ᠨᠠᠰᠤᠲᠠᠶᠢᠴᠤᠳ ᠰᠢᠨ᠎ᠡ ᠲᠢᠲᠢᠮᠯᠢᠭ ᠸᠢᠷᠦ᠋ᠰ ᠤᠨ ᠸᠠᠺᠽᠢᠨ ᠤ ᠲᠠᠷᠢᠯᠭ᠎ᠠ ᠬᠢᠯᠭᠡᠬᠦ ᠨᠢ ᠲᠤᠶᠢᠯ ᠤᠨ ᠴᠢᠬᠤᠯᠠ ᠶᠤᠮ
ᠨᠡᠶᠢᠲᠡᠯᠡᠭᠰᠡᠨ ᠴᠠᠭ᠄
2022/12/16
ᠬᠥᠨᠳᠦᠲᠦ ᠨᠠᠰᠤᠲᠠᠶᠢᠴᠤᠳ ᠵᠢᠴᠢ ᠲᠡᠳᠡᠨ ᠤ ᠭᠡᠷ ᠪᠦᠯᠢ ᠶᠢᠨ ᠬᠢᠨ᠄    ᠣᠳᠣᠬᠠᠨ ᠳᠤ᠂ ᠮᠠᠨ ᠤ ᠤᠯᠤᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠨᠠᠶᠢᠳᠠᠪᠦᠷᠢᠵᠢᠭᠤᠯᠵᠤ᠂ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠤᠨᠳᠤᠤᠰᠢᠭᠰᠠᠨ ᠸᠢᠷᠦ᠋ᠰ ᠤᠨ ᠲᠠᠷᠬᠠᠬᠤ ᠬᠤᠷᠳᠤᠴᠠ ᠲᠦᠷᠭᠡᠨ ᠠᠴᠠ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠎ ᠢ ᠰᠡᠷᠭᠡᠶᠢᠯᠡᠨ ᠡᠵᠡᠮᠳᠡᠬᠦ ᠠᠵᠢᠯ ᠳᠤ ᠰᠢᠨ᠎ᠡ ᠪᠠᠶᠢᠳᠠᠯ ᠪᠠ ᠰᠢᠨ᠎ᠡ ᠥᠷᠢᠰᠥᠯᠳᠦᠭᠡᠨ ᠲᠤᠯᠭᠠᠷᠠᠵᠤ ᠪᠠᠶᠢᠨ᠎ᠠ᠃    ᠨᠠᠰᠤᠲᠠᠶᠢᠴᠤᠳ᠂ ᠰᠠᠭᠤᠷᠢ ᠡᠪᠡᠳᠴᠢᠨ ᠲᠠᠢ ᠬᠥᠮᠦᠰ ᠪᠠ ᠸᠠᠺᠽᠢᠨ ᠳᠠᠷᠢᠭᠤᠯᠤᠭᠰᠠᠨ ᠥᠬᠡᠶ ᠬᠥᠮᠦᠰ ᠰᠢᠨ᠎ᠡ ᠲᠢᠲᠢᠮᠯᠢᠭ ᠠᠭᠤᠰᠬᠢᠨ ᠦᠷᠪᠢᠰᠦᠯ ᠬᠠᠯᠳᠠᠪᠤᠷᠢᠯᠠᠭᠰᠠᠨ ᠤ ᠳᠠᠷᠠᠭ᠎ᠠ ᠬᠦᠨᠳᠦ ᠡᠪᠡᠳᠴᠢᠯᠡᠬᠦ ᠲᠦᠭᠰᠢᠭᠦᠷᠢ ᠶᠡᠭᠡ ᠪᠠᠶᠢᠳᠠᠭ᠃ ᠬᠤᠯᠪᠣᠭᠳᠠᠯ ᠪᠥᠬᠦᠶ ᠲᠤᠭ᠎ᠠ ᠪᠠᠷᠢᠮᠲᠠ ᠠᠴᠠ ᠦᠵᠡᠪᠡᠯ᠂ ᠬᠡᠷᠪᠡ ᠨᠠᠰᠤᠲᠠᠶᠢᠴᠤᠳ᠂ ᠢᠯᠠᠩᠭᠤᠶ᠎ᠠ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠮᠢᠺᠷᠤᠨ ᠸᠢᠷᠦ᠋ᠰ ᠲᠤ ᠬᠠᠯᠳᠠᠪᠦᠷᠢᠯᠠᠭᠳᠠᠪᠠᠯ᠂ ᠸᠠᠺᠽᠢᠨ ᠲᠠᠷᠢᠭᠤᠯᠤᠭᠰᠠᠨ ᠦᠭᠡᠢ ᠪᠠᠶᠢᠳᠠᠯ ᠳᠤ ᠪᠣᠯ ᠥᠭᠦᠬᠦ ᠲᠦᠭᠰᠢᠭᠦᠷᠢ ᠨᠢ ᠪᠠᠷᠤᠭ 14.7 % ᠪᠠᠶᠢᠵᠤ᠂ ᠬᠡᠷᠪᠡ ᠨᠢᠭᠡᠳᠦᠭᠡᠷ ᠵᠡᠭᠦᠦ ᠶᠢ ᠲᠠᠷᠢᠭᠤᠯᠤᠭᠰᠠᠨ ᠪᠠᠶᠢᠪᠠᠯ ᠥᠭᠦᠬᠦ ᠲᠦᠭᠰᠢᠭᠦᠷᠢ ᠨᠢ 7.16 % ᠪᠤᠯᠤᠨ ᠪᠠᠭᠤᠷᠠᠵᠤ᠂ ᠬᠡᠷᠪᠡ ᠭᠤᠷᠪᠠᠨ ᠵᠡᠭᠦᠦ ᠶᠢ ᠪᠥᠬᠦᠨ ᠢ ᠲᠠᠷᠢᠭᠤᠯᠪᠠᠯ ᠥᠭᠦᠬᠦ ᠲᠦᠭᠰᠢᠭᠦᠷᠢ ᠨᠢ 1.5 % ᠪᠤᠯᠤᠨ ᠪᠠᠭᠤᠷᠠᠳᠠᠭ᠃ ᠸᠠᠺᠼᠢᠨ ᠳᠠᠷᠢᠭᠤᠯᠤᠭᠰᠠᠨ ᠥᠬᠡᠶ ᠲᠠᠢ ᠬᠠᠷᠢᠴᠠᠭᠤᠯᠪᠠᠯ᠂ ᠭᠤᠷᠪᠠᠨ ᠵᠡᠭᠦᠦ ᠶᠢ ᠪᠥᠬᠦᠨ ᠢ ᠲᠠᠷᠢᠭᠤᠯᠬᠤ ᠳᠤ ᠥᠬᠦᠬᠦ ᠲᠦᠭᠰᠢᠭᠦᠷᠢ ᠨᠢ 9.3 ᠳᠠᠬᠢᠨ ᠪᠠᠭᠤᠷᠠᠵᠠᠢ᠃ ᠸᠠᠺᠽᠢᠨ ᠤ ᠲᠠᠷᠢᠯᠭ᠎ᠠ ᠬᠢᠬᠦ ᠪᠣᠯ ᠮᠥᠨ ᠬᠦ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠪᠠ ᠬᠦᠨᠳᠦ ᠡᠪᠡᠳᠴᠢᠨ ᠢ ᠪᠠᠭᠠᠰᠬᠠᠬᠤ ᠬᠠᠮᠤᠭ ᠤᠨ ᠪᠦᠲᠦᠮᠵᠢᠲᠡᠶ ᠠᠷᠭ᠎ᠠ ᠪᠣᠯᠤᠨ᠎ᠠ᠃    ᠡᠶᠢᠮᠦ ᠠᠴᠠ ᠪᠢᠳᠡ ᠨᠠᠰᠤᠲᠠᠶᠢᠴᠤᠳ ᠢᠯᠠᠩᠭᠤᠶ᠎ᠠ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠢ ︵ᠥᠩᠭᠡᠷᠡᠭᠰᠡᠨ ᠳᠤ ᠸᠠᠺᠽᠢᠨ ᠤ ᠲᠠᠷᠢᠯᠭ᠎ᠠ ᠬᠢᠬᠦ ᠦᠶ᠎ᠡ ᠳᠤ ᠬᠦᠨᠳᠦ ᠨᠣᠴᠢᠲᠠᠶ ᠬᠠᠷᠰᠢᠮᠠᠲᠠᠭᠠᠶ ᠤᠷᠪᠠᠯ ᠭᠠᠷᠴᠤ ᠥᠩᠭᠡᠷᠡᠭᠰᠡᠨ᠂ ᠲᠦᠷᠭᠡᠨ ᠴᠢᠨᠠᠷᠲᠠᠶ ᠬᠠᠯᠳᠠᠪᠦᠷᠢᠲᠦ ᠴᠢᠨᠠᠷᠲᠠᠶ ᠡᠪᠡᠳᠴᠢᠲᠡᠨ ᠬᠠᠯᠠᠭᠤᠷᠠᠵᠤ ᠪᠠᠶᠢᠭ᠎ᠠ ᠬᠤᠭᠤᠴᠠᠭᠠᠨ ᠳᠤ᠂ ᠤᠳᠠᠭᠠᠨ ᠴᠢᠨᠠᠷᠲᠠᠢ ᠬᠥᠨᠳᠦ ᠡᠪᠡᠳᠴᠢᠲᠡᠨ ᠡᠪᠡᠳᠴᠢᠨ ᠨᠢ ᠭᠡᠨᠡᠳᠲᠡ ᠬᠥᠳᠡᠯᠦᠭᠰᠡᠨ ᠦᠶ᠎ᠡ ᠳᠤ᠂ ᠤᠳᠠᠭᠠᠨ ᠴᠢᠨᠠᠷᠲᠠᠢ ᠬᠥᠨᠳᠦ ᠡᠪᠡᠳᠴᠢᠨ ᠠᠴᠠ ᠪᠤᠯᠵᠤ ᠠᠮᠢ ᠨᠠᠰᠤᠨ ᠤ ᠠᠶᠤᠯ ᠲᠠᠢ ᠪᠤᠯᠤᠭᠰᠠᠨ ᠬᠦᠮᠦᠰ ᠠᠴᠠ ᠭᠠᠳᠠᠨ᠎ᠠ︶ ᠨᠥᠬᠦᠴᠡᠯ ᠳᠤ ᠨᠡᠶᠢᠴᠡᠳᠡᠭ ᠯᠡ ᠶᠤᠮ ᠪᠣᠯ ᠳᠠᠷᠤᠶ ᠲᠦᠷᠭᠡᠨ ᠲᠠᠷᠢᠯᠭ᠎ᠠ ᠲᠠᠷᠢᠭᠤᠯᠵᠤ᠂ ᠰᠠᠭᠤᠷᠢ ᠲᠠᠷᠢᠯᠭ᠎ᠠ ᠶᠢ ᠬᠢᠭᠡᠳ ᠴᠢᠩᠭᠠᠳᠬᠠᠬᠤ ᠲᠠᠷᠢᠯᠭ᠎ᠠ ᠶᠢ ᠲᠠᠷᠢᠭᠤᠯᠤᠭᠠᠳᠤᠢ ᠨᠠᠰᠤᠲᠠᠳ ᠲᠠᠷᠤᠢ ᠲᠦᠷᠭᠡᠨ ᠴᠢᠩᠭᠠᠳᠬᠠᠬᠤ ᠲᠠᠷᠢᠯᠭ᠎ᠠ ᠶᠢ ᠲᠠᠷᠢᠭᠤᠯᠵᠤ᠂ ᠨᠠᠰᠤᠲᠠᠶᠢᠴᠤᠳ ᠤᠨ ᠭᠡᠷ ᠪᠦᠯᠢ ᠶᠢᠨ ᠬᠢᠨ ᠨᠠᠰᠤᠲᠠᠶᠢᠴᠤᠳ ᠢ ᠢᠳᠡᠪᠬᠢᠲᠡᠶ ᠪᠠᠷ ᠳᠠᠶᠢᠴᠢᠯᠠᠨ ᠸᠠᠺᠽᠢᠨ ᠤ ᠲᠠᠷᠢᠯᠭ᠎ᠠ ᠬᠢᠯᠭᠡᠬᠦ ᠶᠢ ᠤᠷᠢᠶᠠᠯᠠᠵᠤ ᠪᠠᠶᠢᠨ᠎ᠠ᠃    ᠨᠠᠰᠤᠲᠠᠶᠢᠴᠤᠳ ᠤᠨ ᠡᠷᠡᠭᠦᠯ ᠮᠡᠨᠳᠦ ᠠᠮᠤᠷ ᠠᠮᠤᠭᠤᠯᠠᠩ ᠪᠣᠯ ᠦᠷ᠎ᠡ ᠬᠡᠦᠬᠡᠳ ᠪᠤᠯᠤᠭᠰᠠᠳ ᠤᠨ ᠬᠠᠮᠤᠭ ᠤᠨ ᠶᠡᠭᠡ ᠬᠦᠰᠡᠯ ᠡᠷᠡᠮᠡᠯᠵᠡᠯ ᠮᠥᠨ᠃ ᠦᠷ᠎ᠡ ᠬᠡᠦᠬᠡᠳ ᠪᠣᠯᠤᠭᠰᠠᠨ ᠤ ᠬᠤᠪᠢ ᠳᠤ᠂ ᠨᠠᠰᠤᠲᠠᠶᠢᠴᠤᠳ ᠤᠨ ᠦᠵᠡᠯ ᠰᠠᠨᠠᠭᠠᠨ ᠤ ᠠᠵᠢᠯ ᠢ ᠬᠦᠯᠢᠴᠡᠩᠭᠦᠶ ᠨᠠᠷᠢᠨ ᠨᠢᠮᠪᠠᠶ ᠰᠠᠶᠢᠲᠤᠷ ᠬᠢᠵᠦ᠂ ᠨᠠᠰᠤᠲᠠᠨ ᠢ ᠵᠣᠷᠢᠭᠵᠢᠭᠤᠯᠤᠨ ᠰᠢᠨ᠎ᠡ ᠲᠢᠲᠢᠮᠯᠢᠭ ᠸᠢᠷᠦ᠋ᠰ ᠤᠨ ᠸᠠᠺᠽᠢᠨ ᠤ ᠲᠠᠷᠢᠯᠭ᠎ᠠ ᠶᠢ ᠡᠷᠲᠡᠬᠡᠨ ᠲᠠᠷᠢᠭᠤᠯᠵᠤ᠂ ᠬᠢᠵᠢᠭ ᠢ ᠡᠷᠲᠡᠬᠡᠨ ᠰᠡᠷᠭᠡᠶᠢᠯᠡᠬᠦ ᠶᠢ ᠬᠦᠰᠡᠵᠦ ᠪᠠᠶᠢᠨ᠎ᠠ᠃    ᠵᠠᠷᠢᠮ ᠬᠦᠮᠦᠰ ᠨᠠᠰᠤᠲᠠᠶᠢᠴᠤᠳ ᠣᠷᠳᠣ ᠬᠤᠭᠤᠴᠠᠭ᠎ᠠ ᠪᠠᠷ ᠬᠡᠷ ᠲᠡᠭᠡᠨ ᠰᠠᠭᠤᠵᠤ᠂ ᠭᠠᠳᠠᠭᠰᠢ ᠭᠠᠷᠬᠤ ᠨᠢ ᠪᠠᠭ᠎ᠠ᠂ ᠬᠠᠯᠳᠠᠪᠦᠷᠢᠯᠠᠭᠳᠠᠬᠤ ᠲᠦᠭᠰᠢᠭᠦᠷᠢ ᠪᠠᠭ᠎ᠠ ᠪᠣᠯᠬᠤᠷ ᠸᠠᠺᠽᠢᠨ ᠳᠠᠷᠢᠬᠤ ᠴᠢᠬᠤᠯᠠ ᠥᠬᠡᠶ ᠭᠡᠵᠦ ᠦᠵᠡᠳᠡᠭ᠂ ᠭᠡᠪᠡᠴᠦ ᠦᠨᠡᠨ ᠳᠡᠭᠡᠨ ᠭᠠᠳᠠᠨ᠎ᠠ ᠠᠵᠢᠯᠯᠠᠵᠤ᠂ ᠰᠤᠷᠤᠯᠴᠠᠬᠤ ᠪᠤᠶᠤ ᠠᠮᠢᠳᠤᠷᠠᠵᠤ ᠪᠠᠶᠢᠭ᠎ᠠ ᠬᠡᠷ ᠤᠨ ᠬᠥᠮᠦᠰ ᠨᠢ ᠬᠢᠴᠢᠶᠡᠮᠵᠢ ᠦᠭᠡᠢ ᠪᠠᠷ ᠸᠢᠷᠦ᠋ᠰ ᠢ ᠭᠡᠷ ᠲᠡᠭᠡᠨ ᠠᠪᠴᠤ ᠬᠠᠷᠢᠭᠰᠠᠨ ᠠᠴᠠ  ᠨᠠᠰᠤᠲᠠᠨ ᠳᠤ ᠬᠠᠯᠳᠠᠪᠦᠷᠢᠯᠠᠬᠤ ᠪᠤᠯᠤᠮᠵᠢ ᠪᠠᠶᠢᠳᠠᠭ᠃ ᠵᠠᠷᠢᠮ ᠬᠦᠮᠦᠰ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠽᠢᠨ ᠤ ᠲᠠᠷᠢᠯᠭ᠎ᠠ ᠬᠢᠭᠰᠡᠨ ᠤ ᠳᠠᠷᠠᠭ᠎ᠠ ᠰᠦᠷᠭᠡᠦ ᠦᠶᠯᠡᠳᠦᠯ ᠭᠠᠷᠬᠤ ᠠᠴᠠ ᠠᠶᠤᠵᠤ᠂ ᠸᠠᠺᠽᠢᠨ ᠤ ᠲᠠᠷᠢᠯᠭ᠎ᠠ ᠬᠢᠬᠦ ᠳᠤ ᠡᠷᠡᠭᠡᠯᠵᠡᠳᠡᠭ ᠂ ᠭᠡᠪᠡᠴᠦ ᠪᠤᠳᠠᠲᠦ ᠪᠠᠶᠢᠳᠠᠯ ᠠᠴᠠ ᠦᠵᠡᠪᠡᠯ ᠨᠠᠰᠤᠲᠠᠶᠢᠴᠤᠳ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠽᠢᠨ ᠤ ᠲᠠᠷᠢᠯᠭ᠎ᠠ ᠲᠠᠷᠢᠭᠤᠯᠬᠤ ᠨᠢ ᠮᠠᠰᠢ ᠠᠮᠤᠷ ᠲᠦᠪᠰᠢᠨ ᠪᠠᠶᠢᠵᠤ᠂ ᠴᠢᠨᠠᠭᠰᠢᠯᠠᠪᠠᠯ ᠰᠦᠷᠭᠡᠦ ᠦᠢᠯᠡᠳᠦᠯ ᠭᠠᠷᠬᠤ ᠨᠣᠷᠮ᠎ᠠ ᠨᠢ ᠵᠠᠯᠠᠭᠤᠴᠤᠳ ᠠᠴᠠ ᠴᠤ ᠳᠣᠤᠷ᠎ᠠ ᠪᠠᠶᠢᠳᠠᠭ᠃ ᠵᠠᠷᠢᠮ ᠨᠠᠰᠤᠲᠠᠶᠢᠴᠤᠳ ᠪᠣᠯᠤᠨ ᠭᠡᠷ ᠤᠨ ᠬᠦᠮᠦᠰ ᠨᠢ ᠤᠳᠠᠭᠠᠨ ᠴᠢᠨᠠᠷᠲᠠᠶ ᠡᠪᠡᠳᠴᠢᠨ ᠳᠤ ᠨᠡᠷᠪᠡᠭᠳᠡᠭᠡᠳ ᠣᠷᠳᠣ ᠬᠤᠭᠤᠴᠠᠭ᠎ᠠ ᠪᠠᠷ ᠡᠮ ᠤᠤᠭᠤᠵᠤ ᠪᠠᠶᠢᠭ᠎ᠠ ᠪᠣᠯᠬᠤᠷ ᠲᠠᠷᠢᠯᠭ᠎ᠠ ᠬᠢᠬᠦ ᠳᠤ ᠳᠣᠭᠢᠷᠠᠬᠤ ᠥᠬᠡᠶ ᠭᠡᠵᠦ ᠦᠵᠡᠳᠡᠭ᠂ ᠭᠡᠪᠡᠴᠦ ᠲᠤᠰᠬᠠᠶ ᠮᠡᠷᠭᠡᠵᠢᠯᠲᠡᠨ ᠬᠠᠷᠢᠨ ᠡᠪᠡᠳᠴᠢᠨ ᠤ ᠪᠠᠶᠢᠳᠠᠯ ᠲᠣᠭᠲᠠᠭᠤᠨ ᠪᠤᠶᠤ ᠨᠡᠯᠢᠶᠡᠳ ᠰᠠᠶᠢᠨ ᠡᠵᠡᠮᠳᠡᠵᠦ ᠲᠡᠶᠢᠯᠵᠦ ᠪᠠᠶᠢᠭ᠎ᠠ ᠰᠠᠭᠤᠷᠢ ᠡᠪᠡᠳᠴᠢᠨ ᠎ ᠲᠠᠢ ᠬᠥᠮᠦᠰ ᠨᠠᠩ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠽᠢᠨ ᠢ ᠳᠠᠷᠢᠭᠤᠯᠵᠤ᠂ ᠡᠭᠡᠯᠢᠯᠡᠭᠡ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠴᠢᠬᠤᠯᠠ ᠲᠠᠢ ᠭᠡᠵᠦ ᠦᠵᠡᠳᠡᠭ᠃ ᠡᠶᠢᠮᠦ ᠠᠴᠠ ᠨᠠᠰᠤᠲᠠᠶᠢᠴᠤᠳ ᠪᠠ ᠬᠡᠷ ᠪᠦᠯᠢ ᠎ ᠶᠢᠨ ᠬᠢᠨ ᠡᠷᠡᠭᠡᠯᠵᠡᠭᠡ ᠪᠠᠨ ᠪᠠᠭᠠᠰᠬᠠᠵᠤ᠂ ᠲᠠᠷᠢᠯᠭ᠎ᠠ ᠬᠢᠬᠦ ᠳᠤ ᠳᠣᠭᠢᠷᠠᠬᠤ ᠡᠰᠡᠬᠦ ᠶᠢ ᠲᠤᠰᠬᠠᠶ ᠮᠡᠷᠭᠡᠵᠢᠯ ᠤᠨ ᠡᠮᠴᠢ ᠪᠠᠷ ᠲᠦᠷᠭᠡᠬᠡᠨ ᠮᠠᠭᠠᠳᠯᠠᠭᠤᠯᠵᠤ᠂ ᠲᠠᠷᠢᠯᠭ᠎ᠠ ᠬᠢᠵᠦ ᠪᠤᠯᠪᠠᠯ ᠡᠷᠲᠡᠬᠡᠨ ᠲᠠᠷᠢᠯᠭ᠎ᠠ ᠬᠢᠯᠭᠡᠵᠦ᠂ ᠡᠭᠡᠯᠢᠯᠡᠭᠡ ᠶᠢᠨ ᠴᠢᠳᠠᠪᠦᠷᠢ ᠪᠠᠨ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃    ᠡᠭᠦᠨ ᠤ ᠬᠠᠮᠲᠤ᠂ ᠮᠠᠨ ᠤ ᠬᠤᠰᠢᠭᠤ ᠨᠠᠰᠤᠲᠠᠶᠢᠴᠤᠳ᠂ ᠰᠠᠭᠤᠷᠢ ᠡᠪᠡᠳᠴᠢᠨ ᠲᠠᠢ ᠬᠦᠮᠦᠰ ᠵᠡᠷᠭᠡ ᠭᠤᠤᠯᠳᠠᠯᠭ᠎ᠠ ᠲᠠᠢ ᠬᠥᠮᠦᠰ ᠤᠨ ᠰᠠᠭᠤᠷᠢ ᠲᠤᠭ᠎ᠠ ᠶᠢ ᠲᠦᠷᠭᠡᠬᠡᠨ ᠲᠣᠳᠣᠷᠬᠠᠶ ᠣᠶᠢᠯᠠᠭᠠᠵᠤ᠂ ᠭᠤᠤᠯᠳᠠᠯᠭ᠎ᠠ ᠲᠠᠢ ᠬᠥᠮᠦᠰ ᠤᠨ ᠡᠷᠡᠭᠦᠯ ᠮᠡᠨᠳᠦ ᠶᠢᠨ ᠪᠠᠶᠢᠳᠠᠯ ᠢ ᠭᠦᠶᠴᠡᠳ ᠡᠵᠡᠮᠰᠢᠵᠦ᠂ ᠭᠤᠤᠯᠳᠠᠯᠭ᠎ᠠ ᠲᠠᠢ ᠬᠥᠮᠦᠰ ᠲᠤ ᠴᠠᠭ ᠲᠤᠬᠠᠶ ᠳᠤᠨᠢ ᠣᠨᠣᠪᠴᠢᠲᠠᠶ ᠪᠥᠭᠡᠳ ᠪᠦᠲᠦᠮᠵᠢᠲᠡᠶ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠶᠯᠡᠴᠢᠯᠡᠭᠡ ᠬᠠᠩᠭᠠᠬᠤ ᠶᠢᠨ ᠲᠥᠯᠥᠭᠡ᠂ ᠣᠳᠣᠬᠠᠨ ᠳᠤ ᠭᠤᠤᠯᠳᠠᠯᠭ᠎ᠠ ᠲᠠᠢ ᠬᠥᠮᠦᠰ ᠤᠨ ᠡᠷᠡᠭᠦᠯ ᠮᠡᠨᠳᠦ ᠶᠢᠨ ᠪᠠᠶᠢᠴᠠᠭᠠᠯᠲᠠ ᠎ ᠶᠢᠨ ᠠᠵᠢᠯ ᠢ ᠵᠡᠷᠭᠡᠪᠡᠷ ᠥᠷᠨᠢᠭᠦᠯᠵᠦ ᠪᠠᠶᠢᠨ᠎ᠠ᠂ ᠣᠯᠠᠨ ᠢᠶᠠᠷ ᠢᠶᠠᠨ ᠢᠳᠡᠪᠬᠢᠲᠡᠶ ᠳᠡᠮᠵᠢᠵᠦ ᠬᠠᠮᠵᠢᠯᠴᠠᠬᠤ ᠶᠢ ᠬᠦᠰᠡᠵᠦ ᠪᠠᠶᠢᠨ᠎ᠠ᠃    