ᠬᠤᠪᠢᠴᠠᠭᠠᠳᠤ ᠳᠦᠷᠢᠮ ᠤᠨ ᠠᠰᠢᠭ ᠬᠤᠪᠢᠶᠠᠷᠢᠯᠠᠯᠲᠠ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠳᠡᠯᠭᠡᠬᠦ ᠬᠦᠴᠦᠨ ᠢ ᠬᠥᠭᠵᠢᠭᠡᠵᠦ ᠪᠠᠶᠢᠨ᠎ᠠ
ᠨᠡᠶᠢᠲᠡᠯᠡᠭᠰᠡᠨ ᠴᠠᠭ᠄
2022/12/16
   ᠣᠶᠢᠷ᠎ᠠ ᠳᠤ᠂ ᠥᠷᠭᠡᠨᠲᠠᠯ᠎ᠠ ᠪᠠᠯᠭᠠᠰᠤᠨ ᠤ ᠪᠠᠶ᠋ᠬᠠᠤᠪᠤᠭ᠎ᠠ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠤᠪᠢᠴᠠᠭᠠᠲᠦ ᠬᠤᠷᠰᠢᠶᠠᠵᠢᠯ ᠠᠩᠬᠠᠳᠤᠭᠠᠷ ᠤᠳᠠᠭᠠᠨ ᠤ ᠬᠤᠪᠢᠴᠠᠭᠠᠳᠤ ᠳᠦᠷᠢᠮ ᠤᠨ ᠠᠰᠢᠭ ᠬᠤᠪᠢᠶᠠᠷᠢᠯᠠᠯᠲᠠ ᠶᠢ ᠪᠡᠶᠡᠯᠡᠭᠦᠯᠵᠦ᠂ ᠭᠠᠴᠠᠭᠠᠨ ᠤ ᠮᠠᠯᠵᠢᠬᠤ ᠡᠷᠦᠬᠡ ᠶᠢᠨ ᠡᠪᠦᠯᠵᠢᠬᠦ ᠡᠪᠡᠰᠦ ᠪᠤᠷᠳᠤᠭ᠎ᠠ ᠳᠤᠲᠠᠭᠳᠠᠵᠤ ᠪᠠᠶᠢᠬᠤ ᠪᠠᠶᠢᠳᠠᠯ ᠳᠤ ᠴᠢᠭᠯᠡᠭᠦᠯᠦᠨ ᠮᠠᠯᠴᠢᠳ ᠲᠤ 32 ᠲᠦᠮᠡᠨ ᠲᠥᠭᠦᠷᠢᠭ ᠤᠨ ᠡᠪᠡᠰᠦ ᠪᠤᠷᠳᠤᠭ᠎ᠠ ᠬᠤᠪᠢᠶᠠᠨ ᠥᠭᠴᠡᠢ᠃
   ᠡᠨᠡ ᠵᠢᠯ ᠪᠠᠶ᠋ᠬᠠᠤᠪᠤᠭ᠎ᠠ ᠭᠠᠴᠠᠭ᠎ᠠ ᠪᠠᠷ ᠪᠤᠷᠤᠭᠠᠨ ᠬᠤᠷ᠎ᠠ ᠠᠨᠠᠢ ᠤᠷᠤᠭᠰᠠᠨ ᠮᠥᠷᠲᠡᠭᠡᠨ ᠮᠠᠯ ᠤᠨ ᠦᠨ᠎ᠡ ᠪᠠᠭᠤᠷᠠᠵᠤ᠂ ᠡᠪᠡᠰᠦ ᠪᠤᠷᠳᠤᠭᠠᠨ ᠤ ᠦᠨ᠎ᠡ ᠥᠰᠴᠦ ᠮᠠᠯᠴᠢᠳ ᠤᠨ ᠦᠶᠯᠡᠳᠪᠦᠷᠢᠯᠡᠯ ᠠᠮᠢᠳᠤᠷᠠᠯ ᠳᠤ ᠮᠠᠰᠢ ᠶᠡᠭᠡ ᠨᠥᠯᠦᠭᠡ ᠪᠤᠯᠤᠭᠰᠠᠨ ᠪᠠᠶᠢᠨ᠎ᠠ᠃ ᠡᠨᠡ ᠪᠠᠶᠢᠳᠠᠯ ᠳᠤ᠂ ᠰᠥᠨᠢᠳ ᠪᠠᠷᠠᠭᠤᠨ ᠬᠤᠰᠢᠭᠤᠨ ᠤ ᠪᠦ᠋ᠦ ᠳ᠋ᠧ ᠯᠢ ᠠᠭᠤᠷᠬᠠᠢ ᠶᠢᠨ ᠦᠢᠯᠡᠰ ᠨᠢ ᠰᠥᠨᠢᠳ ᠪᠠᠷᠠᠭᠤᠨ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠢᠶᠠᠷ ᠳᠠᠮᠵᠢᠨ ᠪᠠᠶ᠋ᠬᠠᠤᠪᠤᠭ᠎ᠠ ᠭᠠᠴᠠᠭᠠᠨ ᠳᠤ 32 ᠲᠦᠮᠡᠨ ᠲᠥᠭᠦᠷᠢᠭ ᠤᠨ ᠭᠠᠩ ᠬᠠᠭᠰᠠᠷᠠᠭᠠᠨ ᠲᠠᠢ ᠲᠡᠮᠡᠴᠡᠬᠦ ᠪᠡᠯᠡ ᠮᠥᠩᠭᠦ ᠬᠠᠨᠳᠢᠪᠯᠠᠵᠠᠢ᠃ ᠭᠠᠴᠠᠭᠠᠨ ᠤ ︽ᠬᠤᠶᠠᠷ ᠵᠥᠪᠯᠡᠯ︾᠂ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠎ ᠬᠢᠨ ᠬᠤᠷᠠᠯ ᠬᠢᠵᠦ ᠰᠤᠳᠤᠯᠬᠤ ᠪᠠᠷ ᠳᠡᠮᠵᠢᠨ᠂ ᠬᠤᠪᠢᠶᠠᠷᠢᠯᠠᠬᠤ ᠲᠥᠰᠦᠯ ᠲᠣᠭᠲᠠᠭᠠᠵᠤ᠂ ᠡᠪᠡᠰᠦ ᠪᠣᠷᠳᠤᠭ᠎ᠠ ᠬᠤᠳᠠᠯᠳᠤᠨ ᠠᠪᠴᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ  ᠬᠤᠪᠢᠴᠠᠭᠠᠲᠦ ᠬᠤᠷᠰᠢᠶᠠᠵᠢᠯ ᠢᠶᠠᠷ ᠳᠡᠮᠵᠢᠨ ᠬᠤᠪᠢᠴᠠᠭᠠᠳᠤ ᠳᠦᠷᠢᠮ ᠤᠨ ᠠᠰᠢᠭ ᠬᠤᠪᠢᠶᠠᠷᠢᠯᠠᠯᠲᠠ ᠬᠢᠵᠦ᠂ ᠡᠪᠡᠰᠦ ᠪᠣᠷᠳᠤᠭ᠎ᠠ ᠶᠢ ᠮᠠᠯᠴᠢᠳ ᠲᠤ ᠬᠤᠪᠢᠶᠠᠨ ᠥᠭᠴᠡᠢ᠃
   ᠲᠣᠰ ᠤᠳᠠᠭᠠᠨ ᠤ ᠬᠤᠪᠢᠶᠠᠷᠢᠯᠠᠯᠲᠠ ᠨᠢ ᠪᠠᠶ᠋ᠬᠠᠤᠪᠤᠭ᠎ᠠ ᠭᠠᠴᠠᠭᠠᠨ ᠤ 128 ᠡᠷᠦᠬᠡ ᠶᠢᠨ 309 ᠬᠤᠪᠢ ᠣᠷᠣᠭᠤᠯᠤᠭᠴᠢ ᠲᠠᠢ  ᠬᠤᠯᠪᠤᠭᠳᠠᠵᠤ᠂ ᠬᠤᠷᠰᠢᠶᠠᠵᠢᠯ ᠪᠠᠶᠢᠭᠤᠯᠤᠭᠳᠠᠭᠰᠠᠨ ᠠᠴᠠ ᠨᠠᠰᠢᠬᠢ ᠠᠩᠬᠠᠳᠤᠭᠠᠷ ᠤᠳᠠᠭᠠᠨ ᠤ ᠬᠤᠪᠢ ᠣᠷᠣᠭᠤᠯᠤᠭᠴᠢ ᠶᠢᠨ ᠠᠰᠢᠭ ᠬᠤᠪᠢᠶᠠᠷᠢᠯᠠᠯᠲᠠ ᠪᠣᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号