2023 ᠤᠨ ᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠠ ᠶᠢᠨ ᠬᠤᠭᠤᠴᠠᠭᠠᠨ ᠳᠤ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠠᠵᠢᠯ ᠤᠨ ᠲᠤᠬᠠᠢ ᠰᠦᠨᠢᠳ ᠪᠠᠷᠠᠭᠤᠨ ᠬᠤᠰᠢᠭᠤᠨ ᠤ ᠠᠷᠠᠳ ᠎ ᠤᠨ ᠵᠠᠰᠠᠭ ᠤᠨ ᠤᠷᠳᠤᠨ ᠤ ᠠᠯᠪᠠᠨ ᠵᠠᠷ
ᠨᠡᠶᠢᠲᠡᠯᠡᠭᠰᠡᠨ ᠴᠠᠭ᠄
2022/12/16
ᠦᠷᠭᠡᠨ ᠤᠯᠠᠨ ᠮᠠᠯᠴᠢᠨ ᠲᠦᠮᠡᠨ ᠳᠤ᠄     ᠪᠦᠬᠦ ᠠᠶᠢᠮᠠᠭ ᠤᠨ ᠨᠢᠬᠡᠳᠤᠯᠳᠠᠢ ᠪᠠᠶᠢᠷᠢᠯᠠᠭᠤᠯᠤᠯᠳᠠ ᠶᠤᠰᠤᠭᠠᠷ᠂ ᠮᠡᠨ ᠤ ᠬᠤᠰᠢᠭᠤᠨ ᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠠ ᠶᠢᠨ ᠬᠤᠭᠤᠴᠠᠭᠠᠨ ᠳᠤ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠠᠵᠢᠯ ᠎ ᠤᠨ ᠦᠷ᠎ᠡ ᠪᠦᠳᠤᠭᠡᠯ ᠢ ᠤᠯᠠᠮ ᠨᠢᠭᠡ ᠠᠯᠬᠤᠮ ᠪᠠᠳᠤᠳᠬᠠᠵᠦ᠂ ᠲᠠᠯ᠎ᠠ ᠨᠤᠳᠤᠭ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠨ ᠠᠰᠢᠭᠯᠠᠬᠤ ᠶᠢᠨ ᠲᠤᠰᠠᠳᠠ᠂ 2023 ᠤᠨ ᠳᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠠ ᠶᠢᠨ ᠬᠤᠭᠤᠴᠠᠭᠠᠨ ᠳᠤ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠠᠵᠢᠯ ᠢ ᠦᠷᠬᠦᠯᠵᠢᠯᠨᠨ ᠦᠷᠨᠢᠬᠦᠯᠬᠦ ᠪᠠᠷ ᠲᠤᠭᠳᠠᠪᠡ᠃ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠠ ᠶᠢᠨ ᠬᠤᠭᠤᠴᠠᠭᠠᠨ ᠳᠤ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠠᠵᠢᠯ ᠢ ᠨᠢᠬᠡᠳᠤᠯᠳᠠᠢ ᠲᠦᠯᠦᠪᠵᠢᠬᠦᠯᠵᠦ ᠰᠠᠶᠢᠳᠤᠷ ᠬᠢᠬᠦ ᠶᠢᠨ ᠲᠦᠯᠦᠬᠡ᠂ ᠤᠳᠤ ᠬᠠᠮᠢᠶ᠎ᠠ ᠪᠦᠬᠦᠢ ᠵᠦᠢᠯ ᠢ ᠲᠤᠤᠷᠡᠬᠢ ᠮᠡᠳᠤ ᠵᠡᠷᠯᠠᠶ᠎ᠠ᠄ᠨᠢᠭᠡ᠂ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠴᠠᠭ ᠬᠤᠭᠤᠴᠠᠭ᠎ᠠ᠄︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠠᠯ ᠪᠡᠯᠴᠢᠬᠡᠷ ᠤᠨ ᠲᠡᠩᠴᠡᠬᠦᠷᠢ ᠶᠢ ᠪᠡᠳᠤᠯᠠᠬᠤ ᠪᠡ ᠪᠡᠯᠴᠢᠭᠡᠷᠯᠡᠬᠦᠯᠬᠦ ᠶᠢ ᠴᠠᠭᠠᠵᠠᠯᠠᠬᠤ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠲᠦᠷᠢᠮ︾᠎ ᠤᠨ ᠶᠢᠰᠤᠳᠤᠭᠡᠷ ᠵᠤᠷᠪᠤᠰ ᠎ ᠤᠨ ︽ᠬᠤᠰᠢᠭᠤ ᠰᠢᠶᠠᠨ ᠬᠤᠳᠠ ︵ᠲᠤᠭᠤᠷᠢᠭ︶᠎ ᠤᠨ ᠠᠷᠠᠳ ᠤᠨ ᠵᠠᠰᠠᠭ ᠤᠨ ᠤᠷᠳᠤᠨ ᠲᠤᠬᠠᠢ ᠶᠢᠨ ᠭᠠᠵᠡᠷ ᠎ ᠤᠨ ᠠᠭᠤᠷ ᠠᠮᠢᠰᠬᠤᠯ ᠤᠨ ᠨᠦᠬᠦᠴᠠᠯ ᠪᠡ ᠪᠡᠯᠴᠢᠬᠡᠷ ᠡᠪᠡᠰᠤᠨ ᠤ ᠤᠷᠭᠤᠯᠳᠠ ᠶᠢᠨ ᠵᠢᠮ᠎ᠡ ᠶᠤᠰᠤ ᠶᠢ ᠦᠨᠳᠤᠰᠤᠯᠠᠵᠦ᠂ ᠵᠢᠯ ᠪᠦᠷᠢ ᠶᠢᠨ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠠ ᠶᠢᠨ ᠬᠤᠭᠤᠴᠠᠭᠠᠨ ᠳᠤ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠠᠵᠢᠯ ᠢ ᠵᠤᠬᠢᠶᠠᠨ ᠪᠠᠶᠢᠭᠤᠯᠤᠨ ᠭᠡᠷᠡᠭᠵᠢᠬᠦᠯᠵᠦ᠂ ᠪᠡᠯᠴᠢᠭᠡᠷᠯᠡᠬᠦᠯᠬᠦ ᠶᠢ ᠲᠦᠷ ᠵᠤᠭᠰᠤᠭᠠᠬᠤ ᠬᠤᠭᠤᠴᠠᠭ᠎ᠠ ᠶᠢ 45 ᠡᠳᠤᠷ ᠠᠴᠠ ᠲᠤᠳᠠᠭᠤ ᠪᠠᠶᠢᠯᠭᠠᠵᠦ ᠪᠤᠯᠬᠤ ᠦᠬᠡᠢ︾ ᠵᠢᠴᠢ ︽ᠰᠢᠯᠢ ᠎ ᠶᠢᠨ ᠭᠤᠤᠯ ᠠᠶᠢᠮᠠᠭ ᠤᠨ 2023 — 2025 ᠤᠨ ᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠠ ᠶᠢᠨ ᠬᠤᠭᠤᠴᠠᠭᠠᠨ ᠳᠤ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠠᠵᠢᠯ ᠤᠨ ᠭᠡᠷᠡᠭᠵᠢᠬᠦᠯᠬᠦ ᠲᠦᠰᠦᠯ︾᠎ ᠳᠤ ᠲᠤᠭᠳᠠᠭᠠᠭᠰᠠᠨ ᠡᠮᠤᠨᠡᠳᠤ ᠭᠡᠰᠡᠭ ᠪᠡ ᠪᠠᠷᠠᠭᠤᠨ ᠭᠡᠰᠡᠭ ᠤᠨ ᠬᠤᠰᠢᠭᠤ ᠰᠢᠶᠠᠨ ᠤ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠠᠵᠢᠯ ᠤᠨ ᠡᠬᠢᠯᠡᠬᠦ ᠴᠠᠭ ᠢ 4 ᠰᠠᠷ᠎ᠠ ᠶᠢᠨ 1᠎ ᠤ ᠡᠳᠤᠷ ᠠᠴᠠ ᠡᠷᠳᠡ ᠪᠠᠶᠢᠯᠭᠠᠵᠦ ᠪᠤᠯᠬᠤ ᠦᠬᠡᠢ ᠭᠡᠰᠡᠨ ᠱᠠᠭᠠᠷᠳᠠᠯᠭ᠎ᠠ ᠶᠤᠰᠤᠭᠠᠷ᠂ ᠮᠡᠨ ᠤ ᠬᠤᠰᠢᠭᠤᠨ ᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠠ ᠶᠢᠨ ᠬᠤᠭᠤᠴᠠᠭᠠᠨ ᠳᠤ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠴᠠᠭ ᠬᠤᠭᠤᠴᠠᠭ᠎ᠠ ᠶᠢ 4 ᠰᠠᠷ᠎ᠠ ᠶᠢᠨ 1᠎ ᠤ ᠡᠳᠤᠷ ᠎ ᠠᠴᠠ 5 ᠰᠠᠷ᠎ᠠ ᠶᠢᠨ 15᠎ ᠤ ᠡᠳᠤᠷ ᠬᠦᠷᠳᠡᠯ᠎ᠡ᠂ ᠨᠡᠶᠢᠳᠡ 45 ᠡᠳᠦᠷ ᠭᠡᠷᠡᠭᠵᠢᠬᠦᠯᠬᠦ ᠪᠠᠷ ᠲᠤᠭᠳᠠᠪᠡ᠃ᠬᠤᠶᠠᠷ᠂ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠬᠦᠷᠢᠶ᠎ᠠ ᠭᠡᠪᠴᠢᠶ᠎ᠠ᠄ ᠭᠤᠷᠪᠡᠳᠤᠭᠠᠷ ᠡᠬᠡᠯᠵᠢ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠲᠠᠢ ᠤᠶᠠᠯᠳᠤᠭᠤᠯᠵᠦ᠂ ᠪᠦᠬᠦ ᠬᠤᠰᠢᠭᠤᠨ ᠤ 7 ᠰᠤᠮᠤ ᠪᠠᠯᠭᠠᠰᠦᠨ ᠤ ᠮᠠᠯ ᠪᠡᠯᠴᠢᠭᠡᠷ ᠢ ᠲᠠᠩᠴᠠᠬᠦᠷᠢ ᠲᠠᠢ ᠪᠠᠶᠢᠯᠭᠠᠬᠤ ᠤᠷᠤᠨ ᠳᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠠ ᠶᠢᠨ ᠬᠤᠭᠤᠴᠠᠭᠠᠨ ᠎ ᠳᠠᠬᠢ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠠᠷᠭ᠎ᠠ ᠪᠡᠷᠢᠯ ᠢ ᠭᠡᠷᠡᠭᠵᠢᠬᠦᠯᠦᠨ᠎ᠡ᠂ ᠬᠤᠯᠪᠤᠭᠳᠠᠬᠤ ᠨᠤᠳᠤᠭ ᠪᠡᠯᠴᠢᠬᠡᠷ ᠤᠨ ᠲᠠᠯᠠᠪᠠᠢ 2763.49 ᠲᠦᠮᠡᠨ ᠮᠤ᠋ ᠪᠤᠯᠤᠨ᠎ᠠ᠃ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠬᠤᠭᠤᠴᠠᠭᠠᠨ ᠳᠤ ᠦᠬᠡᠷ᠂ ᠬᠤᠨᠢ᠂ ᠢᠮᠠᠭ᠎ᠠ ︵ᠠᠳᠤᠭᠤ᠂ ᠲᠡᠮᠡᠭᠡ ᠪᠠᠭᠳᠠᠬᠤ ᠦᠬᠡᠢ︶᠎ ᠶᠢ ᠴᠦᠮ ᠪᠡᠯᠴᠢᠭᠡᠷᠯᠡᠬᠦᠯᠵᠦ ᠪᠤᠯᠬᠤ ᠦᠬᠡᠢ᠃ᠭᠤᠷᠪᠠ᠂ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠨᠦᠬᠦᠪᠤᠷᠢ ᠶᠢᠨ ᠪᠡᠷᠢᠮᠵᠢᠶ᠎ᠠ᠄ ᠨᠦᠬᠦᠪᠤᠷᠢ ᠶᠢᠨ ᠪᠠᠷᠢᠮᠵᠢᠶ᠎ᠠ ᠨᠢ ᠮᠤ᠋ ᠪᠦᠷᠢ ᠳᠤ 1.125 ᠲᠦᠬᠦᠷᠢᠭ ᠪᠠᠶᠢᠵᠦ᠂ ᠬᠤᠰᠢᠭᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ︽ᠨᠢᠬᠡ ᠺᠡᠷᠲ︾᠎ ᠢᠶᠠᠷ ᠲᠠᠮᠵᠢᠨ ᠪᠡᠯᠴᠢᠭᠡᠷᠯᠡᠬᠦᠯᠬᠦ ᠶᠢ ᠲᠦᠷ ᠵᠤᠭᠰᠤᠭᠠᠬᠤ ᠨᠦᠬᠦᠪᠤᠷᠢ ᠶᠢ ᠤᠯᠭᠤᠨ᠎ᠠ᠃ᠲᠦᠷᠪᠡ᠂ ᠮᠠᠯ ᠤᠨ ᠬᠦᠳᠡᠯᠭᠡᠭᠡᠨ ᠤ ᠲᠠᠯᠠᠪᠤᠷ ᠲᠤᠬᠢᠷᠠᠭᠤᠯᠬᠤᠠᠳᠤᠭᠤ ᠪᠡ ᠲᠡᠮᠡᠭᠡ ᠶᠢ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠭᠡᠪᠴᠢᠶᠠᠨ ᠳᠤ ᠤᠷᠤᠭᠤᠯᠬᠤ ᠦᠬᠡᠢ᠂ ᠦᠬᠡᠷ᠂ ᠬᠤᠨᠢ᠂ ᠢᠮᠠᠭ᠎ᠠ ᠶᠢ ᠬᠤᠨᠢ ᠪᠠᠷ ᠨᠢᠬᠡᠴᠢᠯᠠᠨ᠂ ᠬᠤᠨᠢ ᠨᠢᠭᠡᠪᠤᠷᠢ ᠶᠢ 20 ᠲᠡᠭᠰᠢ ᠲᠦᠷᠪᠡᠯᠵᠢᠨ ᠮᠧᠲᠷ ᠠᠴᠠ ᠭᠡᠳᠤᠷᠡᠬᠦᠯᠬᠦ ᠦᠬᠡᠢ ᠪᠠᠶᠢᠬᠤ ᠱᠠᠭᠠᠷᠳᠠᠯᠭ᠎ᠠ ᠶᠤᠰᠤᠭᠠᠷ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠬᠤᠭᠤᠴᠠᠭᠠᠨ ᠎ ᠳᠠᠬᠢ ᠮᠡᠯ ᠤᠨ ᠬᠦᠳᠡᠯᠭᠡᠭᠡᠨ ᠤ ᠲᠠᠯᠠᠪᠤᠷ ᠭᠠᠷᠭᠠᠨ᠎ᠠ᠂ ᠨᠢᠬᠡ ᠦᠬᠡᠷ ᠨᠢ ᠲᠠᠪᠤᠨ ᠬᠤᠨᠢ ᠲᠠᠢ ᠲᠠᠩᠴᠠᠨ᠎ᠠ᠂ ᠨᠢᠭᠡ ᠲᠤᠭᠤᠯ ᠨᠢ ᠬᠤᠶᠠᠷ ᠴᠡᠭ ᠲᠠᠪᠤᠨ ᠬᠤᠨᠢ ᠲᠠᠢ ᠲᠡᠩᠴᠡᠨ᠎ᠡ︔ ᠬᠦᠳᠡᠯᠭᠡᠭᠡᠨ ᠤ ᠲᠠᠯᠠᠪᠤᠷ ᠢ ᠬᠤᠷᠤᠭ᠎ᠠ ᠬᠠᠰᠢᠶᠠᠨ ᠤ ᠡᠷᠬᠢᠨ ᠲᠤᠭᠤᠷᠢᠨ ᠳᠤ ᠪᠠᠶᠢᠷᠢᠯᠠᠭᠤᠯᠵᠦ᠂ ᠬᠦᠳᠡᠯᠭᠡᠭᠡᠨ ᠤ ᠲᠠᠯᠠᠪᠤᠷ ᠤᠨ ᠲᠦᠷᠪᠡᠨ ᠵᠠᠬ᠎ᠠ ᠶᠢᠨ ᠵᠠᠭᠠᠭ ᠬᠢᠵᠠᠭᠠᠷ᠂ ᠮᠠᠯ ᠤᠰᠤᠯᠠᠬᠤ ᠵᠡᠮ ᠢ ᠵᠤᠬᠢᠰᠳᠡᠢ ᠲᠤᠬᠢᠷᠠᠭᠤᠯᠵᠦ᠂ ᠬᠦᠳᠡᠯᠬᠡᠬᠡᠨ ᠤ ᠲᠠᠯᠠᠪᠤᠷ ᠤᠨ ᠭᠠᠳᠠᠨ᠎ᠠ ᠮᠠᠯ ᠪᠡᠯᠴᠢᠬᠡᠷᠯᠡᠬᠦᠯᠬᠦ ᠎ ᠶᠢ ᠴᠠᠭᠠᠵᠠᠯᠠᠨ᠎ᠠ᠃ᠲᠠᠪᠤ᠂ ᠬᠠᠮᠢᠶ᠎ᠠ ᠪᠦᠬᠦᠢ ᠱᠠᠭᠠᠷᠳᠠᠯᠭ᠎ᠠ︵ᠨᠢᠬᠡ︶ ᠪᠡᠯᠴᠢᠭᠡᠷᠯᠡᠬᠦᠯᠬᠦ ᠶᠢ ᠲᠦᠷ ᠵᠤᠭᠰᠤᠭᠠᠬᠤ ᠬᠤᠭᠤᠴᠠᠭᠠᠨ ᠳᠤ ᠪᠡᠯᠴᠢᠭᠡᠷᠯᠡᠬᠦᠯᠬᠦ ᠶᠢ ᠲᠦᠷ ᠵᠤᠭᠰᠤᠭᠠᠬᠤ ᠤᠷᠤᠨ ᠳᠤ ᠪᠦᠬᠦ ᠲᠠᠯ᠎ᠠ ᠪᠠᠷ ᠪᠡᠯᠴᠢᠬᠡᠷᠯᠡᠬᠦᠯᠬᠦ ᠶᠢ ᠴᠠᠭᠠᠵᠠᠯᠠᠵᠦ᠂ ᠮᠠᠯᠵᠢᠬᠤ ᠡᠷᠦᠬᠡ ᠨᠢ ᠡᠯ᠎ᠡ ᠲᠦᠷᠦᠯ ᠤᠨ ᠪᠡᠯᠡᠳᠭᠡᠯ ᠠᠵᠢᠯ ᠢᠶᠠᠨ ᠤᠷᠢᠳᠴᠢᠯᠠᠨ ᠰᠠᠶᠢᠳᠤᠷ ᠬᠢᠵᠦ᠂ ᠮᠠᠯ ᠤᠰᠤᠯᠠᠬᠤ᠂ ᠲᠠᠵᠢᠭᠡᠬᠦ ᠰᠢᠯᠳᠠᠭ ᠢᠶᠠᠷ ᠮᠠᠯ ᠢᠶᠠᠨ ᠪᠡᠯᠴᠢᠬᠡᠷᠯᠡᠬᠦᠯᠵᠦ ᠪᠤᠯᠬᠤ ᠦᠬᠡᠢ᠂ ᠬᠠᠮᠢᠶ᠎ᠠ ᠪᠦᠬᠦᠢ ᠰᠠᠯᠠᠭ᠎ᠠ ᠮᠦᠴᠢᠷ ᠪᠡ ᠰᠤᠮᠤ ᠪᠠᠯᠭᠠᠰᠤ᠂ ᠭᠠᠴᠠᠭᠠᠨ ᠤ ᠬᠢᠨᠡᠯᠳᠡ ᠬᠠᠮᠢᠶᠠᠷᠤᠯᠳᠠ ᠶᠢ ᠤᠬᠠᠮᠰᠠᠷ ᠠᠴᠠ ᠪᠠᠨ ᠬᠦᠯᠢᠶᠡᠬᠦ ᠭᠡᠷᠡᠭᠳᠡᠢ᠃︵ᠬᠤᠶᠠᠷ︶ ᠡᠯ᠎ᠡ ᠰᠤᠮᠤ ᠪᠠᠯᠭᠠᠰᠤᠨ ᠤ ᠨᠡᠮ ᠤᠨ ᠬᠤᠷᠢᠶ᠎ᠠ᠂ ᠵᠠᠰᠠᠭ ᠤᠨ ᠤᠷᠳᠤᠨ ᠪᠡ ᠭᠠᠴᠠᠭᠠᠨ ᠤ ︽ᠬᠤᠶᠠᠷ ᠵᠦᠪᠯᠡᠯ︾᠎ ᠨᠢ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠦ᠂ ᠮᠠᠯᠵᠢᠬᠤ ᠡᠷᠦᠬᠡ ᠎ ᠶᠢᠨ ᠮᠠᠯ ᠢᠶᠠᠨ ᠪᠦᠬᠦᠨ ᠢ ᠬᠠᠰᠢᠶᠠᠯᠠᠵᠦ ᠲᠡᠵᠢᠬᠡᠬᠦ ᠶᠢ ᠨᠢ ᠱᠠᠭᠠᠷᠳᠠᠬᠤ ᠭᠡᠷᠡᠭᠳᠡᠢ︔ ᠬᠤᠰᠢᠭᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠡᠬᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠬᠠᠮᠢᠶ᠎ᠠ ᠪᠦᠬᠦᠢ ᠪᠠᠳᠤᠯᠠᠭ᠎ᠠ᠂ ᠵᠢᠯᠤᠭᠤᠳᠤᠯᠭ᠎ᠠ ᠪᠡ ᠬᠢᠨᠠᠯᠳᠠ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠬᠦ ᠭᠡᠷᠡᠭᠳᠡᠢ᠃ ᠤᠢ ᠰᠢᠭᠤᠢ ᠪᠡ ᠨᠤᠳᠤᠭ ᠪᠡᠯᠴᠢᠬᠡᠷ ᠤᠨ ᠰᠠᠯᠠᠭ᠎ᠠ ᠮᠦᠴᠢᠷ ᠨᠢ ᠬᠢᠨᠠᠯᠳᠠ ᠲᠠᠯᠪᠢᠬᠤ ᠵᠢᠴᠢ ᠨᠤᠳᠤᠭ ᠪᠡᠯᠴᠢᠬᠡᠷ ᠲᠤ ᠬᠦᠳᠡᠯᠤᠩᠬᠦᠢ ᠬᠢᠨᠡᠨ ᠬᠡᠮᠵᠢᠯᠳᠡ ᠬᠢᠬᠦ ᠠᠵᠢᠯ ᠢ ᠬᠠᠷᠢᠭᠤᠴᠠᠬᠤ ᠭᠡᠷᠡᠭᠳᠡᠢ︔ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠪᠡᠯᠡ ᠮᠦᠩᠬᠦ ᠶᠢ ᠬᠠᠮᠢᠶᠠᠷᠬᠤ ᠪᠡ ᠲᠠᠷᠬᠠᠭᠠᠬᠤ ᠠᠵᠢᠯ ᠢ ᠬᠠᠷᠢᠭᠤᠴᠠᠬᠤ ᠭᠡᠷᠡᠭᠳᠡᠢ︔ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠦᠴᠢᠷ ᠨᠢ ᠡᠪᠡᠰᠤ ᠪᠤᠷᠳᠤᠭ᠎ᠠ ᠨᠦᠬᠡᠴᠡᠯᠡᠬᠦ᠂ ᠠᠮᠢᠳᠠᠨ ᠤ ᠬᠢᠵᠢᠭ ᠢ ᠰᠡᠷᠭᠡᠶᠢᠯᠡᠨ ᠵᠠᠰᠠᠬᠤ ᠵᠢᠴᠢ ᠮᠡᠷᠭᠡᠵᠢᠯ ᠤᠨ ᠵᠢᠯᠤᠭᠤᠳᠤᠯᠭ᠎ᠠ ᠶᠢᠨ ᠠᠵᠢᠯ ᠢ ᠬᠠᠷᠢᠭᠤᠴᠠᠬᠤ ᠭᠡᠷᠡᠭᠳᠡᠢ︔ ᠤᠰᠤᠨ ᠠᠰᠢᠭᠯᠠᠯᠳᠠ ᠶᠢᠨ ᠰᠠᠯᠠᠭ᠎ᠠ ᠮᠦᠴᠢᠷ ᠨᠢ ᠮᠠᠯ ᠤᠨ ᠤᠤᠭᠤᠬᠤ ᠤᠰᠤᠨ ᠤ ᠪᠠᠳᠤᠯᠠᠭ᠎ᠠ ᠶᠢᠨ ᠠᠵᠢᠯ ᠢ ᠬᠠᠷᠢᠭᠤᠴᠠᠬᠤ ᠭᠡᠷᠡᠭᠳᠡᠢ︔ ᠤᠬᠠᠭᠤᠯᠬᠤ ᠰᠠᠯᠠᠭ᠎ᠠ ᠮᠦᠴᠢᠷ ᠨᠢ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠤᠬᠠᠭᠤᠯᠭ᠎ᠠ ᠶᠢᠨ ᠬᠦᠳᠤᠯᠤᠨ ᠵᠢᠯᠤᠭᠤᠳᠬᠤ ᠠᠵᠢᠯ ᠢ ᠬᠠᠷᠢᠭᠤᠴᠠᠬᠤ ᠭᠡᠷᠡᠭᠳᠡᠢ︔ ᠪᠠᠶᠢᠭᠠᠯᠢ ᠶᠢᠨ ᠡᠬᠢ ᠪᠠᠶᠠᠯᠢᠭ ᠎ ᠤᠨ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠶᠡᠭᠡ ᠠᠩᠬᠢ᠂ ᠦᠨᠳᠤᠰᠤᠨ ᠱᠠᠳᠤᠨ ᠤ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠲᠤᠪᠴᠢᠶ᠎ᠠ ᠨᠢ ᠬᠠᠤᠯᠢ ᠭᠡᠷᠡᠭᠵᠢᠬᠦᠯᠵᠦ ᠬᠢᠨᠡᠯᠳᠡ ᠲᠠᠯᠪᠢᠬᠤ ᠬᠦᠴᠦᠯᠠᠴᠠ ᠪᠠᠨ ᠴᠢᠩᠭᠠᠳᠬᠠᠵᠦ᠂ ᠮᠠᠯ ᠢᠶᠠᠨ ᠲᠠᠯᠳᠠᠭᠤᠷ ᠪᠡᠯᠴᠢᠭᠡᠷᠯᠡᠬᠦᠯᠦᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠲᠤᠭᠳᠠᠭᠠᠯ ᠢ ᠵᠦᠷᠢᠴᠠᠵᠦ ᠪᠡᠯᠴᠢᠭᠡᠷᠯᠡᠬᠦᠯᠦᠭᠰᠡᠨ ᠠᠵᠢᠯᠯᠠᠭ᠎ᠠ ᠳᠤ ᠬᠠᠮᠢᠶ᠎ᠠ ᠪᠦᠬᠦᠢ ᠬᠠᠤᠯᠢ ᠲᠤᠭᠳᠠᠭᠠᠯ ᠶᠤᠰᠤᠭᠠᠷ ᠪᠠᠶᠢᠴᠠᠭᠠᠨ ᠰᠢᠢᠳᠪᠤᠷᠢᠯᠡᠬᠦ ᠭᠡᠷᠡᠭᠳᠡᠢ᠃︵ᠭᠤᠷᠪᠡ︶ ᠪᠡᠯᠴᠢᠭᠡᠷᠯᠡᠬᠦᠯᠬᠦ ᠶᠢ ᠲᠦᠷ ᠵᠤᠭᠰᠤᠭᠠᠬᠤ ᠬᠤᠭᠤᠴᠠᠭᠠᠨ ᠳᠤ ᠢᠯᠡᠴᠢᠯᠠᠨ ᠮᠡᠳᠡᠬᠦᠯᠬᠦ ᠲᠦᠷᠢᠮ ᠢ ᠭᠡᠷᠡᠭᠵᠢᠬᠦᠯᠵᠦ᠂ ᠬᠠᠤᠯᠢ ᠭᠡᠷᠡᠭᠵᠢᠬᠦᠯᠵᠦ ᠬᠢᠨᠡᠯᠳᠡ ᠲᠠᠯᠪᠢᠬᠤ᠂ ᠨᠡᠶᠢᠬᠡᠮ ᠤᠨ ᠬᠢᠨᠠᠯᠳᠠ᠂ ᠤᠯᠠᠨ ᠲᠦᠮᠡᠨ ᠤ ᠬᠢᠨᠠᠯᠳᠠ ᠪᠡ ᠶᠡᠷᠢᠶ᠎ᠠ ᠭᠡᠯᠡᠯᠴᠡᠭᠡᠨ ᠤ ᠬᠢᠨᠠᠯᠳᠠ ᠵᠡᠷᠭᠡ ᠬᠢᠨᠠᠯᠳᠠ ᠲᠠᠯᠪᠢᠬᠤ ᠬᠠᠮᠳᠤᠷᠠᠯ ᠤᠨ ᠬᠦᠴᠦᠨ ᠢ ᠪᠦᠷᠢᠯᠳᠤᠬᠦᠯᠬᠦ ᠭᠡᠷᠡᠭᠳᠡᠢ᠃ ᠨᠡᠶᠢᠭᠡᠮ ᠤᠨ ᠡᠯ᠎ᠡ ᠡᠳᠡᠭᠡᠳ ᠤᠨ ᠬᠢᠨ ᠤ ᠬᠢᠨᠠᠯᠳᠠ ᠲᠠᠯᠪᠢᠵᠦ᠂ ᠲᠤᠭᠳᠠᠭᠠᠯ ᠢ ᠵᠦᠷᠢᠴᠡᠨ ᠪᠡᠯᠴᠢᠬᠡᠷᠯᠡᠬᠦᠯᠦᠭᠰᠡᠨ ᠠᠵᠢᠯᠯᠠᠭ᠎ᠠ ᠶᠢ ᠢᠳᠡᠪᠬᠢᠳᠡᠢ ᠪᠠᠷ ᠢᠯᠡᠴᠢᠯᠠᠨ ᠮᠡᠳᠡᠬᠦᠯᠬᠦ ᠶᠢ ᠬᠦᠰᠡᠵᠦ ᠪᠠᠶᠢᠨ᠎ᠡ᠃ ᠪᠡᠯᠴᠢᠭᠡᠷᠯᠡᠬᠦᠯᠬᠦ ᠶᠢ ᠲᠦᠷ ᠵᠤᠭᠰᠤᠭᠠᠬᠤ ᠬᠤᠭᠤᠴᠠᠭᠠᠨ ᠳᠤ᠂ ᠡᠯ᠎ᠡ ᠰᠤᠮᠤ ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠢᠯᠡᠴᠢᠯᠠᠨ ᠮᠡᠳᠡᠬᠦᠯᠬᠦ ᠤᠳᠠᠰᠤ ᠲᠤᠬᠢᠷᠠᠭᠤᠯᠪᠡ᠄ᠰᠠᠶᠢᠬᠠᠨᠳᠠᠯ᠎ᠠ ᠪᠠᠯᠭᠠᠰᠤᠨ ᠤ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠬᠦ ᠲᠤᠪᠴᠢᠶᠠᠨ ᠤ ᠲᠠᠷᠤᠭ᠎ᠠ᠄    ᠬᠠᠰᠮᠦ᠋ᠷᠡᠨ 15904798462ᠵᠢᠷᠦᠬᠡ ᠪᠠᠯᠭᠠᠰᠤᠨ ᠤ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠬᠦ ᠲᠤᠪᠴᠢᠶᠠᠨ ᠤ ᠲᠠᠷᠤᠭ᠎ᠠ᠄        ᠴᠧᠨ ᠰᠢ 13474790600ᠦᠷᠭᠡᠨᠳᠡᠯ᠎ᠡ ᠪᠠᠯᠭᠠᠰᠤᠨ ᠤ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠬᠦ ᠲᠤᠪᠴᠢᠶᠠᠨ ᠤ ᠲᠠᠷᠤᠭ᠎ᠠ᠄    ᠯᠢ ᠰᠢᠨ 13947961519ᠡᠷᠢᠶᠡᠨᠨᠠᠭᠤᠷ ᠰᠤᠮᠤᠨ ᠤ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠬᠦ ᠲᠤᠪᠴᠢᠶᠠᠨ ᠤ ᠲᠠᠷᠤᠭ᠎ᠠ᠄       ᠯᠢ ᠱᠦ ᠰᠧᠨ 15904795911ᠰᠠᠩᠪᠤᠯᠠᠭ ᠰᠤᠮᠤᠨ ᠤ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠬᠦ ᠲᠤᠪᠴᠢᠶᠠᠨ ᠤ ᠲᠠᠷᠤᠭ᠎ᠠ᠄        ᠬᠤᠤᠰᠪᠠᠶᠡᠷ 15847926622ᠰᠠᠶᠢᠬᠠᠠᠠᠦ᠋ᠯᠵᠡᠢ ᠰᠤᠮᠤᠨ ᠤ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠬᠦ ᠲᠤᠪᠴᠢᠶᠠᠨ ᠤ ᠲᠠᠷᠤᠭ᠎ᠠ᠄     ᠰᠠᠶᠢᠨᠬᠦᠦ 15247874647ᠠᠴᠢᠳᠤᠠᠠᠭᠤᠯᠠ ᠰᠤᠮᠤᠨ ᠤ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠬᠦ ᠲᠤᠪᠴᠢᠶᠠᠨ ᠤ ᠲᠠᠷᠤᠭ᠎ᠠ᠄    ᠎ ᠪᠠᠨ ᠵᠢᠶᠠᠨ ᠵᠢᠶᠦ᠋ᠨ 13947935336ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠶᠡᠭᠡ ᠠᠩᠬᠢ᠄ 7225039ᠤᠢ ᠰᠢᠭᠤᠢ ᠪᠡ ᠨᠤᠳᠤᠭ ᠪᠡᠯᠴᠢᠬᠡᠷ ᠤᠨ ᠲᠤᠪᠴᠢᠶ᠎ᠠ᠄ 7221661                                                                                                            ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠎ ᠤᠨ ᠤᠷᠳᠤᠨ                                                  2022 ᠤᠨ ᠤ 11 ᠰᠠᠷ᠎ᠠ ᠶᠢᠨ 14᠎ ᠤ ᠡᠳᠦᠷ
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号