ᠡᠪᠦᠯ ᠤᠨ ᠤᠯᠠᠷᠢᠯ ᠳᠤ ᠳᠤᠯᠠᠭᠠᠨ ᠤ ᠬᠡᠮᠵᠢᠶ᠎ᠡ ᠳᠣᠤᠷ᠎ᠠ᠂ ᠭᠠᠳᠠᠭᠰᠢ ᠭᠠᠷᠬᠤ ᠠᠴᠠ ᠡᠮᠦᠨ᠎ᠡ ᠬᠡᠷ ᠤᠨ | ᠭᠠᠳᠠᠨᠠᠬᠢ ᠳᠤᠯᠠᠭᠠᠨ ᠤ ᠬᠡᠮᠵᠢᠶ᠎ᠡ ᠪᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠴᠡᠭ ᠤᠨ ᠮᠥᠷᠯᠡᠵᠦ | ᠪᠠᠶᠢᠭ᠎ᠠ ᠪᠠᠶᠢᠳᠠᠯ ᠢ ᠤᠷᠢᠳᠴᠢᠯᠠᠨ ᠣᠶᠢᠯᠠᠭᠠᠵᠤ᠂ ᠬᠤᠪᠴᠠᠰᠤ ᠪᠠᠨ ᠵᠤᠵᠠᠭᠠᠯᠠᠨ᠂ ᠳᠠᠭᠠᠷᠠᠬᠤ ᠠᠴᠠ ᠰᠡᠷᠭᠡᠶᠢᠯᠡᠬᠦ | ᠬᠡᠷᠡᠭᠲᠡᠢ᠃ | ᠭᠠᠷ ᠤᠲᠠᠰᠤ᠂ ᠪᠡᠶ᠎ᠡ ᠶᠢᠨ ᠦᠨᠡᠮᠯᠡᠯ ᠢᠶᠠᠨ ᠠᠪᠴᠤ᠂ ᠠᠮᠠᠪᠴᠢ ᠪᠠᠨ ᠵᠡᠭᠦᠵᠦ᠂ ᠲᠣᠭᠲᠠᠭᠰᠠᠨ ᠥᠯᠢᠭᠡᠷ ᠠᠪᠬᠤ | ᠴᠡᠭ ᠲᠤ ᠬᠦᠷᠴᠦ ᠪᠥᠭᠡᠮ ᠬᠦᠴᠢᠯ ᠤᠨ ᠥᠯᠢᠭᠡᠷ ᠠᠪᠤᠭᠤᠯᠤᠨ᠎ᠠ᠃ ᠡᠮᠬᠢ ᠳᠢᠭᠯᠢᠮ ᠲᠠᠢ ᠮᠥᠷᠯᠡᠵᠦ᠂ 1.5 ᠮᠧᠲᠷ | ᠤᠨ ᠠᠮᠤᠷ ᠲᠦᠪᠰᠢᠨ ᠤ ᠵᠠᠶ ᠶᠢ ᠪᠠᠲᠤᠯᠠᠨ᠎ᠠ᠃ | ᠺᠣᠳ᠋ ᠰᠢᠷᠪᠢᠬᠦ᠂ ᠳᠠᠩᠰᠠᠯᠠᠭᠤᠯᠬᠤ ᠦᠶ᠎ᠡ ᠳᠤ ᠪᠠᠨ ᠡᠮᠴᠢᠯᠡᠭᠡᠨ ᠤ ᠲᠠᠶᠢᠰᠠ ᠲᠠᠢ ᠬᠦᠷᠦᠯᠴᠡᠬᠦ ᠦᠭᠡᠢ᠂ ᠭᠠᠷ | ᠤᠲᠠᠰᠤ᠂ ᠪᠡᠶ᠎ᠡ ᠶᠢᠨ ᠦᠨᠡᠮᠯᠡᠯ ᠢᠶᠠᠨ ᠡᠮᠴᠢᠯᠡᠭᠡᠨ ᠤ ᠲᠠᠶᠢᠰᠠᠨ ᠳᠡᠭᠡᠷ᠎ᠡ ᠲᠠᠯᠪᠢᠬᠤ ᠦᠭᠡᠢ᠃ ᠡᠮᠦᠨᠡᠬᠢ ᠬᠥᠮᠦᠨ | ᠴᠢᠨᠢ ᠦᠯᠢᠭᠡᠷ ᠠᠪᠤᠭᠤᠯᠵᠤ ᠪᠠᠷᠠᠮᠠᠭᠴᠠ ᠡᠮᠴᠢᠯᠡᠭᠡᠨ ᠤ ᠲᠠᠶᠢᠰᠠᠨ ᠤ ᠡᠮᠦᠨ᠎ᠡ ᠤᠴᠢᠬᠤ ᠪᠠᠷ ᠶᠠᠭᠠᠷᠠᠵᠤ ᠪᠤᠯᠬᠤ | ᠦᠭᠡᠢ᠂ ᠡᠮᠦᠨᠡᠬᠢ ᠬᠦᠮᠦᠨ ᠴᠢᠨᠢ ᠶᠠᠪᠤᠵᠤ᠂ ᠡᠮᠴᠢ ᠭᠠᠷ ᠢᠶᠠᠨ ᠠᠷᠢᠭᠤᠳᠬᠠᠵᠤ ᠪᠠᠷᠠᠭᠠᠳ᠂ ᠰᠢᠨ᠎ᠡ ᠬᠥᠪᠦᠩᠲᠦ | ᠰᠢᠪᠠᠭ᠎ᠠ ᠶᠢ ᠪᠡᠯᠡᠳᠬᠡᠭᠰᠡᠨ ᠦᠶᠡᠰ ᠰᠠᠶ᠋ᠢ ᠪᠤᠰᠢᠭᠤ ᠬᠦᠷᠴᠦ ᠤᠴᠢᠬᠤ ᠬᠡᠷᠡᠭᠲᠡᠢ᠃ | ᠦᠯᠢᠭᠡᠷ ᠠᠪᠤᠭᠤᠯᠵᠤ ᠪᠠᠷᠠᠮᠠᠭᠴᠠ ᠳᠠᠷᠤᠶᠢᠬᠠᠨ ᠠᠮᠠᠪᠴᠢ ᠪᠠᠨ ᠵᠡᠭᠦᠵᠦ᠂ ᠦᠯᠢᠭᠡᠷ ᠠᠪᠤᠭᠤᠯᠤᠭᠰᠠᠨ ᠭᠡᠷᠡᠴᠢ | ᠪᠠᠨ ᠠᠪᠴᠤ ᠳᠠᠷᠤᠶᠢᠬᠠᠨ ᠭᠡᠷ ᠲᠡᠭᠡᠨ ᠬᠠᠷᠢᠨ᠎ᠠ᠃ ᠭᠡᠷ ᠲᠡᠭᠡᠨ ᠬᠠᠷᠢᠭᠰᠠᠨ ᠤ ᠳᠠᠷᠠᠭ᠎ᠠ ᠭᠠᠷ ᠢᠶᠠᠨ ᠰᠠᠶᠢᠲᠤᠷ | ᠤᠬᠢᠶᠠᠨ ᠴᠡᠪᠡᠷᠯᠡᠵᠦ᠂ ᠴᠢᠬᠤᠯᠠ ᠦᠭᠡᠢ ᠪᠤᠯ ᠰᠠᠭᠤᠭᠠᠯᠢ ᠠᠷᠠᠳ ᠤᠨ ᠲᠣᠭᠤᠷᠢᠭ ᠠᠴᠠ ᠪᠠᠨ ᠭᠠᠷᠬᠤ ᠦᠭᠡᠢ᠃ |