ᠰᠠᠶᠢᠬᠠᠨᠲᠠᠯ᠎ᠠ ᠪᠠᠯᠭᠠᠰᠤᠨ ᠤ ᠪᠠᠷᠠᠭᠤᠨᠪᠤᠯᠠᠭ ᠭᠠᠴᠠᠭ᠎ᠠ ᠮᠠᠯᠴᠢᠳ ᠲᠤ ᠭᠠᠮᠰᠢᠭ ᠠᠴᠠ ᠠᠪᠤᠷᠠᠬᠤ ᠡᠪᠡᠰᠦ ᠪᠤᠷᠳᠤᠭ᠎ᠠ ᠬᠤᠪᠢᠶᠠᠭᠰᠠᠨ
ᠨᠡᠶᠢᠲᠡᠯᠡᠭᠰᠡᠨ ᠴᠠᠭ᠄
2022/12/16
   ᠣᠶᠢᠷ᠎ᠠ ᠳᠤ᠂ ᠰᠠᠶᠢᠬᠠᠨᠲᠠᠯ᠎ᠠ ᠪᠠᠯᠭᠠᠰᠤᠨ ᠤ ᠪᠠᠷᠠᠭᠤᠨᠪᠤᠯᠠᠭ ᠭᠠᠴᠠᠭ᠎ᠠ ᠭᠠᠮᠰᠢᠭ ᠠᠴᠠ ᠠᠪᠤᠷᠠᠬᠤ ᠡᠪᠡᠰᠦ ᠪᠤᠷᠳᠤᠭ᠎ᠠ ᠲᠠᠷᠬᠠᠭᠠᠬᠤ ᠶᠤᠰᠤᠯᠠᠯ ᠶᠠᠪᠤᠭᠳᠠᠭᠤᠯᠵᠤ᠂ 70 ᠲᠣᠨ ᠡᠪᠡᠰᠦ ᠪᠤᠷᠳᠤᠭ᠎ᠠ ᠶᠢ ᠭᠠᠴᠠᠭᠠᠨ ᠤ ᠮᠠᠯᠴᠢᠳ ᠲᠤ ᠪᠠᠨ ᠬᠤᠪᠢᠶᠠᠨ ᠥᠭᠴᠡᠢ᠃
    ᠤᠶᠢᠯᠠᠭᠠᠭᠰᠠᠨ ᠢᠶᠠᠷ᠂ ᠡᠨᠡ ᠵᠢᠯ ᠤᠨ ᠭᠠᠩ ᠬᠠᠭᠰᠠᠷᠠᠭᠠᠨ ᠨᠢ ᠮᠠᠯᠴᠢᠳ ᠤᠨ ᠦᠶᠯᠡᠳᠪᠦᠷᠢᠯᠡᠯ ᠠᠮᠢᠳᠤᠷᠠᠯ ᠳᠤ ᠮᠠᠰᠢ ᠶᠡᠭᠡ ᠨᠥᠯᠥᠭᠡ ᠦᠵᠡᠭᠦᠯᠵᠦ᠂ ᠡᠪᠡᠰᠦ ᠪᠣᠷᠳᠤᠭ᠎ᠠ ᠳᠤᠲᠠᠭᠳᠠᠬᠤ ᠨᠢ ᠮᠠᠯᠴᠢᠳ ᠲᠤ ᠨᠡᠶᠢᠳᠡᠮ ᠲᠤᠯᠭᠠᠷᠠᠵᠤ ᠪᠠᠶᠢᠭ᠎ᠠ ᠪᠣᠳᠠᠲᠠᠶ ᠬᠦᠴᠢᠷᠳᠡᠯ ᠪᠤᠯᠤᠭᠰᠠᠨ ᠪᠠᠶᠢᠳᠠᠯ ᠳᠤ ᠰᠠᠶᠢᠬᠠᠨᠲᠠᠯ᠎ᠠ ᠪᠠᠯᠭᠠᠰᠤᠨ ᠤ ᠪᠠᠷᠠᠭᠤᠨᠪᠤᠯᠠᠭ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠬᠠᠪᠰᠤᠷᠤᠨ ᠲᠡᠳᠬᠦᠬᠦ ᠨᠢᠭᠡᠴᠡ᠂ ᠬᠠᠮᠢᠶ᠎ᠠ ᠪᠥᠬᠦᠢ ᠠᠵᠤ ᠠᠬᠤᠶᠢᠯᠠᠯ ᠲᠠᠢ ᠢᠳᠡᠪᠬᠢᠲᠡᠶ ᠬᠠᠷᠢᠯᠴᠠᠵᠤ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ᠂ ᠰᠥᠨᠢᠳ ᠪᠠᠷᠠᠭᠤᠨ ᠬᠤᠰᠢᠭᠤᠨ ᠤ ᠲᠢᠶᠠᠨ ᠷᠦᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠵᠢᠩ ᠨᠧᠩ ᠰᠢᠨ᠎ᠡ ᠡᠨᠧᠷᠭᠢ ︵ᠰᠥᠨᠢᠳ ᠪᠠᠷᠠᠭᠤᠨ ᠬᠤᠰᠢᠭᠤ︶᠎ ᠶᠢᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ᠂ ᠰᠥᠨᠢᠳ ᠪᠠᠷᠠᠭᠤᠨ ᠬᠤᠰᠢᠭᠤᠨ ᠤ ᠪᠠᠷᠠᠭᠤᠨᠪᠤᠯᠠᠭ ᠡᠯᠡᠰᠦ ᠮᠠᠯᠲᠠᠬᠤ ᠲᠠᠯᠠᠪᠠᠶ ᠵᠡᠷᠭᠡ ᠪᠠᠶᠢᠭᠤᠯᠭ᠎ᠠ ᠨᠢᠭᠡᠴᠡ ᠵᠢᠴᠢ ᠠᠵᠤ ᠠᠬᠤᠶᠢᠯᠠᠯ ᠨᠢ ᠬᠤᠶᠢᠨ᠎ᠠ ᠬᠤᠶᠢᠨ᠎ᠠ ᠠᠴᠠ ᠪᠠᠨ ᠲᠤᠰᠠᠯᠠᠮᠵᠢ ᠬᠦᠷᠭᠡᠨ᠂ ᠨᠡᠶᠢᠲᠡ 11.2 ᠲᠦᠮᠡᠨ ᠲᠥᠭᠦᠷᠢᠭ ᠤᠨ ᠪᠠᠯᠠ ᠮᠥᠩᠭᠦ ᠬᠠᠨᠳᠢᠪᠯᠠᠵᠤ᠂ ᠮᠠᠯᠴᠢᠨ ᠲᠦᠮᠡᠨ ᠤ ᠡᠪᠡᠰᠦ ᠪᠤᠷᠳᠤᠭ᠎ᠠ ᠳᠤᠲᠠᠭᠳᠠᠬᠤ ᠪᠠᠴᠢᠮ ᠬᠦᠴᠢᠷᠳᠡᠯ ᠢ ᠰᠢᠢᠳᠪᠦᠷᠢᠯᠡᠭᠰᠡᠨ ᠪᠠᠶᠢᠨ᠎ᠠ᠃
   ᠡᠪᠡᠰᠦ ᠪᠣᠷᠳᠤᠭ᠎ᠠ ᠠᠪᠬᠤ ᠪᠠᠷ ᠢᠷᠡᠭᠰᠡᠨ ᠮᠠᠯᠴᠢᠨ ᠰᠣᠶᠣᠯᠲᠤ᠄ ︽ᠬᠠᠪᠰᠤᠷᠤᠨ ᠲᠡᠳᠬᠦᠬᠦ ᠨᠢᠭᠡᠴᠡ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠪᠣᠯᠤᠨ ᠠᠵᠤ ᠠᠬᠤᠶᠢᠯᠠᠯ ᠤᠨ ᠬᠢᠨ ᠪᠢᠳᠡᠨ ᠤ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ ᠰᠢᠶᠳᠪᠦᠷᠢᠯᠡᠵᠦ᠂ ᠠᠵᠤ ᠠᠬᠤᠶ ᠶᠢᠨ ᠳᠠᠷᠤᠭᠠᠰᠤ ᠬᠥᠩᠭᠡᠷᠡᠭᠦᠯᠦᠭᠰᠡᠨ ᠳᠤ ᠮᠠᠰᠢ ᠲᠠᠯᠠᠷᠬᠠᠵᠤ ᠪᠠᠶᠢᠨ᠎ᠠ᠃ ᠬᠤᠶᠢᠰᠢᠳᠠ ᠪᠢ ᠦᠷᠭᠦᠯᠵᠢᠯᠡᠨ ᠨᠠᠮ ᠪᠠ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢ ᠨᠡᠩ ᠢᠳᠡᠪᠬᠢᠲᠡᠢ ᠴᠤᠤᠷᠢᠶᠠᠲᠤᠨ ᠲᠠᠭᠠᠵᠤ᠂ ᠯᠠᠪᠳᠠᠭᠤᠨ ᠪᠠᠲᠤᠲᠠᠢ ᠰᠢᠷᠭᠠᠭᠤ ᠬᠠᠲᠠᠭᠤᠵᠢᠯᠲᠠᠢ ᠠᠵᠢᠯᠯᠠᠨ᠂ ᠠᠮᠢᠳᠤᠷᠠᠯ ᠢᠶᠠᠨ ᠶᠠᠪᠤᠬᠤ ᠲᠤᠳᠤᠮ ᠰᠠᠶᠢᠵᠢᠷᠠᠭᠤᠯᠤᠨ᠎ᠠ︾ ᠭᠡᠵᠦ ᠶᠠᠷᠢᠯ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号