ᠡᠪᠦᠯ ᠤᠨ ᠴᠠᠭ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠬᠦ ᠳᠤ ᠠᠩᠬᠠᠷᠬᠤ ᠴᠢᠬᠤᠯᠠ ᠲᠠᠢ ᠵᠦᠢᠯᠡᠰ
ᠨᠡᠶᠢᠲᠡᠯᠡᠭᠰᠡᠨ ᠴᠠᠭ᠄
2022/12/14
   ᠡᠪᠦᠯ ᠤᠨ ᠤᠯᠠᠷᠢᠯ ᠳᠤ ᠳᠤᠯᠠᠭᠠᠨ ᠤ ᠬᠡᠮᠵᠢᠶ᠎ᠡ ᠳᠣᠤᠷ᠎ᠠ᠂ ᠭᠠᠳᠠᠭᠰᠢ ᠭᠠᠷᠬᠤ ᠠᠴᠠ ᠡᠮᠦᠨ᠎ᠡ ᠬᠡᠷ ᠤᠨ ᠭᠠᠳᠠᠨᠠᠬᠢ ᠳᠤᠯᠠᠭᠠᠨ ᠤ ᠬᠡᠮᠵᠢᠶ᠎ᠡ ᠪᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠴᠡᠭ ᠤᠨ ᠮᠥᠷᠯᠡᠵᠦ ᠪᠠᠶᠢᠭ᠎ᠠ ᠪᠠᠶᠢᠳᠠᠯ ᠢ ᠤᠷᠢᠳᠴᠢᠯᠠᠨ ᠣᠶᠢᠯᠠᠭᠠᠵᠤ᠂ ᠬᠤᠪᠴᠠᠰᠤ ᠪᠠᠨ ᠵᠤᠵᠠᠭᠠᠯᠠᠨ᠂ ᠳᠠᠭᠠᠷᠠᠬᠤ ᠠᠴᠠ ᠰᠡᠷᠭᠡᠶᠢᠯᠡᠬᠦ ᠬᠡᠷᠡᠭᠲᠡᠢ᠃    ᠭᠠᠷ ᠤᠲᠠᠰᠤ᠂ ᠪᠡᠶ᠎ᠡ ᠶᠢᠨ ᠦᠨᠡᠮᠯᠡᠯ ᠢᠶᠠᠨ ᠠᠪᠴᠤ᠂ ᠠᠮᠠᠪᠴᠢ ᠪᠠᠨ ᠵᠡᠭᠦᠵᠦ᠂ ᠲᠣᠭᠲᠠᠭᠰᠠᠨ ᠥᠯᠢᠭᠡᠷ ᠠᠪᠬᠤ ᠴᠡᠭ ᠲᠤ ᠬᠦᠷᠴᠦ ᠪᠥᠭᠡᠮ ᠬᠦᠴᠢᠯ ᠤᠨ ᠥᠯᠢᠭᠡᠷ ᠠᠪᠤᠭᠤᠯᠤᠨ᠎ᠠ᠃ ᠡᠮᠬᠢ ᠳᠢᠭᠯᠢᠮ ᠲᠠᠢ ᠮᠥᠷᠯᠡᠵᠦ᠂ 1.5 ᠮᠧᠲᠷ ᠎ ᠤᠨ ᠠᠮᠤᠷ ᠲᠦᠪᠰᠢᠨ ᠤ ᠵᠠᠶ ᠶᠢ ᠪᠠᠲᠤᠯᠠᠨ᠎ᠠ᠃    ᠺᠣᠳ᠋ ᠰᠢᠷᠪᠢᠬᠦ᠂ ᠳᠠᠩᠰᠠᠯᠠᠭᠤᠯᠬᠤ ᠦᠶ᠎ᠡ ᠳᠤ ᠪᠠᠨ ᠡᠮᠴᠢᠯᠡᠭᠡᠨ ᠤ ᠲᠠᠶᠢᠰᠠ ᠲᠠᠢ ᠬᠦᠷᠦᠯᠴᠡᠬᠦ ᠦᠭᠡᠢ᠂ ᠭᠠᠷ ᠤᠲᠠᠰᠤ᠂ ᠪᠡᠶ᠎ᠡ ᠶᠢᠨ ᠦᠨᠡᠮᠯᠡᠯ ᠢᠶᠠᠨ ᠡᠮᠴᠢᠯᠡᠭᠡᠨ ᠤ ᠲᠠᠶᠢᠰᠠᠨ ᠳᠡᠭᠡᠷ᠎ᠡ ᠲᠠᠯᠪᠢᠬᠤ ᠦᠭᠡᠢ᠃ ᠡᠮᠦᠨᠡᠬᠢ ᠬᠥᠮᠦᠨ ᠴᠢᠨᠢ ᠦᠯᠢᠭᠡᠷ ᠠᠪᠤᠭᠤᠯᠵᠤ ᠪᠠᠷᠠᠮᠠᠭᠴᠠ ᠡᠮᠴᠢᠯᠡᠭᠡᠨ ᠤ ᠲᠠᠶᠢᠰᠠᠨ ᠤ ᠡᠮᠦᠨ᠎ᠡ ᠤᠴᠢᠬᠤ ᠪᠠᠷ ᠶᠠᠭᠠᠷᠠᠵᠤ ᠪᠤᠯᠬᠤ ᠦᠭᠡᠢ᠂ ᠡᠮᠦᠨᠡᠬᠢ ᠬᠦᠮᠦᠨ ᠴᠢᠨᠢ ᠶᠠᠪᠤᠵᠤ᠂ ᠡᠮᠴᠢ ᠭᠠᠷ ᠢᠶᠠᠨ ᠠᠷᠢᠭᠤᠳᠬᠠᠵᠤ ᠪᠠᠷᠠᠭᠠᠳ᠂ ᠰᠢᠨ᠎ᠡ ᠬᠥᠪᠦᠩᠲᠦ ᠰᠢᠪᠠᠭ᠎ᠠ ᠶᠢ ᠪᠡᠯᠡᠳᠬᠡᠭᠰᠡᠨ ᠦᠶᠡᠰ ᠰᠠᠶ᠋ᠢ ᠪᠤᠰᠢᠭᠤ ᠬᠦᠷᠴᠦ ᠤᠴᠢᠬᠤ ᠬᠡᠷᠡᠭᠲᠡᠢ᠃    ᠦᠯᠢᠭᠡᠷ ᠠᠪᠤᠭᠤᠯᠵᠤ ᠪᠠᠷᠠᠮᠠᠭᠴᠠ ᠳᠠᠷᠤᠶᠢᠬᠠᠨ ᠠᠮᠠᠪᠴᠢ ᠪᠠᠨ ᠵᠡᠭᠦᠵᠦ᠂ ᠦᠯᠢᠭᠡᠷ ᠠᠪᠤᠭᠤᠯᠤᠭᠰᠠᠨ ᠭᠡᠷᠡᠴᠢ ᠎ ᠪᠠᠨ ᠠᠪᠴᠤ ᠳᠠᠷᠤᠶᠢᠬᠠᠨ ᠭᠡᠷ ᠲᠡᠭᠡᠨ ᠬᠠᠷᠢᠨ᠎ᠠ᠃ ᠭᠡᠷ ᠲᠡᠭᠡᠨ ᠬᠠᠷᠢᠭᠰᠠᠨ ᠤ ᠳᠠᠷᠠᠭ᠎ᠠ ᠭᠠᠷ ᠢᠶᠠᠨ ᠰᠠᠶᠢᠲᠤᠷ ᠤᠬᠢᠶᠠᠨ ᠴᠡᠪᠡᠷᠯᠡᠵᠦ᠂ ᠴᠢᠬᠤᠯᠠ ᠦᠭᠡᠢ ᠪᠤᠯ ᠰᠠᠭᠤᠭᠠᠯᠢ ᠠᠷᠠᠳ ᠤᠨ ᠲᠣᠭᠤᠷᠢᠭ ᠠᠴᠠ ᠪᠠᠨ ᠭᠠᠷᠬᠤ ᠦᠭᠡᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号