦᠷᠢᠯᠡᠨ᠎ᠡ᠃ ᠲᠠᠷᠠᠭᠠᠴᠢ ᠶᠢᠨ ᠠᠯᠬᠤᠮ  ᠳᠤ᠂ ᠴᠡᠷᠢᠭ ᠠᠴᠠ ᠬᠠᠯᠠᠭᠳᠠᠭᠰᠠᠳ ᠤᠨ ᠦᠶᠯᠡᠴᠢᠯᠡᠭᠡᠨ ᠤ ᠥᠷᠲᠡᠭᠡ ᠨᠢ ᠬᠥᠳᠡᠯᠵᠦ ᠪᠠᠷᠢᠬᠤ ᠳᠤ ᠳᠥᠭᠦᠮ ᠦᠭᠡᠢ ᠴᠡᠷᠢᠭ ᠠᠴᠠ ᠬᠠᠯᠠᠭᠳᠠᠭᠰᠠᠳ᠂ ᠪᠤᠰᠤᠳ ᠬᠠᠷᠠᠭᠠᠯᠵᠠᠯ ᠬᠦᠷᠲᠡᠬᠦ ᠡᠲᠡᠭᠡᠳ ᠲᠤ ᠦᠷᠭᠦᠯᠵᠢᠯᠡᠨ ᠬᠡᠷ ᠲᠤᠨᠢ ᠬᠦᠷᠴᠦ ᠦᠢᠯᠡᠴᠢᠯᠡᠭᠡ ᠬᠠᠩᠭᠠᠬᠤ ᠪᠤᠯᠤᠨ᠎ᠠ᠃ ᠴᠡᠷᠢᠭ ᠠᠴᠠ ᠬᠠᠯᠠᠭᠳᠠᠭᠰᠠᠳ ᠲᠠᠢ ᠪᠠᠶᠢᠩᠭᠤ ᠬᠠᠷᠢᠯᠴᠠᠬᠤ ᠠᠵᠢᠯ ᠢ ᠰᠠᠶᠢᠲᠤᠷ ᠳᠦᠯᠬᠢᠨ ᠠᠬᠢᠭᠤᠯᠵᠤ᠂ ᠪᠠᠶᠢᠩᠭᠤᠵᠢᠭᠰᠠᠨ ᠬᠠᠷᠢᠯᠴᠠᠬᠤ ᠠᠵᠢᠯ ᠢᠶᠠᠷ ᠳᠠᠮᠵᠢᠭᠤᠯᠤᠨ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠵᠤ᠂ ᠲᠡᠳᠡᠨ ᠤ ᠦᠶᠯᠡᠳᠪᠦᠷᠢᠯᠡᠯ ᠠᠮᠢᠳᠤᠷᠠᠯ ᠤᠨ ᠪᠠᠶᠢᠳᠠᠯ᠂ ᠲᠤᠯᠭᠠᠷᠠᠭᠰᠠᠨ ᠠᠰᠠᠭᠤᠳᠠᠯ ᠢ ᠣᠶᠢᠯᠠᠭᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠢᠳᠡᠪᠬᠢᠲᠡᠶ ᠵᠣᠯᠭᠠᠭᠤᠯᠵᠤ᠂ ᠴᠡᠷᠢᠭ ᠠᠴᠠ ᠬᠠᠯᠠᠭᠳᠠᠭᠰᠠᠳ ᠢ ᠬᠠᠪᠰᠤᠷᠤᠨ ᠪᠠᠴᠢᠮ ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠵᠦ ᠥᠭᠭᠦᠨ᠎ᠡ᠃    ᠲᠠᠷᠠᠭᠠᠴᠢ ᠶᠢᠨ ᠠᠯᠬᠤᠮ ᠳᠤ᠂ ᠬᠤᠰᠢᠭᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠮᠥᠩᠭᠦᠨ ᠭᠦᠶᠯᠭᠡᠭᠡᠨ ᠤ ᠪᠠᠶᠢᠭᠤᠯᠤᠮᠵᠢ ᠯᠤᠭ᠎ᠠ ᠶᠢᠨ ᠵᠣᠯᠭᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠨᠢᠭᠲᠠ ᠬᠠᠮᠲᠤᠷᠠᠯᠴᠠᠵᠤ᠂ ᠴᠡᠷᠢᠭ ᠠᠴᠠ ᠬᠠᠯᠠᠭᠳᠠᠭᠰᠠᠳ᠂ ᠪᠤᠰᠤᠳ ᠬᠠᠷᠠᠭᠠᠯᠵᠠᠯ ᠬᠦᠷᠲᠡᠬᠦ ᠡᠳᠡᠭᠡᠳ ᠤᠨ ᠤᠨᠴᠠ ᠬᠠᠷᠠᠭᠠᠯᠵᠠᠯ ᠤᠨ ᠦᠨᠡᠮᠯᠡᠯ ᠭᠤᠶᠤᠴᠢᠯᠠᠬᠤ᠂ ᠬᠢᠨᠠᠨ ᠬᠠᠷᠭᠤᠭᠤᠯᠬᠤ᠂ ᠦᠶᠯᠡᠳᠬᠦ᠂ ᠣᠯᠭᠤᠬᠤ᠂ ᠬᠡᠷᠡᠭᠯᠡᠬᠦ᠂ ᠬᠠᠮᠢᠶᠠᠷᠬᠤ ᠵᠢᠴᠢ ᠪᠤᠰᠤᠳ ᠬᠠᠮᠢᠶ᠎ᠠ ᠪᠥᠬᠦᠶ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠪᠥᠬᠦ ᠨᠡᠶᠢᠭᠡᠮ ᠳᠤ ︽ᠴᠡᠷᠢᠭ ᠬᠥᠮᠦᠨ ᠢ ᠬᠦᠨᠳᠦᠳᠬᠡᠵᠦ᠂ ᠴᠡᠷᠢᠭ ᠠᠴᠠ ᠬᠠᠯᠠᠭᠳᠠᠭᠰᠠᠳ ᠢ ᠬᠦᠨᠳᠦᠳᠬᠡᠬᠦ︾ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠵᠤ᠂ ᠡᠯ᠎ᠡ ᠵᠦᠶᠯ ᠤᠨ ᠦᠶᠯᠡᠴᠢᠯᠡᠭᠡᠨ ᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠷᠢᠯᠢᠬᠵᠢᠭᠤᠯᠵᠤ᠂ ᠨᠠᠮ ᠪᠠ ᠵᠠᠰᠠᠭ ᠤᠨ ᠣᠷᠳᠣᠨ ᠤ ᠭᠦᠨ ᠵᠤᠵᠠᠭᠠᠨ ᠬᠠᠶᠢᠷ᠎ᠠ ᠬᠠᠯᠠᠮᠵᠢ ᠶᠢ ᠴᠡᠷᠢᠭ ᠠᠴᠠ ᠬᠠᠯᠠᠭᠳᠠᠭᠰᠠᠳ ᠤᠨ ᠰᠡᠳᠬᠢᠯ ᠳᠤ ᠬᠦᠷᠭᠡᠵᠦ᠂ ᠥᠷᠭᠡᠨ ᠣᠯᠠᠨ ᠴᠡᠷᠢᠭ ᠠᠴᠠ ᠬᠠᠯᠠᠭᠳᠠᠭᠰᠠᠳ ᠤᠨ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠢᠷᠠᠭᠤ ᠠᠯᠳᠠᠷ ᠤᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号