ᠬᠢᠵᠢᠭ ᠤᠨ ᠪᠠᠶᠢᠳᠠᠯ ᠪᠠᠰᠠ ᠦᠷᠭᠦᠯᠵᠢᠯᠡᠵᠦ ᠪᠠᠶᠢᠨ᠎ᠠ᠂ ᠠᠳᠡ᠂ ᠨᠠᠰᠤᠲᠠᠶᠢᠴᠤᠳ ᠤᠨ ᠰᠣᠨᠣᠷ ᠰᠡᠷᠡᠮᠵᠢ ᠪᠠᠨ ᠰᠤᠯᠠᠷᠠᠭᠤᠯᠬᠤ ᠥᠬᠡᠶ᠂ ᠴᠠᠭ ᠢᠮᠠᠭᠲᠠ ᠥᠪᠡᠷ ᠢ ᠪᠠᠨ ᠰᠠᠶᠢᠲᠤᠷ ᠬᠠᠮᠠᠭᠠᠯᠠᠬᠤ ᠶᠢ ᠠᠩᠬᠠᠷᠴᠤ᠂ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠪᠥᠭᠡᠮᠨᠡᠷᠡ ᠴᠤᠭᠯᠠᠷᠠᠬᠤ ᠥᠬᠡᠶ ᠪᠠᠶᠢᠵᠤ᠂ ᠠᠮᠤᠷ ᠲᠦᠪᠰᠢᠨ ᠤ ᠵᠠᠶ ᠶᠢ ᠪᠠᠲᠤᠯᠠᠵᠤ᠂ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠶᠢ ᠣᠨᠴᠠᠭᠠᠶᠢᠯᠠᠨ ᠰᠠᠨᠠᠭᠤᠯᠵᠤ ᠪᠠᠶᠢᠨ᠎ᠠ᠃ ᠬᠠᠯᠠᠭᠤᠷᠠᠬᠤ᠂ ᠬᠤᠭᠤᠯᠠᠶ ᠡᠪᠡᠳᠬᠦ᠂ ᠬᠠᠨᠢᠶᠠᠬᠤ ᠵᠡᠷᠭᠡ ᠡᠪ ᠦᠭᠡᠢ ᠪᠠᠢᠳᠠᠯ ᠢᠯᠡᠷᠡᠪᠡᠯ ᠡᠷᠡᠭᠦᠯ ᠮᠡᠨᠳᠦ ᠶᠢᠨ ᠪᠠᠶᠢᠴᠠᠭᠠᠯᠲᠠ ᠶᠢ ᠰᠠᠶᠢᠲᠤᠷ ᠬᠢᠬᠦ ᠬᠡᠷᠡᠭᠲᠡᠶ᠃ ᠬᠦᠨᠳᠦ ᠡᠪᠡᠳᠴᠢᠨ ᠲᠠᠢ ᠲᠦᠭᠰᠢᠭᠦᠷᠢᠲᠡᠶ ᠬᠥᠮᠦᠰ ᠦᠷᠭᠦᠯᠵᠢᠯᠡᠨ ᠬᠠᠯᠠᠭᠤᠷᠠᠭᠠᠳ ᠪᠠᠭᠤᠷᠠᠬᠤ ᠥᠬᠡᠶ᠂ ᠠᠮᠢᠰᠬᠤᠯ ᠨᠢ ᠬᠦᠴᠢᠷᠳᠡᠬᠦ ᠵᠡᠷᠭᠡ ᠪᠠᠶᠢᠳᠠᠯ ᠭᠠᠷᠪᠠᠯ᠂ ᠴᠠᠭ ᠲᠤᠬᠠᠶ ᠳᠤ ᠨᠢ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠵᠦ᠂ ᠡᠪᠡᠳᠴᠢᠨ ᠬᠦᠨᠳᠦᠷᠡᠬᠦ ᠠᠴᠠ ᠵᠠᠶᠢᠯᠠᠰᠬᠢᠬᠦ ᠬᠡᠷᠡᠭᠲᠡᠶ᠂ ᠬᠡᠷᠪᠡ ᠰᠠᠭᠤᠷᠢ ᠡᠪᠡᠳᠴᠢᠨ ᠨᠢ ᠮᠠᠰᠢ ᠬᠦᠨᠳᠦ᠂ ᠲᠤᠶᠢᠯ ᠤᠨ ᠪᠠᠴᠢᠮ ᠦᠶ᠎ᠡ ᠳᠤ ᠰᠢᠭᠤᠳ ᠲᠦᠷᠭᠡᠨ ᠡᠮᠨᠡᠯᠭᠡ ᠎ ᠶᠢᠨ ᠰᠠᠯᠠᠭ᠎ᠠ ᠳᠤ ᠬᠦᠷᠴᠦ ᠡᠮᠨᠡᠭᠦᠯᠵᠦ ᠪᠣᠯᠤᠨ᠎ᠠ᠃ ᠡᠪᠡᠳᠴᠢᠨ ᠦᠵᠡᠭᠦᠯᠬᠦ ᠳᠡᠭᠡᠨ ᠥᠪᠡᠷ ᠢᠶᠠᠨ ᠲᠡᠷᠭᠡ ᠵᠢᠯᠣᠭᠤᠳᠬᠤ᠂ 120 ᠪᠠᠴᠢᠮ ᠠᠪᠤᠷᠠᠯᠳᠠ ᠶᠢᠨ ᠲᠡᠷᠭᠡ᠂ ᠡᠰᠡᠬᠦᠯ᠎ᠡ ᠨᠡᠶᠢᠭᠡᠮ ᠲᠣᠭᠤᠷᠢᠭ ᠤᠨ ᠬᠠᠪᠰᠤᠷᠤᠯᠭ᠎ᠠ ᠳᠣᠤᠷ᠎ᠠ᠂ N 95 ᠠᠮᠠᠪᠴᠢ ᠵᠡᠭᠦᠵᠦ ᠡᠮᠨᠡᠯᠭᠡ ᠳᠤ ᠬᠦᠷᠴᠦ ᠡᠮᠨᠡᠭᠦᠯᠦᠭᠡᠷᠡᠢ᠃    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠶᠢᠯᠠᠭᠠᠵᠤ ᠳᠡᠮᠵᠢᠭᠰᠡᠨ ᠳᠤ ᠴᠢᠩ ᠰᠡᠳᠬᠢᠯ ᠠᠴᠠ ᠎ ᠪᠠᠨ ᠲᠠᠯᠠᠷᠬᠠᠵᠤ ᠪᠠᠶᠢᠨ᠎ᠠ᠂ ᠥᠷᠭᠡᠨ ᠤᠯᠠᠨ ᠨᠠᠰᠤᠲᠠᠶᠢᠴᠤᠳ ᠤᠨ ᠪᠡᠶ᠎ᠡ ᠮᠠᠬᠠᠪᠣᠳ ᠡᠷᠡᠭᠦᠯ ᠴᠢᠭᠢᠷᠠᠭ᠂ ᠭᠡᠷ ᠬᠤᠲᠠᠯᠠᠭᠠᠷ ᠢᠶᠠᠨ ᠵᠣᠯ ᠵᠢᠷᠭᠠᠯ ᠲᠠᠢ ᠪᠠᠶᠢᠬᠤ ᠶᠢ ᠬᠦᠰᠡᠨ ᠵᠥᠩᠨᠡᠵᠦ ᠪᠠᠶᠢᠨ᠎ᠠ !                 ᠰᠥᠨᠢᠳ ᠪᠠᠷᠠᠭᠤᠨ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠎ ᠤᠨ ᠵᠢᠯᠣᠭᠤᠳᠬᠤ ᠬᠡᠯᠲᠡᠰ                                   2022 ᠣᠨ ᠤ 12 ᠰᠠᠷ᠎ᠠ ᠶᠢᠨ 11᠎ ᠤ ᠡᠳᠦᠷ
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号